| | 10 ᠳ᠋ᠤᠭᠠᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠬᠡᠷ 2021 ᠣᠨ ᠤ ᠪᠥᠬᠦ ᠣᠷᠣᠨ ᠤ ᠲᠦᠷᠦᠭᠦᠦ ᠭᠤᠷᠪᠠᠨ ᠤᠯᠠᠷᠢᠯ ᠤᠨ | ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠢᠶᠠ ᠷᠦᠩ ᠬᠤᠸᠠ ᠭᠤᠤᠯ ᠰᠡᠳᠦᠪᠲᠦ | ᠢᠯᠡᠳᠬᠡᠯ ᠬᠢᠭᠰᠡᠨ ᠪᠥᠭᠡᠳ ᠰᠣᠷᠪᠤᠯᠵᠢᠯᠠᠬᠴᠢᠳ ᠤᠨ ᠠᠰᠠᠭᠤᠯᠲᠠ ᠨᠤᠭᠤᠳ ᠢ ᠬᠠᠷᠢᠭᠤᠯᠪᠠ᠃ | 2021 ᠣᠨ ᠤ ᠪᠥᠬᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠶ ᠶᠢᠨ ᠡᠷᠭᠢᠯᠲᠡ ᠶᠢᠨ | ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠯᠲᠡ ᠶᠢᠨ ᠦᠭᠡ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠢᠶᠠ ᠷᠦᠩ ᠬᠤᠸᠠ | ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ | ᠢ ᠦᠨᠳᠦᠰᠦᠯᠡᠪᠡᠯ᠂ 2021 ᠣᠨ ᠤ ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠭᠠᠵᠠᠷ ᠣᠷᠣᠨ ᠤ | ᠦᠶᠯᠡᠳᠪᠦᠷᠢᠯᠡᠯ ᠤᠨ ᠶᠡᠷᠦᠩᠬᠡᠶ ᠥᠷᠲᠡᠭ 14491.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ | ᠤ ᠬᠢ ᠠᠴᠠ 7.8% ᠨᠡᠮᠡᠭᠳᠡᠵᠡᠢ᠃ ᠡᠭᠦᠨ ᠳᠤ᠂ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ 784.9 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠵᠦ᠂ ᠬᠤᠶᠠᠷ ᠵᠢᠯ ᠳᠤ | ᠳᠤᠮᠳᠠᠴᠢ ᠪᠠᠷ 2.1% ᠨᠡᠮᠡᠭᠳᠡᠪᠡ︔ ᠬᠤᠶᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 6679.7 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠥᠰᠴᠦ᠂ ᠬᠤᠶᠠᠷ ᠵᠢᠯ ᠳᠤ ᠳᠤᠮᠳᠠᠴᠢ ᠪᠠᠷ 3. | 2% ᠨᠡᠮᠡᠭᠳᠡᠪᠡ︔ ᠭᠤᠷᠪᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 7027.0 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 8.4% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 2.6% | ᠨᠡᠮᠡᠭᠳᠡᠪᠡ᠃ | ᠨᠢᠭᠡ᠂ ᠲᠠᠷᠢᠶᠠᠯᠠᠩ ᠤᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠮᠠᠯ ᠠᠵᠤ ᠠᠬᠤᠶ ᠶᠢᠨ ᠬᠥᠭᠵᠢᠯᠲᠡ | ᠲᠣᠭᠲᠠᠭᠤᠨ ᠢᠶᠠᠷ ᠰᠠᠶᠢᠵᠢᠷᠠᠪᠠ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ | ᠠᠵᠤ ᠠᠬᠤᠶ ᠶᠢᠨ ᠦᠶᠯᠡᠳᠬᠦᠨ ᠤ ᠶᠡᠷᠦᠩᠬᠡᠢ ᠥᠷᠲᠡᠭ 1450.4 ᠳ᠋ᠦᠩᠰᠢᠭᠤᠷ ᠲᠥᠭᠦᠷᠢᠭ ᠲᠤ ᠬᠦᠷᠴᠦ᠂ | ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.8% ᠨᠡᠮᠡᠭᠳᠡᠵᠦ᠂ ᠬᠤᠶᠠᠷ ᠵᠢᠯ | ᠳᠤ ᠳᠤᠮᠳᠠᠴᠢ ᠪᠠᠷ 2.5% ᠨᠡᠮᠡᠭᠳᠡᠪᠡ᠃ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠰᠠᠶᠢᠵᠢᠷᠠᠪᠠ᠃ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠭᠠᠷᠤᠯᠲᠠ 172.8 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠨᠡᠮᠡᠭᠳᠡᠪᠡ᠃ ᠭᠠᠭ᠋ᠠᠢ ᠲᠡᠵᠢᠭᠡᠬᠦ | ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠰᠡᠷᠭᠦᠭᠡᠪᠡ᠃ ᠠᠮᠢᠳᠤ ᠭᠠᠭ᠋ᠠᠶ ᠶᠢᠨ ᠲᠤᠭ᠎ᠠ 570.3 ᠲᠦᠮᠡ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 17.8% ᠨᠡᠮᠡᠭᠳᠡᠪᠡ︔ ᠭᠠᠭ᠋ᠠᠢ ᠶᠢᠨ ᠮᠢᠬᠠᠨ ᠤ ᠭᠠᠷᠤᠯᠲᠠ 50.3 | ᠲᠦᠮᠡᠨ ᠲᠣᠨ ᠳᠤ ᠬᠦᠷᠴᠦ᠂ 10.9% ᠨᠡᠮᠡᠭᠳᠡᠪᠡ᠃ ︽ᠬᠤᠨᠢᠨ ᠲᠤᠭ᠎ᠠ ᠶᠢ ᠲᠣᠭᠲᠠᠪᠤᠷᠢᠵᠢᠭᠤᠯᠤᠨ ᠦᠬᠡᠷ ᠤᠨ | ᠲᠤᠭ᠎ᠠ ᠶᠢ ᠨᠡᠮᠡᠭᠳᠡᠭᠦᠯᠬᠦ︾ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠳᠠᠭᠠᠤ᠂ ᠪᠥᠬᠦ ᠣᠷᠣᠨ ᠳᠤ 770.5 ᠲᠦᠮᠡᠨ | ᠲᠣᠯᠤᠭᠠᠢ ᠦᠬᠡᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10.7% ᠨᠡᠮᠡᠭᠳᠡᠵᠦ᠂ ᠦᠬᠡᠷ ᠤᠨ ᠮᠢᠬᠠᠨ ᠤ | ᠭᠠᠷᠤᠯᠲᠠ | 38.3 ᠲᠦᠮᠡᠨ ᠲᠣᠨ ᠳᠤ ᠬᠦᠷᠴᠦ᠂ 0.4% ᠥᠰᠪᠡ︔ ᠬᠤᠨᠢᠨ ᠲᠤᠭ᠎ᠠ 6400.1 ᠲᠦᠮᠡ ᠲᠣᠯᠤᠭᠠᠢ ᠳᠤ ᠬᠦᠷᠴᠦ | ᠂ 1.4% ᠨᠡᠮᠡᠭᠳᠡᠨ᠂ ᠬᠤᠨᠢᠨ ᠮᠢᠬᠠᠨ ᠤ ᠭᠠᠷᠤᠯᠲᠠ 71.4 ᠲᠦᠮᠡᠨ ᠲᠣᠨ ᠳᠤ ᠬᠦᠷᠴᠦ᠂ 0.5% ᠨᠡᠮᠡᠭᠳᠡᠪᠡ᠃ | ᠴᠠᠭᠠᠨ ᠢᠳᠡᠭᠡᠨ ᠤ ᠦᠶᠯᠡᠰ ᠡᠷᠡᠭᠦᠯ ᠪᠥᠭᠡᠳ ᠡᠮᠬᠢ ᠵᠢᠷᠤᠮ ᠲᠠᠢ ᠭᠥᠭᠵᠢᠵᠡᠢ᠃ ᠲᠦᠷᠦᠭᠦᠦ ᠭᠤᠷᠪᠠᠨ ᠤᠯᠠᠷᠢᠯ ᠳᠤ᠂ | ᠰᠠᠭᠠᠯᠢ ᠶᠢᠨ ᠦᠨᠢᠶ᠎ᠡ 147.6 ᠲᠦᠮᠡ ᠲᠣᠯᠤᠭᠠᠢ ᠳᠤ ᠬᠦᠷᠴᠦ᠂ 17.8% ᠨᠡᠮᠡᠭᠳᠡᠪᠡ︔ ᠦᠨᠢᠶᠡᠨ ᠰᠦ ᠶᠢᠨ | ᠭᠠᠷᠤᠯᠲᠠ 388.1 ᠲᠦᠮᠡᠨ ᠲᠣᠨ ᠳᠤ ᠬᠦᠷᠴᠦ᠂ 19.0% ᠨᠡᠮᠡᠭᠳᠡᠪᠡ᠃ | ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠮᠡᠭᠳᠡᠯ ᠢ ᠪᠠᠲᠤᠯᠠᠵᠤ᠂ ᠶᠠᠰᠤ ᠴᠢᠨᠠᠷ ᠦᠷ᠎ᠡ ᠠᠰᠢᠭ | ᠢᠯᠡᠳᠲᠡ ᠳᠡᠭᠡᠭᠰᠢᠯᠡᠪᠡ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 2.6% | ᠥᠰᠪᠡ᠃ ᠭᠤᠷᠪᠠᠨ ᠶᠡᠭᠡ ᠲᠥᠷᠥᠯ ᠵᠦᠶᠯ ᠳᠤ᠂ ᠦᠶᠯᠡᠳᠬᠦ ᠦᠶᠯᠡᠰ ᠲᠤᠯᠭᠠᠭᠤᠷᠢᠯᠠᠬᠤ ᠦᠶᠯᠡᠳᠦᠯ ᠪᠠᠳᠠᠷᠠᠭᠤᠯᠵᠤ᠂ | ᠦᠶᠯᠡᠳᠬᠦ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.1% ᠨᠡᠮᠡᠭᠳᠡᠵᠦ᠂ ᠠᠭᠤᠷᠬᠠᠶ | ᠮᠠᠯᠲᠠᠬᠤ ᠦᠶᠯᠡᠰ 4.9% ᠨᠡᠮᠡᠭᠳᠡᠨ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ | ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ | 0.3% ᠪᠠᠭᠤᠷᠠᠭᠰᠠᠨ ᠪᠠᠶᠢᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠲᠦᠷᠭᠡᠨ ᠢᠶᠠᠷ ᠦᠰᠦᠨ ᠪᠣᠶᠢᠵᠢᠪᠠ᠃ ᠠᠵᠤ | ᠦᠶᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠶᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 14.4% ᠨᠡᠮᠡᠭᠳᠡᠵᠦ᠂ ᠳᠡᠭᠡᠳᠦ ᠮᠡᠷᠭᠡᠵᠢᠯ ᠤᠨ ᠦᠶᠯᠡᠳᠬᠦ ᠦᠶᠯᠡᠰ 27. | 0% ᠨᠡᠮᠡᠭᠳᠡᠵᠡᠢ᠃ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ ᠦᠶᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 9.0% ᠨᠡᠮᠡᠭᠳᠡᠵᠦ᠂ ᠨᠡᠭᠦᠷᠡᠰᠦᠨ ᠤ ᠪᠤᠰᠤ ᠠᠵᠤ ᠦᠶᠯᠡᠰ 9.8% | ᠨᠡᠮᠡᠭᠳᠡᠪᠡ᠃ ᠦᠢᠯᠡᠳᠬᠦᠨ ᠤ ᠭᠠᠷᠤᠯᠲᠠ ᠠᠴᠠ ᠦᠵᠡᠪᠡᠯ᠂ ᠡᠯᠧᠺᠲᠷᠣᠨ ᠲᠤᠨᠤᠭ 5494.5 ᠲᠦᠮᠡ ᠳᠤ ᠬᠦᠷᠴᠦ᠂ | 86.8% ᠨᠡᠮᠡᠭᠳᠡᠪᠡ︔ ᠮᠠᠰᠢᠨ ᠲᠡᠷᠭᠡ 4.0 ᠲᠦᠮᠡ ᠳᠤ ᠬᠦᠷᠴᠦ᠂ 1.7 ᠳᠠᠬᠢᠨ ᠨᠡᠮᠡᠭᠳᠡᠪᠡ︔ ᠴᠠᠭᠠᠨ ᠢᠳᠡᠭᠡ 268. | 9 ᠲᠦᠮᠡᠨ ᠲᠣᠨ ᠳᠤ ᠬᠦᠷᠴᠦ᠂ 8.5% ᠨᠡᠮᠡᠭᠳᠡᠵᠡᠢ᠃ ᠳᠠᠬᠢᠨ ᠡᠭᠦᠰᠴᠦ ᠪᠣᠯᠬᠤ ᠡᠨᠧᠷᠭᠢ ᠶᠢᠨ ᠡᠵᠡᠯᠡᠬᠦ ᠬᠠᠷᠢᠴᠠᠯ | ᠳᠡᠭᠡᠭᠰᠢᠯᠡᠪᠡ᠃ ᠲᠦᠷᠦᠭᠦᠦ ᠭᠤᠷᠪᠠᠨ ᠤᠯᠠᠷᠢᠯ ᠳᠤ᠂ ᠳᠠᠬᠢᠨ ᠡᠭᠦᠰᠴᠦ ᠪᠣᠯᠬᠤ ᠡᠨᠧᠷᠭᠢ ᠪᠠᠷ ᠴᠠᠬᠢᠯᠭᠠᠨ ᠭᠠᠷᠭᠠᠭᠰᠠᠨ | ᠬᠡᠮᠵᠢᠶ᠎ᠡ 764.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.4% | ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ | ᠬᠡᠮᠵᠢᠶ᠎ᠡ ᠶᠢᠨ 17.4% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 2.8 ᠵᠠᠭᠤᠨ ᠤ ᠴᠡᠭ ᠳᠡᠭᠡᠭᠰᠢᠯᠡᠪᠡ᠃ | ᠦᠶᠯᠡᠳᠪᠦᠷᠢᠯᠡᠯ ᠪᠣᠷᠣᠯᠠᠭᠤᠯᠭ᠎ᠠ ᠨᠡᠯᠢᠶᠡᠳ ᠰᠠᠶᠢᠨ ᠵᠣᠯᠭᠠᠯᠳᠤᠪᠠ᠃ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠬᠦᠨ ᠤ ᠪᠣᠷᠣᠯᠠᠭᠤᠯᠭ᠎ᠠ ᠶᠢᠨ ᠨᠣᠷᠮ᠎ᠠ 7 ᠰᠠᠷ᠎ᠠ | ᠳᠠᠷᠠᠭᠠᠯᠠᠨ 100% ᠶᠢ ᠳᠠᠪᠠᠵᠤ᠂ ᠲᠦᠷᠦᠭᠦᠦ ᠭᠤᠷᠪᠠᠨ ᠤᠯᠠᠷᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠬᠦᠨ ᠤ ᠪᠣᠷᠣᠯᠠᠭᠤᠯᠭ᠎ᠠ ᠶᠢᠨ ᠨᠣᠷᠮ᠎ᠠ 100.4% ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 0.6 ᠵᠠᠭᠤᠨ ᠤ ᠴᠡᠭ ᠳᠡᠭᠡᠭᠰᠢᠯᠡᠪᠡ᠃ | 1 ᠠᠴᠠ 8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ | ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 14385.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 35.6% ᠥᠰᠴᠦ᠂ ᠬᠤᠶᠠᠷ ᠵᠢᠯ ᠳᠤ ᠳᠤᠮᠳᠠᠴᠢ ᠪᠠᠷ 14.6% ᠨᠡᠮᠡᠭᠳᠡᠪᠡ︔ ᠠᠰᠢᠭ | ᠬᠤᠨᠵᠢᠪᠣᠷᠢ 1914.4 ᠳ᠋ᠦᠩᠰᠢᠭᠤᠷ ᠲᠥᠭᠦᠷᠢᠭ ᠲᠤ ᠬᠦᠷᠴᠦ᠂ 1.7 ᠳᠠᠬᠢᠨ ᠢᠶᠠᠷ ᠨᠡᠮᠡᠭᠳᠡᠨ᠂ ᠬᠤᠶᠠᠷ ᠵᠢᠯ ᠳᠤ | ᠳᠤᠮᠳᠠᠴᠢ ᠪᠠᠷ 38.3% ᠥᠰᠴᠡᠢ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠣᠷᠢ ᠶᠢᠨ ᠨᠣᠷᠮ᠎ᠠ 13.3% ᠪᠠᠶᠢᠵᠤ᠂ ᠠᠳᠠᠯᠢ ᠬᠤᠭᠤᠴᠠᠭᠠᠨ ᠤ ᠬᠢ | ᠠᠴᠠ 6.5 ᠵᠠᠭᠤᠨ ᠤ ᠴᠡᠭ ᠳᠡᠭᠡᠭᠰᠢᠯᠡᠪᠡ᠃ | ᠭᠤᠷᠪᠠ᠂ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠡᠷᠭᠦᠵᠦ᠂ ᠬᠡᠰᠡᠭ ᠠᠵᠢᠯ ᠲᠥᠷᠥᠯ ᠨᠡᠯᠢᠶᠡᠳ ᠰᠠᠶᠢᠨ | ᠬᠠᠨᠳᠤᠰᠢ ᠲᠠᠢ ᠪᠣᠯᠵᠠᠢ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠦᠶᠯᠡᠴᠢᠯᠡᠭᠡᠨ ᠤ ᠦᠶᠯᠡᠰ ᠰᠡᠷᠭᠦᠯᠲᠡ ᠶᠢᠨ ᠴᠢᠨᠠᠷᠲᠠᠶ | ᠨᠡᠮᠡᠭᠳᠡᠯ ᠲᠠᠢ ᠪᠣᠯᠪᠠ᠂ ᠡᠭᠦᠨ ᠳᠤ᠂ ᠵᠠᠮ ᠬᠠᠷᠢᠯᠴᠠᠭ᠎ᠠ ᠲᠡᠭᠡᠭᠡᠪᠦᠷᠢ᠂ ᠰᠠᠩ ᠬᠥᠮᠦᠷᠭᠡ ᠶᠢᠨ ᠦᠢᠯᠡᠰ ᠪᠠ ᠰᠢᠦᠳᠠᠨ ᠤ | ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.3% ᠨᠡᠮᠡᠭᠳᠡᠵᠦ᠂ ᠬᠤᠶᠠᠷ ᠵᠢᠯ ᠳᠤ ᠳᠤᠮᠳᠠᠴᠢ | ᠪᠠᠷ 3.2% ᠨᠡᠮᠡᠭᠳᠡᠪᠡ᠃ 1 ᠠᠴᠠ 8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠦᠶᠯᠡᠴᠢᠯᠡᠭᠡᠨ ᠤ ᠦᠶᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ | 10.5% ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ 26 ᠦᠶᠯᠡᠴᠢᠯᠡᠭᠡᠨ ᠤ ᠦᠶᠯᠡᠰ ᠤᠨ ᠠᠵᠢᠯ | ᠲᠥᠷᠥᠯ ᠤᠨ ᠲᠣᠮᠣ ᠲᠥᠷᠥᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ᠂ ᠡᠭᠦᠨ | ᠳᠤ 22 ᠠᠵᠢᠯ ᠲᠥᠷᠥᠯ ᠨᠢ ᠬᠤᠶᠠᠷ ᠣᠷᠣᠨᠲᠤ ᠲᠤᠭ᠎ᠠ ᠪᠠᠷ ᠨᠡᠮᠡᠭᠳᠡᠵᠡᠢ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ | ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ | 10.5% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 4.2% ᠨᠡᠮᠡᠭᠳᠡᠪᠡ᠃ ᠠᠮᠢ ᠠᠬᠤᠢ ᠶᠢᠨ ᠬᠠᠮᠠᠭᠠᠯᠠᠯᠲᠠ ᠪᠠ | ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 72.8% ᠨᠡᠮᠡᠭᠳᠡᠵᠦ᠂ ᠬᠤᠶᠠᠷ ᠵᠢᠯ | ᠳᠤ ᠳᠤᠮᠳᠠᠴᠢ ᠪᠠᠷ 18 . 7% ᠨᠡᠮᠡᠭᠳᠡᠪᠡ᠃ | ᠳᠥᠷᠪᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠰᠡᠷᠭᠦᠵᠦ᠂ ᠭᠤᠤᠯᠳᠠᠯᠭ᠎ᠠ ᠲᠠᠢ | ᠬᠦᠷᠢᠶᠡᠨ ᠤ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ︵ᠲᠠᠷᠢᠶᠠᠴᠢᠨ ᠡᠷᠦᠬᠡ ᠶᠢᠨ ᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 9.8% ᠨᠡᠮᠡᠭᠳᠡᠭᠰᠡᠨ ᠪᠠᠶᠢᠨ᠎ᠠ᠃ | ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 0.4% ᠨᠡᠮᠡᠭᠳᠡᠪᠡ᠃ ᠦᠶᠯᠡᠳᠬᠦ ᠦᠶᠯᠡᠰ ᠤᠨ ᠪᠠᠯᠠ ᠣᠷᠣᠭᠤᠯᠤᠯᠲᠠ 31.9% ᠨᠡᠮᠡᠭᠳᠡᠵᠡᠢ᠃ ᠠᠵᠤ | ᠦᠶᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠶᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 4.6%᠂ ᠬᠤᠶᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ 24.2%᠂ ᠭᠤᠷᠪᠠᠳᠤᠭᠠᠷ ᠠᠵᠤ | ᠦᠶᠯᠡᠰ ᠤᠨ ᠪᠠᠯᠠ ᠣᠷᠣᠭᠤᠯᠤᠯᠲᠠ 0.9% ᠨᠡᠮᠡᠭᠳᠡᠪᠡ᠃ ᠠᠷᠠᠳ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ ᠪᠠᠨ 17.4% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 4.6% ᠨᠡᠮᠡᠭᠳᠡᠪᠡ᠃ ᠳᠡᠭᠡᠳᠦ ᠮᠡᠷᠭᠡᠵᠢᠯ ᠤᠨ | ᠠᠵᠤ ᠦᠢᠯᠡᠰ ᠤᠨ ᠪᠡᠯᠡ ᠣᠷᠣᠭᠤᠯᠤᠯᠲᠠ 40.2% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 17.5% | ᠨᠡᠮᠡᠭᠳᠡᠪᠡ᠃ ᠨᠡᠶᠢᠭᠡᠮ ᠤᠨ ᠬᠦᠷᠢᠶᠡᠨ ᠳᠠᠬᠢ ᠪᠠᠯᠠ ᠣᠷᠣᠭᠤᠯᠤᠯᠲᠠ 16.0% ᠢᠶᠠᠷ ᠨᠡᠮᠡᠭᠳᠡᠵᠡᠢ᠃ | ᠭᠡᠷ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠨᠡᠮᠡᠭᠳᠡᠯ ᠢᠶᠠᠨ ᠪᠠᠲᠤᠯᠠᠪᠠ᠃ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ ᠪᠠᠨ 4.3% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 6.6% ᠨᠡᠮᠡᠭᠳᠡᠪᠡ᠃ | ᠪᠥᠬᠦ ᠣᠷᠣᠨ ᠤ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ 1383.8 ᠲᠦᠮᠡᠨ ᠲᠡᠭᠰᠢ ᠳᠥᠷᠪᠡᠯᠵᠢᠨ | ᠮᠧᠲᠷ ᠪᠠᠶᠢᠵᠤ᠂ 6.5% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 3.6% ᠨᠡᠮᠡᠭᠳᠡᠵᠡᠢ︔ ᠲᠠᠸᠠᠷ ᠤᠨ ᠣᠷᠣᠨ | ᠰᠠᠭᠤᠴᠠ ᠶᠢᠨ ᠪᠣᠷᠣᠯᠠᠭᠤᠯᠤᠯᠲᠠ ᠶᠢᠨ ᠬᠡᠮᠵᠢᠶ᠎ᠡ 930.5 ᠳ᠋ᠦᠩᠰᠢᠭᠤᠷ ᠲᠥᠭᠦᠷᠢᠭ ᠲᠤ ᠬᠦᠷᠴᠦ᠂ 4.5% ᠨᠡᠮᠡᠭᠳᠡᠵᠦ᠂ | ᠬᠤᠶᠠᠷ ᠵᠢᠯ ᠳᠤ ᠳᠤᠮᠳᠠᠴᠢ ᠪᠠᠷ 9.6% ᠨᠡᠮᠡᠭᠳᠡᠪᠡ᠃ | ᠲᠠᠪᠤ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠳᠡᠰ ᠳᠡᠪᠰᠢᠭᠰᠡᠨ ᠲᠥᠷᠥᠯ ᠤᠨ ᠲᠠᠸᠠᠷ ᠤᠨ | ᠪᠣᠷᠣᠯᠠᠭᠤᠯᠭ᠎ᠠ ᠶᠢᠨ ᠬᠠᠨᠳᠤᠰᠢ ᠰᠠᠶᠢᠨ ᠪᠣᠯᠵᠠᠢ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ 3548.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ | ᠠᠴᠠ 9.2% ᠨᠡᠮᠡᠭᠳᠡᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ | ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ 9.6% ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ | ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ 7.0% ᠨᠡᠮᠡᠭᠳᠡᠪᠡ᠃ ᠳᠡᠰ ᠳᠠᠪᠰᠢᠭᠰᠠᠨ ᠲᠥᠷᠥᠯ ᠤᠨ ᠲᠠᠸᠠᠷ ᠨᠡᠯᠢᠶᠡᠳ | ᠲᠦᠷᠭᠡᠨ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠠᠯᠲᠠ ᠮᠥᠩᠭᠦ ᠰᠤᠪᠤᠳ ᠡᠷᠳᠡᠨᠢ ᠶᠢᠨ | ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 31.9% ᠨᠡᠮᠡᠭᠳᠡᠨ᠂ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ | ᠤᠨ ᠲᠥᠷᠥᠯ 13. 9%ᠨᠡᠮᠡᠭᠳᠡᠵᠦ᠂ ᠨᠣᠮ ᠰᠣᠨᠢᠨ ᠰᠡᠳᠬᠦᠯ ᠤᠨ ᠲᠥᠷᠥᠯ 54 . 5% ᠨᠡᠮᠡᠭᠳᠡᠭᠰᠡᠨ ᠪᠠᠶᠢᠨ᠎ᠠ᠃ | ᠰᠦᠯᠵᠢᠶᠡᠨ ᠳᠡᠭᠡᠷᠡᠬᠢ ᠪᠣᠷᠣᠯᠠᠭᠤᠯᠭ᠎ᠠ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠪᠠ᠃ ᠲᠦᠷᠦᠭᠦᠦ ᠭᠤᠷᠪᠠᠨ | ᠤᠯᠠᠷᠢᠯ ᠳᠤ᠂ ᠪᠥᠬᠦ ᠣᠷᠣᠨ ᠤ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ 216.2 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.9% ᠨᠡᠮᠡᠭᠳᠡᠪᠡ︔ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠨᠢᠭᠡᠴᠢ ᠶᠢᠨ ᠣᠯᠠᠨ ᠨᠡᠶᠢᠲᠡ ᠶᠢᠨ ᠰᠦᠯᠵᠢᠶ᠎ᠡ ᠪᠠᠷ ᠳᠡᠮᠵᠢᠨ ᠪᠡᠶᠡᠯᠡᠭᠦᠯᠦᠭᠰᠡᠨ ᠲᠠᠸᠠᠷ ᠤᠨ | ᠵᠢᠵᠢᠭᠯᠡᠨ ᠬᠤᠳᠠᠯᠳᠤᠭᠰᠠᠨ ᠲᠤᠭ᠎ᠠ 51.6% ᠨᠡᠮᠡᠭᠳᠡᠪᠡ᠃ | ᠵᠢᠷᠭᠤᠭ᠎ᠠ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠠᠮᠵᠢᠭᠤᠨ ᠥᠰᠴᠦ᠂ ᠠᠵᠤ ᠦᠢᠯᠡᠳᠪᠦᠷᠢ ᠶᠢᠨ | ᠦᠢᠯᠡᠳᠪᠦᠷᠢᠯᠡᠭᠴᠢᠳ ᠤᠨ ᠦᠨ᠎ᠡ ᠮᠥᠨ ᠯᠡ ᠥᠨᠳᠥᠷ ᠪᠠᠶᠢᠷᠢᠨ ᠳᠤ ᠪᠠᠶᠢᠨ᠎ᠠ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ | ᠬᠤᠭᠤᠴᠠᠭᠠᠨ ᠤ ᠬᠢ ᠠᠴᠠ 0.6% ᠥᠰᠴᠦ᠂ ᠥᠰᠥᠯᠲᠡ ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ 0.1 | ᠵᠠᠭᠤᠨ ᠤ ᠴᠡᠭ ᠥᠰᠴᠡᠢ᠃ ᠨᠠᠶᠮᠠᠨ ᠶᠡᠭᠡ ᠲᠥᠷᠥᠯ ᠤᠨ ᠦᠨ᠎ᠡ ᠬᠠᠩᠰᠢ ᠠᠴᠠ ︽ᠲᠠᠪᠤ ᠲᠥᠷᠦᠯ ᠤᠨ ᠦᠨ᠎ᠡ ᠥᠰᠴᠦ | ᠭᠤᠷᠪᠠ ᠲᠥᠷᠦᠯ ᠤᠨ ᠦᠨ᠎ᠡ ᠪᠠᠭᠤᠷᠠᠭᠰᠠᠨ︾ ᠪᠠᠶᠢᠨ᠎ᠠ᠂ ᠡᠭᠦᠨ ᠳᠤ ᠢᠳᠡᠭᠡᠨ ᠠᠷᠢᠬᠢ ᠲᠠᠮᠠᠬᠢᠨ ᠤ ᠲᠥᠷᠥᠯ 0.4%᠂ | ᠣᠷᠣᠨ ᠰᠠᠭᠤᠴᠠ ᠶᠢᠨ ᠲᠥᠷᠥᠯ 0.2%᠂ ᠵᠠᠮ ᠬᠠᠷᠢᠯᠴᠠᠭ᠎ᠠ ᠪᠠ ᠮᠡᠳᠡᠭᠡ ᠬᠤᠯᠪᠣᠭᠠᠨ ᠤ ᠲᠥᠷᠥᠯ 3.1%᠂ ᠰᠤᠷᠭᠠᠨ | ᠬᠥᠮᠦᠵᠢᠯ ᠰᠣᠶᠣᠯ ᠪᠠ ᠵᠤᠭ᠎ᠠ ᠴᠡᠩᠭᠡᠯ ᠤᠨ ᠲᠥᠷᠥᠯ 0.7%᠂ ᠡᠮ ᠡᠮᠨᠡᠯᠭᠡ ᠡᠷᠡᠭᠦᠯᠵᠢᠯ ᠤᠨ ᠲᠥᠷᠥᠯ 0.3% | ᠥᠰᠴᠡᠶ︔ ᠬᠤᠪᠴᠠᠰᠤ ᠬᠤᠨᠠᠷ ᠤᠨ ᠲᠥᠷᠥᠯ 1.1%᠂ ᠠᠮᠢᠳᠤᠷᠠᠯ ᠤᠨ ᠬᠡᠷᠡᠭᠰᠡᠯ ᠵᠢᠴᠢ ᠦᠶᠯᠡᠴᠢᠯᠡᠭᠡᠨ ᠤ ᠲᠥᠷᠥᠯ 0. | 3%᠂ ᠪᠤᠰᠤᠳ ᠬᠡᠷᠡᠭᠰᠡᠯ ᠪᠠ ᠦᠶᠯᠡᠴᠢᠯᠡᠭᠡᠨ ᠤ ᠲᠥᠷᠥᠯ 0.7% ᠪᠠᠭᠤᠷᠠᠪᠠ᠃ ᠪᠥᠬᠦ ᠣᠷᠣᠨ ᠤ ᠠᠵᠤ ᠦᠶᠯᠡᠳᠪᠦᠷᠢ | ᠶᠢᠨ ᠦᠶᠯᠡᠳᠪᠦᠷᠢᠯᠡᠭᠴᠢᠳ ᠤᠨ ᠦᠶᠯᠡᠳᠪᠦᠷᠢ ᠠᠴᠠ ᠭᠠᠷᠭᠠᠬᠤ ᠦᠨ᠎ᠡ ᠠᠳᠠᠯᠢ ᠬᠤᠭᠤᠴᠠᠭᠠᠨ ᠤ ᠬᠢ ᠠᠴᠠ 22.4% | ᠥᠰᠴᠦ᠂ ᠠᠵᠤ ᠦᠶᠯᠡᠳᠪᠦᠷᠢ ᠶᠢᠨ ᠦᠶᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ 21.1% ᠥᠰᠴᠦ᠂ | ᠥᠰᠥᠯᠲᠡ ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ ᠲᠣᠰ ᠲᠣᠰ | 6.6 ᠪᠠ 5.3 ᠵᠠᠭᠤᠨ ᠤ ᠴᠡᠭ ᠥᠰᠪᠡ᠃ | ᠳᠣᠯᠤᠭ᠎ᠠ᠂ ᠰᠠᠭᠤᠭᠠᠯᠢ ᠠᠷᠠᠳ ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠲᠠᠷᠢᠶᠠᠯᠠᠬᠤ ᠮᠠᠯᠵᠢᠬᠤ ᠣᠷᠣᠨ ᠤ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠴᠠ ᠲᠦᠷᠭᠡᠨ ᠥᠰᠪᠡ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 25132 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% | ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 33767 ᠲᠥᠭᠦᠷᠢᠭ ᠲᠤ ᠬᠦᠷᠴᠦ᠂ 8. % | ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 12031 ᠲᠥᠭᠦᠷᠢᠭ ᠲᠤ ᠬᠦᠷᠴᠦ᠂ 11.4% ᠨᠡᠮᠡᠭᠳᠡᠪᠡ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠶᠢᠨ ᠬᠠᠷᠢᠴᠠᠯ 2.81 ᠪᠣᠯᠵᠣ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 0 . 07 ᠪᠠᠭᠤᠷᠠᠵᠠᠢ᠃ | ᠶᠡᠷᠦᠩᠬᠡᠶ ᠳᠤ ᠨᠢ ᠠᠪᠴᠤ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠠᠵᠤ ᠠᠬᠤᠶ | ᠦᠷᠭᠦᠯᠵᠢᠯᠡᠨ ᠰᠡᠷᠭᠦᠵᠦ ᠪᠠᠶᠢᠭ᠎ᠠ ᠪᠣᠯᠪᠠᠴᠤ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ᠂ | ᠭᠠᠳᠠᠭᠠᠳᠤ ᠣᠷᠴᠢᠨ ᠨᠥᠭᠦᠴᠡᠯ ᠳᠤ ᠮᠠᠰᠢ ᠣᠯᠠᠨ ᠲᠣᠭᠲᠠᠭᠤᠨ ᠪᠤᠰᠤ ᠲᠣᠳᠤᠷᠬᠠᠢ ᠪᠤᠰᠤ ᠬᠦᠴᠦᠨ ᠵᠦᠶᠯ ᠤᠳ | ᠣᠷᠣᠰᠢᠵᠤ᠂ ᠬᠡᠰᠡᠭ ᠲᠦᠭᠦᠬᠡᠶ ᠮᠠᠲ᠋ᠧᠷᠢᠶᠠᠯ ᠤᠨ ᠦᠨ᠎ᠡ ᠬᠠᠩᠰᠢ ᠥᠨᠳᠥᠷ ᠪᠠᠶᠢᠷᠢᠨ ᠳᠤ ᠡᠷᠭᠢᠯᠳᠦᠨ᠂ ᠠᠵᠤ ᠠᠬᠤᠶ ᠶᠢᠨ | ᠲᠣᠭᠲᠠᠭᠤᠨ ᠨᠡᠮᠡᠭᠳᠡᠯ ᠤᠨ ᠳᠠᠷᠤᠯᠲᠠ ᠨᠡᠯᠢᠶᠡᠳ ᠶᠡᠭᠡ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠦᠬᠦ ᠣᠷᠣᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠶ ᠶᠢ ᠲᠡᠷᠢᠭᠦᠨ | ᠳᠤ ᠲᠠᠯᠪᠢᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ | ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠠᠳᠬᠤᠵᠤ᠂ ᠡᠯ᠎ᠡ ᠲᠥᠷᠥᠯ ᠤᠨ | ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠶ ᠠᠷᠭᠠᠴᠠᠭᠠᠵᠤ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ | ᠪᠠᠲᠤᠯᠠᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠭᠢᠵᠦ᠂ ᠬᠡᠷᠡᠭᠴᠡᠭᠡ ᠶᠢᠨ | ᠳᠠᠯᠳᠠ ᠬᠦᠴᠦᠨ ᠢ ᠭᠦᠢᠴᠡᠳ ᠠᠭᠤᠳᠠᠯᠤᠨ ᠪᠠᠳᠠᠷᠠᠭᠤᠯᠵᠤ᠂ ᠠᠵᠤ ᠠᠬᠤᠢ ᠶᠢᠨ ᠡᠷᠭᠢᠯᠲᠡ ᠶᠢ ᠢᠮᠠᠭᠲᠠ ᠵᠦᠢ ᠵᠣᠬᠢᠰᠲᠠᠢ | ᠣᠷᠣᠨ ᠪᠠᠶᠢᠷᠢ ᠳᠤ ᠪᠠᠶᠢᠯᠭᠠᠨ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ | ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠪᠠᠶᠢᠨ᠎ᠠ᠃ | | 2021 ᠣᠨ ᠤ ᠪᠥᠬᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠶ ᠶᠢᠨ ᠡᠷᠭᠢᠯᠲᠡ ᠶᠢᠨ | ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠠᠰᠠᠭᠤᠯᠲᠠ ᠬᠠᠷᠢᠭᠤᠯᠲᠠ | | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠣᠶᠢᠷ᠎ᠠ ᠶᠢᠨ ᠬᠤᠭᠤᠴᠠᠭᠠᠨ ᠳᠤ | ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠣᠯ ᠣᠯᠠᠨ ᠤ ᠶᠡᠬᠡᠪᠡᠷ ᠠᠩᠬᠠᠷᠴᠤ ᠪᠠᠶᠢᠭ᠎ᠠ ᠨᠢᠭᠡᠨ ᠶᠠᠷᠢᠶᠠᠨ ᠤ ᠰᠡᠳᠦᠪ ᠮᠥᠨ | ᠂ ᠥᠪᠥᠷ ᠮᠣᠩᠭᠤᠯ ᠪᠣᠯ ᠤᠯᠤᠰ ᠤᠨ ᠡᠨᠧᠷᠭᠢ ᠶᠢᠨ ᠴᠢᠬᠤᠯᠠ ᠰᠠᠭᠤᠷᠢᠨ ᠭᠠᠵᠠᠷ ᠪᠣᠯᠤᠨ᠎ᠠ᠂ ᠲᠠ ᠲᠦᠷᠦᠭᠦᠦ ᠭᠤᠷᠪᠠᠨ | ᠤᠯᠠᠷᠢᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠪᠠ ᠴᠠᠬᠢᠯᠭᠠᠨ ᠬᠦᠴᠦᠨ ᠤ ᠦᠶᠯᠡᠳᠪᠦᠷᠢᠯᠡᠯ ᠤᠨ ᠪᠠᠶᠢᠳᠠᠯ ᠢ | ᠲᠠᠨᠢᠯᠴᠠᠭᠤᠯᠵᠤ ᠥᠭᠭᠦᠨᠡᠦ︖ | ᠰᠢᠶᠠ ᠷᠦᠩ ᠬᠤᠸᠠ᠄ ᠬᠡᠯᠡᠯᠬᠡᠨ ᠦᠭᠡᠢ᠂ ᠨᠡᠭᠦᠷᠡᠰᠦ ᠴᠠᠬᠢᠯᠭᠠᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ | ᠨᠢ ᠣᠳᠣᠬᠠᠨ ᠤ ᠡᠯ᠎ᠡ ᠲᠠᠯ᠎ᠠ ᠶᠢᠨ ᠬᠢᠨ ᠤ ᠨᠡᠯᠢᠶᠡᠳ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠣᠯᠤᠨ᠎ᠠ᠃ ᠲᠦᠭᠦᠬᠡᠶ | ᠨᠡᠭᠦᠷᠡᠰᠦᠨ ᠤ ᠭᠠᠷᠤᠯᠲᠠ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠶ ᠨᠡᠭᠦᠷᠡᠰᠦᠨ ᠤ ᠭᠠᠷᠤᠯᠲᠠ 7.33 ᠳ᠋ᠦᠩᠰᠢᠭᠤᠷ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠠᠴᠠ 0.6% ᠨᠡᠮᠡᠭᠳᠡᠵᠦ᠂ 1 ᠠᠴᠠ 8 ᠳ᠋ᠤᠭᠠᠷ ᠰᠠᠷ᠎ᠠ ᠶᠢᠨ ᠠᠴᠠ 0.6 | ᠵᠠᠭᠤᠨ ᠤ ᠴᠡᠭ ᠲᠦᠷᠭᠡᠳᠪᠡ᠃ 9 ᠳ᠋ᠦ᠋ᠭᠡᠷ ᠰᠠᠷ᠎ᠠ ᠳᠤ᠂ ᠨᠡᠭᠦᠷᠡᠰᠦᠨ ᠤ ᠭᠠᠷᠤᠯᠲᠠ 8205.1 ᠲᠦᠮᠡᠨ ᠲᠣᠨ ᠳᠤ | ᠬᠦᠷᠴᠦ᠂ 8 ᠳ᠋ᠤᠭᠠᠷ ᠰᠠᠷ᠎ᠠ ᠶᠢᠨ ᠬᠢ ᠠᠴᠠ 47 ᠲᠦᠮᠡᠨ ᠲᠣᠨ ᠴᠡᠪᠡᠷ ᠨᠡᠮᠡᠭᠳᠡᠵᠦ᠂ ᠠᠳᠠᠯᠢ ᠬᠤᠭᠤᠴᠠᠭᠠᠨ ᠤ ᠠᠴᠠ 3. | 5% ᠨᠡᠮᠡᠭᠳᠡᠪᠡ︔ 9 ᠳ᠋ᠦ᠋ᠭᠡᠷ ᠰᠠᠷ᠎ᠠ ᠶᠢᠨ ᠡᠳᠦᠷ ᠤᠨ ᠳᠤᠮᠳᠠᠴᠢ ᠭᠠᠷᠤᠯᠲᠠ 273.5 ᠲᠦᠮᠡᠨ ᠲᠣᠨ ᠳᠤ ᠬᠦᠷᠴᠦ᠂ 8 | ᠳ᠋ᠤᠭᠠᠷ ᠰᠠᠷ᠎ᠠ ᠶᠢᠨ ᠠᠴᠠ 10.3 ᠲᠦᠮᠡᠨ ᠲᠣᠨ ᠨᠡᠮᠡᠭᠳᠡᠪᠡ᠃ ᠴᠠᠬᠢᠯᠭᠠᠨ ᠬᠦᠴᠦᠨ ᠤ ᠦᠶᠯᠡᠳᠪᠦᠷᠢᠯᠡᠯ ᠠᠴᠠ ᠦᠵᠡᠪᠡᠯ᠂ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ | ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 4398.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠠᠴᠠ 4.9% ᠨᠡᠮᠡᠭᠳᠡᠪᠡ᠃ ᠵᠡᠭᠦᠨ ᠬᠡᠰᠡᠭ ᠤᠨ ᠭᠠᠵᠠᠷ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ | ᠠᠳᠠᠯᠢ ᠬᠤᠭᠤᠴᠠᠭᠠᠨ ᠤ ᠠᠴᠠ 11.3% ᠨᠡᠮᠡᠭᠳᠡᠵᠦ᠂ 1 ᠠᠴᠠ 8 ᠳ᠋ᠤᠭᠠᠷ ᠰᠠᠷ᠎ᠠ ᠶᠢᠨ ᠠᠴᠠ 0.7 ᠵᠠᠭᠤᠨ ᠤ ᠴᠢᠭ | ᠳᠡᠭᠡᠭᠰᠢᠯᠡᠪᠡ᠃ 9 ᠳ᠋ᠦ᠋ᠭᠡᠷ ᠰᠠᠷ᠎ᠠ ᠳᠤ᠂ ᠵᠡᠭᠦᠨ ᠬᠡᠰᠡᠭ ᠤᠨ ᠭᠠᠵᠠᠷ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ | ᠬᠤᠭᠤᠴᠠᠭᠠᠨ ᠤ ᠠᠴᠠ 16.9% ᠨᠡᠮᠡᠭᠳᠡᠵᠦ᠂ 8 ᠳ᠋ᠤᠭᠠᠷ ᠰᠠᠷ᠎ᠠ ᠶᠢᠨ ᠠᠴᠠ 8.2 ᠵᠠᠭᠤᠨ ᠤ ᠴᠢᠭ ᠳᠡᠭᠡᠭᠰᠢᠯᠡᠵᠦ᠂ | ᠴᠠᠬᠢᠯᠭᠠᠨ ᠭᠠᠷᠭᠠᠬᠤ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠢᠯᠡᠳᠲᠡ ᠲᠦᠷᠭᠡᠳᠪᠡ᠃ ᠴᠠᠬᠢᠯᠭᠠᠨ ᠭᠠᠷᠭᠠᠬᠤ ᠲᠥᠷᠥᠯ | ᠬᠡᠯᠪᠡᠷᠢ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠢᠯᠴᠢ | ᠶᠢᠨ ᠬᠦᠴᠦᠨ ᠤ ᠴᠠᠬᠢᠯᠭᠠᠨ ᠭᠠᠷᠭᠠᠬᠤ ᠬᠡᠮᠵᠢᠶ᠎ᠡ ᠠᠳᠠᠯᠢ ᠬᠤᠭᠤᠴᠠᠭᠠᠨ ᠤ ᠠᠴᠠ 1.5% ᠨᠡᠮᠡᠭᠳᠡᠵᠦ᠂ ᠰᠠᠯᠬᠢᠨ ᠬᠦᠴᠦᠨ | ᠤ ᠴᠠᠬᠢᠯᠭᠠᠨ ᠭᠠᠷᠭᠠᠬᠤ ᠬᠡᠮᠵᠢᠶ᠎ᠡ 31.4% ᠨᠡᠮᠡᠭᠳᠡᠵᠦ᠂ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ 2. | 3% ᠨᠡᠮᠡᠭᠳᠡᠵᠡᠢ᠃ | ᠵᠥᠩ ᠬᠤᠩ ᠰᠦᠯᠵᠢᠶ᠎ᠡ ᠶᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠤ ᠲᠦᠷᠦᠭᠦᠦ ᠭᠤᠷᠪᠠᠨ ᠤᠯᠠᠷᠢᠯ | ᠤᠨ ᠠᠵᠤ ᠦᠶᠯᠡᠳᠪᠦᠷᠢ ᠶᠢᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠢ ᠬᠡᠷᠬᠢᠨ ᠦᠨᠡᠯᠡᠬᠦ ᠪᠣᠶ︖ ᠪᠦᠬᠦ ᠣᠷᠣᠨ ᠤ | ᠠᠵᠤ ᠦᠶᠯᠡᠳᠪᠦᠷᠢ ᠶᠢᠨ ᠲᠣᠭᠲᠠᠭᠤᠨ ᠡᠷᠭᠢᠯᠲᠡ ᠶᠢ ᠲᠤᠯᠭᠠᠭᠤᠷᠢᠯᠠᠬᠤ ᠬᠦᠴᠦᠨ ᠵᠦᠢᠯᠡᠰ ᠶᠠᠭᠤ ᠶᠠᠭᠤ ᠪᠠᠶᠬᠤ ᠪᠤᠢ︖ | ᠰᠢᠶᠠ ᠷᠦᠩ ᠬᠤᠸᠠ᠄ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠠᠵᠤ ᠦᠶᠯᠡᠳᠪᠦᠷᠢ ᠶᠢᠨ | ᠦᠶᠯᠡᠳᠪᠦᠷᠢᠯᠡᠯ ᠶᠡᠷᠦᠩᠬᠡᠶ ᠳᠤ ᠪᠠᠨ ᠲᠣᠭᠲᠠᠭᠤᠨ ᠢᠶᠠᠷ ᠨᠡᠮᠡᠭᠳᠡᠵᠦ᠂ ᠠᠵᠤ ᠠᠬᠤᠶᠢᠯᠠᠯ ᠤᠨ ᠦᠷ᠎ᠡ ᠠᠰᠢᠭ ᠶᠡᠭᠡ ᠪᠠᠷ | ᠳᠡᠭᠡᠭᠰᠢᠯᠡᠪᠡ᠃ ᠲᠤᠯᠭᠠᠭᠤᠷᠢᠯᠠᠬᠤ ᠬᠦᠴᠦᠨ ᠵᠦᠢᠯ ᠭᠤᠣᠯᠳᠠᠭᠤ ᠲᠠᠪᠤᠨ ᠲᠠᠯ᠎ᠠ ᠳᠤ ᠢᠯᠡᠷᠡᠵᠦ ᠪᠠᠶᠢᠨ᠎ᠠ᠄ | ᠨᠢᠭᠡ ᠳᠤ ᠦᠢᠯᠡᠳᠬᠦ ᠦᠢᠯᠡᠰ ᠨᠡᠮᠡᠭᠳᠡᠯ ᠢ ᠬᠦᠳᠦᠯᠦᠨ ᠳᠠᠭᠠᠭᠤᠯᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ | ᠣᠷᠣᠨ ᠤ ᠦᠶᠯᠡᠳᠬᠦ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.1% ᠨᠡᠮᠡᠭᠳᠡᠵᠦ᠂ | ᠬᠤᠶᠠᠷ ᠵᠢᠯ ᠳᠤ ᠳᠤᠮᠳᠠᠴᠢ ᠪᠠᠷ 9.9% ᠨᠡᠮᠡᠭᠳᠡᠪᠡ᠃ ᠡᠨᠡ ᠵᠢᠯ ᠠᠴᠠ ᠨᠠᠰᠢ᠂ ᠦᠶᠯᠡᠳᠬᠦ ᠦᠶᠯᠡᠰ ᠤᠨ ᠨᠡᠮᠡᠭᠳᠡᠯ | ᠥᠷᠲᠡᠭ ᠤᠨ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠳᠤ ᠡᠵᠡᠯᠡᠬᠦ ᠬᠤᠪᠢ ᠶᠢᠨ ᠵᠢᠩ ᠨᠢ | ᠬᠡᠵᠢᠶᠡᠳᠡ 35% ᠠᠴᠠ ᠥᠨᠳᠥᠷ ᠪᠠᠶᠢᠵᠤ᠂ ᠨᠡᠮᠡᠭᠳᠡᠯ ᠤᠨ ᠬᠤᠷᠳᠤᠴᠠ ᠨᠢ ᠶᠡᠷᠦ ᠠᠴᠠ ᠪᠥᠬᠦ ᠣᠷᠣᠨ ᠤ ᠳᠤᠮᠳᠠᠴᠢ | ᠬᠢᠷᠢ ᠲᠦᠪᠰᠢᠨ ᠠᠴᠠ ᠥᠨᠳᠥᠷ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ | ᠤᠨ ᠨᠡᠮᠡᠭᠳᠡᠯ ᠤᠨ ᠬᠤᠷᠳᠤᠴᠠ ᠶᠢ 5.4 ᠵᠠᠭᠤᠨ ᠤ ᠴᠡᠭ ᠢᠶᠠᠷ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ | ᠨᠢ 73.3% ᠳᠤ ᠬᠦᠷᠴᠦ᠂ ᠪᠥᠬᠦ ᠣᠷᠣᠨ ᠤ ᠠᠵᠤ ᠦᠶᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠡᠷᠭᠢᠯᠲᠡ ᠶᠢ | ᠲᠤᠯᠭᠠᠭᠤᠷᠢᠯᠠᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃ | ᠬᠤᠶᠠᠷ ᠲᠤ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠤᠯᠠᠮ ᠨᠢᠭᠡ ᠠᠯᠬᠤᠮ ᠥᠷᠭᠡᠵᠢᠪᠡ᠃ ᠲᠦᠷᠦᠭᠦᠦ | ᠭᠤᠷᠪᠠᠨ ᠤᠯᠠᠷᠢᠯ ᠳᠤ᠂ ᠪᠥᠬᠦ ᠣᠷᠣᠨ ᠤ 37 ᠠᠵᠤ ᠦᠶᠯᠡᠳᠪᠦᠷᠢ ᠶᠢᠨ ᠲᠣᠮᠣ ᠠᠵᠢᠯ ᠲᠥᠷᠥᠯ ᠤᠨ ᠳᠣᠲᠣᠷ᠎ᠠ᠂ 29 | ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ | 78.4% ᠳᠤ ᠬᠦᠷᠴᠦ᠂ ᠳᠡᠭᠡᠷ᠎ᠡ ᠬᠠᠭᠠᠰ ᠵᠢᠯ ᠤᠨ ᠬᠢ ᠠᠴᠠ 8.1 ᠵᠠᠭᠤᠨ ᠤ ᠴᠡᠭ ᠥᠷᠭᠡᠳᠴᠦ᠂ 20 ᠠᠵᠢᠯ | ᠲᠥᠷᠥᠯ ᠤᠨ ᠨᠡᠮᠡᠭᠳᠡᠯ ᠥᠷᠲᠡᠭ ᠬᠤᠶᠠᠷ ᠣᠷᠣᠨᠲᠤ ᠲᠤᠭ᠎ᠠ ᠨᠡᠮᠡᠭᠳᠡᠪᠡ᠃ | ᠭᠤᠷᠪᠠ ᠳᠤ ᠰᠢᠨ᠎ᠡ ᠠᠵᠤ ᠦᠢᠯᠡᠰ ᠰᠢᠨ᠎ᠡ ᠦᠢᠯᠡᠳᠬᠦᠨ ᠨᠡᠯᠢᠶᠡᠳ ᠲᠦᠷᠭᠡᠨ ᠨᠡᠮᠡᠭᠳᠡᠵᠡᠢ᠃ ᠲᠦᠷᠦᠭᠦᠦ ᠭᠤᠷᠪᠠᠨ | ᠤᠯᠠᠷᠢᠯ ᠳᠤ᠂ ᠪᠥᠬᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠦᠶᠯᠡᠰ ᠤᠨ ᠨᠡᠮᠡᠭᠳᠡᠯ ᠥᠷᠲᠡᠭ 31.2% ᠨᠡᠮᠡᠭᠳᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 23.8 ᠵᠠᠭᠤᠨ ᠤ ᠴᠡᠭ | ᠲᠦᠷᠭᠡᠨ ᠪᠣᠯᠪᠠ᠃ ᠡᠭᠦᠨ ᠳᠤ᠂ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ | ᠦᠶᠯᠡᠳᠬᠦ ᠦᠶᠯᠡᠰ 22.7%᠂ ᠡᠮ ᠡᠮᠨᠡᠯᠭᠡ ᠶᠢᠨ ᠦᠶᠯᠡᠳᠬᠦ ᠦᠶᠯᠡᠰ 31.0%᠂ ᠮᠠᠰᠢᠨ ᠲᠡᠷᠭᠡ ᠦᠶᠯᠡᠳᠬᠦ | ᠦᠶᠯᠡᠰ 14.3% ᠨᠡᠮᠡᠭᠳᠡᠪᠡ᠃ ᠰᠢᠨ᠎ᠡ ᠦᠶᠯᠡᠳᠬᠦᠨ ᠤ ᠭᠠᠷᠤᠯᠲᠠ ᠴᠤ ᠨᠡᠯᠢᠶᠡᠳ ᠲᠦᠷᠭᠡᠨ ᠨᠡᠮᠡᠭᠳᠡᠵᠦ᠂ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠠᠳᠠᠯᠢ ᠬᠤᠭᠤᠴᠠᠭᠠᠨ ᠤ ᠬᠢ ᠠᠴᠠ 3 . 5 ᠳᠠᠬᠢᠨ | ᠨᠡᠮᠡᠭᠳᠡᠵᠦ᠂ ᠲᠠᠩ ᠲᠠᠯᠠᠰᠲᠤ ᠴᠠᠬᠢᠭᠤᠷ 93.5% ᠨᠡᠮᠡᠭᠳᠡᠵᠦ᠂ ᠬᠤᠪᠣᠷ ᠰᠢᠷᠣᠶ ᠶᠢᠨ ᠰᠣᠷᠢᠨᠵᠢᠨ ᠴᠢᠨᠠᠷᠲᠠᠶ ᠮᠠᠲ᠋ᠧᠷᠢᠶᠠᠯ | 39.7% ᠨᠡᠮᠡᠭᠳᠡᠭᠰᠡᠨ ᠪᠠᠶᠢᠨ᠎ᠠ᠃ | ᠳᠥᠷᠪᠡ ᠳᠤ ᠠᠵᠤ ᠠᠬᠤᠶᠢᠯᠠᠯ ᠤᠨ ᠠᠰᠢᠭ ᠬᠤᠨᠵᠢᠪᠣᠷᠢ ᠲᠦᠷᠭᠡᠨ ᠢᠶᠠᠷ ᠨᠡᠮᠡᠭᠳᠡᠪᠡ᠃ 1 ᠠᠴᠠ 8 ᠳ᠋ᠤᠭᠠᠷ ᠰᠠᠷ᠎ᠠ | ᠳᠤ᠂ ᠪᠥᠬᠦ ᠣᠷᠣᠨ ᠤ 37 ᠠᠵᠤ ᠦᠶᠯᠡᠳᠪᠦᠷᠢ ᠶᠢᠨ ᠲᠣᠮᠣ ᠠᠵᠢᠯ ᠲᠥᠷᠥᠯ ᠤᠨ ᠳᠣᠲᠣᠷ᠎ᠠ᠂ 24 ᠠᠵᠢᠯ ᠲᠥᠷᠥᠯ ᠤᠨ | ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ ︵ᠪᠤᠶᠤ ᠠᠯᠳᠠᠭᠳᠠᠯ | ᠲᠠᠢ ᠪᠠᠶᠢᠭᠰᠠᠨ ᠠᠴᠠ ᠪᠠᠨ ᠣᠯᠵᠠᠪᠤᠷᠢ ᠲᠠᠢ ᠪᠣᠯᠤᠭᠰᠠᠨ︶ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 64.9% ᠳᠤ | ᠬᠥᠷᠪᠡ᠃ ᠡᠭᠦᠨ ᠳᠤ᠂ 18 ᠠᠵᠢᠯ ᠲᠥᠷᠥᠯ ᠤᠨ ᠠᠰᠢᠭ ᠬᠤᠨᠵᠢᠪᠣᠷᠢ ᠬᠤᠶᠠᠷ ᠣᠷᠣᠨᠲᠤ ᠲᠤᠭ᠎ᠠ ᠵᠢᠴᠢ ᠲᠡᠭᠦᠨ ᠠᠴᠠ | ᠳᠡᠭᠡᠭᠰᠢᠬᠢ ᠨᠡᠮᠡᠭᠳᠡᠯ ᠢ ᠪᠡᠶᠡᠯᠡᠭᠦᠯᠪᠡ᠃ ᠬᠤᠶᠠᠷ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠦᠵᠡᠪᠡᠯ᠂ 18 | ᠠᠵᠢᠯ ᠲᠥᠷᠥᠯ ᠤᠨ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠪᠥᠬᠦ ᠲᠤᠭ᠎ᠠ ᠶᠢᠨ ᠨᠡᠮᠡᠭᠳᠡᠯ ᠤᠨ ᠡᠵᠡᠯᠡᠬᠦ ᠬᠠᠷᠢᠴᠠᠯ ᠨᠢ | 48.6% ᠳᠤ ᠬᠦᠷᠴᠡᠶ᠃ | ᠲᠠᠪᠤ ᠳᠤ ᠳᠤᠮᠳᠠ ᠬᠡᠰᠡᠭ ᠤᠨ ᠭᠠᠵᠠᠷ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠨᠡᠯᠢᠶᠡᠳ ᠢᠯᠡᠷᠬᠡᠢ ᠪᠣᠯᠪᠠ᠃ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ 12 ᠠᠶᠢᠮᠠᠭ ᠬᠤᠲᠠ ᠶᠢᠨ ᠳᠣᠲᠣᠷ᠎ᠠ᠂ 11 ᠠᠶᠢᠮᠠᠭ ᠬᠤᠲᠠ | ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ | ᠡᠴᠡᠥᠰᠪᠡ᠃ ᠳᠤᠮᠳᠠ ᠬᠡᠰᠡᠭ ᠤᠨ ᠭᠠᠵᠠᠷ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.4% ᠨᠡᠮᠡᠭᠳᠡᠵᠦ᠂ ᠪᠠᠷᠠᠭᠤᠨ ᠬᠡᠰᠡᠭ ᠤᠨ ᠭᠠᠵᠠᠷ ᠣᠷᠣᠨ ᠪᠠ | ᠵᠡᠭᠦᠨ ᠬᠡᠰᠡᠭ ᠤᠨ ᠭᠠᠵᠠᠷ ᠣᠷᠣᠨ ᠤ 7.4 ᠪᠠ 4.9 ᠵᠠᠭᠤᠨ ᠤ ᠴᠡᠭ ᠠᠴᠠ ᠲᠣᠰ ᠲᠣᠰ ᠥᠨᠳᠥᠷ ᠪᠣᠯᠵᠣ᠂ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ | 6.1 ᠵᠠᠭᠤᠨ ᠤ ᠴᠡᠭ ᠳᠠᠶᠢᠴᠢᠯᠠᠪᠠ᠃ | ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ᠄ ᠮᠠᠨ ᠤ ᠣᠷᠣᠨ ᠪᠠᠯᠠ ᠣᠷᠣᠭᠤᠯᠤᠯᠲᠠ ᠶᠢᠨ | ᠪᠦᠲᠦᠴᠡ ᠶᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠰᠢᠨ᠎ᠡ ᠢᠯᠡᠷᠡᠯ ᠲᠠᠢ ᠪᠣᠶ︖ | ᠰᠢᠶᠠ ᠷᠦᠩ ᠬᠤᠸᠠ᠄ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠪᠠᠯᠠ ᠣᠷᠣᠭᠤᠯᠤᠯᠲᠠ ᠶᠢᠨ | ᠪᠦᠲᠦᠴᠡ ᠲᠠᠰᠤᠷᠠᠯᠲᠠ ᠥᠬᠡᠶ ᠰᠢᠯᠢᠳᠡᠭᠵᠢᠪᠡ᠂ ᠭᠤᠤᠯᠳᠠᠭᠤ ᠳᠠᠷᠠᠭᠠᠬᠢ ᠭᠤᠷᠪᠠᠨ ᠲᠠᠯ᠎ᠠ ᠪᠠᠷ ᠢᠯᠡᠷᠡᠵᠦ ᠪᠣᠶ᠄ | ᠨᠢᠭᠡ ᠳᠤ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠬᠤᠪᠢ ᠶᠢᠨ ᠵᠢᠩ ᠳᠡᠭᠡᠭᠰᠢᠯᠡᠪᠡ᠃ ᠲᠦᠷᠦᠭᠦᠦ | ᠭᠤᠷᠪᠠᠨ ᠤᠯᠠᠷᠢᠯ ᠳᠤ᠂ ᠪᠥᠬᠦ ᠣᠷᠣᠨ ᠤ ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠨᠢ ᠪᠥᠬᠦ ᠣᠷᠣᠨ ᠤ ᠪᠠᠯᠠ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 5.3 ᠵᠠᠭᠤᠨ ᠤ ᠴᠡᠭ ᠳᠠᠶᠢᠴᠢᠯᠠᠵᠤ᠂ ᠪᠥᠬᠦ ᠪᠠᠯᠠ ᠣᠷᠣᠭᠤᠯᠤᠯᠲᠠ | ᠶᠢᠨ 20.2% ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 3.4 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ | ᠲᠣᠨᠣᠭᠯᠠᠯ ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 63.4% ᠨᠡᠮᠡᠭᠳᠡᠵᠦ᠂ | ᠬᠡᠷᠡᠭᠯᠡᠭᠡᠨ ᠤ ᠵᠦᠶᠯ ᠤᠨ ᠦᠶᠯᠡᠳᠬᠦ ᠦᠶᠯᠡᠰ | 32 . 6% ᠨᠡᠮᠡᠭᠳᠡᠪᠡ | ᠬᠤᠶᠠᠷ ᠲᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ | ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠳᠡᠭᠡᠳᠦ ᠮᠡᠷᠭᠡᠵᠢᠯ ᠤᠨ ᠠᠵᠤ ᠦᠶᠯᠡᠰ ᠤᠨ ᠪᠠᠯᠠ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠪᠠᠯᠠ ᠣᠷᠣᠭᠤᠯᠤᠯᠲᠠ ᠠᠴᠠ 30.4 ᠵᠠᠭᠤᠨ ᠤ | ᠴᠡᠭ ᠥᠨᠳᠥᠷ ᠪᠠᠶᠢᠵᠤ᠂ ᠪᠥᠬᠦ ᠣᠷᠣᠨ ᠤ ᠪᠠᠯᠠ ᠣᠷᠣᠭᠤᠯᠤᠯᠲᠠ ᠶᠢᠨ 5.9% ᠶᠢ ᠡᠵᠡᠯᠡᠵᠦ᠂ ᠠᠳᠠᠯᠢ ᠬᠤᠭᠤᠴᠠᠭᠠᠨ ᠤ | ᠬᠢ ᠠᠴᠠ | 1.3 ᠵᠠᠭᠤᠨ ᠤ ᠴᠡᠭ ᠳᠡᠭᠡᠭᠰᠢᠯᠡᠪᠡ᠃ ᠡᠭᠦᠨ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ | ᠶᠢ 96.4% ᠪᠠᠷ ᠨᠡᠮᠡᠭᠳᠡᠭᠦᠯᠵᠦ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢ | 12.2% ᠢᠶᠠᠷ ᠨᠡᠮᠡᠭᠳᠡᠭᠦᠯᠵᠡᠢ᠃ ᠳᠡᠭᠡᠳᠦ ᠮᠡᠷᠭᠡᠵᠢᠯ ᠤᠨ ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠳᠤ᠂ | ᠡᠯᠧᠺᠲᠷᠣᠨ ᠵᠢᠴᠢ ᠴᠢᠮᠡᠭᠡ ᠬᠤᠯᠪᠣᠭᠠᠨ ᠤ ᠲᠥᠬᠦᠭᠡᠷᠦᠮᠵᠢ ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 1.8 ᠳᠠᠬᠢᠨ ᠨᠡᠮᠡᠭᠳᠡᠪᠡ᠃ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ | ᠣᠷᠣᠭᠤᠯᠤᠯᠲᠠ ᠳᠤ᠂ ᠣᠷᠴᠢᠨ ᠠᠬᠤᠢ ᠶᠢ ᠬᠢᠨᠠᠨ ᠬᠡᠮᠵᠢᠬᠦ ᠵᠢᠴᠢ ᠵᠠᠰᠠᠬᠤ ᠦᠢᠯᠡᠴᠢᠯᠡᠭᠡᠨ ᠤ ᠪᠡᠯᠡ ᠣᠷᠣᠭᠤᠯᠤᠯᠲᠠ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠯᠲᠠ ᠶᠢᠨ ᠦᠢᠯᠡᠴᠢᠯᠡᠭᠡᠨ ᠤ ᠪᠡᠯᠡ ᠣᠷᠣᠭᠤᠯᠤᠯᠲᠠ | ᠶᠢ ᠲᠤᠰ ᠪᠦᠷᠢ 26.1%᠂ 89.5% ᠪᠠᠷ ᠨᠡᠮᠡᠭᠳᠡᠭᠦᠯᠪᠡ᠃ | ᠭᠤᠷᠪᠠ ᠳᠤ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ | ᠰᠤᠷᠭᠠᠨ ᠬᠥᠮᠦᠵᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 47.4%᠂ 6.3% | ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ ᠲᠣᠰ ᠲᠣᠰ 11.9%᠂ 5.6% ᠨᠡᠮᠡᠭᠳᠡᠪᠡ᠃ ᠰᠠᠭᠤᠷᠢ ᠪᠡᠯᠡᠳᠬᠡᠮᠵᠢ | ᠶᠢᠨ ᠪᠡᠯᠡ ᠣᠷᠣᠭᠤᠯᠤᠯᠲᠠ ᠶᠢᠨ ᠬᠦᠷᠢᠶᠡᠨ ᠳᠤ᠂ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ | ᠶᠢᠨ ᠦᠢᠯᠡᠰ ᠤᠨ ᠪᠡᠯᠡ ᠣᠷᠣᠭᠤᠯᠤᠯᠲᠠ 30.3% ᠨᠡᠮᠡᠭᠳᠡᠵᠦ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ | 7.3% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 1.7 ᠬᠤᠪᠢ | ᠳᠡᠭᠡᠭᠰᠢᠯᠡᠪᠡ︔ ᠤᠰᠤᠨ ᠠᠰᠢᠭᠯᠠᠯᠲᠠ ᠶᠢᠨ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ | ᠬᠠᠮᠢᠶᠠᠷᠤᠯᠲᠠ ᠶᠢᠨ ᠦᠶᠯᠡᠰ ᠤᠨ ᠪᠠᠯᠠ ᠣᠷᠣᠭᠤᠯᠤᠯᠲᠠ 13.2% ᠨᠡᠮᠡᠭᠳᠡᠵᠦ᠂ 1 ᠠᠴᠠ 8 ᠳ᠋ᠤᠭᠠᠷ ᠰᠠᠷ᠎ᠠ ᠶᠢᠨ ᠬᠢ | ᠠᠴᠠ 5.7 ᠵᠠᠭᠤᠨ ᠤ ᠴᠡᠭ ᠳᠡᠭᠡᠭᠰᠢᠯᠡᠪᠡ᠃ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ | ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ ᠤᠨ ᠪᠠᠯᠠ ᠣᠷᠣᠭᠤᠯᠤᠯᠲᠠ 10.5% ᠨᠡᠮᠡᠭᠳᠡᠵᠦ᠂ 1 ᠠᠴᠠ 8 ᠳ᠋ᠤᠭᠠᠷ | ᠰᠠᠷ᠎ᠠ ᠶᠢᠨ ᠬᠢ ᠲᠠᠢ ᠬᠠᠷᠢᠴᠠᠭᠤᠯᠪᠠᠯ 8.7 ᠵᠠᠭᠤᠨ ᠤ ᠴᠡᠭ ᠳᠡᠭᠡᠭᠰᠢᠯᠡᠪᠡ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠨᠡᠶᠢᠲᠡᠯᠡᠭᠰᠡᠨ ᠲᠤᠭ᠎ᠠ ᠪᠠᠷᠢᠮᠲᠠ ᠠᠴᠠ | ᠦᠵᠡᠪᠡᠯ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠵᠢᠯᠯᠠᠭᠠᠨ ᠲᠣᠭᠲᠠᠭᠤᠨ ᠪᠠᠶᠢᠵᠤ᠂ ᠰᠡᠷᠭᠦᠯᠲᠡ ᠶᠢᠨ | ᠪᠠᠶᠢᠳᠠᠯ ᠰᠠᠶᠢᠵᠢᠷᠠᠬᠤ ᠬᠠᠨᠳᠤᠰᠢ ᠲᠠᠢ ᠪᠠᠶᠢᠨ᠎ᠠ᠂ ᠣᠳᠣᠬᠠᠨ ᠤ ᠬᠡᠷᠡᠭᠯᠡᠭᠡᠨ ᠤ ᠵᠠᠬ᠎ᠠ ᠳᠡᠯᠭᠡᠭᠦᠷ ᠨᠢ ᠶᠠᠮᠠᠷ ᠣᠨᠴᠠᠯᠢᠭ ᠲᠠᠢ | ᠪᠣᠶ︖ | ᠰᠢᠶᠠ ᠷᠦᠩ ᠬᠤᠸᠠ᠄ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ | ᠦᠷᠭᠦᠯᠵᠢᠯᠡᠨ ᠰᠡᠷᠭᠦᠵᠦ᠂ ᠰᠦᠯᠵᠢᠶᠡᠨ ᠳᠡᠭᠡᠷᠡᠬᠢ ᠬᠡᠷᠡᠭᠯᠡᠭᠡᠨ ᠤ ᠬᠡᠷᠡᠭᠴᠡᠭᠡ ᠲᠠᠰᠤᠷᠠᠯᠲᠠ ᠥᠬᠡᠶ ᠢᠯᠡᠷᠡᠪᠡ᠃ | ᠵᠠᠬ᠎ᠠ ᠳᠡᠯᠭᠡᠭᠦᠷ ᠤᠨ ᠬᠡᠪᠴᠢᠶ᠎ᠡ ᠠᠴᠠ ᠦᠵᠡᠪᠡᠯ᠄ ᠭᠤᠷᠪᠠᠳᠤᠭᠠᠷ ᠤᠯᠠᠷᠢᠯ ᠳᠤ ᠨᠡᠶᠢᠭᠡᠮ ᠤᠨ ᠬᠡᠷᠡᠭᠯᠡᠭᠡᠨ ᠤ ᠵᠦᠶᠯ | ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 1258.0 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠶᠡᠷᠦᠩᠬᠡᠶ | ᠬᠡᠮᠵᠢᠶ᠎ᠡ ᠨᠢ ᠬᠤᠶᠠᠳᠤᠭᠠᠷ ᠤᠯᠠᠷᠢᠯ ᠤᠨ ᠬᠢ ᠠᠴᠠ 134.2 ᠳ᠋ᠦᠩᠰᠢᠭᠤᠷ ᠲᠥᠭᠦᠷᠢᠭ ᠨᠡᠮᠡᠭᠳᠡᠪᠡ︔ ᠡᠭᠦᠨ ᠠᠴᠠ | ᠭᠠᠳᠠᠨ᠎ᠠ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠵᠢᠵᠢᠭᠯᠡᠨ ᠬᠤᠳᠠᠯᠳᠤᠭᠰᠠᠨ ᠲᠤᠭ᠎ᠠ ᠮᠥᠨ ᠬᠦ ᠬᠤᠶᠠᠷ | ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 14.8% ᠨᠡᠮᠡᠭᠳᠡᠵᠡᠢ᠃ | ᠪᠦᠲᠦᠴᠡ ᠠᠴᠠ ᠨᠢ ᠦᠵᠡᠪᠡᠯ᠄ ᠲᠦᠷᠦᠭᠦᠦ ᠭᠤᠷᠪᠠᠨ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠶᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠳᠣᠲᠣᠷ᠎ᠠ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ | ᠲᠠᠢ ᠬᠤᠯᠪᠣᠭᠳᠠᠬᠤ ᠲᠠᠸᠠᠷ ᠤᠨ ᠵᠢᠵᠢᠭᠯᠡᠨ ᠬᠤᠳᠠᠯᠳᠤᠬᠤ ᠨᠡᠮᠡᠭᠳᠡᠯ ᠤᠨ ᠬᠠᠨᠳᠤᠰᠢ ᠶᠡᠷᠦᠩᠬᠡᠶ ᠳᠤ ᠪᠠᠨ ᠲᠣᠭᠲᠠᠭᠤᠨ | ᠪᠠᠶᠢᠬᠤ ᠶᠢ ᠪᠠᠲᠤᠯᠠᠵᠤ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ ᠰᠡᠷᠭᠦᠬᠦ ᠴᠢᠬᠤᠯᠠ | ᠲᠤᠯᠭᠠᠭᠤᠷᠢᠯᠠᠯ ᠪᠣᠯᠤᠭᠰᠠᠨ ᠪᠠᠶᠢᠨ᠎ᠠ᠃ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠠᠮᠤ | ᠲᠣᠰᠣ ᠢᠳᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 10.6% | ᠨᠡᠮᠡᠭᠳᠡᠵᠦ᠂ ᠬᠤᠪᠴᠠᠰᠤ ᠬᠤᠨᠠᠷ᠂ ᠱᠠᠬᠠᠶ ᠮᠠᠯᠠᠭᠠᠶ᠂ ᠨᠡᠬᠡᠮᠡᠯ ᠤᠨ ᠵᠦᠶᠯ ᠤᠨ ᠲᠥᠷᠥᠯ 6.3%᠂ ᠡᠳᠦᠷ ᠲᠤᠲᠤᠮ ᠤᠨ | ᠬᠡᠷᠡᠭᠯᠡᠭᠡᠨ ᠤ ᠵᠦᠶᠯ ᠤᠨ ᠲᠥᠷᠥᠯ 19.7%᠂ ᠴᠢᠯᠠᠭᠤᠨ ᠲᠣᠰᠣ ᠵᠢᠴᠢ ᠦᠶᠯᠡᠳᠬᠦᠨ ᠤ ᠲᠥᠷᠥᠯ 15.6% | ᠨᠡᠮᠡᠭᠳᠡᠵᠦ᠂ ᠭᠤᠷᠪᠠᠳᠤᠭᠠᠷ ᠤᠯᠠᠷᠢᠯ ᠳᠤ ᠤᠷᠤᠭᠰᠠᠨ ᠠᠴᠠ ᠨᠠᠭᠠᠰᠢᠬᠢ ᠨᠡᠮᠡᠭᠳᠡᠯ ᠤᠨ ᠬᠠᠨᠳᠤᠰᠢ ᠪᠠᠨ ᠦᠷᠭᠦᠯᠵᠢᠯᠡᠭᠦᠯᠪᠡ᠃ | ᠡᠭᠦᠨ ᠤ ᠬᠠᠮᠲᠤ᠂ ᠲᠡᠰ ᠳᠡᠪᠰᠢᠭᠰᠡᠨ ᠲᠦᠷᠦᠯ ᠤᠨ ᠲᠠᠸᠠᠷ ᠤᠨ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠯ ᠢᠶᠠᠨ | ᠪᠠᠲᠤᠯᠠᠵᠠᠢ᠃ ᠰᠢᠨ᠎ᠡ ᠡᠨᠧᠷᠭᠢ ᠶᠢᠨ ᠮᠠᠰᠢᠨ ᠲᠡᠷᠭᠡ ᠪᠠᠷ ᠲᠥᠯᠥᠭᠡᠯᠡᠭᠦᠯᠦᠭᠰᠡᠨ ᠪᠣᠬᠢᠷᠲᠤᠯ ᠥᠬᠡᠶ ᠣᠶᠤᠨᠴᠢ ᠬᠡᠷᠡᠭᠯᠡᠭᠡ | ᠦᠷᠭᠦᠯᠵᠢᠯᠡᠨ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ | ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1.4 ᠳᠠᠬᠢᠨ ᠨᠡᠮᠡᠭᠳᠡᠵᠦ᠂ ᠡᠮᠦᠰᠴᠦ ᠵᠡᠭᠦᠵᠦ ᠪᠣᠯᠬᠤ | ᠣᠶᠤᠨᠴᠢ ᠲᠥᠬᠦᠭᠡᠷᠦᠮᠵᠢ ᠠᠳᠠᠯᠢ ᠬᠤᠭᠤᠴᠠᠭᠠᠨ ᠤ ᠬᠢ ᠠᠴᠠ 13.2% ᠨᠡᠮᠡᠭᠳᠡᠪᠡ᠃ | ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠠᠴᠠ ᠦᠵᠡᠪᠡᠯ᠄ ᠰᠦᠯᠵᠢᠶᠡᠨ ᠳᠡᠭᠡᠷᠡᠬᠢ ᠬᠡᠷᠡᠭᠯᠡᠭᠡ ᠬᠥᠭᠵᠢᠶᠡᠨ ᠲᠠᠢ | ᠪᠠᠶᠢᠭᠰᠠᠭᠠᠷ ᠪᠠᠶᠢᠨ᠎ᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠦᠯᠵᠢᠶᠡᠨ ᠳᠡᠭᠡᠷ᠎ᠡ ᠵᠢᠵᠢᠭᠯᠡᠨ | ᠪᠣᠷᠣᠯᠠᠭᠤᠯᠤᠭᠰᠠᠨ ᠲᠤᠭ᠎ᠠ 375.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39. | 5% ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ | ᠤᠨ ᠬᠤᠷᠳᠤᠴᠠ ᠠᠴᠠ 30.3 ᠵᠠᠭᠤᠨ ᠤ ᠴᠡᠭ ᠥᠨᠳᠥᠷ ᠪᠣᠯᠵᠠᠶ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ | ᠢᠶᠠᠷ ᠪᠠ ᠵᠢᠵᠢᠭᠯᠡᠨ ᠬᠤᠳᠠᠯᠳᠤᠬᠤ ᠪᠠ ᠬᠤᠨᠤᠭ ᠬᠤᠭᠤᠯᠠᠨ ᠤ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ | ᠲᠤᠬᠠᠶᠢᠯᠠᠭᠰᠠᠨ ᠠᠵᠢᠯ ᠥᠷᠨᠢᠭᠦᠯᠬᠦ ᠨᠢᠭᠡᠴᠢ ᠶᠢᠨ ᠲᠤᠭ᠎ᠠ ᠲᠠᠰᠤᠷᠠᠯᠲᠠ ᠥᠬᠡᠶ ᠨᠡᠮᠡᠭᠳᠡᠪᠡ᠃ ᠬᠢᠵᠠᠭᠠᠷᠯᠠᠭᠰᠠᠨ ᠲᠤᠭ᠎ᠠ | ᠠᠴᠠ ᠳᠡᠭᠡᠭᠰᠢᠬᠢ ᠣᠯᠠᠨ ᠨᠡᠶᠢᠲᠡ ᠶᠢᠨ ᠰᠦᠯᠵᠢᠶ᠎ᠡ ᠪᠠᠷ ᠳᠡᠮᠵᠢᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠬᠤᠳᠠᠯᠳᠤᠭᠰᠠᠨ | ᠲᠤᠭ᠎ᠠ᠂ ᠵᠣᠴᠢᠳ ᠤᠨ ᠥᠷᠥᠭᠡ ᠶᠢᠨ ᠣᠷᠣᠯᠭ᠎ᠠ ᠵᠢᠴᠢ ᠬᠤᠭᠤᠯᠠᠨ ᠰᠦᠶᠳᠬᠡᠯ ᠤᠨ ᠣᠷᠣᠯᠭ᠎ᠠ ᠠᠳᠠᠯᠢ ᠬᠤᠭᠤᠴᠠᠭᠠᠨ ᠤ | ᠬᠢ ᠠᠴᠠ ᠲᠣᠰ ᠲᠣᠰ 51.6%᠂ 70.4% ᠪᠠ 41.7% ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠨᠢᠭᠡᠴᠢ ᠶᠢᠨ ᠵᠢᠵᠢᠭᠯᠡᠨ ᠬᠤᠳᠠᠯᠳᠤᠭᠰᠠᠨ ᠲᠤᠭ᠎ᠠ ᠠᠴᠠ ᠲᠣᠰ ᠲᠣᠰ 36.8᠂ 55.6 ᠪᠠ 26.9 ᠵᠠᠭᠤᠨ ᠤ ᠴᠡᠭ | ᠥᠨᠳᠥᠷ ᠪᠣᠯᠵᠠᠢ᠃ | |