6 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠤᠶᠠᠳᠤᠭᠠᠷ ᠤᠯᠠᠷᠢᠯ ᠤᠨ | ᠠᠵᠢᠯᠯᠠᠭᠠᠨ ᠤ ᠭᠠᠷᠠᠭ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠦᠬᠡᠬᠤᠳᠠ ᠳᠤ ᠬᠤᠷᠠᠯᠳᠣᠪᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ | ᠶᠢᠨ ᠭᠠᠷᠠᠭ ᠨᠢ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠬᠦ — ᠨᠡᠶᠢᠬᠡᠮ | ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ︾ ᠪᠠᠷ ᠭᠤᠤᠯ | ᠰᠡᠳᠦᠪ ᠪᠣᠯᠭᠠᠵᠤ᠂ 6 ᠳ᠋ᠤᠭᠠᠷ ᠰᠠᠷ᠎ᠠ ᠶᠢᠨ 15 ᠤ ᠡᠳᠦᠷ ᠠᠴᠠ 21 ᠤ ᠡᠳᠦᠷ ᠪᠣᠯᠲᠠᠯ᠎ᠠ ᠶᠠᠪᠣᠭᠳᠠᠬᠤ ᠪᠣᠯᠣᠨ᠎ᠠ᠃ | ᠡᠬᠢᠯᠡᠯᠲᠡ ᠶᠢᠨ ᠶᠣᠰᠣᠯᠠᠯ ᠢ ᠪᠤᠭᠤᠲᠤ ᠬᠤᠲᠠ ᠶᠢᠨ ᠬᠤᠲᠠ ᠶᠢᠨ ᠳᠤᠮᠳᠠᠬᠢ ᠲᠠᠯ᠎ᠠ ᠨᠤᠲᠤᠭ — ᠰᠠᠶᠢᠬᠠᠨᠲᠠᠯ᠎ᠠ ᠪᠠᠷᠠᠭᠤᠨ | ᠰᠢᠨ᠎ᠡ ᠡᠬᠦᠳᠡᠨ ᠳᠤ ᠶᠠᠪᠣᠭᠳᠠᠭᠤᠯᠬᠤ ᠪᠤᠯᠤᠨ᠎ᠠ᠃ | ᠲᠤᠰ ᠤᠳᠠᠭᠠᠨ ᠤ ᠠᠵᠢᠯᠯᠠᠭᠠᠨ ᠤ ᠭᠠᠷᠠᠭ ᠲᠤ ᠣᠨᠣᠯ ᠤᠨ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ᠂ ᠮᠡᠳᠡᠯᠭᠡ ᠶᠢᠨ ᠲᠠᠶᠢᠯᠤᠮᠵᠢ ᠵᠡᠷᠭᠡ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠯᠠᠮᠵᠢᠯᠠᠯᠲᠤ | ᠠᠵᠢᠯᠯᠠᠭ᠎ᠠ ᠪᠠᠷ ᠭᠤᠤᠯ ᠪᠣᠯᠭᠠᠬᠤ ᠶᠢᠨ ᠬᠠᠮᠳᠣ᠂ ᠳᠠᠭᠤᠤ ᠬᠥᠭᠵᠢᠮ ᠤᠨ ᠭᠢᠯᠪᠡᠬᠡᠨ ᠲᠣᠭᠯᠠᠯᠳᠠ᠂ ᠪᠢᠴᠢᠯ ᠬᠠᠷᠠᠭᠠᠨ | ᠳᠠᠪᠲᠠᠮᠵᠢ ᠶᠢᠨ ᠦᠵᠡᠭᠦᠯᠦᠯᠭᠡ ᠵᠡᠷᠭᠡ ᠰᠢᠨ᠎ᠡ ᠬᠡᠯᠪᠡᠷᠢ ᠶᠢᠨ ᠵᠠᠭᠤᠴᠢᠯᠠᠭᠤᠷ ᠢᠶᠠᠷ ᠲᠣᠰᠠᠯᠠᠮᠵᠢ ᠪᠣᠯᠭᠠᠭᠰᠠᠨ ᠣᠯᠠᠨ ᠵᠦᠶᠯ | ᠤᠨ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠨᠢᠬᠦᠯᠵᠣ᠂ ᠡᠭᠡᠯ ᠪᠣᠷᠣᠭᠵᠢᠭᠤᠨ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠣᠶᠤᠨ ᠰᠠᠨᠠᠭ᠎ᠠ ᠪᠠᠨ ᠪᠠᠲᠤᠳᠬᠠᠵᠤ᠂ ᠴᠤᠭ ᠰᠦᠯᠳᠡ ᠪᠠᠨ ᠪᠠᠳᠠᠷᠠᠭᠤᠯᠤᠨ᠂ ᠪᠥᠬᠦ ᠣᠷᠣᠨ | ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠪᠦᠯᠬᠦᠮᠳᠡᠨ ᠲᠡᠮᠡᠴᠡᠵᠦ᠂ ᠮᠠᠨ ᠤ ᠣᠷᠣᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠣᠨ᠎ᠠ᠃ | ᠪᠦᠬᠦ ᠣᠷᠣᠨ ᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠭᠠᠷᠠᠭ ᠢ ᠬᠠᠮᠤᠭ ᠠᠩᠬ᠎ᠠ | 2007 ᠣᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠡᠶᠢᠬᠡᠮ ᠤᠨ | ᠰᠢᠨᠵᠢᠯᠡᠬᠦ ᠤᠬᠠᠭᠠᠨ ᠤ ᠬᠤᠯᠪᠣᠭ᠎ᠠ ᠬᠠᠮᠲᠤᠷᠠᠨ ᠡᠷᠬᠢᠯᠡᠭᠰᠡᠨ ᠠᠴᠠ ᠬᠤᠶᠢᠰᠢ᠂ ᠡᠳᠦᠭᠡ ᠪᠣᠯᠲᠠᠯ᠎ᠠ ᠵᠠᠯᠭᠠᠭ᠎ᠠ ᠪᠠᠷ 12 | ᠬᠤᠭᠤᠴᠠᠭ᠎ᠠ ᠡᠷᠬᠢᠯᠡᠪᠡ᠃ ᠨᠢᠳᠤᠨᠤᠨ ᠠᠴᠠ ᠡᠬᠢᠯᠡᠨ᠂ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠠᠷᠠᠭ ᠤᠨ | ᠠᠵᠢᠯᠯᠠᠭ᠎ᠠ ᠶᠢ ᠵᠢᠯ ᠪᠦᠷᠢ ᠶᠢᠨ 6 ᠳ᠋ᠤᠭᠠᠷ ᠰᠠᠷ᠎ᠠ ᠶᠢᠨ ᠬᠤᠶᠠᠳᠤᠭᠠᠷ ᠭᠠᠷᠠᠭ ᠠᠴᠠ ᠡᠬᠢᠯᠡᠨ ᠥᠷᠨᠢᠭᠦᠯᠵᠦ ᠪᠠᠶᠢᠭᠰᠠᠨ ᠢ | ᠤᠯᠠᠷᠢᠯ ᠪᠦᠷᠢ ᠳᠤ ᠨᠢᠭᠡ ᠤᠳᠠᠭ᠎ᠠ ᠦᠷᠨᠢᠬᠦᠯᠬᠦ ᠪᠣᠯᠭᠠᠨ ᠦᠬᠡᠷᠡᠴᠢᠯᠡᠵᠡᠢ᠃ |