6 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠠᠴᠠ ᠭᠤᠤᠯᠯᠠᠨ ᠡᠷᠭᠢᠯᠡᠭᠰᠡᠨ ︽ᠬᠦᠯᠦᠭ ᠤᠨ ᠨᠢᠷᠣᠭᠤᠨ ᠳᠤ ᠮᠣᠷᠳᠠᠵᠣ ᠦᠪᠣᠷ ᠮᠣᠩᠭᠤᠯ ᠢᠶᠠᠷ ᠵᠢᠭᠤᠯᠴᠢᠯᠠᠬᠤ︾ | ᠥᠪᠥᠷ ᠮᠣᠩᠭᠤᠯ ᠤᠨ ᠠᠳᠤᠭᠤᠨ ᠰᠣᠶᠣᠯ ᠵᠢᠭᠤᠯᠴᠢᠯᠠᠯ ᠤᠨ ᠨᠠᠷᠠᠳᠬᠦᠨ ᠤ ᠰᠣᠨᠢᠨ ᠮᠡᠳᠡᠭᠡ ᠨᠡᠶᠢᠲᠡᠯᠡᠬᠦ ᠬᠤᠷᠠᠯ | ᠬᠦᠬᠡᠬᠤᠳᠠ ᠳᠤ ᠶᠠᠪᠤᠭᠳᠠᠵᠤ᠂ ᠬᠤᠷᠠᠯ ᠳᠡᠭᠡᠷ᠎ᠡ 2019 ᠣᠨ ᠤ ︽ᠬᠦᠯᠦᠭ ᠤᠨ ᠨᠢᠷᠣᠭᠤᠨ ᠳᠤ ᠮᠣᠷᠳᠠᠵᠣ ᠦᠪᠣᠷ | ᠮᠣᠩᠭᠤᠯ ᠢᠶᠠᠷ ᠵᠢᠭᠤᠯᠴᠢᠯᠠᠬᠤ︾ ᠠᠷᠪᠠᠨ ᠶᠡᠭᠡ ᠭᠤᠤᠯ ᠰᠡᠳᠦᠪᠲᠦ ᠨᠠᠷᠠᠳᠬᠦᠨ ᠢ ᠨᠡᠶᠢᠲᠡᠯᠡᠪᠡ᠃ | ︽ᠬᠦᠯᠦᠭ ᠤᠨ ᠨᠢᠷᠣᠭᠤᠨ ᠳᠤ ᠮᠣᠷᠳᠠᠵᠣ ᠦᠪᠣᠷ ᠮᠣᠩᠭᠤᠯ ᠢᠶᠠᠷ ᠵᠢᠭᠤᠯᠴᠢᠯᠠᠬᠤ︾ ᠠᠷᠪᠠᠨ ᠶᠡᠭᠡ ᠭᠤᠤᠯ | ᠰᠡᠳᠦᠪᠲᠦ ᠨᠠᠷᠠᠳᠬᠦᠨ ᠪᠣᠯ ᠵᠢᠩᠴᠢᠳ ᠮᠠᠶ᠋ᠢᠭ ᠤᠨ ᠵᠢᠭᠤᠯᠴᠢᠯᠠᠯ ᠤᠨ ᠪᠡᠶᠡᠴᠢ ᠣᠶᠢᠯᠠᠭᠠᠯᠳᠠ ᠶᠢᠨ ᠬᠡᠯᠪᠡᠷᠢ ᠪᠠᠷ ᠳᠠᠮᠵᠢᠨ᠂ | ᠮᠣᠷᠢ ᠪᠠᠷ ᠠᠴᠢᠶᠠᠯᠠᠪᠣᠷᠢ ᠪᠣᠯᠭᠠᠵᠣ᠂ ᠥᠪᠥᠷ ᠮᠣᠩᠭᠤᠯ ᠤᠨ ᠣᠯᠠᠨ ᠡᠰᠢᠲᠦ ᠲᠡᠦᠬᠡ ᠰᠣᠶᠣᠯ ᠵᠢᠴᠢ ᠪᠠᠶᠢᠭᠠᠯᠢᠯᠢᠭ ᠠᠮᠢ | ᠠᠬᠤᠶ ᠶᠢᠨ ᠮᠠᠯᠴᠢᠨ ᠠᠶᠢᠯ ᠡᠷᠦᠬᠡ᠂ ᠬᠤᠷᠢᠮ ᠨᠠᠶᠢᠷ᠂ ᠳᠠᠭᠤᠤ ᠬᠥᠭᠵᠢᠮ ᠵᠡᠷᠭᠡ ᠦᠨᠳᠦᠰᠦᠲᠡᠨ ᠤ ᠣᠨᠴᠠᠯᠢᠭ ᠪᠦᠬᠦᠢ | ᠠᠮᠢᠳᠤᠷᠠᠯ ᠤᠨ ᠠᠷᠭ᠎ᠠ ᠬᠡᠯᠪᠡᠷᠢ ᠶᠢ ᠠᠭᠤᠰᠣᠯᠴᠠᠭᠤᠯᠣᠨ ᠬᠤᠯᠪᠣᠵᠣ᠂ ᠵᠢᠭᠤᠯᠴᠢᠯᠠᠭᠴᠢᠳ ᠢ ᠪᠡᠶᠡᠳᠡᠨ ᠣᠷᠣᠯᠴᠠᠭᠤᠯᠣᠨ᠎ᠠ᠃ | ᠡᠨᠡ ᠬᠦ ᠠᠷᠪᠠᠨ ᠶᠡᠭᠡ ᠭᠤᠤᠯ ᠰᠡᠳᠦᠪᠲᠦ ᠨᠠᠷᠠᠳᠬᠦᠨ ᠪᠣᠯ᠄ ᠮᠣᠷᠢᠨ ᠨᠢᠷᠤᠭᠤᠨ ᠳᠡᠭᠡᠷᠡᠬᠢ ᠥᠪᠥᠷ ᠮᠣᠩᠭᠤᠯ · ᠬᠥᠯᠥᠨ | ᠪᠤᠶᠢᠷ ᠤᠨ ᠨᠡᠭᠦᠳᠡᠯ ᠮᠠᠯᠵᠢᠯ ᠤᠨ ᠰᠣᠯᠢᠭᠳᠠᠯ ᠤᠨ ᠬᠦᠨᠵᠡᠬᠡᠢ ᠬᠠᠶᠢᠯᠳᠠ ᠵᠠᠮ᠂ ᠣᠯᠠᠭᠠᠨᠪᠣᠳᠣᠩ ᠤᠨ ᠨᠢᠭᠤᠴᠠᠭᠠᠢ ᠣᠷᠴᠢᠨ | ᠢ ᠬᠠᠶᠢᠨ ᠰᠦᠪᠡᠭᠴᠢᠯᠡᠬᠦ ᠠᠶᠠᠯᠠᠯ᠂ ᠬᠦᠬᠡᠬᠤᠳᠠ ᠶᠢᠨ ᠮᠣᠷᠢᠨ ᠮᠡᠷᠭᠡᠵᠢᠯ ᠤᠨ ᠦᠵᠡᠭᠦᠯᠦᠯᠭᠡ ᠶᠢᠨ ᠤᠷᠤᠯᠳᠤᠭᠠᠨ ᠤ ᠪᠡᠶᠡᠴᠢ | ᠣᠶᠢᠯᠠᠭᠠᠯᠳᠠ ᠶᠢᠨ ᠠᠶᠠᠯᠠᠯ᠂ ᠳᠤᠮᠳᠠᠳᠤ ᠤᠯᠤᠰ ᠤᠨ ᠠᠳᠣᠭᠤᠳᠣ ᠨᠣᠳᠤᠭ ᠰᠢᠯᠢ ᠶᠢᠨ ᠭᠤᠣᠯ ᠤᠨ ᠲᠠᠯ᠎ᠠ ᠨᠤᠲᠤᠭ ᠢᠶᠠᠷ | ᠵᠢᠭᠤᠯᠴᠢᠯᠠᠨ ᠰᠡᠬᠦᠳᠡᠷᠯᠡᠬᠦ ᠪᠡᠶᠡᠴᠢ ᠣᠶᠢᠯᠠᠭᠠᠯᠳᠠ ᠶᠢᠨ ᠠᠶᠠᠯᠠᠯ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠠᠳᠤᠭᠤᠨ | ᠵᠠᠮ ᠤᠨ ᠰᠣᠶᠣᠯ ᠤᠨ ᠪᠡᠶᠡᠴᠢ ᠣᠶᠢᠯᠠᠭᠠᠯᠳᠠ ᠶᠢᠨ ᠠᠶᠠᠯᠠᠯ᠂ ᠲᠦᠩᠯᠢᠶᠣᠤ ᠬᠢᠩᠭᠠᠨ ᠤ ᠠᠳᠤᠭᠤᠨ ᠰᠣᠶᠣᠯ ᠢ ᠰᠤᠳᠤᠯᠤᠨ | ᠰᠤᠷᠤᠯᠴᠠᠬᠤ ᠠᠶᠠᠯᠠᠯ᠂ ᠤᠯᠠᠭᠠᠨᠴᠠᠪ ᠤᠨ ᠤᠤᠭᠠᠯ ᠰᠤᠶᠤᠯ ᠤᠨ ᠪᠡᠶᠡᠴᠢ ᠣᠶᠢᠯᠠᠭᠠᠯᠳᠠ ᠶᠢᠨ ᠠᠶᠠᠯᠠᠯ᠂ ᠬᠥᠯᠥᠨ | ᠪᠤᠶᠢᠷ ᠤᠨ ᠮᠣᠩᠭᠤᠯ ᠤᠨ ᠭᠠᠷᠤᠯ ᠤᠭᠰᠠᠭᠠᠨ ᠤ ᠰᠣᠶᠣᠯ ᠢ ᠬᠠᠶᠢᠨ ᠰᠦᠪᠡᠭᠴᠢᠯᠡᠬᠦ ᠠᠶᠠᠯᠠᠯ᠂ ᠣᠷᠳᠣᠰ ᠤᠨ ᠠᠳᠣᠭᠤᠨ | ᠰᠣᠶᠣᠯ ᠢ ᠮᠦᠷᠳᠡᠨ ᠰᠣᠷᠣᠯᠴᠠᠬᠤ ᠭᠡᠷ ᠪᠦᠯᠢ ᠶᠢᠨ ᠠᠶᠠᠯᠠᠯ᠂ ᠬᠦᠬᠡᠬᠤᠳᠠ ᠣᠷᠳᠣᠰ ᠤᠨ ᠪᠣᠳᠠᠰ ᠤᠨ ᠪᠣᠰᠤ ᠰᠤᠶᠤᠯ ᠤᠨ | ᠦᠪ ᠤᠨ ᠬᠠᠶᠢᠨ ᠰᠢᠨᠵᠢᠯᠡᠬᠦ ᠠᠶᠠᠯᠠᠯ ᠵᠡᠷᠭᠡ ᠪᠣᠯᠤᠨ᠎ᠠ᠃ | ︽ᠡᠨᠡ ᠪᠣᠯ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠠᠮᠢ ᠠᠬᠤᠢ ᠶᠢ ᠣᠷᠢᠳ ᠢᠶᠠᠷ | ᠪᠣᠳᠣᠯᠬᠢᠯᠠᠵᠣ ᠪᠣᠬᠢᠷᠲᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ | ᠂ ᠪᠦᠬᠦ ᠣᠷᠣᠨ ᠪᠦᠰᠡ ᠶᠢᠨ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ | ᠴᠢᠬᠤᠯᠠ ᠠᠷᠭ᠎ᠠ ᠪᠠᠷᠢᠯ ᠪᠣᠯᠤᠨ᠎ᠠ᠃︾ ᠭᠡᠵᠦ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ | ᠳᠠᠷᠤᠭ᠎ᠠ ᠾᠧ ᡁᠢ ᠯᠢᠶᠠᠩ ᠬᠡᠯᠡᠪᠡ᠃ | ᠮᠠᠨ ᠤ ᠣᠷᠣᠨ ᠳᠤ ᠠᠳᠤᠭᠤᠨ ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠬᠦ ᠥᠪᠡᠷᠮᠢᠴᠡ | ᠳᠠᠪᠠᠭᠤᠯᠢᠭ ᠲᠠᠢ ᠪᠠᠶᠢᠳᠠᠭ᠃ ᠡᠬᠦᠨ ᠳᠤ᠂ ᠠᠳᠣᠭᠤᠨ ᠰᠣᠶᠣᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠣ᠂ ᠳᠤᠮᠳᠠᠳᠤ | ᠤᠯᠤᠰ ᠤᠨ ᠠᠳᠣᠭᠤᠨ ᠰᠣᠶᠣᠯ ᠤᠨ ᠪᠦᠬᠦ ᠦᠵᠡᠮᠵᠢ ᠶᠢᠨ ᠮᠠᠶ᠋ᠢᠭ ᠤᠨ ᠲᠣᠭᠯᠠᠯᠲᠠ ︽ᠮᠢᠩᠭᠠᠨ ᠣᠨ ᠤ ᠮᠣᠷᠢᠨ ᠤ | ᠮᠠᠭᠲᠠᠭᠠᠯ︾᠂ ᠲᠡᠤᠬᠡᠨ ᠮᠣᠷᠢᠨ ᠮᠡᠷᠭᠡᠵᠢᠯ ᠤᠨ ᠪᠣᠳᠠᠲᠤ ᠦᠵᠡᠭᠳᠡᠯᠲᠦ ᠵᠦᠴᠦᠭᠡ ︽ᠭᠤᠪᠢ ᠶᠢᠨ ᠡᠮᠦᠨᠡᠬᠢ ᠳᠣᠮᠤᠭ︾᠂ | ᠪᠠᠷᠭᠤ ᠮᠣᠩᠭᠤᠯ ᠠᠶᠢᠮᠠᠭ ᠤᠨ ︽ᠮᠣᠷᠢᠨ ᠪᠥᠵᠢᠭ︾ ᠮᠣᠷᠢᠨ ᠮᠡᠷᠭᠡᠵᠢᠯ ᠤᠨ ᠲᠣᠭᠯᠠᠯᠲᠠ᠂ ᠪᠣᠳᠠᠲᠤ ᠦᠵᠡᠭᠳᠡᠯᠲᠦ | ᠵᠦᠴᠦᠭᠡ ︽ᠮᠣᠩᠭᠤᠯ ᠮᠣᠷᠢ︾ ᠵᠡᠷᠭᠡ ᠲᠣᠮᠣ ᠬᠡᠯᠪᠡᠷᠢ ᠶᠢᠨ ᠠᠳᠣᠭᠤᠨ ᠰᠣᠶᠣᠯ ᠤᠨ ᠲᠣᠭᠯᠠᠯᠲᠠ ᠨᠢ ᠥᠪᠥᠷ ᠮᠣᠩᠭᠤᠯ | ᠳᠤ ᠵᠠᠯᠭᠠᠭ᠎ᠠ ᠪᠠᠷ ᠶᠠᠪᠤᠭᠳᠠᠪᠠ᠃ ᠪᠠᠰᠠ᠂ ᠠᠳᠤᠭᠤᠨ ᠤ ᠭᠤᠣᠯ ᠰᠡᠳᠦᠪᠲᠦ ᠵᠢᠭᠤᠯᠴᠢᠯᠠᠯ ᠤᠨ ᠨᠠᠷᠠᠳᠬᠦᠨ ᠤ ᠣᠨᠴᠠᠯᠢᠭ | ᠢᠯᠡᠷᠬᠡᠢ ᠪᠠᠶᠢᠵᠤ᠂ ᠠᠳᠤᠭᠤᠨ ᠰᠣᠶᠣᠯ ᠤᠨ ᠪᠠᠶᠠᠷ ᠳᠤᠷᠠᠰᠬᠠᠯ ᠤᠨ ᠤᠷᠤᠯᠳᠤᠭᠠᠨ ᠲᠠᠰᠤᠷᠠᠯᠲᠠ ᠦᠭᠡᠢ ᠤᠨᠳᠣᠷᠣᠨ | ᠭᠠᠷᠴᠤ ᠪᠠᠶᠢᠨ᠎ᠠ᠃ ᠡᠳᠡᠭᠡᠷ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠪᠠᠷ ᠭᠤᠣᠯ ᠰᠡᠳᠦᠪ | ᠪᠣᠯᠭᠠᠭᠰᠠᠨ ᠰᠢᠷᠢᠰ ᠠᠵᠢᠯᠯᠠᠭ᠎ᠠ ᠨᠢ ᠤᠳᠬ᠎ᠠ ᠭᠦᠨᠵᠡᠭᠡᠢ᠂ ᠤᠷᠠᠯᠢᠭ ᠲᠡᠭᠦᠯᠳᠡᠷ᠂ ᠵᠣᠬᠢᠶᠠᠮᠵᠢ ᠨᠠᠷᠢᠯᠢᠭ ᠪᠦᠬᠦᠢ ᠲᠠᠯ᠎ᠠ | ᠨᠤᠲᠤᠭ ᠤᠨ ᠤᠷᠠᠯᠢᠭ ᠤᠨ ᠪᠦᠲᠦᠭᠡᠯ ᠪᠣᠯᠤᠨ ᠦᠨᠳᠦᠰᠦᠲᠡᠨ ᠤ ᠰᠣᠶᠣᠯ ᠤᠨ ᠰᠣᠳᠣᠨ ᠪᠦᠲᠦᠭᠡᠯ ᠪᠤᠯᠵᠤ᠂ | ᠵᠢᠭᠤᠯᠴᠢᠯᠠᠭᠴᠢᠳ ᠲᠤ ᠡᠯᠪᠡᠭ ᠪᠠᠶᠠᠯᠢᠭ ᠣᠶᠣᠨ ᠰᠠᠨᠠᠭᠠᠨ ᠤ ᠬᠦᠷᠲᠡᠬᠡᠯ ᠬᠠᠩᠭᠠᠵᠤ ᠪᠠᠶᠢᠨ᠎ᠠ᠃ |