ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠎ ᠤᠨ ᠲᠥᠷᠥ ᠶᠢᠨ ᠪᠣᠳᠣᠯᠭ᠎ᠠ ᠶᠢᠨ ᠲᠤᠬᠠᠢ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2021/3/17
     2 ᠰᠠᠷ᠎ᠠ ᠶᠢᠨ 24᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠎ ᠤᠨ ᠲᠥᠷᠥ ᠶᠢᠨ ᠪᠣᠳᠣᠯᠭ᠎ᠠ ᠶᠢᠨ ᠲᠤᠬᠠᠢ ᠵᠣᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠎ ᠤᠨ ᠳᠡᠳ᠋ ᠳᠠᠷᠤᠭ᠎ᠠ ᠳ᠋ᠠᠶ ᠶᠠᠨ ᠬᠠᠮᠢᠶ᠎ᠠ ᠪᠥᠬᠦᠶ ᠪᠠᠶᠢᠳᠠᠯ ᠳᠤ ᠲᠠᠨᠢᠯᠴᠠᠭᠤᠯᠭ᠎ᠠ ᠬᠢᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠎ ᠤᠨ ᠲᠥᠷᠥ ᠶᠢᠨ ᠪᠣᠳᠣᠯᠭ᠎ᠠ ᠶᠢᠨ ᠲᠤᠬᠠᠢ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠯ ᠤᠨ ᠦᠭᠡ      ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠳ᠋ᠠᠶ ᠶᠠᠨ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠎ ᠢ 2020 ᠣᠨ ᠤ 12 ᠰᠠᠷ᠎ᠠ ᠶᠢᠨ 23᠎ ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 31 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠎ ᠠᠴᠠ ᠬᠢᠨᠠᠨ ᠵᠥᠪᠯᠡᠵᠦ ᠪᠠᠲᠤᠯᠠᠭᠠᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 248 ᠳ᠋ᠣᠭᠠᠷ ᠲᠤᠭᠠᠲᠤ ᠵᠠᠷᠯᠢᠭ ᠢᠶᠠᠷ ᠨᠡᠶᠢᠲᠡᠯᠡᠵᠦ᠂ 2021 ᠣᠨ ᠤ 3 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠳᠣᠤᠷ᠎ᠠ ᠪᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠳᠣᠷᠣᠭᠰᠢ  ︽ᠳᠡᠰ ᠳᠠᠷᠠᠭᠠᠯᠠᠯ ᠤᠨ ᠲᠣᠭᠲᠠᠭᠠᠯ︾ ᠭᠡᠵᠦ ᠲᠣᠪᠴᠢᠯᠠᠨ᠎ᠠ︶᠎ ᠢ ᠨᠡᠶᠢᠲᠡᠯᠡᠭᠰᠡᠨ ᠬᠠᠮᠢᠶ᠎ᠠ ᠪᠦᠬᠦᠢ ᠪᠠᠶᠢᠳᠠᠯ ᠢ ᠲᠣᠪᠴᠢ ᠲᠠᠨᠢᠯᠴᠠᠭᠤᠯᠤᠶ᠎ᠠ᠃      ᠨᠢᠭᠡ᠂ ︽ᠳᠡᠰ ᠳᠠᠷᠠᠭᠠᠯᠠᠯ ᠤᠨ ᠲᠣᠭᠲᠠᠭᠠᠯ︾᠎ ᠢ ᠨᠡᠶᠢᠲᠡᠯᠡᠭᠰᠡᠨ ᠠᠬᠤᠶ ᠪᠠᠶᠢᠳᠠᠯ ᠪᠠ ᠲᠣᠭᠲᠠᠭᠠᠭᠰᠠᠨ ᠶᠠᠪᠤᠴᠠ      ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠠᠴᠠ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠵᠤ᠂ ᠤᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠪᠣᠯᠭᠠᠬᠤ ᠪᠠᠷ ᠲᠣᠭᠲᠠᠭᠠᠪᠠ᠃ 2019 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ  ︽ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ︵ᠳᠣᠷᠣᠭᠰᠢ  ︽ᠲᠦᠷ ᠬᠡᠷᠡᠭᠵᠢᠭᠦᠯᠬᠦ ᠲᠦᠷᠢᠮ  ︾ ᠭᠡᠵᠦ ᠲᠣᠪᠴᠢᠯᠠᠨ᠎ᠠ︶᠎ ᠢ ᠨᠡᠶᠢᠲᠡᠯᠡᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠥᠬᠦ ᠴᠤᠪᠤᠷᠠᠯ ᠳᠤ ᠪᠣᠳᠠᠲᠠᠶ ᠲᠣᠭᠲᠠᠭᠠᠯ ᠭᠠᠷᠭᠠᠵᠤ᠂ ᠲᠠᠰ ᠳᠠᠷᠠᠭᠠᠯᠠᠯ᠂ ᠪᠠᠷᠢᠮᠵᠢᠶ᠎ᠠ ᠵᠡᠷᠭᠡ ᠲᠠᠯ᠎ᠠ ᠳᠤ ᠪᠦᠷ ᠨᠠᠩ ᠥᠨᠳᠥᠷ ᠱᠠᠭᠠᠷᠳᠠᠯᠭ᠎ᠠ ᠳᠤᠷᠠᠳᠴᠠᠶ᠃  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ  ︾ ︵ᠥᠪᠥᠷ ᠮᠣᠩᠭᠤᠯ ᠎ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 209 ᠳ᠋ᠦ᠋ᠭᠡᠷ ᠲᠣᠭᠠᠲᠤ︶᠎ ᠢ 2015 ᠣᠨ ᠳᠤ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠣᠮᠵᠢᠭᠤᠯᠤᠨ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠎ ᠶᠢ ᠪᠠᠲᠤᠯᠠᠬᠤ ᠲᠠᠯ᠎ᠠ ᠪᠠᠷ ᠴᠢᠬᠤᠯᠠ ᠦᠶᠯᠡᠳᠦᠯ ᠦᠵᠡᠭᠦᠯᠪᠡ᠃ ᠭᠡᠪᠡᠴᠦ ᠦᠢᠯᠡᠳᠦᠯᠭᠡ ᠶᠢᠨ ᠳᠤᠮᠳᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠨᠢ ᠲᠣᠳᠣᠷᠬᠠᠶ ᠦᠭᠡᠶ᠂ ᠳᠡᠰ ᠳᠠᠷᠠᠭᠠᠯᠠᠯ ᠨᠢ ᠪᠦᠷᠢᠨ ᠪᠤᠰᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠰᠠᠨᠠᠯ ᠬᠤᠷᠢᠶᠠᠬᠤ ᠪᠠ ᠬᠠᠮᠲᠤ ᠪᠠᠷ ᠶᠠᠷᠢᠯᠴᠠᠬᠤ ᠶᠢ ᠪᠤᠲᠠᠲᠠᠶᠢᠵᠢᠭᠤᠯᠤᠭᠰᠠᠨ ᠦᠭᠡᠶ ᠪᠠᠶᠢᠳᠠᠯ ᠣᠷᠣᠰᠢᠵᠤ ᠪᠠᠶᠢᠬᠤ ᠠᠴᠠ ᠪᠣᠯᠵᠣ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠨᠢ ᠪᠣᠳᠠᠲᠤ ᠴᠣᠭᠴᠠ ᠡᠰᠡᠭᠦᠯ᠎ᠡ ᠳᠡᠰ ᠳᠠᠷᠠᠭᠠᠯᠠᠯ ᠤᠨ ᠲᠠᠯ᠎ᠠ ᠪᠠᠷ ᠬᠠᠤᠯᠢ ᠶᠢ ᠵᠥᠷᠢᠴᠡᠵᠦ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ ᠬᠤᠬᠢᠷᠠᠭᠤᠯᠤᠨ᠂ ᠭᠠᠵᠠᠷ ᠣᠷᠣᠨ ᠤ ᠡᠵᠡᠩᠨᠡᠨ ᠬᠤᠳᠠᠯᠳᠣᠭᠠᠯᠠᠬᠤ ᠣᠷᠴᠢᠨ ᠨᠦᠭᠦᠴᠡᠯ ᠢ ᠡᠪᠳᠡᠵᠦ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠠᠬᠢᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠬᠤ ᠶᠢ ᠣᠯᠵᠣ ᠮᠡᠳᠡᠵᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ︽ᠲᠦᠷ ᠬᠡᠷᠡᠭᠵᠢᠭᠦᠯᠬᠦ ᠳᠦᠷᠢᠮ︾᠎ ᠤᠨ ᠱᠠᠭᠠᠷᠳᠠᠯᠭ᠎ᠠ ᠶᠢ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠮᠠᠨ ᠤ ᠣᠷᠣᠨ ᠤ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠲᠦᠯᠬᠢᠨ ᠠᠬᠢᠭᠤᠯᠵᠤ᠂ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾᠎ ᠳᠤ ᠵᠠᠰᠠᠪᠤᠷᠢ ᠣᠷᠣᠭᠤᠯᠬᠤ ᠶᠢ ᠲᠤᠯᠭᠠᠮ ᠱᠠᠭᠠᠷᠳᠠᠵᠤ ᠪᠣᠢ᠃      ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢ ᠣᠷᠣᠯᠠᠨ ︽ᠲᠠᠰ ᠳᠠᠷᠠᠭᠠᠯᠠᠯ ᠤᠨ ᠲᠣᠭᠲᠠᠭᠠᠯ︾᠎ ᠢ ᠲᠤᠭᠤᠷᠪᠢᠵᠤ᠂ ᠬᠠᠤᠯᠢ ᠳᠤ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠪᠥᠬᠦ ᠨᠡᠶᠢᠭᠡᠮ ᠠᠴᠠ ᠥᠷᠭᠡᠨ ᠢᠶᠠᠷ ᠰᠠᠨᠠᠯ ᠬᠤᠷᠢᠶᠠᠭᠰᠠᠨ ᠪᠥᠭᠡᠳ ᠭᠦᠶᠴᠡᠳ ᠪᠠᠶᠢᠴᠠᠭᠠᠨ ᠰᠤᠳᠤᠯᠵᠤ ᠨᠤᠲᠠᠯᠠᠯᠲᠠ ᠬᠢᠪᠠ᠃ ︽ᠲᠠᠰ ᠳᠠᠷᠠᠭᠠᠯᠠᠯ ᠤᠨ ᠲᠣᠭᠲᠠᠭᠠᠯ︾᠎ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2020 ᠣᠨ ᠤ 31 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃      ᠬᠤᠶᠠᠷ᠂ ︽ᠲᠠᠰ ᠳᠠᠷᠠᠭᠠᠯᠠᠯ ᠤᠨ ᠲᠣᠭᠲᠠᠭᠠᠯ︾᠎ ᠤᠨ ᠭᠤᠣᠯ ᠠᠭᠤᠯᠭ᠎ᠠ      ︽ᠲᠠᠰ ᠳᠠᠷᠠᠭᠠᠯᠠᠯ ᠤᠨ ᠲᠣᠭᠲᠠᠭᠠᠯ︾᠎ ᠨᠢ 10 ᠪᠦᠯᠦᠭ ᠢᠶᠠᠷ ᠪᠦᠷᠢᠯᠳᠦᠵᠦ᠂ ᠨᠡᠶᠢᠲᠡ 59 ᠵᠦᠢᠯ ᠪᠣᠢ᠂ ᠳᠣᠣᠷᠠᠬᠢ ᠮᠡᠲᠦ ᠬᠠᠤᠯᠢ ᠲᠣᠭᠲᠠᠭᠠᠬᠤ ᠣᠨᠴᠠᠯᠢᠭ ᠲᠠᠢ᠄      ︵ᠨᠢᠭᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠪᠠ᠃  ︽ᠲᠠᠰ ᠳᠠᠷᠠᠭᠠᠯᠠᠯ ᠤᠨ ᠲᠣᠭᠲᠠᠭᠠᠯ︾᠎ ᠳᠤ ᠵᠢᠭᠰᠠᠭᠠᠨ ᠲᠣᠭᠠᠴᠢᠬᠤ ᠬᠡᠯᠪᠡᠷᠢ ᠪᠠᠷ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ ᠬᠡᠪᠴᠢᠶ᠎ᠡ ᠶᠢ ᠲᠣᠳᠣᠷᠬᠠᠶᠢᠯᠠᠪᠠ᠃ ᠡᠭᠦᠨ ᠤ ᠬᠠᠮᠲᠤ᠂ ᠡᠯ᠎ᠡ ᠱᠠᠲᠤᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠠᠵᠢᠯ ᠶᠠᠪᠤᠳᠠᠯ ᠬᠠᠮᠢᠶᠠᠷᠬᠤ ᠡᠷᠬᠡ ᠎ ᠶᠢᠨ ᠠᠳᠠᠯᠢ ᠪᠤᠰᠤ᠂ ᠡᠯ᠎ᠡ ᠭᠠᠵᠠᠷ ᠤᠨ ᠪᠣᠳᠠᠲᠤ ᠪᠠᠶᠢᠳᠠᠯ ᠤᠨ ᠠᠳᠠᠯᠢ ᠪᠤᠰᠤ ᠠᠴᠠ ᠪᠣᠯᠵᠣ᠂ ︽ᠲᠠᠰ ᠳᠠᠷᠠᠭᠠᠯᠠᠯ ᠤᠨ ᠲᠣᠭᠲᠠᠭᠠᠯ︾᠎ ᠳᠤ ᠡᠯ᠎ᠡ ᠱᠠᠲᠤᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠲᠣᠭᠲᠠᠭᠠᠯ ᠶᠣᠰᠣᠭᠠᠷ᠂ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠪᠠ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ ᠭᠠᠷᠴᠠᠭ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠤᠨ᠎ᠠ ᠭᠡᠵᠦ ᠲᠣᠳᠣᠷᠬᠠᠶᠢᠯᠠᠪᠠ᠃ ᠢᠩᠭᠢᠵᠦ ᠲᠣᠭᠲᠠᠭᠠᠭᠰᠠᠨ ᠎ ᠨᠢ ᠱᠠᠲᠤ ᠳᠠᠪᠬᠤᠷᠭ᠎ᠠ ᠶᠢᠨ ᠵᠥᠷᠢᠶ᠎ᠡ ᠪᠠ ᠣᠷᠣᠨ ᠪᠦᠰᠡ ᠶᠢᠨ ᠵᠥᠷᠢᠶ᠎ᠡ ᠶᠢ ᠭᠦᠶᠴᠡᠳ ᠪᠣᠳᠣᠯᠬᠢᠯᠠᠵᠤ᠂ ᠨᠠᠩ ᠢᠯᠡᠭᠦᠦ ᠬᠠᠨᠳᠤᠯᠭᠠᠲᠤ ᠴᠢᠨᠠᠷ ᠪᠠ ᠪᠣᠯᠤᠮᠵᠢᠲᠤ ᠴᠢᠨᠠᠷ ᠲᠠᠢ ᠶᠤᠮ᠃      ︵ᠬᠤᠶᠠᠷ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠨᠠᠷᠢᠯᠢᠭᠵᠢᠭᠤᠯᠪᠠ᠃ ︽ᠲᠠᠰ ᠳᠠᠷᠠᠭᠠᠯᠠᠯ ᠤᠨ ᠲᠣᠭᠲᠠᠭᠠᠯ︾᠎ ᠳᠤ ᠲᠥᠷᠥ ᠶᠢᠨ ᠶᠠᠪᠤᠳᠠᠯ ᠤᠨ ᠬᠤᠷᠢᠶᠠᠨ ᠤ ︽ᠲᠦᠷ ᠬᠡᠷᠡᠭᠵᠢᠭᠦᠯᠬᠦ ᠲᠦᠷᠢᠮ︾᠎ ᠳᠤ ᠲᠣᠭᠲᠠᠭᠠᠭᠰᠠᠨ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠳᠤ ᠴᠢᠬᠤᠯᠠ ᠪᠥᠬᠦᠶ ᠨᠠᠷᠢᠯᠢᠭᠵᠢᠭᠤᠯᠤᠯᠲᠠ ᠪᠠ ᠨᠦᠬᠦᠪᠦᠷᠢᠯᠡᠯᠲᠡ ᠬᠢᠵᠦ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠪᠠ᠃ ᠰᠢᠢᠳᠪᠦᠷᠢᠲᠦ ᠪᠤᠳᠤᠯᠭ᠎ᠠ ᠶᠢ ᠡᠬᠢᠯᠡᠭᠦᠯᠬᠦ ᠲᠠᠯ᠎ᠠ ᠪᠠᠷ᠂ ᠰᠢᠢᠳᠪᠦᠷᠢᠲᠦ ᠪᠤᠳᠤᠯᠭ᠎ᠠ ᠶᠢ ᠡᠬᠢᠯᠡᠭᠦᠯᠬᠦ ᠵᠦᠢᠯᠡᠰ ᠢ ᠰᠤᠳᠤᠯᠤᠨ ᠨᠤᠲᠠᠯᠠᠬᠤ ᠪᠡᠶᠡᠴᠢ ᠴᠣᠭᠴᠠ ᠶᠢ ᠨᠠᠷᠢᠯᠢᠬᠵᠢᠭᠤᠯᠵᠤ᠂ ᠲᠤᠰᠬᠠᠢ ᠮᠡᠷᠭᠡᠵᠢᠯᠲᠡᠨ ᠪᠤᠶᠤ ᠲᠤᠰᠬᠠᠢ ᠪᠠᠶᠢᠭᠤᠯᠤᠮᠵᠢ ᠳᠤ ᠨᠠᠶᠢᠳᠠᠵᠤ ᠲᠤᠭᠤᠷᠪᠢᠨ ᠪᠢᠴᠢᠭᠦᠯᠵᠦ ᠪᠣᠯᠬᠤ ᠲᠣᠭᠲᠠᠭᠠᠯ ᠢ ᠨᠡᠮᠡᠪᠡ︔ ᠣᠯᠠᠨ ᠨᠡᠶᠢᠲᠡ ᠶᠢᠨ ᠬᠢᠨ ᠤᠷᠤᠯᠴᠠᠬᠤ ᠲᠠᠯ᠎ᠠ ᠪᠠᠷ ᠰᠠᠨᠠᠯ ᠰᠣᠨᠣᠰᠬᠤ ᠠᠷᠭ᠎ᠠ ᠮᠠᠶ᠋ᠢᠭ ᠪᠠ ᠠᠷᠠᠳ ᠤᠨ ᠰᠠᠨᠠᠭ᠎ᠠ ᠶᠢ ᠪᠠᠶᠢᠴᠠᠭᠠᠬᠤ ᠬᠤᠯᠪᠣᠭᠳᠠᠯ ᠪᠥᠬᠦᠶ ᠠᠭᠤᠯᠭ᠎ᠠ ᠶᠢ ᠨᠥᠬᠦᠪᠥᠷᠢᠯᠡᠵᠦ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠬᠤᠯᠪᠣᠭᠳᠠᠯ ᠪᠥᠬᠦᠶ ᠲᠣᠭᠲᠠᠭᠠᠯ ᠢ ᠨᠠᠷᠢᠯᠢᠬᠵᠢᠭᠤᠯᠪᠠ︔ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠲᠠᠯ᠎ᠠ ᠪᠠᠷ᠂ ᠲᠤᠰᠬᠠᠶ ᠮᠡᠷᠭᠡᠵᠢᠯᠲᠡᠨ ᠪᠠ ᠲᠤᠰᠬᠠᠶ ᠪᠠᠶᠢᠭᠤᠯᠤᠮᠵᠢ ᠪᠠᠷ ᠨᠤᠲᠠᠯᠠᠭᠤᠯᠬᠤ ᠶᠠᠪᠤᠴᠠ ᠳᠤ ᠮᠠᠲ᠋ᠧᠷᠢᠶᠠᠯ ᠪᠠᠶᠢᠴᠠᠭᠠᠨ ᠦᠵᠡᠬᠦ᠂ ᠬᠤᠷᠠᠯ ᠳᠤ ᠰᠤᠯᠠ ᠣᠷᠣᠯᠴᠠᠬᠤ᠂ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠬᠤ ᠵᠡᠷᠭᠡ ᠡᠷᠬᠡ ᠲᠠᠢ ᠪᠠᠶᠢᠬᠤ ᠪᠠ ᠨᠢᠭᠤᠴᠠ ᠶᠢ ᠬᠠᠮᠠᠭᠠᠯᠠᠬᠤ᠂ ᠨᠤᠲᠠᠯᠠᠯᠲᠠ ᠶᠢᠨ ᠰᠠᠨᠠᠯ ᠳᠤ ᠬᠠᠷᠢᠭᠤᠴᠠᠯᠭ᠎ᠠ ᠡᠭᠦᠷᠭᠡᠯᠡᠬᠦ ᠵᠡᠷᠭᠡ ᠡᠭᠦᠷᠭᠡ ᠶᠢ ᠬᠠᠤᠯᠢ ᠶᠣᠰᠣᠭᠠᠷ ᠡᠭᠦᠷᠭᠡᠯᠡᠬᠦ ᠶᠢ ᠨᠡᠮᠡᠪᠡ︔ ᠲᠦᠭᠰᠢᠭᠦᠷᠢ ᠶᠢ ᠦᠨᠡᠯᠡᠨ ᠵᠢᠱᠢᠬᠦ ᠲᠠᠯ᠎ᠠ ᠪᠠᠷ᠂ ᠲᠦᠭᠰᠢᠭᠦᠷᠢ ᠶᠢ ᠦᠨᠡᠯᠡᠨ ᠵᠢᠱᠢᠬᠦ ᠳᠡᠰ ᠳᠠᠷᠠᠭᠠᠯᠠᠯ ᠢ ᠨᠠᠷᠢᠯᠢᠬᠵᠢᠭᠤᠯᠵᠤ᠂ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠠᠭᠤᠯᠭ᠎ᠠ ᠶᠢ ᠨᠡᠮᠡᠪᠡ︔ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠲᠠᠯ᠎ᠠ ᠪᠠᠷ᠂ ᠬᠢᠨᠠᠨ ᠪᠠᠶᠢᠴᠠᠭᠠᠬᠤ ᠬᠤᠭᠤᠴᠠᠭ᠎ᠠ᠂ ᠬᠢᠨᠠᠨ ᠪᠠᠶᠢᠴᠠᠭᠠᠬᠤ ᠠᠷᠭ᠎ᠠ ᠬᠡᠯᠪᠡᠷᠢ ᠪᠠ ᠬᠢᠨᠠᠨ ᠪᠠᠶᠢᠴᠠᠭᠠᠬᠤ ᠰᠠᠨᠠᠯ ᠵᠡᠷᠭᠡ ᠶᠢ ᠲᠣᠭᠲᠠᠭᠠᠪᠠ︔ ᠬᠠᠮᠲᠤ ᠪᠠᠷ ᠶᠠᠷᠢᠯᠴᠠᠨ ᠲᠣᠭᠲᠠᠭᠠᠬᠤ ᠲᠠᠯ᠎ᠠ ᠪᠠᠷ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢ ᠨᠡᠶᠢᠲᠡᠯᠡᠬᠦ ᠠᠴᠠ ᠡᠮᠦᠨ᠎ᠡ ᠲᠣᠭᠲᠠᠭᠠᠯ ᠶᠣᠰᠣᠭᠠᠷ ᠠᠳᠠᠯᠢ ᠱᠠᠲᠤᠨ ᠤ ᠨᠠᠮ ᠤᠨ ᠬᠤᠷᠢᠶ᠎ᠠ ᠠᠴᠠ ᠮᠡᠳᠡᠭᠦᠯᠬᠦ ᠠᠭᠤᠯᠭ᠎ᠠ ᠶᠢᠨ ᠵᠢᠭᠠᠪᠤᠷᠢ ᠠᠪᠬᠤ ᠶᠢ ᠨᠡᠮᠡᠪᠡ᠃      ︵ᠭᠤᠷᠪᠠ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠲᠣᠬᠢᠷᠠᠭᠤᠯᠤᠯᠲᠠ ᠬᠢᠬᠦ ᠳᠡᠰ ᠳᠠᠷᠠᠭᠠᠯᠠᠯ ᠢ ᠵᠢᠷᠤᠮᠵᠢᠭᠤᠯᠪᠠ᠃ ︽ᠲᠠᠰ ᠳᠠᠷᠠᠭᠠᠯᠠᠯ ᠤᠨ ᠲᠣᠭᠲᠠᠭᠠᠯ︾᠎ ᠨᠢ ᠰᠢᠶᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤᠮᠳᠠᠬᠢ ᠠᠰᠠᠭᠤᠳᠠᠯ ᠢ ᠬᠠᠷᠢᠭᠤ ᠲᠤᠰᠬᠠᠬᠤ ᠲᠣᠭᠲᠠᠴᠠ ᠪᠠ ᠰᠢᠶᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠲᠦᠷᠢᠮ ᠢ ᠤᠯᠠᠮ ᠨᠢᠭᠡ ᠠᠯᠬᠤᠮ ᠨᠠᠷᠢᠯᠢᠬᠵᠢᠭᠤᠯᠪᠠ᠃ ᠡᠭᠦᠨ ᠤ ᠬᠠᠮᠲᠤ᠂ ︽ᠲᠠᠰ ᠳᠠᠷᠠᠭᠠᠯᠠᠯ ᠤᠨ ᠲᠣᠭᠲᠠᠭᠠᠯ︾᠎ ᠳᠤ ᠬᠠᠤᠯᠢ ᠶᠣᠰᠣᠭᠠᠷ ᠭᠠᠷᠭᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠡᠷᠡᠭᠵᠢᠭᠦᠯᠬᠦ ᠶᠢ ᠵᠣᠭᠰᠣᠭᠠᠵᠤ ᠪᠣᠯᠬᠤ ᠥᠬᠡᠶ᠂ ᠴᠢᠬᠤᠯᠠ ᠶᠡᠭᠡ ᠲᠣᠬᠢᠷᠠᠭᠤᠯᠤᠯᠲᠠ ᠬᠢᠬᠦ ᠴᠢᠬᠤᠯᠠ ᠲᠠᠢ ᠪᠠᠶᠢᠪᠠᠯ᠂ ᠬᠠᠮᠢᠶ᠎ᠠ ᠪᠥᠬᠦᠶ ᠬᠠᠤᠯᠢ ᠳᠤ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠶᠴᠡᠳᠬᠡᠬᠦ ᠬᠡᠷᠡᠭᠲᠡᠶ ᠭᠡᠵᠦ ᠱᠠᠭᠠᠷᠳᠠᠪᠠ᠃      ︵ᠳᠦᠷᠪᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠡᠭᠦᠯᠳᠡᠷᠵᠢᠭᠦᠯᠪᠡ᠃ ︽ᠲᠠᠰ ᠳᠠᠷᠠᠭᠠᠯᠠᠯ ᠤᠨ ᠲᠣᠭᠲᠠᠭᠠᠯ︾᠎ ᠳᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ᠂ ᠰᠢᠶᠳᠪᠦᠷᠢᠲᠦ ᠪᠣᠳᠣᠯᠭ᠎ᠠ ᠶᠢ ᠳᠠᠭᠠᠭᠠᠨ ᠭᠦᠶᠴᠡᠳᠬᠡᠬᠦ ᠨᠢᠭᠡᠴᠢ ᠪᠠ ᠰᠢᠶᠳᠪᠦᠷᠢᠲᠦ ᠪᠣᠳᠣᠯᠭ᠎ᠠ ᠎ ᠶᠢ ᠬᠡᠷᠡᠭᠵᠢᠭᠦᠯᠬᠦ ᠨᠢᠭᠡᠴᠢ ᠵᠢᠴᠢ ᠲᠡᠭᠦᠨ ᠤ ᠬᠠᠮᠢᠶ᠎ᠠ ᠪᠥᠬᠦᠶ ᠠᠵᠢᠯᠲᠠᠨ ᠵᠢᠴᠢ ᠨᠤᠲᠠᠯᠠᠯᠲᠠ ᠬᠢᠵᠦ ᠦᠨᠡᠯᠡᠨ ᠵᠢᠱᠢᠬᠦ ᠠᠵᠢᠯ ᠎ ᠢ ᠡᠭᠦᠷᠭᠡᠯᠡᠬᠦ ᠲᠤᠰᠬᠠᠶ ᠮᠡᠷᠭᠡᠵᠢᠯᠲᠡᠨ᠂ ᠲᠤᠰᠬᠠᠶ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠭᠡᠳᠡᠷᠭᠦ ᠪᠠᠶᠢᠴᠠᠭᠠᠬᠤ ᠬᠠᠷᠢᠭᠤᠴᠠᠯᠭ᠎ᠠ ᠶᠢᠨ ᠲᠦᠷᠢᠮ ᠪᠠ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠲᠣᠳᠣᠷᠬᠠᠶᠢᠯᠠᠪᠠ᠃      ᠭᠤᠷᠪᠠ᠂ ︽ᠳᠡᠰ ᠳᠠᠷᠠᠭᠠᠯᠠᠯ ᠤᠨ ᠲᠣᠭᠲᠠᠭᠠᠯ︾᠎ ᠢ ᠨᠡᠶᠢᠲᠡᠯᠡᠨ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠎ ᠢ ᠭᠦᠢᠴᠡᠳ ᠲᠠᠨᠢᠵᠤ᠂ ᠰᠤᠷᠤᠯᠴᠠᠬᠤ᠂ ᠤᠬᠠᠭᠤᠯᠬᠤ᠂ ᠨᠠᠶᠢᠳᠠᠪᠤᠷᠢᠵᠢᠭᠤᠯᠬᠤ ᠶᠢ ᠦᠨᠠᠨ ᠬᠦ ᠰᠠᠶᠢᠲᠤᠷ ᠠᠳᠬᠤᠬᠤ ᠬᠡᠷᠡᠭᠲᠡᠶ      ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠬᠤ ᠪᠣᠯ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠲᠡᠭᠦᠯᠳᠡᠷᠵᠢᠭᠦᠯᠬᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾᠎ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ᠂ ᠬᠠᠤᠯᠢᠵᠢᠯ ᠤᠨ ᠥᠪᠥᠷ ᠮᠣᠩᠭᠤᠯ ᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠨᠢᠭᠡ ᠳᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠎ ᠳᠤ ᠠᠰᠢᠭᠲᠠᠢ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠵᠤ ᠴᠢᠳᠠᠬᠤ ᠡᠰᠡᠬᠦ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠬᠠᠷᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠵᠥᠪ ᠢᠶᠠᠷ ᠭᠦᠢᠴᠡᠳᠬᠡᠵᠦ ᠴᠢᠳᠠᠬᠤ ᠡᠰᠡᠬᠦ ᠯᠦᠭᠡ ᠬᠤᠯᠪᠣᠭᠳᠠᠬᠤ ᠶᠤᠮ᠃  ︽ᠲᠠᠰ ᠳᠠᠷᠠᠭᠠᠯᠠᠯ ᠤᠨ ᠲᠣᠭᠲᠠᠭᠠᠯ︾᠎ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠤᠮᠵᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨᠴᠢ ᠲᠠᠰ ᠳᠠᠷᠠᠭᠠᠯᠠᠯ ᠤᠨ ᠲᠦᠷᠢᠮ ᠢᠶᠠᠷ ᠳᠠᠮᠵᠢᠭᠤᠯᠤᠨ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠎ ᠢ ᠳᠡᠭᠡᠭᠰᠢᠯᠡᠭᠦᠯᠬᠦ ᠪᠣᠯᠣᠨ᠎ᠠ᠃ ᠡᠨᠡ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠬᠤ᠂ ᠥᠨᠳᠥᠷ ᠪᠦᠲᠦᠮᠵᠢᠲᠡᠢ ᠪᠥᠭᠡᠳ ᠦᠨᠡᠨᠴᠢ ᠢᠲᠡᠭᠡᠮᠵᠢᠲᠡᠢ  ᠬᠠᠤᠯᠢᠵᠢᠯ ᠤᠨ ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠬᠤ ᠳᠤ ᠣᠷᠣᠯᠠᠭᠤᠯᠵᠤ ᠪᠣᠯᠤᠰᠢ ᠦᠭᠡᠢ ᠪᠣᠳᠠᠲᠤ ᠠᠴᠢ ᠬᠤᠯᠪᠣᠭᠳᠠᠯ ᠲᠠᠢ ᠶᠤᠮ᠃      ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠦᠭᠡᠷᠡᠴᠢᠯᠡᠯᠲᠡ ᠬᠦᠭᠵᠢᠯᠲᠡ ᠶᠢᠨ ᠲᠤᠭᠲᠠᠭᠤᠨ ᠶᠡᠭᠡ ᠲᠠᠯ᠎ᠠ ᠶᠢ ᠨᠡᠩ ᠰᠠᠶᠢᠲᠤᠷ ᠬᠠᠮᠠᠭᠠᠯᠠᠬᠤ ᠳᠤ ᠠᠰᠢᠭᠲᠠᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠨᠢ ᠢᠮᠠᠭᠲᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ ᠪᠠᠶᠢᠵᠤ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠶᠢᠨ ᠲᠤᠭᠲᠠᠭᠤᠨ ᠶᠡᠭᠡ ᠲᠠᠯ᠎ᠠ ᠳᠤ ᠬᠤᠯᠪᠣᠭᠳᠠᠬᠤ ᠪᠣᠯᠤᠨ᠎ᠠ ᠃ ︽ᠳᠡᠰ ᠳᠠᠷᠠᠭᠠᠯᠠᠯ ᠤᠨ ᠲᠣᠭᠲᠠᠭᠠᠯ︾᠎ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠳᠦᠷᠢᠮ ᠢ ᠵᠢᠷᠤᠮᠵᠢᠭᠤᠯᠬᠤ ᠪᠠᠷ ᠳᠠᠮᠵᠢᠭᠤᠯᠤᠨ᠂ ᠨᠡᠶᠢᠭᠡᠮ ᠣᠯᠠᠨ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ ᠲᠦᠮᠡᠨ ᠤ ᠰᠠᠨᠠᠯ ᠢ ᠬᠤᠷᠢᠶᠠᠵᠤ ᠣᠯᠠᠨ ᠤ ᠤᠬᠠᠭᠠᠨ ᠢ ᠲᠥᠪᠯᠡᠷᠡᠭᠦᠯᠬᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠠᠪᠤᠴᠠ ᠪᠣᠯᠭᠠᠵᠤ᠂ ᠴᠢᠨᠠᠭᠰᠢᠳᠠ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢᠨ ᠭᠡᠷᠡᠭᠵᠢᠭᠦᠯᠵᠦ ᠪᠤᠯᠬᠤᠶᠢᠴᠠ ᠴᠢᠨᠠᠷ᠂ ᠲᠣᠭᠲᠠᠪᠤᠷᠢᠲᠤ ᠴᠢᠨᠠᠷ ᠢ ᠪᠦᠲᠦᠮᠵᠢᠲᠡᠶ ᠨᠡᠮᠡᠭᠳᠡᠭᠦᠯᠦᠨ᠎ᠡ᠃ ᠡᠨᠡ ᠨᠢ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠲᠣᠭᠲᠠᠭᠤᠨ ᠶᠡᠭᠡ ᠲᠠᠯ᠎ᠠ ᠶᠢ ᠬᠠᠮᠠᠭᠠᠯᠠᠬᠤ ᠳᠤ ᠴᠢᠬᠤᠯᠠ ᠢᠳᠡᠪᠬᠢ ᠠᠴᠢ ᠬᠤᠯᠪᠣᠭᠳᠠᠯ ᠲᠠᠢ ᠶᠤᠮ᠃      ᠭᠤᠷᠪᠠ ᠳᠤ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠶᠢ ᠴᠢᠩᠭᠠᠳᠬᠠᠬᠤ ᠳᠤ ᠠᠰᠢᠭᠲᠠᠢ᠃ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠪᠣᠯ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠡᠬᠢᠯᠡᠯᠲᠡ ᠮᠦᠷᠲᠡᠭᠡᠨ ᠵᠠᠰᠠᠭ ᠵᠠᠬᠢᠷᠭᠠᠨ ᠤ ᠡᠷᠬᠡ ᠶᠢ ᠵᠢᠷᠤᠮᠵᠢᠭᠤᠯᠬᠤ ᠶᠢᠨ ᠭᠤᠣᠯᠳᠠᠯᠭ᠎ᠠ ᠪᠣᠯᠣᠨ᠎ᠠ᠃ ︽ᠲᠠᠰ ᠳᠠᠷᠠᠭᠠᠯᠠᠯ ᠤᠨ ᠲᠣᠭᠲᠠᠭᠠᠯ︾᠎ ᠢ ᠬᠡᠷᠡᠭᠵᠢᠭᠦᠯᠬᠦ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠶᠢ ᠢᠯᠡ ᠪᠠᠷ ᠠᠵᠢᠯᠯᠠᠭᠤᠯᠵᠤ᠂ ᠬᠠᠤᠯᠢ ᠲᠣᠭᠲᠠᠭᠠᠯ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠨ ᠤ ᠵᠦᠶ ᠵᠣᠬᠢᠰᠲᠠᠶ ᠬᠡᠷᠡᠭᠵᠢᠭᠦᠯᠦᠯᠲᠡ ᠶᠢ ᠪᠡᠶᠡᠯᠡᠭᠦᠯᠬᠦ ᠶᠢᠨ ᠤᠯᠠᠮ ᠠᠴᠠ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠎ ᠶᠢᠨ ᠪᠢᠲᠡᠭᠦᠦ ᠬᠡᠯᠬᠢᠶ᠎ᠡ ᠶᠢ ᠪᠡᠶᠡᠯᠡᠭᠦᠯᠦᠨ᠎ᠡ᠂ ᠡᠨᠡ ᠨᠢ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠶᠢᠨ ᠬᠡᠷᠡᠭᠵᠢᠭᠦᠯᠦᠭᠴᠢ ᠳᠤ ᠠᠪᠴᠤ ᠬᠡᠯᠡᠪᠡᠯ᠂ ᠬᠢᠵᠠᠭᠠᠷᠯᠠᠯ ᠮᠥᠷᠲᠡᠭᠡᠨ ᠪᠠᠰᠠ ᠬᠠᠮᠠᠭᠠᠯᠠᠯᠲᠠ ᠪᠣᠯᠤᠨ᠎ᠠ᠃ ᠡᠶᠢᠮᠦ ᠎ ᠠᠴᠠ᠂ ︽ᠳᠡᠰ ᠳᠠᠷᠠᠭᠠᠯᠠᠯ ᠤᠨ ᠲᠣᠭᠲᠠᠭᠠᠯ︾᠎ ᠢ ᠨᠡᠶᠢᠲᠡᠯᠡᠨ ᠬᠡᠷᠡᠭᠵᠢᠭᠦᠯᠬᠦ ᠨᠢ ᠪᠢᠳᠡᠨ ᠤ  ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠤᠨᠴᠠᠭᠠᠶᠢᠯᠠᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠲᠤᠶᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃     ᠬᠠᠤᠯᠢ ᠴᠠᠭᠠᠵᠠ᠂ ᠬᠠᠤᠯᠢ ᠲᠣᠭᠲᠠᠭᠠᠯ ᠤᠨ ᠡᠷᠬᠡ ᠰᠦᠷ ᠨᠢ ᠴᠢᠩᠭ᠎ᠠ ᠬᠡᠷᠡᠭᠵᠢᠭᠦᠯᠬᠦ ᠳᠤ ᠪᠣᠢ᠃ ︽ᠳᠡᠰ ᠳᠠᠷᠠᠭᠠᠯᠠᠯ ᠤᠨ ᠲᠣᠭᠲᠠᠭᠠᠯ︾  ᠎ ᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠦᠬᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠱᠠᠭᠠᠷᠳᠠᠭᠳᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ  ︽ᠳᠡᠰ ᠳᠠᠷᠠᠭᠠᠯᠠᠯ ᠤᠨ ᠲᠣᠭᠲᠠᠭᠠᠯ︾᠎ ᠢ ᠬᠢᠨᠠᠮᠠᠭᠠᠶ ᠰᠤᠷᠤᠯᠴᠠᠨ᠂ ᠭᠦᠨᠵᠡᠭᠡᠶ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠨᠡᠶᠢᠲᠡ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠬᠠᠤᠯᠢ ᠶᠣᠰᠣᠭᠠᠷ ᠴᠢᠩᠭ᠎ᠠ ᠭᠦᠢᠴᠡᠳᠬᠡᠵᠦ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠰᠣᠨᠢᠨ ᠮᠡᠳᠡᠭᠡ ᠶᠢᠨ ᠬᠢᠨ ᠤ ᠨᠠᠶᠢᠵᠠ ᠨᠠᠷ ᠰᠣᠨᠢᠨ ᠮᠡᠳᠡᠭᠡᠨ ᠤ ᠵᠠᠭᠤᠴᠢ ᠪᠠᠷ ᠳᠠᠮᠵᠢᠭᠤᠯᠤᠨ᠂  ︽ᠳᠡᠰ ᠳᠠᠷᠠᠭᠠᠯᠠᠯ ᠤᠨ ᠲᠣᠭᠲᠠᠭᠠᠯ︾᠎ ᠢ ᠶᠡᠬᠡᠪᠡᠷ ᠤᠬᠠᠭᠤᠯᠵᠤ᠂ ᠨᠡᠶᠢᠭᠡᠮ ᠤᠨ ᠡᠯ᠎ᠡ ᠡᠲᠡᠭᠡᠳ ᠲᠤ ᠴᠥᠮ ︽ᠳᠡᠰ ᠳᠠᠷᠠᠭᠠᠯᠠᠯ ᠤᠨ ᠲᠣᠭᠲᠠᠭᠠᠯ︾᠎ ᠢ ᠬᠡᠷᠡᠭᠵᠢᠭᠦᠯᠬᠦ ᠶᠢ ᠠᠩᠬᠠᠷᠣᠭᠤᠯᠣᠨ᠂ ᠥᠷᠭᠡᠨ ᠣᠯᠠᠨ ᠲᠦᠮᠡᠨ ᠢ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠭᠤᠯᠵᠤ᠂ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠎ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠲᠦᠯᠬᠢᠨ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠎ ᠤᠨ ᠲᠥᠷᠥ ᠶᠢᠨ ᠪᠣᠳᠣᠯᠭ᠎ᠠ ᠶᠢᠨ ᠲᠤᠬᠠᠢ ᠵᠤᠷᠰᠢᠯᠲᠤ ᠰᠤᠨᠢᠨ ᠮᠡᠳᠡᠭᠡ ᠨᠡᠶᠢᠲᠡᠯᠡᠬᠦ ᠬᠤᠷᠠᠯ  ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ︽ᠲᠠᠰ ᠳᠠᠷᠠᠭᠠᠯᠠᠯ ᠤᠨ ᠲᠣᠭᠲᠠᠭᠠᠯ︾ ᠎ ᠤᠨ ᠬᠡᠷᠡᠭᠯᠡᠭᠳᠡᠬᠦ ᠬᠡᠪᠴᠢᠶ᠎ᠡ ᠨᠢ ᠶᠠᠮᠠᠷ ᠪᠣᠶ︖ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠠᠴᠠ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠲᠣᠰ ᠲᠣᠭᠲᠠᠭᠠᠯ ᠢ ᠬᠡᠷᠡᠭᠯᠡᠪᠡᠯ ᠲᠤᠬᠢᠷᠠᠨ᠎ᠠ ᠤᠤ︖      ᠳ᠋ᠠᠶ ᠶᠠᠨ᠄ ᠲᠥᠷᠥ ᠶᠢᠨ ᠶᠠᠪᠤᠳᠠᠯ ᠤᠨ ᠬᠤᠷᠢᠶᠠᠨ ᠤ ︽ᠲᠦᠷ ᠬᠡᠷᠡᠭᠵᠢᠭᠦᠯᠬᠦ ᠲᠦᠷᠢᠮ︾᠎ ᠢ ᠦᠨᠳᠦᠰᠦᠯᠡᠨ᠂ ︽ᠲᠠᠰ ᠳᠠᠷᠠᠭᠠᠯᠠᠯ ᠤᠨ ᠲᠣᠭᠲᠠᠭᠠᠯ︾᠎ ᠤᠨ ᠬᠤᠶᠠᠳᠤᠭᠠᠷ ᠵᠦᠶᠯ ᠳᠤ᠄ ︽ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠎ ᠤ ᠣᠷᠣᠨ ᠤ ᠳᠣᠲᠣᠷᠠᠬᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠭᠠᠷᠭᠠᠬᠤ ᠪᠠ ᠲᠣᠬᠢᠷᠠᠭᠤᠯᠤᠯᠲᠠ ᠬᠢᠬᠦ ᠲᠠᠰ ᠳᠠᠷᠠᠭᠠᠯᠠᠯ ᠳᠤ ᠲᠣᠰ ᠲᠣᠭᠲᠠᠭᠠᠯ ᠢ ᠲᠤᠬᠢᠷᠠᠭᠤᠯᠤᠨ ᠬᠡᠷᠡᠭᠯᠡᠨ᠎ᠡ︾ ᠭᠡᠵᠦ ᠲᠤᠭᠲᠠᠭᠠᠵᠠᠢ᠂ ᠳᠠᠷᠣᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠵᠠᠰᠠᠭ ᠤᠨ ᠣᠷᠳᠣᠨ ᠪᠣᠯ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠪᠣᠯᠤᠨ᠎ᠠ᠃ ︽ᠲᠠᠰ ᠳᠠᠷᠠᠭᠠᠯᠠᠯ ᠤᠨ ᠲᠣᠭᠲᠠᠭᠠᠯ︾᠎ ᠤᠨ ᠲᠠᠪᠢᠨ ᠨᠠᠶᠮᠠᠳᠤᠭᠠᠷ ᠵᠦᠶᠯ ᠳᠤ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤ ᠎ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠭᠠᠷᠭᠠᠬᠤ ᠪᠠ ᠲᠣᠬᠢᠷᠠᠭᠤᠯᠤᠯᠲᠠ ᠬᠢᠬᠦ ᠲᠠᠰ ᠳᠠᠷᠠᠭᠠᠯᠠᠯ ᠢ ᠲᠣᠰ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠬᠦ ᠬᠡᠷᠡᠭᠲᠡᠢ︾ ᠭᠡᠵᠦ ᠲᠤᠭᠲᠠᠭᠠᠵᠠᠢ᠂ ᠲᠤᠬᠠᠶᠢᠯᠠᠪᠠᠯ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠳᠤ ︽ᠲᠠᠰ ᠳᠠᠷᠠᠭᠠᠯᠠᠯ ᠤᠨ ᠲᠣᠭᠲᠠᠭᠠᠯ︾᠎ ᠢ ᠪᠦᠷᠢᠮᠦᠰᠦᠨ ᠬᠡᠷᠡᠭᠯᠡᠬᠦ ᠥᠬᠡᠶ ᠂ ᠬᠠᠷᠢᠨ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠠᠯᠢᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠨᠢ ᠴᠥᠮ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂  ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠡᠨᠡ ᠲᠠᠪᠤᠨ ᠶᠡᠭᠡ ᠲᠠᠰ ᠳᠠᠷᠠᠭᠠᠯᠠᠯ ᠢ ᠡᠷᠬᠡᠪᠰᠢ ᠪᠦᠷᠢᠮᠦᠰᠦᠨ ᠭᠦᠶᠴᠡᠳᠬᠡᠬᠦ ᠬᠡᠷᠡᠭᠲᠡᠶ ᠤᠤ︖      ᠳ᠋ᠠᠶ ᠶᠠᠨ᠄ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂  ᠲᠦᠭᠰᠢᠭᠦᠷᠢ ᠎ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠪᠣᠯ ︽ᠲᠠᠰ ᠳᠠᠷᠠᠭᠠᠯᠠᠯ ᠤᠨ ᠲᠣᠭᠲᠠᠭᠠᠯ︾᠎ ᠤᠨ ᠨᠢᠭᠡᠨ ᠭᠤᠤᠯ ᠠᠭᠤᠯᠭ᠎ᠠ ᠪᠣᠯᠤᠨ᠎ᠠ᠃ ᠡᠭᠦᠨ ᠳᠤ ᠣᠯᠠᠨ ᠨᠡᠶᠢᠲᠡ ᠶᠢᠨ ᠬᠢᠨ ᠤᠷᠤᠯᠴᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠪᠣᠯ ᠵᠠᠪᠠᠯ ᠭᠦᠢᠴᠡᠳᠬᠡᠬᠦ ᠳᠡᠰ ᠳᠠᠷᠠᠭᠠᠯᠠᠯ ᠮᠥᠨ᠂ ᠠᠯᠢᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠨᠢ ᠴᠥᠮ ᠡᠷᠬᠡᠪᠰᠢ ᠭᠦᠢᠴᠡᠳᠬᠡᠬᠦ ᠬᠡᠷᠡᠭᠲᠡᠢ᠃ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠪᠠ ᠲᠦᠭᠰᠢᠭᠦᠷᠢ ᠶᠢ ᠦᠨᠡᠯᠡᠨ ᠵᠢᠱᠢᠬᠦ ᠎ ᠨᠢ ᠵᠠᠪᠠᠯ ᠥᠩᠭᠡᠷᠡᠭᠡᠬᠦ ᠳᠡᠰ ᠳᠠᠷᠠᠭᠠᠯᠠᠯ ᠪᠢᠰᠢ᠂ ᠲᠦᠷᠢᠮ ᠳᠤ᠄ ᠲᠤᠰᠬᠠᠶ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠎ ᠢᠶᠠᠷ ᠨᠡᠯᠢᠶᠡᠳ ᠴᠢᠩᠭ᠎ᠠ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠲᠤ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠳᠡᠰ ᠳᠠᠷᠠᠭᠠᠯᠠᠯ ᠢ ᠭᠦᠶᠴᠡᠳᠬᠡᠬᠦ ᠬᠡᠷᠡᠭᠲᠡᠶ︔ ᠵᠠᠰᠠᠭ ᠵᠠᠬᠢᠷᠭᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢ ᠨᠡᠶᠢᠭᠡᠮ ᠤᠨ ᠲᠣᠭᠲᠠᠭᠤᠨ᠂ ᠠᠮᠢ ᠠᠬᠤᠶ ᠶᠢᠨ ᠣᠷᠴᠢᠨ ᠲᠣᠭᠤᠷᠢᠨ᠂ ᠣᠯᠠᠨ ᠨᠡᠶᠢᠲᠡ ᠎ ᠶᠢᠨ ᠠᠮᠤᠷ ᠲᠦᠪᠰᠢᠨ ᠵᠡᠷᠭᠡ ᠲᠠᠯ᠎ᠠ ᠳᠤ ᠠᠰᠢᠭ ᠦᠭᠡᠶ ᠨᠥᠯᠥᠭᠡ ᠪᠣᠯᠵᠤ ᠮᠡᠳᠡᠬᠦ ᠳᠤ ᠬᠦᠷᠪᠡᠯ᠂ ᠲᠦᠭᠰᠢᠭᠦᠷᠢ ᠶᠢ ᠦᠨᠡᠯᠡᠨ ᠵᠢᠱᠢᠬᠦ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ ᠭᠡᠵᠦ ᠲᠤᠭᠲᠠᠭᠠᠪᠠ᠃      ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠲᠠᠪᠤᠨ ᠶᠡᠭᠡ ᠲᠠᠰ ᠳᠠᠷᠠᠭᠠᠯᠠᠯ ᠢ ᠭᠦᠶᠴᠡᠳᠬᠡᠬᠦ ᠎ ᠳᠤ ᠲᠣᠭᠲᠠᠭᠰᠠᠨ ᠳᠠᠷᠠᠭᠠᠯᠠᠯ ᠲᠠᠢ ᠤᠤ︖      ᠳ᠋ᠠᠶ ᠶᠠᠨ᠄ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂  ᠲᠦᠭᠰᠢᠭᠦᠷᠢ ᠎ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠡᠨᠡ ᠲᠠᠪᠤᠨ ᠶᠡᠭᠡ ᠳᠡᠰ ᠳᠠᠷᠠᠭᠠᠯᠠᠯ ᠨᠢ ᠪᠦᠷᠢᠮᠦᠰᠦᠨ ᠬᠡᠪᠰᠢᠭᠰᠡᠨ ᠴᠤᠪᠤᠷᠠᠯ ᠪᠢᠰᠢ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢ ᠡᠬᠢᠯᠡᠭᠦᠯᠬᠦ ᠠᠴᠠ ᠠᠪᠤᠭᠠᠳ ᠭᠠᠷᠭᠠᠬᠤ ᠬᠦᠷᠲᠡᠯ᠎ᠡ᠂ ᠶᠡᠭᠡ ᠲᠥᠯᠥᠪ ᠰᠢᠶᠳᠪᠦᠷᠢᠲᠦ ᠪᠣᠳᠣᠯᠭ᠎ᠠ ᠶᠢᠨ ᠲᠥᠰᠦᠯ ᠤᠨ ᠪᠦᠷᠢᠯᠳᠦᠬᠦ ᠱᠠᠲᠤ᠂ ᠲᠥᠰᠦᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠬᠤ ᠱᠠᠲᠤ ᠭᠡᠵᠦ ᠬᠤᠪᠢᠶᠠᠵᠤ ᠪᠣᠯᠤᠨ᠎ᠠ᠃ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂  ᠲᠦᠭᠰᠢᠭᠦᠷᠢ ᠶᠢ ᠦᠨᠡᠯᠡᠨ ᠵᠢᠱᠢᠬᠦ ᠪᠣᠯ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠥᠰᠦᠯ ᠤᠨ ᠪᠣᠶ ᠪᠣᠯᠬᠤ ᠱᠠᠲᠤᠨ ᠤ ᠲᠠᠰ ᠳᠠᠷᠠᠭᠠᠯᠠᠯ ᠪᠣᠯᠤᠨ᠎ᠠ᠂ ᠡᠨᠡ ᠭᠤᠷᠪᠠ ᠶᠢᠨ ᠬᠤᠭᠤᠷᠣᠨᠳᠣ ᠲᠤᠭᠲᠠᠭᠰᠠᠨ ᠡᠮᠦᠨ᠎ᠡ ᠬᠤᠶᠢᠨᠠᠬᠢ ᠲᠠᠰ ᠳᠠᠷᠠᠭᠠᠯᠠᠯ ᠪᠠᠶᠢᠬᠤ ᠥᠬᠡᠶ᠂ ᠰᠢᠶᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠶᠴᠡᠳᠬᠡᠬᠦ ᠨᠢᠭᠡᠴᠢ ᠨᠢ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ ᠣᠨᠴᠠᠯᠢᠭ ᠪᠠ ᠪᠣᠳᠠᠲᠠᠶ ᠬᠡᠷᠡᠭᠴᠡᠭᠡ ᠶᠢ ᠦᠨᠳᠦᠰᠦᠯᠡᠨ ᠡᠵᠡᠮᠰᠢᠵᠦ ᠪᠣᠯᠤᠨ᠎ᠠ᠂ ᠵᠠᠷᠢᠮ ᠲᠠᠰ ᠳᠠᠷᠠᠭᠠᠯᠠᠯ ᠢ ᠳᠠᠬᠢᠨ ᠳᠠᠪᠲᠠᠨ ᠣᠯᠠᠨ ᠤᠳᠠᠭ᠎ᠠ ᠭᠦᠶᠴᠡᠳᠬᠡᠵᠦ ᠪᠣᠯᠤᠨ᠎ᠠ᠂ ᠵᠢᠱᠢᠶᠡᠯᠡᠪᠡᠯ ᠲᠤᠰᠬᠠᠶ ᠮᠡᠷᠭᠡᠵᠢᠯᠲᠡᠨ ᠢᠶᠠᠷ ᠣᠯᠠᠨ ᠤᠳᠠᠭ᠎ᠠ ᠨᠤᠲᠠᠯᠠᠭᠤᠯᠵᠤ ᠮᠡᠳᠡᠨ᠎ᠡ᠃ ᠡᠭᠦᠨ ᠠᠴᠠ ᠭᠠᠳᠠᠨ᠎ᠠ᠂ ᠲᠦᠭᠰᠢᠭᠦᠷᠢ ᠶᠢ ᠦᠨᠡᠯᠡᠨ ᠵᠢᠱᠢᠬᠦ ᠶᠢ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠠᠵᠢᠯ ᠎ ᠲᠠᠢ ᠤᠶᠠᠯᠳᠤᠭᠤᠯᠤᠨ ᠵᠡᠷᠭᠡᠪᠡᠷ ᠵᠣᠬᠢᠶᠠᠨ ᠪᠠᠶᠢᠭᠤᠯᠵᠤ ᠪᠣᠯᠤᠨ᠎ᠠ᠃ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠥᠰᠦᠯ ᠪᠦᠷᠢᠯᠳᠦᠭᠰᠡᠨ ᠤ ᠲᠠᠷᠠᠭ᠎ᠠ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠳᠠᠷᠠᠭᠠᠯᠠᠯ ᠢᠶᠠᠷ ᠶᠠᠪᠤᠭᠳᠠᠭᠤᠯᠬᠤ ᠴᠢᠬᠤᠯᠠ ᠲᠠᠢ᠂ ᠡᠨᠡ ᠬᠤᠶᠠᠷ ᠳᠡᠰ ᠳᠠᠷᠠᠭᠠᠯᠠᠯ ᠪᠣᠯ ᠡᠷᠬᠡᠪᠰᠢ ᠭᠦᠢᠴᠡᠳᠬᠡᠬᠦ ᠳᠡᠰ ᠳᠠᠷᠠᠭᠠᠯᠠᠯ ᠮᠥᠨ᠃ ᠠᠩᠬᠠᠷᠤᠭᠤᠰᠢᠲᠠᠢ ᠨᠢ᠂ ᠬᠡᠷᠪᠡ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠳᠤᠮᠳᠠ ᠭᠦᠢᠴᠡᠳᠬᠡᠬᠦ ᠶᠣᠰᠣᠲᠠᠢ ᠪᠠᠶᠢᠲᠠᠯ᠎ᠠ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠂  ᠲᠦᠭᠰᠢᠭᠦᠷᠢ ᠶᠢ ᠦᠨᠡᠯᠡᠨ ᠵᠢᠱᠢᠬᠦ ᠳᠡᠰ ᠳᠠᠷᠠᠭᠠᠯᠠᠯ ᠢ ᠭᠦᠢᠴᠡᠳᠬᠡᠭᠰᠡᠨ ᠦᠭᠡᠢ ᠪᠠᠶᠢᠬᠤ ᠶᠢ ᠣᠯᠵᠤ ᠮᠡᠳᠡᠪᠡᠯ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠢ ᠬᠠᠷᠢᠭᠤᠴᠠᠬᠤ ᠰᠠᠯᠠᠭ᠎ᠠ ᠮᠥᠴᠢᠷ ᠨᠢ ᠰᠢᠢᠳᠪᠦᠷᠢᠲᠦ ᠪᠤᠳᠤᠯᠭ᠎ᠠ ᠶᠢ ᠳᠠᠭᠠᠭᠠᠨ ᠭᠦᠢᠴᠡᠳᠭᠡᠬᠦ ᠨᠢᠭᠡᠴᠢ ᠳᠤ ᠬᠤᠯᠪᠣᠭᠳᠠᠯ ᠪᠦᠬᠦᠢ ᠳᠡᠰ ᠳᠠᠷᠠᠭᠠᠯᠠᠯ ᠢ ᠨᠥᠬᠦᠪᠥᠷᠢᠯᠡᠨ ᠭᠦᠢᠴᠡᠳᠬᠡᠭᠦᠯᠬᠦ ᠪᠠᠷ ᠱᠠᠭᠠᠷᠳᠠᠵᠤ ᠪᠣᠯᠤᠨ᠎ᠠ᠃ ᠬᠠᠮᠲᠤ ᠪᠠᠷ ᠶᠠᠷᠢᠯᠴᠠᠨ ᠲᠣᠭᠲᠠᠭᠠᠬᠤ ᠪᠣᠯ ᠲᠠᠪᠤᠨ ᠶᠡᠭᠡ ᠳᠡᠰ ᠳᠠᠷᠠᠭᠠᠯᠠᠯ ᠳᠠᠬᠢ ᠬᠠᠮᠤᠭ ᠡᠴᠦᠰ ᠤᠨ ᠨᠢᠭᠡ ᠳᠡᠰ ᠳᠠᠷᠠᠭᠠᠯᠠᠯ ᠮᠥᠨ᠂ ᠶᠠᠷᠢᠶᠠᠨ ᠦᠭᠡᠢ ᠬᠠᠮᠲᠤ ᠪᠠᠷ ᠶᠠᠷᠢᠯᠴᠠᠬᠤ ᠦᠶ᠎ᠡ ᠳᠤ ᠬᠤᠯᠪᠣᠭᠳᠠᠯ ᠪᠦᠬᠦᠢ ᠳᠡᠰ ᠳᠠᠷᠠᠭᠠᠯᠠᠯ ᠢ ᠰᠢᠨ᠎ᠡ ᠪᠠᠷ ᠭᠦᠢᠴᠡᠳᠬᠡᠬᠦ ᠪᠤᠶᠤ ᠨᠥᠬᠦᠪᠥᠷᠢᠯᠡᠨ ᠭᠦᠢᠴᠡᠳᠬᠡᠭᠦᠯᠬᠦ ᠪᠠᠷ ᠱᠠᠭᠠᠷᠳᠠᠬᠤ ᠶᠢ ᠦᠭᠡᠶᠢᠰᠬᠡᠬᠦ ᠦᠭᠡᠢ ᠶᠤᠮ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ