ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ ᠬᠠᠥᠯᠢ᠎ᠪᠠᠷ ᠵᠠᠰᠠᠬᠤ ᠰᠠᠭᠤᠷᠢ ᠵᠢ ᠪᠠᠬᠢᠵᠢᠭᠦᠯᠦᠶ᠎ᠡ
2024-10-07

  [ᠰᠤᠷᠤᠯᠴᠠᠨ ᠰᠡᠳᠬᠢᠵᠦ ᠦᠢ᠍ᠯᠡᠳᠦᠯᠭᠡᠵᠢᠭᠦᠯᠦᠨ ᠤᠬᠠᠬᠤ]

   ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷ᠎ᠡ᠄ 《ᠳᠤᠮᠳᠠᠳᠤ ᠵᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ᠎ᠤ ᠲᠡᠦᠬᠡ᠎ᠲᠠᠢ ᠠᠭᠤᠤ ᠶᠡᠭᠡ ᠦᠨᠳᠦᠰᠦᠲᠡᠨ ᠮᠥᠨ᠃ ᠮᠠᠨ᠎ᠤ ᠤᠯᠤᠰ᠎ᠤᠨ ᠦᠨᠳᠦᠰᠦᠲᠡᠨ᠎ᠨᠦᠭᠦᠳ ᠡᠬᠡ ᠤᠯᠤᠰ᠎ᠤᠨ ᠵᠶ᠋ᠠᠨ ᠥᠷᠭᠡᠨ ᠠᠭᠤᠳᠠᠮ ᠬᠢᠯᠢ ᠬᠢᠵᠠᠭ᠋ᠠᠷ᠎ᠢ ᠬᠠᠮᠲᠤ᠎ᠪᠠᠷ ᠨᠡᠭᠡᠭᠡᠵᠦ᠂ ᠤᠯᠠᠨ ᠦᠨᠳᠦᠰᠦᠲᠡᠨ᠎ᠲᠠᠢ ᠨᠢᠭᠡᠳᠦᠭᠰᠡᠨ ᠤᠯᠤᠰ᠎ᠢ ᠬᠠᠮᠲᠤ᠎ᠪᠠᠷ ᠴᠣᠭᠴᠠᠯᠠᠨ ᠪᠠᠶ᠋ᠢᠭᠤᠯᠵᠤ᠂ ᠭᠡᠷᠡᠯ ᠰᠠᠴᠤᠷᠠᠩᠭᠤᠢ ᠳᠤᠮᠳᠠᠳᠤ ᠤᠯᠤᠰ᠎ᠤᠨ ᠲᠡᠦᠬᠡ ᠵᠢ ᠬᠠᠮᠲᠤ᠎ᠪᠠᠷ ᠪᠢᠴᠢᠭᠯᠡᠵᠦ᠂ ᠭᠡᠷᠡᠯ ᠰᠠᠴᠤᠷᠠᠩᠭᠤᠢ ᠳᠤᠮᠳᠠᠳᠤ ᠵᠢᠨ ᠰᠣᠶᠣᠯ᠎ᠢ ᠬᠠᠮᠲᠤ᠎ᠪᠠᠷ ᠡᠭᠦᠳᠴᠦ᠂ ᠠᠭᠤᠤ ᠶᠡᠭᠡ ᠦᠨᠳᠦᠰᠦᠲᠡᠨ᠎ᠤ ᠵᠣᠷᠢᠭ ᠰᠠᠨᠠᠭ᠎ᠠ ᠵᠢ ᠬᠠᠮᠲᠤ᠎ᠪᠠᠷ ᠪᠤᠶ᠋ᠢᠵᠢᠭᠤᠯᠵᠠᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯᠲᠡ ᠪᠣᠯ ᠬᠥᠮᠦᠨ᠎ᠤ ᠰᠡᠳᠬᠢᠯ᠎ᠤᠨ ᠬᠠᠨᠳᠤᠰᠢ᠂ ᠶᠡᠭᠡ ᠪᠠᠶ᠋ᠢᠳᠠᠯ᠎ᠤᠨ ᠬᠠᠨᠳᠤᠰᠢ᠂ ᠲᠡᠦᠬᠡ ᠵᠢᠨ ᠵᠠᠶ᠋ᠢᠯᠠᠰᠢ ᠦᠭᠡᠢ ᠬᠠᠨᠳᠤᠰᠢ ᠮᠥᠨ》 ᠭᠡᠵᠦ ᠬᠡᠯᠡᠪᠡ᠃

   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠱᠤᠭᠤᠮ ᠮᠥᠨ᠂ ᠪᠠᠰᠠ ᠴᠤ᠌ ᠦᠨᠳᠦᠰᠦᠲᠡᠨ᠎ᠤ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠣᠯ ᠱᠤᠭᠤᠮ ᠮᠥᠨ᠃ 2023 ᠣᠨ᠎ᠤ 10  ᠳ᠋ᠤᠭ᠋ᠠᠷ ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ᠎ᠳᠡᠭᠡᠨ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠣᠯ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠡᠭᠦᠷᠭᠡ ᠮᠥᠨ》 ᠭᠡᠵᠦ ᠴᠢᠬᠤᠯᠠᠴᠢᠯᠠᠪᠠ᠃  ᠬᠠᠥᠯᠢ᠎ᠪᠠᠷ ᠵᠠᠰᠠᠬᠤ ᠰᠠᠭᠤᠷᠢ ᠵᠢ ᠪᠠᠬᠢᠵᠢᠭᠦᠯᠵᠦ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠬᠠᠥᠯᠢ᠎ᠪᠠᠷ ᠵᠠᠰᠠᠬᠤ ᠲᠦᠪᠰᠢᠨ᠎ᠢ ᠳᠡᠭᠡᠭᠰᠢᠯᠡᠭᠦᠯᠵᠦ᠂ ᠬᠠᠥᠯᠢ᠎ᠪᠠᠷ ᠵᠠᠰᠠᠬᠤ ᠵᠠᠮ ᠳᠡᠭᠡᠷ᠎ᠡ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠵᠤ᠂ ᠦᠨᠳᠦᠰᠦᠲᠡᠨ᠎ᠤ ᠪᠦᠯᠬᠦᠮᠳᠡᠯ᠎ᠢ ᠪᠠᠲᠤᠯᠠᠬᠤ᠎ᠨᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠠᠭᠤᠤ ᠶᠡᠭᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠢ ᠮᠡᠳᠡᠷᠡᠮᠵᠢ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠦᠨᠳᠦᠰᠦᠲᠡᠨ᠎ᠤ ᠪᠦᠯᠬᠦᠮᠳᠡᠯ᠎ᠤᠨ ᠰᠦᠷ ᠳᠠᠯᠠᠶ᠋ᠢᠴᠠᠲᠠᠢ ᠬᠦᠴᠦᠨ᠎ᠢ ᠨᠢᠭᠲᠠᠷᠠᠭᠤᠯᠬᠤ᠎ᠳᠤ ᠠᠰᠢᠭᠲᠠᠢ ᠶᠤᠮ᠃

   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠡᠨᠡ ᠬᠦ᠌ ᠭᠤᠣᠯ ᠰᠢᠵᠢᠮ᠎ᠤᠨ ᠲᠣᠭᠤᠷᠢᠨ᠎ᠳᠤ᠂ ᠦᠨᠳᠦᠰᠦᠲᠡᠨ᠎ᠤ ᠠᠵᠢᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠲᠡᠭᠦᠯᠳᠡᠷᠵᠢᠭᠦᠯᠦᠨ᠎ᠡ

   ᠬᠠᠤᠯᠢ ᠴᠠᠭ᠋ᠠᠵᠠ ᠪᠣᠯ ᠤᠯᠤᠰ᠎ᠢ ᠵᠠᠰᠠᠬᠤ ᠵᠢᠨ ᠴᠢᠬᠤᠯᠠ ᠵᠡᠪᠰᠡᠭ ᠮᠥᠨ᠂ ᠰᠠᠶ᠋ᠢᠨ ᠬᠠᠤᠯᠢ ᠪᠣᠯ ᠰᠠᠶ᠋ᠢᠲᠤᠷ ᠵᠠᠰᠠᠬᠤ ᠵᠢᠨ ᠤᠷᠢᠲᠠᠯ ᠮᠥᠨ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ》 ᠵᠢ ᠨᠠᠮ᠎ᠤᠨ ᠳᠦᠷᠢᠮ᠎ᠳᠤ ᠪᠢᠴᠢᠨ ᠣᠷᠣᠭᠤᠯᠵᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠨᠳᠦᠰᠦᠨ ᠵᠢᠷᠤᠮᠯᠠᠯ ᠪᠣᠯᠭ᠋ᠠᠨ᠎ᠠ᠃ 2018 ᠤᠨ᠎ᠳᠤ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠳᠦᠯᠦᠬᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ᠎ᠠᠴᠠ ᠪᠠᠳᠤᠯᠠᠬᠰᠠᠨ 《ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ᠎ᠳᠤ ᠵᠠᠰᠠᠪᠤᠷᠢ ᠤᠷᠤᠭᠤᠯᠬᠤ ᠳᠦᠰᠦᠯ》᠎ᠳᠤ 《ᠳᠤᠮᠳᠠᠳᠤ ᠵᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠠᠨᠳᠤᠯᠳᠠ》 ᠵᠢᠨ ᠠᠭᠤᠯᠭ᠎ᠠ ᠵᠢ ᠨᠡᠮᠡᠵᠡᠢ᠂ ᠡᠨᠡ ᠪᠤᠯ 《ᠳᠤᠮᠳᠠᠳᠤ ᠵᠢᠨ ᠦᠨᠳᠤᠰᠤᠳᠡᠨ》 ᠬᠡᠬᠦ ᠦᠬᠡ ᠤᠯᠤᠰ᠎ᠤᠨ ᠦᠨᠳᠤᠰᠦᠨ᠎ᠳᠤ ᠠᠩᠬ᠎ᠠ ᠤᠳᠠᠭ᠎ᠠ ᠪᠢᠴᠢᠵᠦ ᠤᠷᠤᠭᠤᠯᠤᠬᠰᠠᠨ ᠬᠠᠤᠯᠢ ᠪᠤᠯᠤᠨ᠎ᠠ᠃ 2023 ᠣᠨ᠎ᠳᠤ ᠵᠠᠰᠠᠪᠤᠷᠢ ᠣᠷᠣᠭᠤᠯᠤᠭᠰᠠᠨ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ ᠲᠣᠭᠲᠠᠭ᠋ᠠᠬᠤ ᠬᠠᠤᠯᠢ》᠎ᠳᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠵᠤ᠂ ᠬᠤᠯᠪᠣᠭᠳᠠᠯ ᠪᠥᠬᠦᠶ ᠬᠠᠤᠯᠢ ᠲᠣᠭᠲᠠᠭ᠋ᠠᠬᠤ᠎ᠳᠤ ᠲᠣᠳᠣᠷᠬᠠᠶ ᠬᠠᠤᠯᠢ ᠴᠠᠭ᠋ᠠᠵᠠ ᠵᠢᠨ ᠦᠨᠳᠦᠰᠦᠯᠡᠯ ᠬᠠᠩᠭ᠋ᠠᠬᠤ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠵᠠᠶ᠃

   ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢᠨ ᠦᠨᠳᠦᠰᠦ ᠮᠥᠨ᠂ ᠪᠠᠰᠠ ᠴᠤ᠌ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠤᠯᠤᠰ ᠲᠦᠷᠦ ᠵᠢᠨ ᠲᠠᠯ᠎ᠠ᠎ᠪᠠᠷ᠎ᠬᠢ ᠪᠣᠳᠠᠲᠠᠢ ᠢᠯᠡᠷᠡᠯ ᠮᠥᠨ᠃ ᠦᠨᠳᠦᠰᠦᠨ ᠬᠠᠤᠯᠢ ᠪᠣᠯᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ᠎ᠳᠤ ᠴᠥᠭᠡᠨ ᠲᠣᠭ᠋ᠠᠲᠤ ᠦᠨᠳᠦᠰᠦᠲᠡᠨ᠎ᠨᠦᠭᠦᠳ᠎ᠲᠤ ᠲᠤᠰ ᠦᠨᠳᠦᠰᠦᠲᠡᠨ᠎ᠤ ᠳᠣᠲᠣᠭ᠋ᠠᠳᠤ ᠬᠡᠷᠡᠭ ᠶᠠᠪᠤᠳᠠᠯ᠎ᠳᠤ ᠥᠪᠡᠷᠲᠡᠭᠡᠨ ᠵᠠᠰᠠᠬᠤ ᠡᠷᠬᠡ ᠣᠯᠭᠣᠵᠤ᠂ ᠴᠥᠭᠡᠨ ᠲᠣᠭ᠋ᠠᠲᠤ ᠦᠨᠳᠦᠰᠦᠲᠡᠨ᠎ᠤ ᠣᠯᠠᠨ ᠲᠦᠮᠡᠨ᠎ᠢ ᠭᠦᠨ ᠬᠠᠯᠠᠮᠵᠢᠯᠠᠵᠤ ᠪᠠᠶ᠋ᠢᠬᠤ ᠪᠠ ᠬᠠᠤᠯᠢ ᠴᠠᠭ᠋ᠠᠵᠠ ᠵᠢᠨ ᠪᠠᠲᠤᠯᠠᠭ᠎ᠠ ᠭᠦᠢ᠍ᠴᠡᠳ ᠪᠠᠶ᠋ᠢᠬᠤ ᠵᠢ ᠭᠦᠢ᠍ᠴᠡᠳ ᠬᠠᠷᠠᠭᠤᠯᠪᠠ᠃ 2023 ᠣᠨ᠎ᠤ 10 ᠳ᠋ᠤᠭ᠋ᠠᠷ ᠰᠠᠷ᠎ᠠ᠎ᠳᠤ ᠪᠠᠲᠤᠯᠠᠭᠰᠠᠨ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ᠎ᠤᠨ ᠬᠠᠤᠯᠢ》᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠭ᠋ᠠᠪᠠ᠃ ᠡᠳᠡᠭᠡᠷ᠎ᠨᠢ ᠴᠥᠮ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢᠨ ᠲᠥᠯᠥᠭᠡ ᠬᠠᠥᠯᠢ᠎ᠪᠠᠷ ᠵᠠᠰᠠᠬᠤ ᠰᠠᠭᠤᠷᠢ ᠵᠢ ᠪᠠᠬᠢᠵᠢᠭᠦᠯᠵᠡᠢ᠃

   ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠲᠥᠯᠥᠪᠵᠢᠭᠦᠯᠦᠨ ᠪᠠᠶ᠋ᠢᠷᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠲᠡᠦᠬᠡᠲᠦ ᠴᠢᠨᠠᠷᠲᠠᠢ ᠠᠮᠵᠢᠯᠲᠠ ᠤᠯᠬᠤ ᠵᠢ ᠵᠢᠯᠣᠭᠤᠳᠤᠨ ᠠᠬᠢᠭᠤᠯᠪᠠ᠃ ᠭᠡᠪᠡᠴᠦ ᠣᠳᠣᠬᠠᠨ᠎ᠳᠤ ᠬᠡᠰᠡᠭ ᠦᠨᠳᠦᠰᠦᠲᠡᠨ᠎ᠤ ᠠᠵᠢᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠢᠰᠲ᠋ᠧᠮ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠡᠨᠡ ᠬᠦ᠌ ᠱᠠᠭ᠋ᠠᠷᠳᠠᠯᠭ᠎ᠠ᠎ᠲᠠᠢ ᠵᠣᠬᠢᠬᠤ ᠬᠡᠮᠵᠢᠶᠡᠨ ᠳᠡᠭᠡᠷ᠎ᠡ ᠵᠣᠬᠢᠴᠠᠬᠤ  ᠦᠭᠡᠢ᠂ ᠠᠪᠴᠠᠯᠳᠤᠬᠤ ᠦᠭᠡᠢ ᠪᠠᠶ᠋ᠢᠳᠠᠯ ᠣᠷᠣᠰᠢᠵᠤ ᠪᠠᠶ᠋ᠢᠨ᠎ᠠ᠂ ᠡᠨᠡ᠎ᠨᠢ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠤᠨ ᠭᠤᠣᠯ ᠱᠤᠭᠤᠮ᠎ᠯᠤᠭ᠎ᠠ ᠵᠣᠬᠢᠴᠠᠯᠳᠤᠬᠤ ᠦᠭᠡᠢ ᠦᠨᠳᠦᠰᠦᠲᠡᠨ᠎ᠤ ᠲᠦᠷᠦ ᠵᠢᠨ ᠪᠤᠳᠤᠯᠭ᠎ᠠ᠎ᠳᠤ ᠴᠠᠭ ᠲᠤᠬᠠᠢ᠎ᠳᠤᠨᠢ ᠲᠤᠬᠢᠷᠠᠭᠤᠯᠤᠯᠳᠠ ᠬᠢᠬᠦ ᠴᠢᠬᠤᠯᠠᠲᠠᠢ ᠪᠠᠶ᠋ᠢᠨ᠎ᠠ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠵᠥᠷᠢᠶᠡᠲᠦ ᠣᠷᠣᠨ ᠪᠦᠰᠡ ᠵᠢᠨ ᠳᠡᠮᠵᠢᠯᠭᠡ ᠵᠢᠨ ᠲᠦᠷᠦ ᠵᠢᠨ ᠪᠤᠳᠤᠯᠭ᠎ᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠡᠯ᠎ᠡ ᠣᠷᠣᠨ ᠨᠤᠲᠤᠭ᠂ ᠡᠯ᠎ᠡ ᠬᠦᠷᠢᠶᠡᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠬᠤ ᠵᠡᠷᠭᠡ ᠲᠠᠯ᠎ᠠ ᠵᠢᠨ ᠠᠮᠵᠢᠯᠲᠠ᠎ᠲᠠᠢ ᠲᠤᠷᠰᠢᠯᠭ᠎ᠠ ᠵᠢ ᠳ᠋ᠦᠩᠨᠡᠵᠦ᠂ ᠲᠡᠭᠦᠨ᠎ᠢ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠭ᠋ᠠᠨ ᠪᠣᠯᠪᠠᠰᠤᠷᠠᠭᠤᠯᠤᠨ ᠳᠡᠭᠡᠭᠰᠢᠯᠡᠭᠦᠯᠵᠦ᠂ ᠬᠠᠤᠯᠢ ᠲᠣᠭᠲᠠᠭ᠋ᠠᠬᠤ ᠳᠤᠲᠠᠭᠤᠳᠠᠯ᠎ᠢ ᠲᠦᠷᠭᠡᠨ ᠨᠥᠬᠦᠪᠥᠷᠢᠯᠡᠬᠦ ᠬᠡᠷᠡᠭᠲᠡᠢ᠃

   ᠬᠠᠤᠯᠢ᠎ᠪᠠᠷ ᠵᠠᠰᠠᠬᠤ ᠰᠡᠳᠬᠢᠭᠦᠢ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ ᠵᠶ᠋ᠠᠷ ᠦᠨᠳᠦᠰᠦᠳᠡᠨ᠎ᠤ ᠠᠰᠠᠭᠤᠳᠠᠯ᠎ᠢ ᠰᠢᠢ᠍ᠳᠪᠦᠷᠢᠯᠡᠵᠦ᠂ ᠦᠨᠳᠦᠰᠦᠳᠡᠨ᠎ᠤ ᠬᠠᠷᠢᠴᠠᠭ᠎ᠠ ᠵᠢ ᠵᠦᠪ ᠰᠢᠢ᠍ᠳᠪᠦᠷᠢᠯᠡᠨ᠂ ᠦᠨᠳᠦᠰᠦᠳᠡᠨ᠎ᠤ ᠬᠡᠷᠡᠭ ᠶᠠᠪᠤᠳᠠᠯ᠎ᠤᠨ ᠵᠠᠰᠠᠯᠳᠠ ᠵᠢᠨ ᠴᠢᠳᠠᠪᠤᠷᠢ ᠪᠠ ᠬᠢᠷᠢ ᠲᠦᠪᠰᠢᠨ᠎ᠢ ᠲᠡᠭᠡᠭᠰᠢᠯᠡᠭᠦᠯᠦᠨ᠎ᠡ

   ᠬᠠᠤᠯᠢ ᠵᠠᠷᠯᠠᠯ ᠬᠡᠷᠡᠭᠵᠢᠭᠦᠯᠪᠡᠰᠦ ᠤᠯᠤᠰ᠎ᠢ ᠵᠠᠰᠠᠵᠤ᠂ ᠬᠠᠤᠯᠢ ᠵᠠᠷᠯᠠᠯ ᠰᠤᠯᠠᠷᠠᠪᠠᠯ ᠤᠯᠤᠰ᠎ᠤᠨ ᠰᠠᠮᠠᠭᠤᠷᠠᠯ᠎ᠢ ᠡᠭᠦᠰᠭᠡᠨ᠎ᠡ》᠃ ᠬᠠᠤᠯᠢ᠎ᠪᠠᠷ ᠵᠠᠰᠠᠬᠤ ᠰᠡᠳᠬᠢᠬᠦᠶ ᠪᠤᠯ ᠬᠠᠤᠯᠢ ᠴᠠᠭ᠋ᠠᠵᠠ ᠵᠢ ᠵᠥᠪ ᠪᠤᠷᠤᠭᠤ ᠪᠠ ᠬᠡᠷᠡᠭ ᠶᠠᠪᠤᠳᠠᠯ᠎ᠢ ᠰᠢᠢ᠍ᠳᠪᠦᠷᠢᠯᠡᠬᠦ ᠪᠠᠷᠢᠮᠵᠢᠶ᠎ᠠ ᠪᠣᠯᠭ᠋ᠠᠬᠤ ᠰᠡᠳᠬᠢᠬᠦᠶ ᠵᠢᠨ ᠠᠷᠭ᠎ᠠ ᠮᠠᠶᠢᠭ  ᠮᠥᠨ᠃ ᠬᠠᠤᠯᠢ᠎ᠪᠠᠷ ᠵᠠᠰᠠᠬᠤ ᠰᠡᠳᠬᠢᠬᠦᠶ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ ᠵᠶ᠋ᠠᠷ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠢ ᠪᠠᠷᠢᠮᠲᠠᠯᠠᠵᠤ᠂ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠶ᠋ᠠᠷ ᠵᠥᠪ ᠪᠤᠷᠤᠭᠤ ᠵᠢ ᠦᠨᠡᠯᠡᠨ ᠮᠠᠭ᠋ᠠᠳᠯᠠᠬᠤ ᠪᠠᠷᠢᠮᠵᠢᠶ᠎ᠠ ᠪᠣᠯᠭ᠋ᠠᠵᠤ᠂ ᠨᠡᠶ᠋ᠢᠭᠡᠮ᠎ᠤᠨ ᠬᠠᠷᠢᠴᠠᠭ᠎ᠠ ᠵᠢ ᠲᠣᠬᠢᠷᠠᠭᠤᠯᠬᠤ᠂ ᠨᠡᠶ᠋ᠢᠭᠡᠮ᠎ᠤᠨ ᠡᠮᠬᠢ ᠵᠢᠷᠤᠮ᠎ᠢ ᠳᠠᠬᠢᠨ ᠴᠣᠭᠴᠠᠯᠠᠬᠤ ᠪᠠᠷᠢᠮᠵᠢᠶ᠎ᠠ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠬᠤ ᠬᠡᠷᠡᠭᠲᠡᠶ᠃

   ᠬᠥᠮᠦᠨ ᠵᠶ᠋ᠠᠷ ᠦᠨᠳᠦᠰᠦ ᠪᠣᠯᠭ᠋ᠠᠬᠤ᠂ ᠠᠷᠠᠳ᠎ᠤᠨ ᠲᠥᠯᠥᠭᠡ ᠬᠠᠤᠯᠢ ᠲᠣᠭᠲᠠᠭ᠋ᠠᠬᠤ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠭᠤᠣᠯ ᠱᠤᠭᠤᠮ ᠪᠣᠯᠤᠨ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠡᠭᠦᠷᠭᠡ᠎ᠲᠠᠢ ᠨᠢᠭᠲᠠ ᠤᠶᠠᠯᠳᠤᠭᠤᠯᠤᠨ᠂ ᠪᠣᠳᠠᠲᠠᠢ᠎ᠠᠴᠠ ᠡᠭᠦᠰᠬᠦ ᠵᠢ ᠪᠠᠷᠢᠮᠲᠠᠯᠠᠵᠤ᠂ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠡᠷᠬᠡ ᠵᠢ ᠬᠠᠤᠯᠢ ᠶᠣᠰᠣᠭ᠋ᠠᠷ ᠰᠠᠶ᠋ᠢᠲᠤᠷ ᠬᠡᠷᠡᠭᠯᠡᠵᠦ᠂ ᠬᠠᠥᠯᠢ᠎ᠪᠠᠷ ᠵᠠᠰᠠᠬᠤ ᠬᠦᠴᠦᠨ ᠵᠶ᠋ᠠᠷ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠨᠡᠶ᠋ᠢᠭᠡᠮ᠎ᠤᠨ ᠲᠥᠪ ᠭᠤᠣᠯᠴᠢ ᠰᠢᠳᠤᠷᠭᠤ ᠶᠣᠰᠣ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠪᠠᠲᠤᠯᠠᠭ᠎ᠠ ᠬᠠᠩᠭ᠋ᠠᠬᠤ ᠬᠡᠷᠡᠭᠲᠡᠢ᠃  ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠬᠠᠥᠯᠢ᠎ᠪᠠᠷ ᠵᠠᠰᠠᠬᠤ ᠲᠦᠪᠰᠢᠨ᠎ᠢ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠤᠯᠢ ᠴᠠᠭ᠋ᠠᠵᠠ ᠵᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠢᠮᠠᠭᠲᠠ ᠬᠠᠥᠯᠢ᠎ᠪᠠᠷ ᠵᠠᠰᠠᠬᠤ ᠵᠠᠮ ᠵᠶ᠋ᠠᠷ ᠶᠠᠪᠤᠭᠳᠠᠬᠤ ᠵᠢ ᠦᠨᠡᠨ ᠬᠦ᠌ ᠪᠠᠲᠤᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ᠂ ᠬᠠᠤᠯᠢ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠵᠤ᠂ ᠤᠯᠤᠰ᠎ᠤᠨ ᠠᠮᠤᠷ ᠲᠦᠪᠰᠢᠨ᠂ ᠦᠨᠳᠦᠰᠦᠲᠡᠨ᠎ᠤ ᠪᠦᠯᠬᠦᠮᠳᠡᠯ᠂ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ ᠬᠡᠷᠡᠭᠲᠡᠢ᠃

   ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠬᠠᠤᠯᠢ ᠵᠢ ᠲᠣᠭᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠳᠦᠷᠢᠮ ᠲᠣᠭᠲᠠᠴᠠ ᠵᠢ ᠪᠦᠷᠢᠨᠰᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠢ ᠴᠢᠩᠭ᠋ᠠᠷᠠᠭᠤᠯᠤᠨ᠎ᠠ᠃ ᠣᠳᠣᠬᠠᠨ᠎ᠳᠤ᠂ ᠵᠠᠷᠢᠮ ᠭᠠᠵᠠᠷ ᠣᠷᠣᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠢ ᠵᠠᠯᠭ᠋ᠠᠭ᠎ᠠ᠎ᠪᠠᠷ ᠲᠣᠭᠲᠠᠭ᠋ᠠᠨ ᠨᠡᠶ᠋ᠢᠲᠡᠯᠡᠵᠦ᠂ ᠬᠠᠮᠢᠶ᠎ᠠ ᠪᠥᠬᠦᠶ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠳᠤ ᠵᠠᠰᠠᠪᠤᠷᠢ ᠣᠷᠣᠭᠤᠯᠬᠤ᠎ᠪᠠᠷ ᠳᠠᠮᠵᠢᠭᠤᠯᠤᠨ᠂ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ᠎ᠳᠤ ᠬᠠᠤᠯᠢ ᠴᠠᠭ᠋ᠠᠵᠠ ᠵᠢᠨ ᠠᠯᠪᠠᠳᠠᠯᠭ᠎ᠠ ᠵᠢᠨ ᠬᠦᠴᠦᠨ ᠣᠯᠭᠤᠵᠤ᠂ ᠦᠨᠳᠦᠰᠦᠲᠡᠨ᠎ᠤ ᠠᠰᠠᠭᠤᠳᠠᠯ᠎ᠢ ᠵᠥᠪ ᠵᠶ᠋ᠠᠷ ᠰᠢᠢ᠍ᠳᠪᠦᠷᠢᠯᠡᠬᠦ ᠬᠠᠤᠯᠢ᠎ᠪᠠᠷ ᠵᠠᠰᠠᠬᠤ ᠰᠠᠭᠤᠷᠢ ᠵᠢ ᠪᠠᠲᠤᠳᠬᠠᠪᠠ᠃ ᠰᠣᠶᠣᠯ᠎ᠢ ᠮᠡᠳᠡᠷᠡᠬᠦ ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠵᠢ ᠤᠯᠠᠮ ᠨᠢᠭᠡ ᠠᠯᠬᠤᠮ ᠲᠣᠭᠲᠠᠭ᠋ᠠᠨ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ ᠬᠡᠷᠡᠭᠲᠡᠢ᠃  ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠪᠠᠢ᠌ᠭᠤᠯᠭ᠎ᠠ᠎ᠨᠤᠭᠤᠳ ᠦᠨᠳᠦᠰᠦᠲᠡᠨ᠎ᠤ ᠬᠠᠤᠯᠢ ᠲᠣᠭᠲᠠᠭ᠋ᠠᠯ᠎ᠢ ᠦᠨᠡᠯᠡᠨ ᠵᠢᠱ᠌ᠢᠬᠦ ᠪᠠᠶ᠋ᠢᠩᠭᠤ ᠵᠢᠨ ᠴᠢᠨᠠᠷᠲᠠᠶ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠳᠡᠭᠡᠳᠦ ᠱᠠᠲᠤᠨ᠎ᠤ ᠬᠠᠤᠯᠢ᠎ᠯᠤᠭ᠎ᠠ ᠬᠠᠷᠰᠢᠯᠳᠤᠭᠰᠠᠨ᠂ ᠠᠳᠠᠯᠢ ᠪᠠᠶ᠋ᠢᠷᠢ ᠵᠢᠨ ᠬᠠᠤᠯᠢ᠎ᠯᠤᠭ᠎ᠠ ᠵᠣᠬᠢᠴᠠᠯᠳᠤᠬᠤ ᠦᠭᠡᠶ᠂ ᠨᠡᠶ᠋ᠢᠭᠡᠮ᠎ᠤᠨ ᠠᠵᠤ ᠠᠬᠤᠶ ᠵᠢᠨ ᠬᠥᠭᠵᠢᠯᠲᠡ᠎ᠯᠦᠭᠡ ᠲᠣᠬᠢᠷᠠᠯᠴᠠᠬᠤ ᠦᠭᠡᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠢ ᠴᠠᠭ ᠲᠤᠬᠠᠶ᠎ᠳᠤᠨᠢ ᠢᠯᠭ᠋ᠠᠷᠠᠭᠤᠯᠬᠤ ᠬᠡᠷᠡᠭᠲᠡᠶ᠃

   ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢ ᠠᠬᠢᠭᠤᠯᠬᠤ ᠬᠡᠷᠡᠭᠲᠡᠢ

   ᠦᠨᠳᠦᠰᠦᠲᠡᠨ᠎ᠤ ᠠᠵᠢᠯ ᠪᠣᠯ ᠬᠥᠮᠦᠨ᠎ᠤ ᠰᠡᠳᠬᠢᠯ᠎ᠢ ᠨᠢᠭᠲᠠᠷᠠᠭᠤᠯᠬᠤ᠂ ᠬᠦᠴᠦᠨ ᠴᠢᠳᠠᠯ᠎ᠢ ᠬᠤᠷᠠᠮᠳᠤᠭᠤᠯᠬᠤ ᠠᠵᠢᠯ ᠮᠥᠨ᠂ ᠦᠨᠳᠦᠰᠦᠲᠡᠨ᠎ᠤ ᠤᠬᠠᠭᠤᠯᠭ᠎ᠠ᠎ᠳᠤ ᠬᠤᠯᠪᠣᠭᠳᠠᠬᠤ ᠰᠠᠶ᠋ᠢᠨ ᠰᠠᠶ᠋ᠢᠬᠠᠨ ᠡᠰᠡᠬᠦ᠎ᠨᠢ ᠬᠥᠮᠦᠨ᠎ᠤ ᠰᠡᠳᠬᠢᠯ᠎ᠤᠨ ᠬᠠᠨᠳᠤᠰᠢ᠎ᠳᠤ ᠬᠤᠯᠪᠣᠭᠳᠠᠵᠤ᠂ ᠨᠠᠮ ᠪᠠ ᠤᠯᠤᠰ᠎ᠤᠨ ᠲᠦᠷᠢ ᠲᠥᠷᠬᠦ᠎ᠲᠠᠢ ᠬᠤᠯᠪᠣᠭᠳᠠᠨ᠎ᠠ᠃ ᠬᠠᠤᠯᠢ ᠴᠠᠭ᠋ᠠᠵᠠ᠎ᠨᠢ ᠬᠥᠲᠥᠯᠥᠨ ᠵᠢᠯᠣᠭᠣᠳᠬᠤ ᠪᠠ ᠬᠥᠮᠦᠵᠢᠭᠦᠯᠬᠦ ᠦᠢ᠍ᠯᠡᠳᠦᠯ᠎ᠲᠠᠢ ᠪᠥᠭᠡᠳ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠠᠪᠰᠤᠷᠤᠨ ᠵᠥᠪ ᠣᠨᠣᠪᠴᠢᠲᠠᠶ ᠥᠷᠲᠡᠭ᠎ᠤᠨ ᠦᠵᠡᠯᠲᠡ ᠪᠠ ᠦᠢ᠍ᠯᠡ ᠠᠵᠢᠯᠯᠠᠭ᠎ᠠ ᠵᠢᠨ ᠠᠷᠭ᠎ᠠ ᠮᠠᠶᠢᠭ᠎ᠢ ᠪᠣᠶ ᠪᠣᠯᠭ᠋ᠠᠵᠤ ᠴᠢᠳᠠᠬᠤ ᠶᠤᠮ᠃ ᠡᠶ᠋ᠢᠮᠦ᠎ᠠᠴᠠ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠤᠯᠤᠰ᠎ᠤᠨ ᠤᠬᠠᠮᠰᠠᠷ᠂ ᠠᠷᠠᠳ ᠢᠷᠭᠡᠳ᠎ᠤᠨ ᠤᠬᠠᠮᠰᠠᠷ᠂ ᠬᠠᠤᠯᠢ᠎ᠪᠠᠷ ᠵᠠᠰᠠᠬᠤ ᠤᠬᠠᠮᠰᠠᠷ᠎ᠢ᠎ᠨᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠬᠦ ᠬᠡᠷᠡᠭᠲᠡᠶ᠃

   ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠴᠢᠩᠭ᠋ᠠᠳᠬᠠᠬᠤ ᠪᠣᠯ ᠤᠯᠤᠰ᠎ᠤᠨ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠺᠠᠳ᠋ᠷᠴᠤᠳ᠎ᠤᠨ ᠰᠤᠷᠤᠯᠴᠠᠯᠭ᠎ᠠ ᠪᠣᠯᠪᠠᠰᠣᠷᠠᠯ᠎ᠤᠨ ᠵᠠᠪᠠᠯ ᠰᠤᠷᠬᠤ ᠠᠭᠤᠯᠭ᠎ᠠ᠎ᠳᠤ ᠣᠷᠣᠭᠤᠯᠵᠤ᠂ ᠶᠡᠭᠡ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠵᠠᠪᠠᠯ ᠰᠤᠷᠬᠤ ᠬᠢᠴᠢᠶᠡᠯ᠎ᠳᠤ ᠠᠭᠤᠰᠤᠯᠴᠠᠭᠤᠯᠤᠨ᠂ ᠣᠯᠠᠨ ᠲᠦᠮᠡᠨ᠎ᠤ ᠰᠤᠷᠭ᠋ᠠᠨ ᠬᠥᠮᠦᠵᠢᠯ᠎ᠤᠨ ᠪᠥᠬᠦ ᠶᠠᠪᠤᠴᠠ ᠵᠢᠨ ᠡᠯ᠎ᠡ ᠲᠠᠯ᠎ᠠ᠎ᠳᠤ ᠰᠢᠭᠢᠳᠭᠡᠬᠦ ᠬᠡᠷᠡᠭᠲᠡᠶ᠃  ᠥᠷᠭᠡᠨ ᠤᠯᠠᠨ ᠠᠷᠠᠳ ᠲᠦᠮᠡᠨ᠎ᠳᠤ ᠮᠠᠨ᠎ᠤ ᠤᠯᠤᠰ᠎ᠤᠨ ᠥᠨᠢ ᠤᠳᠠᠭ᠋ᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ᠎ᠢ ᠭᠦᠨᠵᠡᠭᠡᠢ ᠣᠶ᠋ᠢᠯᠠᠭ᠋ᠠᠭᠤᠯᠵᠤ᠂ ᠤᠯᠤᠰ ᠪᠠ ᠦᠨᠳᠦᠰᠦᠲᠡᠨ ᠵᠶ᠋ᠠᠨ ᠮᠡᠳᠡᠷᠡᠬᠦ ᠰᠡᠳᠬᠢᠯᠭᠡ ᠵᠢ ᠨᠡᠮᠡᠭᠳᠡᠭᠦᠯᠦᠨ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠵᠥᠪ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠤᠢ ᠪᠣᠯᠭ᠋ᠠᠵᠤ᠂ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠲᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠲᠤ ᠪᠠᠬᠢ ᠪᠤᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠂ ᠨᠡᠶ᠋ᠢᠭᠡᠮ ᠳᠠᠶᠠᠭ᠋ᠠᠷ᠎ᠲᠤ ᠤᠯᠤᠰ᠎ᠤᠨ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠬᠠᠮᠲᠤ᠎ᠪᠠᠷ ᠬᠠᠮᠠᠭ᠋ᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃  ᠦᠨᠳᠦᠰᠦᠲᠡᠨ᠎ᠤ ᠭᠠᠵᠠᠷ ᠣᠷᠣᠨ᠎ᠤ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ᠂ ᠤᠯᠤᠰ ᠣᠷᠣᠨ᠎ᠤ ᠨᠢᠭᠡᠳᠦᠯ᠎ᠢ ᠬᠠᠮᠠᠭ᠋ᠠᠯᠠᠬᠤ ᠵᠡᠷᠭᠡ᠎ᠪᠠᠷ ᠭᠤᠣᠯ ᠰᠡᠳᠦᠪ ᠪᠣᠯᠭ᠋ᠠᠭᠰᠠᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠠᠷᠠᠳ ᠣᠯᠠᠨ᠎ᠤ ᠬᠠᠤᠯᠢ ᠵᠢ ᠬᠦᠨᠳᠦᠳᠬᠡᠬᠦ᠂ ᠬᠠᠤᠯᠢ ᠵᠢ ᠰᠤᠷᠤᠯᠴᠠᠬᠤ᠂ ᠬᠠᠤᠯᠢ ᠵᠢ ᠰᠠᠬᠢᠬᠤ᠂ ᠬᠠᠤᠯᠢ ᠵᠢ ᠬᠡᠷᠡᠭᠯᠡᠬᠦ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠴᠢᠷᠮᠠᠶ᠋ᠢᠨ   ᠳᠡᠭᠡᠭᠰᠢᠯᠡᠭᠦᠯᠦᠨ᠎ᠡ᠃ ᠤᠳᠤᠷᠢᠳᠬᠤ ᠺᠠᠳ᠋ᠷ᠎ᠤᠨ ᠬᠠᠤᠯᠢ᠎ᠪᠠᠷ ᠵᠠᠰᠠᠬᠤ ᠰᠡᠳᠬᠢᠬᠦᠶ ᠵᠢ ᠬᠥᠮᠦᠵᠢᠭᠦᠯᠬᠦ ᠵᠢ ᠴᠢᠩᠭ᠋ᠠᠳᠬᠠᠵᠤ᠂ ᠤᠳᠤᠷᠢᠳᠬᠤ ᠺᠠᠳ᠋ᠷ᠎ᠤᠨ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ ᠪᠣᠯᠤᠨ ᠬᠢᠷᠢ ᠬᠡᠮᠵᠢᠶ᠎ᠡ ᠵᠢ ᠪᠦᠲᠦᠮᠵᠢᠲᠡᠶ ᠳᠡᠭᠡᠭᠰᠢᠯᠡᠭᠦᠯᠦᠨ᠎ᠡ᠃  ᠦᠨᠳᠦᠰᠦᠲᠡᠨ᠎ᠨᠦᠭᠦᠳ᠎ᠤᠨ ᠣᠷᠣᠨ ᠵᠠᠢ᠂ ᠰᠣᠶᠣᠯ᠂ ᠰᠡᠳᠬᠢᠴᠡ ᠵᠡᠷᠭᠡ ᠲᠠᠯ᠎ᠠ᠎ᠪᠠᠷ ᠪᠦᠬᠦ ᠲᠠᠯ᠎ᠠ᠎ᠪᠠᠷ ᠰᠢᠭᠢᠳᠬᠦ ᠵᠢ ᠭᠦᠨᠵᠡᠭᠡᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠥᠯᠢ᠎ᠪᠠᠷ ᠵᠠᠰᠠᠬᠤ ᠰᠣᠶᠣᠯ᠎ᠳᠤ ᠣᠷᠣᠯᠴᠠᠬᠤ ᠪᠠ ᠣᠶ᠋ᠢᠯᠠᠭ᠋ᠠᠬᠤ ᠦᠢ᠍ᠯᠡᠳᠦᠯᠭᠡ ᠳᠤᠮᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠤᠬᠠᠢ ᠮᠡᠳᠡᠷᠡᠮᠵᠢ ᠵᠢ ᠳᠡᠭᠡᠭᠰᠢᠯᠡᠭᠦᠯᠬᠦ ᠬᠡᠷᠡᠭᠲᠡᠢ᠃

  (ᠵᠤᠬᠢᠶᠠᠭᠴᠢ᠄ ᠠᠢ ᠢ ᠭᠦ᠋ ᠯᠢ᠂ ᠰᠠᠯᠪᠤᠷᠢ ᠵᠢᠨ ᠲᠦᠪ᠎ᠤᠨ ᠦᠨᠳᠦᠰᠦᠳᠡᠨ᠎ᠤ ᠶᠡᠭᠡ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠲᠡᠭᠡᠳᠤ ᠰᠤᠷᠭ᠋ᠠᠭᠤᠯᠢ ᠵᠢᠨ ᠲᠡᠳ᠋ ᠫᠷᠤᠹᠧᠰᠰᠤᠷ)

 

ᠢᠷᠡᠯᠲᠡ᠄ ᠭᠤᠸᠠᠩ ᠮᠢᠩ ᠡᠳᠦᠷ᠎ᠤᠨ ᠰᠣᠨᠢᠨ