ᠲᠡᠮᠳᠡᠭᠵᠢᠭᠦᠯᠦᠯᠲᠡ · ᠰᠤᠷᠭ᠋ᠠᠨ ᠬᠥᠮᠥᠵᠢᠭᠦᠯᠦᠯᠲᠡ᠂ ᠠᠮᠢᠳᠤᠷᠠᠯᠵᠢᠭᠤᠯᠤᠯᠲᠠ᠄ ᠳᠤᠮᠳᠠᠳᠤ ᠵᠢᠨ ᠦᠨᠳᠦᠰᠦᠲᠡᠨ᠎ᠤ ᠣᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠶ᠋ᠢᠭᠤᠯᠬᠤ ᠭᠤᠷᠪᠠᠨ ᠵᠠᠮ — ᠬᠥᠬᠡᠬᠣᠲᠠ ᠵᠢᠨ ᠬᠤᠪᠢᠰᠬᠠᠯ᠎ᠤᠨ ᠲᠡᠦᠬᠡᠨ᠎ᠳᠤ ᠰᠠᠭᠤᠷᠢᠯᠠᠭᠰᠠᠨ ᠭᠡᠷᠡᠴᠢᠯᠡᠯᠲᠡ ᠵᠢᠨ ᠰᠤᠳᠤᠯᠤᠯ
2025-04-29

   ᠬᠥᠬᠡᠬᠣᠲᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠬᠤᠪᠢᠰᠬᠠᠯ᠎ᠤᠨ ᠦᠢ᠍ᠯᠡᠳᠦᠯᠭᠡ᠎ᠳᠤ ᠤᠷᠢᠳᠠᠪᠡᠷ ᠬᠡᠷᠡᠭᠵᠢᠭᠦᠯᠦᠭᠰᠡᠨ ᠭᠠᠵᠠᠷ ᠪᠣᠯᠤᠭᠰᠠᠨ᠎ᠤ ᠬᠤᠪᠢ᠎ᠳᠤ᠂ ᠲᠡᠭᠦᠨ᠎ᠤ ᠮᠣᠩᠭᠣᠯ ᠬᠢᠲᠠᠳ ᠴᠡᠷᠢᠭ ᠠᠷᠠᠳ ᠬᠠᠮᠵᠢᠯᠴᠠᠨ ᠶᠠᠫᠣᠨ᠎ᠢ ᠡᠰᠡᠷᠭᠦᠴᠡᠭᠰᠡᠨ ᠰᠢᠨ᠎ᠡ ᠰᠣᠷᠭᠣᠭ ᠲᠡᠦᠬᠡ᠎ᠨᠢ 《ᠬᠡᠷᠬᠢᠨ ᠣᠷᠣᠨ ᠨᠤᠲᠤᠭ᠎ᠤᠨ ᠳᠤᠷᠠᠰᠤᠮᠵᠢ ᠵᠢ ᠤᠯᠤᠰ᠎ᠤᠨ ᠵᠣᠷᠢᠭ ᠰᠠᠨᠠᠭ᠋ᠠᠨ᠎ᠤ ᠲᠡᠮᠳᠡᠭ ᠪᠣᠯᠭ᠋ᠠᠨ ᠳᠡᠭᠡᠭᠰᠢᠯᠡᠭᠦᠯᠬᠦ ᠪᠣᠶ》 ᠡᠨᠡ ᠬᠦ᠌ ᠴᠠᠭ ᠦᠶ᠎ᠡ ᠵᠢᠨ ᠰᠡᠳᠦᠪ᠎ᠢ ᠰᠢᠢ᠍ᠳᠪᠦᠷᠢᠯᠡᠬᠦ᠎ᠳᠤ ᠠᠮᠢᠳᠤ ᠰᠣᠷᠭᠣᠭ ᠦᠯᠢᠭᠡᠷ ᠳᠡᠪᠲᠡᠷ ᠬᠠᠩᠭ᠋ᠠᠭᠰᠠᠨ ᠪᠠᠢ᠌ᠨ᠎ᠠ᠃

   ᠣᠳᠣᠬᠠᠨ᠎ᠳᠤ᠂ ᠳᠡᠯᠡᠬᠡᠶ᠋ᠢᠵᠢᠯᠲᠡ ᠪᠠ ᠣᠳᠣᠬᠢᠴᠢᠯᠠᠭᠰᠠᠨ ᠯᠠᠩ ᠴᠤᠤ ᠵᠢᠨ ᠰᠣᠶᠣᠯ᠎ᠤᠨ ᠮᠡᠳᠡᠷᠡᠮᠵᠢ᠎ᠳᠤ ᠳᠠᠪᠬᠤᠷ ᠲᠠᠭ᠋ᠠᠷᠢᠯᠳᠠ ᠤᠴᠠᠷᠠᠪᠠ᠄ ᠨᠢᠭᠡ ᠲᠠᠯ᠎ᠠ᠎ᠪᠠᠷ᠂ ᠥᠨᠳᠥᠷ ᠬᠡᠯᠡᠨ᠎ᠤ ᠣᠷᠴᠢᠨ ᠲᠣᠭᠤᠷᠢᠨ᠎ᠤ ᠰᠣᠶᠣᠯ᠎ᠨᠢ ᠲᠡᠮᠳᠡᠭ ᠲᠠᠶ᠋ᠢᠯᠬᠤ ᠲᠦᠭᠰᠢᠭᠦᠷᠢ᠎ᠳᠤ ᠲᠤᠯᠭ᠋ᠠᠷᠠᠵᠤ ᠪᠠᠶ᠋ᠢᠨ᠎ᠠ᠂ ᠦᠨᠳᠦᠰᠦᠲᠡᠨ᠎ᠤ ᠳᠤᠷᠠᠰᠤᠮᠵᠢ᠎ᠨᠢ ᠤᠯᠠᠮᠵᠢᠯᠠᠨ ᠲᠠᠷᠬᠠᠭ᠋ᠠᠬᠤ ᠳᠤᠮᠳᠠ ᠲᠠᠷᠬᠠᠪᠠ; ᠨᠥᠭᠦᠭᠡ ᠲᠠᠯ᠎ᠠ᠎ᠪᠠᠷ᠂ ᠪᠠᠭ᠋ᠠᠵᠢ ᠵᠢᠨ ᠣᠶᠤᠨᠴᠢ ᠴᠢᠨᠠᠷ᠎ᠨᠢ ᠲᠡᠦᠬᠡ ᠵᠢᠨ ᠴᠡᠭᠡᠵᠢᠯᠡᠬᠦᠢ ᠵᠢᠨ ᠪᠦᠬᠦᠯᠢ ᠴᠣᠭᠴᠠᠲᠤ ᠴᠢᠨᠠᠷ᠎ᠢ ᠰᠠᠯᠭ᠋ᠠᠳᠠᠭ᠃ ᠬᠥᠬᠡᠬᠣᠲᠠ ᠵᠢᠨ ᠦᠢ᠍ᠯᠡᠳᠦᠯᠭᠡ ᠵᠢᠨ ᠰᠢᠨ᠎ᠡ ᠡᠭᠦᠳᠦᠯᠲᠡ᠎ᠨᠢ᠂ 《ᠲᠡᠮᠳᠡᠭᠴᠢᠯᠡᠭᠰᠡᠨ ᠲᠡᠦᠬᠡ ᠵᠢᠨ ᠦᠨᠳᠦᠰᠦ ᠰᠤᠷᠪᠤᠯᠵᠢ ᠵᠢ ᠲᠣᠭᠲᠠᠭ᠋ᠠᠵᠤ᠂ ᠰᠤᠷᠭ᠋ᠠᠨ ᠬᠥᠮᠦᠵᠢᠯ᠎ᠢ ᠦᠶ᠎ᠡ ᠵᠢᠨ ᠦᠶ᠎ᠡ᠎ᠳᠤ ᠤᠯᠠᠮᠵᠢᠯᠠᠨ ᠵᠠᠯᠭ᠋ᠠᠮᠵᠢᠯᠠᠵᠤ᠂ ᠠᠮᠢᠳᠤᠷᠠᠯ᠎ᠢ ᠡᠳᠦᠷ ᠲᠤᠲᠤᠮ᠎ᠤᠨ ᠦᠢ᠍ᠯᠡᠳᠦᠯᠭᠡ᠎ᠳᠤ ᠨᠡᠪᠴᠢᠭᠦᠯᠬᠦ》 ᠭᠤᠷᠪᠠᠨ ᠬᠡᠮᠵᠢᠯ᠎ᠤᠨ ᠬᠠᠮᠵᠢᠯᠴᠠᠬᠤ ᠠᠷᠭ᠎ᠠ ᠵᠠᠮ ᠵᠶ᠋ᠠᠷ ᠳᠠᠮᠵᠢᠭᠤᠯᠤᠨ᠂ 《ᠹᠢᠽᠢᠺ᠎ᠤᠨ ᠠᠴᠢᠶᠠᠯᠠᠪᠤᠷᠢ — ᠤᠷᠮ᠎ᠠ ᠰᠡᠳᠬᠢᠯᠭᠡ ᠵᠢᠨ  ᠴᠤᠤᠷᠢᠶ᠎ᠠ — ᠥᠷᠲᠡᠭ᠎ᠤᠨ ᠮᠡᠳᠡᠷᠡᠮᠵᠢ》 ᠣᠷᠭ᠋ᠠᠨᠢᠭ ᠬᠤᠪᠢᠷᠠᠭᠤᠯᠤᠯᠲᠠ ᠵᠢ ᠪᠡᠶᠡᠯᠡᠭᠦᠯᠵᠦ ᠴᠢᠳᠠᠨ᠎ᠠ ᠭᠡᠳᠡᠭ᠎ᠢ ᠬᠠᠷᠠᠭᠤᠯᠵᠤ ᠪᠠᠢ᠌ᠨ᠎ᠠ᠃ ᠬᠥᠬᠡᠬᠣᠲᠠ ᠵᠢᠨ ᠪᠣᠳᠠᠲᠤ ᠦᠢ᠍ᠯᠡᠳᠦᠯᠭᠡ᠎ᠨᠢ ᠬᠠᠮᠲᠤ ᠵᠢᠨ ᠣᠢ ᠰᠠᠨᠠᠮᠵᠢ ᠵᠢᠨ ᠣᠨᠣᠯ ᠪᠣᠯᠤᠨ ᠨᠡᠢ᠌ᠭᠡᠮ᠎ᠤᠨ ᠪᠠᠢ᠌ᠭᠤᠯᠤᠯᠲᠠ ᠵᠢᠨ ᠦᠵᠡᠯ᠎ᠤᠨ ᠡᠷᠳᠡᠮ ᠰᠢᠨᠵᠢᠯᠡᠭᠡᠨ᠎ᠤ ᠮᠠᠭ᠋ᠠᠳᠯᠠᠯ᠎ᠢ ᠭᠡᠷᠡᠴᠢᠯᠡᠵᠦ ᠪᠠᠢ᠌ᠬᠤ᠎ᠪᠠᠷ ᠪᠠᠷᠠᠬᠤ ᠦᠭᠡᠢ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠰᠣᠶᠣᠯ᠎ᠢ ᠨᠢᠭᠡᠳᠭᠡᠬᠦ ᠰᠢᠨ᠎ᠡ ᠵᠠᠭᠪᠤᠷ᠎ᠢ ᠨᠡᠩ ᠪᠣᠢ ᠪᠣᠯᠭ᠋ᠠᠭᠰᠠᠨ ᠪᠠᠢ᠌ᠨ᠎ᠠ᠃

   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ ᠪᠣᠯ ᠰᠣᠶᠣᠯ᠎ᠤᠨ ᠭᠧᠨ᠎ᠢ ᠰᠠᠬᠢᠨ ᠬᠠᠮᠠᠭ᠋ᠠᠯᠠᠬᠤ ᠪᠠ ᠳᠠᠮᠵᠢᠭᠤᠯᠭ᠎ᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠳᠤᠮᠳᠠ ᠬᠥᠳᠡᠯᠦᠩᠭᠦᠢ ᠲᠡᠩᠴᠡᠭᠦᠷᠢ ᠵᠢ ᠡᠷᠢᠯᠬᠢᠯᠡᠬᠦ ᠶᠠᠪᠤᠳᠠᠯ ᠪᠣᠯᠤᠨ᠎ᠠ᠃ ᠮᠣᠩᠭᠤᠯ ᠬᠢᠲᠠᠳ ᠵᠠᠯᠠᠭᠤᠴᠤᠳ ᠵᠣᠣ ᠵᠢᠶᠦ᠋ᠨ ᠤᠷᠤᠭ ᠪᠤᠯᠤᠯᠴᠠᠨ ᠡᠪᠰᠡᠬᠦ ᠵᠠᠮ ᠵᠶ᠋ᠠᠷ ᠳᠠᠬᠢᠨ ᠶᠠᠪᠤᠵᠤ ᠲᠡᠦᠬᠡ ᠵᠢᠨ ᠬᠠᠯᠠᠭᠤᠨ ᠳᠤᠯᠠᠭ᠋ᠠᠨ᠎ᠢ ᠣᠶ᠋ᠢᠯᠠᠭ᠋ᠠᠵᠤ᠂ ᠬᠡᠰᠡᠭ ᠬᠡᠯᠬᠢᠶᠡᠨ᠎ᠤ ᠮᠡᠷᠭᠡᠵᠢᠯ᠎ᠨᠢ ᠬᠤᠪᠢᠰᠬᠠᠯ᠎ᠤᠨ ᠲᠤᠯᠭᠤᠷ ᠪᠢᠴᠢᠭ᠎ᠢ ᠴᠠᠭ ᠬᠤᠭᠤᠴᠠᠭ᠎ᠠ ᠪᠠ ᠣᠷᠣᠨ ᠵᠠᠶ ᠵᠢ ᠠᠯᠤᠰᠯᠠᠭᠤᠯᠤᠨ ᠰᠢᠨ᠎ᠡ ᠠᠮᠢᠯᠠᠯ᠎ᠲᠠᠢ ᠪᠣᠯᠭ᠋ᠠᠬᠤ ᠦᠶ᠎ᠡ᠎ᠳᠤ᠂ ᠪᠢᠳᠡ ᠲᠡᠦᠬᠡ ᠵᠢᠨ ᠳᠤᠷᠠᠳᠬᠠᠯ ᠪᠣᠯᠬᠤ ᠤᠳᠤ ᠦᠶ᠎ᠡ ᠵᠢᠨ ᠢᠯᠡᠳᠬᠡᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠳᠤᠮᠳᠠᠳᠤ ᠵᠢᠨ ᠪᠣᠯᠪᠠᠰᠤᠨ᠎ᠤ 《ᠵᠥᠷᠢᠶ᠎ᠡ᠎ᠪᠠᠷ ᠬᠠᠮᠲᠤ ᠣᠷᠣᠰᠢᠬᠤ᠂ ᠭᠤᠶᠤ ᠰᠠᠶ᠋ᠢᠬᠠᠨ᠎ᠢ ᠬᠠᠮᠲᠤᠳᠬᠠᠬᠤ》 ᠤᠳᠤ ᠦᠶ᠎ᠡ ᠵᠢᠨ ᠲᠠᠶ᠋ᠢᠯᠪᠤᠷᠢᠯᠠᠯᠲᠠ ᠪᠣᠯᠵᠠᠢ᠂ ᠡᠨᠡ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠬᠠᠭᠤᠯᠪᠤᠷᠢᠯᠠᠵᠤ ᠪᠣᠯᠬᠤ ᠦᠢ᠍ᠯᠡᠳᠦᠯᠭᠡ ᠵᠢᠨ ᠬᠡᠪ ᠵᠠᠭᠪᠤᠷ᠎ᠢ ᠬᠠᠩᠭ᠋ᠠᠵᠤ᠂ ᠪᠦᠬᠦ ᠪᠥᠮᠪᠥᠷᠴᠡᠭ᠎ᠤᠨ ᠤᠯᠠᠨ ᠡᠰᠢᠲᠦ ᠪᠣᠯᠪᠠᠰᠤᠨ᠎ᠤ ᠬᠠᠮᠲᠤ᠎ᠪᠠᠷ ᠣᠷᠣᠰᠢᠨ ᠲᠣᠭᠲᠠᠨᠢᠬᠤ᠎ᠳᠤ ᠳᠤᠮᠳᠠᠳᠤ ᠤᠯᠤᠰ᠎ᠤᠨ ᠤᠶᠤᠨ ᠤᠬᠠᠭ᠋ᠠᠨ᠎ᠢ ᠨᠡᠮᠡᠷᠢᠯᠡᠭᠰᠡᠨ ᠶᠠᠪᠤᠳᠠᠯ ᠪᠣᠯᠤᠨ᠎ᠠ᠃

   ᠨᠢᠭᠡ᠂ ᠲᠡᠮᠳᠡᠭᠵᠢᠭᠦᠯᠦᠯᠲᠡ᠄ ᠴᠡᠭᠡᠵᠢᠯᠡᠬᠦᠢ ᠵᠢᠨ ᠭᠦᠨ ᠤᠬᠠᠭ᠋ᠠᠨ᠎ᠢ ᠰᠢᠯᠵᠢᠭᠦᠯᠦᠨ ᠳᠠᠮ ᠣᠷᠴᠢᠭᠤᠯᠬᠤ ᠲᠣᠭᠲᠠᠴᠠ

   ᠬᠠ ᠪᠦ᠋ ᠸᠠ ᠡᠾᠸ᠎ᠤᠨ ᠬᠠᠮᠲᠤ ᠵᠢᠨ ᠴᠡᠭᠡᠵᠢᠯᠡᠬᠦ ᠣᠨᠣᠯ᠎ᠢ ᠦᠨᠳᠦᠰᠦᠯᠡᠪᠡᠯ᠂ ᠴᠡᠭᠡᠵᠢᠯᠡᠬᠦ᠎ᠨᠢ ᠦᠷᠭᠦᠯᠵᠢᠯᠡᠨ ᠨᠡᠢ᠌ᠭᠡᠮ᠎ᠤᠨ ᠪᠣᠷᠣ ᠲᠥᠰᠥᠪ᠎ᠤᠨ ᠲᠡᠮᠳᠡᠭ᠎ᠲᠤ ᠲᠦᠰᠢᠭᠯᠡᠨ ᠳᠠᠬᠢᠨ ᠪᠦᠲᠦᠭᠡᠨ᠎ᠡ᠃ ᠡᠨᠡ ᠨᠢᠭᠡ ᠶᠠᠪᠤᠴᠠ᠎ᠨᠢ ᠭᠤᠷᠪᠠᠨ ᠳᠠᠪᠬᠤᠷ ᠭᠦᠨ ᠤᠬᠠᠭ᠋ᠠᠨ᠎ᠤ ᠰᠢᠯᠵᠢᠭᠦᠯᠦᠨ ᠣᠷᠴᠢᠭᠤᠯᠬᠤ ᠵᠢ ᠪᠠᠭᠲᠠᠭ᠋ᠠᠨ᠎ᠠ᠃

   ᠹᠢᠽᠢᠺ᠎ᠤᠨ ᠣᠷᠤᠨ ᠵᠠᠶ᠎ᠠᠴᠠ ᠣᠶᠤᠨ ᠰᠠᠨᠠᠭ᠋ᠠᠨ᠎ᠤ ᠣᠷᠤᠨ ᠵᠠᠶ ᠬᠦᠷᠲᠡᠯ᠎ᠡ᠃ ᠬᠤᠪᠢᠰᠬᠠᠯ᠎ᠤᠨ ᠪᠠᠭᠤᠷᠢ ᠵᠢᠨ ᠪᠤᠳᠠᠰ᠎ᠤᠨ ᠠᠴᠢᠶᠠᠯᠠᠪᠤᠷᠢ᠎ᠨᠢ ᠤᠷᠤᠨ ᠵᠠᠶ ᠵᠢᠨ ᠬᠦᠤᠷᠨᠢᠬᠦ ᠵᠢ ᠪᠡᠶᠡᠯᠡᠭᠦᠯᠬᠦ ᠤᠳᠬ᠎ᠠ ᠠᠭ᠍ᠤᠯᠭ᠎ᠠ᠎ᠪᠠᠷ ᠳᠠᠮᠵᠢᠨ ᠳᠡᠭᠡᠭᠰᠢᠯᠡᠨ᠎ᠡ᠃ ᠳᠠᠯᠠᠨ ᠬᠠᠷ᠎ᠠ ᠠᠭᠤᠯᠠ ᠵᠢᠨ ᠶᠠᠫᠣᠨ᠎ᠢ ᠡᠰᠡᠷᠭᠦᠴᠡᠬᠦ ᠫᠠᠷᠲ᠋ᠢᠽᠠᠨ ᠲᠠᠶ᠋ᠢᠨ᠎ᠤ ᠰᠠᠭᠤᠷᠢᠨ ᠭᠠᠵᠠᠷ ᠵᠶ᠋ᠠᠷ ᠵᠢᠱ᠌ᠢᠶᠡᠯᠡᠪᠡᠯ᠂ ᠪᠠᠶ᠋ᠢᠯᠳᠤᠭ᠋ᠠᠨ᠎ᠤ ᠰᠤᠪᠠᠭ᠎ᠤᠨ ᠭᠧᠤᠮᠸᠲᠷ᠎ᠤᠨ 《ᠴᠡᠷᠢᠭ᠎ᠤᠨ ᠶᠠᠪᠤᠳᠠᠯ᠎ᠤᠨ ᠲᠡᠮᠡᠴᠡᠯ》᠎ᠢ ᠪᠠᠶ᠋ᠢᠭᠤᠯᠬᠤ ᠹᠢᠽᠢᠺ᠎ᠤᠨ ᠲᠡᠮᠳᠡᠭ᠎ᠢ ᠵᠢᠭᠰᠠᠭ᠋ᠠᠵᠤ᠂ ᠵᠢᠯᠣᠭᠤᠳᠬᠤ ᠭᠠᠵᠠᠷ᠎ᠤᠨ ᠮᠣᠩᠭᠤᠯ ᠬᠢᠲᠠᠳ ᠬᠤᠣᠰ ᠬᠡᠯᠡᠨ᠎ᠤ ᠪᠠᠶ᠋ᠢᠯᠳᠤᠭ᠋ᠠᠨ᠎ᠤ ᠭᠠᠵᠠᠷ᠎ᠤᠨ ᠵᠢᠷᠤᠭ᠎ᠨᠢ 《ᠰᠣᠶᠣᠯ᠎ᠤᠨ ᠬᠠᠮᠵᠢᠯᠴᠠᠭ᠎ᠠ》 ᠵᠢᠨ ᠬᠠᠷᠠᠭ᠋ᠠᠨ ᠰᠡᠷᠡᠯ᠎ᠤᠨ ᠳᠠᠯᠳᠠ ᠪᠣᠯᠣᠨ ᠬᠤᠪᠢᠷᠠᠵᠤ᠂ ᠦᠷᠡᠭᠳᠡᠭᠰᠡᠨ ᠪᠠᠭ᠋ᠠᠲᠤᠷᠴᠤᠳ᠎ᠤᠨ ᠳᠤᠷᠠᠰᠬᠠᠯ᠎ᠤᠨ ᠬᠥᠰᠢᠶ᠎ᠡ ᠵᠢᠨ ᠣᠪᠣᠭ ᠨᠡᠷ᠎ᠡ ᠵᠢ ᠵᠡᠷᠭᠡᠴᠡᠭᠦᠯᠦᠨ ᠰᠡᠶ᠋ᠢᠯᠵᠦ 《ᠬᠤᠪᠢ ᠵᠠᠶᠠᠭ᠎ᠠ᠎ᠪᠠᠨ ᠬᠠᠮᠲᠤᠳᠬᠠᠬᠤ》 ᠵᠣᠷᠢᠭ ᠰᠠᠨᠠᠭ᠋ᠠᠨ᠎ᠤ ᠲᠣᠲ᠋ᠧᠮ ᠪᠣᠯᠭ᠋ᠠᠨ ᠬᠤᠪᠢᠷᠠᠭᠤᠯᠪᠠ᠃ ᠡᠨᠡᠬᠦ ᠣᠷᠣᠨ ᠵᠠᠢ ᠵᠢᠨ ᠲᠡᠮᠳᠡᠭ᠎ᠤᠨ ᠲᠤᠫᠤᠯᠤᠬᠢ ᠰᠤᠳᠤᠯᠤᠯ (ᠣᠷᠣᠨ ᠪᠠᠢ᠌ᠷᠢ ᠵᠢᠨ ᠵᠠᠳᠠᠯᠤᠯᠲᠠ)᠎ᠨᠢ ᠰᠤᠯᠢᠭᠳᠠᠭᠰᠠᠨ᠎ᠢ ᠬᠠᠷᠠᠭᠤᠯᠵᠤ᠂ ᠫᠢᠶᠧᠷ · ᠨᠦᠸᠸ ᠯᠠ ᠵᠢᠨ 《ᠴᠡᠭᠡᠵᠢᠯᠡᠬᠦᠢ ᠵᠢᠨ ᠣᠷᠣᠨ》 ᠭᠡᠬᠦ ᠣᠨᠣᠯ᠎ᠢ ᠤᠯᠵᠦ ᠲᠠᠨᠢᠬᠤ — ᠪᠣᠳᠠᠰ᠎ᠤᠨ ᠣᠷᠣᠨ ᠵᠠᠢ᠎ᠨᠢ ᠬᠦᠤᠷᠨᠢᠯ ᠵᠢᠷᠤᠭ ᠲᠥᠯᠥᠪᠯᠡᠭᠡ᠎ᠪᠠᠷ ᠳᠠᠮᠵᠢᠨ ᠬᠠᠮᠲᠤ ᠵᠢᠨ ᠣᠢ ᠰᠠᠨᠠᠮᠵᠢ ᠵᠢᠨ ᠬᠠᠳᠠᠭ᠋ᠠᠯᠠᠬᠤ ᠵᠠᠭᠤᠴᠢ ᠪᠣᠯᠪᠠ᠃

   ᠲᠡᠦᠬᠡ ᠵᠢᠨ ᠬᠡᠷᠡᠭ ᠶᠠᠪᠤᠳᠠᠯ᠎ᠠᠴᠠ ᠰᠣᠶᠣᠯ᠎ᠤᠨ ᠳᠠᠯᠳᠠ ᠵᠦᠢ᠍ᠷᠯᠡᠯ ᠬᠦᠷᠲᠡᠯ᠎ᠡ᠃ ᠪᠠᠢ᠌ᠭ᠋ᠠᠯᠢ ᠵᠢᠨ ᠦᠵᠡᠮᠵᠢ ᠵᠢᠨ ᠠᠮᠢ ᠠᠬᠤᠢ ᠵᠢᠨ ᠳᠠᠯᠳᠠ ᠵᠦᠢ᠍ᠷᠯᠡᠯ᠎ᠨᠢ ᠴᠡᠭᠡᠵᠢᠯᠡᠬᠦᠢ ᠵᠢᠨ ᠬᠤᠪᠢᠷᠠᠯᠲᠠ ᠵᠢᠨ ᠵᠠᠩᠭᠢᠯᠠᠭ᠎ᠠ ᠪᠣᠯᠳᠠᠭ᠃ ᠰᠠᠭᠤᠷᠢᠨ ᠭᠠᠵᠠᠷ᠎ᠨᠢ ᠥᠪᠥᠷ ᠮᠣᠩᠭᠤᠯ᠎ᠤᠨ ᠬᠢᠲᠠᠳ ᠴᠡᠷᠢᠭ ᠠᠷᠠᠳ ᠬᠠᠮᠲᠤ᠎ᠪᠠᠷ ᠲᠠᠷᠢᠭᠰᠠᠨ ᠨᠠᠷᠠᠰᠤ ᠮᠠᠶ᠋ᠢᠯᠠᠰᠤᠨ ᠤᠢ᠎ᠳᠤ᠂ 《ᠣᠨ᠎ᠤ ᠬᠦᠷᠳᠦ — ᠪᠦᠯᠬᠦᠮᠳᠡᠯ》᠎ᠤᠨ ᠪᠡᠯᠭᠡᠳᠡᠯ᠎ᠤᠨ ᠬᠤᠯᠪᠣᠭ᠎ᠠ᠎ᠪᠠᠷ ᠳᠠᠮᠵᠢᠭᠤᠯᠤᠨ᠂ ᠠᠮᠢᠳᠤ ᠪᠣᠳᠠᠰ᠎ᠤᠨ ᠤᠬᠠᠭ᠋ᠠᠨ᠎ᠤ ᠪᠣᠳᠠᠲᠤ ᠬᠡᠷᠡᠭ᠎ᠢ 《ᠦᠨᠳᠦᠰᠦᠲᠡᠨ᠎ᠤ ᠪᠦᠯᠬᠦᠮᠳᠡᠯ ᠥᠨᠢ ᠡᠭᠦᠷᠢᠳᠡ ᠵᠢᠨ ᠰᠣᠶᠣᠯ》᠎ᠤᠨ ᠰᠣᠶᠣᠯ᠎ᠤᠨ ᠲᠡᠮᠳᠡᠭ ᠪᠣᠯᠭ᠋ᠠᠨ ᠬᠤᠪᠢᠷᠠᠭᠤᠯᠵᠠᠢ᠃ ᠡᠢ᠌ᠮᠦᠷᠬᠦᠦ ᠰᠢᠯᠵᠢᠭᠦᠯᠦᠨ ᠣᠷᠴᠢᠭᠤᠯᠬᠤ ᠲᠣᠭᠲᠠᠴᠠ᠎ᠨᠢ ᠴᠡᠭᠡᠵᠢᠯᠡᠬᠦᠢ ᠵᠢᠨ ᠳᠠᠬᠢᠨ ᠪᠦᠲᠦᠭᠡᠬᠦ ᠵᠢᠨ ᠮᠥᠨ ᠴᠢᠨᠠᠷ ᠪᠣᠯ ᠰᠣᠶᠣᠯ᠎ᠤᠨ ᠤᠳᠬ᠎ᠠ ᠠᠭᠤᠯᠭ᠎ᠠ ᠵᠢᠨ ᠲᠡᠮᠳᠡᠭ᠎ᠤᠨ ᠺᠣᠳ᠋ᠯᠠᠯ ᠪᠣᠯᠬᠤ ᠵᠢ ᠢᠯᠡᠷᠡᠭᠦᠯᠵᠦ᠂ 《ᠪᠣᠳᠠᠲᠤ ᠳᠦᠷᠰᠦ — ᠬᠡᠢ᠌ᠰᠪᠦᠷᠢ — ᠳᠠᠬᠢᠨ ᠪᠣᠳᠠᠲᠤ ᠳᠦᠷᠰᠦ》 ᠵᠢᠨ ᠡᠷᠭᠢᠭᠦᠯᠭᠡᠨ ᠳᠡᠭᠡᠭᠰᠢᠯᠡᠬᠦ ᠵᠠᠮ᠎ᠢ ᠵᠢᠷᠤᠮᠯᠠᠳᠠᠭ᠃

   ᠵᠥᠷᠢᠶ᠎ᠡ᠎ᠲᠠᠢ ᠬᠦᠦᠷᠨᠢᠬᠦ᠎ᠠᠴᠠ ᠬᠠᠮᠲᠤ ᠵᠢᠨ ᠲᠠᠨᠢᠯᠲᠠ ᠵᠢᠨ ᠲᠡᠮᠳᠡᠭ ᠬᠦᠷᠲᠡᠯ᠎ᠡ᠃ ᠮᠣᠩᠭᠤᠯ ᠬᠢᠲᠠᠳ ᠬᠤᠤᠰ ᠬᠡᠯᠡᠨ᠎ᠤ ᠰᠤᠷᠪᠤᠯᠵᠢ ᠪᠢᠴᠢᠭ᠎ᠤᠨ ᠵᠥᠷᠢᠶᠡᠵᠢᠭᠰᠡᠨ ᠳ᠋ᠤᠭ᠋ᠠᠷᠯᠠᠯ᠎ᠤᠨ ᠠᠷᠭ᠎ᠠ ᠪᠣᠳᠣᠯᠭ᠎ᠠ᠎ᠨᠢ 《ᠰᠦᠢ᠍ᠶᠤᠸᠠᠨ ᠡᠳᠦᠷ᠎ᠤᠨ ᠰᠣᠨᠢᠨ》᠎ᠤ ᠳᠠᠮᠵᠢᠭᠤᠯᠭ᠎ᠠ ᠵᠢᠨ ᠦᠢ᠍ᠯᠡᠳᠦᠯᠭᠡ ᠵᠢᠨ ᠳᠤᠮᠳᠠ ᠨᠡᠶ᠋ᠢᠲᠡᠯᠢᠭ ᠢᠯᠡᠷᠡᠭᠦᠯᠦᠯᠲᠡ᠎ᠲᠠᠢ ᠪᠠᠶ᠋ᠢᠵᠤ᠂ ᠮᠣᠩᠭᠤᠯ ᠬᠡᠪᠯᠡᠯ᠎ᠨᠢ ᠪᠠᠶ᠋ᠢᠯᠳᠤᠬᠤ ᠠᠷᠭ᠎ᠠ ᠵᠢᠨ ᠰᠢᠨ᠎ᠡ ᠵᠢ ᠡᠭᠦᠳᠦᠭᠰᠡᠨ ᠦᠨᠳᠦᠰᠦᠲᠡᠨ᠎ᠤ ᠪᠦᠯᠦᠭ᠎ᠤᠨ ᠢᠯᠡᠷᠬᠡᠶ᠋ᠢᠯᠡᠯ᠎ᠢ ᠣᠯᠵᠤ᠂ ᠬᠢᠲᠠᠳ ᠬᠡᠯᠡᠨ᠎ᠤ ᠬᠡᠪᠯᠡᠯ᠎ᠨᠢ ᠤᠯᠤᠰ ᠲᠥᠷᠥ ᠵᠢᠨ ᠳᠠᠶ᠋ᠢᠴᠢᠯᠠᠯᠲᠠ ᠵᠢ ᠴᠢᠩᠭ᠋ᠠᠳᠬᠠᠭᠰᠠᠨ ᠬᠠᠮᠲᠤ ᠵᠢᠨ ᠴᠣᠭᠴᠠ ᠵᠢᠨ ᠦᠭᠡ ᠬᠡᠯᠡᠯᠭᠡ ᠵᠢ ᠢᠯᠡᠷᠡᠭᠦᠯᠪᠡ᠃ ᠬᠤᠶᠠᠭ᠍ᠤᠯᠠ᠎ᠪᠠᠨ 《ᠵᠥᠷᠢᠶᠡᠲᠦ ᠬᠦᠦᠷᠨᠢᠯ — ᠬᠠᠮᠲᠤ ᠵᠢᠨ ᠭᠣᠣᠯ ᠰᠡᠳᠦᠪ》᠎ᠤᠨ ᠬᠤᠪᠢᠰᠤᠩᠭᠤᠢ ᠨᠢᠭᠡᠳᠦᠯ ᠵᠶ᠋ᠠᠷ ᠳᠠᠮᠵᠢᠭᠤᠯᠤᠨ᠂ 《ᠦᠪᠡᠷ ᠦᠪᠡᠷ᠎ᠤᠨ ᠭᠤᠸ᠎ᠠ ᠰᠠᠶ᠋ᠢᠬᠠᠨ》᠎ᠠᠴᠠ 《ᠭᠤᠶᠤ ᠰᠠᠶ᠋ᠢᠬᠠᠨ ᠵᠶ᠋ᠠᠨ ᠬᠠᠮᠲᠤᠳᠬᠠᠬᠤ》᠎ᠤᠨ ᠬᠠᠷᠠᠭ᠋ᠠᠨ ᠤᠷᠤᠨ᠎ᠳᠤ ᠠᠭᠤᠰᠤᠯᠴᠠᠬᠤ ᠵᠢ ᠪᠡᠶᠡᠯᠡᠭᠦᠯᠦᠨ᠎ᠡ᠃ ᠡᠶ᠋ᠢᠮᠦ ᠲᠡᠮᠳᠡᠭ᠎ᠤᠨ ᠠᠷᠭ᠎ᠠ ᠪᠤᠳᠣᠯᠭ᠎ᠠ᠎ᠨᠢ ᠣᠯᠠᠨ ᠦᠨᠳᠦᠰᠦᠲᠡᠨ᠎ᠤ ᠭᠠᠵᠠᠷ ᠣᠷᠤᠨ᠎ᠤ ᠰᠣᠶᠣᠯ᠎ᠤᠨ ᠳᠠᠮᠵᠢᠭᠤᠯᠭ᠎ᠠ᠎ᠳᠤ ᠬᠡᠪ ᠵᠠᠭᠪᠤᠷ᠎ᠤᠨ ᠰᠡᠩᠬᠡᠷᠡᠭᠦᠯᠦᠯ ᠬᠠᠩᠭ᠋ᠠᠪᠠ᠃

   ᠬᠤᠶᠠᠷ᠂ ᠰᠤᠷᠭ᠋ᠠᠨ ᠬᠥᠮᠥᠵᠢᠭᠦᠯᠦᠯᠲᠡ᠄ ᠢᠵᠢᠯᠢᠰᠢᠯ᠎ᠤᠨ ᠲᠠᠨᠢᠨ ᠮᠡᠳᠡᠬᠦᠢ ᠵᠢᠨ ᠬᠤᠪᠢᠰᠬᠠᠯ᠎ᠤᠨ ᠵᠠᠮ

   ᠰᠤᠷᠭ᠋ᠠᠨ ᠬᠥᠮᠦᠵᠢᠯ᠎ᠤᠨ ᠰᠢᠰᠲ᠋ᠧᠮ᠎ᠨᠢ ᠲᠡᠮᠳᠡᠭᠵᠢᠭᠦᠯᠦᠯᠲᠡ ᠴᠡᠭᠡᠵᠢᠯᠡᠬᠦᠢ ᠵᠢ ᠥᠷᠲᠡᠭ᠎ᠤᠨ ᠲᠠᠨᠢᠨ ᠮᠡᠳᠡᠷᠡᠬᠦᠢ ᠪᠣᠯᠭ᠋ᠠᠨ ᠬᠤᠪᠢᠷᠠᠭᠤᠯᠬᠤ ᠵᠠᠭᠤᠴᠢ ᠵᠢᠨ ᠴᠢᠳᠠᠮᠵᠢ ᠵᠢ ᠡᠭᠦᠷᠭᠡᠯᠡᠵᠦ᠂ ᠣᠨᠣᠯ᠎ᠤᠨ ᠳᠣᠲᠣᠭ᠋ᠠᠳᠤ ᠴᠥᠮ᠎ᠡ᠎ᠨᠢ ᠭᠤᠷᠪᠠᠨ ᠳᠠᠪᠬᠤᠷ ᠲᠠᠨᠢᠨ ᠮᠡᠳᠡᠬᠦᠢ ᠵᠢᠨ ᠬᠤᠪᠢᠰᠬᠠᠯ ᠵᠶ᠋ᠠᠷ ᠢᠯᠡᠷᠡᠳᠡᠭ᠃

   ᠪᠡᠶ᠎ᠡ ᠵᠢᠨ ᠲᠠᠨᠢᠨ ᠮᠡᠳᠡᠬᠦᠢ ᠪᠠ ᠲᠡᠦᠬᠡ ᠵᠢᠨ ᠴᠡᠭᠡᠵᠢᠯᠡᠬᠦᠢ ᠵᠢᠨ ᠪᠡᠶ᠎ᠡ ᠵᠢᠨ ᠪᠦᠷᠢᠯᠳᠦᠯ᠎ᠲᠠᠢ ᠪᠠᠢ᠌ᠳᠠᠭ᠃ 《ᠶᠠᠪᠤᠵᠤ ᠰᠠᠭᠤᠬᠤ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ》᠎ᠨᠢ ᠪᠠᠶ᠋ᠢᠯᠳᠤᠭ᠋ᠠᠨ᠎ᠤ ᠬᠠᠰᠢᠯᠭ᠎ᠠ ᠵᠢ ᠲᠠᠶ᠋ᠢᠯᠬᠤ᠂ ᠨᠢᠭᠤᠴᠠ ᠴᠠᠬᠢᠯᠭ᠋ᠠᠨ ᠵᠶ᠋ᠠᠷ ᠵᠠᠳᠠᠯᠬᠤ ᠵᠡᠷᠭᠡ ᠪᠡᠶ᠎ᠡ ᠮᠠᠬᠠᠪᠣᠳ᠎ᠤᠨ ᠦᠢ᠍ᠯᠡᠳᠦᠯᠭᠡ᠎ᠪᠠᠷ ᠬᠤᠪᠢᠰᠬᠠᠯ᠎ᠤᠨ ᠵᠣᠷᠢᠭ ᠰᠠᠨᠠᠭ᠎ᠠ ᠵᠢ ᠳ᠋ᠤᠭ᠋ᠠᠷᠯᠠᠬᠤ᠎ᠪᠠᠷ ᠪᠤᠯᠴᠢᠩ᠎ᠤᠨ ᠳᠤᠷᠠᠰᠤᠮᠵᠢ ᠪᠣᠯᠭ᠋ᠠᠪᠠ᠃ ᠡᠨᠡ ᠬᠦ᠌ ᠰᠤᠷᠭ᠋ᠠᠨ ᠬᠥᠮᠦᠵᠢᠯ᠎ᠤᠨ ᠵᠢᠷᠤᠭ ᠲᠥᠯᠥᠪᠯᠡᠭᠡ᠎ᠨᠢ ᠲᠠᠨᠢᠯᠲᠠ ᠵᠢᠨ ᠮᠥᠨ ᠴᠢᠨᠠᠷ᠎ᠨᠢ 《ᠪᠡᠶ᠎ᠡ ᠮᠠᠬᠠᠪᠣᠳ — ᠣᠷᠴᠢᠨ ᠲᠣᠭᠣᠷᠢᠨ — ᠠᠴᠢ ᠬᠣᠯᠪᠣᠭᠳᠠᠯ》 ᠬᠠᠷᠢᠯᠴᠠᠨ ᠡᠭᠦᠰᠳᠡᠭ ᠪᠣᠯᠬᠣᠷ ᠲᠡᠦᠬᠡ ᠵᠢᠨ ᠳᠤᠷᠠᠰᠤᠮᠵᠢ ᠵᠢ ᠭᠠᠭᠴᠠ ᠬᠦ᠌ ᠪᠡᠶ᠎ᠡ ᠵᠢᠨ ᠲᠤᠷᠰᠢᠯᠭ᠎ᠠ᠎ᠲᠠᠢ ᠪᠣᠯᠭ᠋ᠠᠪᠠᠯ ᠰᠠᠶᠢ ᠵᠣᠬᠢᠶᠠᠯ᠎ᠤᠨ ᠳᠡᠪᠲᠡᠷ᠎ᠤᠨ ᠬᠦᠦᠷᠨᠢᠯ᠎ᠤᠨ ᠬᠡᠢ᠌ᠰᠪᠦᠷᠢ ᠬᠢᠵᠠᠭ᠋ᠠᠷᠯᠠᠯ᠎ᠢ ᠳᠠᠪᠠᠵᠤ  ᠴᠢᠳᠠᠨ᠎ᠠ᠃

   ᠰᠤᠷᠭ᠋ᠠᠨ ᠬᠥᠮᠦᠵᠢᠯ᠎ᠤᠨ ᠤᠬᠠᠭ᠋ᠠᠨ ᠪᠠ ᠵᠥᠷᠢᠶ᠎ᠡ ᠵᠢᠨ ᠶᠠᠷᠢᠯᠴᠠᠭ᠎ᠠ ᠵᠢ ᠰᠢᠭᠦᠮᠵᠢᠯᠡᠨ᠎ᠡ᠃ ᠮᠣᠩᠭᠤᠯ ᠬᠢᠲᠠᠳ ᠬᠤᠤᠰ ᠬᠡᠯᠡᠨ᠎ᠤ ᠰᠤᠷᠭ᠋ᠠᠨ ᠬᠥᠮᠦᠵᠢᠯ᠎ᠨᠢ 《ᠵᠥᠷᠢᠶ᠎ᠡ ᠵᠢᠨ ᠶᠠᠷᠢᠯᠴᠠᠭ᠎ᠠ》 ᠵᠢᠨ ᠲᠣᠭᠲᠠᠴᠠ ᠵᠢ ᠪᠠᠶ᠋ᠢᠭᠤᠯᠬᠤ᠎ᠪᠠᠷ ᠳᠠᠮᠵᠢᠭᠤᠯᠤᠨ᠂ ᠰᠤᠷᠤᠯᠴᠠᠭᠰᠠᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠲᠧᠺᠰᠲ ᠬᠠᠷᠢᠴᠠᠭᠤᠯᠬᠤ ᠳᠤᠮᠳᠠ ᠬᠠᠮᠲᠤ ᠵᠢᠨ ᠴᠣᠭᠴᠠ ᠪᠠᠶ᠋ᠢᠭᠤᠯᠬᠤ ᠤᠬᠠᠮᠰᠠᠷ᠎ᠢ ᠪᠤᠢ ᠪᠣᠯᠭ᠋ᠠᠨ᠎ᠠ᠃ ᠵᠢᠱ᠌ᠢᠶᠡᠯᠡᠪᠡᠯ᠂ 《ᠮᠣᠩᠭᠤᠯ᠎ᠤᠨ ᠨᠢᠭᠤᠴᠠ ᠲᠣᠪᠴᠢᠶᠠᠨ》᠎ᠤ ᠨᠡᠭᠦᠳᠡᠯ ᠮᠠᠯᠵᠢᠯ ᠪᠠ 《ᠮᠠᠤ ᠽᠧ ᠳ᠋ᠦᠩ᠎ᠤᠨ ᠰᠤᠩᠭᠤᠮᠠᠯ》᠎ᠤᠨ ᠬᠤᠪᠢᠰᠬᠠᠯᠲᠤ ᠦᠭᠡ ᠵᠢ ᠬᠠᠷᠢᠴᠠᠭᠤᠯᠤᠨ ᠵᠠᠳᠠᠯᠵᠤ᠂ ᠠᠳᠠᠯᠢ ᠪᠤᠰᠤ ᠰᠣᠶᠣᠯ᠎ᠤᠨ ᠤᠯᠠᠮᠵᠢᠯᠠᠯ᠎ᠤᠨ 《ᠪᠦᠯᠬᠦᠮᠳᠡᠯ》᠎ᠤᠨ ᠤᠬᠠᠭᠳᠠᠬᠤᠨ᠎ᠤ ᠲᠤᠬᠠᠶ ᠵᠥᠷᠢᠶ᠎ᠡ ᠪᠠ ᠥᠷᠲᠡᠭ᠎ᠤᠨ ᠬᠠᠮᠲᠤ ᠵᠢᠨ ᠲᠠᠨᠢᠯᠲᠠ ᠵᠢ ᠢᠯᠡᠷᠡᠭᠦᠯᠪᠡ᠃ ᠡᠶ᠋ᠢᠮᠦᠷᠬᠦᠦ ᠰᠤᠷᠭ᠋ᠠᠨ ᠬᠥᠮᠦᠵᠢᠯ᠎ᠤᠨ ᠵᠠᠭᠪᠤᠷ᠎ᠨᠢ ᠨᠡᠪᠲᠡᠷᠡᠭᠦᠯᠬᠦ ᠮᠠᠶᠢᠭ᠎ᠤᠨ ᠵᠢᠭ᠋ᠠᠨ ᠰᠤᠷᠭ᠋ᠠᠯᠲᠠ ᠵᠢᠨ ᠡᠷᠬᠡ ᠵᠢᠨ ᠬᠠᠷᠢᠴᠠᠭ᠎ᠠ ᠵᠢ ᠡᠪᠳᠡᠵᠦ᠂ ᠵᠥᠷᠢᠶ᠎ᠡ ᠵᠢ ᠲᠠᠨᠢᠨ ᠮᠡᠳᠡᠬᠦᠢ ᠵᠢᠨ ᠭᠦᠨᠵᠡᠭᠡᠶ᠋ᠢᠷᠡᠭᠦᠯᠬᠦ ᠲᠦᠷᠭᠡᠳᠬᠡᠭᠦᠷ ᠪᠣᠯᠭ᠋ᠠᠵᠠᠢ᠃

   ᠮᠡᠷᠭᠡᠵᠢᠯ᠎ᠤᠨ ᠵᠠᠭᠤᠴᠢ ᠬᠢᠭᠡᠳ ᠴᠡᠭᠡᠵᠢᠯᠡᠬᠦᠢ ᠵᠢᠨ ᠨᠥᠬᠥᠨ ᠦᠢ᠍ᠯᠡᠳᠪᠦᠷᠢᠯᠡᠯ᠃ ᠬᠡᠰᠡᠭ ᠬᠡᠯᠬᠢᠶᠡᠰᠦ ᠵᠢᠨ ᠮᠡᠷᠭᠡᠵᠢᠯ᠎ᠢ ᠬᠤᠪᠢᠰᠬᠠᠯ᠎ᠤᠨ ᠥᠩᠭᠡᠷᠡᠯᠲᠡ ᠵᠢ ᠲᠣᠭ᠋ᠠᠴᠢᠬᠤ᠎ᠳᠤ ᠬᠡᠷᠡᠭᠯᠡᠵᠦ᠂ AR ᠰᠡᠷᠭᠦᠭᠡᠯᠲᠡ ᠵᠢᠨ ᠮᠡᠷᠭᠡᠵᠢᠯ᠎ᠨᠢ ᠲᠡᠤᠬᠡ ᠵᠢᠨ ᠠᠬᠤᠶ ᠪᠠᠶ᠋ᠢᠳᠠᠯ᠎ᠢ ᠳᠠᠬᠢᠨ ᠢᠯᠡᠷᠡᠭᠦᠯᠬᠦ᠎ᠳᠤ ᠬᠡᠷᠡᠭᠯᠡᠵᠦ᠂ ᠡᠳᠡᠭᠡᠷ ᠲᠣᠭ᠋ᠠᠴᠢᠯᠠᠭᠰᠠᠨ ᠪᠠᠭ᠋ᠠᠵᠢ᠎ᠨᠢ 《ᠳᠤᠷᠠᠰᠤᠮᠵᠢ ᠵᠢ ᠬᠠᠳᠠᠭ᠋ᠠᠯᠠᠬᠤ》 ᠪᠠ 《ᠠᠴᠢ ᠬᠤᠯᠪᠣᠭᠳᠠᠯ᠎ᠤᠨ ᠰᠢᠨ᠎ᠡ ᠡᠭᠦᠳᠦᠯᠲᠡ》 ᠵᠢᠨ ᠳᠤᠮᠳᠠ ᠬᠤᠪᠢᠰᠤᠩᠭᠤᠶ ᠬᠠᠷᠢᠴᠠᠭ᠎ᠠ ᠪᠠᠶ᠋ᠢᠭᠤᠯᠬᠤ᠎ᠳᠤ ᠬᠡᠷᠡᠭᠯᠡᠪᠡ᠃ ᠭᠡᠪᠡᠴᠦ ᠪᠤᠳᠤᠬᠤ ᠠᠷᠭ᠎ᠠ ᠵᠢ ᠲᠦᠯᠬᠢᠨ ᠬᠦᠷᠭᠡᠭᠰᠡᠨ᠎ᠠᠴᠠ ᠪᠣᠯᠤᠭᠰᠠᠨ ᠰᠣᠶᠣᠯ᠎ᠤᠨ ᠵᠢᠭᠳᠡ ᠴᠢᠨᠠᠷᠵᠢᠯᠲᠠ ᠵᠢ ᠰᠡᠷᠡᠮᠵᠢᠯᠡᠵᠦ᠂ ᠮᠡᠷᠭᠡᠵᠢᠯ᠎ᠤᠨ ᠬᠡᠷᠡᠭᠯᠡᠯᠲᠡ᠎ᠳᠠᠬᠢ 《ᠴᠡᠭᠡᠵᠢᠯᠡᠬᠦᠢ ᠵᠢ ᠦᠯᠡᠳᠡᠭᠡᠬᠦ》 ᠵᠢ ᠪᠠᠲᠤᠯᠠᠵᠤ᠂ ᠤᠯᠠᠨ ᠶᠠᠩᠵᠤᠲᠤ ᠴᠢᠨᠠᠷ᠎ᠢ ᠲᠠᠢ᠌ᠯᠪᠤᠷᠢᠯᠠᠬᠤ᠎ᠳᠤ ᠣᠷᠣᠨ ᠵᠠᠢ ᠦᠯᠡᠳᠡᠭᠡᠵᠦ ᠥᠭᠬᠦ ᠬᠡᠷᠡᠭᠲᠡᠢ᠃

   ᠭᠤᠷᠪᠠ᠂ ᠠᠮᠢᠳᠤᠷᠠᠯᠵᠢᠭᠤᠯᠤᠯᠲᠠ᠄ ᠢᠵᠢᠯᠢᠰᠢᠯ᠎ᠤᠨ ᠦᠢ᠍ᠯᠡᠳᠦᠯᠭᠡ ᠵᠢᠨ ᠬᠠᠲᠠᠭᠤᠷᠠᠯ᠎ᠤᠨ ᠰᠢᠰᠲ᠋ᠧᠮ

   ᠪᠤᠳᠢ  ᠡᠸ ᠵᠢᠨ ᠦᠢ᠍ᠯᠡᠳᠦᠯᠭᠡ ᠵᠢᠨ ᠣᠨᠣᠯ᠎ᠳᠤ ᠵᠢᠭ᠋ᠠᠬᠤ᠎ᠳᠠᠭᠠᠨ᠂ ᠰᠣᠶᠣᠯ᠎ᠤᠨ ᠢᠵᠢᠯᠢᠰᠢᠯ᠎ᠤᠨ ᠭᠦᠨ ᠳᠠᠪᠬᠤᠷᠭ᠎ᠠ ᠵᠢᠨ ᠪᠡᠬᠢᠵᠢᠯ᠎ᠨᠢ ᠵᠠᠩᠰᠢᠭᠰᠠᠨ ᠡᠳᠦᠷ ᠲᠤᠲᠤᠮ᠎ᠤᠨ ᠪᠣᠯᠪᠠᠰᠤᠷᠠᠯ᠎ᠳᠤ ᠲᠦᠰᠢᠭᠯᠡᠨ᠎ᠡ᠃ ᠠᠮᠢᠳᠤᠷᠠᠯ᠎ᠤᠨ ᠵᠠᠮ᠎ᠨᠢ ᠭᠤᠷᠪᠠᠨ ᠳᠠᠪᠬᠤᠷ ᠲᠣᠭᠲᠠᠴᠠ᠎ᠪᠠᠷ ᠳᠠᠮᠵᠢᠭᠤᠯᠤᠨ ᠴᠡᠭᠡᠵᠢᠯᠡᠬᠦᠢ ᠵᠢᠨ ᠦᠢ᠍ᠯᠡᠳᠦᠯᠭᠡ ᠵᠢᠨ ᠲᠣᠭᠲᠠᠪᠤᠷᠢᠵᠢᠯᠲᠠ ᠵᠢ ᠪᠡᠶᠡᠯᠡᠭᠦᠯᠦᠨ᠎ᠡ᠃

   ᠣᠷᠣᠨ ᠵᠠᠢ ᠵᠢᠨ ᠳᠠᠬᠢᠨ ᠴᠣᠭᠴᠠᠯᠠᠯᠲᠠ ᠪᠠ ᠦᠵᠡᠯ ᠤᠬᠠᠮᠰᠠᠷ᠎ᠤᠨ ᠬᠡᠯᠪᠡᠷᠢ ᠵᠢᠨ ᠨᠡᠪᠴᠢᠯᠲᠡ᠃ ᠬᠥᠬᠡᠬᠣᠲᠠ ᠵᠢᠨ ᠴᠢᠩ ᠴᠢᠤᠸᠠᠨ ᠵᠡᠭᠡᠯᠢ ᠵᠢᠨ ᠨᠡᠢ᠌ᠭᠡᠮ ᠲᠣᠭᠣᠷᠢᠭ᠎ᠤᠨ 《ᠤᠯᠠᠭ᠋ᠠᠨ ᠠᠨᠠᠷ ᠥᠷᠲᠡᠭᠡ》᠎ᠨᠢ ᠮᠣᠩᠭᠣᠯ ᠦᠨᠳᠦᠰᠦᠲᠡᠨ᠎ᠤ ᠪᠠᠷᠢᠯᠭ᠎ᠠ ᠵᠢᠨ ᠲᠡᠮᠳᠡᠭ ᠪᠣᠯᠤᠨ ᠣᠳᠣ ᠦᠶ᠎ᠡ ᠵᠢᠨ ᠦᠢ᠍ᠯᠡᠴᠢᠯᠡᠭᠡᠨ᠎ᠤ ᠴᠢᠳᠠᠪᠬᠢ ᠠᠭᠤᠰᠤᠯᠴᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ᠂ ᠠᠵᠢᠯ ᠣᠯᠭᠣᠯᠲᠠ ᠵᠢᠨ ᠵᠢᠯᠣᠭᠣᠳᠤᠯᠭ᠎ᠠ ᠵᠡᠷᠭᠡ ᠡᠳᠦᠷ ᠳᠣᠳᠣᠮ᠎ᠤᠨ ᠠᠵᠢᠯᠯᠠᠭ᠎ᠠ ᠵᠢ ᠦᠵᠡᠯ ᠤᠬᠠᠮᠰᠠᠷ᠎ᠤᠨ ᠬᠡᠯᠪᠡᠷᠢ ᠵᠢᠨ 《ᠬᠦᠴᠦᠷᠬᠡᠭᠯᠡᠯ ᠵᠢᠨ ᠪᠤᠰᠤ ᠨᠡᠪᠴᠢᠯᠲᠠ》 ᠵᠢᠨ ᠠᠴᠢᠶᠠᠯᠠᠪᠤᠷᠢ ᠪᠣᠯᠭ᠋ᠠᠨ᠎ᠠ᠃ ᠡᠢ᠌ᠮᠦᠷᠬᠦᠦ ᠣᠷᠣᠨ ᠵᠠᠢ ᠵᠢᠨ ᠥᠭᠡᠷᠡᠴᠢᠯᠡᠯᠲᠡ᠎ᠨᠢ ᠹᠢᠽᠢᠺ᠎ᠤᠨ ᠣᠷᠴᠢᠨ ᠲᠣᠭᠣᠷᠢᠨ᠎ᠤ ᠳᠡᠮᠳᠡᠭᠴᠢᠯᠡᠭᠰᠡᠨ ᠵᠢᠷᠤᠭ ᠲᠥᠯᠥᠪᠯᠡᠭᠡ ᠵᠢ ᠦᠯᠦ ᠮᠡᠳᠡᠭᠴᠢ᠎ᠪᠠᠷ ᠳᠠᠬᠢᠨ ᠱᠤᠭᠤᠬᠤ ᠦᠢ᠍ᠯᠡ ᠠᠵᠢᠯᠯᠠᠭ᠎ᠠ ᠵᠢᠨ ᠳᠠᠳᠬᠠᠯ᠎ᠢ ᠭᠡᠷᠡᠴᠢᠯᠡᠪᠡ᠃

   ᠶᠣᠰᠣᠯᠠᠯ᠎ᠤᠨ ᠠᠷᠢᠭᠤᠨ ᠳᠠᠷᠬᠠᠨ ᠨᠥᠬᠥᠨ ᠦᠢ᠍ᠯᠡᠳᠪᠦᠷᠢᠯᠡᠯ᠃ ᠣᠷᠣᠯᠴᠠᠭᠰᠠᠳ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠲᠡᠮᠲᠡᠷᠢᠬᠦ᠂ ᠶᠠᠫᠤᠨ᠎ᠢ ᠡᠰᠡᠷᠭᠦᠴᠡᠬᠦ ᠲᠠᠢ᠍ᠢ᠍ᠨ᠎ᠤ ᠳᠠᠭᠤᠤ ᠵᠢ ᠬᠠᠮᠲᠤ᠎ᠪᠠᠷ ᠳᠠᠭᠤᠯᠠᠬᠤ ᠵᠡᠷᠭᠡ ᠪᠣᠳᠠᠲᠤ ᠦᠢ᠍ᠯᠡᠳᠦᠯᠭᠡ᠎ᠪᠠᠷ ᠲᠠᠮᠵᠢᠨ᠂ ᠲᠡᠦᠬᠡ ᠵᠢᠨ ᠳᠤᠷᠠᠰᠤᠮᠵᠢ ᠵᠢ ᠰᠡᠳᠬᠢᠯᠭᠡ ᠵᠢᠨ ᠡᠨᠧᠷᠭᠢ ᠪᠣᠯᠭ᠋ᠠᠨ ᠬᠤᠪᠢᠷᠠᠭᠤᠯᠵᠤ᠂ ᠦᠨᠳᠦᠰᠦᠲᠡᠨ᠎ᠤ ᠤᠯᠠᠨ ᠲᠦᠮᠡᠨ᠎ᠠᠴᠠ ᠳᠠᠪᠠᠭᠰᠠᠨ ᠬᠠᠮᠲᠤ ᠵᠢᠨ ᠬᠥᠭᠡᠷᠦᠯᠲᠡ ᠵᠢ ᠪᠤᠢ ᠪᠣᠯᠭ᠋ᠠᠪᠠ᠃

   ᠬᠠᠷᠢᠯᠴᠠᠭ᠋ᠠᠨ᠎ᠤ ᠣᠶᠤᠨᠴᠢ ᠴᠢᠨᠠᠷ ᠬᠢᠭᠡᠳ ᠵᠥᠷᠢᠶ᠎ᠡ ᠵᠢᠨ ᠵᠠᠰᠠᠯᠲᠠ᠃ ᠬᠥᠬᠡᠬᠤᠲᠠ ᠤᠯᠠᠨ ᠦᠨᠳᠦᠰᠦᠲᠡᠨ᠎ᠲᠠᠢ ᠠᠭᠤᠰᠤᠯᠴᠠᠭᠰᠠᠨ ᠲᠡᠦᠬᠡ ᠵᠢᠨ ᠬᠦᠢ᠍ᠰᠦ ᠪᠣᠯᠤᠭᠰᠠᠨ᠎ᠤ ᠬᠤᠪᠢ᠎ᠳᠤ᠂ ᠲᠡᠭᠦᠨ᠎ᠤ ᠬᠤᠪᠢᠰᠬᠠᠯ᠎ᠤᠨ ᠲᠡᠦᠬᠡ᠎ᠨᠢ ᠶᠠᠪᠤᠯᠴᠠᠭ᠎ᠠ ᠣᠶᠤᠨᠴᠢ ᠪᠠ ᠵᠥᠷᠢᠶ᠎ᠡ ᠵᠢᠨ ᠵᠠᠰᠠᠯᠲᠠ ᠵᠢᠨ ᠦᠢ᠍ᠯᠡᠳᠦᠯᠭᠡ ᠵᠢᠨ ᠤᠶᠤᠨ ᠤᠬᠠᠭ᠋ᠠᠨ᠎ᠢ ᠭᠦᠨᠵᠡᠭᠡᠢ ᠲᠠᠶ᠋ᠢᠯᠪᠤᠷᠢᠯᠠᠵᠠᠢ᠃ ᠵᠡᠭᠦᠨ ᠤᠰᠤᠲᠤ ᠲᠣᠰᠬᠤᠨ᠎ᠤ ᠯᠢᠶᠠᠩ ᠬᠦᠢ ᠬᠤᠸᠠ ᠵᠢᠨ ᠦᠷᠡᠭᠳᠡᠭᠰᠡᠨ ᠪᠠᠭ᠋ᠠᠲᠤᠷᠴᠤᠳ᠎ᠤᠨ ᠪᠤᠩᠬᠤᠨ᠎ᠳᠤ ᠲᠦᠰᠢᠭᠯᠡᠨ᠂ 《ᠦᠷᠡᠭᠳᠡᠭᠰᠡᠨ ᠪᠠᠭ᠋ᠠᠲᠤᠷᠴᠤᠳ ᠵᠶ᠋ᠠᠨ ᠲᠠᠬᠢᠬᠤ᠂ ᠭᠡᠷᠢᠶᠡᠰ ᠵᠶ᠋ᠠᠨ ᠳᠠᠭ᠋ᠠᠭ᠋ᠠᠬᠤ》 ᠵᠡᠷᠭᠡ ᠬᠤᠪᠢᠰᠬᠠᠯ᠎ᠤᠨ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠬᠤᠪᠢᠰᠬᠠᠯ᠎ᠤᠨ ᠳᠤᠷᠠᠰᠤᠮᠵᠢ ᠵᠢ ᠤᠯᠠᠮᠵᠢᠯᠠᠪᠠ᠃ ᠡᠭᠦᠨ᠎ᠤ ᠬᠠᠮᠲᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠵᠤ᠂ 《ᠪᠣᠳᠠᠰ᠎ᠤᠨ ᠪᠤᠰᠤ ᠰᠣᠶᠣᠯ᠎ᠤᠨ ᠥᠪ》᠎ᠢ ᠬᠠᠮᠠᠭ᠋ᠠᠯᠠᠨ ᠤᠯᠠᠮᠵᠢᠯᠠᠬᠤ ᠵᠡᠷᠭᠡ ᠵᠢ ᠡᠷᠬᠢᠯᠡᠨ᠎ᠡ᠃ ᠡᠳᠡᠭᠡᠷ ᠦᠢ᠍ᠯᠡᠳᠦᠯᠭᠡ᠎ᠨᠢ ᠬᠠᠷᠢᠯᠴᠠᠭ᠎ᠠ᠎ᠪᠠᠷ ᠳᠠᠮᠵᠢᠨ ᠰᠣᠶᠣᠯ᠎ᠤᠨ ᠡᠰᠡᠷᠭᠦᠴᠡᠯᠳᠦᠯ᠎ᠢ ᠠᠷᠢᠯᠭ᠋ᠠᠬᠤ᠎ᠪᠠᠷ ᠪᠠᠷᠠᠬᠤ ᠦᠭᠡᠢ ᠪᠠᠰᠠ ᠵᠥᠷᠢᠶ᠎ᠡ᠎ᠪᠠᠷ ᠬᠠᠮᠲᠤ ᠣᠷᠣᠰᠢᠬᠤ ᠤᠯᠠᠨ ᠡᠰᠢᠲᠦ ᠮᠡᠳᠡᠷᠡᠮᠵᠢ ᠵᠢ ᠰᠠᠬᠢᠨ ᠬᠠᠮᠠᠭ᠋ᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ 《ᠬᠥᠬᠡᠬᠤᠲᠠ ᠵᠢᠨ ᠵᠠᠭᠪᠤᠷ》 ᠬᠠᠩᠭ᠋ᠠᠪᠠ᠃

   ᠳᠥᠷᠪᠡ᠂ ᠲᠣᠭᠲᠠᠴᠠ ᠵᠢᠨ ᠬᠠᠮᠵᠢᠯᠴᠠᠭ᠎ᠠ᠄ ᠭᠤᠷᠪᠠᠨ ᠬᠡᠮᠵᠢᠯᠳᠦ ᠠᠷᠭ᠎ᠠ ᠵᠠᠮ᠎ᠤᠨ ᠬᠤᠪᠢᠰᠤᠩᠭᠤᠢ ᠬᠥᠳᠡᠯᠭᠡᠭᠡᠨ

   ᠬᠠᠮᠲᠤ ᠵᠢᠨ ᠲᠡᠦᠬᠡ ᠵᠢᠨ ᠳᠤᠷᠠᠰᠤᠮᠵᠢ ᠵᠢ ᠤᠶᠤᠨ ᠰᠠᠨᠠᠭ᠋ᠠᠨ᠎ᠤ ᠭᠡᠷ ᠣᠷᠣᠨ ᠪᠣᠯᠭ᠋ᠠᠨ ᠬᠤᠪᠢᠷᠠᠭᠤᠯᠵᠤ᠂ ᠮᠥᠨ ᠴᠢᠨᠠᠷ᠎ᠢ ᠲᠡᠮᠳᠡᠭᠵᠢᠭᠦᠯᠬᠦ᠂ ᠰᠤᠷᠭ᠋ᠠᠨ ᠬᠥᠮᠥᠵᠢᠭᠦᠯᠦᠯᠲᠡ ᠪᠠ ᠠᠮᠢᠳᠤᠷᠠᠯᠵᠢᠭᠤᠯᠬᠤ ᠠᠷᠭ᠎ᠠ ᠵᠠᠮ᠎ᠤᠨ ᠬᠠᠮᠵᠢᠯᠴᠠᠨ ᠬᠠᠷᠢᠯᠴᠠᠨ ᠪᠠᠶ᠋ᠢᠭᠤᠯᠬᠤ ᠶᠠᠪᠤᠴᠠ ᠪᠣᠯᠤᠨ᠎ᠠ᠂ ᠲᠡᠭᠦᠨ᠎ᠤ 《ᠪᠦᠷᠢᠯᠳᠦᠬᠦ — ᠳᠠᠮᠵᠢᠭᠤᠯᠬᠤ — ᠬᠠᠲᠠᠭᠤᠷᠠᠭᠤᠯᠬᠤ》 ᠬᠥᠳᠡᠯᠦᠩᠭᠦᠶ ᠯᠣᠭᠢᠭ᠎ᠢ ᠵᠢᠷᠤᠮᠯᠠᠪᠠ᠃

   ᠲᠡᠮᠳᠡᠭᠵᠢᠭᠦᠯᠦᠯᠲᠡ᠎ᠨᠢ ᠤᠳᠬ᠎ᠠ ᠵᠢᠨ ᠡᠭᠦᠰᠦᠯᠲᠡ ᠵᠢᠨ ᠡᠬᠢᠯᠡᠯᠲᠡ ᠵᠢᠨ ᠴᠡᠭ ᠪᠣᠯᠤᠨ᠎ᠠ᠃ ᠬᠤᠪᠢᠰᠬᠠᠯ᠎ᠤᠨ ᠪᠠᠭᠤᠷᠢ᠂ ᠬᠤᠤᠰ ᠬᠡᠯᠡᠨ᠎ᠤ ᠰᠤᠷᠪᠤᠯᠵᠢ ᠪᠢᠴᠢᠭ ᠵᠡᠷᠭᠡ ᠠᠴᠢᠶᠠᠯᠠᠪᠤᠷᠢ᠎ᠨᠢ ᠳᠠᠪᠬᠤᠷ ᠳ᠋ᠤᠭ᠋ᠠᠷᠯᠠᠯ (ᠦᠰᠦᠭ ᠪᠢᠴᠢᠭ + ᠵᠢᠷᠤᠭ ᠳᠦᠷᠰᠦ) ᠵᠶ᠋ᠠᠷ ᠳᠠᠮᠵᠢᠭᠤᠯᠤᠨ ᠲᠡᠮᠳᠡᠭ᠎ᠤᠨ ᠰᠦᠯᠵᠢᠶ᠎ᠡ ᠵᠢ ᠪᠠᠶ᠋ᠢᠭᠤᠯᠤᠨ᠎ᠠ᠃ ᠵᠢᠱ᠌ᠢᠶᠡᠯᠡᠪᠡᠯ ᠲᠠᠯᠠᠨ ᠬᠠᠷ᠎ᠠ ᠠᠭᠤᠯᠠ ᠵᠢᠨ ᠮᠤᠷᠢᠲᠤ ᠴᠡᠷᠢᠭ᠎ᠤᠨ ᠮᠤᠳᠤᠨ ᠵᠢᠷᠤᠭ᠎ᠤᠨ ᠳᠤᠮᠳᠠ᠂ ᠮᠤᠩᠭᠤᠯ ᠪᠠᠶ᠋ᠢᠯᠳᠤᠭᠴᠢ ᠵᠢᠨ ᠮᠤᠷᠢᠲᠤ ᠴᠡᠷᠢᠭ᠎ᠤᠨ ᠳᠦᠷᠢ ᠪᠠᠶ᠋ᠢᠳᠠᠯ᠎ᠨᠢ ᠬᠢᠳᠠᠳ ᠦᠨᠳᠦᠰᠦᠲᠡᠨ᠎ᠤ ᠤᠯᠠᠭ᠋ᠠᠨ ᠲᠤᠭ᠎ᠤᠨ ᠵᠢᠷᠤᠭ᠎ᠲᠠᠢ ᠵᠡᠷᠭᠡᠴᠡᠨ᠂ 《ᠴᠡᠷᠢᠭ᠎ᠤᠨ ᠶᠠᠪᠤᠳᠠᠯ᠎ᠤᠨ ᠬᠠᠮᠵᠢᠯᠴᠠᠭ᠎ᠠ — ᠤᠯᠤᠰ ᠲᠦᠷᠦ ᠵᠢᠨ ᠮᠡᠳᠡᠷᠡᠮᠵᠢ》 ᠬᠡᠬᠦ ᠲᠡᠮᠳᠡᠭ᠎ᠤᠨ ᠳᠠᠯᠳᠠ ᠡᠭᠦᠰᠦᠯ᠎ᠢ ᠪᠦᠷᠢᠯᠳᠦᠬᠦᠯᠦᠭᠰᠡᠨ ᠪᠠᠶ᠋ᠢᠨ᠎ᠠ᠃ ᠡᠶ᠋ᠢᠮᠦ ᠺᠣᠳ᠋ᠯᠡᠯ᠎ᠤᠨ ᠰᠢᠰᠲ᠋ᠧᠮ᠎ᠨᠢ ᠰᠤᠷᠭ᠋ᠠᠨ ᠬᠥᠮᠦᠵᠢᠯ᠎ᠤᠨ ᠳᠠᠮᠵᠢᠭᠤᠯᠭ᠎ᠠ᠎ᠳᠤ ᠤᠳᠬ᠎ᠠ ᠠᠭ᠍ᠤᠯᠭ᠎ᠠ ᠵᠢᠨ ᠲᠦᠭᠦᠬᠡᠢ ᠮᠠᠲᠸᠷᠢᠶᠠᠯ᠎ᠢ ᠬᠠᠩᠭ᠋ᠠᠪᠠ᠃

   ᠰᠤᠷᠭ᠋ᠠᠨ ᠬᠥᠮᠥᠵᠢᠭᠦᠯᠦᠯᠲᠡ᠎ᠪᠠᠷ ᠥᠷᠲᠡᠭ᠎ᠤᠨ ᠳᠠᠮᠵᠢᠭᠤᠯᠭ᠎ᠠ ᠵᠢᠨ ᠵᠠᠭᠤᠴᠢ ᠪᠣᠯᠭ᠋ᠠᠳᠠᠭ᠃ ᠬᠢᠴᠢᠶᠡᠯ᠎ᠤᠨ ᠰᠢᠰᠲ᠋ᠧᠮ᠎ᠨᠢ 《ᠬᠡᠷᠡᠭ ᠶᠠᠪᠤᠳᠠᠯ —   ᠲᠡᠮᠳᠡᠭ — ᠦᠨ᠎ᠡ ᠥᠷᠲᠡᠭ》᠎ᠢ ᠮᠡᠳᠡᠷᠡᠬᠦ ᠬᠡᠯᠬᠢᠶ᠎ᠡ ᠵᠢ ᠪᠠᠶ᠋ᠢᠭᠤᠯᠬᠤ᠎ᠪᠠᠷ ᠳᠠᠮᠵᠢᠭᠤᠯᠤᠨ᠂ ᠲᠡᠮᠳᠡᠭ᠎ᠤᠨ ᠠᠴᠢ ᠬᠤᠯᠪᠣᠭᠳᠠᠯ᠎ᠢ ᠥᠷᠲᠡᠭ᠎ᠤᠨ ᠮᠡᠳᠡᠷᠡᠮᠵᠢ ᠪᠣᠯᠭ᠋ᠠᠨ ᠬᠤᠪᠢᠷᠠᠭᠤᠯᠤᠨ᠎ᠠ᠃ ᠵᠢᠱ᠌ᠢᠶᠡᠯᠡᠪᠡᠯ 《ᠮᠣᠩᠭᠣᠯ ᠬᠢᠲᠠᠳ ᠪᠠᠢ᠌ᠯᠳᠤᠬᠤ ᠠᠷᠭ᠎ᠠ ᠵᠢᠨ ᠠᠳᠠᠯᠢᠳᠬᠠᠯ》᠎ᠤᠨ ᠬᠡᠰᠡᠭ᠎ᠲᠤ᠂ ᠨᠡᠭᠦᠳᠡᠯ ᠦᠨᠳᠦᠰᠦᠲᠡᠨ᠎ᠤ ᠪᠡᠯᠡᠳᠬᠡᠯ ᠪᠠᠶ᠋ᠢᠯᠳᠤᠬᠤ ᠠᠷᠭ᠎ᠠ ᠬᠢᠭᠡᠳ ᠨᠠᠢ᠍ᠮᠠᠳᠤᠭ᠋ᠠᠷ ᠵᠠᠮ᠎ᠤᠨ ᠴᠡᠷᠢᠭ᠎ᠤᠨ ᠣᠯᠠᠨ ᠲᠦᠮᠡᠨᠴᠢ ᠱᠤᠭᠤᠮ᠎ᠢ ᠬᠡᠷᠬᠢᠨ ᠬᠠᠷᠢᠯᠴᠠᠨ ᠨᠥᠬᠦᠪᠥᠷᠢᠯᠡᠬᠦ ᠵᠢ ᠵᠠᠳᠠᠯᠵᠤ᠂ ᠰᠤᠷᠤᠭᠴᠢᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ 《ᠵᠥᠷᠢᠶ᠎ᠡ᠎ᠪᠠᠨ ᠬᠠᠷᠢᠯᠴᠠᠨ ᠨᠥᠬᠦᠪᠥᠷᠢᠯᠡᠬᠦ》 ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠣᠶᠤᠨ ᠤᠬᠠᠭ᠋ᠠᠨ᠎ᠢ ᠣᠶ᠋ᠢᠯᠠᠭ᠋ᠠᠭᠤᠯᠪᠠ᠃

   ᠠᠮᠢᠳᠤᠷᠠᠯᠴᠢᠯᠠᠯᠲᠠ᠎ᠨᠢ ᠲᠣᠭᠲᠠᠪᠤᠷᠢᠵᠢᠭᠤᠯᠬᠤ ᠵᠢ ᠵᠥᠪᠰᠢᠶᠡᠷᠡᠬᠦ ᠵᠢᠨ ᠡᠴᠦᠰ᠎ᠤᠨ ᠴᠡᠭ ᠪᠣᠯᠭ᠋ᠠᠨ᠎ᠠ᠃ ᠨᠡᠢ᠌ᠭᠡᠮ ᠲᠣᠭᠣᠷᠢᠭ᠎ᠤᠨ ᠦᠢ᠍ᠯᠡᠳᠦᠯᠭᠡ᠎ᠨᠢ ᠰᠤᠷᠮᠠᠭ᠋ᠠᠢ ᠵᠠᠩᠰᠢᠯ ᠵᠶ᠋ᠠᠷ ᠳᠠᠮᠵᠢᠨ ᠦᠷᠲᠡᠭ᠎ᠤᠨ ᠳᠣᠲᠣᠭᠰᠢᠯᠠᠭᠤᠯᠤᠯᠲᠠ ᠵᠢ ᠪᠡᠶᠡᠯᠡᠭᠦᠯᠳᠡᠭ᠃ ᠮᠣᠩᠭᠤᠯ ᠬᠢᠲᠠᠳ ᠭᠡᠷ ᠪᠦᠯᠢ ᠬᠤᠣᠰᠯᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠮᠡᠷᠭᠡᠵᠢᠯ᠎ᠢ ᠬᠠᠮᠲᠤᠪᠠᠷ ᠰᠤᠷᠤᠯᠴᠠᠵᠤ᠂ ᠦᠨᠳᠦᠰᠦᠲᠡᠨ᠎ᠤ ᠢᠳᠡᠭᠡᠨ ᠤᠮᠳᠠᠭ᠋ᠠᠨ ᠵᠡᠷᠭᠡ ᠪᠢᠴᠢᠯ ᠦᠢ᠍ᠯᠡᠳᠦᠯᠭᠡ ᠵᠢ ᠬᠠᠮᠲᠤᠷᠠᠨ ᠡᠭᠦᠳᠦᠨ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢ ᠪᠡᠶ᠎ᠡ ᠮᠠᠬᠠᠪᠣᠳ᠎ᠤᠨ ᠲᠠᠯ᠎ᠠ ᠵᠢᠨ ᠮᠡᠳᠡᠯᠭᠡ ᠪᠣᠯᠭ᠋ᠠᠨ᠎ᠠ᠃ ᠡᠶ᠋ᠢᠮᠦ ᠮᠡᠳᠡᠯᠭᠡ᠎ᠨᠢ ᠡᠰᠡᠷᠭᠦᠴᠡᠬᠦ ᠪᠦᠲᠦᠴᠡ᠎ᠨᠢ ᠦᠶ᠎ᠡ ᠤᠯᠠᠷᠢᠨ ᠤᠯᠠᠮᠵᠢᠯᠠᠬᠤ ᠳᠤᠮᠳᠠ ᠰᠤᠶᠤᠯ᠎ᠤᠨ ᠭᠧᠨ᠎ᠤ ᠲᠣᠭᠲᠠᠪᠤᠷᠢᠲᠤ ᠴᠢᠨᠠᠷ᠎ᠢ ᠪᠠᠲᠤᠯᠠᠵᠤ ᠴᠢᠳᠠᠨ᠎ᠠ᠃

   ᠲᠡᠮᠳᠡᠭᠵᠢᠭᠦᠯᠦᠯᠲᠡ᠂ ᠰᠤᠷᠭ᠋ᠠᠨ ᠬᠥᠮᠥᠵᠢᠭᠦᠯᠦᠯᠲᠡ᠂ ᠠᠮᠢᠳᠤᠷᠠᠯᠵᠢᠭᠤᠯᠤᠯᠲᠠ ᠭᠤᠷᠪᠠ ᠵᠢᠨ ᠬᠠᠮᠵᠢᠯᠴᠠᠭ᠎ᠠ ᠵᠢ ᠬᠥᠳᠡᠯᠦᠩᠭᠦᠢ ᠲᠡᠩᠴᠡᠭᠦᠷᠢᠲᠡᠢ ᠪᠣᠯᠭ᠋ᠠᠬᠤ ᠵᠢᠨ ᠲᠥᠯᠥᠭᠡ ᠶᠤᠮ᠃ ᠲᠡᠮᠳᠡᠭᠵᠢᠭᠦᠯᠦᠯᠲᠡ ᠎ᠨᠢ ᠲᠠᠨᠢᠨ ᠮᠡᠳᠡᠬᠦᠢ ᠵᠢᠨ ᠵᠢᠷᠤᠭ ᠬᠠᠩᠭ᠋ᠠᠵᠤ᠂ ᠰᠤᠷᠭ᠋ᠠᠨ ᠬᠥᠮᠥᠵᠢᠭᠦᠯᠦᠯᠲᠡ᠎ᠨᠢ ᠠᠴᠢ ᠬᠣᠯᠪᠣᠭᠳᠠᠯ᠎ᠤᠨ ᠲᠣᠣᠷ ᠰᠦᠯᠵᠢᠶ᠎ᠡ ᠵᠢ ᠪᠠᠢ᠌ᠭᠤᠯᠵᠤ᠂ ᠠᠮᠢᠳᠤᠷᠠᠯᠵᠢᠭᠤᠯᠤᠯᠲᠠ᠎ᠨᠢ ᠦᠢ᠍ᠯᠡᠳᠦᠯᠭᠡ ᠵᠢᠨ ᠲᠣᠭᠲᠠᠪᠤᠷᠢᠵᠢᠯᠲᠠ ᠵᠢ ᠪᠡᠶᠡᠯᠡᠭᠦᠯᠦᠨ᠎ᠡ᠃ ᠡᠭᠦᠨ᠎ᠤ ᠳᠣᠲᠣᠷ᠎ᠠ ᠶᠠᠮᠠᠷ ᠨᠢᠭᠡᠨ ᠵᠠᠮ ᠴᠢᠳᠠᠮᠵᠢ᠎ᠨᠢ ᠰᠤᠯᠠᠷᠠᠬᠤ ᠦᠶ᠎ᠡ᠎ᠳᠤ (ᠵᠢᠱ᠌ᠢᠶᠡᠯᠡᠪᠡᠯ ᠲᠡᠮᠳᠡᠭ᠎ᠨᠢ ᠬᠡᠲᠦᠷᠬᠡᠶ ᠬᠡᠶ᠋ᠢᠰᠪᠦᠷᠢ ᠪᠠᠶ᠋ᠢᠵᠤ ᠲᠠᠨᠢᠨ ᠮᠡᠳᠡᠬᠦᠶ ᠵᠢᠨ ᠬᠠᠷᠰᠢ ᠰᠠᠭ᠋ᠠᠳ᠎ᠠᠴᠠ ᠪᠣᠯᠤᠭᠰᠠᠨ)᠂ ᠪᠤᠰᠤᠳ ᠵᠠᠮ ᠮᠥᠷ᠎ᠲᠤ ᠨᠥᠬᠥᠪᠥᠷᠢᠯᠡᠬᠦ ᠲᠣᠭᠲᠠᠴᠠ (ᠵᠢᠱ᠌ᠢᠶᠡᠯᠡᠪᠡᠯ ᠨᠡᠶ᠋ᠢᠭᠡᠮ ᠲᠣᠭᠣᠷᠢᠭ᠎ᠤᠨ ᠦᠢ᠍ᠯᠡᠳᠦᠯᠭᠡ᠎ᠪᠠᠷ ᠳᠠᠬᠢᠨ ᠪᠠᠶ᠋ᠢᠭᠤᠯᠬᠤ ᠲᠡᠮᠳᠡᠭ ᠵᠶ᠋ᠠᠷ ᠳᠠᠮᠵᠢᠨ ᠰᠡᠷᠡᠭᠳᠡᠬᠦ ᠴᠢᠨᠠᠷ)᠂ ᠤᠶᠠᠨ ᠬᠠᠳᠠᠨ ᠴᠢᠨᠠᠷᠲᠠᠶ ᠰᠣᠶᠣᠯ᠎ᠤᠨ ᠳᠠᠬᠢᠨ ᠦᠢ᠍ᠯᠡᠳᠪᠦᠷᠢᠯᠡᠯ᠎ᠤᠨ ᠰᠢᠰᠲ᠋ᠧᠮ᠎ᠢ ᠪᠣᠶ ᠪᠣᠯᠭ᠋ᠠᠵᠤ ᠪᠣᠯᠤᠨ᠎ᠠ᠃

   ᠲᠠᠪᠤ᠂ ᠳ᠋ᠦᠩᠨᠡᠯᠲᠡ᠄ ᠰᠣᠶᠣᠯ᠎ᠤᠨ ᠢᠵᠢᠯᠢᠰᠢᠯ ᠲᠡᠢ᠌ᠰᠢ ᠤᠷᠤᠭᠰᠢᠯᠠᠬᠤ ᠬᠤᠪᠢᠰᠤᠩᠭᠤᠢ ᠠᠷᠭ᠎ᠠ

   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ ᠵᠢᠨ ᠮᠥᠨ ᠴᠢᠨᠠᠷ ᠪᠣᠯ ᠲᠡᠦᠬᠡ ᠵᠢᠨ ᠦᠨᠳᠦᠰᠦ ᠰᠤᠷᠪᠤᠯᠵᠢ ᠵᠢ ᠰᠠᠬᠢᠨ ᠬᠠᠮᠠᠭ᠋ᠠᠯᠠᠬᠤ ᠪᠠ ᠰᠢᠨ᠎ᠡ ᠵᠢ ᠡᠭᠦᠳᠬᠦ ᠤᠳᠤ ᠦᠶ᠎ᠡ ᠵᠢᠨ ᠢᠯᠡᠳᠬᠡᠯᠲᠡ ᠵᠢᠨ ᠬᠣᠭᠣᠷᠣᠨᠳᠤ ᠬᠥᠳᠡᠯᠦᠩᠭᠦᠢ ᠲᠡᠩᠴᠡᠭᠦᠷᠢ ᠵᠢ ᠪᠤᠢ ᠪᠣᠯᠭ᠋ᠠᠬᠤ ᠶᠠᠪᠤᠳᠠᠯ ᠪᠣᠯᠣᠨ᠎ᠠ᠃ ᠬᠥᠬᠡᠬᠣᠲᠠ ᠵᠢᠨ ᠬᠤᠪᠢᠰᠬᠠᠯ᠎ᠤᠨ ᠲᠡᠦᠬᠡ ᠵᠢᠨ ᠰᠡᠩᠬᠡᠷᠡᠭᠦᠯᠦᠯ ᠭᠡᠪᠡᠯ᠂ ᠵᠢᠩᠬᠢᠨᠢ ᠰᠣᠶᠣᠯ᠎ᠤᠨ ᠮᠡᠳᠡᠷᠡᠮᠵᠢ᠎ᠨᠢ ᠲᠣᠭᠲᠠᠩᠭᠤᠢ ᠪᠠᠢ᠌ᠳᠠᠯ᠎ᠤᠨ 《ᠥᠪ ᠬᠥᠷᠥᠩᠭᠡ ᠵᠢ ᠪᠢᠲᠡᠭᠦᠮᠵᠢᠯᠡᠨ ᠬᠠᠳᠠᠭ᠋ᠠᠯᠠᠬᠤ》 ᠶᠠᠪᠤᠳᠠᠯ ᠪᠢᠰᠢ ᠪᠥᠭᠡᠳ ᠰᠠᠨᠠᠭ᠋ᠠᠴᠢᠯᠠᠭ᠋ᠠᠲᠤ ᠪᠤᠰᠤ ᠪᠠᠢ᠌ᠳᠠᠯ᠎ᠤᠨ 《ᠣᠳᠣ ᠦᠶ᠎ᠡ ᠵᠢᠨ ᠵᠣᠬᠢᠴᠠᠯ》 ᠴᠤ᠌ ᠪᠢᠰᠢ᠂ ᠬᠠᠷᠢᠨ ᠲᠡᠮᠳᠡᠭ᠎ᠢ ᠪᠦᠲᠦᠭᠡᠯᠴᠢ᠎ᠪᠠᠷ ᠣᠷᠴᠢᠭᠤᠯᠬᠤ᠂ ᠰᠤᠷᠭ᠋ᠠᠨ ᠬᠥᠮᠦᠵᠢᠯ᠎ᠤᠨ ᠰᠢᠭᠦᠮᠵᠢᠯᠡᠯ᠎ᠤᠨ ᠴᠢᠨᠠᠷᠲᠠᠢ ᠶᠠᠷᠢᠯᠴᠠᠭ᠎ᠠ ᠪᠣᠯᠣᠨ ᠠᠮᠢᠳᠤᠷᠠᠯ᠎ᠤᠨ ᠦᠢ᠍ᠯᠡᠳᠦᠯᠭᠡ ᠵᠢᠨ ᠴᠢᠨᠠᠷᠲᠠᠢ ᠳᠠᠬᠢᠨ ᠪᠦᠲᠦᠭᠡᠬᠦ᠎ᠪᠠᠷ ᠳᠠᠮᠵᠢᠭᠤᠯᠤᠨ᠂ ᠰᠢᠯᠵᠢᠯᠲᠡ ᠵᠢᠨ ᠣᠳᠣ ᠦᠶ᠎ᠡ ᠵᠢᠨ ᠴᠢᠨᠠᠷᠲᠠᠢ ᠣᠶᠤᠨ ᠰᠠᠨᠠᠭ᠋ᠠᠨ᠎ᠤ ᠪᠠᠢ᠌ᠷᠢᠰᠢᠯ᠎ᠢ ᠲᠣᠭᠲᠠᠭ᠋ᠠᠵᠤ ᠪᠠᠢ᠌ᠭ᠎ᠠ ᠶᠠᠪᠤᠳᠠᠯ ᠪᠣᠯᠣᠨ᠎ᠠ᠃ ᠡᠶ᠋ᠢᠮᠦᠷᠬᠦᠦ 《ᠴᠡᠭᠡᠵᠢᠯᠡᠬᠦᠢ ᠵᠢᠨ ᠬᠤᠪᠢᠰᠤᠩᠭᠤᠢ ᠠᠷᠭ᠎ᠠ》 ᠵᠢᠨ ᠱᠠᠭ᠋ᠠᠷᠳᠠᠯᠭ᠎ᠠ᠎ᠨᠢ ᠮᠡᠷᠭᠡᠵᠢᠯ ᠵᠶ᠋ᠠᠷ ᠥᠨᠳᠥᠷ ᠬᠡᠯᠡᠨ᠎ᠤ ᠣᠷᠣᠨ᠎ᠤ ᠰᠣᠶᠣᠯ᠎ᠤᠨ ᠲᠠᠷᠬᠠᠬᠤ ᠬᠦᠴᠢᠷᠳᠡᠯ᠎ᠢ ᠰᠢᠢ᠍ᠳᠪᠦᠷᠢᠯᠡᠵᠦ ᠴᠢᠳᠠᠨ᠎ᠠ᠂ ᠭᠡᠪᠡᠴᠦ ᠰᠣᠶᠣᠯ ᠢᠷᠭᠡᠨᠰᠢᠯ᠎ᠤᠨ ᠥᠷᠲᠡᠭ᠎ᠤᠨ ᠭᠤᠣᠯᠯᠠᠬᠤ ᠪᠠᠶ᠋ᠢᠷᠢ ᠰᠠᠭᠤᠷᠢ ᠵᠢ ᠪᠠᠲᠤ ᠰᠠᠬᠢᠵᠤ ᠪᠠᠶ᠋ᠢᠨ᠎ᠠ; ᠵᠥᠷᠢᠶ᠎ᠡ᠎ᠪᠠᠷ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠠᠭᠤᠯᠤᠭᠳᠠᠬᠤᠨ᠎ᠢ ᠪᠠᠶᠠᠯᠢᠭᠵᠢᠭᠤᠯᠵᠤ᠂ ᠭᠡᠪᠡᠴᠦ ᠰᠣᠶᠣᠯ᠎ᠤᠨ ᠬᠠᠷᠢᠴᠠᠩᠭᠤᠢ ᠦᠵᠡᠯ᠎ᠤᠨ ᠠᠶᠤᠯ ᠲᠦᠭᠰᠢᠭᠦᠷᠢ ᠵᠢ ᠰᠡᠷᠡᠮᠵᠢᠯᠡᠵᠦ ᠪᠠᠶ᠋ᠢᠨ᠎ᠠ; ᠦᠢ᠍ᠯᠡᠳᠦᠯᠭᠡ ᠵᠢᠨ ᠣᠶᠤᠨ ᠤᠬᠠᠭ᠋ᠠᠨ ᠵᠶ᠋ᠠᠷ ᠤᠨᠤᠯ᠎ᠤᠨ ᠨᠣᠮᠯᠠᠯ᠎ᠢ ᠳᠠᠪᠠᠵᠤ᠂ 《ᠬᠤᠪᠢᠷᠠᠬᠤ》 ᠪᠠ 《ᠬᠤᠪᠢᠷᠠᠬᠤ ᠦᠭᠡᠢ》 ᠬᠤᠪᠢᠰᠤᠩᠭᠤᠶ ᠬᠥᠳᠡᠯᠭᠡᠭᠡᠨ᠎ᠤ ᠳᠤᠮᠳᠠ ᠪᠣᠯᠪᠠᠰᠤᠨ᠎ᠤ ᠰᠢᠨ᠎ᠡ ᠪᠠᠶ᠋ᠢᠳᠠᠯ᠎ᠢ ᠰᠦᠪᠡᠭᠴᠢᠯᠡᠬᠦ ᠬᠡᠷᠡᠭᠲᠡᠶ᠃

   ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠦᠢ᠍ᠯᠡᠳᠦᠯᠭᠡ ᠭᠡᠷᠡᠴᠢᠯᠡᠭᠰᠡᠨ᠎ᠨᠢ ᠂ ᠭᠠᠭᠴᠠ ᠬᠦ᠌ ᠲᠡᠮᠳᠡᠭᠵᠢᠭᠦᠯᠦᠯᠲᠡ᠂ ᠰᠤᠷᠭ᠋ᠠᠨ ᠬᠥᠮᠥᠵᠢᠭᠦᠯᠦᠯᠲᠡ᠂ ᠠᠮᠢᠳᠤᠷᠠᠯᠵᠢᠭᠤᠯᠤᠯᠲᠠ ᠵᠢᠨ ᠵᠣᠬᠢᠴᠠᠯᠳᠤᠯ ᠳᠤᠮᠳᠠ ᠰᠠᠶᠢ 《ᠲᠡᠦᠬᠡ ᠵᠢᠨ ᠳᠤᠷᠠᠰᠤᠮᠵᠢ》᠎ᠠᠴᠠ 《ᠤᠶᠤᠨ ᠰᠠᠨᠠᠭ᠋ᠠᠨ᠎ᠤ ᠭᠡᠷ ᠣᠷᠣᠨ》᠎ᠤ ᠳᠡᠭᠡᠭᠰᠢᠯᠡᠯᠲᠡ ᠵᠢ ᠪᠡᠶᠡᠯᠡᠭᠦᠯᠵᠦ᠂ ᠬᠥᠮᠥᠨ ᠲᠥᠷᠥᠯᠬᠢᠲᠡᠨ᠎ᠤ ᠪᠣᠯᠪᠠᠰᠤᠨ᠎ᠤ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠎ᠳᠤ ᠳᠤᠮᠳᠠᠳᠤ ᠤᠯᠤᠰ᠎ᠤᠨ ᠲᠥᠰᠥᠯ᠎ᠢ ᠬᠠᠩᠭ᠋ᠠᠵᠤ ᠴᠢᠳᠠᠨ᠎ᠠ᠃

   ᠲᠠᠶ᠋ᠢᠯᠪᠤᠷᠢ᠄ ᠲᠤᠰ ᠤᠳᠬ᠎ᠠ ᠵᠣᠬᠢᠶᠠᠯ᠎ᠤᠨ ᠰᠠᠯᠪᠤᠷᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ 2024 ᠣᠨ᠎ᠤ ᠬᠤᠪᠢᠶᠠᠷᠢ ᠬᠦᠷᠢᠶᠡᠯᠡᠩ᠎ᠤᠨ ᠰᠡᠳᠦᠪ 《ᠬᠠᠮᠲᠤ ᠵᠢᠨ ᠲᠡᠦᠬᠡ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠶ᠋ᠢᠭᠤᠯᠬᠤ ᠰᠤᠳᠤᠯᠭ᠋ᠠᠨ — ᠬᠥᠬᠡᠬᠤᠲᠠ ᠵᠢᠨ ᠬᠤᠪᠢᠰᠬᠠᠯ᠎ᠤᠨ ᠲᠡᠦᠬᠡ᠎ᠪᠠᠷ ᠵᠢᠱ᠌ᠢᠶ᠎ᠡ ᠪᠣᠯᠭ᠋ᠠᠬᠤ》 (ᠰᠡᠳᠦᠪ᠎ᠤᠨ ᠳ᠋ᠤᠭ᠋ᠠᠷ ᠨᠣᠮᠧᠷ᠄ 2024SKYFY006) ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠭᠡᠯ᠃

   ᠮᠡᠳᠡᠭᠡ ᠵᠠᠩᠭᠢ ᠵᠢᠨ ᠢᠷᠡᠯᠲᠡ᠄ ᠬᠥᠬᠡᠬᠤᠲᠠ ᠵᠢᠨ ᠡᠳᠦᠷ᠎ᠤᠨ ᠰᠣᠨᠢᠨ

 

ᠢᠷᠡᠯᠲᠡ᠄ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠬᠢᠳᠡᠳ ᠬᠡᠯᠡᠨ᠎ᠤ ᠰᠦᠯᠵᠢᠶᠡᠨ ᠦᠷᠳᠡᠭᠡ