1 ᠳ᠋ᠦ᠋ᠭᠡᠷ ᠰᠠᠷ᠎ᠠ ᠶᠢᠨ 13 ᠤ ᠡᠳᠦᠷ᠂ 2020 ᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠠᠵᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠂ 2020 ᠣᠨ ᠳᠤ ᠮᠠᠨ ᠤ ᠣᠷᠣᠨ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ | ᠲᠣᠭᠲᠠᠪᠤᠷᠢᠵᠢᠭᠤᠯᠤᠨ ᠥᠷᠭᠡᠳᠬᠡᠵᠦ᠂ ᠪᠥᠬᠦ ᠣᠷᠣᠨ ᠤ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠣᠯᠤᠭᠰᠠᠨ ᠬᠦᠮᠦᠨ | 23.22 ᠲᠦᠮᠡ ᠨᠡᠮᠡᠭᠳᠡᠵᠦ᠂ ᠣᠨ ᠤ ᠬᠠᠷᠠᠯᠲᠠ ᠪᠠᠨ 105.5 % ᠪᠠᠷ ᠪᠡᠶᠡᠯᠡᠭᠦᠯᠪᠡ᠃ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ 3.8 % ᠪᠣᠯᠵᠤ᠂ ᠣᠨ ᠤ ᠬᠢᠵᠠᠭᠠᠷᠯᠠᠬᠤ ᠬᠠᠷᠠᠯᠲᠠ ᠠᠴᠠ 0.7 | ᠵᠠᠭᠤᠨ ᠤ ᠴᠡᠭ ᠳᠣᠤᠷ᠎ᠠ ᠪᠣᠯᠵᠤ᠂ ᠪᠥᠬᠦ ᠣᠷᠣᠨ ᠤ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ | ᠪᠠᠶᠢᠵᠤ᠂ ᠵᠢᠱᠢᠯᠲᠡ ᠠᠴᠠ ᠰᠠᠶᠢᠨ ᠪᠣᠯᠪᠠ᠃ | 2020 ᠣᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠠᠵᠢᠯ | ᠣᠯᠭᠤᠯᠲᠠ ᠶᠢᠨ ᠠᠵᠢᠯ ᠳᠤ ᠤᠷᠢᠳ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠠᠪᠴᠢᠷᠠᠪᠠ᠃ ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠶᠢ ᠴᠢᠬᠤᠯᠠ ᠶᠡᠭᠡ ᠤᠯᠤᠰ | ᠲᠥᠷᠥ ᠶᠢᠨ ᠬᠠᠷᠢᠭᠤᠴᠠᠯᠭ᠎ᠠ ᠪᠠᠨ ᠪᠣᠯᠭᠠᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠷᠤᠭᠠᠰᠤ ᠶᠢ ᠬᠥᠩᠭᠡᠯᠡᠬᠦ᠂ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ᠂ | ᠠᠵᠢᠯ ᠣᠯᠭᠤᠯᠲᠠ ᠶᠢ ᠥᠷᠭᠡᠳᠬᠡᠬᠦ ᠶᠢ ᠵᠡᠷᠭᠡ ᠪᠠᠷ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠳᠠᠬᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ 20 ᠵᠤᠷᠪᠤᠰ᠂ ᠬᠢᠵᠢᠭ ᠤᠨ ᠪᠠᠶᠢᠳᠠᠯ ᠤᠨ ᠨᠦᠯᠦᠭᠡ ᠶᠢ | ᠠᠷᠭᠠᠴᠠᠭᠠᠬᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠴᠢᠩᠭᠠᠳᠬᠠᠬᠤ 28 ᠵᠣᠷᠪᠤᠰ ᠢᠶᠠᠷ ᠶᠡᠷᠦᠩᠬᠡᠢ | ᠬᠦᠲᠦᠯᠪᠦᠷᠢ ᠪᠣᠯᠭᠠᠵᠤ᠂ ᠠᠵᠢᠯ ᠣᠯᠭᠤᠯᠲᠠ ᠶᠢᠨ ᠦᠶᠯᠡᠴᠢᠯᠡᠭᠡ᠂ ᠠᠵᠢᠯ ᠠᠯᠳᠠᠭᠰᠠᠨ ᠳᠠᠭᠠᠳᠬᠠᠯ ᠢᠶᠠᠷ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠵᠤ ᠠᠵᠢᠯ ᠣᠯᠭᠤᠬᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠢ ᠵᠣᠬᠢᠶᠠᠨ | ᠪᠠᠶᠢᠭᠤᠯᠤᠨ ᠠᠵᠢᠯ ᠤᠨ ᠪᠠᠶᠢᠷᠢ ᠳᠤ ᠨᠢ ᠪᠤᠴᠠᠭᠠᠨ ᠠᠵᠢᠯ ᠰᠡᠷᠭᠦᠭᠡᠬᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ | ᠵᠣᠷᠢᠭᠵᠢᠭᠤᠯᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠴᠢᠭᠤᠯᠤᠨ ᠠᠵᠢᠯᠯᠠᠭᠤᠯᠬᠤ ᠵᠡᠷᠭᠡ ᠶᠢ | ᠴᠢᠩᠭᠠᠳᠬᠠᠬᠤ ᠪᠠᠷ ᠭᠠᠷᠳᠠᠯ ᠪᠣᠯᠭᠠᠭᠰᠠᠨ ᠰᠢᠷᠢᠰ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠴᠢ ᠠᠵᠢᠯ ᠤᠯᠭᠤᠯᠲᠠ ᠳᠤ ᠦᠢᠯᠡᠴᠢᠯᠡᠬᠦ ᠶᠢ ᠴᠢᠩᠭᠠᠷᠠᠭᠤᠯᠤᠨ᠂ | ᠠᠵᠢᠯ ᠣᠯᠭᠤᠬᠤ ᠦᠶᠯᠡᠰ ᠴᠣᠭᠴᠠᠯᠠᠬᠤ ᠦᠶᠯᠡᠴᠢᠯᠡᠭᠡᠨ ᠤ ᠪᠡᠷᠬᠡ ᠰᠡᠳᠦᠪ ᠢ ᠰᠢᠶᠳᠪᠦᠷᠢᠯᠡᠬᠦ ᠤᠯᠠᠷᠢᠯ ᠤᠨ ᠠᠵᠢᠯᠯᠠᠭ᠎ᠠ ᠶᠢ | ᠦᠷᠨᠢᠭᠦᠯᠵᠦ᠂ ᠪᠥᠬᠦ ᠣᠷᠣᠨ ᠳᠤ ᠡᠯ᠎ᠡ ᠲᠥᠷᠥᠯ ᠤᠨ ᠠᠵᠢᠯᠲᠠᠨ ᠡᠯᠰᠡᠬᠦ ᠴᠤᠭᠯᠠᠭᠠᠨ ᠢ ᠨᠡᠶᠢᠲᠡ 596 ᠲᠠᠯᠠᠪᠠᠶ ᠡᠷᠭᠢᠯᠡᠪᠡ | ᠃ 12 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ 13.96 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠭᠰᠠᠨ ᠪᠤᠶᠤ ᠠᠵᠢᠯ ᠣᠯᠭᠤᠬᠤ ᠬᠠᠨᠳᠤᠰᠢ ᠶᠢ ᠨᠠᠶᠢᠳᠠᠪᠤᠷᠢᠵᠢᠭᠤᠯᠵᠤ᠂ ᠣᠨ ᠤ ᠲᠦᠯᠦᠪᠯᠡᠭᠡ ᠪᠠᠨ 107 % ᠪᠠᠷ | ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ 248.2 ᠲᠦᠮᠡᠨ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ | ᠣᠯᠭᠤᠵᠤ᠂ ᠣᠨ ᠤ ᠬᠠᠷᠠᠯᠲᠠᠲᠤ ᠡᠭᠦᠷᠭᠡ ᠪᠠᠨ 101 % ᠪᠠᠷ ᠪᠡᠶᠡᠯᠡᠭᠦᠯᠪᠡ᠃ ᠠᠵᠢᠯ ᠤᠯᠬᠤ ᠳᠤ ᠬᠦᠴᠢᠷᠲᠡᠢ 7.38 | ᠲᠦᠮᠡᠨ ᠬᠦᠮᠦᠰ ᠲᠤ ᠠᠵᠢᠯ ᠣᠯᠭᠤᠵᠤ᠂ ᠣᠨ ᠤ ᠲᠥᠯᠥᠪᠯᠡᠭᠡ ᠪᠠᠨ 147.6 % ᠪᠠᠷ ᠪᠡᠶᠡᠯᠡᠭᠦᠯᠪᠡ᠃ ᠠᠵᠢᠯ | ᠠᠯᠳᠠᠭᠰᠠᠨ 10.45 ᠲᠦᠮᠡᠨ ᠬᠦᠮᠦᠨ ᠳᠤ ᠳᠠᠬᠢᠨ ᠠᠵᠢᠯ ᠣᠯᠭᠤᠵᠤ᠂ ᠣᠨ ᠤ ᠲᠥᠯᠥᠪᠯᠡᠭᠡ ᠪᠠᠨ 209 % ᠪᠠᠷ | ᠪᠡᠶᠡᠯᠡᠭᠦᠯᠪᠡ᠃ | ᠡᠭᠦᠨ ᠤ ᠬᠠᠮᠲᠤ᠂ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠱᠠᠲᠤᠴᠢ ᠴᠢᠨᠠᠷᠲᠠᠶ ᠪᠠᠷ ᠬᠠᠰᠤᠵᠤ ᠬᠡᠯᠲᠦᠷᠢᠭᠦᠯᠦᠨ | ᠬᠤᠶᠢᠰᠢᠯᠠᠭᠤᠯᠬᠤ᠂ ᠠᠵᠢᠯ ᠠᠯᠳᠠᠭᠰᠠᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠵᠤ ᠠᠵᠢᠯ | ᠣᠯᠭᠤᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠥᠬᠦ ᠬᠦᠴᠦᠨ ᠢᠶᠠᠷ ᠢᠶᠠᠨ ᠠᠵᠤ | ᠠᠬᠤᠶᠢᠯᠠᠯ ᠢ ᠲᠣᠭᠲᠠᠪᠤᠷᠢᠵᠢᠭᠤᠯᠤᠨ᠂ ᠠᠵᠢᠯ ᠣᠯᠭᠤᠯᠲᠠ ᠶᠢ ᠲᠣᠭᠲᠠᠪᠤᠷᠢᠵᠢᠭᠤᠯᠪᠠ᠃ ᠪᠥᠬᠦ ᠵᠢᠯ ᠳᠤ ᠨᠠᠰᠤᠵᠢᠯ ᠤᠨ | ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠪᠠ ᠠᠵᠢᠯ ᠠᠯᠳᠠᠭᠰᠠᠨ ᠳᠠᠭᠠᠳᠬᠠᠯ ᠵᠡᠷᠭᠡ ᠭᠤᠷᠪᠠᠨ ᠵᠦᠶᠯ ᠤᠨ | ᠨᠡᠶᠢᠭᠡᠮ ᠤᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠶᠳᠬᠡᠯ ᠢ 158.1 ᠳ᠋ᠦᠩᠰᠢᠭᠤᠷ ᠲᠥᠭᠦᠷᠢᠭ ᠬᠠᠰᠤᠵᠤ | ᠬᠡᠯᠲᠦᠷᠢᠭᠦᠯᠦᠨ᠂ 7.1 ᠲᠦᠮᠡᠨ ᠠᠵᠤ ᠠᠬᠤᠶᠢᠯᠠᠯ ᠳᠤ ᠠᠰᠢᠭ ᠬᠦᠷᠲᠡᠭᠡᠪᠡ᠃ 2.44 ᠲᠦᠮᠡᠨ ᠡᠷᠦᠬᠡ ᠠᠵᠤ | ᠠᠬᠤᠶᠢᠯᠠᠯ ᠳᠤ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠢ ᠨᠡᠶᠢᠲᠡ 18.8 ᠳ᠋ᠦᠩᠰᠢᠭᠤᠷ ᠲᠥᠭᠦᠷᠢᠭ ᠪᠤᠴᠠᠭᠠᠨ | ᠥᠭᠴᠦ᠂ 171.8 ᠲᠦᠮᠡᠨ ᠠᠵᠢᠯᠴᠢᠨ ᠳᠤ ᠠᠰᠢᠭ ᠬᠦᠷᠲᠡᠭᠡᠪᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠤᠨ ᠲᠥᠷᠥ ᠶᠢᠨ ᠪᠣᠳᠣᠯᠭ᠎ᠠ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ | ᠪᠣᠯᠪᠠᠰᠤᠷᠠᠭᠤᠯᠤᠯ ᠤᠨ ᠨᠦᠬᠦᠪᠦᠷᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠰᠦᠯᠵᠢᠶᠡᠨ ᠳᠡᠭᠡᠷᠡᠬᠢ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠠᠪᠴᠠᠩ 199 ᠶᠢ ᠨᠡᠭᠡᠭᠡᠵᠦ᠂ ᠨᠦᠬᠦᠪᠦᠷᠢ ᠶᠢᠨ ᠴᠢᠨᠠᠷᠲᠠᠶ | ᠪᠣᠯᠪᠠᠰᠤᠷᠠᠭᠤᠯᠤᠯ ᠢ 81.3 ᠲᠦᠮᠡᠨ ᠬᠦᠮᠦᠨ ᠤᠳᠠᠭ᠎ᠠ ᠪᠡᠶᠡᠯᠡᠭᠦᠯᠦᠨ᠂ ᠨᠦᠬᠦᠪᠦᠷᠢ ᠶᠢᠨ ᠪᠠᠯᠠ ᠮᠥᠩᠭᠦ ᠶᠢ 9.98 | ᠳ᠋ᠦᠩᠰᠢᠭᠤᠷ ᠲᠥᠭᠦᠷᠢᠭ ᠰᠠᠯᠭᠠᠨ ᠥᠭᠴᠦ᠂ ᠪᠥᠬᠦ ᠵᠢᠯ ᠳᠤ 25 ᠲᠦᠮᠡᠨ ᠬᠥᠮᠦᠨ ᠤᠳᠠᠭ᠎ᠠ ᠪᠡᠶᠡᠯᠡᠭᠦᠯᠬᠦ ᠬᠠᠷᠠᠯᠲᠠᠲᠤ | ᠡᠭᠦᠷᠭᠡ ᠪᠠᠨ 325.2 % ᠢᠶᠠᠷ ᠪᠡᠶᠡᠯᠡᠭᠦᠯᠪᠡ᠃ |