ᠰᠢᠨ᠎ᠡ᠎ᠠᠴᠠ ᠰᠢᠯᠢᠳᠡᠭ ᠲᠡᠢ᠌ᠰᠢ ᠬᠠᠨᠳᠤᠬᠤ᠄ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠠᠴᠠ ᠦᠨᠳᠦᠰᠦᠲᠡᠨ᠎ᠤ ᠭᠠᠵᠠᠷ ᠣᠷᠣᠨ᠎ᠤ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠡᠨ᠋ᠸᠷᠬᠢ ᠤᠯᠭᠤᠨ᠎ᠠ
2025-05-13

   ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠮᠠᠨ᠎ᠤ ᠤᠯᠤᠰ᠎ᠤᠨ ᠤᠯᠤᠰ᠎ᠤᠨ ᠪᠠᠶ᠋ᠢᠳᠠᠯ ᠪᠣᠯᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠱᠠᠳᠤᠴᠢ ᠴᠢᠨᠠᠷᠲᠠᠢ ᠣᠨᠴᠠᠯᠢᠭ᠎ᠲᠤ ᠰᠠᠭᠤᠷᠢᠯᠠᠵᠤ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠤᠨ ᠠᠵᠤ ᠦᠢ᠍ᠯᠡᠰ᠎ᠤᠨ ᠬᠤᠪᠢᠰᠤᠯᠲᠠ ᠵᠢᠨ ᠳᠠᠪᠠᠯᠭ᠋ᠠᠨ᠎ᠤ ᠬᠠᠨᠳᠤᠰᠢ ᠵᠢ ᠭᠦᠢ᠍ᠴᠡᠳ ᠡᠵᠡᠮᠳᠡᠵᠦ᠂ ᠮᠠᠨ᠎ᠤ ᠤᠯᠤᠰ᠎ᠤᠨ ᠬᠥᠭᠵᠢᠯᠲᠡ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠠᠰᠠᠭᠤᠳᠠᠯ᠎ᠢ ᠭᠦᠨᠵᠡᠭᠡᠢ ᠠᠵᠢᠭᠯᠠᠵᠤ᠂ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠭᠡᠬᠦ ᠡᠨᠡ ᠬᠦ᠌ ᠴᠢᠬᠤᠯᠠ ᠤᠬᠠᠭᠳᠠᠬᠤᠨ᠂ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠡᠨᠡ ᠬᠦ᠌ ᠴᠢᠬᠤᠯᠠ ᠶᠡᠭᠡ ᠡᠭᠦᠷᠭᠡ ᠵᠢ ᠳᠤᠷᠠᠳᠴᠤ᠂ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ᠎ᠳᠤ ᠴᠢᠬᠤᠯᠠ ᠪᠠᠶ᠋ᠢᠯᠳᠤᠬᠤ ᠪᠤᠳᠤᠯᠭ᠎ᠠ ᠵᠢᠨ ᠵᠢᠯᠤᠭᠤᠳᠤᠯᠭ᠎ᠠ ᠬᠢᠵᠡᠢ᠃

   ᠶᠡᠷᠦᠩᠬᠡᠶ ᠱᠦᠵᠢ ᠰᠢ ᠵᠢᠨ ᠫᠢᠩ ᠭᠦᠨᠵᠡᠭᠡᠶ ᠵᠢᠭ᠋ᠠᠵᠤ ᠭᠠᠷᠭ᠋ᠠᠭᠰᠠᠨ᠎ᠨᠢ᠄ 《ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠪᠣᠯ ᠰᠢᠨ᠎ᠡ ᠵᠢ ᠡᠭᠦᠳᠬᠦ᠎ᠳᠤ ᠭᠣᠣᠯᠯᠠᠬᠤ ᠦᠢ᠍ᠯᠡᠳᠦᠯ ᠦᠵᠡᠭᠦᠯᠵᠦ᠂ ᠤᠯᠠᠮᠵᠢᠯᠠᠯᠲᠤ ᠠᠵᠤ ᠠᠬᠤᠶ ᠵᠢᠨ ᠨᠡᠮᠡᠭᠳᠡᠯ᠎ᠤᠨ ᠠᠷᠭ᠎ᠠ ᠮᠠᠶᠢᠭ᠂ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢᠨ ᠠᠷᠭ᠎ᠠ ᠵᠠᠮ᠎ᠠᠴᠠ ᠠᠩᠭᠢᠵᠢᠷᠠᠵᠤ᠂ ᠳᠡᠭᠡᠳᠦ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠥᠨᠳᠥᠷ ᠦᠷ᠎ᠡ ᠪᠦᠲᠦᠮᠵᠢᠲᠡᠶ᠂ ᠴᠢᠨᠠᠷ ᠰᠠᠶ᠋ᠢᠲᠠᠶ ᠣᠨᠴᠠᠯᠢᠭ᠎ᠲᠠᠢ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠲᠠᠢ ᠨᠡᠶ᠋ᠢᠴᠡᠭᠰᠡᠨ ᠲᠡᠷᠢᠭᠦᠨ᠎ᠤ ᠦᠢ᠍ᠯᠡᠳᠪᠦᠷᠢᠯᠡᠯ᠎ᠤᠨ ᠬᠦᠴᠦᠨ᠎ᠤ ᠶᠠᠰᠤ ᠴᠢᠨᠠᠷ᠎ᠲᠠᠢ ᠶᠤᠮ᠃ ᠲᠡᠷᠡ᠎ᠨᠢ ᠮᠡᠷᠭᠡᠵᠢᠯ᠎ᠤᠨ ᠬᠤᠪᠢᠰᠬᠠᠯ᠎ᠤᠨ ᠴᠢᠨᠠᠷᠲᠠᠢ ᠰᠢᠪᠲᠤᠯᠤᠯᠲᠠ᠂ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠰᠢᠨ᠎ᠡ ᠵᠢ ᠡᠭᠦᠳᠬᠦ ᠴᠢᠨᠠᠷᠲᠠᠢ ᠲᠤᠬᠢᠷᠠᠭᠤᠯᠤᠯᠳᠠ᠂ ᠠᠵᠤ ᠦᠢ᠍ᠯᠡᠰ᠎ᠤᠨ ᠭᠦᠨᠵᠡᠭᠡᠢ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ᠎ᠠᠴᠠ ᠪᠤᠢ ᠪᠤᠯᠵᠤ᠂ ᠬᠥᠳᠡᠯᠮᠦᠷᠢᠴᠢᠳ᠂ ᠬᠥᠳᠡᠯᠮᠦᠷᠢ ᠵᠢᠨ ᠬᠡᠷᠡᠭᠰᠡᠯ᠂ ᠬᠥᠳᠡᠯᠮᠦᠷᠢ ᠵᠢᠨ ᠡᠲᠡᠭᠡᠳ ᠵᠢᠴᠢ ᠲᠡᠭᠦᠨ᠎ᠢ ᠰᠢᠯᠢᠳᠡᠭᠵᠢᠭᠦᠯᠦᠨ ᠵᠣᠬᠢᠶᠠᠨ ᠪᠠᠶ᠋ᠢᠭᠤᠯᠬᠤ᠎ᠪᠠᠷ ᠦᠨᠳᠦᠰᠦᠨ ᠠᠭᠤᠯᠤᠭᠳᠠᠬᠤᠨ ᠪᠣᠯᠭ᠋ᠠᠵᠤ᠂ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢ ᠶᠡᠭᠡ᠎ᠪᠠᠷ ᠳᠡᠭᠡᠭᠰᠢᠯᠡᠭᠦᠯᠬᠦ᠎ᠪᠠᠷ ᠭᠤᠣᠯ ᠰᠢᠨᠵᠢ ᠲᠡᠮᠳᠡᠭ ᠪᠣᠯᠭ᠋ᠠᠵᠤ᠂ ᠣᠨᠴᠠᠯᠢᠭ ᠪᠣᠯ ᠰᠢᠨ᠎ᠡ ᠵᠢ ᠡᠭᠦᠳᠬᠦ ᠶᠠᠪᠤᠳᠠᠯ ᠪᠣᠯᠤᠨ᠎ᠠ᠂ ᠵᠠᠩᠭᠢᠯᠠᠭ᠎ᠠ᠎ᠨᠢ ᠶᠠᠰᠤ ᠴᠢᠨᠠᠷ ᠰᠢᠯᠢᠳᠡᠭ᠂ ᠮᠥᠨ ᠴᠢᠨᠠᠷ ᠪᠣᠯ ᠲᠡᠷᠢᠭᠦᠨ᠎ᠤ ᠦᠢ᠍ᠯᠡᠳᠪᠦᠷᠢᠯᠡᠯ᠎ᠤᠨ ᠬᠦᠴᠦᠨ ᠪᠣᠯᠤᠨ᠎ᠠ》᠃ ᠡᠨᠡ ᠬᠦ᠌ ᠴᠢᠬᠣᠯᠠ ᠣᠢ᠍ᠭᠦᠯᠠᠯᠲᠠ ᠪᠤᠯ ᠮᠠᠷᠺᠰ᠎ᠤᠨ ᠣᠢ᠍ᠵᠠᠯ᠎ᠤᠨ ᠣᠢ᠍ᠢ᠍ᠯᠠᠣᠠᠪᠤᠷᠢᠯᠠᠯ᠎ᠤᠨ ᠬᠦᠴᠦᠨ᠎ᠤ ᠣᠨᠣᠯ᠎ᠤᠨ ᠲᠠᠯ᠎ᠠ᠎ᠪᠠᠷ ᠰᠢᠨ᠎ᠠ ᠵᠢ ᠡᠭᠦᠣᠠᠭᠦ ᠪᠠ ᠬᠦᠭᠵᠢᠭᠦᠯᠬᠦ ᠶᠠᠪᠤᠲᠠᠯ ᠮᠣᠢ᠍ᠠ᠂ ᠰᠢ ᠵᠢᠨ ᠫᠢᠩ ᠎ᠤᠨ ᠠᠵᠤ ᠠᠬᠤᠢ ᠵᠢᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠬᠤ 《ᠠᠯᠲᠠᠨ ᠲᠦᠯᠬᠢᠭᠦᠷ》 ᠪᠠᠢ᠌ᠵᠤ᠂ ᠦᠨᠳᠦᠰᠦᠲᠡᠨ᠎ᠤ ᠭᠠᠵᠠᠷ ᠣᠷᠣᠨ᠎ᠤ ᠰᠢᠨ᠎ᠡ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃

   ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠠᠭᠤᠯᠤᠭᠳᠠᠬᠤᠨ᠎ᠢ ᠭᠦᠨᠵᠡᠭᠡᠢ ᠲᠠᠨᠢᠬᠤ

   ᠦᠢ᠍ᠯᠡᠳᠪᠦᠷᠢᠯᠡᠯ᠎ᠤᠨ ᠬᠦᠴᠦᠨ ᠵᠦᠢ᠍ᠯ ᠪᠣᠯ ᠨᠡᠶ᠋ᠢᠭᠡᠮ᠎ᠤᠨ ᠳᠠᠪᠰᠢᠯᠲᠠ ᠵᠢᠨ ᠬᠠᠮᠤᠭ᠎ᠤᠨ ᠬᠥᠭᠵᠢᠶᠡᠨ᠎ᠲᠠᠢ᠂ ᠬᠠᠮᠤᠭ᠎ᠤᠨ ᠬᠤᠪᠢᠰᠬᠠᠯ᠎ᠤᠨ ᠬᠦᠴᠦᠨ ᠵᠦᠢ᠍ᠯ ᠪᠣᠯᠤᠨ᠎ᠠ᠂ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠪᠣᠯ ᠨᠡᠶ᠋ᠢᠭᠡᠮ᠎ᠤᠨ ᠬᠥᠭᠵᠢᠯᠲᠡ ᠵᠢ ᠬᠡᠮᠵᠢᠬᠦ ᠦᠨᠳᠦᠰᠦᠨ ᠴᠢᠨᠠᠷᠲᠠᠶ ᠪᠠᠷᠢᠮᠵᠢᠶ᠎ᠠ ᠪᠣᠯᠤᠨ᠎ᠠ᠃ ᠰᠢᠨ᠎ᠠ ᠳᠣᠮᠲᠠᠲᠤ ᠤᠯᠤᠰ ᠪᠠᠢ᠍ᠢ᠍ᠭᠣᠯᠣᠬᠲᠠᠬᠰᠠᠨ᠎ᠠᠴᠠ ᠨᠠᠭ᠋ᠠᠰᠢ ᠢᠯᠠᠩᠭᠤᠶ᠎ᠠ ᠣᠢ᠍ᠭᠡᠷᠠᠴᠢᠯᠠᠯᠲᠠ ᠨᠠᠭᠡᠭᠡᠯᠲᠠ ᠬᠢᠭᠰᠡᠨ᠎ᠠᠴᠠ ᠨᠠᠭ᠋ᠠᠰᠢ᠂ ᠮᠠᠨ᠎ᠤ ᠨᠠᠮ ᠪᠤᠢ᠍ᠭᠦ ᠤᠯᠤᠰ᠎ᠤᠨ ᠠᠷᠠᠣᠠ ᠳᠣᠢ᠍ᠮᠠᠨ᠎ᠢ ᠲᠠᠢ᠍ᠢ᠍ᠴᠢᠯᠠᠨ ᠨᠠᠢ᠍ᠢ᠍ᠭᠡᠮ᠎ᠤᠨ ᠣᠢ᠍ᠢ᠍ᠯᠠᠣᠠᠪᠤᠷᠢᠯᠠᠯ᠎ᠤᠨ ᠬᠦᠢ᠍ᠴᠣᠠ᠎ᠢ ᠭᠣᠢ᠍ᠢ᠍ᠪᠢᠰᠢ ᠣᠢ᠍ᠭᠡᠢ ᠴᠢᠯᠣᠭᠡᠯᠠᠨ ᠬᠦᠢ᠍ᠭᠵᠢᠭᠦᠯᠵᠤ᠂ ᠣᠬᠠᠮᠰᠠᠷ᠎ᠠᠴᠠ ᠪᠠ ᠣᠢ᠍ᠢ᠍ᠯᠠᠣᠠᠪᠤᠷᠢᠯᠠᠯ᠎ᠤᠨ ᠬᠠᠷᠢᠴᠠᠭ᠎ᠠ ᠵᠢ ᠳᠣᠭᠢᠷᠠᠭᠣᠯᠬᠤ᠎ᠪᠠᠷ ᠲᠠᠮᠵᠢᠭᠣᠯᠣᠠ ᠨᠠᠢ᠍ᠢ᠍ᠭᠡᠮ᠎ᠤᠨ ᠣᠢ᠍ᠢ᠍ᠯᠠᠣᠠᠪᠤᠷᠢᠯᠠᠯ᠎ᠤᠨ ᠬᠦᠴᠦᠨ᠎ᠤ ᠬᠦᠭᠵᠢᠯᠲᠡ ᠵᠢᠨ ᠠᠮᠢᠲᠣᠯᠢᠭ ᠬᠦᠴᠦᠨ᠎ᠢ ᠬᠦᠭᠵᠢᠭᠦᠯᠵᠦ᠂ ᠮᠠᠨ᠎ᠤ ᠤᠯᠤᠰ᠎ᠤᠨ ᠲᠦᠷᠭᠡᠨ ᠵᠶ᠋ᠡᠷ ᠳᠡᠯᠡᠬᠡᠢ ᠵᠢᠨ ᠬᠣᠶᠠᠳᠤᠭ᠋ᠠᠷ ᠲᠣᠮᠣ ᠠᠵᠤ ᠠᠬᠤᠢ ᠵᠢᠨ ᠴᠣᠭᠴᠠ ᠪᠣᠯᠬᠤ ᠵᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠲᠡᠦᠬᠡᠲᠦ ᠡᠭᠦᠷᠭᠡ ᠵᠢ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠵᠦ᠂ ᠳᠡᠯᠡᠬᠡᠢ᠎ᠳᠤ ᠬᠣᠪᠣᠷ ᠲᠣᠬᠢᠶᠠᠯᠳᠤᠬᠤ ᠠᠵᠤ ᠠᠬᠤᠢ ᠵᠢᠨ ᠲᠦᠷᠭᠡᠨ ᠬᠥᠭᠵᠢᠯᠲᠡ ᠵᠢᠨ ᠭᠠᠢ᠌ᠬᠠᠮᠰᠢᠭ ᠪᠣᠯᠣᠨ ᠨᠡᠢ᠌ᠭᠡᠮ᠎ᠤᠨ ᠤᠷᠳᠤ ᠬᠤᠭᠤᠴᠠᠭ᠋ᠠᠨ᠎ᠤ ᠲᠣᠭᠲᠠᠭᠤᠨ᠎ᠤ ᠭᠠᠢ᠌ᠬᠠᠮᠰᠢᠭ᠎ᠢ ᠡᠭᠦᠳᠴᠡᠢ᠃

   ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠰᠢᠨ᠎ᠡ ᠴᠠᠭ ᠦᠶ᠎ᠡ᠎ᠳᠤ ᠣᠷᠣᠵᠤ᠂ ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ ᠴᠤ᠌ ᠰᠢᠨ᠎ᠡ ᠴᠠᠭ ᠦᠶ᠎ᠡ᠎ᠳᠤ ᠣᠷᠣᠵᠤ᠂ ᠦᠨᠳᠦᠰᠦᠨ ᠣᠨᠴᠠᠯᠢᠭ ᠪᠣᠯ ᠳᠠᠷᠤᠢ ᠮᠠᠨ᠎ᠤ ᠤᠯᠤᠰ᠎ᠤᠨ ᠠᠵᠤ ᠠᠬᠤᠢ ᠨᠢᠭᠡᠨᠲᠡ ᠲᠦᠷᠭᠡᠨ ᠨᠡᠮᠡᠭᠳᠡᠯ᠎ᠤᠨ ᠱᠠᠲᠤᠨ᠎ᠠᠴᠠ ᠴᠢᠨᠠᠷ ᠰᠠᠶ᠋ᠢᠲᠠᠢ ᠬᠥᠭᠵᠢᠯᠲᠡ ᠵᠢᠨ ᠱᠠᠲᠤᠨ᠎ᠳᠤ ᠰᠢᠯᠵᠢᠪᠡ᠃ ᠴᠢᠨᠠᠷ ᠰᠠᠶ᠋ᠢᠲᠠᠢ ᠬᠥᠭᠵᠢᠯᠲᠡ ᠪᠣᠯ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠵᠢᠨ ᠲᠡᠷᠢᠭᠦᠨ ᠴᠢᠬᠤᠯᠠ ᠡᠭᠦᠷᠭᠡ ᠮᠥᠨ᠂ ᠮᠠᠨ᠎ᠤ ᠤᠯᠤᠰ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠪᠦᠬᠦ ᠲᠠᠯ᠎ᠠ᠎ᠳᠤ ᠬᠤᠯᠪᠣᠭᠳᠠᠵᠤ᠂ ᠤᠨᠤᠯ᠎ᠤᠨ ᠰᠢᠨ᠎ᠡ ᠡᠭᠦᠳᠦᠯᠲᠡ ᠵᠢ ᠲᠤᠯᠭ᠋ᠠᠮ᠎ᠠ ᠱᠠᠭ᠋ᠠᠷᠳᠠᠵᠤ ᠪᠠᠶ᠋ᠢᠨ᠎ᠠ᠃

  2023 ᠣᠨ᠎ᠤ 7 ᠳ᠋ᠤᠭ᠋ᠠᠷ ᠰᠠᠷ᠎ᠠ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠣᠷᠣᠨ ᠨᠤᠲᠤᠭ᠎ᠲᠤ ᠰᠢᠨᠵᠢᠯᠡᠨ ᠪᠠᠶ᠋ᠢᠴᠠᠭ᠋ᠠᠬᠤ ᠬᠤᠭᠤᠴᠠᠭ᠎ᠠ ᠪᠣᠯᠤᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷ᠎ᠡ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠵᠢ ᠣᠯᠠᠨᠲᠠ ᠳᠤᠷᠠᠳᠴᠠᠢ᠃ 2024 ᠣᠨ᠎ᠤ 1 ᠳ᠋ᠦ᠍ᠭᠡᠷ ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠠᠷᠪᠠᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ᠎ᠳᠡᠭᠡᠨ᠂ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠠᠭᠤᠯᠤᠭᠳᠠᠬᠤᠨ ᠪᠠ ᠠᠭᠤᠯᠬᠤᠨ᠂ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠲᠤᠬᠠᠢ ᠤᠨᠤᠯ ᠪᠠ ᠦᠢ᠍ᠯᠡᠳᠦᠯᠭᠡ ᠵᠢᠨ ᠲᠤᠬᠠᠢ ᠴᠢᠬᠤᠯᠠ ᠥᠭᠦᠯᠡᠯᠲᠡ ᠬᠢᠪᠠ᠃ ᠡᠭᠦᠨ᠎ᠠᠴᠠ ᠬᠤᠶ᠋ᠢᠰᠢ᠂ ᠶᠡᠷᠦᠩᠬᠡᠢ ᠱᠦᠵᠢ ᠰᠢ ᠵᠢᠨ ᠫᠢᠩ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠲᠤᠬᠠᠢ ᠤᠯᠠᠮ ᠨᠢᠭᠡ ᠠᠯᠬᠤᠮ ᠭᠦᠨᠵᠡᠭᠡᠢ ᠲᠣᠳᠣᠷᠬᠠᠶ᠋ᠢᠯᠠᠨ ᠥᠭᠦᠯᠡᠵᠦ᠂ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠲᠤᠬᠠᠢ ᠴᠢᠬᠤᠯᠠ ᠥᠭᠦᠯᠡᠯᠲᠡ ᠪᠣᠯ ᠰᠢ ᠵᠢᠨ ᠫᠢᠩ᠎ᠤᠨ ᠠᠵᠤ ᠠᠬᠤᠢ ᠵᠢᠨ ᠦᠵᠡᠯ ᠰᠠᠨᠠᠭ᠋ᠠᠨ᠎ᠤ ᠬᠠᠮᠤᠭ᠎ᠤᠨ ᠰᠢᠨ᠎ᠡ ᠦᠷ᠎ᠡ ᠪᠦᠲᠦᠭᠡᠯ ᠪᠣᠯᠤᠨ᠎ᠠ᠂ ᠮᠠᠷᠺᠰ᠎ᠤᠨ ᠦᠵᠡᠯ᠎ᠤᠨ ᠦᠢ᠍ᠯᠡᠳᠪᠦᠷᠢᠯᠡᠯ᠎ᠤᠨ ᠬᠦᠴᠦᠨ᠎ᠤ ᠤᠨᠤᠯ᠎ᠢ ᠪᠠᠶᠠᠯᠢᠭᠵᠢᠭᠤᠯᠤᠨ ᠬᠥᠭᠵᠢᠭᠦᠯᠵᠦ᠂ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠭᠦᠨᠵᠡᠭᠡᠶ᠋ᠢᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠰᠢᠨᠵᠢᠯᠡᠬᠦ ᠤᠬᠠᠭ᠋ᠠᠨᠴᠢ ᠵᠢᠯᠤᠭᠤᠳᠤᠯᠭ᠎ᠠ ᠬᠠᠩᠭ᠋ᠠᠵᠠᠢ᠃ ᠪᠢᠳᠡ ᠳᠣᠤᠷᠠᠬᠢ ᠬᠡᠳᠦᠨ ᠲᠠᠯ᠎ᠠ᠎ᠠᠴᠠ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠡᠵᠡᠮᠰᠢᠵᠦ ᠪᠣᠯᠤᠨ᠎ᠠ᠄

   ᠨᠢᠭᠡ᠎ᠳᠤ᠂ ᠰᠢᠨ᠎ᠡ ᠬᠠᠭᠤᠴᠢᠨ ᠬᠥᠳᠡᠯᠭᠡᠬᠦ ᠬᠦᠴᠦᠨ᠎ᠤ ᠰᠣᠯᠢᠭᠳᠠᠯ᠎ᠳᠤ᠂ ᠬᠥᠭᠵᠢᠯᠲᠡ ᠵᠢᠨ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠳᠡᠨ᠎ᠡ᠃ ᠨᠢᠭᠡ ᠲᠠᠯ᠎ᠠ᠎ᠪᠠᠷ᠂ ᠠᠵᠤ ᠦᠢ᠍ᠯᠡᠳᠪᠦᠷᠢ ᠵᠢᠨ ᠬᠤᠪᠢᠰᠬᠠᠯ᠎ᠠᠴᠠ ᠨᠠᠭ᠋ᠠᠰᠢ᠂ ᠥᠷᠥᠨᠡᠳᠠᠬᠢᠨ᠎ᠤ ᠳᠡᠯᠡᠬᠡᠢ ᠨᠡᠶ᠋ᠢᠲᠡ ᠵᠢᠨ ᠤᠯᠤᠰ ᠲᠥᠷᠥ ᠠᠵᠤ ᠠᠬᠤᠢ ᠵᠢᠨ ᠪᠠᠶ᠋ᠢᠷᠢᠰᠢᠯ ᠤᠷᠲᠤ ᠬᠤᠭᠤᠴᠠᠭ᠎ᠠ᠎ᠪᠠᠷ ᠭᠣᠣᠯᠯᠠᠬᠤ ᠪᠠᠶ᠋ᠢᠷᠢ ᠵᠢ ᠡᠵᠡᠯᠡᠪᠡ᠃ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠤ ᠳᠠᠷᠠᠭ᠎ᠠ᠂ ᠳᠤᠮᠳᠠᠳᠤ ᠤᠯᠤᠰ ᠳᠡᠯᠡᠬᠡᠶ ᠳ᠋ᠠᠬᠢᠨ᠎ᠯᠤᠭ᠎ᠠ ᠬᠠᠷᠢᠯᠴᠠᠵᠤ ᠦᠢ᠍ᠯᠡᠳᠦᠯᠴᠡᠬᠦ ᠳᠤᠮᠳᠠ ᠬᠥᠭᠵᠢᠵᠦ᠂ ᠳᠤᠮᠳᠠᠳᠤ ᠤᠯᠤᠰ᠎ᠤᠨ ᠠᠵᠤ ᠠᠬᠤᠶ ᠬᠢᠭᠡᠳ ᠳᠡᠯᠡᠬᠡᠶ ᠵᠢᠨ ᠠᠵᠤ ᠠᠬᠤᠶ ᠭᠦᠨᠵᠡᠭᠡᠶ ᠠᠭᠤᠰᠤᠯᠴᠠᠭᠰᠠᠨ ᠪᠠᠶ᠋ᠢᠨ᠎ᠠ᠃ ᠤᠯᠠᠮᠵᠢᠯᠠᠯᠲᠤ ᠣᠯᠠᠨ ᠤᠯᠤᠰ᠎ᠤᠨ ᠬᠥᠭᠵᠢᠯᠲᠡ ᠵᠢᠨ ᠤᠷᠤᠯᠳᠤᠭ᠋ᠠᠨ᠎ᠤ ᠲᠠᠯᠠᠪᠤᠷ᠎ᠲᠤ᠂ ᠲᠦᠷᠢᠮ᠎ᠢ ᠪᠤᠰᠤᠳ ᠬᠥᠮᠦᠨ ᠴᠥᠮ ᠲᠣᠭᠲᠠᠭ᠋ᠠᠵᠤ ᠪᠣᠯᠤᠨ᠎ᠠ᠂ ᠪᠢᠳᠡ ᠣᠷᠣᠯᠴᠠᠵᠤ ᠪᠣᠯᠤᠨ᠎ᠠ᠂ ᠭᠡᠪᠡᠴᠦ ᠡᠷᠬᠡᠪᠰᠢ ᠨᠢᠭᠡᠨᠲᠡ ᠲᠣᠭᠲᠠᠭ᠋ᠠᠭᠰᠠᠨ ᠲᠦᠷᠢᠮ ᠵᠶ᠋ᠠᠷ ᠤᠷᠤᠯᠳᠤᠭ᠋ᠠᠨ᠎ᠳᠤ ᠣᠷᠣᠯᠴᠠᠬᠤ ᠬᠡᠷᠡᠭᠲᠡᠶ᠂ ᠨᠠᠩ ᠣᠯᠠᠨ ᠰᠠᠨᠠᠭ᠋ᠠᠴᠢᠯᠠᠭ᠋ᠠᠲᠤ ᠡᠷᠬᠡ ᠥᠬᠡᠶ ᠪᠠᠢ᠌ᠳᠠᠭ᠃ 21 ᠳ᠋ᠦ᠍ᠭᠡᠷ ᠵᠠᠭᠤᠨ᠎ᠳᠤ ᠣᠷᠣᠭᠰᠠᠨ᠎ᠠᠴᠠ ᠨᠠᠭ᠋ᠠᠰᠢ᠂ ᠠᠵᠤ ᠠᠬᠤᠶ ᠵᠢᠨ ᠳᠡᠯᠡᠬᠡᠶ᠋ᠢᠴᠢᠯᠡᠯᠲᠡ ᠵᠢᠨ ᠭᠦᠨᠵᠡᠭᠡᠶ ᠬᠥᠭᠵᠢᠯᠲᠡ ᠵᠢ ᠳᠠᠭ᠋ᠠᠯᠳᠤᠨ᠂ ᠪᠦᠬᠦ ᠪᠥᠮᠪᠥᠷᠴᠡᠭ᠎ᠤᠨ ᠬᠥᠭᠵᠢᠯᠲᠡ ᠵᠢᠨ ᠭᠦᠨ ᠳᠡᠰ ᠳᠠᠪᠬᠤᠷᠭ᠎ᠠ ᠵᠢᠨ ᠵᠥᠷᠢᠴᠡᠯ ᠡᠳᠦᠷ ᠢᠷᠡᠬᠦᠶ᠎ᠡ ᠳᠣᠪᠣᠶ᠋ᠢᠮ᠎ᠠ ᠪᠣᠯᠪᠠ᠃ ᠳᠡᠯᠡᠬᠡᠢ ᠳ᠋ᠠᠬᠢᠨ᠎ᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠵᠢᠨ ᠡᠮᠦᠨ᠎ᠡ᠂ ᠪᠢᠳᠡ ᠡᠷᠬᠡᠪᠰᠢ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠤᠨ ᠠᠵᠤ ᠦᠢ᠍ᠯᠡᠰ᠎ᠤᠨ ᠬᠤᠪᠢᠰᠤᠯᠲᠠ ᠵᠢᠨ ᠴᠢᠬᠤᠯᠠ ᠶᠡᠭᠡ ᠠᠵᠠ ᠲᠣᠬᠢᠶᠠᠯ᠎ᠢ ᠠᠳᠬᠤᠵᠤ᠂ ᠰᠢᠨ᠎ᠡ ᠤᠷᠤᠯᠳᠤᠭ᠋ᠠᠨ᠎ᠤ ᠲᠠᠯᠠᠪᠠᠢ ᠵᠢ ᠪᠦᠳᠦᠭᠡᠨ ᠪᠠᠶ᠋ᠢᠭᠤᠯᠬᠤ ᠡᠬᠢᠨ᠎ᠤ ᠦᠶ᠎ᠡ᠎ᠳᠤ ᠳᠠᠷᠤᠢ ᠲᠡᠭᠦᠨ᠎ᠳᠤ ᠣᠷᠣᠯᠴᠠᠵᠤ᠂ ᠴᠢᠨᠠᠭᠰᠢᠯᠠᠪᠠᠯ ᠵᠠᠷᠢᠮ ᠤᠷᠤᠯᠳᠤᠭ᠋ᠠᠨ᠎ᠤ ᠲᠠᠯᠠᠪᠤᠷ᠎ᠤᠨ ᠪᠦᠳᠦᠭᠡᠨ ᠪᠠᠶ᠋ᠢᠭᠤᠯᠤᠯᠲᠠ ᠵᠢ ᠭᠤᠣᠯᠯᠠᠨ ᠵᠢᠯᠣᠭᠤᠳᠴᠤ᠂ ᠡᠭᠦᠨ᠎ᠤ ᠤᠯᠠᠮ᠎ᠠᠴᠠ ᠪᠢᠳᠡᠨ᠎ᠢ ᠰᠢᠨ᠎ᠡ ᠤᠷᠤᠯᠳᠤᠭ᠋ᠠᠨ᠎ᠤ ᠲᠦᠷᠢᠮ᠎ᠤᠨ ᠴᠢᠬᠤᠯᠠ ᠲᠣᠭᠲᠠᠭ᠋ᠠᠭᠴᠢ᠂ ᠰᠢᠨ᠎ᠡ ᠤᠷᠤᠯᠳᠤᠭ᠋ᠠᠨ᠎ᠤ ᠲᠠᠯᠠᠪᠠᠢ ᠵᠢᠨ ᠴᠢᠬᠤᠯᠠ ᠭᠤᠣᠯᠯᠠᠭᠴᠢ ᠬᠦᠴᠦᠨ ᠪᠣᠯᠭ᠋ᠠᠬᠤ ᠬᠡᠷᠡᠭᠲᠡᠢ᠃ ᠨᠥᠭᠦᠭᠡ ᠲᠠᠯ᠎ᠠ᠎ᠪᠠᠷ᠂ ᠠᠵᠤ ᠠᠬᠤᠢ ᠵᠢᠨ ᠠᠵᠢᠯᠯᠠᠭ᠋ᠠᠨ᠎ᠤ ᠵᠢᠮ᠎ᠡ ᠶᠣᠰᠣ᠎ᠠᠴᠠ ᠠᠪᠴᠤ ᠦᠵᠡᠪᠡᠯ᠂ ᠠᠵᠤ ᠠᠬᠤᠢ ᠵᠢᠨ ᠬᠥᠭᠵᠢᠯᠲᠡ ᠵᠢᠨ ᠲᠤᠰ ᠪᠡᠶ᠎ᠡ᠎ᠨᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠡᠷᠭᠡ ᠬᠦᠴᠦᠨ᠎ᠤ ᠠᠬᠢᠭᠤᠯᠤᠯ ᠳᠣᠣᠷ᠎ᠠ᠂ ᠰᠢᠨ᠎ᠡ ᠬᠠᠭᠤᠴᠢᠨ ᠬᠥᠳᠡᠯᠭᠡᠭᠦ ᠬᠦᠴᠦᠨ᠎ᠤ ᠰᠣᠯᠢᠭᠳᠠᠯ᠎ᠢ ᠲᠠᠰᠤᠷᠠᠯᠲᠠ ᠦᠭᠡᠢ ᠪᠡᠶᠡᠯᠡᠭᠦᠯᠬᠦ ᠬᠥᠳᠡᠯᠦᠩᠭᠦᠢ ᠶᠠᠪᠤᠴᠠ ᠪᠣᠯᠣᠨ᠎ᠠ᠃ ᠠᠵᠤ ᠠᠬᠤᠶ ᠵᠢᠨ ᠬᠥᠭᠵᠢᠯᠲᠡ ᠨᠢᠭᠡᠨ ᠰᠢᠨ᠎ᠡ ᠱᠠᠲᠤᠨ᠎ᠳᠤ ᠣᠷᠣᠬᠤ ᠪᠦᠷᠢ᠂ ᠮᠡᠷᠭᠡᠵᠢᠯ᠎ᠤᠨ ᠨᠥᠬᠦᠴᠡᠯ᠂ ᠡᠬᠢ ᠪᠠᠶᠠᠯᠢᠭ ᠣᠷᠴᠢᠨ ᠲᠣᠭᠤᠷᠢᠨ ᠵᠡᠷᠭᠡ ᠬᠤᠪᠢᠷᠠᠯᠲᠠ᠎ᠠᠴᠠ ᠪᠣᠯᠵᠣ ᠤᠤᠯ᠎ᠤᠨ ᠬᠥᠳᠡᠯᠭᠡᠬᠦ ᠡᠨᠧᠷᠭᠢ ᠪᠠᠭᠤᠷᠠᠭᠰᠠᠨ ᠦᠶ᠎ᠡ᠎ᠳᠤ᠂ ᠰᠢᠨ᠎ᠡ ᠬᠥᠳᠡᠯᠭᠡᠬᠦ ᠡᠨᠧᠷᠭᠢ ᠵᠢ ᠴᠠᠭ ᠲᠤᠬᠠᠶ᠎ᠳᠤᠨᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠠᠵᠤ ᠠᠬᠤᠶ ᠵᠢᠨ ᠨᠡᠩ ᠥᠨᠳᠥᠷ ᠲᠠᠰ᠎ᠤᠨ ᠲᠠᠯ᠎ᠠ᠎ᠪᠠᠷ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠶ᠃ ᠤᠷᠤᠯᠳᠤᠭ᠋ᠠᠨ᠎ᠤ ᠵᠠᠮ᠎ᠢ ᠬᠤᠪᠢᠷᠠᠭᠤᠯᠬᠤ᠂ ᠬᠥᠳᠡᠯᠭᠡᠬᠦ ᠡᠨᠧᠷᠭᠢ ᠵᠢ ᠰᠢᠨᠡᠳᠬᠡᠬᠦ ᠪᠠᠶ᠋ᠢᠯᠳᠤᠬᠤ ᠪᠤᠳᠤᠯᠭ᠎ᠠ ᠵᠢᠨ ᠪᠣᠳᠣᠯᠬᠢᠯᠠᠯ᠎ᠳᠤ ᠰᠠᠭᠤᠷᠢᠯᠠᠨ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠬᠥᠭᠵᠢᠭᠦᠯᠬᠦ᠎ᠨᠢ ᠶᠠᠭ ᠴᠠᠭ᠎ᠲᠠᠭᠠᠨ ᠲᠣᠬᠢᠷᠠᠨ᠎ᠠ᠃

   ᠬᠤᠶᠠᠷ᠎ᠲᠤ᠂ ᠦᠢ᠍ᠯᠡᠳᠪᠦᠷᠢᠯᠡᠯ᠎ᠤᠨ ᠡᠯᠧᠮᠧᠨ᠋ᠲ᠎ᠢ ᠲᠠᠬᠢᠨ ᠵᠣᠬᠢᠶᠠᠨ ᠪᠠᠶ᠋ᠢᠭᠤᠯᠵᠤ᠂ ᠡᠯᠧᠮᠧᠨ᠋ᠲ ᠵᠶ᠋ᠠᠷ ᠬᠥᠳᠡᠯᠭᠡᠭᠦᠷ ᠪᠣᠯᠭ᠋ᠠᠵᠤ ᠪᠠᠶ᠋ᠢᠭᠰᠠᠨ᠎ᠠᠴᠠ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠡᠢ᠌ᠰᠢ ᠬᠤᠪᠢᠷᠠᠭᠤᠯᠬᠤ ᠵᠢ ᠪᠡᠶᠡᠯᠡᠭᠦᠯᠦᠨ᠎ᠡ᠃ ᠥᠩᠭᠡᠷᠡᠭᠰᠡᠨ ᠬᠡᠳᠦᠨ ᠠᠷᠪᠠᠨ ᠵᠢᠯ᠎ᠳᠤ᠂ ᠮᠠᠨ᠎ᠤ ᠤᠯᠤᠰ ᠡᠬᠢ ᠪᠠᠶᠠᠯᠢᠭ᠂ ᠮᠥᠩᠭᠥ ᠬᠥᠷᠥᠩᠭᠡ᠂ ᠬᠥᠳᠡᠯᠮᠦᠷᠢ ᠵᠢᠨ ᠬᠦᠴᠦᠨ ᠵᠡᠷᠭᠡ ᠡᠯᠧᠮᠧᠨ᠋ᠲ᠎ᠤᠨ ᠣᠷᠣᠭᠤᠯᠤᠯᠲᠠ᠎ᠨᠢ ᠠᠵᠤ ᠠᠬᠤᠢ ᠵᠢᠨ ᠲᠦᠷᠭᠡᠨ ᠨᠡᠮᠡᠭᠳᠡᠯ ᠪᠠ ᠬᠡᠪᠴᠢᠶ᠎ᠡ ᠵᠢᠨ ᠥᠷᠭᠡᠵᠢᠯ᠎ᠢ ᠲᠤᠯᠭ᠋ᠠᠭᠤᠷᠢᠯᠠᠪᠠ᠃ ᠣᠳᠣ ᠪᠣᠯᠲᠠᠯ᠎ᠠ᠂ ᠡᠳᠡᠭᠡᠷ ᠴᠢᠬᠤᠯᠠ ᠬᠦᠴᠦᠨ ᠵᠦᠢ᠍ᠯ᠎ᠤᠨ ᠨᠥᠬᠥᠴᠡᠯ᠎ᠳᠤ ᠮᠠᠰᠢ ᠶᠡᠬᠡ ᠬᠤᠪᠢᠷᠠᠯᠲᠠ ᠭᠠᠷᠴᠤ᠂ ᠳᠠᠬᠢᠨ ᠥᠩᠭᠡᠷᠡᠭᠰᠡᠨ᠎ᠲᠠᠢ᠎ᠪᠠᠨ ᠠᠳᠠᠯᠢ ᠡᠳᠡᠭᠡᠷ ᠬᠦᠴᠦᠨ ᠵᠦᠢ᠍ᠯ᠎ᠤᠨ ᠣᠷᠣᠭᠤᠯᠤᠯᠲᠠ᠎ᠪᠠᠷ ᠭᠣᠤᠯ ᠪᠣᠯᠭ᠋ᠠᠨ ᠬᠥᠭᠵᠢᠭᠦᠯᠵᠦ᠂ ᠠᠩᠬᠠᠨ᠎ᠤ ᠨᠥᠬᠥᠴᠡᠯ ᠦᠭᠡᠶ ᠮᠥᠷᠲᠡᠭᠡᠨ ᠮᠥᠨ ᠴᠦ᠍ ᠡᠬᠢ ᠪᠠᠶᠠᠯᠢᠭ ᠣᠷᠴᠢᠨ ᠠᠬᠤᠢ ᠵᠢᠨ ᠲᠠᠯ᠎ᠠ᠎ᠪᠠᠷ ᠲᠡᠰᠪᠦᠷᠢᠯᠡᠬᠦᠶ᠎ᠡ ᠪᠡᠷᠬᠡ ᠵᠦᠢ᠍ᠯ ᠪᠣᠯᠬᠤ ᠶᠤᠮ᠃ ᠡᠶ᠋ᠢᠮᠦ᠎ᠠᠴᠠ᠂ ᠡᠷᠬᠡᠪᠰᠢ ᠬᠦᠴᠦᠨ ᠵᠦᠢ᠍ᠯ ᠵᠶ᠋ᠠᠷ ᠬᠥᠳᠡᠯᠭᠡᠭᠦᠷ ᠪᠣᠯᠭ᠋ᠠᠬᠤ᠎ᠪᠠᠷ ᠭᠤᠣᠯ ᠪᠣᠯᠭ᠋ᠠᠵᠤ ᠪᠠᠶ᠋ᠢᠭᠰᠠᠨ᠎ᠠᠴᠠ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠲᠡᠢ᠌ᠰᠢ ᠬᠤᠪᠢᠷᠠᠭᠤᠯᠬᠤ ᠵᠢ ᠲᠦᠷᠭᠡᠳᠬᠡᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠲᠤᠯᠭ᠋ᠠᠭᠤᠷᠢᠯᠠᠵᠤ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ ᠣᠳᠣᠬᠠᠨ᠎ᠳᠤ᠂ ᠪᠦᠬᠦ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ ᠤᠷᠢᠳᠤ ᠡᠮᠦᠨ᠎ᠡ ᠪᠠᠶ᠋ᠢᠭ᠎ᠠ ᠦᠭᠡᠢ ᠨᠢᠭᠲᠠᠷᠠᠵᠤ ᠬᠥᠭᠵᠢᠶᠡᠨᠲᠡᠢ ᠴᠠᠭ ᠦᠶ᠎ᠡ᠎ᠳᠤ ᠣᠷᠣᠵᠤ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠤᠪᠢᠰᠬᠠᠯ ᠪᠣᠯᠤᠨ ᠠᠵᠤ ᠦᠢ᠍ᠯᠡᠰ᠎ᠤᠨ ᠬᠤᠪᠢᠰᠤᠯᠲᠠ ᠭᠦᠨᠵᠡᠭᠡᠢ ᠠᠬᠢᠵᠤ᠂ ᠦᠢ᠍ᠯᠡᠳᠪᠦᠷᠢᠯᠡᠯ᠎ᠤᠨ ᠬᠦᠴᠦᠨ᠎ᠤ ᠳᠡᠭᠡᠭᠰᠢᠯᠡᠬᠦ ᠠᠵᠠ ᠲᠣᠬᠢᠶᠠᠯ᠎ᠤᠨ ᠴᠣᠩᠬᠤ ᠵᠢ ᠨᠡᠭᠡᠭᠡᠵᠦ᠂ ᠦᠢ᠍ᠯᠡᠳᠪᠦᠷᠢᠯᠡᠯ᠎ᠤᠨ ᠬᠦᠴᠦᠨ᠎ᠤ ᠳᠠᠪᠰᠢᠯᠲᠠ ᠪᠣᠯᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠰᠢᠨ᠎ᠡ ᠣᠷᠣᠨ ᠵᠠᠢ ᠵᠢ ᠨᠡᠭᠡᠭᠡᠪᠡ᠃ ᠡᠶ᠋ᠢᠮᠦᠷᠬᠦᠦ ᠪᠠᠶ᠋ᠢᠳᠠᠯ ᠳᠣᠣᠷ᠎ᠠ᠂ ᠪᠢᠳᠡ ᠡᠷᠬᠡᠪᠰᠢ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢ ᠣᠨᠴᠠᠭ᠋ᠠᠢ ᠴᠢᠬᠤᠯᠠᠴᠢᠯᠠᠵᠤ᠂ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠡᠶᠡᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ᠎ᠳᠤ ᠤᠷᠤᠭᠰᠠᠨ᠎ᠠᠴᠠ ᠨᠠᠭ᠋ᠠᠰᠢ᠂ ᠮᠠᠨ᠎ᠤ ᠤᠯᠤᠰ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠰᠢᠨ᠎ᠡ ᠵᠢ ᠡᠭᠦᠳᠬᠦ ᠴᠢᠨᠠᠷᠲᠠᠢ᠎ᠪᠠᠷ ᠲᠠᠬᠢᠨ ᠵᠣᠬᠢᠶᠠᠨ ᠪᠠᠶ᠋ᠢᠭᠤᠯᠬᠤ ᠵᠢ ᠲᠦᠷᠭᠡᠳᠬᠡᠵᠦ᠂ ᠡᠯᠧᠮᠧᠨ᠋ᠲ ᠵᠶ᠋ᠠᠷ ᠬᠥᠳᠡᠯᠭᠡᠭᠦᠷ ᠪᠣᠯᠭ᠋ᠠᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠡᠶ᠋ᠢᠰᠢ ᠰᠢᠯᠵᠢᠬᠦ ᠵᠢ ᠠᠬᠢᠭᠤᠯᠵᠤ᠂ ᠡᠭᠦᠨ᠎ᠤ ᠤᠯᠠᠮ᠎ᠠᠴᠠ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢ ᠶᠡᠭᠡ᠎ᠪᠠᠷ ᠳᠡᠭᠡᠭᠰᠢᠯᠡᠭᠦᠯᠵᠦ᠂ ᠦᠢ᠍ᠯᠡᠳᠪᠦᠷᠢᠯᠡᠯ᠎ᠤᠨ ᠬᠦᠴᠦᠨ᠎ᠤ ᠶᠠᠰᠤ ᠴᠢᠨᠠᠷ᠎ᠤᠨ ᠦᠰᠦᠷᠦᠯᠲᠡ ᠵᠢ ᠪᠡᠶᠡᠯᠡᠭᠦᠯᠬᠦ ᠵᠢᠨ ᠤᠯᠠᠮ ᠵᠶ᠋ᠠᠷ ᠮᠠᠨ᠎ᠤ ᠤᠯᠤᠰ᠎ᠤᠨ ᠠᠵᠤ ᠦᠢ᠍ᠯᠡᠰ᠎ᠤᠨ ᠲᠦᠪᠰᠢᠨ ᠪᠠ ᠪᠣᠳᠠᠲᠤ ᠬᠦᠴᠦᠨ᠎ᠢ ᠳᠡᠭᠡᠭᠰᠢᠯᠡᠭᠦᠯᠦᠭᠰᠡᠨ ᠪᠠᠶ᠋ᠢᠨ᠎ᠠ᠃

   ᠭᠤᠷᠪᠠ᠎ᠳᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠤ ᠰᠠᠶ᠋ᠢᠨ ᠰᠠᠶ᠋ᠢᠬᠠᠨ ᠬᠤᠷᠰᠢᠯᠴᠡᠯ᠎ᠢ ᠠᠬᠢᠭᠤᠯᠬᠤ ᠬᠡᠷᠡᠭᠲᠡᠢ᠃ ᠣᠳᠣᠬᠠᠨ᠎ᠳᠤ᠂ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠥᠷᠭᠡᠨ ᠵᠶ᠋ᠠᠷ ᠬᠡᠷᠡᠭᠯᠡᠭᠳᠡᠵᠦ᠂ ᠰᠢᠨ᠎ᠡ ᠮᠡᠷᠭᠡᠵᠢᠯ᠂ ᠰᠢᠨ᠎ᠡ ᠠᠵᠤ ᠦᠢ᠍ᠯᠡᠰ᠂ ᠰᠢᠨ᠎ᠡ ᠡᠵᠡᠩᠨᠡᠯᠲᠡ ᠵᠢᠨ ᠬᠡᠯᠪᠡᠷᠢ᠂ ᠰᠢᠨ᠎ᠡ ᠵᠠᠭᠪᠤᠷ᠎ᠢ ᠪᠤᠢ ᠪᠣᠯᠭ᠋ᠠᠵᠤ᠂  ᠬᠥᠮᠥᠨ ᠲᠥᠷᠥᠯᠬᠢᠲᠡᠨ᠎ᠤ ᠨᠡᠢ᠌ᠭᠡᠮ ᠦᠢ᠍ᠯᠡᠳᠪᠦᠷᠢᠯᠡᠯ᠎ᠤᠨ ᠬᠦᠴᠦᠨ᠎ᠤ ᠶᠡᠬᠡ ᠬᠥᠭᠵᠢᠯᠲᠡ ᠶᠡᠬᠡ ᠦᠰᠦᠷᠦᠯᠲᠡ ᠵᠢᠨ  ᠦᠶ᠎ᠡ᠎ᠳᠤ ᠣᠷᠣᠰᠢᠵᠤ ᠪᠠᠢ᠌ᠪᠠ᠃ ᠡᠭᠦᠠ᠎ᠤ ᠵᠠᠷᠭᠡ᠎ᠳᠤ᠂ ᠪᠦᠬᠦ ᠪᠥᠮᠪᠥᠷᠴᠡᠭ᠎ᠤᠨ ᠬᠡᠪᠴᠢᠶᠡᠨ᠎ᠳᠠᠬᠢ ᠡᠯ᠎ᠡ ᠵᠦᠢ᠍ᠯ᠎ᠤᠨ ᠰᠢᠨ᠎ᠡ ᠬᠠᠭᠤᠴᠢᠨ ᠠᠰᠠᠭᠤᠳᠠᠯ ᠪᠣᠯᠣᠨ ᠨᠠᠷᠢᠨ ᠪᠤᠳᠤᠯᠢᠶᠠᠨᠲᠠᠢ ᠵᠥᠷᠢᠴᠡᠯ ᠳᠠᠪᠬᠤᠴᠠᠨ  ᠮᠥᠷᠭᠥᠯᠳᠦᠵᠦ᠂ ᠰᠠᠮᠠᠭᠤᠷᠠᠯ ᠰᠣᠯᠪᠢᠴᠠᠯᠳᠤᠵᠤ ᠂ ᠡᠩᠬᠡ ᠲᠠᠢ᠌ᠪᠤᠩ᠎ᠤᠨ ᠤᠯᠠᠭ᠋ᠠᠨ ᠲᠣᠭ᠎ᠠ᠂ ᠬᠥᠭᠵᠢᠯᠲᠡ ᠵᠢᠨ ᠤᠯᠠᠭ᠋ᠠᠨ ᠲᠣᠭ᠎ᠠ᠂ ᠠᠮᠤᠷ ᠲᠦᠪᠰᠢᠨ᠎ᠤ ᠤᠯᠠᠭ᠋ᠠᠨ ᠲᠣᠭ᠎ᠠ᠂ ᠵᠠᠰᠠᠯᠲᠠ ᠵᠢᠨ ᠤᠯᠠᠭ᠋ᠠᠨ ᠲᠣᠭ᠎ᠠ ᠤᠷᠢᠳ ᠡᠮᠦᠨ᠎ᠡ ᠪᠠᠢ᠌ᠭ᠎ᠠ ᠦᠭᠡᠢ ᠬᠡᠯᠪᠡᠷᠢ᠎ᠪᠠᠷ ᠢᠯᠡᠷᠡᠵᠡᠢ᠂ ᠬᠦᠮᠦᠨ᠎ᠤ ᠣᠢ᠍ᠢ᠍ᠯᠠᠣᠠᠪᠤᠷᠢᠯᠠᠯ ᠠᠷᠠᠯᠵᠢᠶᠠᠨ᠎ᠤ ᠬᠣᠷᠢᠭ᠎ᠠ ᠪᠠ ᠠᠵᠤ ᠠᠬᠣᠢ ᠵᠢᠨ ᠬᠠᠮᠠᠭ᠋ᠠᠯᠠᠯᠲᠠ ᠵᠢᠨ ᠣᠢ᠍ᠵᠠᠯ ᠣᠯᠠᠮ᠎ᠠᠴᠠ ᠣᠯᠠᠮ ᠬᠡᠴᠠᠭᠦᠤ ᠪᠤᠯᠵᠤ᠂ ᠳᠡᠯᠡᠬᠡᠢ ᠵᠢᠨ ᠠᠵᠤ ᠠᠬᠤᠢ ᠵᠢᠨ ᠪᠠᠭᠤᠷᠠᠯᠲᠠ ᠵᠢᠨ ᠳᠠᠷᠤᠯᠲᠠ ᠨᠡᠮᠡᠭᠳᠡᠵᠦ᠂ ᠪᠦᠬᠦ ᠪᠥᠮᠪᠥᠷᠴᠡᠭ᠎ᠤᠨ ᠬᠥᠭᠵᠢᠯᠲᠡ ᠮᠠᠰᠢ ᠤᠯᠠᠨ ᠥᠷᠢᠰᠦᠯᠳᠦᠭᠡᠨ᠎ᠳᠤ ᠲᠤᠯᠭ᠋ᠠᠷᠠᠵᠤ ᠪᠠᠢ᠌ᠨ᠎ᠠ᠃ ᠣᠶ᠋ᠢᠷ᠎ᠠ ᠵᠢᠨ ᠵᠢᠯ᠎ᠳᠤ᠂ ᠠᠮᠧᠷᠢᠺᠠ ᠥᠷᠥᠨᠡᠳᠠᠬᠢᠨ᠎ᠤ ᠤᠯᠤᠰ᠎ᠤᠳ ᠮᠠᠨ᠎ᠤ ᠤᠯᠤᠰ᠎ᠲᠤ ᠣᠯᠠᠨ ᠤᠳᠠᠭ᠎ᠠ ᠬᠡᠷᠡᠮ ᠪᠣᠰᠬᠠᠵᠤ᠂ 《ᠬᠠᠷᠢᠴᠠᠭ᠎ᠠ᠎ᠪᠠᠨ ᠲᠠᠰᠤᠯᠬᠤ》᠂ 《ᠤᠷᠲᠤ ᠭᠠᠷ ᠵᠶ᠋ᠠᠷ ᠬᠠᠮᠢᠶᠠᠷᠬᠤ》 ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠡᠮᠦᠷ ᠬᠥᠰᠢᠭᠡ ᠵᠢ ᠨᠡᠬᠡᠵᠦ᠂ ᠤᠯᠤᠰ᠎ᠤᠨ ᠠᠮᠤᠷ ᠲᠦᠪᠰᠢᠨ᠎ᠤ ᠤᠬᠠᠭᠳᠠᠬᠤᠨ᠎ᠢ ᠳᠤᠷ᠎ᠠ᠎ᠪᠠᠷ ᠬᠡᠷᠡᠭᠯᠡᠵᠦ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠳᠠᠷᠤᠵᠤ᠂ ᠮᠠᠨ᠎ᠤ ᠤᠯᠤᠰ᠎ᠤᠨ ᠳᠡᠭᠡᠳᠦ ᠰᠢᠨ᠎ᠡ ᠮᠡᠷᠭᠡᠵᠢᠯ ᠪᠣᠯᠤᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠬᠥᠭᠵᠢᠯᠲᠡ ᠵᠢ ᠬᠣᠷᠢᠭᠯᠠᠬᠤ᠎ᠪᠠᠷ ᠭᠣᠷᠢᠳᠠᠳᠠᠭ᠃ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠣᠯ ᠳᠤᠲᠠᠭᠤᠳᠠᠯ᠎ᠢ ᠨᠥᠬᠦᠪᠥᠷᠢᠯᠡᠬᠦ᠂ ᠳᠠᠪᠠᠭᠤᠯᠢᠭ᠎ᠢ ᠳᠠᠪᠲᠠᠨ ᠪᠣᠯᠪᠠᠰᠤᠷᠠᠭᠤᠯᠬᠤ᠂ ᠮᠠᠨ᠎ᠤ ᠤᠯᠤᠰ᠎ᠤᠨ ᠥᠷᠢᠰᠥᠯᠳᠦᠭᠡᠨ᠎ᠤ ᠳᠠᠪᠠᠭᠤᠯᠢᠭ᠎ᠢ ᠪᠤᠢ ᠪᠣᠯᠭ᠋ᠠᠬᠤ ᠪᠠ ᠬᠠᠮᠠᠭ᠋ᠠᠯᠠᠬᠤ ᠴᠢᠬᠤᠯᠠ ᠭᠠᠷᠳᠠᠴᠠ ᠮᠥᠨ᠂ ᠪᠠᠰᠠ ᠴᠤ᠌ ᠠᠶᠤᠯ ᠲᠦᠭᠰᠢᠭᠦᠷᠢ ᠥᠷᠢᠰᠥᠯᠳᠦᠭᠡᠨ᠎ᠢ ᠰᠡᠷᠭᠡᠶ᠋ᠢᠯᠡᠨ ᠠᠷᠢᠯᠭ᠋ᠠᠵᠤ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠬᠦ ᠵᠢᠨ ᠵᠠᠶ᠋ᠢᠯᠠᠰᠢ ᠦᠭᠡᠢ ᠰᠣᠩᠭᠤᠯᠲᠠ ᠮᠥᠨ᠃

   ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠦᠴᠦᠯᠡᠬᠦ ᠴᠡᠭ

   ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠵᠤ᠂ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠣᠯ ᠦᠨᠳᠦᠰᠦᠲᠡᠨ᠎ᠤ ᠭᠠᠵᠠᠷ ᠣᠷᠣᠨ᠎ᠤ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠬᠦ ᠵᠢᠨ ᠪᠠᠶ᠋ᠢᠪᠠᠰᠤ ᠵᠣᠬᠢᠬᠤ ᠠᠭᠤᠯᠭ᠎ᠠ ᠪᠣᠯᠤᠨ᠎ᠠ᠂ ᠵᠠᠩᠭᠢᠯᠠᠭ᠎ᠠ᠎ᠨᠢ ᠳᠣᠤᠷᠠᠬᠢ ᠬᠡᠳᠦᠨ ᠶᠠᠪᠤᠳᠠᠯ᠎ᠢ ᠰᠠᠶ᠋ᠢᠲᠤᠷ ᠬᠢᠬᠦ ᠬᠡᠷᠡᠭᠲᠡᠶ᠄

   ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ᠎ᠠ᠃ ᠮᠠᠨ᠎ᠤ ᠤᠯᠤᠰ᠎ᠤᠨ ᠡᠯ᠎ᠡ ᠭᠠᠵᠠᠷ᠎ᠤᠨ ᠡᠬᠢ ᠪᠠᠶᠠᠯᠢᠭ᠎ᠤᠨ ᠤᠭ ᠰᠤᠷᠪᠤᠯᠵᠢ᠂ ᠰᠠᠭᠤᠷᠢ ᠨᠥᠬᠥᠴᠡᠯ ᠵᠡᠷᠭᠡ᠎ᠨᠢ ᠠᠳᠠᠯᠢ ᠪᠤᠰᠤ ᠪᠣᠯᠬᠣᠷ᠂ ᠬᠥᠭᠵᠢᠭᠦᠯᠬᠦ᠎ᠳᠤ ᠪᠣᠳᠠᠲᠤ ᠪᠠᠶ᠋ᠢᠳᠠᠯ᠎ᠠᠴᠠ ᠡᠭᠦᠰᠴᠦ᠂ ᠲᠤᠰ ᠪᠡᠶ᠎ᠡ ᠵᠢᠨ ᠣᠨᠴᠠᠯᠢᠭ ᠵᠶ᠋ᠠᠨ ᠳᠣᠪᠣᠶ᠋ᠢᠯᠭ᠋ᠠᠬᠤ ᠬᠡᠷᠡᠭᠲᠡᠶ᠃ ᠲᠤᠰ ᠪᠡᠶ᠎ᠡ ᠵᠢᠨ ᠡᠬᠢ ᠪᠠᠶᠠᠯᠢᠭ᠎ᠤᠨ ᠳᠠᠪᠠᠭᠤᠯᠢᠭ᠂ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ᠂ ᠠᠵᠤ ᠦᠢ᠍ᠯᠡᠰ᠎ᠤᠨ ᠣᠨᠴᠠᠯᠢᠭ᠎ᠲᠠᠭᠠᠨ ᠲᠦᠰᠢᠭᠯᠡᠨ᠂ ᠬᠤᠷᠳᠤᠴᠠ ᠪᠠ ᠦᠷ᠎ᠡ ᠠᠰᠢᠭ᠎ᠤᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠰᠢᠨ᠎ᠡ ᠠᠵᠤ ᠦᠢ᠍ᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠵᠢᠨ ᠬᠥᠭᠵᠢᠯᠲᠡ ᠵᠢ ᠰᠣᠩᠭᠤᠯᠲᠠ᠎ᠲᠠᠢ ᠠᠬᠢᠭᠤᠯᠬᠤ ᠬᠡᠷᠡᠭᠲᠡᠢ᠃ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠬᠠᠨᠳᠤᠭᠤᠯᠤᠨ᠂ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠬᠦ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠬᠤ᠂ ᠢᠷᠡᠭᠡᠳᠦᠢ ᠵᠢᠨ ᠠᠵᠤ ᠦᠢ᠍ᠯᠡᠰ᠎ᠢ ᠤᠷᠢᠳᠴᠢᠯᠠᠨ ᠪᠠᠶ᠋ᠢᠷᠢᠰᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠤᠰ ᠭᠠᠵᠠᠷ᠎ᠤᠨ ᠣᠨᠴᠠᠯᠢᠭ ᠪᠠ ᠳᠠᠪᠠᠭᠤᠯᠢᠭ ᠵᠶ᠋ᠠᠷ ᠪᠠᠶᠠᠯᠢᠭ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠵᠤ᠂ ᠶᠠᠰᠤ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠬᠦ᠂ ᠬᠡᠮᠵᠢᠶ᠎ᠡ ᠵᠢ ᠵᠦᠢ ᠵᠣᠬᠢᠰᠲᠠᠢ ᠨᠡᠮᠡᠭᠳᠡᠭᠦᠯᠬᠦ ᠵᠢ ᠪᠡᠶᠡᠯᠡᠭᠦᠯᠦᠨ᠎ᠡ᠃

   ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠭᠤᠣᠯ ᠡᠯᠧᠮᠧᠨ᠋ᠲ ᠪᠣᠯᠤᠨ᠎ᠠ᠂ 《ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ — ᠴᠢᠳᠠᠪᠤᠷᠢᠲᠠᠨ ᠵᠶ᠋ᠠᠷ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ — ᠰᠢᠨ᠎ᠡ ᠵᠢ ᠡᠭᠦᠳᠬᠦ᠎ᠪᠠᠷ ᠰᠤᠷᠭ᠋ᠠᠨ ᠬᠥᠮᠦᠵᠢᠯ᠎ᠢ ᠠᠬᠢᠭᠤᠯᠬᠤ》 ᠰᠠᠶ᠋ᠢᠨ ᠣᠷᠴᠢᠯ᠎ᠢ ᠪᠦᠷᠢᠯᠳᠦᠭᠦᠯᠬᠦ ᠵᠢ ᠠᠬᠢᠭᠤᠯᠬᠤ ᠬᠡᠷᠡᠭᠲᠡᠢ᠃ ᠨᠢᠭᠡ ᠲᠠᠯ᠎ᠠ᠎ᠪᠠᠷ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ 《0᠎ᠠᠴᠠ 1 ᠪᠣᠯᠬᠤ》 ᠤᠤᠭ᠋ᠠᠯ ᠡᠭᠦᠳᠦᠯᠲᠡ ᠵᠢᠨ ᠴᠢᠨᠠᠷᠲᠠᠢ ᠦᠷ᠎ᠡ ᠪᠦᠲᠦᠭᠡᠯ᠎ᠢ ᠢᠯᠡᠭᠦᠬᠡᠨ ᠭᠠᠷᠭ᠋ᠠᠬᠤ ᠮᠥᠷᠲᠡᠭᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠨ ᠪᠣᠳᠠᠲᠠᠢ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠴᠢᠬᠤᠯᠠᠴᠢᠯᠠᠬᠤ ᠬᠡᠷᠡᠭᠲᠡᠢ᠃ ᠨᠥᠭᠦᠭᠡ ᠲᠠᠯ᠎ᠠ᠎ᠪᠠᠷ᠂ ᠰᠢᠨ᠎ᠡ ᠮᠠᠶᠢᠭ᠎ᠤᠨ ᠤᠯᠤᠰ ᠳᠠᠶᠠᠭ᠋ᠠᠷ᠎ᠤᠨ ᠪᠠᠶ᠋ᠢᠭᠤᠯᠤᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠳᠠᠬᠢ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠂ ᠨᠡᠶ᠋ᠢᠭᠡᠮ ᠵᠡᠷᠭᠡ ᠡᠯ᠎ᠡ ᠲᠠᠯ᠎ᠠ ᠵᠢᠨ ᠬᠦᠴᠦᠨ᠎ᠢ ᠨᠢᠭᠲᠠᠷᠠᠨ ᠪᠦᠯᠬᠦᠮᠳᠡᠵᠦ᠂ ᠣᠷᠣᠨ ᠪᠦᠰᠡ ᠵᠢᠨ ᠰᠢᠨ᠎ᠡ ᠵᠢ ᠡᠭᠦᠳᠬᠦ ᠬᠦᠴᠦᠨ᠎ᠤ ᠣᠷᠣᠨ ᠵᠠᠢ ᠵᠢᠨ ᠪᠠᠶ᠋ᠢᠷᠢᠰᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠪᠠᠲᠤ ᠴᠢᠩᠭ᠎ᠠ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

   ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠯᠠᠪᠳᠠᠭᠤᠨ ᠪᠠᠲᠤᠲᠠᠢ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠵᠤ᠂ ᠢᠯᠡᠷᠡᠬᠦ ᠬᠡᠯᠪᠡᠷᠢ᠎ᠨᠢ ᠰᠢᠨ᠎ᠡ ᠠᠵᠤ ᠦᠢ᠍ᠯᠡᠰ᠎ᠢ ᠪᠣᠢ ᠪᠣᠯᠭ᠋ᠠᠬᠤ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠬᠤ ᠶᠠᠪᠤᠳᠠᠯ ᠪᠣᠯᠤᠨ᠎ᠠ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠭᠦᠨᠵᠡᠭᠡᠢ ᠠᠭᠤᠰᠤᠯᠴᠠᠭᠤᠯᠬᠤ ᠵᠢᠨ ᠰᠠᠭᠤᠷᠢ ᠪᠣᠯ ᠴᠢᠨᠠᠷ ᠰᠠᠶ᠋ᠢᠲᠠᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠠᠩᠭ᠋ᠠᠯᠭ᠎ᠠ ᠵᠢ ᠨᠡᠮᠡᠭᠳᠡᠭᠦᠯᠬᠦ ᠶᠠᠪᠤᠳᠠᠯ ᠪᠣᠯᠤᠨ᠎ᠠ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠤᠨ ᠪᠠᠶ᠋ᠢᠭᠤᠯᠤᠯᠲᠠ ᠵᠢᠨ ᠭᠤᠣᠯᠳᠠᠯᠭ᠎ᠠ᠎ᠲᠠᠢ ᠬᠦᠷᠢᠶ᠎ᠡ ᠪᠣᠯᠤᠨ ᠪᠠᠭᠤᠷᠠᠢ ᠭᠤᠭᠴᠤᠭ᠎ᠠ ᠵᠢᠨ ᠮᠡᠷᠭᠡᠵᠢᠯ᠎ᠢ ᠰᠤᠳᠤᠯᠤᠨ ᠨᠡᠭᠡᠭᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠢᠷᠡᠭᠡᠳᠦᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠪᠣᠯᠤᠨ ᠠᠵᠤ ᠦᠢ᠍ᠯᠡᠰ᠎ᠤᠨ ᠬᠥᠭᠵᠢᠯᠲᠡ ᠵᠢᠨ ᠠᠰᠢᠭᠲᠠᠢ ᠲᠠᠯ᠎ᠠ ᠵᠢ ᠬᠠᠷᠠᠭ᠋ᠠᠯᠠᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠬᠡᠷᠡᠭᠲᠡᠢ᠃ ᠠᠭᠤᠰᠤᠯᠴᠠᠯ᠎ᠤᠨ ᠵᠠᠩᠭᠢᠯᠠᠭ᠎ᠠ᠎ᠨᠢ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠡᠯᠪᠡᠷᠢ ᠵᠢᠨ ᠭᠤᠣᠯᠯᠠᠭᠴᠢ ᠠᠵᠤ ᠠᠬᠤᠶ᠋ᠢᠯᠠᠯ ᠲᠦᠷᠦᠭᠦᠯᠡᠬᠦ᠂ ᠶᠡᠭᠡ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ ᠲᠤᠯᠭ᠋ᠠᠭᠤᠷᠢᠯᠠᠬᠤ᠂ ᠳᠡᠭᠡᠳᠦ ᠳᠤᠤᠷᠠᠳᠤ ᠤᠷᠤᠰᠬᠠᠯ᠎ᠤᠨ ᠠᠵᠤ ᠠᠬᠤᠶ᠋ᠢᠯᠠᠯ ᠣᠷᠣᠯᠴᠠᠬᠤ᠂ 《ᠵᠠᠰᠠᠭ᠎ᠤᠨ ᠣᠷᠳᠣᠨ᠂ ᠠᠵᠤ ᠠᠬᠤᠢ᠌ᠯᠠᠯ᠂ ᠡᠷᠳᠡᠮ ᠰᠢᠨᠵᠢᠯᠡᠭᠡᠨ ᠎ᠤ ᠡᠲᠡᠭᠡᠳ᠂ ᠰᠤᠳᠤᠯᠭ᠋ᠠᠨ᠎ᠤ ᠪᠠᠢ᠌ᠭᠤᠯᠤᠮᠵᠢ᠂ ᠦᠢ᠍ᠯᠡᠳᠦᠯᠭᠡᠵᠢᠭᠦᠯᠦᠨ ᠬᠡᠷᠡᠭᠯᠡᠬᠦ ᠮᠦᠩᠭᠦ》 ᠵᠢ ᠠᠭᠤᠰᠤᠯᠴᠠᠭᠤᠯᠬᠤ ᠨᠢᠭᠡᠳᠭᠡᠬᠦ ᠰᠢᠨ᠎ᠡ ᠵᠢ ᠡᠭᠦᠳᠬᠦ ᠬᠤᠯᠪᠣᠭ᠋ᠠᠲᠤ ᠴᠣᠭᠴᠠ ᠵᠢ ᠲᠦᠷᠭᠡᠳᠬᠡᠨ ᠪᠠᠶ᠋ᠢᠭᠤᠯᠬᠤ ᠶᠠᠪᠤᠳᠠᠯ ᠪᠣᠯᠤᠨ᠎ᠠ᠃ ᠠᠭᠤᠰᠤᠯᠴᠠᠯ᠎ᠤᠨ ᠠᠷᠭ᠎ᠠ ᠵᠠᠮ ᠪᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭᠯᠡᠬᠦ ᠵᠢ ᠠᠬᠢᠭᠤᠯᠬᠤ ᠶᠠᠪᠤᠳᠠᠯ ᠪᠣᠯᠤᠨ᠎ᠠ᠂ ᠤᠯᠤᠰ᠎ᠤᠨ ᠮᠡᠷᠭᠡᠵᠢᠯ᠎ᠢ ᠰᠢᠯᠵᠢᠭᠦᠯᠬᠦ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠷ᠎ᠡ ᠪᠦᠲᠦᠭᠡᠯ᠎ᠢ ᠣᠨᠳᠣᠣᠰᠢᠭᠤᠯᠬᠤ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠤᠨ ᠦᠯᠢᠭᠡᠷ ᠡᠳ᠋᠎ᠠᠴᠠ ᠦᠢ᠍ᠯᠡᠳᠬᠦᠨ᠎ᠳᠤ ᠬᠦᠷᠲᠡᠯ᠎ᠡ ᠲᠠᠬᠢᠨ ᠲᠠᠸᠠᠷ ᠵᠶ᠋ᠠᠨ ᠬᠤᠪᠢᠷᠠᠭᠤᠯᠬᠤ ᠵᠢ ᠲᠦᠷᠭᠡᠳᠬᠡᠬᠦ ᠬᠡᠷᠡᠭᠲᠡᠢ᠃

   ᠪᠣᠬᠢᠷᠲᠤᠯ ᠥᠬᠡᠶ ᠬᠥᠭᠵᠢᠯᠲᠡ ᠵᠢ ᠬᠦᠴᠦᠯᠡᠨ ᠠᠬᠢᠭᠤᠯᠤᠨ᠎ᠠ᠃ ᠪᠣᠬᠢᠷᠲᠤᠯ ᠦᠭᠡᠢ ᠬᠥᠭᠵᠢᠯᠲᠡ ᠪᠣᠯ ᠴᠢᠨᠠᠷ ᠰᠠᠶ᠋ᠢᠲᠠᠢ ᠬᠥᠭᠵᠢᠯᠲᠡ ᠵᠢᠨ ᠰᠠᠭᠤᠷᠢ ᠦᠩᠬᠡ ᠪᠣᠯᠤᠨ᠎ᠠ᠂ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠲᠤᠰ ᠪᠡᠶ᠎ᠡ᠎ᠨᠢ ᠳᠠᠷᠤᠢ ᠪᠣᠬᠢᠷᠲᠤᠯ ᠦᠭᠡᠢ ᠦᠢ᠍ᠯᠡᠳᠪᠦᠷᠢᠯᠡᠯ᠎ᠤᠨ ᠬᠦᠴᠦᠨ ᠪᠣᠯᠤᠨ᠎ᠠ᠃ ᠴᠢᠨᠠᠷ ᠰᠠᠶ᠋ᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠬᠠᠮᠠᠭ᠋ᠠᠯᠠᠯᠲᠠ᠂ ᠭᠤᠣᠯᠳᠠᠯᠭ᠎ᠠ᠎ᠲᠠᠢ ᠪᠣᠭᠤᠮᠲᠠ ᠰᠢᠪᠲᠤᠯᠬᠤ ᠪᠠ ᠬᠠᠮᠵᠢᠯᠴᠠᠨ ᠵᠠᠰᠠᠬᠤ᠂ ᠪᠠᠶ᠋ᠢᠭ᠋ᠠᠯᠢ ᠵᠢ ᠰᠡᠷᠭᠦᠭᠡᠬᠦ ᠪᠠ ᠬᠥᠮᠦᠨ᠎ᠤ ᠬᠦᠴᠦ᠎ᠪᠠᠷ ᠰᠡᠷᠭᠦᠭᠡᠬᠦ᠂ ᠭᠠᠳᠠᠭ᠋ᠠᠳᠤ ᠬᠢᠵᠠᠭ᠋ᠠᠷᠯᠠᠯ ᠪᠣᠯᠤᠨ ᠳᠣᠲᠣᠭ᠋ᠠᠳᠤ ᠬᠥᠳᠡᠯᠭᠡᠬᠦ ᠬᠦᠴᠦᠨ ᠵᠡᠷᠭᠡ ᠵᠢᠨ ᠬᠠᠷᠢᠴᠠᠭ᠎ᠠ ᠵᠢ ᠵᠥᠪ ᠰᠢᠢ᠍ᠳᠪᠦᠷᠢᠯᠡᠵᠦ᠂ ᠠᠵᠤ ᠦᠢ᠍ᠯᠡᠰ᠎ᠤᠨ ᠪᠦᠲᠦᠴᠡ ᠵᠢᠨ ᠲᠤᠬᠢᠷᠠᠭᠤᠯᠤᠯᠳᠠ᠂ ᠪᠣᠬᠢᠷᠲᠤᠯ᠎ᠢ ᠵᠠᠰᠠᠬᠤ᠂ ᠠᠮᠢ ᠠᠬᠤᠢ ᠵᠢ ᠬᠠᠮᠠᠭ᠋ᠠᠯᠠᠬᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠢ ᠨᠢᠭᠡᠳᠦᠯᠲᠡᠢ ᠲᠥᠯᠥᠪᠵᠢᠭᠦᠯᠵᠦ᠂ ᠬᠥᠮᠦᠨ ᠬᠢᠭᠡᠳ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠦᠨᠳᠦᠷᠴᠡ᠎ᠠᠴᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠪᠠᠭ᠋ᠠᠰᠬᠠᠵᠤ ᠪᠣᠬᠢᠷᠲᠤᠯ᠎ᠢ ᠪᠠᠭ᠋ᠠᠰᠬᠠᠨ ᠨᠣᠭᠤᠭ᠋ᠠᠷᠠᠭᠤᠯᠤᠯᠲᠠ ᠵᠢ ᠥᠷᠭᠡᠳᠬᠡᠬᠦ ᠵᠢ ᠬᠠᠮᠵᠢᠯᠴᠠᠨ ᠠᠬᠢᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠵᠦ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠠᠷᠪᠢᠲᠠᠢ ᠡᠷᠴᠢᠮᠯᠢᠭ ᠪᠠᠶ᠋ᠢᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠬᠢᠭᠤᠯᠬᠤ ᠬᠡᠷᠡᠭᠲᠡᠢ᠃

   ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠲᠠᠢ ᠵᠤᠬᠢᠴᠠᠭᠰᠠᠨ ᠰᠢᠨ᠎ᠡ ᠮᠠᠶᠢᠭ᠎ᠤᠨ ᠦᠢ᠍ᠯᠡᠳᠪᠦᠷᠢᠯᠡᠯ᠎ᠤᠨ ᠬᠠᠷᠢᠴᠠᠭ᠎ᠠ ᠵᠢ ᠪᠦᠷᠢᠯᠳᠦᠭᠦᠯᠦᠨ᠎ᠡ᠃ ᠦᠢ᠍ᠯᠡᠳᠪᠦᠷᠢᠯᠡᠯ᠎ᠤᠨ ᠬᠠᠷᠢᠴᠠᠭ᠎ᠠ᠎ᠨᠢ ᠡᠷᠬᠡᠪᠰᠢ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢᠨ ᠱᠠᠭ᠋ᠠᠷᠳᠠᠯᠭ᠎ᠠ᠎ᠲᠠᠢ ᠵᠤᠬᠢᠴᠠᠬᠤ ᠬᠡᠷᠡᠭᠲᠡᠶ᠃ ᠵᠠᠰᠠᠭ᠎ᠤᠨ ᠣᠷᠳᠣᠨ᠎ᠤ ᠤᠷᠢᠳᠴᠢᠯᠠᠨ ᠲᠥᠯᠥᠪᠵᠢᠭᠦᠯᠵᠦ ᠬᠥᠲᠥᠯᠥᠨ ᠵᠢᠯᠣᠭᠤᠳᠬᠤ ᠪᠠ ᠰᠢᠨᠵᠢᠯᠡᠬᠦ ᠤᠬᠠᠭ᠋ᠠᠨᠴᠢ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠵᠤ᠂ ᠠᠵᠤ ᠠᠬᠤᠶ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠠᠶ᠋ᠢᠭᠤᠯᠤᠮᠵᠢ ᠲᠣᠭᠲᠠᠴᠠ ᠵᠢ ᠲᠡᠭᠦᠯᠳᠡᠷᠵᠢᠭᠦᠯᠵᠦ᠂ ᠰᠢᠨ᠎ᠡ ᠬᠦᠷᠢᠶ᠎ᠡ ᠰᠢᠨ᠎ᠡ ᠤᠷᠤᠯᠳᠤᠭ᠋ᠠᠨ᠎ᠤ ᠵᠠᠮ᠎ᠤᠨ ᠲᠦᠷᠢᠮ᠎ᠤᠨ ᠬᠠᠩᠭ᠋ᠠᠯᠭ᠎ᠠ ᠵᠢ ᠴᠢᠩᠭ᠋ᠠᠳᠬᠠᠵᠤ᠂ ᠢᠷᠡᠭᠡᠳᠦᠶ ᠵᠢᠨ ᠠᠵᠤ ᠦᠢ᠍ᠯᠡᠰ᠎ᠤᠨ ᠣᠷᠣᠭᠤᠯᠤᠯᠲᠠ ᠵᠢᠨ ᠨᠡᠮᠡᠭᠳᠡᠯ᠎ᠤᠨ ᠲᠣᠭᠲᠠᠴᠠ ᠵᠢ ᠪᠠᠶ᠋ᠢᠭᠤᠯᠵᠤ᠂ ᠤᠯᠤᠰ᠎ᠤᠨ ᠪᠠᠷᠢᠮᠵᠢᠶ᠎ᠠ ᠵᠢ ᠳᠡᠭᠡᠭᠰᠢᠯᠡᠭᠦᠯᠬᠦ᠎ᠪᠠᠷ ᠤᠯᠠᠮᠵᠢᠯᠠᠯᠲᠤ ᠠᠵᠤ ᠦᠢ᠍ᠯᠡᠰ᠎ᠢ ᠰᠢᠯᠢᠳᠡᠭᠵᠢᠭᠦᠯᠦᠨ ᠲᠠᠰ ᠳᠡᠪᠰᠢᠭᠦᠯᠬᠦ ᠵᠢ ᠬᠥᠲᠥᠯᠥᠨ ᠳᠠᠭ᠋ᠠᠭᠤᠯᠵᠤ᠂ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠬᠦᠯᠢᠶᠡᠰᠦᠯᠡᠵᠦ ᠪᠠᠶ᠋ᠢᠭ᠎ᠠ ᠬᠤᠷᠢᠭ᠎ᠠ ᠴᠡᠭ᠎ᠢ ᠬᠦᠴᠦᠯᠡᠨ ᠨᠡᠪᠲᠡᠷᠡᠭᠦᠯᠬᠦ ᠬᠡᠷᠡᠭᠲᠡᠶ᠃ ᠡᠭᠦᠨ᠎ᠤ  ᠬᠠᠮᠲᠤ᠂ ᠡᠬᠢ ᠪᠠᠶᠠᠯᠢᠭ᠎ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠬᠦ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠲᠣᠭᠲᠠᠴᠠ ᠵᠢᠨ ᠵᠣᠬᠢᠴᠠᠭᠤᠯᠭ᠎ᠠ ᠵᠢ ᠴᠢᠩᠭ᠋ᠠᠳᠬᠠᠨ᠂ ᠦᠢ᠍ᠯᠡᠳᠪᠦᠷᠢᠯᠡᠯ᠎ᠤᠨ ᠴᠢᠬᠤᠯᠠ ᠬᠦᠴᠦᠨ ᠵᠦᠢ᠍ᠯ᠎ᠤᠨ ᠲᠣᠬᠢᠷᠠᠭᠤᠯᠬᠤ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠡᠯ᠎ᠡ ᠲᠥᠷᠥᠯ᠎ᠤᠨ ᠲᠡᠷᠢᠭᠦᠨ᠎ᠤ ᠴᠢᠨᠠᠷ ᠰᠠᠶ᠋ᠢᠲᠠᠶ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠢ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠲᠡᠢ᠌ᠰᠢ ᠬᠥᠭᠵᠢᠭᠦᠯᠬᠦ ᠬᠡᠷᠡᠭᠲᠡᠶ᠃

   ᠮᠡᠳᠡᠭᠡ ᠵᠠᠩᠭᠢ ᠵᠢᠨ ᠢᠷᠡᠯᠲᠡ᠄ ᠳᠤᠮᠳᠠᠳᠤ ᠤᠯᠤᠰ᠎ᠤᠨ ᠦᠨᠳᠦᠰᠦᠲᠡᠨ᠎ᠤ ᠰᠣᠨᠢᠨ

 

ᠢᠷᠡᠯᠲᠡ᠄ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠢᠳᠡᠳ ᠬᠡᠯᠡᠨ᠎ᠤ ᠰᠦᠯᠵᠢᠶᠡᠨ ᠦᠷᠳᠡᠭᠡ