ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠡᠷᠲᠡᠨ᠎ᠤ ᠰᠤᠷᠪᠤᠯᠵᠢ ᠪᠢᠴᠢᠭ᠎ᠤᠨ ᠰᠤᠳᠤᠯᠭᠠᠨ᠎ᠤ ᠡᠭᠦᠷᠭᠡ ᠪᠠ ᠴᠢᠭ᠌ᠯᠡᠯ
2025-07-18

  ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭ᠋ᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠠᠴᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ᠎ᠳᠤ ᠠᠯᠢ ᠤᠯᠠᠨ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠬᠢᠵᠦ᠍᠂ ᠡᠷᠲᠡᠨ᠎ᠤ ᠨᠣᠮ ᠪᠢᠴᠢᠭ᠎ᠤᠨ ᠦᠢᠯᠡᠰ᠎ᠲᠤ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠤᠭ᠍ᠲᠤᠨ ᠠᠪᠴᠢᠷᠠᠪᠠ᠃ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠥᠲᠥᠯᠥᠨ ᠳᠠᠭᠠᠭᠤᠯᠬᠤ ᠪᠠ ᠲᠤᠰᠭᠠᠶ ᠮᠡᠷᠭᠡᠵᠢᠯᠲᠡᠨ ᠡᠷᠳᠡᠮᠲᠡᠳ᠎ᠤᠨ ᠬᠠᠮᠲᠤ᠎ᠶ᠋ᠢᠨ ᠴᠢᠷᠮᠠᠢᠯᠭ᠎ᠠ᠎ᠪᠠᠷ᠂ ᠨᠢᠭᠡ ᠪᠦᠯᠦᠭ ᠦᠨᠳᠦᠰᠦᠲᠡᠨ᠎ᠤ ᠡᠷᠲᠡᠨ᠎ᠤ ᠰᠤᠷᠪᠤᠯᠵᠢ ᠪᠢᠴᠢᠭ᠎ᠲᠤ ᠠᠪᠤᠷᠠᠯᠲᠠ᠎ᠶ᠋ᠢᠨ ᠴᠢᠨᠠᠷᠲᠠᠶ ᠬᠠᠮᠠᠭᠠᠯᠠᠯᠲᠠ᠂ ᠱᠢᠰᠲ᠋ᠧᠮᠲᠦ ᠴᠢᠨᠠᠷᠲᠠᠶ ᠡᠮᠬᠢᠳᠭᠡᠯ ᠪᠠ ᠰᠤᠳᠤᠯᠤᠯᠲᠠ ᠬᠢᠵᠡᠶ᠃ ᠡᠳᠡᠭᠡᠷ ᠲᠤᠯᠭᠤᠷ ᠪᠢᠴᠢᠭ᠎ᠲᠠᠢ ᠤᠶᠠᠯᠳᠤᠭᠤᠯᠤᠨ᠂ ᠪᠦᠬᠦ᠌ ᠤᠯᠤᠰ᠎ᠤᠨ ᠡᠯ᠎ᠡ ᠭᠠᠵᠠᠷ᠎ᠤᠨ᠎ᠬᠢᠨ ᠲᠤᠰᠭᠠᠶ ᠮᠡᠷᠭᠡᠵᠢᠯ᠎ᠤᠨ ᠰᠤᠳᠤᠯᠭᠠᠨ᠎ᠤ ᠪᠦᠯᠬᠦᠮ ᠠᠯᠬᠤᠮ ᠠᠯᠬᠤᠮ᠎ᠢᠶᠠᠷ ᠪᠦᠷᠢᠯᠳᠦᠵᠦ᠍᠂ ᠦᠨᠳᠦᠰᠦᠲᠡᠨ᠎ᠤ ᠡᠷᠲᠡᠨ᠎ᠤ ᠰᠤᠷᠪᠤᠯᠵᠢ ᠪᠢᠴᠢᠭ᠎ᠤᠨ ᠰᠤᠳᠤᠯᠭᠠᠨ᠎ᠤ ᠱᠢᠰᠲ᠋ᠧᠮᠵᠢᠭ᠌ᠰᠡᠨ ᠬᠥᠭ᠌ᠵᠢᠯᠲᠡ᠎ᠶ᠋ᠢ ᠠᠬᠢᠭᠤᠯᠤᠭ᠍ᠰᠠᠨ᠎ᠢᠶᠠᠷ ᠪᠠᠷᠠᠬᠤ ᠦᠭᠡᠢ ᠪᠠᠰᠠ ᠬᠤᠯᠪᠣᠭ᠍ᠳᠠᠯ ᠪᠦᠬᠦᠢ ᠱᠢᠨᠵᠢᠯᠡᠭᠡᠨ᠎ᠤ ᠰᠠᠯᠠᠭ᠎ᠠ᠎ᠶ᠋ᠢᠨ ᠪᠠᠢᠭᠤᠯᠤᠯᠲᠠ ᠪᠣᠯᠤᠨ ᠴᠢᠳᠠᠪᠤᠷᠢᠲᠠᠨ᠎ᠢ ᠬᠥᠮᠦᠵᠢᠭᠦᠯᠬᠦ᠌᠎ᠳᠤ ᠪᠠᠲᠤ ᠪᠠᠬᠢ ᠰᠠᠭᠤᠷᠢ᠎ᠶ᠋ᠢ ᠲᠠᠯᠪᠢᠭ᠍ᠰᠠᠨ ᠪᠠᠢᠨ᠎ᠠ᠃

  ᠡᠭᠦᠨ᠎ᠤ ᠬᠠᠮᠲᠤ᠌᠂ ᠤᠯᠤᠰ᠎ᠠᠴᠠ ᠣᠯᠠᠨ ᠵᠦᠢᠯ᠎ᠤᠨ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠪᠡ᠂ ᠵᠢᠱ᠌ᠢᠶᠡᠯᠡᠪᠡᠯ᠂ ᠤᠯᠤᠰ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠦ᠎ᠶ᠋ᠢᠨ 《ᠠᠩᠬᠠᠷᠤᠭᠳᠠᠭ᠋ᠠᠳᠤᠢ ᠣᠳᠤᠮ ᠲᠠᠰᠤᠷᠠᠭᠰᠠᠨ ᠰᠤᠶᠤᠯ》 ᠲᠥᠷᠥᠯ ᠵᠦᠢᠯ᠎ᠤᠨ ᠳᠡᠮᠵᠢᠯᠭᠡ᠎ᠶ᠋ᠢ ᠣᠯᠤᠭ᠍ᠰᠠᠨ ᠦᠨᠳᠦᠰᠦᠲᠡᠨ᠎ᠤ ᠡᠷᠲᠡᠨ᠎ᠤ ᠨᠣᠮ ᠪᠢᠴᠢᠭ᠎ᠤᠨ ᠰᠤᠳᠤᠯᠭᠠᠨ᠎ᠤ ᠠᠵᠢᠯᠲᠠᠨ ᠪᠣᠯᠤᠨ ᠠᠵᠢᠯᠯᠠᠬᠤ ᠪᠦᠯᠬᠦᠮ᠎ᠤᠨ ᠲᠤᠭ᠎ᠠ ᠢᠯᠡᠳᠲᠡ ᠨᠡᠮᠡᠭ᠌ᠳᠡᠵᠦ᠍᠂ ᠦᠨᠳᠦᠰᠦᠲᠡᠨ᠎ᠤ ᠡᠷᠲᠡᠨ᠎ᠤ ᠨᠣᠮ ᠪᠢᠴᠢᠭ᠎ᠤᠨ ᠲᠣᠭᠠᠴᠢᠯᠠᠯᠲᠠ᠎ᠶ᠋ᠢᠨ ᠠᠵᠢᠯ ᠴᠤ᠌ ᠲᠦᠷᠭᠡᠨ ᠳᠠᠪᠱᠢᠯᠲᠠ᠎ᠲᠠᠢ ᠪᠣᠯᠵᠠᠶ᠃ ᠢᠯᠠᠩᠭᠤᠶ᠎ᠠ 2022 ᠣᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭᠠᠭ᠍ᠰᠠᠨ 《ᠱᠢᠨ᠎ᠡ ᠴᠠᠭ ᠦᠶ᠎ᠡ᠎ᠶ᠋ᠢᠨ ᠡᠷᠲᠡᠨ᠎ᠤ ᠨᠣᠮ ᠪᠢᠴᠢᠭ᠎ᠤᠨ ᠠᠵᠢᠯ᠎ᠢ ᠠᠬᠢᠭᠤᠯᠬᠤ ᠲᠤᠬᠠᠶ ᠰᠠᠨᠠᠯ》 ᠎ᠨᠢ ᠪᠠᠢᠭᠤᠯᠤᠮᠵᠢ᠎ᠶ᠋ᠢᠨ ᠪᠠᠢᠭᠤᠯᠤᠯᠲᠠ᠂ ᠡᠷᠲᠡᠨ᠎ᠤ ᠨᠣᠮ ᠪᠢᠴᠢᠭ᠎ᠢ ᠬᠠᠮᠠᠭᠠᠯᠠᠬᠤ᠂ ᠱᠢᠨᠵᠢᠯᠡᠭᠡᠨ᠎ᠤ ᠰᠠᠯᠠᠭ᠎ᠠ᠎ᠶ᠋ᠢᠨ ᠪᠠᠢᠭᠤᠯᠤᠯᠲᠠ᠂ ᠴᠢᠳᠠᠪᠤᠷᠢᠲᠠᠨ᠎ᠢ ᠬᠥᠮᠦᠵᠢᠭᠦᠯᠬᠦ᠌ ᠵᠢᠴᠢ ᠠᠭᠤᠯᠤᠭ᠍ᠳᠠᠬᠤᠨ᠎ᠢ ᠠᠭᠤᠳᠠᠯᠬᠤ ᠲᠠᠪᠤᠨ ᠲᠠᠯ᠎ᠠ᠎ᠠᠴᠠ ᠦᠨᠳᠦᠰᠦᠲᠡᠨ᠎ᠤ ᠡᠷᠲᠡᠨ᠎ᠤ ᠨᠣᠮ ᠪᠢᠴᠢᠭ᠎ᠤᠨ ᠰᠤᠳᠤᠯᠭᠠᠨ᠎ᠤ ᠠᠵᠢᠯ᠎ᠳᠤ ᠱᠢᠰᠲ᠋ᠧᠮ᠎ᠲᠠᠢ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠵᠢᠷᠤᠭ᠍ᠯᠠᠭ᠍ᠰᠠᠨ ᠪᠠᠢᠨ᠎ᠠ᠃

  ᠶᠡᠷᠦᠩᠬᠡᠢ ᠱᠦᠵᠢ ᠰᠢ᠎ᠶ᠋ᠢᠨ ᠫᠢᠩ᠎ᠤᠨ 2024 ᠣᠨ᠎ᠤ ᠪᠦᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠬᠥᠬᠢᠭᠦᠯᠦᠨ ᠰᠠᠢᠱᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠳᠤ᠄ 《ᠳᠤᠮᠳᠠᠳᠤ᠎ᠶ᠋ᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ᠎ᠤ ᠲᠡᠦᠬᠡ᠎ᠲᠠᠢ ᠠᠭᠤᠤ ᠶᠡᠭᠡ ᠦᠨᠳᠦᠰᠦᠲᠡᠨ ᠪᠣᠯᠤᠨ᠎ᠠ᠃ ᠮᠠᠨ᠎ᠤ ᠤᠯᠤᠰ᠎ᠤᠨ ᠦᠨᠳᠦᠰᠦᠲᠡᠨ᠎ᠨᠦᠭᠦᠳ ᠡᠬᠡ ᠤᠯᠤᠰ᠎ᠤᠨ᠎ᠢᠶᠠᠨ ᠥᠷᠭᠡᠨ ᠠᠭᠤᠳᠠᠮ ᠬᠢᠯᠢ ᠬᠢᠵᠠᠭᠠᠷ᠎ᠢ ᠬᠠᠮᠲᠤ᠎ᠪᠠᠷ ᠨᠡᠭᠡᠭᠡᠵᠦ᠍᠂ ᠤᠯᠠᠨ ᠦᠨᠳᠦᠰᠦᠲᠡᠨ᠎ᠲᠠᠢ ᠨᠢᠭᠡᠳᠦᠭ᠌ᠰᠡᠨ ᠤᠯᠤᠰ᠎ᠢ ᠬᠠᠮᠲᠤ᠎ᠪᠠᠷ ᠴᠣᠭ᠍ᠴᠠᠯᠠᠨ ᠪᠠᠢᠭᠤᠯᠵᠤ᠂ ᠭᠡᠷᠡᠯ ᠰᠠᠴᠤᠷᠠᠩᠭᠤᠢ ᠳᠤᠮᠳᠠᠳᠤ ᠤᠯᠤᠰ᠎ᠤᠨ ᠲᠡᠦᠬᠡ᠎ᠶ᠋ᠢ ᠬᠠᠮᠲᠤ᠎ᠪᠠᠷ ᠪᠢᠴᠢᠭ᠌ᠯᠡᠵᠦ᠍᠂ ᠭᠡᠷᠡᠯ ᠰᠠᠴᠤᠷᠠᠩᠭᠤᠢ ᠳᠤᠮᠳᠠᠳᠤ᠎ᠶ᠋ᠢᠨ ᠰᠣᠶᠣᠯ᠎ᠢ ᠬᠠᠮᠲᠤ᠎ᠪᠠᠷ ᠡᠭᠦᠳᠴᠦ᠍᠂ ᠠᠭᠤᠤ ᠶᠡᠭᠡ ᠦᠨᠳᠦᠰᠦᠲᠡᠨ᠎ᠤ ᠵᠣᠷᠢᠭ ᠰᠠᠨᠠᠭ᠎ᠠ᠎ᠶ᠋ᠢ ᠬᠠᠮᠲᠤ᠎ᠪᠠᠷ ᠪᠤᠢᠵᠢᠭᠤᠯᠵᠠᠢ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠦᠷᠢᠯᠳᠦᠯ ᠪᠠ ᠬᠥᠭ᠌ᠵᠢᠯᠲᠡ ᠪᠣᠯ ᠬᠥᠮᠦᠨ᠎ᠤ ᠰᠡᠳᠭᠢᠯ᠎ᠤᠨ ᠬᠠᠨᠳᠤᠰᠢ᠂ ᠶᠡᠭᠡ ᠪᠠᠢᠳᠠᠯ᠎ᠤᠨ ᠬᠠᠨᠳᠤᠰᠢ᠂ ᠲᠡᠦᠬᠡ᠎ᠶ᠋ᠢᠨ ᠵᠠᠢᠯᠠᠰᠢ ᠦᠭᠡᠢ ᠬᠠᠨᠳᠤᠰᠢ ᠮᠥᠨ》 ᠭᠡᠵᠦ᠍ ᠬᠡᠯᠡᠪᠡ᠃ ᠡᠨᠡ ᠬᠦ᠌ ᠴᠢᠬᠤᠯᠠ ᠨᠤᠲᠠᠯᠠᠯᠲᠠ᠎ᠨᠢ ᠶᠠᠭ ᠰᠠᠢᠬᠠᠨ ᠦᠨᠳᠦᠰᠦᠲᠡᠨ᠎ᠤ ᠡᠷᠲᠡᠨ᠎ᠤ ᠰᠤᠷᠪᠤᠯᠵᠢ ᠪᠢᠴᠢᠭ᠎ᠤᠨ ᠰᠤᠳᠤᠯᠭᠠᠨ᠎ᠤ ᠬᠦᠷᠢᠶᠡᠨ᠎ᠳᠤ ᠠᠮᠢᠳᠤᠯᠢᠭ ᠦᠢᠯᠡᠳᠦᠯᠭᠡ ᠬᠦᠷᠲᠡᠭᠡᠵᠦ᠍ ᠪᠠᠢᠨ᠎ᠠ᠃

  ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠣᠯᠤᠨ ᠣᠨᠣᠯ᠎ᠤᠨ ᠵᠢᠯᠣᠭᠣᠳᠤᠯᠭ᠎ᠠ᠎ᠶ᠋ᠢᠨ ᠳᠣᠤᠷ᠎ᠠ᠂ ᠣᠢᠷ᠎ᠠ᠎ᠶ᠋ᠢᠨ ᠵᠢᠯ᠎ᠡᠴᠡ ᠨᠠᠭ᠋ᠠᠰᠢ ᠦᠨᠳᠦᠰᠦᠲᠡᠨ᠎ᠦ ᠡᠷᠲᠡᠨ᠎ᠦ ᠨᠣᠮ ᠪᠢᠴᠢᠭ᠎ᠢ ᠠᠭᠤᠳᠠᠯᠬᠤ᠂ ᠴᠤᠭ᠍ᠯᠠᠭᠤᠯᠬᠤ᠂ ᠡᠮᠬᠢᠳᠭᠡᠬᠦ᠌ ᠪᠠ ᠬᠡᠪᠯᠡᠭᠦᠯᠬᠦ᠌ ᠠᠵᠢᠯ ᠢᠯᠡᠳᠲᠡ ᠠᠬᠢᠴᠠ᠎ᠲᠠᠶ ᠪᠣᠯᠪᠠ᠃ ᠡᠲᠡᠭᠡᠷ ᠠᠵᠢᠯ᠎ᠨᠢ ᠡᠷᠳᠡᠮ ᠱᠢᠨᠵᠢᠯᠡᠭᠡᠨ᠎ᠤ ᠰᠤᠳᠤᠯᠭᠠᠨ᠎ᠳᠤ ᠪᠠᠲᠤ ᠪᠠᠬᠢ ᠲᠤᠯᠭᠤᠷ ᠪᠢᠴᠢᠭ ᠲᠡᠦᠬᠡ᠎ᠶ᠋ᠢᠨ ᠮᠠᠲ᠋ᠧᠷᠢᠶᠠᠯ᠎ᠤᠨ ᠲᠤᠯᠭᠠᠭᠤᠷᠢᠯᠠᠯ ᠬᠠᠩᠭᠠᠭ᠍ᠰᠠᠨ᠎ᠢᠶᠠᠷ ᠪᠠᠷᠠᠬᠤ ᠥᠬᠡᠶ᠂ ᠬᠤᠯᠪᠣᠭ᠍ᠳᠠᠯ ᠪᠥᠬᠦᠶ ᠰᠤᠳᠤᠯᠭᠠᠨ᠎ᠤ ᠬᠦᠷᠢᠶᠡᠨ᠎ᠳᠤ ᠠᠯᠢ ᠣᠯᠠᠨ ᠱᠢᠪᠲᠤᠯᠤᠯᠲᠠ᠎ᠶ᠋ᠢᠨ ᠴᠢᠨᠠᠷᠲᠠᠶ ᠦᠷ᠎ᠡ ᠪᠦᠲᠦᠭᠡᠯ ᠤᠯᠬᠤ᠎ᠶ᠋ᠢ ᠠᠬᠢᠭᠤᠯᠵᠤ᠂ ᠨᠠᠩ ᠴᠤ᠌ ᠪᠢᠳᠡ ᠲᠡᠤᠬᠡ᠎ᠶ᠋ᠢᠨ ᠱᠢᠨ᠎ᠡ ᠭᠠᠷᠤᠭ᠎ᠠ ᠳᠡᠭᠡᠷ᠎ᠡ᠎ᠠᠴᠠ ᠦᠨᠳᠦᠰᠦᠲᠡᠨ᠎ᠤ ᠡᠷᠲᠡᠨ᠎ᠤ ᠨᠣᠮ ᠪᠢᠴᠢᠭ᠎ᠤᠨ ᠰᠤᠳᠤᠯᠭᠠᠨ᠎ᠤ ᠣᠲᠣ ᠦᠶ᠎ᠡ᠎ᠶ᠋ᠢᠨ ᠦᠨ᠎ᠡ ᠥᠷᠲᠡᠭ᠎ᠢ ᠭᠦᠨᠵᠡᠭᠡᠶ ᠪᠣᠳᠣᠯᠬᠢᠯᠠᠬᠤ᠎ᠳᠤ ᠴᠢᠬᠤᠯᠠ ᠰᠠᠭᠤᠷᠢ ᠲᠠᠯᠪᠢᠵᠤ᠂ ᠦᠨᠳᠦᠰᠦᠲᠡᠨ᠎ᠤ ᠡᠷᠲᠡᠨ᠎ᠤ ᠨᠣᠮ ᠪᠢᠴᠢᠭ᠎ᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠠᠯ᠎ᠠ᠎ᠪᠠᠷ᠎ᠬᠢ ᠴᠢᠬᠤᠯᠠ ᠦᠢᠯᠡᠳᠦᠯ᠎ᠢ ᠭᠦᠢᠴᠡᠳ ᠢᠯᠡᠷᠡᠭᠦᠯᠪᠡ᠃

  ᠦᠨᠳᠦᠰᠦᠲᠡᠨ᠎ᠤ ᠡᠷᠲᠡᠨ᠎ᠤ ᠰᠤᠷᠪᠤᠯᠵᠢ ᠪᠢᠴᠢᠭ᠎ᠤᠨ ᠰᠤᠳᠤᠯᠭᠠᠨ᠎ᠤ ᠦᠷ᠎ᠡ ᠪᠦᠲᠦᠭᠡᠯ᠎ᠳᠤ ᠰᠠᠭᠤᠷᠢᠯᠠᠵᠤ᠂ ᠪᠢᠳᠡ ᠳᠣᠣᠷᠠᠬᠢ ᠬᠡᠳᠦᠨ ᠲᠠᠯ᠎ᠠ᠎ᠶ᠋ᠢᠨ ᠠᠵᠢᠯ᠎ᠢ ᠭᠤᠣᠯᠳᠠᠯᠭ᠎ᠠ᠎ᠲᠠᠢ ᠰᠠᠢᠲᠤᠷ ᠬᠢᠵᠦ᠍᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠡᠷᠲᠡᠨ᠎ᠤ ᠨᠣᠮ ᠪᠢᠴᠢᠭ᠎ᠤᠨ ᠰᠤᠳᠤᠯᠭᠠᠨ᠎ᠤ ᠡᠭᠦᠷᠭᠡ᠎ᠶ᠋ᠢ ᠨᠡᠩ ᠰᠠᠢᠲᠤᠷ ᠡᠭᠦᠷᠭᠡᠯᠡᠬᠦ᠌ ᠬᠡᠷᠡᠭ᠌ᠲᠡᠢ᠃

  ᠨᠢᠭᠡᠳᠦᠭᠡᠷ᠎ᠲᠤ᠌᠂ ᠰᠣᠶᠣᠯ᠎ᠢᠶᠠᠷ ᠬᠤᠯᠪᠣᠭᠠᠰᠤ ᠪᠣᠯᠭᠠᠵᠤ᠂ ᠦᠨᠳᠦᠰᠦᠲᠡᠨ᠎ᠤ ᠡᠷᠲᠡᠨ᠎ᠤ ᠰᠤᠷᠪᠤᠯᠵᠢ ᠪᠢᠴᠢᠭ᠎ᠲᠠᠬᠢ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠯᠢᠭᠡᠷ᠎ᠢ ᠠᠭᠤᠳᠠᠯᠤᠨ᠎ᠠ᠃ ᠦᠨᠳᠦᠰᠦᠲᠡᠨ᠎ᠦ ᠡᠷᠲᠡᠨ᠎ᠦ ᠰᠤᠷᠪᠤᠯᠵᠢ ᠪᠢᠴᠢᠭ᠎ᠦᠨ ᠰᠤᠳᠤᠯᠤᠯ ᠨᠢ ᠦᠰᠦᠭ ᠪᠢᠴᠢᠭ᠎ᠦᠨ ᠳᠦᠭᠦᠮᠬᠡᠨ ᠲᠠᠢᠯᠪᠤᠷᠢᠯᠠᠯᠲᠠ ᠪᠢᠰᠢ ᠬᠠᠷᠢᠨ ᠳᠤᠮᠳᠠᠳᠤ᠎ᠶ᠋ᠢᠨ ᠪᠣᠯᠪᠠᠰᠤᠨ᠎ᠤ ᠭᠧᠨ᠎ᠦ ᠲᠤᠬᠠᠶ ᠭᠦᠨᠵᠡᠭᠡᠶ ᠲᠠᠢᠯᠪᠤᠷᠢᠯᠠᠯᠲᠠ ᠪᠣᠯᠤᠨ᠎ᠠ᠃ ᠶᠤᠸᠠᠨ ᠮᠢᠩ ᠴᠢᠩ ᠭᠤᠷᠪᠠᠨ ᠦᠶ᠎ᠡ᠎ᠪᠠᠷ ᠳᠤᠮᠳᠠᠳᠤ ᠤᠯᠤᠰ᠎ᠤᠨ ᠲᠡᠦᠬᠡᠨ ᠎ᠳᠤ ᠭᠠᠷᠤᠭ᠎ᠠ ᠦᠭᠡᠢ 《ᠶᠡᠭᠡ ᠨᠢᠭᠡᠳᠦᠯ》 ᠎ᠤᠨ ᠪᠠᠢᠷᠢᠱᠢᠯ᠎ᠢ ᠴᠣᠭ᠍ᠴᠠᠯᠠᠵᠤ᠂ ᠡᠨᠡ ᠬᠦ᠌ ᠬᠤᠭᠤᠴᠠᠭᠠᠨ᠎ᠳᠤ ᠪᠦᠷᠢᠯᠳᠦᠭ᠌ᠰᠡᠨ ᠦᠨᠳᠦᠰᠦᠲᠡᠨ᠎ᠤ ᠡᠷᠲᠡᠨ᠎ᠤ ᠰᠤᠷᠪᠤᠯᠵᠢ ᠪᠢᠴᠢᠭ ᠪᠣᠯ ᠳᠤᠮᠳᠠᠳᠤ᠎ᠶ᠋ᠢᠨ ᠦᠨᠳᠦᠰᠦᠲᠡᠨ᠎ᠤ ᠡᠷᠬᠢᠮ ᠨᠠᠨᠳᠢᠨ ᠰᠣᠶᠣᠯ᠎ᠤᠨ ᠥᠪ ᠮᠥᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠡᠷᠬᠢᠮ ᠨᠠᠨᠳᠢᠨ ᠲᠡᠦᠬᠡᠨ ᠰᠤᠳᠠᠰᠤ ᠮᠥᠨ᠂ ᠡᠨᠡ᠎ᠨᠢ ᠮᠠᠨ᠎ᠤ ᠤᠯᠤᠰ᠎ᠤᠨ ᠨᠢᠭᠡᠳᠦᠭ᠌ᠰᠡᠨ ᠤᠯᠠᠨ ᠦᠨᠳᠦᠰᠦᠲᠡᠨ ᠪᠦᠬᠦᠢ ᠤᠯᠤᠰ ᠣᠷᠣᠨ᠎ᠤ ᠬᠥᠭ᠌ᠵᠢᠯᠲᠡ᠎ᠶ᠋ᠢᠨ ᠲᠡᠦᠬᠡᠨ ᠠᠬᠢᠴᠠ᠎ᠶ᠋ᠢ ᠲᠡᠮᠳᠡᠭ᠌ᠯᠡᠨ ᠲᠣᠭᠠᠴᠢᠭ᠍ᠰᠠᠨ᠎ᠢᠶᠠᠷ ᠪᠠᠷᠠᠬᠤ ᠦᠭᠡᠢ᠂ ᠨᠡᠩ ᠴᠤ᠌ ᠳᠤᠮᠳᠠᠳᠤ᠎ᠶ᠋ᠢᠨ ᠦᠨᠳᠦᠰᠦᠲᠡᠨ᠎ᠤ ᠤᠯᠠᠨ ᠡᠱᠢᠲᠦ ᠨᠢᠭᠡ ᠴᠤᠭ᠍ᠴᠠᠵᠢᠭ᠍ᠰᠠᠨ ᠪᠠᠢᠷᠢᠱᠢᠯ᠎ᠤᠨ ᠴᠢᠬᠤᠯᠠ ᠲᠡᠦᠬᠡ᠎ᠶ᠋ᠢᠨ ᠭᠡᠷᠡᠴᠢᠯᠡᠯ ᠮᠥᠨ᠃  ᠪᠢᠳᠡ ᠳᠡᠭᠡᠳᠦ ᠬᠡᠮᠵᠢᠶᠡᠨ᠎ᠤ ᠰᠣᠶᠣᠯ᠎ᠤᠨ ᠤᠬᠠᠮᠰᠠᠷ᠎ᠢᠶᠠᠷ ᠡᠲᠡᠭᠡᠷ ᠲᠤᠯᠭᠤᠷ ᠪᠢᠴᠢᠭ᠎ᠲᠤ ᠠᠭᠤᠯᠤᠭ᠍ᠳᠠᠵᠤ ᠪᠠᠢᠭ᠎ᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠭᠦᠨᠵᠡᠭᠡᠶ ᠠᠭᠤᠳᠠᠯᠵᠤ᠂ ᠦᠨᠳᠦᠰᠦᠲᠡᠨ᠎ᠨᠦᠭᠦᠳ᠎ᠤᠨ 《ᠴᠢᠨᠦ ᠳᠣᠲᠣᠷ᠎ᠠ ᠪᠢ ᠪᠠᠢᠨ᠎ᠠ᠂ ᠮᠢᠨᠤ ᠳᠣᠲᠣᠷ᠎ᠠ ᠴᠢ ᠪᠠᠢᠨ᠎ᠠ》 ᠭᠡᠬᠦ᠌ ᠲᠡᠦᠬᠡ᠎ᠶ᠋ᠢᠨ ᠪᠣᠳᠠᠲᠤ ᠶᠠᠪᠤᠳᠠᠯ᠎ᠢ ᠱᠢᠰᠲ᠋ᠧᠮ᠎ᠲᠠᠢ ᠲᠣᠳᠣᠷᠬᠠᠢᠯᠠᠨ ᠥᠭᠦᠯᠡᠬᠦ᠌ ᠬᠡᠷᠡᠭ᠌ᠲᠡᠢ᠃ ᠭᠦᠨᠵᠡᠭᠡᠢ ᠰᠤᠳᠤᠯᠬᠤ᠎ᠪᠠᠷ ᠳᠠᠮᠵᠢᠨ᠂ ᠡᠳᠡᠭᠡᠷ ᠦᠭᠡ ᠳᠠᠭᠤ ᠦᠭᠡᠢ ᠲᠤᠯᠭᠤᠷ ᠪᠢᠴᠢᠭ᠎ᠢ ᠦᠭᠡ ᠬᠡᠯᠡᠭᠦᠯᠵᠦ᠂ ᠳᠤᠮᠳᠠᠳᠤ᠎ᠶ᠋ᠢᠨ ᠪᠣᠯᠪᠠᠰᠤᠨ᠎ᠤ ᠲᠠᠰᠤᠷᠠᠯᠲᠠ ᠦᠭᠡᠢ ᠮᠠᠨᠳᠤᠭ᠍ᠰᠠᠨ ᠦᠯᠢᠭᠡᠷ᠎ᠢ ᠶᠠᠷᠢᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠲᠤ ᠭᠦᠨ ᠵᠤᠵᠠᠭᠠᠨ ᠲᠡᠦᠬᠡ ᠰᠣᠶᠣᠯ᠎ᠤᠨ ᠲᠤᠯᠭᠠᠭᠤᠷᠢᠯᠠᠯ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

  ᠬᠣᠶᠠᠳᠤᠭᠠᠷ᠎ᠲᠤ᠌᠂ ᠮᠡᠷᠭᠡᠵᠢᠯ᠎ᠢᠶᠡᠷ ᠲᠤᠯᠭᠠᠭᠤᠷᠢ ᠪᠣᠯᠭᠠᠵᠤ᠂ ᠦᠨᠳᠦᠰᠦᠲᠡᠨ᠎ᠦ ᠡᠷᠲᠡᠨ᠎ᠦ ᠰᠤᠷᠪᠤᠯᠵᠢ ᠪᠢᠴᠢᠭ᠎ᠦᠨ ᠵᠢᠷᠤᠮᠵᠢᠭ᠍ᠰᠠᠨ ᠰᠤᠳᠤᠯᠤᠯ᠎ᠤᠨ ᠱᠢᠰᠲ᠋ᠧᠮ᠎ᠢ ᠪᠠᠢ᠌ᠭᠤᠯᠤᠨ᠎ᠠ᠃ ᠥᠷᠭᠡᠨ ᠠᠭᠤᠳᠠᠮ ᠦᠨᠳᠦᠰᠦᠲᠡᠨ᠎ᠦ ᠲᠤᠯᠭᠤᠷ ᠪᠢᠴᠢᠭ ᠰᠤᠷᠪᠤᠯᠵᠢ ᠪᠢᠴᠢᠭ᠎ᠦᠨ ᠡᠮᠦᠨ᠎ᠡ᠂ ᠰᠢᠨᠵᠢᠯᠡᠬᠦ ᠤᠬᠠᠭᠠᠨ᠎ᠤ ᠰᠢᠰᠲᠧᠮ᠎ᠲᠠᠢ ᠰᠤᠳᠤᠯᠭᠠᠨ᠎ᠤ ᠰᠢᠰᠲᠧᠮ᠎ᠢ ᠪᠠᠶ᠋ᠢᠭᠤᠯᠬᠤ ᠶᠠᠪᠤᠳᠠᠯ ᠪᠠᠴᠢᠮ ᠱᠠᠭᠠᠷᠳᠠᠭᠳᠠᠵᠤ ᠪᠠᠢᠨ᠎ᠠ᠃ ᠣᠳᠣᠬᠠᠨ᠎ᠳᠤ᠂ ᠭᠤᠷᠪᠠᠨ ᠲᠠᠯ᠎ᠠ᠎ᠶ᠋ᠢᠨ ᠠᠵᠢᠯ᠎ᠢ ᠭᠤᠤᠯᠳᠠᠯᠭ᠎ᠠ᠎ᠲᠠᠢ ᠠᠬᠢᠭᠤᠯᠬᠤ ᠬᠡᠷᠡᠭ᠌ᠲᠡᠶ᠄ ᠨᠢᠭᠡ᠎ᠳᠤ᠂ ᠨᠢᠭᠡᠳᠦᠯᠲᠡᠶ ᠲᠤᠯᠭᠤᠷ ᠪᠢᠴᠢᠭ᠎ᠢ ᠡᠮᠬᠢᠯᠡᠬᠦ᠌ ᠪᠠᠷᠢᠮᠵᠢᠶ᠎ᠠ᠎ᠶ᠋ᠢ ᠲᠣᠭ᠍ᠲᠠᠭᠠᠵᠤ᠂ ᠴᠤᠭ᠍ᠯᠠᠭᠤᠯᠬᠤ᠂ ᠡᠮᠬᠢᠯᠡᠬᠦ᠌᠎ᠠᠴᠠ ᠰᠤᠳᠤᠯᠭᠠᠨ᠎ᠤ ᠪᠥᠬᠦ᠌ ᠶᠠᠪᠤᠴᠠ᠎ᠶ᠋ᠢ ᠵᠢᠷᠤᠮᠵᠢᠭᠤᠯᠬᠤ᠎ᠶ᠋ᠢ ᠪᠡᠶᠡᠯᠡᠭᠦᠯᠦᠨ᠎ᠡ; ᠬᠤᠶᠠᠷ᠎ᠲᠤ᠂ ᠳ᠋ᠢᠭᠢᠲᠴᠢᠯᠡᠭᠰᠡᠨ ᠠᠬᠢᠴᠠ᠎ᠶ᠋ᠢ ᠲᠦᠷᠭᠡᠳᠭᠡᠵᠦ᠍᠂ ᠵᠣᠬᠢᠶᠠᠮᠠᠯ ᠤᠶᠤᠨ᠂ ᠲᠣᠮᠣ ᠳ᠋ᠠᠢᠲ᠋ᠠ ᠵᠡᠷᠭᠡ ᠣᠳᠣ ᠦᠶ᠎ᠡ᠎ᠶ᠋ᠢᠨ ᠮᠡᠷᠭᠡᠵᠢᠯ᠎ᠢ ᠬᠡᠷᠡᠭ᠌ᠯᠡᠨ ᠦᠰᠦᠭ ᠪᠢᠴᠢᠭ᠎ᠢ ᠢᠯᠭᠠᠨ ᠲᠠᠨᠢᠬᠤ ᠬᠦᠴᠢᠷ ᠠᠰᠠᠭᠤᠳᠠᠯ᠎ᠢ ᠱᠢᠢᠳᠪᠦᠷᠢᠯᠡᠨ᠎ᠡ; ᠭᠤᠷᠪᠠ᠎ᠳᠤ᠂ ᠬᠠᠮᠲᠤ᠎ᠪᠠᠷ ᠡᠳ᠋ᠯᠡᠬᠦ᠌ ᠳ᠋ᠡᠢ᠌ᠲ᠋ᠠ᠎ᠶ᠋ᠢᠨ ᠬᠥᠮᠥᠷᠭᠡ᠎ᠶ᠋ᠢ ᠪᠠᠢᠭᠤᠯᠵᠤ᠂ 《ᠮᠡᠳᠡᠭᠡ ᠵᠠᠩᠭᠢ᠎ᠶ᠋ᠢᠨ ᠥᠨᠥᠴᠢᠨ ᠠᠷᠠᠯ》 ᠎ᠢ ᠡᠪᠳᠡᠨ᠎ᠡ᠃ ᠡᠳᠡᠭᠡᠷ ᠰᠠᠭᠤᠷᠢ ᠠᠵᠢᠯ᠎ᠢ ᠪᠠᠲᠤᠵᠢᠭᠤᠯᠪᠠᠯ ᠰᠠᠶᠢ ᠬᠣᠪᠣᠷ ᠨᠠᠨᠳᠢᠨ ᠡᠷᠲᠡᠨ᠎ᠦ ᠰᠤᠷᠪᠤᠯᠵᠢ ᠪᠢᠴᠢᠭ᠎ᠦᠨ ᠡᠬᠢ ᠪᠠᠶᠠᠯᠢᠭ᠎ᠢ ᠠᠮᠢᠳᠤᠯᠢᠭ ᠪᠣᠯᠭᠠᠵᠤ ᠴᠢᠳᠠᠨ᠎ᠠ᠃

  ᠭᠤᠷᠪᠠᠳᠤᠭᠠᠷ᠎ᠲᠤ᠌᠂ ᠦᠢᠯᠡᠳᠦᠯᠭᠡ᠎ᠪᠡᠷ ᠰᠠᠭᠤᠷᠢ ᠪᠣᠯᠭᠠᠵᠤ᠂ ᠪᠣᠳᠠᠲᠤ ᠶᠠᠭᠤᠮ᠎ᠠ᠎ᠲᠠᠢ ᠦᠨᠡᠨ ᠡᠷᠳᠡᠮ ᠲᠠᠢ ᠪᠣᠯᠣᠨ᠎ᠠ᠃ ᠡᠷᠲᠡᠨ᠎ᠦ ᠨᠣᠮ ᠪᠢᠴᠢᠭ ᠰᠤᠷᠪᠤᠯᠵᠢ ᠪᠢᠴᠢᠭ᠎ᠦᠨ ᠰᠤᠳᠤᠯᠤᠯ ᠨᠢ ᠲᠣᠪᠬᠢᠮᠠᠯ᠎ᠠᠴᠠ ᠰᠠᠯᠤᠭᠰᠠᠨ ᠬᠣᠭᠣᠰᠤᠨ ᠶᠠᠷᠢᠶ᠎ᠠ᠎ᠶᠢ ᠬᠠᠮᠤᠭ᠎ᠠᠴᠠ ᠴᠡᠭᠡᠷᠯᠡᠳᠡᠭ ᠶᠤᠮ᠃ 《ᠨᠢᠭᠡ ᠬᠤᠪᠢ᠎ᠶᠢᠨ ᠭᠡᠷᠡᠴᠢ ᠪᠠᠷᠢᠮᠲᠠ ᠨᠢᠭᠡ ᠬᠤᠪᠢ᠎ᠶᠢᠨ ᠦᠭᠡ ᠬᠡᠯᠡᠬᠦ》 ᠡᠷᠳᠡᠮ ᠱᠢᠨᠵᠢᠯᠡᠭᠡ᠎ᠶ᠋ᠢ ᠵᠠᠰᠠᠬᠤ ᠣᠪᠣᠷ᠎ᠢ ᠪᠠᠷᠢᠮᠲᠠᠯᠠᠵᠤ᠂ ᠲᠤᠯᠭᠤᠷ ᠪᠢᠴᠢᠭ᠎ᠢ ᠡᠮᠬᠢᠳᠭᠡᠨ ᠰᠤᠳᠤᠯᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ᠃ ᠦᠨᠳᠦᠰᠦᠲᠡᠨ᠎ᠦ ᠡᠷᠲᠡᠨ᠎ᠦ ᠨᠣᠮ ᠪᠢᠴᠢᠭ᠎ᠢ ᠲᠠᠢᠯᠪᠤᠷᠢᠯᠠᠬᠤ ᠪᠠ ᠪᠢᠴᠢᠭ᠌ᠯᠡᠭ᠌ᠰᠡᠨ ᠰᠤᠳᠤᠯᠤᠯ ᠭᠡᠰᠡᠨ ᠦᠭᠡᠶ ᠴᠥᠮ ᠴᠢᠩᠭ᠎ᠠ ᠨᠢᠮᠪᠠᠶ ᠦᠭᠡ ᠬᠡᠯᠡ ᠤᠳᠭ᠎ᠠ ᠵᠣᠬᠢᠶᠠᠯ᠎ᠤᠨ ᠨᠤᠲᠠᠯᠠᠯ᠎ᠤᠨ ᠰᠠᠭᠤᠷᠢᠨ ᠳᠡᠭᠡᠷ᠎ᠡ ᠪᠠᠢᠭᠤᠯᠬᠤ ᠬᠡᠷᠡᠭ᠌ᠲᠡᠶ᠃ ᠭᠠᠭ᠍ᠴᠠ ᠬᠦ᠌ ᠰᠤᠷᠪᠤᠯᠵᠢ ᠪᠢᠴᠢᠭ᠎ᠤᠨ ᠲᠤᠰ ᠪᠡᠶ᠎ᠡ᠎ᠳᠤ ᠪᠤᠴᠠᠵᠤ ᠢᠷᠡᠪᠡᠯ᠂ ᠮᠠᠨ᠎ᠤ ᠰᠤᠳᠤᠯᠤᠯᠲᠠ ᠰᠠᠶᠢ ᠲᠣᠭ᠍ᠲᠠᠨᠢᠵᠤ ᠳᠡᠢᠯᠬᠦ᠂ ᠤᠯᠠᠮᠵᠢᠯᠠᠵᠤ ᠳᠡᠢᠯᠬᠦ᠌ ᠶᠤᠮ᠂ ᠰᠠᠶᠢ ᠴᠠᠭ᠎ᠤᠨ ᠱᠢᠯᠭᠠᠯᠲᠠ᠎ᠶ᠋ᠢ ᠳᠠᠭᠠᠭᠠᠵᠤ ᠴᠢᠳᠠᠨ᠎ᠠ᠃

  ᠳᠥᠷᠪᠡᠳᠦᠭᠡᠷ᠎ᠲᠤ᠌᠂ ᠬᠠᠷᠠᠭᠠᠰᠤ᠎ᠪᠠᠷ ᠱᠢᠪᠲᠤᠯᠤᠯᠲᠠ ᠪᠣᠯᠭᠠᠵᠤ᠂ ᠰᠤᠳᠤᠯᠭᠠᠨ᠎ᠤ ᠱᠢᠨ᠎ᠡ ᠪᠠᠢᠷᠢᠱᠢᠯ᠎ᠢ ᠡᠭᠦᠳᠦᠨ᠎ᠡ᠃ ᠨᠡᠩ ᠥᠷᠭᠡᠨ ᠠᠭᠤᠳᠠᠮ ᠡᠷᠳᠡᠮ ᠱᠢᠨᠵᠢᠯᠡᠭᠡᠨ᠎ᠤ ᠬᠠᠷᠠᠭᠠᠰᠤ᠎ᠠᠴᠠ ᠰᠤᠳᠤᠯᠭᠠᠨ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠬᠡᠷᠡᠭ᠌ᠲᠡᠢ᠄ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ᠎ᠶ᠋ᠢᠨ ᠱᠢᠨᠵᠢᠯᠡᠭᠡᠨ᠎ᠤ ᠱᠢᠰᠲ᠋ᠧᠮ᠎ᠲᠠᠢ ᠭᠤᠯᠳᠤ᠎ᠪᠠᠷ ᠭᠦᠨᠵᠡᠭᠡᠢ ᠠᠭᠤᠰᠤᠯᠴᠠᠭᠤᠯᠵᠤ᠂ ᠦᠨᠳᠦᠰᠦᠲᠡᠨ᠎ᠤ ᠡᠷᠲᠡᠨ᠎ᠤ ᠰᠤᠷᠪᠤᠯᠵᠢ ᠪᠢᠴᠢᠭ᠎ᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠰᠤᠳᠤᠯᠭᠠᠨ᠎ᠤ ᠪᠦᠬᠦᠯᠢ ᠴᠣᠭ᠍ᠴᠠ᠎ᠶ᠋ᠢᠨ ᠰᠤᠳᠠᠰᠤ᠎ᠠᠴᠠ ᠱᠢᠨᠵᠢᠯᠡᠨ ᠪᠠᠢᠴᠠᠭᠠᠬᠤ ᠬᠡᠷᠡᠭ᠌ᠲᠡᠢ; ᠬᠥᠨᠳᠡᠯᠡᠨ᠎ᠢᠶᠠᠷ ᠱᠢᠨᠵᠢᠯᠡᠭᠡᠨ᠎ᠤ ᠪᠠᠬᠢᠯᠡᠯᠲᠡ᠎ᠶ᠋ᠢ ᠡᠪᠳᠡᠵᠦ᠍᠂ ᠲᠡᠦᠬᠡ᠎ᠶ᠋ᠢᠨ ᠤᠬᠠᠭᠠᠨ᠂ ᠬᠡᠯᠡᠨ᠎ᠤ ᠱᠢᠨᠵᠢᠯᠡᠭᠡ᠂ ᠬᠥᠮᠦᠨ ᠲᠥᠷᠥᠯᠬᠢᠲᠡᠨ᠎ᠤ ᠰᠤᠳᠤᠯᠤᠯ᠂ ᠭᠦᠨ ᠤᠬᠠᠭᠠᠨ ᠵᠡᠷᠭᠡ ᠤᠯᠠᠨ ᠱᠢᠨᠵᠢᠯᠡᠭᠡᠨ᠎ᠤ ᠭᠦᠨᠵᠡᠭᠡᠢ ᠶᠠᠷᠢᠯᠴᠠᠭ᠎ᠠ ᠬᠢᠬᠦ᠌ ᠬᠡᠷᠡᠭ᠌ᠲᠡᠢ᠃ ᠡᠭᠦᠨ᠎ᠤ ᠬᠠᠮᠲᠤ᠌᠂ ᠤᠯᠠᠨ ᠤᠯᠤᠰ᠎ᠤᠨ ᠬᠠᠷᠠᠭ᠎ᠠ᠎ᠶ᠋ᠢ ᠪᠦᠷᠢᠯᠳᠦᠭᠦᠯᠵᠦ᠍᠂ ᠨᠡᠩ ᠥᠷᠭᠡᠨ ᠤᠯᠠᠨ ᠤᠯᠤᠰ᠎ᠤᠨ ᠬᠠᠷᠠᠭᠠᠰᠤ᠎ᠠᠴᠠ ᠡᠷᠳᠡᠮ ᠱᠢᠨᠵᠢᠯᠡᠭᠡᠨ᠎ᠤ ᠰᠤᠳᠤᠯᠭᠠᠨ᠎ᠢ ᠬᠢᠨᠠᠨ ᠦᠵᠡᠬᠦ᠌ ᠬᠡᠷᠡᠭ᠌ᠲᠡᠢ᠃ ᠤᠯᠠᠨ ᠤᠯᠤᠰ᠎ᠤᠨ ᠡᠷᠳᠡᠮ ᠱᠢᠨᠵᠢᠯᠡᠭᠡᠨ᠎ᠤ ᠡᠲᠡᠭᠡᠳ᠎ᠤᠨ ᠡᠮᠦᠨ᠎ᠡ ᠵᠠᠬ᠎ᠠ᠎ᠶ᠋ᠢᠨ ᠪᠠᠢᠳᠠᠯ᠎ᠢ ᠡᠵᠡᠮᠱᠢᠬᠦ᠌ ᠮᠥᠷᠲᠡᠭᠡᠨ ᠨᠡᠩ ᠴᠤ᠌ ᠳᠤᠮᠳᠠᠳᠤ ᠤᠯᠤᠰ᠎ᠤᠨ ᠲᠡᠦᠬᠡ᠎ᠶ᠋ᠢᠨ ᠬᠥᠭ᠌ᠵᠢᠯᠲᠡ᠎ᠶ᠋ᠢᠨ ᠪᠤᠰᠤᠳᠴᠢ ᠪᠣᠳᠠᠲᠤ ᠶᠠᠪᠤᠳᠠᠯ᠎ᠳᠤ ᠰᠠᠭᠤᠷᠢᠯᠠᠬᠤ ᠬᠡᠷᠡᠭ᠌ᠲᠡᠢ; ᠡᠷᠬᠡ ᠲᠡᠭ᠌ᠰᠢ ᠡᠷᠳᠡᠮ ᠱᠢᠨᠵᠢᠯᠡᠭᠡᠨ᠎ᠤ ᠶᠠᠷᠢᠯᠴᠠᠭ᠎ᠠ ᠰᠣᠯᠢᠯᠴᠠᠭ᠎ᠠ᠎ᠶ᠋ᠢ ᠥᠷᠨᠢᠭᠦᠯᠬᠦ᠌᠎ᠪᠠᠷ ᠪᠠᠷᠠᠬᠤ ᠦᠭᠡᠢ ᠨᠡᠩ ᠴᠤ᠌ ᠤᠯᠠᠨ ᠤᠯᠤᠰ᠎ᠤᠨ ᠡᠷᠳᠡᠮ ᠱᠢᠨᠵᠢᠯᠡᠭᠡᠨ᠎ᠤ ᠲᠠᠪᠴᠠᠩ᠎ᠳᠤ ᠳᠤᠮᠳᠠᠳᠤ ᠤᠯᠤᠰ᠎ᠤᠨ ᠡᠷᠳᠡᠮᠲᠡᠳ᠎ᠤᠨ ᠲᠠᠭᠤᠨ᠎ᠢ ᠴᠤᠤᠷᠢᠶᠠᠲᠤᠭᠤᠯᠵᠤ᠂ ᠯᠠᠪᠳᠠᠭᠤᠨ ᠪᠠᠲᠤᠲᠠᠢ ᠲᠡᠦᠬᠡ᠎ᠶ᠋ᠢᠨ ᠮᠠᠲ᠋ᠧᠷᠢᠶᠠᠯ᠎ᠤᠨ ᠰᠤᠳᠤᠯᠭᠠᠨ ᠪᠠ ᠴᠢᠩᠭ᠎ᠠ ᠨᠢᠮᠪᠠᠢ ᠡᠷᠳᠡᠮ ᠱᠢᠨᠵᠢᠯᠡᠭᠡᠨ᠎ᠤ ᠨᠤᠲᠠᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶ᠋ᠢᠨ ᠪᠡᠶ᠎ᠡ᠎ᠪᠠᠨ ᠳᠠᠭᠠᠭᠠᠭ᠍ᠰᠠᠨ ᠮᠡᠳᠡᠯᠭᠡ᠎ᠶ᠋ᠢᠨ ᠲᠣᠭᠲᠠᠯᠴᠠᠭ᠎ᠠ᠎ᠶᠢ ᠲᠦᠷᠭᠡᠳᠭᠡᠨ ᠪᠠᠢᠭᠤᠯᠬᠤ ᠬᠡᠷᠡᠭ᠌ᠲᠡᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ