2 ᠳ᠋ᠤᠭᠠᠷ ᠰᠠᠷ᠎ᠠ ᠶᠢᠨ 9 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ | ᠠᠯᠪᠠᠨ ᠬᠡᠷ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠨᠡᠶᠢᠲᠡᠯᠡᠬᠦ | ᠬᠤᠷᠠᠯ ᠬᠤᠷᠠᠯᠳᠤᠭᠤᠯᠵᠠᠢ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ | ᠡᠷᠬᠢᠯᠡᠭᠴᠢ ᠾᠧ ᠵᠢᠶᠧ ᠭᠤᠣᠯ ᠰᠡᠳᠦᠪ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠵᠠᠩ ᠳ᠋ᠧ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠲᠣᠪᠴᠢᠶᠠᠨ ᠤ ᠳᠡᠳ᠋ ᠳᠠᠷᠤᠭ᠎ᠠ ᠵᠢᠶᠠᠩ ᠯᠠᠨ ᠮᠧᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠬᠢᠭᠡᠳ | ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢᠨ ᠰᠦᠢᠳᠬᠡᠯ ᠬᠤᠷᠢᠶᠠᠯᠲᠠ ᠶᠢᠨ ᠬᠠᠮᠢᠶᠠᠷᠤᠯᠲᠠ ᠶᠢᠨ ᠭᠠᠵᠠᠷ ᠤᠨ | ᠳᠠᠷᠤᠭ᠎ᠠ ᠳ᠋ᠦ᠋ ᠵᠠᠩ ᠶᠢᠨ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠪᠠ᠃ | | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠨᠡᠶᠢᠲᠡᠯᠡᠬᠦ | ᠬᠤᠷᠠᠯ ᠤᠨ ᠨᠡᠶᠢᠲᠡᠯᠡᠬᠦ ᠦᠭᠡ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠾᠧ | ᠵᠢᠶᠧ | | | ᠡᠩ ᠲᠡᠷᠢᠭᠦᠨ ᠳᠤ᠂ ᠲᠠ ᠪᠦᠬᠦᠨ ᠤ ᠥᠨᠥᠳᠦᠷ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠨᠡᠶᠢᠲᠡᠯᠡᠬᠦ ᠬᠤᠷᠠᠯ ᠳᠤ ᠣᠷᠣᠯᠴᠠᠭᠰᠠᠨ ᠳᠤ ᠪᠠᠶᠠᠷᠯᠠᠯ᠎ᠠ᠃ | ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠣᠯᠤᠨ ᠡᠷᠴᠢ ᠬᠤᠶᠠᠷ ᠢ ᠡᠵᠡᠮᠳᠡᠬᠦ ᠶᠢ ᠪᠡᠶᠡᠯᠡᠭᠦᠯᠬᠦ ᠪᠣᠯ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ᠂ ᠪᠣᠬᠢᠷᠲᠤᠯ ᠥᠭᠡᠢ ᠳᠣᠣᠷ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠲᠦᠷᠭᠡᠳᠬᠡᠨ ᠠᠬᠢᠭᠤᠯᠬᠤ᠂ ᠡᠨᠧᠷᠭᠢ ᠶᠢᠨ ᠡᠬᠢ ᠪᠠᠶᠠᠯᠢᠭ ᠢ ᠥᠨᠳᠥᠷ ᠦᠷ᠎ᠡ ᠠᠰᠢᠭ ᠲᠠᠢ ᠠᠰᠢᠭᠯᠠᠬᠤ ᠶᠢ | ᠴᠢᠩᠭᠠᠷᠠᠭᠤᠯᠬᠤ ᠴᠢᠬᠤᠯᠠ ᠲᠥᠷᠢᠮ ᠤᠨ ᠲᠤᠬᠢᠷᠠᠭᠤᠯᠤᠯᠳᠠ ᠪᠣᠯᠬᠤ ᠪᠥᠭᠡᠳ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠤᠷᠬᠢᠯ ᠳᠤ ᠬᠦᠷᠦᠭᠦᠯᠬᠦ ᠵᠢᠴᠢ ᠨᠡᠭᠦᠷᠡᠰᠦᠲᠥ᠋ᠷᠥᠭᠴᠢ ᠶᠢ ᠪᠠᠷᠠᠭᠳᠠᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ | ᠣᠷᠣᠨ ᠤ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ ᠤᠨ | ᠡᠷᠴᠢ ᠨᠢ ᠴᠥᠮ ᠡᠵᠡᠮᠳᠡᠬᠦ ᠬᠠᠷᠠᠯᠲᠠ ᠪᠠᠨ ᠪᠡᠶᠡᠯᠡᠭᠦᠯᠦᠭᠰᠡᠨ ᠥᠬᠡᠶ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠠᠭᠴᠢ ᠲᠠᠪᠤᠨ ᠵᠢᠯ ᠮᠥᠨ᠂ ᠲᠥᠪ ᠬᠤᠷᠢᠶᠠᠨ ᠠᠴᠠ ᠡᠨᠧᠷᠭᠢ ᠶᠢᠨ | ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠳᠤ ᠨᠡᠩ ᠥᠨᠳᠥᠷ ᠨᠡᠩ ᠴᠢᠩᠭ᠎ᠠ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠮᠠᠨ ᠤ ᠣᠷᠣᠨ ᠤᠯᠤᠰ ᠤᠨ ᠴᠢᠬᠤᠯᠠ ᠡᠨᠧᠷᠭᠢ ᠶᠢᠨ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ ᠪᠣᠯᠤᠭᠰᠠᠨ ᠤ ᠬᠤᠪᠢ ᠳᠤ᠂ ᠤᠯᠤᠰ ᠤᠨ ᠰᠠᠭᠤᠷᠢ ᠲᠦᠭᠦᠬᠡᠶ ᠮᠠᠲ᠋ᠧᠷᠢᠶᠠᠯ ᠤᠨ | ᠬᠠᠩᠭᠠᠯᠭ᠎ᠠ ᠶᠢ ᠪᠠᠲᠤᠯᠠᠬᠤ᠂ ᠡᠨᠧᠷᠭᠢ ᠶᠢᠨ ᠠᠮᠤᠷ ᠲᠦᠪᠰᠢᠨ ᠪᠣᠯᠤᠨ ᠠᠵᠤ ᠠᠬᠤᠶ ᠶᠢᠨ ᠠᠮᠤᠷ ᠲᠦᠪᠰᠢᠨ ᠢ ᠦᠨᠡᠨᠬᠦ | ᠪᠠᠲᠤᠯᠠᠬᠤ ᠶᠢᠨ ᠵᠡᠷᠭᠡᠴᠡᠪᠡᠷ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠨᠧᠷᠭᠢ ᠶᠢᠨ ᠬᠤᠷᠣᠭᠳᠠᠯ ᠤᠨ ᠬᠤᠣᠰ | ᠡᠵᠡᠮᠳᠡᠯ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠯ ᠮᠠᠨ ᠤ ᠣᠷᠣᠨ ᠤ ︽ᠠᠷᠪᠠᠨ | ᠳᠥᠷᠪᠡᠳᠦᠭᠡᠷ ᠲᠠᠪᠤᠨᠵᠢᠯ ᠤᠨ ᠲᠥᠯᠥᠪᠵᠢᠭᠦᠯᠭᠡ︾ ᠶᠢ ᠰᠠᠶᠢᠲᠤᠷ ᠡᠬᠢᠯᠡᠭᠦᠯᠬᠦ᠂ ᠵᠠᠩᠭᠢᠯᠠᠭ᠎ᠠ ᠶᠢᠨ ᠴᠠᠭ ᠦᠶ᠎ᠡ ᠳᠤ | ᠲᠠᠯᠪᠢᠭᠰᠠᠨ ᠴᠢᠬᠤᠯᠠ ᠡᠭᠦᠷᠭᠡ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠨᠧᠷᠭᠢ ᠶᠢᠨ ᠬᠤᠷᠣᠭᠳᠠᠯ ᠤᠨ | ᠬᠤᠣᠰ ᠡᠵᠡᠮᠳᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠨᠴᠠᠭᠠᠶᠢᠯᠠᠨ ᠨᠢᠳᠤᠨᠤᠨ ᠠᠴᠠ ᠨᠠᠰᠢ᠂ | ᠠᠯᠢ ᠤᠯᠠᠨ ᠴᠢᠭᠯᠡᠭᠦᠯᠬᠦ ᠴᠢᠨᠠᠷᠲᠠᠢ ᠬᠠᠲᠠᠭᠤ ᠠᠷᠭ᠎ᠠ ᠬᠡᠮᠵᠢᠶ᠎ᠡ ᠶᠢ ᠲᠣᠭᠲᠠᠭᠠᠵᠤ᠂ ᠮᠠᠨ ᠤ ᠣᠷᠣᠨ ᠤ ᠬᠠᠷᠠᠯᠲᠠ | ᠡᠭᠦᠷᠭᠡ ᠪᠠᠨ ᠡᠷᠡᠰ ᠪᠡᠶᠡᠯᠡᠭᠦᠯᠬᠦ ᠢᠲᠡᠭᠡᠯ ᠵᠣᠷᠢᠭ ᠢ ᠢᠯᠡᠷᠡᠭᠦᠯᠪᠡ᠃ ᠳᠣᠤᠷ᠎ᠠ ᠪᠢ ᠣᠶᠢᠷ᠎ᠠ ᠶᠢᠨ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠬᠤᠯᠪᠣᠭᠳᠠᠯ ᠪᠥᠬᠦᠶ | ᠪᠠᠶᠢᠳᠠᠯ ᠢ ᠲᠥᠬᠦᠮ ᠵᠠᠷᠯᠠᠨ ᠮᠡᠳᠡᠭᠳᠡᠶ᠎ᠡ᠃ | ᠨᠢᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠨᠧᠷᠭᠢ ᠶᠢᠨ | ᠬᠤᠷᠣᠭᠳᠠᠯ ᠤᠨ ᠬᠤᠣᠰ ᠡᠵᠡᠮᠳᠡᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠡᠷᠡᠰ ᠵᠣᠷᠢᠭ | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠳᠤ ᠬᠠᠨᠳᠤᠭᠤᠯᠤᠨ | ᠱᠢ ᠲᠠᠢ ᠹᠧᠩ ᠱᠦᠵᠢ᠂ ᠪᠦ᠋ ᠰᠢᠶᠤᠤ ᠯᠢᠨ ᠲᠡᠷᠢᠭᠦᠯᠡᠭᠴᠢ ᠣᠯᠠᠨ ᠤᠳᠠᠭ᠎ᠠ ᠵᠢᠭᠠᠪᠤᠷᠢ ᠴᠣᠬᠤᠯᠠᠪᠤᠷᠢ ᠥᠭᠴᠦ᠂ ᠡᠯ᠎ᠡ | ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠷᠪᠠᠨ | ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤᠨ ᠡᠨᠧᠷᠭᠢ ᠶᠢᠨ ᠬᠤᠷᠣᠭᠳᠠᠯ ᠤᠨ ᠶᠡᠷᠦᠩᠬᠡᠢ | ᠬᠡᠮᠵᠢᠶ᠎ᠡ ᠪᠣᠯᠤᠨ ᠡᠷᠴᠢᠮ ᠤᠨ ᠬᠢᠵᠠᠭᠠᠷᠯᠠᠯ ᠠᠴᠠ ᠬᠡᠲᠦᠷᠡᠭᠰᠡᠨ ᠰᠤᠷᠭᠠᠮᠵᠢ ᠶᠢ ᠭᠦᠨᠵᠡᠭᠡᠢ ᠬᠦᠯᠢᠶᠡᠨ | ᠠᠪᠴᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠤᠯᠤᠰ ᠤᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠪᠠᠶᠢᠯᠳᠤᠬᠤ ᠪᠤᠳᠤᠯᠭ᠎ᠠ ᠶᠢ ᠡᠷᠡᠰ ᠨᠠᠶᠢᠳᠠᠪᠤᠷᠢᠵᠢᠭᠤᠯᠵᠤ᠂ | ᠠᠵᠢᠯ ᠤᠨ ᠳᠤᠲᠠᠭᠳᠠᠯ ᠢᠶᠠᠨ ᠨᠥᠬᠦᠪᠥᠷᠢᠯᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠲᠡᠷᠡ | ᠶᠣᠰᠣᠭᠠᠷ ᠨᠢ ᠪᠡᠶᠡᠯᠡᠭᠦᠯᠦᠨ᠎ᠡ᠃ ᠡᠩ ᠲᠡᠷᠢᠭᠦᠨ ᠳᠤ 2021 ᠣᠨ ᠤ ᠡᠨᠧᠷᠭᠢ ᠶᠢᠨ ᠬᠤᠷᠣᠭᠳᠠᠯ ᠤᠨ ᠬᠤᠣᠰ | ᠡᠵᠡᠮᠳᠡᠯ ᠤᠨ ᠬᠠᠷᠠᠯᠲᠠ ᠡᠭᠦᠷᠭᠡ᠂ ᠬᠡᠳᠦ᠋ᠢᠪᠡᠷ ᠣᠳᠣᠬᠠᠨ ᠳᠤ ᠤᠯᠤᠰ ᠠᠴᠠ ᠡᠯ᠎ᠡ ᠮᠤᠵᠢ ᠣᠷᠣᠨ ᠳᠤ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠪᠣᠳᠠᠲᠠᠶ | ᠬᠠᠷᠠᠯᠲᠠ ᠶᠢ ᠪᠠᠭᠤᠯᠭᠠᠭᠠᠳᠤᠶ ᠪᠣᠯᠪᠠᠴᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠵᠣᠷᠢᠯᠭ᠎ᠠ ᠨᠢ ᠲᠣᠳᠣᠷᠬᠠᠢ | ᠠᠵᠢᠯᠯᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠨᠢᠳᠤᠨᠤᠨ ᠤ 12 ᠳ᠋ᠤᠭᠠᠷ | ᠰᠠᠷ᠎ᠠ ᠳᠤ ᠡᠯ᠎ᠡ ᠠᠶᠢᠮᠠᠭ ᠬᠤᠲᠠ ᠶᠢᠨ 2021 ᠣᠨ ᠤ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ | ᠬᠠᠷᠠᠯᠲᠠ ᠶᠢᠨ ᠡᠭᠦᠷᠭᠡ ᠶᠢ ᠤᠷᠢᠳᠴᠢᠯᠠᠨ ᠪᠠᠭᠤᠯᠭᠠᠵᠤ᠂ 2021 ᠣᠨ ᠤ ᠪᠥᠬᠦ ᠣᠷᠣᠨ ᠤ ᠨᠢᠭᠡᠴᠢ ᠭᠠᠵᠠᠷ ᠣᠷᠣᠨ ᠤ | ᠦᠢᠯᠡᠳᠪᠦᠷᠢᠯᠡᠯ ᠤᠨ ᠪᠥᠬᠦ ᠥᠷᠲᠡᠭ ᠤᠨ ᠡᠨᠧᠷᠭᠢ ᠶᠢᠨ ᠬᠤᠷᠣᠭᠳᠠᠯ ᠢ 3% ᠪᠠᠷ | ᠪᠠᠭᠤᠷᠠᠭᠤᠯᠵᠤ᠂ ᠡᠨᠧᠷᠭᠢ ᠶᠢᠨ ᠬᠤᠷᠣᠭᠳᠠᠯ ᠤᠨ ᠨᠡᠮᠡᠭᠳᠡᠯ ᠤᠨ ᠬᠡᠮᠵᠢᠶ᠎ᠡ ᠶᠢ 500 ᠲᠦᠮᠡᠨ ᠲᠣᠨ ᠪᠠᠷᠢᠮᠵᠢᠶᠠᠲᠤ | ᠨᠡᠭᠦᠷᠡᠰᠦᠨ ᠤ ᠳᠣᠲᠣᠷ᠎ᠠ ᠬᠢᠵᠠᠭᠠᠷᠯᠠᠬᠤ ᠬᠠᠷᠠᠯᠲᠠ ᠶᠢᠨ ᠡᠭᠦᠷᠭᠡ ᠶᠢ ᠤᠷᠢᠳᠠᠪᠠᠷ ᠲᠣᠭᠲᠠᠭᠠᠪᠠ᠃ ᠥᠪᠡᠷᠲᠡᠭᠡᠨ ᠵᠠᠰᠠᠬᠤ | ᠣᠷᠣᠨ ᠠᠯᠢ ᠡᠷᠲᠡ ᠠᠴᠠ 2021 ᠣᠨ ᠤ ᠡᠨᠡ ᠬᠤᠶᠠᠷ ᠴᠢᠩᠭ᠎ᠠ ᠬᠢᠵᠠᠭᠠᠷᠯᠠᠬᠤ ᠭᠦᠢᠴᠡᠳᠬᠡᠯ ᠲᠤᠭ᠎ᠠ ᠶᠢ ᠲᠣᠳᠣᠷᠬᠠᠢ | ᠲᠣᠭᠲᠠᠭᠠᠵᠠᠢ᠂ ᠳᠠᠷᠤᠢ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠠᠷᠠᠯᠲᠠ ᠶᠢᠨ ᠡᠭᠦᠷᠭᠡ ᠶᠢ ᠡᠷᠡᠰ | ᠪᠡᠶᠡᠯᠡᠭᠦᠯᠵᠦ᠂ ᠵᠣᠷᠢᠭ ᠰᠢᠭᠤᠳᠤᠨ ᠮᠠᠨ ᠤ ᠣᠷᠣᠨ ᠤ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ ᠳᠤ | ᠳᠤᠬᠢᠷᠠᠭᠤᠯᠤᠯᠳᠠ ᠬᠢᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠪᠢᠷᠠᠭᠤᠯᠵᠤ᠂ ᠠᠵᠤ ᠠᠬᠤᠢ ᠶᠢᠨ ᠶᠠᠰᠤ ᠴᠢᠨᠠᠷ | ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠴᠢᠷᠮᠠᠶᠢᠵᠠᠢ᠃ | ᠬᠤᠶᠠᠷ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ | ᠭᠤᠤᠯᠳᠠᠯᠭ᠎ᠠ ᠲᠠᠢ ᠠᠷᠭ᠎ᠠ ᠬᠡᠮᠵᠢᠶ᠎ᠡ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠪᠠᠶᠢᠷᠢᠯᠠᠭᠤᠯᠤᠯᠲᠠ | ᠶᠣᠰᠣᠭᠠᠷ᠂ ᠣᠶᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠬᠢᠭᠡᠳ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ | ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠮᠠᠨ ᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠠᠵᠢᠯ ᠤᠨ | ᠲᠣᠭᠤᠷᠢᠨ ᠳᠤ ᠰᠠᠶᠢᠨ ᠡᠬᠢᠯᠡᠯᠲᠡ ᠲᠠᠢ ᠪᠣᠯᠵᠣ᠂ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠢᠭᠲᠠ | ᠰᠤᠳᠤᠯᠤᠨ ᠲᠣᠭᠲᠠᠭᠠᠵᠤ᠂ ᠬᠠᠮᠢᠶ᠎ᠠ ᠪᠥᠬᠦᠶ ᠲᠦᠷᠢᠮ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠪᠦᠬᠦᠨ ᠢ | ᠬᠠᠮᠤᠷᠤᠭᠰᠠᠨ︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ ᠶᠡᠷᠦᠩᠬᠡᠶ ᠰᠡᠳᠬᠢᠴᠡ | ᠭᠡᠪᠡᠯ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠤ ᠦᠢᠯᠡᠰ ᠤᠨ ᠪᠦᠲᠦᠴᠡ | ᠪᠠ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠨᠧᠷᠭᠢ ᠶᠢᠨ | ᠰᠤᠷᠪᠤᠯᠵᠢ ᠶᠢ ᠠᠰᠢᠭᠯᠠᠬᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠯ ᠤᠨ | ᠬᠦᠴᠦᠨ ᠢ ᠴᠢᠩᠭ᠎ᠠ ᠬᠢᠵᠠᠭᠠᠷᠯᠠᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠶᠢ | ᠵᠦᠢ ᠵᠣᠬᠢᠰᠲᠠᠶ ᠪᠠᠷ ᠬᠢᠵᠠᠭᠠᠷᠯᠠᠨ᠎ᠠ᠃ ᠨᠢᠭᠡ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠣᠪᠣᠷ ᠲᠦᠢᠯ ᠤᠨ ᠡᠷᠡᠰ | ᠰᠢᠭᠤᠷᠬᠠᠶ ᠪᠠᠶᠢᠵᠤ᠂ ︽ᠬᠠᠲᠠᠭᠤ︾ ᠴᠢᠨᠠᠷᠲᠠᠶ ᠠᠷᠭ᠎ᠠ ᠬᠡᠮᠵᠢᠶ᠎ᠡ ᠶᠢ ᠬᠡᠷᠡᠭᠯᠡᠨ᠂ ᠬᠢᠵᠠᠭᠠᠷᠯᠠᠬᠤ ᠲᠥᠷᠥᠯ ᠪᠠ | ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠬᠦ ᠡᠷᠴᠢᠮ ᠢᠶᠠᠨ | ᠴᠢᠩᠭᠠᠷᠠᠭᠤᠯᠵᠤ᠂ ᠡᠨᠧᠷᠭᠢ ᠶᠢᠨ ᠬᠤᠷᠣᠭᠳᠠᠯ ᠶᠡᠬᠡᠲᠡᠶ ᠲᠥᠷᠥᠯᠲ᠋ᠣᠤᠷᠠ ᠬᠢᠷᠢ ᠬᠡᠮᠵᠢᠶ᠎ᠡ ᠪᠠᠷ ᠳᠠᠪᠬᠤᠷᠳᠠᠭᠤᠯᠤᠨ ᠪᠥᠲᠥᠭᠡᠨ | ᠪᠠᠶᠢᠭᠤᠯᠬᠤ ᠶᠢ ᠡᠷᠡᠰ ᠬᠤᠷᠢᠭᠯᠠᠨ᠎ᠠ︔ ᠨᠥᠭᠦᠭᠡ ᠲᠠᠯ᠎ᠠ ᠪᠠᠷ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠯᠠᠪᠳᠠᠭᠤᠨ ᠢᠶᠠᠷ ᠬᠡᠷᠡᠭᠵᠢᠭᠦᠯᠬᠦ ᠶᠢ ᠴᠢᠬᠤᠯᠠᠴᠢᠯᠠᠵᠤ᠂ ᠡᠨᠧᠷᠭᠢ ᠶᠢᠨ ᠬᠤᠷᠣᠭᠳᠠᠯ ᠤᠨ ᠬᠦᠴᠦᠨ | ᠵᠦᠢᠯ ᠤᠨ ᠭᠦᠢᠴᠡᠳᠭᠡᠯ ᠲᠤᠭ᠎ᠠ ᠶᠢ ᠥᠨᠳᠥᠷ ᠲᠠᠰ ᠳᠠᠰᠢ ᠰᠢᠯᠵᠢᠭᠦᠯᠬᠦ ᠶᠢ ᠵᠦᠢ | ᠵᠣᠬᠢᠰᠲᠠᠶ ᠪᠠᠷ ᠬᠥᠲᠥᠯᠥᠨ ᠵᠢᠯᠣᠭᠤᠳᠤᠨ᠎ᠠ᠃ | ᠨᠢᠭᠡ ᠳᠤ᠂ ᠲᠥᠯᠥᠪᠵᠢᠭᠦᠯᠦᠨ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ | ᠵᠢᠷᠤᠭᠯᠠᠨ ᠲᠥᠯᠥᠪᠯᠡᠭᠰᠡᠨ ᠡᠨᠧᠷᠭᠢ ᠶᠢᠨ ᠬᠤᠷᠣᠭᠳᠠᠯ᠂ ᠠᠰᠢᠭᠯᠠᠯᠲᠠ ᠳᠤ ᠣᠷᠣᠭᠤᠯᠬᠤ ᠴᠠᠭ ᠢ ᠪᠥᠬᠦ ᠲᠠᠯ᠎ᠠ ᠪᠠᠷ ᠡᠮᠬᠢᠯᠡᠨ | ᠳᠢᠭᠯᠡᠵᠦ᠂ ᠡᠯ᠎ᠡ ᠭᠠᠵᠠᠷ ᠢ ᠵᠢᠯᠣᠭᠤᠳᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢ ᠰᠦᠪᠡᠭᠴᠢᠯᠡᠬᠦ᠂ | ᠠᠵᠤ ᠦᠢᠯᠡᠰ ᠢ ᠪᠠᠶᠢᠷᠢᠯᠠᠭᠤᠯᠬᠤ᠂ ᠲᠥᠷᠥᠯ ᠵᠦᠢᠯ ᠢ ᠣᠷᠣᠭᠤᠯᠤᠨ ᠠᠪᠴᠢᠷᠠᠬᠤ ᠳᠠᠭᠠᠨ᠂ ᠡᠩ | ᠲᠡᠷᠢᠭᠦᠨ ᠳᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠬᠦ ᠬᠠᠲᠠᠭᠤ ᠬᠢᠵᠠᠭᠠᠷᠯᠠᠯ ᠢ ᠪᠣᠳᠣᠯᠬᠢᠯᠠᠵᠤ᠂ ᠡᠨᠧᠷᠭᠢ ᠶᠢᠨ | ᠬᠤᠷᠣᠭᠳᠠᠯ ᠤᠨ ᠬᠤᠣᠰ ᠡᠵᠡᠮᠳᠡᠬᠦ ᠰᠢᠨ᠎ᠡ ᠱᠠᠭᠠᠷᠳᠠᠯᠭ᠎ᠠ ᠯᠤᠭ᠎ᠠ ᠵᠣᠯᠭᠠᠭᠤᠯᠬᠤ ᠶᠢ ᠭᠦᠢᠴᠡᠳ ᠰᠠᠶᠢᠲᠤᠷ | ᠬᠢᠨ᠎ᠠ᠃ | ᠬᠤᠶᠠᠷ ᠲᠤ᠂ ᠬᠤᠷᠸ᠎ᠠ ᠲᠤᠬᠢᠷᠠᠭᠤᠯᠤᠯ ᠡᠵᠡᠮᠳᠡᠯ ᠢ ᠴᠢᠩᠭᠠᠳᠬᠠᠪᠠ᠃ ᠤᠯᠤᠰ ᠤᠨ ᠬᠤᠯᠪᠣᠭᠳᠠᠯ ᠪᠥᠬᠦᠶ | ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠮᠠᠨ ᠤ ᠣᠷᠣᠨ ᠤ ᠪᠣᠬᠢᠷᠲᠤᠯ ᠥᠬᠡᠶ | ᠴᠠᠬᠢᠯᠭᠠᠨ ᠤ ᠦᠨ᠎ᠡ ᠶᠢᠨ ᠠᠷᠭ᠎ᠠ ᠬᠡᠮᠵᠢᠶ᠎ᠡ ᠶᠢ ᠳᠣᠭᠢᠷᠠᠭᠤᠯᠤᠨ ᠬᠡᠷᠡᠭᠵᠢᠭᠦᠯᠵᠦ᠂ ᠦᠨ᠎ᠡ ᠬᠠᠩᠰᠢ ᠶᠢᠨ ᠬᠥᠰᠢᠭᠦᠷᠭᠡ ᠶᠢᠨ | ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠪᠠᠷᠢᠯ ᠢᠶᠠᠷ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠢᠯ ᠲᠥᠷᠥᠯ ᠤᠨ | ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠵᠦ ᠭᠠᠷᠭᠠᠬᠤ ᠵᠢᠠᠬᠢᠭᠤᠯᠵᠠᠢ | ᠃ | ᠭᠤᠷᠪᠠ ᠳᠤ᠂ ᠡᠨᠧᠷᠭᠢ ᠬᠡᠷᠡᠭᠯᠡᠬᠦ ᠲᠠᠯ᠎ᠠ ᠪᠠᠷ ᠬᠢ ᠳᠤᠲᠠᠭᠤᠳᠠᠯ ᠢ ᠲᠡᠩᠴᠡᠭᠦᠷᠢᠲᠡᠶ ᠪᠠᠶᠢᠯᠭᠠᠨ᠎ᠠ᠃ ᠥᠪᠡᠷᠲᠡᠭᠡᠨ | ᠵᠠᠰᠠᠬᠤ ᠣᠷᠣᠨ ᠠᠴᠠ ︽ᠨᠢᠭᠡ ᠪᠦᠯᠦᠭ ᠢ ᠬᠢᠵᠠᠭᠠᠷᠯᠠᠬᠤ᠂ ᠨᠢᠭᠡ ᠪᠦᠯᠦᠭ ᠢ ᠰᠣᠯᠢᠬᠤ᠂ ᠨᠢᠭᠡ ᠪᠦᠯᠦᠭ ᠢ | ᠬᠤᠶᠢᠰᠢᠯᠠᠭᠤᠯᠤᠨ ᠪᠠᠶᠢᠭᠤᠯᠬᠤ︾ ᠪᠣᠳᠠᠲᠠᠶ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠨᠧᠷᠭᠢ ᠬᠡᠷᠡᠭᠯᠡᠬᠦ ᠲᠠᠯ᠎ᠠ ᠪᠠᠷ ᠬᠢ | ᠳᠤᠲᠠᠭᠤᠳᠠᠯ ᠢ ᠲᠡᠩᠴᠡᠭᠦᠷᠢᠲᠡᠶ ᠪᠠᠶᠢᠯᠭᠠᠨ᠎ᠠ᠃ ᠨᠢᠭᠡᠳᠦᠭᠡᠷ ᠲᠤ᠂ ᠡᠨᠧᠷᠭᠢ ᠶᠢᠨ ᠬᠤᠷᠣᠭᠳᠠᠯ ᠶᠡᠬᠡᠲᠡᠶ ᠠᠵᠤ ᠦᠢᠯᠡᠰ ᠤᠨ | ᠵᠦᠢᠯᠡᠰ ᠤᠨ ᠳᠣᠣᠷ᠎ᠠ ᠲᠦᠪᠰᠢᠨ ᠳᠤ ᠳᠠᠪᠬᠤᠷᠳᠠᠭᠤᠯᠤᠨ ᠪᠦᠳᠦᠭᠡᠨ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ | ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ ᠦᠢᠯᠡᠰ ᠤᠨ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ | ᠡᠨᠧᠷᠭᠢ ᠶᠢᠨ ᠬᠤᠷᠣᠭᠳᠠᠭᠤᠯᠤᠯ ᠶᠡᠬᠡᠲᠡᠶ ᠨᠢᠭᠡ ᠪᠦᠯᠦᠭ ᠵᠦᠢᠯᠡᠰ ᠢ ᠪᠦᠲᠦᠮᠵᠢᠲᠡᠶ ᠪᠠᠷ ᠡᠬᠢᠯᠡᠭᠦᠯᠵᠦ᠂ ᠪᠣᠳᠠᠲᠠᠶ | ᠲᠦᠷᠦ ᠶᠢᠨ ᠪᠤᠳᠤᠯᠭ᠎ᠠ ᠶᠢ ᠵᠠᠯᠭᠠᠯᠳᠤᠭᠠᠪᠠᠷ ᠨᠡᠶᠢᠲᠡᠯᠡᠨ᠎ᠡ︔ ᠬᠤᠶᠠᠳᠤᠭᠠᠷ ᠲᠤ᠂ ᠠᠵᠤ ᠠᠬᠤᠶᠢᠯᠠᠯ ᠢ ᠬᠥᠲᠥᠯᠦᠨ | ᠵᠢᠯᠣᠭᠤᠳᠴᠤ ᠪᠠᠶᠢᠭᠠᠳ ᠲᠠᠰ ᠳᠡᠪᠰᠢᠭᠦᠯᠦᠨ ᠥᠭᠡᠷᠡᠴᠢᠯᠡᠵᠦ᠂ ᠡᠨᠧᠷᠭᠢ ᠶᠢᠨ ᠬᠤᠷᠣᠭᠳᠠᠯ ᠶᠡᠬᠡᠲᠡᠶ ᠬᠡᠰᠡᠭ ᠠᠵᠢᠯ | ᠲᠥᠷᠥᠯ ᠤᠨ ᠦᠢᠯᠡᠳᠪᠦᠷᠢᠯᠡᠬᠦ ᠴᠢᠳᠠᠪᠤᠷᠢ ᠳᠤ ᠠᠳᠠᠯᠢᠬᠡᠮᠵᠢᠶᠡ ᠪᠠᠷ ᠪᠤᠶᠤ ᠬᠡᠮᠵᠢᠶ᠎ᠡ ᠶᠢ ᠨᠢ ᠪᠠᠭᠠᠰᠬᠠᠨ ᠰᠣᠯᠢᠬᠤ ᠶᠢ | ᠬᠡᠷᠡᠭᠵᠢᠭᠦᠯᠵᠦ᠂ ᠨᠢᠭᠡ ᠪᠦᠯᠦᠭ ᠦᠯᠡᠭᠦᠳᠡᠭᠰᠡᠨ ᠠᠵᠢᠯ ᠲᠥᠷᠥᠯ ᠤᠨ ᠬᠢᠵᠠᠭᠠᠷᠯᠠᠬᠤ ᠲᠥᠷᠥᠯ ᠤᠨ ᠠᠵᠤ ᠠᠬᠤᠶᠢᠯᠠᠯ ︵ | ᠲᠣᠨᠤᠭ ᠲᠥᠬᠦᠭᠡᠷᠦᠮᠵᠢ︶ ᠤᠨ ᠦᠢᠯᠡᠳᠪᠦᠷᠢᠯᠡᠬᠦ ᠴᠢᠳᠠᠪᠤᠷᠢ ᠶᠢ ᠰᠣᠯᠢᠵᠠᠢ᠃ ᠭᠤᠷᠪᠠᠳᠤᠭᠠᠷ ᠲᠤ᠂ ᠡᠨᠧᠷᠭᠢ ᠠᠷᠪᠢᠯᠠᠬᠤ | ᠬᠢᠨᠠᠨ ᠪᠠᠶᠢᠴᠠᠭᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠬᠤ ᠵᠦᠢᠯᠡᠰ ᠢ | ᠡᠷᠬᠡᠪᠰᠢ ︽ᠬᠤᠶᠠᠷ ᠲᠡᠷᠢᠭᠦᠨ ᠤ ᠬᠢ︾ ᠳᠤ ᠬᠦᠷᠭᠡᠬᠦ ᠬᠡᠷᠡᠭᠲᠡᠶ᠂ ᠲᠤᠬᠠᠶᠢᠯᠠᠪᠠᠯ᠄ ᠤᠷᠠᠨ ᠮᠡᠷᠭᠡᠰᠢᠯ ᠲᠧᠭᠨᠢᠭ | ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠬᠡᠮᠵᠢᠶᠡᠨ ᠳᠤ ᠬᠦᠷᠭᠡᠵᠦ᠂ | ᠡᠨᠧᠷᠭᠢ ᠶᠢᠨ ᠰᠤᠷᠪᠤᠯᠵᠢ ᠶᠢ ᠠᠰᠢᠭᠯᠠᠬᠤ ᠦᠷ᠎ᠡ ᠪᠦᠲᠦᠭᠡᠯ ᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠭᠡᠬᠦ ᠬᠡᠷᠡᠭᠲᠡᠶ | ᠪᠥᠭᠡᠳ ᠪᠠᠶᠢᠭᠤᠯᠬᠤ ᠪᠠᠷ ᠪᠠᠶᠢᠭ᠎ᠠ ᠵᠦᠢᠯᠡᠰ ᠤᠨ ᠡᠨᠧᠷᠭᠢ ᠶᠢᠨ ᠬᠤᠷᠣᠭᠳᠠᠯ ᠤᠨ ᠪᠡᠯᠡ ᠣᠷᠣᠭᠤᠯᠤᠯᠲᠠ᠂ ᠠᠵᠤ | ᠠᠬᠤᠶ ᠶᠢᠨ ᠭᠠᠷᠤᠯᠲᠠ᠂ ᠭᠠᠶᠢᠯᠢ ᠲᠠᠲᠠᠪᠤᠷᠢ᠂ ᠠᠵᠢᠯ ᠣᠯᠭᠤᠯᠲᠠ ᠵᠡᠷᠭᠡ ᠶᠢ ᠶᠡᠷᠦᠩᠬᠡᠶᠢᠯᠡᠨ ᠦᠨᠡᠯᠡᠬᠦ ᠪᠠ | ᠥᠷᠢᠰᠥᠯᠳᠦᠭᠦᠯᠦᠨ ᠵᠢᠭᠰᠠᠭᠠᠵᠤ᠂ ᠡᠨᠧᠷᠭᠢ ᠶᠢᠨ ᠬᠤᠷᠣᠭᠳᠠᠯ ᠤᠨ ᠭᠠᠷᠤᠯᠲᠠ ᠶᠢᠨ ᠦᠷ᠎ᠡ ᠠᠰᠢᠭ ᠢᠶᠠᠷ ᠳᠣᠣᠷ᠎ᠠ | ᠵᠦᠢᠯᠡᠰ ᠤᠨ ︽ᠨᠢᠭᠡ ᠪᠦᠯᠦᠭ ᠢ ᠬᠤᠶᠢᠰᠢᠯᠠᠭᠤᠯᠤᠨ ᠪᠠᠶᠢᠭᠤᠯᠬᠤ︾ ᠬᠡᠷᠡᠭᠲᠡᠶ᠃ ᠳᠡᠭᠡᠷᠡᠬᠢ ᠠᠷᠭ᠎ᠠ ᠬᠡᠮᠵᠢᠶ᠎ᠡ ᠶᠢ | ᠶᠡᠷᠦᠩᠬᠡᠶᠢᠯᠡᠵᠦ᠂ ᠮᠠᠨ ᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠴᠢᠨᠠᠷ ᠰᠠᠶᠢᠲᠠᠶ | ᠬᠥᠭᠵᠢᠯᠲᠡ ᠳᠤ ᠡᠨᠧᠷᠭᠢ ᠬᠡᠷᠡᠭᠯᠡᠬᠦ ᠣᠷᠣᠨ ᠵᠠᠶ ᠶᠢ ᠰᠤᠯᠠᠯᠠᠨ ᠪᠤᠴᠠᠭᠠᠨ᠎ᠠ᠃ | ᠲᠦᠷᠪᠡ ᠳᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠪᠦᠲᠦᠴᠡ ᠶᠢ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠠᠴᠠ ᠤᠯᠠᠨ ᠵᠦᠢᠯ ᠤᠨ ᠡᠨᠧᠷᠭᠢ | ᠬᠠᠮᠵᠢᠯᠴᠠᠨ ᠬᠠᠷᠢᠯᠴᠠᠨ ᠨᠥᠬᠦᠪᠥᠷᠢᠯᠡᠬᠦ᠂ ᠶᠡᠷᠦᠩᠬᠡᠶᠢᠯᠡᠨ ᠠᠰᠢᠭᠯᠠᠬᠤ᠂ ᠡᠷᠴᠢᠮᠯᠢᠭ ᠪᠥᠭᠡᠳ ᠥᠨᠳᠥᠷ ᠦᠷ᠎ᠡ ᠪᠦᠲᠦᠮᠵᠢᠲᠡᠶ | ᠡᠨᠧᠷᠬᠢᠢ ᠬᠠᠩᠭᠠᠬᠤ ᠠᠷᠭ᠎ᠠ ᠮᠠᠶ᠋ᠢᠭ ᠢ ᠲᠦᠷᠭᠡᠳᠬᠡᠨ ᠪᠤᠢ ᠪᠣᠯᠭᠠᠵᠤ᠂ ᠮᠠᠨ ᠤ ᠣᠷᠣᠨ ᠤ ᠡᠨᠧᠷᠭᠢ ᠶᠢᠨ ᠬᠡᠷᠡᠭᠯᠡᠭᠡᠨ ᠤ | ᠪᠦᠲᠦᠴᠡ ᠮᠥᠨ ᠬᠦ ᠨᠡᠭᠦᠷᠡᠰᠦ ᠪᠠᠷ ᠭᠤᠣᠯ ᠪᠣᠯᠭᠠᠵᠤ ᠪᠠᠶᠢᠭ᠎ᠠ ᠪᠠᠶᠢᠳᠠᠯ ᠢ ᠴᠢᠷᠮᠠᠶᠢᠨ ᠬᠤᠪᠢᠷᠠᠭᠤᠯᠵᠤ᠂ ᠲᠡᠬᠢᠨ ᠡᠭᠦᠰᠴᠦ | ᠪᠣᠯᠬᠤ ᠡᠨᠧᠷᠬᠢᠢ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠎ᠡ᠃ | ᠲᠠᠪᠤ ᠳᠤ᠂ ᠨᠠᠷᠢᠯᠢᠬᠵᠢᠭᠤᠯᠤᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠣᠶᠢᠷ᠎ᠠ ᠶᠢᠨ ᠬᠤᠭᠤᠴᠠᠭᠠᠨ ᠳᠤ᠂ | ᠥᠪᠡᠷᠲᠡᠭᠡᠨ ᠵᠠᠰᠠᠬᠤ ᠣᠷᠣᠨ ᠠᠴᠠ ᠡᠨᠧᠷᠭᠢ ᠶᠢᠨ ᠬᠤᠷᠣᠭᠳᠠᠯ ᠤᠨ ᠲᠥᠰᠦᠪ ᠤᠨ ᠬᠠᠮᠢᠶᠠᠷᠤᠯᠲᠠ ᠶᠢᠨ ᠬᠠᠮᠢᠶ᠎ᠠ | ᠥᠪᠡᠷᠲᠡᠭᠡᠨ ᠵᠠᠰᠠᠬᠤ ᠣᠷᠣᠨ ᠤ ᠵᠢᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ 1000 ᠲᠣᠨ | ᠪᠠᠷᠢᠮᠵᠢᠶᠠᠲᠤ ᠨᠡᠭᠦᠷᠡᠰᠦ ᠶᠢ ᠳᠠᠪᠠᠭᠰᠠᠨ ᠡᠨᠧᠷᠭᠢ ᠬᠡᠷᠡᠭᠯᠡᠬᠦ ᠨᠢᠭᠡᠴᠡ ᠶᠢ ᠪᠠᠶᠢᠭᠤᠯᠵᠤ ᠪᠠᠶᠢᠭ᠎ᠠ᠂ ᠪᠠᠶᠢᠭᠤᠯᠬᠤ ᠪᠠᠷ ᠪᠠᠶᠢᠭ᠎ᠠ | ᠣᠨ ᠤ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ 1000 ᠲᠣᠨ ᠪᠠᠷᠢᠮᠵᠢᠶᠠᠲᠤ ᠨᠡᠭᠦᠷᠡᠰᠦ ᠵᠢᠴᠢ | ᠲᠡᠭᠦᠨ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠪᠦᠬᠦᠨ ᠢ ᠡᠯ᠎ᠡ | ᠱᠠᠲᠤᠨ ᠤ ᠡᠨᠧᠷᠭᠢ ᠶᠢᠨ ᠬᠤᠷᠣᠭᠳᠠᠯ ᠤᠨ ᠲᠥᠰᠦᠪ ᠤᠨ ᠬᠠᠮᠢᠶᠠᠷᠤᠯᠲᠠ ᠶᠢᠨ ᠡᠬᠡ ᠳᠠᠩᠰᠠᠨ ᠳᠤ ᠣᠷᠣᠭᠤᠯᠵᠤ᠂ | ᠤᠯᠤᠰ ᠠᠴᠠ ᠪᠠᠭᠤᠯᠭᠠᠭᠰᠠᠨ ᠡᠨᠧᠷᠭᠢ ᠶᠢᠨ ᠬᠤᠷᠣᠭᠳᠠᠭᠤᠯᠭ᠎ᠠ ᠶᠢᠨ ᠨᠡᠮᠡᠭᠳᠡᠯ ᠤᠨ ᠬᠡᠮᠵᠢᠶ᠎ᠡ ᠶᠢᠨ ᠭᠦᠢᠴᠡᠳᠬᠡᠬᠦ ᠲᠤᠭ᠎ᠠ | ᠪᠣᠯᠤᠨ ᠡᠨᠧᠷᠭᠢ ᠠᠷᠪᠢᠯᠠᠵᠤ ᠲᠠᠯᠳᠠ ᠬᠦᠴᠦᠨ ᠢ ᠠᠭᠤᠳᠠᠯᠬᠤ᠂ ᠬᠤᠴᠣᠷᠤᠩᠭᠤᠶ ᠪᠠᠶᠢᠳᠠᠯ ᠢ ᠭᠡᠭᠡᠭᠳᠡᠭᠦᠯᠬᠦ ᠵᠡᠷᠭᠡ | ᠰᠤᠯᠠᠯᠠᠵᠤ ᠭᠠᠷᠭᠠᠭᠰᠠᠨ ᠡᠨᠧᠷᠭᠢ ᠬᠡᠷᠡᠭᠯᠡᠬᠦ ᠣᠷᠣᠨ ᠵᠠᠶ ᠶᠢ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠳᠤ | ᠨᠢᠭᠡᠳᠦᠯᠲᠡᠶ ᠣᠷᠣᠭᠤᠯᠵᠤ᠂ ᠡᠨᠧᠷᠭᠢ ᠶᠢᠨ ᠬᠤᠷᠣᠭᠳᠠᠭᠤᠯᠭ᠎ᠠ ᠶᠢᠨ ᠶᠡᠷᠦᠩᠬᠡᠶ ᠬᠡᠮᠵᠢᠶ᠎ᠡ ᠶᠢᠨ ᠭᠡᠳᠤ ᠲᠦᠷᠭᠡᠨ ᠨᠡᠮᠡᠭᠳᠡᠬᠦ ᠶᠢ | ᠬᠢᠵᠠᠭᠠᠷᠯᠠᠬᠤ ᠮᠥᠷᠲᠡᠭᠡᠨ ᠪᠠᠰᠠ ᠡᠨᠧᠷᠭᠢ ᠶᠢᠨ ᠬᠤᠷᠣᠭᠳᠠᠭᠤᠯᠭ᠎ᠠ ᠶᠢᠨ ᠡᠷᠴᠢᠮ ᠤᠨ ᠪᠠᠭᠤᠷᠠᠯᠲᠠ ᠶᠢ ᠵᠢᠱᠢᠭᠰᠡᠨ | ᠬᠠᠷᠠᠯᠲᠠ ᠳᠠᠭᠠᠨ ᠬᠦᠷᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠤ ᠨᠢᠭᠡᠨᠲᠡ | ᠨᠡᠶᠢᠲᠡᠯᠡᠭᠰᠡᠨ ︽ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ | ︽ᠡᠨᠧᠷᠭᠢ ᠠᠷᠪᠢᠯᠠᠬᠤ ᠲᠠᠯ᠎ᠠ ᠪᠠᠷ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠲᠡᠮᠳᠡᠭᠯᠡᠬᠦ ᠠᠷᠭ᠎ᠠ︾ ᠶᠢ ᠴᠢᠩᠭ᠎ᠠ | ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠷᠠᠭᠤᠯᠤᠨ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠬᠠᠤᠯᠢ ᠲᠣᠭᠲᠠᠭᠠᠯ ᠠᠴᠠ | ᠵᠥᠷᠢᠴᠡᠨ ᠡᠨᠧᠷᠭᠢ ᠬᠡᠷᠡᠭᠯᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠲᠠᠷᠠᠭᠠᠴᠢ ᠶᠢᠨ | ᠠᠯᠬᠤᠮ ᠳᠤ᠂ ᠡᠨᠧᠷᠭᠢ ᠠᠷᠪᠢᠯᠠᠬᠤ ᠠᠷᠠᠯᠵᠢᠶᠠᠨ ᠤ ᠠᠷᠭ᠎ᠠ ᠵᠡᠷᠭᠡ ᠵᠢᠵᠠᠯᠭᠠᠭᠠ ᠪᠠᠷ ᠨᠡᠶᠢᠲᠡᠯᠡᠵᠦ᠂ ᠡᠨᠧᠷᠭᠢ ᠶᠢᠨ | ᠬᠤᠷᠣᠭᠳᠠᠯ ᠤᠨ ᠬᠤᠤᠰ ᠡᠵᠡᠮᠳᠡᠯ ᠤᠨ ᠬᠠᠮᠢᠶ᠎ᠠ ᠪᠥᠬᠦᠶ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠠᠩ | ᠨᠠᠷᠢᠯᠢᠬᠵᠢᠭᠤᠯᠤᠭᠰᠠᠨ ᠬᠠᠮᠢᠶᠠᠷᠤᠯᠲᠠ ᠡᠵᠡᠮᠳᠡᠯ ᠢ ᠬᠡᠷᠡᠭᠵᠢᠭᠦᠯᠦᠨ᠎ᠡ᠃ | ᠵᠢᠷᠭᠤᠭ᠎ᠠ ᠳᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠡᠷᠡᠭᠵᠢᠭᠦᠯᠦᠨ᠎ᠡ᠃ 2021 ᠣᠨ ᠤ 2 | ᠳ᠋ᠤᠭᠠᠷ ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠣᠷᠣᠨ ᠪᠠ ᠡᠯ᠎ᠡ ᠠᠶᠢᠮᠠᠭ ᠬᠤᠲᠠ ᠶᠢᠨ ᠡᠨᠧᠷᠭᠢ ᠶᠢᠨ | ᠬᠤᠷᠣᠭᠳᠠᠯ ᠤᠨ ᠬᠤᠤᠰ ᠡᠵᠡᠮᠳᠡᠯ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠦᠭᠰᠡᠨ ᠠᠬᠢᠴᠠ ᠶᠢ ᠰᠠᠷ᠎ᠠ ᠳᠠᠷᠠᠭᠠᠯᠠᠨ ᠬᠢᠨᠠᠨ | ᠬᠡᠮᠵᠢᠵᠦ᠂ ᠬᠡᠲᠦ ᠡᠵᠡᠮᠳᠡᠯ ᠤᠨ ᠴᠤᠬᠤᠶᠢᠯᠲᠠ ᠶᠢ ᠣᠯᠵᠤ ᠮᠡᠳᠡᠪᠡᠯ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ | ᠴᠠᠭ ᠲᠤᠬᠠᠶ ᠳᠤᠨᠢ ᠬᠡᠷᠡᠭᠵᠢᠭᠦᠯᠵᠦ᠂ ᠨᠠᠷᠢᠯᠢᠭ ᠣᠨᠣᠴᠠᠲᠠᠶ ᠪᠠᠷ ᠳᠣᠭᠢᠷᠠᠭᠤᠯᠤᠨ ᠡᠵᠡᠮᠳᠡᠬᠦ ᠶᠢ ᠬᠡᠷᠡᠭᠵᠢᠭᠦᠯᠦᠨ᠂ | ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ᠂ ᠣᠷᠴᠢᠨ ᠠᠬᠤᠶ ᠨᠥᠬᠦᠷᠰᠡᠭ ᠬᠡᠯᠪᠡᠷᠢ ᠶᠢᠨ ᠨᠡᠶᠢᠭᠡᠮ ᠢ ᠪᠦᠳᠦᠭᠡᠨ | ᠪᠠᠶᠢᠭᠤᠯᠬᠤ ᠪᠣᠯ ᠪᠦᠬᠦ ᠨᠡᠶᠢᠭᠡᠮ ᠤᠨ ᠡᠭᠦᠷᠭᠡ ᠪᠠ ᠬᠠᠷᠢᠭᠤᠴᠠᠯᠭ᠎ᠠ ᠮᠥᠨ᠂ ᠡᠨᠧᠷᠭᠢ ᠠᠷᠪᠢᠯᠠᠬᠤ ᠠᠵᠢᠯ ᠨᠢ ᠥᠷᠭᠡᠨ | ᠤᠯᠠᠨ ᠨᠡᠶᠢᠲᠡ ᠶᠢᠨ ᠣᠷᠣᠯᠴᠠᠭ᠎ᠠ ᠪᠠ ᠳᠡᠮᠵᠢᠯᠭᠡ ᠠᠴᠠ ᠨᠡᠩ ᠰᠠᠯᠵᠤ ᠴᠢᠳᠠᠬᠤ ᠦᠭᠡᠢ ᠶᠤᠮ᠃ ᠰᠣᠨᠢᠨ ᠮᠡᠳᠡᠭᠡᠯᠡᠯ ᠤᠨ | ᠠᠵᠢᠯ ᠤᠨ ᠨᠠᠶᠢᠵᠠ ᠨᠠᠷ ᠠ᠂ ᠪᠦᠬᠦ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ | ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠭᠲᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠡᠨᠧᠷᠭᠢ ᠠᠷᠪᠢᠯᠠᠬᠤ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠨᠧᠷᠭᠢ ᠠᠷᠪᠢᠯᠠᠵᠤ | ᠬᠤᠷᠣᠭᠳᠠᠯ ᠢ ᠪᠠᠭᠠᠰᠬᠠᠬᠤ ᠣᠨᠣᠯᠵᠢᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠮᠠᠨ ᠤ ᠣᠷᠣᠨ ᠤ ᠠᠮᠢ | ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠬᠤ ᠶᠢ ᠢᠯᠡᠷᠡᠭᠦᠯᠵᠦ᠂ ︽ᠡᠬᠡ ᠤᠯᠤᠰ ᠤᠨ ᠤᠮᠠᠷᠠᠲᠤ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ︾ ᠳᠤ ᠰᠢᠨ᠎ᠡ ᠬᠤᠪᠢ ᠨᠡᠮᠡᠷᠢ ᠦᠵᠡᠭᠦᠯᠦᠶ᠎ᠡ᠃ | | | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠨᠡᠶᠢᠲᠡᠯᠡᠬᠦ | ᠬᠤᠷᠠᠯ ᠤᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠠᠭᠰᠠᠨ | | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠠᠴᠠ | ᠠᠵᠤ ᠦᠢᠯᠡᠳᠪᠦᠷᠢ ᠶᠢᠨ ᠬᠦᠷᠢᠶᠡᠨ ᠤ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠳᠤ ᠶᠠᠮᠠᠷ ᠶᠠᠮᠠᠷ ᠠᠷᠭ᠎ᠠ | ᠬᠡᠮᠵᠢᠶ᠎ᠡ ᠠᠪᠬᠤ ᠪᠠᠷ ᠲᠥᠯᠥᠪᠯᠡᠵᠦ ᠪᠠᠶᠢᠬᠤ ᠪᠤᠢ︖ | ᠵᠠᠩ ᠳ᠋ᠧ᠄ ᠪᠢᠳᠡ ᠵᠢᠷᠭᠤᠭᠠᠨ ᠲᠠᠯ᠎ᠠ ᠶᠢᠨ ᠠᠷᠭ᠎ᠠ ᠬᠡᠮᠵᠢᠶ᠎ᠡ ᠠᠪᠬᠤ ᠪᠠᠷ ᠪᠡᠯᠡᠳᠬᠡᠵᠦ ᠪᠠᠶᠢᠨ᠎ᠠ᠂ ᠡᠭᠦᠨ ᠳᠤ | ᠭᠤᠣᠯᠳᠠᠭᠤ᠄ ᠨᠢᠭᠡ ᠳᠤ ᠰᠢᠨ᠎ᠡ ᠪᠠᠷ ᠪᠠᠶᠢᠭᠤᠯᠬᠤ ᠵᠦᠢᠯᠡᠰ ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ | ᠃ ᠰᠢᠨ᠎ᠡ ᠪᠠᠷ ᠪᠠᠶᠢᠭᠤᠯᠬᠤ ︵ᠥᠭᠡᠷᠡᠴᠢᠯᠡᠵᠦ ᠥᠷᠭᠡᠳᠬᠡᠨ ᠪᠠᠶᠢᠭᠤᠯᠬᠤ︶ ᠲᠥᠷᠥᠯ ᠵᠦᠶ᠋ᠯ ᠤᠨ ᠨᠢᠭᠡᠴᠢ | ᠦᠢᠯᠡᠳᠭᠦᠨ ᠤ ᠡᠨᠧᠷᠭᠢ ᠶᠢᠨ ᠬᠤᠷᠣᠭᠳᠠᠭᠤᠯᠤᠯ ᠢ ᠡᠷᠬᠡᠪᠰᠢ ᠤᠯᠤᠰ ᠤᠨ ᠳᠣᠲᠣᠭᠠᠳᠤ ᠶᠢᠨ ᠠᠳᠠᠯᠢ | ᠠᠵᠢᠯ ᠲᠥᠷᠥᠯ ᠤᠨ ᠤᠯᠤᠰ ᠤᠨ ᠪᠠᠷᠢᠮᠵᠢᠶ᠎ᠠ ᠶᠢᠨ ᠲᠡᠷᠢᠭᠦᠨ ᠳᠤ ᠪᠠᠶᠢᠬᠤ ᠬᠡᠷᠡᠭᠲᠡᠢ︔ ᠬᠤᠶᠠᠷ ᠲᠤ ᠦᠯᠡᠳᠡᠭᠰᠡᠨ | ᠦᠢᠯᠡᠳᠪᠦᠷᠢᠯᠡᠯ ᠢ ᠰᠢᠢᠳᠪᠦᠷᠢᠯᠡᠬᠦ ᠴᠢᠳᠠᠪᠤᠷᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ | ᠭᠤᠤᠯᠳᠠᠯᠭ᠎ᠠ ᠲᠠᠢ ᠠᠵᠢᠯ ᠲᠥᠷᠥᠯ ᠤᠨ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ | ᠵᠢᠯᠣᠭᠤᠳᠬᠤ ᠭᠠᠷᠴᠠᠭ ᠤᠨ ᠬᠢᠵᠠᠭᠠᠷᠯᠠᠬᠤ ᠲᠥᠷᠥᠯ ᠵᠢᠴᠢ ᠲᠡᠭᠦᠨ ᠠᠴᠠ ᠳᠣᠷᠣᠭᠰᠢᠬᠢ | ᠦᠢᠯᠡᠳᠪᠦᠷᠢᠯᠡᠬᠦ ᠴᠢᠳᠠᠪᠤᠷᠢ ᠶᠢ ᠠᠯᠬᠤᠮ ᠠᠯᠬᠤᠮ ᠢᠶᠠᠷ ᠪᠤᠴᠠᠭᠠᠨ ᠭᠠᠷᠭᠠᠵᠤ᠂ | ᠬᠢᠵᠠᠭᠠᠷᠯᠠᠬᠤ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠶᠢ ᠠᠳᠠᠯᠢ ᠬᠡᠮᠵᠢᠶ᠎ᠡ ᠪᠠᠷ ᠪᠤᠶᠤ | ᠬᠡᠮᠵᠢᠶ᠎ᠡ ᠶᠢ ᠪᠠᠭᠠᠰᠬᠠᠨ ᠰᠣᠯᠢᠬᠤ ᠶᠢ ᠬᠡᠷᠡᠭᠵᠢᠭᠦᠯᠦᠨ᠎ᠡ᠃ ᠭᠤᠷᠪᠠ ᠳᠤ ᠡᠨᠧᠷᠭᠢ ᠶᠢᠨ ᠬᠤᠷᠣᠭᠳᠠᠯ ᠶᠡᠬᠡᠲᠡᠶ ᠬᠡᠰᠡᠭ ᠠᠵᠢᠯ | ᠲᠦᠷᠦᠯ ᠳᠤ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠦᠨ᠎ᠡ᠃ ᠰᠢᠨ᠎ᠡ ᠪᠠᠷ | ᠭᠠᠷᠭᠠᠭᠰᠠᠨ ᠬᠡᠦᠷᠡᠰᠦ᠂ ᠴᠠᠬᠢᠯᠠᠭᠤᠷ ᠴᠢᠯᠠᠭᠤ᠂ ᠳᠡᠮᠤᠷ ᠤᠨ ᠬᠠᠶᠢᠯᠤᠰᠢ ᠶᠢᠨ ᠲᠦᠷᠦᠯ ᠵᠦᠢᠯ ᠵᠡᠷᠭᠡ ᠲᠤ ᠡᠨᠧᠷᠭᠢ ᠶᠢᠨ | ᠬᠤᠷᠣᠭᠳᠠᠭᠤᠯᠭ᠎ᠠ ᠶᠢᠨ ᠬᠡᠮᠵᠢᠶ᠎ᠡ ᠶᠢ ᠠᠳᠠᠯᠢ ᠬᠡᠮᠵᠢᠶ᠎ᠡ ᠪᠠᠷ ᠪᠤᠶᠤ ᠬᠡᠮᠵᠢᠶ᠎ᠡ ᠶᠢ ᠨᠢ ᠪᠠᠭᠠᠰᠬᠠᠨ ᠰᠣᠯᠢᠬᠤ ᠶᠢ ᠬᠡᠷᠡᠭᠵᠢᠭᠦᠯᠵᠦ᠂ | ᠤᠳᠤ ᠪᠠᠶᠢᠭ᠎ᠠ ᠡᠨᠧᠷᠭᠢ ᠶᠢᠨ ᠬᠤᠷᠣᠭᠳᠠᠭᠤᠯᠭ᠎ᠠ ᠶᠢᠨ ᠳᠡᠭᠡᠳᠦ ᠬᠢᠵᠠᠭᠠᠷ ᠢ ᠳᠠᠪᠠᠭᠤᠯᠵᠤ ᠪᠣᠯᠬᠤ ᠦᠭᠡᠢ᠃ ᠲᠦᠷᠪᠡ ᠳᠤ | ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠨ᠎ᠡ᠃ ᠣᠲᠣ ᠶᠢᠨ ᠪᠠᠶᠢᠭ᠎ᠠ ᠠᠵᠤ | ᠠᠬᠤᠶᠢᠯᠠᠯ ᠳᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠵᠦ᠂ ᠥᠭᠡᠷᠡᠴᠢᠯᠡᠭᠰᠡᠨ ᠤ ᠳᠠᠷᠠᠭ᠎ᠠ ᠨᠢᠭᠡᠴᠢ | ᠦᠢᠯᠡᠳᠭᠦᠨ ᠤ ᠡᠨᠧᠷᠭᠢ ᠶᠢᠨ ᠬᠤᠷᠣᠭᠳᠠᠯ ᠤᠨ ᠬᠢᠷᠢ ᠬᠡᠮᠵᠢᠶ᠎ᠡ ᠶᠢ ᠤᠯᠤᠰ ᠤᠨ ᠡᠨᠧᠷᠭᠢ ᠶᠢᠨ | ᠬᠤᠷᠣᠭᠳᠠᠯ ᠤᠨ ᠪᠠᠷᠢᠮᠵᠢᠶ᠎ᠠ ᠶᠢᠨ ᠲᠡᠷᠢᠭᠦᠨ ᠤ ᠥᠷᠲᠡᠭ ᠳᠤ ᠬᠦᠷᠭᠡᠨ᠎ᠡ︔ ᠲᠠᠪᠤ ᠳᠤ ᠣᠲᠣ ᠶᠢᠨ ᠬᠡᠷᠡᠭᠵᠢᠭᠦᠯᠵᠦ ᠪᠠᠶᠢᠭ᠎ᠠ | ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠥᠷᠥ ᠶᠢᠨ ᠥᠪᠡᠷᠲᠡᠭᠡᠨ ᠵᠠᠰᠠᠬᠤ ᠣᠷᠣᠨ ᠤ ᠤᠬᠤᠷᠢᠨ | ᠭᠠᠷᠬᠤ ᠬᠦᠷᠢᠶ᠎ᠡ ᠬᠡᠪᠴᠢᠶᠡᠨ ᠳᠤ ᠵᠢᠭᠰᠠᠭᠠᠨ ᠣᠷᠣᠭᠤᠯᠤᠭᠰᠠᠨ ᠬᠢᠵᠠᠭᠠᠷᠯᠠᠬᠤ ᠲᠥᠷᠥᠯ ︵ᠰᠢᠭᠰᠢᠭᠳᠡᠭᠦᠯᠬᠦ ᠲᠥᠷᠥᠯ︶ ᠤᠨ | ᠦᠢᠯᠡᠳᠪᠦᠷᠢᠯᠡᠬᠦ ᠴᠢᠳᠠᠪᠤᠷᠢ ᠶᠢ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ | ᠠᠷᠠᠯᠵᠢᠶ᠎ᠠ ᠳᠤ ᠣᠷᠣᠯᠴᠠᠭᠤᠯᠵᠤ ᠪᠣᠯᠬᠤ ᠥᠬᠡᠶ᠃ ᠵᠢᠷᠭᠤᠭ᠎ᠠ ᠳᠤ ᠵᠥᠪᠰᠢᠶᠡᠷᠡᠭᠦᠯᠦᠭᠡᠳᠦᠶ ᠪᠠᠷ ᠡᠨᠧᠷᠭᠢ ᠶᠢᠨ | ᠬᠤᠷᠣᠭᠳᠠᠭᠤᠯᠤᠯ ᠶᠡᠬᠡᠲᠡᠶ ᠵᠦᠢᠯᠡᠰ ᠢ ᠤᠷᠢᠳᠠᠪᠠᠷ ᠪᠠᠶᠢᠭᠤᠯᠬᠤ ᠶᠠᠪᠤᠳᠠᠯ ᠢ ᠢᠯᠭᠠᠷᠠᠭᠤᠯᠤᠨ ᠴᠡᠭᠴᠡᠯᠡᠨ᠎ᠡ᠃ ᠡᠨᠧᠷᠭᠢ | ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠠᠶᠢᠮᠠᠭ ᠬᠤᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠣᠭᠤᠳᠴᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠯᠲᠠ ᠶᠢ ᠵᠥᠪᠰᠢᠶᠡᠷᠡᠭᠦᠯᠦᠭᠡᠳᠦᠶ ᠪᠠᠷ ᠤᠷᠢᠳᠠᠪᠠᠷ | ᠪᠠᠶᠢᠭᠤᠯᠤᠭᠰᠠᠨ᠂ ᠰᠢᠯᠭᠠᠨ ᠠᠪᠠᠭᠠᠳᠤᠶ ᠪᠠᠷ ᠤᠷᠢᠳᠠᠪᠠᠷ ᠠᠰᠢᠭᠯᠠᠯᠲᠠ ᠳᠤ ᠣᠷᠣᠭᠤᠯᠤᠭᠰᠠᠨ ᠡᠨᠧᠷᠭᠢ ᠶᠡᠭᠡ | ᠬᠤᠷᠣᠭᠳᠠᠭᠤᠯᠬᠤ ᠲᠥᠷᠥᠯ ᠵᠦᠢᠯ ᠢ ᠲᠥᠪᠯᠡᠷᠡᠭᠦᠯᠦᠨ ᠲᠥᠷᠥᠯ ᠬᠤᠪᠢᠶᠠᠨ ᠢᠯᠭᠠᠷᠠᠭᠤᠯᠵᠤ᠂ ᠲᠥᠷᠥᠯ | ᠵᠦᠢᠯ ᠤᠨ ᠨᠢᠭᠡᠴᠢ ᠦᠢᠯᠡᠳᠭᠦᠨ ᠤ ᠡᠨᠧᠷᠭᠢ ᠶᠢᠨ ᠬᠤᠷᠣᠭᠳᠠᠭᠤᠯᠤᠯ ᠨᠢ ᠤᠯᠤᠰ ᠤᠨ | ᠪᠠᠷᠢᠮᠵᠢᠶ᠎ᠠ ᠶᠢᠨ ᠲᠡᠷᠢᠭᠦᠨ ᠤ ᠬᠡᠮᠵᠢᠭᠳᠡᠯ ᠳᠤ ᠬᠦᠷᠦᠭᠰᠡᠨ ᠡᠰᠡᠬᠦ ᠶᠢ ᠭᠤᠤᠯᠳᠠᠯᠭ᠎ᠠ ᠲᠠᠢ ᠬᠢᠨᠠᠨ ᠪᠠᠶᠢᠴᠠᠭᠠᠨ᠎ᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ︾ ᠤᠨ | ᠬᠠᠷᠠᠯᠲᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠨᠡᠭᠦᠷᠡᠰᠦ ᠴᠠᠬᠢᠯᠭᠠᠨ ᠤ ᠠᠵᠢᠯ | ᠲᠥᠷᠥᠯ ᠳᠤ ᠶᠠᠮᠠᠷ ᠶᠠᠮᠠᠷ ᠠᠵᠢᠯ ᠥᠷᠨᠢᠭᠦᠯᠬᠦ ᠪᠠᠷ ᠲᠥᠯᠥᠪᠯᠡᠵᠦ ᠪᠠᠶᠢᠬᠤ ᠪᠣᠶ︖ | ᠵᠢᠶᠠᠩ ᠯᠠᠨ ᠮᠧᠢ᠄ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ | ᠡᠨᠧᠷᠭᠢ ᠶᠢᠨ ᠰᠤᠷᠪᠤᠯᠵᠢ ᠶᠢᠨ ᠠᠵᠢᠯ ᠲᠦᠷᠦᠯ ᠤᠨ ᠬᠢᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ | ᠬᠠᠷᠠᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠭᠦᠷᠡᠰᠦ ᠴᠠᠬᠢᠯᠭᠠᠨ ᠤ ᠠᠵᠢᠯ ᠲᠦᠷᠦᠯ ᠤᠨ | ᠡᠨᠧᠷᠭᠢ ᠶᠢ ᠠᠷᠪᠢᠯᠠᠨ ᠬᠤᠷᠣᠭᠳᠠᠭᠤᠯᠤᠯ ᠢ ᠪᠠᠭᠠᠰᠬᠠᠬᠤ ᠲᠠᠯ᠎ᠠ ᠪᠠᠷ ᠨᠡᠯᠢᠶᠡᠳ ᠢᠯᠡᠳᠲᠡ ᠠᠮᠵᠢᠯᠲᠠ ᠪᠦᠲᠦᠮᠵᠢ ᠤᠯᠪᠠ᠃ | ᠨᠢᠭᠡ ᠳᠤ ᠤᠳᠤ ᠶᠢᠨ ᠠᠯᠪᠠᠨ ᠳᠤ ᠪᠠᠶᠢᠭ᠎ᠠ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠳᠤ ᠡᠨᠧᠷᠭᠢ ᠠᠷᠪᠢᠯᠠᠬᠤ | ᠥᠭᠡᠷᠡᠴᠢᠯᠡᠯᠲᠡ ᠬᠢᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠡᠶᠢᠳᠡ 90᠂ 3124 ᠲᠦᠮᠡᠨ ᠺᠢᠯᠣᠸᠠᠲ ᠤᠨ | ᠥᠭᠡᠷᠡᠴᠢᠯᠡᠯᠲᠡ ᠶᠢ ᠪᠡᠶᠡᠯᠡᠭᠦᠯᠵᠦ᠂ ᠤᠯᠤᠰ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠢ ᠵᠢᠯ ᠪᠦᠷᠢ ᠴᠥᠮ ᠳᠠᠪᠠᠭᠤᠯᠤᠨ | ᠪᠡᠶᠡᠯᠡᠭᠦᠯᠪᠡ᠃ ᠬᠤᠶᠠᠷ ᠲᠤ ᠨᠡᠭᠦᠷᠡᠰᠦ ᠴᠠᠬᠢᠯᠭᠠᠨ ᠤ ᠠᠵᠢᠯ ᠲᠥᠷᠥᠯ ᠤᠨ ᠬᠤᠴᠣᠷᠤᠩᠭᠤᠶ ᠦᠢᠯᠡᠳᠪᠦᠷᠢᠯᠡᠬᠦ | ᠴᠢᠳᠠᠪᠤᠷᠢ ᠶᠢ ᠡᠮᠬᠢ ᠵᠢᠷᠤᠮ ᠲᠠᠢ ᠪᠠᠷ ᠰᠢᠭᠰᠢᠭᠳᠡᠭᠦᠯᠵᠦ᠂ ᠪᠠᠷᠢᠮᠵᠢᠶ᠎ᠠ ᠳᠤ ᠥᠯᠥ ᠬᠥᠷᠬᠦ ᠨᠡᠭᠦᠷᠡᠰᠦ ᠴᠠᠬᠢᠯᠭᠠᠨ ᠤ ᠮᠠᠰᠢᠨ | ᠴᠣᠭᠴᠠᠯᠠᠪᠤᠷᠢ ᠶᠢ ᠨᠡᠶᠢᠲᠡ 21 ᠰᠠᠭᠤᠷᠢ᠂ 33.2 ᠲᠦᠮᠡᠨ ᠺᠢᠯᠣᠸᠠᠲ ᠰᠢᠭᠰᠢᠭᠳᠡᠭᠦᠯᠵᠦ᠂ ᠤᠯᠤᠰ ᠠᠴᠠ ᠪᠠᠭᠤᠯᠭᠠᠭᠰᠠᠨ | ᠬᠠᠷᠠᠯᠲᠠ ᠡᠭᠦᠷᠭᠡ ᠶᠢ ᠵᠢᠯ ᠪᠦᠷᠢ ᠴᠥᠮ ᠪᠡᠶᠡᠯᠡᠭᠦᠯᠪᠡ᠃ ᠭᠤᠷᠪᠠ ᠳᠤ ᠰᠢᠨ᠎ᠡ ᠪᠠᠷ ᠪᠠᠶᠢᠭᠤᠯᠬᠤ ᠨᠡᠭᠦᠷᠡᠰᠦ ᠴᠠᠬᠢᠯᠭᠠᠨ ᠤ | ᠵᠦᠢᠯᠡᠰ ᠲᠤ ᠴᠥᠮ ᠪᠠᠭᠲᠠᠭᠠᠮᠵᠢ ᠶᠡᠬᠡᠲᠡᠶ᠂ ᠪᠣᠯᠵᠣᠯᠲᠤ ᠲᠤᠭ᠎ᠠ ᠶᠡᠬᠡᠲᠡᠶ᠂ ᠡᠨᠧᠷᠭᠢ ᠶᠢᠨ ᠬᠤᠷᠣᠭᠳᠠᠭᠤᠯᠤᠯ ᠪᠠᠭ᠎ᠠ᠂ | ᠭᠠᠳᠠᠭᠰᠢᠯᠠᠭᠤᠯᠤᠯᠲᠠ ᠪᠠᠭ᠎ᠠ ᠥᠨᠳᠥᠷ ᠪᠦᠲᠦᠮᠵᠢᠲᠡᠶ ᠮᠠᠰᠢᠨ ᠴᠣᠭᠴᠠᠯᠠᠪᠤᠷᠢ ᠶᠢ ᠬᠡᠷᠡᠭᠯᠡᠨ᠎ᠡ᠃ ᠳᠡᠭᠡᠷᠡᠬᠢ ᠠᠷᠭ᠎ᠠ | ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ 2020 ᠣᠨ ᠤ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦ | ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠳᠤᠮᠳᠠᠴᠢ ᠴᠠᠬᠢᠯᠭᠠᠨ ᠬᠠᠩᠭᠠᠬᠤ ᠨᠡᠭᠦᠷᠡᠰᠦᠨ ᠤ ᠬᠤᠷᠣᠭᠳᠠᠯ ᠢ 321 ᠭᠷᠠᠮ / | ᠺᠢᠯᠣᠸᠠᠲ ᠴᠠᠭ ᠪᠣᠯᠭᠠᠨ ᠪᠠᠭᠤᠷᠠᠭᠤᠯᠵᠤ᠂ 2015 ᠣᠨ ᠤ ᠬᠢ ᠠᠴᠠ 16 ᠭᠷᠠᠮ / ᠺᠢᠯᠣᠸᠠᠲ ᠴᠠᠭ ᠪᠠᠭᠤᠷᠠᠭᠤᠯᠤᠨ᠎ᠠ᠃ | ᠲᠠᠷᠠᠭᠠᠴᠢ ᠶᠢᠨ ᠠᠯᠬᠤᠮ ᠳᠤ᠂ ᠪᠢᠳᠡ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠭᠦᠷᠡᠰᠦ ᠴᠠᠬᠢᠯᠭᠠᠨ ᠤ | ᠠᠵᠢᠯ ᠲᠥᠷᠥᠯ ᠤᠨ ᠠᠷᠢᠭᠤᠨ ᠴᠡᠪᠡᠷ ᠥᠨᠳᠥᠷ ᠪᠦᠲᠦᠮᠵᠢᠲᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠨᠢᠭᠡ ᠳᠤ ᠰᠢᠨ᠎ᠡ ᠪᠠᠷ ᠪᠠᠶᠢᠭᠤᠯᠬᠤ ᠨᠡᠭᠦᠷᠡᠰᠦ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ᠡᠨᠧᠷᠭᠢ ᠶᠢᠨ ᠠᠰᠢᠭᠯᠠᠮᠵᠢ ᠶᠢᠨ ᠵᠥᠪᠰᠢᠶᠡᠷᠡᠯ ᠤᠨ ᠪᠠᠷᠢᠮᠵᠢᠶ᠎ᠠ ᠶᠢ ᠴᠢᠩᠳᠠᠯᠠᠵᠤ᠂ ᠰᠢᠨ᠎ᠡ ᠪᠠᠷ | ᠪᠠᠶᠢᠭᠤᠯᠬᠤ ᠨᠡᠭᠦᠷᠡᠰᠦ ᠲᠦᠯᠡᠵᠦ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠵᠠᠷᠴᠢᠮ ᠳᠡᠭᠡᠷ᠎ᠡ ᠪᠠᠨ ᠤᠯᠤᠰ ᠤᠨ | ᠳᠣᠲᠣᠭᠠᠳᠤ ᠶᠢᠨ ᠠᠭᠠᠷ ᠢᠶᠠᠷ ᠬᠥᠷᠥᠭᠡᠬᠦ ᠮᠠᠰᠢᠨ ᠤ ᠬᠠᠮᠤᠭ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ ᠬᠤᠶᠠᠷ ᠲᠤ | ᠨᠡᠭᠦᠷᠡᠰᠦ ᠴᠠᠬᠢᠯᠭᠠᠨ ᠤ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠭᠡᠭᠡᠭᠳᠡᠭᠦᠯᠬᠦ ᠬᠡᠮᠵᠢᠶ᠎ᠡ ᠶᠢ ᠨᠡᠮᠡᠭᠳᠡᠭᠦᠯᠵᠦ᠂ | ᠤᠯᠤᠰ ᠤᠨ ᠨᠡᠭᠦᠷᠡᠰᠦ ᠴᠠᠬᠢᠯᠭᠠᠨ ᠤ ᠠᠵᠢᠯ ᠲᠦᠷᠦᠯ ᠤᠨ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠭᠡᠭᠡᠭᠳᠡᠭᠦᠯᠬᠦ | ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠮᠵᠢᠶ᠎ᠠ ᠳᠤ ᠦᠯᠦ ᠬᠦᠷᠬᠦ ᠨᠡᠭᠦᠷᠡᠰᠦ | ᠴᠠᠬᠢᠯᠭᠠᠨ ᠤ ᠮᠠᠰᠢᠨ ᠴᠣᠭᠴᠠᠯᠠᠪᠤᠷᠢ ᠶᠢ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠭᠡᠭᠡᠭᠳᠡᠭᠦᠯᠵᠦ | ᠬᠠᠭᠠᠵᠤ ᠵᠣᠭᠰᠣᠭᠠᠨ᠎ᠠ᠃ ᠭᠤᠷᠪᠠ ᠳᠤ ᠦᠯᠡᠳᠡᠭᠡᠯ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ ᠬᠡᠷᠡᠭᠵᠢᠭᠦᠯᠵᠦ᠂ ᠰᠢᠭᠰᠢᠭᠳᠡᠭᠦᠯᠬᠦ ᠳᠤ ᠵᠢᠭᠰᠠᠭᠠᠨ ᠣᠷᠣᠭᠤᠯᠤᠭᠰᠠᠨ ᠥᠬᠡᠶ | ᠮᠠᠰᠢᠨ ᠴᠣᠭᠴᠠᠯᠠᠪᠤᠷᠢ ᠳᠤ᠂ ᠦᠢᠯᠡᠳᠪᠦᠷᠢ ᠶᠢᠨ ᠪᠠᠶᠢᠳᠠᠯ ᠳᠤᠨᠢ ᠳᠣᠭᠢᠷᠠᠭᠤᠯᠤᠨ᠂ ᠶᠡᠷᠦᠩᠬᠡᠶᠢᠯᠡᠭᠰᠡᠨ | ᠴᠢᠨᠠᠷᠲᠠᠶ᠂ ᠰᠢᠰᠲ᠋ᠧᠮᠲᠦ ᠴᠢᠨᠠᠷᠲᠠᠶ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠨᠡᠭᠦᠷᠡᠰᠦ ᠴᠠᠬᠢᠯᠭᠠᠨ ᠤ | ᠮᠠᠰᠢᠨ ᠴᠣᠭᠴᠠᠯᠠᠪᠤᠷᠢ ᠶᠢᠨ ᠨᠡᠭᠦᠷᠡᠰᠦᠨ ᠤ ᠬᠤᠷᠣᠭᠳᠠᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ | ᠳᠡᠭᠡᠷᠡᠬᠢ ᠠᠷᠭ᠎ᠠ ᠬᠡᠮᠵᠢᠶ᠎ᠡ ᠶᠢ ᠠᠪᠤᠭᠰᠠᠨ ᠤ ᠳᠠᠷᠠᠭ᠎ᠠ᠂ 2025 ᠣᠨ ᠪᠣᠯᠬᠤ ᠳᠤ᠂ ᠪᠥᠬᠦ ᠣᠷᠣᠨ ᠤ ᠨᠡᠭᠦᠷᠡᠰᠦ | ᠲᠦᠯᠡᠵᠦ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠳᠤᠮᠳᠠᠴᠢ ᠴᠠᠬᠢᠯᠭᠠᠨ ᠬᠠᠩᠭᠠᠬᠤ ᠨᠡᠭᠦᠷᠡᠰᠦᠨ ᠤ ᠬᠤᠷᠣᠭᠳᠠᠯ ᠢ | ᠤᠯᠤᠰ ᠤᠨ ᠳᠣᠲᠣᠭᠠᠳᠤ ᠶᠢᠨ ᠠᠳᠠᠯᠢ ᠲᠥᠷᠥᠯ ᠬᠡᠯᠪᠡᠷᠢ ᠶᠢᠨ ᠮᠠᠰᠢᠨ ᠴᠣᠭᠴᠠᠯᠠᠪᠤᠷᠢ ᠶᠢᠨ ᠲᠡᠷᠢᠭᠦᠨ ᠤ ᠬᠢᠷᠢ ᠬᠡᠮᠵᠢᠶ᠎ᠡ ᠳᠤ | ᠬᠦᠷᠭᠡᠨ᠎ᠡ᠃ | ᠵᠥᠩ ᠬᠤᠩ ᠰᠦᠯᠵᠢᠶᠡᠨ ᠤ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠬᠡᠷᠬᠢᠨ ᠴᠠᠬᠢᠯᠭᠠᠨ ᠬᠦᠴᠦᠨ ᠤ | ᠦᠨ᠎ᠡ ᠬᠠᠩᠰᠢ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠡᠨᠧᠷᠭᠢ ᠶᠢᠨ ᠬᠤᠷᠣᠭᠳᠠᠯ ᠶᠡᠬᠡᠲᠡᠶ ᠠᠵᠢᠯ | ᠲᠥᠷᠥᠯ ᠤᠨ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠳᠥᠯᠭᠢᠨ | ᠠᠬᠢᠭᠤᠯᠵᠤ᠂ ᠬᠤᠴᠣᠷᠤᠩᠭᠤᠶ ᠶᠢ ᠰᠢᠭᠰᠢᠭᠳᠡᠭᠦᠯᠦᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ | ᠲᠠᠰ ᠳᠡᠪᠰᠢᠭᠦᠯᠬᠦ ᠶᠢ ᠠᠬᠢᠭᠤᠯᠬᠤ ᠪᠣᠶ︖ | ᠳ᠋ᠦ᠋ ᠵᠠᠩ ᠶᠢᠨ᠄ ᠥᠪᠡᠷᠲᠡᠭᠡᠨ ᠵᠠᠰᠠᠬᠤ ᠣᠷᠣᠨ ᠠᠴᠠ ᠡᠨᠧᠷᠭᠢ ᠶᠢᠨ ᠦᠨ᠎ᠡ ᠬᠠᠩᠰᠢ ᠶᠢᠨ ᠲᠥᠷᠥ ᠶᠢᠨ | ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ ᠤᠨ | ᠬᠠᠷᠠᠭᠠᠯᠵᠠᠯ ᠤᠨ ᠲᠥᠷᠥᠯ ᠤᠨ ᠴᠠᠬᠢᠯᠭᠠᠨ ᠤ ᠦᠨ᠎ᠡ ᠵᠢᠴᠢ ᠪᠤᠰᠤᠳ ᠡᠯ᠎ᠡ ᠵᠦᠢᠯ ᠤᠨ ᠵᠦᠶ ᠵᠣᠬᠢᠰ ᠥᠬᠡᠶ ᠦᠨ᠎ᠡ | ᠬᠠᠩᠰᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠢᠯᠭᠠᠷᠠᠭᠤᠯᠤᠨ ᠬᠦᠴᠦᠨ ᠥᠬᠡᠶ ᠪᠣᠯᠭᠠᠵᠤ᠂ | ᠵᠥᠷᠢᠶᠡᠲᠦ ᠴᠠᠬᠢᠯᠭᠠᠨ ᠤ ᠦᠨ᠎ᠡ᠂ ᠵᠠᠯᠬᠠᠭᠠᠬᠤ ᠴᠢᠨᠠᠷᠲᠠᠶ ᠴᠠᠬᠢᠯᠭᠠᠨ ᠤ ᠦᠨ᠎ᠡ ᠶᠢ ᠴᠢᠩᠭ᠎ᠠ ᠬᠡᠷᠡᠭᠵᠢᠭᠦᠯᠦᠨ᠂ | ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠶᠢ ᠠᠬᠢᠭᠤᠯᠵᠤ᠂ ᠬᠤᠴᠣᠷᠤᠩᠭᠤᠶ ᠶᠢ ᠰᠢᠭᠰᠢᠭᠳᠡᠭᠦᠯᠦᠨ᠂ ᠠᠵᠤ ᠦᠢᠯᠡᠰ ᠤᠨ ᠪᠦᠲᠦᠴᠡ᠂ | ᠡᠨᠧᠷᠭᠢ ᠶᠢᠨ ᠪᠦᠲᠦᠴᠡ ᠶᠢᠨ ᠰᠢᠯᠢᠳᠡᠭᠵᠢᠨ ᠲᠠᠰ ᠳᠡᠪᠰᠢᠬᠦ ᠶᠢ ᠠᠬᠢᠭᠤᠯᠤᠨ᠎ᠠ᠃ | ᠨᠢᠭᠡ ᠳᠤ᠂ 2021 ᠣᠨ ᠤ 2 ᠳ᠋ᠤᠭᠠᠷ ᠰᠠᠷ᠎ᠠ ᠶᠢᠨ 10 ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ | ᠪᠠᠷᠠᠭᠤᠨ ᠬᠡᠰᠡᠭ ᠤᠨ ᠭᠠᠵᠠᠷ ᠣᠷᠣᠨ ᠤ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠠᠵᠢᠯ ᠲᠥᠷᠥᠯ ᠤᠨ ᠦᠨᠳᠦᠰᠦᠨ | ᠴᠠᠬᠢᠯᠭᠠᠨ ᠤ ᠰᠦᠶ᠋ᠳᠬᠡᠯ ᠢ ᠺᠢᠯᠣᠸᠠᠲ ᠴᠠᠭ ᠪᠦᠷᠢ ᠳᠤ 3.39 ᠬᠤᠪᠢ ᠶᠢᠨ ᠴᠠᠬᠢᠯᠭᠠᠨ ᠤ ᠦᠨ᠎ᠡ ᠪᠠᠷ ᠨᠤᠭᠤᠯᠤᠨ | ᠪᠤᠳᠤᠬᠤ ᠲᠥᠷᠥ ᠶᠢᠨ ᠪᠣᠳᠣᠯᠭ᠎ᠠ ᠶᠢ ᠬᠦᠴᠦᠨ ᠥᠬᠡᠶ ᠪᠣᠯᠭᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ | ᠲᠣᠤᠷ ᠤᠨ ᠲᠣᠩᠭᠤᠷᠤᠤ ᠱᠠᠲᠤᠯᠢᠭ ᠴᠠᠬᠢᠯᠭᠠᠨ ᠳᠠᠮᠵᠢᠭᠤᠯᠵᠤ ᠲᠦᠭᠡᠭᠡᠬᠦ ᠦᠨ᠎ᠡ ᠶᠢᠨ ᠲᠥᠷᠥ ᠶᠢᠨ ᠪᠣᠳᠣᠯᠭ᠎ᠠ ᠶᠢ | ᠤᠰᠠᠳᠬᠠᠨ᠎ᠠ᠃ | ᠬᠤᠶᠠᠷ ᠲᠤ 2021 ᠣᠨ ᠤ 2 ᠳ᠋ᠤᠭᠠᠷ ᠰᠠᠷ᠎ᠠ ᠶᠢᠨ 10 ᠤ ᠡᠳᠦᠷ ᠠᠴᠠ ᠡᠬᠢᠯᠡᠨ᠂ ᠥᠪᠡᠷ ᠲᠡᠭᠡᠨ ᠪᠡᠯᠡᠳᠬᠡᠭᠰᠡᠨ | ᠴᠠᠬᠢᠯᠭᠠᠨ ᠦᠢᠯᠡᠳᠪᠦᠷᠢ ᠨᠢ ᠥᠪᠡᠷᠲᠡᠭᠡᠨ ᠬᠡᠷᠡᠭᠯᠡᠬᠦ ᠴᠠᠬᠢᠯᠭᠠᠨ ᠬᠡᠷᠡᠭᠯᠡᠬᠦ ᠬᠡᠮᠵᠢᠶ᠎ᠡ ᠪᠠᠷ ᠲᠥᠷᠥ ᠶᠢᠨ ᠪᠣᠳᠣᠯᠭ᠎ᠠ ᠶᠢᠨ | ᠴᠢᠨᠠᠷᠲᠠᠶ ᠰᠣᠯᠪᠢᠴᠠᠯ ᠤᠨ ᠨᠥᠬᠦᠪᠥᠷᠢ ᠲᠤᠰᠢᠶᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ᠂ ᠥᠪᠥᠷ ᠮᠣᠩᠭᠤᠯ ᠤᠨ | ᠵᠡᠭᠦᠨ ᠬᠡᠰᠡᠭ ᠤᠨ ᠴᠠᠬᠢᠯᠭᠠᠨ ᠲᠣᠤᠷ ᠤᠨ ᠲᠠᠲᠠᠪᠤᠷᠢᠯᠠᠬᠤ ᠪᠠᠷᠢᠮᠵᠢᠶ᠎ᠠ ᠨᠢ ᠲᠣᠰ ᠲᠣᠰ ᠺᠢᠯᠣᠸᠠᠲ ᠴᠠᠭ ᠪᠦᠷᠢ ᠳᠤ 0.01 | ᠲᠥᠭᠦᠷᠢᠭ᠂ 0.02 ᠲᠥᠭᠦᠷᠢᠭ ︵ᠭᠠᠶᠢᠯᠢ ᠪᠠᠭᠲᠠᠨ᠎ᠠ︶ ᠪᠣᠯᠤᠨ᠎ᠠ᠃ | ᠭᠤᠷᠪᠠ ᠳᠤ ᠴᠠᠬᠢᠯᠭᠠᠨ ᠵᠠᠳᠠᠯᠤᠯ ᠤᠨ ᠬᠥᠩᠭᠡᠨᠴᠠᠭᠠᠨ᠂ ᠱᠦᠢᠨᠢ᠂ ᠪᠤᠯᠤᠳ ᠲᠡᠮᠦᠷ ᠤᠨ ᠠᠵᠢᠯ ᠲᠦᠷᠦᠯ ᠳᠤ | ᠴᠠᠬᠢᠯᠭᠠᠨ ᠤ ᠱᠠᠲᠤᠯᠢᠭ ᠦᠨ᠎ᠡ ᠶᠢᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ 2021 ᠣᠨ ᠤ | ᠡᠨᠧᠷᠭᠢ ᠶᠢᠨ ᠬᠤᠷᠣᠭᠳᠠᠯ ᠤᠨ ᠪᠠᠷᠢᠮᠵᠢᠶ᠎ᠠ ᠪᠠ ᠦᠨ᠎ᠡ ᠨᠡᠮᠡᠬᠦ ᠪᠠᠷᠢᠮᠵᠢᠶ᠎ᠠ ᠶᠢ ᠤᠯᠤᠰ ᠤᠨ ᠲᠣᠭᠲᠠᠭᠠᠯ ᠶᠣᠰᠣᠭᠠᠷ ᠴᠢᠩᠭ᠎ᠠ | ᠬᠡᠷᠡᠭᠵᠢᠭᠦᠯᠦᠨ᠎ᠡ᠃ 2022᠂ 2023 ᠣᠨ ᠳᠤ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠳ ᠡᠨᠧᠷᠭᠢ ᠶᠢᠨ ᠬᠤᠷᠣᠭᠳᠠᠯ ᠤᠨ ᠨᠠᠩ | ᠴᠢᠩᠭ᠎ᠠ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠦᠨ᠎ᠡ ᠨᠡᠮᠡᠬᠦ ᠪᠠᠷᠢᠮᠵᠢᠶ᠎ᠠ ᠶᠢ ᠲᠣᠳᠣᠷᠬᠠᠶᠢᠯᠠᠵᠤ᠂ ᠣᠲᠣ ᠶᠢᠨ ᠬᠡᠷᠡᠭᠵᠢᠭᠦᠯᠵᠦ | ᠪᠠᠶᠢᠭ᠎ᠠ ᠬᠢᠷᠢ ᠬᠡᠮᠵᠢᠶ᠎ᠡ ᠶᠢᠨ ᠰᠠᠭᠤᠷᠢᠨ ᠳᠡᠭᠡᠷ᠎ᠡ ᠲᠣᠰ ᠲᠣᠰ 30%᠂ 50% ᠪᠠᠷ ᠳᠡᠭᠡᠭᠰᠢᠯᠡᠭᠦᠯᠦᠨ᠎ᠡ᠃ | ᠲᠦᠷᠪᠡ ᠳᠤ ᠤᠯᠤᠰ ᠤᠨ ᠲᠣᠭᠲᠠᠭᠠᠯ ᠢ ᠴᠢᠩᠭ᠎ᠠ ᠵᠢᠷᠤᠮᠯᠠᠨ ᠴᠠᠬᠢᠯᠭᠠᠨ ᠵᠠᠳᠠᠯᠤᠯ ᠤᠨ ᠬᠦᠩᠭᠡᠨ ᠴᠠᠭᠠᠨ᠂ | ᠲᠡᠮᠦᠷ ᠤᠨ ᠬᠠᠶᠢᠯᠤᠰᠢ᠂ ᠴᠠᠬᠢᠯᠠᠭᠤᠷ ᠴᠢᠯᠠᠭᠤ᠂ ᠢᠳᠡᠮᠡᠬᠡᠶ ᠬᠤᠵᠢᠷ᠂ ᠱᠦᠢᠨᠢ᠂ ᠪᠤᠯᠤᠳ ᠲᠡᠮᠤᠷ᠂ ᠰᠢᠷ᠎ᠠ ᠹᠣᠰᠹᠣᠷ᠂ | ᠴᠠᠶᠢᠷ ᠪᠣᠯᠪᠠᠰᠤᠷᠠᠭᠤᠯᠬᠤ ᠵᠡᠷᠭᠡ 8 ᠠᠵᠢᠯ ᠲᠦᠷᠦᠯ ᠳᠤ ᠵᠥᠷᠢᠶᠡᠲᠦ ᠴᠠᠬᠢᠯᠭᠠᠨ ᠤ ᠦᠨ᠎ᠡ ᠶᠢᠨ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠦᠨ᠎ᠡ᠃ 2021 ᠣᠨ ᠤ ᠲᠠᠲᠠᠪᠤᠷᠢᠯᠠᠬᠤ ᠪᠠᠷᠢᠮᠵᠢᠶ᠎ᠠ ᠨᠢ ᠬᠢᠵᠠᠭᠠᠷᠯᠠᠬᠤ ᠲᠥᠷᠥᠯ ᠤᠨ ᠺᠢᠯᠣᠸᠠᠲ ᠴᠠᠭ | ᠪᠦᠷᠢ ᠳᠤ 0.1 ᠲᠥᠭᠦᠷᠢᠭ᠂ ᠰᠢᠭᠰᠢᠭᠳᠡᠭᠦᠯᠬᠦ ᠲᠥᠷᠥᠯ ᠤᠨ ᠺᠢᠯᠣᠸᠠᠲ ᠴᠠᠭ ᠪᠦᠷᠢ ᠳᠤ 0.3 ᠲᠥᠭᠦᠷᠢᠭ ︵ᠱᠦᠶ᠋ᠨᠢ | ᠺᠢᠯᠣᠸᠠᠲ ᠴᠠᠭ ᠪᠦᠷᠢ ᠳᠤ 0.4 ᠲᠥᠭᠦᠷᠢᠭ᠂ ᠪᠣᠯᠣᠳ ᠲᠡᠮᠦᠷ ᠺᠢᠯᠣᠸᠠᠲ ᠴᠠᠭ ᠪᠦᠷᠢ ᠳᠤ 0.5 ᠲᠥᠭᠦᠷᠢᠭ︶᠂ | 2022᠂ 2023 ᠣᠨ ᠤ ᠵᠥᠷᠢᠶᠡᠲᠦ ᠴᠠᠬᠢᠯᠭᠠᠨ ᠤ ᠦᠨ᠎ᠡ ᠶᠢᠨ ᠦᠨ᠎ᠡ ᠨᠡᠮᠡᠬᠦ ᠪᠠᠷᠢᠮᠵᠢᠶ᠎ᠠ ᠶᠢ ᠣᠲᠣ ᠶᠢᠨ | ᠬᠡᠷᠡᠭᠵᠢᠭᠦᠯᠵᠦ ᠪᠠᠶᠢᠭ᠎ᠠ ᠬᠢᠷᠢ ᠬᠡᠮᠵᠢᠶ᠎ᠡ ᠶᠢᠨ ᠰᠠᠭᠤᠷᠢᠨ ᠳᠡᠭᠡᠷ᠎ᠡ ᠲᠣᠰ ᠲᠣᠰ 30%᠂ 50% ᠪᠠᠷ ᠳᠡᠭᠡᠭᠰᠢᠯᠡᠭᠦᠯᠦᠨ᠎ᠡ᠃ | |