ᠰᠣᠶᠣᠯ ᠪᠣᠯ ᠨᠢᠭᠡ ᠤᠯᠤᠰ᠂ ᠨᠢᠭᠡ ᠦᠨᠳᠦᠰᠦᠲᠡᠨ᠎ᠦ᠌ ᠰᠦᠭ ᠰᠦᠨᠡᠰᠦ ᠮᠦᠨ᠂ ᠡᠯ᠎ᠡ ᠦᠨᠳᠦᠰᠦᠲᠡᠨ᠎ᠦ᠌ ᠰᠣᠶᠣᠯ ᠬᠠᠷᠢᠯᠴᠠᠨ ᠨᠡᠪᠲᠡᠷᠡᠯᠴᠡᠵᠦ᠍ ᠂ ᠳᠤᠮᠳᠠᠳᠤ᠎ᠶᠢᠨ ᠦᠨᠳᠦᠰᠦᠲᠡᠨ᠎ᠦ᠌ ᠣᠯᠠᠨ ᠡᠰᠢᠲᠦ ᠨᠢᠭᠡ ᠴᠤᠭ᠍ᠴᠠᠵᠢᠭ᠍ᠰᠠᠨ ᠪᠣᠯᠪᠠᠰᠤᠨ᠎ᠤ᠋ ᠪᠠᠢ᠌ᠷᠢᠰᠢᠯᠢ᠋ ᠪᠣᠢ ᠪᠣᠯᠭᠠᠬᠤ ᠰᠣᠶᠣᠯ᠎ᠤ᠋ᠨ ᠭᠧᠨ ᠮᠦᠨ᠂ ᠪᠠᠰᠠ ᠴᠤ᠌ ᠨᠡᠢᠭᠡᠮ ᠵᠢᠷᠤᠮ᠎ᠤ᠋ᠨ ᠰᠣᠶᠣᠯ᠎ᠤ᠋ᠨ ᠰᠢᠨ᠎ᠡ ᠭᠡᠷᠡᠯ ᠰᠠᠴᠤᠷᠠᠩᠭᠤᠢ ᠦᠢᠯᠡᠰ᠎ᠢ᠋ ᠴᠣᠭ᠍ᠴᠠᠯᠠᠬᠤ ᠴᠢᠬᠤᠯᠠ ᠰᠠᠭᠤᠷᠢ ᠮᠦᠨ᠃ ᠰᠢᠨ᠎ᠡ ᠠᠶᠠᠨ ᠵᠠᠮ᠎ᠳᠤ᠂ ᠳᠤᠮᠳᠠᠳᠤ᠎ᠶ᠋ᠢᠨ ᠰᠣᠶᠣᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠳᠤᠮᠳᠠᠳᠤ᠎ᠶ᠋ᠢᠨ ᠰᠣᠶᠣᠯ᠎ᠤᠨ ᠬᠦᠴᠦᠨ᠎ᠢ ᠢᠯᠡᠷᠡᠭᠦᠯᠵᠦ᠍᠂ ᠦᠨᠳᠦᠰᠦᠲᠡᠨ᠎ᠨᠦᠭᠦᠳ᠎ᠤᠨ ᠬᠥᠮᠦᠰ᠎ᠤᠨ ᠰᠡᠳᠭᠢᠯ᠎ᠢ ᠨᠢᠭ᠍ᠲᠠᠷᠠᠭᠤᠯᠬᠤ᠂ ᠤᠶᠤᠨ ᠰᠠᠨᠠᠭᠠᠨ᠎ᠤ ᠠᠭᠤᠰᠤᠯᠴᠠᠯ᠎ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠬᠦᠴᠦᠷᠬᠡᠭ ᠶᠡᠭᠡ ᠤᠶᠤᠨ ᠰᠠᠨᠠᠭᠠᠨ᠎ᠤ ᠰᠣᠶᠣᠯ᠎ᠤᠨ ᠲᠤᠯᠭᠠᠭᠤᠷᠢᠯᠠᠯ ᠬᠠᠩᠭᠠᠬᠤ ᠬᠡᠷᠡᠭ᠌ᠲᠡᠢ᠃
ᠦᠷᠲᠡᠭ᠎ᠤᠨ ᠵᠣᠷᠢᠯᠭ᠎ᠠ
ᠳᠤᠮᠳᠠᠳᠤ᠎ᠶ᠋ᠢᠨ ᠰᠤᠶᠤᠯ ᠪᠣᠯ ᠳᠤᠮᠳᠠᠳᠤ᠎ᠶ᠋ᠢᠨ ᠦᠨᠳᠦᠰᠦᠲᠡᠨ᠎ᠦ ᠪᠦᠷᠢᠯᠳᠦᠵᠦ᠍ ᠬᠥᠭ᠌ᠵᠢᠬᠦ᠌᠎ᠶ᠋ᠢᠨ ᠴᠢᠬᠤᠯᠠ ᠰᠠᠭᠤᠷᠢ ᠮᠥᠨ᠃ ᠤᠷᠲᠤ ᠤᠳᠠᠭᠠᠨ ᠲᠡᠦᠬᠡᠨ ᠶᠠᠪᠤᠴᠠ᠎ᠶ᠋ᠢ ᠠᠵᠢᠭ᠍ᠯᠠᠪᠠᠯ ᠳᠤᠮᠳᠠᠳᠤ᠎ᠶ᠋ᠢᠨ ᠭᠡᠷᠡᠯ ᠰᠠᠴᠤᠷᠠᠩᠭᠤᠢ ᠰᠤᠶᠤᠯ ᠪᠣᠯ ᠡᠯ᠎ᠡ ᠦᠨᠳᠦᠰᠦᠲᠡᠨ ᠬᠠᠮᠲᠤ᠎ᠪᠠᠷ ᠡᠭᠦᠳᠦᠨ ᠪᠦᠲᠦᠭᠡᠭ᠌ᠰᠡᠨ ᠪᠥᠭᠡᠳ ᠡᠭᠦᠨ᠎ᠦ ᠬᠠᠮᠲᠤ ᠪᠠᠰᠠ ᠳᠤᠮᠳᠠᠳᠤ᠎ᠶᠢᠨ ᠦᠨᠳᠦᠰᠦᠲᠡᠨ᠎ᠦ ᠬᠥᠭᠵᠢᠯᠲᠡ᠎ᠶᠢ ᠲᠠᠰᠤᠷᠠᠯᠲᠠ ᠦᠭᠡᠢ ᠰᠢᠮᠡᠵᠢᠭᠦᠯᠵᠦ ᠪᠠᠢ᠌ᠳᠠᠭ᠃ ᠳᠤᠮᠳᠠᠳᠤ ᠤᠯᠤᠰ᠎ᠤᠨ ᠲᠡᠦᠬᠡ ᠪᠣᠯ ᠳᠠᠷᠤᠢ ᠦᠨᠳᠦᠰᠦᠲᠡᠨ᠎ᠨᠦᠭᠦᠳ᠎ᠤᠨ ᠠᠭᠤᠰᠤᠯᠴᠠᠯ᠎ᠢ ᠤᠯᠠᠨ ᠡᠱᠢᠴᠢᠯᠡᠭ᠌ᠰᠡᠨ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ ᠪᠣᠯᠭᠠᠨ ᠨᠢᠭ᠍ᠲᠠᠷᠠᠭᠤᠯᠵᠠᠢ᠂ ᠳᠠᠷᠤᠢ ᠦᠨᠳᠦᠰᠦᠲᠡᠨ᠎ᠨᠦᠭᠦᠳ ᠬᠠᠮᠲᠤ᠎ᠪᠠᠷ ᠴᠣᠭ᠍ᠴᠠᠯᠠᠨ ᠪᠠᠢᠭᠤᠯᠵᠤ᠂ ᠬᠥᠭ᠌ᠵᠢᠭᠦᠯᠵᠦ᠍᠂ ᠪᠠᠬᠢᠵᠢᠭᠦᠯᠬᠦ᠌ ᠠᠭᠤᠤ ᠶᠡᠭᠡ ᠡᠬᠡ ᠤᠯᠤᠰ᠎ᠤᠨ ᠲᠡᠦᠬᠡ ᠪᠣᠯᠤᠨ᠎ᠠ᠃ ᠦᠨᠳᠦᠰᠦᠲᠡᠨ᠎ᠨᠦᠭᠦᠳ ᠤᠷᠲᠤ ᠬᠤᠭᠤᠴᠠᠭᠠᠨ᠎ᠤ ᠨᠡᠭᠦᠳᠡᠯ ᠪᠠ ᠡᠳᠦᠷ ᠲᠤᠲᠤᠮ᠎ᠤᠨ ᠶᠠᠪᠤᠯᠴᠠᠭ᠎ᠠ᠎ᠶ᠋ᠢᠨ ᠳᠤᠮᠳᠠ᠂ ᠲᠠᠨ᠎ᠤ ᠳᠣᠲᠣᠷ᠎ᠠ ᠪᠢ ᠪᠤᠢ᠂ ᠮᠢᠨᠦ᠍ ᠳᠣᠲᠣᠷ᠎ᠠ ᠴᠢ ᠪᠤᠢ᠂ ᠬᠡᠨ ᠴᠦ᠍ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠠᠴᠠ ᠰᠠᠯᠵᠤ ᠴᠢᠳᠠᠬᠤ ᠦᠭᠡᠢ ᠶᠤᠮ᠃ ᠵᠣᠣ ᠦ᠋ ᠯᠢᠩ ᠸᠠᠩ ᠬᠣ᠌ᠶᠢᠨ ᠬᠤᠪᠴᠠᠰᠤ ᠡᠮᠦᠰᠴᠦ ᠬᠠᠷᠪᠤᠵᠤ ᠨᠠᠮᠨᠠᠬᠤ ᠠ᠋ᠴᠠ ᠠᠪᠤᠭᠠᠳ ᠤᠮᠠᠷᠠᠲᠤ ᠸᠧᠢ ᠤᠯᠤᠰ᠎ᠤᠨ ᠰᠢᠶᠣᠣ ᠸᠸᠨ ᠳᠢ ᠬᠠᠭᠠᠨ᠎ᠤ ᠥᠭᠡᠷᠡᠴᠢᠯᠡᠯᠲᠡ ᠬᠦᠷᠲᠡᠯ᠎ᠡ᠂ 《ᠯᠦᠸᠸᠶᠠᠩᠤᠨ ᠬᠢᠨ ᠬᠣ᠌ᠶᠢᠨ ᠰᠤᠷᠭᠠᠭᠤᠯᠢ ᠠ᠋ᠴᠠ ᠰᠤᠷᠤᠯᠴᠠᠬᠤ 》᠎ᠠᠴᠠ 《ᠲᠦᠮᠡᠨ ᠭᠠᠵᠠᠷ᠎ᠤᠨ ᠴᠢᠶᠠᠩ ᠦᠨᠳᠦᠰᠦᠲᠡᠨ᠎ᠦ ᠬᠢᠲᠠᠳ ᠳᠠᠭᠤᠤ 》 ᠬᠦᠷᠲᠡᠯ᠎ᠡ᠂ ᠳᠤᠮᠳᠠᠳᠤ᠎ᠶᠢᠨ ᠦᠨᠳᠦᠰᠦᠲᠡᠨ᠎ᠦ᠌ ᠪᠦᠷᠢᠯᠳᠦᠬᠦ᠌ ᠪᠠ ᠬᠥᠭ᠌ᠵᠢᠯᠲᠡ ᠨᠢ ᠢᠮᠠᠭ᠍ᠲᠠ ᠡᠯ᠎ᠡ ᠦᠨᠳᠦᠰᠦᠲᠡᠨ᠎ᠦ᠌ ᠰᠣᠶᠣᠯ᠎ᠤ᠋ᠨ ᠰᠣᠯᠪᠢᠴᠠᠯᠢ᠋ ᠳᠠᠭᠠᠵᠤ ᠪᠠᠢᠨ᠎ᠠ᠃ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠠᠬᠢᠴᠠ᠎ᠨᠢ ᠦᠨᠳᠦᠰᠦᠲᠡᠨ᠎ᠨᠦᠭᠦᠳ᠎ᠤᠨ ᠴᠢᠰᠤᠨ ᠰᠤᠳᠠᠰᠤ᠎ᠶ᠋ᠢᠨ ᠠᠭᠤᠰᠤᠯᠴᠠᠯ᠂ ᠢᠲᠡᠭᠡᠯ ᠪᠢᠱᠢᠷᠡᠯ ᠠᠳᠠᠯᠢ᠂ ᠰᠣᠶᠣᠯ᠎ᠤᠨ ᠨᠡᠪᠲᠡᠷᠡᠯᠴᠡᠭᠡ᠂ ᠠᠵᠤ ᠠᠬᠤᠢ᠎ᠶ᠋ᠢᠨ ᠨᠥᠬᠦᠴᠡᠯ᠂ ᠬᠠᠢᠷ᠎ᠠ ᠰᠡᠳᠭᠢᠯᠭᠡ ᠬᠠᠷᠢᠯᠴᠠᠨ ᠳᠣᠲᠣᠨᠣᠴᠢᠯᠠᠬᠤ᠎ᠶ᠋ᠢ ᠠᠬᠢᠭᠤᠯᠤᠭ᠍ᠰᠠᠨ᠎ᠢᠶᠠᠷ ᠪᠠᠷᠠᠬᠤ ᠦᠭᠡᠢ ᠪᠠᠰᠠ ᠳᠤᠮᠳᠠᠳᠤ᠎ᠶᠢᠨ ᠰᠣᠶᠣᠯ᠎ᠤᠨ ᠥᠷᠭᠡᠨ ᠳᠡᠯᠭᠡᠷ ᠭᠦᠨ ᠭᠦᠨᠵᠡᠭᠡᠢ᠂ ᠠᠨᠠᠪᠠᠳ ᠲᠠᠯᠠᠢ ᠵᠠᠭᠤᠨ ᠮᠥᠷᠡᠨ᠎ᠢ ᠰᠢᠮᠡᠵᠢᠭᠦᠯᠵᠦ ᠴᠢᠳᠠᠵᠠᠢ᠃
ᠳᠤᠮᠳᠠᠳᠤ᠎ᠶ᠋ᠢᠨ ᠰᠣᠶᠣᠯ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ ᠬᠦᠴᠦᠷᠬᠡᠭ ᠶᠡᠭᠡ ᠲᠤᠯᠭᠠᠭᠤᠷᠢᠯᠠᠯ ᠮᠥᠨ᠃ ᠰᠣᠶᠣᠯ᠎ᠤᠨ ᠮᠡᠳᠡᠷᠡᠮᠵᠢ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠮᠡᠳᠡᠷᠡᠮᠵᠢ ᠮᠥᠨ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ᠎ᠤ ᠡᠶ᠎ᠡ ᠨᠠᠢᠷᠠᠮᠳᠠᠯ᠎ᠤᠨ ᠰᠦᠭ ᠰᠦᠨᠡᠰᠦ ᠮᠥᠨ᠃ ᠳᠤᠮᠳᠠᠳᠤ᠎ᠶᠢᠨ ᠦᠨᠳᠦᠰᠦᠲᠡᠨ ᠡᠷᠲᠡᠨ᠎ᠡᠴᠡ ᠠᠪᠤᠭᠠᠳ 《ᠶᠡᠬᠡ ᠨᠢᠭᠡᠳᠦᠯ》᠎ᠢ 《ᠲᠡᠭᠷᠢ ᠭᠠᠵᠠᠷ᠎ᠤᠨ ᠶᠡᠷᠦ᠎ᠶᠢᠨ ᠰᠤᠳᠤᠷ᠂ ᠡᠷᠲᠡᠨ ᠡᠳᠦᠭᠡ᠎ᠶᠢᠨ ᠨᠡᠪᠲᠡᠷᠬᠡᠢ ᠵᠢᠷᠤᠮ》 ᠭᠡᠵᠦ ᠦᠵᠡᠭᠰᠡᠭᠡᠷ ᠢᠷᠡᠭᠰᠡᠨ ᠶᠤᠮ᠃ ᠴᠢᠨ ᠤᠯᠤᠰ ᠳᠤᠮᠳᠠᠳᠤ ᠤᠯᠤᠰ᠎ᠢ ᠨᠢᠭᠡᠳᠬᠡᠭᠰᠡᠨᠦ ᠳᠠᠷᠠᠭ᠎ᠠ᠂ ᠠᠯᠢ ᠴᠤ᠌ ᠦᠨᠳᠦᠰᠦᠲᠡᠨ ᠵᠦᠩᠶᠤᠸᠠᠨ ᠣᠷᠣᠨ᠎ᠳᠤ ᠣᠷᠣᠭᠰᠠᠨ ᠴᠤ᠌ ᠪᠦᠷ ᠳᠡᠯᠡᠬᠡᠢ ᠳ᠋ᠠᠬᠢᠨ᠎ᠢ ᠨᠢᠭᠡᠳᠬᠡᠬᠦ᠎ᠪᠡᠷ ᠥᠪᠡᠷ᠎ᠦᠨ ᠡᠭᠦᠷᠭᠡ᠎ᠪᠡᠨ ᠪᠣᠯᠭᠠᠵᠤ᠂ ᠪᠦᠷ ᠳᠤᠮᠳᠠᠳᠤ᠎ᠶᠢᠨ ᠰᠣᠶᠣᠯ᠎ᠤᠨ ᠤᠳᠤᠮᠰᠢᠯ᠎ᠢᠶᠠᠷ ᠥᠪᠡᠷ᠎ᠢ᠎ᠪᠡᠨ ᠡᠷᠭᠦᠮᠵᠢᠯᠡᠵᠡᠢ᠃ 1917 ᠣᠨ᠎ᠳᠤ᠂ ᠯᠢ ᠳᠡ ᠵᠤᠤ 《ᠰᠢᠨ᠎ᠡ ᠳᠤᠮᠳᠠᠳᠤ ᠤᠯᠤᠰ᠎ᠤᠨ ᠦᠨᠳᠦᠰᠦᠲᠡᠨ᠎ᠦ ᠦᠵᠡᠯ》 ᠭᠡᠬᠦ ᠵᠣᠬᠢᠶᠠᠯ ᠨᠡᠢᠲᠡᠯᠡᠵᠦ᠄ 《ᠮᠠᠨ᠎ᠤ ᠤᠯᠤᠰ᠎ᠤᠨ ᠲᠡᠦᠬᠡ ᠦᠨᠢ ᠤᠳᠠᠭᠠᠨ ᠤᠯᠠᠮᠵᠢᠯᠠᠯ᠎ᠲᠠᠢ ᠶᠤᠮ᠂ ᠠᠽᠢᠶ᠎ᠠ ᠲᠢᠪ᠎ᠡᠴᠡ ᠢᠷᠡᠭᠰᠡᠨ ᠤᠯᠠᠨ ᠦᠨᠳᠦᠰᠦᠲᠡᠨ᠎ᠢ ᠬᠤᠷᠠᠮᠳᠤᠭᠤᠯᠤᠨ ᠡᠨᠡ ᠬᠦ᠌ ᠳᠤᠮᠳᠠᠳᠤ᠎ᠶᠢᠨ ᠦᠨᠳᠦᠰᠦᠲᠡᠨ᠎ᠢ ᠪᠤᠢ ᠪᠣᠯᠭᠠᠪᠠ᠂ ᠵᠠᠭᠠᠭ ᠬᠢᠵᠠᠭᠠᠷ ᠭᠡᠵᠦ ᠢᠯᠭᠠᠬᠤ ᠦᠭᠡᠢ᠂ ᠡᠨᠡ ᠨᠢ ᠮᠠᠨ᠎ᠤ ᠦᠨᠳᠦᠰᠦᠲᠡᠨ᠎ᠦ ᠠᠯᠤᠰ ᠬᠡᠳᠦ᠎ᠶᠢᠨ ᠠᠭᠤᠤ ᠶᠡᠬᠡ ᠵᠣᠷᠢᠭ᠋ ᠰᠠᠨᠠᠭ᠎ᠠ᠎ᠶᠢ ᠪᠤᠢ ᠪᠣᠯᠭᠠᠭᠰᠠᠨ ᠶᠠᠪᠤᠳᠠᠯ ᠪᠣᠯᠣᠨ᠎ᠠ》 ᠭᠡᠵᠦ ᠵᠢᠭᠠᠵᠤ ᠭᠠᠷᠭᠠᠪᠠ᠃ ᠳᠤᠮᠳᠠᠳᠤ᠎ᠶ᠋ᠢᠨ ᠰᠣᠶᠣᠯ ᠠᠯᠢ ᠡᠷᠲᠡ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ ᠪᠠ ᠬᠠᠢᠷ᠎ᠠ ᠰᠡᠳᠭᠢᠯᠭᠡ᠎ᠶ᠋ᠢᠨ ᠲᠦᠱᠢᠭ ᠪᠤᠯᠵᠤ᠂ ᠰᠣᠶᠣᠯ᠎ᠤᠨ ᠮᠡᠳᠡᠷᠡᠮᠵᠢ᠂ ᠰᠣᠶᠣᠯ᠎ᠤᠨ ᠤᠬᠠᠮᠰᠠᠷ᠂ ᠰᠣᠶᠣᠯ᠎ᠤᠨ ᠢᠲᠡᠭᠡᠯ᠎ᠤᠨ ᠲᠠᠯ᠎ᠠ᠎ᠠᠴᠠ ᠱᠢᠨ᠎ᠡ ᠴᠠᠭ ᠦᠶ᠎ᠡ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠡᠯᠪᠡᠭ ᠪᠠᠶᠠᠯᠢᠭ ᠡᠬᠢ ᠪᠠᠶᠠᠯᠢᠭ᠎ᠢ ᠬᠠᠳᠠᠭᠠᠯᠠᠵᠠᠢ ᠭᠡᠵᠦ᠍ ᠬᠡᠯᠡᠵᠦ᠍ ᠪᠣᠯᠤᠨ᠎ᠠ᠃
ᠳᠤᠮᠳᠠᠳᠤ᠎ᠶ᠋ᠢᠨ ᠰᠣᠶᠣᠯ ᠪᠣᠯ ᠰᠣᠶᠣᠯ᠎ᠤᠨ ᠢᠲᠡᠭᠡᠯ᠎ᠢᠶᠠᠨ ᠪᠠᠲᠤᠳᠭᠠᠬᠤ ᠬᠦᠴᠦᠨ ᠴᠢᠳᠠᠯ᠎ᠤᠨ ᠡᠬᠢ ᠪᠤᠯᠠᠭ ᠮᠥᠨ᠃ ᠰᠣᠶᠣᠯ᠎ᠤᠨ ᠢᠲᠡᠭᠡᠯ ᠪᠣᠯ ᠨᠡᠩ ᠰᠠᠭᠤᠷᠢ᠂ ᠨᠡᠩ ᠥᠷᠭᠡᠨ ᠳᠡᠯᠭᠡᠷ᠂ ᠨᠡᠩ ᠭᠦᠨ ᠵᠤᠵᠠᠭᠠᠨ ᠢᠲᠡᠭᠡᠯ ᠮᠥᠨ᠂ ᠨᠢᠭᠡ ᠤᠯᠤᠰ᠂ ᠨᠢᠭᠡ ᠦᠨᠳᠦᠰᠦᠲᠡᠨ᠎ᠤ ᠬᠥᠭ᠌ᠵᠢᠯᠲᠡ᠎ᠶ᠋ᠢᠨ ᠳᠤᠮᠳᠠᠬᠢ ᠬᠠᠮᠤᠭ᠎ᠤᠨ ᠦᠨᠳᠦᠰᠦᠨ᠂ ᠬᠠᠮᠤᠭ᠎ᠤᠨ ᠭᠦᠨ ᠭᠦᠨᠵᠡᠭᠡᠢ᠂ ᠬᠠᠮᠤᠭ᠎ᠤᠨ ᠤᠳᠠᠭᠠᠨ ᠳᠠᠭᠠᠭᠠᠮᠠᠭᠠᠢ ᠬᠦᠴᠦᠨ ᠮᠥᠨ᠂ ᠳᠡᠭᠡᠳᠦ ᠬᠡᠮᠵᠢᠶᠡᠨ᠎ᠤ ᠰᠣᠶᠣᠯ᠎ᠤᠨ ᠢᠲᠡᠭᠡᠯ ᠪᠠᠢᠬᠤ ᠦᠭᠡᠢ᠂ ᠰᠣᠶᠣᠯ᠎ᠤᠨ ᠬᠥᠭ᠌ᠵᠢᠯ ᠴᠡᠴᠡᠭ᠌ᠯᠡᠯ ᠪᠠᠢᠬᠤ ᠦᠭᠡᠢ ᠪᠣᠯ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠪᠠᠢᠵᠤ ᠴᠢᠳᠠᠬᠤ ᠦᠭᠡᠢ ᠶᠤᠮ᠃ ᠰᠣᠶᠣᠯ᠎ᠤᠨ ᠢᠲᠡᠭᠡᠯ᠎ᠢᠶᠠᠨ ᠪᠠᠲᠤᠳᠭᠠᠬᠤ ᠪᠣᠯ ᠤᠯᠤᠰ᠎ᠤᠨ ᠬᠥᠭ᠌ᠵᠢᠨ ᠮᠠᠨᠳᠤᠬᠤ᠎ᠳᠤ ᠬᠤᠯᠪᠣᠭ᠍ᠳᠠᠬᠤ᠂ ᠰᠣᠶᠣᠯ᠎ᠤᠨ ᠠᠮᠤᠷ ᠲᠦᠪᠱᠢᠨ᠎ᠲᠠᠢ ᠬᠤᠯᠪᠣᠭ᠍ᠳᠠᠬᠤ᠂ ᠦᠨᠳᠦᠰᠦᠲᠡᠨ᠎ᠤ ᠤᠶᠤᠨ ᠰᠠᠨᠠᠭᠠᠨ᠎ᠤ ᠲᠤᠰᠠᠭᠠᠷ ᠲᠣᠭ᠍ᠲᠠᠨᠢᠯ᠎ᠲᠠᠢ ᠬᠤᠯᠪᠣᠭ᠍ᠳᠠᠬᠤ ᠶᠡᠭᠡ ᠠᠰᠠᠭᠤᠳᠠᠯ ᠪᠣᠯᠤᠨ᠎ᠠ᠃ ᠣᠳᠣᠬᠠᠨ᠎ᠳᠤ᠂ ᠳᠡᠯᠡᠬᠡᠢ ᠳ᠋ᠠᠬᠢᠨ᠎ᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠥᠭ᠌ᠵᠢᠵᠦ᠍᠂ ᠳᠤᠮᠳᠠᠳᠤ᠎ᠶ᠋ᠢᠨ ᠦᠨᠳᠦᠰᠦᠲᠡᠨ ᠡᠳᠦᠷ ᠢᠷᠡᠬᠦᠶ᠎ᠡ ᠱᠢᠷᠦᠭᠦᠰᠴᠦ᠍ ᠪᠠᠢᠭ᠎ᠠ ᠤᠯᠠᠨ ᠤᠯᠤᠰ᠎ᠤᠨ ᠥᠷᠢᠰᠥᠯᠳᠦᠭᠡᠨ᠎ᠤ ᠳᠤᠮᠳᠠ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠤᠯᠬᠤ ᠭᠡᠪᠡᠯ ᠡᠷᠬᠡᠪᠰᠢ ᠳᠤᠮᠳᠠᠳᠤ᠎ᠶ᠋ᠢᠨ ᠰᠣᠶᠣᠯ᠎ᠤᠨ ᠵᠣᠭ᠍ᠰᠣᠯᠲᠠ᠎ᠪᠠᠨ ᠪᠠᠲᠤ ᠰᠠᠬᠢᠵᠤ᠂ ᠰᠣᠶᠣᠯ᠎ᠤᠨ ᠢᠲᠡᠭᠡᠯ᠎ᠢᠶᠠᠨ ᠪᠠᠲᠤᠳᠭᠠᠵᠤ᠂ ᠳᠤᠮᠳᠠᠳᠤ᠎ᠶ᠋ᠢᠨ ᠪᠣᠯᠪᠠᠰᠤᠨ᠎ᠤ ᠳᠠᠮᠵᠢᠭᠤᠯᠭ᠎ᠠ᠎ᠶ᠋ᠢᠨ ᠬᠦᠴᠦᠨ᠎ᠤ ᠨᠥᠯᠥᠭᠡᠯᠡᠬᠦ᠌ ᠬᠦᠴᠦᠨ᠎ᠢᠶᠠᠨ ᠴᠢᠩᠭᠠᠳᠭᠠᠵᠤ᠂ ᠰᠣᠶᠣᠯ᠎ᠤᠨ ᠢᠲᠡᠭᠡᠯ᠎ᠢᠶᠠᠨ ᠪᠦᠬᠦ᠌ ᠦᠨᠳᠦᠰᠦᠲᠡᠨ᠎ᠤ ᠤᠶᠤᠨ ᠰᠠᠨᠠᠭᠠᠨ᠎ᠤ ᠬᠡᠪ ᠴᠢᠨᠠᠷ ᠪᠣᠯᠤᠨ ᠰᠣᠶᠣᠯ᠎ᠤᠨ ᠵᠠᠩ ᠰᠤᠷᠲᠠᠯ᠎ᠳᠤ ᠠᠭᠤᠰᠤᠯᠴᠠᠭᠤᠯᠵᠤ᠂ ᠴᠤᠭ ᠪᠠᠳᠠᠷᠠᠩᠭᠤᠶ ᠥᠭᠡᠳᠡᠯᠡᠨ ᠲᠠᠪᠱᠢᠬᠤ ᠳᠦᠷᠰᠦ ᠪᠠᠢᠳᠠᠯ ᠪᠣᠯᠤᠨ ᠣᠶᠤᠨᠴᠢ ᠡᠶᠡᠯᠳᠡᠭ ᠲᠣᠭ᠍ᠲᠠᠭᠤᠨ ᠣᠪᠣᠷ᠎ᠢ ᠪᠤᠢ ᠪᠣᠯᠭᠠᠬᠤ ᠬᠡᠷᠡᠭ᠌ᠲᠡᠶ᠃
ᠭᠤᠣᠯ ᠴᠢᠬᠤᠯᠠ ᠠᠭᠤᠯᠭ᠎ᠠ
ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠤᠶᠤᠯ᠎ᠢ ᠤᠯᠠᠮᠵᠢᠯᠠᠨ ᠵᠠᠯᠭᠠᠮᠵᠢᠯᠠᠨ᠎ᠠ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ᠎ᠶ᠋ᠢᠨ ᠪᠣᠯᠪᠠᠰᠤᠨ᠎ᠤ ᠤᠶᠤᠨ ᠤᠬᠠᠭᠠᠨ᠎ᠤ ᠣᠬᠢ ᠪᠦᠲᠦᠭᠡᠯ ᠪᠠ ᠤᠬᠢ ᠰᠣᠳᠣ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠦᠨᠳᠦᠰᠦ ᠪᠠ ᠰᠦᠭ ᠰᠦᠨᠡᠰᠦ ᠮᠥᠨ᠂ ᠪᠢᠳᠡᠨ᠎ᠤ ᠳᠡᠯᠡᠬᠡᠢ᠎ᠶ᠋ᠢᠨ ᠰᠣᠶᠣᠯ᠎ᠤᠨ ᠳᠠᠪᠠᠯᠭᠠᠨ᠎ᠤ ᠳᠤᠮᠳᠠ ᠪᠠᠲᠤ ᠰᠠᠭᠤᠷᠢ ᠪᠣᠯᠬᠤ ᠶᠤᠮ᠃ ᠡᠭᠦᠨ᠎ᠤ ᠳᠣᠲᠣᠷ᠎ᠠ ᠠᠭᠤᠯᠤᠭ᠍ᠳᠠᠵᠤ ᠪᠠᠢᠭ᠎ᠠ 《ᠶᠢᠷᠲᠢᠨᠴᠦ᠍᠎ᠶ᠋ᠢᠨ ᠶᠡᠭᠡ ᠨᠢᠭᠡᠳᠦᠯ》᠂ 《ᠳᠡᠯᠡᠬᠡᠢ ᠳ᠋ᠠᠬᠢᠨ᠎ᠢ ᠨᠡᠢᠲᠡ᠎ᠶ᠋ᠢᠨ ᠲᠥᠯᠥᠭᠡ ᠪᠠᠢᠯᠭᠠᠬᠤ》 ᠶᠢᠷᠲᠢᠨᠴᠦ᠍᠎ᠶ᠋ᠢᠨ ᠦᠵᠡᠯᠲᠡ᠂ 《ᠵᠢᠷᠭᠤᠭᠠᠨ ᠭᠡᠷ᠎ᠡ᠎ᠶ᠋ᠢᠨ ᠰᠤᠷᠲᠠᠯ᠂ ᠶᠢᠰᠦᠨ ᠤᠷᠤᠨ ᠬᠠᠮᠲᠤ᠎ᠪᠠᠷ ᠲᠤᠭᠤᠰᠢᠯᠠᠭᠤᠯᠬᠤ》᠂ 《ᠤᠯᠠᠨ ᠡᠱᠢᠲᠦ ᠨᠢᠭᠡ ᠴᠣᠭ᠍ᠴᠠ》 ᠶ᠋ᠢᠨ 《ᠶᠡᠭᠡ ᠨᠢᠭᠡᠳᠦᠯ》 ᠤᠨ ᠦᠵᠡᠯ ᠰᠠᠨᠠᠭ᠎ᠠ᠂ 《ᠡᠶ᠎ᠡ ᠨᠠᠢᠷᠲᠠᠢ ᠪᠥᠭᠡᠳ ᠠᠳᠠᠯᠢ ᠪᠤᠰᠤ》᠂ 《ᠡᠶ᠎ᠡ ᠨᠠᠢᠷᠲᠠᠢ ᠪᠠᠢᠬᠤ᠎ᠶ᠋ᠢ ᠡᠷᠬᠢᠮᠯᠡᠬᠦ᠌》 ᠪᠠ ᠰᠣᠶᠣᠯ ᠪᠣᠯ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠪᠠᠷ ᠤᠯᠠᠮᠵᠢᠯᠠᠭ᠍ᠰᠠᠨ ᠦᠷᠳᠡᠭ᠎ᠤᠨ ᠣᠢᠯᠠᠭᠠᠭ᠍ᠳᠠᠬᠤᠨ ᠪᠣᠯᠤᠨ᠎ᠠ᠃ ᠳᠤᠮᠳᠠᠳᠤ᠎ᠶ᠋ᠢᠨ ᠰᠣᠶᠣᠯ ᠪᠣᠯ ᠡᠯ᠎ᠡ ᠦᠨᠳᠦᠰᠦᠲᠡᠨ᠎ᠤ ᠱᠢᠯᠢᠳᠡᠭ ᠰᠣᠶᠣᠯ᠎ᠤᠨ ᠬᠤᠷᠠᠮᠳᠤᠯ ᠠᠮᠵᠢᠯᠲᠠ ᠪᠣᠯᠬᠤᠷ᠂ ᠡᠯ᠎ᠡ ᠦᠨᠳᠦᠰᠦᠲᠡᠨ ᠴᠥᠮ ᠳᠤᠮᠳᠠᠳᠤ᠎ᠶ᠋ᠢᠨ ᠰᠣᠶᠣᠯ᠎ᠤᠨ ᠪᠦᠷᠢᠯᠳᠦᠯ ᠪᠠ ᠬᠥᠭ᠌ᠵᠢᠯᠲᠡ᠎ᠳᠤ ᠬᠤᠪᠢ ᠨᠡᠮᠡᠷᠢ ᠦᠵᠡᠭᠦᠯᠪᠡ᠃ ᠡᠯ᠎ᠡ ᠦᠨᠳᠦᠰᠦᠲᠡᠨ᠎ᠤ ᠰᠤᠶᠤᠯ ᠰᠣᠯᠪᠢᠴᠠᠨ ᠭᠡᠷᠡᠯᠲᠦᠵᠦ᠍᠂ ᠳᠤᠮᠳᠠᠳᠤ᠎ᠶ᠋ᠢᠨ ᠰᠣᠶᠣᠯ ᠶᠠᠪᠤᠬᠤ ᠲᠤᠰᠤᠮ ᠱᠢᠨᠡᠳᠴᠦ᠍ ᠪᠠᠢᠨ᠎ᠠ᠂ ᠡᠨᠡ ᠪᠣᠯ ᠥᠨᠥᠳᠥᠷ ᠮᠠᠨ᠎ᠤ ᠰᠤᠶᠤᠯ᠎ᠤᠨ ᠬᠦᠴᠦᠷᠬᠡᠭ ᠶᠡᠭᠡ ᠢᠲᠡᠭᠡᠯ ᠬᠦᠨᠳᠦ᠍᠎ᠶ᠋ᠢᠨ ᠦᠨᠳᠦᠰᠦ ᠪᠣᠯᠣᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠡᠷᠬᠡᠪᠰᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠠᠴᠠ ᠬᠦᠴᠦᠨ ᠴᠢᠳᠠᠯ ᠣᠯᠵᠤ᠂ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠲᠠᠰᠤᠷᠠᠯᠲᠠ ᠦᠭᠡᠢ ᠴᠢᠩᠭᠠᠳᠭᠠᠵᠤ᠂ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠯᠴᠠᠨ ᠲᠣᠯᠢᠯᠠᠵᠤ ᠠᠭᠤᠰᠤᠯᠴᠠᠨ ᠨᠡᠪᠲᠡᠷᠡᠯᠴᠡᠬᠦ᠌᠎ᠶ᠋ᠢ ᠲᠠᠰᠤᠷᠠᠯᠲᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ᠃
ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠨ᠎ᠠ᠃ ᠬᠤᠪᠢᠰᠭᠠᠯᠲᠤ ᠰᠣᠶᠣᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ ᠲᠦᠮᠡᠨ᠎ᠢ ᠤᠳᠤᠷᠢᠳᠤᠨ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠲᠡᠦᠬᠡᠨ᠎ᠳᠤ ᠡᠭᠦᠳᠦᠨ ᠪᠦᠲᠦᠭᠡᠭ᠌ᠰᠡᠨ ᠶᠤᠮ᠂ ᠥᠷᠭᠡᠨ ᠤᠯᠠᠨ ᠠᠷᠠᠳ ᠲᠦᠮᠡᠨ᠎ᠤ ᠤᠶᠤᠨ ᠰᠠᠨᠠᠭᠠᠨ᠎ᠤ ᠬᠦᠴᠦᠨ ᠴᠢᠳᠠᠯ᠎ᠢ ᠬᠥᠭ᠌ᠵᠢᠭᠡᠵᠦ᠍ ᠴᠢᠳᠠᠨ᠎ᠠ᠃ ᠬᠠᠷ᠎ᠠ ᠲᠠᠮᠠᠬᠢ᠎ᠶ᠋ᠢᠨ ᠳᠠᠢᠨ᠎ᠤ ᠳᠠᠷᠠᠭ᠎ᠠ᠂ ᠤᠯᠤᠰ ᠤᠷᠤᠨ ᠭᠤᠳᠤᠭᠠᠯ ᠲᠤᠷᠤᠮᠵᠢᠯᠠᠯ᠂ ᠠᠷᠠᠳ ᠲᠦᠮᠡᠨ ᠠᠶᠤᠯ ᠵᠤᠪᠠᠯᠠᠩ ᠠᠮᠰᠠᠵᠤ᠂ ᠳᠤᠮᠳᠠᠳᠤ᠎ᠶ᠋ᠢᠨ ᠦᠨᠳᠦᠰᠦᠲᠡᠨ ᠤᠷᠢᠳ ᠡᠮᠦᠨ᠎ᠡ ᠪᠠᠢᠭ᠎ᠠ ᠦᠭᠡᠢ ᠠᠶᠤᠯ ᠵᠤᠪᠠᠯᠠᠩᠳᠤ ᠤᠴᠠᠷᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶ᠋ᠢᠨ ᠦᠨᠳᠦᠰᠦᠲᠡᠨ᠎ᠤ ᠬᠠᠮᠤᠭ᠎ᠤᠨ ᠠᠭᠤᠤ ᠶᠡᠭᠡ ᠬᠦᠰᠡᠯ ᠵᠡᠭᠦᠳᠦ ᠪᠤᠯᠵᠠᠢ᠃ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠮᠡᠭ᠌ᠴᠡ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭᠠᠯ ᠡᠳ᠋ᠯᠡᠭᠦᠯᠬᠦ᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠠᠷ ᠥᠪᠡᠷ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠣᠯᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ 《ᠯᠢ ᠬᠠᠢ ᠬᠣᠯᠪᠣᠭ᠎ᠠ》᠂ 《ᠬᠠᠭᠠᠰ ᠬᠥᠨᠵᠢᠯᠡ》᠂ 《ᠴᠢᠰᠤ᠎ᠪᠠᠷ ᠴᠢ ᠯᠢᠶᠠᠨ ᠱᠠᠨ᠎ᠢ ᠪᠠᠢ᠌ᠯᠳᠤᠭᠰᠠᠨ》᠂ 《ᠱᠠᠨ ᠤᠪᠤᠭᠲᠤ᠎ᠶᠢᠨ ᠰᠥᠨᠢ᠎ᠶᠢᠨ ᠶᠠᠷᠢᠯᠴᠠᠭ᠎ᠠ》 ᠵᠡᠷᠭᠡ ᠬᠤᠪᠢᠰᠭᠠᠯ᠎ᠤᠨ ᠳᠠᠭᠤᠷᠢᠰᠭᠠᠯ᠎ᠢ ᠬᠠᠮᠲᠤ᠎ᠪᠠᠷ ᠡᠭᠦᠳᠴᠦ᠍᠂ ᠠᠭᠤᠤ ᠶᠡᠬᠡ ᠨᠠᠮ ᠪᠠᠶ᠋ᠢᠭᠤᠯᠬᠤ ᠵᠣᠷᠢᠭ᠋ ᠰᠠᠨᠠᠭ᠎ᠠ᠎ᠪᠠᠷ ᠡᠬᠢ ᠡᠭᠦᠰᠦᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ᠋ ᠰᠠᠨᠠᠭᠠᠨ᠎ᠤ ᠰᠢᠰᠲᠧᠮ᠎ᠢ ᠪᠠᠢᠭᠤᠯᠪᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ᠎ᠳᠤ ᠡᠷᠬᠡᠪᠰᠢ ᠬᠤᠪᠢᠰᠭᠠᠯ᠎ᠤᠨ ᠰᠣᠶᠣᠯ᠎ᠢ ᠪᠠᠳᠠᠷᠠᠭᠤᠯᠵᠤ᠂ ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠵᠤ᠂ ᠬᠤᠪᠢᠰᠭᠠᠯ᠎ᠤᠨ ᠤᠳᠤᠮᠱᠢᠯ᠎ᠢ ᠦᠶ᠎ᠡ᠎ᠶ᠋ᠢᠨ ᠦᠶ᠎ᠡ᠎ᠳᠤ ᠤᠯᠠᠮᠵᠢᠯᠠᠬᠤ ᠬᠡᠷᠡᠭ᠌ᠲᠡᠢ᠃
ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠢ ᠬᠥᠭᠵᠢᠭᠦᠯᠦᠨ᠎ᠡ᠃ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ ᠪᠣᠯ ᠨᠠᠮ᠎ᠠᠴᠠ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠠᠬᠢᠭᠤᠯᠬᠤ ᠠᠭᠤᠤ ᠶᠡᠭᠡ ᠦᠢᠯᠡᠳᠦᠯᠭᠡ᠎ᠶ᠋ᠢᠨ ᠳᠤᠮᠳᠠ᠂ ᠮᠠᠷᠺᠰ᠎ᠤᠨ ᠦᠵᠡᠯ᠎ᠤᠨ ᠵᠢᠯᠤᠭᠤᠳᠤᠯᠭ᠎ᠠ ᠳᠣᠣᠷ᠎ᠠ ᠣᠳᠣᠬᠢᠴᠢᠯᠠᠯᠲᠠ᠎ᠳᠤ ᠬᠠᠨᠳᠤᠭᠤᠯᠤᠭ᠍ᠰᠠᠨ᠂ ᠳᠡᠯᠡᠬᠡᠢ ᠳ᠋ᠠᠬᠢᠨ᠎ᠳᠤ ᠬᠠᠨᠳᠤᠭᠤᠯᠤᠭ᠍ᠰᠠᠨ᠂ ᠢᠷᠡᠭᠡᠳᠦᠢ᠎ᠳᠤ ᠬᠠᠨᠳᠤᠭᠤᠯᠤᠭ᠍ᠰᠠᠨ᠂ ᠦᠨᠳᠦᠰᠦᠲᠡᠨ᠎ᠤ ᠱᠢᠨᠵᠢᠯᠡᠬᠦ᠌ ᠤᠬᠠᠭᠠᠨᠴᠢ ᠤᠯᠠᠨ ᠲᠦᠮᠡᠨᠴᠢ ᠨᠡᠢᠭᠡᠮ ᠵᠢᠷᠤᠮ᠎ᠤᠨ ᠰᠣᠶᠣᠯ ᠪᠣᠯᠬᠤ ᠪᠥᠭᠡᠳ ᠴᠠᠭ ᠦᠶ᠎ᠡ᠎ᠶ᠋ᠢᠨ ᠲᠠᠪᠱᠢᠯᠳᠠ᠎ᠶ᠋ᠢᠨ ᠤᠷᠤᠰᠭᠠᠯ ᠪᠠ ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢ ᠲᠥᠯᠥᠭᠡᠯᠡᠵᠦ᠍ ᠪᠠᠢᠳᠠᠭ᠃ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠳᠦᠭᠡᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠣᠯ ᠮᠠᠨ᠎ᠤ ᠨᠠᠮ᠎ᠤᠨ ᠴᠥᠬᠦᠷᠡᠰᠢ ᠦᠭᠡᠢ ᠴᠢᠷᠮᠠᠢᠬᠤ ᠠᠤᠭ᠎ᠠ ᠬᠠᠷᠠᠯᠲᠠ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠵᠤ᠂ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠳᠤ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ᠎ᠳᠤ ᠡᠷᠬᠡᠪᠰᠢ ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠤᠯᠤᠰ᠎ᠢᠶᠠᠨ ᠬᠠᠢᠷᠠᠯᠠᠬᠤ ᠦᠵᠡᠯ᠎ᠢᠶᠠᠷ ᠭᠤᠣᠯ ᠪᠣᠯᠭᠠᠭ᠍ᠰᠠᠨ ᠦᠨᠳᠦᠰᠦᠲᠡᠨ᠎ᠤ ᠵᠣᠷᠢᠭ ᠰᠠᠨᠠᠭ᠎ᠠ ᠪᠣᠯᠤᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠠᠷ ᠭᠤᠣᠯ ᠪᠣᠯᠭᠠᠭ᠍ᠰᠠᠨ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠬᠦᠴᠦᠷᠬᠡᠭ ᠶᠡᠭᠡ ᠦᠵᠡᠯ ᠰᠠᠨᠠᠭᠠᠨ᠎ᠤ ᠬᠦᠳᠦᠯᠦᠨ ᠳᠠᠭᠠᠭᠤᠯᠬᠤ ᠬᠦᠴᠦᠨ᠂ ᠤᠶᠤᠨ ᠰᠠᠨᠠᠭᠠᠨ᠎ᠤ ᠨᠢᠭ᠍ᠲᠠᠷᠠᠯ᠎ᠤᠨ ᠬᠦᠴᠦᠨ᠂ ᠦᠷᠳᠡᠭ᠎ᠤᠨ ᠤᠷᠢᠶᠠᠯᠠᠬᠤ ᠬᠦᠴᠦᠨ᠂ ᠳᠡᠯᠡᠬᠡᠢ ᠳᠡᠭᠡᠷᠡᠬᠢ ᠨᠥᠯᠥᠭᠡᠯᠡᠬᠦ᠌ ᠬᠦᠴᠦᠨ᠎ᠲᠠᠢ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠰᠣᠶᠣᠯ᠎ᠢ ᠲᠠᠰᠤᠷᠠᠯᠲᠠ ᠦᠭᠡᠢ ᠬᠥᠭ᠌ᠵᠢᠭᠦᠯᠵᠦ᠍᠂ ᠠᠷᠠᠳ ᠲᠦᠮᠡᠨ᠎ᠤ ᠤᠶᠤᠨ ᠰᠠᠨᠠᠭᠠᠨ᠎ᠤ ᠬᠦᠴᠦᠨ᠎ᠢ ᠲᠠᠰᠤᠷᠠᠯᠲᠠ ᠦᠭᠡᠢ ᠴᠢᠩᠭᠠᠳᠭᠠᠵᠤ᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠰᠣᠶᠣᠯ᠎ᠤᠨ ᠰᠠᠭᠤᠷᠢ᠎ᠶ᠋ᠢ ᠪᠠᠬᠢᠵᠢᠭᠦᠯᠬᠦ᠌ ᠬᠡᠷᠡᠭ᠌ᠲᠡᠢ᠃
ᠦᠢᠯᠡᠳᠦᠯᠭᠡ᠎ᠶ᠋ᠢᠨ ᠵᠠᠮ
ᠰᠤᠶᠤᠯ᠎ᠢ ᠤᠯᠠᠮᠵᠢᠯᠠᠨ ᠵᠠᠯᠭᠠᠮᠵᠢᠯᠠᠬᠤ᠎ᠶ᠋ᠢ ᠪᠠᠷᠢᠮᠳᠠᠯᠠᠨ᠎ᠠ᠃ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡ᠎ᠶ᠋ᠢ ᠡᠷᠭᠢᠴᠡᠭᠦᠯᠬᠦ᠌᠎ᠳᠤ᠂ ᠮᠠᠨ᠎ᠤ ᠨᠠᠮ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠡᠯ᠎ᠡ ᠲᠡᠦᠬᠡᠨ ᠴᠠᠭ ᠦᠶ᠎ᠡ᠎ᠳᠤ ᠴᠢᠬᠤᠯᠠ ᠶᠡᠭᠡ ᠠᠮᠵᠢᠯᠲᠠ ᠣᠯᠵᠤ᠂ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠪᠤᠰᠤᠳ ᠤᠯᠤᠰ ᠲᠦᠷᠦ᠍᠎ᠶ᠋ᠢᠨ ᠬᠦᠴᠦᠨ᠎ᠤ ᠪᠡᠶᠡᠯᠡᠭᠦᠯᠵᠦ᠍ ᠳᠡᠢᠯᠬᠦ᠌ ᠬᠠᠲᠠᠭᠤ ᠪᠡᠷᠬᠡ ᠡᠭᠦᠷᠭᠡ᠎ᠶ᠋ᠢ ᠪᠡᠶᠡᠯᠡᠭᠦᠯᠵᠦ᠍ ᠴᠢᠳᠠᠭ᠍ᠰᠠᠨ᠎ᠤ ᠦᠨᠳᠦᠰᠦᠨ ᠵᠦᠢᠯ᠎ᠨᠢ ᠮᠠᠷᠺᠰ᠎ᠤᠨ ᠦᠵᠡᠯ᠎ᠤᠨ ᠱᠢᠨᠵᠢᠯᠡᠬᠦ᠌ ᠤᠬᠠᠭᠠᠨᠴᠢ ᠤᠨᠤᠯ᠎ᠢ ᠡᠵᠡᠮᠱᠢᠬᠦ᠌᠎ᠶ᠋ᠢᠨ ᠬᠠᠮᠲᠤ ᠲᠠᠰᠤᠷᠠᠯᠳᠠ ᠦᠭᠡᠢ ᠱᠢᠨ᠎ᠡ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠤᠨᠤᠯ᠎ᠤᠨ ᠱᠢᠨ᠎ᠡ ᠡᠭᠦᠳᠦᠯᠲᠡ᠎ᠶ᠋ᠢ ᠠᠬᠢᠭᠤᠯᠵᠤ᠂ ᠨᠠᠮ᠎ᠳᠤ ᠬᠦᠴᠦᠷᠬᠡᠭ ᠶᠡᠭᠡ ᠦᠨᠡᠨ ᠶᠣᠰᠣᠨ᠎ᠤ ᠬᠦᠴᠦᠨ᠎ᠢ ᠡᠵᠡᠮᠱᠢᠭᠦᠯᠦᠭ᠌ᠰᠡᠨ ᠪᠠᠢᠨ᠎ᠠ᠃ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌᠎ᠶ᠋ᠢ ᠠᠬᠢᠭᠤᠯᠬᠤ᠎ᠳᠤ ᠮᠠᠷᠺᠰ᠎ᠤᠨ ᠦᠵᠡᠯ᠎ᠤᠨ ᠡᠨᠡ ᠬᠦ᠌ ᠠᠮᠢᠨ ᠰᠤᠳᠠᠰᠤ᠎ᠶ᠋ᠢ ᠪᠠᠲᠤ ᠰᠠᠬᠢᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠱᠢᠨ᠎ᠡ ᠠᠭᠤᠯᠤᠭ᠍ᠳᠠᠬᠤᠨ᠎ᠢ ᠲᠠᠰᠤᠷᠠᠯᠲᠠ ᠦᠭᠡᠢ ᠣᠯᠭᠤᠬᠤ ᠬᠡᠷᠡᠭ᠌ᠲᠡᠢ᠃ ᠦᠨᠳᠦᠰᠦᠲᠡᠨ᠎ᠨᠦᠭᠦᠳ᠎ᠤᠨ ᠱᠢᠯᠢᠳᠡᠭ ᠤᠯᠠᠮᠵᠢᠯᠠᠯᠲᠤ ᠰᠣᠶᠣᠯ᠎ᠢ ᠬᠠᠮᠠᠭᠠᠯᠠᠨ ᠲᠡᠳᠬᠦᠬᠦ᠌ ᠡᠷᠴᠢᠮ᠎ᠢᠶᠠᠨ ᠴᠢᠩᠭᠠᠷᠠᠭᠤᠯᠵᠤ᠂ ᠲᠡᠦᠬᠡ ᠰᠣᠶᠣᠯ᠎ᠤᠨ ᠥᠪ᠎ᠢ ᠬᠠᠮᠠᠭᠠᠯᠠᠨ ᠤᠯᠠᠮᠵᠢᠯᠠᠬᠤ᠎ᠶ᠋ᠢ ᠴᠢᠩᠭᠠᠳᠭᠠᠵᠤ᠂ ᠱᠢᠯᠢᠳᠡᠭ ᠤᠯᠠᠮᠵᠢᠯᠠᠯᠲᠤ ᠰᠣᠶᠣᠯ᠎ᠳᠠᠬᠢ ᠤᠳᠤ ᠦᠶ᠎ᠡ᠎ᠶ᠋ᠢᠨ ᠦᠨ᠎ᠡ ᠦᠷᠳᠡᠭ᠎ᠲᠠᠢ᠂ ᠳᠡᠯᠡᠬᠡᠢ ᠳ᠋ᠠᠬᠢᠨ᠎ᠤ ᠠᠴᠢ ᠬᠤᠯᠪᠣᠭ᠍ᠳᠠᠯ᠎ᠲᠠᠢ ᠰᠣᠶᠣᠯ᠎ᠤᠨ ᠤᠬᠢ ᠰᠣᠳᠣ᠎ᠶ᠋ᠢ ᠪᠣᠯᠪᠠᠰᠤᠷᠠᠭᠤᠯᠤᠨ ᠳᠡᠯᠭᠡᠨ ᠦᠵᠡᠭᠦᠯᠬᠦ᠌ ᠬᠡᠷᠡᠭ᠌ᠲᠡᠢ᠃
ᠰᠤᠶᠤᠯ᠎ᠢ ᠠᠭᠤᠰᠤᠯᠴᠠᠭᠤᠯᠬᠤ᠎ᠶ᠋ᠢ ᠪᠠᠷᠢᠮᠲᠠᠯᠠᠨ᠎ᠠ᠃ ᠡᠯ᠎ᠡ ᠦᠨᠳᠦᠰᠦᠲᠡᠨ᠎ᠦ ᠰᠣᠶᠣᠯ᠎ᠢ ᠬᠠᠷᠢᠯᠴᠠᠨ ᠲᠣᠯᠢᠳᠠᠬᠤ ᠮᠥᠷᠲᠡᠭᠡᠨ ᠪᠦᠬᠦᠨ᠎ᠢ ᠬᠤᠷᠢᠶᠠᠨ ᠠᠪᠴᠤ᠌ ᠬᠠᠳᠠᠭᠠᠯᠠᠨ᠂ ᠠᠭᠠᠵᠢᠮ᠎ᠢᠶᠠᠷ ᠭᠠᠵᠠᠷ ᠣᠷᠣᠨ᠎ᠤ ᠨᠤᠲᠤᠭ ᠤᠰᠤ᠂ ᠴᠢᠰᠤᠨ ᠲᠦᠷᠦᠯ᠎ᠦᠨ ᠤᠳᠤᠮ ᠤᠭᠰᠠᠭ᠎ᠠ᠂ ᠱᠠᠱᠢᠨ ᠱᠢᠲᠦᠯᠭᠡ᠎ᠶ᠋ᠢ ᠳᠠᠪᠠᠵᠤ᠂ ᠬᠦᠴᠦᠷᠬᠡᠭ ᠶᠡᠬᠡ ᠨᠢᠭ᠍ᠲᠠᠷᠠᠯ᠎ᠤᠨ ᠬᠦᠴᠦᠨ ᠪᠠ ᠲᠠᠲᠠᠬᠤ ᠬᠦᠴᠦᠨ ᠪᠦᠬᠦᠢ ᠳᠤᠮᠳᠠᠳᠤ᠎ᠶ᠋ᠢᠨ ᠰᠣᠶᠣᠯ᠎ᠢ ᠲᠥᠪᠯᠡᠷᠡᠭᠦᠯᠦᠨ ᠪᠦᠷᠢᠯᠳᠦᠭᠦᠯᠵᠦ᠍᠂ ᠳᠤᠮᠳᠠᠳᠤ᠎ᠶ᠋ᠢᠨ ᠪᠣᠯᠪᠠᠰᠤᠨ᠎ᠤ ᠣᠯᠠᠨ ᠡᠱᠢᠵᠢᠨ ᠨᠢᠭᠡ ᠴᠣᠭ᠍ᠴᠠᠵᠢᠭ᠍ᠰᠠᠨ ᠪᠠᠢᠳᠠᠯ᠎ᠢ ᠪᠣᠶ ᠪᠣᠯᠭᠠᠪᠠ᠃ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ᠎ᠶ᠋ᠢᠨ ᠰᠣᠶᠣᠯ᠎ᠳᠠᠬᠢ ᠳᠡᠭᠡᠳᠦ ᠬᠡᠮᠵᠢᠶᠡᠨ᠎ᠤ ᠮᠡᠳᠡᠷᠡᠮᠵᠢ᠎ᠶ᠋ᠢ ᠴᠢᠩᠭᠠᠳᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠦᠭᠡ ᠬᠡᠯᠡ᠎ᠪᠠᠷ ᠰᠡᠳᠭᠢᠯ᠎ᠤᠨ ᠨᠡᠪᠲᠡᠷᠡᠯᠴᠡᠭᠡ᠂ ᠬᠤᠪᠢ ᠵᠠᠶᠠᠭᠠᠨ᠎ᠤ ᠨᠡᠪᠲᠡᠷᠡᠯᠴᠡᠭᠡ᠎ᠶ᠋ᠢ ᠠᠬᠢᠭᠤᠯᠬᠤ ᠬᠡᠷᠡᠭ᠌ᠲᠡᠢ᠃ ᠦᠨᠳᠦᠰᠦᠲᠡᠨ᠎ᠨᠦᠭᠦᠳ ᠪᠠᠶᠠᠷ᠎ᠤᠨ ᠡᠳᠦᠷ᠎ᠢᠶᠠᠨ ᠬᠠᠮᠲᠤ᠎ᠪᠠᠷ ᠪᠡᠯᠭᠡᠯᠡᠬᠦ᠂ ᠳᠠᠭᠤᠤ ᠪᠥᠵᠢᠭ ᠬᠠᠮᠲᠤ ᠪᠠᠶᠠᠰᠭᠤ ᠵᠡᠷᠭᠡ ᠰᠣᠶᠣᠯ᠎ᠤᠨ ᠰᠣᠯᠢᠯᠴᠠᠭᠠᠨ᠎ᠤ ᠠᠵᠢᠯᠯᠠᠭ᠎ᠠ ᠥᠷᠨᠢᠭᠦᠯᠬᠦ᠌᠎ᠶ᠋ᠢ ᠶᠡᠬᠡᠪᠡᠷ ᠳᠠᠮᠵᠢᠵᠤ᠂ ᠡᠯ᠎ᠡ ᠦᠨᠳᠦᠰᠦᠲᠡᠨ᠎ᠤ ᠰᠣᠶᠣᠯ᠎ᠤᠨ ᠲᠠᠯ᠎ᠠ᠎ᠪᠠᠷ ᠬᠠᠷᠢᠯᠴᠠᠨ ᠬᠦᠨᠳᠦᠳᠭᠡᠬᠦ᠂ ᠬᠠᠷᠢᠯᠴᠠᠨ ᠰᠣᠨᠢᠷᠬᠠᠬᠤ᠂ ᠬᠠᠷᠢᠯᠴᠠᠨ ᠰᠤᠷᠤᠯᠴᠠᠬᠤ᠂ ᠬᠠᠷᠢᠯᠴᠠᠨ ᠲᠣᠯᠢᠯᠠᠬᠤ᠎ᠶ᠋ᠢ ᠵᠣᠷᠢᠭ᠍ᠵᠢᠭᠤᠯᠵᠤ᠂ ᠨᠡᠭᠡᠭᠡᠯᠲᠡᠲᠡᠶ ᠪᠠᠭ᠍ᠲᠠᠭᠠᠮᠵᠢᠲᠠᠶ ᠰᠣᠶᠣᠯ᠎ᠤᠨ ᠰᠡᠳᠭᠢᠴᠡ᠎ᠶ᠋ᠢ ᠬᠥᠮᠦᠵᠢᠭᠦᠯᠵᠦ᠍᠂ ᠦᠨᠳᠦᠰᠦᠲᠡᠨ᠎ᠨᠦᠭᠦᠳ᠎ᠤᠨ ᠱᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠂ ᠱᠢᠨ᠎ᠡ᠎ᠶ᠋ᠢ ᠡᠭᠦᠳᠬᠦ᠌ ᠴᠢᠨᠠᠷᠲᠠᠶ ᠬᠥᠭ᠌ᠵᠢᠯᠲᠡ᠎ᠶ᠋ᠢ ᠠᠬᠢᠭᠤᠯᠵᠤ᠂ ᠦᠨᠳᠦᠰᠦᠲᠡᠨ᠎ᠤ ᠣᠨᠴᠠᠯᠢᠭ᠎ᠢ ᠠᠱᠢᠭ᠍ᠯᠠᠬᠤ ᠳᠤᠮᠳᠠ ᠨᠠᠩ ᠱᠢᠨ᠎ᠡ ᠰᠣᠷᠭᠤᠭ ᠪᠣᠯᠭᠠᠵᠤ᠂ ᠲᠠᠰᠤᠷᠠᠯᠲᠠ ᠥᠬᠡᠶ ᠱᠢᠨ᠎ᠡ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ᠃
ᠰᠤᠶᠤᠯ᠎ᠤᠨ ᠱᠢᠨ᠎ᠡ ᠡᠭᠦᠳᠦᠯᠲᠡ᠎ᠶ᠋ᠢ ᠪᠠᠷᠢᠮᠳᠠᠯᠠᠨ᠎ᠠ᠃ ᠨᠢᠭᠡ ᠲᠠᠯ᠎ᠠ᠎ᠪᠠᠷ᠂ ᠱᠢᠨ᠎ᠡ ᠮᠡᠳᠡᠯᠭᠡ ᠱᠢᠨ᠎ᠡ ᠮᠡᠷᠭᠡᠵᠢᠯ᠎ᠢ ᠠᠱᠢᠭ᠍ᠯᠠᠵᠤ᠂ ᠡᠯ᠎ᠡ ᠦᠨᠳᠦᠰᠦᠲᠡᠨ᠎ᠤ ᠰᠣᠶᠣᠯ᠎ᠳᠤ ᠠᠭᠤᠯᠤᠭ᠍ᠳᠠᠵᠤ ᠪᠠᠢᠭ᠎ᠠ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠣᠯᠤᠨ ᠲᠦᠷᠢ ᠲᠥᠷᠬᠦ᠌᠎ᠶ᠋ᠢ ᠪᠣᠯᠪᠠᠰᠤᠷᠠᠭᠤᠯᠵᠤ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ᠂ ᠬᠠᠮ ᠦᠵᠡᠰᠭᠦᠯᠡᠩ ᠵᠡᠷᠭᠡ ᠤᠯᠠᠨ ᠵᠦᠢᠯ᠎ᠤᠨ ᠬᠡᠯᠪᠡᠷᠢ᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠥᠪᠡᠷᠮᠢᠴᠡ ᠤᠶᠤᠨ ᠰᠠᠨᠠᠭᠠᠨ᠎ᠤ ᠪᠡᠯᠭᠡ ᠲᠡᠮᠳᠡᠭ᠎ᠢ ᠳᠡᠯᠭᠡᠨ ᠦᠵᠡᠭᠦᠯᠵᠦ᠍᠂ ᠡᠯ᠎ᠡ ᠦᠨᠳᠦᠰᠦᠲᠡᠨ᠎ᠤ ᠳᠤᠮᠳᠠᠳᠤ᠎ᠶ᠋ᠢᠨ ᠰᠣᠶᠣᠯ᠎ᠤᠨ ᠲᠤᠬᠠᠢ ᠮᠡᠳᠡᠷᠡᠮᠵᠢ᠎ᠶ᠋ᠢ ᠨᠡᠮᠡᠭ᠌ᠳᠡᠭᠦᠯᠦᠨ᠎ᠡ; ᠨᠥᠭᠦᠭᠡ ᠲᠠᠯ᠎ᠠ᠎ᠪᠠᠷ᠂ ᠡᠯ᠎ᠡ ᠦᠨᠳᠦᠰᠦᠲᠡᠨ᠎ᠤ ᠰᠣᠶᠣᠯ᠎ᠤᠨ ᠡᠬᠢ ᠪᠠᠶᠠᠯᠢᠭ᠎ᠲᠤ ᠲᠦᠱᠢᠭ᠌ᠯᠡᠨ᠂ ᠦᠨᠳᠦᠰᠦᠲᠡᠨ᠎ᠤ ᠪᠦᠯᠬᠦᠮᠳᠡᠯ᠂ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠭᠡᠷ ᠪᠦᠯᠢ ᠵᠡᠷᠭᠡ᠎ᠪᠠᠷ ᠭᠤᠣᠯ ᠰᠡᠳᠦᠪ ᠪᠣᠯᠭᠠᠭ᠍ᠰᠠᠨ ᠤᠳᠭ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ᠍᠂ ᠣᠨᠴᠠ ᠲᠣᠭ᠍ᠲᠠᠭ᠍ᠰᠠᠨ ᠲᠠᠯᠠᠪᠤᠷ ᠭᠠᠵᠠᠷ᠂ ᠡᠯ᠎ᠡ ᠲᠦᠷᠦᠯ᠎ᠤᠨ ᠲᠠᠪᠴᠠᠩ᠎ᠢ ᠠᠱᠢᠭ᠍ᠯᠠᠨ᠂ ᠳᠤᠮᠳᠠᠳᠤ᠎ᠶ᠋ᠢᠨ ᠰᠣᠶᠣᠯ᠎ᠢ ᠤᠯᠠᠮᠵᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠦᠯᠢᠭᠡᠷ᠎ᠢ ᠰᠠᠢᠲᠤᠷ ᠶᠠᠷᠢᠬᠤ ᠬᠡᠷᠡᠭ᠌ᠲᠡᠢ᠃ ᠪᠠᠲᠤ ᠪᠠᠬᠢ ᠲᠡᠦᠬᠡ᠎ᠶ᠋ᠢᠨ ᠰᠠᠭᠤᠷᠢ᠂ ᠭᠦᠨ ᠵᠤᠵᠠᠭᠠᠨ ᠰᠣᠶᠣᠯ᠎ᠤᠨ ᠬᠤᠷᠠᠮᠳᠤᠯ᠂ ᠱᠢᠨ᠎ᠡ ᠰᠣᠷᠭᠤᠭ ᠴᠠᠭ ᠦᠶ᠎ᠡ᠎ᠶ᠋ᠢᠨ ᠢᠯᠡᠳᠭᠡᠯ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠯᠠᠪᠳᠠᠭᠤᠨ ᠪᠠᠲᠤᠲᠠᠢ ᠪᠠᠲᠤ ᠪᠠᠬᠢ ᠪᠤᠢ ᠪᠣᠯᠭᠠᠵᠤ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠱᠢᠨ᠎ᠡ ᠬᠡᠯᠪᠡᠷᠢ ᠪᠠᠢᠳᠠᠯ᠎ᠢᠶᠠᠷ ᠳᠤᠮᠳᠠᠳᠤ᠎ᠶ᠋ᠢᠨ ᠦᠨᠳᠦᠰᠦᠲᠡᠨ᠎ᠤ ᠱᠢᠨ᠎ᠡ ᠭᠡᠷᠡᠯ ᠰᠠᠴᠤᠷᠠᠩᠭᠤᠢ ᠠᠮᠵᠢᠯᠲᠠ᠎ᠶ᠋ᠢ ᠦᠷᠭᠦᠯᠵᠢᠯᠡᠨ ᠪᠢᠴᠢᠭ᠌ᠯᠡᠬᠦ᠌ ᠬᠡᠷᠡᠭ᠌ᠲᠡᠢ᠃