ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠨ᠎ᠠ
2025-01-10

   ᠳᠤᠮᠳᠠᠳᠤ ᠵᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ ᠲᠡᠦᠬᠡ᠎ᠲᠠᠢ ᠠᠭᠤᠤ ᠶᠡᠬᠡ ᠦᠨᠳᠦᠰᠦᠲᠡᠨ ᠮᠥᠨ᠃ ᠮᠠᠨ᠎ᠤ ᠤᠯᠤᠰ᠎ᠤᠨ ᠦᠨᠳᠦᠰᠦᠲᠡᠨ᠎ᠨᠦᠭᠦᠳ ᠡᠬᠡ ᠤᠯᠤᠰ᠎ᠤᠨ ᠵᠶ᠋ᠠᠨ ᠥᠷᠭᠡᠨ ᠠᠭᠤᠳᠠᠮ ᠬᠢᠯᠢ ᠬᠢᠵᠠᠭ᠋ᠠᠷ᠎ᠢ ᠬᠠᠮᠲᠤ᠎ᠪᠠᠷ ᠨᠡᠭᠡᠭᠡᠵᠦ᠂ ᠤᠯᠠᠨ ᠦᠨᠳᠦᠰᠦᠲᠡᠨ᠎ᠲᠠᠢ ᠨᠢᠭᠡᠳᠦᠭᠰᠡᠨ ᠤᠯᠤᠰ᠎ᠢ ᠬᠠᠮᠲᠤ᠎ᠪᠠᠷ ᠴᠣᠭᠴᠠᠯᠠᠨ ᠪᠠᠶ᠋ᠢᠭᠤᠯᠵᠤ᠂ ᠭᠡᠷᠡᠯ ᠰᠠᠴᠤᠷᠠᠩᠭᠤᠢ ᠳᠤᠮᠳᠠᠳᠤ ᠤᠯᠤᠰ᠎ᠤᠨ ᠲᠡᠦᠬᠡ ᠵᠢ ᠬᠠᠮᠲᠤ᠎ᠪᠠᠷ ᠪᠢᠴᠢᠭᠯᠡᠵᠦ᠂ ᠭᠡᠷᠡᠯ ᠰᠠᠴᠤᠷᠠᠩᠭᠤᠢ ᠳᠤᠮᠳᠠᠳᠤ ᠵᠢᠨ ᠰᠣᠶᠣᠯ᠎ᠢ ᠬᠠᠮᠲᠤ᠎ᠪᠠᠷ ᠡᠭᠦᠳᠴᠦ᠂ ᠠᠭᠤᠤ ᠶᠡᠭᠡ ᠦᠨᠳᠦᠰᠦᠲᠡᠨ᠎ᠤ ᠵᠣᠷᠢᠭ ᠰᠠᠨᠠᠭ᠎ᠠ ᠵᠢ ᠬᠠᠮᠲᠤ᠎ᠪᠠᠷ ᠪᠤᠶ᠋ᠢᠵᠢᠭᠤᠯᠵᠠᠢ᠃  ᠶᠡᠷᠦᠩᠬᠡᠶ ᠱᠦᠵᠢ ᠰᠢ ᠵᠢᠨ ᠫᠢᠩ ᠪᠥᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷ᠎ᠡ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ᠎ᠪᠠᠷ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠲᠠᠰᠤᠷᠠᠯᠲᠠ ᠥᠬᠡᠶ ᠠᠬᠢᠭᠤᠯᠵᠤ᠂ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ》 ᠵᠢᠨ ᠬᠠᠮᠲᠤ ᠢᠮᠠᠭᠲᠠ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠬᠦᠴᠦᠯᠡᠨ ᠪᠠᠶ᠋ᠢᠭᠤᠯᠬᠤ᠂ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠬᠦ᠂ ᠦᠨᠳᠦᠰᠦᠲᠡᠨ᠎ᠨᠦᠭᠦᠳ᠎ᠤᠨ ᠪᠥᠬᠦ ᠲᠠᠯ᠎ᠠ᠎ᠪᠠᠷ ᠰᠢᠭᠢᠳᠬᠡᠬᠦ ᠵᠢ ᠠᠬᠢᠭᠤᠯᠬᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠬᠤ ᠵᠡᠷᠭᠡ ᠲᠠᠪᠤᠨ ᠲᠠᠯ᠎ᠠ᠎ᠠᠴᠠ ᠲᠣᠳᠣᠷᠬᠠᠶ᠋ᠢᠯᠠᠨ ᠥᠭᠦᠯᠡᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠳᠤ ᠤᠯᠤᠰ ᠲᠦᠷᠦ ᠵᠢᠨ ᠰᠠᠭᠤᠷᠢ᠂ ᠰᠣᠶᠣᠯ᠎ᠤᠨ  ᠰᠠᠭᠤᠷᠢ᠂ ᠠᠵᠤ ᠠᠬᠤᠢ ᠵᠢᠨ ᠰᠠᠭᠤᠷᠢ᠂ ᠨᠡᠶ᠋ᠢᠭᠡᠮ᠎ᠤᠨ ᠰᠠᠭᠤᠷᠢ᠂ ᠬᠠᠥᠯᠢ᠎ᠪᠠᠷ ᠵᠠᠰᠠᠬᠤ ᠰᠠᠭᠤᠷᠢ ᠵᠢ ᠪᠠᠬᠢᠵᠢᠭᠦᠯᠬᠦ ᠵᠡᠷᠭᠡ ᠲᠠᠯ᠎ᠠ᠎ᠪᠠᠷ ᠬᠦᠴᠦ ᠲᠠᠯᠪᠢᠬᠤ ᠬᠡᠷᠡᠭᠲᠡᠢ᠃

   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠨᠠᠮ ᠪᠠ ᠲᠦᠷᠦ ᠵᠢᠨ ᠦᠨᠳᠦᠰᠦ ᠪᠠ ᠠᠮᠢᠨ ᠰᠤᠳᠠᠰᠤ ᠮᠥᠨ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠰᠢᠭ ᠲᠤᠰᠠ᠂ ᠬᠤᠪᠢ ᠵᠠᠶᠠᠭ᠎ᠠ᠎ᠲᠠᠢ ᠬᠣᠯᠪᠣᠭᠳᠠᠵᠤ ᠪᠠᠢ᠌ᠳᠠᠭ᠃ ᠶᠡᠷᠦᠩᠬᠡᠢ ᠱᠦᠵᠢ ᠰᠢ ᠵᠢᠨ ᠫᠢᠩ᠂ 《ᠨᠠᠮ᠎ᠤᠨ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠪᠦᠯᠬᠦᠮᠳᠡᠨ ᠲᠡᠮᠡᠴᠡᠬᠦ ᠬᠠᠮᠲᠤ ᠵᠢᠨ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ ᠵᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠤᠳᠤᠷᠢᠳᠬᠤ ᠭᠤᠣᠯᠯᠠᠭᠴᠢ ᠬᠦᠴᠦᠨ ᠮᠥᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠤᠭ᠎ᠤᠨ ᠨᠠᠶ᠋ᠢᠳᠠᠪᠤᠷᠢᠲᠠᠢ ᠲᠦᠰᠢᠭ ᠲᠤᠯᠭ᠋ᠠᠭᠤᠷᠢ ᠮᠥᠨ》 ᠭᠡᠵᠦ ᠵᠢᠭ᠋ᠠᠵᠦ ᠭᠠᠷᠭ᠋ᠠᠪᠠ᠃  ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠯᠤᠰ ᠲᠦᠷᠦ ᠵᠢᠨ ᠴᠢᠳᠠᠮᠵᠢ ᠪᠣᠯᠤᠨ ᠵᠣᠬᠢᠶᠠᠨ ᠪᠠᠶ᠋ᠢᠭᠤᠯᠤᠯᠲᠠ ᠵᠢᠨ ᠴᠢᠳᠠᠮᠵᠢ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠡᠪᠳᠡᠷᠡᠰᠢ ᠦᠭᠡᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠬᠦᠴᠦᠷᠬᠡᠭ ᠶᠡᠭᠡ ᠤᠳᠤᠷᠢᠳᠬᠤ ᠬᠦᠴᠦᠨ᠂ ᠬᠦᠳᠦᠯᠦᠨ ᠳᠠᠭ᠋ᠠᠭᠤᠯᠬᠤ ᠬᠦᠴᠦᠨ᠂ ᠵᠣᠬᠢᠶᠠᠨ ᠪᠠᠶ᠋ᠢᠭᠤᠯᠬᠤ ᠬᠦᠴᠦᠨ ᠪᠣᠯᠤᠨ ᠤᠷᠢᠶᠠᠯᠠᠬᠤ ᠬᠦᠴᠦᠨ ᠬᠠᠩᠭ᠋ᠠᠵᠤ᠂ ᠪᠦᠯᠬᠦᠮᠳᠡᠯ ᠨᠢᠭᠡᠳᠦᠭᠰᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠪᠠᠲᠤ ᠴᠢᠩᠭ᠎ᠠ ᠤᠯᠤᠰ ᠲᠦᠷᠦ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ᠃  ᠪᠠᠰᠠ ᠵᠥᠪᠬᠡᠨ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠤᠣᠯ ᠰᠢᠵᠢᠮ᠎ᠢ ᠪᠠᠲᠤ ᠡᠵᠡᠮᠳᠡᠪᠡᠯ ᠰᠠᠶᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠭᠤᠤ ᠶᠡᠭᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠢ ᠬᠠᠮᠲᠤ ᠵᠢᠨ ᠲᠠᠨᠢᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠪᠦᠯᠬᠦᠮᠳᠡᠨ ᠲᠡᠮᠡᠴᠡᠬᠦ ᠬᠠᠮᠲᠤ ᠵᠢᠨ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ ᠵᠢ ᠲᠠᠰᠤᠷᠠᠯᠳᠠ ᠦᠭᠡᠢ ᠪᠠᠬᠢᠵᠢᠭᠦᠯᠵᠦ ᠴᠢᠳᠠᠨ᠎ᠠ᠃

   ᠰᠣᠶᠣᠯ ᠪᠣᠯ ᠨᠢᠭᠡ ᠤᠯᠤᠰ᠂ ᠨᠢᠭᠡ ᠦᠨᠳᠦᠰᠦᠲᠡᠨ᠎ᠤ ᠰᠦᠭ ᠰᠦᠨᠡᠰᠦ ᠮᠥᠨ᠂ ᠶᠡᠷᠦ᠎ᠨᠢ ᠦᠯᠦ ᠮᠡᠳᠡᠭᠳᠡᠮ᠎ᠡ᠎ᠪᠠᠷ ᠢᠯᠡ ᠪᠤᠰᠤ ᠤᠬᠠᠮᠰᠠᠷ᠂ ᠬᠡᠯᠪᠡᠷᠢ ᠦᠭᠡᠢ ᠣᠶ᠋ᠢᠯᠠᠭ᠋ᠠᠭᠳᠠᠬᠤᠨ ᠵᠶ᠋ᠠᠷ ᠨᠢᠭᠡ ᠦᠨᠳᠦᠰᠦᠲᠡᠨ᠎ᠤ ᠥᠷᠲᠡᠭ᠎ᠤᠨ ᠬᠠᠨᠳᠤᠰᠢ ᠪᠠ ᠰᠣᠶᠣᠯ᠎ᠤᠨ ᠰᠡᠳᠬᠢᠴᠡ᠎ᠳᠤ ᠦᠢ᠍ᠯᠡᠳᠦᠯ ᠦᠵᠡᠭᠦᠯᠳᠡᠭ᠂ ᠦᠨᠳᠦᠰᠦᠲᠡᠨ᠎ᠤ ᠨᠢᠭᠲᠠᠷᠠᠯ᠎ᠤᠨ ᠬᠦᠴᠦᠨ ᠪᠠ ᠪᠦᠲᠦᠭᠡᠯᠴᠢ ᠬᠦᠴᠦᠨ᠎ᠤ ᠴᠢᠬᠤᠯᠠ ᠡᠬᠢ ᠪᠤᠯᠠᠭ ᠮᠥᠨ᠃ ᠰᠣᠶᠣᠯ᠎ᠢ ᠮᠡᠳᠡᠷᠡᠬᠦ ᠪᠣᠯ ᠬᠥᠮᠦᠰ᠎ᠤᠨ ᠨᠢᠭᠡ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠳᠤᠮᠳᠠ ᠣᠷᠳᠣ ᠬᠤᠭᠤᠴᠠᠭ᠋ᠠᠨ᠎ᠤ ᠬᠠᠮᠲᠤ ᠵᠢᠨ ᠠᠮᠢᠳᠤᠷᠠᠯ᠎ᠠᠴᠠ ᠪᠣᠶ ᠪᠣᠯᠤᠭᠰᠠᠨ ᠲᠣᠰ ᠦᠨᠳᠦᠰᠦᠲᠡᠨ᠎ᠤ ᠬᠠᠮᠤᠭ᠎ᠤᠨ ᠤᠳᠬ᠎ᠠ ᠠᠭᠤᠯᠭ᠎ᠠ᠎ᠲᠠᠢ ᠬᠡᠷᠡᠭ ᠪᠣᠳᠠᠰ᠎ᠤᠨ ᠴᠢᠨᠠᠷ᠎ᠢ ᠲᠣᠭᠲᠠᠭ᠋ᠠᠬᠤ ᠴᠣᠭᠴᠠ ᠪᠣᠯᠤᠨ᠎ᠠ᠂ ᠡᠭᠦᠨ᠎ᠤ ᠭᠤᠣᠯᠳᠠᠯᠭ᠎ᠠ᠎ᠨᠢ ᠨᠢᠭᠡ ᠦᠨᠳᠦᠰᠦᠲᠡᠨ᠎ᠤ ᠦᠨᠳᠦᠰᠦᠨ ᠥᠷᠲᠡᠭ᠎ᠤᠨ ᠲᠤᠬᠠᠶ ᠲᠠᠨᠢᠯᠲᠠ ᠪᠣᠯᠤᠨ᠎ᠠ᠃  ᠶᠡᠷᠦᠩᠬᠡᠢ ᠱᠦᠵᠢ ᠰᠢ ᠵᠢᠨ ᠫᠢᠩ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠬᠦᠴᠦᠯᠡᠨ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠬᠦᠴᠦᠷᠬᠡᠭ ᠶᠡᠭᠡ ᠤᠶᠤᠨ ᠰᠠᠨᠠᠭ᠋ᠠᠨ᠎ᠤ ᠰᠣᠶᠣᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ》 ᠭᠡᠵᠦ ᠴᠢᠬᠤᠯᠠᠴᠢᠯᠠᠪᠠ᠃ ᠳᠤᠮᠳᠠᠳᠤ ᠵᠢᠨ ᠰᠣᠶᠣᠯ᠎ᠤᠨ ᠰᠤᠳᠠᠰᠤ ᠵᠢ ᠬᠦᠴᠦᠯᠡᠨ ᠦᠷᠭᠦᠯᠵᠢᠯᠡᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠬᠤ ᠪᠠ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠰᠣᠶᠣᠯ᠎ᠤᠨ ᠭᠤᠣᠯ ᠴᠣᠭᠴᠠᠲᠤ ᠴᠢᠨᠠᠷ᠎ᠢ ᠲᠠᠰᠤᠷᠠᠯᠳᠠ ᠦᠭᠡᠢ ᠪᠠᠬᠢᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ᠎ᠳᠤ ᠭᠦᠨ ᠵᠤᠵᠠᠭ᠋ᠠᠨ ᠰᠣᠶᠣᠯ᠎ᠤᠨ ᠰᠠᠭᠤᠷᠢ ᠵᠢ ᠲᠠᠯᠪᠢᠨ᠎ᠠ; ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ᠎ᠪᠠᠷ ᠵᠢᠯᠤᠭᠤᠳᠤᠯᠭ᠎ᠠ ᠪᠣᠯᠭ᠋ᠠᠵᠤ᠂ ᠤᠯᠤᠰ ᠵᠶ᠋ᠠᠨ ᠬᠠᠶ᠋ᠢᠷᠠᠯᠠᠬᠤ ᠦᠵᠡᠯ᠂ ᠨᠡᠶ᠋ᠢᠲᠡᠴᠢ ᠦᠵᠡᠯ᠂ ᠨᠡᠶ᠋ᠢᠭᠡᠮ ᠵᠢᠷᠤᠮ᠎ᠤᠨ ᠬᠥᠮᠦᠵᠢᠯ᠎ᠢ ᠭᠦᠨᠵᠡᠭᠡᠶ᠋ᠢᠷᠡᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠵᠥᠪ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠠᠲᠤ ᠪᠤᠢ ᠪᠣᠯᠭ᠋ᠠᠬᠤ ᠬᠡᠷᠡᠭᠲᠡᠢ᠃

   ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠵᠤ᠂ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠭᠠᠵᠠᠷ ᠵᠦᠢ ᠵᠢᠨ ᠣᠷᠴᠢᠨ ᠲᠣᠭᠣᠷᠢᠨ ᠪᠣᠯᠤᠨ ᠪᠠᠶ᠋ᠢᠭ᠋ᠠᠯᠢ ᠵᠢᠨ ᠨᠥᠬᠥᠴᠡᠯ᠎ᠤᠨ ᠬᠢᠵᠠᠭ᠋ᠠᠷᠯᠠᠯ᠎ᠠᠴᠠ ᠪᠣᠯᠵᠤ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠶᠡᠬᠡᠩᠬᠢ᠎ᠨᠢ ᠬᠠᠷᠢᠴᠠᠩᠭᠤᠢ᠎ᠪᠠᠷ ᠬᠣᠴᠣᠷᠴᠤ᠂ ᠦᠢ᠍ᠯᠡᠳᠪᠦᠷᠢᠯᠡᠯ᠎ᠤᠨ ᠬᠦᠴᠦᠨ᠎ᠤ ᠬᠢᠷᠢ ᠬᠡᠮᠵᠢᠶ᠎ᠡ ᠨᠡᠶ᠋ᠢᠳᠡᠮ᠎ᠳᠡᠭᠡᠨ ᠥᠨᠳᠥᠷ ᠪᠢᠰᠢ᠂ ᠭᠠᠵᠠᠷ ᠣᠷᠣᠨ᠎ᠤ ᠬᠣᠭᠣᠷᠣᠨᠳᠣ ᠪᠠ ᠭᠠᠵᠠᠷ ᠣᠷᠣᠨ᠎ᠤ ᠳᠣᠲᠣᠭ᠋ᠠᠳᠤ ᠵᠢᠴᠢ ᠠᠵᠤ ᠦᠢ᠍ᠯᠡᠰ᠎ᠤᠨ ᠬᠣᠭᠣᠷᠣᠨᠳᠣ᠎ᠪᠠᠨ ᠦᠢ᠍ᠯᠡᠳᠪᠦᠷᠢᠯᠡᠯ᠎ᠤᠨ ᠬᠦᠴᠦᠨ᠎ᠤ ᠲᠡᠩᠴᠡᠭᠦᠷᠢ ᠦᠭᠡᠢ᠂ ᠠᠵᠤ ᠦᠢ᠍ᠯᠡᠰ᠎ᠤᠨ ᠪᠦᠲᠦᠴᠡ ᠵᠦᠢ ᠵᠣᠬᠢᠰ ᠦᠭᠡᠢ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃  ᠪᠦᠬᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠮᠥᠨ ᠴᠢᠨᠠᠷ᠎ᠤᠨ ᠣᠨᠴᠠᠯᠢᠭ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ ᠥᠷᠥᠨᠡᠳᠠᠬᠢᠨ᠎ᠤ ᠣᠳᠣᠬᠢᠴᠢᠯᠠᠯᠲᠠ᠎ᠠᠴᠠ ᠢᠯᠭ᠋ᠠᠭᠳᠠᠬᠤ ᠢᠯᠡᠷᠬᠡᠢ ᠪᠡᠯᠭᠡ ᠲᠡᠮᠳᠡᠭ ᠮᠥᠨ᠂ ᠪᠠᠰᠠ ᠴᠤ᠌ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠮ ᠵᠶ᠋ᠠᠷ ᠵᠠᠮᠨᠠᠵᠤ ᠳᠡᠶ᠋ᠢᠯᠬᠦ᠂ ᠯᠠᠪᠳᠠᠭᠤᠨ ᠵᠶ᠋ᠠᠷ ᠤᠷᠤᠭᠰᠢᠯᠠᠬᠤ ᠵᠢᠨ ᠵᠠᠩᠭᠢᠯᠠᠭ᠎ᠠ ᠮᠥᠨ᠃  ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠲᠦᠷᠭᠡᠳᠬᠡᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠪᠠᠲᠤᠲᠠᠢ ᠠᠬᠢᠭᠤᠯᠬᠤ᠎ᠳᠤ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠦᠨᠳᠦᠰᠦᠲᠡᠨ᠎ᠤ ᠭᠠᠵᠠᠷ ᠣᠷᠣᠨ᠎ᠤ ᠰᠠᠭᠤᠷᠢ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠬᠦᠴᠦᠯᠡᠨ ᠴᠢᠩᠭ᠋ᠠᠳᠬᠠᠵᠤ᠂ ᠬᠠᠷᠢᠴᠠᠭᠤᠯᠤᠭᠰᠠᠨ ᠳᠠᠪᠠᠭᠤᠯᠢᠭ ᠠᠵᠤ ᠦᠢ᠍ᠯᠡᠰ᠎ᠢ ᠶᠡᠭᠡ᠎ᠪᠠᠷ ᠪᠤᠶ᠋ᠢᠵᠢᠭᠤᠯᠤᠨ ᠬᠥᠭᠵᠢᠭᠦᠯᠵᠦ᠂ ᠦᠨᠳᠦᠰᠦᠲᠡᠨ᠎ᠤ ᠭᠠᠵᠠᠷ ᠣᠷᠣᠨ᠎ᠤ ᠣᠨᠴᠠᠯᠢᠭ᠎ᠲᠠᠢ ᠳᠠᠪᠠᠭᠤᠯᠢᠭ ᠡᠬᠢ ᠪᠠᠶᠠᠯᠢᠭ᠎ᠢ ᠡᠮᠬᠢ ᠵᠢᠷᠤᠮ᠎ᠲᠠᠢ ᠨᠡᠭᠡᠭᠡᠨ ᠬᠥᠭᠵᠢᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠦᠨᠳᠦᠰᠦᠲᠡᠨ᠎ᠤ ᠭᠠᠵᠠᠷ ᠣᠷᠣᠨ᠎ᠤ ᠠᠵᠤ ᠦᠢ᠍ᠯᠡᠰ᠎ᠤᠨ ᠪᠦᠲᠦᠴᠡ ᠵᠢ ᠲᠤᠬᠢᠷᠠᠭᠤᠯᠤᠨ ᠲᠡᠰ ᠳᠡᠪᠰᠢᠭᠦᠯᠬᠦ ᠵᠢ ᠦᠨᠡᠨ ᠬᠦ᠌ ᠠᠬᠢᠭᠤᠯᠵᠤ᠂ ᠬᠥᠭᠵᠢᠯᠲᠡ ᠵᠢᠨ ᠲᠡᠩᠴᠡᠭᠦᠷᠢ ᠦᠭᠡᠢ ᠭᠦᠢ᠍ᠴᠡᠳ ᠦᠭᠡᠢ ᠲᠤᠪᠤᠶ᠋ᠢᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠦᠨᠳᠦᠰᠦᠲᠡᠨ᠎ᠤ ᠭᠠᠵᠠᠷ ᠣᠷᠣᠨ᠎ᠤ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠪᠣᠯᠤᠨ ᠦᠷᠭᠦᠯᠵᠢᠯᠡᠬᠦ ᠬᠥᠭᠵᠢᠯᠲᠡ ᠵᠢᠨ ᠴᠢᠳᠠᠪᠤᠷᠢ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠪᠠᠲᠤ ᠪᠠᠬᠢ ᠠᠵᠤ ᠠᠬᠤᠢ ᠵᠢᠨ ᠰᠠᠭᠤᠷᠢ ᠵᠢ ᠲᠠᠯᠪᠢᠬᠤ ᠬᠡᠷᠡᠭᠲᠡᠢ᠃

   ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠴᠢᠬᠤᠯᠠ ᠠᠷᠭ᠎ᠠ ᠵᠠᠮ ᠮᠥᠨ᠃ ᠶᠡᠷᠦᠩᠬᠡᠶ ᠱᠦᠵᠢ ᠰᠢ ᠵᠢᠨ ᠫᠢᠩ᠄ 《ᠳᠤᠮᠳᠠᠳᠤ ᠵᠢᠨ ᠦᠨᠳᠦᠰᠦᠲᠡᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ ᠴᠣᠭᠴᠠᠯᠠᠨ᠎ᠠ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠴᠤ᠌ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠳᠤᠮᠳᠠ ᠪᠡᠶᠡᠯᠡᠭᠳᠡᠬᠦ᠎ᠨᠢ ᠯᠠᠪᠲᠠᠶ ᠶᠤᠮ》 ᠭᠡᠵᠦ ᠵᠢᠭ᠋ᠠᠵᠤ ᠭᠠᠷᠭ᠋ᠠᠪᠠ᠃  ᠳᠤᠮᠳᠠᠳᠤ ᠵᠢᠨ ᠦᠨᠳᠦᠰᠦᠲᠡᠨ᠎ᠤ ᠶᠡᠭᠡ ᠪᠦᠯᠬᠦᠮᠳᠡᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠵᠢᠨ ᠤᠷᠢᠲᠠᠯ ᠪᠠ ᠰᠠᠭᠤᠷᠢ ᠮᠥᠨ᠂ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠬᠢᠴᠠ ᠪᠣᠯ ᠵᠠᠶ᠋ᠢᠯᠠᠰᠢ ᠦᠭᠡᠢ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠶᠠᠪᠤᠴᠠ ᠮᠥᠨ᠂ ᠵᠠᠶ᠋ᠢᠯᠠᠰᠢ ᠦᠭᠡᠢ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠶᠠᠪᠤᠴᠠ ᠮᠥᠨ᠃  ᠰᠢᠨ᠎ᠡ ᠠᠶᠠᠨ ᠵᠠᠮ ᠳᠡᠭᠡᠷ᠎ᠡ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠢᠳᠡᠪᠬᠢᠲᠡᠢ ᠠᠬᠢᠭᠤᠯᠵᠤ᠂ ᠬᠠᠷᠢᠯᠴᠠᠨ ᠭᠤᠣᠯ ᠪᠣᠯᠭ᠋ᠠᠭᠰᠠᠨ ᠨᠡᠶ᠋ᠢᠭᠡᠮ᠎ᠤᠨ ᠪᠦᠲᠦᠴᠡ ᠪᠣᠯᠤᠨ ᠨᠡᠶ᠋ᠢᠭᠡᠮ ᠲᠣᠭᠤᠷᠢᠭ᠎ᠤᠨ ᠣᠷᠴᠢᠨ ᠲᠣᠭᠤᠷᠢᠨ᠎ᠢ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠪᠦᠬᠦ ᠲᠠᠯ᠎ᠠ᠎ᠪᠠᠷ ᠰᠢᠭᠢᠳᠬᠡᠭᠰᠡᠨ ᠦᠢ᠍ᠯᠡᠳᠦᠯᠭᠡ ᠵᠢᠨ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠵᠦ᠂ ᠦᠨᠳᠦᠰᠦᠲᠡᠨ᠎ᠨᠦᠭᠦᠳ᠎ᠤᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠵᠤ᠂ ᠡᠶ᠎ᠡ ᠵᠣᠬᠢᠴᠠᠩᠭᠤᠢ ᠬᠦᠴᠦᠨ ᠵᠦᠢ᠍ᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠨᠡᠮᠡᠭᠳᠡᠭᠦᠯᠵᠦ᠂ ᠨᠡᠶ᠋ᠢᠭᠡᠮ᠎ᠤᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠳᠬᠠᠨ᠎ᠠ; ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠬᠠᠮᠠᠭ᠋ᠠᠯᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠬᠤ ᠪᠠ ᠰᠢᠨ᠎ᠡ ᠵᠢ ᠡᠭᠦᠳᠴᠦ᠂ ᠬᠥᠮᠦᠨ ᠪᠦᠬᠦᠨ ᠬᠠᠷᠢᠭᠤᠴᠠᠯᠭ᠎ᠠ᠎ᠲᠠᠢ᠂ ᠬᠥᠮᠦᠨ ᠪᠦᠬᠦᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠬᠥᠮᠦᠨ ᠪᠦᠬᠦᠨ ᠡᠳ᠋ᠯᠡᠬᠦ ᠨᠡᠶ᠋ᠢᠭᠡᠮ᠎ᠤᠨ ᠵᠠᠰᠠᠯᠲᠠ ᠵᠢᠨ ᠬᠠᠮᠲᠤ ᠵᠢᠨ ᠴᠣᠭᠴᠠ ᠵᠢ ᠪᠦᠷᠢᠯᠳᠦᠭᠦᠯᠬᠦ ᠵᠢ ᠠᠬᠢᠭᠤᠯᠵᠤ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠪᠣᠯᠤᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠬᠥᠮᠦᠨ ᠠᠮᠠ ᠵᠢᠨ ᠰᠢᠯᠵᠢᠯᠲᠡ ᠵᠢ ᠡᠮᠬᠢ ᠵᠢᠷᠤᠮ᠎ᠲᠠᠢ᠎ᠪᠠᠷ ᠠᠬᠢᠭᠤᠯᠬᠤ ᠬᠡᠷᠡᠭᠲᠡᠢ᠃

   ᠬᠠᠥᠯᠢ᠎ᠪᠠᠷ ᠵᠠᠰᠠᠬᠤ ᠵᠠᠮ ᠵᠶ᠋ᠠᠷ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠪᠣᠯ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠪᠠᠶ᠋ᠢᠯᠳᠤᠬᠤ ᠪᠤᠳᠤᠯᠭ᠎ᠠ ᠵᠢᠨ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠲᠠᠯ᠎ᠠ᠎ᠪᠠᠷ᠎ᠬᠢ ᠦᠨᠳᠦᠰᠦᠨ ᠱᠠᠭ᠋ᠠᠷᠳᠠᠯᠭ᠎ᠠ ᠪᠣᠯᠬᠤ᠎ᠪᠠᠷ ᠪᠠᠷᠠᠬᠤ ᠦᠭᠡᠢ ᠪᠠᠰᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠵᠢᠨ ᠵᠠᠶ᠋ᠢᠯᠠᠰᠢ ᠦᠭᠡᠢ ᠰᠣᠩᠭᠤᠯᠲᠠ ᠪᠣᠯᠤᠨ᠎ᠠ᠃ ᠰᠢᠨ᠎ᠡ ᠠᠶᠠᠨ ᠵᠠᠮ᠎ᠳᠤ᠂ ᠡᠷᠬᠡᠪᠰᠢ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠴᠢᠳᠠᠪᠤᠷᠢ ᠪᠣᠯᠤᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠳᠦᠷᠢᠮ ᠪᠣᠯᠤᠨ ᠦᠨᠳᠦᠰᠦᠨ ᠱᠠᠲᠤᠨ᠎ᠤ ᠣᠯᠠᠨ ᠲᠦᠮᠡᠨ᠎ᠤ ᠥᠪᠡᠷᠲᠡᠭᠡᠨ ᠵᠠᠰᠠᠬᠤ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠵᠥᠷᠢᠶᠡᠴᠢᠯᠡᠭᠰᠡᠨ ᠣᠷᠣᠨ᠎ᠤ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠨ᠎ᠠ᠃  ᠬᠠᠤᠯᠢ ᠲᠣᠭᠲᠠᠭ᠋ᠠᠬᠤ ᠵᠢ ᠲᠤᠭᠤᠷᠪᠢᠬᠤ᠂ ᠨᠤᠲᠠᠯᠠᠬᠤ᠂ ᠵᠣᠬᠢᠴᠠᠭᠤᠯᠬᠤ᠂ ᠬᠢᠨᠠᠨ ᠵᠥᠪᠯᠡᠬᠦ ᠲᠣᠭᠲᠠᠴᠠ ᠵᠢ ᠪᠦᠷᠢᠨᠰᠢᠭᠦᠯᠵᠦ᠂ ᠬᠠᠥᠯᠢ᠎ᠪᠠᠷ ᠵᠠᠰᠠᠬᠤ ᠤᠯᠤᠰ᠂ ᠬᠠᠥᠯᠢ᠎ᠪᠠᠷ ᠵᠠᠰᠠᠬᠤ ᠵᠠᠰᠠᠭ᠎ᠤᠨ ᠣᠷᠳᠣᠨ᠂ ᠬᠠᠥᠯᠢ᠎ᠪᠠᠷ ᠵᠠᠰᠠᠬᠤ ᠨᠡᠶ᠋ᠢᠭᠡᠮ᠎ᠢ ᠨᠢᠭᠡ ᠴᠤᠬ᠍ᠴᠠᠵᠢᠭᠤᠯᠤᠨ ᠪᠠᠶ᠋ᠢᠭᠤᠯᠬᠤ ᠵᠢ ᠠᠬᠢᠭᠤᠯᠵᠤ᠂ ᠬᠠᠥᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠤᠯᠤᠰ᠎ᠤᠨ ᠤᠬᠠᠮᠰᠠᠷ᠂ ᠠᠷᠠᠳ ᠢᠷᠭᠡᠳ᠎ᠤᠨ ᠤᠬᠠᠮᠰᠠᠷ᠂ ᠬᠠᠥᠯᠢ᠎ᠪᠠᠷ ᠵᠠᠰᠠᠬᠤ ᠤᠬᠠᠮᠰᠠᠷ᠎ᠢ᠎ᠨᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠪᠠᠲᠤ ᠪᠠᠬᠢ ᠬᠠᠥᠯᠢ᠎ᠪᠠᠷ ᠵᠠᠰᠠᠬᠤ ᠪᠠᠲᠤᠯᠠᠭ᠎ᠠ ᠬᠠᠩᠭ᠋ᠠᠬᠤ ᠬᠡᠷᠡᠭᠲᠡᠢ᠃

   ᠮᠡᠳᠡᠭᠡ ᠵᠠᠩᠭᠢ ᠵᠢᠨ ᠢᠷᠡᠯᠲᠡ᠄ ᠭᠤᠸᠠᠩ ᠮᠢᠩ ᠡᠳᠦᠷ᠎ᠤᠨ ᠰᠣᠨᠢᠨ

 

ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠢᠳᠡᠳ ᠬᠡᠯᠡᠨ᠎ᠤ ᠰᠦᠯᠵᠢᠶᠡᠨ ᠦᠷᠳᠡᠭᠡ