12 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠦᠬᠡᠬᠤᠲᠠ ᠳᠤ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠠᠵᠢᠯ | ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ | ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠡᠷᠬᠢᠯᠡᠭᠴᠢ᠂ | ᠰᠣᠨᠢᠨ ᠮᠡᠳᠡᠭᠡᠨ ᠤ ᠥᠭᠦᠯᠡᠭᠴᠢ ᠾᠧ ᠢᠦᠢ ᠴᠦᠨ ᠮᠠᠨ ᠤ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠥᠪᠡᠷᠲᠡᠭᠡᠨ | ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ | ᠪᠦᠬᠦᠢ ᠬᠥᠮᠦᠰ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠲᠠᠨᠢᠯᠴᠠᠭᠤᠯᠤᠭᠰᠠᠨ ᠢᠶᠠᠷ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ | ᠨᠡᠶᠢᠭᠡᠮᠴᠢᠯᠡᠨ ᠬᠠᠮᠢᠶᠠᠷᠬᠤ ᠠᠵᠢᠯ ᠪᠣᠯ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠡᠶᠢᠭᠡᠮ ᠤᠨ ᠦᠶᠯᠡᠰ ᠡᠷᠬᠢᠯᠡᠬᠦ | ᠡᠭᠦᠷᠭᠡ ᠴᠢᠳᠠᠪᠤᠷᠢ ᠶᠢ ᠰᠠᠯᠭᠠᠬᠤ ᠪᠠ ᠲᠡᠦᠬᠡᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠬᠦ ᠡᠴᠦᠰ ᠤᠨ ᠨᠢᠭᠡᠨ | ᠥᠭᠡᠷᠡᠴᠢᠯᠡᠯᠲᠡ ᠶᠢᠨ ᠡᠭᠦᠷᠭᠡ ᠮᠥᠨ᠂ ᠪᠠᠰᠠ ᠴᠤ ᠰᠢᠢᠳᠪᠦᠷᠢᠯᠡᠬᠦ ᠳᠤ ᠬᠠᠮᠤᠭ ᠤᠨ ᠬᠦᠴᠢᠷᠲᠡᠶ ᠶᠠᠪᠤᠳᠠᠯ ᠮᠥᠨ᠂ ᠨᠠᠩ | ᠴᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠯᠤᠰ ᠤᠨ ᠦᠮᠴᠢᠯᠡᠯᠲᠦ | ᠠᠵᠤ ᠠᠬᠤᠶᠢᠯᠠᠯ ᠤᠨ ᠨᠡᠶᠢᠭᠡᠮ ᠤᠨ ᠦᠶᠯᠡᠰ ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠬᠤ ᠪᠠ ᠲᠡᠦᠬᠡᠨ ᠦᠯᠡᠳᠡᠭᠳᠡᠯ | ᠠᠰᠠᠭᠤᠳᠠᠯ ᠢ ᠰᠢᠶᠳᠪᠦᠷᠢᠯᠡᠬᠦ ᠶᠢᠨ ᠴᠢᠬᠤᠯᠠ ᠠᠭᠤᠯᠭ᠎ᠠ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ 2019 ᠣᠨ ᠤ 3 ᠳ᠋ᠤᠭᠠᠷ | ᠰᠠᠷ᠎ᠠ ᠳᠤ ︽ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ | ᠬᠠᠮᠢᠶᠠᠷᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ | ᠣᠷᠣᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠷᠦᠭᠦᠯᠡᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 7 ᠰᠠᠯᠠᠭ᠎ᠠ ᠮᠥᠴᠢᠷ ᠲᠠᠢ ᠬᠠᠮᠲᠤᠷᠠᠨ᠂ ᠲᠥᠪ ᠤᠨ ᠱᠠᠭᠠᠷᠳᠠᠯᠭ᠎ᠠ | ᠶᠣᠰᠣᠭᠠᠷ᠂ ᠪᠠᠶᠢᠳᠠᠯ ᠢ ᠣᠶᠢᠯᠠᠭᠠᠨ ᠪᠠᠶᠢᠴᠠᠭᠠᠬᠤ᠂ ᠪᠠᠶᠢᠴᠠᠭᠠᠨ ᠰᠤᠳᠤᠯᠵᠤ ᠨᠤᠲᠠᠯᠠᠬᠤ᠂ ᠲᠥᠰᠦᠯ ᠨᠡᠶᠢᠲᠡᠯᠡᠬᠦ᠂ ᠵᠣᠬᠢᠶᠠᠨ | ᠪᠠᠶᠢᠭᠤᠯᠤᠨ ᠬᠡᠷᠡᠭᠵᠢᠭᠦᠯᠬᠦ ᠠᠵᠢᠯ ᠢ ᠰᠢᠮᠳᠠᠭᠤᠯᠤᠨ ᠦᠷᠨᠢᠭᠦᠯᠬᠦ ᠬᠡᠷᠡᠭᠲᠡᠢ ᠭᠡᠵᠦ ᠲᠣᠭᠲᠠᠭᠠᠭᠠᠳ᠂ ᠮᠠᠨ ᠤ ᠣᠷᠣᠨ ᠤ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠠᠵᠢᠯ ᠢ | ᠪᠥᠬᠦ ᠲᠠᠯ᠎ᠠ ᠪᠠᠷ ᠡᠬᠢᠯᠡᠭᠦᠯᠦᠨ ᠠᠬᠢᠭᠤᠯᠪᠠ᠃ | ᠠᠩᠬ᠎ᠠ ᠠᠯᠬᠤᠮ ᠤᠨ ᠪᠦᠷᠢᠳᠬᠡᠯ ᠠᠴᠠ ᠦᠵᠡᠪᠡᠯ᠂ 2018 ᠣᠨ ᠤ ᠡᠴᠦᠰ ᠪᠣᠯᠲᠠᠯ᠎ᠠ᠂ ᠪᠥᠬᠦ ᠣᠷᠣᠨ ᠤ | ᠨᠡᠶᠢᠭᠡᠮᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠭᠡᠳᠦᠶ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ | ᠪᠠᠨ ᠠᠮᠠᠷᠠᠭᠰᠠᠳ ᠪᠠᠷᠤᠭ 30 ᠲᠦᠮᠡᠨ ᠬᠥᠮᠥᠨ ᠪᠠᠶᠢᠪᠠ᠂ ᠡᠭᠦᠨ ᠳᠤ᠄ ᠣᠷᠣᠨ ᠤ ᠰᠢᠭᠤᠳ ᠬᠠᠷᠢᠶ᠎ᠠ ᠠᠵᠤ | ᠠᠬᠤᠶᠢᠯᠠᠯ ᠤᠨ ᠪᠠᠷᠤᠭ 18 ᠲᠦᠮᠡᠨ ᠬᠥᠮᠥᠨ᠂ ᠠᠶᠢᠮᠠᠭ ᠬᠤᠲᠠ ᠶᠢᠨ ᠠᠵᠤ ᠠᠬᠤᠶᠢᠯᠠᠯ ᠤᠨ ᠪᠠᠷᠤᠭ 3 ᠲᠦᠮᠡᠨ ᠬᠥᠮᠥᠨ | ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠠᠵᠤ ᠠᠬᠤᠶᠢᠯᠠᠯ ᠤᠨ ᠪᠠᠷᠤᠭ 9 ᠲᠦᠮᠡᠨ ᠬᠥᠮᠥᠨ ᠪᠤᠢ᠃ | 2019 ᠣᠨ ᠤ 8 ᠳ᠋ᠤᠭᠠᠷ ᠰᠠᠷ᠎ᠠ ᠳᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠠᠵᠢᠯ ᠤᠨ | ᠲᠥᠰᠦᠯ︾ ᠳᠤ᠂ 2019 ᠣᠨ ᠤ 9 ᠳ᠋ᠦ᠋ᠭᠡᠷ ᠰᠠᠷ᠎ᠠ ᠶᠢᠨ ᠡᠴᠦᠰ ᠪᠠ 2020 ᠣᠨ ᠤ 3 ᠳ᠋ᠤᠭᠠᠷ ᠰᠠᠷ᠎ᠠ ᠶᠢᠨ ᠡᠴᠦᠰ᠂ | 6 ᠳ᠋ᠤᠭᠠᠷ ᠰᠠᠷ᠎ᠠ ᠶᠢᠨ ᠡᠴᠦᠰ᠂ 10 ᠳ᠋ᠤᠭᠠᠷ ᠰᠠᠷ᠎ᠠ ᠶᠢᠨ ᠡᠴᠦᠰ ᠵᠡᠷᠭᠡ ᠳᠥᠷᠪᠡᠨ ᠵᠠᠩᠭᠢᠯᠠᠭ᠎ᠠ ᠶᠢᠨ ᠴᠠᠭ ᠲᠤ᠂ ᠡᠯ᠎ᠡ | ᠠᠶᠢᠮᠠᠭ ᠬᠤᠲᠠ ᠶᠢᠨ ᠪᠤᠳᠠᠲᠠᠢ ᠬᠡᠷᠡᠭᠵᠢᠭᠦᠯᠬᠦ ᠠᠷᠭ᠎ᠠ ᠪᠠ ᠠᠵᠤ ᠠᠬᠤᠶᠢᠯᠠᠯ ᠤᠨ ᠰᠢᠯᠵᠢᠭᠦᠯᠦᠨ ᠲᠤᠰᠢᠶᠠᠬᠤ ᠲᠥᠰᠦᠯ ᠢ | ᠲᠣᠭᠲᠠᠭᠠᠬᠤ᠂ ᠰᠢᠯᠵᠢᠭᠦᠯᠦᠨ ᠲᠤᠰᠢᠶᠠᠬᠤ ᠵᠥᠪᠳᠡᠯᠴᠡᠭᠡᠷ ᠲᠣᠭᠲᠠᠬᠤ᠂ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠪᠠ | ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠵᠢᠭᠦᠯᠦᠨ ᠲᠤᠰᠢᠶᠠᠬᠤ᠂ ᠡᠳ᠋ ᠬᠥᠷᠥᠩᠭᠡ ᠶᠢ ᠬᠤᠪᠢᠶᠠᠷᠢᠯᠠᠨ | ᠰᠢᠯᠵᠢᠭᠦᠯᠬᠦ ᠵᠡᠷᠭᠡ ᠠᠵᠢᠯ ᠢ ᠲᠣᠰ ᠲᠣᠰ ᠪᠡᠶᠡᠯᠡᠭᠦᠯᠵᠦ᠂ 2020 ᠣᠨ ᠤ ᠵᠢᠯ ᠤᠨ ᠡᠴᠦᠰ ᠠᠴᠠ ᠡᠮᠦᠨ᠎ᠡ ᠡᠨᠡ ᠬᠦ | ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ | ᠱᠠᠲᠤᠨ ᠳᠤ᠂ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ᠂ ᠪᠠᠶᠢᠳᠠᠯ ᠢ ᠮᠡᠳᠡᠭᠳᠡᠬᠦ ᠲᠣᠭᠲᠠᠴᠠ᠂ ᠲᠥᠷᠥ ᠶᠢᠨ | ᠪᠣᠳᠣᠯᠭ᠎ᠠ ᠶᠢ ᠲᠠᠶᠢᠯᠪᠤᠷᠢᠯᠠᠬᠤ ᠲᠣᠭᠲᠠᠴᠠ᠂ ᠵᠣᠯᠭᠠᠯᠳᠤᠭᠤᠯᠤᠨ ᠦᠶᠯᠡᠴᠢᠯᠡᠬᠦ ᠲᠣᠭᠲᠠᠴᠠ ᠵᠡᠷᠭᠡ ᠳᠥᠷᠪᠡᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠬᠦ ᠶᠢ ᠲᠦᠷᠭᠡᠨ ᠠᠬᠢᠭᠤᠯᠬᠤ ᠪᠠᠷ ᠳᠠᠮᠵᠢᠭᠤᠯᠤᠨ ᠡᠯ᠎ᠡ ᠵᠦᠶᠯ ᠤᠨ ᠠᠵᠢᠯ ᠢ ᠲᠣᠭᠲᠠᠭᠤᠨ ᠢᠶᠠᠷ | ᠡᠬᠢᠯᠡᠭᠦᠯᠬᠦ ᠪᠠ ᠵᠣᠬᠢᠴᠠᠩᠭᠤᠶ ᠪᠠᠷ ᠠᠬᠢᠭᠤᠯᠬᠤ ᠶᠢ ᠦᠨᠡᠨ ᠬᠦ ᠪᠠᠲᠤᠯᠠᠪᠠ᠃ | |