ᠬᠡᠮᠵᠢᠯᠲᠡ ᠶᠢᠨ ᠲᠡᠮᠳᠡᠭ ᠪᠣᠯ ᠤᠯᠤᠰ ᠤᠨ ᠴᠢᠬᠤᠯᠠ ᠰᠠᠭᠤᠷᠢ ᠲᠥᠬᠦᠭᠡᠷᠦᠮᠵᠢ ᠪᠠ ᠡᠷᠬᠢᠮ ᠨᠠᠨᠳᠢᠨ ᠡᠳ᠋ ᠪᠠᠶᠠᠯᠢᠭ ᠮᠥᠨ᠂ ᠲᠡᠷᠡ ᠨᠢ ᠤᠯᠤᠰ ᠤᠨ | ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠬᠥᠭᠵᠢᠯᠲᠡ ᠪᠠ | ᠰᠢᠨᠵᠢᠯᠡᠬᠦ ᠤᠬᠠᠭᠠᠨ ᠤ ᠰᠤᠳᠤᠯᠭᠠᠨ ᠳᠤ ᠴᠢᠬᠤᠯᠠ ᠦᠢᠯᠡᠳᠦᠯ ᠲᠠᠢ ᠶᠤᠮ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠡᠮᠵᠢᠨ ᠵᠢᠷᠤᠬᠤ ᠬᠠᠤᠯᠢ︾ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠲᠡᠮᠳᠡᠭ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠡᠮᠵᠢᠨ ᠵᠢᠷᠤᠬᠤ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ᠂ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ | ᠰᠠᠨᠠᠯ ᠢ ᠲᠣᠭᠲᠠᠭᠠᠪᠠ᠄ | ᠨᠢᠭᠡ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠪᠠᠳᠠᠷᠠᠭᠤᠯᠬᠤ ᠬᠡᠷᠡᠭᠲᠡᠶ᠃ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠬᠡᠮᠵᠢᠯᠲᠡ ᠶᠢᠨ | ᠲᠡᠮᠳᠡᠭ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠠᠵᠢᠯ ᠤᠨ ᠤᠳᠤᠷᠢᠳᠤᠯᠭ᠎ᠠ ᠪᠠᠨ | ᠴᠢᠩᠭᠠᠳᠬᠠᠵᠤ᠂ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠠᠷᠠᠳ ᠨᠡᠶᠢᠲᠡ ᠶᠢᠨ ᠬᠡᠮᠵᠢᠯᠲᠡ ᠶᠢᠨ ᠲᠡᠮᠳᠡᠭ ᠢ | ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠳᠤᠮᠳᠠᠬᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠬᠠᠮᠠᠭᠠᠯᠠᠵᠤ ᠬᠠᠮᠢᠶᠠᠷᠬᠤ ᠠᠵᠢᠯ ᠳᠠᠬᠢ ᠰᠢᠶᠠᠩ ᠤᠨ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠤᠬᠠᠭᠤᠯᠬᠤ ᠠᠵᠢᠯ ᠢ ᠰᠠᠶᠢᠲᠤᠷ ᠬᠢᠵᠦ᠂ ᠬᠠᠷᠢᠶ᠎ᠠ ᠣᠷᠣᠨ ᠤ ᠪᠠᠨ ᠠᠷᠠᠳ ᠤᠯᠠᠨ ᠲᠤ | ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢᠨ ᠠᠴᠢ ᠬᠤᠯᠪᠣᠭᠳᠠᠯ ᠪᠣᠯᠤᠨ ᠬᠤᠯᠪᠣᠭᠳᠠᠯ ᠪᠥᠬᠦᠢ ᠮᠡᠳᠡᠯᠭᠡ ᠶᠢ ᠤᠢᠢᠯᠠᠭᠠᠭᠤᠯᠵᠤ᠂ ᠨᠠᠶᠢᠳᠠᠵᠤ | ᠬᠠᠳᠠᠭᠠᠯᠠᠭᠤᠯᠤᠨ ᠬᠠᠮᠢᠶᠠᠷᠤᠭᠤᠯᠬᠤ ᠪᠢᠴᠢᠭ ᠢ ᠳᠠᠩᠰᠠᠯᠠᠭᠤᠯᠵᠤ᠂ ᠬᠠᠳᠠᠭᠠᠯᠠᠨ ᠬᠠᠮᠢᠶᠠᠷᠬᠤ ᠬᠠᠷᠢᠭᠤᠴᠠᠯᠭ᠎ᠠ ᠶᠢ ᠬᠠᠪᠰᠤᠷᠤᠨ ᠨᠠᠶᠢᠳᠠᠪᠤᠷᠢᠵᠢᠭᠤᠯᠵᠤ᠂ | ᠬᠡᠮᠵᠢᠯᠲᠡ ᠶᠢᠨ ᠲᠡᠮᠳᠡᠭ ᠤᠨ ᠡᠪᠳᠡᠭᠳᠡᠭᠰᠡᠨ ᠪᠠᠶᠢᠳᠠᠯ ᠢ ᠣᠯᠵᠤ ᠮᠡᠳᠡᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠴᠠᠭ ᠲᠤᠬᠠᠢ ᠲᠤᠨᠢ ᠮᠡᠳᠡᠭᠦᠯᠵᠦ ᠪᠠᠶᠢᠴᠠᠭᠠᠨ ᠰᠢᠢᠳᠪᠦᠷᠢᠯᠡᠭᠦᠯᠬᠦ ᠶᠢᠨ ᠬᠠᠮᠲᠤ ᠬᠡᠷᠡᠭ ᠢ ᠬᠠᠪᠰᠤᠷᠤᠨ ᠪᠠᠶᠢᠴᠠᠭᠠᠨ ᠰᠢᠢᠳᠪᠦᠷᠢᠯᠡᠵᠦ᠂ | ᠬᠤᠬᠢᠷᠠᠭᠰᠠᠨ ᠲᠡᠮᠳᠡᠭ ᠤᠨ ᠥᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠬᠡᠮᠵᠢᠯᠲᠡ ᠶᠢᠨ ᠲᠡᠮᠳᠡᠭ ᠪᠥᠳᠥᠭᠡᠨ ᠪᠠᠶᠢᠭᠤᠯᠬᠤ ᠲᠤ ᠲᠥᠬᠦᠮ ᠦᠵᠡᠭᠦᠯᠬᠦ | ᠬᠡᠷᠡᠭᠲᠡᠢ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠳᠡᠪᠬᠢᠲᠡᠢ ᠰᠠᠨᠠᠭᠠᠴᠢᠯᠠᠭ᠎ᠠ ᠠᠴᠠ ᠪᠠᠨ᠂ ᠬᠠᠤᠯᠢ | ᠲᠣᠭᠲᠠᠭᠠᠯ ᠶᠣᠰᠣᠭᠠᠷ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠢ ᠬᠠᠮᠵᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ | ᠬᠤᠶᠠᠷ᠂ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠨᠠᠷᠢᠨ ᠳᠠᠩᠰᠠ ᠪᠠᠶᠢᠭᠤᠯᠬᠤ᠃ | ᠲᠣᠭᠲᠠᠮᠠᠯ ᠬᠤᠭᠤᠴᠠᠭ᠎ᠠ ᠲᠠᠢ ᠪᠠᠷ ᠬᠡᠮᠵᠢᠯᠲᠡ ᠶᠢᠨ ᠳᠡᠮᠳᠡᠭ ᠲᠤ ᠨᠡᠶᠢᠳᠡᠮ ᠪᠠᠶᠢᠴᠠᠭᠠᠯᠲᠠ ᠬᠢᠵᠦ᠂ ᠳᠠᠩᠰᠠ ᠡᠪᠬᠡᠮᠡᠯ ᠪᠠᠶᠢᠭᠤᠯᠤᠨ᠂ ᠬᠡᠮᠵᠢᠯᠲᠡ ᠶᠢᠨ | ᠳᠡᠮᠳᠡᠭ ᠤᠨ ᠪᠦᠷᠢᠨ ᠪᠦᠲᠦᠨ ᠪᠠᠶᠢᠳᠠᠯ ᠳᠤ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ᠃ ᠬᠡᠮᠵᠢᠯᠲᠡ ᠶᠢᠨ ᠲᠡᠮᠳᠡᠭ ᠢ ᠬᠠᠮᠠᠭᠠᠯᠠᠵᠤ᠂ ᠬᠡᠮᠵᠢᠯᠲᠡ ᠶᠢᠨ | ᠲᠡᠮᠳᠡᠭ ᠤᠨ ᠪᠦᠷᠢᠨ ᠪᠦᠲᠦᠨ ᠪᠠᠶᠢᠳᠠᠯ ᠢ ᠪᠠᠲᠤᠯᠠᠬᠤ ᠬᠡᠷᠡᠭᠲᠡᠢ᠃ ᠡᠪᠳᠡᠷᠡᠭᠰᠡᠨ ᠬᠡᠮᠵᠢᠯᠲᠡ ᠶᠢᠨ ᠲᠡᠮᠳᠡᠭ ᠢ ᠰᠡᠯᠪᠢᠨ ᠵᠠᠰᠠᠵᠤ᠂ ᠬᠡᠷᠡᠭᠯᠡᠭᠡᠨ ᠤ | ᠴᠢᠳᠠᠪᠤᠷᠢ ᠶᠢ ᠨᠢ ᠰᠡᠷᠭᠦᠭᠡᠬᠦ ᠬᠡᠷᠡᠭᠲᠡᠶ᠃ ᠬᠡᠮᠵᠢᠯᠲᠡ ᠶᠢᠨ ᠳᠡᠮᠳᠡᠭ ᠢ ᠬᠠᠮᠠᠭᠠᠯᠠᠬᠤ ᠤᠬᠠᠭᠤᠯᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠬᠡᠮᠵᠢᠯᠲᠡ ᠶᠢᠨ | ᠳᠡᠮᠳᠡᠭ ᠬᠠᠮᠢᠶᠠᠷᠤᠭᠴᠢ ᠶᠢᠨ ᠬᠠᠳᠠᠭᠠᠯᠠᠨ ᠬᠠᠮᠢᠶᠠᠷᠬᠤ ᠠᠵᠢᠯ ᠢ ᠰᠠᠶᠢᠲᠤᠷ ᠬᠢᠬᠦ ᠶᠢ ᠵᠢᠯᠣᠭᠤᠳᠬᠤ ᠬᠡᠷᠡᠭᠲᠡᠢ᠃ ᠡᠷᠬᠡ ᠮᠡᠳᠡᠯ ᠤᠨ ᠬᠡᠪᠴᠢᠶ᠎ᠡ ᠶᠣᠰᠣᠭᠠᠷ | ᠬᠡᠮᠵᠢᠯᠲᠡ ᠶᠢᠨ ᠲᠡᠮᠳᠡᠭ ᠢ ᠰᠢᠯᠵᠢᠭᠦᠯᠦᠨ ᠪᠠᠶᠢᠭᠤᠯᠬᠤ ᠶᠢ ᠬᠢᠨᠠᠨ ᠬᠠᠷᠭᠤᠭᠤᠯᠵᠤ᠂ ᠬᠢᠨᠠᠨ ᠵᠥᠪᠰᠢᠶᠡᠷᠡᠵᠦ᠂ ᠬᠡᠮᠵᠢᠯᠲᠡ ᠶᠢᠨ ᠲᠡᠮᠳᠡᠭ ᠤᠨ ᠬᠠᠤᠯᠢ ᠠᠴᠠ | ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠬᠡᠮᠵᠢᠯᠲᠡ ᠶᠢᠨ ᠲᠡᠮᠳᠡᠭ ᠤᠨ ᠣᠳᠣᠬᠢ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ | ᠨᠡᠶᠢᠲᠡᠯᠡᠨ᠎ᠡ᠃ | ᠭᠤᠷᠪᠠ᠂ ᠬᠡᠮᠵᠢᠯᠲᠡ ᠶᠢᠨ ᠲᠡᠮᠳᠡᠭ ᠢ ᠱᠠᠲᠤ ᠬᠤᠪᠢᠶᠠᠨ ᠬᠠᠮᠢᠶᠠᠷᠬᠤ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠨᠢ ᠤᠯᠤᠰ ᠤᠨ ᠬᠤᠶᠠᠳᠤᠭᠠᠷ | ᠳᠡᠰ ᠠᠴᠠ ᠳᠡᠭᠡᠭᠰᠢᠬᠢ ᠲᠣᠮᠣ ᠭᠠᠵᠠᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠤᠰᠤᠳ ᠲᠡᠰ ᠤᠨ ᠬᠡᠮᠵᠢᠯᠲᠡ ᠶᠢᠨ ᠲᠡᠮᠳᠡᠭ ᠤᠨ | ᠬᠠᠮᠢᠶᠠᠷᠤᠯᠲᠠ ᠶᠢ ᠬᠡᠮᠵᠢᠯᠲᠡ ᠶᠢᠨ ᠲᠡᠮᠳᠡᠭ ᠤᠨ ᠪᠠᠶᠢᠭ᠎ᠠ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠬᠠᠷᠢᠭᠤᠴᠠᠨ᠎ᠠ᠃ | ᠳᠥᠷᠪᠡ᠂ ᠬᠡᠮᠵᠢᠯᠲᠡ ᠶᠢᠨ ᠲᠡᠮᠳᠡᠭ ᠢ ᠲᠥᠷᠥᠯ ᠬᠤᠪᠢᠶᠠᠨ ᠬᠠᠮᠠᠭᠠᠯᠠᠬᠤ ᠬᠡᠷᠡᠭᠲᠡᠶ᠃ ᠣᠳᠣᠬᠠᠨ ᠤ ᠮᠡᠷᠭᠡᠵᠢᠯ ᠤᠨ ᠨᠥᠬᠦᠴᠡᠯ ᠢ ᠦᠨᠳᠦᠰᠦᠯᠡᠨ᠂ | ᠭᠦᠢᠴᠡᠳ ᠨᠤᠲᠠᠯᠠᠬᠤ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ᠂ ᠭᠤᠤᠯᠳᠠᠯᠭ᠎ᠠ ᠲᠠᠢ ᠬᠠᠮᠠᠭᠠᠯᠠᠬᠤ ᠪᠠ | ᠡᠩ ᠤᠨ ᠬᠠᠮᠠᠭᠠᠯᠠᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠠᠪᠴᠤ᠂ ᠭᠤᠤᠯᠳᠠᠯᠭ᠎ᠠ ᠲᠠᠢ ᠬᠠᠮᠠᠭᠠᠯᠠᠬᠤ ᠬᠡᠮᠵᠢᠯᠲᠡ ᠶᠢᠨ ᠲᠡᠮᠳᠡᠭ ᠲᠤ ᠨᠡᠶᠢᠳᠡᠮ | ᠪᠠᠶᠢᠴᠠᠭᠠᠵᠤ ᠪᠠᠶᠢᠳᠠᠯ ᠢ ᠣᠶᠢᠯᠠᠭᠠᠬᠤ᠂ ᠭᠠᠵᠠᠷ ᠬᠡᠷᠡᠭᠯᠡᠬᠦ ᠡᠷᠬᠡ ᠶᠢ ᠨᠤᠲᠠᠯᠠᠨ ᠲᠣᠭᠲᠠᠭᠠᠬᠤ᠂ ᠬᠠᠮᠠᠭᠠᠯᠠᠯᠲᠠ ᠶᠢ ᠴᠢᠩᠭᠠᠳᠬᠠᠬᠤ᠂ ᠭᠤᠤᠯᠳᠠᠯᠭ᠎ᠠ ᠲᠠᠢ ᠬᠢᠨᠠᠨ | ᠬᠠᠮᠢᠶᠠᠷᠬᠤ ᠠᠷᠭ᠎ᠠ ᠬᠡᠮᠵᠢᠶ᠎ᠡ ᠶᠢ ᠠᠪᠴᠤ᠂ ᠡᠩ ᠤᠨ ᠬᠠᠮᠠᠭᠠᠯᠠᠯᠲᠠ ᠶᠢᠨ ᠲᠡᠮᠳᠡᠭ ᠲᠤ ᠬᠡᠪ ᠤᠨ ᠬᠠᠮᠠᠭᠠᠯᠠᠯᠲᠠ ᠶᠢ ᠬᠡᠷᠡᠭᠵᠢᠭᠦᠯᠬᠦ ᠬᠡᠷᠡᠭᠲᠡᠶ᠃ ᠨᠢᠭᠡᠨᠲᠡ | ᠬᠡᠷᠡᠭᠯᠡᠬᠦ ᠦᠨ᠎ᠡ ᠥᠷᠲᠡᠭ ᠢᠶᠠᠨ ᠠᠯᠳᠠᠭᠰᠠᠨ᠂ ᠨᠤᠷᠠᠬᠤ ᠰᠢᠬᠠᠭᠠᠳ ᠪᠠᠶᠢᠭ᠎ᠠ ᠭᠠᠵᠠᠷ ᠤᠨ ᠭᠠᠳᠠᠷᠭᠤ ᠶᠢᠨ ᠬᠠᠶᠢᠭᠤᠷ ᠢ ᠨᠤᠷᠠᠭᠠᠵᠤ᠂ ᠭᠠᠵᠠᠷ ᠳᠣᠣᠷᠠᠬᠢ | ᠲᠡᠮᠳᠡᠭ ᠴᠢᠯᠠᠭᠤ ᠶᠢ ᠭᠤᠣᠯᠳᠠᠯᠭ᠎ᠠ ᠲᠠᠢ ᠬᠠᠮᠠᠭᠠᠯᠠᠵᠤ᠂ ᠬᠠᠶᠢᠭᠤᠷ ᠨᠤᠷᠠᠭᠰᠠᠨ ᠠᠴᠠ ᠪᠣᠯᠵᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠳᠤ ᠰᠦᠷᠳᠡᠭᠦᠯᠦᠯ ᠪᠣᠯᠬᠤ ᠶᠢ ᠪᠠᠭᠠᠰᠬᠠᠬᠤ ᠬᠡᠷᠡᠭᠲᠡᠶ᠃ | ᠲᠠᠪᠤ᠂ ᠬᠡᠮᠵᠢᠯᠲᠡ ᠶᠢᠨ ᠲᠡᠮᠳᠡᠭ ᠤᠨ ᠰᠢᠨᠵᠢᠯᠡᠬᠦ ᠤᠬᠠᠭᠠᠨᠴᠢ ᠪᠠᠷ ᠬᠠᠮᠢᠶᠠᠷᠤᠯᠲᠠ ᠬᠢᠬᠦ ᠬᠡᠷᠡᠭᠲᠡᠢ᠃ ᠬᠡᠮᠵᠢᠯᠲᠡ ᠶᠢᠨ ᠳᠡᠮᠳᠡᠭ ᠢ ᠨᠡᠶᠢᠳᠡᠮ ᠪᠠᠶᠢᠴᠠᠭᠠᠵᠤ | ᠬᠠᠮᠠᠭᠠᠯᠠᠬᠤ ᠠᠵᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠬᠡᠮᠵᠢᠯᠲᠡ ᠶᠢᠨ ᠳᠡᠮᠳᠡᠭ ᠢ ᠬᠠᠮᠠᠭᠠᠯᠠᠵᠤ ᠬᠠᠮᠢᠶᠠᠷᠬᠤ ᠳ᠋ᠠᠶᠢᠲ᠋ᠠ ᠬᠥᠮᠥᠷᠭᠡ ᠪᠠᠶᠢᠭᠤᠯᠵᠤ᠂ | ᠬᠡᠮᠵᠢᠯᠲᠡ ᠶᠢᠨ ᠳᠡᠮᠳᠡᠭ ᠢ ᠪᠠᠶᠢᠭᠤᠯᠬᠤ᠂ ᠬᠠᠳᠠᠭᠠᠯᠠᠨ ᠬᠠᠮᠢᠶᠠᠷᠬᠤ᠂ ᠬᠡᠷᠡᠭᠯᠡᠬᠦ᠂ ᠬᠠᠮᠠᠭᠠᠯᠠᠵᠤ ᠰᠡᠯᠪᠢᠨ ᠵᠠᠰᠠᠬᠤ᠂ ᠡᠳᠦᠷ ᠳᠤᠳᠤᠮ ᠤᠨ ᠪᠠᠶᠢᠴᠠᠭᠠᠯᠲᠠ ᠬᠢᠬᠦ᠂ | ᠨᠤᠷᠠᠭᠠᠵᠤ ᠨᠡᠭᠦᠯᠭᠡᠬᠦ ᠶᠢ ᠬᠢᠨᠠᠨ ᠵᠥᠪᠰᠢᠶᠡᠷᠡᠬᠦ᠂ ᠡᠷᠬᠡ ᠶᠢ ᠨᠤᠲᠠᠯᠠᠨ ᠦᠨᠡᠮᠯᠡᠯ ᠣᠯᠭᠤᠬᠤ᠂ ᠡᠳᠦᠷ ᠳᠤᠳᠤᠮ ᠤᠨ ᠬᠠᠮᠢᠶᠠᠷᠤᠯᠲᠠ ᠵᠡᠷᠭᠡ ᠮᠡᠳᠡᠭᠡ ᠵᠠᠩᠭᠢ ᠶᠢᠨ | ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠡᠯ᠎ᠡ ᠵᠦᠢᠯ ᠤᠨ ᠬᠡᠷᠡᠭᠯᠡᠬᠦ ᠭᠠᠵᠠᠷ᠂ ᠠᠭᠤᠷᠬᠠᠶ ᠶᠢᠨ ᠭᠠᠷᠤᠯᠲᠠ ᠶᠢ ᠨᠡᠭᠡᠭᠡᠬᠦ ᠵᠡᠷᠭᠡ | ᠭᠠᠵᠠᠷ ᠤᠨ ᠭᠠᠳᠠᠷᠭᠤ ᠶᠢᠨ ᠬᠡᠷᠡᠭᠴᠡᠭᠡ ᠶᠢ ᠬᠤᠪᠢᠷᠠᠭᠤᠯᠬᠤ ᠶᠢ ᠬᠢᠨᠠᠨ ᠵᠥᠪᠰᠢᠶᠡᠷᠡᠬᠦ ᠳᠡᠭᠡᠨ᠂ ᠥᠨᠢᠳᠡ ᠶᠢᠨ ᠴᠢᠨᠠᠷᠲᠠᠶ ᠬᠡᠮᠵᠢᠯᠲᠡ ᠶᠢᠨ ᠲᠡᠮᠳᠡᠭ ᠢ ᠡᠵᠡᠯᠡᠨ | ᠬᠡᠷᠡᠭᠯᠡᠭᠰᠡᠨ ᠪᠠᠶᠢᠬᠤ ᠡᠰᠡᠬᠦ ᠶᠢ ᠬᠢᠨᠠᠨ ᠪᠠᠶᠢᠴᠠᠭᠠᠬᠤ ᠬᠡᠷᠡᠭᠲᠡᠶ᠃ ᠨᠥᠬᠦᠴᠡᠯ ᠲᠠᠢ ᠭᠠᠵᠠᠷ ᠣᠷᠣᠨ ᠨᠢ ᠥᠨᠢᠳᠡ ᠶᠢᠨ ᠴᠢᠨᠠᠷᠲᠠᠶ ᠬᠡᠮᠵᠢᠯᠲᠡ ᠶᠢᠨ ᠲᠡᠮᠳᠡᠭ ᠤᠨ | ᠭᠠᠵᠠᠷ ᠰᠢᠷᠣᠶ ᠡᠵᠡᠯᠡᠬᠦ ᠡᠷᠬᠡ ᠶᠢ ᠨᠤᠲᠠᠯᠠᠨ ᠦᠨᠡᠮᠯᠡᠯ ᠣᠯᠭᠤᠬᠤ ᠠᠵᠢᠯ ᠢ ᠥᠷᠨᠢᠭᠦᠯᠵᠦ ᠪᠣᠯᠤᠨ᠎ᠠ᠃ | ᠵᠢᠷᠭᠤᠭ᠎ᠠ᠂ ᠥᠨᠢᠳᠡ ᠶᠢᠨ ᠴᠢᠨᠠᠷᠲᠠᠢ ᠬᠡᠮᠵᠢᠯᠲᠡ ᠶᠢᠨ ᠲᠡᠮᠳᠡᠭ ᠢ ᠨᠤᠷᠠᠭᠠᠵᠤ ᠨᠡᠭᠦᠯᠭᠡᠬᠦ ᠶᠢ ᠬᠢᠨᠠᠨ ᠵᠥᠪᠰᠢᠶᠡᠷᠡᠬᠦ᠃ ᠥᠨᠢᠳᠡ ᠶᠢᠨ ᠴᠢᠨᠠᠷᠲᠠᠶ | ᠬᠡᠮᠵᠢᠯᠲᠡ ᠶᠢᠨ ᠲᠡᠮᠳᠡᠭ ᠢ ᠡᠵᠡᠯᠡᠨ ᠬᠡᠷᠡᠭᠯᠡᠬᠦ ᠳᠤ᠂ ᠡᠵᠡᠯᠡᠨ ᠬᠡᠷᠡᠭᠯᠡᠭᠰᠡᠨ ᠨᠢᠭᠡᠴᠢ ᠠᠴᠠ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠡᠵᠡᠯᠡᠨ ᠬᠡᠷᠡᠭᠯᠡᠬᠦ ᠭᠤᠶᠤᠴᠢᠯᠠᠯ ᠳᠤᠷᠠᠳᠴᠤ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ | ᠠᠶᠢᠮᠠᠭ ᠬᠤᠲᠠ ᠳᠤ ᠬᠠᠮᠢᠶᠠᠷᠤᠭᠳᠠᠬᠤ ᠶᠢ ᠨᠢ ᠠᠶᠢᠮᠠᠭ ᠬᠤᠲᠠ ᠰᠢᠭᠤᠳ ᠬᠢᠨᠠᠨ ᠵᠥᠪᠰᠢᠶᠡᠷᠡᠨ᠎ᠡ᠂ ᠥᠪᠡᠷᠲᠡᠭᠡᠨ ᠵᠠᠰᠠᠬᠤ ᠣᠷᠣᠨ ᠤ ᠬᠠᠮᠢᠶᠠᠷᠤᠯᠲᠠ ᠳᠤ | ᠬᠠᠷᠢᠶᠠᠯᠠᠭᠳᠠᠬᠤ ᠶᠢ ᠨᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ | ᠮᠡᠳᠡᠭᠦᠯᠦᠨ᠎ᠡ᠃ ᠥᠨᠢᠳᠡ ᠶᠢᠨ ᠴᠢᠨᠠᠷᠲᠠᠢ ᠬᠡᠮᠵᠢᠯᠲᠡ ᠶᠢᠨ ᠳᠡᠮᠳᠡᠭ ᠢ ᠡᠵᠡᠯᠡᠨ ᠬᠡᠷᠡᠭᠯᠡᠭᠰᠡᠨ ᠨᠢᠭᠡᠴᠢ ᠡᠷᠬᠡᠪᠰᠢ ᠬᠠᠤᠯᠢ ᠶᠣᠰᠣᠭᠠᠷ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠰᠢᠯᠵᠢᠭᠦᠯᠦᠨ ᠪᠠᠶᠢᠭᠤᠯᠬᠤ ᠵᠠᠷᠤᠳᠠᠯ ᠥᠭᠴᠦ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠰᠢᠯᠵᠢᠭᠦᠯᠦᠨ ᠪᠠᠶᠢᠭᠤᠯᠬᠤ | ᠬᠡᠷᠡᠭᠲᠡᠢ᠃ ᠨᠡᠭᠦᠯᠭᠡᠨ ᠪᠠᠶᠢᠭᠤᠯᠬᠤ ᠵᠠᠷᠤᠳᠠᠯ ᠤᠨ ᠲᠥᠰᠦᠪ ᠢ ᠤᠤᠯ ᠤᠨ ᠤᠯᠤᠰ ᠤᠨ ᠬᠡᠮᠵᠢᠨ ᠵᠢᠷᠤᠬᠤ ᠲᠤᠪᠴᠢᠶ᠎ᠠ ᠪᠣᠯᠤᠨ ᠡᠳ᠋ ᠤᠨ ᠵᠠᠰᠠᠭ ᠤᠨ ᠶᠠᠮᠤᠨ ᠤ | ᠲᠣᠭᠲᠠᠭᠠᠭᠰᠠᠨ ︽ᠬᠡᠮᠵᠢᠨ ᠵᠢᠷᠤᠬᠤ ᠥᠪᠡᠷ ᠤᠨ ᠦᠷᠳᠡᠭ ᠤᠨ ᠵᠠᠷᠤᠳᠠᠯ ᠤᠨ ᠲᠣᠭᠲᠠᠭᠰᠠᠨ ᠲᠤᠭ᠎ᠠ︾ ᠶᠢᠨ ᠪᠠᠷᠢᠮᠵᠢᠶ᠎ᠠ ᠶᠢ ᠦᠨᠳᠦᠰᠦᠯᠡᠨ ᠬᠡᠷᠡᠭᠵᠢᠭᠦᠯᠦᠨ᠎ᠡ᠃ | ᠨᠡᠭᠦᠯᠭᠡᠨ ᠪᠠᠶᠢᠭᠤᠯᠬᠤ ᠵᠠᠷᠤᠳᠠᠯ ᠤᠨ ᠲᠤᠰᠬᠠᠶ ᠵᠣᠭᠤᠰ ᠢ ᠲᠤᠰᠬᠠᠶ ᠵᠦᠢᠯ ᠳᠤ ᠨᠢ ᠬᠡᠷᠡᠭᠯᠡᠬᠦ ᠬᠡᠷᠡᠭᠲᠡᠶ᠂ ᠵᠢᠱᠢᠶᠡᠯᠡᠪᠡᠯ ᠨᠡᠭᠦᠯᠭᠡᠨ ᠪᠠᠶᠢᠭᠤᠯᠬᠤ ᠭᠠᠵᠠᠷ | ᠣᠷᠣᠨ ᠢ ᠪᠤᠰᠤᠳ ᠳᠡᠭᠡᠳᠦ ᠲᠠᠰ ᠤᠨ ᠬᠡᠮᠵᠢᠯᠲᠡ ᠶᠢᠨ ᠲᠡᠮᠳᠡᠭ ᠢᠶᠠᠷ ᠣᠷᠣᠯᠠᠭᠤᠯᠵᠤ ᠪᠣᠯᠤᠨ᠎ᠠ᠂ ᠳᠠᠪᠬᠤᠷᠳᠠᠭᠤᠯᠤᠨ ᠪᠠᠶᠢᠭᠤᠯᠬᠤ ᠦᠭᠡᠶ ᠪᠠᠶᠢᠵᠤ ᠪᠣᠯᠤᠨ᠎ᠠ᠂ | ᠨᠡᠭᠦᠯᠭᠡᠨ ᠪᠠᠶᠢᠭᠤᠯᠬᠤ ᠵᠠᠷᠤᠳᠠᠯ ᠢ ᠲᠤᠬᠠᠶ ᠶᠢᠨ ᠭᠠᠵᠠᠷ ᠤᠨ ᠬᠡᠮᠵᠢᠯᠲᠡ ᠶᠢᠨ ᠲᠡᠮᠳᠡᠭ ᠢ ᠲᠣᠭᠤᠷᠢᠨ ᠪᠠᠶᠢᠴᠠᠭᠠᠬᠤ᠂ ᠨᠡᠶᠢᠳᠡᠮ ᠪᠠᠶᠢᠴᠠᠭᠠᠬᠤ᠂ ᠬᠠᠮᠠᠭᠠᠯᠠᠬᠤ᠂ | ᠬᠠᠳᠠᠭᠠᠯᠠᠬᠤ᠂ ᠳᠠᠩᠰᠠ ᠡᠪᠬᠡᠮᠡᠯ ᠪᠠᠶᠢᠭᠤᠯᠬᠤ ᠵᠡᠷᠭᠡ ᠠᠵᠢᠯ ᠳᠤ ᠬᠡᠷᠡᠭᠯᠡᠵᠦ ᠪᠣᠯᠤᠨ᠎ᠠ᠃ ᠨᠡᠭᠦᠯᠭᠡᠨ ᠪᠠᠶᠢᠭᠤᠯᠬᠤ ᠨᠢᠭᠡᠴᠢ ᠨᠢ ᠵᠣᠬᠢᠴᠠᠩᠭᠤᠶ ᠬᠢᠷᠢ ᠬᠡᠮ ᠲᠠᠢ | ᠬᠡᠮᠵᠢᠨ ᠵᠢᠷᠤᠬᠤ ᠨᠢᠭᠡᠴᠢ ᠶᠢ ᠰᠣᠩᠭᠤᠬᠤ ᠬᠡᠷᠡᠭᠲᠡᠶ᠃ | ᠳᠣᠯᠤᠭ᠎ᠠ᠂ ᠲᠣᠭᠲᠠᠭᠤᠨ ᠪᠦᠬᠦᠢ ᠬᠡᠮᠵᠢᠯᠲᠡ ᠶᠢᠨ ᠲᠡᠮᠳᠡᠭ ᠢ ᠬᠠᠮᠠᠭᠠᠯᠠᠵᠤ ᠬᠠᠮᠢᠶᠠᠷᠬᠤ ᠠᠵᠢᠯ ᠤᠨ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ | ᠬᠠᠤᠯᠢ ᠶᠣᠰᠣᠭᠠᠷ ᠪᠠᠶᠢᠭᠤᠯᠬᠤ ᠬᠡᠷᠡᠭᠲᠡᠶ᠃ ᠰᠠᠭᠤᠷᠢ ᠴᠢᠨᠠᠷᠲᠠᠢ ᠬᠡᠮᠵᠢᠯᠲᠡ ᠶᠢᠨ ᠳᠡᠮᠳᠡᠭ ᠢ ᠪᠠᠶᠢᠭᠤᠯᠬᠤ᠂ ᠬᠠᠳᠠᠭᠠᠯᠠᠨ ᠬᠠᠮᠢᠶᠠᠷᠬᠤ᠂ ᠨᠡᠶᠢᠳᠡᠮ ᠪᠠᠶᠢᠴᠠᠭᠠᠬᠤ᠂ | ᠬᠠᠮᠠᠭᠠᠯᠠᠨ ᠰᠡᠯᠪᠢᠨ ᠵᠠᠰᠠᠬᠤ᠂ ᠡᠳᠦᠷ ᠳᠤᠳᠤᠮ ᠤᠨ ᠪᠠᠶᠢᠴᠠᠭᠠᠯᠲᠠ ᠬᠢᠬᠦ ᠵᠡᠷᠭᠡ ᠳᠤ ᠬᠡᠷᠡᠭᠰᠡᠬᠦ ᠵᠠᠷᠤᠳᠠᠯ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠠᠴᠠ ᠠᠳᠠᠯᠢ ᠱᠠᠲᠤᠨ ᠤ ᠰᠠᠭᠤᠷᠢ ᠬᠡᠮᠵᠢᠨ ᠵᠢᠷᠤᠬᠤ ᠣᠨ ᠤ ᠲᠥᠯᠥᠪᠯᠡᠭᠡ ᠵᠢᠴᠢ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ | ᠣᠷᠣᠭᠤᠯᠵᠤ᠂ ᠲᠤᠰᠬᠠᠢ ᠵᠣᠭᠤᠰ ᠢ ᠲᠤᠰᠬᠠᠢ ᠬᠡᠷᠡᠭᠯᠡᠨ᠎ᠡ᠃ | ᠨᠠᠢᠮᠠ᠂ ᠬᠠᠤᠯᠢ ᠠᠴᠠ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠬᠡᠮᠵᠢᠯᠲᠡ ᠶᠢᠨ ᠲᠡᠮᠳᠡᠭ ᠤᠨ | ᠠᠶᠤᠯ ᠦᠭᠡᠶ ᠪᠠ ᠬᠡᠷᠡᠭᠯᠡᠬᠦ ᠬᠦᠴᠦᠨ ᠴᠢᠳᠠᠪᠤᠷᠢ ᠳᠤ ᠬᠥᠨᠥᠭᠡᠯ ᠲᠠᠢ᠂ ᠵᠥᠪᠰᠢᠶᠡᠷᠡᠭᠦᠯᠦᠭᠡᠳᠦᠶ ᠪᠠᠷ ᠥᠨᠢᠳᠡ ᠶᠢᠨ ᠴᠢᠨᠠᠷᠲᠠᠶ ᠬᠡᠮᠵᠢᠯᠲᠡ ᠶᠢᠨ ᠲᠡᠮᠳᠡᠭ ᠢ | ᠳᠤᠷ᠎ᠠ ᠪᠠᠷ ᠢᠶᠠᠨ ᠨᠤᠷᠠᠭᠠᠵᠤ ᠨᠡᠭᠦᠯᠭᠡᠭᠰᠡᠨ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠭᠦᠯᠭᠡᠨ ᠪᠠᠶᠢᠭᠤᠯᠬᠤ ᠵᠠᠷᠤᠳᠠᠯ ᠥᠭᠬᠦ ᠶᠢ | ᠲᠡᠪᠴᠢᠭᠰᠡᠨ᠂ ᠥᠨᠢᠳᠡ ᠶᠢᠨ ᠴᠢᠨᠠᠷᠲᠠᠶ ᠬᠡᠮᠵᠢᠯᠲᠡ ᠶᠢᠨ ᠲᠡᠮᠳᠡᠭ ᠢ ᠲᠣᠭᠲᠠᠭᠠᠯ ᠠᠴᠠ ᠵᠥᠷᠢᠴᠡᠭᠰᠡᠨ ᠪᠤᠶᠤ ᠬᠠᠤᠯᠢ ᠪᠤᠰᠤ ᠪᠠᠷ ᠬᠡᠷᠡᠭᠯᠡᠭᠰᠡᠨ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠬᠡᠮᠵᠢᠯᠲᠡ ᠶᠢᠨ ᠲᠡᠮᠳᠡᠭ ᠢ ᠵᠣᠷᠢᠭᠤᠳᠠ ᠡᠪᠳᠡᠵᠦ᠂ ᠬᠡᠷᠡᠭᠯᠡᠬᠦ ᠬᠦᠴᠦᠨ ᠴᠢᠳᠠᠪᠤᠷᠢ ᠶᠢ ᠨᠢ | ᠠᠯᠳᠠᠭᠤᠯᠤᠭᠰᠠᠨ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠥᠭᠬᠦ ᠬᠡᠷᠡᠭᠲᠡᠢ ᠪᠠᠶᠢᠪᠠᠯ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠲᠦᠷᠢᠮ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠶ᠃ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠨᠡᠶᠢᠲᠡᠯᠡᠬᠦ ᠬᠡᠷᠡᠭᠲᠡᠶ᠃ | ᠶᠢᠰᠦ᠂ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ | ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠡᠮᠵᠢᠯᠲᠡ ᠶᠢᠨ ᠲᠡᠮᠳᠡᠭ ᠤᠨ ᠴᠢᠬᠤᠯᠠ ᠦᠢᠯᠡᠳᠦᠯ᠂ | ᠬᠠᠮᠢᠶ᠎ᠠ ᠪᠦᠬᠦᠢ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠵᠢᠴᠢ ᠬᠠᠮᠠᠭᠠᠯᠠᠯᠲᠠ ᠬᠠᠮᠢᠶᠠᠷᠤᠯᠲᠠ ᠶᠢᠨ ᠠᠮᠵᠢᠯᠲᠠ ᠲᠠᠢ ᠲᠤᠷᠰᠢᠯᠭ᠎ᠠ | ᠂ ᠲᠡᠷᠢᠭᠦᠨ ᠤ ᠬᠥᠮᠦᠰ ᠤᠨ ᠦᠢᠯᠡ ᠠᠵᠢᠯᠯᠠᠭ᠎ᠠ ᠵᠡᠷᠭᠡ ᠶᠢ ᠶᠡᠬᠡᠪᠡᠷ ᠤᠬᠠᠭᠤᠯᠬᠤ ᠬᠡᠷᠡᠭᠲᠡᠶ︔ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠪᠠ ᠬᠠᠮᠢᠶᠠᠷᠬᠤ | ᠠᠵᠢᠯ ᠤᠨ ᠳᠤᠮᠳᠠ ᠢᠯᠡᠳᠲᠡ ᠠᠮᠵᠢᠯᠲᠠ ᠭᠠᠷᠭᠠᠭᠰᠠᠨ ᠨᠢᠭᠡᠴᠢ ᠪᠣᠯᠤᠨ ᠬᠤᠪᠢ ᠬᠥᠮᠦᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠥᠬᠢᠭᠦᠯᠦᠨ ᠱᠠᠩᠨᠠᠬᠤ ᠬᠡᠷᠡᠭᠲᠡᠶ᠃ |