ᠳᠤᠮᠳᠠᠳᠤ᠎ᠶ᠋ᠢᠨ ᠦᠨᠳᠦᠰᠦᠲᠡᠨ ᠪᠦᠷᠢᠯᠳᠦᠵᠦ᠍ ᠬᠥᠭ᠌ᠵᠢᠭ᠌ᠰᠡᠨ ᠲᠡᠦᠬᠡᠨ ᠶᠠᠪᠤᠴᠠ᠎ᠳᠤ ᠡᠯ᠎ᠡ ᠦᠨᠳᠦᠰᠦᠲᠡᠨ ᠦᠢᠯᠡᠳᠪᠦᠷᠢᠯᠡᠯ ᠠᠮᠢᠳᠤᠷᠠᠯ᠎ᠤᠨ ᠦᠢᠯᠡᠳᠦᠯᠭᠡ᠎ᠳᠡᠭᠡᠨ ᠰᠠᠭᠤᠷᠢᠯᠠᠵᠤ᠂ ᠪᠠᠶᠠᠯᠢᠭ ᠰᠠᠢᠬᠠᠨ ᠦᠨᠳᠦᠰᠦᠲᠡᠨ᠎ᠤ ᠠᠷᠠᠳ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠢ ᠡᠭᠦᠳᠴᠦ᠍᠂ ᠲᠦᠷᠦᠯ ᠵᠦᠢᠯ ᠤᠯᠠᠨ ᠶᠠᠩᠵᠤ᠎ᠶ᠋ᠢᠨ᠂ ᠭᠦᠨ ᠵᠤᠵᠠᠭᠠᠨ ᠠᠭᠤᠯᠬᠤᠨ᠎ᠲᠠᠢ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠢ ᠬᠠᠮᠲᠤ᠎ᠪᠠᠷ ᠪᠦᠷᠢᠯᠳᠦᠭᠦᠯᠪᠡ᠃ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ ᠪᠣᠯ ᠳᠤᠮᠳᠠᠳᠤ᠎ᠶ᠋ᠢᠨ ᠦᠨᠳᠦᠰᠦᠲᠡᠨ᠎ᠤ ᠤᠶᠤᠨ ᠰᠠᠨᠠᠭᠠᠨ᠎ᠤ ᠳᠦᠷᠰᠦ ᠪᠠᠢᠳᠠᠯ ᠬᠢᠭᠡᠳ ᠨᠡᠢᠭᠡᠮ᠎ᠤᠨ ᠦᠢᠯᠡᠳᠦᠯᠭᠡ᠎ᠶ᠋ᠢᠨ ᠤᠶᠤᠨ ᠤᠬᠠᠭᠠᠨ᠎ᠢ ᠠᠴᠢᠶᠠᠯᠠᠵᠤ᠂ ᠦᠨᠳᠦᠰᠦᠲᠡᠨ᠎ᠨᠦᠭᠦᠳ᠎ᠤᠨ ᠦᠢᠯᠡᠳᠪᠦᠷᠢᠯᠡᠯ ᠠᠮᠢᠳᠤᠷᠠᠯ᠂ ᠵᠠᠩ ᠳᠠᠳᠭᠠᠯ ᠵᠡᠷᠭᠡ ᠲᠠᠯ᠎ᠠ᠎ᠶ᠋ᠢᠨ ᠰᠣᠶᠣᠯ᠎ᠤᠨ ᠣᠨᠴᠠᠯᠢᠭ᠎ᠢ ᠢᠯᠡᠷᠡᠭᠦᠯᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠠᠭᠤᠳᠠᠯᠬᠤ ᠳᠤᠮᠳᠠ ᠬᠠᠮᠠᠭᠠᠯᠠᠵᠤ᠂ ᠠᠱᠢᠭ᠍ᠯᠠᠬᠤ ᠳᠤᠮᠳᠠ ᠤᠯᠠᠮᠵᠢᠯᠠᠨ ᠵᠠᠯᠭᠠᠮᠵᠢᠯᠠᠵᠤ᠂ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠰᠣᠶᠣᠯ᠎ᠤᠨ ᠱᠢᠮᠡᠳᠦᠯ᠂ ᠦᠨᠳᠦᠰᠦᠲᠡᠨ᠎ᠨᠦᠭᠦᠳ᠎ᠤᠨ 《ᠭᠤᠷᠪᠠᠨ ᠬᠠᠷᠢᠯᠴᠠᠭ᠎ᠠ》᠎ᠶ᠋ᠢ ᠠᠬᠢᠭᠤᠯᠬᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠯ᠎ᠠ᠎ᠶ᠋ᠢᠨ ᠶᠡᠷᠦᠩᠬᠡᠢᠯᠡᠭ᠌ᠰᠡᠨ ᠦᠷᠳᠡᠭ ᠪᠣᠯᠤᠨ ᠤᠯᠠᠨ ᠡᠱᠢᠲᠦ ᠴᠢᠳᠠᠮᠵᠢ᠎ᠶ᠋ᠢ ᠭᠦᠢᠴᠡᠳ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠢᠯᠡ ᠲᠣᠳᠣ ᠪᠦᠲᠦᠮᠵᠢᠲᠡᠢ ᠪᠠᠲᠤ ᠪᠠᠬᠢ ᠪᠤᠢ ᠪᠣᠯᠭᠠᠬᠤ ᠬᠡᠷᠡᠭ᠌ᠲᠡᠢ᠃
ᠰᠤᠶᠤᠯ ᠢᠷᠭᠡᠨᠱᠢᠯ᠎ᠦᠨ ᠦᠨ᠎ᠡ ᠥᠷᠲᠡᠭ᠎ᠢ ᠠᠭᠤᠳᠠᠯᠵᠤ᠂ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢ ᠪᠠᠢ᠌ᠭᠤᠯᠤᠨ᠎ᠠ᠃ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠨᠢ ᠳᠤᠮᠳᠠᠳᠤ᠎ᠶ᠋ᠢᠨ ᠪᠣᠯᠪᠠᠰᠤᠨ᠎ᠳᠤ ᠦᠨᠳᠦᠰᠦᠯᠡᠵᠦ᠍᠂ ᠭᠠᠵᠠᠷ ᠣᠷᠣᠨ᠎ᠤ ᠰᠣᠶᠣᠯ᠂ ᠦᠨᠳᠦᠰᠦᠲᠡᠨ᠎ᠤ ᠰᠣᠶᠣᠯ ᠵᠡᠷᠭᠡ᠎ᠶ᠋ᠢ ᠶᠡᠷᠦᠩᠬᠡᠢᠯᠡᠨ ᠢᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠤᠶᠤᠨ ᠰᠠᠨᠠᠭᠠᠨ᠎ᠤ ᠣᠨᠴᠠᠯᠢᠭ ᠱᠢᠨᠵᠢ᠎ᠶ᠋ᠢ ᠢᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ᠎ᠶ᠋ᠢᠨ ᠴᠢᠬᠤᠯᠠ ᠰᠣᠶᠣᠯ᠎ᠤᠨ ᠡᠬᠢ ᠪᠠᠶᠠᠯᠢᠭ ᠪᠣᠯᠤᠨ᠎ᠠ᠃ ᠵᠢᠱ᠌ᠢᠶᠡᠯᠡᠪᠡᠯ᠂ ᠯᠤᠤᠳᠤ ᠤᠩᠭᠤᠴᠠ ᠤᠷᠤᠯᠳᠤᠨ ᠭᠠᠲᠤᠯᠬᠤ ᠪᠤᠯ ᠵᠢᠶᠠᠩᠨᠠᠨ᠎ᠤ ᠤᠰᠤᠨ ᠰᠤᠶᠤᠯ᠎ᠤᠨ ᠪᠡᠯᠬᠡᠳᠡᠯ ᠪᠤᠯᠬᠤ ᠪᠦᠭᠡᠳ ᠪᠠᠰᠠ ᠪᠦᠯᠬᠦᠮᠳᠡᠨ ᠲᠡᠮᠡᠴᠡᠬᠦ᠌ ᠦᠨᠳᠤᠰᠤᠳᠡᠨ᠎ᠤ ᠵᠤᠷᠢᠭ ᠰᠠᠨᠠᠭ᠎ᠠ᠎ᠶ᠋ᠢ ᠠᠴᠢᠶᠠᠯᠠᠵᠤ ᠪᠠᠢᠨ᠎ᠠ; ᠨᠡᠷᠡᠭᠦᠢ ᠨᠢᠳᠤᠷᠭ᠎ᠠ ᠪᠤᠯ ᠶᠡᠬᠡ ᠲᠦᠢ᠍ᠯ᠎ᠦᠨ ᠠᠷᠭ᠎ᠠ ᠪᠢᠯᠢᠭ᠎ᠤᠨ ᠤᠢᠯᠠᠭᠠᠬ᠍ᠳᠠᠬᠤᠨᠢᠶᠠᠷ ᠭᠤᠤᠯ ᠪᠤᠯᠭᠠᠵᠤ᠂ ᠬᠢᠲᠠᠳ ᠡᠮᠨᠡᠯᠭᠡ᠎ᠶᠢᠨ ᠰᠠᠯᠳᠠᠷ᠎ᠤᠨ ᠤᠬᠠᠭᠠᠨ ᠪᠣᠯᠣᠨ ᠬᠥᠲᠥᠯᠥᠨ ᠳᠠᠭᠠᠭᠤᠯᠬᠤ ᠪᠥᠭᠡᠯᠵᠢᠭᠦᠯᠬᠦ ᠮᠡᠷᠭᠡᠵᠢᠯ᠎ᠢ ᠨᠡᠢᠯᠡᠭᠦᠯᠦᠭᠰᠡᠨ ᠳᠤᠮᠳᠠᠳᠤ ᠤᠯᠤᠰ᠎ᠤᠨ ᠤᠯᠠᠮᠵᠢᠯᠠᠯᠲᠤ ᠨᠢᠳᠤᠷᠭᠠᠨ ᠡᠷᠳᠡᠮ ᠮᠦᠨ᠂ ᠲᠤᠮᠳᠠᠳᠤ᠎ᠶ᠋ᠢᠨ ᠦᠨᠳᠤᠰᠤᠳᠡᠨ᠎ᠤ ᠤᠯᠠᠮᠵᠢᠯᠠᠯᠳᠤ ᠪᠡᠶ᠎ᠡ ᠰᠤᠪᠢᠯᠠᠯᠳᠠ᠎ᠶ᠋ᠢᠨ ᠤᠶᠤᠨ ᠤᠬᠠᠭᠠᠨ ᠪᠠ ᠮᠡᠷᠭᠡᠵᠢᠯ᠎ᠢᠶᠠᠷ ᠤᠶᠤᠨ ᠤᠬᠠᠭᠠᠨ᠎ᠢ ᠡᠰᠡᠷᠬᠦᠴᠡᠭ᠌ᠰᠡᠨ ᠪᠠᠢᠨ᠎ᠠ; ᠨᠡᠬᠦᠳᠡᠯ ᠮᠠᠯᠵᠢᠯ᠎ᠤᠨ ᠤᠷᠤᠨ᠎ᠳᠤ ᠦᠷᠭᠡᠨ ᠲᠡᠯᠭᠡᠷ᠎ᠢᠶᠠᠷ ᠲᠡᠯᠭᠡᠭ᠌ᠳᠡᠵᠦ᠍ ᠪᠠᠢᠭ᠎ᠠ 《ᠮᠤᠷᠢ ᠤᠷᠭ᠋ᠠᠯᠠᠬᠤ》᠂ 《ᠬᠤᠨᠢ ᠰᠢᠭᠦᠷᠡᠬᠦ》 ᠵᠡᠷᠭᠡ ᠲᠦᠷᠤᠯ ᠵᠤᠢᠯ᠎ᠨᠢ 《ᠲᠡᠭ᠌ᠷᠢ ᠬᠦᠮᠦᠨ ᠨᠢᠭᠡᠳᠤᠭ᠌ᠰᠡᠨ》 ᠠᠮᠢ ᠠᠬᠤᠢ᠎ᠶ᠋ᠢᠨ ᠬᠦᠨ ᠤᠬᠠᠭᠠᠨ᠂ ᠬᠦᠮᠦᠨ ᠬᠢᠭᠡᠳ ᠪᠠᠢᠭᠠᠯᠢ ᠡᠶ᠎ᠡ ᠵᠤᠬᠢᠴᠠᠩᠭᠤᠢ ᠬᠠᠮᠳᠤ᠎ᠪᠠᠷ ᠤᠷᠤᠱᠢᠬᠤ ᠠᠮᠢ ᠠᠬᠤᠢ᠎ᠶ᠋ᠢᠨ ᠤᠢ᠍ᠢᠯᠠᠭᠠᠬ᠍ᠳᠠᠬᠤᠨ᠎ᠢ ᠲᠠᠮᠵᠢᠭᠤᠯᠵᠤ ᠪᠠᠢᠨ᠎ᠠ; ᠮᠢᠩ ᠤᠯᠤᠰ᠎ᠤᠨ ᠦᠶ᠎ᠡ ᠶ᠋ᠢᠨ ᠸᠠ ᠣᠪᠣᠭᠲᠤ ᠬᠠᠲᠤᠨ ᠫᠠᠭᠳᠠᠭᠠᠷ ᠳᠡᠭᠡᠷᠡᠮ ᠢ᠋ ᠡᠰᠡᠷᠭᠦᠴᠡᠬᠦ᠎ᠪᠡᠷ ᠪᠦᠲᠦᠭᠡᠭᠰᠡᠨ ᠬᠠᠪᠲᠠᠰᠤᠨ ᠱᠠᠬᠠᠢ ᠶ᠋ᠢᠨ ᠤᠷᠤᠯᠳᠤᠭᠠᠨ᠎ᠤ ᠬᠤᠷᠳᠤᠴᠠ ᠨᠢ ᠳᠤᠮᠳᠠᠳᠤ ᠶ᠋ᠢᠨ ᠦᠨᠳᠦᠰᠦᠲᠡᠨ᠎ᠦ ᠪᠦᠯᠬᠦᠮᠳᠡᠨ ᠬᠠᠮᠵᠢᠯᠴᠠᠵᠤ᠂ ᠡᠷᠡᠯᠬᠡᠭᠯᠡᠨ ᠲᠡᠮᠡᠴᠡᠵᠦ ᠢᠯᠠᠯᠲᠠ ᠣᠯᠬᠤ ᠣᠨᠴᠠ ᠠᠪᠢᠶᠠᠰ ᠢ᠋ ᠬᠠᠷᠠᠭᠤᠯᠵᠠᠢ᠃ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠦᠷᠦᠯ ᠵᠦᠢᠯ᠎ᠢ ᠬᠠᠮᠠᠭᠠᠯᠠᠬᠤ ᠪᠠ ᠰᠤᠳᠤᠯᠤᠨ ᠡᠮᠬᠢᠯᠡᠬᠦ᠌ ᠠᠵᠢᠯ᠎ᠢ ᠴᠢᠩᠭᠠᠳᠭᠠᠵᠤ᠂ ᠳ᠋ᠢᠭᠢᠲᠴᠢᠯᠡᠭᠰᠡᠨ ᠡᠬᠢ ᠪᠠᠶᠠᠯᠢᠭ᠎ᠤᠨ ᠬᠥᠮᠥᠷᠭᠡ᠎ᠶ᠋ᠢ ᠪᠠᠢᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠰᠣᠶᠣᠯ᠎ᠤᠨ ᠡᠬᠢ ᠪᠠᠶᠠᠯᠢᠭ᠎ᠢ ᠰᠠᠢᠲᠤᠷ ᠨᠡᠭᠡᠭᠡᠨ ᠠᠱᠢᠭ᠍ᠯᠠᠵᠤ᠂ ᠲᠡᠭᠦᠨ᠎ᠳᠤ ᠠᠭᠤᠯᠤᠭ᠍ᠳᠠᠵᠤ ᠪᠠᠢᠭ᠎ᠠ ᠲᠡᠦᠬᠡ᠎ᠶ᠋ᠢᠨ ᠳᠤᠷᠠᠰᠤᠮᠵᠢ᠂ ᠬᠥᠮᠦᠨ ᠨᠡᠢᠭᠡᠮ᠎ᠤᠨ ᠠᠭᠤᠯᠤᠭ᠍ᠳᠠᠬᠤᠨ᠎ᠢ ᠭᠦᠨᠵᠡᠭᠡᠢ ᠠᠭᠤᠳᠠᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠠ ᠲᠦᠷᠢ ᠲᠥᠷᠬᠦ᠌᠎ᠶ᠋ᠢ ᠲᠤᠪᠤᠢᠯᠭᠠᠵᠤ᠂ ᠱᠢᠯᠢᠳᠡᠭ ᠭᠧᠨ ᠪᠠ ᠴᠠᠭ ᠦᠶ᠎ᠡ᠎ᠶ᠋ᠢᠨ ᠦᠷᠳᠡᠭ᠎ᠢ ᠰᠤᠳᠤᠯᠤᠨ ᠲᠠᠢᠯᠪᠤᠷᠢᠯᠠᠵᠤ᠂ ᠲᠡᠭᠦᠨ᠎ᠤ ᠳᠠᠯᠳᠠ ᠴᠢᠨᠠᠷᠲᠠᠢ ᠦᠢᠯᠡᠳᠦᠯ᠎ᠢ ᠪᠠᠳᠠᠷᠠᠭᠤᠯᠬᠤ ᠬᠡᠷᠡᠭ᠌ᠲᠡᠢ᠃ ᠳ᠋ᠢᠭᠢᠲᠴᠢᠯᠡᠭᠰᠡᠨ ᠳᠠᠮᠵᠢᠭᠤᠯᠭ᠎ᠠ᠎ᠶ᠋ᠢᠨ ᠱᠢᠰᠲ᠋ᠧᠮ᠎ᠢ ᠪᠠᠢᠭᠤᠯᠬᠤ᠎ᠪᠠᠷ ᠳᠠᠮᠵᠢᠭᠤᠯᠤᠨ᠂ ᠱᠢᠯᠢᠳᠡᠭ ᠲᠠᠮᠢᠷᠴᠢᠨ᠂ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠢᠯ᠎ᠤᠨ ᠤᠯᠠᠮᠵᠢᠯᠠᠭ᠍ᠴᠢ᠎ᠶ᠋ᠢᠨ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ ᠪᠠ ᠤᠯᠤᠰ᠎ᠢᠶᠠᠨ ᠬᠠᠢᠷᠠᠯᠠᠬᠤ ᠦᠵᠡᠯ᠎ᠤᠨ ᠬᠥᠮᠦᠵᠢᠯ᠎ᠢ ᠥᠷᠭᠡᠨ᠎ᠢᠶᠠᠷ ᠥᠷᠨᠢᠭᠦᠯᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠤᠳᠴᠤ᠌ ᠪᠠᠢᠭᠠᠳ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠠᠭᠤᠤ ᠶᠡᠭᠡ ᠦᠨᠳᠦᠰᠦᠲᠡᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠎ᠠ᠃ 《ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠣᠯᠠᠨ ᠤᠯᠤᠰ᠎ᠤᠨ ᠭᠤᠣᠯ ᠰᠡᠳᠦᠪᠲᠦ ᠣᠨ》 ᠢ ᠡᠭᠦᠳᠬᠦ᠂ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠣᠯᠠᠨ ᠤᠯᠤᠰ᠎ᠤᠨ ᠰᠣᠯᠢᠯᠴᠠᠭᠠᠨ᠎ᠤ ᠤᠷᠤᠯᠳᠤᠭᠠᠨ᠎ᠢ ᠡᠷᠭᠢᠯᠡᠬᠦ᠂ 《ᠦᠨᠳᠦᠰᠦᠲᠡᠨ᠎ᠤ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠬᠤᠯᠪᠣᠭ᠎ᠠ》 ᠪᠠᠢᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠵᠡᠪᠰᠡᠭ᠎ᠤᠨ ᠡᠷᠳᠡᠮ᠂ ᠯᠤᠤᠲᠤ ᠣᠩᠭᠤᠴᠠ᠂ ᠪᠥᠬᠡ ᠪᠠᠷᠢᠯᠳᠤᠬᠤ᠂ ᠯᠤᠤᠲᠤ ᠠᠷᠰᠯᠠᠨ ᠪᠥᠵᠢᠭ᠌ᠯᠡᠬᠦ᠌ ᠵᠡᠷᠭᠡ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠢᠯ᠎ᠤᠨ 《ᠭᠠᠳᠠᠭ᠍ᠰᠢ ᠭᠠᠷᠬᠤ》 ᠶ᠋ᠢ ᠠᠬᠢᠭᠤᠯᠵᠤ᠂ ᠤᠯᠠᠮᠵᠢᠯᠠᠯᠲᠤ ᠪᠠ ᠣᠲᠣ ᠦᠶ᠎ᠡ᠎ᠶ᠋ᠢᠨ ᠠᠭᠤᠰᠤᠯᠴᠠᠯ᠂ ᠲᠤᠰ ᠭᠠᠵᠠᠷ ᠣᠷᠣᠨ ᠪᠣᠯᠣᠨ ᠪᠦᠬᠦ ᠪᠥᠮᠪᠥᠷᠴᠡᠭ᠎ᠦᠨ ᠬᠠᠷᠢᠯᠴᠠᠭ᠎ᠠ ᠳᠤᠮᠳᠠ ᠰᠣᠶᠣᠯ᠎ᠤᠨ ᠢᠲᠡᠭᠡᠯ᠎ᠢᠶᠡᠨ ᠨᠡᠮᠡᠭᠳᠡᠭᠦᠯᠦᠨ᠎ᠡ᠃
ᠦᠨᠳᠦᠰᠦᠲᠡᠨ᠎ᠨᠦᠭᠦᠳ᠎ᠦᠨ 《ᠭᠤᠷᠪᠠᠨ ᠬᠠᠷᠢᠯᠴᠠᠭ᠎ᠠ》 ᠶᠢᠨ ᠲᠡᠦᠬᠡ᠎ᠶᠢ ᠠᠭᠤᠳᠠᠯᠵᠤ᠂ 《ᠭᠤᠷᠪᠠᠨ ᠬᠠᠷᠢᠯᠴᠠᠭ᠎ᠠ》 ᠶᠢᠨ ᠲᠠᠪᠴᠠᠩ᠎ᠢ ᠪᠠᠢᠭᠤᠯᠤᠨ᠎ᠠ᠃ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠢ ᠤᠯᠠᠮᠵᠢᠯᠠᠨ ᠬᠥᠭ᠌ᠵᠢᠭᠦᠯᠦᠭ᠌ᠰᠡᠨ ᠲᠡᠦᠬᠡ ᠮᠥᠨ ᠴᠦ᠍ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠮᠥᠨ᠃ ᠵᠢᠱ᠌ᠢᠶᠡᠯᠡᠪᠡᠯ᠂ ᠴᠢᠨ ᠤᠯᠤᠰ ᠪᠣᠯᠤᠨ ᠪᠠᠷᠠᠭᠤᠨ ᠿᠦᠩ᠎ᠤᠨ ᠤᠷᠳᠤ ᠬᠤᠭᠤᠴᠠᠭᠠᠨ᠎ᠤ ᠶᠠᠪᠤᠯᠴᠠᠭ᠎ᠠ᠎ᠶ᠋ᠢᠨ ᠳᠤᠮᠳᠠ᠂ ᠴᠢᠨ ᠤᠯᠤᠰ᠎ᠤᠨ ᠬᠥᠮᠥᠨ᠎ᠦ ᠲᠡᠷᠭᠡ ᠤᠨᠤᠭ᠎ᠠ᠎ᠪᠠᠷ ᠬᠠᠷᠪᠤᠵᠤ ᠨᠠᠮᠨᠠᠬᠤ᠎ᠳᠠᠭᠠᠨ ᠴᠠᠭᠠᠷᠠᠭᠰᠠᠨ ᠴᠡᠷᠢᠭ᠎ᠦᠨ ᠡᠷᠳᠡᠮ᠎ᠢ ᠡᠷᠬᠢᠮᠯᠡᠬᠦ ᠵᠣᠷᠢᠭ᠋ ᠰᠠᠨᠠᠭ᠎ᠠ᠎ᠶᠢ ᠪᠣᠢᠵᠢᠭᠤᠯᠪᠠ; ᠲᠠᠩ ᠤᠯᠤᠰ᠎ᠤᠨ ᠲᠠᠢᠽᠦᠩᠤᠨ 《ᠡᠸᠦ᠋ᠷᠦᠫᠠ᠎ᠶ᠋ᠢᠨ ᠬᠦᠮᠦᠰ ᠪᠦᠮᠪᠦᠭᠡ ᠨᠠᠭᠠᠳᠭᠤ ᠲᠤᠷᠠᠳᠠᠢ ᠪᠤᠯᠪᠠᠴᠤ᠌ ᠪᠠᠰᠠ ᠵᠠᠷᠯᠢᠭ ᠬᠦᠯᠢᠶᠡᠨ ᠰᠤᠷᠴᠦ᠍ ᠴᠢᠳᠠᠬᠤ ᠪᠤᠯᠵᠠᠢ》᠂ ᠲᠠᠩ ᠤᠯᠤᠰ᠎ᠤᠨ ᠬᠦᠮᠦᠨ ᠲᠦᠪᠡᠳ ᠬᠦᠮᠦᠨ᠎ᠤ ᠮᠤᠷᠢᠨ ᠪᠦᠮᠪᠦᠭᠡᠨᠤ ᠮᠡᠷᠬᠡᠵᠢᠯ᠎ᠢ ᠰᠤᠷᠤᠯᠴᠠᠬᠤ᠎ᠠᠴᠠ ᠭᠠᠳᠠᠨ᠎ᠠ ᠪᠠᠰᠠ ᠲᠦᠪᠡᠳ ᠬᠦᠮᠦᠨ᠎ᠲᠠᠢ ᠬᠠᠮᠳᠤ ᠮᠤᠷᠢᠨ ᠪᠦᠮᠪᠦᠭᠡᠨᠤ ᠤᠷᠤᠯᠳᠤᠭᠠᠨ ᠡᠷᠬᠢᠯᠡᠵᠤ ᠰᠤᠶᠤᠯ᠎ᠤᠨ ᠰᠤᠯᠢᠯᠴᠠᠭ᠎ᠠ᠎ᠶ᠋ᠢ ᠠᠬᠢᠭᠤᠯᠳᠠᠭ ᠪᠠᠢᠵᠠᠢ; ᠬᠥᠬᠡᠨᠠᠭᠤᠷ ᠲᠥᠪᠡᠳ᠎ᠤᠨ ᠥᠨᠳᠦᠷᠯᠢᠭ᠎ᠠᠴᠠ ᠡᠭᠦᠰᠦᠭ᠌ᠰᠡᠨ ᠨᠠᠷᠭᠢᠯ᠎ᠤᠨ ᠥᠷᠢᠰᠥᠯᠳᠦᠭᠡᠨ ᠵᠡᠷᠭᠡ ᠴᠥᠭᠡᠨ ᠲᠣᠭᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠢᠯ ᠪᠣᠯ ᠨᠢᠭᠡ ᠣᠷᠣᠨ ᠪᠦᠰᠡ᠎ᠠᠴᠠ ᠪᠥᠬᠦ᠌ ᠤᠯᠤᠰ᠎ᠲᠤ ᠬᠠᠨᠳᠤᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠵᠦ᠍ ᠬᠠᠮᠲᠤ᠎ᠪᠠᠷ ᠤᠯᠠᠮᠵᠢᠯᠠᠬᠤ ᠰᠣᠶᠣᠯ᠎ᠤᠨ ᠦᠨᠡᠲᠦ ᠡᠷᠳᠡᠨᠢ ᠪᠣᠯᠤᠭ᠍ᠰᠠᠨ ᠪᠠᠢᠨ᠎ᠠ᠃ ᠱᠢᠨ᠎ᠡ ᠴᠠᠭ ᠦᠶ᠎ᠡ᠎ᠳᠤ᠂ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠳᠣᠲᠣᠷᠠᠬᠢ 《ᠭᠤᠷᠪᠠᠨ ᠰᠣᠯᠢᠯᠴᠠᠭ᠎ᠠ》 ᠶ᠋ᠢᠨ ᠲᠡᠦᠬᠡ᠎ᠶ᠋ᠢ ᠠᠭᠤᠳᠠᠯᠠᠬᠤ᠎ᠪᠠᠷ ᠪᠠᠷᠠᠬᠤ ᠦᠭᠡᠢ ᠪᠠᠰᠠ ᠪᠡᠶ᠎ᠡ᠎ᠶ᠋ᠢᠨ ᠲᠠᠮᠢᠷ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠪᠠᠷ ᠬᠤᠯᠪᠣᠭᠠᠰᠤ ᠪᠣᠯᠭᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠱᠢᠨ᠎ᠡ ᠲᠠᠪᠴᠠᠩ᠎ᠢ ᠪᠠᠢᠭᠤᠯᠬᠤ ᠬᠡᠷᠡᠭ᠌ᠲᠡᠢ᠃ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠬᠠᠮᠢᠶᠠᠷᠤᠯᠲᠠ ᠬᠢᠭᠡᠳ ᠵᠣᠬᠢᠶᠠᠨ ᠪᠠᠢᠭᠤᠯᠬᠤ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠲᠥᠷᠥᠯ ᠵᠦᠢᠯ᠎ᠦᠨ ᠣᠷᠣᠯᠴᠠᠬᠤ ᠬᠡᠮᠵᠢᠶ᠎ᠡ ᠬᠢᠭᠡᠳ ᠰᠣᠨᠢᠷᠬᠠᠬᠤ ᠴᠢᠨᠠᠷ᠎ᠢ ᠳᠡᠭᠡᠭ᠌ᠰᠢᠯᠡᠭᠦᠯᠦᠨ᠂ ᠨᠡᠢᠭᠡᠮᠴᠢᠯᠡᠬᠦ᠂ ᠣᠯᠠᠨ ᠲᠦᠮᠡᠨᠴᠢᠯᠡᠬᠦ᠌ ᠠᠬᠢᠴᠠ᠎ᠶ᠋ᠢ ᠠᠬᠢᠭᠤᠯᠤᠨ᠎ᠠ᠃ ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠷᠤᠯᠳᠤᠭᠠᠨ᠂ ᠨᠡᠢᠭᠡᠮ ᠲᠣᠭᠤᠷᠢᠭ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠢᠴᠢ ᠡᠯ᠎ᠡ ᠲᠥᠷᠥᠯ᠎ᠤᠨ ᠭᠤᠤᠯ ᠰᠡᠳᠦᠪᠲᠦ ᠵᠢᠱ᠌ᠢᠶ᠎ᠡ ᠦᠵᠡᠭᠦᠯᠬᠦ᠌ ᠠᠵᠢᠯᠯᠠᠭ᠎ᠠ ᠳᠤᠮᠳᠠ᠂ ᠪᠥᠬᠡ ᠪᠠᠷᠢᠯᠳᠤᠬᠤ᠂ ᠯᠤᠤᠲᠤ ᠣᠩᠭᠤᠴᠠ ᠵᠡᠷᠭᠡ ᠣᠯᠠᠨ ᠲᠦᠮᠡᠨ᠎ᠤ ᠥᠷᠭᠡᠨ ᠳᠡᠯᠭᠡᠷ ᠰᠠᠭᠤᠷᠢ᠎ᠲᠠᠢ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠢᠯ᠎ᠢ ᠨᠡᠮᠡᠭ᠌ᠳᠡᠭᠦᠯᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠤᠳᠴᠤ᠌ ᠪᠠᠢᠭᠠᠳ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠤ ᠣᠷᠭᠢᠯᠤᠮ᠎ᠠ ᠰᠡᠳᠭᠢᠯᠭᠡ ᠪᠠ ᠪᠡᠶ᠎ᠡ᠎ᠶ᠋ᠢᠨ ᠲᠠᠮᠢᠷ᠎ᠤᠨ ᠰᠣᠶᠣᠯ᠎ᠤᠨ ᠷᠢᠳᠢ ᠱᠢᠳᠢ᠎ᠶ᠋ᠢ ᠬᠠᠮᠲᠤ᠎ᠪᠠᠷ ᠡᠳ᠋ᠯᠡᠬᠦ᠌ ᠶᠠᠪᠤᠴᠠ᠎ᠳᠤ ᠭᠦᠨᠵᠡᠭᠡᠶ ᠦᠢᠯᠡᠳᠦᠯᠴᠡᠭᠦᠯᠵᠦ᠍᠂ ᠭᠦᠨᠵᠡᠭᠡᠶ ᠣᠢᠯᠠᠭᠠᠭᠤᠯᠤᠨ᠎ᠠ᠃ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠢᠯ᠎ᠢ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠎ᠳᠤ ᠠᠭᠤᠰᠤᠯᠴᠠᠭᠤᠯᠵᠤ᠂ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ ᠬᠢᠭᠡᠳ ᠡᠷᠡᠭᠦᠯ ᠮᠡᠨᠳᠦ᠍᠎ᠶ᠋ᠢᠨ ᠬᠢᠴᠢᠶᠡᠯ᠎ᠳᠤ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ᠎ᠤᠨ ᠬᠥᠳᠡᠯᠭᠡᠭᠡᠨ᠎ᠤ ᠲᠥᠷᠥᠯ ᠵᠦᠢᠯ᠎ᠢ ᠨᠡᠭᠡᠭᠡᠬᠦ᠂ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠵᠤᠰᠠᠯᠠᠩ ᠪᠠ ᠵᠤᠭᠠᠴᠠᠨ ᠰᠤᠷᠤᠯᠴᠠᠬᠤ᠎ᠶ᠋ᠢ ᠪᠡᠶᠡᠴᠢᠯᠡᠨ ᠣᠢᠯᠠᠭᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠬᠦ᠂ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠢᠯ᠎ᠤᠨ ᠤᠯᠠᠮᠵᠢᠯᠠᠭ᠍ᠴᠢ᠎ᠶ᠋ᠢ ᠵᠣᠬᠢᠶᠠᠨ ᠪᠠᠢᠭᠤᠯᠤᠨ ᠰᠤᠷᠭᠠᠭᠤᠯᠢ᠎ᠶ᠋ᠢᠨ ᠬᠦᠷᠢᠶᠡᠨ᠎ᠳᠤ ᠣᠷᠣᠭᠤᠯᠬᠤ᠂ ᠡᠯᠧᠺᠲᠷᠣᠨ ᠤᠷᠤᠯᠳᠤᠭᠠᠨ ᠵᠡᠷᠭᠡ ᠱᠢᠨ᠎ᠡ᠎ᠪᠠᠷ ᠬᠥᠭ᠌ᠵᠢᠭ᠌ᠰᠡᠨ ᠬᠦᠷᠢᠶ᠎ᠡ ᠴᠠᠷᠠᠭ᠎ᠠ ᠬᠢᠭᠡᠳ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠢᠯ᠎ᠤᠨ ᠠᠭᠤᠰᠤᠯᠴᠠᠯ᠎ᠢ ᠠᠬᠢᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭᠠᠴᠤᠳ᠎ᠢ ᠬᠥᠲᠥᠯᠥᠨ ᠵᠢᠯᠣᠭᠤᠳᠴᠤ᠌ ᠪᠠᠢᠭᠠᠳ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠰᠣᠶᠣᠯ᠎ᠢ ᠬᠠᠮᠲᠤ᠎ᠪᠠᠷ ᠤᠯᠠᠮᠵᠢᠯᠠᠨ ᠵᠠᠯᠭᠠᠮᠵᠢᠯᠠᠭᠤᠯᠵᠤ᠂ ᠨᠥᠬᠦᠷᠯᠡᠯ᠎ᠢᠶᠠᠨ ᠵᠤᠵᠠᠭᠠᠳᠭᠠᠨ᠎ᠠ᠃
ᠠᠵᠤ ᠠᠬᠤᠢ᠎ᠶᠢᠨ ᠦᠨ᠎ᠡ ᠥᠷᠲᠡᠭ᠎ᠢ ᠠᠭᠤᠳᠠᠯᠵᠤ᠂ ᠰᠣᠶᠣᠯ ᠪᠡᠶ᠎ᠡ᠎ᠶᠢᠨ ᠲᠠᠮᠢᠷ᠎ᠤᠨ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠳᠦ ᠬᠦᠴᠦᠨ ᠨᠡᠮᠡᠷᠢᠯᠡᠨ᠎ᠡ᠃ ᠰᠣᠶᠣᠯ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠂ ᠪᠡᠶ᠎ᠡ᠎ᠶ᠋ᠢᠨ ᠲᠠᠮᠢᠷ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠂ ᠵᠢᠭᠤᠯᠴᠢᠯᠠᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ ᠶᠠᠪᠤᠴᠠ᠎ᠳᠤ᠂ ᠡᠯ᠎ᠡ ᠭᠠᠵᠠᠷ᠎ᠤᠨ᠎ᠬᠢᠨ ᠰᠣᠶᠣᠯ᠂ ᠪᠡᠶ᠎ᠡ᠎ᠶ᠋ᠢᠨ ᠲᠠᠮᠢᠷ᠂ ᠵᠢᠭᠤᠯᠴᠢᠯᠠᠯ ᠵᠡᠷᠭᠡ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠵᠤ᠂ ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠬᠤ ᠪᠠ ᠱᠢᠨ᠎ᠡ᠎ᠶ᠋ᠢ ᠡᠭᠦᠳᠬᠦ᠌ ᠴᠢᠨᠠᠷᠲᠠᠢ᠎ᠪᠠᠷ ᠬᠥᠭ᠌ᠵᠢᠭᠦᠯᠬᠦ᠌᠎ᠪᠠᠷ ᠳᠠᠮᠵᠢᠭᠤᠯᠵᠤ᠂ 《ᠲᠣᠰᠭᠤᠨ BA》᠂ 《 ᠬᠦᠳᠡᠭᠡ ᠲᠤᠰᠬᠤᠨ᠎ᠤ ᠬᠡᠳᠦ ᠳᠡᠰ᠎ᠦᠨ ᠬᠤᠯᠪᠤᠭ᠋ᠠᠲᠦ ᠤᠷᠤᠯᠳᠤᠭ᠋ᠠᠨ》 ᠵᠡᠷᠭᠡ ᠨᠢᠭᠡ ᠪᠦᠯᠦᠭ ᠠᠮᠵᠢᠯᠲᠠ᠎ᠲᠠᠢ ᠦᠯᠢᠭᠡᠷ ᠵᠢᠱ᠌ᠢᠶ᠎ᠡ ᠴᠣᠯᠭᠤᠷᠠᠨ ᠭᠠᠷᠴᠤ᠌᠂ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ᠎ᠤᠨ ᠠᠭᠤᠰᠤᠯᠴᠠᠯ᠂ ᠠᠷᠠᠯᠵᠢᠶ᠎ᠠ ᠬᠤᠳᠠᠯᠳᠤᠭᠠᠨ᠎ᠤ ᠶᠠᠪᠤᠯᠴᠠᠭ᠎ᠠ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠥᠪᠡᠷᠮᠢᠴᠡ ᠣᠨᠴᠠᠯᠢᠭ᠎ᠲᠠᠢ ᠲᠠᠪᠴᠠᠩ᠎ᠢ ᠪᠠᠢᠭᠤᠯᠵᠤ᠂ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠯᠠᠪᠳᠠᠭᠤᠨ ᠪᠠᠲᠤᠲᠠᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠪᠡ᠃ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠦᠷᠦᠯ ᠵᠦᠢᠯ᠎ᠤᠨ ᠠᠵᠤ ᠠᠬᠤᠢ᠎ᠶ᠋ᠢᠨ ᠦᠨ᠎ᠡ ᠦᠷᠳᠡᠭ᠎ᠢ ᠤᠯᠠᠮ ᠨᠢᠭᠡ ᠠᠯᠬᠤᠮ ᠠᠭᠤᠳᠠᠯᠵᠤ᠂ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠦᠷᠦᠯ ᠵᠦᠢᠯ᠎ᠢ ᠤᠯᠠᠮᠵᠢᠯᠠᠨ ᠵᠠᠯᠭᠠᠮᠵᠢᠯᠠᠬᠤ ᠪᠠ ᠳᠡᠯᠭᠡᠨ ᠦᠵᠡᠭᠦᠯᠬᠦ᠌᠎ᠶ᠋ᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠷᠢᠯᠴᠠᠨ ᠱᠢᠭᠢᠳᠭᠡᠬᠦ᠌ ᠬᠡᠯᠪᠡᠷᠢ᠎ᠶ᠋ᠢᠨ ᠬᠥᠭ᠌ᠵᠢᠯᠲᠡ᠎ᠶ᠋ᠢᠨ ᠲᠥᠯᠥᠪᠯᠡᠭᠡ᠂ ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ᠎ᠤᠨ ᠱᠢᠨ᠎ᠡ᠎ᠶ᠋ᠢ ᠡᠭᠦᠳᠴᠦ᠍ ᠠᠭᠤᠰᠤᠯᠴᠠᠨ ᠬᠥᠭ᠌ᠵᠢᠬᠦ᠌᠎ᠳᠤ ᠬᠦᠴᠦᠨ ᠨᠡᠮᠡᠷᠢᠯᠡᠬᠦ᠌ ᠬᠡᠷᠡᠭ᠌ᠲᠡᠢ᠃ ᠦᠨᠳᠦᠰᠦᠲᠡᠨ᠎ᠦ ᠭᠠᠵᠠᠷ ᠣᠷᠣᠨ᠎ᠤ ᠣᠨᠴᠠᠯᠢᠭ᠎ᠲᠠᠶ ᠪᠠᠶᠠᠷ ᠳᠤᠷᠠᠰᠭᠠᠯ᠎ᠤᠨ ᠡᠳᠦᠷ᠎ᠦᠨ ᠰᠣᠶᠣᠯ᠂ ᠥᠪᠡᠷᠲᠡᠭᠡᠨ ᠵᠠᠰᠠᠬᠤ ᠵᠧᠦ᠍᠎ᠶ᠋ᠢᠨ ᠥᠪᠡᠷᠲᠡᠭᠡᠨ ᠵᠠᠰᠠᠬᠤ ᠱᠢᠶᠠᠨ ᠪᠠᠢᠭᠤᠯᠤᠭ᠍ᠳᠠᠭ᠍ᠰᠠᠨ ᠠᠷᠪᠠᠨ ᠵᠢᠯ᠎ᠦᠨ ᠣᠶ᠎ᠶ᠋ᠢᠨ ᠪᠠᠶᠠᠷ᠎ᠤᠨ ᠠᠵᠢᠯᠯᠠᠭ᠎ᠠ ᠵᠡᠷᠭᠡ ᠪᠠᠶᠠᠷ ᠳᠤᠷᠠᠰᠭᠠᠯ᠎ᠤᠨ ᠠᠵᠢᠯᠯᠠᠭ᠎ᠠ ᠪᠣᠯᠤᠨ ᠣᠨᠴᠠᠯᠢᠭ᠎ᠲᠠᠶ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠠᠵᠢᠯᠯᠠᠭ᠎ᠠ᠎ᠶ᠋ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠵᠣᠷᠢᠭ᠍ᠵᠢᠭᠤᠯᠵᠤ᠂ ᠦᠨᠳᠦᠰᠦᠲᠡᠨ᠂ ᠵᠠᠩ ᠦᠢᠯᠡ᠎ᠶ᠋ᠢᠨ ᠣᠨᠴᠠᠯᠢᠭ᠎ᠲᠠᠶ ᠪᠡᠶ᠎ᠡ᠎ᠶ᠋ᠢᠨ ᠲᠠᠮᠢᠷ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ ᠪᠣᠯᠤᠨ ᠰᠣᠶᠣᠯ᠎ᠤᠨ ᠦᠵᠡᠭᠦᠯᠭᠡ᠎ᠶ᠋ᠢᠨ ᠲᠣᠭ᠍ᠯᠠᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠬᠦ᠌ ᠬᠡᠷᠡᠭ᠌ᠲᠡᠶ᠃ 《ᠤᠷᠤᠯᠳᠤᠭᠠᠨ᠎ᠢ ᠳᠠᠭᠠᠵᠤ ᠵᠢᠭᠤᠯᠴᠢᠯᠠᠬᠤ》 ᠵᠡᠷᠭᠡ 《ᠪᠡᠶ᠎ᠡ᠎ᠶ᠋ᠢᠨ ᠲᠠᠮᠢᠷ +》᠂ 《+ ᠪᠡᠶ᠎ᠡ᠎ᠶ᠋ᠢᠨ ᠲᠠᠮᠢᠷ》 ᠤᠨ ᠵᠠᠭ᠍ᠪᠤᠷ᠎ᠢ ᠳᠡᠯᠭᠡᠷᠡᠭᠦᠯᠵᠦ᠍᠂ ᠨᠢᠭᠡ ᠪᠦᠯᠦᠭ ᠪᠡᠶ᠎ᠡ᠎ᠶ᠋ᠢᠨ ᠲᠠᠮᠢᠷ᠎ᠤᠨ ᠵᠢᠭᠤᠯᠴᠢᠯᠠᠯ᠎ᠤᠨ ᠠᠵᠤ ᠦᠢᠯᠡᠰ᠎ᠤᠨ ᠲᠥᠷᠥᠯ ᠵᠦᠢᠯ᠎ᠢ ᠪᠠᠢᠭᠤᠯᠵᠤ᠂ ᠨᠢᠭᠡ ᠪᠦᠯᠦᠭ ᠨᠠᠷᠠᠲᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠪᠣᠶ ᠪᠣᠯᠭᠠᠵᠤ᠂ ᠨᠢᠭᠡ ᠪᠦᠯᠦᠭ ᠪᠡᠶ᠎ᠡ᠎ᠶ᠋ᠢᠨ ᠲᠠᠮᠢᠷ᠎ᠤᠨ ᠵᠢᠭᠤᠯᠴᠢᠯᠠᠯ᠎ᠤᠨ ᠰᠣᠳᠣᠨ ᠵᠠᠮ ᠱᠤᠭᠤᠮ᠎ᠢ ᠭᠠᠷᠭᠠᠵᠤ᠂ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ ᠬᠢᠭᠡᠳ ᠰᠣᠶᠣᠯ᠂ ᠵᠢᠭᠤᠯᠴᠢᠯᠠᠯ᠂ ᠰᠡᠯᠡᠭᠦᠴᠡᠯ᠂ ᠡᠷᠡᠭᠦᠯᠵᠢᠯ ᠰᠤᠪᠢᠯᠠᠯᠲᠠ ᠵᠡᠷᠭᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠪᠡᠶ᠎ᠡ᠎ᠶ᠋ᠢᠨ ᠲᠠᠮᠢᠷ᠎ᠤᠨ ᠬᠡᠷᠡᠭ᠌ᠯᠡᠭᠡᠨ᠎ᠤ ᠱᠢᠨ᠎ᠡ ᠬᠠᠯᠠᠮᠱᠢᠯ ᠴᠡᠭ᠎ᠢ ᠬᠥᠭ᠌ᠵᠢᠭᠡᠵᠦ᠍᠂ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠤᠨ ᠱᠢᠨ᠎ᠡ ᠣᠷᠣᠨ ᠵᠠᠶ᠎ᠶ᠋ᠢ ᠥᠷᠭᠡᠳᠭᠡᠨ᠂ ᠪᠡᠶ᠎ᠡ᠎ᠶ᠋ᠢᠨ ᠲᠠᠮᠢᠷ᠎ᠤᠨ ᠬᠡᠷᠡᠭ᠌ᠯᠡᠭᠡᠨ᠎ᠤ ᠱᠢᠨ᠎ᠡ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠨ᠎ᠠ᠃ ( ᠶᠦᠩ ᠸᠧᠨ ᠲᠣᠣ ᠱᠢᠶᠧ ᡁᠢ ᠱᠢᠤᠸᠠᠢ)
(ᠵᠣᠬᠢᠶᠠᠭ᠍ᠴᠢ᠎ᠶ᠋ᠢᠨ ᠨᠢᠭᠡᠴᠢ᠄ ᠪᠠᠷᠠᠭᠤᠨ ᠬᠤᠢᠲᠤ᠎ᠶ᠋ᠢᠨ ᠦᠨᠳᠦᠰᠦᠲᠡᠨ᠎ᠤ ᠶᠡᠭᠡ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠳᠡᠭᠡᠳᠦ ᠰᠤᠷᠭᠠᠭᠤᠯᠢ)