| | ᠦᠪᠣᠷ ᠵᠠᠰᠠᠭ ᠳᠠᠷᠬᠠᠭᠠᠭᠰᠠᠨ ᠴᠠᠬᠢᠯᠭᠠᠨ〔2020〕1 ᠳ᠋ᠣᠭᠡᠷ ᠲᠣᠭᠠᠳᠣ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠬᠯᠠᠨ ᠠᠷᠢᠯᠭᠠᠬᠤ ᠲᠠᠶᠢᠯᠠᠯᠳᠤᠭᠠᠨ ᠤ ᠢᠯᠠᠯᠲᠠ ᠶᠢ ᠡᠷᠡᠰ ᠣᠯᠬᠤ ᠲᠤᠬᠠᠶ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠠᠢ ᠨᠠᠮ ᠤᠨ ᠲᠥᠪ ᠬᠤᠷᠢᠶ᠎ᠠ | ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠡᠷᠡᠰ ᠨᠠᠶᠢᠳᠠᠪᠤᠷᠢᠵᠢᠭᠤᠯᠤᠨ᠂ ᠪᠦᠬᠦ ᠣᠷᠣᠨ ᠤ ᠰᠡᠷᠭᠡᠶᠢᠯᠡᠨ ᠡᠵᠡᠮᠳᠡᠬᠦ | ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠵᠤ᠂ ᠬᠢᠵᠢᠭ ᠤᠨ ᠪᠠᠶᠢᠲᠠᠯ ᠤᠨ ᠨᠥᠯᠥᠭᠡ ᠶᠢ ᠨᠡᠯᠢᠶᠡᠳ ᠶᠡᠭᠡ ᠬᠦᠷᠲᠡᠭᠰᠡᠨ ᠳᠤᠮᠳᠠ ᠵᠢᠵᠢᠭ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠢ ᠰᠢᠢᠳᠪᠦᠷᠢᠯᠡᠬᠦ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ | ᠳᠣᠤᠷᠠᠬᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠭᠦ ᠬᠡᠷᠡᠭᠳᠠᠢ | ︵ᠨᠢᠭᠡ︶ ᠬᠢᠨᠠᠨ ᠵᠥᠪᠰᠢᠶᠡᠷᠡᠬᠦ ᠰᠠᠭᠠᠳ ᠦᠭᠡᠢ ᠵᠠᠮ ᠢ ᠲᠣᠬᠢᠷᠠᠭᠤᠯᠬᠤ ᠬᠡᠷᠩᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ | ᠡᠳ᠋ ᠪᠤᠳᠠᠰ ᠢ ᠦᠢᠯᠡᠳᠪᠦᠷᠢᠯᠡᠬᠦ ᠰᠢᠨ᠎ᠡ ᠪᠠᠷ ᠨᠠᠶᠢᠳᠠᠪᠤᠷᠢᠵᠢᠭᠤᠯᠤᠭᠰᠠᠨ ᠲᠥᠷᠥᠯ ᠵᠦᠢᠯ ᠳᠤ᠂ ᠠᠳᠠᠯᠢ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠠᠯᠠᠭ᠎ᠠ ᠮᠥᠴᠢᠷ ᠢᠶᠠᠷ ᠨᠤᠳᠠᠯᠠᠭᠤᠯᠤᠭᠠᠳ᠂ ︽ᠠᠮᠠᠯᠳᠠᠬᠤ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠣᠭᠲᠠᠭᠠᠯ ᠶᠣᠰᠣᠭᠠᠷ ᠭᠠᠷ ᠭᠦᠢᠴᠡᠳᠭᠡᠯ ᠢ | ᠨᠦᠬᠦᠵᠤ ᠬᠦᠢᠴᠡᠳᠭᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠣᠳᠠᠰ ᠦᠢᠯᠡᠳᠪᠦᠷᠢᠯᠡᠬᠦ ᠠᠵᠤ ᠠᠬᠤᠶᠢᠯᠠᠯ ᠤᠨ | ᠮᠡᠷᠭᠡᠵᠢᠯ ᠤᠨ ᠥᠭᠡᠷᠡᠴᠢᠯᠡᠯᠲᠡ ᠬᠢᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠦᠢᠯᠡᠳᠪᠦᠷᠢᠯᠡᠬᠦ ᠴᠢᠳᠠᠪᠤᠷᠢ ᠪᠠᠨ ᠨᠡᠮᠡᠭᠳᠡᠭᠦᠯᠬᠦ ᠶᠢ | ᠳᠡᠮᠵᠢᠨ᠎ᠡ︔ ᠪᠤᠰᠤᠳ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠤᠳᠠᠰ ᠤᠨ ᠦᠢᠯᠡᠳᠪᠦᠷᠢᠯᠡᠯ ᠤᠨ | ᠱᠤᠭᠤᠮ ᠢ ᠰᠢᠨ᠎ᠠ ᠪᠠᠷ ᠨᠡᠮᠡᠭᠳᠡᠬᠦᠯᠵᠤ ᠦᠢᠯᠡᠳᠪᠦᠷᠢᠯᠡᠬᠦ ᠴᠢᠳᠠᠪᠤᠷᠢ ᠶᠢ ᠲᠦᠷᠭᠡᠨ ᠪᠦᠷᠢᠯᠳᠦᠭᠦᠯᠬᠦ ᠶᠢ ᠳᠠᠮᠵᠢᠭᠦ ᠬᠡᠷᠩᠳᠠᠢ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠲᠥᠷᠥᠯ ᠵᠦᠢᠯ ᠳᠤ᠂ ᠭᠠᠵᠠᠷ ᠰᠢᠷᠣᠶ ᠬᠡᠷᠡᠭᠯᠡᠬᠦ ᠤᠰᠤ ᠬᠡᠷᠡᠭᠯᠡᠬᠦ ᠵᠡᠷᠭᠡ ᠭᠦᠢᠴᠡᠳᠬᠡᠯ ᠲᠤᠭ᠎ᠠ ᠶᠢ | ᠡᠩ ᠲᠡᠷᠢᠭᠦᠨ ᠳᠤ ᠲᠣᠬᠢᠷᠠᠭᠤᠯᠬᠤ ᠬᠡᠷᠩᠳᠠᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠬᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ﹇ᠪᠦᠯᠦᠭᠯᠡᠯ﹈ ᠤ ᠺᠣᠮᠫᠠᠨᠢ᠂ ᠥᠪᠥᠷ | ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠬᠠᠷᠢᠭᠤᠴᠠᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ | ᠡᠭᠦᠷᠬᠡ ᠬᠠᠷᠢᠭᠤᠴᠠᠯᠭ᠎ᠠ ᠪᠠᠷ ᠢᠶᠠᠨ ᠠᠵᠢᠯ ᠬᠤᠪᠢᠶᠠᠷᠢᠯᠠᠨ ᠠᠬᠢᠭᠤᠯᠵᠤ᠂ ᠵᠤᠬᠢᠴᠠᠭᠤᠯᠤᠨ ᠬᠠᠮᠵᠢᠯᠴᠠᠨ᠎ᠠ᠂ ᠨᠡᠷᠡᠰ ᠤᠨ ᠵᠢᠭᠰᠠᠭᠠᠯᠲᠠ ᠳᠤ ᠡᠮᠦᠨ᠎ᠠ ᠬᠤᠶᠢᠨ᠎ᠠ | ᠭᠡᠵᠦ ᠬᠤᠪᠢᠶᠠᠬᠤ ᠥᠬᠡᠶ᠂ ᠳᠣᠷᠣᠭᠰᠢ ᠠᠳᠠᠯᠢ︶ | ︵ᠬᠤᠶᠠᠷ︶ ᠭᠦᠢᠯᠭᠡᠭᠡᠨ ᠤ ᠰᠠᠭᠠᠳ ᠦᠭᠡᠢ ᠵᠠᠮ ᠢ ᠪᠠᠶᠢᠭᠤᠯᠬᠤ ᠬᠡᠷᠩᠳᠠᠢ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠡᠳ᠋ ᠪᠤᠳᠠᠰ᠂ ᠢᠨᠵᠧᠨᠧᠷᠢᠩ ᠪᠣᠯᠤᠨ ᠦᠢᠯᠡᠴᠢᠯᠡᠭᠡ ᠶᠢ ᠬᠤᠳᠠᠯᠳᠤᠨ ᠠᠪᠬᠤ ᠳᠤ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠳᠤ ᠲᠣᠭᠲᠠᠭᠠᠭᠰᠠᠨ ᠠᠷᠭ᠎ᠠ ᠭᠡᠯᠪᠡᠷᠢ ᠪᠣᠯᠤᠨ ᠳᠡᠰ | ᠳᠠᠷᠠᠭᠠᠯᠠᠯ ᠢ ᠬᠡᠷᠡᠭᠵᠢᠭᠦᠯᠬᠦ ᠦᠭᠡᠢ ᠪᠠᠶᠢᠵᠤ ᠪᠣᠯᠤᠨ᠎ᠠ᠃ ᠭᠠᠳᠠᠭᠠᠳᠤ ᠠᠴᠠ ᠣᠷᠣᠭᠤᠯᠬᠤ ᠰᠡᠷᠭᠡᠶᠢᠯᠡᠨ ᠡᠵᠡᠮᠳᠡᠬᠦ ᠡᠳ᠋ ᠪᠤᠳᠠᠰ ᠢ ᠪᠣᠭᠤᠮᠲᠠ ᠪᠠᠷ ᠲᠦᠷᠭᠡᠨ | ᠥᠩᠭᠡᠷᠡᠭᠦᠯᠬᠦ ᠲᠤᠰᠬᠠᠶ ᠴᠣᠩᠬᠤᠪᠴᠢ ᠭᠠᠷᠭᠠᠵᠤ᠂ ᠭᠠᠳᠠᠭᠠᠳᠤ ᠠᠴᠠ ᠬᠤᠲᠠᠯᠳᠤᠨ ᠠᠪᠴᠤ ᠣᠷᠣᠭᠤᠯᠤᠭᠰᠠᠠ ᠰᠡᠷᠭᠡᠶᠢᠯᠡᠨ ᠡᠵᠡᠮᠳᠡᠬᠦ ᠡᠳ᠋ ᠪᠤᠳᠠᠰ ᠢ | ᠤᠷᠢᠳ ᠢᠶᠠᠷ ᠳᠠᠩᠰᠠᠯᠠᠭᠠᠳ ᠶᠠᠪᠤᠭᠤᠯᠵᠤ ᠂ ᠳᠠᠷᠠᠭ᠎ᠠ ᠨᠢ ᠭᠠᠷ ᠭᠦᠢᠴᠡᠳᠬᠡᠯ ᠢ ᠨᠦᠬᠦᠨ ᠬᠢᠵᠦ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠪᠣᠭᠤᠮᠲᠠ ᠪᠠᠷ | ᠥᠩᠭᠡᠷᠡᠬᠦ ᠳᠤ ︽ᠴᠠᠭ ᠬᠤᠶᠢᠰᠢᠯᠠᠭᠤᠯᠬᠤ ᠦᠭᠡᠢ︾᠂ ᠳᠠᠩᠰᠠᠯᠠᠭᠤᠯᠤᠨ ᠲᠡᠮᠳᠡᠭᠯᠡᠬᠦ ᠳᠤ ︽ᠬᠦᠯᠢᠶᠡᠬᠦ ᠦᠭᠡᠢ︾᠂ ᠭᠠᠶᠢᠯᠢ ᠠᠴᠠ ᠬᠡᠯᠲᠦᠷᠢᠭᠦᠯᠬᠦ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ︽ ᠤᠳᠠᠭᠠᠰᠢᠷᠠᠭᠤᠯᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃ ᠰᠡᠷᠭᠡᠶᠢᠯᠡᠨ ᠡᠵᠡᠮᠳᠡᠬᠦ ᠡᠳ᠋ ᠪᠤᠳᠠᠰ | ᠵᠢᠴᠢ ᠲᠡᠭᠦᠨ ᠢ ᠦᠢᠯᠡᠳᠪᠦᠷᠢᠯᠡᠬᠦ ᠳᠤ ᠬᠡᠷᠡᠭᠰᠡᠬᠦ ᠲᠦᠭᠦᠬᠡᠶ ᠮᠠᠲ᠋ᠧᠷᠢᠶᠠᠯ ᠪᠣᠯᠤᠨ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠭᠠᠬᠤ ᠴᠢᠨᠠᠷᠲᠠᠶ | ᠦᠢᠯᠡᠳᠪᠦᠷᠢᠯᠡᠯ ᠠᠮᠢᠳᠤᠷᠠᠯ ᠤᠨ ᠡᠳ᠋ ᠪᠠᠷᠠᠭ᠎ᠠ ᠶᠢ ᠲᠡᠭᠡᠭᠡᠪᠦᠷᠢᠯᠡᠬᠦ ᠰᠠᠭᠠᠳ ᠦᠭᠡᠢ ᠨᠡᠪᠲᠡᠷᠡᠬᠦ ᠵᠠᠮ ᠢ ᠭᠠᠷᠭᠠᠬᠤ ᠬᠡᠷᠡᠭᠳᠠᠢ᠃ ︵ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ | ᠬᠠᠷᠢᠭᠤᠴᠠᠨ᠎ᠠ︶ | ᠬᠤᠶᠠᠷ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠩᠳᠠᠢ | ︵ᠭᠤᠷᠪᠠ︶ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠳᠠᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠣᠬᠢᠴᠠᠭᠤᠯᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠠ ᠬᠢᠵᠢᠭ ᠤᠨ ᠪᠠᠶᠢᠳᠠᠯ ᠤᠨ | ᠨᠥᠯᠥᠭᠡ ᠠᠴᠠ ᠪᠣᠯᠵᠤ ᠡᠵᠡᠩᠨᠡᠯᠲᠡ ᠨᠢ ᠲᠦᠷ ᠴᠠᠭ ᠬᠦᠴᠢᠷᠳᠡᠯ ᠳᠤ ᠲᠤᠯᠭᠠᠷᠠᠬᠰᠠᠨ ᠳᠤᠮᠳᠠ ᠵᠢᠵᠢᠭ ᠠᠵᠤ ᠠᠬᠤᠶᠢᠯᠠᠯ ᠠᠴᠠ ᠵᠢᠭᠡᠯᠡᠯᠭᠡ ᠲᠠᠲᠠᠬᠤ ᠦᠭᠡᠢ᠂ | ᠵᠢᠭᠡᠯᠡᠯᠭᠡ ᠪᠠᠨ ᠳᠠᠰᠤᠯᠳᠠᠭᠤᠯᠬᠤ ᠦᠭᠡᠢ᠂ ᠵᠢᠭᠡᠯᠡᠯᠭᠡ ᠶᠢ ᠳᠠᠷᠤᠬᠤ ᠦᠭᠡᠢ ᠪᠠᠶᠢᠯᠭᠠᠵᠣ᠂ ᠬᠤᠭᠤᠴᠠᠭ᠎ᠠ ᠶᠢ ᠤᠷᠲᠤᠳᠬᠠᠬᠤ᠂ ᠡᠬᠡ ᠮᠥᠩᠭᠦ ᠪᠠᠨ ᠪᠤᠴᠠᠭᠠᠬᠤ | ᠦᠭᠡᠢ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ᠂ ᠢᠲᠡᠭᠡᠮᠵᠢᠲᠦ ᠵᠢᠭᠡᠯᠡᠯᠭᠡ ᠶᠢ ᠳᠠᠬᠢᠨ ᠵᠣᠬᠢᠶᠠᠨ ᠪᠠᠶᠢᠭᠤᠯᠬᠤ᠂ ᠬᠤᠭᠤᠴᠠᠭ᠎ᠠ ᠬᠡᠲᠦᠷᠡᠭᠰᠡᠨ ᠬᠦᠤ ᠮᠥᠩᠭᠦ ᠶᠢ | ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠢᠭᠡᠯᠡᠬᠦᠯᠬᠦ ᠶᠣᠰᠣᠲᠠᠶ ᠶᠢ ᠨᠢ ᠴᠢᠳᠠᠬᠤ ᠶᠢᠨ ᠲᠣᠳᠣᠷ᠎ᠠ ᠵᠢᠭᠡᠯᠡᠭᠦᠯᠬᠦ᠂ ᠦᠷᠭᠦᠯᠵᠢᠯᠡᠬᠦ | ᠶᠤᠰᠤᠳᠠᠢ ᠶᠢ ᠨᠢ ᠲᠦᠷᠭᠡᠨ ᠦᠷᠭᠦᠯᠵᠢᠯᠡᠭᠦᠯᠬᠦ ᠶᠢ ᠪᠡᠶᠡᠯᠡᠭᠦᠯᠵᠦ᠂ 2020 ᠣᠨ ᠳᠤ ᠳᠤᠮᠳᠠ ᠵᠢᠵᠢᠭ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ | ᠦᠯᠡᠳᠡᠪᠦᠷᠢ ᠲᠤᠭ᠎ᠠ ᠪᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠩᠳᠠᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠵᠢᠯ ᠤᠨ ᠠᠷᠭ᠎ᠠ | ᠭᠡᠯᠪᠡᠷᠢ ᠪᠠᠨ ᠰᠢᠨᠡᠴᠢᠯᠡᠵᠦ᠂ ᠲᠦᠷᠭᠡᠨ ᠬᠢᠨᠠᠨ ᠵᠥᠪᠰᠢᠶᠡᠷᠡᠵᠦ ᠨᠡᠪᠲᠡᠷᠡᠬᠦᠯᠬᠦ ᠵᠠᠮ ᠢ ᠨᠡᠭᠡᠭᠡᠨ᠂ ᠢᠲᠡᠭᠡᠮᠵᠢᠲᠦ ᠵᠢᠭᠡᠯᠡᠯᠭᠡ ᠪᠠ ᠣᠷᠳᠣᠪᠳᠣᠷ ᠤᠷᠲᠤ | ᠬᠤᠭᠤᠴᠠᠭᠠᠨ ᠤ ᠵᠢᠭᠡᠯᠡᠯᠭᠡ ᠶᠢ ᠨᠡᠮᠡᠭᠳᠡᠭᠦᠯᠵᠦ᠂ ᠵᠢᠭᠡᠯᠡᠯᠭᠡ ᠪᠤᠴᠠᠭᠠᠬᠤ ᠬᠤᠭᠤᠴᠠᠭ᠎ᠠ ᠶᠢ ᠵᠣᠬᠢᠰᠲᠠᠶ ᠤᠷᠲᠤᠳᠬᠠᠵᠤ᠂ ᠪᠠᠲᠤᠯᠠᠭ᠎ᠠ ᠶᠢᠨ ᠴᠢᠨᠠᠷᠲᠠᠶ ᠮᠥᠩᠭᠦᠨ | ᠭᠦᠢᠯᠭᠡᠭᠡᠨ ᠤ ᠦᠢᠯᠡᠴᠢᠯᠡᠭᠡ ᠪᠠ ᠨᠠᠩ ᠢᠯᠡᠭᠦᠦ ᠬᠠᠷᠠᠭᠠᠯᠵᠠᠯ ᠦᠵᠡᠭᠦᠯᠬᠦ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ | ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠣᠷᠣᠯᠭ᠎ᠠ ᠶᠢᠨ ᠢᠷᠡᠯᠲᠡ ᠪᠠᠨ ᠲᠦᠷ ᠠᠯᠳᠠᠭᠰᠠᠨ ᠬᠤᠪᠢ ᠬᠥᠮᠦᠨ ᠪᠠ ᠠᠵᠤ ᠠᠬᠤᠶᠢᠯᠠᠯ ᠳᠤ | ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠤᠭᠤᠴᠠᠭ᠎ᠠ ᠬᠡᠲᠦᠷᠡᠭᠰᠡᠨ ᠢᠲᠡᠭᠡᠮᠵᠢ ᠶᠢᠨ ᠲᠡᠮᠳᠡᠭᠯᠡᠯ ᠤᠨ | ᠮᠡᠳᠡᠭᠦᠯᠦᠨ ᠬᠦᠷᠭᠡᠬᠦ ᠵᠦᠢᠯ ᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠶ ᠠᠰᠢᠭ᠂ ᠲᠠᠸᠠᠷ ᠤᠨ ᠲᠡᠮᠳᠡᠭ | ᠵᠡᠷᠭᠡ ᠮᠡᠳᠡᠯᠭᠡ ᠶᠢᠨ ᠦᠮᠴᠢᠯᠡᠯ ᠤᠨ ᠡᠷᠬᠡ ᠪᠠᠷ ᠳᠠᠨᠵᠢᠯᠠᠬᠤ᠂ ᠰᠲ᠋ᠣᠺ ᠤᠨ ᠡᠷᠬᠡ ᠪᠠᠷ ᠳᠠᠨᠵᠢᠯᠠᠵᠣ ᠪᠠᠯᠠ ᠮᠦᠩᠬᠦ ᠴᠤᠬᠯᠠᠭᠤᠯᠬᠤ ᠪᠠᠷ ᠵᠢᠭᠡᠯᠡᠯᠭᠡ ᠠᠪᠬᠤ ᠶᠢ | ᠳᠠᠮᠵᠢᠭᠦ ᠬᠡᠷᠩᠳᠠᠢ᠃ ︵ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠷᠢᠭᠤᠴᠠᠨ᠎ᠠ︶ | ︵ᠳᠥᠷᠪᠡ︶ ᠪᠠᠯᠠ ᠮᠦᠩᠬᠦ ᠲᠤᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠬᠤ ᠬᠡᠷᠩᠳᠠᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠤᠷᠢᠨᠨᠵᠢᠭᠤᠯᠵᠦ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠠ ᠬᠢᠵᠢᠭ ᠤᠨ ᠪᠠᠶᠢᠳᠠᠯ ᠤᠨ | ᠨᠥᠯᠥᠭᠡ ᠠᠴᠠ ᠪᠣᠯᠵᠤ ᠡᠵᠡᠩᠨᠡᠯᠲᠡ ᠨᠢ ᠲᠦᠷ ᠴᠠᠭ ᠬᠦᠴᠢᠷᠳᠡᠯ ᠳᠤ ᠲᠤᠯᠭᠠᠷᠠᠬᠰᠠᠨ ᠳᠤᠮᠳᠠ ᠵᠢᠵᠢᠭ ᠠᠵᠤ ᠠᠬᠤᠶᠢᠯᠠᠯ ᠤᠨ ᠠᠵᠢᠯ ᠤᠨ ᠪᠠᠶᠢᠷᠢᠨ ᠳᠤ | ᠪᠠᠶᠢᠬᠤ᠂ ᠡᠮᠴᠢᠯᠡᠭᠡ ᠬᠦᠯᠢᠶᠡᠭᠰᠡᠨ ᠪᠤᠶᠤ ᠲᠤᠰᠠᠭᠠᠷᠯᠠᠬᠰᠠᠨ ᠬᠥᠮᠦᠰ ᠲᠤ ᠵᠦᠷᠢᠶᠡᠴᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠯᠭᠠᠵᠦ᠂ | ᠣᠷᠣᠨ ᠰᠠᠭᠤᠴᠠ ᠶᠢᠨ ᠪᠠᠷᠢᠴᠠᠭᠠᠳᠤ ᠵᠢᠭᠡᠯᠡᠯᠭᠡ᠂ ᠢᠲᠡᠭᠡᠮᠵᠢ ᠶᠢᠨ ᠺᠠᠷᠲ ᠵᠡᠷᠭᠡ ᠬᠤᠪᠢ ᠬᠥᠮᠦᠨ ᠤ ᠢᠲᠡᠭᠡᠮᠵᠢᠲᠦ ᠵᠢᠭᠡᠯᠡᠯᠭᠡ ᠶᠢᠨ ᠵᠣᠭᠤᠰ ᠪᠤᠴᠠᠭᠠᠬᠤ ᠴᠠᠭ | ᠬᠤᠭᠤᠴᠠᠭ᠎ᠠ ᠳᠤ ᠭᠦᠮᠦᠯᠢᠭ᠂ ᠵᠦᠶ ᠵᠣᠬᠢᠰᠲᠠᠶ ᠲᠣᠬᠢᠷᠠᠭᠤᠯᠤᠯᠲᠠ ᠬᠢᠬᠦ ᠬᠡᠷᠡᠭᠳᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ | ᠪᠠᠶᠢᠭᠠᠳ ᠥᠪᠡᠷ ᠤᠨ ᠥᠷᠲᠡᠭ ᠤᠨ ᠰᠦᠢᠳᠬᠡᠯ ᠤᠨ ᠨᠤᠷᠮ᠎ᠠ ᠶᠢ ᠪᠠᠭᠤᠷᠠᠭᠤᠯᠬᠤ ᠪᠠᠷ ᠳᠠᠮᠵᠢᠭᠤᠯᠤᠨ᠂ ᠳᠤᠮᠳᠠ ᠵᠢᠵᠢᠭ ᠠᠵᠤ ᠠᠬᠤᠶᠢᠯᠠᠯ ᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠨᠥᠯᠥᠭᠡ ᠶᠢ ᠨᠡᠯᠢᠶᠡᠳ ᠶᠡᠭᠡ ᠬᠦᠷᠲᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠤᠤᠯ ᠤᠨ ᠵᠢᠭᠡᠯᠡᠯᠭᠡ ᠶᠢᠨ | ᠬᠦᠤ ᠶᠢᠨ ᠨᠣᠷᠮ᠎ᠠ ᠶᠢᠨ ᠲᠦᠪᠰᠢᠨ ᠤ ᠰᠠᠭᠤᠷᠢᠨ ᠳᠡᠭᠡᠷ᠎ᠡ ᠳᠠᠬᠢᠨ 10% ᠤᠷᠴᠢᠮ ᠪᠠᠭᠤᠷᠠᠭᠤᠯᠤᠨ᠂ 2020 ᠣᠨ ᠤ ᠪᠠᠯᠠ ᠮᠦᠩᠬᠦ ᠲᠤᠬᠢᠷᠠᠭᠤᠯᠬᠤ | ᠥᠪᠡᠷ ᠤᠨ ᠥᠷᠲᠡᠭ ᠢ ᠳᠡᠭᠡᠭᠰᠢᠯᠡᠭᠦᠯᠬᠦ ᠥᠬᠡᠶ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠬᠦᠤ ᠶᠢᠨ ᠨᠣᠷᠮ᠎ᠠ ᠶᠢ | 0.5 ᠵᠠᠭᠤᠨ ᠤ ᠴᠡᠭ ᠪᠠᠭᠤᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠳᠠᠢ᠃ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠬᠢᠴᠢᠯᠠᠯᠳᠠ ᠶᠢᠨ ᠵᠡᠷᠭᠡ ᠰᠠᠯᠠᠭ᠎ᠠ ᠮᠥᠴᠢᠷ ᠠᠴᠠ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠴᠢᠮ ᠬᠡᠷᠡᠭᠴᠡᠭᠡ ᠪᠦᠬᠦᠢ ᠠᠮᠠᠪᠴᠢ᠂ ᠲᠤᠰᠠᠭᠠᠷᠯᠠᠬᠤ ᠬᠤᠪᠴᠠᠰᠣ᠂ ᠠᠷᠢᠭᠤᠳᠬᠠᠬᠤ ᠤᠰᠠᠳᠬᠠᠬᠤ ᠦᠢᠯᠡᠳᠬᠦᠨ ᠵᠡᠷᠭᠡ ᠡᠳ᠋ | ᠪᠤᠳᠠᠰ ᠤᠨ ᠦᠢᠯᠡᠳᠪᠦᠷᠢᠯᠡᠯ ᠤᠨ ᠨᠡᠷᠡᠰ ᠲᠤ ᠵᠢᠭᠰᠠᠭᠠᠨ ᠣᠷᠣᠭᠤᠯᠤᠭᠰᠠᠨ ᠠᠵᠤ ᠠᠬᠤᠶᠢᠯᠠᠯ ᠤᠨ ᠵᠢᠭᠡᠯᠡᠯᠭᠡ ᠳᠤ ᠠᠷᠠᠳ ᠤᠨ ᠪᠠᠩᠬᠢ ᠶᠢᠨ ᠲᠤᠰᠬᠠᠶ | ᠵᠦᠢᠯ ᠤᠨ ᠳᠠᠬᠢᠨ ᠵᠢᠭᠡᠯᠡᠯᠭᠡ ᠥᠭᠴᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠠᠭᠠᠯᠵᠠᠯᠲᠤ ᠬᠦᠤ ᠶᠢᠨ ᠨᠣᠷᠮ᠎ᠠ ᠶᠢᠨ ᠢᠲᠡᠭᠡᠮᠵᠢᠲᠦ ᠵᠢᠭᠡᠯᠡᠯᠭᠡ | ᠬᠠᠩᠭᠠᠬᠤ ᠶᠢ ᠳᠡᠮᠵᠢᠭᠰᠡᠨ ᠰᠠᠭᠤᠷᠢᠨ ᠳᠡᠭᠡᠷ᠎ᠡ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠷᠠᠳ ᠤᠨ ᠪᠠᠩᠬᠢ ᠶᠢᠨ ᠳᠠᠬᠢᠨ ᠵᠢᠭᠡᠯᠡᠬᠦᠯᠬᠦ ᠵᠢᠭᠡᠯᠡᠯᠭᠡ ᠶᠢᠨ | ᠬᠦᠤ ᠶᠢᠨ ᠨᠣᠷᠮ᠎ᠠ ᠶᠢᠨ 50% ᠪᠠᠷ ᠳᠡᠮ ᠬᠦᠤ ᠦᠭᠭᠦᠨ᠎ᠠ᠂ ᠳᠡᠮ ᠬᠦᠤ ᠥᠭᠬᠦ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 1 ᠵᠢᠯ ᠠᠴᠠ ᠬᠡᠲᠦᠷᠡᠭᠦᠯᠬᠦ | ᠦᠭᠡᠢ᠃ ︵ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ | ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ︵ᠲᠠᠪᠤ︶ ᠪᠠᠯᠠ ᠮᠦᠩᠬᠦ ᠲᠤᠬᠢᠷᠠᠭᠤᠯᠬᠤ ᠳᠠᠭᠠᠭᠠᠯᠲᠠ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠳᠠᠢ᠃ ᠪᠠᠯᠠ ᠮᠦᠡᠭᠬᠦ ᠲᠤᠬᠢᠷᠠᠭᠤᠯᠬᠤ | ᠳᠠᠭᠠᠭᠠᠯᠲᠠ ᠶᠢᠨ ᠲᠦᠭᠰᠢᠭᠦᠷᠢ ᠶᠢᠨ ᠨᠥᠬᠦᠪᠥᠷᠢ ᠥᠭᠬᠦ ᠡᠷᠴᠢᠮ ᠢ ᠴᠢᠩᠭᠠᠷᠠᠭᠤᠯᠵᠤ᠂ ᠪᠠᠯᠠ ᠮᠦᠩᠬᠦ ᠲᠤᠬᠢᠷᠠᠭᠤᠯᠬᠤ ᠳᠠᠭᠠᠭᠠᠯᠲᠠ ᠶᠢᠨ ᠺᠣᠮᠫᠠᠨᠢ ᠶᠢᠨ | ᠲᠤᠬᠠᠶ ᠶᠢᠨ ᠵᠢᠯ ᠤᠨ ᠰᠡᠭᠦᠯᠴᠢ ᠶᠢᠨ ᠳᠠᠭᠠᠭᠠᠯᠲᠠ ᠶᠢᠨ ᠬᠠᠷᠢᠭᠤᠴᠠᠯᠭ᠎ᠠ ᠶᠢᠨ ᠦᠯᠡᠳᠡᠪᠦᠷᠢ ᠲᠤᠭᠠᠨ ᠤ 1% ᠪᠠᠷ ᠲᠦᠭᠰᠢᠭᠦᠷᠢ ᠶᠢᠨ ᠨᠥᠬᠦᠪᠥᠷᠢ | ᠣᠯᠭᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠪᠡᠯᠡ ᠮᠦᠩᠬᠦ ᠲᠤᠬᠢᠷᠠᠭᠤᠯᠬᠤ ᠳᠠᠭᠠᠭᠠᠯᠲᠠ ᠬᠢᠬᠦ᠂ ᠳᠠᠬᠢᠨᠳᠠ ᠲᠠᠭᠠᠭᠠᠯᠲᠠ ᠬᠢᠬᠦ | ᠪᠠᠶᠢᠭᠤᠯᠤᠮᠵᠢ ᠶᠢᠨ ᠭᠡᠳᠡᠷᠭᠦ ᠳᠠᠭᠠᠭᠠᠯᠲᠠ ᠬᠢᠬᠦ ᠱᠠᠭᠠᠷᠳᠠᠯᠭ᠎ᠠ ᠶᠢ ᠬᠦᠴᠦᠨ ᠦᠭᠡᠢ ᠪᠣᠯᠭᠠᠬᠤ ᠶᠢ ᠵᠣᠷᠢᠭᠵᠢᠭᠤᠯᠵᠤ᠂ ᠳᠠᠭᠠᠭᠠᠯᠲᠠ ᠬᠢᠬᠦ ᠪᠠ ᠳᠠᠬᠢᠨ | ᠳᠠᠭᠠᠭᠠᠯᠲᠠ ᠬᠢᠬᠦ ᠵᠠᠷᠤᠳᠠᠯ ᠤᠨ ᠨᠣᠷᠮ᠎ᠠ ᠶᠢ ᠪᠠᠭᠤᠷᠠᠭᠤᠯᠤᠨ᠎ᠠ᠃ ᠲᠦᠷ ᠴᠠᠭ ᠲᠤ ᠵᠣᠭᠤᠰ ᠢᠶᠠᠨ ᠪᠤᠴᠠᠭᠠᠬᠤ ᠲᠡᠩᠭᠡᠭᠡ ᠦᠭᠡᠢ ᠳᠤᠮᠳᠠ ᠵᠢᠵᠢᠭ ᠠᠵᠤ | ᠠᠬᠤᠶᠢᠯᠠᠯ ᠳᠤ᠂ ᠪᠡᠯᠡ ᠮᠦᠩᠬᠦ ᠲᠤᠬᠢᠷᠠᠭᠤᠯᠬᠤ ᠳᠠᠭᠠᠭᠠᠯᠲᠠ ᠶᠢᠨ ᠦᠢᠯᠡᠴᠢᠯᠡᠭᠡ ᠬᠠᠩᠭᠠᠵᠤ ᠪᠠᠶᠢᠭ᠎ᠠ ᠡᠯ᠎ᠡ ᠱᠠᠲᠤᠨ ᠤ ᠵᠠᠰᠠᠭ ᠤᠨ ᠣᠷᠳᠣᠨ ᠤ ᠴᠢᠨᠠᠷᠲᠠᠶ | ᠪᠡᠯᠡ ᠮᠦᠩᠬᠦ ᠲᠤᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠨᠤᠭᠤᠳ ᠣᠷᠣᠯᠠᠨ ᠲᠥᠯᠥᠬᠦ ᠡᠭᠦᠷᠭᠡ ᠪᠠᠨ ᠴᠠᠭ ᠲᠤᠬᠠᠶ ᠳᠤ ᠨᠢ ᠭᠦᠢᠴᠡᠳᠬᠡᠵᠦ᠂ | ᠬᠢᠵᠢᠭ ᠤᠨ ᠨᠥᠯᠥᠭᠡ ᠶᠢᠨ ᠪᠠᠶᠢᠳᠠᠯ ᠢ ᠦᠨᠳᠦᠰᠦᠯᠡᠵᠦ ᠨᠡᠬᠡᠮᠵᠢᠯᠨᠨ ᠲᠥᠯᠥᠭᠦᠯᠬᠦ ᠴᠠᠭ ᠬᠤᠭᠤᠴᠠᠭ᠎ᠠ ᠶᠢ ᠵᠣᠬᠢᠰᠲᠠᠶ ᠤᠷᠲᠤᠳᠬᠠᠵᠤ᠂ ᠲᠠᠩᠰᠠᠨ ᠠᠴᠠ | ᠬᠢᠨᠠᠵᠦ ᠭᠠᠷᠭᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠣᠭᠲᠠᠭᠠᠯ ᠶᠣᠰᠣᠭᠠᠷ ᠲᠠᠩᠰᠠᠨ ᠠᠴᠠ ᠬᠢᠨᠠᠨ ᠭᠠᠷᠭᠠᠵᠦ ᠬᠤᠬᠢᠷᠡᠯ ᠢ ᠨᠢ ᠣᠷᠣᠯᠠᠨ ᠲᠦᠯᠦᠬᠦ | ᠬᠡᠷᠡᠭᠳᠠᠢ᠃ ︵ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ | ᠬᠠᠷᠢᠭᠤᠴᠠᠨ᠎ᠠ︶ | ︵ᠵᠢᠷᠭᠤᠭ᠎ᠠ︶ ᠦᠢᠯᠡᠰ ᠴᠤᠨᠨᠴᠠᠯᠠᠬᠤ ᠳᠠᠭᠠᠭᠠᠯᠲᠠ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠳᠠᠢ᠃ ᠬᠢᠵᠢᠭ ᠤᠨ ᠪᠠᠶᠢᠳᠠᠯ ᠳᠤ ᠨᠡᠯᠢᠶᠡᠳ ᠶᠡᠭᠡ | ᠨᠥᠯᠥᠭᠡᠯᠡᠭᠳᠡᠭᠰᠡᠨ ᠳᠤᠮᠳᠠ ᠵᠢᠵᠢᠭ ᠠᠵᠤ ᠠᠬᠤᠶᠢᠯᠠᠯ ᠪᠣᠯᠤᠨ ᠬᠤᠪᠢ ᠬᠥᠮᠦᠨ ᠳᠠᠬᠢ ᠦᠢᠯᠡᠰ ᠴᠤᠨᠨᠴᠠᠯᠠᠬᠤ ᠲᠠᠭᠠᠭᠠᠯᠲᠠᠳᠤ ᠵᠢᠭᠡᠯᠡᠯᠭᠡ ᠶᠢᠨ ᠳᠡᠮ ᠬᠦᠤ ᠶᠢᠨ | ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠨᠢᠭᠡᠨᠲᠡ ᠲᠠᠷᠬᠠᠭᠠᠭᠰᠠᠨ ᠦᠢᠯᠡᠰ ᠴᠤᠨᠨᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ᠂ ᠵᠣᠭᠤᠰ ᠵᠢᠭᠡᠯᠡᠭᠴᠢ ᠨᠢ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠪᠠᠶᠢᠪᠡᠯ᠂ ᠵᠢᠭᠡᠯᠡᠯᠭᠡ ᠶᠢᠨ ᠪᠠᠩᠬᠢ ᠳᠤ | ᠬᠤᠭᠤᠴᠠᠭ᠎ᠠ ᠤᠷᠲᠤᠳᠬᠠᠨ ᠵᠣᠭᠤᠰ ᠪᠤᠴᠠᠭᠠᠬᠤ ᠪᠠᠷ ᠭᠤᠶᠤᠴᠢᠯᠠᠵᠤ ᠪᠣᠯᠤᠨ᠎ᠠ᠂ ᠤᠷᠲᠤᠳᠬᠠᠬᠤ ᠬᠤᠭᠤᠴᠠᠭ᠎ᠠ ᠨᠢ ᠵᠠᠷᠴᠢᠮ ᠳᠡᠭᠡᠷ᠎ᠡ ᠪᠠᠨ 1 ᠵᠢᠯ ᠪᠠᠶᠢᠵᠤ᠂ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠠᠮ ᠬᠦᠤ ᠥᠭᠬᠦ ᠳᠡᠮᠵᠢᠯᠭᠡ ᠦᠵᠡᠭᠦᠯᠣᠨ᠎ᠠ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ | ᠣᠷᠣᠯᠭ᠎ᠠ ᠶᠢᠨ ᠢᠷᠡᠯᠲᠡ ᠪᠠᠨ ᠲᠦᠷ ᠠᠯᠳᠠᠭᠰᠠᠨ ᠳᠤᠮᠳᠠ ᠵᠢᠵᠢᠭ ᠠᠵᠤ ᠠᠬᠤᠶᠢᠯᠠᠯ ᠪᠣᠯᠤᠨ ᠬᠤᠪᠢ ᠬᠥᠮᠦᠨ ᠳᠤ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠪᠠᠩᠬᠢ᠂ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠵᠣ ᠲᠡᠭᠦᠨ ᠳᠤ ᠦᠢᠯᠡᠰ ᠴᠤᠨᠨᠴᠠᠯᠠᠬᠤ ᠲᠠᠭᠠᠭᠠᠯᠲᠠᠲᠤ ᠵᠢᠭᠡᠯᠡᠯᠭᠡ ᠭᠤᠶᠤᠴᠢᠯᠠᠬᠤ ᠳᠤ | ᠡᠩ ᠲᠡᠷᠢᠭᠦᠨ ᠳᠤ ᠳᠡᠮ ᠬᠦᠤ ᠶᠢᠨ ᠳᠡᠮᠵᠢᠯᠭᠡ ᠦᠵᠡᠭᠦᠯᠬᠦ ᠬᠡᠷᠡᠭᠲᠡᠶ᠃ ︵ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ | ᠰᠠᠯᠪᠤᠷᠢ ᠪᠠᠩᠬᠢ ᠬᠠᠷᠢᠭᠤᠴᠠᠨ᠎ᠠ︶ | ︵ᠳᠣᠯᠤᠭ᠎ᠠ︶ ᠡᠳ᠋ ᠤᠨ ᠵᠠᠰᠠᠭ ᠤᠨ ᠪᠡᠯᠡ ᠮᠦᠩᠬᠦᠨ ᠤ ᠳᠡᠮᠵᠢᠯᠭᠡ ᠶᠢ ᠨᠡᠮᠡᠭᠳᠡᠭᠦᠯᠭᠦ ᠬᠡᠷᠡᠭᠳᠠᠢ᠃ ᠡᠳ᠋ ᠤᠨ ᠵᠠᠰᠠᠭ ᠤᠨ ᠴᠢᠨᠠᠷᠲᠠᠶ ᠲᠤᠰᠬᠠᠶ | ᠵᠦᠢᠯ ᠤᠨ ᠪᠡᠯᠡ ᠮᠥᠩᠭᠦ ᠶᠢ ᠤᠷᠢᠳᠴᠢᠯᠠᠨ ᠪᠠᠭᠤᠯᠭᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ 2020 ᠣᠨ ᠤ 3 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ︽ ᠳᠠᠭᠠᠳᠬᠠᠯ ᠤᠨ ᠮᠦᠡᠭᠬᠦ ᠶᠢ ᠲᠤᠰᠠᠯᠠᠬᠤ ᠵᠢᠭᠡᠯᠡᠯᠭᠡ︾ ᠪᠠᠭᠤᠯᠭᠠᠬᠤ ᠪᠠ ︽ᠲᠤᠰᠬᠠᠶ ᠰᠢᠯᠢᠳᠡᠭ ᠣᠨᠴᠠ ᠰᠢᠨ᠎ᠡ︾ ᠳᠤᠮᠳᠠ | ᠵᠢᠵᠢᠭ ᠠᠵᠤ ᠠᠬᠤᠶᠢᠯᠠᠯ ᠢ ᠲᠡᠳᠬᠦᠬᠦ ᠪᠡᠯᠡ ᠮᠥᠩᠭᠦ ᠶᠢ ᠪᠡᠯᠡᠳᠭᠡᠵᠦ ᠪᠦᠷᠢᠯᠳᠦᠭᠦᠯᠭᠦ ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ | 1 ᠳ᠋ᠦᠩᠰᠢᠭᠤᠷ ᠲᠥᠭᠦᠷᠢᠭ ᠤᠨ ᠲᠤᠰᠬᠠᠶ ᠵᠦᠢᠯ ᠤᠨ ᠪᠡᠯᠡ ᠮᠥᠩᠭᠦ ᠲᠣᠬᠢᠷᠠᠭᠤᠯᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ | ᠠᠵᠤ ᠠᠬᠤᠶᠢᠯᠠᠯ ᠤᠨ ᠡᠳ᠋ ᠪᠤᠳᠠᠰ ᠬᠤᠳᠠᠯᠳᠤᠨ ᠠᠪᠬᠤ ᠪᠠ ᠦᠢᠯᠡᠳᠪᠦᠷᠢᠯᠡᠬᠦ ᠶᠢ ᠪᠠᠳᠣᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ | ᠳᠤ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠭᠰᠡᠨ ᠪᠠ ᠬᠤᠪᠢ ᠨᠡᠮᠡᠷᠢ ᠲᠣᠪᠤᠶᠢᠮ᠎ᠠ ᠬᠠᠮᠢᠶ᠎ᠠ ᠪᠦᠬᠦᠢ ᠠᠵᠤ ᠠᠬᠤᠶᠢᠯᠠᠯ ᠢ | ᠱᠠᠩᠨᠠᠬᠤ ᠳᠤ ᠬᠡᠷᠡᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ | ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ | ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠦ ᠦᠢᠯᠡᠳᠪᠦᠷᠢ ᠬᠤᠳᠠᠯᠳᠤᠭᠠᠨ ᠤ ᠬᠤᠯᠪᠤᠭᠠᠳᠤ ᠬᠤᠷᠠᠯ | ᠬᠠᠷᠢᠭᠤᠴᠠᠨ᠎ᠠ︶ | ᠭᠤᠷᠪᠠ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠭᠦ ᠬᠡᠷᠡᠭᠳᠠᠢ | ︵ᠨᠠᠢᠮᠠ︶ ᠭᠠᠶᠢᠯᠢ ᠶᠢᠨ ᠵᠣᠭᠤᠰ ᠢ ᠬᠠᠰᠤᠵᠤ ᠬᠡᠯᠲᠦᠷᠢᠭᠦᠯᠬᠦ ᠪᠠ ᠬᠤᠶᠢᠰᠢᠯᠠᠭᠤᠯᠤᠨ ᠲᠤᠰᠢᠶᠠᠨ᠎ᠠ᠃ ᠬᠢᠵᠢᠭ ᠤᠨ ᠪᠠᠶᠢᠳᠠᠯ ᠤᠨ ᠨᠥᠯᠥᠭᠡ ᠠᠴᠠ | ᠪᠣᠯᠵᠤ ᠮᠡᠳᠡᠭᠦᠯᠬᠦ ᠳᠤ ᠬᠦᠴᠢᠷᠲᠡᠶ᠂ ᠭᠠᠶᠢᠯᠢ ᠶᠢᠨ ᠵᠣᠭᠤᠰ ᠢᠶᠠᠨ ᠬᠤᠭᠤᠴᠠᠭ᠎ᠠ ᠶᠣᠰᠣᠭᠠᠷ ᠲᠤᠰᠢᠶᠠᠬᠤ ᠳᠤ ᠬᠦᠴᠢᠷᠲᠡᠶ ᠳᠤᠮᠳᠠ ᠵᠢᠵᠢᠭ ᠠᠵᠤ | ᠠᠬᠤᠶᠢᠯᠠᠯ ᠳᠤ ᠪᠣᠯ ᠭᠤᠶᠤᠴᠢᠯᠠᠯ ᠢᠶᠠᠷ ᠨᠢ ᠭᠠᠶᠢᠯᠢ ᠶᠢᠨ ᠵᠤᠭᠤᠰ ᠢᠶᠠᠨ ᠬᠤᠶᠢᠰᠢᠯᠠᠭᠤᠯᠤᠨ ᠮᠡᠳᠡᠭᠦᠯᠬᠦ ᠪᠠ ᠬᠤᠶᠢᠰᠢᠯᠠᠭᠤᠯᠤᠨ ᠲᠤᠰᠢᠶᠠᠬᠤ ᠶᠢ ᠬᠠᠤᠯᠢ | ᠶᠣᠰᠣᠭᠠᠷ ᠭᠦᠢᠴᠡᠳᠬᠡᠨ᠎ᠡ᠂ ᠭᠠᠶᠢᠯᠢ ᠶᠢᠨ ᠵᠤᠭᠤᠰ ᠢᠶᠠᠨ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠨᠢ ᠵᠠᠷᠴᠢᠮ ᠳᠡᠭᠡᠷ᠎ᠡ ᠪᠠᠨ 3 ᠰᠠᠷ᠎ᠠ ᠪᠣᠯᠤᠨ᠎ᠠ᠃ | ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠦ ᠬᠦᠨᠳᠦ ᠶᠡᠭᠡ ᠬᠤᠬᠢᠷᠠᠯ ᠭᠠᠷᠤᠬᠰᠠᠨ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠨᠢ | ᠬᠦᠨᠳᠦ ᠶᠡᠭᠡ ᠨᠥᠯᠥᠭᠡ ᠳᠤ ᠤᠴᠠᠷᠠᠭᠰᠠᠨ ᠳᠤᠮᠳᠠ ᠵᠢᠵᠢᠭ ᠠᠵᠤ ᠠᠬᠤᠶᠢᠯᠠᠯ ᠤᠨ ᠭᠡᠷ ᠬᠥᠷᠥᠩᠭᠡ ᠶᠢᠨ ᠭᠠᠶᠢᠯᠢ ᠪᠣᠯᠤᠨ ᠬᠤᠲᠠ ᠪᠠᠯᠭᠠᠰᠤᠨ ᠤ ᠭᠠᠵᠠᠷ | ᠰᠢᠷᠣᠶ ᠬᠡᠷᠡᠭᠯᠡᠬᠦ ᠭᠠᠶᠢᠯᠢ ᠶᠢᠨ ᠬᠡᠰᠡᠭ ᠢ ᠪᠤᠶᠤ ᠪᠦᠬᠦᠨ ᠢ ᠬᠠᠰᠤᠵᠤ ᠬᠡᠯᠲᠦᠷᠢᠭᠦᠯᠭᠦ ᠬᠡᠷᠡᠭᠳᠠᠢ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ︵ᠶᠢᠰᠦ︶ ᠵᠣᠬᠢᠬᠤ ᠬᠤᠭᠤᠴᠠᠭᠠᠨ ᠤ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠭᠦ ᠬᠡᠷᠡᠭᠳᠠᠢ᠃ ᠤᠯᠤᠰ ᠤᠨ ᠥᠮᠴᠢᠯᠡᠯᠳᠣ ᠡᠳ᠋ | ᠬᠥᠷᠥᠩᠭᠡ ᠶᠢᠨ ᠲᠥᠷᠥᠯ ᠤᠨ ᠡᠵᠡᠩᠨᠡᠯᠳᠠ ᠳᠤ ᠬᠡᠷᠩᠯᠡᠭᠦ ᠭᠡᠷ ᠪᠠᠶᠢᠰᠢᠩ ᠢ ᠳᠠᠭᠠᠭᠠᠴᠢᠯᠠᠨ ᠲᠦᠷᠢᠶᠡᠰᠦᠯᠡᠵᠣ ᠪᠠᠶᠢᠭ᠎ᠠ ᠳᠤᠮᠳᠠ ᠵᠢᠵᠢᠭ ᠠᠵᠤ | ᠠᠬᠤᠶᠢᠯᠠᠯ ᠠᠴᠠ 2 ᠰᠠᠷ᠎ᠠ ᠶᠢᠨ ᠭᠡᠷ ᠤᠨ ᠲᠦᠷᠢᠶᠡᠰᠣ ᠬᠤᠷᠢᠶᠠᠬᠤ ᠦᠭᠡᠢ᠃ ᠲᠣᠮᠣ ᠬᠡᠯᠪᠡᠷᠢ ᠶᠢᠨ ᠬᠤᠳᠠᠯᠳᠤᠭᠠᠨ ᠤ ᠶᠠᠪᠤᠳᠠᠯ ᠤᠨ ᠠᠰᠠᠷ ᠲᠠᠭᠲᠤ᠂ | ᠬᠤᠳᠠᠯᠳᠤᠭᠠᠨ ᠤ ᠲᠠᠯᠠᠪᠤᠷ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠲᠠᠯ᠎ᠠ ᠶᠢᠨ ᠬᠢᠨ ᠤ ᠳᠤᠮᠳᠠ ᠵᠢᠵᠢᠭ ᠠᠵᠤ ᠠᠬᠤᠶᠢᠯᠠᠯ ᠤᠨ ᠲᠦᠷᠢᠶᠡᠰᠦᠯᠡᠭᠰᠡᠨ ᠡᠷᠦᠬᠡ | ᠶᠢ ᠬᠢᠵᠢᠭ ᠤᠨ ᠪᠠᠶᠢᠳᠠᠯ ᠤᠨ ᠬᠤᠭᠤᠴᠠᠭᠠᠨ ᠤ ᠲᠦᠷᠢᠶᠡᠰᠦᠨ ᠮᠥᠩᠭᠦ ᠠᠴᠠ ᠵᠣᠬᠢᠬᠤ ᠬᠡᠮᠵᠢᠶ᠎ᠡ ᠪᠠᠷ ᠬᠠᠰᠤᠵᠤ ᠬᠡᠯᠲᠦᠷᠢᠭᠦᠯᠬᠦ ᠶᠢ ᠨᠢ ᠵᠣᠷᠢᠭᠵᠢᠭᠤᠯᠵᠤ᠂ | ᠡᠯ᠎ᠡ ᠭᠠᠵᠠᠷ ᠣᠷᠣᠨ ᠤ ᠬᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠠᠷᠭ᠎ᠠ ᠬᠡᠮᠵᠢᠶ᠎ᠡ ᠠᠪᠤᠭᠰᠠᠨ ᠲᠦᠷᠢᠶᠡᠰᠦᠯᠡᠭᠦᠯᠬᠦ ᠠᠵᠤ ᠠᠬᠤᠢᠢᠯᠠᠯ ᠳᠤ | ᠵᠣᠬᠢᠬᠤ ᠬᠡᠮᠵᠢᠶᠡᠨ ᠤ ᠡᠳ᠋ ᠤᠨ ᠵᠠᠰᠠᠬ ᠤᠨ ᠨᠥᠬᠦᠪᠥᠷᠢ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ ᠪᠣᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠤᠯᠤᠰ ᠤᠨ ᠥᠮᠴᠢᠯᠡᠯᠳᠣ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠬ ᠤᠨ ᠲᠢᠩᠬᠢᠮ᠂ ᠠᠵᠦ ᠦᠢᠯᠡᠳᠪᠦᠷᠢ | ᠬᠤᠳᠠᠯᠳᠤᠭᠠᠨ ᠤ ᠬᠤᠯᠪᠤᠭᠠᠳᠤ ᠬᠤᠷᠠᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠷᠢᠭᠤᠴᠠᠨ᠎ᠠ︶ | ︵ᠠᠷᠪᠠ︶ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠪᠠᠭᠤᠷᠠᠭᠤᠯᠬᠤ ᠪᠠ ᠬᠤᠶᠢᠰᠢᠯᠠᠭᠤᠯᠤᠨ ᠲᠤᠰᠢᠶᠠᠨ᠎ᠠ᠃ ᠠᠵᠢᠯ ᠠᠯᠳᠠᠬᠰᠡᠳ ᠤᠨ | ᠳᠠᠭᠠᠳᠬᠠᠯ ᠢᠶᠠᠷ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠠᠵᠢᠯᠲᠠᠨ ᠢᠶᠠᠨ ᠬᠠᠰᠤᠬᠤ ᠥᠬᠡᠶ ᠪᠤᠶᠤ ᠠᠵᠢᠯᠲᠠᠨ ᠴᠥᠭᠡᠨ ᠬᠠᠰᠤᠭᠰᠠᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠳᠡᠭᠡᠷ᠎ᠡ ᠵᠢᠯ ᠤᠨ | ᠪᠣᠳᠠᠲᠠᠶ ᠲᠤᠰᠢᠶᠠᠭᠰᠠᠨ ᠠᠵᠢᠯ ᠠᠯᠳᠠᠬᠰᠡᠳ ᠤᠨ ᠳᠠᠭᠠᠳᠬᠠᠯ ᠤᠨ ᠰᠦᠢᠳᠬᠡᠯ ᠤᠨ 50% ᠶᠢ ᠨᠢ ᠪᠤᠴᠠᠭᠠᠵᠤ ᠪᠣᠯᠤᠨ᠎ᠠ︔ ᠲᠦᠷ ᠴᠠᠭ ᠤᠨ ᠴᠢᠨᠠᠷᠲᠠᠶ | ᠡᠵᠡᠩᠨᠡᠯᠲᠡ ᠶᠢᠨ ᠬᠦᠴᠢᠷᠳᠡᠯ ᠳᠤ ᠲᠤᠯᠭᠠᠷᠠᠭᠰᠠᠨ ᠳᠤᠮᠳᠠ ᠵᠢᠵᠢᠭ ᠠᠵᠤ ᠠᠬᠤᠶᠢᠯᠠᠯ ᠤᠨ ᠪᠤᠴᠠᠭᠠᠬᠤ ᠪᠠᠷᠢᠮᠵᠢᠶ᠎ᠠ ᠶᠢ ᠳᠡᠭᠡᠷ᠎ᠡ ᠵᠢᠯ ᠤᠨ 6 ᠰᠠᠷ᠎ᠠ ᠶᠢᠨ ᠠᠵᠤ | ᠠᠬᠤᠶᠢᠯᠠᠯ ᠵᠢᠴᠢ ᠠᠵᠢᠯᠲᠠᠨ ᠠᠵᠢᠯᠴᠢᠨ ᠤ ᠲᠤᠰᠢᠶᠠᠬᠰᠠᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ 50% ᠬᠦᠷᠲᠡᠯ᠎ᠡ ᠳᠡᠭᠡᠭᠰᠢᠯᠡᠭᠦᠯᠵᠦ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠭᠠᠬᠤ ᠬᠡᠷᠡᠭᠳᠠᠢ᠃ | ᠠᠵᠢᠯ ᠠᠴᠠ ᠪᠤᠯᠤᠬᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠦᠷᠭᠦᠯᠵᠢᠯᠡᠨ ᠱᠠᠲᠤᠴᠢ ᠴᠢᠨᠠᠷᠲᠠᠶ ᠪᠠᠷ 2021 ᠣᠨ ᠤ 4 ᠳ᠋ᠤᠬᠡᠷ | ᠰᠠᠷ᠎ᠠ ᠶᠢᠨ 30 ᠤ ᠡᠳᠦᠷ ᠪᠣᠯᠳᠠᠯ᠎ᠠ ᠪᠠᠭᠤᠷᠠᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ | ᠬᠤᠭᠤᠴᠠᠭ᠎ᠠ ᠶᠢ ᠤᠷᠲᠤᠳᠬᠠᠵᠤ᠂ ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠤ ᠡᠵᠡᠩᠨᠡᠯᠲᠡ ᠶᠢᠨ ᠲᠠᠯ᠎ᠠ ᠪᠠᠷ ᠲᠦᠷ ᠴᠠᠭ ᠬᠦᠴᠢᠷᠳᠡᠯ ᠳᠤ | ᠲᠣᠯᠭᠠᠷᠠᠭᠰᠠᠨ ᠪᠠᠶᠢᠪᠠᠯ᠂ ᠠᠵᠢᠯ ᠠᠯᠳᠠᠬᠰᠡᠳ ᠤᠨ ᠳᠠᠭᠠᠳᠬᠠᠯ ᠤᠨ ᠰᠦᠢᠳᠬᠡᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ | 6 ᠰᠠᠷ᠎ᠠ ᠬᠤᠶᠢᠰᠢᠯᠠᠭᠤᠯᠤᠨ ᠲᠤᠰᠢᠶᠠᠵᠤ ᠪᠣᠯᠤᠨ᠎ᠠ︔ ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠪᠠᠶᠢᠪᠠᠯ᠂ ᠲᠤᠰᠢᠶᠠᠬᠤ ᠶᠣᠰᠣᠲᠠᠶ | ᠨᠠᠰᠤᠵᠢᠯ ᠤᠨ ᠳᠠᠭᠠᠳᠬᠠᠯ ᠤᠨ ᠰᠦᠢᠳᠬᠡᠯ ᠤᠨ ᠲᠠᠲᠠᠪᠤᠷᠢᠯᠠᠬᠤ ᠬᠤᠭᠤᠴᠠᠭ᠎ᠠ ᠶᠢ 9 ᠳ᠋ᠤᠬᠡᠷ ᠰᠠᠷ᠎ᠠ ᠶᠢᠨ ᠰᠡᠭᠦᠯᠴᠢ ᠪᠣᠯᠲᠠᠯ᠎ᠠ ᠤᠷᠲᠤᠳᠬᠠᠵᠤ ᠪᠣᠯᠤᠨ᠎ᠠ︔ | ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠭᠤᠴᠠᠭ᠎ᠠ ᠬᠡᠲᠦᠷᠡᠭᠦᠯᠦᠨ ᠲᠤᠰᠢᠶ᠋ᠬᠠᠰᠠᠨ ᠪᠠᠶᠢᠪᠠᠯ᠂ ᠡᠯ᠎ᠡ ᠱᠠᠲᠤᠨ ᠤ ᠨᠡᠶᠢᠭᠡᠮ ᠤᠨ ᠳᠠᠭᠠᠳᠬᠠᠯ ᠤᠨ | ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ | ᠪᠣᠳᠣᠵᠤ ᠬᠤᠷᠢᠶᠠᠬᠤ ᠦᠭᠡᠢ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠤᠪᠢ ᠬᠥᠮᠦᠨ ᠤ ᠡᠷᠬᠡ ᠠᠰᠢᠭ ᠤᠨ ᠲᠡᠮᠳᠡᠭᠯᠡᠯ ᠢ ᠨᠥᠯᠥᠭᠡᠯᠡᠬᠦ | ᠦᠭᠡᠢ᠂ ᠬᠠᠮᠢᠶ᠎ᠠ ᠪᠦᠬᠦᠢ ᠨᠥᠬᠦᠵᠦ ᠲᠤᠰᠢᠶᠠᠬᠤ ᠭᠠᠷᠳᠠᠮ ᠢ ᠬᠢᠵᠢᠭ ᠤᠨ ᠪᠠᠶᠢᠳᠠᠯ ᠢ ᠲᠠᠶᠢᠯᠤᠨᠨᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠪᠡᠶᠡᠯᠡᠭᠦᠯᠵᠦ | ᠪᠣᠯᠤᠨ᠎ᠠ᠃ ᠴᠠᠬ ᠲᠠᠭᠠᠨ ᠳᠠᠭᠠᠳᠬᠠᠯ ᠳᠤ ᠣᠷᠣᠯᠴᠠᠬᠤ ᠲᠠᠩᠰᠠᠯᠠᠯ ᠭᠦᠢᠴᠡᠳᠬᠡᠵᠦ ᠲᠡᠶᠢᠯᠦᠭᠰᠡᠨ ᠥᠬᠡᠶ ᠳᠠᠭᠠᠳᠬᠠᠯ ᠳᠤ ᠤᠷᠤᠯᠴᠬᠠᠰᠠᠨ ᠨᠢᠭᠡᠴᠢ᠂ | ᠠᠮᠢᠳᠤᠯᠢᠭ ᠢᠶᠠᠷ ᠠᠵᠢᠯ ᠣᠯᠤᠭᠰᠠᠳ ᠪᠠ ᠬᠤᠲᠠ ᠬᠥᠳᠡᠭᠡ ᠶᠢᠨ ᠰᠠᠭᠤᠭᠠᠯᠢ ᠠᠷᠠᠳ᠂ ᠬᠢᠵᠢᠭ ᠤᠨ ᠪᠠᠶᠢᠳᠠᠯ ᠢ ᠲᠠᠶᠢᠯᠤᠨᠨᠰᠠᠨ ᠤ ᠳᠠᠷᠠᠭ᠎ᠠ ᠨᠥᠬᠦᠵᠦ | ᠭᠦᠢᠴᠡᠳᠬᠡᠬᠦ ᠶᠢ ᠨᠢ ᠵᠥᠪᠰᠢᠶᠡᠷᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶ | ︵ᠠᠷᠪᠠᠨ ᠨᠢᠭᠡ︶ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠳᠠᠢ᠃ ᠡᠮ ᠤᠨ ᠵᠦᠢᠯᠡᠰ ᠢ ᠨᠥᠬᠦᠪᠥᠷᠢᠯᠡᠨ ᠭᠤᠶᠤᠴᠢᠯᠠᠵᠤ | ᠳᠠᠩᠰᠠᠯᠠᠭᠤᠯᠬᠤ᠂ ᠳᠠᠬᠢᠨ ᠳᠠᠩᠰᠠᠯᠠᠭᠤᠯᠬᠤ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠦᠢᠯᠡᠳᠬᠦᠨ ᠢ ᠠᠩᠬ᠎ᠠ ᠤᠳᠠᠭ᠎ᠠ ᠳᠠᠩᠰᠠᠯᠠᠭᠤᠯᠬᠤ᠂ ᠬᠤᠪᠢᠷᠠᠭᠤᠯᠤᠨ | ᠳᠠᠩᠰᠠᠯᠠᠭᠤᠯᠬᠤ᠂ ᠦᠷᠭᠦᠯᠵᠢᠯᠡᠨ ᠳᠠᠩᠰᠠᠯᠠᠭᠤᠯᠬᠤ ᠭᠤᠶᠤᠴᠢᠯᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠡᠭ ᠪᠣᠯᠭᠠᠨ ᠪᠠᠭᠤᠷᠠᠭᠤᠯᠬᠤ ᠳᠠᠯ᠎ᠠ ᠪᠠᠷ ᠬᠢ | ᠦᠪᠡᠷᠳᠡᠭᠡᠨ ᠵᠠᠰᠠᠬᠤ ᠣᠷᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠡᠷᠭᠡᠶᠢᠯᠡᠨ ᠡᠵᠡᠮᠳᠡᠬᠦ ᠡᠳ᠋ ᠪᠤᠳᠠᠰ ᠪᠠ | ᠬᠥᠮᠦᠰ ᠢ ᠵᠦᠬᠡᠬᠡᠪᠤᠷᠢᠯᠡᠬᠦ ᠲᠡᠷᠭᠡ ᠬᠥᠰᠬᠡ ᠠᠴᠠ ᠨᠡᠪᠲᠡᠷᠡᠬᠦ ᠰᠦᠢᠳᠬᠡᠯ ᠦᠯᠤ ᠬᠤᠷᠢᠶᠠᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠣᠯᠤᠨ ᠬᠢᠵᠢᠭ ᠤᠨ | ᠪᠠᠶᠢᠳᠠᠯ ᠤᠨ ᠨᠥᠯᠥᠭᠡ ᠠᠴᠠ ᠪᠤᠯᠵᠦ ᠡᠵᠡᠩᠨᠡᠯᠳᠡ ᠨᠢ ᠲᠦᠷ ᠴᠠᠭ ᠬᠦᠴᠢᠷᠳᠡᠯ ᠳᠤ ᠲᠤᠯᠭᠠᠷᠠᠬᠰᠠᠨ ᠳᠤᠮᠳᠠ ᠵᠢᠵᠢᠭ ᠠᠵᠤ ᠠᠬᠤᠶᠢᠯᠠᠯ ᠤᠳ ᠤᠨ ᠴᠠᠬᠢᠯᠭᠠᠨ᠂ | ᠬᠡᠢ᠂ ᠤᠰᠤ ᠬᠡᠷᠡᠭᠯᠡᠬᠦ ᠵᠡᠷᠭᠡ ᠳᠤ ︽ᠰᠦᠢᠳᠬᠡᠯ ᠥᠷᠢᠲᠦᠪᠡᠴᠤ ᠬᠠᠩᠭᠠᠯᠭ᠎ᠠ ᠲᠠᠰᠤᠷᠠᠬᠤ ᠦᠬᠡᠢ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠢᠵᠢᠭ ᠤᠨ | ᠪᠠᠶᠢᠳᠠᠯ ᠳᠠᠭᠤᠰᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠬᠠᠮᠢᠶ᠎ᠠ ᠪᠦᠬᠦᠢ ᠥᠷᠢᠲᠦᠭᠰᠡᠨ ᠰᠦᠢᠳᠬᠡᠯ ᠢᠶᠠᠨ ᠴᠠᠭ ᠲᠤᠬᠠᠶ ᠳᠤ ᠨᠢ ᠨᠥᠬᠦᠨ ᠲᠤᠰᠢᠶᠠᠬᠤ | ᠳᠤ ᠬᠤᠭᠤᠴᠠᠭ᠎ᠠ ᠰᠠᠭᠠᠲᠠᠭᠠᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠶ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠰᠤᠨ ᠠᠰᠢᠬᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ﹇ᠪᠦᠯᠦᠭᠯᠡᠯ﹈ ᠤ ᠺᠣᠮᠫᠠᠨᠢ᠂ ᠥᠪᠥᠷ ᠮᠣᠩᠭᠤᠯ ᠤᠨ ᠵᠡᠭᠦᠨ | ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠬᠠᠷᠢᠭᠤᠴᠠᠨ᠎ᠠ︶ | ᠳᠥᠷᠪᠡ᠂ ᠠᠵᠤ ᠠᠬᠤᠶᠢᠯᠠᠯ ᠳᠤ ᠬᠠᠨᠭ᠍ᠭᠠᠬᠤ ᠦᠢᠯᠡᠴᠢᠯᠡᠭᠡ ᠶᠢ ᠨᠢᠮᠪᠠᠶ ᠰᠠᠶᠢᠲᠤᠷ ᠬᠢᠭᠦ ᠬᠡᠷᠩᠳᠠᠢ | ︵ᠠᠷᠪᠠᠨ ᠬᠤᠶᠠᠷ︶ ᠠᠵᠤ ᠠᠬᠤᠶᠢᠯᠠᠯ ᠤᠨ ᠦᠢᠯᠡᠳᠪᠦᠷᠢᠯᠡᠯ ᠪᠣᠯᠤᠨ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠬᠡᠷᠡᠭᠳᠠᠢ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠣᠯᠤᠨ ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠦᠯᠦᠭᠡᠯᠡᠭᠳᠡᠭᠰᠡᠨ | ᠳᠤᠮᠳᠠ ᠵᠢᠵᠢᠭ ᠠᠵᠤ ᠠᠬᠤᠶᠢᠯᠠᠯ ᠢ ᠬᠠᠪᠰᠤᠷᠴᠣ ᠰᠡᠷᠭᠡᠶᠢᠯᠡᠨ ᠡᠵᠡᠮᠳᠡᠬᠦ ᠡᠳ᠋ ᠪᠤᠳᠠᠰ ᠤᠨ ᠪᠠᠲᠤᠯᠠᠭ᠎ᠠ᠂ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ᠂ | ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠵᠡᠷᠭᠡ ᠶᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠷᠢᠮᠵᠢᠶ᠎ᠠ ᠳᠤ ᠬᠦᠷᠦᠭᠰᠡᠨ ᠤᠷᠢᠲᠠᠯ ᠳᠣᠤᠷ᠎ᠠ ᠬᠡᠪ ᠢᠶᠠᠷ ᠦᠢᠯᠡᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠳᠠᠢ᠃ ᠬᠢᠵᠢᠭ ᠤᠨ ᠪᠠᠶᠢᠳᠠᠯ ᠤᠨ | ᠨᠥᠯᠥᠭᠡ ᠠᠴᠠ ᠪᠣᠯᠵᠤ ᠦᠢᠯᠡᠳᠪᠦᠷᠢᠯᠡᠯ ᠡᠵᠡᠩᠨᠡᠯᠲᠡ ᠨᠢ ᠬᠦᠴᠢᠷᠲᠡᠯ ᠳᠤ ᠲᠤᠯᠭᠠᠷᠠᠬᠰᠠᠨ ᠠᠵᠤ ᠠᠬᠤᠶᠢᠯᠠᠯ ᠤᠨ ᠬᠢᠨ ᠠᠵᠢᠯᠲᠠᠨ ᠠᠵᠢᠯᠴᠢᠨ ᠲᠠᠢ ᠪᠠᠨ | ᠵᠥᠪᠳᠡᠯᠴᠡᠨ ᠰᠠᠨᠠᠯ ᠢᠶᠠᠨ ᠨᠢᠭᠡᠳᠭᠡᠭᠦ ᠪᠠᠷ ᠳᠠᠮᠵᠢᠭᠤᠯᠤᠨ ᠴᠠᠯᠢᠩ ᠬᠥᠯᠥᠰᠥ ᠪᠠᠨ ᠲᠣᠬᠢᠷᠠᠭᠤᠯᠬᠤ᠂ ᠡᠭᠡᠯᠵᠢᠯᠡᠨ ᠠᠵᠢᠯᠯᠠᠵᠤ ᠠᠮᠠᠷᠠᠬᠤ᠂ ᠠᠵᠢᠯᠯᠠᠬᠤ ᠴᠠᠭ ᠢ | ᠪᠣᠭᠤᠨᠢᠰᠬᠠᠬᠤ᠂ ᠠᠵᠢᠯ ᠤᠨ ᠪᠠᠶᠢᠷᠢ ᠬᠦᠯᠢᠶᠡᠬᠦ ᠵᠡᠷᠭᠡ ᠠᠷᠭ᠎ᠠ ᠬᠡᠯᠪᠡᠷᠢ ᠶᠢ ᠠᠪᠴᠤ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠵᠤ᠂ ᠠᠯᠢ ᠴᠢᠳᠠᠬᠤ ᠪᠠᠷ | ᠠᠵᠢᠯᠲᠠᠨ ᠬᠠᠰᠤᠬᠤ ᠦᠭᠡᠢ ᠪᠤᠶᠤ ᠠᠵᠢᠯᠲᠠᠨ ᠴᠦᠬᠡᠨ ᠬᠠᠰᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠬᠠᠷᠢᠭᠤᠴᠠᠨ᠎ᠠ︶ | ︵ᠠᠷᠪᠠᠨ ᠭᠤᠷᠪᠠ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠣᠯᠪᠠᠰᠤᠷᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠭᠦ | ᠬᠡᠷᠡᠭᠳᠠᠢ᠃ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠬᠢᠨ ᠠᠵᠢᠯ ᠵᠣᠭᠰᠣᠭᠰᠠᠨ ᠬᠤᠭᠤᠴᠠᠭᠠᠨ ᠳᠤ | ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠠᠵᠢᠯ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠭᠰᠠᠳ ᠢ | ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠲᠤᠰᠬᠠᠶ ᠵᠦᠢᠯ ᠤᠨ ᠪᠡᠯᠡ ᠮᠥᠩᠭᠦᠨ ᠤ ᠨᠡᠮᠡᠭᠦᠷᠢ ᠶᠢᠨ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠪᠣᠯᠪᠠᠰᠤᠷᠠᠯ ᠤᠨ ᠬᠡᠪᠴᠢᠶᠡᠨ ᠳᠤ ᠤᠷᠤᠭᠤᠯᠵᠤ᠂ ᠪᠣᠳᠠᠲᠠᠶ ᠪᠣᠯᠪᠠᠰᠤᠷᠠᠯ ᠤᠨ ᠵᠠᠷᠤᠳᠠᠯ ᠶᠣᠰᠣᠭᠠᠷ 95% ᠶᠢᠨ ᠨᠡᠮᠡᠬᠦᠷᠢ ᠣᠯᠭᠤᠨ᠎ᠠ᠃ ︵ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ | ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ︵ᠠᠷᠪᠠᠨ ᠳᠥᠷᠪᠡ︶ ᠤᠯᠤᠰ ᠤᠨ ᠥᠮᠴᠢᠯᠡᠯᠳᠣ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ ᠪᠠ ᠳᠡᠮᠵᠢᠬᠦ ᠡᠷᠴᠢᠮ ᠢ ᠴᠢᠩᠭᠠᠷᠠᠭᠤᠯᠬᠤ ᠬᠡᠷᠡᠭᠳᠠᠢ | ᠃ ᠤᠯᠤᠰ ᠤᠨ ᠥᠮᠴᠢᠯᠡᠯᠳᠣ ᠠᠵᠤ ᠠᠬᠤᠶᠢᠯᠠᠯ ᠤᠨ ᠬᠢᠨ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠳᠤ ᠦᠷᠢᠳᠦᠭᠰᠡᠨ ᠦᠷᠢ ᠦᠭᠴᠡᠭᠡ ᠪᠠᠨ | ᠲᠦᠷᠭᠡᠪᠴᠢᠯᠠᠨ ᠲᠦᠯᠤᠭᠦ᠂ ᠢᠯᠠᠩᠭᠤᠶ᠎ᠠ ᠬᠢᠵᠢᠭ ᠤᠨ ᠪᠠᠶᠢᠳᠠᠯ ᠳᠤ ᠨᠥᠯᠥᠭᠡᠯᠡᠭᠳᠡᠵᠤ ᠦᠢᠯᠡᠳᠪᠦᠷᠢᠯᠡᠯ ᠡᠵᠡᠩᠨᠡᠯᠳᠠ ᠨᠢ ᠬᠦᠴᠢᠷᠳᠡᠯ ᠳᠤ ᠲᠤᠯᠭᠠᠷᠠᠬᠰᠠᠨ | ᠳᠤᠮᠳᠠ ᠵᠢᠵᠢᠭ ᠠᠵᠤ ᠠᠬᠤᠶᠢᠯᠠᠯ ᠤᠨ ᠦᠷᠢ ᠦᠭᠴᠡᠭᠡ ᠶᠢ ᠤᠷᠢᠳ ᠢᠶᠠᠷ ᠲᠥᠯᠥᠵᠣ᠂ ᠤᠷᠢᠳᠴᠢᠯᠠᠨ ᠲᠥᠯᠥᠬᠦ ᠶᠢ ᠵᠣᠷᠢᠭᠵᠢᠭᠤᠯᠵᠤ᠂ ᠬᠤᠳᠠᠯᠳᠤᠭᠠᠨ ᠤ | ᠭᠤᠪᠢᠭᠤᠯᠭ᠎ᠠ ᠲᠠᠭᠠᠭᠠᠨ ᠤᠯᠭᠤᠬᠤ ᠪᠠᠷᠢᠮᠳᠠ ᠶᠢᠨ ᠠᠷᠭ᠎ᠠ ᠪᠠᠷ ᠵᠣᠭᠤᠰ ᠪᠤᠴᠠᠭᠠᠬᠤ ᠬᠤᠭᠤᠴᠠᠭ᠎ᠠ ᠪᠠᠨ ᠤᠷᠲᠤᠳᠬᠠᠬᠤ ᠶᠢ ᠴᠢᠩᠭ᠎ᠠ ᠴᠠᠭᠠᠵᠠᠯᠠᠵᠤ᠂ ᠰᠢᠨ᠎ᠡ | ᠦᠷᠢ ᠦᠭᠴᠡᠭᠡ ᠭᠠᠷᠭᠠᠬᠤ ᠶᠢ ᠴᠢᠩᠭ᠎ᠠ ᠴᠠᠭᠠᠵᠠᠯᠠᠬᠤ ᠬᠡᠷᠡᠭᠳᠠᠢ᠃ ᠤᠯᠤᠰ ᠤᠨ ᠥᠮᠴᠢᠯᠡᠯᠳᠣ ᠠᠵᠤ ᠠᠬᠤᠶᠢᠯᠠᠯ ᠲᠠᠢ ᠨᠢᠭᠡᠨᠲᠡ ᠭᠡᠷ᠎ᠡ ᠲᠣᠭᠲᠠᠭᠠᠭᠰᠠᠨ | ᠳᠤᠮᠳᠠ ᠵᠢᠵᠢᠭ ᠠᠵᠤ ᠠᠬᠤᠶᠢᠯᠠᠯ ᠤᠨ ᠬᠢᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠤ ᠭᠡᠷ᠎ᠡ ᠶᠢᠨ ᠡᠭᠦᠷᠭᠡ ᠪᠠᠨ ᠦᠨᠡᠨ ᠬᠦ ᠴᠠᠭ ᠲᠠᠭᠠᠨ | ᠭᠦᠢᠴᠡᠳᠬᠡᠵᠦ ᠲᠡᠶᠢᠯᠬᠦ ᠦᠬᠡᠢ ᠪᠤᠯᠤᠬᠰᠠᠨ ᠪᠠᠶᠢᠪᠠᠯ᠂ ᠭᠡᠷ᠎ᠡ ᠭᠦᠢᠴᠡᠳᠬᠡᠬᠦ ᠬᠤᠭᠤᠴᠠᠭ᠎ᠠ ᠶᠢ ᠨᠢ ᠵᠣᠬᠢᠰᠲᠠᠶ ᠤᠷᠲᠤᠳᠬᠠᠵᠤ ᠪᠣᠯᠤᠨ᠎ᠠ᠂ ᠪᠣᠳᠠᠲᠠᠶ | ᠤᠷᠲᠤᠳᠬᠠᠬᠤ ᠬᠤᠭᠤᠴᠠᠭ᠎ᠠ ᠶᠢ ᠬᠤᠶᠠᠷ ᠡᠳᠡᠭᠡᠣᠨ ᠢᠶᠠᠷ ᠢᠶᠠᠨ ᠵᠥᠪᠳᠡᠯᠴᠡᠭᠰᠡᠨ ᠤ ᠲᠠᠷᠠᠭ᠎ᠠ ᠲᠠᠬᠢᠨ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ | ᠤᠯᠤᠰ ᠤᠨ ᠥᠮᠴᠢᠯᠡᠯᠳᠣ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠬᠠᠷᠢᠭᠤᠴᠠᠨ᠎ᠠ︶ | ︵ᠠᠷᠪᠠᠨ ᠲᠠᠪᠤ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠬᠤ ᠬᠡᠷᠡᠭᠳᠠᠢ᠃ ᠬᠢᠵᠢᠭ ᠤᠨ ᠪᠠᠶᠢᠳᠠᠯ ᠳᠤ | ᠨᠥᠯᠥᠭᠡᠯᠡᠭᠳᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠳᠤ | ᠲᠤᠯᠭᠠᠷᠠᠭᠰᠠᠨ ᠭᠡᠨᠡᠳᠲᠡ ᠶᠢᠨ ᠬᠦᠴᠢᠷᠳᠡᠯ ᠢ ᠴᠠᠭ ᠲᠤᠬᠠᠶ ᠳᠤ ᠨᠢ ᠰᠢᠢᠳᠪᠦᠷᠢᠯᠡᠵᠦ ᠦᠭᠭᠦᠨ᠎ᠡ᠃ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠰᠦᠯᠵᠢᠶ᠎ᠠ ᠪᠠᠷ ᠭᠦᠢᠴᠡᠳᠭᠡᠭᠦ ᠪᠤᠯᠭᠠᠵᠦ᠂ ᠭᠦᠮᠦᠰ ᠤᠨ ᠨᠠᠶᠢᠷᠠᠯᠳᠤᠵᠦ ᠴᠤᠭᠯᠠᠷᠠᠬᠤ ᠶᠢ ᠴᠦᠬᠡᠳᠬᠡᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠬᠠᠷᠢᠭᠤᠴᠠᠨ᠎ᠠ︶ | ᠳᠡᠭᠡᠷᠡᠬᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠵᠢᠭᠠᠵᠣ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠳᠤ᠂ | ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠬᠰᠠᠨ ︽ᠳᠤᠮᠳᠠ ᠵᠢᠵᠢᠭ | ᠠᠵᠤ ᠠᠬᠤᠶᠢᠯᠠᠯ ᠤᠨ ᠬᠡᠯᠪᠡᠷᠢ ᠮᠠᠶ᠋ᠢᠬ ᠢ ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ︾ ᠶᠣᠰᠣᠭᠠᠷ ᠬᠡᠷᠡᠭᠵᠢᠭᠦᠯᠦᠨ᠎ᠡ᠃ ᠳᠡᠭᠡᠷᠡᠬᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠤᠭᠤᠴᠠᠭ᠎ᠠ ᠶᠢ ᠨᠢ ᠲᠣᠳᠣᠷᠬᠠᠶ ᠲᠣᠭᠲᠠᠭᠠᠭᠰᠠᠨ ᠪᠠᠶᠢᠪᠠᠯ ᠲᠣᠭᠲᠠᠭᠠᠯ ᠶᠣᠰᠣᠭᠠᠷ ᠬᠡᠷᠡᠭᠵᠢᠭᠦᠯᠵᠦ᠂ | ᠭᠡᠷᠡᠭᠵᠢᠬᠦᠯᠬᠦ ᠬᠤᠭᠤᠴᠠᠭ᠎ᠠ ᠶᠢ ᠲᠤᠳᠤᠷᠬᠠᠶᠢᠯᠠᠭᠰᠠᠨ ᠦᠬᠡᠢ ᠪᠠᠶᠢᠪᠠᠯ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠲᠠᠶᠢᠯᠤᠨᠨᠰᠠᠨ ᠤ ᠳᠠᠷᠠᠭ᠎ᠠ ᠵᠣᠭᠰᠣᠭᠠᠨ᠎ᠠ᠃ ᠤᠯᠤᠰ ᠠᠴᠠ ᠨᠡᠶᠢᠲᠡᠯᠡᠭᠰᠡᠨ ᠬᠠᠮᠢᠶ᠎ᠠ ᠪᠦᠬᠦᠢ ᠲᠡᠮᠵᠢᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠤ ᠬᠢᠨ ᠵᠡᠷᠭᠡ ᠪᠠᠷ ᠵᠢᠷᠤᠮᠯᠠᠨ ᠬᠡᠷᠡᠭᠵᠢᠭᠦᠯᠦᠨ᠎ᠡ᠃ | 2020 ᠤᠨ ᠤ 2 ᠳ᠋ᠤᠭᠠᠷ ᠰᠠᠷ᠎ᠠ ᠶᠢᠨ 7 ᠤ ᠡᠳᠤᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |