ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ — ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ
2025-05-13

   ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠬᠥᠭᠵᠢᠯᠲᠡ ᠵᠢᠨ ᠦᠨᠳᠦᠷᠴᠡ᠎ᠠᠴᠠ ᠡᠭᠦᠰᠴᠦ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢ᠍ᠯᠡᠰ᠎ᠲᠠᠬᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠴᠢᠬᠤᠯᠠ ᠪᠠᠶ᠋ᠢᠷᠢ ᠰᠠᠭᠤᠷᠢ ᠪᠣᠯᠤᠨ ᠪᠠᠶ᠋ᠢᠯᠳᠤᠬᠤ ᠪᠤᠳᠤᠯᠭ᠎ᠠ ᠵᠢᠨ ᠠᠴᠢ ᠬᠤᠯᠪᠣᠭᠳᠠᠯ᠎ᠢ ᠭᠦᠨᠵᠡᠭᠡᠢ ᠡᠵᠡᠮᠳᠡᠵᠦ᠂ ᠠᠮᠢ ᠠᠬᠤᠢ ᠵᠢᠨ ᠪᠣᠯᠪᠠᠰᠤᠨ᠎ᠤ ᠤᠨᠤᠯ᠎ᠤᠨ ᠰᠢᠨ᠎ᠡ ᠡᠭᠦᠳᠦᠯᠲᠡ᠂ ᠦᠢ᠍ᠯᠡᠳᠦᠯᠭᠡ ᠵᠢᠨ ᠰᠢᠨ᠎ᠡ ᠡᠭᠦᠳᠦᠯᠲᠡ᠂ ᠲᠦᠷᠢᠮ᠎ᠤᠨ ᠰᠢᠨ᠎ᠡ ᠡᠭᠦᠳᠦᠯᠲᠡ ᠵᠢ ᠶᠡᠬᠡᠪᠡᠷ ᠠᠬᠢᠭᠤᠯᠵᠤ᠂ ᠠᠯᠢ ᠤᠯᠠᠨ ᠰᠢᠨ᠎ᠡ ᠣᠶ᠋ᠢᠯᠠᠭ᠋ᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶ᠋ᠢᠯᠳᠤᠬᠤ ᠪᠤᠳᠤᠯᠭ᠎ᠠ ᠵᠢ ᠪᠦᠲᠦᠭᠡᠯᠴᠢ᠎ᠪᠠᠷ ᠳᠤᠷᠠᠳᠴᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠪᠦᠷᠢᠯᠳᠦᠭᠦᠯᠪᠡ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ ᠵᠢ ᠳᠤᠮᠳᠠᠳᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠦᠢ᠍ᠯᠡᠳᠦᠯᠭᠡ᠎ᠲᠠᠢ ᠤᠶᠠᠯᠳᠤᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠠᠮᠢ ᠠᠬᠤᠢ ᠵᠢᠨ ᠰᠣᠶᠣᠯ᠎ᠲᠠᠢ ᠤᠶᠠᠯᠳᠤᠭᠤᠯᠤᠭᠰᠠᠨ ᠴᠢᠬᠤᠯᠠ ᠶᠡᠭᠡ ᠦᠷ᠎ᠡ ᠪᠦᠲᠦᠭᠡᠯ ᠮᠥᠨ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠪᠠ ᠤᠨᠤᠯ᠎ᠤᠨ ᠰᠢᠨ᠎ᠡ ᠡᠭᠦᠳᠦᠯᠲᠡ ᠵᠢᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠦᠷᠢᠶᠡᠨ᠎ᠳᠠᠬᠢ ᠲᠥᠪᠯᠡᠷᠡᠩᠭᠦᠢ ᠢᠯᠡᠷᠡᠯ ᠮᠥᠨ᠂ ᠰᠢᠨ᠎ᠡ ᠴᠠᠭ ᠦᠶ᠎ᠡ ᠵᠢᠨ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠮᠥᠨ᠃

  2018 ᠣᠨ᠎ᠤ 5  ᠳ᠋ᠤᠭ᠋ᠠᠷ ᠰᠠᠷ᠎ᠠ ᠵᠢᠨ 18᠎ᠤ ᠡᠳᠦᠷ᠎ᠠᠴᠠ 19᠎ᠤ ᠡᠳᠦᠷ ᠪᠣᠯᠲᠠᠯ᠎ᠠ᠂ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ᠎ᠠᠴᠠ 《ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ》 ᠵᠢ ᠲᠣᠳᠣᠷᠬᠠᠢ ᠳᠤᠷᠠᠳᠤᠭᠰᠠᠨ ᠪᠥᠭᠡᠳ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠎ᠳᠤ ᠡᠷᠬᠡᠪᠰᠢ ᠵᠢᠷᠤᠮᠯᠠᠬᠤ ᠵᠢᠷᠭᠤᠭ᠋ᠠᠨ ᠴᠢᠬᠤᠯᠠ ᠵᠠᠷᠴᠢᠮ ᠪᠣᠯᠣᠨ᠎ᠠ᠂ ᠡᠨᠡ ᠬᠦ᠌ 《ᠵᠢᠷᠭᠤᠭ᠋ᠠᠨ ᠵᠠᠷᠴᠢᠮ》 ᠪᠣᠯ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠭᠤᠣᠯ ᠴᠢᠮᠥᠭᠡ ᠪᠣᠯᠣᠨ᠎ᠠ᠃ ᠲᠤᠬᠠᠶ᠋ᠢᠯᠠᠪᠠᠯ᠄ (1) ᠬᠥᠮᠦᠨ ᠬᠢᠭᠡᠳ ᠪᠠᠶ᠋ᠢᠭ᠋ᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠪᠠᠷᠢᠮᠲᠠᠯᠠᠵᠤ᠂ ᠠᠷᠪᠢᠯᠠᠨ ᠭᠠᠮᠨᠠᠬᠤ ᠵᠢ ᠲᠡᠷᠢᠭᠦᠨ᠎ᠳᠤ ᠲᠠᠯᠪᠢᠬᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠠᠶᠠᠨᠳᠠᠭ᠋ᠠᠨ ᠰᠡᠷᠭᠦᠭᠡᠬᠦ᠎ᠪᠠᠷ ᠭᠤᠣᠯ ᠪᠣᠯᠭ᠋ᠠᠬᠤ ᠴᠢᠭᠯᠡᠯᠲᠡ ᠵᠢ ᠪᠠᠷᠢᠮᠲᠠᠯᠠᠵᠤ᠂ ᠨᠢᠳᠦᠨ ᠴᠡᠴᠡᠭᠡᠢ᠎ᠪᠠᠨ ᠬᠠᠮᠠᠭ᠋ᠠᠯᠠᠬᠤ᠎ᠲᠠᠢ ᠠᠳᠠᠯᠢ᠎ᠪᠠᠷ ᠠᠮᠢ ᠠᠬᠤᠢ ᠵᠢᠨ ᠣᠷᠴᠢᠨ ᠲᠣᠭᠤᠷᠢᠨ᠎ᠢ ᠬᠠᠮᠠᠭ᠋ᠠᠯᠠᠵᠤ᠂ ᠠᠮᠢ ᠨᠠᠰᠤᠨ᠎ᠳᠤ ᠬᠠᠨᠳᠤᠬᠤ᠎ᠲᠠᠢ ᠠᠳᠠᠯᠢ᠎ᠪᠠᠷ ᠠᠮᠢ ᠠᠬᠤᠢ ᠵᠢᠨ ᠣᠷᠴᠢᠨ ᠲᠣᠭᠤᠷᠢᠨ᠎ᠳᠤ ᠬᠠᠨᠳᠤᠵᠤ᠂ ᠪᠠᠶ᠋ᠢᠭ᠋ᠠᠯᠢ ᠵᠢᠨ ᠠᠮᠢ ᠠᠬᠤᠢ ᠵᠢᠨ ᠦᠵᠡᠰᠬᠦᠯᠡᠩᠲᠦ ᠰᠠᠶ᠋ᠢᠬᠠᠨ ᠦᠵᠡᠮᠵᠢ ᠵᠢ ᠬᠥᠮᠦᠨ᠎ᠤ ᠶᠢᠷᠲᠢᠨᠴᠦ᠎ᠳᠤ ᠡᠭᠦᠷᠢᠳᠡ ᠰᠠᠭᠤᠯᠭ᠋ᠠᠵᠤ᠂ ᠨᠠᠮ ᠵᠢᠮ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶ᠋ᠢᠬᠠᠨ᠎ᠢ ᠪᠠᠢ᠌ᠭ᠋ᠠᠯᠢ᠎ᠳᠤ ᠪᠤᠴᠠᠭ᠋ᠠᠨ᠎ᠠ᠃ (2) ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ᠂ ᠰᠢᠨ᠎ᠡ ᠵᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ᠎ᠪᠠᠷ ᠡᠳ᠋ᠯᠡᠬᠦ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠵᠤ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠤᠷᠢᠨ᠎ᠢ ᠬᠠᠮᠠᠭ᠋ᠠᠯᠠᠬᠤ ᠣᠷᠣᠨ ᠵᠠᠢ ᠵᠢᠨ ᠪᠠᠶ᠋ᠢᠷᠢᠰᠢᠯ᠂ ᠠᠵᠤ ᠦᠢ᠍ᠯᠡᠰ᠎ᠤᠨ ᠪᠦᠲᠦᠴᠡ᠂ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ᠂ ᠠᠮᠢᠳᠤᠷᠠᠯ᠎ᠤᠨ ᠠᠷᠭ᠎ᠠ ᠬᠡᠯᠪᠡᠷᠢ ᠵᠢ ᠲᠦᠷᠭᠡᠨ ᠪᠦᠷᠢᠯᠳᠦᠭᠦᠯᠵᠦ᠂ ᠪᠠᠶ᠋ᠢᠭ᠋ᠠᠯᠢ ᠵᠢᠨ ᠠᠮᠢ ᠠᠬᠤᠢ᠎ᠳᠤ ᠠᠮᠤᠷᠵᠢᠭᠤᠯᠤᠨ ᠲᠡᠩᠬᠡᠷᠡᠭᠦᠯᠬᠦ ᠴᠠᠭ ᠪᠠ ᠣᠷᠣᠨ ᠵᠠᠢ ᠦᠯᠡᠳᠡᠭᠡᠬᠦ ᠵᠢ ᠲᠦᠷᠭᠡᠳᠬᠡᠨ᠎ᠡ᠃ (3) ᠰᠠᠶ᠋ᠢᠨ ᠰᠠᠶ᠋ᠢᠬᠠᠨ ᠠᠮᠢ ᠠᠬᠤᠢ ᠵᠢᠨ ᠣᠷᠴᠢᠨ ᠲᠣᠭᠤᠷᠢᠨ ᠪᠣᠯ ᠬᠠᠮᠤᠭ᠎ᠤᠨ ᠲᠦᠭᠡᠮᠡᠯ ᠠᠰᠢᠭ ᠬᠦᠷᠲᠡᠭᠡᠬᠦ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ ᠮᠥᠨ᠂ ᠠᠮᠢ ᠠᠬᠤᠢ᠎ᠪᠠᠷ ᠠᠷᠠᠳ᠎ᠲᠤ ᠠᠰᠢᠭ ᠬᠦᠷᠲᠡᠭᠡᠬᠦ᠂  ᠠᠮᠢ ᠠᠬᠤᠢ᠎ᠪᠠᠷ ᠠᠷᠠᠳ᠎ᠤᠨ ᠲᠥᠯᠥᠭᠡ ᠪᠠᠶ᠋ᠢᠬᠤ ᠵᠢ ᠪᠠᠷᠢᠮᠲᠠᠯᠠᠵᠤ᠂ ᠤᠯᠠᠨ ᠲᠦᠮᠡᠨ᠎ᠤ ᠡᠷᠡᠭᠦᠯ ᠮᠡᠨᠳᠤ ᠵᠢ ᠬᠤᠬᠢᠷᠠᠭᠤᠯᠤᠭᠰᠠᠨ ᠣᠷᠴᠢᠨ ᠲᠣᠭᠤᠷᠢᠨ᠎ᠤ ᠲᠤᠪᠤᠶ᠋ᠢᠮ᠎ᠠ ᠠᠰᠠᠭᠤᠳᠠᠯ᠎ᠢ ᠭᠤᠣᠯᠳᠠᠯᠭ᠎ᠠ᠎ᠲᠠᠢ ᠰᠢᠢ᠍ᠳᠪᠦᠷᠢᠯᠡᠵᠦ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠦᠵᠡᠰᠬᠦᠯᠡᠩᠲᠦ ᠰᠠᠶ᠋ᠢᠬᠠᠨ ᠠᠮᠢ ᠠᠬᠤᠢ ᠵᠢᠨ ᠣᠷᠴᠢᠨ ᠲᠣᠭᠤᠷᠢᠨ᠎ᠤ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠨ᠎ᠠ᠃ (4) ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠪᠣᠯ ᠠᠮᠢ ᠨᠠᠰᠤᠨ᠎ᠤ ᠬᠠᠮᠲᠤ ᠵᠢᠨ ᠴᠣᠭᠴᠠ ᠮᠥᠨ᠂ ᠨᠢᠭᠡᠳᠦᠯᠲᠡᠶ ᠲᠥᠯᠥᠪᠯᠡᠨ ᠨᠡᠶ᠋ᠢᠲᠡ᠎ᠳᠤᠨᠢ ᠬᠠᠷᠠᠭ᠋ᠠᠯᠵᠠᠵᠤ᠂ ᠪᠦᠬᠦᠯᠢ ᠴᠣᠭᠴᠠ᠎ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ᠂ ᠪᠥᠬᠦ ᠭᠠᠵᠠᠷ ᠣᠷᠣᠨ᠂ ᠪᠥᠬᠦ ᠶᠠᠪᠤᠴᠠ᠎ᠳᠤ ᠦᠷᠨᠢᠭᠦᠯᠦᠨ᠎ᠡ᠃ (5) ᠬᠠᠮᠤᠭ᠎ᠤᠨ ᠴᠢᠩᠭ᠎ᠠ ᠲᠦᠷᠢᠮ᠎ᠤᠨ ᠬᠠᠮᠤᠭ᠎ᠤᠨ ᠴᠢᠩᠭ᠎ᠠ ᠬᠠᠤᠯᠢ᠎ᠪᠠᠷ ᠵᠠᠰᠠᠬᠤ᠎ᠪᠠᠷ ᠠᠮᠢ ᠠᠬᠤᠢ ᠣᠷᠴᠢᠨ ᠲᠣᠭᠤᠷᠢᠨ᠎ᠢ ᠬᠠᠮᠠᠭ᠋ᠠᠯᠠᠵᠤ᠂ ᠲᠦᠷᠢᠮ᠎ᠤᠨ ᠰᠢᠨ᠎ᠡ ᠵᠢ ᠡᠭᠦᠳᠬᠦ ᠵᠢ ᠲᠦᠷᠭᠡᠳᠬᠡᠵᠦ᠂ ᠲᠦᠷᠢᠮ᠎ᠤᠨ ᠬᠡᠷᠡᠭᠵᠢᠭᠦᠯᠦᠯᠲᠡ ᠵᠢ ᠴᠢᠩᠭ᠋ᠠᠳᠬᠠᠵᠤ᠂ ᠲᠦᠷᠢᠮ᠎ᠢ ᠬᠠᠲᠠᠭᠤ ᠬᠢᠵᠠᠭ᠋ᠠᠷᠯᠠᠯ ᠪᠠ ᠬᠦᠨᠳᠡᠵᠦ ᠪᠣᠯᠤᠰᠢ ᠦᠭᠡᠢ ᠥᠨᠳᠥᠷ ᠳᠠᠷᠤᠯᠲᠠᠲᠤ ᠱᠤᠭᠤᠮ ᠪᠤᠯᠭ᠋ᠠᠨ᠎ᠠ᠃ (6) ᠪᠦᠬᠦ ᠪᠥᠮᠪᠥᠷᠴᠡᠭ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠬᠠᠮᠲᠤ᠎ᠪᠠᠷ ᠰᠦᠪᠡᠭᠴᠢᠯᠡᠵᠦ᠂ ᠪᠦᠬᠦ ᠪᠥᠮᠪᠥᠷᠴᠡᠭ᠎ᠤᠨ ᠣᠷᠴᠢᠨ ᠲᠣᠭᠤᠷᠢᠨ᠎ᠤ ᠵᠠᠰᠠᠯᠲᠠ᠎ᠳᠤ ᠭᠦᠨᠵᠡᠭᠡᠢ ᠣᠷᠣᠯᠴᠠᠵᠤ᠂ ᠳᠡᠯᠡᠬᠡᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠪᠠ ᠦᠷᠭᠦᠯᠵᠢᠯᠡᠬᠦ ᠬᠥᠭᠵᠢᠯᠲᠡ ᠵᠢ ᠰᠢᠢ᠍ᠳᠪᠦᠷᠢᠯᠡᠬᠦ ᠲᠥᠰᠦᠯ᠎ᠢ ᠪᠦᠷᠢᠯᠳᠦᠭᠦᠯᠵᠦ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠤᠯᠠᠨ ᠤᠯᠤᠰ᠎ᠤᠨ ᠬᠠᠮᠲᠤᠷᠠᠯᠴᠠᠭ᠎ᠠ ᠵᠢ ᠬᠦᠲᠦᠯᠦᠨ ᠵᠢᠯᠣᠭᠤᠳᠤᠨ᠎ᠠ᠃

  2018 ᠣᠨ᠎ᠤ 6 ᠳ᠋ᠤᠭ᠋ᠠᠷ ᠰᠠᠷ᠎ᠠ᠎ᠳᠤ᠂ 《ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠬᠦ ᠲᠤᠬᠠᠢ ᠨᠠᠮ᠎ᠤᠨ ᠲᠥᠪ ᠬᠤᠷᠢᠶ᠎ᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠳᠤ 《ᠨᠠᠢ᠍ᠮᠠ ᠵᠢ ᠪᠠᠷᠢᠮᠲᠠᠯᠠᠬᠤ》᠎ᠠᠴᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠬᠡᠷᠡᠭᠲᠡᠢ ᠭᠡᠵᠦ ᠳᠤᠷᠠᠳᠴᠠᠢ᠃ ᠲᠤᠬᠠᠶ᠋ᠢᠯᠠᠪᠠᠯ᠄ (1) ᠠᠮᠢ ᠠᠬᠤᠶ ᠬᠥᠭᠵᠢᠪᠡᠯ ᠪᠣᠯᠪᠠᠰᠤᠨ ᠬᠥᠭᠵᠢᠨ᠎ᠡ᠃ (2) ᠬᠥᠮᠦᠨ ᠬᠢᠭᠡᠳ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ ᠣᠷᠣᠰᠢᠬᠤ ᠵᠢ ᠪᠠᠷᠢᠮᠲᠠᠯᠠᠨ᠎ᠠ᠃ (3) ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠳᠡᠭ᠎ᠢ ᠪᠠᠷᠢᠮᠲᠠᠯᠠᠨ᠎ᠠ᠃ (4) ᠰᠠᠶ᠋ᠢᠨ ᠰᠠᠶ᠋ᠢᠬᠠᠨ ᠠᠮᠢ ᠠᠬᠤᠢ ᠵᠢᠨ ᠣᠷᠴᠢᠨ ᠲᠣᠭᠤᠷᠢᠨ᠎ᠢ ᠪᠠᠷᠢᠮᠲᠠᠯᠠᠬᠤ ᠪᠣᠯ ᠬᠠᠮᠤᠭ᠎ᠤᠨ ᠲᠦᠭᠡᠮᠡᠯ ᠠᠰᠢᠭ ᠬᠦᠷᠲᠡᠭᠡᠬᠦ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ ᠮᠥᠨ᠃ (5) ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠪᠣᠯ ᠠᠮᠢ ᠨᠠᠰᠤᠨ᠎ᠤ ᠬᠠᠮᠲᠤ ᠵᠢᠨ ᠴᠣᠭᠴᠠ ᠪᠣᠯᠬᠤ ᠵᠢ ᠪᠠᠷᠢᠮᠲᠠᠯᠠᠬᠤ ᠬᠡᠷᠡᠭᠲᠡᠶ᠃ (6) ᠬᠠᠮᠤᠭ᠎ᠤᠨ ᠴᠢᠩᠭ᠎ᠠ ᠳᠦᠷᠢᠮ ᠵᠶ᠋ᠠᠷ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠬᠡᠷᠡᠭᠲᠡᠶ᠃ (7) ᠦᠵᠡᠰᠭᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠪᠦᠬᠦ ᠠᠷᠠᠳ᠎ᠤᠨ ᠠᠵᠢᠯᠯᠠᠭ᠎ᠠ ᠵᠢ ᠪᠠᠷᠢᠮᠲᠠᠯᠠᠨ᠎ᠠ᠃ (8) ᠪᠦᠬᠦ ᠪᠥᠮᠪᠥᠷᠴᠡᠭ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠬᠠᠮᠲᠤ᠎ᠪᠠᠷ ᠰᠦᠪᠡᠭᠴᠢᠯᠡᠨ᠎ᠡ᠃ ᠳᠠᠷᠤᠢ 《ᠵᠢᠷᠭᠤᠭ᠋ᠠᠨ ᠵᠠᠷᠴᠢᠮ》᠎ᠤᠨ ᠰᠠᠭᠤᠷᠢᠨ ᠳᠡᠭᠡᠷ᠎ᠡ 《ᠠᠮᠢ ᠠᠬᠤᠢ ᠵᠢ ᠬᠥᠭᠵᠢᠭᠦᠯᠬᠦ ᠵᠢ ᠪᠠᠷᠢᠮᠲᠠᠯᠠᠪᠠᠯ ᠪᠣᠯᠪᠠᠰᠤᠨ᠎ᠢ ᠮᠠᠨᠳᠤᠭᠤᠯᠬᠤ》 ᠪᠠ 《ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠬᠤ ᠵᠢ ᠪᠠᠷᠢᠮᠲᠠᠯᠠᠬᠤ ᠪᠦᠬᠦ ᠠᠷᠠᠳ᠎ᠤᠨ ᠠᠵᠢᠯᠯᠠᠭ᠎ᠠ》 ᠵᠢ ᠨᠡᠮᠡᠪᠡ᠃

  2022 ᠣᠨ᠎ᠤ 8 ᠳ᠋ᠤᠭ᠋ᠠᠷ ᠰᠠᠷ᠎ᠠ ᠵᠢᠨ 18᠎ᠤ ᠡᠳᠦᠷ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠰᠤᠳᠤᠯᠭ᠋ᠠᠨ᠎ᠤ ᠲᠥᠪ᠎ᠨᠢ ᠠᠷᠠᠳ᠎ᠤᠨ ᠡᠳᠦᠷ᠎ᠤᠨ ᠰᠣᠨᠢᠨ᠎ᠳᠤ ᠵᠣᠬᠢᠶᠠᠯ ᠨᠡᠶ᠋ᠢᠲᠡᠯᠡᠵᠦ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠦᠨᠳᠦᠰᠦᠨ ᠠᠭᠤᠯᠭ᠎ᠠ ᠵᠢ 《ᠠᠷᠪᠠ ᠵᠢ ᠪᠠᠷᠢᠮᠲᠠᠯᠠᠬᠤ》 ᠪᠣᠯᠭ᠋ᠠᠨ ᠬᠤᠷᠢᠶᠠᠩᠭᠤᠶ᠋ᠢᠯᠠᠪᠠ᠃ ᠲᠤᠬᠠᠶ᠋ᠢᠯᠠᠪᠠᠯ᠄ (1) ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ᠎ᠠ᠃ (2) ᠠᠮᠢ ᠠᠬᠤᠶ ᠬᠥᠭᠵᠢᠪᠡᠯ ᠪᠣᠯᠪᠠᠰᠤᠨ ᠬᠥᠭᠵᠢᠬᠦ ᠵᠢ ᠪᠠᠷᠢᠮᠲᠠᠯᠠᠨ᠎ᠠ᠃ (3) ᠬᠥᠮᠦᠨ ᠬᠢᠭᠡᠳ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ ᠣᠷᠣᠰᠢᠬᠤ ᠵᠢ ᠪᠠᠷᠢᠮᠲᠠᠯᠠᠨ᠎ᠠ᠃ (4) ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠳᠡᠭ᠎ᠢ ᠪᠠᠷᠢᠮᠲᠠᠯᠠᠨ᠎ᠠ᠃ (5) ᠰᠠᠶ᠋ᠢᠨ ᠰᠠᠶ᠋ᠢᠬᠠᠨ ᠠᠮᠢ ᠠᠬᠤᠶ ᠵᠢᠨ ᠣᠷᠴᠢᠨ ᠨᠥᠬᠦᠴᠡᠯ᠎ᠢ ᠪᠠᠷᠢᠮᠲᠠᠯᠠᠬᠤ ᠪᠣᠯ ᠬᠠᠮᠤᠭ᠎ᠤᠨ ᠲᠦᠭᠡᠮᠡᠯ ᠠᠰᠢᠭ ᠬᠦᠷᠲᠡᠭᠡᠬᠦ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ ᠮᠥᠨ᠃ (6) ᠪᠣᠬᠢᠷᠳᠠᠯ ᠦᠭᠡᠢ ᠬᠥᠭᠵᠢᠯ᠎ᠢ ᠪᠠᠷᠢᠮᠲᠠᠯᠠᠬᠤ ᠪᠣᠯ ᠬᠥᠭᠵᠢᠯ᠎ᠤᠨ ᠭᠦᠨᠵᠡᠭᠡᠢ ᠬᠤᠪᠢᠰᠬᠠᠯ ᠮᠥᠨ᠃ (7) ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠡᠯᠡᠰᠦ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠶ ᠲᠥᠯᠥᠪᠵᠢᠭᠦᠯᠬᠦ ᠵᠢ ᠪᠠᠷᠢᠮᠲᠠᠯᠠᠨ᠎ᠠ᠃ (8) ᠬᠠᠮᠤᠭ᠎ᠤᠨ ᠴᠢᠩᠭ᠎ᠠ ᠳᠦᠷᠢᠮ ᠵᠶ᠋ᠠᠷ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠨ᠎ᠠ᠃ (9) ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠶᠠᠪᠤᠳᠠᠯ᠎ᠢ ᠪᠦᠬᠦ ᠠᠷᠠᠳ᠎ᠤᠨ ᠤᠬᠠᠮᠰᠠᠷᠲᠤ ᠠᠵᠢᠯᠯᠠᠭ᠎ᠠ ᠪᠣᠯᠭ᠋ᠠᠨ ᠬᠤᠪᠢᠷᠠᠭᠤᠯᠬᠤ ᠵᠢ ᠪᠠᠷᠢᠮᠲᠠᠯᠠᠬᠤ ᠬᠡᠷᠡᠭᠲᠡᠶ᠃ (10) ᠪᠦᠬᠦ ᠪᠥᠮᠪᠥᠷᠴᠡᠭ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠠᠮ᠎ᠢ ᠬᠠᠮᠲᠤ᠎ᠪᠠᠷ ᠰᠦᠪᠡᠭᠴᠢᠯᠡᠨ᠎ᠡ᠃

  2023 ᠣᠨ᠎ᠤ 7 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ 18᠎ᠤ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ ᠳᠡᠭᠡᠷ᠎ᠡ ᠰᠢᠨ᠎ᠡ ᠠᠶᠠᠨ ᠵᠠᠮ᠎ᠳᠠᠬᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠴᠢᠬᠤᠯᠠᠲᠠᠢ ᠲᠠᠪᠤᠨ ᠴᠢᠬᠤᠯᠠ ᠶᠡᠭᠡ ᠬᠠᠷᠢᠴᠠᠭ᠎ᠠ ᠵᠢ ᠭᠦᠨᠵᠡᠭᠡᠢ ᠲᠣᠳᠣᠷᠬᠠᠶ᠋ᠢᠯᠠᠨ ᠥᠭᠦᠯᠡᠵᠦ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠴᠢᠨᠠᠭᠰᠢᠳᠠ ᠴᠢᠩᠭ᠋ᠠᠳᠬᠠᠬᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠎ᠳᠤ ᠴᠢᠭᠯᠡᠯ᠎ᠤᠨ ᠵᠢᠯᠤᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭ᠋ᠠᠵᠠᠢ᠃ ᠲᠤᠬᠠᠶ᠋ᠢᠯᠠᠪᠠᠯ᠄ (1) ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠬᠠᠮᠠᠭ᠋ᠠᠯᠠᠯᠲᠠ ᠵᠢᠨ ᠬᠠᠷᠢᠴᠠᠭ᠎ᠠ᠃ (2) ᠭᠣᠤᠯᠳᠠᠯᠭ᠎ᠠ᠎ᠲᠠᠢ ᠪᠡᠬᠢᠯᠡᠯᠲᠡ ᠳᠠᠭ᠋ᠠᠷᠢᠬᠤ ᠪᠠ ᠬᠠᠮᠵᠢᠯᠴᠠᠨ ᠵᠠᠰᠠᠬᠤ ᠵᠢᠨ ᠬᠠᠷᠢᠴᠠᠭ᠎ᠠ; (3) ᠠᠶᠠᠨᠳᠠᠭ᠋ᠠᠨ ᠰᠡᠷᠭᠦᠭᠡᠬᠦ ᠪᠠ ᠬᠥᠮᠦᠨ᠎ᠤ ᠬᠦᠴᠦ᠎ᠪᠠᠷ ᠵᠠᠰᠠᠨ ᠰᠡᠷᠭᠦᠭᠡᠬᠦ ᠵᠢᠨ ᠬᠠᠷᠢᠴᠠᠭ᠎ᠠ᠃ (4) ᠭᠠᠳᠠᠭ᠋ᠠᠳᠤ ᠬᠢᠵᠠᠭ᠋ᠠᠷᠯᠠᠯ ᠪᠠ ᠳᠣᠲᠣᠭ᠋ᠠᠳᠤ ᠬᠥᠳᠡᠯᠭᠡᠬᠦ ᠬᠦᠴᠦᠨ᠎ᠤ ᠬᠠᠷᠢᠴᠠᠭ᠎ᠠ᠃ (5) 《ᠬᠤᠣᠰ ᠨᠡᠭᠦᠷᠡᠰᠦᠲᠥ᠋ᠷᠥᠭᠴᠢ》 ᠵᠢᠨ ᠠᠮᠠᠯᠠᠯᠲᠠ ᠪᠠ ᠪᠡᠶ᠎ᠡ᠎ᠪᠠᠨ ᠳᠠᠭ᠋ᠠᠭ᠋ᠠᠭᠰᠠᠨ ᠠᠵᠢᠯᠯᠠᠭ᠋ᠠᠨ᠎ᠤ ᠬᠠᠷᠢᠴᠠᠭ᠎ᠠ᠃

   ᠲᠥᠪ᠎ᠤᠨ ᠤᠬᠠᠭᠤᠯᠬᠤ ᠬᠡᠯᠲᠡᠰ᠂ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠣᠬᠢᠶᠠᠭᠰᠠᠨ 《ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠰᠤᠷᠤᠯᠴᠠᠯᠭ᠎ᠠ ᠵᠢᠨ ᠬᠥᠲᠥᠯᠪᠦᠷᠢ》᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠭᠤᠣᠯ ᠠᠭᠤᠯᠭ᠎ᠠ᠂ ᠵᠣᠷᠢᠭ ᠰᠠᠨᠠᠭ᠋ᠠᠨ᠎ᠤ ᠮᠥᠨ ᠴᠢᠨᠠᠷ᠂ ᠪᠠᠶᠠᠯᠢᠭ ᠠᠭᠤᠯᠤᠭᠳᠠᠬᠤᠨ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠰᠢᠰᠲ᠋ᠧᠮ᠎ᠲᠠᠢ ᠲᠣᠳᠣᠷᠬᠠᠶ᠋ᠢᠯᠠᠨ ᠥᠭᠦᠯᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠦᠷᠢᠶᠡᠨ᠎ᠳᠠᠬᠢ ᠤᠤᠭ᠋ᠠᠯ ᠴᠢᠨᠠᠷᠲᠠᠢ ᠬᠤᠪᠢ ᠨᠡᠮᠡᠷᠢ ᠵᠢ ᠪᠦᠬᠦ ᠲᠠᠯ᠎ᠠ᠎ᠪᠠᠷ ᠲᠤᠰᠬᠠᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠤ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠬᠤ ᠡᠷᠬᠡ ᠰᠦᠷᠲᠦ ᠲᠤᠰᠠᠯᠠᠬᠤ ᠤᠩᠰᠢᠬᠤ ᠪᠢᠴᠢᠭ ᠪᠣᠯᠤᠨ᠎ᠠ᠃

 

ᠢᠷᠡᠯᠲᠡ᠄ ᠡᠪ ᠬᠠᠮᠲᠤ ᠨᠠᠮ᠎ᠤᠨ ᠭᠡᠰᠢᠭᠦᠨ᠎ᠤ ᠰᠦᠯᠵᠢᠶ᠎ᠡ