ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠭᠰᠠᠨ ᠶᠡᠭᠡ ᠳᠡᠭᠡᠳᠦ ᠰᠤᠷᠭ᠋ᠠᠭᠤᠯᠢ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠨ᠎ᠡ
2025-02-12

  2024 ᠣᠨ᠎ᠤ 10 ᠳ᠋ᠤᠭ᠋ᠠᠷ ᠰᠠᠷ᠎ᠠ᠎ᠳᠤ᠂ ᠤᠮᠠᠷᠠᠲᠤ ᠵᠢᠨ ᠦᠨᠳᠦᠰᠦᠲᠡᠨ᠎ᠤ ᠶᠡᠭᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ ᠤᠮᠠᠷᠠᠲᠤ ᠵᠢᠨ ᠦᠨᠳᠦᠰᠦᠲᠡᠨ᠎ᠤ ᠶᠡᠭᠡ ᠰᠤᠷᠭ᠋ᠠᠭᠤᠯᠢ ᠵᠢᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠰᠣᠶᠣᠯ᠎ᠤᠨ ᠤᠷᠳᠤ ᠬᠤᠩᠬᠢᠯ᠎ᠢ ᠲᠣᠭᠤᠷᠢᠨ ᠦᠵᠡᠪᠡ᠃ ᠢᠷᠡᠯᠲᠡ᠄ ᠤᠮᠠᠷᠠᠲᠤ ᠵᠢᠨ ᠦᠨᠳᠦᠰᠦᠲᠡᠨ᠎ᠤ ᠶᠡᠭᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ

   ᠶᠡᠭᠡ ᠳᠡᠭᠡᠳᠦ ᠰᠤᠷᠭ᠋ᠠᠭᠤᠯᠢ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠥᠷᠨᠢᠭᠦᠯᠬᠦ ᠴᠢᠬᠤᠯᠠ ᠵᠢᠭᠰᠠᠭ᠋ᠠᠯ᠎ᠤᠨ ᠭᠠᠵᠠᠷ ᠮᠥᠨ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠭᠡ ᠡᠭᠦᠷᠭᠡ ᠵᠢ ᠡᠭᠦᠷᠭᠡᠯᠡᠬᠦ ᠰᠢᠨ᠎ᠡ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ ᠬᠦᠨᠳᠦ ᠡᠭᠦᠷᠭᠡ ᠵᠢ ᠡᠭᠦᠷᠭᠡᠯᠡᠵᠦ ᠪᠠᠶ᠋ᠢᠨ᠎ᠠ᠃ ᠤᠬᠠᠮᠰᠠᠷ᠎ᠠᠴᠠ᠎ᠪᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠪᠠᠲᠤ ᠪᠠᠬᠢ ᠪᠤᠢ ᠪᠣᠯᠭ᠋ᠠᠬᠤ ᠪᠠ ᠶᠣᠰᠣ ᠰᠤᠷᠲᠠᠬᠤᠨ᠎ᠢ ᠪᠤᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠬᠠᠷᠢᠯᠴᠠᠨ ᠠᠭᠤᠰᠤᠯᠴᠠᠭᠤᠯᠵᠤ᠂ 《ᠪᠦᠬᠦ ᠠᠵᠢᠯᠲᠠᠨ ᠵᠶ᠋ᠠᠷ ᠬᠥᠮᠥᠨ᠎ᠢ ᠬᠦᠮᠦᠵᠢᠭᠦᠯᠬᠦ᠂ ᠪᠦᠬᠦ ᠶᠠᠪᠤᠴᠠ᠎ᠪᠠᠷ ᠬᠥᠮᠥᠨ᠎ᠢ ᠬᠦᠮᠦᠵᠢᠭᠦᠯᠬᠦ᠂ ᠪᠦᠬᠦ ᠲᠠᠯ᠎ᠠ᠎ᠪᠠᠷ ᠬᠥᠮᠥᠨ᠎ᠢ ᠬᠦᠮᠦᠵᠢᠭᠦᠯᠬᠦ》 ᠰᠢᠰᠲ᠋ᠧᠮ ᠪᠣᠯᠤᠨ 《ᠶᠡᠭᠡ ᠦᠵᠡᠯ ᠰᠠᠨᠠᠭ᠎ᠠ ᠤᠯᠤᠰ ᠲᠦᠷᠦ》 ᠵᠢᠨ ᠠᠵᠢᠯ᠎ᠤᠨ ᠪᠠᠶ᠋ᠢᠷᠢᠰᠢᠯ᠎ᠲᠠᠢ ᠬᠠᠷᠢᠯᠴᠠᠨ ᠠᠭᠤᠰᠤᠯᠴᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠤᠯᠤᠰ ᠵᠶ᠋ᠠᠨ ᠬᠦᠴᠦᠷᠬᠡᠭᠵᠢᠭᠦᠯᠬᠦ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃

   ᠶᠡᠭᠡ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠬᠥᠮᠦᠵᠢᠯ᠎ᠢ ᠨᠢᠭᠡ ᠴᠣᠭᠴᠠᠵᠢᠭᠤᠯᠬᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ

   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠪᠠᠲᠤ ᠴᠣᠭᠴᠠᠯᠠᠬᠤ ᠪᠣᠯ ᠨᠢᠭᠡ ᠵᠦᠢ᠍ᠯ᠎ᠤᠨ ᠰᠢᠰᠲ᠋ᠧᠮᠲᠦ ᠢᠨᠵᠧᠨᠧᠷᠢᠩ ᠮᠥᠨ᠂ ᠶᠡᠭᠡ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠨᠢᠭᠡ ᠴᠤᠬ᠍ᠴᠠᠵᠢᠭᠤᠯᠬᠤ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠰᠤᠷᠤᠭᠴᠢᠳ᠎ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠵᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ᠎ᠢ ᠬᠥᠮᠦᠵᠢᠭᠦᠯᠦᠨ ᠵᠢᠯᠣᠭᠤᠳᠴᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠬᠤ ᠵᠢ ᠠᠬᠢᠭᠤᠯᠬᠤ ᠬᠡᠷᠡᠭᠲᠡᠢ᠃

  《ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ》᠎ᠢ ᠰᠠᠶ᠋ᠢᠲᠤᠷ ᠡᠷᠬᠢᠯᠡᠨ᠎ᠡ᠃ ᠶᠡᠭᠡ ᠳᠡᠭᠡᠳᠦ ᠰᠤᠷᠭ᠋ᠠᠭᠤᠯᠢ᠎ᠨᠤᠭᠤᠳ ᠲᠦᠷᠦᠭᠦᠯᠡᠨ ᠶᠡᠭᠡ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠬᠥᠮᠦᠵᠢᠯ᠎ᠢ ᠨᠢᠭᠡ ᠴᠣᠭᠴᠠᠵᠢᠭᠤᠯᠤᠨ ᠪᠦᠲᠦᠭᠡᠨ ᠪᠠᠶ᠋ᠢᠭᠤᠯᠬᠤ ᠬᠤᠯᠪᠣᠭ᠎ᠠ ᠵᠢ ᠪᠠᠲᠤ ᠪᠠᠬᠢ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠤᠨ ᠡᠯᠧᠮᠧᠨ᠋ᠲ᠎ᠢ ᠭᠦᠨᠵᠡᠭᠡᠶ ᠠᠭᠤᠳᠠᠯᠤᠨ ᠪᠠᠲᠤ ᠪᠠᠬᠢ ᠪᠤᠢ ᠪᠣᠯᠭ᠋ᠠᠵᠤ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠬᠢᠭᠡᠳ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢ ᠬᠠᠷᠢᠯᠴᠠᠨ ᠤᠶᠠᠯᠳᠤᠭᠤᠯᠵᠤ᠂ ᠨᠢᠭᠡᠳᠦᠭᠡᠷ ᠬᠢᠴᠢᠶᠡᠯ᠎ᠤᠨ ᠲᠠᠩᠬᠢᠮ ᠬᠢᠭᠡᠳ ᠬᠤᠶᠠᠳᠤᠭ᠋ᠠᠷ ᠬᠢᠴᠢᠶᠡᠯ᠎ᠤᠨ ᠲᠠᠩᠬᠢᠮ᠎ᠢ ᠬᠠᠷᠢᠯᠴᠠᠨ ᠵᠣᠯᠭ᠋ᠠᠭᠤᠯᠵᠤ᠂ ᠶᠡᠭᠡ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ᠂ ᠡᠯ᠎ᠡ ᠰᠤᠷᠤᠯᠭ᠎ᠠ ᠵᠢᠨ ᠱᠠᠲᠤᠨ᠎ᠤ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠶ᠋ᠢᠮᠣ ᠣᠨᠣᠯ》᠎ᠤᠨ ᠦᠵᠡᠯ ᠰᠠᠨᠠᠭ᠎ᠠ ᠤᠯᠤᠰ ᠲᠥᠷᠥ ᠵᠢᠨ 《ᠠᠯᠲᠠᠨ ᠬᠢᠴᠢᠶᠡᠯ》᠎ᠢ ᠪᠣᠶ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠰᠤᠷᠤᠭᠴᠢᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠠᠭᠤᠤ ᠶᠡᠭᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠶ ᠮᠡᠳᠡᠷᠡᠮᠵᠢ ᠵᠢ ᠲᠠᠰᠤᠷᠠᠯᠲᠠ ᠥᠬᠡᠶ ᠴᠢᠩᠭ᠋ᠠᠷᠠᠭᠤᠯᠤᠨ᠎ᠠ᠃

  《ᠰᠣᠳᠣᠨ ᠬᠢᠴᠢᠶᠡᠯ᠎ᠤᠨ ᠪᠦᠯᠦᠭ》᠎ᠢ ᠡᠭᠦᠳᠦᠨ ᠪᠠᠢ᠌ᠭᠤᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢ ᠬᠢᠴᠢᠶᠡᠯ᠎ᠤᠨ ᠰᠤᠷᠭ᠋ᠠᠨ ᠬᠥᠮᠦᠵᠢᠯ᠎ᠤᠨ ᠪᠦᠬᠦ ᠶᠠᠪᠤᠴᠠ᠎ᠳᠤ ᠠᠭᠤᠰᠬᠠᠵᠤ᠂ ᠶᠡᠭᠡ ᠳᠡᠭᠡᠳᠦ ᠰᠤᠷᠭ᠋ᠠᠭᠤᠯᠢ ᠵᠢᠨ ᠤᠯᠠᠨ ᠬᠢᠴᠢᠶᠡᠯ ᠲᠦᠷᠦᠯ᠎ᠤᠨ ᠶᠡᠷᠦᠩᠬᠡᠶ᠋ᠢᠯᠡᠭᠰᠡᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠶᠡᠭᠡ ᠳᠡᠭᠡᠳᠦ ᠰᠤᠷᠭ᠋ᠠᠭᠤᠯᠢ ᠵᠢᠨ ᠤᠯᠠᠨ ᠰᠤᠷᠤᠯᠭ᠎ᠠ ᠵᠢᠨ ᠱᠠᠲᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠪᠣᠳᠠᠲᠤ ᠬᠡᠷᠡᠭᠴᠡᠭᠡ ᠵᠢ ᠪᠠᠲᠤ ᠪᠠᠬᠢ ᠪᠤᠢ ᠪᠣᠯᠭ᠋ᠠᠵᠤ᠂ 《ᠤᠨᠤᠯ + ᠦᠢ᠍ᠯᠡᠳᠦᠯᠭᠡ》 ᠵᠢᠨ ᠳᠠᠪᠬᠤᠷ ᠬᠡᠮᠵᠢᠶ᠎ᠡ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠰᠢᠰᠲ᠋ᠧᠮ᠎ᠢ ᠪᠠᠶ᠋ᠢᠭᠤᠯᠵᠤ᠂ ᠪᠦᠬᠦ ᠲᠠᠯ᠎ᠠ ᠵᠢ ᠬᠠᠮᠤᠷᠤᠭᠰᠠᠨ᠂ ᠲᠦᠷᠦᠯ ᠬᠡᠯᠪᠡᠷᠢ ᠪᠠᠶᠠᠯᠢᠭ᠂ ᠲᠡᠰ ᠳᠠᠪᠬᠤᠷᠭ᠎ᠠ᠎ᠪᠠᠷ ᠠᠬᠢᠭᠤᠯᠤᠭᠰᠠᠨ᠂ ᠬᠠᠷᠢᠯᠴᠠᠨ ᠲᠤᠯᠭ᠋ᠠᠭᠤᠷᠢᠯᠠᠭᠰᠠᠨ 《ᠶᠡᠭᠡ ᠤᠨᠤᠯ》᠎ᠤᠨ ᠬᠢᠴᠢᠶᠡᠯ᠎ᠢ ᠨᠠᠷᠢᠨ ᠨᠢᠮᠪᠠᠢ ᠪᠠᠶ᠋ᠢᠭᠤᠯᠵᠤ᠂ ᠨᠢᠭᠡ ᠪᠦᠯᠦᠭ ᠭᠤᠣᠯ ᠰᠡᠳᠦᠪ᠎ᠨᠢ ᠢᠯᠡ ᠲᠣᠳᠣ᠂ ᠣᠷᠣᠯᠴᠠᠬᠤ ᠴᠢᠨᠠᠷ ᠵᠶ᠋ᠠᠷ ᠥᠨᠳᠥᠷ᠂ ᠨᠥᠯᠥᠭᠡᠯᠡᠬᠦ ᠬᠦᠴᠦᠨ ᠵᠶ᠋ᠠᠷ ᠴᠢᠩᠭ᠎ᠠ ᠥᠪᠡᠷᠮᠢᠴᠡ ᠣᠨᠴᠠᠯᠢᠭ᠎ᠲᠠᠢ ᠦᠢ᠍ᠯᠡᠳᠦᠯᠭᠡ ᠵᠢᠨ ᠬᠢᠴᠢᠶᠡᠯ᠎ᠢ ᠭᠠᠷᠭ᠋ᠠᠵᠤ᠂ ᠬᠢᠴᠢᠶᠡᠯ᠎ᠤᠨ ᠡᠬᠢ ᠪᠠᠶᠠᠯᠢᠭ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠪᠠᠲᠤᠳᠬᠠᠬᠤ ᠪᠣᠳᠠᠲᠠᠢ ᠲᠦᠷᠦᠭᠳᠡᠯ᠎ᠲᠠᠢ ᠪᠦᠲᠦᠮᠵᠢᠲᠡᠢ ᠪᠠᠶ᠋ᠢᠯᠭ᠋ᠠᠬᠤ ᠵᠢ ᠪᠠᠲᠤᠯᠠᠨ᠎ᠠ᠃

  《ᠱᠠᠲᠤᠯᠵᠢᠨ ᠰᠤᠷᠭ᠋ᠠᠨ ᠬᠥᠮᠦᠵᠢᠯ᠎ᠤᠨ ᠬᠡᠯᠬᠢᠶ᠎ᠡ》 ᠵᠢ ᠴᠤᠭᠴᠠᠯᠠᠨ᠎ᠠ᠃ ᠬᠥᠮᠦᠨ ᠬᠥᠮᠦᠵᠢᠭᠦᠯᠬᠦ ᠠᠷᠭ᠎ᠠ ᠮᠠᠶᠢᠭ᠂ ᠰᠤᠷᠭ᠋ᠠᠭᠤᠯᠢ ᠡᠷᠭᠢᠯᠡᠬᠦ ᠵᠠᠭᠪᠤᠷ᠂ ᠬᠠᠮᠢᠶᠠᠷᠤᠯᠲᠠ ᠵᠢᠨ ᠪᠠᠶ᠋ᠢᠭᠤᠯᠤᠮᠵᠢ᠂ ᠪᠠᠲᠤᠯᠠᠭ᠎ᠠ ᠵᠢᠨ ᠲᠣᠭᠲᠠᠴᠠ ᠵᠢᠨ ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠰᠤᠷᠭ᠋ᠠᠭᠤᠯᠢ ᠵᠢᠨ ᠬᠡᠷ ᠪᠦᠯᠢ ᠨᠡᠶ᠋ᠢᠭᠡᠮ᠎ᠤᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠪᠦᠷᠢᠨᠰᠢᠬᠦᠯᠦᠨ᠂ ᠰᠤᠷᠤᠭᠴᠢᠳ᠎ᠤᠨ ᠲᠠᠨᠢᠨ ᠮᠡᠳᠡᠷᠡᠬᠦ᠂ ᠬᠠᠶ᠋ᠢᠷ᠎ᠠ ᠰᠡᠳᠬᠢᠯᠭᠡ᠂ ᠵᠣᠷᠢᠭ ᠰᠠᠨᠠᠭ᠎ᠠ ᠵᠢᠴᠢ ᠨᠡᠶ᠋ᠢᠭᠡᠮ᠎ᠤᠨ ᠴᠢᠨᠠᠷᠲᠠᠶ ᠬᠥᠭᠵᠢᠯᠲᠡ ᠵᠢᠨ ᠠᠳᠠᠯᠢ ᠪᠤᠰᠤ ᠱᠠᠲᠤ ᠦᠶ᠎ᠡ ᠵᠢ ᠶᠡᠷᠦᠩᠬᠡᠶ᠋ᠢᠯᠡᠨ ᠪᠣᠳᠣᠯᠬᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠪᠣᠳᠠᠲᠤ ᠪᠠᠶ᠋ᠢᠳᠠᠯ᠎ᠲᠠᠢ ᠨᠢᠭᠲᠠ ᠵᠣᠯᠭ᠋ᠠᠭᠤᠯᠬᠤ᠂ ᠴᠠᠭ ᠦᠶ᠎ᠡ᠎ᠲᠠᠢ ᠵᠡᠷᠭᠡ᠎ᠪᠠᠷ ᠵᠣᠬᠢᠴᠠᠭᠤᠯᠬᠤ᠂ ᠡᠯ᠎ᠡ ᠰᠤᠷᠤᠯᠭ᠎ᠠ ᠵᠢᠨ ᠱᠠᠲᠤ᠎ᠯᠤᠭ᠎ᠠ ᠪᠥᠬᠦ ᠲᠠᠯ᠎ᠠ᠎ᠪᠠᠷ ᠵᠣᠬᠢᠴᠠᠯᠳᠤᠭᠤᠯᠬᠤ ᠠᠷᠭ᠎ᠠ ᠵᠠᠮ᠎ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠣᠷᠳᠣ ᠬᠤᠭᠤᠴᠠᠭ᠎ᠠ᠎ᠪᠠᠷ ᠪᠦᠲᠦᠮᠵᠢᠲᠡᠶ ᠬᠥᠮᠦᠨ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃

   ᠣᠷᠣᠨ ᠪᠦᠰᠡ ᠵᠢᠨ ᠠᠵᠤ ᠠᠬᠤᠶ ᠨᠡᠶ᠋ᠢᠭᠡᠮ᠎ᠳᠤ ᠦᠢ᠍ᠯᠡᠴᠢᠯᠡᠬᠦ ᠴᠢᠨᠠᠷ ᠰᠠᠶ᠋ᠢᠲᠠᠶ ᠬᠥᠭᠵᠢᠯᠲᠡ ᠵᠢᠨ ᠳᠤᠮᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠲᠠᠰᠤᠷᠠᠯᠲᠠ ᠥᠬᠡᠶ ᠪᠠᠲᠤᠳᠬᠠᠨ᠎ᠠ

   ᠴᠢᠨᠠᠷ ᠰᠠᠶ᠋ᠢᠲᠠᠢ ᠬᠥᠭᠵᠢᠯᠲᠡ ᠪᠣᠯ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠵᠢᠨ ᠲᠡᠷᠢᠭᠦᠨ ᠴᠢᠬᠤᠯᠠ ᠡᠭᠦᠷᠭᠡ ᠮᠥᠨ᠃ ᠶᠡᠭᠡ ᠳᠡᠭᠡᠳᠦ ᠰᠤᠷᠭ᠋ᠠᠭᠤᠯᠢ ᠵᠢᠨ᠎ᠬᠢᠨ ᠤᠯᠤᠰ᠎ᠤᠨ ᠪᠠᠶ᠋ᠢᠯᠳᠤᠬᠤ ᠪᠤᠳᠤᠯᠭ᠎ᠠ᠎ᠯᠤᠭ᠎ᠠ ᠨᠡᠩ ᠭᠦᠢ᠍ᠴᠡᠳ ᠵᠣᠯᠭ᠋ᠠᠭᠤᠯᠵᠤ᠂ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠨᠡᠩ ᠢᠳᠡᠪᠬᠢᠲᠡᠢ ᠦᠢ᠍ᠯᠡᠴᠢᠯᠡᠬᠦ ᠲᠠᠯ᠎ᠠ᠎ᠪᠠᠷ ᠨᠡᠩ ᠢᠳᠡᠪᠬᠢᠲᠡᠢ ᠬᠦᠴᠦᠯᠡᠵᠦ᠂ ᠡᠯ᠎ᠡ ᠭᠠᠵᠠᠷ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠬᠡᠷᠡᠭᠴᠡᠭᠡ᠎ᠳᠤ ᠨᠡᠩ ᠰᠠᠶ᠋ᠢᠲᠤᠷ ᠦᠢ᠍ᠯᠡᠴᠢᠯᠡᠬᠦ ᠶᠠᠪᠤᠴᠠ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃

   ᠦᠢ᠍ᠯᠡᠴᠢᠯᠡᠭᠡᠨ᠎ᠤ ᠠᠵᠤ ᠦᠢ᠍ᠯᠡᠰ᠎ᠲᠤ ᠬᠠᠨᠳᠤᠭᠤᠯᠤᠨ ᠬᠡᠷᠡᠭᠯᠡᠭᠡᠨ᠎ᠤ ᠴᠢᠳᠠᠪᠤᠷᠢᠲᠠᠨ᠎ᠢ ᠬᠥᠮᠥᠵᠢᠭᠦᠯᠦᠨ᠎ᠡ᠃ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮᠵᠢ ᠵᠢᠨ ᠪᠠᠶ᠋ᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠤᠷᠭ᠋ᠠᠨ ᠬᠥᠮᠦᠵᠢᠯ ᠪᠠ ᠠᠵᠤ ᠦᠢ᠍ᠯᠡᠰ᠎ᠤᠨ ᠡᠬᠢ ᠪᠠᠶᠠᠯᠢᠭ᠎ᠢ ᠬᠠᠮᠵᠢᠯᠴᠠᠨ ᠬᠥᠮᠦᠨ ᠬᠥᠮᠦᠵᠢᠭᠦᠯᠬᠦ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠣᠷᠣᠨ ᠨᠤᠲᠤᠭ᠎ᠯᠤᠭ᠎ᠠ ᠬᠠᠮᠲᠤᠪᠠᠷ ᠰᠦᠪᠡᠭᠴᠢᠯᠡᠵᠦ ᠬᠠᠮᠲᠤᠪᠠᠷ ᠡᠭᠦᠳᠦᠨ ᠬᠠᠮᠲᠤ᠎ᠪᠠᠷ ᠤᠷᠤᠭᠰᠢᠯᠠᠬᠤ ᠵᠢ ᠴᠢᠬᠤᠯᠠᠴᠢᠯᠠᠵᠤ᠂ ᠤᠯᠠᠮᠵᠢᠯᠠᠯᠲᠤ ᠠᠵᠤ ᠦᠢ᠍ᠯᠡᠰ᠎ᠤᠨ ᠳᠡᠰ ᠳᠡᠪᠰᠢᠬᠦ ᠪᠠ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠬᠠᠷᠠᠭ᠋ᠠᠯᠠᠨ ᠰᠢᠨ᠎ᠡ ᠴᠢᠭᠯᠡᠯ ᠰᠢᠨ᠎ᠡ ᠬᠡᠷᠡᠭᠴᠡᠭᠡ ᠱᠠᠭ᠋ᠠᠷᠳᠠᠯᠭ᠎ᠠ ᠵᠢ ᠪᠤᠶ᠋ᠢᠵᠢᠭᠤᠯᠵᠤ᠂ ᠤᠯᠠᠮᠵᠢᠯᠠᠯᠲᠤ ᠰᠢᠨᠵᠢᠯᠡᠭᠡᠨ᠎ᠤ ᠰᠠᠯᠠᠭ᠎ᠠ ᠵᠢ ᠥᠭᠡᠷᠡᠴᠢᠯᠡᠵᠦ᠂ ᠰᠢᠨ᠎ᠡ᠎ᠪᠠᠷ ᠬᠥᠭᠵᠢᠭᠰᠡᠨ ᠰᠢᠨᠵᠢᠯᠡᠭᠡᠨ᠎ᠤ ᠰᠠᠯᠠᠭ᠎ᠠ ᠵᠢ ᠬᠥᠭᠵᠢᠭᠦᠯᠵᠦ᠂ ᠰᠣᠯᠪᠢᠴᠠᠭᠰᠠᠨ ᠰᠢᠨᠵᠢᠯᠡᠭᠡᠨ᠎ᠤ ᠰᠠᠯᠠᠭ᠎ᠠ ᠵᠢ ᠪᠤᠶ᠋ᠢᠵᠢᠭᠤᠯᠤᠨ᠎ᠠ᠃  ᠠᠵᠤ ᠦᠢ᠍ᠯᠡᠰ᠎ᠤᠨ ᠬᠡᠯᠬᠢᠶ᠎ᠡ ᠬᠢᠭᠡᠳ ᠴᠢᠳᠠᠪᠤᠷᠢᠲᠠᠨ᠎ᠤ ᠬᠡᠯᠬᠢᠶ᠎ᠡ ᠵᠢᠨ ᠭᠦᠨᠵᠡᠭᠡᠶ ᠠᠭᠤᠰᠤᠯᠴᠠᠯ᠎ᠢ ᠶᠡᠬᠡᠪᠡᠷ ᠠᠬᠢᠭᠤᠯᠵᠤ᠂ ᠠᠵᠤ ᠦᠢ᠍ᠯᠡᠰ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠂ ᠬᠥᠲᠥᠴᠢ ᠠᠵᠤ ᠠᠬᠤᠶ᠋ᠢᠯᠠᠯ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠨ᠂ ᠰᠤᠷᠭ᠋ᠠᠭᠤᠯᠢ ᠠᠵᠤ ᠠᠬᠤᠶ᠋ᠢᠯᠠᠯ᠎ᠤᠨ ᠨᠢᠭᠲᠠ ᠬᠠᠮᠵᠢᠯᠴᠠᠭᠰᠠᠨ ᠡᠯ᠎ᠡ ᠦᠨᠳᠦᠰᠦᠲᠡᠨ᠎ᠤ ᠴᠢᠳᠠᠪᠤᠷᠢᠲᠠᠨ᠎ᠢ ᠬᠥᠮᠦᠵᠢᠭᠦᠯᠬᠦ ᠬᠠᠮᠲᠤ ᠵᠢᠨ ᠴᠣᠭᠴᠠ ᠵᠢ ᠪᠠᠶ᠋ᠢᠭᠤᠯᠵᠤ᠂ ᠴᠢᠳᠠᠪᠤᠷᠢᠲᠠᠨ᠎ᠢ ᠬᠥᠮᠦᠵᠢᠭᠦᠯᠬᠦ ᠪᠠ ᠠᠵᠤ ᠦᠢ᠍ᠯᠡᠰ᠎ᠤᠨ ᠬᠡᠷᠡᠭᠴᠡᠭᠡ ᠱᠠᠭ᠋ᠠᠷᠳᠠᠯᠭ᠎ᠠ ᠵᠢᠨ 《ᠡᠴᠦᠰ᠎ᠤᠨ ᠨᠢᠭᠡ ᠺᠢᠯᠤᠮᠸᠲᠷ》᠎ᠢ ᠨᠡᠪᠲᠡᠷᠡᠭᠦᠯᠵᠦ᠂ ᠣᠷᠣᠨ ᠪᠦᠰᠡ ᠵᠢᠨ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠨᠠᠩ ᠰᠠᠶ᠋ᠢᠨ ᠬᠦᠴᠦᠨ ᠨᠡᠮᠡᠷᠢᠯᠡᠵᠦ᠂ ᠬᠥᠭᠵᠢᠯᠲᠡ ᠵᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠨᠠᠩ ᠣᠯᠠᠨ ᠨᠠᠩ ᠲᠥᠪ ᠭᠤᠣᠯᠴᠢ᠎ᠪᠠᠷ ᠬᠦᠷᠲᠡᠭᠡᠨ᠎ᠡ᠃

   ᠨᠡᠢ᠌ᠭᠡᠮ᠎ᠤᠨ ᠬᠥᠭᠵᠢᠯᠲᠡ᠎ᠳᠤ ᠬᠠᠨᠳᠤᠭᠤᠯᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠦᠮᠦᠵᠢᠭᠦᠯᠦᠨ᠎ᠡ᠃ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠪᠠ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠲᠠᠢ ᠨᠢᠭᠲᠠ ᠤᠶᠠᠯᠳᠤᠭᠤᠯᠤᠨ᠂ ᠨᠡᠶ᠋ᠢᠭᠡᠮ᠎ᠤᠨ ᠪᠠᠴᠢᠮ ᠱᠠᠭ᠋ᠠᠷᠳᠠᠭᠳᠠᠵᠤ ᠪᠠᠶ᠋ᠢᠭ᠎ᠠ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠢ ᠬᠦᠴᠦᠷᠬᠡᠭᠵᠢᠭᠦᠯᠵᠦ᠂ ᠡᠯ᠎ᠡ ᠠᠵᠢᠯ ᠲᠥᠷᠥᠯ᠎ᠳᠤ ᠪᠠᠴᠢᠮ ᠱᠠᠭ᠋ᠠᠷᠳᠠᠭᠳᠠᠵᠤ ᠪᠠᠶ᠋ᠢᠭ᠎ᠠ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠵᠦ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠬᠥᠮᠥᠨ᠎ᠢ ᠬᠥᠮᠥᠵᠢᠭᠦᠯᠬᠦ ᠬᠢᠴᠢᠶᠡᠯ᠎ᠤᠨ ᠲᠠᠩᠬᠢᠮ᠎ᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠡᠮᠴᠢᠯᠡᠭᠡ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠨᠡᠶ᠋ᠢᠭᠡᠮ᠎ᠤᠨ ᠵᠠᠰᠠᠯᠲᠠ ᠵᠡᠷᠭᠡ ᠡᠯ᠎ᠡ ᠬᠦᠷᠢᠶᠡᠨ᠎ᠳᠤ ᠲᠣᠬᠢᠷᠠᠭᠤᠯᠵᠤ᠂ ᠣᠷᠣᠨ ᠨᠤᠲᠤᠭ᠎ᠤᠨ ᠬᠥᠭᠵᠢᠯᠲᠡ᠎ᠳᠤ ᠴᠢᠳᠠᠪᠤᠷᠢᠲᠠᠨ᠎ᠤ ᠪᠠᠲᠤ ᠴᠢᠩᠭ᠎ᠠ ᠲᠤᠯᠭ᠋ᠠᠭᠤᠷᠢᠯᠠᠯ ᠪᠠ ᠤᠶᠤᠨ᠎ᠤ ᠳᠡᠮᠵᠢᠯᠭᠡ ᠬᠠᠩᠭ᠋ᠠᠵᠤ᠂ ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ ᠵᠢᠨ ᠬᠡᠷᠡᠭᠴᠡᠭᠡ ᠪᠠ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠴᠡᠭᠡ ᠵᠢ ᠨᠡᠩ ᠰᠠᠶ᠋ᠢᠲᠤᠷ ᠬᠠᠩᠭ᠋ᠠᠨ᠎ᠠ᠃

   ᠳᠡᠯᠡᠬᠡᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠰᠢᠭᠤᠷᠠᠯ᠎ᠳᠤ ᠬᠠᠨᠳᠤᠭᠤᠯᠤᠨ ᠣᠷᠣᠢ᠌ᠯᠠᠭᠰᠠᠨ ᠴᠢᠳᠠᠪᠤᠷᠢᠲᠠᠨ᠎ᠢ ᠬᠥᠮᠥᠵᠢᠭᠦᠯᠦᠨ᠎ᠡ᠃ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠬᠠᠮᠤᠭ᠎ᠤᠨ ᠬᠤᠰᠢᠭᠤᠷᠠᠯ ᠪᠠ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠭᠤᠷᠢ ᠰᠤᠳᠤᠯᠭ᠋ᠠᠨ᠎ᠤ ᠭᠤᠣᠯ ᠬᠦᠴᠦᠨ ᠪᠠ ᠴᠢᠬᠤᠯᠠ ᠶᠡᠭᠡ ᠮᠡᠷᠭᠡᠵᠢᠯ᠎ᠤᠨ ᠰᠢᠪᠲᠤᠯᠤᠯᠲᠠ ᠵᠢᠨ ᠭᠤᠯᠤᠮᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠯᠳᠤᠬᠤ ᠪᠤᠳᠤᠯᠭ᠎ᠠ ᠵᠢᠨ ᠲᠥᠯᠥᠪᠵᠢᠭᠦᠯᠭᠡ᠂ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ᠂ ᠴᠢᠬᠤᠯᠠ ᠶᠡᠭᠡ ᠡᠭᠦᠷᠭᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠴᠦᠨ᠂ ᠡᠬᠢ ᠪᠠᠶᠠᠯᠢᠭ᠎ᠤᠨ ᠲᠠᠪᠴᠠᠩ᠂ ᠣᠷᠣᠨ ᠪᠦᠰᠡ ᠵᠢᠨ ᠰᠢᠨ᠎ᠡ ᠵᠢ ᠡᠭᠦᠳᠬᠦ ᠵᠡᠷᠭᠡ ᠴᠢᠬᠤᠯᠠ ᠶᠡᠭᠡ ᠪᠠᠶ᠋ᠢᠯᠳᠤᠬᠤ ᠪᠤᠳᠤᠯᠭ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠤᠨ ᠠᠭᠤᠰᠤᠯᠴᠠᠵᠤ᠂ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢᠨ ᠱᠠᠭ᠋ᠠᠷᠳᠠᠯᠭ᠎ᠠ᠎ᠲᠠᠢ ᠵᠣᠬᠢᠴᠠᠭᠰᠠᠨ ᠶᠡᠭᠡ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ᠎ᠤ ᠬᠥᠭᠵᠢᠯᠲᠡ ᠵᠢᠨ ᠠᠮᠢ ᠠᠬᠤᠢ ᠵᠢᠨ ᠰᠢᠰᠲ᠋ᠧᠮ᠎ᠢ ᠢᠳᠡᠪᠬᠢᠲᠡᠢ ᠪᠠᠶ᠋ᠢᠭᠤᠯᠬᠤ ᠬᠡᠷᠡᠭᠲᠡᠢ᠃ 《ᠣᠷᠦ᠋ᠢ᠍ᠯᠠᠭᠰᠠᠨ ᠴᠢᠳᠠᠪᠤᠷᠢᠲᠠᠨ + ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠶ᠋ᠢᠭᠤᠯᠤᠯᠲᠠ》 ᠵᠢᠨ ᠲᠣᠭᠲᠠᠴᠠ ᠵᠢ ᠪᠦᠷᠢᠨᠰᠢᠭᠦᠯᠵᠦ᠂ ᠵᠣᠬᠢᠶᠠᠮᠠᠯ ᠣᠶᠤᠨ᠂ ᠺᠸᠠᠨ᠋ᠲ᠎ᠤᠨ ᠰᠢᠨᠵᠢᠯᠡᠭᠡ ᠮᠡᠷᠭᠡᠵᠢᠯ᠂ ᠴᠢᠮᠡᠭᠡ ᠬᠤᠯᠪᠣᠭ᠋ᠠᠨ᠎ᠤ ᠮᠡᠷᠭᠡᠵᠢᠯ᠂ ᠳᠡᠭᠡᠳᠦ ᠲᠠᠰ᠎ᠤᠨ ᠲᠣᠨᠤᠭ ᠲᠥᠬᠦᠭᠡᠷᠦᠮᠵᠢ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠢᠷᠡᠭᠡᠳᠦᠶ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠬᠦᠷᠢᠶᠡᠨ᠎ᠳᠤ ᠡᠷᠳᠡᠮ ᠰᠢᠨᠵᠢᠯᠡᠭᠡᠨ᠎ᠤ ᠳᠠᠭ᠋ᠠᠭᠤᠯᠤᠭᠴᠢ ᠴᠢᠳᠠᠪᠤᠷᠢᠲᠠᠨ᠂ ᠤᠯᠤᠰ᠎ᠤᠨ ᠴᠢᠬᠤᠯᠠ ᠶᠡᠭᠡ ᠢᠨᠵᠧᠨᠧᠷᠢᠩ᠎ᠤᠨ ᠬᠦᠷᠢᠶᠡᠨ᠎ᠳᠠᠬᠢ ᠳᠠᠭ᠋ᠠᠭᠤᠯᠤᠭᠴᠢ ᠴᠢᠳᠠᠪᠤᠷᠢᠲᠠᠨ ᠵᠡᠷᠭᠡ ᠣᠷᠦ᠋ᠢ᠍ᠯᠠᠭᠰᠠᠨ ᠴᠢᠳᠠᠪᠤᠷᠢᠲᠠᠨ᠎ᠢ ᠶᠡᠭᠡ᠎ᠪᠠᠷ ᠬᠥᠮᠦᠵᠢᠭᠦᠯᠵᠦ᠂ ᠨᠠᠩ ᠣᠯᠠᠨ ᠬᠤᠰᠢᠭᠤᠷᠠᠭᠰᠠᠨ ᠣᠷᠣᠶ᠋ᠢᠯᠠᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ 《ᠲᠤᠷᠰᠢᠯᠲᠠ ᠵᠢᠨ ᠲᠠᠰᠤᠭ》᠎ᠠᠴᠠ 《ᠬᠡᠷᠡᠭᠯᠡᠭᠡᠨ᠎ᠤ ᠲᠠᠯᠠᠪᠤᠷ》 ᠲᠡᠢ᠌ᠰᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮ᠎ᠤᠨ ᠳᠠᠪᠰᠢᠯᠲᠠ ᠵᠢ ᠬᠥᠲᠥᠯᠥᠨ ᠳᠠᠭ᠋ᠠᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠪᠤᠶᠠᠨ ᠦᠢ᠍ᠯᠡᠳᠬᠦ ᠵᠢ ᠠᠬᠢᠭᠤᠯᠤᠨ᠎ᠠ᠃

   ᠭᠠᠳᠠᠭ᠋ᠠᠳᠤ ᠬᠠᠷᠢᠯᠴᠠᠭ᠋ᠠᠨ᠎ᠤ ᠳᠤᠮᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠯᠢᠭᠡᠷ᠎ᠢ ᠰᠠᠶ᠋ᠢᠲᠤᠷ ᠶᠠᠷᠢᠬᠤ ᠬᠡᠷᠡᠭᠲᠡᠶ

   ᠳᠡᠭᠡᠳᠦ ᠰᠤᠷᠭ᠋ᠠᠭᠤᠯᠢ᠎ᠨᠤᠭᠤᠳ᠎ᠤᠨ ᠬᠣᠭᠣᠷᠣᠨᠳᠣ ᠵᠢᠨ ᠣᠯᠠᠨ ᠤᠯᠤᠰ᠎ᠤᠨ ᠰᠣᠯᠢᠯᠴᠠᠭ᠎ᠠ ᠬᠢᠭᠡᠳ ᠬᠣᠷᠰᠢᠯᠴᠠᠭ᠎ᠠ᠎ᠨᠢ ᠨᠢᠭᠡᠨᠲᠡ ᠪᠦᠬᠦ ᠪᠥᠮᠪᠥᠷᠴᠡᠭ᠎ᠤᠨ ᠮᠡᠳᠡᠯᠭᠡ ᠵᠢᠨ ᠤᠯᠠᠮᠵᠢᠯᠠᠯᠲᠠ ᠪᠣᠯᠤᠨ ᠰᠣᠶᠣᠯ᠎ᠤᠨ ᠰᠣᠯᠢᠯᠴᠠᠭ᠋ᠠᠨ᠎ᠤ ᠴᠢᠬᠤᠯᠠ ᠵᠠᠩᠭᠢᠯᠠᠭ᠎ᠠ ᠪᠣᠯᠤᠭᠰᠠᠨ ᠪᠠᠶ᠋ᠢᠨ᠎ᠠ᠃ ᠶᠡᠭᠡ ᠳᠡᠭᠡᠳᠦ ᠰᠤᠷᠭ᠋ᠠᠭᠤᠯᠢ ᠵᠢᠨ᠎ᠬᠢᠨ ᠳᠤᠮᠳᠠᠳᠤ ᠵᠢᠨ ᠦᠨᠳᠦᠰᠦᠲᠡᠨ᠎ᠤ ᠥᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠶᠡᠭᠡ᠎ᠪᠠᠷ ᠤᠬᠠᠭᠤᠯᠤᠨ ᠲᠠᠨᠢᠯᠴᠠᠭᠤᠯᠬᠤ ᠲᠠᠯ᠎ᠠ᠎ᠪᠠᠷ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠳᠤᠮᠳᠠᠳᠤ ᠵᠢ ᠤᠶ᠋ᠢᠯᠠᠭ᠋ᠠᠵᠤ ᠨᠥᠬᠦᠷᠯᠡᠩᠰᠡᠨ ᠣᠯᠠᠨ ᠤᠯᠤᠰ᠎ᠤᠨ ᠶᠠᠷᠢᠶ᠎ᠠ ᠬᠡᠯᠡᠯᠴᠡᠭᠡᠨ᠎ᠤ ᠨᠠᠶ᠋ᠢᠵᠠ ᠵᠢᠨ ᠬᠦᠷᠢᠶ᠎ᠡ᠎ᠪᠠᠨ ᠥᠷᠭᠡᠳᠬᠡᠵᠦ᠂ ᠳᠤᠮᠳᠠᠳᠤ ᠤᠯᠤᠰ᠎ᠤᠨ ᠵᠣᠷᠢᠯᠲᠠ ᠵᠢ ᠨᠡᠩ ᠰᠠᠨᠠᠭ᠋ᠠᠴᠢᠯᠠᠭ᠎ᠠ᠎ᠠᠴᠠ᠎ᠪᠠᠨ ᠤᠬᠠᠭᠤᠯᠤᠨ ᠲᠠᠨᠢᠯᠴᠠᠭᠤᠯᠵᠤ᠂ ᠳᠤᠮᠳᠠᠳᠤ ᠵᠢᠨ ᠰᠣᠶᠣᠯ᠎ᠢ ᠤᠯᠠᠮᠵᠢᠯᠠᠵᠤ᠂ ᠳᠤᠮᠳᠠᠳᠤ ᠤᠯᠤᠰ᠎ᠤᠨ ᠲᠦᠷᠢ ᠲᠥᠷᠬᠦ ᠵᠢ ᠢᠯᠡᠷᠡᠭᠦᠯᠬᠦ ᠬᠡᠷᠡᠭᠲᠡᠢ᠃

   ᠠᠭᠤᠯᠭ᠎ᠠ ᠵᠢ ᠪᠠᠶᠠᠯᠢᠭᠵᠢᠭᠤᠯᠵᠤ᠂ ᠶᠣᠰᠣ ᠵᠢ ᠲᠣᠳᠣᠷᠬᠠᠢ ᠶᠠᠷᠢᠨ᠎ᠠ᠃ ᠳᠤᠮᠳᠠᠳᠤ ᠭᠠᠳᠠᠭ᠋ᠠᠳᠤ ᠵᠢᠨ ᠡᠷᠳᠡᠮ ᠰᠢᠨᠵᠢᠯᠡᠬᠡᠨ᠎ᠤ ᠡᠲᠡᠭᠡᠳ ᠵᠢᠴᠢ ᠠᠷᠠᠳ᠎ᠤᠨ ᠪᠦᠯᠬᠦᠮ᠎ᠤᠨ ᠰᠣᠯᠢᠯᠴᠠᠭ᠎ᠠ ᠦᠢ᠍ᠯᠡᠳᠦᠯᠴᠡᠯ᠎ᠢ ᠪᠥᠬᠦ ᠲᠠᠯ᠎ᠠ᠎ᠪᠠᠷ᠂ ᠣᠯᠠᠨ ᠠᠷᠭ᠎ᠠ ᠵᠠᠮ ᠵᠶ᠋ᠠᠷ ᠠᠬᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠨᠡᠶ᠋ᠢᠭᠡᠮ ᠵᠢᠷᠤᠮ᠎ᠤᠨ ᠪᠠᠶ᠋ᠢᠭᠤᠯᠤᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠬᠠᠮᠲᠤ ᠵᠢᠨ ᠬᠥᠭᠵᠢᠯᠲᠡ ᠳᠠᠪᠰᠢᠯᠲᠠ ᠵᠢᠨ ᠨᠠᠶ᠋ᠢᠳᠠᠪᠤᠷᠢᠲᠠᠶ ᠪᠠᠲᠤᠯᠠᠭ᠎ᠠ ᠮᠥᠨ᠂ ᠳᠤᠮᠳᠠᠳᠤ ᠵᠢᠨ ᠦᠨᠳᠦᠰᠦᠲᠡᠨ ᠪᠣᠯ ᠬᠦᠴᠦᠷᠬᠡᠭ ᠶᠡᠭᠡ ᠢᠵᠢᠯᠢᠰᠢᠬᠦ ᠬᠡᠮᠵᠢᠶ᠎ᠡ ᠪᠠ ᠨᠢᠭᠲᠠᠷᠠᠭᠤᠯᠬᠤ ᠬᠦᠴᠦᠨ᠎ᠲᠠᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠮᠥᠨ ᠭᠡᠳᠡᠭ᠎ᠢ ᠲᠣᠳᠣᠷᠬᠠᠶ ᠶᠠᠷᠢᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠳᠤ ᠪᠠᠶ᠋ᠢᠬᠤ ᠢᠯᠡᠷᠬᠡᠶ ᠳᠠᠪᠠᠭᠤᠯᠢᠭ ᠴᠢᠨᠠᠷ᠎ᠢ ᠲᠣᠳᠣᠷᠬᠠᠶ ᠶᠠᠷᠢᠭᠰᠠᠨ ᠪᠠᠶ᠋ᠢᠨ᠎ᠠ᠃

   ᠠᠷᠭ᠎ᠠ ᠮᠠᠶᠢᠭ ᠵᠶ᠋ᠠᠨ ᠰᠢᠨᠡᠴᠢᠯᠡᠵᠦ᠂ ᠦᠯᠢᠭᠡᠷ ᠵᠶ᠋ᠠᠨ ᠰᠠᠶ᠋ᠢᠲᠤᠷ ᠶᠠᠷᠢᠨ᠎ᠠ᠃ ᠬᠤᠪᠢᠰᠬᠠᠯᠲᠤ ᠰᠣᠶᠣᠯ ᠵᠡᠷᠭᠡ ᠵᠣᠷᠢᠭ ᠰᠠᠨᠠᠭ᠎ᠠ ᠡᠯᠪᠡᠭ ᠠᠭᠤᠷᠬᠠᠶ ᠵᠢ ᠭᠦᠨᠵᠡᠭᠡᠶ ᠠᠭᠤᠳᠠᠯᠤᠨ ᠰᠠᠶ᠋ᠢᠲᠤᠷ ᠬᠡᠷᠡᠭᠯᠡᠵᠦ᠂ ᠲᠣᠭ᠋ᠠᠴᠢᠯᠠᠭᠰᠠᠨ ᠮᠡᠷᠭᠡᠵᠢᠯ᠎ᠢ ᠳᠡᠯᠭᠡᠨ ᠦᠵᠡᠭᠦᠯᠬᠦ᠂ ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠬᠦ᠂ ᠰᠣᠷᠣᠭᠴᠢ ᠵᠢᠨ ᠲᠥᠯᠥᠭᠡᠯᠡᠭᠴᠢ ᠵᠢ ᠰᠣᠩᠭᠤᠨ ᠲᠣᠮᠢᠯᠠᠬᠤ᠎ᠪᠠᠷ ᠳᠠᠮᠵᠢᠭᠤᠯᠤᠨ ᠣᠯᠠᠨ ᠤᠯᠤᠰ᠎ᠤᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ᠎ᠳᠤ ᠣᠷᠣᠯᠴᠠᠭᠤᠯᠬᠤ ᠵᠡᠷᠭᠡ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠳᠡᠯᠡᠬᠡᠶ ᠨᠡᠶ᠋ᠢᠭᠡᠮ᠎ᠳᠤ ᠳᠤᠮᠳᠠᠳᠤ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠠᠶ᠋ᠢᠭ᠋ᠠᠳ ᠤᠯᠤᠰ ᠵᠶ᠋ᠠᠨ ᠬᠦᠴᠦᠷᠬᠡᠭᠵᠢᠭᠦᠯᠬᠦ ᠪᠥᠲᠥᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠠᠬᠢᠭᠤᠯᠬᠤ ᠲᠠᠭᠤᠨ᠎ᠢ ᠰᠠᠶ᠋ᠢᠲᠤᠷ ᠤᠯᠠᠮᠵᠢᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠷᠢᠯᠴᠠᠨ ᠳᠣᠲᠣᠨᠣᠴᠢᠯᠠᠭᠰᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠪᠦᠯᠬᠦᠮᠳᠡᠯ᠎ᠤᠨ ᠥᠯᠢᠭᠡᠷ᠎ᠢ ᠰᠠᠶ᠋ᠢᠲᠤᠷ ᠶᠠᠷᠢᠬᠤ ᠬᠡᠷᠡᠭᠲᠡᠢ᠃

   ᠮᠠᠭᠤ ᠵᠢ᠎ᠨᠢ ᠦᠯᠳᠡᠨ ᠰᠠᠢ᠌ᠨ᠎ᠢ᠎ᠨᠢ ᠪᠠᠳᠠᠷᠠᠭᠤᠯᠵᠤ᠂ ᠢᠲᠡᠭᠡᠯ ᠵᠣᠷᠢᠭ ᠵᠶ᠋ᠠᠨ ᠪᠠᠲᠤᠳᠬᠠᠨ᠎ᠠ᠃ 《ᠤᠷᠢᠵᠤ ᠠᠪᠴᠢᠷᠠᠬᠤ》᠂ 《ᠭᠠᠷᠴᠦ ᠶᠠᠪᠤᠬᠤ》 ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠭᠠᠳᠠᠭ᠋ᠠᠳᠤ᠎ᠳᠤ ᠰᠤᠷᠤᠯᠴᠠᠭᠰᠠᠳ᠎ᠤᠨ ᠰᠤᠷᠭ᠋ᠠᠨ ᠬᠥᠮᠦᠵᠢᠯ ᠪᠣᠯᠤᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠣᠣᠷ᠎ᠢ ᠭᠦᠢ᠍ᠴᠡᠳ ᠠᠰᠢᠭᠯᠠᠵᠤ᠂ ᠰᠤᠷᠭ᠋ᠠᠭᠤᠯᠢ ᠵᠢᠨ ᠬᠤᠭᠤᠷᠣᠨᠳᠣᠬᠢ ᠰᠣᠯᠢᠯᠴᠠᠭ᠎ᠠ᠂ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ᠂ ᠳᠤᠮᠳᠠᠳᠤ ᠤᠯᠤᠰ᠎ᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠴᠢᠰᠤ ᠮᠢᠬᠠᠨ᠎ᠤ ᠠᠭᠤᠰᠤᠯᠴᠠᠯ᠂ ᠡᠶ᠎ᠡ ᠨᠠᠶ᠋ᠢᠷᠲᠠᠢ᠎ᠪᠠᠷ ᠬᠠᠮᠲᠤ ᠣᠷᠣᠰᠢᠬᠤ ᠵᠣᠯ ᠵᠢᠷᠭ᠋ᠠᠯᠲᠤ ᠠᠮᠢᠳᠤᠷᠠᠯ᠎ᠢ ᠶᠡᠬᠡᠪᠡᠷ ᠤᠬᠠᠭᠤᠯᠤᠨ ᠳᠡᠯᠭᠡᠨ ᠦᠵᠡᠭᠦᠯᠵᠦ᠂ ᠳᠡᠯᠡᠬᠡᠢ ᠨᠡᠶ᠋ᠢᠭᠡᠮ᠎ᠤᠨ ᠳᠤᠮᠳᠠᠳᠤ ᠵᠢᠨ ᠦᠨᠳᠦᠰᠦᠲᠡᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠨᠡᠩ ᠰᠠᠶ᠋ᠢᠲᠤᠷ ᠠᠬᠢᠭᠤᠯᠬᠤ ᠵᠢ ᠨᠡᠩ ᠰᠠᠶ᠋ᠢᠲᠤᠷ ᠠᠬᠢᠭᠤᠯᠬᠤ ᠬᠡᠷᠡᠭᠲᠡᠢ᠃

   ᠮᠡᠳᠡᠭᠡ ᠵᠠᠩᠭᠢ ᠵᠢᠨ ᠢᠷᠡᠯᠲᠡ᠄ ᠳᠤᠮᠳᠠᠳᠤ ᠤᠯᠤᠰ᠎ᠤᠨ ᠦᠨᠳᠦᠰᠦᠲᠡᠨ᠎ᠤ ᠰᠣᠨᠢᠨ

 

ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠢᠳᠡᠳ ᠬᠡᠯᠡᠨ᠎ᠤ ᠰᠦᠯᠵᠢᠶᠡᠨ ᠦᠷᠳᠡᠭᠡ