| | | 1 ᠳ᠋ᠦ᠋ᠭᠡᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠷᠥ ᠶᠢᠨ ᠪᠣᠳᠣᠯᠭ᠎ᠠ ᠶᠢ ᠮᠡᠳᠡᠭᠳᠡᠬᠦ ᠬᠤᠷᠠᠯ ᠬᠢᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ᠂ ᠰᠣᠨᠢᠨ ᠮᠡᠳᠡᠭᠡ ᠨᠡᠶᠢᠲᠡᠯᠡᠭᠴᠢ ᠸᠠᠩ ᠰᠢᠶᠤᠤ ᠶᠠᠨ | ᠭᠤᠤᠯ ᠰᠡᠳᠦᠪᠲᠦ ᠨᠡᠶᠢᠲᠡᠯᠡᠯ ᠬᠢᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠲᠥᠯᠥᠪᠵᠢᠭᠦᠯᠭᠡ ᠬᠥᠭᠵᠢᠭᠦᠯᠦᠯᠲᠡ ᠶᠢᠨ ᠭᠠᠵᠠᠷ ᠤᠨ ᠳᠠᠷᠤᠭ᠎ᠠ | ᠸᠧᠶ ᠱᠤ᠋ ᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠠᠵᠠᠷ ᠤᠨ ᠳᠠᠷᠤᠭ᠎ᠠ ᠵᠠᠩ ᠳ᠋ᠦᠩ᠂ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠬᠥᠷᠥᠩᠭᠡ ᠶᠢᠨ ᠡᠵᠡᠩᠨᠡᠯᠲᠡ ᠬᠢᠭᠡᠳ ᠠᠰᠢᠭ ᠣᠷᠣᠯᠭ᠎ᠠ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠵᠠᠩ | ᠱᠢ ᠬᠤᠩ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠬᠢᠨᠠᠨ ᠰᠢᠯᠭᠠᠵᠤ ᠬᠤᠪᠢᠶᠠᠷᠢᠯᠠᠬᠤ ᠭᠠᠵᠠᠷ ᠤᠨ ᠳᠠᠷᠤᠭ᠎ᠠ ᠪᠠᠶ ᠯᠠᠨ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ | | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ | ᠵᠢᠯ ᠤᠨ ᠠᠵᠢᠯᠯᠠᠭᠠᠨ ᠤ ᠲᠥᠷᠥ ᠶᠢᠨ ᠪᠣᠳᠣᠯᠭ᠎ᠠ ᠶᠢᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠨᠡᠶᠢᠳᠡᠯᠡᠭᠰᠡᠨ | ᠶᠠᠷᠢᠶ᠎ᠡ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ᠂ ᠰᠣᠨᠢᠨ ᠮᠡᠳᠡᠭᠡᠨ ᠤ ᠥᠭᠦᠯᠡᠭᠴᠢ ᠸᠠᠩ ᠰᠢᠶᠤᠤ | ᠶᠠᠨ | | ᠪᠢ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭ᠎ᠠ ᠶᠢᠨ ᠬᠤᠯᠪᠣᠭᠳᠠᠯ ᠪᠥᠬᠦᠶ ᠪᠠᠶᠢᠳᠠᠯ ᠢ ᠣᠯᠠᠨ ᠳᠤ ᠲᠠᠨᠢᠯᠴᠠᠭᠤᠯᠬᠤ ᠪᠤᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ | ᠃ | ᠡᠩ ᠲᠡᠷᠢᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠮᠦᠨ᠎ᠡ ᠠᠴᠠ ᠥᠨᠥᠳᠦᠷ ᠤᠨ ᠲᠥᠷᠥ ᠶᠢᠨ | ᠪᠣᠳᠣᠯᠭ᠎ᠠ ᠶᠢᠨ ᠪᠠᠶᠢᠳᠠᠯ ᠮᠡᠳᠡᠭᠳᠡᠬᠦ ᠬᠤᠷᠠᠯ ᠳᠤ ᠣᠷᠣᠯᠴᠠᠭᠰᠠᠨ ᠰᠣᠨᠢᠨ ᠮᠡᠳᠡᠭᠡᠨ ᠤ ᠡᠲᠡᠭᠡᠳ ᠤᠨ ᠨᠠᠶᠢᠵᠠ ᠨᠠᠷ ᠢ | ᠬᠠᠯᠠᠭᠤᠨ ᠢᠶᠠᠷ ᠤᠭᠲᠤᠵᠤ ᠪᠠᠶᠢᠨ᠎ᠠ︕ ᠮᠦᠨ ᠴᠦ ᠡᠨᠡ ᠬᠦ ᠲᠣᠬᠢᠶᠠᠯ ᠢ ᠠᠰᠢᠭᠯᠠᠨ᠂ ᠪᠥᠬᠦ ᠣᠷᠣᠨ ᠤ ᠤᠯᠤᠰ ᠤᠨ | ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠨᠠᠮ ᠤᠨ | ᠪᠠᠶᠢᠭᠤᠯᠤᠯᠲᠠ ᠶᠢᠨ ᠠᠵᠢᠯ ᠢ ᠬᠠᠯᠠᠮᠵᠢᠯᠠᠨ ᠠᠩᠬᠠᠷᠴᠤ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | 1 ᠳ᠋ᠦ᠋ᠭᠡᠷ ᠰᠠᠷ᠎ᠠ ᠶᠢᠨ 7 ᠤ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠷᠢᠶ᠎ᠠ ᠶᠢᠨ ᠠᠷᠪᠠᠨ | ᠬᠤᠶᠠᠳᠤᠭᠠᠷ ᠤᠳᠠᠭ᠎ᠠ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠬᠤᠶᠢᠰᠢᠳᠠ ᠶᠢᠨ ᠮᠠᠨ ᠤ ᠣᠷᠣᠨ ᠤ | ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠳᠤ ︽ | ᠳᠠᠶᠢᠴᠢᠯᠠᠯᠲᠠ ᠶᠢᠨ ᠵᠠᠷᠯᠢᠭ︾ ᠪᠠᠭᠤᠯᠭᠠᠵᠤ᠂ ︽ᠲᠠᠭᠠᠷᠢᠯᠲᠠ ᠶᠢᠨ ᠪᠦᠷᠢᠶ᠎ᠡ︾ ᠶᠢ ᠬᠠᠩᠭᠢᠨᠠᠭᠤᠯᠪᠠ᠃ ᠤᠯᠠᠨ ᠤ | ᠠᠰᠠᠭᠤᠯᠲᠠ ᠶᠢ ᠬᠠᠷᠢᠭᠤᠯᠬᠤ ᠠᠴᠠ ᠡᠮᠦᠨ᠎ᠡ᠂ ᠪᠢ ᠤᠷᠢᠳ ᠢᠶᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠲᠦᠭᠦᠮ ᠲᠠᠨᠢᠯᠴᠠᠭᠤᠯᠤᠶ᠎ᠠ᠃ | ᠣᠷᠴᠢᠮ ᠤᠨ ᠵᠢᠯ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠪᠠ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠬᠤᠷᠠᠯ ᠂ ᠭᠤᠷᠪᠠᠳᠤᠭᠠᠷ ᠬᠤᠷᠠᠯ᠂ ᠳᠥᠷᠪᠡᠳᠦᠭᠡᠷ ᠬᠤᠷᠠᠯ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠪᠣᠯᠤᠨ | ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ | ᠬᠥᠭᠵᠢᠯᠲᠡ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠡᠶᠢᠳᠡᠪᠤᠵᠢᠷᠭᠤᠯᠪᠠ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ | ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ︽1 + 47︾ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ | ᠪᠠᠲᠤᠲᠠᠢ ᠠᠬᠢᠭᠤᠯᠪᠠ᠂ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠠᠰᠢᠭ ᠣᠯᠵᠠᠪᠤᠷᠢ ᠶᠢᠨ ᠰᠠᠭᠤᠷᠢ ᠦᠷᠭᠦᠯᠵᠢᠯᠡᠨ | ᠪᠠᠬᠢᠵᠢᠵᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠪᠠᠶᠢᠷᠢᠰᠢᠯ ᠤᠨ ᠪᠦᠲᠦᠴᠡ ᠲᠠᠰᠤᠷᠠᠯᠳᠠ ᠦᠭᠡᠢ ᠰᠢᠯᠢᠳᠡᠭᠵᠢᠪᠡ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠣᠯ ᠴᠢᠳᠠᠪᠤᠷᠢ ᠶᠢ ᠪᠦᠲᠦᠮᠵᠢᠲᠡᠶ | ᠲᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠤᠳᠤᠷᠢᠳᠤᠯᠭ᠎ᠠ ᠨᠠᠮ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ | ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠯᠢ ᠤᠯᠠᠨ ᠴᠢᠬᠤᠯᠠ ᠶᠡᠭᠡ ᠠᠬᠢᠴᠠ ᠶᠢ ᠪᠡᠶᠡᠯᠡᠭᠦᠯᠵᠦ᠂ | ᠴᠢᠬᠤᠯᠠ ᠦᠷ᠎ᠡ ᠪᠦᠲᠦᠭᠡᠯ ᠣᠯᠵᠠᠶ᠂ ᠪᠦᠬᠦ ᠣᠷᠣᠨ ᠤ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ | ᠥᠮᠴᠢᠯᠡᠯ ᠤᠨ ᠠᠵᠤ ᠠᠬᠤᠶᠢᠯᠠᠯ ᠰᠢᠨ᠎ᠡ ᠭᠠᠷᠤᠭ᠎ᠠ ᠳᠡᠭᠡᠷ᠎ᠡ ᠵᠣᠭᠰᠣᠪᠠ᠃ | ᠨᠢᠭᠡ ᠳᠤ᠂ ᠥᠭᠡᠷᠡᠴᠢᠯᠡᠯᠲᠡ ᠶᠢᠨ ᠤᠷᠤᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠦᠨᠳᠦᠰᠦᠨ ᠳᠡᠭᠡᠨ | ᠪᠠᠶᠠᠯᠡᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠤᠮᠳᠠᠳᠤ | ᠤᠯᠤᠰ ᠤᠨ ᠣᠨᠴᠠᠯᠢᠭ ᠪᠥᠬᠦᠶ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ᠂ ᠬᠢᠨᠠᠯᠲᠠ | ᠲᠠᠯᠪᠢᠵᠤ ᠰᠡᠷᠭᠡᠶᠢᠯᠡᠬᠦ ᠶᠢ ᠴᠢᠩᠭᠠᠷᠠᠭᠤᠯᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ | ᠴᠢᠩᠭᠠᠳᠬᠠᠬᠤ᠂ ᠥᠭᠡᠷᠡᠴᠢᠯᠡᠯᠲᠡ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ︽ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ | ᠵᠡᠷᠭᠡ ᠪᠢᠴᠢᠭ ᠮᠠᠲ᠋ᠧᠷᠢᠶᠠᠯ ᠢ ᠤᠷᠢᠳ ᠬᠤᠵᠢᠳ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ︽1 + 47︾ ᠶᠢᠨ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠨᠡᠶᠢᠳᠡᠮ ᠳᠤᠨᠢ | ᠥᠭᠡᠷᠡᠴᠢᠯᠡᠯᠲᠡ ᠶᠢᠨ ᠡᠭᠦᠷᠭᠡ ᠶᠢ ᠱᠠᠲᠤᠯᠢᠭ ᠢᠶᠠᠷ ᠥᠷᠨᠢᠭᠦᠯᠦᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠭᠰᠠᠨ ᠪᠠᠶᠢᠳᠠᠯ ᠢ ᠪᠣᠶ ᠪᠣᠯᠭᠠᠪᠠ᠃ | ᠬᠤᠶᠠᠷ ᠲᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠪᠦᠷᠢᠨᠰᠢᠭᠦᠯᠦᠨ ᠲᠡᠭᠦᠯᠳᠡᠷᠵᠢᠭᠦᠯᠪᠡ᠃ ᠨᠠᠮ ᠤᠨ ᠤᠳᠤᠷᠢᠳᠤᠯᠭ᠎ᠠ ᠶᠢ ᠺᠣᠮᠫᠠᠨᠢ ᠶᠢᠨ ᠵᠠᠰᠠᠯᠲᠠ ᠶᠢᠨ ᠪᠦᠲᠦᠴᠡ ᠳᠤ | ᠪᠦᠲᠦᠮᠵᠢᠲᠡᠢ ᠠᠭᠤᠰᠤᠯᠴᠠᠭᠤᠯᠵᠤ᠂ ︽ᠬᠤᠣᠰ ᠴᠢᠭᠯᠡᠯ ᠢᠶᠠᠷ ᠣᠷᠣᠬᠤ᠂ ᠰᠣᠯᠪᠢᠴᠠᠨ ᠲᠤᠰᠢᠶᠠᠯ ᠡᠭᠦᠷᠭᠡᠯᠡᠬᠦ︾ | ᠤᠳᠤᠷᠢᠳᠬᠤ ᠪᠠᠶᠢᠭᠤᠯᠤᠮᠵᠢ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠨᠠᠮ ᠤᠨ ᠬᠤᠷᠢᠶᠠᠨ ᠤ ᠬᠤᠷᠠᠯ ᠠᠴᠠ ᠴᠢᠬᠤᠯᠠ | ᠶᠡᠭᠡ ᠡᠵᠡᠩᠨᠡᠯᠲᠡ ᠬᠠᠮᠢᠶᠠᠷᠤᠯᠲᠠ ᠶᠢᠨ ᠵᠦᠢᠯ ᠢ ᠤᠷᠢᠳ ᠢᠶᠠᠷ ᠰᠤᠳᠤᠯᠤᠨ ᠶᠠᠷᠢᠯᠴᠠᠬᠤ ᠶᠢ ᠬᠡᠷᠡᠭᠵᠢᠭᠦᠯᠵᠦ᠂ ᠠᠵᠤ | ᠠᠬᠤᠶᠢᠯᠠᠯ ᠤᠨ ᠨᠠᠮ ᠤᠨ ᠬᠤᠷᠢᠶᠠᠨ ᠤ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ | ᠪᠠᠲᠤᠯᠠᠬᠤ ᠤᠳᠤᠷᠢᠳᠬᠤ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠪᠠ᠃ ︽ᠨᠠᠮ ᠤᠨ ᠪᠠᠶᠢᠭᠤᠯᠤᠯᠲᠠ ᠶᠢᠨ | ᠱᠠᠭᠠᠷᠳᠠᠯᠭ᠎ᠠ ᠶᠢ ᠲᠦᠷᠢᠮ ᠳᠤ ᠣᠷᠣᠭᠤᠯᠬᠤ︾ ᠶᠢ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠵᠤ ᠠᠬᠤᠶᠢᠯᠠᠯ ᠤᠨ ᠲᠦᠷᠢᠮ ᠳᠤ ᠵᠠᠰᠠᠪᠤᠷᠢ ᠣᠷᠣᠭᠤᠯᠬᠤ ᠶᠢ | ᠪᠦᠬᠦᠨ ᠢ ᠪᠡᠶᠡᠯᠡᠭᠦᠯᠪᠡ᠃ 9 ᠠᠵᠤ ᠠᠬᠤᠶᠢᠯᠠᠯ ᠤᠨ ᠨᠠᠮ ᠤᠨ ᠬᠤᠷᠢᠶ᠎ᠠ ᠬᠤᠭᠤᠴᠠᠭ᠎ᠠ ᠰᠣᠯᠢᠬᠤ ᠠᠵᠢᠯ ᠢᠶᠠᠨ ᠳᠠᠭᠤᠰᠬᠠᠪᠠ | ᠃ ᠣᠷᠣᠨ ᠤ ᠰᠢᠭᠤᠳ ᠬᠠᠷᠢᠶ᠎ᠠ 24 ᠠᠵᠤ ᠠᠬᠤᠶᠢᠯᠠᠯ ᠤᠨ ᠪᠦᠯᠦᠭᠯᠡᠯ ᠤᠨ ᠳᠠᠪᠬᠤᠷᠭ᠎ᠠ ᠳᠤ ᠺᠣᠮᠫᠠᠨᠢ ᠶᠢᠨ ᠲᠦᠷᠢᠮ ᠤᠨ | ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠺᠣᠮᠫᠠᠨᠢ ᠶᠢᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ | ᠦᠷᠭᠦᠯᠵᠢᠯᠡᠨ ᠲᠡᠭᠦᠯᠳᠡᠷᠵᠢᠵᠦ᠂ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠪᠦᠯᠦᠭᠯᠡᠯ ᠤᠨ ᠳᠠᠪᠬᠤᠷᠭ᠎ᠠ ᠳᠤ | ᠴᠥᠮ ᠵᠢᠷᠤᠮᠵᠢᠭᠰᠠᠨ ᠬᠡᠷᠡᠭ ᠮᠡᠳᠡᠭᠴᠢᠳ ᠤᠨ ᠬᠤᠷᠠᠯ ᠪᠠᠶᠢᠭᠤᠯᠪᠠ᠃ 5 ᠲᠠᠯ᠎ᠠ ᠶᠢᠨ 14 ᠵᠦᠢᠯ ᠤᠨ ᠪᠠᠯᠠ | ᠭᠠᠷᠭᠠᠭᠴᠢ ᠶᠢᠨ ᠡᠷᠬᠡ ᠶᠢ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ᠂ ᠥᠪᠥᠷ ᠮᠣᠩᠭᠤᠯ ᠤᠨ ᠡᠨᠧᠷᠭᠢ ᠶᠢᠨ ᠺᠣᠮᠫᠠᠨᠢ᠂ | ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠵᠡᠷᠭᠡ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠺᠣᠮᠫᠠᠨᠢ ᠶᠢᠨ ᠲᠤᠷᠰᠢᠯᠲᠠ ᠶᠢᠨ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ ᠳᠤ | ᠣᠯᠭᠤᠵᠤ᠂ ᠤᠯᠤᠰ ᠤᠨ ᠥᠮᠴᠢᠯᠡᠯ ᠤᠨ ᠪᠠᠯᠠ ᠬᠥᠷᠥᠩᠭᠡ ᠶᠢᠨ ᠡᠵᠡᠩᠨᠡᠯᠲᠡ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ | ᠵᠥᠪᠯᠡᠯ ᠳᠤ 10 ᠵᠦᠢᠯ ᠤᠨ ᠪᠠᠯᠠ ᠭᠠᠷᠭᠠᠭᠴᠢ ᠶᠢᠨ ᠡᠷᠬᠡ ᠣᠯᠭᠤᠵᠤ᠂ ᠬᠡᠷᠡᠭ ᠮᠡᠳᠡᠭᠴᠢᠳ ᠤᠨ ᠬᠤᠷᠠᠯ ᠤᠨ ᠡᠷᠬᠡ | ᠲᠤᠰᠢᠶᠠᠯ ᠢ ᠪᠦᠲᠦᠮᠵᠢᠲᠡᠶ ᠨᠠᠶᠢᠳᠠᠪᠤᠷᠢᠵᠢᠭᠤᠯᠪᠠ᠃ | ᠭᠤᠷᠪᠠ ᠳᠤ᠂ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠢᠳᠡᠪᠬᠢᠲᠡᠢ ᠪᠥᠭᠡᠳ ᠯᠠᠪᠳᠠᠭᠤᠨ ᠢᠶᠠᠷ | ᠲᠦᠯᠬᠢᠨ ᠠᠬᠢᠭᠤᠯᠪᠠ᠃ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠰᠢᠨ᠎ᠡ ᠨᠢᠭᠡ ᠡᠭᠡᠯᠵᠢ ᠶᠢᠨ | ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠴᠢᠬᠤᠯᠠ ᠰᠢᠪᠲᠤᠯᠤᠯᠲᠠ ᠶᠢᠨ ᠴᠡᠭ ᠪᠣᠯᠭᠠᠬᠤ ᠶᠢ ᠪᠠᠷᠢᠮᠲᠠᠯᠠᠵᠤ᠂ ᠬᠤᠯᠢᠮᠠᠭ ᠥᠮᠴᠢᠯᠡᠯ ᠤᠨ ᠲᠦᠷᠢᠮ ᠤᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠪᠠ ᠠᠵᠢᠯᠯᠠᠭᠠᠨ ᠤ ᠵᠢᠯᠣᠭᠤᠳᠤᠮᠵᠢ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ | ᠂ ᠢᠵᠢ ᠪᠥᠷᠢᠳᠦᠭᠰᠡᠨ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠬᠤᠯᠢᠮᠠᠭ ᠥᠮᠴᠢᠯᠡᠯ ᠤᠨ ᠲᠦᠷᠢᠮ ᠤᠨ | ᠥᠭᠡᠷᠡᠴᠢᠯᠡᠯᠲᠡ ᠶᠢᠨ ᠲᠥᠷᠥᠯ ᠵᠦᠢᠯ ᠢ ᠨᠡᠶᠢᠲᠡᠯᠡᠬᠦ ᠲᠠᠪᠴᠠᠩ ᠢ ᠪᠠᠶᠢᠭᠤᠯᠵᠤ᠂ ᠬᠤᠯᠢᠮᠠᠭ ᠥᠮᠴᠢᠯᠡᠯ ᠤᠨ ᠲᠦᠷᠢᠮ ᠤᠨ | 100 ᠰᠢᠬᠠᠮ ᠲᠥᠷᠥᠯ ᠵᠦᠢᠯ ᠢ ᠪᠦᠯᠦᠭ ᠬᠤᠪᠢᠶᠠᠨ ᠨᠡᠶᠢᠭᠡᠮ ᠨᠡᠶᠢᠲᠡ ᠳᠤ ᠲᠠᠨᠢᠯᠴᠠᠭᠤᠯᠪᠠ᠃ ᠪᠤᠭᠤᠲᠤ ᠶᠢᠨ ᠪᠣᠯᠣᠳ | ᠲᠡᠮᠦᠷ ᠤᠨ ᠪᠦᠯᠦᠭᠯᠡᠯ᠂ ᠴᠠᠬᠢᠯᠭᠠᠨ ᠬᠦᠴᠦᠨ ᠤ ᠥᠪᠥᠷ ᠮᠣᠩᠭᠤᠯ ᠤᠨ ᠡᠨᠧᠷᠭᠢ ᠶᠢᠨ ᠠᠳᠠᠯ ᠠᠬᠤᠶ ᠪᠠ ᠥᠪᠥᠷ | ᠮᠣᠩᠭᠤᠯ ᠤᠨ ᠡᠨᠧᠷᠭᠢ ᠶᠢᠨ ᠬᠢᠩᠭᠠᠨ ᠤ ᠢᠯᠴᠢ ᠴᠠᠬᠢᠯᠭᠠᠨ ᠢ ᠤᠯᠤᠰ ᠤᠨ ᠭᠤᠷᠪᠠᠳᠤᠭᠠᠷ ᠪᠦᠯᠦᠭ᠂ ᠳᠥᠷᠪᠡᠳᠦᠭᠡᠷ | ᠪᠦᠯᠦᠭ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠭᠦᠨᠵᠡᠭᠡᠶ | ᠬᠡᠷᠡᠭᠵᠢᠭᠦᠯᠬᠦ ᠶᠢ ᠠᠬᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠵᠡᠷᠭᠡ ᠭᠤᠤᠯᠳᠠᠯᠭ᠎ᠠ ᠲᠠᠢ ᠨᠢᠷᠤᠭᠤᠪᠴᠢ | ᠠᠵᠤ ᠠᠬᠤᠶᠢᠯᠠᠯ ᠤᠨ ᠬᠠᠷᠢᠶ᠎ᠠ ᠪᠥᠬᠦᠶ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ | ᠶᠡᠬᠡᠪᠡᠷ ᠳᠡᠭᠡᠭᠰᠢᠯᠡᠭᠦᠯᠦᠨ᠂ ᠲᠢᠶᠧ ᠵᠢᠶᠧ ᠪᠠᠷᠠᠭᠠᠨ ᠤ ᠭᠦᠢᠯᠭᠡᠭᠡᠨ ᠤ ᠺᠣᠮᠫᠠᠨᠢ᠂ ᠡᠵᠢ ᠨᠠᠭᠤᠷ ᠤᠨ ᠳᠠᠪᠤᠰᠤ ᠦᠢᠯᠡᠳᠬᠦ | ᠺᠣᠮᠫᠠᠨᠢ ᠵᠡᠷᠭᠡ ᠨᠢᠭᠡ ᠪᠦᠯᠦᠭ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢᠨ ᠵᠠᠭᠪᠤᠷ ᠢ ᠪᠥᠬᠦ ᠣᠷᠣᠨ ᠳᠤ | ᠬᠠᠭᠤᠯᠪᠤᠷᠢᠯᠠᠨ ᠳᠡᠯᠭᠡᠷᠡᠭᠦᠯᠦᠨ᠎ᠡ᠃ | ᠳᠥᠷᠪᠡ ᠳᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯ ᠤᠨ ᠪᠦᠲᠦᠴᠡ ᠶᠢ ᠲᠠᠰᠤᠷᠠᠯᠲᠠ | ᠤᠢᠭᠡᠢ ᠰᠢᠯᠢᠳᠡᠭᠵᠢᠭᠦᠯᠪᠡ᠃ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯ ᠤᠨ | ᠪᠦᠲᠦᠴᠡ ᠶᠢᠨ ᠲᠣᠬᠢᠷᠠᠭᠤᠯᠤᠯᠲᠠ ᠶᠢᠨ ᠬᠡᠷᠡᠭᠵᠢᠭᠦᠯᠬᠦ ᠰᠠᠨᠠᠯ ᠪᠠ ᠲᠥᠯᠥᠪᠵᠢᠭᠦᠯᠭᠡ ᠶᠢᠨ ᠲᠥᠰᠦᠯ ᠢ ᠳᠠᠷᠤᠮᠠᠯᠯᠠᠨ | ᠲᠠᠷᠬᠠᠭᠠᠵᠤ᠂ ᠣᠷᠣᠨ ᠤ ᠳᠣᠲᠣᠷᠠᠬᠢ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ᠂ | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ᠂ ᠵᠠᠮ ᠬᠠᠷᠢᠯᠴᠠᠭ᠎ᠠ ᠶᠢᠨ | ᠪᠠᠯᠠ ᠣᠷᠣᠭᠤᠯᠤᠯᠲᠠ ᠶᠢᠨ ᠪᠦᠯᠦᠭᠯᠡᠯ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠺᠣᠮᠫᠠᠨᠢ ᠵᠢᠴᠢ | ᠡᠳᠦᠶ ᠲᠡᠳᠦᠶ ᠪᠣᠳᠠᠲᠤ ᠴᠣᠭᠴᠠ ᠶᠢᠨ ᠠᠵᠤ ᠦᠢᠯᠡᠰ ᠤᠨ ᠪᠦᠯᠦᠭᠯᠡᠯ ᠤᠨ ︽1 + 3 + N︾ ︵1 ᠤᠯᠤᠰ ᠤᠨ | ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠺᠣᠮᠫᠠᠨᠢ᠂ 3 ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠺᠣᠮᠫᠠᠨᠢ᠂ N ᠪᠣᠳᠠᠲᠤ ᠴᠣᠭᠴᠠ ᠶᠢᠨ ᠠᠵᠤ ᠦᠢᠯᠡᠰ ᠤᠨ ᠪᠦᠯᠦᠭᠯᠡᠯ︶ ᠤᠯᠤᠰ ᠤᠨ ᠥᠮᠴᠢᠯᠡᠯᠲᠦ | ᠬᠥᠷᠥᠩᠭᠡ ᠶᠢᠨ ᠪᠦᠳᠦᠭᠦᠪᠴᠢ ᠰᠢᠰᠲ᠋ᠧᠮᠵᠢ ᠶᠢ ᠪᠣᠶ ᠪᠣᠯᠭᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢ ᠮᠥᠩᠭᠦ ᠶᠢ ᠪᠠᠶᠢᠭᠤᠯᠵᠤ᠂ ᠨᠢᠭᠡᠨᠲᠡ ᠪᠠᠯᠠ ᠣᠷᠣᠭᠤᠯᠤᠭᠰᠠᠨ | ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠲᠥᠷᠥᠯ ᠵᠦᠢᠯ | ᠨᠢ ᠶᠠᠭ ᠰᠠᠶᠢᠬᠠᠨ ᠪᠤᠰᠤᠳ ᠣᠷᠣᠨ ᠤ ᠬᠠᠷᠢᠶ᠎ᠠ ᠪᠥᠬᠦᠶ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ | ᠵᠦᠢᠯ ᠳᠤ ᠲᠣᠬᠢᠷᠠᠭᠤᠯᠤᠯᠲᠠ ᠬᠢᠵᠦ ᠪᠣᠶ᠃ ᠰᠣᠶᠣᠯ ᠵᠢᠭᠤᠯᠴᠢᠯᠠᠯ ᠤᠨ ᠪᠦᠯᠦᠭᠯᠡᠯ ᠤᠨ ᠡᠮᠦᠨᠡᠬᠢ ᠬᠤᠭᠤᠴᠠᠭᠠᠨ ᠤ ᠵᠣᠬᠢᠶᠠᠨ | ᠪᠠᠶᠢᠭᠤᠯᠬᠤ ᠠᠵᠢᠯ ᠡᠮᠬᠢ ᠵᠢᠷᠤᠮ ᠲᠠᠢ ᠠᠬᠢᠪᠠ᠃ | ᠲᠠᠪᠤ ᠳᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠯᠠᠪᠳᠠᠭᠤᠨ ᠢᠶᠠᠷ ᠠᠬᠢᠪᠠ᠃ ᠮᠧᠩ | ᠨᠧᠩ ᠪᠦᠯᠦᠭᠯᠡᠯ ᠤᠨ ᠶᠢᠨ ᠱᠠᠨ ᠬᠤᠶᠠᠳᠤᠭᠠᠷ ᠬᠤᠭᠤᠴᠠᠭᠠᠨ ᠤ 2 × 66 ᠲᠦᠮᠡᠨ ᠺᠢᠯᠣᠸᠠᠲ ᠤᠨ ᠢᠯᠴᠢ ᠶᠢᠨ | ᠴᠠᠬᠢᠯᠭᠠᠨ ᠤ ᠦᠢᠯᠡᠳᠪᠦᠷᠢ ᠶᠢᠨ ᠲᠥᠷᠥᠯ ᠵᠦᠶ᠋ᠯ᠂ ᠱᠠᠩᠬᠠᠶ ᠶᠢᠨ ᠰᠦᠮ᠎ᠡ 2 × 100 ᠲᠦᠮᠡᠨ ᠺᠢᠯᠣᠸᠠᠲ ᠤᠨ | ᠴᠠᠬᠢᠯᠭᠠᠨ ᠤ ᠦᠢᠯᠡᠳᠪᠦᠷᠢ ᠶᠢᠨ ᠲᠥᠷᠥᠯ ᠵᠦᠢᠯ ᠪᠣᠯᠤᠨ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠴᠢ | ᠰᠢᠶᠠ ᠶᠢᠩ | 2 × 35 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠲᠥᠷᠥᠯ ᠵᠦᠶ᠋ᠯ ᠵᠢᠩᠬᠢᠨᠢ ᠪᠠᠷ ᠠᠵᠢᠯ ᠡᠬᠢᠯᠡᠪᠡ᠃ ᠵᠠᠮ | ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ 5 ᠵᠤᠷᠪᠤᠰ ᠲᠦᠷᠭᠡᠨ ᠤ ᠲᠡᠮᠦᠷ ᠵᠠᠮ ᠤᠨ ᠲᠥᠷᠥᠯ ᠵᠦᠢᠯ | ᠪᠠᠶᠢᠭᠤᠯᠤᠭᠳᠠᠨ ᠲᠡᠷᠭᠡ ᠨᠡᠪᠲᠡᠷᠡᠵᠦ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ | ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ᠂ ᠤᠰᠤᠨ ᠠᠰᠢᠭᠯᠠᠯᠲᠠ ᠶᠢᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ︽ᠴᠤᠤᠯ ᠭᠤᠤᠯ ᠤᠨ ᠤᠰᠤ ᠶᠢ ᠲᠠᠲᠠᠵᠤ ᠯᠢᠶᠣᠤᠾᠧ ᠭᠤᠤᠯ ᠳᠤ ᠨᠡᠮᠡᠷᠢᠯᠡᠬᠦ︾ | ᠤᠰᠤᠨ ᠠᠰᠢᠭᠯᠠᠯᠲᠠ ᠶᠢᠨ ᠲᠥᠷᠥᠯ ᠵᠦᠢᠯ ᠤᠷᠤᠭᠰᠢᠲᠠᠶ ᠠᠭᠢᠪᠠ᠃ | ᠵᠢᠷᠭᠤᠭ᠎ᠠ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠰᠠᠯᠭᠠᠵᠤ ᠨᠡᠶᠢᠭᠡᠮ ᠤᠨ ᠠᠵᠢᠯ ᠡᠷᠬᠢᠯᠡᠬᠦ | ᠲᠠᠯ᠎ᠠ ᠪᠠᠷ ᠲᠡᠦᠬᠡᠲᠦ ᠴᠢᠨᠠᠷᠲᠠᠢ ᠰᠢᠪᠲᠤᠯᠤᠯᠲᠠ ᠭᠠᠷᠭᠠᠪᠠ᠃ ᠪᠦᠬᠦ ᠣᠷᠣᠨ ᠤ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ︽ᠭᠤᠷᠪᠠ ᠶᠢ ᠬᠠᠩᠭᠠᠬᠤ ᠨᠢᠭᠡ ᠦᠢᠯᠡᠰ︾᠂ ᠭᠠᠯ ᠤᠨᠲᠠᠷᠠᠭᠠᠬᠤ᠂ ᠬᠤᠲᠠ ᠶᠢᠨ ᠶᠠᠪᠤᠳᠠᠯ ᠤᠨ | ᠪᠡᠯᠡᠳᠬᠡᠮᠵᠢ ᠡᠷᠬᠢᠯᠡᠬᠦ᠂ ᠨᠡᠶᠢᠭᠡᠮ ᠲᠣᠭᠤᠷᠢᠭ ᠤᠨ ᠬᠠᠮᠢᠶᠠᠷᠤᠯᠲᠠ᠂ ᠰᠤᠷᠭᠠᠨ ᠬᠥᠮᠦᠵᠢᠯ ᠡᠮ ᠡᠮᠨᠡᠯᠭᠡ ᠶᠢᠨ | ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠰᠢᠯᠵᠢᠭᠦᠯᠦᠨ ᠲᠤᠰᠢᠶᠠᠬᠤ ᠰᠡᠭᠦᠯ ᠬᠤᠷᠢᠶᠠᠬᠤ ᠠᠵᠢᠯ ᠢ ᠤᠷᠤᠭᠰᠢᠲᠠᠶ | ᠲᠦᠯᠬᠢᠨ ᠠᠬᠢᠭᠤᠯᠪᠠ᠃ ᠠᠵᠢᠯ ᠠᠴᠠ ᠪᠠᠨ ᠪᠠᠭᠤᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢ ᠰᠢᠯᠵᠢᠭᠦᠯᠦᠨ | ᠲᠤᠰᠢᠶᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠰᠢᠯᠵᠢᠭᠦᠯᠦᠨ ᠲᠤᠰᠢᠶᠠᠬᠤ ᠶᠢ ᠪᠡᠶᠡᠯᠡᠭᠦᠯᠦᠭᠰᠡᠨ ᠨᠣᠷᠮ᠎ᠠ 99 | % ᠳᠤ ᠬᠦᠷᠴᠦ᠂ ᠤᠯᠤᠰ ᠠᠴᠠ ᠱᠠᠭᠠᠷᠳᠠᠭᠰᠠᠨ ᠭᠤᠤᠯ ᠴᠣᠭᠴᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | | ᠲᠤᠯᠤᠭ᠎ᠠ ᠳᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠪᠠᠶᠢᠭᠤᠯᠤᠯ ᠤᠨ | ᠥᠭᠡᠷᠡᠴᠢᠯᠡᠯᠲᠡ ᠰᠢᠨ᠎ᠡ ᠠᠯᠬᠤᠮ ᠢ ᠠᠯᠬᠤᠪᠠ᠃ ᠬᠥᠷᠥᠩᠭᠡ ᠶᠢ ᠬᠠᠮᠢᠶᠠᠷᠬᠤ ᠪᠠᠷ ᠭᠤᠤᠯ ᠪᠣᠯᠭᠠᠭᠰᠠᠨ ᠡᠭᠦᠷᠭᠡ | ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠡᠷᠬᠡ ᠣᠯᠭᠤᠵᠤ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢ | ᠤᠯᠠᠮ ᠨᠢᠭᠡ ᠠᠯᠬᠤᠮ ᠴᠢᠩᠭᠠᠷᠠᠭᠤᠯᠤᠨ᠂ ᠬᠥᠳᠡᠯᠦᠩᠭᠦᠶ ᠲᠣᠳᠣᠷᠬᠠᠶ ᠬᠠᠭᠤᠳᠠᠰᠤ ᠮᠠᠶ᠋ᠢᠭ ᠤᠨ ᠬᠠᠮᠢᠶᠠᠷᠤᠯᠲᠠ ᠶᠢ | ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠵᠦᠢᠯᠡᠰ ᠢ ᠶᠡᠭᠡ ᠬᠡᠮᠵᠢᠶ᠎ᠡ ᠪᠠᠷ ᠪᠠᠭᠠᠰᠬᠠᠨ᠎ᠠ᠃ ᠡᠳ᠋ ᠤᠨ ᠶᠠᠪᠤᠳᠠᠯ᠂ ᠥᠮᠴᠢᠯᠡᠬᠦ | ᠡᠷᠬᠡ᠂ ᠲᠥᠯᠥᠪᠵᠢᠭᠦᠯᠭᠡ᠂ ᠥᠭᠡᠷᠡᠴᠢᠯᠡᠯᠲᠡ᠂ ᠪᠡᠯᠡ ᠣᠷᠣᠭᠤᠯᠵᠤ ᠪᠡᠯᠡ ᠲᠤᠬᠢᠷᠠᠭᠤᠯᠬᠤ᠂ ᠬᠢᠨᠠᠨ ᠰᠢᠯᠭᠠᠵᠤ | ᠬᠤᠪᠢᠶᠠᠷᠢᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠲᠣᠭᠲᠠᠴᠠ ᠶᠢ | ᠲᠣᠭᠲᠠᠭᠠᠨ ᠲᠡᠭᠦᠯᠳᠡᠷᠵᠢᠭᠦᠯᠦᠨ᠎ᠡ᠃ ᠪᠥᠬᠦ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠬᠢᠭᠡᠳ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠢᠯᠡᠴᠢᠯᠡᠭᠡᠨ ᠤ ᠲᠣᠮᠣ ᠳ᠋ᠠᠶᠢᠲ᠋ᠠ ᠶᠢᠨ | ᠲᠠᠪᠴᠠᠩ ᠢ ᠦᠨᠳᠦᠰᠦᠨ ᠳᠡᠭᠡᠨ ᠪᠠᠶᠢᠭᠤᠯᠵᠤ᠂ ᠣᠷᠣᠨ ᠤ ᠬᠠᠷᠢᠶ᠎ᠠ ᠪᠥᠬᠦᠶ ᠠᠵᠤ ᠠᠬᠤᠶᠢᠯᠠᠯ ᠤᠨ ᠶᠡᠭᠡ ᠲᠣᠭᠠᠨ ᠤ ᠪᠠᠯᠠ | ᠮᠥᠩᠭᠦ᠂ ᠡᠳ᠋ ᠤᠨ ᠶᠠᠪᠤᠳᠠᠯ᠂ ᠥᠮᠴᠢᠯᠡᠬᠦ ᠡᠷᠬᠡ᠂ ᠲᠥᠯᠥᠪᠵᠢᠭᠦᠯᠦᠨ ᠪᠠᠯᠠ ᠣᠷᠣᠭᠤᠯᠬᠤ ᠵᠡᠷᠭᠡ ᠲᠠᠯ᠎ᠠ ᠪᠠᠷ ᠬᠢ | ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ ᠬᠠᠤᠯᠢ ᠴᠠᠭᠠᠵᠠ ᠶᠢᠨ ᠲᠦᠭᠰᠢᠭᠦᠷᠢ ᠶᠢ ᠰᠡᠷᠭᠡᠶᠢᠯᠡᠬᠦ | ᠵᠣᠬᠢᠴᠠᠮᠵᠢ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠵᠤ᠂ ᠤᠯᠤᠰ ᠠᠴᠠ ᠦᠮᠴᠢᠯᠡᠯᠡᠳᠣ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠠᠵᠤ ᠠᠬᠤᠶᠢᠯᠠᠯ ᠪᠦᠬᠦᠨ ᠳᠤ ᠬᠠᠤᠯᠢ ᠶᠠᠪᠤᠳᠠᠯ ᠤᠨ ᠰᠠᠯᠠᠭ᠎ᠠ ᠮᠥᠴᠢᠷ ᠪᠠᠶᠢᠭᠤᠯᠵᠤ᠂ | 10 ᠡᠷᠦᠬᠡ ᠳᠤ ᠶᠡᠷᠦᠩᠬᠡᠢ ᠬᠠᠤᠯᠢ ᠴᠠᠭᠠᠵᠠ ᠶᠢᠨ ᠵᠥᠪᠯᠡᠭᠴᠢ᠂ ᠠᠵᠤ ᠠᠬᠤᠶᠢᠯᠠᠯ ᠤᠨ ᠳᠦᠷᠢᠮ ᠲᠣᠭᠲᠠᠭᠠᠯ᠂ ᠠᠵᠤ | ᠠᠬᠤᠢ ᠶᠢᠨ ᠭᠡᠷ᠎ᠡ ᠪᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠠᠤᠯᠢ ᠴᠠᠭᠠᠵᠠ ᠶᠢᠨ ᠬᠢᠨᠠᠨ ᠬᠠᠷᠭᠤᠭᠤᠯᠤᠯᠲᠠ ᠶᠢᠨ | ᠨᠣᠷᠮ᠎ᠠ ᠶᠢᠨ 100 % ᠳᠤ ᠬᠦᠷᠭᠡᠪᠡ᠃ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ | ᠲᠥᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠰᠢᠭᠤᠳ ᠪᠠ ᠨᠠᠶᠢᠳᠠᠨ ᠬᠢᠨᠠᠨ | ᠬᠠᠮᠢᠶᠠᠷᠤᠭᠤᠯᠬᠤ ᠳᠤ ᠣᠷᠣᠭᠤᠯᠤᠭᠰᠠᠨ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ | ᠶᠡᠷᠦᠩᠬᠡᠢ ᠬᠡᠮᠵᠢᠶ᠎ᠡ ᠨᠢ ᠰᠠᠯᠭᠠᠬᠤ ᠶᠣᠰᠣᠲᠠᠢ ᠠᠵᠤ ᠠᠬᠤᠶᠢᠯᠠᠯ ᠤᠨ ᠡᠳ᠋ ᠬᠦᠷᠦᠩᠭᠡ ᠶᠢᠨ 99 . 7 % ᠠᠴᠠ | ᠳᠡᠭᠡᠭᠰᠢᠬᠢ ᠶᠢ ᠡᠵᠡᠯᠡᠵᠦ᠂ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ | ᠨᠠᠢᠮᠠ ᠳᠤ᠂ ᠨᠠᠮ ᠤᠨ ᠤᠳᠤᠷᠢᠳᠤᠯᠭ᠎ᠠ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠤᠯᠤᠰ | ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ᠨᠢᠭᠡᠳᠦᠭᠡᠷ ᠵᠥᠪᠯᠡᠬᠦ ᠵᠦᠢᠯ ᠤᠨ | ᠲᠦᠷᠢᠮ ᠢ ᠪᠠᠶᠢᠭᠤᠯᠵᠤ᠂ ᠲᠡᠷᠢᠭᠦᠨ ᠴᠢᠬᠤᠯᠠ ᠡᠭᠦᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠢᠰᠲ᠋ᠧᠮ ᠲᠠᠢ ᠰᠤᠷᠤᠯᠴᠠᠵᠤ᠂ ᠦᠨᠡᠨ ᠬᠦ ᠰᠢᠨ᠎ᠡ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ | ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠢᠨᠠᠯᠲᠠ | ᠲᠠᠯᠪᠢᠬᠤ ᠠᠵᠢᠯ ᠰᠢᠨ᠎ᠡ ᠠᠬᠢᠴᠠ ᠲᠠᠢ ᠪᠤᠯᠵᠤ᠂ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠢ ᠵᠣᠬᠢᠶᠠᠨ | ᠪᠠᠶᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ | ᠪᠠᠶᠢᠭᠤᠯᠵᠤ᠂ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠨᠠᠩ ᠪᠠᠬᠢᠵᠢᠵᠦ᠂ ᠴᠠᠬᠢᠯᠭᠠᠨ ᠬᠦᠴᠦᠨ ᠤ ᠺᠣᠮᠫᠠᠨᠢ ᠶᠢᠨ ᠬᠡᠲᠦ ᠥᠨᠳᠥᠷ ᠬᠦᠴᠦᠳᠡᠯᠲᠦ ᠴᠠᠬᠢᠯᠭᠠᠨ | ᠬᠠᠩᠭᠠᠬᠤ ᠲᠣᠪᠴᠢᠶ᠎ᠠ ᠶᠢᠨ ᠨᠠᠮ ᠤᠨ ᠬᠤᠷᠢᠶ᠎ᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ | ᠬᠥᠬᠡᠬᠤᠲᠠ ᠳᠠᠬᠢ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶ᠎ᠠ ︽ᠪᠥᠬᠦ ᠤᠯᠤᠰ ᠤᠨ ᠲᠡᠷᠢᠭᠦᠨ ᠤ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ︾ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠨᠡᠶᠢᠭᠡᠮ ᠤᠨ ᠬᠠᠷᠢᠭᠤᠴᠠᠯᠭ᠎ᠠ ᠶᠢ | ᠢᠳᠡᠪᠬᠢᠲᠡᠢ ᠨᠠᠶᠢᠳᠠᠪᠤᠷᠢᠵᠢᠭᠤᠯᠵᠤ᠂ ᠰᠢᠰᠲ᠋ᠧᠮ ᠤᠨ ᠠᠵᠤ ᠠᠬᠤᠶᠢᠯᠠᠯ ᠤᠨ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ | ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠤᠨ᠎ᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠰᠤᠷᠲᠠᠯ ᠴᠢᠬᠡᠴᠢ ᠣᠪᠣᠷ | ᠲᠥᠪ ᠤᠯᠤᠰ ᠲᠦᠷᠦ ᠶᠢᠨ ᠠᠮᠢ ᠠᠬᠤᠢ ᠶᠢ ᠠᠯᠬᠤᠮ ᠠᠯᠬᠤᠮ ᠢᠶᠠᠷ ᠪᠦᠷᠢᠯᠳᠦᠭᠦᠯᠪᠡ᠃ | ᠡᠳᠡᠭᠡᠷ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠣᠯᠤᠭᠰᠠᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠤᠳᠤᠷᠢᠳᠤᠯᠭ᠎ᠠ ᠠᠴᠠ ᠪᠣᠯᠤᠭᠰᠠᠨ ᠶᠤᠮ᠂ ᠲᠥᠷᠦ ᠶᠢᠨ ᠶᠠᠪᠤᠳᠠᠯ ᠤᠨ | ᠬᠤᠷᠢᠶ᠎ᠠ ᠶᠢᠨ ᠤᠯᠤᠰ ᠠᠴᠠ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠷᠢᠨ | ᠨᠢᠮᠪᠠᠢ ᠵᠢᠯᠣᠭᠤᠳᠤᠯᠭ᠎ᠠ ᠠᠴᠠ ᠪᠣᠯᠤᠭᠰᠠᠨ ᠶᠤᠮ᠂ ᠤᠯᠤᠰ ᠠᠴᠠ ᠥᠮᠴᠢᠯᠡᠯ ᠤᠨ ᠡᠳ᠋ ᠬᠥᠷᠥᠩᠭᠡ ᠤᠯᠤᠰ ᠠᠴᠠ | ᠥᠮᠴᠢᠯᠡᠯ ᠤᠨ ᠠᠵᠤ ᠠᠬᠤᠶᠢᠯᠠᠯ ᠤᠨ ᠥᠷᠭᠡᠨ ᠣᠯᠠᠨ ᠺᠠᠳ᠋ᠷ ᠠᠵᠢᠯᠲᠠᠨ ᠤ ᠴᠥᠬᠦᠷᠡᠰᠢ ᠦᠭᠡᠢ ᠴᠢᠷᠮᠠᠶᠢᠯᠭ᠎ᠠ ᠠᠴᠠ | ᠪᠣᠯᠤᠭᠰᠠᠨ ᠶᠤᠮ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠴᠢᠬᠤᠯᠠ ᠬᠦᠷᠢᠶ᠎ᠡ ᠪᠠ | ᠵᠠᠩᠭᠢᠯᠠᠭ᠎ᠠ ᠶᠢᠨ ᠭᠤᠭᠴᠤᠭ᠎ᠠ ᠳᠤ ᠣᠯᠤᠭᠰᠠᠨ ᠴᠢᠬᠤᠯᠠ ᠰᠢᠪᠲᠤᠯᠤᠯᠲᠠ ᠨᠢ ᠠᠮᠢᠵᠢᠷᠠᠯ ᠤᠨ ᠬᠦᠴᠦᠨ᠂ ᠬᠥᠳᠡᠯᠭᠡᠬᠦ | ᠬᠦᠴᠦᠨ ᠢ ᠪᠦᠬᠦ ᠲᠠᠯ᠎ᠠ ᠪᠠᠷ ᠪᠠᠳᠠᠷᠠᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠠᠳ ᠢᠯᠡᠳᠲᠡ ᠦᠷ᠎ᠡ ᠪᠦᠲᠦᠮᠵᠢ ᠤᠯᠪᠠ᠃ ᠲᠦᠷᠭᠡᠨ | ᠮᠡᠳᠡᠭᠦᠯᠦᠯᠲᠡ ᠶᠢᠨ ᠪᠦᠷᠢᠳᠬᠡᠯ ᠢ ᠦᠨᠳᠦᠰᠦᠯᠡᠪᠡᠯ᠂ 2020 ᠣᠨ ᠤ 12 ᠳ᠋ᠤᠭᠠᠷ ᠰᠠᠷ᠎ᠠ ᠳᠤ᠂ ᠪᠥᠬᠦ ᠣᠷᠣᠨ ᠤ | ᠤᠯᠤᠰ ᠤᠨ ᠥᠮᠴᠢᠯᠡᠯᠲᠦ ᠵᠢᠴᠢ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠲᠤᠰᠠᠭᠠᠷ ᠲᠣᠭᠠᠴᠠᠭ᠎ᠠ ᠬᠢᠭᠰᠡᠨ ᠠᠵᠤ | ᠠᠬᠤᠶᠢᠯᠠᠯ 2873 ᠡᠷᠦᠬᠡ ᠪᠠᠶᠢᠵᠤ᠂ ᠡᠳ᠋ ᠬᠥᠷᠥᠩᠭᠡ ᠶᠢᠨ ᠶᠡᠷᠦᠩᠬᠡᠶ ᠲᠤᠭ᠎ᠠ ᠨᠢ 2 . 8 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ᠂ ᠡᠵᠡᠩᠨᠡᠯᠲᠡ ᠶᠢᠨ ᠣᠷᠣᠯᠭ᠎ᠠ ᠨᠢ 2739.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠡᠳ᠋ | ᠬᠥᠷᠥᠩᠭᠡ ᠶᠢᠨ ᠳᠤᠮᠳᠠᠴᠢ ᠥᠷᠢᠲᠦᠯ ᠤᠨ ᠨᠣᠷᠮ᠎ᠠ ᠨᠢ 61.1 % ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.9 | ᠵᠠᠭᠤᠨ ᠤ ᠴᠡᠭ ᠪᠠᠭᠤᠷᠠᠪᠠ᠃ 2020 ᠣᠨ ᠤ 11 ᠳ᠋ᠤᠭᠡᠷ ᠰᠠᠷ᠎ᠠ ᠳᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 1958.9 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠳᠤᠮᠳᠠᠴᠢ ᠡᠳ᠋ ᠬᠥᠷᠥᠩᠭᠡ ᠶᠢᠨ ᠥᠷᠢᠲᠦᠯ ᠤᠨ ᠨᠣᠷᠮ᠎ᠠ 65.5 % ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.9 ᠵᠠᠭᠤᠨ ᠤ ᠴᠡᠭ ᠪᠠᠭᠤᠷᠠᠵᠤ᠂ ᠲᠦᠢᠯ ᠤᠨ ᠬᠦᠴᠢᠷᠳᠡᠯᠲᠡᠶ ᠪᠠᠶᠢᠳᠠᠯ ᠳᠣᠤᠷ᠎ᠠ᠂ | ᠤᠯᠤᠰ ᠠᠴᠠ ᠱᠠᠭᠠᠷᠳᠠᠭᠰᠠᠨ 2 ᠵᠠᠭᠤᠨ ᠤ ᠴᠡᠭ ᠪᠠᠭᠤᠷᠠᠭᠤᠯᠬᠤ ᠬᠠᠲᠠᠭᠤ ᠪᠡᠷᠬᠡ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠪᠡ᠃ ᠲᠣᠭᠲᠠᠭᠤᠨ ᠢᠶᠠᠷ ᠳᠡᠭᠡᠭᠰᠢᠯᠡᠬᠦ ᠰᠠᠶᠢᠨ ᠪᠠᠶᠢᠳᠠᠯ ᠢ ᠪᠠᠲᠤᠯᠠᠵᠤ᠂ 13.8 ᠳ᠋ᠦᠩᠰᠢᠭᠤᠷ ᠲᠥᠭᠦᠷᠢᠭ ᠤᠨ | ᠠᠰᠢᠭ ᠣᠯᠵᠠᠪᠤᠷᠢ ᠶᠢ ᠪᠡᠶᠡᠯᠡᠭᠦᠯᠦᠨ᠎ᠡ᠃ | ᠳᠠᠷᠠᠭ᠎ᠠ ᠠᠯᠬᠤᠮ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠨ᠎ᠠ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠳᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠎ᠠ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ | ᠪᠣᠯᠭᠠᠨ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠬᠤ᠂ ᠭᠤᠷᠪᠠᠨ | ᠵᠢᠯ ᠤᠨ ᠠᠵᠢᠯᠯᠠᠭ᠎ᠠ ᠶᠢ ᠬᠡᠷᠡᠭᠵᠢᠭᠦᠯᠬᠦ ᠪᠠᠷ ᠶᠡᠷᠦᠩᠬᠡᠶ ᠭᠠᠷᠳᠠᠴᠠ ᠪᠣᠯᠭᠠᠵᠣ᠂ ᠤᠯᠤᠰ ᠤᠨ ᠥᠮᠴᠢᠯᠡᠯᠲᠦ ᠡᠳ᠋ ᠬᠥᠷᠥᠩᠭᠡ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠂ ᠰᠢᠨ᠎ᠡ ᠶᠢ | ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠴᠢᠩᠭᠠᠳᠬᠠᠵᠣ᠂ ᠪᠠᠶᠢᠷᠢᠰᠢᠯ ᠢ ᠰᠢᠯᠢᠳᠡᠭᠵᠢᠭᠦᠯᠦᠨ | ᠪᠦᠲᠦᠴᠡ ᠶᠢ ᠲᠣᠬᠢᠷᠠᠭᠤᠯᠤᠨ᠎ᠠ᠂ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠵᠦ᠂ ᠤᠯᠤᠰ ᠤᠨ | ᠥᠮᠴᠢᠯᠡᠯ ᠤᠨ ᠬᠦᠷᠦᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠡᠷᠡᠰ ᠭᠤᠶᠢᠪᠢᠰᠢ ᠦᠭᠡᠢ ᠪᠠᠷ | ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠎ᠠ᠂ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ | ᠣᠷᠣᠨ ᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ | | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ | ᠵᠢᠯ ᠤᠨ ᠠᠵᠢᠯᠯᠠᠭᠠᠨ ᠤ ᠲᠥᠷᠥ ᠶᠢᠨ ᠪᠣᠳᠣᠯᠭ᠎ᠠ ᠶᠢᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ | | ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ᠄ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠤᠨ ᠭᠤᠤᠯ ᠠᠭᠤᠯᠭ᠎ᠠ ᠶᠢ ᠲᠠᠨᠢᠯᠴᠠᠭᠤᠯᠵᠤ | ᠪᠣᠯᠬᠤ ᠤᠤ︖ | ᠸᠠᠩ ᠰᠢᠶᠤᠤ ᠶᠠᠨ᠄ ᠠᠰᠠᠭᠤᠭᠰᠠᠨ ᠳᠤ ᠴᠢᠨᠢ ᠪᠠᠶᠠᠷᠯᠠᠯ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠬᠦ ᠪᠣᠯ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠮᠠᠨ ᠤ ᠤᠯᠤᠰ ᠤᠳᠠᠯ ᠦᠭᠡᠢ ᠰᠢᠨ᠎ᠡ ᠬᠥᠭᠵᠢᠯᠲᠡ ᠶᠢᠨ ᠱᠠᠲᠤᠨ ᠳᠤ | ᠣᠷᠣᠬᠤ ᠭᠡᠵᠦ ᠪᠠᠶᠢᠭ᠎ᠠ ᠦᠶ᠎ᠡ ᠳᠤ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠮᠥᠨ᠃ | 2020 ᠣᠨ ᠤ 6 ᠰᠠᠷ᠎ᠠ ᠶᠢᠨ 30 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭᠠᠨ ᠤ ᠲᠥᠰᠦᠯ ︵20202022 ᠣᠨ︶︾ ᠢ ᠬᠢᠨᠠᠨ ᠵᠥᠪᠯᠡᠵᠦ ᠪᠠᠲᠤᠯᠠᠪᠠ᠃ ᠥᠪᠡᠷᠲᠡᠭᠡᠨ ᠵᠠᠰᠠᠬᠤ ᠣᠷᠣᠨ | ᠨᠢᠳᠤᠨᠤᠨ ᠤ 8 ᠳ᠋ᠤᠭᠠᠷ ᠰᠠᠷ᠎ᠠ ᠶᠢᠨ ᠰᠡᠭᠦᠯᠴᠢ ᠪᠠᠷ ︽ᠬᠡᠷᠡᠭᠵᠢᠭᠦᠯᠬᠦ ᠲᠥᠰᠦᠯ︾ ᠢ ᠲᠤᠭᠤᠷᠪᠢᠬᠤ ᠳᠤᠭᠤᠶᠢᠯᠠᠩ | ᠪᠠᠶᠢᠭᠤᠯᠵᠤ᠂ ᠲᠤᠭᠤᠷᠪᠢᠬᠤ ᠠᠵᠢᠯ ᠢ ᠵᠢᠩᠬᠢᠨᠢ ᠪᠠᠷ ᠡᠬᠢᠯᠡᠭᠦᠯᠵᠦ᠂ ᠭᠦᠨᠵᠡᠭᠡᠶ ᠪᠠᠶᠢᠴᠠᠭᠠᠨ ᠰᠤᠳᠤᠯᠬᠤ᠂ ᠥᠷᠭᠡᠨ ᠢᠶᠠᠷ | ᠰᠠᠨᠠᠯ ᠬᠤᠷᠢᠶᠠᠬᠤ ᠪᠠᠷ ᠳᠠᠮᠵᠢᠭᠤᠯᠤᠨ᠂ ᠤᠷᠢᠳ ᠬᠤᠵᠢᠳ ᠠᠷᠪᠠᠨ ᠬᠡᠳᠦᠨ ᠡᠬᠡ ᠨᠣᠤᠷᠠᠭ ᠢ ᠳᠠᠬᠢᠨ ᠳᠠᠪᠲᠠᠨ ᠶᠠᠷᠢᠯᠴᠠᠵᠤ | ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ︽ᠬᠡᠷᠡᠭᠵᠢᠭᠦᠯᠬᠦ ᠲᠥᠰᠦᠯ︾ ᠢ ᠤᠷᠢᠳ ᠬᠤᠵᠢᠳ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠠᠴᠠ ᠬᠢᠨᠠᠨ ᠵᠥᠪᠯᠡᠵᠦ | ᠪᠠᠲᠤᠯᠠᠪᠠ᠃ | ︽ᠬᠡᠷᠡᠭᠵᠢᠭᠦᠯᠬᠦ ᠲᠥᠰᠦᠯ︾ ᠨᠢ ᠬᠤᠶᠢᠰᠢᠳᠠ ᠶᠢᠨ ᠪᠦᠬᠦ ᠣᠷᠣᠨ ᠤ ᠤᠯᠤᠰ ᠤᠨ ᠥᠮᠴᠢᠯᠡᠯᠲᠦ ᠠᠵᠤ | ᠠᠬᠤᠶᠢᠯᠠᠯ ᠳᠤ ᠰᠢᠨ᠎ᠡ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠭᠲᠠᠭᠠᠵᠤ | ᠥᠭᠪᠡ᠃ | ᠨᠢᠭᠡᠳᠦᠭᠡᠷ ᠬᠡᠰᠡᠭ ᠪᠣᠯ ᠶᠡᠷᠦᠩᠬᠡᠢ ᠱᠠᠭᠠᠷᠳᠠᠯᠭ᠎ᠠ ᠪᠠ ᠲᠡᠷᠢᠭᠦᠨ ᠴᠢᠬᠤᠯᠠ ᠡᠭᠦᠷᠭᠡ ᠮᠥᠨ᠂ ᠭᠤᠤᠯ ᠠᠭᠤᠯᠭ᠎ᠠ ᠨᠢ ︽ | ᠬᠤᠶᠠᠷ ᠢ ᠭᠦᠨᠵᠡᠭᠡᠶ ᠲᠤᠭᠤᠰᠢᠯᠠᠭᠤᠯᠬᠤ︾ ᠪᠣᠯᠤᠨ᠎ᠠ ︵ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠠᠵᠢᠯ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠬᠡᠷᠡᠭᠲᠡᠶ︶᠂ ︽ᠨᠢᠭᠡ ᠶᠢ ᠣᠨᠣᠪᠴᠢᠲᠠᠢ ᠡᠵᠡᠮᠳᠡᠬᠦ︾ ︵ᠮᠠᠨ ᠤ ᠣᠷᠣᠨ ᠤ ︽ᠬᠤᠶᠠᠷ | ᠰᠠᠭᠤᠷᠢᠨ︾ ᠢ ᠣᠨᠣᠪᠴᠢᠲᠠᠢ ᠡᠵᠡᠮᠳᠡᠬᠦ ᠬᠡᠷᠡᠭᠲᠡᠢ᠂ ︽ᠬᠤᠶᠠᠷ ᠬᠠᠯᠬᠠᠪᠴᠢ︾᠂ ︽ᠨᠢᠭᠡ ᠬᠥᠭᠦᠷᠭᠡᠨ ᠪᠠᠬᠢᠯᠡᠯᠲᠡ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠬᠠᠶᠢᠨ ᠰᠦᠪᠡᠭᠴᠢᠯᠡᠵᠦ | ᠪᠠᠢᠨ᠎ᠠ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ | ᠳᠡᠭᠡᠷ᠎ᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠲᠦᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ | ᠭᠦᠢᠴᠡᠳ ᠪᠠᠳᠠᠷᠠᠭᠤᠯᠤᠨ᠎ᠠ︶᠂ ︽ᠲᠦᠷᠪᠡ ᠶᠢ ᠪᠠᠷᠢᠮᠲᠠᠯᠠᠬᠤ︾ ︵ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠂ ᠠᠵᠤ ᠠᠬᠤᠢ ᠶᠢᠨ ᠦᠨᠳᠦᠰᠦᠨ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠦᠨ᠎ᠡ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠨ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠤᠨ | ᠥᠮᠴᠢᠯᠡᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠭᠤᠣᠯ ᠰᠡᠳᠦᠪ ᠭᠤᠣᠯ ᠰᠢᠵᠢᠮ ᠢ ᠭᠤᠷᠪᠠᠨ | ᠵᠢᠯ ᠤᠨ ᠠᠵᠢᠯᠯᠠᠭ᠎ᠠ ᠳᠤ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠨ᠎ᠠ︶᠂ ︽ᠭᠤᠷᠪᠠᠨ ᠢᠯᠡᠷᠬᠡᠶ ᠦᠷ᠎ᠡ ᠪᠦᠲᠦᠮᠵᠢ︾ ︵ | ᠨᠠᠩ ᠪᠣᠯᠪᠠᠰᠤᠷᠠᠩᠭᠤᠶ ᠨᠠᠩ ᠬᠡᠪᠰᠢᠭᠰᠡᠨ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ | ᠲᠦᠷᠢᠮ ᠪᠠ ᠬᠥᠷᠥᠩᠭᠡ ᠬᠠᠮᠢᠶᠠᠷᠬᠤ ᠪᠠᠷ ᠭᠤᠤᠯ ᠪᠣᠯᠭᠠᠭᠰᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠯ ᠢ ᠪᠦᠷᠢᠯᠳᠦᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠂ ᠤᠯᠤᠰ ᠤᠨ | ᠥᠮᠴᠢᠯᠡᠯᠲᠦ ᠠᠵᠤ ᠠᠬᠤᠶ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ | ᠲᠦᠯᠬᠢᠨ ᠠᠬᠢᠭᠤᠯᠬᠤ ᠲᠠᠯ᠎ᠠ ᠪᠠᠷ ᠢᠯᠡᠷᠬᠡᠶ ᠦᠷ᠎ᠡ ᠪᠦᠲᠦᠮᠵᠢ ᠣᠯᠪᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠠᠮᠢᠳᠤᠯᠢᠭ ᠬᠦᠴᠦᠨ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ︶᠃ | ᠬᠤᠶᠠᠳᠤᠭᠠᠷ ᠬᠡᠰᠡᠭ ᠨᠢ ᠨᠠᠢᠮᠠᠨ ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠪᠡ᠃ | ᠨᠢᠭᠡ ᠳᠤ᠂ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ | ᠲᠡᠭᠦᠯᠳᠡᠷᠵᠢᠭᠦᠯᠵᠦ᠂ ︽ᠬᠤᠶᠠᠷ ᠢ ᠢᠮᠠᠭᠲᠠ ᠲᠤᠭᠤᠰᠢᠯᠠᠭᠤᠯᠬᠤ︾ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ | ᠪᠦᠲᠦᠮᠵᠢᠲᠡᠢ ᠺᠣᠮᠫᠠᠨᠢ ᠶᠢᠨ ᠵᠠᠰᠠᠯᠲᠠ ᠶᠢᠨ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ︔ ᠬᠤᠶᠠᠷ ᠲᠤ᠂ ᠤᠯᠤᠰ ᠤᠨ | ᠥᠮᠴᠢᠯᠡᠯ ᠤᠨ ᠠᠵᠤ ᠠᠬᠤᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ | ᠠᠬᠢᠭᠤᠯᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠴᠣᠭᠴᠠ ᠶᠢᠨ | ᠠᠵᠤ ᠠᠬᠤᠶ ᠶᠢ ᠬᠥᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠤᠯᠤᠰ ᠤᠨ ᠥᠮᠴᠢᠯᠡᠯ ᠤᠨ | ᠬᠥᠷᠥᠩᠭᠡ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠭᠤᠷᠪᠠ ᠳᠤ ᠬᠤᠯᠢᠮᠠᠭ ᠥᠮᠴᠢᠯᠡᠯ ᠤᠨ | ᠳᠦᠷᠢᠮᠲᠦ ᠥᠭᠡᠷᠡᠴᠢᠯᠡᠯᠲᠡ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠯ᠎ᠡ ᠲᠦᠷᠦᠯ ᠤᠨ | ᠥᠮᠴᠢᠯᠡᠯ ᠤᠨ ᠠᠵᠤ ᠠᠬᠤᠶᠢᠯᠠᠯ ᠤᠨ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠬᠦ᠂ | ᠬᠠᠮᠲᠤ ᠪᠠᠷ ᠬᠥᠭᠵᠢᠬᠦ ᠶᠢ ᠠᠬᠢᠭᠤᠯᠤᠨ᠎ᠠ︔ ᠲᠦᠷᠪᠡ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠮᠢᠳᠤᠯᠢᠭ | ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠵᠥᠪ | ᠴᠢᠭᠯᠡᠯ ᠢᠶᠠᠷ ᠤᠷᠮᠠᠰᠢᠭᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠢ ᠪᠥᠭᠡᠳ ᠡᠭᠦᠨ ᠠᠴᠠ ᠪᠤᠯᠵᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ︔ ᠲᠠᠪᠤ ᠳᠤ ᠬᠦᠷᠦᠩᠭᠡ ᠶᠢ ᠬᠠᠮᠢᠶᠠᠷᠬᠤ ᠪᠠᠷ ᠭᠤᠣᠯ ᠪᠣᠯᠭᠠᠭᠰᠠᠨ ᠤᠯᠤᠰ ᠤᠨ ᠥᠮᠴᠢᠯᠡᠯ ᠤᠨ | ᠡᠳ᠋ ᠬᠦᠷᠦᠩᠭᠡ ᠶᠢ ᠬᠢᠨᠠᠨ ᠬᠠᠮᠢᠶᠠᠷᠬᠤ ᠪᠠᠶᠢᠭᠤᠯᠤᠯ ᠢ ᠪᠤᠢ ᠪᠣᠯᠭᠠᠵᠤ᠂ ᠬᠢᠨᠠᠨ ᠬᠠᠮᠢᠶᠠᠷᠬᠤ ᠣᠶᠢᠯᠠᠭᠠᠭᠳᠠᠬᠤᠨ᠂ ᠬᠢᠨᠠᠨ | ᠬᠠᠮᠢᠶᠠᠷᠬᠤ ᠭᠤᠣᠯᠳᠠᠯᠭ᠎ᠠ᠂ ᠬᠢᠨᠠᠨ ᠬᠠᠮᠢᠶᠠᠷᠬᠤ ᠠᠷᠭ᠎ᠠ ᠮᠠᠶ᠋ᠢᠭ᠂ ᠬᠢᠨᠠᠨ ᠬᠠᠮᠢᠶᠠᠷᠬᠤ ᠤᠳᠤᠷᠢᠳᠤᠮᠵᠢ ᠵᠡᠷᠭᠡ ᠤᠯᠠᠨ | ᠲᠠᠯ᠎ᠠ ᠠᠴᠠ ᠬᠤᠪᠢᠷᠠᠭᠤᠯᠤᠯᠲᠠ ᠶᠢ ᠬᠦᠴᠦᠯᠡᠨ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠨ | ᠬᠠᠮᠢᠶᠠᠷᠬᠤ ᠶᠢᠨ ᠰᠢᠰᠲ᠋ᠧᠮᠲᠦ ᠴᠢᠨᠠᠷ᠂ ᠬᠠᠨᠳᠤᠯᠭᠠᠲᠤ ᠴᠢᠨᠠᠷ᠂ ᠪᠦᠳᠤᠮᠵᠢᠳᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ︔ ᠵᠢᠷᠭᠤᠭ᠎ᠠ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠷᠬᠡ ᠲᠡᠭᠰᠢ ᠪᠠᠷ ᠵᠠᠬ᠎ᠠ | ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠶᠢ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠢᠯᠡ ᠲᠣᠳᠣ᠂ ᠡᠷᠬᠡ ᠲᠡᠭᠰᠢ᠂ ᠲᠥᠪ | ᠭᠤᠣᠯᠴᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠨ᠎ᠠ︔ ᠲᠤᠯᠤᠭ᠎ᠠ ᠳᠤ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠯᠢ ᠤᠯᠠᠨ ᠲᠤᠰᠬᠠᠢ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ︔ ᠨᠠᠢᠮᠠ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠤᠳᠤᠷᠢᠳᠤᠯᠭ᠎ᠠ ᠪᠣᠯᠤᠨ | ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ | ᠭᠤᠷᠪᠠᠳᠤᠭᠠᠷ ᠬᠡᠰᠡᠭ ᠪᠣᠯ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠂ ᠡᠭᠦᠨ ᠳᠤ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠬᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ᠂ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠬᠤ ᠵᠡᠷᠭᠡ ᠠᠷᠭ᠎ᠠ ᠬᠡᠮᠵᠢᠶ᠎ᠡ ᠪᠠᠭᠲᠠᠨ᠎ᠠ᠃ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠤᠯᠤᠰ ᠤᠨ ᠥᠮᠴᠢᠯᠡᠯ ᠤᠨ ᠬᠥᠷᠥᠩᠭᠡ ᠶᠢᠨ | ᠪᠠᠶᠢᠷᠢᠰᠢᠯ ᠤᠨ ᠪᠦᠲᠦᠴᠡ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠬᠢᠬᠦ ᠪᠣᠯ ᠰᠢᠨ᠎ᠡ ᠨᠢᠭᠡ | ᠡᠭᠡᠯᠵᠢ ᠶᠢᠨ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠡᠭᠦᠷᠭᠡ ᠮᠥᠨ᠂ ᠥᠭᠡᠷᠡᠴᠢᠯᠡᠯᠲᠡ ᠶᠢ ᠰᠠᠶᠢᠲᠤᠷ | ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠷᠠᠭᠠᠴᠢ ᠶᠢᠨ ᠱᠠᠲᠤᠨ ᠳᠤ ᠪᠠᠶᠢᠷᠢᠰᠢᠯ ᠤᠨ ᠪᠦᠲᠦᠴᠡ ᠶᠢᠨ | ᠲᠣᠬᠢᠷᠠᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖ | ᠸᠧᠶ ᠱᠤ᠋ ᠴᠢ᠄ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠬᠦ ᠪᠠ | ᠪᠦᠲᠦᠴᠡ ᠶᠢᠨ ᠲᠣᠬᠢᠷᠠᠭᠤᠯᠤᠯᠲᠠ ᠶᠢ ᠢᠯᠡᠳᠲᠡ ᠠᠬᠢᠴᠠ ᠲᠠᠢ ᠪᠣᠯᠭᠠᠪᠠ᠃ | ︽ᠬᠡᠷᠡᠭᠵᠢᠭᠦᠯᠬᠦ ᠲᠥᠰᠦᠯ︾ ᠳᠤ ᠤᠯᠤᠰ ᠤᠨ ᠥᠮᠴᠢᠯᠡᠯ ᠤᠨ ᠠᠵᠤ ᠠᠬᠤᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ | ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠬᠤ ᠬᠡᠷᠡᠭᠲᠡᠶ ᠭᠡᠵᠦ | ᠲᠣᠳᠣᠷᠬᠠᠶ ᠵᠢᠭᠠᠵᠤ ᠭᠠᠷᠭᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠥᠪᠡᠷᠲᠡᠭᠡᠨ ᠵᠠᠰᠠᠬᠤ ᠣᠷᠣᠨ ᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠶᠢᠨ ᠲᠣᠭᠤᠷᠢᠨ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ ᠤᠯᠠᠮ ᠴᠢᠨᠠᠭᠰᠢᠳᠠ ᠠᠬᠢᠭᠤᠯᠤᠨ᠎ᠠ᠃ | ᠪᠣᠳᠠᠲᠠᠢ ᠪᠠᠷ ᠬᠡᠯᠡᠪᠡᠯ ᠳᠣᠣᠷᠠᠬᠢ ᠬᠡᠳᠦᠨ ᠲᠠᠯ᠎ᠠ ᠪᠠᠶᠢᠨ᠎ᠠ᠃ | ᠨᠢᠭᠡ ᠳᠤ᠂ ᠪᠦᠲᠦᠴᠡ ᠶᠢ ᠰᠢᠯᠢᠳᠡᠭᠵᠢᠭᠦᠯᠬᠦ᠂ ᠣᠷᠴᠢᠯ ᠢ ᠰᠢᠯᠤᠭᠤᠳᠬᠠᠬᠤ᠂ ᠨᠡᠮᠡᠭᠳᠡᠯ ᠢ ᠲᠣᠭᠲᠠᠪᠤᠷᠢᠵᠢᠭᠤᠯᠬᠤ | ᠳᠤᠮᠳᠠᠬᠢ ᠤᠯᠤᠰ ᠤᠨ ᠥᠮᠴᠢᠯᠡᠯ ᠤᠨ ᠠᠵᠤ ᠠᠬᠤᠢ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠤᠨ᠎ᠠ᠃ ᠠᠵᠤ | ᠦᠢᠯᠡᠰ ᠤᠨ ᠣᠷᠴᠢᠯ᠂ ᠵᠠᠬ᠎ᠠ ᠳᠡᠯᠭᠡᠭᠦᠷ ᠤᠨ ᠣᠷᠴᠢᠯ ᠢ ᠰᠢᠯᠤᠭᠤᠳᠬᠠᠬᠤ᠂ ᠠᠵᠤ ᠠᠬᠤᠶ ᠨᠡᠶᠢᠭᠡᠮ ᠤᠨ ᠣᠷᠴᠢᠯ ᠵᠡᠷᠭᠡ | ᠲᠠᠯ᠎ᠠ ᠪᠠᠷ ᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯ | ᠬᠠᠷᠢᠭᠤᠴᠠᠯᠭ᠎ᠠ ᠭᠤᠣᠯ ᠠᠵᠢᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠬᠦ ᠶᠢ ᠲᠦᠷᠭᠡᠳᠬᠡᠨ ᠠᠬᠢᠭᠤᠯᠵᠤ᠂ ᠵᠠᠬ᠎ᠠ | ᠳᠡᠯᠭᠡᠭᠦᠷ ᠢᠶᠠᠷ ᠤᠳᠤᠷᠢᠳᠤᠮᠵᠢ ᠪᠣᠯᠭᠠᠨ ᠪᠦᠲᠦᠴᠡ ᠶᠢᠨ ᠲᠣᠬᠢᠷᠠᠭᠤᠯᠤᠯᠲᠠ ᠬᠢᠵᠦ᠂ ᠪᠣᠳᠠᠲᠤ ᠴᠣᠭᠴᠠ ᠶᠢᠨ ᠠᠵᠤ | ᠠᠬᠤᠶ ᠶᠢ ᠬᠥᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ | ᠲᠣᠭᠲᠠᠪᠤᠷᠢᠵᠢᠭᠤᠯᠬᠤ ᠬᠡᠷᠡᠭᠲᠡᠶ᠃ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠥᠷᠥᠯ | ᠵᠦᠢᠯ ᠢᠶᠠᠷ ᠬᠠᠮᠲᠤᠷᠠᠯᠴᠠᠬᠤ᠂ ᠠᠵᠤ ᠦᠢᠯᠡᠰ ᠢ ᠬᠠᠮᠲᠤᠪᠠᠷ ᠪᠠᠶᠢᠭᠤᠯᠬᠤ᠂ ᠬᠤᠯᠪᠣᠭ᠎ᠠ ᠪᠠᠶᠢᠭᠤᠯᠬᠤ ᠵᠡᠷᠭᠡ ᠵᠠᠬ᠎ᠠ | ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ | ᠠᠵᠤ ᠠᠬᠤᠶᠢᠯᠠᠯ ᠤᠨ ᠬᠥᠭᠵᠢᠯᠲᠡ ᠶᠢ ᠳᠠᠶᠢᠴᠢᠯᠠᠬᠤ ᠶᠢ ᠳᠡᠮᠵᠢᠨ᠎ᠡ᠃ ᠣᠷᠣᠨ ᠤ ᠬᠠᠷᠢᠶ᠎ᠠ ᠪᠥᠬᠦᠶ ᠤᠯᠤᠰ ᠤᠨ | ᠥᠮᠴᠢᠯᠡᠯᠲᠦ ᠠᠵᠤ ᠠᠬᠤᠶᠢᠯᠠᠯ ᠬᠢᠭᠡᠳ ᠲᠥᠪ ᠤᠨ ᠠᠵᠤ ᠠᠬᠤᠶᠢᠯᠠᠯ᠂ ᠪᠤᠰᠤᠳ ᠣᠷᠣᠨ ᠨᠤᠲᠤᠭ ᠤᠨ ᠤᠯᠤᠰ ᠤᠨ | ᠥᠮᠴᠢᠯᠡᠯᠲᠦ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠵᠠᠬ᠎ᠠ ᠳᠡᠯᠭᠡᠭᠦᠷᠴᠢᠯᠡᠬᠦ ᠵᠠᠷᠴᠢᠮ | ᠶᠣᠰᠣᠭᠠᠷ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠶᠢ ᠳᠡᠮᠵᠢᠨ᠎ᠡ᠃ ᠣᠷᠣᠨ ᠤ ᠬᠠᠷᠢᠶ᠎ᠠ ᠪᠥᠬᠦᠶ ᠠᠵᠤ | ᠠᠬᠤᠶᠢᠯᠠᠯ ᠤᠨ ᠬᠥᠨᠳᠡᠯᠡᠨ ᠭᠤᠯᠳᠤ ᠪᠠᠷ ᠲᠣᠬᠢᠷᠠᠭᠤᠯᠤᠯᠲᠠ ᠬᠢᠬᠦ ᠶᠢ ᠲᠦᠷᠭᠡᠳᠬᠡᠨ᠂ ᠠᠵᠤ ᠦᠢᠯᠡᠰ ᠤᠨ ᠬᠡᠯᠬᠢᠶ᠎ᠡ ᠶᠢᠨ | ᠡᠬᠢ ᠪᠠᠶᠠᠯᠢᠭ ᠤᠨ ᠲᠣᠬᠢᠷᠠᠭᠤᠯᠤᠯᠲᠠ ᠬᠢᠵᠦ ᠲᠠᠰ ᠳᠡᠪᠰᠢᠭᠦᠯᠵᠦ᠂ ᠮᠠᠰᠢ ᠣᠯᠠᠨ ᠳᠤᠮᠳᠠ ᠵᠢᠵᠢᠭ ᠤᠯᠤᠰ ᠤᠨ | ᠥᠮᠴᠢᠯᠡᠯᠲᠦ ᠠᠵᠤ ᠠᠬᠤᠶᠢᠯᠠᠯ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠶᠢ ᠠᠬᠢᠭᠤᠯᠤᠨ᠎ᠠ᠃ | ᠬᠤᠶᠠᠷ ᠲᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠴᠢᠬᠤᠯᠠ ᠠᠵᠢᠯ ᠲᠦᠷᠦᠯ ᠪᠠ ᠵᠠᠩᠭᠢᠯᠠᠭ᠎ᠠ ᠶᠢᠨ | ᠬᠦᠷᠢᠶᠡᠨ ᠳᠤ ᠲᠥᠪᠯᠡᠷᠡᠬᠦ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠬᠥᠭᠵᠢᠯᠲᠡ ᠶᠢᠨ | ᠪᠠᠶᠢᠷᠢᠰᠢᠯ ᠢ ᠴᠣᠭᠴᠠᠯᠠᠬᠤ ᠳᠤᠮᠳᠠᠬᠢ ᠴᠢᠳᠠᠮᠵᠢ ᠶᠢᠨ ᠪᠠᠶᠢᠷᠢ ᠲᠣᠭᠲᠠᠭᠠᠯᠲᠠ᠂ ᠡᠬᠢ ᠪᠠᠶᠠᠯᠢᠭ ᠤᠨ ᠣᠭ ᠰᠤᠷᠪᠤᠯᠵᠢ᠂ | ᠬᠠᠷᠢᠴᠠᠭᠤᠯᠤᠭᠰᠠᠨ ᠳᠠᠪᠠᠭᠤᠯᠢᠭ᠂ ᠬᠥᠭᠵᠢᠯᠲᠡ ᠶᠢᠨ ᠬᠡᠷᠡᠭᠴᠡᠭᠡ ᠪᠠ ᠪᠣᠳᠠᠲᠤ ᠪᠣᠯᠤᠮᠵᠢ ᠳᠤ ᠰᠠᠭᠤᠷᠢᠯᠠᠨ᠂ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠶ᠋ᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠠᠢ ᠨᠢᠭᠲᠠ | ᠤᠶᠠᠯᠳᠤᠭᠤᠯᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠠᠯᠬᠤᠴᠠ ᠶᠢ ᠲᠦᠷᠭᠡᠳᠬᠡᠨ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠠᠰ | ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠣᠲᠣ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮᠵᠢ ᠶᠢ ᠬᠦᠴᠦᠯᠡᠨ | ᠪᠠᠶᠢᠭᠤᠯᠤᠨ᠎ᠠ᠃ ᠪᠥᠬᠦ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠯᠤᠰ ᠤᠨ ᠥᠮᠴᠢᠯᠡᠯ ᠤᠨ | ᠬᠥᠷᠥᠩᠭᠡ ᠶᠢᠨ ᠪᠠᠶᠢᠷᠢᠰᠢᠭᠤᠯᠤᠯᠲᠠ ᠬᠢᠭᠡᠳ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠲᠣᠬᠢᠷᠠᠭᠤᠯᠤᠯᠲᠠ ᠶᠢᠨ ᠲᠥᠯᠥᠪᠵᠢᠭᠦᠯᠭᠡ ᠶᠢ ᠡᠨᠡ ᠵᠢᠯ ᠤᠨ 6 ᠰᠠᠷ᠎ᠠ ᠠᠴᠠ ᠡᠮᠦᠨ᠎ᠡ ᠨᠠᠶᠢᠷᠠᠭᠤᠯᠤᠨ ᠳᠠᠭᠤᠰᠬᠠᠬᠤ ᠶᠢᠨ | ᠬᠠᠮᠲᠤ ᠪᠢᠳᠡ ᠪᠠᠰᠠ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠭᠤᠯᠤᠯᠲᠠ ᠶᠢᠨ | ᠪᠦᠲᠦᠴᠡ ᠶᠢᠨ ᠲᠣᠬᠢᠷᠠᠭᠤᠯᠤᠯᠲᠠ ᠶᠢᠨ ᠲᠥᠰᠦᠯ ᠳᠤ ᠵᠠᠰᠠᠪᠤᠷᠢ ᠣᠷᠣᠭᠤᠯᠵᠤ᠂ ᠪᠥᠬᠦ ᠣᠷᠣᠨ ᠤ ᠤᠯᠤᠰ ᠤᠨ | ᠥᠮᠴᠢᠯᠡᠯ ᠤᠨ ᠬᠥᠷᠥᠩᠭᠡ ᠶᠢᠨ ᠪᠠᠶᠢᠷᠢᠰᠢᠭᠤᠯᠤᠯᠲᠠ ᠬᠢᠭᠡᠳ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠲᠣᠬᠢᠷᠠᠭᠤᠯᠤᠯᠲᠠ ᠶᠢᠨ ᠶᠡᠷᠦᠩᠬᠡᠶ ᠰᠡᠳᠬᠢᠮᠵᠢ ᠪᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ | ᠪᠣᠯᠤᠨ᠎ᠠ᠃ | ᠭᠤᠷᠪᠠ ᠳᠤ᠂ ᠳᠠᠪᠠᠭᠤᠯᠢᠭ ᠲᠠᠯ᠎ᠠ ᠶᠢ ᠪᠦᠷᠢᠯᠳᠦᠭᠦᠯᠦᠭᠡᠳᠦᠶ ᠭᠤᠣᠯ ᠡᠵᠡᠩᠨᠡᠯᠲᠡ ᠶᠢᠨ ᠪᠤᠰᠤ ᠲᠤᠬᠠᠶᠢᠯᠠᠭᠰᠠᠨ ᠠᠵᠢᠯ | ᠪᠣᠯᠤᠨ ᠦᠷ᠎ᠡ ᠠᠰᠢᠭ ᠢᠶᠠᠷ ᠳᠣᠣᠷ᠎ᠠ ᠪᠤᠶᠤ ᠦᠷ᠎ᠡ ᠠᠰᠢᠭ ᠦᠭᠡᠶ ᠡᠳ ᠬᠥᠷᠥᠩᠭᠡ ᠶᠢ ᠦᠷᠭᠦᠯᠵᠢᠯᠡᠨ ᠢᠯᠭᠠᠷᠠᠭᠤᠯᠤᠨ | ᠪᠤᠴᠠᠭᠠᠬᠤ ᠬᠡᠷᠡᠭᠲᠡᠶ᠃ ᠪᠢᠳᠡ 2021 ᠣᠨ ᠳᠤ ᠣᠷᠣᠨ ᠤ ᠬᠠᠷᠢᠶ᠎ᠠ ᠠᠵᠤ ᠠᠬᠤᠶᠢᠯᠠᠯ ᠤᠨ ᠭᠤᠤᠯ ᠠᠵᠢᠯ ᠪᠠ ᠪᠠᠯᠠ | ᠣᠷᠣᠭᠤᠯᠤᠯᠲᠠ ᠶᠢᠨ ᠲᠥᠷᠥᠯ ᠦᠢᠯᠡᠰ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠬᠥᠳᠡᠯᠦᠩᠭᠦᠶ ᠪᠠᠷ ᠲᠣᠬᠢᠷᠠᠭᠤᠯᠬᠤ | ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠭᠤᠤᠯ ᠠᠵᠢᠯ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ | ᠬᠥᠲᠥᠯᠥᠨ ᠵᠢᠯᠣᠭᠤᠳᠤᠨ᠎ᠠ᠃ ᠣᠷᠣᠨ ᠤ ᠬᠠᠷᠢᠶ᠎ᠠ ᠪᠥᠬᠦᠶ ᠠᠵᠤ ᠠᠬᠤᠶᠢᠯᠠᠯ ᠢ ᠵᠢᠯᠣᠭᠤᠳᠤᠨ ᠥᠷᠢᠰᠥᠯᠳᠦᠭᠡᠨ ᠤ | ᠳᠠᠪᠠᠭᠤᠯᠢᠭ ᠢ ᠪᠦᠷᠢᠯᠳᠦᠭᠦᠯᠦᠭᠡᠳᠦᠶ᠂ ᠬᠥᠭᠵᠢᠯᠲᠡ ᠶᠢᠨ ᠳᠠᠯᠳᠠ ᠬᠦᠴᠦᠨ ᠢᠶᠠᠷ ᠳᠤᠲᠠᠮᠠᠭ ᠪᠠᠶᠢᠬᠤ ᠭᠤᠤᠯ | ᠡᠵᠡᠩᠨᠡᠯᠲᠡ ᠶᠢᠨ ᠪᠤᠰᠤ ᠲᠤᠬᠠᠶᠢᠯᠠᠭᠰᠠᠨ ᠠᠵᠢᠯ ︵ᠠᠵᠤ ᠠᠬᠤᠶᠢᠯᠠᠯ︶ ᠪᠣᠯᠤᠨ ᠦᠷ᠎ᠡ ᠠᠰᠢᠭ ᠢᠶᠠᠷ ᠳᠣᠤᠷ᠎ᠠ ᠪᠤᠶᠤ ᠦᠷ᠎ᠡ | ᠠᠰᠢᠭ ᠥᠬᠡᠶ ᠡᠳ᠋ ᠬᠥᠷᠥᠩᠭᠡ ᠶᠢ ᠪᠥᠬᠦ ᠲᠠᠯ᠎ᠠ ᠪᠠᠷ ᠡᠮᠬᠢᠯᠡᠵᠦ ᠪᠤᠴᠠᠭᠠᠨ ᠭᠠᠷᠭᠠᠵᠤ᠂ ᠵᠢᠱᠢᠯᠲᠡ ᠪᠠᠷ 2022 ᠣᠨ | ᠪᠣᠯᠬᠤ ᠳᠤ ᠣᠷᠣᠨ ᠤ ᠬᠠᠷᠢᠶ᠎ᠠ ᠪᠥᠬᠦᠶ ᠠᠵᠤ ᠠᠬᠤᠶᠢᠯᠠᠯ ᠤᠨ ᠦᠯᠡᠳᠡᠭᠡᠯ ᠢ ᠢᠯᠭᠠᠷᠠᠭᠤᠯᠤᠨ ᠪᠤᠴᠠᠭᠠᠬᠤ ᠶᠠᠪᠤᠳᠠᠯ ᠢ | ᠦᠨᠳᠦᠰᠦᠨ ᠳᠤᠨᠢ ᠪᠡᠶᠡᠯᠡᠭᠦᠯᠵᠦ᠂ ᠬᠠᠮᠢᠶᠠᠷᠤᠯᠲᠠ ᠶᠢᠨ ᠱᠠᠲᠤ ᠲᠠᠰ ᠢ ᠵᠠᠷᠴᠢᠮ ᠳᠡᠭᠡᠷ᠎ᠡ ᠪᠠᠨ ᠭᠤᠷᠪᠠᠨ ᠱᠠᠲᠤᠨ ᠤ | ᠳᠣᠲᠣᠷ᠎ᠠ ᠬᠢᠵᠠᠭᠠᠷᠯᠠᠵᠤ᠂ ᠬᠠᠤᠯᠢ ᠶᠢᠨ ᠡᠷᠬᠡᠲᠡᠨ ᠤ ᠡᠷᠦᠬᠡ ᠶᠢᠨ ᠲᠤᠭ᠎ᠠ ᠶᠢ 20 % ᠠᠴᠠ ᠳᠡᠭᠡᠭᠰᠢ ᠪᠠᠭᠠᠰᠬᠠᠨ᠎ᠠ᠃ | ᠲᠦᠷᠪᠡ ᠳᠤ᠂ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠶᠢ ᠴᠢᠩᠭᠠᠳᠬᠠᠵᠤ᠂ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠪᠢᠳᠡ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ 5 G᠂ ᠠᠵᠤ ᠦᠶ᠋ᠯᠡᠳᠪᠦᠷᠢ ᠶᠢᠨ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢ᠂ ᠲᠣᠮᠣ | ᠳ᠋ᠠᠶᠢᠲ᠋ᠠ ᠶᠢᠨ ᠲᠥᠪ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ | ᠴᠠᠷᠠᠭ᠎ᠠ ᠳᠤ ᠨᠠᠩ ᠣᠯᠠᠨ ᠣᠷᠣᠭᠤᠯᠤᠯᠲᠠ ᠬᠢᠬᠦ ᠶᠢ ᠢᠳᠡᠪᠬᠢᠲᠡᠶ ᠠᠬᠢᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠬᠢᠭᠡᠳ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠠᠵᠤ ᠠᠬᠤᠶᠢᠯᠠᠯ ᠤᠨ | ᠲᠣᠭᠠᠴᠢᠯᠠᠯᠲᠠ᠂ ᠤᠶᠤᠨᠴᠢᠯᠠᠯᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠨᠢᠭᠡ ᠪᠦᠯᠦᠭ | ᠥᠷᠢᠰᠥᠯᠳᠦᠬᠦ ᠬᠦᠴᠦᠨ ᠲᠠᠢ ᠠᠵᠢᠯ ᠲᠥᠷᠥᠯ ᠤᠨ ᠲᠡᠷᠢᠭᠦᠨ ᠤ ᠠᠵᠤ ᠠᠬᠤᠶᠢᠯᠠᠯ ᠢ ᠪᠤᠶᠢᠵᠢᠭᠤᠯᠪᠠ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ᠡᠨᠡ ᠤᠳᠠᠭᠠᠨ ᠤ ᠮᠠᠨ ᠤ ᠣᠷᠣᠨ ᠤ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ | ᠲᠥᠰᠦᠯ ᠨᠢ ᠶᠠᠮᠠᠷ ᠣᠨᠴᠠᠯᠢᠭ ᠲᠠᠢ ᠪᠣᠶ︖ ᠲᠠᠷᠠᠭᠠᠴᠢ ᠶᠢᠨ ᠠᠯᠬᠤᠮ ᠳᠤ ᠥᠭᠡᠷᠡᠴᠢᠯᠡᠯᠲᠡ ᠶᠢ ᠳᠥᠯᠭᠢᠨ | ᠠᠬᠢᠭᠤᠯᠬᠤ ᠶᠢᠨ ᠭᠤᠤᠯᠳᠠᠯᠭ᠎ᠠ ᠨᠢ ᠶᠠᠭᠤ ᠪᠣᠶ︖ | ᠵᠠᠩ ᠳ᠋ᠦᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ︽ᠬᠡᠷᠡᠭᠵᠢᠭᠦᠯᠬᠦ ᠲᠥᠰᠦᠯ︾ ᠪᠣᠯ ᠲᠥᠪ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ | ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ | ᠬᠥᠭᠵᠢᠯᠲᠡ ᠶᠢᠨ ᠭᠤᠤᠯ ᠦᠷ᠎ᠡ ᠪᠦᠲᠦᠮᠵᠢ ᠪᠠ ᠲᠤᠷᠰᠢᠯᠭ᠎ᠠ ᠶᠢ ᠪᠥᠬᠦ ᠲᠠᠯ᠎ᠠ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ | ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠬᠠᠨᠳᠤᠭᠤᠯᠤᠨ ᠪᠥᠬᠦ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠵᠢᠯᠣᠭᠤᠳᠬᠤ ᠴᠢᠬᠤᠯᠠ ᠪᠢᠴᠢᠭ | ᠮᠠᠲ᠋ᠧᠷᠢᠶᠠᠯ ᠪᠣᠯᠤᠨ᠎ᠠ᠃ ︽ᠬᠡᠷᠡᠭᠵᠢᠭᠦᠯᠬᠦ ᠲᠥᠰᠦᠯ︾ ᠨᠢ ᠤᠯᠤᠰ ᠤᠨ ᠠᠵᠢᠯᠯᠠᠭ᠎ᠠ ᠶᠢᠨ ᠲᠥᠰᠦᠯ ᠳᠤ ᠣᠷᠣᠨ | ᠨᠤᠲᠤᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯ ᠤᠨ ᠠᠭᠤᠯᠭ᠎ᠠ᠂ ᠥᠪᠡᠷᠲᠡᠭᠡᠨ ᠵᠠᠰᠠᠬᠤ ᠣᠷᠣᠨ ᠤ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠳᠤᠲᠠᠭᠤᠳᠠᠯ ᠪᠠ ᠪᠠᠭᠤᠷᠠᠶ ᠲᠠᠯ᠎ᠠ ᠶᠢ | ᠲᠣᠳᠣᠷᠬᠠᠶᠢᠯᠠᠵᠤ᠂ ᠪᠣᠳᠠᠲᠠᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ ᠤ ᠬᠠᠮᠲᠤ᠂ ᠢᠷᠡᠭᠡᠳᠦᠶ ᠶᠢᠨ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠰᠢᠨ᠎ᠡ ᠶᠢ | ᠡᠭᠦᠳᠬᠦ ᠴᠡᠭ ᠪᠠ ᠠᠵᠢᠯ ᠤᠨ ᠬᠢᠯᠠᠰ ᠴᠡᠭ ᠢ ᠢᠯᠡᠷᠡᠭᠦᠯᠵᠡᠶ᠃ ᠶᠡᠷᠦᠩᠬᠡᠢ ᠳᠤᠨᠢ ᠠᠪᠴᠤ ᠦᠵᠡᠪᠡᠯ ᠭᠤᠣᠯᠳᠠᠭᠤ ᠭᠤᠷᠪᠠᠨ | ᠣᠨᠴᠠᠯᠢᠭ ᠢ ᠬᠠᠷᠠᠭᠤᠯᠵᠤ ᠪᠠᠶᠢᠨ᠎ᠠ᠃ | ᠨᠢᠭᠡ ᠳᠤ᠂ ᠥᠭᠡᠷᠡᠴᠢᠯᠡᠯᠲᠡ ᠶᠢᠨ ᠬᠠᠷᠠᠯᠲᠠ ᠶᠢᠨ ᠲᠠᠯ᠎ᠠ ᠪᠠᠷ ᠠᠮᠢᠵᠢᠷᠠᠯ ᠤᠨ ᠬᠦᠴᠦᠨ᠂ ᠶᠠᠰᠤ ᠴᠢᠨᠠᠷ᠂ ᠦᠷ᠎ᠡ | ᠠᠰᠢᠭ ᠢ ᠢᠯᠡᠷᠡᠭᠦᠯᠬᠦ ᠶᠢ ᠴᠢᠬᠤᠯᠠᠴᠢᠯᠠᠬᠤ ᠬᠡᠷᠡᠭᠲᠡᠢ᠃ 2022 ᠣᠨ ᠪᠣᠯᠲᠠᠯᠠᠬᠢ ᠥᠭᠡᠷᠡᠴᠢᠯᠡᠯᠲᠡ ᠶᠢᠨ ᠬᠠᠷᠠᠯᠲᠠ ᠶᠢ | ᠲᠣᠳᠣᠷᠬᠠᠶᠢᠯᠠᠪᠠ᠂ 2022 ᠣᠨ ᠪᠣᠯᠬᠤ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠯᠦᠭᠯᠡᠯ ᠤᠨ | ᠳᠠᠪᠬᠤᠷᠭ᠎ᠠ ᠪᠠ ᠴᠢᠬᠤᠯᠠ ᠬᠤᠪᠢᠶᠠᠷᠢ ᠠᠵᠤ ᠠᠬᠤᠶᠢᠯᠠᠯ ᠳᠤ ᠴᠥᠮ ᠬᠡᠷᠡᠭ ᠮᠡᠳᠡᠭᠴᠢᠳ ᠤᠨ ᠬᠤᠷᠠᠯ ᠪᠠᠶᠢᠭᠤᠯᠬᠤ ᠶᠢ | ᠪᠠᠭᠲᠠᠭᠠᠨ᠎ᠠ︔ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠬᠡᠷᠡᠭ ᠮᠡᠳᠡᠭᠴᠢᠳ ᠤᠨ ᠬᠤᠷᠠᠯ ᠠᠴᠠ ᠲᠠᠭᠠᠭᠠᠮᠠᠯ ᠤᠨ | ᠳᠠᠪᠬᠤᠷᠭ᠎ᠠ ᠳᠤ ᠡᠷᠬᠡ ᠣᠯᠭᠤᠭᠰᠠᠨ ᠬᠠᠮᠢᠶᠠᠷᠤᠯᠲᠠ ᠶᠢᠨ ᠲᠦᠷᠢᠮ ᠢ ᠪᠦᠬᠦ ᠲᠠᠯ᠎ᠠ ᠪᠠᠷ ᠪᠠᠶᠢᠭᠤᠯᠤᠨ᠎ᠠ︔ ᠣᠷᠣᠨ ᠤ | ᠬᠠᠷᠢᠶ᠎ᠠ ᠪᠥᠬᠦᠶ ᠠᠵᠤ ᠠᠬᠤᠶᠢᠯᠠᠯ ᠤᠨ ᠦᠯᠡᠳᠡᠭᠡᠯ ᠢ ᠢᠯᠭᠠᠷᠠᠭᠤᠯᠤᠨ ᠪᠤᠴᠠᠭᠠᠵᠤ ᠰᠢᠶ᠋ᠳᠪᠦᠷᠢᠯᠡᠬᠦ ᠶᠢ ᠦᠨᠳᠦᠰᠦᠨ ᠳᠡᠭᠡᠨ | ᠪᠡᠶᠡᠯᠡᠭᠦᠯᠵᠦ᠂ ᠬᠠᠮᠢᠶᠠᠷᠤᠯᠲᠠ ᠶᠢᠨ ᠲᠠᠰ ᠱᠠᠲᠤ ᠶᠢ ᠵᠠᠷᠴᠢᠮ ᠳᠡᠭᠡᠷ᠎ᠡ ᠪᠠᠨ ᠭᠤᠷᠪᠠᠳᠤᠭᠠᠷ ᠳᠡᠰ ᠤᠨ ᠳᠣᠲᠣᠷ᠎ᠠ ᠡᠵᠡᠮᠳᠡᠨ᠎ᠡ︔ | ᠵᠠᠰᠠᠬᠤ ᠨᠡᠷᠡᠰ ᠲᠤ ᠵᠢᠭᠰᠠᠭᠠᠨ ᠣᠷᠣᠭᠤᠯᠤᠭᠰᠠᠨ ᠠᠯᠳᠠᠭᠳᠠᠯ ᠲᠠᠢ ᠠᠵᠤ ᠠᠬᠤᠶᠢᠯᠠᠯ ᠰᠢᠢᠳᠪᠦᠷᠢᠯᠡᠬᠦ ᠡᠭᠦᠷᠭᠡ ᠶᠢ ᠪᠦᠬᠦ | ᠲᠠᠯ᠎ᠠ ᠪᠠᠷ ᠪᠡᠶᠡᠯᠡᠭᠦᠯᠦᠨ᠎ᠡ︔ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠡᠶᠢᠭᠡᠮ ᠤᠨ ᠦᠢᠯᠡᠰ ᠡᠷᠬᠢᠯᠡᠬᠦ ᠡᠭᠦᠷᠭᠡ | ᠴᠢᠳᠠᠪᠤᠷᠢ ᠶᠢ ᠰᠠᠯᠭᠠᠵᠤ ᠲᠡᠦᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠵᠡᠷᠭᠡ ᠠᠯᠢ ᠤᠯᠠᠨ ᠴᠢᠬᠤᠯᠠ | ᠥᠭᠡᠷᠡᠴᠢᠯᠡᠯᠲᠡ ᠶᠢᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃ | ᠬᠤᠶᠠᠷ ᠲᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ ᠵᠠᠩᠭᠢᠯᠠᠭ᠎ᠠ ᠶᠢ ᠠᠳᠬᠤᠬᠤ᠂ ᠳᠤᠲᠠᠭᠤᠳᠠᠯ ᠢ | ᠨᠥᠬᠦᠪᠥᠷᠢᠯᠡᠬᠦ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ ᠶᠢ ᠴᠢᠬᠤᠯᠠᠴᠢᠯᠠᠨ ᠢᠯᠡᠷᠡᠭᠦᠯᠦᠨ᠎ᠡ᠃ ᠮᠠᠨ ᠤ ᠣᠷᠣᠨ ᠤ | ᠤᠯᠤᠰ ᠤᠨ ᠥᠮᠴᠢᠯᠡᠯᠲᠦ ᠠᠵᠤ ᠠᠬᠤᠶ ᠶᠢᠨ ᠬᠡᠪᠴᠢᠶ᠎ᠡ ᠶᠢᠨ ᠶᠡᠷᠦᠩᠬᠡᠶ ᠬᠡᠮᠵᠢᠶ᠎ᠡ ᠪᠠᠭ᠎ᠠ᠂ ᠪᠠᠶᠢᠷᠢᠰᠢᠭᠤᠯᠤᠯ ᠤᠨ ᠪᠦᠲᠦᠴᠡ | ᠰᠢᠯᠢᠳᠡᠭ ᠪᠤᠰᠤ᠂ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠬᠤ᠂ ᠵᠠᠬ᠎ᠠ ᠳᠡᠯᠭᠡᠭᠦᠷ ᠤᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠬᠦ ᠶᠢ ᠪᠠᠭᠲᠠᠭᠠᠭᠰᠠᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠴᠢᠩᠭᠠᠷᠠᠭᠤᠯᠪᠠ︔ ᠤᠯᠤᠰ ᠤᠨ ᠥᠮᠴᠢᠯᠡᠯᠲᠦ ᠬᠥᠷᠥᠩᠭᠡ ᠶᠢ ᠣᠲᠣ ᠦᠶ᠎ᠡ ᠶᠢᠨ ᠡᠨᠧᠷᠭᠢ ᠶᠢᠨ ᠠᠵᠤ ᠠᠬᠤᠶ᠂ | ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ᠂ ᠰᠣᠶᠣᠯ ᠵᠢᠭᠤᠯᠴᠢᠯᠠᠯ᠂ ᠠᠮᠢ ᠠᠬᠤᠶ ᠣᠷᠴᠢᠨ ᠲᠣᠭᠤᠷᠢᠨ᠂ ᠲᠣᠭᠠᠴᠢᠯᠠᠭᠰᠠᠨ ᠠᠵᠤ ᠠᠬᠤᠶ ᠵᠡᠷᠭᠡ | ᠬᠦᠷᠢᠶ᠎ᠡ ᠴᠠᠷᠠᠭ᠎ᠠ ᠳᠠᠰᠢ ᠪᠠᠶᠢᠷᠢᠰᠢᠭᠤᠯᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠣᠶᠢᠷᠠᠯᠴᠠᠭ᠎ᠠ᠂ ᠭᠤᠤᠯ | ᠦᠢᠯᠡᠰ ᠠᠳᠠᠯᠢᠬᠠᠨ ᠠᠵᠤ ᠠᠬᠤᠶᠢᠯᠠᠯ ᠢ ᠲᠥᠷᠥᠯ ᠬᠤᠪᠢᠶᠠᠨ ᠡᠮᠬᠢᠯᠡᠨ ᠨᠡᠶᠢᠯᠡᠭᠦᠯᠬᠦ ᠶᠢ ᠠᠬᠢᠭᠤᠯᠤᠨ᠎ᠠ︔ ᠰᠤᠳᠤᠯᠤᠨ | ᠨᠡᠭᠡᠭᠡᠬᠦ ᠣᠷᠣᠭᠤᠯᠤᠯᠲᠠ ᠶᠢᠨ ᠡᠷᠴᠢᠮ ᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ | ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ 5 G᠂ ᠵᠣᠬᠢᠶᠠᠮᠠᠯ ᠣᠶᠤᠨ ᠴᠢᠳᠠᠪᠤᠷᠢ᠂ | ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠪᠣᠳᠠᠰᠯᠢᠭ ᠬᠤᠯᠪᠣᠭᠠᠲᠤ ᠰᠦᠯᠵᠢᠶ᠎ᠡ᠂ ᠲᠣᠮᠣ ᠳ᠋ᠠᠶᠢᠲ᠋ᠠ᠂ ᠬᠡᠰᠡᠭ | ᠪᠦᠯᠦᠭ ᠤᠨ ᠬᠡᠯᠬᠢᠶ᠎ᠡ ᠵᠡᠷᠭᠡ ᠶᠢ ᠠᠭᠤᠰᠤᠯᠴᠠᠭᠤᠯᠤᠨ ᠬᠡᠷᠡᠭᠯᠡᠬᠦ ᠵᠡᠷᠭᠡ ᠶᠢ ᠲᠦᠷᠭᠡᠳᠬᠡᠨ ᠠᠬᠢᠭᠤᠯᠤᠨ᠎ᠠ᠃ | ᠭᠤᠷᠪᠠ ᠳᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠠᠯ᠎ᠠ ᠪᠠᠷ ᠬᠡᠮᠵᠢᠵᠦ ᠪᠣᠯᠬᠤ᠂ ᠬᠢᠨᠠᠨ ᠰᠢᠯᠭᠠᠵᠤ ᠪᠣᠯᠬᠤ᠂ | ᠰᠢᠯᠭᠠᠨ ᠪᠠᠶᠢᠴᠠᠭᠠᠵᠤ ᠪᠣᠯᠬᠤ ᠶᠢ ᠴᠢᠬᠤᠯᠠᠴᠢᠯᠠᠨ ᠢᠯᠡᠷᠡᠭᠦᠯᠦᠨ᠎ᠡ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠨᠡᠩ | ᠢᠯᠡᠭᠦᠦ ᠴᠢᠬᠤᠯᠠᠴᠢᠯᠠᠵᠤ᠂ ᠠᠵᠢᠯᠯᠠᠭ᠎ᠠ ᠥᠷᠨᠢᠭᠦᠯᠪᠡ᠂ ᠪᠢᠳᠡ ᠨᠠᠷᠢᠨ ᠲᠠᠩᠰᠠ ᠶᠢᠨ ᠬᠡᠯᠪᠡᠷᠢ ᠶᠢᠨ ᠠᠵᠢᠯ ᠤᠨ ᠡᠬᠡ | ᠲᠠᠩᠰᠠ ᠶᠢ ᠪᠠᠶᠢᠭᠤᠯᠵᠤ᠂ ᠪᠠᠶᠢᠴᠠᠭᠠᠵᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠰᠦᠯᠵᠢᠶᠡᠨ ᠳᠡᠭᠡᠷ᠎ᠡ | ᠲᠣᠭᠲᠠᠭᠰᠠᠨ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠢ ᠱᠠᠯᠠᠪᠳᠠᠭᠤᠯᠤᠨ ᠭᠦᠢᠴᠡᠳᠬᠡᠬᠦ ᠰᠢᠰᠲ᠋ᠧᠮ ᠢ | ᠪᠠᠶᠢᠭᠤᠯᠵᠤ᠂ ᠲᠤᠰᠬᠠᠢ ᠱᠠᠯᠠᠪᠳᠠᠭᠤᠯᠤᠨ ᠪᠠᠶᠢᠴᠠᠭᠠᠬᠤ ᠪᠤᠶᠤ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ | ᠥᠭᠡᠷᠡᠴᠢᠯᠡᠯᠲᠡ ᠶᠢᠨ ᠠᠬᠢᠴᠠ ᠤᠳᠠᠭᠠᠨ᠂ ᠱᠠᠳᠤᠴᠢ ᠴᠢᠨᠠᠷᠲᠠᠢ ᠡᠭᠦᠷᠭᠡ ᠪᠠᠨ ᠪᠡᠶᠡᠯᠡᠭᠦᠯᠦᠭᠡᠳᠦᠢ ᠨᠢᠭᠡᠴᠢ ᠶᠢ ᠵᠠᠷᠯᠠᠨ | ᠱᠠᠯᠠᠪᠳᠠᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠪᠢᠳᠡ ᠭᠤᠷᠪᠠᠨ ᠵᠢᠯ ᠤᠨ | ᠠᠵᠢᠯᠯᠠᠭᠠᠨ ᠤ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠯ᠎ᠡ ᠱᠠᠲᠤᠨ ᠤ ᠵᠠᠰᠠᠭ ᠤᠨ ᠣᠷᠳᠣᠨ ᠪᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠰᠢᠯᠭᠠᠨ ᠬᠢᠨᠠᠬᠤ ᠴᠢᠬᠤᠯᠠ ᠠᠭᠤᠯᠭ᠎ᠠ ᠪᠣᠯᠭᠠᠵᠤ᠂ ᠣᠷᠣᠨ ᠤ ᠬᠠᠷᠢᠶ᠎ᠠ | ᠪᠥᠬᠦᠶ ᠠᠵᠤ ᠠᠬᠤᠶᠢᠯᠠᠯ ᠤᠨ ᠡᠵᠡᠩᠨᠡᠯᠲᠡ ᠶᠢᠨ ᠠᠮᠵᠢᠯᠲᠠ ᠪᠦᠲᠦᠮᠵᠢ ᠶᠢᠨ ᠣᠨ ᠤ ᠰᠢᠯᠭᠠᠨ ᠬᠢᠨᠠᠬᠤ ᠴᠢᠬᠤᠯᠠ | ᠠᠭᠤᠯᠭ᠎ᠠ ᠳᠤ ᠵᠢᠭᠰᠠᠭᠠᠨ ᠣᠷᠣᠭᠤᠯᠵᠤ᠂ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ | ᠥᠭᠡᠷᠡᠴᠢᠯᠡᠯᠲᠡ ᠶᠢᠨ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠡᠰᠡᠬᠦ ᠶᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠪᠠ ᠡᠯ᠎ᠡ ᠱᠠᠲᠤᠨ ᠤ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠬᠤ ᠬᠡᠪᠴᠢᠶᠡᠨ ᠳᠤ ᠣᠷᠣᠭᠤᠯᠤᠨ᠎ᠠ᠃ | ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ᠲᠠᠷᠠᠭᠠᠴᠢ ᠶᠢᠨ | ᠠᠯᠬᠤᠮ ᠳᠤ᠂ ᠪᠥᠬᠦ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠵᠢᠯᠣᠭᠤᠳᠤᠨ ᠠᠬᠢᠭᠤᠯᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ᠂ ᠪᠢᠳᠡ ᠥᠪᠡᠷᠲᠡᠭᠡᠨ ᠵᠠᠰᠠᠬᠤ ᠣᠷᠣᠨ ᠤ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠭᠦᠷᠭᠡ | ᠬᠠᠷᠢᠭᠤᠴᠠᠯᠭ᠎ᠠ ᠶᠢ ᠬᠢᠨᠠᠮᠠᠭᠠᠶ ᠰᠠᠶᠢᠲᠤᠷ ᠭᠦᠢᠴᠡᠳᠭᠡᠵᠦ᠂ ᠬᠡᠳᠦᠨ ᠲᠠᠯ᠎ᠠ ᠶᠢᠨ ᠨᠠᠶᠢᠳᠠᠪᠤᠷᠢᠵᠢᠭᠤᠯᠬᠤ ᠠᠵᠢᠯ ᠢ | ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠭᠡᠳᠦᠭᠡᠷ ᠲᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠨ᠎ᠠ᠃ ᠰᠢᠭᠤᠳ ᠬᠠᠷᠢᠭᠤᠴᠠᠯᠭ᠎ᠠ ᠶᠢᠨ ᠰᠢᠰᠲ᠋ᠧᠮ ᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠱᠠᠲᠤ | ᠱᠠᠲᠤ ᠪᠠᠷ ᠪᠣᠳᠠᠲᠠᠶᠢᠵᠢᠭᠤᠯᠤᠨ᠂ ᠠᠵᠢᠯ ᠤᠨ ᠳᠠᠷᠤᠯᠲᠠ ᠶᠢ ᠳᠠᠮᠵᠢᠭᠤᠯᠵᠤ᠂ ᠨᠢᠭᠡ ᠱᠠᠲᠤ ᠨᠢ ᠨᠢᠭᠡ ᠱᠠᠲᠤ ᠪᠠᠨ | ᠠᠳᠬᠤᠵᠤ᠂ ᠨᠢᠭᠡ ᠯᠡ ᠳᠡᠭᠡᠷ᠎ᠡ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠶ᠃ ᠬᠤᠶᠠᠳᠤᠭᠠᠷ ᠲᠤ᠂ ︽ᠬᠡᠷᠡᠭᠵᠢᠭᠦᠯᠬᠦ | ᠲᠥᠰᠦᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ᠂ ᠠᠵᠤ ᠠᠬᠤᠶᠢᠯᠠᠯ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠠᠶᠢᠮᠠᠭ ᠬᠤᠲᠠ ᠪᠠ ᠠᠵᠤ ᠠᠬᠤᠶᠢᠯᠠᠯ ᠤᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠯᠠᠪᠳᠠᠭᠤᠨ | ᠪᠠᠲᠤᠲᠠᠶ ᠰᠠᠶᠢᠲᠤᠷ ᠬᠢᠬᠦ ᠬᠡᠷᠡᠭᠲᠡᠶ᠃ ᠭᠤᠷᠪᠠᠳᠤᠭᠠᠷ ᠲᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠰᠠᠶᠢᠲᠤᠷ | ᠠᠳᠬᠤᠵᠤ᠂ ᠪᠠᠶᠢᠴᠠᠭᠠᠵᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠂ | ︽ᠬᠡᠷᠡᠭᠵᠢᠭᠦᠯᠬᠦ ᠲᠥᠰᠦᠯ︾ ᠤᠨ ᠠᠵᠢᠯ ᠤᠨ ᠡᠬᠡ ᠲᠠᠩᠰᠠ ᠶᠢᠨ ᠶᠣᠰᠣᠭᠠᠷ᠂ ᠲᠤᠰᠬᠠᠶ ᠰᠢᠮᠳᠠᠭᠤᠯᠤᠨ ᠪᠠᠶᠢᠴᠠᠭᠠᠬᠤ ᠪᠤᠶᠤ | ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ︽ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠠᠬᠢᠭᠤᠯᠤᠨ᠎ᠠ᠃ | ᠪᠢᠳᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠪᠠᠷ | ᠳᠠᠮᠵᠢᠭᠤᠯᠤᠨ᠂ ᠨᠡᠩ ᠪᠣᠯᠪᠠᠰᠤᠷᠠᠩᠭᠤᠢ᠂ ᠨᠡᠩ ᠲᠣᠭᠲᠠᠪᠤᠷᠢᠵᠢᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ | ᠦᠶ᠎ᠡ ᠶᠢᠨ ᠠᠵᠤ ᠠᠬᠤᠶᠢᠯᠠᠯ ᠤᠨ ᠲᠦᠷᠢᠮ ᠪᠠ ᠬᠦᠷᠦᠩᠭᠡ ᠶᠢ ᠬᠠᠮᠢᠶᠠᠷᠬᠤ ᠪᠠᠷ ᠭᠤᠣᠯ ᠪᠣᠯᠭᠠᠭᠰᠠᠨ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠤᠢ ᠪᠣᠯᠭᠠᠬᠤ ᠲᠠᠯ᠎ᠠ ᠪᠠᠷ ᠢᠯᠡᠳᠲᠡ | ᠦᠷ᠎ᠡ ᠪᠦᠲᠦᠮᠵᠢ ᠤᠯᠬᠤ ᠶᠢ ᠬᠦᠰᠡᠵᠦ ᠪᠠᠶᠢᠨ᠎ᠠ︔ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠢᠯᠡᠷᠬᠡᠶ ᠦᠷ᠎ᠡ ᠪᠦᠲᠦᠮᠵᠢ | ᠣᠯᠪᠠ︔ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠮᠢᠳᠤᠯᠢᠭ ᠬᠦᠴᠦᠨ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠤᠯᠤᠰ ᠤᠨ ᠥᠮᠴᠢᠯᠡᠯ ᠤᠨ ᠠᠵᠤ ᠠᠬᠤᠢ ᠶᠢᠨ | ᠦᠷᠢᠰᠦᠯᠳᠦᠬᠦ ᠬᠦᠴᠦᠨ᠂ ᠰᠢᠨ᠎ᠡ ᠶᠢ ᠡᠭᠦᠳᠬᠦ ᠬᠦᠴᠦᠨ᠂ ᠡᠵᠡᠮᠳᠡᠬᠦ ᠬᠦᠴᠦᠨ᠂ ᠨᠥᠯᠥᠭᠡᠯᠡᠬᠦ ᠬᠦᠴᠦᠨ᠂ ᠠᠶᠤᠯ | ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠦᠨᠡᠨ ᠬᠦ ᠴᠢᠩᠭᠠᠷᠠᠭᠤᠯᠤᠨ᠎ᠠ᠃ ᠪᠠᠶᠠᠷᠯᠠᠯ᠎ᠠ᠃ | ᠪᠦᠮᠪᠤᠷᠴᠡᠭ ᠰᠦᠯᠵᠢᠶ᠎ᠡ ᠶᠢᠨ ᠰᠤᠷᠪᠤᠯᠵᠢᠯᠠᠭᠴᠢ᠄ ᠬᠤᠯᠢᠮᠠᠭ ᠥᠮᠴᠢᠯᠡᠯ ᠤᠨ ᠥᠭᠡᠷᠡᠴᠢᠯᠡᠯᠲᠡ ᠨᠢ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠶᠢᠨ ᠨᠢᠭᠡ ᠪᠤᠯᠤᠨ᠎ᠠ᠃ ᠮᠠᠨ ᠤ | ᠣᠷᠣᠨ ᠤ ᠣᠳᠣᠬᠢ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠭᠡᠷᠡᠴᠢᠯᠡᠯᠲᠡ ᠶᠢᠨ | ᠪᠠᠶᠢᠳᠠᠯ ᠢ ᠲᠠᠨᠢᠯᠴᠠᠭᠤᠯᠵᠤ ᠪᠣᠯᠬᠤ ᠤᠤ︖ | ᠵᠠᠩ ᠱᠢ ᠬᠤᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠮᠠᠨ ᠤ ᠣᠷᠣᠨ ᠢᠮᠠᠭᠲᠠ ᠬᠤᠯᠢᠮᠠᠭ ᠥᠮᠴᠢᠯᠡᠯ ᠤᠨ | ᠳᠦᠷᠢᠮᠲᠦ ᠥᠭᠡᠷᠡᠴᠢᠯᠡᠯᠲᠡ ᠶᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠬᠤ | ᠴᠢᠬᠤᠯᠠ ᠰᠢᠪᠲᠤᠯᠤᠯᠲᠠ ᠶᠢᠨ ᠴᠡᠭ ᠪᠣᠯᠭᠠᠵᠤ᠂ ᠭᠠᠵᠠᠷ ᠣᠷᠣᠨ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ | ᠬᠡᠷᠡᠭᠵᠢᠭᠦᠯᠬᠦ᠂ ᠠᠵᠢᠯ ᠲᠦᠷᠦᠯ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠭᠦᠯᠬᠦ᠂ ᠠᠵᠤ ᠠᠬᠤᠶᠢᠯᠠᠯ ᠳᠤᠨᠢ | ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠭᠠᠭᠴᠠᠭᠠᠷ ᠬᠢᠪᠠᠯ ᠵᠣᠬᠢᠬᠤ ᠶᠢ ᠨᠢ ᠭᠠᠭᠴᠠᠭᠠᠷ | ᠡᠵᠡᠮᠳᠡᠵᠦ᠂ ᠡᠵᠡᠮᠳᠡᠬᠦ ᠳᠤ ᠲᠣᠬᠢᠷᠠᠮᠵᠢᠲᠠᠢ ᠶᠢ ᠨᠢ ᠡᠵᠡᠮᠳᠡᠵᠦ᠂ ᠣᠷᠣᠯᠴᠠᠬᠤ ᠳᠤ ᠲᠣᠬᠢᠷᠠᠮᠵᠢᠲᠠᠢ ᠶᠢ ᠨᠢ ᠣᠷᠣᠯᠴᠠᠵᠤ᠂ | ᠪᠦᠬᠦᠨ ᠢ ᠪᠦᠷᠬᠦᠬᠦᠯᠬᠦ ᠦᠭᠡᠢ᠂ ᠴᠠᠭ ᠤᠨ ᠬᠦᠰᠦᠨᠦᠭᠲᠦ ᠭᠠᠷᠭᠠᠬᠤ ᠦᠭᠡᠢ ᠵᠠᠷᠴᠢᠮ ᠢ ᠪᠠᠷᠢᠮᠲᠠᠯᠠᠵᠤ᠂ ᠬᠤᠯᠢᠮᠠᠭ | ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠱᠠᠳᠤ ᠬᠤᠪᠢᠶᠠᠨ ᠲᠦᠷᠦᠯ ᠬᠤᠪᠢᠶᠠᠨ ᠭᠦᠨᠵᠡᠭᠡᠶᠢᠷᠡᠭᠦᠯᠪᠡ᠃ | ᠨᠢᠭᠡ ᠳᠤ᠂ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠵᠢᠯᠯᠠᠭᠠᠨ ᠤ ᠶᠠᠪᠤᠴᠠ ᠶᠢ ᠵᠢᠷᠤᠮᠵᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ | ᠥᠮᠴᠢᠯᠡᠯᠲᠦ ᠠᠵᠤ ᠠᠬᠤᠶ ᠶᠢ ᠬᠥᠭᠵᠢᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ | ᠲᠠᠷᠬᠠᠭᠠᠭᠰᠠᠨ ﹇2015﹈139 ᠳ᠋ᠦ᠋ᠭᠡᠷ ᠲᠣᠭᠠᠲᠤ︶ ᠤᠨ ᠶᠣᠰᠣᠭᠠᠷ᠂ ᠤᠷᠢᠳ ᠬᠤᠵᠢᠳ ︽ᠣᠷᠣᠨ ᠤ ᠬᠠᠷᠢᠶ᠎ᠠ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ | ᠲᠣᠭᠲᠠᠭᠠᠪᠠ᠂ ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ | ᠲᠥᠷᠥᠯ ᠵᠦᠢᠯ ᠳᠤ ᠤᠯᠤᠰ ᠤᠨ ᠥᠮᠴᠢᠯᠡᠯ ᠤᠨ ᠪᠤᠰᠤ ᠬᠥᠷᠥᠩᠭᠡ ᠶᠢ ᠣᠷᠣᠭᠤᠯᠵᠤ ᠢᠷᠡᠬᠦ ᠲᠤᠷᠰᠢᠯᠲᠠ ᠶᠢᠨ ᠲᠥᠰᠦᠯ︾᠂ | ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠬᠥᠷᠥᠩᠭᠡ ᠪᠠᠨ ᠨᠡᠮᠡᠭᠳᠡᠭᠦᠯᠵᠦ | ᠰᠲ᠋ᠣᠺ ᠢᠶᠠᠨ ᠥᠷᠭᠡᠳᠬᠡᠬᠦ ᠬᠤᠯᠪᠣᠭᠳᠠᠯ ᠪᠦᠬᠦᠢ ᠤᠴᠢᠷ ᠤᠨ ᠲᠤᠬᠠᠶ ᠮᠡᠳᠡᠭᠳᠡᠯ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠤ ᠬᠠᠷᠢᠶ᠎ᠠ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ | ᠥᠭᠡᠷᠡᠴᠢᠯᠡᠯᠲᠡ ᠶᠢᠨ ᠠᠵᠢᠯᠯᠠᠭᠠᠨ ᠤ ᠵᠢᠯᠣᠭᠤᠳᠤᠮᠵᠢ ︵ᠲᠤᠷᠰᠢᠨ ᠬᠡᠷᠡᠭᠵᠢᠭᠦᠯᠬᠦ︶︾ ᠵᠡᠷᠭᠡ ᠠᠯᠢ ᠣᠯᠠᠨ ᠲᠥᠬᠦᠷ | ᠳᠦᠷᠢᠮ᠂ ᠣᠷᠣᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠬᠤ ᠪᠠᠷ ᠳᠠᠮᠵᠢᠨ᠂ ᠬᠤᠯᠢᠯᠳᠤᠭᠤᠯᠤᠨ | ᠥᠭᠡᠷᠡᠴᠢᠯᠡᠬᠦ ᠬᠠᠷᠠᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠂ ᠬᠤᠯᠢᠯᠳᠤᠭᠤᠯᠤᠨ | ᠥᠭᠡᠷᠡᠴᠢᠯᠡᠬᠦ ᠠᠵᠢᠯ ᠤᠨ ᠢᠳᠡᠪᠬᠢᠲᠡᠶ ᠪᠥᠭᠡᠳ ᠯᠠᠪᠳᠠᠭᠤᠨ ᠪᠠᠶᠢᠬᠤ ᠶᠢ ᠪᠠᠳᠣᠯᠠᠵᠣ᠂ ᠵᠢᠷᠤᠮᠵᠢᠯ ᠲᠠᠢ ᠡᠮᠬᠢ ᠵᠢᠷᠤᠮ ᠲᠠᠢ | ᠠᠬᠢᠭᠤᠯᠪᠠ᠃ | ᠬᠤᠶᠠᠷ ᠲᠤ᠂ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢᠨ ᠮᠡᠳᠡᠭᠡ ᠵᠠᠩᠭᠢ ᠨᠡᠶᠢᠲᠡᠯᠡᠬᠦ | ᠲᠠᠪᠴᠠᠩ ᠳᠤ ᠲᠦᠰᠢᠭᠯᠡᠨ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠥᠪᠥᠷ | ᠮᠣᠩᠭᠤᠯ ᠤᠨ ᠥᠮᠴᠢᠯᠡᠬᠦ ᠡᠷᠬᠡ ᠶᠢᠨ ᠠᠷᠠᠯᠵᠢᠶ᠎ᠠ ᠶᠢᠨ ᠲᠥᠪ ᠢᠶᠠᠷ ᠲᠦᠰᠢᠭ ᠪᠣᠯᠭᠠᠨ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠯᠢᠮᠠᠭ ᠥᠮᠴᠢᠯᠡᠯᠲᠦ ᠥᠭᠡᠷᠡᠴᠢᠯᠡᠯᠲᠡ ᠶᠢᠨ ᠲᠥᠷᠥᠯ ᠵᠦᠢᠯ ᠢ ᠨᠡᠶᠢᠲᠡᠯᠡᠬᠦ ᠲᠠᠪᠴᠠᠩ ᠢ ᠪᠠᠶᠢᠭᠤᠯᠵᠤ᠂ | ᠬᠤᠯᠢᠮᠠᠭ ᠥᠮᠴᠢᠯᠡᠯᠲᠦ ᠥᠭᠡᠷᠡᠴᠢᠯᠡᠯᠲᠡ ᠶᠢᠨ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠮᠡᠳᠡᠭᠡ ᠵᠠᠩᠭᠢ ᠶᠢ | ᠥᠷᠭᠡᠨ ᠢᠶᠠᠷ ᠨᠡᠶᠢᠲᠡᠯᠡᠨ᠎ᠡ᠃ 2019 ᠣᠨ ᠳᠤ ᠠᠩᠬ᠎ᠠ ᠤᠳᠠᠭ᠎ᠠ ᠬᠤᠯᠢᠮᠠᠭ ᠥᠮᠴᠢᠯᠡᠯ ᠤᠨ ᠳᠦᠷᠢᠮᠲᠦ | ᠥᠭᠡᠷᠡᠴᠢᠯᠡᠯᠲᠡ ᠶᠢᠨ ᠲᠥᠷᠥᠯ ᠵᠦᠢᠯ ᠤᠨ ᠲᠠᠪᠴᠠᠩ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ 40 ᠥᠪᠡᠷᠲᠡᠭᠡᠨ ᠵᠠᠰᠠᠬᠤ | ᠣᠷᠣᠨ ᠪᠠ ᠠᠶᠢᠮᠠᠭ ᠬᠤᠲᠠ ᠶᠢᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢᠨ | ᠲᠥᠷᠥᠯ ᠵᠦᠢᠯ ᠢ ᠢᠯᠡ ᠪᠠᠷ ᠲᠠᠨᠢᠯᠴᠠᠭᠤᠯᠵᠤ᠂ 9 ᠲᠥᠷᠥᠯ ᠵᠦᠢᠯ ᠳᠣᠭᠢᠷᠠᠪᠠ᠃ 2020 ᠣᠨ ᠳᠤ ᠳᠠᠬᠢᠨᠲᠠ | ᠲᠠᠪᠴᠠᠩ ᠢᠶᠠᠷ ᠳᠠᠮᠵᠢᠭᠤᠯᠤᠨ 47 ᠬᠤᠯᠢᠮᠠᠭ ᠥᠭᠡᠷᠡᠴᠢᠯᠡᠯᠲᠡ ᠶᠢᠨ ᠲᠥᠷᠥᠯ ᠵᠦᠢᠯ ᠢ ᠢᠯᠡ ᠪᠠᠷ ᠨᠡᠶᠢᠲᠡᠯᠡᠪᠡ᠃ ᠲᠤᠰᠬᠠᠶ | ᠰᠡᠳᠦᠪ ᠢᠶᠠᠷ ᠲᠠᠨᠢᠯᠴᠠᠭᠤᠯᠬᠤ᠂ ᠰᠦᠯᠵᠢᠶᠡᠨ ᠤ ᠵᠠᠮ ᠤᠨ ᠦᠵᠡᠭᠦᠯᠦᠯᠭᠡ ᠬᠢᠭᠡᠳ ᠶᠠᠷᠢᠯᠴᠠᠨ ᠵᠥᠪᠳᠡᠯᠴᠡᠬᠦ᠂ ᠣᠨᠣᠪᠴᠢᠲᠠᠶ | ᠵᠣᠯᠭᠠᠭᠤᠯᠬᠤ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ | ᠣᠯᠠᠨ ᠲᠠᠪᠴᠠᠩ ᠣᠯᠠᠨ ᠵᠠᠭᠤᠴᠢᠯᠠᠭᠤᠷ ᠢᠶᠠᠷ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ | ᠥᠭᠡᠷᠡᠴᠢᠯᠡᠯᠲᠡ ᠶᠢᠨ ᠲᠥᠷᠥᠯ ᠵᠦᠶ᠋ᠯ ᠢ ᠣᠯᠠᠨ ᠠᠷᠭ᠎ᠠ ᠵᠠᠮ ᠢᠶᠠᠷ ᠲᠠᠨᠢᠯᠴᠠᠭᠤᠯᠵᠤ᠂ ᠲᠠᠨᠢᠯᠴᠠᠭᠤᠯᠬᠤ ᠠᠵᠢᠯᠯᠠᠭ᠎ᠠ ᠶᠢᠨ | ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | ᠭᠤᠷᠪᠠ ᠳᠤ᠂ ︽ᠬᠤᠤᠰ ᠵᠠᠭᠤᠨ ᠠᠵᠤ ᠠᠬᠤᠶᠢᠯᠠᠯ︾ ᠪᠠ ︽ᠬᠤᠶᠠᠷ ᠲᠥᠷᠥᠯ ᠤᠨ ᠺᠣᠮᠫᠠᠨᠢ︾ ᠶᠢᠨ | ᠲᠤᠷᠰᠢᠯᠲᠠ ᠶᠢᠨ ᠠᠵᠤ ᠠᠬᠤᠶᠢᠯᠠᠯ ᠢᠶᠠᠷ ᠭᠤᠤᠯᠳᠠᠯᠭ᠎ᠠ ᠪᠣᠯᠭᠠᠨ ᠬᠤᠯᠢᠮᠠᠭ ᠥᠮᠴᠢᠯᠡᠯ ᠤᠨ ᠥᠭᠡᠷᠡᠴᠢᠯᠡᠯᠲᠡ ᠶᠢ | ᠠᠬᠢᠭᠤᠯᠤᠨ᠎ᠠ᠃ ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ | ᠮᠣᠩᠭᠤᠯ ᠤᠨ ᠮᠧᠩ ᠨᠧᠩ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠫᠠᠨᠢ ᠪᠣᠯᠤᠨ ᠥᠪᠥᠷ ᠮᠣᠩᠭᠤᠯ ᠤᠨ ᠡᠨᠧᠷᠭᠢ ᠪᠠᠷ | ᠴᠠᠬᠢᠯᠭᠠᠨ ᠭᠠᠷᠭᠠᠵᠤ ᠪᠠᠶᠢᠭ᠎ᠠ ᠬᠢᠩᠭᠠᠨ ᠤ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠤᠯᠤᠰ ᠤᠨ ᠭᠤᠷᠪᠠᠳᠤᠭᠠᠷ | ᠪᠦᠯᠦᠭ᠂ ᠳᠥᠷᠪᠡᠳᠦᠭᠡᠷ ᠪᠦᠯᠦᠭ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ | ᠴᠢᠭ ᠤᠨ ᠲᠥᠰᠦᠯ ᠤᠨ ᠱᠠᠭᠠᠷᠳᠠᠯᠭ᠎ᠠ ᠶᠣᠰᠣᠭᠠᠷ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠢᠭ ᠤᠨ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠨᠢ ᠰᠲ᠋ᠣᠺ ᠤᠨ ᠡᠷᠬᠡ ᠶᠢᠨ ᠣᠯᠠᠨ ᠡᠰᠢᠵᠢᠯᠲᠡ ᠪᠠ ᠬᠤᠯᠢᠮᠠᠭ | ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠬᠤ ᠪᠠᠷ ᠭᠤᠤᠯ ᠰᠢᠵᠢᠮ ᠪᠣᠯᠭᠠᠵᠤ | ᠂ ︽ᠪᠠᠯᠠ ᠣᠷᠣᠭᠤᠯᠬᠤ᠂ ᠣᠶᠤᠨ ᠤᠬᠠᠭᠠᠨ ᠣᠷᠣᠭᠤᠯᠬᠤ᠂ ᠲᠦᠷᠢᠮ ᠣᠷᠣᠭᠤᠯᠬᠤ︾ ᠶᠢ ᠵᠡᠷᠭᠡ ᠪᠠᠷ ᠴᠢᠬᠤᠯᠠᠴᠢᠯᠠᠨ᠂ | ᠲᠤᠬᠠᠶᠢᠯᠠᠭᠰᠠᠨ ᠠᠵᠢᠯ ᠬᠤᠪᠢᠶᠠᠨ ᠬᠡᠪᠯᠡᠯ ᠤᠨ ᠬᠡᠰᠡᠭ ᠬᠤᠪᠢᠶᠠᠵᠤ᠂ ᠣᠯᠠᠨ ᠠᠷᠭ᠎ᠠ ᠵᠠᠮ ᠢᠶᠠᠷ ᠡᠯ᠎ᠡ ᠲᠥᠷᠥᠯ ᠤᠨ | ᠬᠥᠷᠥᠩᠭᠡ ᠶᠢ ᠣᠷᠣᠭᠤᠯᠤᠨ ᠠᠪᠴᠢᠷᠠᠵᠤ ᠬᠤᠶᠠᠳᠤᠭᠠᠷ᠂ ᠭᠤᠷᠪᠠᠳᠤᠭᠠᠷ ᠳᠡᠰ ᠤᠨ ᠬᠤᠪᠢᠶᠠᠷᠢ ᠺᠣᠮᠫᠠᠨᠢ ᠶᠢᠨ ᠲᠦᠷᠢᠮ ᠢᠶᠠᠨ | ᠥᠭᠡᠷᠡᠴᠢᠯᠡᠵᠦ ᠳᠠᠬᠢᠨ ᠪᠠᠶᠢᠭᠤᠯᠬᠤ ᠳᠤ ᠣᠷᠣᠯᠴᠠᠭᠤᠯᠤᠨ᠎ᠠ᠃ | ᠳᠥᠷᠪᠡ ᠳᠤ᠂ ᠬᠥᠷᠥᠩᠭᠡ ᠶᠢᠨ ᠵᠠᠬ᠎ᠠ ᠳᠡᠯᠭᠡᠭᠦᠷ ᠲᠤ ᠲᠦᠰᠢᠭᠯᠡᠨ ᠬᠤᠯᠢᠮᠠᠭ ᠥᠮᠴᠢᠯᠡᠯ ᠤᠨ ᠥᠭᠡᠷᠡᠴᠢᠯᠡᠯᠲᠡ ᠶᠢ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢ ᠮᠥᠩᠭᠦ ᠶᠢᠨ ᠪᠠᠯᠠ ᠣᠷᠣᠭᠤᠯᠤᠯᠲᠠ ᠶᠢᠨ ᠬᠤᠯᠢᠮᠠᠭ ᠥᠮᠴᠢᠯᠡᠯᠲᠦ | ᠥᠭᠡᠷᠡᠴᠢᠯᠡᠯᠲᠡ ᠶᠢᠨ ᠲᠥᠷᠥᠯ ᠵᠦᠢᠯ ᠪᠠ ᠠᠵᠤ ᠠᠬᠤᠶᠢᠯᠠᠯ ᠢ ᠵᠣᠷᠢᠭᠵᠢᠭᠤᠯᠤᠨ᠎ᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠪᠡᠯᠡ ᠨᠡᠶᠢᠯᠡᠭᠦᠯᠬᠦ᠂ ᠬᠠᠮᠲᠤᠷᠠᠯᠴᠠᠬᠤ᠂ ᠬᠤᠳᠠᠯᠳᠤᠨ ᠠᠪᠬᠤ᠂ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ | ᠠᠷᠠᠳ ᠠᠴᠠ ᠡᠵᠡᠩᠨᠡᠭᠰᠡᠨ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠲᠠᠢ ᠪᠡᠯᠡ ᠨᠡᠶᠢᠯᠡᠭᠦᠯᠦᠨ ᠬᠠᠮᠲᠤᠷᠠᠯᠴᠠᠬᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠣᠷᠣᠯᠴᠠᠬᠤ ᠶᠢ ᠲᠡᠮᠵᠢᠨ᠎ᠡ᠃ ᠠᠰᠢᠭᠲᠠᠶ ᠨᠥᠬᠦᠴᠡᠯ ᠢ | ᠡᠭᠦᠳᠴᠦ᠂ ᠣᠷᠣᠨ ᠤ ᠬᠠᠷᠢᠶ᠎ᠠ ᠪᠦᠬᠦᠢ ᠵᠣᠬᠢᠬᠤ ᠰᠠᠭᠤᠷᠢ ᠲᠠᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ | ᠠᠯᠬᠤᠴᠠ ᠪᠠᠨ ᠲᠦᠷᠭᠡᠳᠬᠡᠬᠦ ᠶᠢ ᠲᠡᠳᠬᠦᠬᠦ ᠬᠡᠷᠡᠭᠲᠡᠶ᠃ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ᠂ ᠦᠢᠯᠡᠳᠪᠦᠷᠢᠯᠡᠯ | ᠦᠢᠯᠡᠴᠢᠯᠡᠭᠡᠨ ᠤ ᠲᠥᠷᠥᠯ ᠤᠨ ᠪᠣᠳᠠᠲᠤ ᠴᠣᠭᠴᠠ ᠶᠢᠨ ᠠᠵᠤ ᠠᠬᠤᠶᠢᠯᠠᠯ ᠢᠶᠠᠷ ᠭᠤᠤᠯᠳᠠᠯᠭ᠎ᠠ ᠪᠣᠯᠭᠠᠵᠤ᠂ ᠤᠯᠤᠰ ᠤᠨ | ᠥᠮᠴᠢᠯᠡᠯ ᠤᠨ ᠪᠤᠰᠤ ᠬᠥᠷᠥᠩᠭᠡ ᠶᠢ ᠣᠷᠣᠭᠤᠯᠤᠨ ᠠᠪᠴᠢᠷᠠᠵᠤ᠂ ᠮᠡᠷᠭᠡᠵᠢᠯ᠂ ᠬᠠᠮᠢᠶᠠᠷᠤᠯᠲᠠ ᠪᠠ ᠬᠤᠳᠠᠯᠳᠤᠭᠠᠨ ᠤ ᠬᠡᠪ | ᠵᠠᠭᠪᠤᠷ ᠤᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠳᠠᠪᠤᠰᠤᠨ ᠤ ᠦᠢᠯᠡᠰ ᠤᠨ ᠺᠣᠮᠫᠠᠨᠢ ᠶᠢᠨ ᠡᠵᠢ ᠨᠠᠭᠤᠷ ᠤᠨ ᠳᠠᠪᠤᠰᠤ | ᠦᠢᠯᠡᠳᠬᠦ ᠺᠣᠮᠫᠠᠨᠢ ᠳᠤᠮᠳᠠᠳᠤ ᠤᠯᠤᠰ ᠤᠨ ᠳᠠᠪᠤᠰᠤᠨ ᠤ ᠦᠢᠯᠡᠰ ᠤᠨ ᠺᠣᠮᠫᠠᠨᠢ ᠪᠠ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠵᠢᠤᠢ ᠰᠢᠶᠠᠩ ᠪᠠᠯᠠ ᠣᠷᠣᠭᠤᠯᠤᠯᠲᠠ ᠶᠢᠨ ᠺᠣᠮᠫᠠᠨᠢ ᠶᠢ ᠣᠷᠣᠭᠤᠯᠤᠨ ᠠᠪᠴᠢᠷᠠᠵᠤ᠂ 8144 ᠲᠦᠮᠡᠨ | ᠲᠥᠭᠦᠷᠢᠭ ᠤᠨ ᠪᠠᠯᠠ ᠮᠥᠩᠭᠦ ᠴᠤᠭᠯᠠᠭᠤᠯᠵᠤ᠂ ︽ᠡᠬᠡ ᠨᠠᠭᠤᠷ︾ ᠤᠨ ᠳᠠᠪᠤᠰᠤᠨ ᠤ ᠡᠬᠢ ᠪᠠᠶᠠᠯᠢᠭ ᠤᠨ ᠳᠠᠪᠠᠭᠤᠯᠢᠭ ᠢ | ᠠᠮᠢᠳᠤᠯᠢᠭᠵᠢᠭᠤᠯᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠵᠠᠰᠠᠯᠲᠠ ᠶᠢ ᠲᠡᠭᠦᠯᠳᠡᠷᠵᠢᠭᠦᠯᠬᠦ᠂ ᠵᠣᠷᠢᠭᠵᠢᠭᠤᠯᠤᠯ ᠢ | ᠴᠢᠩᠭᠠᠷᠠᠭᠤᠯᠬᠤ᠂ ᠭᠤᠣᠯ ᠠᠵᠢᠯ ᠢ ᠲᠤᠪᠤᠶᠢᠯᠭᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ᠂ ︽ | ᠭᠤᠷᠪᠠᠨ ᠰᠢᠯᠲᠠᠭᠠᠨ ᠠᠴᠠ ᠪᠤᠯᠵᠤ ᠭᠤᠷᠪᠠᠨ ᠪᠣᠯᠬᠤ ᠦᠭᠡᠢ︾ ᠪᠠᠶᠢᠬᠤ ᠶᠢ ᠪᠠᠷᠢᠮᠲᠠᠯᠠᠵᠤ᠂ ᠬᠤᠯᠢᠮᠠᠭ ᠥᠮᠴᠢᠯᠡᠯ ᠤᠨ | ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠤᠨ᠎ᠠ᠃ | ᠨᠢᠭᠡ ᠳᠤ᠂ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠱᠠᠲᠤ ᠬᠤᠪᠢᠶᠠᠨ ᠲᠥᠷᠥᠯ ᠬᠤᠪᠢᠶᠠᠨ | ᠠᠬᠢᠭᠤᠯᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠯᠠ ᠣᠷᠣᠭᠤᠯᠤᠯᠲᠠ᠂ ᠡᠵᠡᠩᠨᠡᠯᠲᠡ ᠶᠢᠨ ᠺᠣᠮᠫᠠᠨᠢ ᠶᠢᠨ ᠪᠠᠯᠠ | ᠭᠠᠷᠭᠠᠭᠰᠠᠨ ᠠᠵᠤ ᠠᠬᠤᠶᠢᠯᠠᠯ ᠪᠣᠯᠤᠨ ᠬᠤᠳᠠᠯᠳᠤᠭᠠᠨ ᠤ ᠥᠷᠢᠰᠥᠯᠳᠦᠭᠡᠨ ᠤ ᠲᠥᠷᠥᠯ ᠤᠨ ᠬᠤᠪᠢᠶᠠᠷᠢ ᠠᠵᠤ | ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠭᠤᠤᠯᠳᠠᠯᠭ᠎ᠠ ᠲᠠᠢ ᠠᠬᠢᠭᠤᠯᠵᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠪᠣᠯᠤᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠳᠤᠮᠳᠠ | ᠵᠢᠵᠢᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ | ᠬᠢᠬᠦ ᠶᠢ ᠠᠬᠢᠭᠤᠯᠵᠤ᠂ ᠡᠬᠢ ᠪᠠᠶᠠᠯᠢᠭ ᠤᠨ ᠲᠥᠪᠯᠡᠷᠡᠵᠦ ᠲᠠᠷᠬᠠᠬᠤ᠂ ᠡᠯᠧᠮᠧᠨ᠋ᠲ ᠤᠨ ᠠᠭᠤᠰᠤᠯᠴᠠᠨ ᠨᠡᠪᠲᠡᠷᠡᠯᠴᠡᠬᠦ ᠶᠢ | ᠤᠯᠠᠮ ᠨᠢᠭᠡ ᠠᠯᠬᠤᠮ ᠠᠬᠢᠭᠤᠯᠵᠤ᠂ ᠬᠠᠮᠵᠢᠯᠴᠠᠨ ᠬᠥᠭᠵᠢᠬᠦ ᠶᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠣᠯ ᠢ ᠦᠨᠡᠨ ᠬᠦ ᠪᠠᠳᠠᠷᠠᠭᠤᠯᠤᠨ᠎ᠠ᠃ | ᠬᠤᠶᠠᠷ ᠲᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮᠲᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ | ᠣᠷᠣᠨ ᠤ ᠬᠠᠷᠢᠶ᠎ᠠ ᠪᠥᠬᠦᠶ ᠠᠵᠤ ᠠᠬᠤᠶᠢᠯᠠᠯ ᠤᠨ ᠪᠦᠯᠦᠭᠯᠡᠯ ᠺᠣᠮᠫᠠᠨᠢ ᠶᠢ ᠵᠢᠯᠣᠭᠤᠳᠤᠨ ᠪᠠᠯᠠ ᠣᠷᠣᠭᠤᠯᠤᠭᠰᠠᠨ ᠠᠵᠤ | ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠰᠤᠳᠤᠯᠤᠨ ᠦᠨᠡᠯᠡᠵᠦ᠂ ᠨᠥᠬᠦᠴᠡᠯ | ᠪᠦᠷᠢᠯᠳᠦᠭᠦᠯᠦᠭᠰᠡᠨ ᠠᠵᠤ ᠠᠬᠤᠶᠢᠯᠠᠯ ᠤᠨ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ | ᠲᠥᠰᠦᠯ ᠢ ᠲᠣᠭᠲᠠᠭᠠᠵᠤ᠂ ᠨᠢᠭᠡ ᠨᠢ ᠪᠣᠯᠪᠠᠰᠤᠷᠠᠩᠭᠤᠶ ᠪᠣᠯᠪᠠᠯ ᠨᠢᠭᠡ ᠶᠢ ᠠᠬᠢᠭᠤᠯᠤᠨ᠎ᠠ᠃ ᠵᠢᠯ ᠪᠦᠷᠢ ᠵᠠᠬ᠎ᠠ | ᠳᠡᠯᠭᠡᠭᠦᠷᠴᠢᠯᠡᠭᠰᠡᠨ ᠲᠠᠪᠴᠠᠩ ᠢᠶᠠᠷ ᠳᠠᠮᠵᠢᠭᠤᠯᠤᠨ ᠪᠥᠬᠦ ᠨᠡᠶᠢᠭᠡᠮ ᠳᠤ ᠨᠢᠭᠡ ᠪᠦᠯᠦᠭ ᠬᠤᠯᠢᠮᠠᠭ ᠥᠭᠡᠷᠡᠴᠢᠯᠡᠯᠲᠡ ᠶᠢᠨ | ᠲᠥᠷᠥᠯ ᠵᠦᠢᠯ ᠢ ᠲᠠᠨᠢᠯᠴᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠤᠯᠤᠰ ᠠᠴᠠ ᠦᠮᠴᠢᠯᠡᠯᠳᠣ ᠠᠵᠤ | ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠰᠠᠭᠤᠷᠢ ᠮᠥᠩᠭᠦ ᠶᠢᠨ ᠬᠤᠯᠢᠮᠠᠭ ᠦᠮᠴᠢᠯᠡᠯᠡᠳᠣ | ᠥᠭᠡᠷᠡᠴᠢᠯᠡᠯᠲᠡ ᠶᠢ ᠳᠡᠮᠵᠢᠬᠦ ᠪᠠ ᠠᠬᠢᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠨᠡᠶᠢᠭᠡᠮ ᠤᠨ ᠬᠥᠷᠥᠩᠭᠡ ᠶᠢᠨ | ᠣᠷᠣᠯᠴᠠᠬᠤ ᠵᠠᠮ ᠮᠥᠷ ᠢ ᠥᠷᠭᠡᠳᠬᠡᠨ᠎ᠡ᠃ | ᠭᠤᠷᠪᠠ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠬᠦᠷᠦᠩᠭᠡ ᠶᠢ ᠦᠨᠡᠲᠦ ᠲᠡᠮᠲᠡᠭᠵᠢᠭᠦᠯᠬᠦ | ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ | ᠶᠡᠭᠡ ᠪᠠᠷ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠪᠢᠶᠠᠷᠢᠯᠠᠨ ᠰᠠᠯᠭᠠᠵᠤ ᠵᠠᠬ᠎ᠠ | ᠳᠡᠯᠭᠡᠭᠦᠷ ᠲᠤ ᠭᠠᠷᠭᠠᠬᠤ᠂ ᠪᠦᠬᠦᠯᠢ ᠴᠣᠭᠴᠠ ᠪᠠᠷ ᠵᠠᠬ᠎ᠠ ᠳᠡᠯᠭᠡᠭᠦᠷ ᠲᠤ ᠭᠠᠷᠭᠠᠬᠤ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢᠶᠠᠷ ᠳᠠᠮᠵᠢᠭᠤᠯᠤᠨ ᠬᠥᠷᠥᠩᠭᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠳᠡᠮᠵᠢᠬᠦ ᠬᠡᠷᠡᠭᠲᠡᠶ᠃ ᠪᠢᠳᠡ 2022 ᠣᠨ | ᠪᠣᠯᠲᠠᠯ᠎ᠠ᠂ ᠣᠷᠣᠨ ᠤ ᠬᠠᠷᠢᠶ᠎ᠠ ᠠᠵᠤ ᠠᠬᠤᠶᠢᠯᠠᠯ ︵ᠬᠤᠪᠢᠶᠠᠷᠢ ᠠᠵᠤ ᠠᠬᠤᠶᠢᠯᠠᠯ ᠪᠠᠭᠲᠠᠨ᠎ᠠ︶ ᠤᠨ ᠭᠤᠤᠯ ᠰᠠᠮᠪᠠᠷ᠎ᠡ᠂ | ᠰᠢᠨ᠎ᠡ ᠭᠤᠷᠪᠠᠳᠤᠭᠠᠷ ᠰᠠᠮᠪᠠᠷ᠎ᠠ᠂ ᠬᠤᠶᠠᠳᠤᠭᠠᠷ ᠰᠠᠮᠪᠠᠷ᠎ᠠ ᠶᠢᠨ ᠵᠠᠬ᠎ᠠ ᠳᠡᠯᠭᠡᠭᠦᠷ ᠲᠤ ᠭᠠᠷᠬᠤ ᠺᠣᠮᠫᠠᠨᠢ ᠶᠢ 5 ᠠᠴᠠ | ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠪᠠᠶᠠᠷᠯᠠᠯ᠎ᠠ᠃ | ᠳᠤᠮᠳᠠᠳᠤ ᠤᠯᠤᠰ ᠤᠨ ᠠᠵᠤ ᠠᠬᠤᠶ ᠶᠢᠨ ᠭᠠᠷᠠᠭ ᠤᠨ ᠰᠡᠳᠬᠦᠯ ᠤᠨ ᠰᠤᠷᠪᠤᠯᠵᠢᠯᠠᠭᠴᠢ᠄ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠵᠠᠬ᠎ᠠ ᠳᠡᠯᠭᠡᠭᠦᠷᠴᠢᠯᠡᠭᠰᠡᠨ ᠠᠵᠢᠯᠴᠢᠨ ᠬᠡᠷᠡᠭᠯᠡᠬᠦ ᠲᠦᠷᠢᠮ ᠪᠠ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ | ᠲᠣᠭᠲᠠᠴᠠ ᠶᠢ ᠪᠦᠷᠢᠨᠰᠢᠬᠦᠯᠤᠨ ᠲᠡᠭᠦᠯᠳᠡᠷᠵᠢᠭᠦᠯᠬᠦ᠂ ᠠᠵᠤ ᠠᠬᠤᠶᠢᠯᠠᠯ ᠤᠨ ᠣᠯᠠᠨ ᠵᠦᠢᠯ ᠤᠨ ᠠᠷᠭ᠎ᠠ ᠮᠠᠶ᠋ᠢᠭ ᠢᠶᠠᠷ | ᠤᠷᠮᠠᠰᠢᠭᠤᠯᠬᠤ ᠠᠵᠢᠯ ᠥᠷᠨᠢᠭᠦᠯᠬᠦ ᠶᠢ ᠳᠡᠮᠵᠢᠬᠦ ᠵᠡᠷᠭᠡ ᠲᠠᠯ᠎ᠠ ᠪᠠᠷ ᠬᠢ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠤᠭᠠᠳ | ᠥᠭᠭᠦᠨ᠎ᠡ ᠤᠤ︖ | ᠪᠠᠢ ᠯᠠᠨ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠣᠶᠢᠷ᠎ᠠ ᠶᠢᠨ ᠵᠢᠯ ᠤᠳ ᠲᠤ᠂ ᠤᠯᠤᠰ ᠤᠨ ᠥᠮᠴᠢᠯᠡᠯ ᠤᠨ | ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ ᠳᠣᠲᠣᠭᠠᠳᠤ ᠶᠢᠨ ︽ᠭᠤᠷᠪᠠᠨ | ᠵᠦᠢᠯ ᠤᠨ ᠲᠦᠷᠢᠮ︾ ᠤᠨ ᠥᠭᠡᠷᠡᠴᠢᠯᠡᠯᠲᠡ᠂ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠲᠣᠭᠲᠠᠴᠠ ᠶᠢᠨ | ᠥᠭᠡᠷᠡᠴᠢᠯᠡᠯᠲᠡ ᠶᠢ ᠠᠬᠢᠭᠤᠯᠬᠤ᠂ ᠭᠤᠤᠯᠯᠠᠬᠤ ᠵᠠᠩᠭᠢᠯᠠᠭ᠎ᠠ ᠶᠢᠨ ᠴᠢᠳᠠᠪᠤᠷᠢᠲᠠᠨ ᠤ ᠴᠠᠯᠢᠩ ᠬᠥᠯᠥᠰᠥ ᠶᠢᠨ ᠤᠷᠮᠠᠰᠢᠭᠤᠯᠬᠤ | ᠲᠦᠷᠢᠮ ᠢ ᠪᠠᠶᠢᠭᠤᠯᠬᠤ ᠵᠡᠷᠭᠡ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠣᠤᠷᠠᠬᠢ ᠠᠵᠢᠯ ᠢ ᠦᠷᠭᠦᠯᠵᠢᠯᠡᠨ | ᠰᠠᠶᠢᠲᠤᠷ ᠬᠢᠬᠦ ᠶᠢᠨ ᠬᠠᠮᠲᠤ ᠭᠦᠨᠵᠡᠭᠡᠶᠢᠷᠡᠭᠦᠯᠬᠦ ᠪᠠᠷ ᠪᠠᠶᠢᠨ᠎ᠠ ᠃ | ᠨᠢᠭᠡ ᠳᠤ᠂ ᠠᠵᠤ ᠠᠬᠤᠶᠢᠯᠠᠯ ᠢ ᠵᠢᠯᠣᠭᠤᠳᠤᠨ ᠬᠥᠳᠡᠯᠮᠦᠷᠢ ᠶᠢᠨ ᠭᠡᠷ᠎ᠡ ᠶᠢᠨ ᠬᠠᠮᠢᠶᠠᠷᠤᠯᠲᠠ ᠪᠠᠷ ᠵᠠᠩᠭᠢᠯᠠᠭ᠎ᠠ | ᠪᠣᠯᠭᠠᠭᠰᠠᠨ᠂ ᠠᠵᠢᠯ ᠤᠨ ᠪᠠᠶᠢᠷᠢ ᠶᠢᠨ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠵᠠᠬ᠎ᠠ ᠳᠡᠯᠭᠡᠭᠦᠷᠴᠢᠯᠡᠭᠰᠡᠨ ᠠᠵᠢᠯᠴᠢᠨ | ᠬᠡᠷᠡᠭᠯᠡᠬᠦ ᠲᠦᠷᠢᠮ ᠢ ᠲᠦᠷᠭᠡᠪᠴᠢᠯᠡᠨ ᠪᠠᠶᠢᠭᠤᠯᠵᠤ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠬᠥᠳᠡᠯᠮᠦᠷᠢ ᠬᠦᠴᠦᠨ | ᠬᠡᠷᠡᠭᠯᠡᠬᠦ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠠᠵᠢᠯᠲᠠᠨ ᠠᠵᠢᠯᠴᠢᠨ ᠢ ᠢᠯᠡ ᠪᠠᠷ ᠤᠷᠢᠬᠤ᠂ ᠬᠠᠮᠢᠶᠠᠷᠤᠯᠲᠠ ᠶᠢᠨ ᠠᠵᠢᠯᠲᠠᠨ ᠢ ᠥᠷᠢᠰᠥᠯᠳᠦᠭᠦᠯᠦᠨ | ᠠᠵᠢᠯ ᠤᠨ ᠪᠠᠶᠢᠷᠢ ᠳᠤ ᠭᠠᠷᠭᠠᠬᠤ ᠪᠠ ᠡᠭᠦᠷᠭᠡᠯᠡᠵᠦ ᠳᠡᠶᠢᠯᠬᠦ ᠦᠭᠡᠶ ᠶᠢ ᠨᠢ ᠪᠤᠴᠠᠭᠠᠵᠤ ᠭᠠᠷᠭᠠᠬᠤ ᠵᠡᠷᠭᠡ ᠳᠦᠷᠢᠮ ᠢ | ᠶᠠᠪᠤᠭᠤᠯᠬᠤ ᠬᠡᠷᠡᠭᠲᠡᠶ᠃ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠳᠣᠲᠣᠭᠠᠳᠤ ᠬᠤᠪᠢᠶᠠᠷᠢᠯᠠᠯᠲᠠ ᠶᠢᠨ ᠳᠦᠷᠢᠮ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠵᠢᠯᠲᠠ ᠪᠦᠲᠦᠮᠵᠢ ᠶᠢᠨ ᠬᠤᠪᠢ ᠨᠡᠮᠡᠷᠢ ᠪᠠᠷ ᠨᠢ ᠴᠠᠯᠢᠩ | ᠬᠥᠯᠥᠰᠥ ᠶᠢ ᠲᠣᠭᠲᠠᠭᠠᠬᠤ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦ ᠠᠵᠢᠯᠲᠠᠨ ᠤ | ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠨᠢᠭᠡ ᠠᠵᠢᠯ ᠤᠨ ᠪᠠᠶᠢᠷᠢ ᠳᠤ ᠨᠢᠭᠡ ᠴᠠᠯᠢᠩ ᠲᠠᠢ ᠪᠠᠶᠢᠯᠭᠠᠬᠤ᠂ ᠠᠵᠢᠯ ᠤᠨ | ᠪᠠᠶᠢᠷᠢ ᠶᠢ ᠨᠢ ᠰᠣᠯᠢᠵᠤ ᠴᠠᠯᠢᠩ ᠢ ᠨᠢ ᠬᠤᠪᠢᠷᠠᠭᠤᠯᠬᠤ ᠶᠢ ᠬᠡᠷᠡᠭᠵᠢᠭᠦᠯᠦᠨ᠎ᠡ᠃ | ᠬᠤᠶᠠᠷ ᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠲᠦᠷᠢᠮ ᠪᠠ ᠠᠵᠤ | ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢ ᠲᠣᠭᠲᠠᠭᠠᠬᠤ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ︽ᠠᠵᠢᠯ ᠤᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠬᠦ᠂ ᠴᠠᠯᠢᠩ ᠬᠥᠯᠥᠰᠥ ᠶᠢ ᠳᠡᠭᠡᠭᠰᠢᠯᠡᠭᠦᠯᠬᠦ᠂ | ᠠᠵᠢᠯ ᠤᠨ ᠠᠮᠵᠢᠯᠲᠠ ᠪᠦᠲᠦᠮᠵᠢ ᠶᠢ ᠪᠠᠭᠤᠷᠠᠭᠤᠯᠬᠤ᠂ ᠴᠠᠯᠢᠩ ᠬᠥᠯᠥᠰᠥ ᠶᠢ ᠪᠠᠭᠤᠷᠠᠭᠤᠯᠬᠤ︾ ᠶᠢ ᠲᠣᠳᠣᠷᠬᠠᠶᠢᠯᠠᠵᠤ᠂ | ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ | ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠯᠤᠭ᠎ᠠ ᠨᠢᠭᠲᠠ ᠬᠤᠯᠪᠣᠭᠳᠠᠭᠤᠯᠪᠠ᠃ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠴᠠᠯᠢᠩ ᠢ ᠲᠣᠭᠲᠠᠭᠠᠬᠤ ᠲᠣᠭᠲᠠᠴᠠ ᠶᠢ ᠥᠭᠡᠷᠡᠴᠢᠯᠡᠬᠦ ᠲᠤᠬᠠᠶ ᠥᠪᠡᠷᠲᠡᠭᠡᠨ ᠵᠠᠰᠠᠬᠤ ᠣᠷᠣᠨ ᠤ | ᠬᠡᠷᠡᠭᠵᠢᠭᠦᠯᠬᠦ ᠰᠠᠨᠠᠯ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠠᠴᠠ ᠪᠡᠯᠡ ᠭᠠᠷᠭᠠᠵᠤ ᠬᠢᠨᠠᠨ ᠬᠠᠮᠢᠶᠠᠷᠤᠭᠰᠠᠨ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ | ᠲᠤᠭ᠎ᠠ ᠶᠢᠨ ᠬᠠᠮᠢᠶᠠᠷᠤᠯᠲᠠ ᠶᠢᠨ ᠠᠷᠭ᠎ᠠ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠶᠣᠰᠣᠭᠠᠷ᠂ ᠠᠵᠤ ᠠᠬᠤᠶᠢᠯᠠᠯ ᠤᠨ | ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠬᠥᠳᠡᠯᠮᠦᠷᠢ | ᠬᠦᠴᠦᠨ ᠤ ᠵᠠᠬ᠎ᠠ ᠳᠡᠯᠭᠡᠭᠦᠷ ᠲᠠᠢ ᠦᠨᠳᠦᠰᠦᠨ ᠳᠡᠭᠡᠨ ᠲᠣᠬᠢᠷᠠᠯᠴᠠᠭᠰᠠᠨ᠂ ᠠᠵᠤ ᠠᠬᠤᠶᠢᠯᠠᠯ ᠤᠨ ᠠᠵᠤ ᠠᠬᠤᠶ ᠶᠢᠨ | ᠦᠷ᠎ᠡ ᠠᠰᠢᠭ ᠪᠣᠯᠤᠨ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ ᠯᠤᠭ᠎ᠠ ᠬᠤᠯᠪᠣᠭᠳᠠᠭᠤᠯᠤᠭᠰᠠᠨ ᠴᠠᠯᠢᠩ ᠤᠨ ᠲᠣᠭᠲᠠᠭᠠᠯ | ᠪᠣᠯᠤᠨ ᠬᠡᠪ ᠤᠨ ᠨᠡᠮᠡᠭᠳᠡᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠴᠠᠯᠢᠩ ᠤᠨ ᠶᠡᠷᠦᠩᠬᠡᠶ ᠲᠤᠭ᠎ᠠ ᠶᠢᠨ | ᠬᠠᠮᠢᠶᠠᠷᠤᠯᠲᠠ ᠶᠢᠨ ᠠᠷᠭ᠎ᠠ ᠮᠠᠶ᠋ᠢᠭ ᠢ ᠤᠯᠠᠮ ᠨᠢᠭᠡ ᠠᠯᠬᠤᠮ ᠳᠣᠭᠢᠷᠠᠭᠤᠯᠤᠨ ᠰᠢᠯᠢᠳᠡᠭᠵᠢᠭᠦᠯᠵᠦ᠂ ᠬᠤᠳᠠᠯᠳᠤᠭᠠᠨ ᠤ | ᠥᠷᠢᠰᠥᠯᠳᠦᠭᠡᠨ ᠤ ᠲᠥᠷᠥᠯ ᠪᠠ ᠨᠥᠬᠦᠴᠡᠯ ᠳᠤ ᠨᠡᠶᠢᠴᠡᠬᠦ ᠣᠨᠴᠠᠭᠠᠢ ᠴᠢᠳᠠᠮᠵᠢ ᠶᠢᠨ ᠲᠥᠷᠥᠯ ᠤᠨ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢ ᠪᠦᠷᠢᠳᠬᠡᠨ ᠳᠠᠩᠰᠠᠯᠠᠬᠤ ᠲᠦᠷᠢᠮ ᠤᠨ | ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠦᠶᠡᠯᠡᠯ ᠤᠨ ᠬᠤᠭᠤᠴᠠᠭᠠᠨ ᠤ ᠲᠥᠰᠦᠪ ᠤᠨ ᠬᠠᠮᠢᠶᠠᠷᠤᠯᠲᠠ ᠶᠢ | ᠰᠦᠪᠡᠭᠴᠢᠯᠡᠨ ᠬᠡᠷᠡᠭᠵᠢᠭᠦᠯᠦᠨ᠎ᠡ᠃ | ᠭᠤᠷᠪᠠ ᠳᠤ ᠠᠵᠤ ᠠᠬᠤᠶᠢᠯᠠᠯ ᠤᠨ ᠮᠡᠳᠡᠯᠭᠡ ᠶᠢᠨ ᠦᠷᠳᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ | ᠳᠣᠲᠣᠭᠠᠳᠤ ᠶᠢᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ | ᠣᠷᠣᠯᠭ᠎ᠠ ᠶᠢᠨ ᠬᠤᠪᠢᠶᠠᠷᠢᠯᠠᠯᠲᠠ ᠶᠢᠨ ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠱᠠᠩᠨᠠᠬᠤ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠣᠷᠣᠯᠭ᠎ᠠ ᠶᠢ ᠠᠵᠢᠯ ᠤᠨ | ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠠᠵᠢᠯ ᠤᠨ ᠠᠮᠵᠢᠯᠲᠠ ᠪᠦᠲᠦᠮᠵᠢ᠂ ᠪᠣᠳᠠᠲᠠᠶ ᠬᠤᠪᠢ ᠨᠡᠮᠡᠷᠢ ᠲᠠᠢ ᠨᠢᠭᠲᠠ | ᠬᠤᠯᠪᠣᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠪᠠᠷ ᠳᠡᠮᠵᠢᠨ ᠵᠦᠶ ᠵᠣᠬᠢᠰᠲᠠᠶ ᠣᠷᠣᠯᠭ᠎ᠠ ᠤᠯᠬᠤ ᠶᠢ ᠵᠣᠷᠢᠭᠵᠢᠭᠤᠯᠤᠨ᠂ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠷᠥᠯ ᠵᠦᠢᠯ ᠤᠨ ᠪᠠᠯᠠ ᠮᠥᠩᠭᠦ ᠶᠢᠨ ᠤᠷᠮᠠᠰᠢᠭᠤᠯᠤᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠎ᠠ᠃ | ᠬᠤᠪᠢᠶᠠᠷᠢᠯᠠᠯᠲᠠ ᠪᠠᠷ ᠤᠷᠮᠠᠰᠢᠭᠤᠯᠬᠤ ᠶᠢ ᠬᠡᠷᠡᠭᠯᠡᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ | ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠣᠲᠣᠭᠠᠳᠤ | ᠬᠥᠳᠡᠯᠭᠡᠬᠦ ᠬᠦᠴᠦᠨ ᠢ ᠬᠥᠭᠵᠢᠭᠡᠨ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠳᠥᠷᠪᠡ ᠳᠤ ᠣᠯᠠᠨ ᠵᠦᠢᠯ ᠤᠨ ᠠᠷᠭ᠎ᠠ ᠮᠠᠶ᠋ᠢᠭ ᠤᠨ ᠳᠤᠮᠳᠠ ᠣᠷᠳᠣ ᠬᠤᠭᠤᠴᠠᠭᠠᠨ ᠤ ᠤᠷᠮᠠᠰᠢᠭᠤᠯᠤᠯ ᠢ ᠢᠳᠡᠪᠬᠢᠲᠡᠶ | ᠰᠦᠪᠡᠭᠴᠢᠯᠡᠨ᠎ᠡ᠃ ᠠᠵᠤ ᠠᠬᠤᠶᠢᠯᠠᠯ ᠢ ᠵᠢᠯᠣᠭᠤᠳᠤᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ︽ᠪᠠᠭᠠᠵᠢ ᠶᠢᠨ | ᠬᠠᠶᠢᠷᠴᠠᠭ︾ ᠢ ᠰᠠᠶᠢᠲᠤᠷ ᠬᠡᠷᠡᠭᠯᠡᠵᠦ᠂ ᠤᠯᠤᠰ ᠤᠨ ᠥᠮᠴᠢᠯᠡᠯᠲᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ | ᠠᠬᠤᠶᠢᠯᠠᠯ ᠤᠨ ᠰᠲ᠋ᠣᠺ ᠤᠨ ᠡᠷᠬᠡ ᠪᠠ ᠠᠰᠢᠭ ᠬᠤᠪᠢᠶᠠᠵᠤ ᠤᠷᠮᠠᠰᠢᠭᠤᠯᠬᠤ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ | ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠡᠯ᠎ᠡ ᠵᠦᠢᠯ ᠤᠨ ᠤᠷᠲᠤᠪᠲᠤᠷ ᠪᠠ ᠤᠷᠲᠤ ᠬᠤᠭᠤᠴᠠᠭᠠᠨ ᠤ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠯᠡᠬᠦ ᠶᠢ ᠳᠡᠮᠵᠢᠵᠦ᠂ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠪᠠ ᠤᠷᠮᠠᠰᠢᠭᠤᠯᠬᠤ ᠬᠢᠷᠢ ᠬᠡᠮᠵᠢᠶ᠎ᠡ ᠶᠢᠨ ︽ᠬᠤᠣᠰ ᠬᠠᠷᠢᠴᠠᠭᠤᠯᠤᠯ︾ ᠢ ᠴᠢᠩᠭᠠᠷᠠᠭᠤᠯᠤᠨ | ᠂ ᠤᠷᠮᠠᠰᠢᠭᠤᠯᠬᠤ ᠪᠠ ᠬᠢᠵᠠᠭᠠᠷᠯᠠᠬᠤ ᠶᠢ ᠬᠠᠷᠢᠯᠴᠠᠨ ᠨᠢᠭᠡᠳᠬᠡᠬᠦ ᠶᠢ ᠪᠡᠶᠡᠯᠡᠭᠦᠯᠦᠨ᠎ᠡ᠃ |