| | | 1 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ ᠤᠨ ᠬᠢᠨ 2020 ᠣᠨ ᠤ ᠬᠥᠬᠡᠬᠤᠲᠠ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ | ᠨᠡᠮᠡᠭᠳᠡᠯ ᠢ ᠠᠬᠢᠭᠤᠯᠬᠤ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠬᠥᠬᠡᠬᠤᠲᠠ ᠪᠣᠭᠤᠮᠲᠠ ᠶᠢᠨ | ᠨᠠᠮ ᠤᠨ ᠬᠤᠷᠢᠶᠠᠨ ᠤ ᠭᠡᠰᠢᠭᠦᠨ᠂ ᠳᠡᠳ᠋ ᠪᠣᠭᠤᠮᠲᠠ ᠶᠢᠨ ᠳᠠᠷᠤᠭ᠎ᠠ ᠸᠠᠩ ᠵᠢᠩ ᠠᠴᠠ ᠭᠤᠤᠯ ᠰᠡᠳᠦᠪ ᠢ ᠨᠡᠶᠢᠲᠡᠯᠡᠵᠦ᠂ | ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠭᠠᠵᠠᠷ ᠤᠨ ᠳᠠᠷᠤᠭ᠎ᠠ ᠵᠢᠶᠤᠤ ᡁᠢ ᠵᠢᠶᠦ᠋ᠨ᠂ | ᠬᠥᠬᠡᠬᠤᠲᠠ ᠪᠣᠭᠤᠮᠲᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠠᠮᠤᠷ ᠲᠦᠪᠰᠢᠨ ᠤ ᠭᠠᠵᠠᠷ ᠤᠨ | ᠳᠠᠷᠤᠭ᠎ᠠ ᠯᠢ ᠾᠧᠩ ᠯᠢᠶᠠᠩ᠂ ᠬᠥᠬᠡᠬᠤᠲᠠ ᠪᠣᠭᠤᠮᠲᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠪᠠ ᠪᠠᠶᠢᠴᠠᠭᠠᠨ | ᠰᠢᠶᠳᠪᠦᠷᠢᠯᠡᠬᠦ ᠭᠠᠵᠠᠷ ᠤᠨ ᠳᠠᠷᠤᠭ᠎ᠠ ᠰᠦ᠋ ᠴᠢᠩ᠂ ᠬᠥᠬᠡᠬᠤᠲᠠ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ | ᠤᠨ ᠭᠠᠵᠠᠷ ᠤᠨ ᠳᠡᠳ᠋ ᠳᠠᠷᠤᠭ᠎ᠠ ᠯᠢᠦ ᠮᠢᠩ ᠴᠢ ᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | 2020 ᠣᠨ ᠤ ᠬᠥᠬᠡᠬᠤᠲᠠ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠬᠤ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠭᠰᠡᠨ ᠦᠭᠡ | ᠬᠥᠬᠡᠬᠤᠲᠠ ᠪᠣᠭᠤᠮᠲᠠ ᠶᠢᠨ ᠨᠠᠮ ᠤᠨ ᠬᠤᠷᠢᠶᠠᠨ ᠤ ᠭᠡᠰᠢᠭᠦᠨ᠂ ᠪᠣᠭᠤᠮᠲᠠ ᠶᠢᠨ ᠳᠡᠳ᠋ ᠳᠠᠷᠤᠭ᠎ᠠ ᠸᠠᠩ ᠵᠢᠩ | ᠳᠣᠤᠷ᠎ᠠ ᠪᠢ ᠣᠯᠠᠨ ᠳᠤ ᠥᠩᠭᠡᠷᠡᠭᠰᠡᠨ ᠨᠢᠭᠡ ᠵᠢᠯ ᠤᠨ ᠲᠤᠷᠰᠢᠬᠢ ᠬᠥᠬᠡᠬᠤᠲᠠ ᠪᠣᠭᠤᠮᠲᠠ ᠶᠢᠨ ᠭᠠᠳᠠᠭᠠᠳᠤ | ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠠᠳᠠᠭᠠᠳᠤ ᠨᠡᠭᠡᠭᠡᠯᠲᠡ ᠳᠤ ᠦᠶᠯᠡᠴᠢᠯᠡᠬᠦ ᠠᠷᠭ᠎ᠠ ᠬᠡᠮᠵᠢᠶ᠎ᠡ ᠪᠠ ᠣᠯᠤᠭᠰᠠᠨ ᠦᠷ᠎ᠡ ᠪᠦᠲᠦᠮᠵᠢ ᠶᠢ ᠮᠡᠳᠡᠭᠦᠯᠦᠶ᠎ᠡ᠃ | 2020 ᠣᠨ ᠳᠤ᠂ ᠬᠥᠬᠡᠬᠤᠲᠠ ᠪᠣᠭᠤᠮᠲᠠ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ | ᠤᠨ ᠣᠷᠳᠣᠨ ᠪᠣᠯᠤᠨ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠠᠯᠢ ᠣᠯᠠᠨ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠡᠭᠦᠷᠭᠡ ᠶᠢᠨ | ᠡᠮᠦᠨ᠎ᠡ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ᠂ ᠴᠢᠩᠭ᠎ᠠ ᠨᠢᠮᠪᠠᠶ ᠰᠡᠷᠭᠡᠶᠢᠯᠡᠨ ᠡᠵᠡᠮᠳᠡᠵᠦ᠂ ᠪᠣᠭᠤᠮᠲᠠ ᠶᠢᠨ | ᠪᠥᠬᠦ ᠬᠦᠴᠦᠨ ᠢᠶᠠᠷ ᠪᠣᠭᠤᠮᠲᠠ ᠭᠠᠷᠠᠮ ᠤᠨ ᠬᠢᠵᠢᠭ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠂ ᠨᠡᠶᠢᠰᠯᠡᠯ | ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠨ ᠪᠠᠭᠤᠯᠭᠠᠬᠤ ᠡᠭᠡᠯᠵᠢ ᠶᠢᠨ ᠨᠢᠰᠬᠡᠯ ᠤᠨ ᠵᠢᠭᠠᠨ ᠲᠣᠭᠲᠠᠭᠠᠭᠰᠠᠨ ᠬᠢᠯᠢ ᠳᠤ | ᠣᠷᠣᠬᠤ ᠨᠢᠭᠡᠳᠦᠭᠡᠷ ᠴᠡᠭ ᠤᠨ ᠪᠣᠭᠤᠮᠲᠠ ᠶᠢᠨ ᠬᠢᠵᠢᠭ ᠪᠠᠶᠢᠴᠠᠭᠠᠵᠤ ᠰᠢᠶᠳᠪᠦᠷᠢᠯᠡᠬᠦ ᠠᠵᠢᠯ ᠢ ᠡᠷᠡᠰ ᠡᠭᠦᠷᠭᠡᠯᠡᠵᠦ᠂ | ᠳᠤᠮᠳᠠᠳᠤ ᠮᠣᠩᠭᠤᠯ ᠤᠨ ᠬᠠᠭᠤᠷᠠᠶ ᠵᠠᠮ ᠤᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠥᠷᠨᠢᠭᠦᠯᠬᠦ ᠶᠢ ᠴᠢᠩᠭ᠎ᠠ ᠬᠦᠯᠢᠶᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠨᠢᠭᠡᠳᠦᠭᠡᠷ ᠪᠠᠶᠢᠷᠢ ᠪᠠ ᠨᠢᠭᠡᠳᠦᠭᠡᠷ | ᠬᠠᠷᠠᠭᠤᠯ ᠢ ᠪᠠᠲᠤ ᠰᠠᠬᠢᠵᠦ᠂ ᠬᠠᠭᠤᠷᠠᠶ ᠵᠠᠮ ᠤᠨ ᠪᠣᠭᠤᠮᠲᠠ ᠳᠤ ︽ᠭᠠᠳᠠᠭᠰᠢ ᠭᠠᠷᠭᠠᠬᠤ ᠥᠬᠡᠶ︾᠂ ︽ᠳᠣᠲᠤᠭᠰᠢ | ᠣᠷᠣᠭᠤᠯᠬᠤ ᠥᠬᠡᠶ︾᠂ ᠠᠭᠠᠷ ᠤᠨ ᠠᠶᠠᠯᠠᠯ ᠤᠨ ᠪᠣᠭᠤᠮᠲᠠ ᠶᠢᠨ ︽ᠪᠠᠶᠢᠴᠠᠭᠠᠯᠲᠠ ᠠᠴᠠ ᠬᠤᠴᠤᠷᠬᠤ ᠦᠭᠡᠢ︾ ︽ | ᠲᠠᠷᠬᠠᠭᠠᠬᠤ ᠦᠭᠡᠢ︾ ᠪᠠᠶᠢᠬᠤ ᠶᠢ ᠡᠷᠡᠰ ᠪᠠᠲᠤᠯᠠᠪᠠ᠃ ᠨᠠᠷᠢᠨ ᠪᠤᠳᠤᠯᠢᠶᠠᠨᠲᠠᠶ ᠭᠠᠳᠠᠭᠠᠳᠤ ᠠᠷᠠᠯᠵᠢᠶᠠᠨ ᠤ ᠪᠠᠶᠢᠳᠠᠯ ᠤᠨ | ᠡᠮᠦᠨ᠎ᠡ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ᠪᠣᠭᠤᠮᠲᠠ ᠶᠢᠨ ᠡᠭᠦᠷᠭᠡ ᠴᠢᠳᠠᠪᠬᠢ ᠪᠠᠨ ᠢᠳᠡᠪᠬᠢᠲᠡᠶ | ᠭᠦᠶᠴᠡᠳᠬᠡᠵᠦ᠂ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ | ᠲᠣᠭᠲᠠᠭᠤᠨ ᠨᠡᠮᠡᠭᠳᠡᠯ ᠢ ᠠᠬᠢᠭᠤᠯᠪᠠ᠃ ᠭᠡᠬᠦ ᠳᠤ᠂ ᠬᠢᠵᠢᠭ ᠤᠨ ᠨᠥᠯᠥᠭᠡ ᠠᠴᠠ ᠪᠣᠯᠵᠣ᠂ 2020 ᠣᠨ ᠳᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ︵ᠦᠪᠦᠷ ᠮᠣᠩᠭᠤᠯ ᠭᠡᠵᠦ ᠲᠣᠪᠴᠢᠯᠠᠨ᠎ᠠ︶ ᠤ ᠭᠠᠳᠠᠭᠠᠳᠤ ᠠᠷᠠᠯᠵᠢᠶᠠᠨ ᠤ | ᠣᠷᠣᠭᠤᠯᠤᠯᠲᠠ ᠭᠠᠷᠭᠠᠯᠲᠠ ᠶᠢᠨ ᠥᠷᠲᠡᠭ ᠨᠢ 1043.3 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ︵ᠳᠣᠷᠣᠭᠰᠢ ᠠᠳᠠᠯᠢ︶ | 4.9% ᠪᠠᠷ ᠪᠠᠭᠤᠷᠠᠪᠠ᠃ ᠡᠭᠦᠨ ᠳᠤ᠂ ᠭᠠᠳᠠᠭᠠᠳᠤ ᠭᠠᠷᠭᠠᠯᠲᠠ ᠨᠢ 349.1 ᠳ᠋ᠦᠩᠰᠢᠭᠤᠷ ᠲᠥᠭᠦᠷᠢᠭ ᠲᠤ ᠬᠦᠷᠴᠦ᠂ | 7.4% ᠪᠠᠷ ᠪᠠᠭᠤᠷᠠᠪᠠ︔ ᠭᠠᠳᠠᠭᠠᠳᠤ ᠣᠷᠣᠭᠤᠯᠤᠯᠲᠠ ᠨᠢ 694.2 ᠳ᠋ᠦᠩᠰᠢᠭᠤᠷ ᠲᠥᠭᠦᠷᠢᠭ ᠲᠤ ᠬᠦᠷᠴᠦ᠂ 3.7% | ᠪᠠᠷ ᠪᠠᠭᠤᠷᠠᠪᠠ᠃ ᠶᠡᠷᠦᠩᠬᠡᠶ ᠳᠤ ᠨᠢ ᠠᠪᠴᠤ ᠦᠵᠡᠪᠡᠯ ᠥᠪᠥᠷ ᠮᠣᠩᠭᠤᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ | ᠶᠢᠨ ᠥᠷᠲᠡᠭ ᠤᠨ ᠪᠠᠭᠤᠷᠠᠯᠲᠠ ᠶᠢᠨ ᠬᠡᠮᠵᠢᠶ᠎ᠡ ᠠᠯᠬᠤᠮ ᠠᠯᠬᠤᠮ ᠢᠶᠠᠷ ᠪᠠᠭᠠᠰᠴᠤ᠂ 2020 ᠣᠨ ᠤ 12 ᠳ᠋ᠤᠭᠠᠷ ᠰᠠᠷ᠎ᠠ | ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠨᠢ 97.3 ᠳ᠋ᠦᠩᠰᠢᠭᠤᠷ | ᠲᠥᠭᠦᠷᠢᠭ ᠲᠤ ᠬᠦᠷᠴᠦ᠂ 3.6% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠭᠠᠷᠭᠠᠯᠲᠠ ᠨᠢ 33.7 ᠳ᠋ᠦᠩᠰᠢᠭᠤᠷ | ᠲᠥᠭᠦᠷᠢᠭ ᠲᠤ ᠬᠦᠷᠴᠦ᠂ 19.2% ᠢᠶᠠᠷ ᠪᠠᠭᠤᠷᠠᠪᠠ︔ ᠭᠠᠳᠠᠭᠠᠳᠤ ᠣᠷᠣᠭᠤᠯᠤᠯᠲᠠ ᠨᠢ 63.6 ᠳ᠋ᠦᠩᠰᠢᠭᠤᠷ | ᠲᠥᠭᠦᠷᠢᠭ ᠲᠤ ᠬᠦᠷᠴᠦ᠂ 21.7% ᠪᠠᠷ ᠨᠡᠮᠡᠭᠳᠡᠪᠡ᠃ | ᠨᠢᠭᠡ᠂ ᠭᠠᠳᠠᠭᠠᠳᠤ ᠠᠷᠠᠯᠵᠢᠶ᠎ᠠ ᠳᠤ ᠦᠢᠯᠡᠴᠢᠯᠡᠬᠦ ᠲᠦᠷᠦ ᠶᠢᠨ ᠪᠤᠳᠤᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ | ᠰᠠᠶᠢᠲᠤᠷ ᠬᠡᠷᠡᠭᠵᠢᠭᠦᠯᠬᠦ | ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠨᠢᠭᠲᠠᠷᠠᠭᠤᠯᠤᠨ ᠨᠡᠶᠢᠲᠡᠯᠡᠪᠡ᠃ ᠡᠨᠡ ᠵᠢᠯ ᠠᠴᠠ ᠨᠠᠭᠠᠰᠢ᠂ | ᠬᠥᠬᠡᠬᠤᠲᠠ ᠪᠣᠭᠤᠮᠲᠠ ᠨᠢ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠵᠤ ᠠᠬᠤᠶᠢᠯᠠᠯ ᠤᠨ ᠠᠰᠠᠭᠤᠳᠠᠯ ᠪᠠ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠵᠦ᠂ ᠡᠯ᠎ᠡ | ᠲᠥᠷᠥᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠢᠭᠲᠠᠷᠠᠭᠤᠯᠤᠨ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ︽ | ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ | ᠨᠠᠷᠢᠯᠢᠭᠵᠢᠭᠤᠯᠵᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠪᠠ᠃ ᠬᠤᠶᠠᠷ ᠱᠠᠲᠤᠨ ᠤ ᠨᠠᠮ ᠤᠨ ᠬᠤᠷᠢᠶᠠᠨ ᠤ | ᠭᠡᠰᠢᠭᠦᠨ ᠲᠦᠷᠦᠭᠦᠯᠡᠨ ᠬᠠᠷᠢᠯᠴᠠᠬᠤ ᠠᠵᠤ ᠠᠬᠤᠶᠢᠯᠠᠯ ᠤᠨ ᠵᠣᠬᠢᠴᠠᠭᠤᠯᠤᠭᠴᠢ ᠶᠢᠨ ᠲᠣᠭᠲᠠᠴᠠ ᠶᠢ ᠪᠠᠶᠢᠭᠤᠯᠪᠠ᠃ | ᠪᠤᠭᠤᠮᠲᠠ ᠶᠢᠨ ᠨᠠᠮ ᠤᠨ ᠬᠤᠷᠢᠶ᠎ᠠ ᠲᠦᠷᠦᠭᠦᠯᠡᠨ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠤᠳᠤᠯᠤᠯᠲᠠ ᠬᠢᠵᠦ᠂ ᠣᠷᠣᠨ | ᠨᠤᠲᠤᠭ ᠤᠨ ᠵᠠᠰᠠᠭ ᠤᠨ ᠣᠷᠳᠣᠨ ᠵᠢᠴᠢ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠴᠠᠭ ᠲᠤᠬᠠᠢ ᠳᠤ ᠨᠢ ᠰᠣᠨᠣᠰᠪᠠ᠃ | | ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠬᠠᠪᠰᠤᠷᠤᠨ ᠲᠡᠳᠬᠦᠬᠦ ᠲᠣᠭᠲᠠᠴᠠ | ᠶᠢ ᠪᠠᠶᠢᠭᠤᠯᠪᠠ᠃ ᠪᠣᠭᠤᠮᠲᠠ ᠶᠢᠨ ᠣᠷᠣᠨ ᠤ ᠭᠤᠤᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠨᠡᠷᠡᠰ | ᠢ ᠡᠮᠬᠢᠯᠡᠨ ᠳᠢᠭᠯᠡᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ | ᠪᠣᠳᠣᠯᠭ᠎ᠠ ᠬᠡᠷᠡᠭᠵᠢᠭᠦᠯᠬᠦ︾ ᠡᠬᠡ ᠲᠠᠩᠰᠠ ᠪᠠᠶᠢᠭᠤᠯᠵᠤ᠂ 112 ᠭᠤᠤᠯᠳᠠᠯᠭ᠎ᠠ ᠲᠠᠢ ᠠᠵᠤ ᠠᠬᠤᠶᠢᠯᠠᠯ ᠢ ︽ᠴᠡᠭ | ᠬᠠᠷᠠᠭᠠᠯᠵᠠᠭᠤᠯᠤᠨ︾ ᠣᠨᠣᠪᠴᠢᠲᠠᠶ ᠪᠠᠷ ᠬᠠᠪᠰᠤᠷᠤᠨ ᠲᠡᠳᠬᠦᠵᠦ ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ | ᠦᠶᠯᠡᠳᠦᠯ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠭᠠᠳᠠᠭᠠᠳᠤ ᠳᠠᠬᠢ ᠵᠠᠬ᠎ᠠ ᠳᠡᠯᠭᠡᠭᠦᠷ ᠢ ᠨᠡᠭᠡᠭᠡᠬᠦ ᠳᠤ ᠬᠦᠴᠦᠨ | ᠨᠡᠮᠡᠷᠢᠯᠡᠵᠦ᠂ ᠨᠢᠭᠡ ᠠᠵᠤ ᠠᠬᠤᠶᠢᠯᠠᠯ ᠢ ᠬᠠᠪᠰᠤᠷᠤᠨ ᠲᠡᠳᠬᠦᠬᠦ᠂ ᠨᠢᠭᠡ ᠲᠥᠷᠥᠯ ᠤᠨ ᠬᠦᠴᠢᠷ ᠠᠰᠠᠭᠤᠳᠠᠯ ᠢ | ᠰᠢᠶᠳᠪᠦᠷᠢᠯᠡᠬᠦ᠂ ᠨᠢᠭᠡ ᠲᠠᠯ᠎ᠠ ᠶᠢᠨ ᠠᠵᠤ ᠠᠬᠤᠶ ᠶᠢ ᠳᠠᠶᠢᠴᠢᠯᠠᠬᠤ ᠦᠶᠯᠡᠴᠢᠯᠡᠭᠡᠨ ᠤ ᠦᠷ᠎ᠡ ᠪᠦᠲᠦᠮᠵᠢ ᠶᠢ ᠪᠣᠶ ᠪᠣᠯᠭᠠᠪᠠ | ᠃ | ᠠᠵᠤ ᠠᠬᠤᠶᠢᠯᠠᠯ ᠤᠨ ᠲᠤᠰᠬᠠᠭᠰᠠᠨ ︽ᠠᠰᠠᠭᠤᠳᠠᠯ ᠢ ᠦᠭᠡᠶᠢᠰᠬᠡᠬᠦ︾ ᠲᠦᠷᠢᠮ ᠢ ᠬᠡᠷᠡᠭᠵᠢᠭᠦᠯᠪᠡ᠃ ᠠᠵᠤ | ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠴᠤᠭᠯᠠᠭᠤᠯᠤᠨ ᠰᠢᠶᠳᠪᠦᠷᠢᠯᠡᠵᠦ | ᠬᠠᠷᠢᠭᠤ ᠲᠤᠰᠬᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠬᠡᠷᠡᠭᠴᠡᠭᠡ | ᠱᠠᠭᠠᠷᠳᠠᠯᠭ᠎ᠠ ᠪᠠ ᠬᠦᠴᠢᠷᠳᠡᠯ ᠢ ᠥᠷᠭᠡᠨ ᠢᠶᠠᠷ ᠴᠤᠭᠯᠠᠭᠤᠯᠵᠤ᠂ ᠲᠤᠬᠠᠶᠢᠯᠠᠭᠰᠠᠨ ᠠᠵᠢᠯ ᠤᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠲᠤ ᠳᠠᠭᠠᠭᠠᠯᠭᠠᠨ ᠲᠦᠷᠦᠭᠦᠯᠡᠨ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ | ᠤᠨ ᠬᠦᠴᠢᠷ ᠠᠰᠠᠭᠤᠳᠠᠯ ᠢ ᠰᠢᠶᠳᠪᠦᠷᠢᠯᠡᠬᠦ ᠳᠤ ᠬᠦᠴᠦᠨ ᠨᠡᠮᠡᠷᠢᠯᠡᠪᠡ᠃ | ᠬᠤᠶᠠᠷ᠂ ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ | ᠬᠥᠬᠡᠬᠤᠲᠠ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠦᠷᠭᠡᠨ ᠬᠥᠭᠵᠢᠯᠲᠡ ᠶᠢᠨ ᠵᠠᠮ | ᠳᠤ ᠣᠷᠣᠬᠤ ᠶᠢ ᠠᠬᠢᠭᠤᠯᠪᠠ᠃ 14 ᠵᠦᠶᠯ ᠤᠨ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠣᠷᠣᠨ ᠨᠤᠲᠤᠭ | ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ | ᠠᠵᠢᠯ ᠤᠨ ᠲᠣᠭᠲᠠᠴᠠ ᠪᠠ ᠬᠡᠷᠡᠭᠵᠢᠭᠦᠯᠬᠦ ᠨᠠᠷᠢᠨ ᠲᠦᠷᠢᠮ ᠨᠡᠶᠢᠲᠡᠯᠡᠬᠦ ᠶᠢ ᠠᠬᠢᠭᠤᠯᠪᠠ᠃ 2020 ᠣᠨ ᠳᠤ᠂ | ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠨᠢ ᠲᠣᠰ ᠲᠣᠰ 9.3 ᠳ᠋ᠦᠩᠰᠢᠭᠤᠷ | ᠲᠥᠭᠦᠷᠢᠭ᠂ 4.1 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠲᠣᠰ ᠨᠢᠳᠤᠨᠤᠨ ᠤ 6.8 ᠳᠠᠬᠢᠨ᠂ 161.4 ᠳᠠᠬᠢᠨ | ᠪᠣᠯᠪᠠ︔ ᠳᠣᠯᠣᠳᠤᠭᠠᠷ ᠰᠤᠮᠤ ᠳᠠᠬᠢ ᠭᠠᠶᠢᠯᠢ ᠪᠠᠲᠤᠯᠠᠬᠤ ᠪᠠᠷᠠᠭ᠎ᠠ ᠭᠦᠶᠯᠭᠡᠭᠡᠨ ᠤ ᠲᠥᠪ ︵B ᠬᠡᠯᠪᠡᠷᠢ︶ ᠤᠨ ᠠᠩᠬᠠᠨ | ᠤ ᠵᠢᠯ ᠤᠨ ᠠᠵᠢᠯᠯᠠᠭᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ ᠨᠢ ᠨᠢᠭᠡᠨᠲᠡ 2.01 ᠳ᠋ᠦᠩᠰᠢᠭᠤᠷ | ᠲᠥᠭᠦᠷᠢᠭ ᠲᠤ ᠬᠦᠷᠪᠡ᠃ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠠᠷᠠᠯᠵᠢᠶᠠᠨ ᠤ ᠡᠵᠡᠩᠨᠡᠯᠲᠡ ᠶᠢᠨ ᠬᠡᠯᠪᠡᠷᠢ ᠶᠢᠨ | ᠬᠥᠭᠵᠢᠯᠲᠡ ᠶᠢ ᠶᠡᠬᠡᠪᠡᠷ ᠳᠡᠮᠵᠢᠪᠡ᠃ ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠠᠮᠲᠤᠷᠠᠭᠰᠠᠨ ᠬᠤᠷᠠᠯ ᠤᠨ ᠲᠦᠷᠢᠮ | ᠢ ᠪᠠᠶᠢᠭᠤᠯᠬᠤ ᠶᠢ ᠠᠬᠢᠭᠤᠯᠵᠤ᠂ ᠪᠣᠭᠤᠮᠲᠠ ᠶᠢᠨ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠶᠢᠯᠢ | ᠪᠠᠲᠤᠯᠠᠬᠤ ᠪᠠ ᠰᠢᠭᠤᠳ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠵᠥᠭᠡᠯᠡᠨ ᠬᠠᠲᠠᠭᠤ ᠬᠡᠷᠡᠭᠰᠡᠯ ᠤᠨ ᠰᠢᠰᠲ᠋ᠧᠮ ᠢ | ᠪᠦᠬᠦᠨ ᠢ ᠤᠷᠤᠭᠰᠢᠲᠠᠶ ᠨᠡᠪᠲᠡᠷᠡᠭᠦᠯᠪᠡ᠃ 2020 ᠣᠨ ᠳᠤ᠂ ᠬᠥᠬᠡᠬᠤᠲᠠ ᠪᠣᠭᠤᠮᠲᠠ ᠠᠴᠠ ᠭᠠᠳᠠᠭᠠᠳᠤ ᠠᠴᠠ | ᠣᠷᠣᠭᠤᠯᠤᠭᠰᠠᠨ ᠰᠦᠯᠵᠢᠶ᠎ᠡ ᠪᠠᠷ ᠬᠤᠳᠠᠯᠳᠤᠨ ᠠᠪᠤᠭᠰᠠᠨ ᠭᠠᠶᠢᠯᠢ ᠪᠠᠲᠤᠯᠠᠬᠤ ᠪᠠᠷᠠᠭ᠎ᠠ ᠶᠢ ᠨᠡᠶᠢᠲᠡ 332 ᠪᠢᠯᠧᠲ᠂ ᠡᠩ | ᠤᠨ ᠭᠠᠳᠠᠭᠠᠳᠤ ᠳᠤ ᠭᠠᠷᠭᠠᠬᠤ ᠪᠠᠷᠠᠭ᠎ᠠ ᠶᠢ ᠵᠢᠵᠢᠭᠯᠡᠨ ᠬᠤᠳᠠᠯᠳᠤᠬᠤ ᠳᠤ ᠨᠡᠶᠢᠲᠡ 3.13 ᠲᠦᠮᠡᠨ ᠪᠢᠯᠧᠲ ᠬᠢᠨᠠᠨ | ᠬᠠᠮᠢᠶᠠᠷᠪᠠ᠃ | ᠪᠣᠭᠤᠮᠲᠠ ᠶᠢᠨ ᠨᠡᠭᠡᠭᠡᠯᠲᠡ ᠶᠢᠨ ᠲᠠᠰ ᠳᠠᠪᠬᠤᠷᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠳᠤ ᠬᠦᠴᠦᠨ | ᠨᠡᠮᠡᠷᠢᠯᠡᠪᠡ᠃ ᠥᠯᠵᠡᠶ ᠪᠣᠭᠤᠮᠲᠠ ᠲᠦᠷ ᠴᠠᠭ ᠨᠡᠭᠡᠭᠡᠬᠦ ᠵᠥᠪᠰᠢᠶᠡᠷᠡᠯ ᠣᠯᠵᠤ᠂ ᠠᠯᠠᠱᠠ ᠪᠣᠭᠤᠮᠲᠠ ᠵᠢᠩᠬᠢᠨᠢ ᠪᠠᠷ ᠫᠠᠶᠢᠰᠠ | ᠡᠯᠭᠦᠪᠡ᠃ ᠬᠥᠬᠡᠬᠤᠲᠠ ᠶᠢᠨ ᠠᠭᠠᠷ ᠤᠨ ᠠᠶᠠᠯᠠᠯ ᠤᠨ ᠪᠣᠭᠤᠮᠲᠠ᠂ ᠤᠷᠳᠤᠰ ᠤᠨ ᠠᠭᠠᠷ ᠤᠨ ᠠᠶᠠᠯᠠᠯ ᠤᠨ ᠪᠣᠭᠤᠮᠲᠠ ᠶᠢᠨ | ᠵᠢᠮᠢᠰ᠂ ᠮᠥᠰᠦᠯᠢᠭ ᠰᠢᠨ᠎ᠡ ᠰᠣᠷᠭᠤᠭ ᠤᠰᠤᠨ ᠭᠠᠷᠤᠯᠲᠠ ᠵᠡᠷᠭᠡ ᠭᠠᠳᠠᠭᠠᠳᠤ ᠣᠷᠤᠭᠤᠯᠤᠯᠲᠠ ᠶᠢᠨ ᠵᠢᠭᠠᠨ | ᠲᠣᠭᠲᠠᠭᠠᠭᠰᠠᠨ ᠬᠢᠨᠠᠨ ᠬᠠᠮᠢᠶᠠᠷᠬᠤ ᠭᠠᠵᠠᠷ ᠭᠤᠶᠤᠴᠢᠯᠠᠨ ᠮᠡᠳᠡᠭᠦᠯᠬᠦ ᠶᠢ ᠳᠡᠮᠵᠢᠪᠡ᠃ ᠡᠷᠢᠶᠡᠨ ᠬᠤᠲᠠ ᠶᠢᠨ ᠬᠢᠯᠢ ᠶᠢᠨ | ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠡᠳ᠋ᠰᠢᠭᠦᠯᠬᠦ | ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠪᠡ᠃ | ᠭᠤᠷᠪᠠ᠂ ᠬᠢᠨᠠᠨ ᠬᠠᠮᠢᠶᠠᠷᠴᠤ ᠪᠣᠭᠤᠮᠲᠠ ᠪᠠᠷ ᠥᠩᠭᠡᠷᠡᠭᠦᠯᠬᠦ ᠵᠠᠭᠪᠤᠷ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠬᠦ | ᠪᠣᠭᠤᠮᠲᠠ ᠶᠢᠨ ᠠᠭᠤᠷᠬᠠᠶ ᠶᠢᠨ ᠡᠨᠧᠷᠭᠢ ᠶᠢᠨ ᠦᠶᠯᠡᠳᠬᠦᠨ ᠤ ᠭᠠᠳᠠᠭᠠᠳᠤ ᠣᠷᠤᠭᠤᠯᠤᠯᠲᠠ ᠶᠢᠨ ᠬᠤᠷᠳᠤᠴᠠ ᠶᠢ | ᠳᠡᠭᠡᠭᠰᠢᠯᠡᠭᠦᠯᠦᠨ ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ | ᠤᠨ ᠣᠷᠳᠣᠨ ᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠪᠠᠶᠢᠩᠭᠤᠵᠢᠭᠤᠯᠵᠤ ᠬᠠᠭᠤᠷᠠᠶ ᠵᠠᠮ ᠤᠨ ᠪᠣᠭᠤᠮᠲᠠ ᠪᠠᠷ ᠥᠩᠭᠡᠷᠡᠬᠦ ᠳᠤ ᠥᠨᠳᠦᠷ ᠪᠦᠲᠦᠮᠵᠢᠲᠠᠢ ᠰᠠᠭᠠᠳ ᠦᠭᠡᠢ ᠨᠡᠪᠲᠡᠷᠡᠬᠦ | ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠦᠶᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ | ᠢ ᠪᠠᠲᠤᠯᠠᠪᠠ᠃ ᠪᠣᠭᠤᠮᠲᠠ ᠥᠩᠭᠡᠷᠡᠬᠦ ᠴᠠᠭ ᠢ ᠤᠷᠲᠤᠳᠬᠠᠵᠤ᠂ ᠬᠡᠰᠡᠭ ᠪᠣᠭᠤᠮᠲᠠ ᠶᠢᠨ ᠲᠤᠬᠠᠶ ᠶᠢᠨ ᠲᠠᠯᠠᠪᠠᠶ ᠶᠢᠨ | ᠠᠵᠢᠯᠯᠠᠬᠤ ᠴᠠᠭ ᠢ ᠤᠤᠯ ᠤᠨ ᠥᠷᠯᠦᠭᠡᠨ ᠤ ᠨᠠᠢᠮᠠᠨ ᠴᠠᠭ ᠠᠴᠠ ᠣᠷᠣᠶ ᠶᠢᠨ ᠨᠠᠢᠮᠠᠨ ᠴᠠᠭ | ︵8᠄ 00 - 20᠄ 00︶ ᠪᠠᠶᠢᠭᠰᠠᠨ ᠠᠴᠠ ᠨᠢ ᠥᠷᠯᠥᠭᠡᠨ ᠤ ᠨᠠᠢᠮᠠᠨ ᠴᠠᠭ ᠠᠴᠠ ᠣᠷᠣᠶ ᠶᠢᠨ ᠠᠷᠪᠠᠨ ᠴᠠᠭ ︵8᠄ | 00 - 22᠄ 00︶ ᠪᠣᠯᠭᠠᠨ ᠤᠷᠲᠤᠳᠬᠠᠬᠤ ᠶᠢᠨ ᠬᠠᠮᠲᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠪᠣᠭᠤᠮᠲᠠ ᠬᠠᠭᠠᠬᠤ | ᠴᠠᠭ ᠢ ᠳᠠᠬᠢᠨ ᠵᠣᠬᠢᠬᠤ ᠬᠡᠮᠵᠢᠶ᠎ᠡ ᠪᠠᠷ ᠤᠷᠲᠤᠳᠬᠠᠵᠤ᠂ ᠬᠢᠯᠢ ᠠᠴᠠ ᠭᠠᠷᠬᠤ ᠲᠡᠷᠭᠡ ᠬᠥᠰᠬᠡ ᠶᠢ ᠠᠯᠢ ᠴᠢᠳᠠᠬᠤ ᠪᠠᠷ | ᠲᠠᠯᠪᠢᠬᠤ ᠶᠢ ᠪᠠᠲᠤᠯᠠᠪᠠ᠃ ᠠᠵᠢᠯᠯᠠᠬᠤ ᠴᠤᠪᠤᠷᠠᠯ ᠢ ︽ᠠᠯᠢ ᠴᠢᠳᠠᠬᠤ ᠪᠠᠷ ᠲᠥᠷᠭᠡᠳᠬᠡᠵᠦ︾᠂ ᠡᠷᠡᠭᠦᠯ ᠬᠠᠮᠠᠭᠠᠯᠠᠯ ᠤᠨ | ᠬᠢᠵᠢᠭ ᠪᠠᠶᠢᠴᠠᠭᠠᠬᠤ ᠴᠤᠪᠤᠷᠠᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠤᠶᠤᠨᠲᠦ ᠪᠤᠭᠤᠮᠲᠠ ᠪᠠᠷ ᠠᠦ᠋ᠲ᠋ᠣ᠋ ᠪᠠᠷ ᠰᠢᠯᠭᠠᠨ | ᠥᠩᠭᠡᠷᠡᠭᠦᠯᠬᠦ ᠬᠠᠷᠢᠴᠠᠯ ᠢ ᠳᠡᠭᠡᠭᠰᠢᠯᠡᠭᠦᠯᠵᠦ᠂ ᠪᠠᠶᠢᠴᠠᠭᠠᠯᠲᠠ ᠳᠤ ᠬᠤᠯᠪᠣᠭᠳᠠᠭᠰᠠᠨ ᠪᠠᠷᠠᠭ᠎ᠠ ᠶᠢ ᠪᠠᠶᠢᠴᠠᠭᠠᠨ ᠰᠢᠯᠭᠠᠬᠤ | ᠴᠠᠭ ᠢ ᠵᠦᠶ ᠵᠣᠬᠢᠰᠲᠠᠶ ᠪᠣᠭᠤᠨᠢᠰᠬᠠᠪᠠ᠃ 8 - 12 ᠳ᠋ᠤᠭᠠᠷ ᠰᠠᠷ᠎ᠠ ᠳᠤ᠂ ᠬᠥᠬᠡᠬᠤᠲᠠ ᠪᠣᠭᠤᠮᠲᠠ ᠶᠢᠨ ᠣᠷᠤᠨ ᠤ | ᠵᠠᠰᠠᠮᠠᠯ ᠵᠠᠮ ᠤᠨ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠡ ᠨᠢ 1761.3 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ᠃ | ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠪᠠ᠃ ︽ᠤᠷᠢᠳᠴᠢᠯᠠᠨ | ᠭᠤᠶᠤᠴᠢᠯᠠᠨ ᠮᠡᠳᠡᠭᠦᠯᠵᠦ᠂ ᠪᠣᠭᠤᠮᠲᠠ ᠶᠢ ᠰᠢᠯᠭᠠᠨ ᠥᠩᠭᠡᠷᠡᠭᠦᠯᠬᠦ︾ ᠪᠠᠷᠠᠭᠠᠨ ᠤ ᠲᠡᠭᠡᠭᠡᠪᠦᠷᠢ ᠶᠢᠨ ᠬᠢᠨᠠᠯᠲᠠ | ᠬᠠᠮᠢᠶᠠᠷᠤᠯᠲᠠ ᠶᠢᠨ ᠵᠠᠭᠪᠤᠷ ᠢ ᠴᠢᠨᠠᠷ ᠰᠠᠶᠢᠲᠠᠶ ᠠᠵᠢᠯᠯᠠᠭᠤᠯᠵᠤ᠂ ᠪᠣᠭᠤᠮᠲᠠ ᠶᠢᠨ ᠣᠷᠣᠨ ᠤ ᠪᠠᠷᠠᠭᠠᠨ ᠤ ᠲᠡᠭᠡᠭᠡᠪᠦᠷᠢ ᠶᠢᠨ | ᠨᠡᠪᠲᠡᠷᠡᠬᠦ ᠵᠠᠮ ᠢ ᠴᠥᠮ ᠵᠢᠵᠢᠭᠦᠷᠴᠢᠨ ᠥᠬᠡᠶ ᠪᠠᠷ ᠠᠦ᠋ᠲ᠋ᠣ᠋ ᠪᠠᠷ ᠰᠢᠯᠭᠠᠨ ᠥᠩᠭᠡᠷᠡᠭᠦᠯᠬᠦ ᠪᠣᠯᠭᠠᠪᠠ᠃ 5 ᠵᠠᠰᠠᠮᠠᠯ ᠵᠠᠮ ᠤᠨ | ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠨᠡᠪᠲᠡᠷᠡᠬᠦ ᠵᠠᠮ ᠪᠦᠬᠦᠨ ᠳᠤ ᠤᠶᠤᠨᠲᠤ ᠪᠣᠭᠤᠮᠲᠠ ᠪᠠᠶᠢᠭᠤᠯᠪᠠ᠃ | ︽ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ 2020 ᠣᠨ ᠤ ᠪᠣᠷᠣ ᠲᠥᠯᠥᠪ | ᠤᠨ ᠲᠥᠰᠦᠯ︾ ᠢ ᠨᠠᠶᠢᠳᠠᠪᠤᠷᠢᠵᠢᠭᠤᠯᠵᠤ᠂ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠪᠣᠭᠤᠮᠲᠠ ᠥᠩᠭᠡᠷᠡᠬᠦ | ᠵᠠᠭᠪᠤᠷ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠴᠠᠭ ᠢ | ᠪᠠᠭᠠᠰᠬᠠᠨ᠂ ᠡᠳ᠋ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠶᠠᠷ ᠠᠯᠬᠤᠮ | ᠢᠶᠠᠷ ᠭᠤᠶᠤᠴᠢᠯᠠᠨ ᠮᠡᠳᠡᠭᠦᠯᠵᠦ ᠪᠣᠭᠤᠮᠲᠠ ᠪᠠᠷ ᠥᠩᠭᠡᠷᠡᠬᠦ ᠵᠠᠭᠪᠤᠷ ᠤᠨ ᠬᠡᠷᠡᠭᠯᠡᠭᠡᠨ ᠤ ᠨᠣᠷᠮ᠎ᠠ ᠶᠢ 16% ᠠᠴᠠ | ᠳᠠᠪᠠᠭᠤᠯᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠦᠶᠯᠡᠴᠢᠯᠡᠭᠡ ᠶᠢ ᠰᠢᠯᠢᠳᠡᠭᠵᠢᠭᠦᠯᠵᠦ᠂ | ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ︾ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠶᠢ | ᠪᠡᠶᠡᠯᠡᠭᠦᠯᠬᠦ ᠶᠢ ᠠᠬᠢᠭᠤᠯᠵᠤ᠂ ᠣᠯᠠᠨ ᠤᠯᠤᠰ ᠤᠨ ᠠᠷᠠᠯᠵᠢᠶᠠᠨ ᠤ ︽ᠳᠠᠩ ᠭᠠᠭᠴᠠ ᠴᠣᠩᠬᠤᠪᠴᠢ︾ ᠶᠢᠨ ᠭᠤᠤᠯ | ᠪᠣᠯᠬᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠨᠣᠷᠮ᠎ᠠ ᠶᠢ 100% ᠪᠠᠷ ᠪᠠᠲᠤᠯᠠᠪᠠ᠃ ︽ᠡᠭᠦᠳᠡᠨ ᠳᠤ ᠬᠥᠷᠬᠦ︾ | ᠲᠡᠭᠡᠭᠡᠪᠦᠷᠢ ᠶᠢᠨ ᠰᠢᠭᠤᠳ ᠨᠡᠪᠲᠡᠷᠡᠬᠦ ᠲᠡᠷᠭᠡ TIR ︵ᠣᠯᠠᠨ ᠤᠯᠤᠰ ᠤᠨ ᠵᠠᠮ ᠲᠡᠭᠡᠭᠡᠪᠦᠷᠢ ᠶᠢᠨ ᠨᠡᠶᠢᠲᠡ ᠶᠢᠨ ᠭᠡᠷ᠎ᠡ︶ | ᠶᠢᠨ ᠲᠤᠬᠠᠶᠢᠯᠠᠭᠰᠠᠨ ᠠᠵᠢᠯ ᠲᠦᠷᠭᠡᠨ ᠬᠥᠭᠵᠢᠵᠦ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠥᠬᠦ ᠵᠢᠯ ᠳᠤ | TIR ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠨᠡᠶᠢᠲᠡ 781 ᠪᠢᠯᠧᠲ ᠭᠦᠶᠴᠡᠳᠬᠡᠵᠦ᠂ ᠡᠭᠦᠨ ᠳᠤ᠂ ᠬᠢᠯᠢ ᠪᠠᠷ | ᠣᠷᠣᠭᠤᠯᠬᠤ ᠲᠤᠬᠠᠶᠢᠯᠠᠭᠰᠠᠨ ᠠᠵᠢᠯ 773 ᠪᠢᠯᠧᠲ ᠪᠠᠶᠢᠵᠤ᠂ ᠪᠥᠬᠦ ᠤᠯᠤᠰ ᠤᠨ ᠨᠢᠭᠡᠳᠦᠭᠡᠷ ᠲᠤ ᠣᠷᠣᠪᠠ᠃ | ︽ᠳᠤᠮᠳᠠᠳᠤ ᠢᠶᠠᠷ ᠨᠡᠪᠲᠡᠷᠡᠬᠦ ᠵᠠᠮ︾ ᠤᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠲᠦᠷᠭᠡᠨ | ᠨᠡᠮᠡᠭᠳᠡᠯ ᠢ ᠪᠠᠲᠤᠯᠠᠬᠤ ᠳᠤ ᠬᠦᠴᠦᠨ ᠨᠡᠮᠡᠷᠢᠯᠡᠪᠡ᠃ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠳᠤᠮᠳᠠᠳᠤ ᠧᠦ᠋ᠷᠣᠫᠠ ᠶᠢᠨ | ᠡᠭᠡᠯᠵᠢ ᠶᠢᠨ ᠭᠠᠯᠲᠤ ᠲᠡᠷᠭᠡ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ | ᠂ ︽ᠬᠥᠬᠡᠬᠤᠲᠠ ᠪᠣᠭᠤᠮᠲᠠ ᠶᠢᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠬᠥᠭᠵᠢᠯᠲᠡ ᠶᠢ ᠳᠡᠮᠵᠢᠬᠦ | 22 ᠵᠤᠷᠪᠤᠰ ᠠᠷᠭ᠎ᠠ ᠬᠡᠮᠵᠢᠶ᠎ᠡ︾ ᠶᠢ ᠲᠣᠭᠲᠠᠭᠠᠵᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠪᠣᠭᠤᠮᠲᠠ | ᠪᠠᠷ ᠥᠩᠭᠡᠷᠡᠬᠦ ᠬᠦᠴᠦᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠵᠢᠯ ᠳᠤ ᠡᠷᠢᠶᠡᠨ ᠬᠤᠲᠠ ᠶᠢᠨ ᠲᠡᠮᠦᠷ | ᠵᠠᠮ ᠤᠨ ᠪᠣᠭᠤᠮᠲᠠ ᠪᠠᠷ ᠳᠡᠮᠵᠢᠨ 2384 ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ ᠬᠢᠯᠢ ᠪᠠᠷ | ᠣᠷᠣᠭᠤᠯᠵᠤ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 60% ᠪᠠᠷ ᠨᠡᠮᠡᠭᠳᠡᠵᠦ᠂ ᠴᠢᠩᠭᠡᠯᠢᠭ ᠤᠨ ᠳᠦᠭᠦᠷᠡᠩ | ᠠᠴᠢᠶ᠎ᠠ ᠶᠢᠨ ᠨᠣᠷᠮ᠎ᠠ ᠨᠢ 99.54% ᠳᠤ ᠬᠥᠷᠪᠡ᠃ ︽ᠳᠤᠮᠳᠠᠳᠤ ᠪᠠᠷ ᠨᠡᠪᠲᠡᠷᠡᠬᠦ ᠵᠠᠮ︾ ᠤᠨ ᠡᠷᠢᠶᠡᠨ ᠬᠤᠲᠠ ᠶᠢᠨ | ᠪᠣᠭᠤᠮᠲᠠ ᠶᠢᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠨᠡᠮᠡᠭᠳᠡᠯ ᠤᠨ ᠨᠣᠷᠮ᠎ᠠ ᠨᠢ ᠭᠤᠷᠪᠠᠨ | ᠨᠡᠪᠲᠡᠷᠡᠬᠦ ᠵᠠᠮ ᠤᠨ ᠳᠥᠷᠪᠡᠨ ᠶᠡᠭᠡ ᠪᠣᠭᠤᠮᠲᠠ ︵ᠬᠤᠷᠭᠤᠰ᠂ ᠠᠯᠠᠱᠠ᠂ ᠡᠷᠢᠶᠡᠨ ᠬᠤᠲᠠ᠂ ᠮᠠᠨᠵᠤᠤᠷ︶ ᠶᠢᠨ ᠲᠡᠷᠢᠭᠦᠨ | ᠳᠤ ᠣᠷᠣᠵᠤ᠂ ᠬᠤᠭᠤᠰᠣᠨ ᠬᠠᠶᠢᠷᠴᠠᠭ ᠤᠨ ᠨᠣᠷᠮ᠎ᠠ ᠶᠡᠭᠡ ᠪᠠᠷ ᠪᠠᠭᠤᠷᠠᠪᠠ᠃ | ᠳᠥᠷᠪᠡ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠬᠦᠴᠦᠯᠡᠨ | ᠰᠢᠯᠢᠳᠡᠭᠵᠢᠭᠦᠯᠬᠦ | ᠪᠣᠭᠤᠮᠲᠠ ᠪᠠᠷ ᠥᠩᠭᠡᠷᠡᠬᠦ ᠴᠠᠭ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠪᠡ᠃ ᠠᠵᠤ ᠠᠬᠤᠶᠢᠯᠠᠯ ᠤᠨ | ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠭᠤᠶᠤᠴᠢᠯᠠᠨ ᠮᠡᠳᠡᠭᠦᠯᠬᠦ ᠭᠤᠭᠴᠤᠭ᠎ᠠ ᠳᠤ ᠭᠡᠷ᠎ᠡ ᠲᠤᠰᠢᠶᠠᠬᠤ᠂ | ᠬᠠᠶᠢᠷᠴᠠᠭᠯᠠᠬᠤ ᠬᠠᠭᠤᠳᠠᠰᠤ ᠵᠡᠷᠭᠡ ᠳᠠᠭᠠᠯᠳᠤᠭᠤᠯᠤᠯ ᠬᠠᠭᠤᠳᠠᠰᠤ ᠪᠠᠷᠢᠮᠲᠠ ᠵᠡᠷᠭᠡ ᠶᠢ ᠥᠯᠥ ᠲᠤᠰᠢᠶᠠᠵᠤ ᠪᠣᠭᠤᠮᠲᠠ ᠪᠠᠷ | ᠥᠩᠭᠡᠷᠡᠭᠦᠯᠬᠦ ᠶᠢ ᠳᠥᠭᠦᠮᠴᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ 2020 ᠣᠨ ᠤ 12 ᠳ᠋ᠤᠭᠠᠷ | ᠰᠠᠷ᠎ᠠ ᠳᠤ᠂ ᠬᠥᠬᠡᠬᠤᠲᠠ ᠪᠣᠭᠤᠮᠲᠠ ᠶᠢᠨ ᠭᠠᠳᠠᠭᠠᠳᠤ ᠣᠷᠤᠭᠤᠯᠤᠯᠲᠠ ᠶᠢᠨ ᠪᠣᠭᠤᠮᠲᠠ ᠪᠠᠷ ᠥᠩᠭᠡᠷᠡᠬᠦ ᠪᠦᠬᠦᠯᠢ | ᠴᠣᠭᠴᠠ ᠶᠢᠨ ᠴᠠᠭ ᠨᠢ 29.55 ᠴᠠᠭ ᠪᠠᠶᠢᠵᠤ᠂ 2017 ᠣᠨ ᠤ ᠬᠢ ᠲᠠᠢ ᠬᠠᠷᠢᠴᠠᠭᠤᠯᠪᠠᠯ 80.11% ᠪᠠᠷ | ᠪᠠᠭᠠᠰᠪᠠ᠃ ᠭᠠᠳᠠᠭᠠᠳᠤ ᠭᠠᠷᠭᠠᠯᠲᠠ ᠶᠢᠨ ᠪᠣᠭᠤᠮᠲᠠ ᠪᠠᠷ ᠥᠩᠭᠡᠷᠡᠬᠦ ᠪᠦᠬᠦᠯᠢ ᠴᠣᠭᠴᠠ ᠶᠢᠨ ᠴᠠᠭ ᠨᠢ 0.37 ᠴᠠᠭ | ᠪᠠᠶᠢᠵᠤ᠂ 2017 ᠣᠨ ᠤ ᠬᠢ ᠲᠠᠢ ᠬᠠᠷᠢᠴᠠᠭᠤᠯᠪᠠᠯ 80.11% ᠪᠠᠷ ᠪᠠᠭᠠᠰᠴᠤ᠂ 50% ᠪᠠᠷ ᠪᠠᠭᠠᠰᠬᠠᠬᠤ ᠠᠵᠢᠯ | ᠤᠨ ᠬᠠᠷᠠᠯᠲᠠ ᠪᠠᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠡᠶᠡᠯᠡᠭᠦᠯᠪᠡ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠪᠡ᠃ ᠬᠤᠳᠠᠯᠳᠤᠭᠠᠨ ᠤ ᠶᠠᠪᠤᠳᠠᠯ ᠤᠨ ᠳᠦᠷᠢᠮ᠂ ᠭᠡᠷᠡᠴᠢ ᠦᠨᠡᠮᠯᠡᠯ ᠢ ᠰᠠᠯᠭᠠᠬᠤ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠠᠭᠤᠳᠠᠰᠤ | ᠦᠨᠡᠮᠯᠡᠯ ᠢ ᠴᠣᠮᠬᠠᠳᠬᠠᠵᠤ᠂ ᠠᠵᠤ ᠠᠬᠤᠶᠢᠯᠠᠯ ᠤᠨ ᠳᠠᠩᠰᠠᠯᠠᠭᠤᠯᠤᠨ ᠲᠡᠮᠳᠡᠭᠯᠡᠭᠦᠯᠬᠦ ᠶᠢ ᠭᠦᠢᠴᠡᠳᠬᠡᠬᠦ ᠴᠠᠭ ᠬᠤᠭᠤᠴᠠᠭ᠎ᠠ | ᠶᠢ ᠪᠣᠭᠤᠨᠢᠰᠬᠠᠵᠤ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ | ᠶᠢ ᠬᠡᠷᠡᠭᠵᠢᠭᠦᠯᠵᠦ᠂ ᠪᠣᠭᠤᠮᠲᠠ ᠶᠢᠨ ᠣᠷᠣᠨ ᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠲᠤᠭ᠎ᠠ 2016 ᠣᠨ | ᠤ ᠡᠴᠦᠰ ᠲᠤ 4138 ᠪᠠᠶᠢᠭᠰᠠᠨ ᠠᠴᠠ ᠪᠠᠨ ᠣᠳᠣ 8348 ᠪᠣᠯᠵᠤ ᠨᠡᠮᠡᠭᠳᠡᠨ᠂ ᠵᠢᠯ ᠪᠦᠷᠢ ᠳᠤᠮᠳᠠᠴᠢ ᠪᠠᠷ 20% | ᠨᠡᠮᠡᠭᠳᠡᠵᠦ᠂ ᠡᠭᠦᠨ ᠳᠤ 2020 ᠣᠨ ᠳᠤ 974 ᠰᠢᠨ᠎ᠡ ᠪᠠᠷ ᠨᠡᠮᠡᠭᠳᠡᠪᠡ᠃ ᠭᠠᠳᠠᠭᠠᠳᠤ ᠳᠤ ᠭᠠᠷᠭᠠᠬᠤ ᠢᠳᠡᠭᠡᠨ | ᠦᠶᠯᠡᠳᠪᠦᠷᠢᠯᠡᠬᠦ ᠠᠵᠤ ᠠᠬᠤᠶᠢᠯᠠᠯ ᠢ ᠬᠢᠨᠠᠨ ᠵᠥᠪᠰᠢᠶᠡᠷᠡᠬᠦ ᠪᠠᠶᠢᠭᠰᠠᠨ ᠠᠴᠠ ᠳᠠᠩᠰᠠᠯᠠᠬᠤ ᠪᠣᠯᠭᠠᠨ ᠥᠭᠡᠷᠡᠴᠢᠯᠡᠵᠦ᠂ ᠠᠵᠤ | ᠠᠬᠤᠶᠢᠯᠠᠯ ᠤᠨ ᠭᠤᠶᠤᠴᠢᠯᠠᠯ ᠢ 20 ᠠᠵᠢᠯᠯᠠᠬᠤ ᠡᠳᠦᠷ ᠪᠠᠶᠢᠭᠰᠠᠨ ᠠᠴᠠ ᠲᠣᠰ ᠡᠳᠦᠷ ᠲᠤ ᠪᠠᠨ ᠭᠦᠶᠴᠡᠳᠬᠡᠵᠦ | ᠳᠠᠭᠤᠰᠬᠠᠬᠤ ᠪᠣᠯᠭᠠᠨ ᠪᠠᠭᠠᠰᠬᠠᠵᠤ᠂ ᠵᠢᠯ ᠤᠨ ᠳᠣᠲᠣᠷ᠎ᠠ ᠭᠠᠳᠠᠭᠠᠳᠤ ᠳᠤ ᠭᠠᠷᠭᠠᠬᠤ ᠢᠳᠡᠭᠡᠨ ᠦᠶᠯᠡᠳᠪᠦᠷᠢᠯᠡᠬᠦ ᠠᠵᠤ | ᠠᠬᠤᠶᠢᠯᠠᠯ ᠢ 154 ᠰᠢᠨ᠎ᠡ ᠪᠠᠷ ᠨᠡᠮᠡᠭᠳᠡᠭᠦᠯᠵᠦ᠂ 2019 ᠣᠨ ᠤ ᠪᠥᠬᠦ ᠵᠢᠯ ᠤᠨ ᠰᠢᠨ᠎ᠡ ᠪᠠᠷ ᠨᠡᠮᠡᠭᠳᠡᠭᠰᠡᠨ ᠬᠡᠮᠵᠢᠶᠡᠨ ᠤ | 3.3 ᠳᠠᠬᠢᠨ ᠪᠣᠯᠪᠠ᠃ | ᠳᠥᠭᠦᠮᠴᠢᠯᠡᠭᠰᠡᠨ ᠥᠭᠡᠷᠡᠴᠢᠯᠡᠯᠲᠡ ᠨᠢ ᠠᠵᠤ ᠠᠬᠤᠶᠢᠯᠠᠯ ᠤᠨ ᠬᠥᠭᠵᠢᠯᠲᠡ ᠳᠤ ᠡᠨᠧᠷᠭᠢ ᠣᠯᠭᠤᠪᠠ᠃ ᠭᠠᠳᠠᠭᠠᠳᠤ | ᠣᠷᠣᠭᠤᠯᠤᠯᠲᠠ ᠭᠠᠷᠭᠠᠯᠲᠠ ᠶᠢᠨ ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠣᠷᠣᠰ ᠤᠨ | ᠮᠣᠳᠣᠨ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠳᠤ᠂ ᠣᠨᠴᠠ ᠲᠣᠭᠲᠠᠭᠰᠠᠨ ᠮᠣᠳᠣᠨ ᠤ ᠲᠥᠷᠥᠯ ᠠᠴᠠ ᠪᠤᠰᠤᠳ | ᠨᠢ ᠳᠠᠭᠢᠵᠤ ᠤᠭ ᠭᠠᠷᠤᠯᠲᠠ ᠶᠢᠨ ᠭᠠᠵᠠᠷ ᠤᠨ ᠦᠨᠡᠮᠯᠡᠯ ᠬᠠᠩᠭᠠᠬᠤ ᠶᠢ ᠱᠠᠭᠠᠷᠳᠠᠬᠤ ᠥᠬᠡᠶ ᠪᠣᠯᠵᠣ᠂ ᠠᠵᠤ ᠠᠬᠤᠶᠢᠯᠠᠯ | ᠤᠨ ᠲᠡᠷᠭᠡ ᠪᠦᠷᠢ ᠳᠤ 100 ᠰᠢᠬᠠᠮ ᠲᠥᠭᠦᠷᠢᠭ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠠᠷᠪᠢᠯᠠᠵᠤ᠂ 2020 | ᠣᠨ ᠳᠤ ᠠᠵᠤ ᠠᠬᠤᠶᠢᠯᠠᠯ ᠤᠨ ᠥᠪᠡᠷ ᠤᠨ ᠥᠷᠲᠡᠭ ᠢ ᠨᠡᠶᠢᠲᠡ 200 ᠲᠦᠮᠡᠨ ᠲᠥᠭᠦᠷᠢᠭ ᠠᠷᠪᠢᠯᠠᠪᠠ᠃ ᠣᠬ | ᠭᠠᠷᠤᠯᠲᠠ ᠶᠢᠨ ᠭᠠᠵᠠᠷ ᠤᠨ ᠦᠨᠡᠮᠯᠡᠯ ᠢ ᠥᠪᠡᠰᠦᠪᠡᠨ ᠳᠠᠷᠤᠮᠠᠯᠯᠠᠬᠤ ᠪᠠ | ︽ᠬᠤᠶᠠᠷ ᠦᠨᠡᠮᠯᠡᠯ ᠢ ᠨᠢᠭᠡᠳᠬᠡᠬᠦ︾ ᠥᠭᠡᠷᠡᠴᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠬ ᠭᠠᠷᠤᠯᠲᠠ ᠶᠢᠨ ᠭᠠᠵᠠᠷ | ᠤᠨ ᠦᠨᠡᠮᠯᠡᠯ ᠢ ᠣᠶᠤᠨᠴᠢ ᠪᠠᠷ ᠬᠢᠨᠠᠨ ᠬᠠᠷᠭᠤᠭᠤᠯᠬᠤ ᠶᠢ ᠪᠡᠶᠡᠯᠡᠭᠦᠯᠵᠦ᠂ 2020 ᠣᠨ ᠳᠤ ᠣᠬ ᠭᠠᠷᠤᠯᠲᠠ ᠶᠢᠨ | ᠭᠠᠵᠠᠷ ᠤᠨ ᠦᠨᠡᠮᠯᠡᠯ ᠢ ᠨᠡᠶᠢᠳᠡ 1.12 ᠲᠦᠮᠡᠨ ᠬᠤᠪᠢ ᠣᠯᠭᠤᠵᠤ᠂ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠢ | ᠬᠠᠪᠰᠤᠷᠤᠨ ᠭᠠᠳᠠᠭᠠᠳᠤ ᠠᠴᠠ ᠣᠷᠣᠭᠤᠯᠬᠤ ᠤᠯᠤᠰ ᠤᠨ ᠪᠣᠭᠤᠮᠲᠠ ᠶᠢᠨ ᠭᠠᠶᠢᠯᠢ ᠶᠢᠨ 2378 ᠲᠦᠮᠡᠨ ᠳ᠋ᠣᠯᠯᠠᠷ ᠤᠨ | ᠬᠠᠷᠠᠭᠠᠯᠵᠠᠯ ᠢ ᠬᠦᠷᠲᠡᠭᠡᠪᠡ᠃ ᠢᠲᠡᠭᠡᠮᠵᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ | ᠪᠣᠭᠤᠮᠲᠠ ᠶᠢᠨ ᠣᠷᠣᠨ ᠳᠤ AEO ᠭᠡᠷᠡᠴᠢᠯᠡᠯ ᠤᠨ ᠠᠵᠤ ᠠᠬᠤᠶᠢᠯᠠᠯ ᠢ 1᠂ ᠧᠦ᠋ᠷᠣᠫᠠ ᠶᠢᠨ ᠬᠤᠯᠪᠣᠭᠠᠨ ᠤ ᠠᠯᠪᠠᠨ | ᠠᠴᠠ ᠳᠠᠩᠰᠠᠯᠠᠭᠤᠯᠤᠭᠰᠠᠨ ᠭᠠᠳᠠᠭᠠᠳᠤ ᠳᠤ ᠭᠠᠷᠭᠠᠬᠤ ᠢᠳᠡᠭᠡᠨ ᠤ ᠠᠵᠤ ᠠᠬᠤᠶᠢᠯᠠᠯ 1 ᠶᠢ ᠰᠢᠨ᠎ᠡ ᠪᠠᠷ ᠨᠡᠮᠡᠭᠳᠡᠭᠦᠯᠵᠦ᠂ | ᠣᠳᠣ ᠪᠠᠶᠢᠭ᠎ᠠ 21 AEO ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠤᠭ᠎ᠠ ᠪᠣᠯᠤᠨ ᠭᠠᠶᠢᠯᠢ ᠲᠤᠰᠢᠶᠠᠭᠰᠠᠨ | ᠲᠤᠭ᠎ᠠ ᠨᠢ ᠪᠣᠭᠤᠮᠲᠠ ᠶᠢᠨ ᠣᠷᠣᠨ ᠤ ᠶᠡᠷᠦᠩᠬᠡᠶ ᠬᠡᠮᠵᠢᠶ᠎ᠡ ᠶᠢᠨ ᠪᠠᠷᠤᠭ 40% ᠶᠢ ᠡᠵᠡᠯᠡᠪᠡ᠃ | ᠲᠠᠪᠤ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ | ᠳᠤ ᠬᠦᠴᠦᠨ ᠨᠡᠮᠡᠷᠢᠯᠡᠬᠦ | ᠠᠷᠭ᠎ᠠ ᠬᠡᠮᠵᠢᠶ᠎ᠡ ᠲᠣᠭᠲᠠᠭᠠᠵᠤ ᠪᠣᠬᠢᠷᠲᠤᠯ ᠥᠬᠡᠶ ᠮᠠᠯ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ | ᠶᠢ ᠦᠷᠭᠦᠯᠵᠢᠯᠡᠨ ᠥᠷᠭᠡᠳᠬᠡᠬᠦ ᠳᠤ ᠬᠦᠴᠦᠨ ᠨᠡᠮᠡᠷᠢᠯᠡᠪᠡ᠃ ᠡᠷᠢᠶᠡᠨ ᠬᠤᠲᠠ ᠶᠢᠨ ᠪᠣᠭᠤᠮᠲᠠ ᠶᠢᠨ ᠲᠠᠷᠢᠶᠠᠯᠠᠩ ᠤᠨ | ᠪᠦᠲᠦᠭᠡᠭᠳᠡᠬᠦᠨ ᠤ ᠪᠣᠭᠤᠮᠲᠠ ᠪᠠᠷ ᠲᠦᠷᠭᠡᠨ ᠥᠩᠭᠡᠷᠡᠬᠦ ᠰᠠᠭᠠᠳ ᠥᠬᠡᠶ ᠨᠡᠪᠲᠡᠷᠡᠬᠦ ᠵᠠᠮ ᠢ ᠬᠦᠴᠦᠲᠡᠶ ᠪᠠᠲᠤᠯᠠᠵᠤ᠂ ᠰᠢᠨ᠎ᠡ | ᠰᠣᠷᠭᠤᠭ ᠵᠢᠮᠢᠰ ᠢᠳᠡᠰᠢᠨ ᠨᠣᠭᠤᠭ᠎ᠠ ᠶᠢ ᠮᠣᠩᠭᠤᠯ ᠣᠷᠣᠰ ᠲᠤ ᠭᠠᠷᠭᠠᠬᠤ ᠶᠢ ᠠᠬᠢᠭᠤᠯᠵᠤ᠂ ᠬᠢᠵᠢᠭ ᠤᠨ ᠪᠠᠶᠢᠳᠠᠯ ᠤᠨ | ᠬᠤᠭᠤᠴᠠᠭᠠᠨ ᠳᠠᠬᠢ ︽ᠭᠤᠷᠪᠠᠨ ᠲᠡᠷᠢᠭᠦᠨ ᠬᠤᠶᠠᠷ ᠪᠣᠯᠵᠣᠬᠤ︾ ᠶᠢ ᠳᠡᠮᠵᠢᠬᠦ ᠠᠷᠭ᠎ᠠ ᠬᠡᠮᠵᠢᠶ᠎ᠡ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠪᠥᠬᠦ ᠵᠢᠯ ᠳᠤ ᠡᠷᠢᠶᠡᠨ ᠬᠤᠲᠠ ᠶᠢᠨ ᠪᠣᠭᠤᠮᠲᠠ ᠪᠠᠷ ᠳᠡᠮᠵᠢᠨ 9.7 ᠲᠦᠮᠡᠨ ᠲᠣᠨ ᠵᠢᠮᠢᠰ | ᠢᠳᠡᠰᠢᠨ ᠨᠣᠭᠤᠭ᠎ᠠ ᠭᠠᠷᠭᠠᠵᠤ᠂ ᠪᠠᠷᠠᠭᠠᠨ ᠤ ᠥᠷᠲᠡᠭ ᠨᠢ 1.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 5.74%᠂ 12.44% ᠪᠠᠷ ᠨᠡᠮᠡᠭᠳᠡᠪᠡ᠃ ᠪᠠᠶᠠᠨᠨᠠᠭᠤᠷ ᠬᠤᠲᠠ ᠶᠢᠨ ︽ | ᠲᠩᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢ ᠡᠭᠦᠳᠬᠦ ᠶᠢ ᠢᠳᠡᠪᠬᠢᠲᠡᠶ ᠳᠡᠮᠵᠢᠪᠡ᠃ ᠨᠠᠷᠠᠲᠤ | ᠲᠡᠮᠳᠡᠭᠲᠦ ᠶᠢ ᠦᠨᠡᠯᠡᠬᠦ ᠵᠢᠴᠢ ᠪᠣᠶᠢᠵᠢᠭᠤᠯᠬᠤ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ 2020 ᠣᠨ ᠳᠤ | ᠲᠣᠰ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠨᠢ 38.5 ᠳ᠋ᠦᠩᠰᠢᠭᠤᠷ ᠲᠥᠭᠦᠷᠢᠭ ᠲᠤ | ᠬᠦᠷᠴᠦ ︵ᠭᠤᠤᠯᠳᠠᠭᠤ ᠨᠡᠷᠡᠨ ᠬᠤᠸᠠᠷ ᠤᠨ ᠦᠷ᠎ᠡ ᠪᠠ ᠯᠠᠩᠭᠤᠸᠠ ᠶᠢᠨ ᠦᠷ᠎ᠡ᠂ ᠤᠰᠤ ᠥᠬᠡᠶᠢᠳᠡᠭᠦᠯᠦᠭᠰᠡᠨ ᠢᠳᠡᠰᠢᠨ | ᠨᠣᠭᠤᠭ᠎ᠠ᠂ ᠲᠥᠪᠡᠳ ᠬᠠᠰᠢ ᠶᠢᠨ ᠪᠦᠲᠦᠭᠡᠭᠳᠡᠬᠦᠨ ᠵᠡᠷᠭᠡ ᠪᠣᠯᠤᠨ᠎ᠠ︶᠂ ᠠᠳᠠᠯᠢ ᠬᠤᠭᠤᠴᠠᠭᠠᠨ ᠤ ᠬᠢ ᠠᠴᠠ 7.9% | ᠪᠠᠷ ᠨᠡᠮᠡᠭᠳᠡᠪᠡ᠃ | ᠡᠯ᠎ᠡ ᠵᠦᠢᠯ ᠤᠨ ᠭᠠᠶᠢᠯᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ | ᠳᠤ ᠬᠦᠴᠦᠨ ᠨᠡᠮᠡᠷᠢᠯᠡᠪᠡ᠃ ᠪᠥᠬᠦ ᠵᠢᠯ ᠳᠤ ᠡᠯ᠎ᠡ ᠲᠥᠷᠥᠯ ᠤᠨ ᠭᠠᠶᠢᠯᠢ ᠬᠠᠰᠤᠵᠤ ᠭᠡᠯᠳᠦᠷᠢᠭᠦᠯᠦᠭᠰᠡᠨ ᠭᠡᠷᠡᠴᠢ ᠪᠠᠷᠢᠮᠲᠠ | ᠶᠢ 2633 ᠬᠤᠪᠢ ᠭᠦᠶᠴᠡᠳᠬᠡᠵᠦ᠂ ᠬᠢᠨᠠᠨ ᠵᠥᠪᠰᠢᠶᠡᠷᠡᠭᠰᠡᠨ ᠪᠠᠷᠠᠭᠠᠨ ᠤ ᠥᠷᠲᠡᠭ ᠨᠢ 2.97 ᠳ᠋ᠦᠩᠰᠢᠭᠤᠷ ᠳ᠋ᠣᠯᠯᠠᠷ | ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠨ᠂ ᠭᠠᠶᠢᠯᠢ ᠶᠢᠨ ᠵᠣᠭᠤᠰ ᠢ 2.54 | ᠳ᠋ᠦᠩᠰᠢᠭᠤᠷ ᠲᠥᠭᠦᠷᠢᠭ ᠬᠠᠰᠤᠵᠤ ᠭᠡᠯᠳᠦᠷᠢᠭᠦᠯᠵᠦ᠂ ᠠᠳᠠᠯᠢ ᠬᠤᠭᠤᠴᠠᠭᠠᠨ ᠤ ᠬᠢ ᠠᠴᠠ 14.41% ᠪᠠᠷ ᠨᠡᠮᠡᠭᠳᠡᠪᠡ᠃ | ᠪᠣᠭᠤᠮᠲᠠ ᠶᠢᠨ ᠣᠷᠣᠨ ᠤ ᠠᠮᠧᠷᠢᠺᠡ ᠠᠴᠠ ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠬᠤ ᠲᠠᠸᠠᠷ ᠤᠨ ᠭᠠᠶᠢᠯᠢ ᠨᠡᠮᠡᠵᠦ | ᠥᠯᠥ ᠲᠠᠲᠠᠪᠤᠷᠢᠯᠠᠬᠤ ᠨᠠᠷᠢᠨ ᠬᠠᠭᠤᠳᠠᠰᠤ ᠶᠢᠨ ᠭᠠᠶᠢᠯᠢ ᠪᠤᠴᠠᠭᠠᠬᠤ ᠠᠵᠢᠯ ᠢ ᠢᠳᠡᠪᠬᠢᠲᠡᠶ ᠠᠬᠢᠭᠤᠯᠵᠤ᠂ 207.49 | ᠲᠦᠮᠡᠨ ᠲᠥᠭᠦᠷᠢᠭ ᠤᠨ ᠭᠠᠶᠢᠯᠢ ᠪᠤᠴᠠᠭᠠᠬᠤ ᠶᠢ ᠭᠦᠶᠴᠡᠳᠬᠡᠪᠡ᠃ | ᠵᠢᠷᠭᠤᠭ᠎ᠠ᠂ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ | ᠪᠣᠭᠤᠮᠲᠠ ᠶᠢᠨ ᠬᠢᠵᠢᠭ ᠪᠠᠶᠢᠴᠠᠭᠠᠬᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠪᠠ᠃ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢ | ᠨᠠᠷᠢᠨ ᠬᠢᠨᠠᠮᠠᠭᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ | ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠥᠨᠳᠥᠷ | ᠪᠦᠲᠦᠮᠵᠢᠲᠡᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ | ᠨᠠᠷᠢᠯᠢᠭ ᠠᠳᠬᠤᠵᠤ᠂ ᠬᠠᠭᠤᠷᠠᠢ ᠵᠠᠮ ᠪᠠ ᠠᠭᠠᠷ ᠤᠨ ᠠᠶᠠᠯᠠᠯ ᠬᠤᠶᠠᠷ ᠵᠠᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠪᠣᠭᠤᠮᠲᠠ ᠶᠢᠨ ᠠᠮᠢᠲᠠᠨ ᠤᠷᠭᠤᠮᠠᠯ ᠤᠨ ᠬᠢᠵᠢᠭ | ᠪᠠᠶᠢᠴᠠᠭᠠᠵᠤ ᠰᠡᠷᠭᠡᠶᠢᠯᠡᠬᠦ ᠱᠤᠭᠤᠮ ᠢ ᠡᠷᠡᠰ ᠪᠠᠲᠤ ᠪᠠᠬᠢᠵᠢᠭᠦᠯᠵᠦ᠂ ︽ᠬᠢᠯᠢ ᠶᠢᠨ ᠭᠠᠳᠠᠨᠠᠬᠢ ᠬᠢᠵᠢᠭ ᠥᠬᠡᠶ ᠣᠷᠣᠨ ᠢ | ᠣᠷᠣᠨ ᠪᠦᠰᠡᠵᠢᠭᠦᠯᠬᠦ + ᠠᠮᠢᠳᠤ ᠪᠣᠳᠠᠰ ᠤᠨ ᠠᠶᠤᠯᠭᠦᠢ ᠨᠡᠪᠲᠡᠷᠡᠬᠦ ᠵᠠᠮ + ᠬᠢᠯᠢ ᠶᠢᠨ ᠪᠣᠭᠤᠮᠲᠠ ᠶᠢ ᠵᠢᠭᠠᠨ | ᠲᠣᠭᠲᠠᠭᠠᠵᠤ ᠡᠳ᠋ᠰᠢᠭᠦᠯᠬᠦ︾ ᠬᠠᠭᠤᠷᠠᠶ ᠵᠠᠮ ᠢᠶᠠᠷ ᠬᠢᠯᠢ ᠳᠤ ᠣᠷᠣᠭᠤᠯᠬᠤ ᠠᠮᠢᠲᠠᠨ ᠤᠷᠭᠤᠮᠠᠯ ᠤᠨ ᠪᠥᠬᠦ ᠬᠡᠯᠬᠢᠶᠡᠨ ᠤ | ᠬᠢᠵᠢᠭ ᠪᠠᠶᠢᠴᠠᠭᠠᠵᠤ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ ᠪᠠᠳᠠᠷᠠᠭᠤᠯᠵᠤ᠂ ᠪᠣᠭᠤᠮᠲᠠ ᠶᠢᠨ ᠠᠮᠢᠲᠠᠨ ᠤᠷᠭᠤᠮᠠᠯ ᠤᠨ | ᠬᠦᠨᠳᠦ ᠶᠡᠭᠡ ᠬᠢᠵᠢᠭ ᠤᠨ ᠪᠠᠶᠢᠳᠠᠯ ᠢ ᠣᠷᠤᠭᠤᠯᠬᠤ ᠪᠠ ᠭᠠᠳᠠᠭᠰᠢ ᠭᠠᠷᠬᠤ ᠶᠢ ᠪᠥᠬᠦ ᠬᠦᠴᠦᠨ ᠢᠶᠠᠷ ᠰᠡᠷᠭᠡᠶᠢᠯᠡᠨ | ᠬᠤᠷᠢᠭᠯᠠᠪᠠ᠃ | ᠨᠢᠭᠤᠴᠠ ᠪᠠᠷ ᠠᠷᠠᠯᠵᠢᠶᠠᠯᠠᠬᠤ ᠳᠤ ᠴᠢᠩᠭ᠎ᠠ ᠴᠣᠬᠢᠯᠲᠠ ᠥᠭᠬᠦ ᠪᠠᠶᠢᠳᠠᠯ ᠢ ᠢᠮᠠᠭᠲᠠ ᠪᠠᠲᠤᠯᠠᠪᠠ᠃ ᠪᠥᠬᠦ ᠵᠢᠯ ᠳᠤ | 24 ᠡᠷᠡᠭᠦᠦ ᠶᠢᠨ ᠬᠡᠷᠡᠭ ᠢ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠵᠤ᠂ 80 ᠵᠠᠰᠠᠭ ᠵᠠᠬᠢᠷᠭᠠᠨ ᠤ ᠬᠡᠷᠡᠭ ᠢ | ᠪᠠᠶᠢᠴᠠᠭᠠᠨ ᠰᠢᠶᠳᠪᠦᠷᠢᠯᠡᠵᠦ᠂ 463.08 ᠲᠦᠮᠡᠨ ᠲᠥᠭᠦᠷᠢᠭ ᠤᠨ ᠭᠠᠶᠢᠯᠢ ᠠᠴᠠ ᠵᠠᠶᠢᠯᠠᠭᠰᠠᠨ ᠰᠡᠵᠢᠭᠯᠡᠯᠲᠡᠶ ᠪᠠᠶᠢᠨ᠎ᠠ᠃ | ᠨᠢᠭᠤᠴᠠ ᠪᠠᠷ ᠠᠷᠠᠯᠵᠢᠶᠠᠯᠠᠭᠰᠠᠨ ᠬᠢᠵᠢᠭᠲᠦ ᠣᠷᠣᠨ ᠤ ᠬᠥᠯᠳᠡᠭᠦᠦ ᠪᠣᠳᠠᠰ ᠤᠨ ᠬᠡᠷᠡᠭ ᠢ 2 ᠤᠳᠠᠭ᠎ᠠ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ︵ᠶᠠᠰᠤᠨ ᠤ ᠬᠠᠶᠠᠭᠳᠠᠮᠠᠯ ᠮᠠᠲ᠋ᠧᠷᠢᠶᠠᠯ︶ ᠤᠨ ᠬᠡᠷᠡᠭ ᠢ 1 ᠤᠳᠠᠭ᠎ᠠ᠂ ᠭᠠᠳᠠᠭᠠᠳᠤ ᠣᠷᠤᠭᠤᠯᠤᠯᠲᠠ | ᠭᠠᠷᠭᠠᠯᠲᠠ ᠶᠢᠨ ᠡᠳ᠋ ᠪᠠᠷᠠᠭ᠎ᠠ ᠶᠢ ᠴᠠᠭᠠᠵᠠᠯᠠᠭᠰᠠᠨ ᠬᠡᠷᠡᠭ ᠢ 2 ᠤᠳᠠᠭ᠎ᠠ ᠢᠯᠡᠷᠡᠭᠦᠯᠪᠡ︔ ᠰᠤᠮᠤ ᠳᠠᠷᠢ ᠶᠢ ᠨᠢᠭᠤᠴᠠ ᠪᠠᠷ | ᠠᠷᠠᠯᠵᠢᠶᠠᠯᠠᠭᠰᠠᠨ ᠬᠡᠷᠡᠭ ᠢ 2 ᠤᠳᠠᠭ᠎ᠠ᠂ ᠬᠤᠤᠷᠲᠤ ᠡᠳ᠋ ᠢ ᠭᠤᠪᠢᠭᠤᠯᠵᠤ ᠬᠢᠯᠢ ᠪᠠᠷ ᠣᠷᠣᠭᠤᠯᠤᠭᠰᠠᠨ ᠬᠡᠷᠡᠭ ᠢ 14 | ᠤᠳᠠᠭ᠎ᠠ ᠢᠯᠡᠷᠡᠭᠦᠯᠪᠡ᠃ | 2020 ᠣᠨ ᠤ ᠬᠥᠬᠡᠬᠤᠲᠠ ᠶᠢᠨ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ | ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ᠄ 2020 ᠣᠨ ᠤ ᠥᠪᠡᠷᠲᠡᠭᠡᠨ | ᠵᠠᠰᠠᠬᠤ ᠣᠷᠣᠨ ᠤ ᠭᠤᠤᠯ ᠪᠣᠯᠬᠤ ᠠᠷᠠᠯᠵᠢᠶᠠᠨ ᠤ ᠬᠠᠨᠢᠲᠠᠨ ᠮᠣᠩᠭᠤᠯ᠂ ᠣᠷᠣᠰ ᠤᠨ ᠭᠠᠳᠠᠭᠠᠳᠤ ᠠᠷᠠᠯᠵᠢᠶᠠᠨ ᠤ ᠪᠠᠶᠢᠳᠠᠯ | ᠵᠢᠴᠢ 2021 ᠣᠨ ᠳᠤ ᠲᠤᠯᠭᠠᠷᠠᠬᠤ ᠮᠡᠳᠡᠬᠦ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠵᠢᠶᠤᠤ ᡁᠢ ᠵᠢᠶᠦ᠋ᠨ᠄ ᠮᠠᠨ ᠤ ᠣᠷᠣᠨ ᠨᠢ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠪᠣᠯᠤᠭᠰᠠᠨ ᠤ | ᠬᠤᠪᠢ ᠳᠤ᠂ ᠭᠠᠵᠠᠷ ᠣᠷᠣᠨ ᠤ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠪᠠᠶᠢᠵᠤ᠂ ᠮᠣᠩᠭᠤᠯ᠂ ᠣᠷᠣᠰ ᠪᠣᠯ ᠮᠠᠨ ᠤ | ᠣᠷᠣᠨ ᠤ ᠭᠠᠳᠠᠭᠠᠳᠤ ᠠᠷᠠᠯᠵᠢᠶᠠᠨ ᠤ ᠭᠤᠤᠯ ᠪᠣᠯᠬᠤ ᠠᠷᠠᠯᠵᠢᠶᠠᠨ ᠤ ᠬᠠᠨᠢᠲᠠᠨ ᠤᠯᠤᠰ ᠪᠣᠯᠤᠭᠰᠠᠭᠠᠷ ᠢᠷᠡᠵᠡᠶ᠂ 2020 | ᠣᠨ ᠳᠤ ᠬᠢᠵᠢᠭ ᠤᠨ ᠪᠠᠶᠢᠳᠠᠯ ᠪᠣᠯᠤᠨ ᠭᠠᠳᠠᠭᠠᠳᠤ ᠠᠷᠠᠯᠵᠢᠶᠠᠨ ᠤ ᠪᠠᠶᠢᠳᠠᠯ ᠬᠦᠨᠳᠦ ᠨᠣᠴᠢᠲᠠᠶ ᠵᠡᠷᠭᠡ ᠬᠦᠴᠦᠨ ᠵᠦᠶᠯ | ᠤᠨ ᠨᠥᠯᠥᠭᠡ ᠠᠴᠠ ᠪᠣᠯᠵᠣ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠤᠯᠤᠰ ᠲᠠᠬᠢ ᠭᠠᠳᠠᠭᠠᠳᠤ ᠣᠷᠣᠭᠤᠯᠤᠯᠲᠠ | ᠭᠠᠷᠭᠠᠯᠲᠠ ᠨᠢ 276.5 ᠳ᠋ᠦᠩᠰᠢᠭᠤᠷ ᠲᠥᠭᠦᠷᠢᠭ ᠲᠤ ᠬᠦᠷᠴᠦ᠂ 21.6% ᠪᠠᠷ ᠪᠠᠭᠤᠷᠠᠪᠠ︔ ᠣᠷᠣᠰ ᠯᠤᠭ᠎ᠠ ᠶᠢᠨ | ᠭᠠᠳᠠᠭᠠᠳᠤ ᠣᠷᠣᠭᠤᠯᠤᠯᠲᠠ ᠭᠠᠷᠭᠠᠯᠲᠠ ᠨᠢ 175.5 ᠳ᠋ᠦᠩᠰᠢᠭᠤᠷ ᠲᠥᠭᠦᠷᠢᠭ ᠲᠤ ᠬᠦᠷᠴᠦ᠂ 5.4% ᠪᠠᠷ ᠪᠠᠭᠤᠷᠠᠪᠠ︔ | ᠮᠣᠩᠭᠤᠯ ᠣᠷᠣᠰ ᠯᠤᠭ᠎ᠠ ᠶᠢᠨ ᠠᠷᠠᠯᠵᠢᠶ᠎ᠠ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠶᠡᠷᠦᠩᠬᠡᠶ ᠥᠷᠲᠡᠭ ᠤᠨ 43. | 3% ᠶᠢ ᠡᠵᠡᠯᠡᠪᠡ᠃ ᠡᠭᠦᠨ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯ ᠮᠠᠨ ᠤ ᠣᠷᠣᠨ ᠤ ᠮᠣᠩᠭᠤᠯ᠂ | ᠣᠷᠣᠰ ᠯᠤᠭ᠎ᠠ ᠶᠢᠨ ᠠᠷᠠᠯᠵᠢᠶᠠᠨ ᠤ ᠭᠤᠤᠯ ᠬᠦᠴᠦᠨ ᠮᠥᠨ᠂ ᠮᠣᠩᠭᠤᠯ ᠣᠷᠣᠰ ᠯᠤᠭ᠎ᠠ ᠶᠢᠨ ᠠᠷᠠᠯᠵᠢᠶᠠᠨ ᠤ 92% ᠢ | ᠡᠵᠡᠯᠡᠵᠦ ᠪᠣᠢ︔ ᠠᠷᠠᠯᠵᠢᠶᠠᠨ ᠤ ᠠᠷᠭ᠎ᠠ ᠮᠠᠶ᠋ᠢᠭ ᠨᠢ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶ᠎ᠠ ᠪᠠ ᠡᠩ ᠤᠨ ᠠᠷᠠᠯᠵᠢᠶ᠎ᠠ | ᠪᠠᠷ ᠭᠤᠤᠯᠯᠠᠵᠤ᠂ ᠬᠤᠶᠠᠭᠤᠯᠠ ᠪᠠᠨ 80.3% ᠶᠢ ᠡᠵᠡᠯᠡᠨ᠎ᠡ᠃ ᠭᠠᠳᠠᠭᠠᠳᠤ ᠠᠴᠠ ᠣᠷᠣᠭᠤᠯᠬᠤ ᠲᠠᠸᠠᠷ ᠪᠣᠯ | ᠭᠤᠣᠯᠳᠠᠭᠤ ᠨᠡᠭᠦᠷᠡᠰᠦ᠂ ᠵᠡᠰ ᠤᠨ ᠬᠦᠳᠡᠷ᠂ ᠮᠣᠳᠣᠨ ᠮᠠᠲ᠋ᠧᠷᠢᠶᠠᠯ ᠵᠡᠷᠭᠡ ᠲᠠᠸᠠᠷ ᠪᠣᠯᠤᠨ᠎ᠠ︔ ᠭᠠᠳᠠᠭᠠᠳᠤ ᠳᠤ ᠭᠠᠷᠭᠠᠬᠤ | ᠨᠢ ᠭᠤᠣᠯᠳᠠᠭᠤ ᠲᠠᠷᠢᠶᠠᠯᠠᠩ ᠤᠨ ᠪᠦᠲᠦᠭᠡᠭᠳᠡᠬᠦᠨ᠂ ᠪᠤᠯᠤᠳ ᠮᠠᠲ᠋ᠧᠷᠢᠶᠠᠯ᠂ ᠬᠤᠪᠴᠠᠰᠤ ᠬᠤᠨᠠᠷ ᠵᠡᠷᠭᠡ ᠲᠠᠸᠠᠷ ᠪᠣᠯᠤᠨ᠎ᠠ᠃ | ᠪᠥᠬᠦ ᠪᠥᠮᠪᠥᠷᠴᠡᠭ ᠤᠨ ᠠᠵᠤ ᠠᠬᠤᠶ ᠤᠷᠤᠭᠤᠳᠠᠵᠤ᠂ ᠭᠠᠳᠠᠭᠠᠳᠤ ᠠᠷᠠᠯᠵᠢᠶᠠᠨ ᠤ ᠪᠠᠶᠢᠳᠠᠯ ᠬᠦᠨᠳᠦ ᠨᠣᠴᠢᠲᠠᠶ | ᠨᠥᠯᠥᠭᠡᠯᠡᠭᠳᠡᠵᠦ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠣᠭᠲᠠᠪᠤᠷᠢ | ᠥᠬᠡᠶ ᠴᠢᠨᠠᠷ ᠠᠴᠠ ᠪᠣᠯᠵᠣ᠂ 2021 ᠣᠨ ᠳᠤ ᠮᠠᠨ ᠤ ᠣᠷᠣᠨ ᠤ ᠮᠣᠩᠭᠤᠯ ᠣᠷᠣᠰ ᠯᠤᠭ᠎ᠠ ᠶᠢᠨ ᠠᠷᠠᠯᠵᠢᠶ᠎ᠠ ᠮᠥᠨ ᠬᠦ | ᠨᠡᠯᠢᠶᠡᠳ ᠶᠡᠭᠡ ᠳᠠᠷᠤᠯᠲᠠ ᠳᠤ ᠲᠤᠯᠭᠠᠷᠠᠵᠤ ᠪᠠᠶᠢᠨ᠎ᠠ᠂ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠧᠦ᠋ᠷᠣᠫᠠ ᠶᠢᠨ | ᠡᠭᠡᠯᠵᠢ ᠶᠢᠨ ᠭᠠᠯᠲᠤ ᠲᠡᠷᠭᠡ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ 2021 ᠣᠨ ᠳᠤ ᠮᠠᠨ ᠤ ᠣᠷᠣᠨ ᠤ | ᠮᠣᠩᠭᠤᠯ᠂ ᠣᠷᠣᠰ ᠯᠤᠭ᠎ᠠ ᠶᠢᠨ ᠭᠠᠳᠠᠭᠠᠳᠤ ᠠᠷᠠᠯᠵᠢᠶ᠎ᠠ ᠨᠡᠮᠡᠭᠳᠡᠬᠦ ᠪᠣᠯᠤᠮᠵᠢ ᠲᠠᠢ ᠪᠠᠶᠢᠨ᠎ᠠ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠬᠥᠬᠡᠬᠤᠲᠠ ᠪᠣᠭᠤᠮᠲᠠ ᠶᠢᠨ ︽ᠨᠢᠭᠡ | ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠠᠷᠭ᠎ᠠ ᠪᠠᠷ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠤᠨ ᠬᠢᠵᠢᠭ ᠤᠨ ᠨᠥᠯᠥᠭᠡ ᠶᠢ ᠠᠷᠭᠠᠴᠠᠭᠠᠬᠤ ᠶᠢ ᠳᠡᠮᠵᠢᠵᠦ᠂ ᠭᠠᠳᠠᠭᠠᠳᠤ ᠠᠷᠠᠯᠵᠢᠶᠠᠨ ᠤ ᠬᠥᠭᠵᠢᠯᠲᠡ ᠳᠤ | ᠬᠦᠴᠦᠨ ᠨᠡᠮᠡᠷᠢᠯᠡᠭᠰᠡᠨ ᠦᠷ᠎ᠡ ᠪᠦᠲᠦᠮᠵᠢ ᠨᠢ ᠶᠠᠮᠠᠷ ᠵᠡᠷᠭᠡ ᠪᠣᠶ︖ | ᠯᠢᠦ ᠮᠢᠩ ᠴᠢ᠄ ᠰᠤᠷᠪᠤᠯᠵᠢᠯᠠᠭᠴᠢ ᠶᠢᠨ ᠠᠰᠠᠭᠤᠭᠰᠠᠨ ᠳᠤ ᠪᠠᠶᠠᠷᠯᠠᠯ᠎ᠠ᠂ ᠡᠨᠡ ᠠᠰᠠᠭᠤᠯᠲᠠ ᠶᠢ ᠪᠢ ᠬᠠᠷᠢᠭᠤᠯᠤᠶ᠎ᠠ᠃ | | ᠮᠠᠨ ᠤ ᠣᠷᠣᠨ ᠤ ᠪᠣᠭᠤᠮᠲᠠ ᠨᠢ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠣᠭᠤᠮᠲᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ | ᠤᠨ ᠠᠭᠤᠯᠵᠠᠷ ᠤᠨ ᠬᠦᠶᠰᠦ ᠪᠣᠯᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠬᠢᠵᠢᠭ ᠤᠨ ᠪᠠᠶᠢᠳᠠᠯ ᠤᠨ ᠨᠥᠯᠥᠭᠡ ᠶᠢ | ᠢᠯᠡᠨ ᠳᠠᠪᠠᠵᠤ᠂ ᠡᠭᠦᠷᠭᠡ ᠴᠢᠳᠠᠪᠬᠢ ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠤᠨ᠂ ᠪᠣᠭᠤᠮᠲᠠ ᠪᠠᠷ ᠥᠩᠭᠡᠷᠡᠬᠦ ᠠᠵᠢᠯ | ᠤᠨ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠣᠭᠲᠠᠭᠠᠯ ᠳᠤ | ᠨᠡᠶᠢᠴᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠦᠶᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠪᠠᠶᠢᠬᠤ ᠶᠢ ᠪᠠᠲᠤᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠡᠷᠭᠢᠯᠲᠡ ᠶᠢ ᠰᠠᠭᠠᠳ ᠥᠬᠡᠶ | ᠨᠡᠪᠲᠡᠷᠡᠭᠦᠯᠦᠨ᠂ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠨᠡᠯᠢᠶᠡᠳ ᠰᠠᠶᠢᠨ ᠦᠷ᠎ᠡ ᠪᠦᠲᠦᠮᠵᠢ ᠤᠯᠬᠤ ᠳᠤ ᠬᠦᠴᠦᠨ | ᠨᠡᠮᠡᠷᠢᠯᠡᠪᠡ᠃ ᠡᠭᠦᠨ ᠳᠤ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠪᠣᠯ ᠨᠢᠭᠡᠨ | ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠰᠠᠶ᠋ᠢ ᠶᠢᠨ ᠳᠡᠳ᠋ ᠪᠣᠭᠤᠮᠲᠠ ᠶᠢᠨ ᠳᠠᠷᠤᠭ᠎ᠠ ᠸᠠᠩ ᠵᠢᠩ ᠠᠴᠠ ᠬᠠᠮᠢᠶ᠎ᠠ ᠪᠦᠬᠦᠢ | ᠦᠨᠳᠦᠰᠦᠨ ᠪᠠᠶᠢᠳᠠᠯ ᠢ ᠨᠢᠭᠡᠨᠲᠡ ᠲᠠᠨᠢᠯᠴᠠᠭᠤᠯᠪᠠ᠂ ᠡᠭᠦᠨ ᠳᠤ ᠶᠡᠷᠦᠩᠬᠡᠢ ᠪᠣᠭᠤᠮᠲᠠ ᠪᠣᠯᠤᠨ ᠬᠠᠷᠢᠶ᠎ᠠ ᠪᠣᠭᠤᠮᠲᠠ ᠬᠤᠶᠠᠷ | ᠱᠠᠲᠤᠨ ᠤ ᠨᠠᠮ ᠤᠨ ᠬᠤᠷᠢᠶᠠᠨ ᠤ ᠭᠡᠰᠢᠭᠦᠨ ᠤ ᠲᠦᠷᠦᠭᠦᠯᠡᠨ ᠬᠠᠷᠢᠯᠴᠠᠬᠤ ᠠᠵᠤ ᠠᠬᠤᠶᠢᠯᠠᠯ ᠤᠨ ᠵᠣᠬᠢᠴᠠᠭᠤᠯᠤᠭᠴᠢ ᠶᠢᠨ | ᠲᠣᠭᠲᠠᠴᠠ ᠶᠢ ᠪᠣᠳᠠᠲᠠᠢ ᠪᠠᠷ ᠪᠠᠶᠢᠭᠤᠯᠪᠠ︔ ᠭᠤᠤᠯᠳᠠᠯᠭ᠎ᠠ ᠲᠠᠢ ᠠᠵᠤ ᠠᠬᠤᠶᠢᠯᠠᠯ ᠳᠤ ︽ᠨᠢᠭᠡ ᠠᠵᠤ ᠠᠬᠤᠶᠢᠯᠠᠯ ᠳᠤ | ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠶᠢᠨ ᠬᠠᠮᠲᠤ ᠡᠬᠡ ᠲᠠᠩᠰᠠ ᠪᠠᠶᠢᠭᠤᠯᠵᠤ᠂ ᠠᠵᠤ ᠠᠬᠤᠶᠢᠯᠠᠯ ᠤᠨ ᠲᠤᠰᠬᠠᠯ | ᠴᠢᠩᠭ᠎ᠠ ᠪᠠᠶᠢᠭ᠎ᠠ ᠡᠮᠵᠡᠭ ᠭᠠᠵᠠᠷ᠂ ᠬᠦᠴᠢᠷ ᠭᠠᠵᠠᠷ᠂ ᠲᠦᠭᠵᠢᠷᠡᠯ ᠲᠠᠢ ᠭᠠᠵᠠᠷ ᠢ ᠣᠨᠣᠪᠴᠢᠲᠠᠶ ᠡᠷᠢᠵᠦ᠂ ᠨᠢᠳᠤᠨᠤᠨ ᠳᠤ᠂ | 112 ᠭᠤᠣᠯᠳᠠᠯᠭ᠎ᠠ ᠲᠠᠢ ᠠᠵᠤ ᠠᠬᠤᠶᠢᠯᠠᠯ ᠢ ︽ᠴᠡᠭ ᠬᠠᠷᠠᠭᠠᠯᠵᠠᠭᠤᠯᠤᠨ︾ ᠣᠨᠣᠪᠴᠢᠲᠠᠶ ᠪᠠᠷ ᠬᠠᠪᠰᠤᠷᠤᠨ ᠲᠡᠳᠬᠦᠪᠡ᠃ | ᠣᠳᠣᠬᠠᠨ ᠳᠤ ᠲᠣᠰ ᠲᠥᠷᠥ ᠶᠢᠨ ᠪᠣᠳᠣᠯᠭ᠎ᠠ ᠨᠢ ᠠᠵᠤ ᠠᠬᠤᠶᠢᠯᠠᠯ ᠤᠨ ᠬᠢᠵᠢᠭ ᠤᠨ ᠨᠥᠯᠥᠭᠡ ᠶᠢ ᠠᠷᠭᠠᠴᠠᠭᠠᠬᠤ᠂ | ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠲᠣᠭᠲᠠᠪᠤᠷᠢᠵᠢᠭᠤᠯᠬᠤ ᠳᠤ ᠨᠡᠯᠢᠶᠡᠳ ᠰᠠᠶᠢᠨ ᠦᠶᠯᠡᠳᠦᠯ ᠦᠵᠡᠭᠦᠯᠪᠡ᠃ | ᠡᠬᠢ ᠪᠠᠶᠠᠯᠢᠭ ᠤᠨ ᠲᠥᠷᠥᠯ ᠤᠨ ᠲᠠᠸᠠᠷ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠬᠦ ᠶᠢ ᠳᠡᠮᠵᠢᠵᠦ᠂ | ᠡᠴᠦᠰ ᠤᠨ ᠠᠵᠤ ᠦᠶᠯᠡᠰ ᠤᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ ᠲᠠᠯ᠎ᠠ ᠪᠠᠷ᠃ ᠠᠵᠤ ᠠᠬᠤᠶᠢᠯᠠᠯ ᠤᠨ | ᠦᠶᠯᠡᠳᠪᠦᠷᠢ ᠶᠢᠨ ᠲᠠᠰᠤᠭ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠶᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ | ᠰᠤᠳᠤᠯᠵᠤ᠂ ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ᠂ ᠪᠠᠷᠠᠭᠠᠨ ᠤ ᠭᠦᠶᠯᠭᠡᠭᠡ ᠶᠢᠨ ᠲᠡᠭᠡᠭᠡᠪᠦᠷᠢ᠂ ᠪᠠᠯᠠ | ᠮᠥᠩᠭᠦ ᠶᠢᠨ ᠡᠷᠭᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠣᠶᠢᠯᠠᠭᠠᠵᠤ᠂ ᠠᠵᠤ ᠠᠬᠤᠶᠢᠯᠠᠯ ᠳᠤ ᠣᠨᠴᠠᠯᠢᠭᠲᠤ | ᠬᠢᠨᠠᠯᠲᠠ ᠬᠠᠮᠢᠶᠠᠷᠤᠯᠲᠠ ᠶᠢᠨ ᠲᠥᠰᠦᠯ ᠢ ᠲᠣᠭᠲᠠᠭᠠᠵᠤ ᠥᠭᠭᠦᠪᠡ᠃ ᠵᠢᠱᠢᠶᠡᠯᠡᠪᠡᠯ ᠪᠤᠭᠤᠲᠤ ᠶᠢᠨ ᠬᠤᠸᠠ ᠳ᠋ᠢᠩ ᠵᠡᠰ ᠤᠨ | ᠦᠶᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠬᠦᠳᠡᠷ | ᠢᠶᠠᠷ ᠭᠤᠤᠯ ᠲᠦᠭᠦᠬᠡᠶ ᠮᠠᠲ᠋ᠧᠷᠢᠶᠠᠯ ᠪᠣᠯᠭᠠᠭᠰᠠᠨ ᠵᠡᠰ ᠬᠠᠶᠢᠯᠤᠭᠤᠯᠬᠤ ᠠᠵᠤ ᠠᠬᠤᠶᠢᠯᠠᠯ ᠪᠣᠯᠤᠨ᠎ᠠ᠃ ᠬᠢᠵᠢᠭ ᠤᠨ ᠪᠠᠶᠢᠳᠠᠯ | ᠭᠠᠷᠤᠭᠰᠠᠨ ᠤ ᠳᠠᠷᠠᠭ᠎ᠠ᠂ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠳᠤ ᠬᠦᠴᠢᠷᠳᠡᠯ | ᠲᠤᠯᠭᠠᠷᠠᠵᠤ᠂ ᠦᠶᠯᠡᠳᠪᠦᠷᠢᠯᠡᠬᠦ ᠪᠠᠨ ᠵᠣᠭᠰᠣᠪᠠᠯ᠂ ᠲᠣᠨᠤᠭ ᠲᠥᠬᠦᠭᠡᠷᠦᠮᠵᠢ ᠶᠢ ᠬᠠᠮᠠᠭᠠᠯᠠᠬᠤ᠂ ᠪᠡᠯᠡ ᠮᠥᠩᠭᠦ ᠶᠢ | ᠡᠷᠭᠢᠯᠳᠦᠭᠦᠯᠬᠦ᠂ ᠡᠴᠦᠰ ᠤᠨ ᠪᠣᠷᠣᠯᠠᠭᠤᠯᠭ᠎ᠠ ᠵᠡᠷᠭᠡ ᠡᠯ᠎ᠡ ᠲᠠᠯ᠎ᠠ ᠳᠤ ᠮᠠᠰᠢ ᠶᠡᠭᠡ ᠬᠤᠬᠢᠷᠠᠯ ᠭᠠᠷᠴᠤ᠂ ᠦᠶᠯᠡᠳᠪᠦᠷᠢᠯᠡᠬᠦ | ᠪᠠᠨ ᠵᠣᠭᠰᠣᠪᠠᠯ ᠨᠢᠭᠡ ᠤᠳᠠᠭ᠎ᠠ ᠳᠤ ᠭᠤᠷᠪᠠ ᠳᠥᠷᠪᠡᠨ ᠵᠠᠭᠤᠨ ᠲᠦᠮᠡᠨ ᠲᠥᠭᠦᠷᠢᠭ ᠤᠨ ᠬᠤᠬᠢᠷᠠᠯ ᠭᠠᠷᠬᠤ ᠪᠣᠯᠤᠨ᠎ᠠ᠃ | ᠠᠵᠤ ᠠᠬᠤᠶᠢᠯᠠᠯ ᠤᠨ ᠬᠦᠴᠢᠷᠳᠡᠯ ᠢ ᠣᠶᠢᠯᠠᠭᠠᠭᠰᠠᠨ ᠤ ᠳᠠᠷᠠᠭ᠎ᠠ᠂ ᠬᠥᠬᠡᠬᠤᠲᠠ ᠪᠣᠭᠤᠮᠲᠠ ᠳᠤ ᠬᠠᠷᠢᠶᠠᠯᠠᠭᠳᠠᠬᠤ ᠪᠤᠭᠤᠲᠤ | ᠶᠢᠨ ᠪᠣᠭᠤᠮᠲᠠ ᠳᠤ ᠪᠠᠶᠢᠴᠠᠭᠠᠨ ᠰᠢᠯᠭᠠᠬᠤ ᠭᠠᠪᠰᠢᠭᠠᠶ ᠠᠩᠭᠢ ᠪᠠᠶᠢᠭᠤᠯᠵᠤ᠂ ︽ᠴᠠᠭ ᠨᠡᠮᠡᠵᠦ ᠠᠵᠢᠯᠯᠠᠬᠤ ᠶᠢ ᠪᠣᠯᠵᠤᠵᠤ | ᠪᠠᠷᠢᠨ ᠳᠠᠷᠤᠶ ᠪᠠᠶᠢᠴᠠᠭᠠᠬᠤ︾ ᠲᠦᠷᠢᠮ ᠢ ᠬᠡᠷᠡᠭᠵᠢᠭᠦᠯᠵᠦ᠂ ᠲᠤᠬᠠᠶ ᠶᠢᠨ ᠲᠠᠯᠠᠪᠠᠶ ᠶᠢᠨ ᠲᠣᠭᠤᠰᠣ ᠶᠡᠭᠡ᠂ ᠱᠤᠤᠭᠢᠶᠠᠨ | ᠦᠨᠳᠦᠷ ᠵᠡᠷᠭᠡ ᠨᠠᠷᠢᠨ ᠪᠤᠳᠤᠯᠢᠶᠠᠨᠲᠠᠶ ᠠᠵᠢᠯᠯᠠᠬᠤ ᠣᠷᠴᠢᠨ ᠨᠥᠬᠦᠴᠡᠯ ᠢ ᠢᠯᠡᠨ ᠳᠠᠪᠠᠵᠤ᠂ ᠲᠦᠭᠦᠬᠡᠶ ᠮᠠᠲ᠋ᠧᠷᠢᠶᠠᠯ ᠢ ᠴᠠᠭ | ᠲᠤᠬᠠᠶ ᠳᠤ ᠨᠢ ᠪᠠᠶᠢᠴᠠᠭᠠᠬᠤ᠂ ᠥᠯᠢᠭᠡᠷ ᠡᠳ᠋ ᠢ ᠴᠠᠭ ᠲᠤᠬᠠᠶ ᠳᠤ ᠨᠢ ᠬᠦᠷᠭᠡᠬᠦ ᠪᠠ ᠪᠠᠶᠢᠴᠠᠭᠠᠬᠤ ᠶᠢ ᠪᠡᠶᠡᠯᠡᠭᠦᠯᠵᠦ᠂ | ᠪᠦᠯᠦᠭ ᠪᠦᠷᠢ ᠶᠢᠨ ᠡᠳ᠋ ᠪᠠᠷᠠᠭ᠎ᠠ ᠶᠢ ᠪᠠᠶᠢᠴᠠᠭᠠᠨ ᠰᠢᠯᠭᠠᠬᠤ ᠦᠶᠡᠯᠡᠯ ᠤᠨ ᠬᠤᠭᠤᠴᠠᠭ᠎ᠠ ᠶᠢ ᠨᠢᠭᠡ ᠭᠠᠷᠠᠭ ᠤᠨ ᠳᠣᠲᠣᠷ᠎ᠠ | ᠪᠣᠯᠭᠠᠨ ᠪᠣᠭᠤᠨᠢᠰᠬᠠᠵᠤ᠂ ᠵᠡᠰ ᠤᠨ ᠨᠠᠷᠢᠯᠢᠭ ᠬᠦᠳᠡᠷ ᠤᠨ ᠲᠦᠭᠦᠬᠡᠶ ᠮᠠᠲ᠋ᠧᠷᠢᠶᠠᠯ ᠢ ᠴᠠᠭ ᠲᠤᠬᠠᠶ ᠳᠤ ᠨᠢ ᠠᠰᠢᠭᠯᠠᠯᠲᠠ | ᠳᠤ ᠣᠷᠣᠭᠤᠯᠤᠨ ᠬᠡᠷᠡᠭᠯᠡᠬᠦ ᠶᠢ ᠪᠠᠲᠤᠯᠠᠪᠠ᠃ 2020 ᠣᠨ ᠳᠤ ᠲᠣᠰ ᠠᠵᠤ ᠠᠬᠤᠶᠢᠯᠠᠯ ᠤᠨ ᠭᠠᠳᠠᠭᠠᠳᠤ ᠠᠴᠠ | ᠣᠷᠣᠭᠤᠯᠤᠭᠰᠠᠨ ᠲᠦᠭᠦᠬᠡᠶ ᠮᠠᠲ᠋ᠧᠷᠢᠶᠠᠯ ᠢ 47.41 ᠲᠦᠮᠡᠨ ᠲᠣᠨ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ | 37.90% ᠪᠠᠷ ᠨᠡᠮᠡᠭᠳᠡᠪᠡ᠃ | ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠭᠠᠬᠤ ᠳᠤ ᠬᠦᠴᠦᠨ ᠨᠡᠮᠡᠷᠢᠯᠡᠬᠦ᠂ | ᠭᠠᠳᠠᠭᠠᠳᠤ ᠳᠠᠬᠢ ᠵᠠᠬ᠎ᠠ ᠳᠡᠯᠭᠡᠭᠦᠷ ᠢ ᠥᠷᠭᠡᠳᠬᠡᠬᠦ ᠲᠠᠯ᠎ᠠ ᠪᠠᠷ᠃ ᠮᠠᠨ ᠤ ᠣᠷᠣᠨ ᠤ ᠪᠤᠭᠤᠮᠲᠠ ᠨᠢ ᠰᠠᠨᠠᠭᠠᠴᠢᠯᠠᠭ᠎ᠠ ᠠᠴᠠ | ᠪᠠᠨ ᠠᠵᠢᠯᠯᠠᠵᠤ᠂ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠢᠳᠡᠪᠬᠢᠲᠡᠢ ᠴᠢᠩᠭᠠᠳᠬᠠᠵᠤ᠂ ᠠᠵᠤ | ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠢ ᠴᠠᠭ ᠲᠤᠬᠠᠢ ᠳᠤ ᠨᠢ ᠵᠣᠬᠢᠴᠠᠭᠤᠯᠤᠨ ᠰᠢᠢᠳᠪᠦᠷᠢᠯᠡᠵᠦ᠂ ᠥᠪᠡᠷᠲᠡᠭᠡᠨ | ᠵᠠᠰᠠᠬᠤ ᠣᠷᠣᠨ ᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠪᠡ᠃ | ᠵᠢᠱᠢᠶᠡᠯᠡᠪᠡᠯ᠂ ᠬᠥᠬᠡᠬᠤᠲᠠ ᠪᠣᠭᠤᠮᠲᠠ ᠳᠤ ᠬᠠᠷᠢᠶᠠᠯᠠᠭᠳᠠᠬᠤ ᠦᠬᠠᠶ ᠪᠣᠭᠤᠮᠲᠠ ᠶᠢᠨ ᠬᠢᠨ ᠨᠠᠮ ᠤᠨ ᠪᠠᠶᠢᠭᠤᠯᠤᠯᠲᠠ ᠶᠢᠨ | ᠳᠠᠶᠢᠴᠢᠯᠠᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠤᠯᠠᠭᠠᠨᠮᠥ᠋ᠴᠢᠷ ᠤᠨ ᠠᠶᠤᠯᠲᠠᠶ ᠬᠢᠮᠢ ᠶᠢᠨ ᠪᠣᠳᠠᠰ ᠤᠨ ᠬᠢᠨᠠᠯᠲᠠ | ᠬᠠᠮᠢᠶᠠᠷᠤᠯᠲᠠ ᠶᠢᠨ ᠪᠠᠭ᠎ᠠ ᠬᠤᠪᠢᠶᠠᠷᠢ ᠠᠩᠭᠢ ᠶᠢ ᠵᠣᠬᠢᠶᠠᠨ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ | ᠹᠷᠣᠨᠲ ᠤᠨ ᠬᠥᠮᠦᠰ ᠨᠢ ᠴᠥᠮ ᠨᠠᠮ ᠤᠨ ᠭᠡᠰᠢᠭᠦᠨ ᠪᠠᠶᠢᠵᠤ᠂ ᠨᠠᠮ ᠤᠨ ᠭᠡᠰᠢᠭᠦᠨ ᠤ ᠬᠤᠰᠢᠭᠤᠴᠢ ᠶᠢᠨ ᠵᠢᠱᠢᠶᠡᠴᠢ | ᠦᠶᠯᠡᠳᠦᠯ ᠢ ᠭᠦᠶᠴᠡᠳ ᠪᠠᠳᠠᠷᠠᠭᠤᠯᠵᠤ᠂ ᠴᠠᠭ ᠨᠡᠮᠡᠵᠦ ᠠᠵᠢᠯᠯᠠᠨ᠂ ᠬᠢᠵᠢᠭ ᠤᠨ ᠪᠠᠶᠢᠳᠠᠯ ᠵᠡᠷᠭᠡ ᠨᠥᠯᠥᠭᠡ ᠶᠢ ᠢᠯᠡᠨ | ᠳᠠᠪᠠᠵᠤ᠂ ᠬᠠᠮᠤᠭ ᠲᠡᠷᠢᠭᠦᠨ ᠳᠤ ᠦᠶᠯᠡᠳᠪᠦᠷᠢ ᠳᠤ ᠣᠴᠢᠵᠤ ᠬᠢᠨᠠᠯᠲᠠ ᠬᠠᠮᠢᠶᠠᠷᠤᠯᠲᠠ ᠬᠢᠵᠦ᠂ ᠠᠵᠤ ᠠᠬᠤᠶᠢᠯᠠᠯ ᠤᠨ | ᠪᠣᠭᠤᠮᠲᠠ ᠪᠠᠷ ᠥᠩᠭᠡᠷᠡᠬᠦ ᠴᠠᠭ ᠢ ᠠᠷᠪᠢᠯᠠᠵᠤ᠂ ᠥᠪᠥᠷ ᠮᠣᠩᠭᠤᠯ ᠤᠨ ᠯᠠᠨ ᠲᠠᠢ ᠨᠠᠲᠷᠢ ᠶᠢᠨ ᠦᠶᠯᠡᠰ ᠤᠨ ᠬᠢᠵᠠᠭᠠᠷᠲᠤ | ᠺᠣᠮᠫᠠᠨᠢ ᠶᠢ ᠵᠢᠯᠣᠭᠤᠳᠤᠨ ᠬᠠᠪᠰᠤᠷᠴᠤ ᠪᠠᠶᠢᠭᠠᠳ ᠭᠠᠳᠠᠭᠠᠳᠤ ᠶᠢᠨ ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ | ᠬᠡᠮᠵᠢᠶ᠎ᠡ ᠶᠢ ᠢᠳᠡᠪᠬᠢᠲᠡᠶ ᠠᠷᠭᠠᠴᠠᠭᠠᠵᠤ᠂ ᠡᠵᠡᠩᠨᠡᠯᠲᠡ ᠶᠢᠨ ᠠᠷᠭ᠎ᠠ ᠪᠣᠳᠣᠯᠭ᠎ᠠ ᠪᠠᠨ ᠴᠠᠭ ᠲᠤᠬᠠᠶ ᠳᠤ ᠨᠢ ᠲᠣᠬᠢᠷᠠᠭᠤᠯᠵᠤ | ᠂ ᠲᠣᠰ ᠺᠣᠮᠫᠠᠨᠢ ᠶᠢᠨ ᠲᠡᠮᠦᠷᠯᠢᠭ ᠨᠠᠲᠷᠢ ᠶᠢᠨ ᠭᠠᠳᠠᠭᠠᠳᠤ ᠭᠠᠷᠭᠠᠯᠲᠠ ᠶᠢ ᠪᠥᠬᠦ ᠤᠯᠤᠰ ᠲᠤ ᠲᠡᠷᠢᠭᠦᠯᠡᠭᠦᠯᠵᠦ᠂ 2020 | ᠣᠨ ᠳᠤ 1.35 ᠲᠦᠮᠡᠨ ᠲᠣᠨ ᠭᠠᠳᠠᠭᠠᠳᠤ ᠳᠤ ᠭᠠᠷᠭᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠬᠥᠬᠡᠬᠤᠲᠠ ᠪᠣᠭᠤᠮᠲᠠ ᠶᠢᠨ ᠠᠵᠤ ᠠᠬᠤᠶᠢᠯᠠᠯ ᠤᠨ ᠬᠠᠮᠢᠶᠠᠷᠤᠯᠲᠠ | ᠶᠢᠨ ᠬᠦᠷᠢᠶᠡᠨ ᠳᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠭᠤᠤᠯ | ᠴᠣᠭᠴᠠ ᠶᠢᠨ ᠲᠣᠭᠲᠠᠭᠤᠨ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠦᠷ᠎ᠡ | ᠪᠦᠲᠦᠮᠵᠢ ᠣᠯᠤᠭᠰᠠᠨ ᠪᠣᠶ︖ | ᠰᠦ᠋ ᠴᠢᠩ᠄ ᠡᠨᠡ ᠠᠰᠠᠭᠤᠯᠲᠠ ᠶᠢ ᠪᠢ ᠬᠠᠷᠢᠭᠤᠯᠤᠶ᠎ᠠ᠃ 2020 ᠣᠨ ᠠᠴᠠ ᠨᠠᠭᠠᠰᠢ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠠᠵᠢᠯ | ᠳᠤ ᠦᠵᠡᠭᠦᠯᠦᠭᠰᠡᠨ ᠬᠦᠨᠳᠦ ᠨᠣᠴᠢᠲᠠᠶ ᠠᠰᠢᠭ ᠥᠬᠡᠶ ᠨᠥᠯᠥᠭᠡ ᠶᠢᠨ ᠡᠮᠦᠨ᠎ᠡ᠂ ᠬᠥᠬᠡᠬᠤᠲᠠ ᠪᠣᠭᠤᠮᠲᠠ ᠶᠢᠨ ᠠᠵᠤ | ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠲᠠᠯ᠎ᠠ ᠠᠴᠠ ᠭᠠᠷᠳᠠᠵᠤ᠂ ᠠᠵᠤ ᠠᠬᠤᠶᠢᠯᠠᠯ ᠤᠨ | ᠳᠡᠩᠰᠡᠯᠡᠨ ᠲᠡᠮᠳᠡᠭᠯᠡᠬᠦ ᠭᠠᠷᠳᠠᠮ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠬᠦᠲᠦᠴᠢ ᠠᠵᠤ | ᠠᠬᠤᠶᠢᠯᠠᠯ ᠢ ᠶᠡᠭᠡ ᠪᠠᠷ ᠪᠣᠶᠢᠵᠢᠭᠤᠯᠵᠤ᠂ ᠭᠤᠤᠯᠳᠠᠯᠭ᠎ᠠ ᠲᠠᠢ ᠲᠠᠸᠠᠷ ᠤᠨ ᠬᠠᠩᠭᠠᠯᠭ᠎ᠠ ᠶᠢᠨ ᠬᠡᠯᠬᠢᠶ᠎ᠡ ᠶᠢ | ᠲᠣᠭᠲᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠵᠢᠷᠭᠤᠭ᠎ᠠ ᠶᠢ | ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠪᠠ᠄ | ᠨᠢᠭᠡ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ | ᠤᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠪᠠ | ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠂ ᠭᠡᠷᠡᠴᠢ ᠦᠨᠡᠮᠯᠡᠯ ᠢ ᠰᠠᠯᠭᠠᠬᠤ ᠶᠢ ᠪᠦᠷᠢᠨ ᠪᠦᠷᠬᠦᠭᠦᠯᠬᠦ | ᠵᠡᠷᠭᠡ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠠᠷᠠᠯᠵᠢᠶᠠᠨ ᠤ | ᠭᠤᠣᠯ ᠴᠣᠭᠴᠠ ᠶᠢᠨ ᠲᠤᠭ᠎ᠠ ᠬᠡᠮᠵᠢᠶ᠎ᠡ ᠶᠢᠨ ᠲᠣᠭᠲᠠᠭᠤᠨ ᠴᠢᠨᠠᠷ ᠤᠨ ᠨᠡᠮᠡᠭᠳᠡᠯ ᠢ ᠠᠬᠢᠭᠤᠯᠪᠠ᠃ ᠠᠵᠤ ᠠᠬᠤᠶᠢᠯᠠᠯ ᠤᠨ | ᠳᠠᠩᠰᠠᠯᠠᠨ ᠲᠡᠮᠳᠡᠭᠯᠡᠬᠦ ᠭᠠᠷᠳᠠᠮ ᠢ ᠰᠢᠯᠢᠳᠡᠭᠵᠢᠭᠦᠯᠵᠦ᠂ ᠬᠢᠷᠢ ᠴᠢᠳᠠᠮᠵᠢ ᠲᠠᠢ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ | ᠶᠢ ᠪᠦᠬᠦᠨ ᠢ ︽ᠢᠨᠲ᠋ᠧᠷ ᠰᠦᠯᠵᠢᠶ᠎ᠡ + ᠪᠣᠭᠤᠮᠲᠠ︾ ᠪᠠᠷ ᠳᠠᠮᠵᠢᠨ ᠰᠦᠯᠵᠢᠶᠡᠨ ᠳᠡᠭᠡᠷ᠎ᠡ ᠭᠦᠢᠴᠡᠳᠬᠡᠵᠦ᠂ ᠲᠤᠭ᠎ᠠ | ᠪᠠᠷᠢᠮᠲᠠ ᠶᠢ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠭᠦᠯᠬᠦ ᠪᠠᠷ ᠳᠠᠮᠵᠢᠨ᠂ ᠠᠵᠤ ᠠᠬᠤᠶᠢᠯᠠᠯ ᠤᠨ ᠳᠠᠩᠰᠠᠯᠠᠨ | ᠲᠡᠮᠳᠡᠭᠯᠡᠬᠦ ᠴᠠᠭ ᠬᠤᠭᠤᠴᠠᠭ᠎ᠠ ᠶᠢ ︽ᠰᠧᠺᠦ᠋ᠨ᠋ᠳ᠋ ᠢᠶᠠᠷ ᠭᠦᠢᠴᠡᠳᠬᠡᠬᠦ︾ ᠶᠢ ᠪᠡᠶᠡᠯᠡᠭᠦᠯᠵᠦ᠂ ᠭᠠᠳᠠᠭᠠᠳᠤ ᠠᠷᠠᠯᠵᠢᠶ᠎ᠠ ᠶᠢᠨ | ᠭᠤᠣᠯ ᠴᠣᠭᠴᠠ ᠶᠢᠨ ᠶᠡᠭᠡ ᠬᠡᠮᠵᠢᠶ᠎ᠡ ᠪᠠᠷ ᠨᠡᠮᠡᠭᠳᠡᠬᠦ ᠶᠢ ᠬᠦᠴᠦᠯᠡᠨ ᠠᠬᠢᠭᠤᠯᠪᠠ︔ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠡᠷᠡᠭᠴᠡᠭᠡ ᠲᠠᠢ ᠤᠶᠠᠯᠳᠤᠭᠤᠯᠤᠨ᠂ ᠳᠤᠲᠠᠭᠤᠳᠠᠯ ᠢᠶᠠᠨ ᠠᠭᠤᠴᠢᠯᠠᠨ ᠭᠥᠯᠢᠶᠡᠨ ᠠᠪᠴᠤ ᠰᠢᠶᠳᠪᠦᠷᠢᠯᠡᠬᠦ᠂ | ᠭᠠᠷᠳᠠᠮ ᠨᠥᠬᠦᠨ ᠭᠦᠶᠴᠡᠳᠬᠡᠬᠦ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠠᠳᠠᠭᠠᠳᠤ | ᠣᠷᠤᠭᠤᠯᠤᠯᠲᠠ ᠭᠠᠷᠭᠠᠯᠲᠠ ᠶᠢᠨ ᠡᠮᠴᠢᠯᠡᠭᠡᠨ ᠤ ᠡᠳ᠋ ᠪᠣᠳᠠᠰ ᠤᠨ ᠠᠵᠤ ᠠᠬᠤᠶᠢᠯᠠᠯ ᠳᠤ ᠪᠦᠬᠦᠯᠢ ᠡᠳᠦᠷ ᠢᠶᠠᠷ ᠪᠣᠯᠵᠣᠨ | ᠳᠠᠩᠰᠠᠯᠠᠭᠤᠯᠬᠤ ᠶᠢ ᠬᠡᠷᠡᠭᠵᠢᠭᠦᠯᠦᠨ᠂ ᠭᠤᠤᠯᠳᠠᠯᠭ᠎ᠠ ᠲᠠᠢ ᠡᠳ᠋ ᠪᠣᠳᠠᠰ ᠤᠨ ᠪᠣᠭᠤᠮᠲᠠ ᠪᠠᠷ ᠲᠦᠷᠭᠡᠨ ᠥᠩᠭᠡᠷᠡᠬᠦ ᠶᠢ | ᠪᠠᠲᠤᠯᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠪᠠ︔ ᠭᠠᠳᠠᠭᠠᠳᠤ ᠳᠤ | ᠭᠠᠷᠭᠠᠬᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠦᠭᠡᠶ | ᠪᠣᠯᠭᠠᠵᠤ᠂ ᠪᠣᠭᠤᠮᠲᠠ ᠳᠤ ᠮᠡᠳᠡᠭᠦᠯᠬᠦ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶᠢᠯᠠᠭᠰᠠᠨ | ᠠᠵᠢᠯ ᠢ ᠳᠠᠩᠰᠠᠯᠠᠭᠤᠯᠬᠤ ᠴᠤᠪᠤᠷᠠᠯ ᠢᠶᠠᠷ ᠯᠠᠪᠯᠠᠯᠲᠠ ᠪᠣᠯᠭᠠᠨ ᠭᠦᠢᠴᠡᠳᠬᠡᠵᠦ᠂ ᠪᠤᠶ ᠪᠦᠬᠦᠢ ᠠᠵᠤ ᠠᠬᠤᠶᠢᠯᠠᠯ ᠤᠨ | ᠳᠠᠩᠰᠠᠯᠠᠭᠤᠯᠤᠭᠰᠠᠨ ᠢ ᠴᠥᠮ ᠲᠤᠰ ᠡᠳᠦᠷ ᠲᠤ ᠨᠢ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠵᠦ᠂ | ᠪᠣᠭᠤᠮᠲᠠ ᠶᠢᠨ ᠣᠷᠣᠨ ᠤ ᠭᠠᠳᠠᠭᠠᠳᠤ ᠳᠤ ᠭᠠᠷᠭᠠᠬᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠨᠡᠶᠢᠲᠡ 360 | ᠡᠷᠦᠬᠡ ᠳᠤ ᠬᠦᠷᠴᠦ᠂ ᠤᠯᠤᠰ ᠤᠨ ᠭᠠᠳᠠᠭᠠᠳᠤ ᠶᠢᠨ ᠠᠯᠪᠠᠨ ᠤ ᠲᠠᠯ᠎ᠠ ᠶᠢᠨ ᠳᠠᠩᠰᠠᠯᠠᠭᠤᠯᠤᠭᠰᠠᠨ ᠴᠢᠨᠠᠷ ᠰᠠᠶᠢᠲᠠᠶ ᠠᠵᠤ | ᠠᠬᠤᠶᠢᠯᠠᠯ 11 ᠳᠤ ᠬᠦᠷᠴᠦ᠂ ᠭᠠᠳᠠᠭᠠᠳᠤ ᠳᠤ ᠭᠠᠷᠭᠠᠬᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ | ᠳᠠᠩᠰᠠᠯᠠᠭᠤᠯᠤᠭᠰᠠᠨ ᠬᠡᠮᠵᠢᠶ᠎ᠡ ᠲᠦᠷᠭᠡᠨ ᠨᠡᠮᠡᠭᠳᠡᠭᠰᠡᠨ ᠨᠢ ᠪᠣᠭᠤᠮᠲᠠ ᠶᠢᠨ ᠣᠷᠣᠨ ᠤ ᠲᠠᠷᠢᠶᠠᠯᠠᠩ ᠤᠨ ᠪᠦᠲᠦᠭᠡᠭᠳᠡᠬᠦᠨ᠂ | ᠢᠳᠡᠭᠡᠨ ᠤ ᠭᠠᠳᠠᠭᠠᠳᠤ ᠭᠠᠷᠭᠠᠯᠲᠠ ᠶᠢᠨ ᠪᠠᠶᠢᠳᠠᠯ ᠢ ᠰᠥᠷᠥᠨ ᠨᠡᠮᠡᠭᠳᠡᠬᠦ ᠶᠢ ᠪᠦᠲᠦᠮᠵᠢᠲᠡᠶ ᠳᠠᠶᠢᠴᠢᠯᠠᠪᠠ᠃ ︵ᠭᠠᠳᠠᠭᠠᠳᠤ | ᠳᠤ ᠭᠠᠷᠭᠠᠭᠰᠠᠨ ᠨᠢ 61.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.9% | ᠨᠡᠮᠡᠭᠳᠡᠪᠡ︶᠃ ᠭᠠᠳᠠᠭᠠᠳᠤ ᠠᠷᠠᠯᠵᠢᠶᠠᠨ ᠤ ᠭᠤᠤᠯ ᠴᠣᠭᠴᠠ ᠶᠢᠨ ᠲᠦᠷᠭᠡᠨ ᠨᠡᠮᠡᠭᠳᠡᠯ ᠢ ᠪᠠᠲᠤᠯᠠᠬᠤ ᠶᠢᠨ ᠬᠠᠮᠲᠤ᠂ ᠠᠵᠤ | ᠠᠬᠤᠶᠢᠯᠠᠯ ᠤᠨ ᠬᠠᠮᠢᠶᠠᠷᠤᠯᠲᠠ ᠶᠢᠨ ᠬᠦᠷᠢᠶᠡᠨ ᠳᠤ ᠪᠠᠰᠠ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠶᠠᠰᠤ ᠴᠢᠨᠠᠷ | ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠪᠣᠭᠤᠮᠲᠠ ᠳᠤ ᠮᠡᠳᠡᠭᠦᠯᠬᠦ ᠨᠢᠭᠡᠴᠢ ᠶᠢᠨ ᠳᠠᠩᠰᠠᠯᠠᠭᠤᠯᠵᠤ ᠵᠢᠷᠤᠮᠵᠢᠭᠤᠯᠬᠤ | ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 300 ᠦᠬᠦᠰᠢᠷᠡᠮᠡᠯ ᠠᠵᠤ | ᠠᠬᠤᠶᠢᠯᠠᠯ ᠢ ᠴᠡᠪᠡᠷᠯᠡᠵᠦ᠂ 200 ᠭᠠᠷᠤᠶ ᠠᠵᠤ ᠠᠬᠤᠶᠢᠯᠠᠯ ᠢ ᠵᠢᠷᠤᠮᠵᠢᠭᠤᠯᠤᠨ ᠰᠠᠶᠢᠵᠢᠷᠠᠭᠤᠯᠵᠤ᠂ 16 ᠠᠵᠤ | ᠠᠬᠤᠶᠢᠯᠠᠯ ᠤᠨ ᠢᠲᠡᠭᠡᠮᠵᠢ ᠠᠯᠳᠠᠭᠰᠠᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠪᠣᠭᠤᠮᠲᠠ ᠶᠢᠨ ᠭᠠᠳᠠᠭᠠᠳᠤ ᠠᠷᠠᠯᠵᠢᠶᠠᠨ | ᠤ ᠣᠷᠴᠢᠨ ᠨᠥᠬᠦᠴᠡᠯ ᠢ ᠪᠦᠲᠦᠮᠵᠢᠲᠡᠶ ᠴᠡᠪᠡᠷᠰᠢᠭᠦᠯᠪᠡ᠃ | ᠬᠤᠶᠠᠷ᠂ ᠲᠥᠷᠥ ᠶᠢᠨ ᠪᠣᠳᠣᠯᠭ᠎ᠠ ᠪᠠᠷ ᠲᠡᠳᠬᠦᠬᠦ ᠶᠢ ᠴᠢᠩᠭᠠᠷᠠᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠬᠥᠲᠥᠴᠢ ᠠᠵᠤ ᠠᠬᠤᠶᠢᠯᠠᠯ ᠤᠨ ᠲᠣᠭᠲᠠᠭᠤᠨ ᠡᠵᠡᠩᠨᠡᠯᠲᠡ | ᠶᠢ ᠲᠡᠳᠬᠦᠬᠦ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠢᠶᠠᠷ ᠠᠴᠢᠶᠠᠯᠠᠪᠤᠷᠢ ᠪᠣᠯᠭᠠᠵᠤ᠂ ᠲᠥᠷᠥ ᠶᠢᠨ | ᠪᠣᠳᠣᠯᠭ᠎ᠠ ᠶᠢ ᠳᠡᠯᠭᠡᠷᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠠᠳᠠᠭᠠᠳᠤ ᠠᠷᠠᠯᠵᠢᠶᠠᠨ ᠤ ᠬᠤᠳᠠᠯᠳᠤᠭ᠎ᠠ | ᠡᠵᠡᠩᠨᠡᠬᠦ ᠣᠷᠴᠢᠨ ᠨᠦᠬᠦᠴᠡᠯ ᠢ ᠰᠠᠶᠢᠵᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠠᠷᠠᠯᠵᠢᠶ᠎ᠠ ᠶᠢ ᠠᠬᠢᠭᠤᠯᠬᠤ ᠵᠥᠪᠯᠡᠯ ᠵᠡᠷᠭᠡ ᠣᠯᠠᠨ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠢ ᠥᠷᠨᠢᠭᠦᠯᠵᠦ᠂ | 300 ᠭᠠᠷᠤᠶ ᠠᠵᠤ ᠠᠬᠤᠶᠢᠯᠠᠯ ᠢ ᠬᠠᠮᠤᠷᠪᠠ︔ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠤᠰᠬᠠᠶ ᠰᠡᠳᠦᠪᠲᠦ | ᠭᠠᠶᠢᠯᠢ ᠪᠠᠲᠤᠯᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ | ᠢᠳᠡᠪᠬᠢᠲᠡᠶ ᠠᠬᠢᠭᠤᠯᠵᠤ᠂ ᠬᠥᠬᠡᠬᠤᠲᠠ᠂ ᠣᠷᠳᠣᠰ 2 ᠶᠡᠷᠦᠩᠬᠡᠶᠢᠯᠡᠭᠰᠡᠨ ᠳᠠᠭᠠᠳᠬᠠᠯ ᠤᠨ ᠣᠷᠣᠨ ᠤ ᠳᠠᠩᠰᠠᠯᠠᠭᠤᠯᠤᠭᠰᠠᠨ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠨᠢᠭᠡᠨᠲᠡ 58 ᠪᠣᠯᠵᠣ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ | ᠲᠤᠬᠠᠶᠢᠯᠠᠭᠰᠠᠨ ᠠᠵᠢᠯ ᠤᠨ ᠬᠡᠮᠵᠢᠶ᠎ᠡ᠂ ᠥᠷᠲᠡᠭ ᠶᠡᠭᠡ ᠪᠠᠷ ᠨᠡᠮᠡᠭᠳᠡᠪᠡ︔ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ | ᠪᠠᠨ ᠨᠡᠶᠢᠲᠡᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ 3 ᠤᠳᠠᠭᠠᠨ ᠤ ᠲᠤᠰᠬᠠᠶ ᠰᠡᠳᠦᠪᠲᠦ ᠲᠥᠷᠥ ᠶᠢᠨ ᠪᠣᠳᠣᠯᠭ᠎ᠠ | ᠶᠢᠨ ᠤᠬᠠᠭᠤᠯᠤᠨ ᠲᠠᠶᠢᠯᠪᠤᠷᠢᠯᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠠᠵᠢᠯ | ᠲᠥᠷᠥᠯ ᠤᠨ ᠴᠢᠨᠠᠷᠲᠠᠶ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠪᠠ ᠰᠢᠶᠳᠪᠦᠷᠢᠯᠡᠵᠦ᠂ ᠲᠥᠷᠥ ᠶᠢᠨ | ᠪᠣᠳᠣᠯᠭ᠎ᠠ ᠶᠢᠨ ᠠᠰᠢᠭ ᠲᠤᠰᠠ ᠶᠢ ᠪᠠᠳᠠᠷᠠᠭᠤᠯᠵᠤ᠂ ᠪᠥᠬᠦ ᠵᠢᠯ ᠳᠤ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠲᠤᠬᠠᠶᠢᠯᠠᠭᠰᠠᠨ | ᠠᠵᠢᠯ ᠢ 8 ᠤᠳᠠᠭ᠎ᠠ ᠭᠦᠶᠴᠡᠳᠬᠡᠪᠡ᠃ | ᠭᠠᠳᠠᠭᠠᠳᠤ ᠠᠷᠠᠯᠵᠢᠶᠠᠨ ᠤ ᠬᠦᠲᠦᠴᠢ ᠠᠵᠤ ᠠᠬᠤᠶᠢᠯᠠᠯ ᠢ ᠪᠠᠶᠢᠭᠤᠯᠬᠤ ᠪᠠᠷ ᠭᠤᠣᠯᠳᠠᠭᠤᠯᠵᠤ᠂ ᠭᠤᠣᠯᠳᠠᠯᠭ᠎ᠠ ᠲᠠᠢ | ᠠᠵᠤ ᠠᠬᠤᠶᠢᠯᠠᠯ ᠤᠨ ᠢᠲᠡᠭᠡᠮᠵᠢ ᠶᠢ ᠪᠣᠶᠢᠵᠢᠭᠤᠯᠬᠤ ᠶᠢ ᠢᠳᠡᠪᠬᠢᠲᠡᠢ ᠠᠬᠢᠭᠤᠯᠪᠠ᠃ ᠪᠣᠭᠤᠮᠲᠠ ᠶᠢᠨ ᠣᠷᠣᠨ ᠤ ︽ᠨᠢᠭᠡ | ᠪᠦᠰᠡ ᠨᠢᠭᠡ ᠵᠠᠮ︾ ᠳᠠᠭᠠᠤ ᠶᠢᠨ 30 ᠭᠠᠷᠤᠶ ᠤᠯᠤᠰ ᠤᠨ ᠭᠤᠤᠯᠳᠠᠯᠭ᠎ᠠ ᠲᠠᠢ ᠠᠷᠠᠯᠵᠢᠶᠠᠨ ᠤ ᠠᠵᠤ ᠠᠬᠤᠶᠢᠯᠠᠯ ᠳᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠨᠢᠭᠡᠳ ᠨᠢᠭᠡ ᠪᠠᠷ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ | ᠭᠡᠷᠡᠴᠢᠯᠡᠯ ᠤᠨ ᠠᠵᠤ ᠠᠬᠤᠶᠢᠯᠠᠯ ᠤᠨ ᠪᠠᠷᠢᠮᠵᠢᠶ᠎ᠠ ᠪᠠᠷ ᠬᠠᠷᠭᠤᠭᠤᠯᠤᠨ ᠳᠣᠲᠣᠭᠠᠳᠤ ᠶᠢᠨ ᠬᠠᠮᠢᠶᠠᠷᠤᠯᠲᠠ ᠶᠢ ᠨᠢ | ᠲᠡᠭᠦᠯᠳᠡᠷᠵᠢᠭᠦᠯᠵᠦ᠂ 10 ᠠᠵᠤ ᠠᠬᠤᠶᠢᠯᠠᠯ ᠨᠢ ᠭᠡᠷᠡᠴᠢᠯᠡᠯ ᠤᠨ ᠬᠦᠰᠡᠯ ᠰᠠᠨᠠᠭ᠎ᠠ ᠪᠠᠨ ᠢᠯᠡᠳᠬᠡᠵᠦ᠂ 2020 ᠣᠨ ᠳᠤ | 1 AEO ︵︽ᠭᠡᠷᠡᠴᠢᠯᠡᠯ ᠤᠨ ᠡᠵᠡᠩᠨᠡᠭᠴᠢ︾ ᠰᠢᠨ᠎ᠡ ᠪᠠᠷ ᠨᠡᠮᠡᠭᠳᠡᠵᠦ᠂ ᠬᠠᠷᠢᠯᠴᠠᠨ ᠮᠡᠳᠡᠷᠡᠬᠦ ᠬᠡᠯᠡᠯᠴᠡᠭᠡᠷ ᠲᠣᠭᠲᠠᠭᠰᠠᠨ | ᠤ ᠳᠠᠷᠠᠭ᠎ᠠ ᠬᠤᠶᠠᠷ ᠲᠠᠯ᠎ᠠ ᠪᠠᠷ ᠢᠶᠠᠨ ᠴᠥᠮ ᠮᠡᠳᠡᠷᠡᠵᠦ᠂ ᠣᠳᠣᠬᠠᠨ ᠳᠤ ᠳᠤᠮᠳᠠᠳᠤ ᠤᠯᠤᠰ ᠨᠢ ᠨᠢᠭᠡᠨᠲᠡ 42 ᠤᠯᠤᠰ᠂ | ᠭᠠᠵᠠᠷ ᠣᠷᠣᠨ ᠤ ᠪᠣᠭᠤᠮᠲᠠ ᠲᠠᠢ ᠬᠠᠷᠢᠯᠴᠠᠨ ᠮᠡᠳᠡᠷᠡᠬᠦ ᠬᠡᠯᠡᠯᠴᠡᠭᠡᠷ ᠲᠤ ᠭᠠᠷ ᠤᠨ ᠥᠰᠥᠭ ᠵᠢᠷᠤᠪᠠ︶ ᠠᠵᠤ ᠠᠬᠤᠶᠢᠯᠠᠯ᠂ | ᠪᠣᠭᠤᠮᠲᠠ ᠶᠢᠨ ᠣᠷᠣᠨ ᠤ 21 AEO ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠤᠭ᠎ᠠ ᠶᠢᠨ ᠡᠵᠡᠯᠡᠬᠦ | ᠬᠠᠷᠢᠴᠠᠯ ᠨᠢ 40% ᠰᠢᠬᠠᠮ ᠪᠣᠯᠵᠠᠶ︔ AEO ᠶᠢᠨ ᠠᠵᠤ ᠠᠬᠤᠶᠢᠯᠠᠯ ᠤᠨ ᠰᠦᠷᠦᠭᠵᠢᠯ ᠤᠨ ᠪᠠᠭᠲᠠᠭᠠᠮᠵᠢ ᠶᠢ | ᠥᠷᠭᠡᠳᠬᠡᠬᠦ ᠶᠢ ᠠᠬᠢᠭᠤᠯᠬᠤ ᠶᠢᠨ ᠬᠠᠮᠲᠤ᠂ AEO ᠶᠢᠨ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠳᠤ ᠲᠥᠬᠦᠮ | ᠦᠵᠡᠭᠦᠯᠬᠦ ᠠᠷᠭ᠎ᠠ ᠬᠡᠮᠵᠢᠶ᠎ᠡ ᠶᠢᠨ ᠡᠷᠴᠢᠮ ᠢ ᠭᠤᠤᠯᠳᠠᠯᠭ᠎ᠠ ᠲᠠᠢ ᠠᠬᠢᠭᠤᠯᠵᠤ᠂ ︽ᠬᠥᠬᠡᠬᠤᠲᠠ ᠪᠣᠭᠤᠮᠲᠠ ᠠᠴᠠ AEO | ᠶᠢᠨ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠳᠤ ᠳᠡᠮᠵᠢᠯᠭᠡ ᠥᠭᠬᠦ ᠳᠤ ᠲᠥᠬᠦᠮ ᠦᠵᠡᠭᠦᠯᠬᠦ ᠠᠷᠪᠠᠨ ᠵᠢᠷᠭᠤᠭᠠᠨ | ᠵᠦᠶᠯ ᠤᠨ ᠠᠷᠭ᠎ᠠ ᠬᠡᠮᠵᠢᠶ᠎ᠡ︾ ᠶᠢ ᠲᠣᠭᠲᠠᠭᠠᠵᠤ᠂ ᠭᠤᠤᠯᠳᠠᠯᠭ᠎ᠠ ᠲᠠᠢ ᠲᠡᠳᠬᠦᠬᠦ᠂ ᠤᠷᠢᠳᠠᠪᠠᠷ ᠪᠣᠭᠤᠮᠲᠠ ᠪᠠᠷ ᠥᠩᠭᠡᠷᠡᠬᠦ᠂ | ᠥᠭᠡᠷᠡᠴᠢᠯᠡᠯᠲᠡ ᠶᠢᠨ ᠲᠤᠷᠰᠢᠯᠲᠠ ᠬᠢᠬᠦ ᠵᠡᠷᠭᠡ ᠶᠢᠰᠦᠨ ᠬᠦᠷᠢᠶ᠎ᠡ ᠴᠠᠷᠠᠭ᠎ᠠ ᠶᠢ ᠬᠠᠮᠤᠷᠴᠤ᠂ ᠳᠡᠭᠡᠳᠦ ᠲᠠᠰ ᠤᠨ ᠭᠡᠷᠡᠴᠢᠯᠡᠯ | ᠤᠨ ᠠᠵᠤ ᠠᠬᠤᠶᠢᠯᠠᠯ ᠳᠤ ᠠᠵᠤ ᠠᠬᠤᠶᠢᠯᠠᠯ ᠤᠨ ᠵᠣᠬᠢᠴᠠᠭᠤᠯᠤᠭᠴᠢ ᠲᠣᠬᠢᠷᠠᠭᠤᠯᠵᠤ᠂ ᠪᠥᠬᠦ ᠵᠢᠯ ᠳᠤ ᠢᠯᠢ ᠪᠦᠯᠦᠭᠯᠡᠯ᠂ | ᠤᠮᠠᠷᠠᠲᠤ ᠶᠢᠨ ᠮᠠᠰᠢᠨ ᠲᠡᠷᠭᠡᠨ ᠤ ᠺᠣᠮᠫᠠᠨᠢ ᠵᠡᠷᠭᠡ ᠪᠣᠭᠤᠮᠲᠠ ᠶᠢᠨ ᠳᠣᠲᠣᠷ᠎ᠠ ᠭᠠᠳᠠᠨᠠᠬᠢ ᠳᠡᠭᠡᠳᠦ ᠲᠠᠰ ᠤᠨ ᠭᠡᠷᠡᠴᠢᠯᠡᠯ ᠤᠨ | ᠠᠵᠤ ᠠᠬᠤᠶᠢᠯᠠᠯ ᠢ ᠬᠠᠪᠰᠤᠷᠤᠨ ᠪᠣᠭᠤᠮᠲᠠ ᠪᠠᠷ ᠥᠩᠭᠡᠷᠡᠬᠦ ᠳᠤ ᠬᠦᠴᠢᠷᠲᠡᠶ ᠠᠰᠠᠭᠤᠳᠠᠯ ᠢ 4 ᠤᠳᠠᠭ᠎ᠠ ᠰᠢᠶᠳᠪᠦᠷᠢᠯᠡᠵᠦ᠂ | AEO ᠶᠢᠨ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠣᠯᠠᠨ ᠬᠡᠯᠪᠡᠷᠢ | ᠪᠠᠷ ᠠᠬᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠦᠨᠳᠦᠰᠦᠨ ᠪᠠᠶᠢᠳᠠᠯ ᠢ | ᠲᠣᠭᠲᠠᠭᠤᠨ ᠪᠠᠶᠢᠯᠭᠠᠬᠤ ᠪᠠᠷ ᠳᠠᠮᠵᠢᠭᠤᠯᠤᠨ᠂ ᠪᠣᠭᠤᠮᠲᠠ ᠶᠢᠨ ᠣᠷᠣᠨ ᠤ ᠭᠠᠳᠠᠭᠠᠳᠤ ᠠᠷᠠᠯᠵᠢᠶᠠᠨ ᠤ ᠲᠤᠭ᠎ᠠ ᠶᠢ | ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠪᠠ᠃ | ᠭᠤᠷᠪᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠠᠵᠤ ᠠᠬᠤᠶᠢᠯᠠᠯ ᠲᠠᠢ ᠰᠠᠨᠠᠭᠠᠴᠢᠯᠠᠭ᠎ᠠ | ᠠᠴᠠ ᠪᠠᠨ ᠵᠣᠯᠭᠠᠭᠤᠯᠵᠤ᠂ ᠦᠶᠯᠡᠴᠢᠯᠡᠭᠡᠨ ᠤ ᠠᠷᠭ᠎ᠠ ᠪᠠᠷᠢᠯ ᠤᠨ ᠰᠢᠨ᠎ᠡ ᠶᠢ ᠡᠭᠦᠳᠴᠦ ᠠᠭᠤᠷᠬᠠᠶ ᠶᠢᠨ ᠡᠨᠧᠷᠭᠢ ᠶᠢᠨ | ᠦᠶᠯᠡᠳᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠠᠬᠢᠭᠤᠯᠬᠤ | ᠠᠭᠤᠷᠬᠠᠶ ᠶᠢᠨ ᠡᠨᠧᠷᠭᠢ ᠶᠢᠨ ᠦᠢᠯᠡᠳᠬᠦᠨ ᠪᠣᠯ ᠳᠤᠮᠳᠠᠳᠤ ᠮᠣᠩᠭᠤᠯ ᠬᠤᠶᠠᠷ ᠤᠯᠤᠰ ᠤᠨ ᠭᠠᠳᠠᠭᠠᠳᠤ | ᠠᠷᠠᠯᠵᠢᠶᠠᠨ ᠤ ᠭᠤᠤᠯᠳᠠᠯᠭ᠎ᠠ ᠲᠠᠢ ᠲᠠᠸᠠᠷ ᠪᠣᠯᠤᠨ᠎ᠠ᠂ ᠬᠢᠵᠢᠭ ᠤᠨ ᠪᠠᠶᠢᠳᠠᠯ ᠤᠨ ᠨᠥᠯᠥᠭᠡ ᠠᠴᠠ ᠡᠬᠢᠨ ᠤ ᠪᠠ ᠡᠴᠦᠰ | ᠤᠨ ᠠᠵᠢᠯ ᠡᠬᠢᠯᠡᠬᠦ ᠬᠢᠵᠠᠭᠠᠷᠯᠠᠯ ᠠᠴᠠ ᠪᠣᠯᠵᠣ᠂ ᠭᠠᠳᠠᠭᠠᠳᠤ ᠠᠴᠠ ᠣᠷᠣᠭᠤᠯᠬᠤ ᠬᠡᠮᠵᠢᠶ᠎ᠡ ᠨᠢ ᠲᠡᠶᠢᠮᠦ ᠰᠠᠶᠢᠨ ᠪᠢᠰᠢ᠃ | ᠬᠥᠬᠡᠬᠤᠲᠠ ᠪᠣᠭᠤᠮᠲᠠ ᠨᠢ ᠪᠣᠭᠤᠮᠲᠠ ᠶᠢᠨ ᠣᠷᠣᠨ ᠤ ᠬᠠᠮᠤᠭ ᠤᠨ ᠲᠣᠮᠣ ᠵᠡᠰ ᠤᠨ ᠨᠠᠷᠢᠯᠢᠭ ᠬᠦᠳᠡᠷ ᠢ ᠭᠠᠳᠠᠭᠠᠳᠤ ᠠᠴᠠ | ᠣᠷᠣᠭᠤᠯᠬᠤ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠠᠳᠠᠭᠠᠳᠤ ᠠᠴᠠ ᠣᠷᠣᠭᠤᠯᠬᠤ ᠵᠢᠴᠢ | ᠬᠢᠨᠠᠨ ᠬᠠᠮᠢᠶᠠᠷᠬᠤ ᠲᠠᠯ᠎ᠠ ᠪᠠᠷ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠣᠶᠢᠯᠠᠭᠠᠵᠤ᠂ ᠭᠠᠶᠢᠯᠢ ᠪᠠᠲᠤᠯᠠᠬᠤ | ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠤᠷᠢ ᠪᠠᠨ ᠪᠠᠳᠠᠷᠠᠭᠤᠯᠤᠨ᠂ ᠣᠯᠠᠨ ᠤᠯᠤᠰ ᠤᠨ ᠬᠦᠳᠡᠷ ᠤᠨ ᠭᠠᠶᠢᠯᠢ | ᠪᠠᠲᠤᠯᠠᠬᠤ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠦᠭᠦᠯᠡᠨ ᠠᠬᠢᠭᠤᠯᠵᠤ᠂ ᠠᠵᠤ ᠠᠬᠤᠶᠢᠯᠠᠯ ᠢ | ᠬᠠᠪᠰᠤᠷᠴᠤ ᠬᠠᠮᠢᠶᠠᠷᠤᠯᠲᠠ ᠶᠢᠨ ᠰᠢᠰᠲ᠋ᠧᠮ ᠢ ᠨᠡᠭᠡᠭᠡᠨ ᠬᠥᠭᠵᠢᠭᠦᠯᠬᠦ᠂ ᠭᠤᠶᠤᠴᠢᠯᠠᠨ ᠮᠡᠳᠡᠭᠦᠯᠬᠦ᠂ ᠬᠢᠨᠠᠨ ᠬᠠᠮᠢᠶᠠᠷᠬᠤ ᠲᠠᠰ | ᠳᠠᠷᠠᠭᠠᠯᠠᠯ ᠢ ᠰᠢᠯᠢᠳᠡᠭᠵᠢᠭᠦᠯᠵᠦ᠂ ᠵᠠᠰᠠᠮᠠᠯ ᠵᠠᠮ ᠤᠨ ᠪᠣᠭᠤᠮᠲᠠ ᠶᠢᠨ ᠭᠠᠶᠢᠯᠢ ᠪᠠᠲᠤᠯᠠᠬᠤ ᠭᠠᠳᠠᠭᠠᠳᠤ ᠠᠴᠠ ᠣᠷᠣᠭᠤᠯᠬᠤ | ᠵᠡᠰ ᠤᠨ ᠨᠠᠷᠢᠯᠢᠭ ᠬᠦᠳᠡᠷ ᠢ ᠬᠢᠨᠠᠨ ᠬᠠᠮᠢᠶᠠᠷᠬᠤ ᠲᠥᠰᠦᠯ ᠢ ᠲᠣᠭᠲᠠᠭᠠᠵᠤ᠂ ᠭᠠᠶᠢᠯᠢ ᠪᠠᠲᠤᠯᠠᠬᠤ ᠲᠤᠬᠠᠶᠢᠯᠠᠭᠰᠠᠨ ᠠᠵᠢᠯ | ᠤᠨ ᠳᠠᠪᠠᠭᠤᠯᠢᠭ ᠢ ᠪᠦᠲᠦᠮᠵᠢᠲᠡᠶ ᠪᠠᠳᠠᠷᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠪᠠᠯᠠ ᠮᠥᠩᠭᠦ ᠶᠢᠨ | ᠳᠠᠷᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠠᠭᠤᠷᠬᠠᠶ ᠶᠢᠨ ᠡᠨᠧᠷᠭᠢ ᠶᠢᠨ ᠦᠶᠯᠡᠳᠬᠦᠨ ᠤ | ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠪᠠ᠃ ᠪᠥᠬᠦ ᠵᠢᠯ ᠳᠤ ᠪᠣᠭᠤᠮᠲᠠ ᠶᠢᠨ ᠣᠷᠣᠨ ᠤ ᠭᠠᠶᠢᠯᠢ ᠪᠠᠲᠤᠯᠠᠬᠤ | ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠬᠦᠳᠡᠷ 76 ᠲᠦᠮᠡᠨ ᠲᠣᠨ ᠰᠢᠬᠠᠮ ᠪᠣᠯᠵᠣ᠂ ᠬᠢᠵᠢᠭ ᠤᠨ ᠠᠰᠢᠭ | ᠥᠬᠡᠶ ᠨᠥᠯᠦᠭᠡᠨ ᠤ ᠪᠠᠶᠢᠳᠠᠯ ᠳᠣᠤᠷ᠎ᠠ᠂ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠨᠢ ᠨᠢᠳᠤᠨᠤᠨ ᠤ ᠬᠢ ᠲᠠᠢ | ᠲᠡᠩᠴᠡᠵᠦ᠂ ᠭᠤᠤᠯᠳᠠᠯᠭ᠎ᠠ ᠲᠠᠢ ᠲᠠᠸᠠᠷ ᠤᠨ ᠭᠠᠳᠠᠭᠠᠳᠤ ᠠᠴᠠ ᠣᠷᠣᠭᠤᠯᠬᠤ ᠬᠦᠷᠢᠶᠡᠨ ᠳᠠᠬᠢ ᠬᠠᠩᠭᠠᠯᠭ᠎ᠠ ᠶᠢᠨ ᠬᠡᠯᠬᠢᠶ᠎ᠡ | ᠨᠢ ᠦᠨᠳᠦᠰᠦᠨ ᠳᠤ ᠪᠠᠨ ᠲᠣᠭᠲᠠᠭᠤᠨ ᠪᠠᠶᠢᠪᠠ᠃ | ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠨᠢ ᠣᠷᠣᠰ᠂ ᠮᠣᠩᠭᠤᠯ ᠲᠠᠢ | ᠬᠥᠷᠰᠢᠯᠡᠵᠦ᠂ ᠥᠪᠡᠷᠮᠢᠴᠡ ᠳᠠᠪᠠᠭᠤᠯᠢᠭ ᠲᠠᠢ ᠶᠤᠮ᠂ ᠬᠥᠬᠡᠬᠤᠲᠠ ᠪᠣᠭᠤᠮᠲᠠ ᠶᠢᠨ ᠣᠷᠣᠰ ᠮᠣᠩᠭᠤᠯ ᠳᠠᠬᠢ ᠭᠠᠳᠠᠭᠠᠳᠤ | ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠶᠡᠷᠦᠩᠬᠡᠶ ᠪᠠᠶᠢᠳᠠᠯ ᠵᠢᠴᠢ ᠶᠠᠮᠠᠷ ᠶᠠᠮᠠᠷ ᠬᠠᠨᠳᠤᠯᠭᠠᠲᠤ ᠴᠢᠨᠠᠷᠲᠠᠶ ᠨᠡᠮᠡᠭᠳᠡᠯ ᠢ | ᠪᠠᠲᠤᠯᠠᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠠᠪᠤᠭᠰᠠᠨ ᠲᠤᠬᠠᠶ ᠲᠠᠨᠢᠯᠴᠠᠭᠤᠯᠤᠭᠠᠳ | ᠥᠭᠭᠦᠨ᠎ᠡ ᠦᠦ᠂ ᠪᠠᠶᠠᠷᠯᠠᠯ᠎ᠠ︕ | ᠯᠢ ᠾᠧᠩ ᠯᠢᠶᠠᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ 2020 ᠣᠨ ᠳᠤ ᠮᠠᠨ ᠤ ᠪᠣᠭᠤᠮᠲᠠ ᠨᠡᠶᠢᠲᠡ | 70.8 ᠳ᠋ᠦᠩᠰᠢᠭᠤᠷ ᠲᠥᠭᠦᠷᠢᠭ ᠤᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠵᠦᠶᠯ ᠢ ᠬᠢᠨᠠᠨ | ᠬᠠᠮᠢᠶᠠᠷᠴᠤ᠂ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠵᠦ᠂ ᠣᠷᠣᠰ ᠮᠣᠩᠭᠤᠯ ᠯᠤᠭ᠎ᠠ ᠶᠢᠨ | ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠵᠦᠶᠯ 10.51 ᠳ᠋ᠦᠩᠰᠢᠭᠤᠷ ᠲᠥᠭᠦᠷᠢᠭ ᠲᠤ ᠬᠦᠷᠴᠦ᠂ ᠠᠷᠠᠯᠵᠢᠶᠠᠨ ᠤ | ᠶᠡᠷᠦᠩᠬᠡᠶ ᠲᠣᠭᠠᠨ ᠤ 14.84% ᠶᠢ ᠡᠵᠡᠯᠡᠪᠡ᠂ ᠡᠭᠦᠨ ᠳᠤ ᠣᠷᠣᠰ ᠮᠣᠩᠭᠤᠯ ᠳᠤ ᠭᠠᠷᠭᠠᠭᠰᠠᠨ ᠢᠳᠡᠭᠡᠨ ᠤ ᠵᠦᠶᠯ 2. | 09 ᠳ᠋ᠦᠩᠰᠢᠭᠤᠷ ᠲᠥᠭᠦᠷᠢᠭ ᠲᠤ ᠬᠦᠷᠴᠦ᠂ ᠪᠠᠶᠢᠳᠠᠯ ᠢ ᠰᠥᠷᠴᠦ 100.96% ᠪᠠᠷ ᠶᠡᠭᠡ ᠪᠠᠷ ᠨᠡᠮᠡᠭᠳᠡᠵᠦ᠂ ᠭᠤᠤᠯ | ᠪᠣᠯᠬᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠵᠦᠶᠯ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ | ᠠᠴᠠ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠦ᠂ ᠶᠡᠷᠦᠩᠬᠡᠶ ᠳᠤ ᠪᠠᠨ ᠲᠣᠭᠲᠠᠭᠤᠨ ᠪᠥᠭᠡᠳ ᠰᠠᠶᠢᠵᠢᠷᠠᠬᠤ ᠪᠠᠶᠢᠳᠠᠯ | ᠢᠯᠡᠷᠡᠪᠡ᠂ ᠵᠢᠱᠢᠶᠡᠯᠡᠪᠡᠯ ᠮᠣᠩᠭᠤᠯ ᠤᠯᠤᠰ ᠤᠨ ᠪᠤᠯᠭᠤᠭᠰᠠᠨ ᠮᠢᠬᠠᠨ ᠤ ᠲᠥᠷᠥᠯ ᠤᠨ ᠪᠦᠲᠦᠭᠡᠭᠳᠡᠬᠦᠨ ᠢ 3.48 | ᠳ᠋ᠦᠩᠰᠢᠭᠤᠷ ᠲᠥᠭᠦᠷᠢᠭ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 27.01% ᠪᠠᠷ ᠨᠡᠮᠡᠭᠳᠡᠪᠡ᠂ ᠣᠷᠣᠰ ᠲᠤ | ᠦᠷ᠎ᠡ ᠶᠢᠨ ᠴᠦᠮ᠎ᠡ ᠶᠢᠨ ᠲᠥᠷᠥᠯ ᠢ 1.17 ᠳ᠋ᠦᠩᠰᠢᠭᠤᠷ ᠲᠥᠭᠦᠷᠢᠭ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ | 333.33% ᠪᠠᠷ ᠨᠡᠮᠡᠭᠳᠡᠪᠡ᠂ ᠮᠣᠩᠭᠤᠯ ᠤᠯᠤᠰ ᠳᠤ ᠢᠳᠡᠰᠢᠨ ᠨᠣᠭᠤᠭ᠎ᠠ 0.82 ᠳ᠋ᠦᠩᠰᠢᠭᠤᠷ ᠲᠥᠭᠦᠷᠢᠭ ᠭᠠᠷᠭᠠᠵᠤ᠂ | ᠠᠳᠠᠯᠢ ᠬᠤᠭᠤᠴᠠᠭᠠᠨ ᠤ ᠬᠢ ᠠᠴᠠ 15.49% ᠪᠠᠷ ᠨᠡᠮᠡᠭᠳᠡᠪᠡ᠃ | ᠨᠢᠭᠡ ᠳᠤ᠂ ᠭᠠᠳᠠᠭᠠᠳᠤ ᠠᠴᠠ ᠣᠷᠣᠭᠤᠯᠬᠤ ᠢᠳᠡᠭᠡᠨ ᠤ ᠲᠥᠷᠥᠯ ᠵᠦᠶᠯ ᠢ ᠢᠳᠡᠪᠬᠢᠲᠡᠶ ᠪᠠᠷ ᠥᠷᠭᠡᠳᠬᠡᠪᠡ᠃ | ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠦᠶᠯᠡᠴᠢᠯᠡᠭᠡ ᠬᠠᠩᠭᠠᠵᠤ᠂ | ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠲᠤᠶᠢᠯ ᠤᠨ ᠣᠨᠣᠪᠴᠢᠲᠠᠶ ᠪᠠᠷ | ᠰᠢᠶᠳᠪᠦᠷᠢᠯᠡᠵᠦ᠂ ᠵᠢᠭᠠᠨ ᠲᠣᠭᠲᠠᠭᠠᠭᠰᠠᠨ ᠡᠯᠳᠡᠪ ᠠᠮᠤ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠦᠷᠢᠳᠬᠡᠨ | ᠳᠠᠩᠰᠠᠯᠠᠬᠤ ᠴᠤᠪᠤᠷᠠᠯ ᠢ ᠰᠢᠯᠢᠳᠡᠭᠵᠢᠭᠦᠯᠦᠨ᠂ 2020 ᠣᠨ ᠳᠤ 6 ᠵᠢᠭᠠᠨ ᠲᠣᠭᠲᠠᠭᠠᠭᠰᠠᠨ ᠠᠵᠤ ᠠᠬᠤᠶᠢᠯᠠᠯ ᠢ ᠰᠢᠨ᠎ᠡ | ᠪᠠᠷ ᠨᠡᠮᠡᠭᠳᠡᠭᠦᠯᠵᠦ᠂ ᠮᠣᠩᠭᠤᠯ ᠤᠯᠤᠰ ᠤᠨ ᠪᠣᠯᠭᠤᠭᠰᠠᠨ ᠮᠢᠬᠠᠨ ᠤ ᠲᠥᠷᠥᠯ ᠢ ᠭᠠᠳᠠᠭᠠᠳᠤ ᠠᠴᠠ ᠣᠷᠣᠭᠤᠯᠬᠤ ᠠᠴᠠ | ᠭᠠᠳᠠᠨ᠎ᠠ᠂ ᠡᠷᠢᠶᠡᠨ ᠬᠤᠲᠠ ᠶᠢᠨ ᠪᠣᠭᠤᠮᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠳᠡᠮᠵᠢᠨ ᠣᠷᠣᠰ ᠤᠨ ᠲᠠᠬᠢᠶᠠᠨ | ᠮᠢᠬᠠᠨ ᠤ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠶᠢ ᠰᠢᠨ᠎ᠡ ᠪᠠᠷ ᠨᠡᠮᠡᠭᠳᠡᠭᠦᠯᠦᠭᠰᠡᠨ ᠪᠦᠭᠡᠳ ᠮᠣᠩᠭᠤᠯ ᠤᠯᠤᠰ | ᠤᠨ ᠪᠣᠭᠤᠳᠠᠶ ᠶᠢᠨ ᠭᠤᠯᠢᠷ᠂ ᠬᠠᠷ᠎ᠠ ᠪᠣᠭᠤᠳᠠᠶ ᠶᠢᠨ ᠭᠤᠯᠢᠷ ᠢ ᠵᠥᠪᠰᠢᠶᠡᠷᠡᠨ ᠣᠷᠣᠭᠤᠯᠬᠤ ᠶᠢ ᠪᠡᠶᠡᠯᠡᠭᠦᠯᠵᠦ᠂ ᠭᠠᠳᠠᠭᠠᠳᠤ | ᠠᠴᠠ ᠣᠷᠣᠭᠤᠯᠤᠭᠰᠠᠨ ᠢᠳᠡᠭᠡᠨ ᠤ ᠲᠥᠷᠥᠯ ᠵᠦᠶᠯ ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃ | ᠬᠤᠶᠠᠷ ᠲᠤ᠂ ᠢᠳᠡᠭᠡᠨ ᠤ ᠬᠠᠮᠢᠶᠠᠷᠤᠯᠲᠠ ᠶᠢᠨ ᠰᠢᠰᠲ᠋ᠧᠮ ᠤᠨ ᠰᠤᠳᠤᠯᠭᠠᠨ ᠢ ᠴᠢᠩᠭᠠᠳᠬᠠᠵᠤ᠂ ᠮᠠᠨ ᠤ ᠣᠷᠣᠨ | ᠤ ᠪᠣᠭᠤᠮᠲᠠ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠮᠣᠩᠭᠤᠯ ᠤᠨ ᠢᠳᠡᠭᠡᠨ ᠤ ᠬᠠᠮᠢᠶ᠎ᠠ ᠪᠥᠬᠦᠶ 4 ᠪᠦᠯᠦᠭ | ᠬᠠᠤᠯᠢ ᠴᠠᠭᠠᠵᠠ᠂ 41 ᠵᠦᠶᠯ ᠤᠨ ᠪᠠᠷᠢᠮᠵᠢᠶ᠎ᠠ ᠶᠢ ᠴᠤᠭᠯᠠᠭᠤᠯᠤᠨ ᠣᠷᠴᠢᠭᠤᠯᠵᠤ᠂ 35 ᠲᠦᠮᠡᠨ ᠥᠰᠥᠭ ᠤᠨ | ᠮᠠᠲ᠋ᠧᠷᠢᠶᠠᠯ ᠢ ᠪᠦᠷᠢᠯᠳᠦᠭᠦᠯᠵᠦ᠂ ᠬᠤᠶᠠᠷ ᠲᠠᠯ᠎ᠠ ᠶᠢᠨ ᠪᠠᠷᠢᠮᠵᠢᠶ᠎ᠠ ᠶᠢ ᠬᠠᠷᠢᠴᠠᠭᠤᠯᠤᠨ ᠵᠠᠳᠠᠯᠵᠤ᠂ ᠭᠠᠳᠠᠭᠠᠳᠤ | ᠣᠷᠤᠭᠤᠯᠤᠯᠲᠠ ᠭᠠᠷᠭᠠᠯᠲᠠ ᠶᠢᠨ ᠠᠵᠤ ᠠᠬᠤᠶᠢᠯᠠᠯ ᠤᠨ ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ ᠬᠡᠮᠵᠢᠶ᠎ᠡ ᠶᠢᠨ | ᠲᠦᠭᠰᠢᠭᠦᠷᠢ ᠠᠴᠠ ᠵᠦᠶ ᠵᠣᠬᠢᠰᠲᠠᠶ ᠵᠠᠶᠢᠯᠠᠬᠤ ᠶᠢ ᠣᠨᠣᠪᠴᠢᠲᠠᠶ ᠵᠢᠯᠣᠭᠤᠳᠪᠠ᠃ | ᠭᠤᠷᠪᠠ ᠳᠤ᠂ ᠠᠵᠢᠯ ᠶᠠᠪᠤᠳᠠᠯ ᠭᠦᠶᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠬᠢᠯᠢ ᠪᠠᠷ | ᠣᠷᠣᠭᠤᠯᠬᠤ ᠠᠮᠢᠲᠠᠨ ᠤᠷᠭᠤᠮᠠᠯ ᠤᠨ ᠢᠷᠡᠯᠲᠡ ᠶᠢᠨ ᠴᠢᠨᠠᠷᠲᠠᠶ ᠢᠳᠡᠭᠡᠨ ᠤ ᠬᠢᠵᠢᠭ ᠪᠠᠶᠢᠴᠠᠭᠠᠵᠤ ᠬᠢᠨᠠᠨ ᠵᠥᠪᠰᠢᠶᠡᠷᠡᠬᠦ ᠶᠢ | ᠲᠦᠷᠭᠡᠳᠬᠡᠨ ᠭᠦᠶᠴᠡᠳᠬᠡᠵᠦ᠂ 100% ᠪᠠᠷ ᠴᠠᠭᠠᠰᠤ ᠬᠡᠷᠡᠭᠯᠡᠬᠦ ᠥᠬᠡᠶ ᠪᠠᠷ ᠭᠦᠶᠴᠡᠳᠬᠡᠬᠦ ᠶᠢ ᠬᠡᠷᠡᠭᠵᠢᠭᠦᠯᠵᠦ᠂ ᠬᠢᠵᠢᠭ | ᠪᠠᠶᠢᠴᠠᠭᠠᠵᠤ ᠬᠢᠨᠠᠨ ᠵᠥᠪᠰᠢᠶᠡᠷᠡᠬᠦ ᠴᠠᠭ ᠢ 1/5 ᠪᠠᠷ ᠪᠣᠭᠤᠨᠢᠰᠬᠠᠪᠠ᠃ ᠢᠳᠡᠭᠡᠨ ᠤ ᠵᠦᠶᠯ ᠲᠠᠷᠢᠶᠠᠯᠠᠩ ᠤᠨ | ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠲᠤᠰᠬᠠᠶ ᠠᠩᠭᠢ ᠶᠢ ᠪᠠᠶᠢᠭᠤᠯᠤᠨ ᠥᠷᠭᠡᠳᠬᠡᠵᠦ᠂ ᠭᠠᠳᠠᠭᠠᠳᠤ ᠳᠤ | ᠭᠠᠷᠭᠠᠬᠤ ᠢᠳᠡᠰᠢᠨ ᠨᠣᠭᠤᠭ᠎ᠠ᠂ ᠦᠷ᠎ᠡ ᠶᠢᠨ ᠴᠥᠮ᠎ᠡ ᠶᠢᠨ ᠲᠥᠷᠥᠯ ᠵᠡᠷᠭᠡ ᠶᠡᠭᠡ ᠬᠡᠮᠵᠢᠶᠡᠨ ᠤ ᠣᠨᠴᠠᠯᠢᠭᠲᠤ ᠲᠠᠷᠢᠶᠠᠯᠠᠩ | ᠤᠨ ᠪᠦᠲᠦᠭᠡᠭᠳᠡᠬᠦᠨ ᠳᠤ ︽ᠤᠷᠢᠳᠠᠪᠠᠷ ᠬᠠᠭᠤᠳᠠᠰᠤ ᠲᠣᠰᠬᠤ᠂ ᠤᠷᠢᠳᠠᠪᠠᠷ ᠪᠠᠶᠢᠴᠠᠭᠠᠨ ᠰᠢᠯᠭᠠᠬᠤ᠂ ᠤᠷᠢᠳᠠᠪᠠᠷ | ᠪᠠᠶᠢᠴᠠᠭᠠᠨ ᠰᠢᠯᠭᠠᠬᠤ᠂ ᠤᠷᠢᠳᠠᠪᠠᠷ ᠭᠡᠷᠡᠴᠢ ᠭᠠᠷᠭᠠᠬᠤ᠂ ᠤᠷᠢᠳᠠᠪᠠᠷ ᠶᠠᠪᠤᠭᠤᠯᠬᠤ︾ ᠶᠢ ᠬᠡᠷᠡᠭᠵᠢᠭᠦᠯᠵᠦ᠂ ᠪᠣᠭᠤᠮᠲᠠ ᠪᠠᠷ | ᠥᠩᠭᠡᠷᠡᠬᠦ ᠶᠢ ᠳᠥᠭᠦᠮᠴᠢᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠳᠥᠷᠪᠡ ᠳᠤ᠂ ᠨᠡᠮᠡᠭᠳᠡᠯ ᠤᠨ ᠰᠢᠨ᠎ᠡ ᠬᠥᠳᠡᠯᠭᠡᠬᠦ ᠡᠨᠧᠷᠭᠢ ᠶᠢ ᠢᠳᠡᠪᠬᠢᠲᠡᠶ ᠪᠣᠶᠢᠵᠢᠭᠤᠯᠵᠤ᠂ ᠡᠷᠢᠶᠡᠨ ᠬᠤᠲᠠ ᠶᠢᠨ | ᠲᠡᠮᠦᠷ ᠵᠠᠮ ᠤᠨ ᠪᠣᠭᠤᠮᠲᠠ ᠶᠢᠨ ᠵᠢᠭᠠᠨ ᠲᠣᠭᠲᠠᠭᠠᠭᠰᠠᠨ ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ | ᠪᠠ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠳᠤᠮᠳᠠᠳᠤ ᠪᠠᠷ ᠨᠡᠪᠲᠡᠷᠡᠬᠦ ᠵᠠᠮ ᠤᠨ ᠳᠠᠪᠠᠭᠤᠯᠢᠭ ᠢ | ᠢᠳᠡᠪᠬᠢᠲᠡᠶ ᠪᠣᠶᠢᠵᠢᠭᠤᠯᠵᠤ᠂ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠶᠢ ᠭᠦᠨᠵᠡᠭᠡᠶ ᠠᠬᠢᠭᠤᠯᠵᠤ᠂ ᠬᠢᠯᠢ | ᠪᠠᠷ ᠣᠷᠣᠭᠤᠯᠬᠤ ᠤᠷᠭᠤᠮᠠᠯ ᠤᠨ ᠢᠷᠡᠯᠲᠡ ᠶᠢᠨ ᠴᠢᠨᠠᠷᠲᠠᠶ ᠢᠳᠡᠭᠡᠨ ᠢ ᠭᠤᠶᠤᠴᠢᠯᠠᠨ ᠮᠡᠳᠡᠭᠦᠯᠬᠦ᠂ ᠪᠠᠶᠢᠴᠠᠭᠠᠨ ᠰᠢᠯᠭᠠᠬᠤ | ᠵᠢᠴᠢ ᠲᠠᠯᠪᠢᠵᠤ ᠶᠠᠪᠤᠭᠤᠯᠬᠤ ᠴᠤᠪᠤᠷᠠᠯ ᠢ ᠰᠢᠯᠢᠳᠡᠭᠵᠢᠭᠦᠯᠵᠦ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠬᠢᠭᠡᠳ ᠲᠡᠮᠦᠷ | ᠵᠠᠮ ᠤᠨ ᠠᠵᠢᠯᠯᠠᠭᠠᠨ ᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠵᠦ᠂ 2020 ᠣᠨ ᠳᠤ ᠪᠥᠬᠦ ᠵᠢᠯ ᠳᠤ 10 | ᠴᠤᠪᠤᠭ᠎ᠠ᠂ 1.31 ᠲᠦᠮᠡᠨ ᠲᠣᠨ ᠣᠷᠣᠰ ᠤᠨ ᠬᠤᠰᠢᠭᠤ ᠪᠤᠳᠠᠭ᠎ᠠ᠂ ᠶᠠᠮᠠ ᠶᠢᠨ ᠦᠷ᠎ᠡ ᠶᠢ ᠬᠢᠯᠢ ᠪᠠᠷ ᠣᠷᠣᠭᠤᠯᠵᠤ᠂ | ᠠᠳᠠᠯᠢ ᠲᠥᠷᠥᠯ ᠤᠨ ᠦᠶᠯᠡᠳᠬᠦᠨ ᠢ ᠭᠠᠳᠠᠭᠠᠳᠤ ᠠᠴᠠ ᠣᠷᠣᠭᠤᠯᠬᠤ ᠶᠡᠷᠦᠩᠬᠡᠶ ᠬᠡᠮᠵᠢᠶ᠎ᠡ ᠶᠢᠨ 14.64% ᠶᠢ ᠡᠵᠡᠯᠡᠵᠦ | ᠂ ᠲᠣᠰ ᠬᠦᠷᠢᠶᠡᠨ ᠤ ᠴᠣ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ |