ᠶᠡᠭᠡ ᠳᠡᠭᠡᠳᠦ ᠰᠤᠷᠭ᠋ᠠᠭᠤᠯᠢ᠎ᠨᠤᠭᠤᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠲᠠᠯ᠎ᠠ᠎ᠪᠠᠷ ᠡᠮᠦᠨ᠎ᠡ ᠡᠩᠨᠡᠭᠡᠨ᠎ᠳᠤ ᠶᠠᠪᠤᠬᠤ ᠬᠡᠷᠡᠭᠲᠡᠢ
2025-04-01

   ᠶᠡᠷᠦᠩᠬᠡᠶ ᠱᠦᠵᠢ ᠰᠢ ᠵᠢᠨ ᠫᠢᠩ ᠭᠦᠢ᠍ᠵᠧᠦ ᠵᠢᠨ ᠦᠨᠳᠦᠰᠦᠲᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠳᠠᠭ᠎ᠠ ᠪᠦᠷᠢ ᠭᠦᠢ᠍ᠵᠧᠦ᠎ᠳᠤ ᠬᠦᠷᠴᠦ ᠰᠢᠨᠵᠢᠯᠡᠨ ᠪᠠᠶ᠋ᠢᠴᠠᠭ᠋ᠠᠬᠤ᠎ᠳᠠᠭᠠᠨ ᠴᠥᠭᠡᠨ ᠲᠣᠭ᠋ᠠᠲᠤ ᠦᠨᠳᠦᠰᠦᠲᠡᠨ᠎ᠤ ᠣᠯᠠᠨ ᠲᠦᠮᠡᠨ᠎ᠢ ᠡᠷᠭᠢᠨ ᠦᠵᠡᠵᠦ᠂ ᠤᠳᠠᠭ᠎ᠠ ᠪᠦᠷᠢ ᠭᠦᠢ᠍ᠵᠧᠦ᠎ᠳᠤ ᠲᠠᠯᠪᠢᠭᠰᠠᠨ ᠴᠢᠬᠤᠯᠠ ᠶᠠᠷᠢᠶ᠎ᠠ᠎ᠨᠢ ᠯᠠᠪᠲᠠᠶ ᠦᠨᠳᠦᠰᠦᠲᠡᠨ᠎ᠤ ᠠᠵᠢᠯ᠎ᠢ ᠶᠠᠷᠢᠨ᠎ᠠ᠃ ᠶᠡᠭᠡ ᠳᠡᠭᠡᠳᠦ ᠰᠤᠷᠭ᠋ᠠᠭᠤᠯᠢ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠠᠵᠢᠯ᠎ᠢ ᠥᠷᠨᠢᠭᠦᠯᠬᠦ ᠭᠤᠣᠯ ᠵᠢᠭᠰᠠᠭ᠋ᠠᠯ᠎ᠤᠨ ᠭᠠᠵᠠᠷ᠎ᠤᠨ ᠨᠢᠭᠡ ᠮᠥᠨ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃

   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠰᠠᠶ᠋ᠢᠲᠤᠷ ᠬᠢᠬᠦ ᠲᠠᠯ᠎ᠠ᠎ᠪᠠᠷ ᠵᠢᠱ᠌ᠢᠶ᠎ᠡ ᠦᠵᠡᠭᠦᠯᠬᠦ ᠬᠡᠷᠡᠭᠲᠡᠢ᠃ ᠣᠨᠣᠯ ᠵᠶ᠋ᠠᠷ ᠵᠡᠪᠰᠡᠭᠯᠡᠬᠦ ᠵᠢ ᠴᠢᠩᠭ᠋ᠠᠳᠬᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠣᠨᠣᠯ ᠰᠤᠷᠤᠯᠴᠠᠬᠤ ᠠᠭᠤᠯᠭ᠎ᠠ᠎ᠳᠤ ᠣᠷᠣᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠢ ᠨᠠᠮ᠎ᠤᠨ ᠪᠠᠶ᠋ᠢᠭᠤᠯᠤᠯᠲᠠ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠳᠤ ᠣᠷᠣᠭᠤᠯᠵᠤ᠂ ᠤᠯᠤᠰ ᠲᠥᠷᠥ ᠵᠢᠨ ᠪᠠᠶ᠋ᠢᠴᠠᠭ᠋ᠠᠯᠲᠠ᠂ ᠴᠠᠭᠳᠠᠨ ᠪᠠᠶ᠋ᠢᠴᠠᠭ᠋ᠠᠯᠲᠠ᠂ ᠵᠠᠰᠠᠭ᠎ᠤᠨ ᠠᠵᠢᠯ᠎ᠤᠨ ᠪᠦᠲᠦᠮᠵᠢ ᠵᠢ ᠬᠢᠨᠠᠨ ᠰᠢᠯᠭ᠋ᠠᠬᠤ᠎ᠳᠤ ᠣᠷᠣᠭᠤᠯᠬᠤ ᠬᠡᠷᠡᠭᠲᠡᠶ᠃ ᠬᠥᠮᠦᠵᠢᠯ ᠪᠣᠯᠪᠠᠰᠤᠷᠠᠯ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢ ᠺᠠᠳ᠋ᠷ᠎ᠤᠨ ᠬᠥᠮᠦᠵᠢᠯ᠂ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠵᠤ᠂ ᠠᠵᠢᠯ᠎ᠤᠨ ᠴᠢᠯᠥᠭᠡᠨ᠎ᠤ ᠨᠠᠮ᠎ᠤᠨ ᠰᠤᠷᠭ᠋ᠠᠭᠤᠯᠢ᠂ ᠠᠵᠢᠯ᠎ᠤᠨ ᠴᠢᠯᠥᠭᠡᠨ᠎ᠤ ᠡᠪᠯᠡᠯ᠎ᠤᠨ ᠰᠤᠷᠭ᠋ᠠᠭᠤᠯᠢ ᠵᠢᠨ ᠪᠣᠯᠪᠠᠰᠤᠷᠠᠯ᠎ᠤᠨ ᠬᠢᠴᠢᠶᠡᠯ᠎ᠤᠨ ᠰᠢᠰᠲ᠋ᠧᠮ᠎ᠳᠤ ᠣᠷᠣᠭᠤᠯᠤᠨ᠎ᠠ᠃ ᠤᠬᠠᠭᠤᠯᠵᠤ ᠬᠥᠲᠥᠯᠥᠨ ᠵᠢᠯᠣᠭᠤᠳᠬᠤ᠎ᠪᠠᠨ ᠴᠢᠩᠭ᠋ᠠᠳᠬᠠᠵᠤ᠂ ᠤᠬᠠᠭᠤᠯᠭ᠎ᠠ ᠬᠥᠮᠦᠵᠢᠯ᠎ᠤᠨ ᠪᠠᠶ᠋ᠢᠩᠭᠤᠵᠢᠭᠰᠠᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠤ ᠭᠠᠳᠠᠭᠤᠷᠬᠢ ᠤᠬᠠᠭᠤᠯᠭ᠎ᠠ ᠵᠢᠨ ᠵᠢᠭᠰᠠᠭ᠋ᠠᠯ᠎ᠤᠨ ᠭᠠᠵᠠᠷ᠎ᠢ ᠭᠦᠢ᠍ᠴᠡᠳ ᠠᠰᠢᠭᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠰᠣᠯᠢᠯᠴᠠᠵᠤ ᠬᠠᠮᠲᠤ᠎ᠪᠠᠷ ᠡᠳ᠋ᠯᠡᠬᠦ ᠲᠠᠪᠴᠠᠩ᠎ᠢ ᠪᠣᠶ ᠪᠣᠯᠭ᠋ᠠᠨ᠎ᠠ᠃ ᠴᠢᠳᠠᠪᠤᠷᠢᠲᠠᠨ ᠬᠥᠮᠦᠵᠢᠭᠦᠯᠬᠦ ᠰᠢᠰᠲ᠋ᠧᠮᠵᠢ᠎ᠳᠤ ᠠᠭᠤᠰᠤᠯᠴᠠᠭᠤᠯᠵᠤ᠂ ᠵᠢᠩᠬᠢᠨᠢ ᠠᠩᠭᠢ ᠵᠢᠨ ᠰᠤᠷᠤᠭᠴᠢᠳ᠎ᠤᠨ ᠰᠤᠷᠭ᠋ᠠᠨ ᠬᠥᠮᠦᠵᠢᠯ᠎ᠢ ᠰᠠᠶ᠋ᠢᠲᠤᠷ ᠠᠳᠬᠤᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠬᠤᠷᠢᠶᠠᠩᠭᠤᠶ ᠥᠭᠦᠯᠡᠯ》 ᠭᠡᠬᠦ ᠨᠡᠶ᠋ᠢᠳᠡᠮ ᠲᠠᠨᠢᠬᠤ ᠰᠤᠷᠭ᠋ᠠᠨ ᠬᠥᠮᠦᠵᠢᠯ᠎ᠤᠨ ᠵᠠᠪᠠᠯ ᠰᠤᠷᠬᠤ ᠬᠢᠴᠢᠶᠡᠯ᠎ᠢ ᠰᠠᠶ᠋ᠢᠲᠤᠷ ᠰᠤᠷᠤᠯᠴᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ᠎ᠳᠤ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠡᠳᠦᠪ ᠪᠣᠯᠭ᠋ᠠᠭᠰᠠᠨ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠠᠵᠢᠯᠯᠠᠭ᠎ᠠ ᠵᠢ ᠥᠷᠨᠢᠭᠦᠯᠵᠦ᠂ 《ᠲᠠᠪᠤᠨ ᠬᠠᠮᠲᠤ ᠵᠢᠨ ᠲᠠᠨᠢᠯᠲᠠ》 ᠵᠢᠨ ᠰᠤᠷᠭ᠋ᠠᠨ ᠬᠥᠮᠦᠵᠢᠯ᠎ᠢ ᠶᠡᠬᠡᠪᠡᠷ ᠥᠷᠨᠢᠭᠦᠯᠵᠦ᠂ ᠳᠤᠮᠳᠠᠳᠤ ᠵᠢᠨ ᠦᠷ᠎ᠡ ᠵᠢ ᠰᠤᠷᠤᠭᠴᠢᠳ᠎ᠤᠨ ᠰᠡᠳᠬᠢᠯ᠎ᠳᠤ ᠭᠦᠨ ᠦᠨᠳᠦᠰᠦᠯᠡᠭᠦᠯᠦᠨ᠎ᠡ᠃ ᠤᠨᠤᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠋ᠠᠨ᠎ᠤ ᠰᠤᠳᠤᠯᠭ᠋ᠠᠨ ᠲᠠᠶ᠋ᠢᠯᠪᠤᠷᠢᠯᠠᠯᠲᠠ ᠵᠢ ᠭᠦᠨᠵᠡᠭᠡᠶ᠋ᠢᠷᠡᠭᠦᠯᠵᠦ᠂ ᠣᠷᠣᠨ ᠨᠤᠲᠤᠭ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠰᠲ᠋ᠧᠮ᠎ᠤᠨ ᠪᠠᠶ᠋ᠢᠭᠤᠯᠤᠯᠲᠠ ᠵᠢᠨ ᠰᠤᠳᠤᠯᠭ᠋ᠠᠨ᠎ᠢ ᠥᠷᠨᠢᠭᠦᠯᠵᠦ᠂ ᠨᠢᠭᠡ ᠪᠦᠯᠦᠭ ᠨᠥᠯᠥᠭᠡᠯᠡᠬᠦ ᠬᠦᠴᠦᠨ᠎ᠲᠠᠢ᠂ ᠣᠷᠣᠨ ᠪᠦᠰᠡ ᠵᠢᠨ ᠣᠨᠴᠠᠯᠢᠭ᠎ᠲᠠᠢ ᠲᠥᠯᠥᠭᠡᠯᠡᠬᠦ ᠴᠢᠨᠠᠷᠲᠠᠢ ᠰᠤᠳᠤᠯᠭ᠋ᠠᠨ᠎ᠤ ᠦᠷ᠎ᠡ ᠪᠦᠲᠦᠭᠡᠯ᠎ᠢ ᠪᠦᠷᠢᠯᠳᠦᠭᠦᠯᠦᠨ᠎ᠡ᠃

   ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ᠎ᠲᠠᠢ ᠨᠡᠶ᠋ᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠪᠡᠬᠢᠵᠢᠭᠦᠯᠦᠨ ᠬᠥᠭᠵᠢᠭᠦᠯᠬᠦ ᠲᠠᠯ᠎ᠠ᠎ᠪᠠᠷ ᠵᠢᠱ᠌ᠢᠶ᠎ᠡ ᠦᠵᠡᠭᠦᠯᠬᠦ ᠬᠡᠷᠡᠭᠲᠡᠶ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠲᠦᠯᠬᠢᠨ ᠠᠬᠢᠭᠤᠯᠬᠤ ᠦᠨᠳᠦᠰᠦᠨ ᠴᠢᠭᠯᠡᠯ᠂ ᠭᠤᠣᠯ ᠡᠭᠦᠷᠭᠡ᠂ ᠦᠨᠡᠯᠡᠬᠦ ᠪᠠᠷᠢᠮᠵᠢᠶ᠎ᠠ ᠪᠣᠯᠭ᠋ᠠᠵᠤ᠂ ᠠᠵᠢᠯ᠎ᠤᠨ ᠪᠦᠬᠦ ᠶᠠᠪᠤᠴᠠ ᠵᠢᠨ ᠡᠯ᠎ᠡ ᠲᠠᠯ᠎ᠠ᠎ᠳᠤ ᠲᠤᠭᠤᠰᠢᠯᠠᠭᠤᠯᠤᠨ᠎ᠠ᠃ ᠠᠭᠤᠯᠤᠭᠳᠠᠬᠤᠨ᠎ᠢ ᠭᠦᠨᠵᠡᠭᠡᠶ᠋ᠢᠷᠡᠭᠦᠯᠵᠦ᠂ ᠬᠡᠯᠪᠡᠷᠢ ᠵᠢ ᠪᠠᠶᠠᠯᠢᠭᠵᠢᠭᠤᠯᠵᠤ᠂ ᠠᠷᠭ᠎ᠠ ᠵᠢᠨ ᠰᠢᠨ᠎ᠡ ᠵᠢ ᠡᠭᠦᠳᠬᠦ᠎ᠪᠠᠷ ᠬᠦᠴᠦᠯᠡᠵᠦ᠂ 《ᠮᠡᠳᠡᠭᠦᠯᠬᠦ᠂ ᠰᠦᠯᠵᠢᠶ᠎ᠡ᠂ ᠦᠵᠦᠭᠦᠷ᠂ ᠪᠢᠴᠢᠯ᠂ ᠳᠡᠯᠭᠡᠴᠡ》 ᠵᠢᠨ ᠤᠯᠠᠨ ᠡᠰᠢᠲᠦ ᠠᠭᠤᠰᠤᠯᠴᠠᠯ᠎ᠤᠨ ᠵᠠᠭᠪᠤᠷ᠎ᠢ ᠠᠪᠴᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠢᠯᠡ ᠲᠣᠳᠣ ᠪᠦᠲᠦᠮᠵᠢᠲᠡᠢ ᠥᠷᠨᠢᠭᠦᠯᠦᠨ᠎ᠡ᠃ ᠴᠡᠭ ᠪᠠ ᠨᠡᠶ᠋ᠢᠳᠡᠮ᠎ᠢ ᠤᠶᠠᠯᠳᠤᠭᠤᠯᠬᠤ᠂ ᠨᠢᠭᠡᠳᠦᠯᠲᠡᠶ ᠲᠥᠯᠥᠪᠯᠡᠨ ᠨᠡᠶ᠋ᠢᠲᠡ᠎ᠳᠤᠨᠢ ᠬᠠᠷᠠᠭ᠋ᠠᠯᠵᠠᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠤ ᠭᠠᠳᠠᠭᠤᠷᠬᠢ ᠵᠢ ᠵᠡᠷᠭᠡ᠎ᠪᠠᠷ ᠠᠳᠬᠤᠬᠤ ᠵᠢ ᠳᠣᠪᠤᠶ᠋ᠢᠯᠭ᠋ᠠᠵᠤ᠂ ᠬᠥᠲᠥᠯᠥᠨ ᠵᠢᠯᠣᠭᠤᠳᠬᠤ ᠵᠢ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠶ᠃ ᠴᠢᠳᠠᠪᠤᠷᠢᠲᠠᠨ᠎ᠤ ᠥᠨᠳᠦᠷᠯᠢᠭ᠎ᠤᠨ ᠦᠢ᠍ᠯᠡᠳᠦᠯ᠎ᠢ ᠪᠠᠳᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠡᠶ᠋ᠢᠲᠡ᠂ ᠵᠢᠱ᠌ᠢᠶᠡᠴᠢ ᠬᠤᠪᠢ ᠬᠥᠮᠦᠨ ᠵᠢᠴᠢ ᠵᠢᠱ᠌ᠢᠶ᠎ᠡ ᠦᠵᠡᠭᠦᠯᠬᠦ ᠲᠣᠭᠤᠷᠢᠭ᠂ ᠵᠢᠱ᠌ᠢᠶ᠎ᠡ ᠦᠵᠡᠭᠦᠯᠬᠦ ᠨᠢᠭᠡᠴᠢ ᠵᠢᠨ ᠨᠡᠶ᠋ᠢᠲᠡᠯᠢᠭ ᠲᠤᠷᠰᠢᠯᠭ᠎ᠠ ᠵᠢ ᠪᠣᠯᠪᠠᠰᠤᠷᠠᠭᠤᠯᠬᠤ ᠪᠠ ᠤᠬᠠᠭᠤᠯᠬᠤ᠎ᠳᠤ ᠢᠳᠡᠪᠬᠢᠲᠡᠢ ᠣᠷᠣᠯᠴᠠᠵᠤ᠂ ᠦᠯᠢᠭᠡᠷ ᠳᠠᠭᠤᠷᠢᠶᠠᠯ᠎ᠤᠨ ᠬᠦᠴᠦᠨ᠎ᠢ ᠨᠡᠩ ᠰᠠᠶ᠋ᠢᠲᠤᠷ ᠪᠠᠳᠠᠷᠠᠭᠤᠯᠤᠨ᠎ᠠ᠃ ᠪᠣᠳᠠᠲᠠᠢ᠎ᠳᠤ ᠰᠠᠭᠤᠷᠢᠯᠠᠵᠤ᠂ ᠣᠨᠴᠠᠯᠢᠭ ᠵᠶ᠋ᠠᠨ ᠳᠣᠪᠤᠶ᠋ᠢᠯᠭ᠋ᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠵᠢᠱ᠌ᠢᠶ᠎ᠡ ᠦᠵᠡᠭᠦᠯᠬᠦ ᠨᠢᠭᠡᠴᠢ ᠵᠢᠨ ᠲᠤᠷᠰᠢᠯᠲᠠ ᠵᠢ ᠰᠦᠪᠡᠭᠴᠢᠯᠡᠨ ᠡᠭᠦᠳᠦᠨ ᠪᠠᠶ᠋ᠢᠭᠤᠯᠬᠤ ᠬᠡᠷᠡᠭᠲᠡᠢ᠃

   ᠨᠡᠶ᠋ᠢᠭᠡᠮ ᠵᠢᠷᠤᠮ᠎ᠤᠨ ᠰᠤᠶᠤᠯ᠎ᠢ ᠴᠡᠴᠡᠭᠯᠡᠭᠦᠯᠦᠨ ᠬᠥᠭᠵᠢᠭᠦᠯᠬᠦ ᠲᠠᠯ᠎ᠠ᠎ᠪᠠᠷ ᠵᠢᠱ᠌ᠢᠶ᠎ᠡ ᠦᠵᠡᠭᠦᠯᠬᠦ ᠬᠡᠷᠡᠭᠲᠡᠢ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠰᠤᠷᠭ᠋ᠠᠭᠤᠯᠢ ᠵᠢᠨ  ᠬᠦᠷᠢᠶ᠎ᠡ᠂ ᠬᠢᠴᠢᠶᠡᠯ᠎ᠤᠨ ᠲᠠᠩᠬᠢᠮ᠂ ᠪᠠᠶ᠋ᠢᠷᠢ ᠵᠢᠨ ᠭᠡᠷ ᠵᠡᠷᠭᠡ ᠠᠵᠢᠯ᠂ ᠰᠤᠷᠤᠯᠴᠠᠯᠭ᠎ᠠ᠂ ᠠᠵᠢᠯᠯᠠᠭ᠋ᠠᠨ᠎ᠤ ᠲᠠᠯᠠᠪᠤᠷ᠎ᠲᠤ ᠣᠷᠣᠭᠤᠯᠬᠤ ᠵᠢ ᠢᠳᠡᠪᠬᠢᠲᠡᠶ᠎ᠪᠠᠷ ᠲᠦᠯᠬᠢᠨ ᠠᠬᠢᠭᠤᠯᠤᠨ᠎ᠠ᠃ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠵᠦ ᠪᠠᠶ᠋ᠢᠭ᠎ᠠ ᠳᠤᠮᠳᠠᠳᠤ ᠵᠢᠨ ᠰᠣᠶᠣᠯ᠎ᠤᠨ ᠲᠡᠮᠳᠡᠭ ᠪᠣᠯᠤᠨ ᠲᠦᠷᠢ ᠲᠥᠷᠬᠦ ᠵᠢ ᠲᠤᠪᠤᠶ᠋ᠢᠯᠭ᠋ᠠᠵᠦ᠂ ᠲᠠᠶ᠋ᠢᠯᠪᠤᠷᠢᠯᠠᠬᠤ᠂ ᠤᠬᠠᠭᠤᠯᠬᠤ᠂ ᠳᠡᠯᠭᠡᠷᠡᠭᠦᠯᠬᠦ ᠵᠢ ᠴᠢᠩᠭ᠋ᠠᠳᠬᠠᠵᠤ᠂ ᠴᠢᠬᠤᠯᠠ ᠶᠡᠭᠡ ᠠᠵᠢᠯᠯᠠᠭ᠎ᠠ᠂ ᠤᠯᠠᠨ ᠨᠡᠶ᠋ᠢᠲᠡ ᠵᠢᠨ ᠲᠠᠯᠠᠪᠤᠷ᠎ᠲᠤ ᠥᠷᠭᠡᠨ ᠵᠶ᠋ᠠᠷ ᠬᠡᠷᠡᠭᠯᠡᠵᠦ᠂ ᠡᠳᠦᠷ ᠲᠤᠳᠤᠮ᠎ᠤᠨ ᠠᠮᠢᠳᠤᠷᠠᠯ᠎ᠳᠤ ᠠᠭᠤᠰᠤᠯᠴᠠᠭᠤᠯᠤᠨ᠎ᠠ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ᠎ᠨᠢ ᠬᠤᠪᠢᠷᠠᠭᠤᠯᠬᠤ᠂ ᠰᠢᠨ᠎ᠡ ᠵᠢ ᠡᠭᠦᠳᠬᠦ ᠴᠢᠨᠠᠷᠲᠠᠶ᠎ᠪᠠᠷ ᠬᠥᠭᠵᠢᠭᠦᠯᠬᠦ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠭᠣᠤᠯᠯᠠᠬᠤ ᠥᠷᠲᠡᠭ᠎ᠤᠨ ᠦᠵᠡᠯᠲᠡ᠎ᠪᠠᠷ ᠬᠥᠲᠥᠯᠦᠮᠵᠢ ᠪᠣᠯᠭ᠋ᠠᠵᠤ᠂ ᠳᠤᠮᠳᠠᠳᠤ ᠵᠢᠨ ᠰᠣᠶᠣᠯ ᠪᠠ ᠡᠯ᠎ᠡ ᠦᠨᠳᠦᠰᠦᠲᠡᠨ᠎ᠤ ᠰᠣᠶᠣᠯ᠎ᠤᠨ ᠬᠠᠷᠢᠴᠠᠭ᠎ᠠ ᠵᠢ ᠵᠥᠪ ᠵᠶ᠋ᠠᠷ ᠡᠵᠡᠮᠰᠢᠨ᠂ ᠣᠷᠣᠨ ᠪᠦᠰᠡ ᠵᠢᠨ ᠰᠣᠶᠣᠯ᠎ᠤᠨ ᠡᠬᠢ ᠪᠠᠶᠠᠯᠢᠭ᠎ᠢ ᠢᠳᠡᠪᠬᠢᠲᠡᠶ ᠠᠭᠤᠳᠠᠯᠵᠤ᠂ ᠨᠢᠭᠡ ᠪᠦᠯᠦᠭ ᠳᠤᠮᠳᠠᠳᠤ ᠵᠢᠨ ᠰᠣᠶᠣᠯ᠎ᠤᠨ ᠠᠭᠤᠯᠤᠭᠳᠠᠬᠤᠨ᠎ᠲᠠᠢ᠂ ᠡᠯ᠎ᠡ ᠦᠨᠳᠦᠰᠦᠲᠡᠨ᠎ᠤ ᠰᠣᠶᠣᠯ᠎ᠤᠨ ᠰᠢᠮ᠎ᠡ ᠲᠡᠵᠢᠭᠡᠯ᠎ᠲᠠᠢ᠂ ᠴᠠᠭ ᠦᠶ᠎ᠡ ᠵᠢᠨ ᠵᠣᠷᠢᠭ ᠰᠠᠨᠠᠭ᠎ᠠ ᠵᠢ ᠢᠯᠡᠷᠡᠭᠦᠯᠦᠭᠰᠡᠨ ᠰᠣᠶᠣᠯ᠎ᠤᠨ ᠰᠣᠳᠣᠨ ᠪᠦᠲᠦᠭᠡᠯ᠂ ᠤᠳᠬ᠎ᠠ ᠤᠷᠠᠯᠢᠭ᠎ᠤᠨ ᠪᠦᠲᠦᠭᠡᠯ᠂ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠲᠠᠨᠢᠯᠴᠠᠭᠤᠯᠬᠤ᠎ᠳᠤ ᠢᠳᠡᠪᠬᠢᠲᠡᠶ ᠣᠷᠣᠯᠴᠠᠬᠤ ᠬᠡᠷᠡᠭᠲᠡᠶ᠃ ᠰᠢᠯᠦᠭ ᠳᠠᠭᠤᠯᠠᠯ᠎ᠤᠨ ᠤᠷᠠᠨ ᠤᠩᠰᠢᠯᠭ᠎ᠠ᠂ ᠳᠠᠭᠤᠤ ᠪᠥᠵᠢᠭ᠎ᠤᠨ ᠦᠵᠡᠭᠦᠯᠭᠡ ᠵᠢᠨ ᠲᠣᠭᠯᠠᠯᠲᠠ᠂ ᠶᠠᠷᠢᠶ᠎ᠠ ᠢᠯᠡᠳᠬᠡᠯ᠎ᠤᠨ ᠵᠣᠬᠢᠶᠠᠯ ᠡᠯᠰᠡᠬᠦ᠂ ᠭᠡᠷᠡᠯ ᠵᠢᠷᠤᠭ᠎ᠤᠨ ᠦᠵᠡᠰᠬᠦᠯᠡᠩ ᠵᠡᠷᠭᠡ ᠰᠣᠶᠣᠯ᠎ᠤᠨ ᠠᠵᠢᠯᠯᠠᠭ᠎ᠠ ᠵᠢ ᠢᠳᠡᠪᠬᠢᠲᠡᠶ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠢᠳᠡᠪᠬᠢᠲᠡᠶ᠎ᠪᠠᠷ ᠤᠯᠠᠮᠵᠢᠯᠠᠨ ᠪᠠᠳᠠᠷᠠᠭᠤᠯᠬᠤ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠪᠤᠶ᠋ᠢᠵᠢᠭᠤᠯᠤᠨ ᠰᠣᠩᠭᠤᠵᠤ᠂ ᠦᠨᠳᠦᠰᠦᠲᠡᠨ᠎ᠨᠦᠭᠦᠳ᠎ᠤᠨ ᠪᠠᠭᠰᠢ ᠰᠤᠷᠤᠭᠴᠢᠳ᠎ᠢ ᠬᠥᠲᠥᠯᠥᠨ ᠵᠢᠯᠣᠭᠤᠳᠴᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠤᠬᠠᠭᠤᠯᠤᠭᠴᠢ᠂ ᠦᠢ᠍ᠯᠡᠳᠦᠯᠭᠡᠵᠢᠭᠦᠯᠦᠭᠴᠢ ᠪᠣᠯᠭ᠋ᠠᠨ᠎ᠠ᠃ ᠣᠳᠣ ᠦᠶ᠎ᠡ ᠵᠢᠨ ᠪᠣᠯᠪᠠᠰᠤᠨ᠎ᠤ ᠰᠤᠷᠭ᠋ᠠᠨ ᠬᠥᠮᠦᠵᠢᠯ᠂ ᠠᠷᠠᠳ ᠢᠷᠭᠡᠳ᠎ᠤᠨ ᠶᠣᠰᠣ ᠮᠣᠷᠠᠯ᠎ᠤᠨ ᠪᠠᠶ᠋ᠢᠭᠤᠯᠤᠯᠲᠠ᠂ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠡᠷᠭᠡ ᠵᠢ ᠴᠢᠩᠭ᠋ᠠᠳᠬᠠᠵᠤ᠂ ᠡᠯ᠎ᠡ ᠦᠨᠳᠦᠰᠦᠲᠡᠨ᠎ᠤ ᠪᠠᠭᠰᠢ ᠰᠤᠷᠤᠭᠴᠢᠳ᠎ᠤᠨ ᠶᠣᠰᠣ ᠮᠣᠷᠠᠯ᠎ᠤᠨ ᠬᠢᠷᠢ ᠲᠦᠪᠰᠢᠨ᠂ ᠪᠣᠯᠪᠠᠰᠤᠨ᠎ᠤ ᠬᠡᠪ ᠪᠣᠯᠪᠠᠰᠤᠷᠠᠯ ᠪᠠ ᠰᠢᠨᠵᠢᠯᠡᠬᠦ ᠤᠬᠠᠭ᠋ᠠᠨ ᠰᠣᠶᠣᠯ᠎ᠤᠨ ᠬᠡᠪ ᠴᠢᠨᠠᠷ᠎ᠢ ᠳᠡᠭᠡᠭᠰᠢᠯᠡᠭᠦᠯᠵᠦ᠂ ᠦᠵᠡᠯ ᠰᠠᠨᠠᠭ᠎ᠠ ᠣᠶ᠋ᠢᠯᠠᠭ᠋ᠠᠭᠳᠠᠬᠤᠨ᠂ ᠣᠶᠤᠨ ᠰᠠᠨᠠᠭ᠋ᠠᠨ᠎ᠤ ᠳᠤᠷ᠎ᠠ ᠰᠣᠨᠢᠷᠬᠠᠯ᠂ ᠠᠮᠢᠳᠤᠷᠠᠯ᠎ᠤᠨ ᠠᠷᠭ᠎ᠠ ᠮᠠᠶᠢᠭ᠎ᠤᠨ ᠲᠠᠯ᠎ᠠ᠎ᠪᠠᠷ ᠣᠳᠣᠬᠢᠴᠢᠯᠠᠯᠲᠠ ᠲᠡᠢ᠌ᠰᠢ ᠤᠷᠤᠭᠰᠢᠯᠠᠨ᠎ᠠ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠶᠡᠬᠡᠪᠡᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠦᠭᠡ ᠬᠡᠯᠡ᠎ᠪᠠᠷ ᠰᠡᠳᠬᠢᠯ ᠰᠠᠨᠠᠭ᠎ᠠ᠎ᠪᠠᠨ  ᠨᠡᠪᠲᠡᠷᠡᠯᠴᠡᠭᠦᠯᠬᠦ᠂ ᠬᠤᠪᠢ ᠵᠠᠶᠠᠭ᠎ᠠ᠎ᠪᠠᠨ ᠬᠠᠷᠢᠯᠴᠠᠨ ᠨᠡᠪᠲᠡᠷᠡᠯᠴᠡᠬᠦ ᠵᠢ ᠠᠬᠢᠭᠤᠯᠤᠨ᠎ᠠ᠃ ᠦᠨᠳᠦᠰᠦᠲᠡᠨ᠎ᠨᠦᠭᠦᠳ᠎ᠤᠨ ᠦᠭᠡ ᠬᠡᠯᠡ ᠦᠰᠦᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ ᠪᠠ ᠬᠡᠷᠡᠭᠯᠡᠯᠲᠡ ᠵᠢ ᠬᠦᠨᠳᠦᠳᠬᠡᠨ ᠪᠠᠲᠤᠯᠠᠬᠤ ᠬᠡᠷᠡᠭᠲᠡᠶ᠃

   ᠡᠯ᠎ᠡ ᠦᠨᠳᠦᠰᠦᠲᠡᠨ ᠪᠦᠬᠦ ᠲᠠᠯ᠎ᠠ᠎ᠪᠠᠷ ᠬᠠᠷᠢᠯᠴᠠᠨ ᠰᠢᠭᠢᠳᠬᠡᠬᠦ ᠳᠡᠭᠡᠷ᠎ᠡ ᠵᠢᠱ᠌ᠢᠶ᠎ᠡ ᠦᠵᠡᠭᠦᠯᠬᠦ ᠬᠡᠷᠡᠭᠲᠡᠢ᠃ ᠰᠣᠯᠢᠯᠴᠠᠭ᠎ᠠ ᠰᠤᠷᠤᠯᠴᠠᠯᠭ᠎ᠠ᠎ᠪᠠᠨ  ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠲᠥᠯᠥᠪᠯᠡᠭᠡ ᠵᠢ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠣᠷᠣᠨ ᠪᠦᠰᠡ ᠪᠠ ᠣᠷᠣᠨ ᠪᠦᠰᠡ ᠠᠯᠤᠰᠯᠠᠭᠰᠠᠨ ᠬᠤᠣᠰ ᠴᠢᠭᠯᠡᠯ ᠵᠶ᠋ᠠᠷ ᠰᠣᠯᠢᠯᠴᠠᠬᠤ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠬᠠᠷᠢᠯᠴᠠᠨ ᠣᠶ᠋ᠢᠯᠠᠭ᠋ᠠᠯᠴᠠᠵᠤ ᠬᠦᠨᠳᠦᠳᠬᠡᠬᠦ᠂ ᠬᠠᠷᠢᠯᠴᠠᠨ ᠪᠠᠭᠲᠠᠭ᠋ᠠᠵᠤ ᠰᠣᠨᠢᠷᠬᠠᠬᠤ᠂ ᠬᠠᠷᠢᠯᠴᠠᠨ ᠰᠤᠷᠤᠯᠴᠠᠵᠤ ᠬᠠᠪᠰᠤᠷᠬᠤ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡ ᠲᠦᠷᠦᠭᠳᠡᠯ᠎ᠲᠠᠢ ᠪᠦᠲᠦᠮᠵᠢᠲᠡᠢ ᠪᠠᠲᠤ ᠪᠠᠬᠢ ᠪᠤᠢ ᠪᠣᠯᠭ᠋ᠠᠬᠤ ᠬᠡᠷᠡᠭᠲᠡᠢ᠃ ᠣᠷᠴᠢᠨ ᠲᠣᠭᠣᠷᠢᠨ᠎ᠤ ᠬᠥᠮᠦᠨ ᠬᠥᠮᠦᠵᠢᠭᠦᠯᠬᠦ ᠵᠢ ᠴᠢᠩᠭ᠋ᠠᠳᠬᠠᠵᠤ᠂ ᠰᠤᠷᠭ᠋ᠠᠭᠤᠯᠢ ᠵᠢᠨ ᠬᠦᠷᠢᠶᠡᠨ᠎ᠳᠤ ᠡᠯ᠎ᠡ ᠦᠨᠳᠦᠰᠦᠲᠡᠨ᠎ᠤ ᠬᠠᠮᠲᠤᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠣᠯᠤᠨ ᠳᠦᠷᠢ ᠲᠥᠷᠬᠦ ᠵᠢ ᠢᠯᠡᠷᠡᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠳᠡᠯᠭᠡᠷᠡᠭᠦᠯᠬᠦ ᠠᠵᠢᠯᠯᠠᠭ᠎ᠠ ᠵᠢ ᠡᠷᠬᠢᠯᠡᠵᠦ᠂ ᠡᠯ᠎ᠡ ᠦᠨᠳᠦᠰᠦᠲᠡᠨ᠎ᠤ ᠪᠠᠭᠰᠢ ᠰᠤᠷᠤᠭᠴᠢᠳ᠎ᠢ ᠬᠥᠲᠥᠯᠦᠨ ᠵᠢᠯᠣᠭᠣᠳᠴᠤ ᠰᠣᠶᠣᠯ᠎ᠤᠨ ᠢᠲᠡᠭᠡᠯ᠎ᠢ᠎ᠨᠢ ᠪᠠᠲᠤᠳᠬᠠᠬᠤ ᠬᠡᠷᠡᠭᠲᠡᠢ᠃ ᠠᠵᠢᠯ ᠣᠯᠭᠤᠯᠲᠠ᠎ᠪᠠᠷ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠰᠤᠷᠤᠭᠴᠢᠳ᠎ᠤᠨ ᠠᠵᠢᠯ ᠣᠯᠭᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠦᠨᠳᠦᠰᠦᠲᠡᠨ᠎ᠨᠦᠭᠦᠳ᠎ᠤᠨ ᠰᠤᠷᠤᠭᠴᠢᠳ᠎ᠢ ᠵᠣᠬᠢᠶᠠᠨ ᠪᠠᠶ᠋ᠢᠭᠤᠯᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠤᠷᠢᠨ᠎ᠢ ᠬᠠᠮᠠᠭ᠋ᠠᠯᠠᠬᠤ᠂ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠵᠡᠷᠭᠡ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠢᠳᠡᠪᠬᠢᠲᠡᠶ ᠣᠷᠣᠯᠴᠠᠭᠤᠯᠵᠤ᠂ ᠦᠨᠳᠦᠰᠦᠲᠡᠨ᠎ᠨᠦᠭᠦᠳ᠎ᠤᠨ ᠬᠠᠷᠢᠯᠴᠠᠨ ᠰᠢᠭᠢᠳᠦᠨ ᠬᠥᠭᠵᠢᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃

   ᠮᠡᠳᠡᠭᠡ ᠵᠠᠩᠭᠢ ᠵᠢᠨ ᠢᠷᠡᠯᠲᠡ᠄ ᠳᠤᠮᠳᠠᠳᠤ ᠤᠯᠤᠰ᠎ᠤᠨ ᠦᠨᠳᠦᠰᠦᠲᠡᠨ᠎ᠤ ᠰᠣᠨᠢᠨ

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠢᠲᠠᠳ ᠬᠡᠯᠡᠨ᠎ᠤ ᠰᠦᠯᠵᠢᠶ᠎ᠡ