ᠪᠥᠬᠦ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ ᠪᠠᠶ᠋ᠢᠭ᠎ᠠ ᠲᠠᠰᠢᠷᠠᠮ᠎ᠳᠤ᠂ 5 ᠳ᠋ᠤᠭ᠋ᠠᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠬᠥᠬᠡᠬᠤᠲᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠠᠳᠤᠭᠤᠨ᠎ᠤ ᠰᠤᠳᠤᠯᠭ᠋ᠠᠨ᠎ᠤ ᠬᠡᠯᠲᠡᠰ᠎ᠤᠨ ᠳᠡᠳ᠋ ᠡᠷᠬᠢᠯᠡᠭᠴᠢ᠂ ᠬᠤᠶᠠᠳᠤᠭ᠋ᠠᠷ ᠳᠡᠰ᠎ᠤᠨ ᠫᠷᠤᠹᠧᠰᠰᠤᠷ ᠯᠢ ᠶᠠᠨ ᠹᠧᠨᠢ ᠤᠷᠢᠵᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ》 ᠲᠤᠰᠬᠠᠶ ᠰᠡᠳᠦᠪᠲᠦ ᠵᠢᠯᠣᠭᠤᠳᠣᠯᠭ᠎ᠠ ᠬᠢᠯᠭᠡᠪᠡ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠭᠦᠸᠧ ᠰᠢᠨ ᠢᠦᠶ ᠬᠤᠷᠠᠯ ᠡᠷᠭᠢᠯᠡᠪᠡ᠃
ᠯᠢ ᠶᠠᠨ ᠹᠧᠨ ᠫᠷᠤᠹᠧᠰᠰᠤᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠣᠯ ᠱᠤᠭᠤᠮ᠎ᠤᠨ ᠲᠣᠭᠤᠷᠢᠨ᠎ᠳᠤ᠂ ᠪᠦᠷᠢᠯᠳᠦᠬᠦ ᠶᠠᠪᠤᠴᠠ ᠵᠢ ᠵᠥᠪ ᠵᠶ᠋ᠠᠷ ᠲᠠᠨᠢᠬᠤ᠂ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ᠎ᠢ ᠣᠨᠣᠪᠴᠢᠲᠠᠢ ᠡᠵᠡᠮᠳᠡᠬᠦ᠂ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠢ ᠲᠠᠨᠢᠬᠤ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠤᠬᠠᠮᠰᠠᠷ᠎ᠠᠴᠠ᠎ᠪᠠᠨ ᠨᠠᠶ᠋ᠢᠳᠠᠪᠤᠷᠢᠵᠢᠭᠤᠯᠬᠤ ᠵᠡᠷᠭᠡ ᠤᠯᠠᠨ ᠲᠠᠯ᠎ᠠ᠎ᠠᠴᠠ ᠪᠦᠬᠦ ᠲᠠᠯ᠎ᠠ᠎ᠪᠠᠷ ᠰᠢᠰᠲ᠋ᠧᠮ᠎ᠲᠠᠢ ᠲᠣᠳᠣᠷᠬᠠᠶ᠋ᠢᠯᠠᠨ ᠥᠭᠦᠯᠡᠪᠡ᠃
ᠲᠣᠰ ᠤᠳᠠᠭ᠋ᠠᠨ᠎ᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠵᠢ ᠥᠷᠨᠢᠭᠦᠯᠬᠦ ᠪᠣᠯ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠪᠣᠳᠠᠲᠠᠶ ᠠᠵᠢᠯᠯᠠᠭ᠎ᠠ ᠮᠥᠨ᠂ ᠪᠠᠰᠠ ᠴᠤ᠌ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠵᠤ᠂ 《ᠬᠤᠶᠠᠷ ᠰᠠᠷ᠎ᠠ ᠨᠢᠭᠡ ᠭᠠᠷᠠᠭ》᠎ᠤᠨ ᠤᠬᠠᠭᠤᠯᠭ᠎ᠠ ᠬᠥᠮᠦᠵᠢᠯ᠎ᠢ ᠪᠠᠶ᠋ᠢᠩᠭᠤᠵᠢᠭᠤᠯᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ ᠠᠷᠭ᠎ᠠ ᠬᠡᠮᠵᠢᠶ᠎ᠡ ᠵᠢᠨ ᠨᠢᠭᠡ ᠮᠥᠨ᠃ ᠡᠨᠡ ᠬᠦ᠌ ᠬᠤᠭᠤᠴᠠᠭ᠋ᠠᠨ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠢᠳᠡᠪᠬᠢᠲᠡᠶ ᠬᠥᠳᠡᠯᠦᠯᠴᠡᠵᠦ᠂ ᠣᠨᠣᠯ ᠰᠤᠷᠤᠯᠴᠠᠬᠤ ᠭᠤᠤᠯ ᠳᠤᠭᠤᠶ᠋ᠢᠯᠠᠩ᠂ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠬᠡᠯᠪᠡᠷᠢ᠎ᠪᠠᠷ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠣᠬᠢᠶᠠᠨ ᠪᠠᠶ᠋ᠢᠭᠤᠯᠤᠨ ᠰᠤᠷᠤᠯᠴᠠᠵᠤ᠂ ᠪᠠᠶᠠᠯᠢᠭ ᠰᠠᠶ᠋ᠢᠬᠠᠨ ᠰᠢᠷᠢᠰ ᠠᠵᠢᠯᠯᠠᠭ᠎ᠠ ᠵᠢ ᠨᠠᠷᠢᠨ ᠨᠢᠮᠪᠠᠶ ᠤᠬᠠᠭ᠋ᠠᠯᠠᠨ ᠲᠥᠯᠥᠪᠯᠡᠬᠦ ᠵᠢᠨ ᠬᠠᠮᠲᠤ ᠥᠷᠨᠢᠭᠦᠯᠵᠦ᠂ ᠭᠤᠤᠯ ᠱᠤᠭᠤᠮ᠎ᠤᠨ ᠠᠵᠢᠯ᠎ᠤᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠠᠬᠢᠭᠤᠯᠪᠠ᠃ 《ᠡᠬᠡ ᠪᠠᠶ᠋ᠢᠭ᠋ᠠᠯᠢ᠎ᠳᠤ ᠣᠴᠢᠵᠤ ᠦᠨᠳᠦᠰᠦᠲᠡᠨ᠎ᠤ ᠪᠦᠯᠬᠦᠮᠳᠡᠯ᠎ᠤᠨ ᠰᠢᠨ᠎ᠡ ᠬᠠᠭᠤᠳᠠᠰᠤ ᠵᠢ ᠬᠠᠮᠲᠤ᠎ᠪᠠᠷ ᠵᠢᠷᠤᠭᠯᠠᠬᠤ》 ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ ᠤᠬᠠᠭᠤᠯᠭ᠎ᠠ ᠵᠢᠨ ᠠᠵᠢᠯᠯᠠᠭ᠎ᠠ᠂ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ 《ᠠᠨᠠᠷ᠎ᠤᠨ ᠬᠡᠯᠬᠢᠶ᠎ᠡ》 ᠵᠢᠨ ᠰᠢᠷᠢᠰ ᠠᠵᠢᠯᠯᠠᠭ᠎ᠠ᠎ᠳᠤ ᠣᠷᠣᠯᠴᠠᠬᠤ᠂ ᠶᠠᠳᠠᠭᠤ ᠬᠦᠴᠢᠷᠳᠡᠯᠲᠡᠶ ᠪᠤᠶ᠋ᠢᠳᠠ ᠪᠥᠭᠯᠡᠭᠦᠤ ᠭᠠᠵᠠᠷ ᠣᠷᠣᠨ᠎ᠳᠤ ᠡᠳ᠋ ᠪᠣᠳᠠᠰ ᠬᠠᠨᠳᠢᠪᠯᠠᠬᠤ ᠵᠡᠷᠭᠡ ᠵᠢ ᠡᠷᠬᠢᠯᠡᠪᠡ᠂ ᠡᠲᠡᠭᠡᠷ ᠠᠵᠢᠯᠯᠠᠭ᠎ᠠ᠎ᠨᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠲᠤ ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ ᠵᠢ ᠭᠦᠢ᠍ᠴᠡᠳ ᠢᠯᠡᠷᠡᠭᠦᠯᠪᠡ᠃
ᠲᠠᠷᠠᠭ᠋ᠠᠴᠢ ᠵᠢᠨ ᠠᠯᠬᠤᠮ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ 《ᠬᠤᠶᠠᠷ ᠰᠠᠷ᠎ᠠ ᠨᠢᠭᠡ ᠭᠠᠷᠠᠭ》᠎ᠤᠨ ᠠᠵᠢᠯᠯᠠᠭ᠎ᠠ ᠵᠢ ᠦᠷᠭᠦᠯᠵᠢᠯᠡᠨ ᠰᠠᠶ᠋ᠢᠲᠤᠷ ᠥᠷᠨᠢᠭᠦᠯᠵᠦ᠂ ᠲᠥᠪᠯᠡᠷᠡᠭᠦᠯᠦᠨ ᠤᠬᠠᠭᠤᠯᠤᠨ ᠲᠠᠶ᠋ᠢᠯᠪᠤᠷᠢᠯᠠᠬᠤ ᠵᠢ ᠵᠣᠬᠢᠶᠠᠨ ᠪᠠᠶ᠋ᠢᠭᠤᠯᠵᠤ᠂ ᠨᠡᠶ᠋ᠢᠭᠡᠮ ᠲᠣᠭᠤᠷᠢᠭ᠎ᠤᠨ ᠰᠤᠷᠭ᠋ᠠᠭᠤᠯᠢ᠎ᠳᠤ ᠬᠦᠷᠴᠦ ᠬᠤᠯᠪᠣᠭ᠋ᠠᠯᠠᠨ ᠪᠠᠶ᠋ᠢᠭᠤᠯᠵᠤ ᠬᠠᠮᠲᠤ᠎ᠪᠠᠷ ᠪᠥᠲᠥᠭᠡᠨ ᠪᠠᠶ᠋ᠢᠭᠤᠯᠵᠤ᠂ ᠰᠦᠯᠵᠢᠶᠡᠨ᠎ᠤ ᠥᠷᠲᠡᠭᠡ ᠵᠢᠨ ᠦᠵᠡᠰᠬᠦᠯᠡᠩ᠎ᠤᠨ ᠣᠷᠳᠣᠨ᠎ᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠦᠷ᠎ᠡ ᠪᠦᠲᠦᠭᠡᠯ᠎ᠢ ᠠᠰᠢᠭᠯᠠᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠠ ᠴᠢᠨᠠᠷ ᠰᠠᠶ᠋ᠢᠲᠠᠶ ᠬᠥᠭᠵᠢᠯᠲᠡ ᠵᠢ ᠪᠥᠲᠥᠭᠡᠨ ᠪᠠᠶ᠋ᠢᠭᠤᠯᠵᠤ ᠣᠯᠤᠭᠰᠠᠨ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠳᠡᠯᠭᠡᠨ ᠦᠵᠡᠭᠦᠯᠵᠦ᠂ 《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ ᠵᠢ ᠰᠤᠨᠤᠰᠴᠦ᠂ ᠨᠠᠮ ᠵᠶ᠋ᠠᠨ᠎ᠲᠠᠭᠠᠨ ᠤᠷᠤᠭᠰᠢᠯᠠᠬᠤ》 ᠵᠢ ᠦᠵᠡᠯ ᠰᠠᠨᠠᠭ᠎ᠠ ᠪᠠ ᠠᠵᠢᠯᠯᠠᠭ᠋ᠠᠨ᠎ᠤ ᠤᠬᠠᠮᠰᠠᠷ ᠪᠣᠯᠭ᠋ᠠᠬᠤ ᠬᠡᠷᠡᠭᠲᠡᠢ᠃