8 ᠳ᠋ᠤᠭᠠᠷ ᠰᠠᠷ᠎ᠠ ᠶᠢᠨ 27 ᠤ ᠡᠳᠦᠷ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ | ᠲᠡᠮᠡᠴᠡᠵᠦ᠂ ᠰᠢᠨ᠎ᠡ ᠴᠠᠭ ᠦᠶ᠎ᠡ ᠶᠢᠨ ᠠᠯᠠᠱᠠ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠶ᠎ᠡ︾ ᠭᠡᠬᠦ ᠭᠤᠤᠯ ᠰᠡᠳᠦᠪ ᠢᠶᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠠᠯᠠᠱᠠ ᠠᠶᠢᠮᠠᠭ ᠤᠨ ᠲᠤᠰᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ | ᠶᠠᠪᠤᠭᠳᠠᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ | ᠬᠠᠷᠢᠭᠤᠴᠠᠯᠭᠠᠲᠠᠨ ᠨᠥᠬᠦᠳ 70 ᠵᠢᠯ ᠤᠨ ᠲᠤᠷᠰᠢ ᠢᠯᠠᠩᠭᠤᠶ᠎ᠠ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ | ᠨᠠᠭᠠᠰᠢ᠂ ᠠᠯᠠᠱᠠ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ᠂ ᠬᠤᠲᠠ ᠬᠥᠳᠡᠭᠡ ᠶᠢᠨ ᠠᠭᠤᠰᠤᠯᠳᠤᠯ᠂ ᠦᠨᠳᠦᠰᠦᠲᠡᠨ ᠤ ᠪᠦᠯᠬᠦᠮᠳᠡᠯ ᠵᠡᠷᠭᠡ ᠬᠥᠭᠵᠢᠯᠲᠡ ᠶᠢᠨ ᠪᠠᠶᠢᠳᠠᠯ | ᠢ ᠨᠡᠶᠢᠲᠡᠯᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠠᠯᠠᠱᠠ ᠠᠶᠢᠮᠠᠭ ᠲᠤ ᠲᠡᠭᠷᠢ ᠭᠠᠵᠠᠷ ᠢ | ᠳᠣᠩᠰᠣᠯᠭᠠᠮ᠎ᠠ ᠶᠡᠭᠡ ᠬᠤᠪᠢᠷᠠᠯᠲᠠ ᠭᠠᠷᠴᠠᠶ᠃ 2018 ᠣᠨ ᠳᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ | ᠥᠷᠲᠡᠭ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠲᠤᠰ ᠲᠤᠰ 283.3 ᠳ᠋ᠦᠩᠰᠢᠭᠤᠷ ᠲᠥᠭᠦᠷᠢᠭ ᠪᠠ | 47.3 ᠳ᠋ᠦᠩᠰᠢᠭᠤᠷ ᠲᠥᠭᠦᠷᠢᠭ ᠲᠤ ᠬᠦᠷᠴᠦ᠂ 1980 ᠣᠨ ᠬᠢ ᠠᠴᠠ 506 ᠳᠠᠬᠢᠨ ᠪᠠ 517 ᠳᠠᠬᠢᠨ ᠨᠡᠮᠡᠭᠳᠡᠨ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ | 40407 ᠲᠥᠭᠦᠷᠢᠭ ᠪᠠ 19854 ᠲᠥᠭᠦᠷᠢᠭ ᠲᠤ ᠬᠦᠷᠴᠦ᠂ 1980 ᠣᠨ ᠬᠢ ᠠᠴᠠ 72 ᠳᠠᠬᠢᠨ ᠪᠠ 95 | ᠳᠠᠬᠢᠨ ᠨᠡᠮᠡᠭᠳᠡᠵᠡᠢ᠃ | ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠠᠷ ᠵᠢᠯᠣᠭᠤᠳᠤᠯᠭ᠎ᠠ ᠪᠣᠯᠭᠠᠵᠤ᠂ ᠪᠦᠲᠦᠴᠡ ᠶᠢ ᠲᠣᠬᠢᠷᠠᠭᠤᠯᠬᠤ᠂ ᠬᠦᠳᠡᠯᠭᠡᠭᠡᠭᠦᠷ ᠬᠦᠴᠦᠨ ᠢ ᠤᠯᠠᠷᠢᠭᠤᠯᠬᠤ᠂ ᠶᠠᠰᠤ | ᠴᠢᠨᠠᠷ ᠢ ᠳᠡᠭᠡᠭᠰᠢᠯᠡᠭᠦᠯᠬᠦ ᠠᠯᠬᠤᠮ ᠢᠶᠠᠨ ᠲᠦᠷᠭᠡᠳᠬᠡᠵᠦ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠪᠦᠬᠦ | ᠬᠦᠴᠦᠨ ᠢᠶᠠᠷ ᠢᠶᠠᠨ ᠠᠬᠢᠭᠤᠯᠪᠠ︔ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ | ᠲᠤᠭᠤᠰᠢᠯᠠᠭᠤᠯᠤᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠨ ᠪᠠᠲᠤᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠮᠠᠭᠤᠲᠠᠬᠤ ᠬᠠᠨᠳᠤᠰᠢ ᠶᠡᠷᠦᠩᠬᠡᠶ ᠳᠤ ᠪᠠᠨ | ᠬᠤᠷᠢᠭᠯᠠᠭᠳᠠᠨ᠂ ᠬᠡᠰᠡᠭ ᠲᠠᠯ᠎ᠠ ᠪᠠᠷ ᠰᠠᠶᠢᠵᠢᠷᠠᠬᠤ ᠲᠡᠦᠭᠡᠲᠦ ᠴᠢᠨᠠᠷᠲᠠᠶ ᠬᠤᠪᠢᠷᠠᠯᠲᠠ ᠭᠠᠷᠪᠠ︔ ᠬᠤᠲᠠ ᠬᠥᠳᠡᠭᠡ ᠶᠢᠨ | ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠳᠤᠲᠠᠭᠤᠳᠠᠯ ᠢ ᠨᠥᠬᠦᠪᠥᠷᠢᠯᠡᠬᠦ ᠡᠷᠴᠢᠮ ᠢᠶᠠᠨ | ᠴᠢᠩᠭᠠᠷᠠᠭᠤᠯᠤᠨ᠂ ᠬᠤᠲᠠ ᠬᠥᠳᠡᠭᠡ ᠶᠢᠨ ᠳᠦᠷᠰᠦ ᠪᠠᠶᠢᠳᠠᠯ ᠳᠤ ᠴᠣ ᠰᠢᠨ᠎ᠡ ᠬᠤᠪᠢᠷᠠᠯᠲᠠ ᠭᠠᠷᠪᠠ︔ ᠠᠷᠠᠳ ᠲᠦᠮᠡᠨ | ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠦᠶᠯᠡᠳᠦᠯᠭᠡᠵᠢᠭᠦᠯᠵᠦ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠵᠦ ᠲᠣᠭᠲᠠᠭᠤᠨ ᠢ ᠬᠠᠮᠠᠭᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠨᠳᠦᠰᠦᠲᠡᠨ | ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠵᠠᠭᠤᠴᠢᠯᠠᠭᠤᠷ ᠤᠨ ᠰᠤᠷᠪᠤᠯᠵᠢᠯᠠᠭᠴᠢ ᠠᠮᠢ ᠠᠬᠤᠢ ᠶᠢᠨ | ᠬᠠᠮᠠᠭᠠᠯᠠᠯᠲᠠ᠂ ᠡᠯᠡᠰᠦᠨ ᠤ ᠠᠵᠤ ᠦᠶᠯᠡᠰ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠵᠡᠷᠭᠡ ᠠᠰᠠᠭᠤᠳᠠᠯ ᠤᠨ | ᠲᠣᠭᠤᠷᠢᠨ ᠳᠤ ᠠᠰᠠᠭᠤᠯᠲᠠ ᠳᠤᠷᠠᠳᠪᠠ᠃ | | | | | |