ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠮᠠᠨ᠎ᠤ ᠨᠠᠮ ᠳᠤᠮᠳᠠᠳᠤ ᠵᠢᠨ ᠦᠨᠳᠦᠰᠦᠲᠡᠨ᠎ᠤ ᠶᠡᠭᠡ ᠭᠡᠷ ᠪᠦᠯᠢ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠶᠠᠪᠤᠳᠠᠯ᠎ᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠱᠤᠭᠤᠮ ᠪᠣᠯᠭ᠋ᠠᠵᠤ᠂ ᠦᠨᠳᠦᠰᠦᠲᠡᠨ᠎ᠤ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠣᠯ ᠱᠤᠭᠤᠮ ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠤᠯᠠᠮ ᠨᠢᠭᠡ ᠠᠯᠬᠤᠮ ᠥᠷᠭᠡᠳᠬᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠯᠳᠦᠭᠦᠯᠵᠦ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶ᠋ᠢᠳᠠᠯ᠎ᠢ ᠨᠡᠭᠡᠭᠡᠵᠦ᠂ ᠨᠠᠮ᠎ᠤᠨ ᠦᠨᠳᠦᠰᠦᠲᠡᠨ᠎ᠤ ᠠᠵᠢᠯ ᠰᠢᠨ᠎ᠡ ᠲᠡᠦᠬᠡᠲᠦ ᠴᠢᠨᠠᠷᠲᠠᠢ ᠠᠮᠵᠢᠯᠲᠠ ᠣᠯᠬᠤ ᠵᠢ ᠲᠣᠳᠣᠷᠬᠠᠢ ᠳᠤᠷᠠᠳᠴᠠᠢ᠃
2021 ᠣᠨ᠎ᠤ 8 ᠳ᠋ᠤᠭ᠋ᠠᠷ ᠰᠠᠷ᠎ᠠ᠎ᠳᠤ ᠬᠤᠷᠠᠯᠳᠤᠭᠰᠠᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠨᠢ 《ᠠᠷᠪᠠᠨ ᠬᠤᠶᠠᠷ ᠡᠷᠬᠡᠪᠰᠢ》᠎ᠪᠠᠷ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠣᠯᠪᠠᠰᠤᠷᠠᠭᠤᠯᠤᠨ ᠬᠤᠷᠢᠶᠠᠩᠭᠤᠶ᠋ᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠪᠠᠷ ᠭᠤᠣᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠯᠣᠭᠤᠳᠬᠤ ᠦᠵᠡᠯ ᠰᠠᠨᠠᠭ᠎ᠠ᠂ ᠪᠠᠶ᠋ᠢᠯᠳᠤᠬᠤ ᠪᠤᠳᠤᠯᠭ᠎ᠠ ᠵᠢᠨ ᠬᠠᠷᠠᠯᠲᠠ᠂ ᠭᠤᠣᠯᠳᠠᠯᠭ᠎ᠠ᠎ᠲᠠᠢ ᠡᠭᠦᠷᠭᠡ᠂ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ᠎ᠳᠤ ᠤᠷᠤᠭᠰᠢᠯᠠᠯᠲᠠ ᠵᠢᠨ ᠴᠢᠭᠯᠡᠯ᠎ᠢ ᠲᠣᠳᠣᠷᠬᠠᠢ ᠵᠢᠭ᠋ᠠᠵᠤ᠂ ᠦᠨᠳᠦᠰᠦᠨ ᠵᠢᠷᠤᠮᠯᠠᠯ ᠬᠠᠩᠭ᠋ᠠᠪᠠ᠃
《ᠠᠷᠪᠠᠨ ᠬᠤᠶᠠᠷ ᠡᠷᠬᠡᠪᠰᠢ》᠂ ᠲᠤᠬᠠᠶ᠋ᠢᠯᠠᠪᠠᠯ᠄ (1) ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠶ᠋ᠢᠷᠢ ᠵᠢ ᠡᠵᠡᠮᠳᠡᠬᠦ ᠬᠡᠷᠡᠭᠲᠡᠢ; (2) ᠡᠷᠬᠡᠪᠰᠢ ᠦᠨᠳᠦᠰᠦᠲᠡᠨ᠎ᠨᠦᠭᠦᠳ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ ᠵᠢᠨ ᠲᠥᠯᠥᠭᠡ ᠬᠠᠮᠲᠤ᠎ᠪᠠᠷ ᠲᠡᠮᠡᠴᠡᠬᠦ ᠵᠢ ᠠᠬᠢᠭᠤᠯᠬᠤ ᠵᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠬᠤᠯᠠ ᠡᠭᠦᠷᠭᠡ ᠪᠣᠯᠭ᠋ᠠᠬᠤ ᠬᠡᠷᠡᠭᠲᠡᠶ; (3) ᠡᠷᠬᠡᠪᠰᠢ ᠳᠤᠮᠲᠠᠲᠦ ᠵᠢᠨ ᠦᠨᠲᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠤᠢ ᠪᠤᠯᠭ᠋ᠠᠬᠤ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠲᠦᠰᠦᠲᠡᠨ᠎ᠤ ᠠᠵᠢᠯ᠎ᠤᠨ ᠭᠤᠤᠯ ᠰᠢᠵᠢᠮ ᠪᠤᠯᠭ᠋ᠠᠬᠤ ᠬᠡᠷᠡᠭᠲᠡᠢ; (4) ᠳᠤᠮᠲᠠᠲᠦ ᠤᠯᠤᠰ᠎ᠤᠨ ᠦᠨᠲᠦᠰᠦᠲᠡᠨ᠎ᠤ ᠲᠡᠦᠭᠡ ᠵᠢᠨ ᠵᠦᠪ ᠦᠵᠡᠯᠲᠡ ᠵᠢ ᠡᠷᠬᠡᠪᠰᠢ ᠪᠠᠷᠢᠮᠲᠠᠯᠠᠬᠤ ᠬᠡᠷᠡᠭᠲᠡᠢ; (5) ᠦᠨᠲᠦᠰᠦᠲᠡᠨ᠎ᠨᠦᠭᠦᠳ᠎ᠤᠨ ᠴᠦᠮ ᠡᠷᠬᠡ ᠲᠡᠭᠰᠢ ᠪᠠᠶ᠋ᠢᠬᠤ ᠵᠢ ᠪᠠᠷᠢᠮᠲᠠᠯᠠᠬᠤ ᠬᠡᠷᠡᠭᠲᠡᠢ; (6) ᠡᠷᠭᠡᠪᠰᠢ ᠳᠤᠮᠲᠠᠲᠦ ᠵᠢᠨ ᠦᠨᠲᠦᠰᠦᠲᠡᠨ᠎ᠤ ᠶᠡᠭᠡ ᠪᠦᠯᠭᠦᠮᠲᠡᠯ᠎ᠤᠨ ᠲᠤᠭ᠎ᠢ ᠦᠨᠲᠦᠷ ᠮᠠᠨᠲᠤᠭᠤᠯᠬᠤ ᠬᠡᠷᠡᠭᠲᠡᠢ; (7) ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠡᠷᠬᠡᠪᠰᠢ ᠪᠠᠷᠢᠮᠲᠠᠯᠠᠨ ᠲᠡᠭᠦᠯᠳᠡᠷᠵᠢᠭᠦᠯᠬᠦ ᠬᠡᠷᠡᠭᠲᠡᠢ; (8) ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ ᠬᠡᠷᠡᠭᠲᠡᠢ; (9) ᠡᠷᠬᠡᠪᠰᠢ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠡᠷᠡᠭᠲᠡᠢ; (10) ᠡᠷᠬᠡᠪᠰᠢ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠬᠤ ᠵᠢ ᠪᠠᠷᠢᠮᠲᠠᠯᠠᠬᠤ ᠬᠡᠷᠡᠭᠲᠡᠢ; (11) ᠡᠷᠬᠡᠪᠰᠢ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠬᠤ ᠬᠡᠷᠡᠭᠲᠡᠶ; (12) ᠡᠷᠬᠡᠪᠰᠢ ᠦᠨᠳᠦᠰᠦᠲᠡᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠲᠡᠢ᠃
ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠮᠠᠨ᠎ᠤ ᠨᠠᠮ᠎ᠤᠨ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠵᠠᠮᠨᠠᠬᠤ ᠵᠢ ᠪᠠᠷᠢᠮᠲᠠᠯᠠᠬᠤ ᠴᠢᠬᠤᠯᠠ ᠶᠡᠭᠡ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠵᠢᠷᠤᠮᠯᠠᠯ ᠮᠥᠨ᠃