3 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ | ᠠᠯᠪᠠᠨ ᠬᠡᠷ 2021 ᠣᠨ ᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠴᠠᠭ ᠠᠭᠤᠷ ᠤᠨ ᠨᠦᠬᠦᠴᠡᠯ ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠣᠭᠤᠯᠪᠠ᠃ | ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶᠠᠨ ᠤ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ | ᠯᠢᠦ ᠬᠠᠶ ᠪᠥᠸᠧ ᠭᠤᠤᠯ ᠰᠡᠳᠦᠪᠲᠦ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶᠠᠨ | ᠤ ᠪᠠᠴᠢᠮ ᠪᠠᠶᠢᠳᠠᠯ ᠢ ᠠᠷᠭᠠᠴᠠᠭᠠᠬᠤ ᠪᠠ ᠭᠠᠮᠰᠢᠭ ᠢ ᠪᠠᠭᠠᠰᠬᠠᠬᠤ ᠭᠠᠵᠠᠷ ᠤᠨ ᠳᠠᠷᠤᠭ᠎ᠠ ᠨᠢᠦ ᠪᠦᠦ ᠯᠢᠶᠠᠩ᠂ ᠥᠪᠡᠷᠲᠡᠭᠡᠨ | ᠵᠠᠰᠠᠬᠤ ᠣᠷᠣᠨ ᠤ ᠠᠭᠤᠷ ᠠᠮᠢᠰᠬᠤᠯ ᠤᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠶᠠᠩ ᠵᠢᠩ᠂ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠬᠢᠭᠡᠳ ᠲᠠᠷᠢᠶᠠᠯᠠᠩ ᠤᠨ ᠴᠠᠭ ᠠᠭᠤᠷ ᠤᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠦ᠋ ᠿᠦᠩ | ᠱᠧᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠣᠷᠪᠣᠯᠵᠢᠯᠠᠭᠴᠢᠳ ᠤᠨ ᠠᠰᠠᠭᠤᠯᠲᠠ ᠶᠢ | ᠬᠠᠷᠢᠭᠤᠯᠪᠠ᠃ | 2021 ᠣᠨ ᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠴᠠᠭ ᠠᠭᠤᠷ ᠤᠨ ᠨᠦᠬᠦᠴᠡᠯ ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠤᠨ ᠨᠡᠶᠢᠳᠡᠯᠡᠬᠦ ᠦᠬᠡ | ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶᠠᠨ ᠤ ᠳᠡᠳ᠋ ᠳᠠᠷᠤᠭ᠎ᠠ᠂ ᠰᠣᠨᠢᠨ ᠮᠡᠳᠡᠭᠡᠨ ᠤ | ᠥᠭᠦᠯᠡᠭᠴᠢ ᠯᠢᠦ ᠬᠠᠶ ᠪᠥᠸᠧ | ᠬᠠᠪᠤᠷ ᠤᠨ ᠤᠯᠠᠷᠢᠯ ᠪᠣᠯ ᠮᠠᠨ ᠤ ᠣᠷᠣᠨ ᠤ ᠭᠠᠩ ᠬᠠᠭᠤᠷᠠᠶ᠂ ᠬᠦᠢᠳᠡᠨ ᠤᠷᠤᠰᠬᠠᠯ᠂ ᠬᠢᠷᠠᠭᠤ ᠬᠥᠯᠳᠡᠭᠦᠦ᠂ | ᠶᠡᠭᠡ ᠰᠠᠯᠬᠢ᠂ ᠡᠯᠡᠰᠦ ᠲᠣᠭᠤᠰᠣ ᠵᠡᠷᠭᠡ ᠴᠠᠭ ᠠᠭᠤᠷ ᠤᠨ ᠭᠠᠮᠰᠢᠭ ᠵᠢᠴᠢ ᠬᠠᠳᠤᠨ ᠭᠤᠣᠯ ᠤᠨ ᠬᠠᠯᠢᠶ᠎ᠠ ᠦᠶᠡᠷ᠂ ᠤᠢ | ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠵᠡᠷᠭᠡ ᠠᠴᠠ ᠡᠭᠦᠰᠦᠭᠰᠡᠨ ᠭᠠᠮᠰᠢᠭ ᠤᠯᠠᠨ ᠭᠠᠷᠬᠤ᠂ ᠣᠯᠠᠨᠲᠠ ᠡᠭᠦᠰᠬᠦ | ᠤᠯᠠᠷᠢᠯ ᠪᠣᠯᠤᠨ᠎ᠠ᠃ ᠣᠳᠣᠬᠠᠨ ᠳᠤ᠂ ᠲᠠᠷᠢᠶᠠᠯᠠᠬᠤ ᠣᠷᠣᠨ ᠪᠠᠷᠠᠭᠤᠨ ᠠᠴᠠ ᠵᠡᠭᠦᠨᠰᠢ ᠪᠠᠨ ᠬᠠᠪᠤᠷ ᠤᠨ ᠲᠠᠷᠢᠶᠠᠯᠠᠭ᠎ᠠ ᠶᠢᠨ | ᠬᠤᠭᠤᠴᠠᠭᠠᠨ ᠳᠤ ᠣᠷᠣᠵᠤ᠂ ᠮᠠᠯᠵᠢᠬᠤ ᠣᠷᠣᠨ ᠲᠥᠯ ᠲᠤᠰᠴᠤ ᠪᠤᠶᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ | ᠣᠷᠣᠵᠤ᠂ ᠬᠠᠪᠤᠷ ᠤᠨ ᠤᠯᠠᠷᠢᠯ ᠤᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠬᠦ ᠨᠢ ᠠᠷᠠᠳ ᠣᠯᠠᠨ ᠤ | ᠦᠢᠯᠡᠳᠪᠦᠷᠢᠯᠡᠯ ᠠᠮᠢᠳᠤᠷᠠᠯ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠡᠳᠦᠭᠡ 2020 ᠣᠨ ᠤ ᠪᠥᠬᠦ ᠣᠷᠣᠨ ᠤ ᠭᠤᠤᠯ ᠪᠣᠯᠬᠤ ᠴᠠᠭ ᠠᠭᠤᠷ ᠤᠨ ᠭᠠᠮᠰᠢᠭ᠂ ᠴᠠᠭ ᠠᠭᠤᠷ ᠤᠨ | ᠦᠢᠯᠡᠴᠢᠯᠡᠭᠡᠨ ᠤ ᠪᠠᠶᠢᠳᠠᠯ ᠵᠢᠴᠢ ᠡᠨᠡ ᠵᠢᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠴᠠᠭ ᠠᠭᠤᠷ ᠤᠨ ᠨᠥᠬᠦᠴᠡᠯ ᠵᠢᠴᠢ ᠭᠤᠤᠯ ᠪᠣᠯᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠰᠠᠨᠠᠭᠤᠯᠭ᠎ᠠ ᠶᠢ ᠳᠣᠤᠷᠠᠬᠢ ᠮᠡᠲᠦ ᠵᠠᠷᠯᠠᠶ᠎ᠠ᠄ | ᠨᠢᠭᠡ᠂ 2020 ᠣᠨ ᠤ ᠥᠪᠥᠷ ᠮᠣᠩᠭᠤᠯ ᠤᠨ ᠭᠤᠤᠯ ᠪᠣᠯᠬᠤ ᠴᠠᠭ ᠠᠭᠤᠷ ᠤᠨ ᠭᠠᠮᠰᠢᠭ ᠵᠢᠴᠢ ᠴᠠᠭ | ᠠᠭᠤᠷ ᠤᠨ ᠦᠢᠯᠡᠴᠢᠯᠡᠭᠡᠨ ᠤ ᠠᠵᠢᠯ ᠤᠨ ᠪᠠᠶᠢᠳᠠᠯ | ︵ᠨᠢᠭᠡ︶ 2020 ᠣᠨ ᠤ ᠥᠪᠥᠷ ᠮᠣᠩᠭᠤᠯ ᠤᠨ ᠭᠤᠤᠯ ᠪᠣᠯᠬᠤ ᠴᠠᠭ ᠠᠭᠤᠷ ᠤᠨ ᠭᠠᠮᠰᠢᠭ | 2020 ᠣᠨ ᠳᠤ᠂ ᠪᠥᠬᠦ ᠣᠷᠣᠨ ᠤ ᠣᠯᠠᠨ ᠭᠠᠵᠠᠷ ᠲᠤ ᠭᠠᠩ ᠬᠠᠭᠰᠠᠷᠠᠭᠠᠨ᠂ ᠰᠢᠷᠦᠭᠦᠨ ᠪᠣᠷᠣᠭᠠᠨ ᠦᠶᠡᠷ | ᠤᠰᠤᠲᠤᠯ᠂ ᠮᠥᠨᠳᠥᠷ᠂ ᠶᠡᠭᠡ ᠰᠠᠯᠬᠢ ᠵᠡᠷᠭᠡ ᠴᠠᠭ ᠠᠭᠤᠷ ᠤᠨ ᠭᠠᠮᠰᠢᠭ ᠵᠢᠴᠢ ᠣᠯᠠᠷᠢᠮᠠᠯ ᠪᠤᠶᠤ ᠡᠭᠦᠰᠦᠮᠡᠯ ᠭᠠᠮᠰᠢᠭ | ᠭᠠᠷᠴᠤ᠂ 415.96 ᠲᠦᠮᠡᠨ ᠬᠥᠮᠦᠨ ᠭᠠᠮᠰᠢᠭᠳᠠᠨ᠂ 7 ᠬᠥᠮᠦᠨ ᠠᠳᠡᠵᠦ᠂ ᠲᠠᠷᠢᠮᠠᠯ ᠤᠨ ᠭᠠᠮᠰᠢᠭᠳᠠᠭᠰᠠᠨ ᠲᠠᠯᠠᠪᠠᠶ ᠨᠢ | 235.7 ᠲᠦᠮᠡᠨ ᠾᠧᠺᠲ᠋ᠠᠷ᠂ ᠬᠤᠷᠢᠶᠠᠯᠲᠠ ᠠᠯᠳᠠᠭᠰᠠᠨ ᠲᠠᠯᠠᠪᠠᠶ 23.9 ᠲᠦᠮᠡᠨ ᠾᠧᠺᠲ᠋ᠠᠷ᠂ 111.04 | ᠳ᠋ᠦᠩᠰᠢᠭᠤᠷ ᠲᠥᠭᠦᠷᠢᠭ ᠤᠨ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠪᠠᠶᠢᠨ᠎ᠠ᠃ ᠴᠠᠭ ᠠᠭᠤᠷ ᠤᠨ | ᠭᠠᠮᠰᠢᠭ ᠠᠴᠠ ᠪᠣᠯᠵᠣ ᠠᠳᠡᠭᠰᠡᠨ ᠬᠥᠮᠦᠨ ᠤ ᠲᠤᠭ᠎ᠠ 2019 ᠣᠨ ᠤ ᠬᠢ ᠲᠠᠢ ᠠᠳᠠᠯᠢ ᠪᠠᠶᠢᠵᠤ᠂ ᠭᠠᠮᠰᠢᠭᠳᠠᠭᠰᠠᠨ | ᠬᠥᠮᠦᠨ ᠠᠮᠠ᠂ ᠲᠠᠷᠢᠮᠠᠯ ᠤᠨ ᠭᠠᠮᠰᠢᠭᠳᠠᠭᠰᠠᠨ ᠲᠠᠯᠠᠪᠠᠶ᠂ ᠬᠤᠷᠢᠶᠠᠯᠲᠠ ᠠᠯᠳᠠᠭᠰᠠᠨ ᠲᠠᠯᠠᠪᠠᠶ ᠵᠢᠴᠢ ᠠᠵᠤ ᠠᠬᠤᠶ ᠶᠢᠨ | ᠬᠤᠬᠢᠷᠠᠯ ᠨᠢ ᠲᠣᠰ ᠲᠣᠰ 2019 ᠣᠨ ᠤ ᠬᠢ ᠠᠴᠠ 88.5%᠂ 59.5%᠂ 117.8%᠂ 137.8% ᠪᠠᠷ | ᠨᠡᠮᠡᠭᠳᠡᠵᠡᠶ᠃ | 2020 ᠣᠨ ᠳᠤ᠂ ᠪᠦᠬᠦ ᠣᠷᠣᠨ ᠳᠤ ᠭᠠᠩ ᠬᠠᠭᠰᠠᠷᠠᠭᠠᠨ ᠠᠴᠠ ᠪᠤᠯᠵᠤ 210.6 ᠲᠦᠮᠡᠨ ᠬᠥᠮᠦᠨ | ᠭᠠᠮᠰᠢᠭᠳᠠᠪᠠ᠃ ᠡᠭᠦᠨ ᠳᠤ᠂ ᠮᠠᠯᠵᠢᠬᠤ ᠣᠷᠣᠨ ᠨᠢ ᠬᠦᠨᠳᠦ ᠭᠠᠩ ᠬᠠᠭᠰᠠᠷᠠᠭᠠᠨ ᠢᠶᠠᠷ ᠭᠤᠤᠯᠯᠠᠵᠤ᠂ ᠭᠤᠤᠯᠳᠠᠭᠤ 6 | ᠳ᠋ᠤᠭᠠᠷ ᠰᠠᠷ᠎ᠠ ᠶᠢᠨ ᠳᠤᠮᠳᠠᠴᠢ ᠠᠴᠠ 7 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ ᠡᠭᠦᠰᠴᠦ᠂ ᠬᠥᠯᠥᠨ ᠪᠤᠶᠢᠷ ᠤᠨ ᠪᠠᠷᠠᠭᠤᠨ | ᠬᠡᠰᠡᠭ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠬᠤᠶᠢᠲᠤ ᠬᠡᠰᠡᠭ᠂ ᠤᠯᠠᠭᠠᠨᠴᠠᠪ ᠤᠨ ᠳᠤᠮᠳᠠ ᠬᠡᠰᠡᠭ᠂ ᠬᠥᠬᠡᠬᠤᠲᠠ᠂ | ᠪᠠᠶᠠᠨᠨᠠᠭᠤᠷ ᠤᠨ ᠶᠡᠬᠡᠩᠬᠢ ᠬᠡᠰᠡᠭ᠂ ᠣᠷᠳᠣᠰ ᠤᠨ ᠡᠮᠦᠨᠡᠲᠦ ᠬᠡᠰᠡᠭ ᠵᠢᠴᠢ ᠠᠯᠠᠱᠠ ᠠᠶᠢᠮᠠᠭ ᠤᠨ ᠶᠡᠬᠡᠩᠬᠢ ᠬᠡᠰᠡᠭ ᠭᠠᠵᠠᠷ | ᠣᠷᠣᠨ ᠳᠤ ᠢᠯᠡᠷᠡᠪᠡ︔ ᠲᠠᠷᠢᠶᠠᠯᠠᠬᠤ ᠣᠷᠣᠨ ᠨᠢ ᠳᠤᠮᠳᠠ ᠵᠡᠷᠭᠡ ᠶᠢᠨ ᠭᠠᠩ ᠬᠠᠭᠰᠠᠷᠠᠭᠠᠨ ᠢᠶᠠᠷ ᠭᠤᠤᠯᠯᠠᠵᠤ᠂ | ᠭᠤᠤᠯᠳᠠᠭᠤ 5 ᠳ᠋ᠤᠭᠠᠷ ᠰᠠᠷ᠎ᠠ᠂ 6 ᠳ᠋ᠤᠭᠠᠷ ᠰᠠᠷ᠎ᠠ ᠶᠢᠨ ᠳᠤᠮᠳᠠᠴᠢ ᠪᠠ 7 ᠳ᠋ᠤᠭᠠᠷ ᠰᠠᠷ᠎ᠠ ᠶᠢᠨ ᠰᠡᠭᠦᠯᠴᠢ ᠪᠠᠷ ᠡᠭᠦᠰᠴᠦ᠂ | ᠲᠦᠩᠯᠢᠶᠣᠤ ᠶᠢᠨ ᠵᠡᠭᠦᠨ ᠡᠮᠦᠨᠡᠲᠦ ᠬᠡᠰᠡᠭ᠂ ᠤᠯᠠᠭᠠᠨᠬᠠᠳᠠ ᠶᠢᠨ ᠳᠤᠮᠳᠠ ᠬᠡᠰᠡᠭ᠂ ᠤᠯᠠᠭᠠᠨᠴᠠᠪ ᠤᠨ ᠶᠡᠬᠡᠩᠬᠢ ᠬᠡᠰᠡᠭ᠂ | ᠬᠥᠬᠡᠬᠤᠲᠠ ᠶᠢᠨ ᠳᠤᠮᠳᠠ ᠬᠡᠰᠡᠭ᠂ ᠪᠤᠭᠤᠲᠤ ᠶᠢᠨ ᠬᠤᠶᠢᠲᠤ ᠬᠡᠰᠡᠭ ᠢᠶᠠᠷ ᠢᠯᠡᠷᠡᠪᠡ᠃ | ᠪᠥᠬᠦ ᠣᠷᠣᠨ ᠳᠤ ᠰᠢᠷᠦᠭᠦᠨ ᠪᠣᠷᠣᠭᠠᠨ ᠦᠶᠡᠷ ᠤᠰᠤᠲᠤᠯ 73 ᠬᠤᠰᠢᠭᠤ ᠰᠢᠶᠠᠨ ᠤᠳᠠᠭ᠎ᠠ ᠡᠬᠦᠰᠴᠦ᠂ | ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ | ᠬᠤᠰᠢᠭᠤ᠂ ᠦᠶᠤᠸᠠᠨ ᠰᠢᠶᠠᠨ᠂ ᠠᠷᠤᠨ ᠬᠤᠰᠢᠭᠤ᠂ ᠳᠥᠷᠪᠡᠳ ᠬᠤᠰᠢᠭᠤ ᠵᠡᠷᠭᠡ 49 ᠬᠤᠰᠢᠭᠤ ᠰᠢᠶᠠᠨ ᠳᠤ | ᠬᠤᠯᠪᠣᠭᠳᠠᠵᠤ᠂ 47.2 ᠲᠦᠮᠡᠨ ᠬᠥᠮᠦᠨ ᠠᠮᠠ ᠭᠠᠮᠰᠢᠭᠳᠠᠵᠤ᠂ 44.7 ᠲᠦᠮᠡᠨ ᠾᠧᠺᠲ᠋ᠠᠷ ᠲᠠᠷᠢᠶᠠᠨ ᠭᠠᠵᠠᠷ | ᠭᠠᠮᠰᠢᠭᠳᠠᠵᠠᠶ᠃ | ᠪᠥᠬᠦ ᠣᠷᠣᠨ ᠳᠤ ᠮᠥᠨᠳᠥᠷ ᠤᠨ ᠭᠠᠮᠰᠢᠭ 106 ᠬᠤᠰᠢᠭᠤ ᠰᠢᠶᠠᠨ ᠤᠳᠠᠭ᠎ᠠ ᠡᠭᠦᠰᠴᠦ᠂ ᠯᠢᠨᠾᠧ ᠲᠣᠭᠤᠷᠢᠭ᠂ | ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠨᠢᠩᠴᠧᠩ ᠰᠢᠶᠠᠨ᠂ ᠤᠷᠠᠳ ᠤᠨ ᠡᠮᠦᠨᠡᠲᠦ | ᠬᠤᠰᠢᠭᠤ ᠵᠡᠷᠭᠡ 47 ᠬᠤᠰᠢᠭᠤ ᠰᠢᠶᠠᠨ ᠳᠤ ᠬᠤᠯᠪᠣᠭᠳᠠᠵᠤ᠂ ᠭᠠᠮᠰᠢᠭᠳᠠᠭᠰᠠᠨ ᠬᠥᠮᠦᠨ ᠠᠮᠠ 51.5 ᠲᠦᠮᠡ᠂ | ᠲᠠᠷᠢᠶᠠᠨ ᠭᠠᠵᠠᠷ 28.0 ᠲᠦᠮᠡᠨ ᠾᠧᠺᠲ᠋ᠠᠷ ᠲᠤ ᠬᠦᠷᠴᠦ᠂ ᠡᠭᠦᠨ ᠳᠤ ᠭᠠᠮᠰᠢᠭᠳᠠᠭᠰᠠᠨ ᠲᠠᠯᠠᠪᠠᠶ 13.7 ᠲᠦᠮᠡᠨ | ᠾᠧᠺᠲ᠋ᠠᠷ ᠲᠤ ᠬᠦᠷᠪᠡ᠃ ᠪᠥᠬᠦ ᠣᠷᠣᠨ ᠳᠤ ᠶᠡᠭᠡ ᠰᠠᠯᠬᠢᠨ ᠤ ᠭᠠᠮᠰᠢᠭ 32 ᠬᠤᠰᠢᠭᠤ ᠰᠢᠶᠠᠨ ᠤᠳᠠᠭ᠎ᠠ ᠡᠭᠦᠰᠴᠦ᠂ | ᠺᠠᠶᠢᠯᠦ ᠰᠢᠶᠠᠨ᠂ ᠳᠠᠯᠠᠳ ᠬᠤᠰᠢᠭᠤ᠂ ᠣᠲᠤᠭ ᠬᠤᠰᠢᠭᠤ᠂ ᠦᠶᠤᠸᠠᠨ ᠰᠢᠶᠠᠨ᠂ ᠣᠲᠤᠭ ᠤᠨ ᠡᠮᠦᠨᠡᠲᠦ ᠬᠤᠰᠢᠭᠤ ᠵᠡᠷᠭᠡ | 19 ᠬᠤᠰᠢᠭᠤ ᠰᠢᠶᠠᠨ ᠳᠤ ᠬᠤᠯᠪᠣᠭᠳᠠᠵᠤ᠂ ᠭᠠᠮᠰᠢᠭᠳᠠᠭᠰᠠᠨ ᠬᠥᠮᠦᠨ ᠠᠮᠠ 36.3 ᠲᠦᠮᠡ᠂ ᠲᠠᠷᠢᠶᠠᠨ ᠭᠠᠵᠠᠷ 16.8 | ᠲᠦᠮᠡᠨ ᠾᠧᠺᠲ᠋ᠠᠷ ᠬᠦᠷᠴᠡᠢ᠃ ᠪᠥᠬᠦ ᠣᠷᠣᠨ ᠳᠤ ᠶᠡᠭᠡ ᠴᠠᠰᠤᠨ ᠤ ᠭᠠᠮᠰᠢᠭ 23 ᠬᠤᠰᠢᠭᠤ ᠰᠢᠶᠠᠨ ᠤᠳᠠᠭ᠎ᠠ ᠡᠭᠦᠰᠴᠦ᠂ | ᠠᠤᠬᠠᠨ ᠬᠤᠰᠢᠭᠤ᠂ ᠰᠦᠩᠱᠠᠨ ᠲᠣᠭᠤᠷᠢᠭ᠂ ᠠᠷᠤ ᠬᠤᠷᠴᠢᠨ ᠬᠤᠰᠢᠭᠤ᠂ ᠣᠩᠨᠢᠭᠤᠳ ᠬᠤᠰᠢᠭᠤ᠂ ᠺᠠᠶᠢᠯᠦ ᠰᠢᠶᠠᠨ | ᠵᠡᠷᠭᠡ 22 ᠬᠤᠰᠢᠭᠤ ᠰᠢᠶᠠᠨ ᠳᠤ ᠬᠤᠯᠪᠣᠭᠳᠠᠵᠤ᠂ ᠵᠠᠮ ᠤᠨ ᠭᠠᠳᠠᠷᠭᠤ ᠳᠤ ᠴᠠᠰᠤ ᠬᠤᠷᠠᠵᠤ᠂ ᠴᠠᠬᠢᠯᠭᠠᠨ ᠬᠠᠩᠭᠠᠬᠤ | ᠱᠤᠭᠤᠮ᠂ ᠰᠠᠭᠤᠭᠠᠯᠢ ᠠᠷᠠᠳ ᠤᠨ ᠣᠷᠣᠨ ᠰᠠᠭᠤᠴᠠ᠂ ᠪᠡᠯᠡᠳᠭᠡᠮᠵᠢᠳᠤ ᠲᠠᠷᠢᠶᠠᠯᠠᠩ ᠪᠠ ᠲᠡᠵᠢᠭᠡᠨ ᠦᠷᠡᠵᠢᠭᠦᠯᠬᠦ ᠦᠢᠯᠡᠰ | ᠠᠳᠠᠯᠢ ᠪᠤᠰᠤ ᠬᠡᠮᠵᠢᠶ᠎ᠡ ᠪᠠᠷ ᠡᠪᠳᠡᠭᠳᠡᠵᠦ᠂ 3.5 ᠲᠦᠮᠡᠨ ᠬᠥᠮᠦᠨ ᠭᠠᠮᠰᠢᠭᠳᠠᠵᠤ᠂ 251 ᠾᠧᠺᠲ᠋ᠠᠷ ᠲᠠᠷᠢᠶᠠᠨ ᠭᠠᠵᠠᠷ᠂ | 4312 ᠲᠠᠰᠤᠯᠭ᠎ᠠ ᠲᠣᠮᠣ ᠬᠦᠯᠦᠮᠵᠢ ᠬᠤᠬᠢᠷᠠᠵᠠᠶ᠃ ᠪᠥᠬᠦ ᠣᠷᠣᠨ ᠳᠤ ᠬᠦᠯᠳᠡᠬᠦᠦ ᠶᠢᠨ ᠭᠠᠮᠰᠢᠭ 7 ᠬᠤᠰᠢᠭᠤ ᠰᠢᠶᠠᠨ | ᠤᠳᠠᠭ᠎ᠠ ᠡᠭᠦᠰᠴᠦ᠂ ᠬᠠᠩᠭᠢᠨ ᠬᠤᠶᠢᠲᠤ ᠬᠤᠰᠢᠭᠤ᠂ ᠳ᠋ᠧᠩᠺᠸᠣ ᠰᠢᠶᠠᠨ᠂ ᠦᠶᠤᠸᠠᠨ ᠰᠢᠶᠠᠨ᠂ ᠯᠢᠨᠾᠧ ᠲᠣᠭᠤᠷᠢᠭ᠂ | ᠳᠠᠯᠠᠳ ᠬᠤᠰᠢᠭᠤ ᠵᠡᠷᠭᠡ 7 ᠬᠤᠰᠢᠭᠤ ᠰᠢᠶᠠᠨ ᠳᠤ ᠬᠤᠯᠪᠣᠭᠳᠠᠵᠤ᠂ ᠭᠠᠮᠰᠢᠭᠳᠠᠭᠰᠠᠨ ᠬᠥᠮᠦᠨ ᠠᠮᠠ 1.5 ᠲᠦᠮᠡ᠂ | ᠲᠠᠷᠢᠶᠠᠨ ᠭᠠᠵᠠᠷ 1876 ᠾᠧᠺᠲ᠋ᠠᠷ ᠲᠤ ᠬᠦᠷᠪᠡ᠃ | ︵ᠬᠤᠶᠠᠷ︶ 2020 ᠣᠨ ᠤ ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠭᠰᠠᠨ ᠦᠢᠯᠡᠴᠢᠯᠡᠭᠡᠨ ᠤ ᠪᠠᠶᠢᠳᠠᠯ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠲᠠᠰᠤᠷᠠᠯᠲᠠ ᠦᠭᠡᠢ ᠴᠢᠩᠭᠠᠷᠠᠪᠠ᠃ ᠥᠪᠥᠷ | ᠮᠣᠩᠭᠤᠯ ᠤᠨ ᠴᠠᠭ ᠠᠭᠤᠷ ᠤᠨ ᠲᠤᠪᠴᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠰᠢᠷᠢᠰ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠴᠠᠭ ᠠᠭᠤᠷ ᠤᠨ ᠲᠤᠪᠴᠢᠶᠠᠨ | ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠪᠠ᠃ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ᠂ ᠴᠠᠭ ᠠᠭᠤᠷ ᠤᠨ ᠦᠢᠯᠡᠴᠢᠯᠡᠭᠡᠨ ᠤ ᠤᠳᠤᠷᠢᠳᠬᠤ ᠳᠤᠭᠤᠶᠢᠯᠠᠩ ᠤᠨ ᠬᠤᠷᠠᠯ᠂ | ᠦᠶᠡᠷ ᠤᠨ ᠬᠤᠭᠤᠴᠠᠭᠠᠨ ᠤ ᠲᠠᠶᠢᠴᠢᠯᠠᠯᠳᠠ ᠶᠢᠨ ᠬᠤᠷᠠᠯ᠂ ᠲᠣᠪᠴᠢᠶᠠᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠡᠷᠭᠡ | ᠬᠤᠷᠠᠯ ᠢ ᠬᠤᠷᠠᠯᠳᠤᠭᠤᠯᠬᠤ ᠪᠠᠷ ᠳᠠᠮᠵᠢᠭᠤᠯᠤᠨ᠂ ᠴᠠᠭ ᠠᠭᠤᠷ ᠤᠨ ᠦᠢᠯᠡᠴᠢᠯᠡᠭᠡᠨ ᠳᠤ ᠪᠣᠳᠠᠲᠠᠢ ᠲᠤᠬᠢᠷᠠᠭᠤᠯᠤᠯᠳᠠ | ᠪᠠᠶᠢᠷᠢᠯᠠᠭᠤᠯᠤᠯᠲᠠ ᠬᠢᠵᠦ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠪᠠᠭᠤᠷᠠᠢ ᠭᠤᠭᠴᠤᠭ᠎ᠠ ᠶᠢ ᠨᠠᠷᠢᠨ | ᠬᠢᠨᠠᠮᠠᠭᠠᠢ ᠡᠷᠢᠵᠦ ᠴᠡᠭᠴᠡᠯᠡᠨ ᠰᠠᠶᠢᠵᠢᠷᠠᠭᠤᠯᠪᠡ᠃ | ᠬᠤᠶᠠᠷ ᠲᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠲᠣᠭᠲᠠᠴᠠ ᠪᠠᠨ | ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠤᠢᠢᠷ᠎ᠠ ᠶᠢᠨ ᠵᠢᠯ ᠠᠴᠠ ᠨᠠᠰᠢ᠂ ᠥᠪᠥᠷ ᠮᠣᠩᠭᠤᠯ ᠤᠨ ᠴᠠᠭ ᠠᠭᠤᠷ ᠤᠨ | ᠲᠤᠪᠴᠢᠶ᠎ᠠ ᠤᠷᠢᠳ ᠬᠤᠵᠢᠳ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠠᠮᠢ ᠠᠬᠤᠢ ᠶᠢᠨ ᠣᠷᠴᠢᠨ | ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠷᠠᠳᠢᠣ᠋ ᠲᠧᠯᠸᠢᠰ ᠵᠡᠷᠭᠡ | ᠰᠠᠯᠠᠭ᠎ᠠ ᠮᠥᠴᠢᠷ ᠯᠦᠭᠡ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠬᠠᠮᠲᠤᠷᠠᠯᠴᠠᠭᠠᠨ ᠤ ᠲᠣᠭᠲᠠᠴᠠ ᠶᠢ ᠭᠦᠨᠵᠡᠭᠡᠶᠢᠷᠡᠭᠦᠯᠪᠡ᠃ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠯᠦᠭᠡ ᠦᠶᠡᠷ ᠤᠨ ᠬᠤᠭᠤᠴᠠᠭᠠᠨ ᠤ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠴᠠᠭ ᠠᠭᠤᠷ ᠤᠨ ᠠᠶᠤᠯ ᠤᠨ | ᠤᠷᠢᠳᠴᠢᠯᠠᠨ ᠰᠡᠷᠡᠮᠵᠢᠯᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ ᠯᠦᠭᠡ ᠬᠠᠮᠵᠢᠯᠴᠠᠨ ᠮᠠᠯᠵᠢᠬᠤ ᠲᠠᠷᠢᠶᠠᠯᠠᠬᠤ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠯᠦᠭᠡ ᠪᠠᠶᠢᠭᠠᠯᠢ ᠶᠢᠨ | ᠭᠠᠮᠰᠢᠭ ᠤᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠠᠬᠢᠭᠤᠯᠵᠤ᠂ ᠪᠥᠬᠦ ᠣᠷᠣᠨ ᠤ ᠴᠠᠭ ᠠᠭᠤᠷ ᠤᠨ | ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠮᠡᠷᠭᠡᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ | 8 ᠵᠦᠢᠯ ᠤᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠨᠠᠷᠢᠨ | ᠲᠦᠷᠢᠮ ᠢ ᠨᠠᠶᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠪᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ | ᠠᠵᠢᠯ ᠤᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ 30 ᠰᠠᠯᠠᠭ᠎ᠠ ᠮᠥᠴᠢᠷ ᠲᠠᠢ ᠶᠠᠷᠢᠯᠴᠠᠨ | ᠰᠣᠯᠢᠯᠴᠠᠵᠤ᠂ ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠡᠯ᠎ᠡ ᠵᠦᠢᠯ ᠤᠨ ᠠᠵᠢᠯ ᠢ | ᠲᠥᠯᠬᠢᠨ ᠠᠬᠢᠭᠤᠯᠬᠤ ᠶᠢ ᠬᠠᠮᠲᠤᠪᠠᠷ ᠵᠥᠪᠳᠡᠯᠴᠡᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ᠂ ᠬᠢᠨᠠᠨ ᠰᠢᠯᠭᠠᠬᠤ | ᠰᠢᠰᠲ᠋ᠧᠮᠵᠢ᠂ ᠪᠡᠯᠡᠳᠬᠡᠯ ᠲᠥᠰᠦᠯ ᠤᠨ ᠰᠢᠰᠲ᠋ᠧᠮᠵᠢ ᠪᠣᠯᠤᠨ ᠲᠦᠭᠰᠢᠭᠦᠷᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠪᠡ᠃ | ᠭᠤᠷᠪᠠ ᠳᠤ᠂ ᠴᠠᠭ ᠠᠭᠤᠷ ᠤᠨ ᠭᠠᠶ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ | ᠰᠡᠷᠡᠮᠵᠢᠯᠡᠭᠦᠯᠬᠦ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ 2020 ᠣᠨ ᠳᠤ᠂ ᠪᠥᠬᠦ ᠣᠷᠣᠨ ᠳᠤ | ᠰᠢᠨ᠎ᠡ ᠨᠢᠭᠡ ᠦᠶ᠎ᠡ ᠶᠢᠨ ᠴᠠᠭ ᠠᠭᠤᠷ ᠤᠨ 5 ᠷᠠᠳᠠᠷ ᠢ ᠲᠠᠰ ᠳᠡᠪᠰᠢᠭᠦᠯᠦᠨ ᠥᠭᠡᠷᠡᠴᠢᠯᠡᠵᠦ᠂ ᠪᠥᠬᠦ ᠤᠯᠤᠰ ᠤᠨ | ᠠᠩᠬᠠᠨ ᠤ ᠪᠦᠯᠦᠭ ᠤᠨ ᠳᠣᠬᠢᠭᠤᠷ ᠲᠤᠯᠤᠭᠠᠨ ᠣᠲᠣ ᠠᠦ᠋ᠲ᠋ᠣ᠋ ᠠᠭᠠᠷ ᠬᠠᠶᠢᠬᠤ ᠰᠢᠰᠲ᠋ᠧᠮ ᠢ ᠪᠠᠶᠢᠭᠤᠯᠵᠦ᠂ ᠭᠠᠵᠠᠷ | ᠳᠡᠭᠡᠷᠡᠬᠢ ᠴᠠᠭ ᠠᠭᠤᠷ ᠤᠨ ᠠᠵᠢᠭᠯᠠᠯᠲᠠ ᠶᠢ ᠠᠦ᠋ᠲ᠋ᠣᠴᠢᠯᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠴᠠᠭ ᠠᠭᠤᠷ ᠤᠨ | ᠠᠵᠢᠭᠯᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ISO9001 ᠭᠡᠷᠡᠴᠢᠯᠡᠯᠲᠡ ᠶᠢ ᠥᠩᠭᠡᠷᠡᠭᠡᠪᠡ᠃ | ᠡᠯ᠎ᠡ ᠲᠦᠷᠦᠯ ᠤᠨ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ | ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠪᠡ᠂ ᠡᠭᠦᠨ ᠳᠤ ᠰᠢᠷᠦᠭᠦᠨ ᠪᠣᠷᠣᠭᠠᠨ ᠤ ᠤᠷᠢᠳᠴᠢᠯᠠᠨ ᠰᠡᠷᠡᠮᠵᠢᠯᠡᠭᠦᠯᠬᠦ | ᠣᠨᠣᠪᠴᠢ ᠶᠢᠨ ᠬᠡᠮᠵᠢᠶ᠎ᠡ 86.9% ᠳᠤ ᠬᠦᠷᠴᠦ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠤᠨ ᠰᠡᠷᠡᠮᠵᠢ ᠶᠢᠨ | ᠤᠷᠢᠳᠴᠢᠯᠠᠭᠰᠠᠨ ᠬᠡᠮᠵᠢᠶ᠎ᠡ ᠨᠢ 55 ᠮᠢᠨᠦ᠋ᠲ ᠲᠤ ᠬᠦᠷᠴᠡᠢ᠃ ᠦᠶᠡᠷ ᠤᠨ ᠬᠤᠭᠤᠴᠠᠭᠠᠨ ᠤ 12 ᠤᠳᠠᠭᠠᠨ ᠤ ᠣᠷᠣᠨ | ᠪᠦᠰᠡ ᠶᠢᠨ ᠰᠢᠷᠦᠭᠦᠨ ᠪᠣᠷᠣᠭᠠᠨ ᠤ ᠴᠠᠭ ᠠᠭᠤᠷ ᠤᠨ ᠶᠠᠪᠤᠴᠠ ᠶᠢ ᠠᠮᠵᠢᠯᠲᠠ ᠲᠠᠢ ᠪᠠᠷ ᠤᠷᠢᠳᠴᠢᠯᠠᠨ ᠮᠡᠳᠡᠭᠡᠯᠡᠵᠦ᠂ 9 | ᠳ᠋ᠣᠭᠡᠷ ᠰᠠᠷ᠎ᠠ ᠳᠤ ᠵᠡᠭᠦᠨ ᠬᠤᠶᠢᠲᠤ ᠣᠷᠣᠨ ᠤ ᠬᠠᠭᠠᠰ ᠰᠠᠷ᠎ᠠ ᠶᠢᠨ ᠳᠣᠲᠣᠷ᠎ᠠ 3 ᠲᠠᠶᠢᠹᠤᠩ ᠰᠠᠯᠬᠢᠨ ᠤ ᠬᠠᠭᠤᠷᠠᠶ ᠳᠤ | ᠭᠠᠷᠬᠤ ᠨᠥᠯᠥᠭᠡ᠂ 11 ᠳ᠋ᠣᠭᠡᠷ ᠰᠠᠷ᠎ᠠ ᠳᠤ ᠶᠡᠭᠡ ᠬᠡᠪᠴᠢᠶᠡᠨ ᠤ ᠲᠦᠢᠯ ᠤᠨ ᠶᠡᠭᠡ ᠴᠠᠰᠤ ᠤᠷᠤᠭᠰᠠᠨ ᠵᠡᠷᠭᠡ ᠲᠡᠦᠬᠡᠨ ᠳᠤ | ᠬᠤᠪᠣᠷ ᠲᠣᠬᠢᠶᠠᠯᠳᠤᠬᠤ ᠭᠠᠮᠰᠢᠭᠲᠤ ᠴᠠᠭ ᠠᠭᠤᠷ ᠢ ᠪᠦᠲᠦᠮᠵᠢᠲᠡᠶ ᠠᠷᠭᠠᠴᠠᠭᠠᠪᠠ᠃ ᠢᠯᠠᠩᠭᠤᠶ᠎ᠠ ᠲᠠᠶᠢᠹᠤᠩ ᠰᠠᠯᠬᠢ ︽ | ᠮᠠᠶ᠋ᠢᠰᠠᠺ︾ ᠶᠢᠨ ᠨᠥᠯᠥᠭᠡ ᠪᠠᠷ᠂ ᠮᠠᠨ ᠤ ᠣᠷᠣᠨ ᠤ ᠵᠡᠭᠦᠨ ᠬᠡᠰᠡᠭ ᠤᠨ ᠭᠠᠵᠠᠷ ᠣᠷᠣᠨ ᠳᠤ 143.9mm ᠤᠨ | ᠬᠠᠮᠤᠭ ᠤᠨ ᠶᠡᠭᠡ ᠪᠣᠷᠣᠭᠠᠨ ᠣᠷᠣᠵᠤ᠂ 12 ᠲᠠᠰ ᠠᠴᠠ ᠳᠡᠭᠡᠭᠰᠢᠬᠢ ᠬᠦᠴᠦᠲᠡᠶ ᠰᠠᠯᠬᠢ ᠰᠠᠯᠬᠢᠯᠠᠵᠤ᠂ ᠥᠪᠥᠷ | ᠮᠣᠩᠭᠤᠯ ᠤᠨ ᠴᠠᠭ ᠠᠭᠤᠷ ᠤᠨ ᠲᠣᠪᠴᠢᠶ᠎ᠠ 2 ᠡᠳᠦᠷ ᠤᠨ ᠡᠮᠦᠨ᠎ᠡ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ | ᠬᠤᠯᠪᠤᠭᠳᠠᠯ ᠪᠥᠬᠦᠶ ᠰᠠᠯᠠᠭ᠎ᠠ ᠮᠥᠴᠢᠷ ᠲᠤ ᠰᠢᠢᠳᠪᠦᠷᠢᠲᠦ ᠪᠣᠳᠣᠯᠭ᠎ᠠ ᠶᠢᠨ ᠦᠢᠯᠡᠴᠢᠯᠡᠭᠡᠨ ᠤ ᠮᠠᠲ᠋ᠧᠷᠢᠶᠠᠯ ᠢᠶᠠᠨ | ᠮᠡᠳᠡᠭᠦᠯᠦᠨ ᠬᠦᠷᠭᠡᠵᠦ᠂ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠳ ᠳᠣᠭᠰᠢᠨ ᠪᠣᠷᠣᠭᠠᠨ᠂ ᠶᠡᠭᠡ ᠰᠠᠯᠬᠢ᠂ | ᠠᠶᠤᠩᠭ᠎ᠠ ᠴᠠᠬᠢᠯᠭᠠᠨ ᠵᠡᠷᠭᠡ ᠰᠡᠷᠡᠮᠵᠢ ᠶᠢᠨ ᠳᠣᠬᠢᠶ᠎ᠠ ᠶᠢ ᠨᠡᠶᠢᠲᠡ 75 ᠬᠤᠭᠤᠴᠠᠭ᠎ᠠ ᠨᠡᠶᠢᠲᠡᠯᠡᠵᠦ᠂ ᠰᠡᠷᠡᠮᠵᠢ ᠶᠢᠨ | ᠣᠨᠣᠪᠴᠢ ᠶᠢᠨ ᠬᠡᠮᠵᠢᠶ᠎ᠡ 91.3% ᠬᠦᠷᠴᠦ᠂ ᠶᠡᠷᠦᠩᠬᠡᠶᠢᠯᠡᠭᠰᠡᠨ ᠰᠡᠷᠡᠮᠵᠢ ᠶᠢᠨ ᠤᠷᠢᠳᠴᠢᠯᠠᠭᠰᠠᠨ ᠬᠡᠮᠵᠢᠶ᠎ᠡ 2 | ᠴᠠᠭ ᠠᠴᠠ ᠲᠠᠪᠠᠪᠠ᠃ | ᠳᠥᠷᠪᠡ ᠳᠤ᠂ ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠳᠡᠯᠡᠭᠰᠡᠨ ᠬᠠᠮᠤᠷᠬᠤ ᠬᠡᠪᠴᠢᠶ᠎ᠡ ᠲᠠᠰᠤᠷᠠᠯᠲᠠ | ᠥᠬᠡᠶ ᠳᠡᠭᠡᠭᠰᠢᠯᠡᠪᠡ᠃ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠯᠤᠭ᠎ᠠ ᠬᠠᠮᠲᠤᠷᠠᠨ ᠪᠠᠴᠢᠮ | ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ︽ᠲᠣᠰᠬᠤᠨ ᠪᠣᠯᠭᠠᠨ ᠳᠤ ᠨᠡᠪᠲᠡᠷᠡᠭᠦᠯᠬᠦ︾ ᠰᠢᠰᠲ᠋ᠧᠮ ᠬᠢᠭᠡᠳ | ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠤᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠷᠭ᠎ᠠ ᠵᠠᠮ ᠢᠶᠠᠨ | ᠤᠯᠠᠮ ᠨᠢᠭᠡ ᠠᠯᠬᠤᠮ ᠥᠷᠭᠡᠳᠬᠡᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠬᠠᠮᠤᠷᠬᠤ ᠬᠡᠪᠴᠢᠶ᠎ᠡ ᠶᠢ | ᠳᠡᠭᠡᠭᠰᠢᠯᠡᠭᠦᠯᠪᠡ᠃ ᠪᠥᠬᠦ ᠣᠷᠣᠨ ᠤ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠳ ᠭᠡᠨᠡᠳᠲᠡ ᠶᠢᠨ ᠬᠡᠷᠡᠭ ᠤᠨ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠵᠢᠴᠢ ᠲᠧᠯᠸᠢᠰ᠂ ᠷᠠᠳᠢᠣ᠋᠂ ᠭᠠᠷ ᠤᠲᠠᠰᠤᠨ ᠤ | ᠣᠬᠤᠷ ᠮᠡᠳᠡᠭᠡ ᠵᠢᠴᠢ ᠸᠢᠴᠠᠲ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠲᠤ ᠲᠦᠰᠢᠭᠯᠡᠨ ᠡᠯ᠎ᠡ ᠱᠠᠲᠤᠨ ᠤ | ᠤᠷᠢᠳᠴᠢᠯᠠᠨ ᠰᠡᠷᠡᠮᠵᠢᠯᠡᠭᠦᠯᠬᠦ ᠬᠠᠷᠢᠭᠤᠴᠠᠯᠭᠠᠲᠠᠨ ᠪᠠ ᠨᠡᠶᠢᠭᠡᠮ ᠨᠡᠶᠢᠲᠡ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠨᠡᠶᠢᠲᠡᠯᠡᠪᠡ᠃ ᠪᠥᠬᠦ ᠣᠷᠣᠨ ᠳᠤ ᠴᠠᠭ ᠠᠭᠤᠷ ᠤᠨ | ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡ 9190 ᠵᠤᠷᠪᠤᠰ ᠨᠡᠶᠢᠲᠡᠯᠡᠵᠦ᠂ 12379 ᠪᠠᠷ | ᠳᠠᠮᠵᠢᠭᠤᠯᠤᠨ ᠡᠯ᠎ᠡ ᠱᠠᠲᠤᠨ ᠤ ᠬᠠᠷᠢᠭᠤᠴᠠᠯᠭᠠᠲᠠᠨ ᠳᠤ ᠤᠷᠢᠳᠴᠢᠯᠠᠨ ᠰᠡᠷᠡᠮᠵᠢᠯᠡᠭᠦᠯᠬᠦ ᠣᠬᠤᠷ ᠮᠡᠳᠡᠭᠡ ᠶᠢ 1002 | ᠲᠦᠮᠡᠨ ᠬᠥᠮᠦᠨ ᠤᠳᠠᠭ᠎ᠠ ᠨᠡᠶᠢᠲᠡᠯᠡᠪᠡ᠃ | ᠲᠠᠪᠤ ᠳᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ᠰᠢᠷᠦᠭᠦᠨ | ᠪᠣᠷᠣᠭᠠᠨ ᠦᠶᠡᠷ ᠤᠰᠤᠲᠤᠯ᠂ ᠭᠠᠩ ᠬᠠᠭᠤᠷᠠᠶ᠂ ᠴᠠᠰᠤ ᠰᠢᠭᠤᠷᠭ᠎ᠠ᠂ ᠶᠡᠭᠡ ᠰᠠᠯᠬᠢ᠂ ᠬᠢᠷᠠᠭᠤ ᠬᠥᠯᠳᠡᠭᠦᠦ ᠵᠡᠷᠭᠡ ᠴᠠᠭ | ᠠᠭᠤᠷ ᠤᠨ ᠭᠠᠮᠰᠢᠭ ᠵᠢᠴᠢ ᠬᠠᠲᠤᠨ ᠭᠤᠣᠯ ᠤᠨ ᠬᠠᠯᠢᠶ᠎ᠠ ᠦᠶᠡᠷ᠂ ᠣᠶ ᠰᠢᠭᠤᠶ ᠶᠢᠨ ᠲᠦᠢᠮᠡᠷ ᠤᠨ ᠭᠠᠮᠰᠢᠭ ᠵᠡᠷᠭᠡ ᠠᠴᠠ | ᠡᠭᠦᠰᠦᠭᠰᠡᠨ ᠭᠠᠮᠰᠢᠭ ᠲᠤ ᠴᠢᠭᠯᠡᠭᠦᠯᠦᠨ᠂ ᠴᠠᠭ ᠠᠭᠤᠷ ᠤᠨ ᠰᠠᠯᠠᠭ᠎ᠠ ᠮᠥᠴᠢᠷ ᠤᠳ ᠨᠠᠷᠢᠨ ᠨᠢᠮᠪᠠᠶ ᠬᠢᠨᠠᠨ ᠬᠡᠮᠵᠢᠵᠦ᠂ | ᠦᠷᠭᠦᠯᠵᠢᠯᠡᠨ ᠤᠷᠢᠳᠴᠢᠯᠠᠨ ᠮᠡᠳᠡᠭᠡᠯᠡᠵᠦ᠂ ᠬᠤᠯᠪᠣᠭᠠᠯᠠᠨ ᠵᠥᠪᠳᠡᠯᠴᠡᠵᠦ᠂ ᠮᠥᠷᠳᠡᠨ ᠦᠢᠯᠡᠴᠢᠯᠡᠵᠦ᠂ ᠣᠨᠣᠪᠴᠢᠲᠠᠶ ᠪᠠᠷ | ᠤᠷᠢᠳᠴᠢᠯᠠᠨ ᠮᠡᠳᠡᠭᠡᠯᠡᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠪᠠ ᠪᠠᠴᠢᠮ | ᠪᠠᠶᠢᠳᠠᠯ ᠢ ᠠᠷᠭᠠᠴᠠᠭᠠᠬᠤ ᠳᠤ ᠬᠠᠮᠵᠢᠯᠴᠠᠬᠤ ᠪᠠᠨ ᠡᠬᠢᠯᠡᠭᠦᠯᠵᠦ᠂ ᠨᠠᠮ ᠵᠠᠰᠠᠭ ᠤᠨ ᠤᠳᠤᠷᠢᠳᠤᠯᠭ᠎ᠠ ᠶᠢᠨ ᠳᠠᠭᠤᠳᠠᠯᠭ᠎ᠠ ᠶᠢᠨ | ᠦᠢᠯᠡᠴᠢᠯᠡᠭᠡ ᠶᠢ ᠥᠷᠨᠢᠭᠦᠯᠵᠦ᠂ ᠬᠤᠯᠪᠤᠭᠳᠠᠯ ᠪᠥᠬᠦᠶ ᠭᠠᠵᠠᠷ ᠣᠷᠣᠨ ᠨᠤᠭᠤᠳ ᠪᠠᠴᠢᠮ ᠪᠠᠶᠢᠳᠠᠯ ᠢ ᠠᠷᠭᠠᠴᠠᠭᠠᠬᠤ | ᠲᠥᠰᠦᠯ ᠤᠨ ᠶᠣᠰᠣᠭᠠᠷ ᠲᠡᠭᠡᠭᠡᠪᠦᠷᠢᠯᠡᠬᠦ ᠶᠢ ᠵᠣᠭᠰᠣᠭᠠᠬᠤ᠂ ᠬᠢᠴᠢᠶᠡᠯ ᠵᠣᠭᠰᠣᠭᠠᠬᠤ᠂ ᠠᠵᠢᠯ ᠵᠣᠭᠰᠣᠭᠠᠬᠤ ᠲᠣᠭᠲᠠᠴᠠ ᠶᠢ | ᠡᠬᠢᠯᠡᠭᠦᠯᠵᠦ᠂ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠡ᠃ ᠡᠭᠦᠨ ᠳᠤ᠂ | 2020 ᠣᠨ ᠤ 11 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯᠠᠬᠢ ᠮᠠᠨ ᠤ ᠣᠷᠣᠨ ᠤ ᠳᠤᠮᠳᠠ ᠵᠡᠭᠦᠨ | ᠬᠡᠰᠡᠭ ᠤᠨ ᠣᠨᠴᠠ ᠶᠡᠭᠡ ᠴᠠᠰᠤ ᠰᠢᠭᠤᠷᠭᠠᠨ ᠤ ᠶᠠᠪᠤᠴᠠ ᠳᠤ ᠴᠢᠭᠯᠡᠭᠦᠯᠦᠨ᠂ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ | ᠮᠥᠴᠢᠷ ᠤᠨ ᠬᠢᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ 72 ᠴᠠᠭ ᠤᠨ ᠡᠮᠦᠨ᠎ᠡ ᠰᠢᠷᠦᠭᠦᠨ | ᠴᠠᠰᠤ᠂ ᠶᠡᠭᠡ ᠰᠠᠯᠬᠢ ᠪᠠ ᠳᠤᠯᠠᠭᠠᠨ ᠤ ᠬᠡᠮᠵᠢᠶ᠎ᠡ ᠶᠡᠭᠡ ᠪᠠᠷ ᠲᠤᠷᠤᠭᠰᠢᠯᠠᠬᠤ ᠴᠠᠭ ᠠᠭᠤᠷ ᠤᠨ ᠤᠷᠢᠳᠴᠢᠯᠠᠭᠰᠠᠨ | ᠮᠡᠳᠡᠭᠡ ᠶᠢ ᠨᠡᠶᠢᠳᠡᠯᠡᠵᠦ᠂ ᠤᠷᠢᠳᠴᠢᠯᠠᠨ ᠮᠡᠳᠡᠭᠡᠯᠡᠬᠦ ᠪᠠᠨ ᠴᠠᠭ ᠲᠤᠬᠠᠶ ᠳᠤᠨᠢ ᠦᠷᠭᠦᠯᠵᠢᠯᠡᠨ ᠰᠢᠨᠡᠳᠬᠡᠵᠦ᠂ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡ 229 ᠨᠡᠶᠢᠲᠡᠯᠡᠵᠦ᠂ ᠬᠠᠮᠤᠭ ᠤᠨ ᠲᠡᠷᠢᠭᠦᠨ ᠳᠤ ᠰᠢᠢᠳᠪᠦᠷᠢᠲᠦ | ᠪᠣᠳᠣᠯᠭ᠎ᠠ ᠶᠢᠨ ᠰᠠᠯᠠᠭ᠎ᠠ ᠮᠥᠴᠢᠷ ᠲᠤ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ᠂ ᠰᠡᠷᠭᠡᠶᠢᠯᠡᠬᠦ ᠠᠷᠭ᠎ᠠ ᠪᠣᠳᠣᠯᠭ᠎ᠠ ᠶᠢᠨ | ᠰᠠᠨᠠᠭᠤᠯᠭ᠎ᠠ ᠳᠤᠷᠠᠳᠤᠨ᠂ ᠡᠯ᠎ᠡ ᠰᠠᠯᠠᠭ᠎ᠠ ᠮᠥᠴᠢᠷ ᠤᠨ ᠰᠡᠷᠭᠡᠶᠢᠯᠡᠯᠲᠡ ᠶᠢᠨ ᠠᠵᠢᠯ ᠢ ᠡᠷᠲᠡ ᠠᠴᠠ ᠪᠠᠶᠢᠷᠢᠯᠠᠭᠤᠯᠬᠤ᠂ | ᠡᠷᠲᠡ ᠠᠴᠠ ᠲᠣᠬᠢᠷᠠᠭᠤᠯᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ᠃ ᠡᠨᠡ ᠤᠳᠠᠭᠠᠨ ᠤ ᠴᠠᠭ ᠠᠭᠤᠷ ᠤᠨ | ᠶᠠᠪᠤᠴᠠ ᠳᠤ ᠴᠠᠭ ᠠᠭᠤᠷ ᠤᠨ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ | ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠲᠠᠪᠴᠠᠩ ᠢᠶᠠᠷ ᠡᠯ᠎ᠡ ᠱᠠᠲᠤᠨ ᠤ ᠴᠠᠭ ᠠᠭᠤᠷ ᠤᠨ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠷᠢᠭᠤᠴᠠᠯᠭᠠᠲᠠᠨ ᠳᠤ ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | 30.86 ᠲᠦᠮᠡᠨ ᠬᠥᠮᠦᠨ ᠤᠳᠠᠭ᠎ᠠ ᠨᠡᠶᠢᠲᠡᠯᠡᠵᠦ᠂ ᠡᠭᠦᠨ ᠤ ᠬᠠᠮᠲᠤ᠂ ᠷᠠᠳᠢᠣ᠋ ᠨᠡᠪᠲᠡᠷᠡᠭᠦᠯᠭᠡ᠂ ᠲᠧᠯᠸᠢᠰ ᠵᠢᠴᠢ | ᠸᠢᠴᠠᠲ ᠤᠨ ᠣᠯᠠᠨ ᠨᠡᠶᠢᠲᠡ ᠶᠢᠨ ᠲᠡᠪᠴᠠᠩ᠂ ᠲᠢᠺ ᠲᠤᠺ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ | ᠳᠠᠮᠵᠢᠭᠤᠯᠤᠨ ᠨᠡᠶᠢᠭᠡᠮ ᠨᠡᠶᠢᠲᠡ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠵᠦ᠂ ᠣᠨᠣᠪᠴᠢᠲᠠᠶ ᠪᠥᠭᠡᠳ | ᠴᠠᠭ ᠲᠤᠬᠠᠶ ᠳᠤᠨᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠨᠢ ᠡᠯ᠎ᠡ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠵᠢᠯᠣᠭᠤᠳᠣᠯᠭ᠎ᠠ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ | ᠬᠠᠩᠭᠠᠵᠤ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠳᠤ ᠪᠠᠲᠤᠯᠠᠭ᠎ᠠ ᠬᠠᠩᠭᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠴᠠᠭ ᠠᠭᠤᠷ ᠤᠨ | ᠲᠤᠪᠴᠢᠶᠠᠨ ᠤ ᠬᠦᠢᠴᠡᠳ ᠨᠤᠲᠠᠯᠠᠯᠲᠠ ᠶᠢ ᠣᠯᠤᠭᠰᠠᠨ ᠪᠠᠶᠢᠨ᠎ᠠ᠃ | ᠬᠤᠶᠠᠷ᠂ 2021 ᠣᠨ ᠤ ᠬᠠᠪᠤᠷ ᠤᠨ ᠤᠯᠠᠷᠢᠯ ᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠴᠠᠭ ᠠᠭᠤᠷ ᠤᠨ ᠨᠥᠬᠦᠴᠡᠯ | ︵ᠨᠢᠭᠡ︶ ᠡᠮᠦᠨᠡᠬᠢ ᠬᠤᠭᠤᠴᠠᠭᠠᠨ ᠤ ᠪᠥᠬᠦ ᠣᠷᠣᠨ ᠤ ᠴᠠᠭ ᠠᠭᠤᠷ ᠤᠨ ᠠᠭᠤᠷ ᠠᠮᠢᠰᠬᠤᠯ ᠤᠨ ᠣᠨᠴᠠᠯᠢᠭ ᠵᠢᠴᠢ | ᠲᠠᠷᠢᠶᠠᠯᠠᠩ ᠮᠠᠯ ᠠᠵᠤ ᠠᠬᠤᠶ ᠳᠤ ᠦᠵᠡᠭᠦᠯᠬᠦ ᠨᠥᠯᠥᠭᠡ | ᠨᠢᠳᠤᠨᠤᠨ ᠡᠪᠦᠯ ︵2020 ᠣᠨ ᠤ 12 ᠰᠠᠷ᠎ᠠ ᠠᠴᠠ 2021 ᠣᠨ ᠤ 2 ᠰᠠᠷ᠎ᠠ ᠪᠣᠯᠲᠠᠯ᠎ᠠ︶ ᠬᠥᠯᠥᠨ ᠪᠤᠶᠢᠷ | ᠬᠤᠲᠠ ᠶᠢᠨ ᠳᠤᠮᠳᠠ ᠪᠠᠷᠠᠭᠤᠨ ᠬᠡᠰᠡᠭ᠂ ᠤᠯᠠᠭᠠᠨᠴᠠᠪ ᠬᠤᠲᠠ ᠠᠴᠠ ᠪᠠᠷᠠᠭᠤᠨᠰᠢᠬᠢ ᠭᠠᠵᠠᠷ ᠣᠷᠣᠨ ᠤ ᠠᠭᠠᠷ ᠤᠨ | ᠳᠤᠯᠠᠭᠠᠨ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ 0.1~ 4.1℃ ᠥᠨᠳᠥᠷ ᠪᠠᠶᠢᠵᠤ᠂ | ᠪᠤᠰᠤᠳ ᠭᠠᠵᠠᠷ ᠣᠷᠣᠨ ᠳᠣᠤᠷ᠎ᠠ ᠰᠢᠭ᠋ ᠪᠠᠶᠢᠨ᠎ᠠ︔ 2 ᠳ᠋ᠤᠭᠠᠷ ᠰᠠᠷ᠎ᠠ ᠠᠴᠠ ᠨᠠᠰᠢ ᠪᠥᠬᠦ ᠣᠷᠣᠨ ᠤ ᠳᠤᠮᠳᠠᠴᠢ ᠠᠭᠠᠷ ᠤᠨ | ᠳᠤᠯᠠᠭᠠᠨ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 3.4℃ ᠥᠨᠳᠥᠷ ᠪᠣᠯᠵᠣ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 2.0℃ ᠥᠨᠳᠥᠷ ᠪᠣᠯᠵᠣ᠂ 1961 ᠣᠨ ᠠᠴᠠ ᠨᠠᠰᠢᠬᠢ ᠠᠳᠠᠯᠢ ᠬᠤᠭᠤᠴᠠᠭᠠᠨ ᠤ 3 | ᠳ᠋ᠤᠭᠠᠷ ᠥᠨᠳᠥᠷ ᠲᠤ ᠬᠦᠷᠪᠡ᠃ | ᠨᠢᠳᠤᠨᠤᠨ ᠡᠪᠦᠯ ᠤᠨ ᠤᠯᠠᠷᠢᠯ ᠳᠤ ᠪᠥᠬᠦ ᠣᠷᠣᠨ ᠤ ᠬᠤᠷ᠎ᠠ ᠲᠤᠨᠳᠠᠰᠣ ᠡᠩ ᠤᠨ ᠵᠢᠯ ᠤᠨ ᠠᠳᠠᠯᠢ | ᠬᠤᠭᠤᠴᠠᠭᠠᠨ ᠳᠤ ᠣᠶᠢᠷᠠᠳᠴᠤ᠂ 2 ᠳ᠋ᠤᠭᠠᠷ ᠰᠠᠷ᠎ᠠ ᠳᠤ ᠪᠥᠬᠦ ᠣᠷᠣᠨ ᠤ ᠶᠡᠬᠡᠩᠬᠢ ᠭᠠᠵᠠᠷ ᠤᠨ ᠬᠤᠷ᠎ᠠ ᠲᠤᠨᠳᠠᠰᠣ ᠶᠢᠨ | ᠬᠡᠮᠵᠢᠶ᠎ᠡ ᠳᠤᠮᠳᠠᠴᠢ ᠪᠠᠷ 2.6 ᠮᠢᠯᠢᠮᠧᠲᠷ ᠢᠯᠡᠭᠦᠤ ᠪᠣᠯᠵᠣ᠂ 1961 ᠣᠨ ᠠᠴᠠ ᠨᠠᠰᠢᠬᠢ ᠠᠳᠠᠯᠢ ᠬᠤᠭᠤᠴᠠᠭᠠᠨ ᠤ 4 | ᠳ᠋ᠤᠭᠡᠷ ᠲᠤ ᠬᠦᠷᠴᠡᠶ᠃ ᠣᠳᠣᠬᠠᠨ ᠳᠤ᠂ ᠮᠠᠨ ᠤ ᠣᠷᠣᠨ ᠤ ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ᠂ ᠬᠢᠩᠭᠠᠨ | ᠠᠶᠢᠮᠠᠭ ᠤᠨ ᠬᠤᠶᠢᠲᠤ ᠬᠡᠰᠡᠭ᠂ ᠲᠦᠩᠯᠢᠶᠣᠤ ᠬᠤᠲᠠ ᠶᠢᠨ ᠵᠡᠭᠦᠨ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠬᠡᠰᠡᠭ᠂ | ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ ᠶᠢᠨ ᠬᠤᠶᠢᠲᠤ ᠬᠡᠰᠡᠭ᠂ ᠪᠤᠭᠤᠲᠤ ᠬᠤᠲᠠ ᠶᠢᠨ ᠵᠡᠭᠦᠨ ᠬᠡᠰᠡᠭ᠂ | ᠪᠠᠶᠠᠨᠨᠠᠭᠤᠷ ᠬᠤᠲᠠ ᠶᠢᠨ ᠬᠡᠰᠡᠭ ᠭᠠᠵᠠᠷ ᠲᠤ ᠬᠤᠷᠠᠭᠰᠠᠨ ᠴᠠᠰᠤ ᠲᠠᠢ᠂ ᠬᠤᠷᠠᠭᠰᠠᠨ ᠴᠠᠰᠤᠨ ᠤ ᠲᠠᠯᠠᠪᠠᠶ ᠨᠢ ᠪᠠᠷᠤᠭ 40. | 49 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠪᠥᠬᠦ ᠣᠷᠣᠨ ᠤ ᠶᠡᠷᠦᠩᠬᠡᠶ ᠲᠠᠯᠠᠪᠠᠶ ᠶᠢᠨ 34.22% ᠢ ᠡᠵᠡᠯᠡᠵᠦ᠂ | ᠬᠤᠷᠠᠭᠰᠠᠨ ᠴᠠᠰᠤᠨ ᠤ ᠬᠠᠮᠤᠭ ᠤᠨ ᠭᠦᠨ ᠨᠢ 30.0 ᠰᠠᠨᠲ᠋ᠢᠮᠧᠲᠷ ᠬᠦᠷᠴᠦ᠂ ᠬᠥᠯᠥᠨ ᠪᠤᠶᠢᠷ ᠬᠤᠲᠠ ᠶᠢᠨ ᠭᠡᠭᠡᠨ | ᠭᠤᠤᠯ ᠬᠤᠲᠠ ᠳᠤ ᠢᠯᠡᠷᠡᠪᠡ᠃ ᠨᠢᠳᠤᠨᠤᠨ ᠤ 11 ᠳ᠋ᠤᠭᠡᠷ ᠰᠠᠷ᠎ᠠ ᠶᠢᠨ ᠡᠬᠢ ᠪᠠᠷ ᠬᠥᠯᠳᠡᠬᠦ ᠠᠴᠠ ᠡᠮᠦᠨ᠎ᠡ᠂ ᠪᠥᠬᠦ | ᠣᠷᠣᠨ ᠤ ᠬᠥᠷᠥᠰᠥᠨ ᠤ ᠢᠷᠣᠭᠠᠷ ᠤᠨ ᠴᠢᠬᠢᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠣᠶᠢᠷᠠᠳᠴᠤ᠂ | ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠣᠯᠵᠠᠶ᠃ 1 — 2 ᠳ᠋ᠤᠭᠠᠷ ᠰᠠᠷ᠎ᠠ ᠳᠤ ᠳᠤᠮᠳᠠ | ᠪᠠ ᠵᠡᠭᠦᠨ ᠬᠡᠰᠡᠭ ᠤᠨ ᠭᠠᠵᠠᠷ ᠣᠷᠣᠨ ᠳᠤ ᠬᠤᠷ᠎ᠠ ᠲᠤᠨᠳᠠᠰᠣ ᠨᠡᠯᠢᠶᠡᠳ ᠣᠯᠠᠰᠢᠷᠠᠵᠤ᠂ ᠢᠯᠠᠩᠭᠤᠶ᠎ᠠ 2 ᠳ᠋ᠤᠭᠠᠷ ᠰᠠᠷ᠎ᠠ ᠳᠤ | ᠪᠥᠬᠦ ᠣᠷᠣᠨ ᠤ ᠶᠡᠬᠡᠩᠬᠢ ᠭᠠᠵᠠᠷ ᠲᠤ ᠬᠤᠷ᠎ᠠ ᠲᠤᠨᠳᠠᠰᠣ ᠢᠯᠡᠷᠭᠡᠢ ᠣᠯᠠᠰᠢᠷᠠᠵᠤ᠂ ᠮᠠᠯᠵᠢᠬᠤ ᠲᠠᠷᠢᠶᠠᠯᠠᠬᠤ ᠣᠷᠣᠨ ᠤ | ᠬᠥᠷᠥᠰᠥ ᠰᠢᠷᠣᠶ ᠶᠢᠨ ᠴᠢᠬᠢᠭ ᠢ ᠬᠠᠮᠠᠭᠠᠯᠠᠨ ᠴᠢᠬᠢᠭ ᠢ ᠨᠡᠮᠡᠭᠳᠡᠭᠦᠯᠬᠦ ᠳᠤ ᠲᠦᠢᠯ ᠤᠨ ᠠᠰᠢᠭᠲᠠᠶ ᠪᠤᠯᠵᠤ᠂ ᠣᠳᠣᠬᠠᠨ ᠳᠤ | ᠲᠠᠷᠢᠶᠠᠯᠠᠬᠤ ᠣᠷᠣᠨ ᠤ ᠨᠡᠯᠢᠶᠡᠳ ᠰᠠᠶᠢᠨ ᠴᠢᠬᠢᠭ ᠤᠨ ᠪᠠᠶᠢᠳᠠᠯ ᠠᠷᠪᠠᠨ ᠤ ᠲᠤᠯᠤᠭᠠᠨ ᠬᠤᠪᠢ ᠶᠢ ᠳᠠᠪᠠᠵᠤ᠂ ᠥᠩᠭᠡᠷᠡᠭᠰᠡᠨ | ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ ᠢᠯᠡᠳᠲᠡ ᠰᠠᠶᠢᠨ ᠪᠠᠶᠢᠨ᠎ᠠ᠃ ᠭᠡᠪᠡᠴᠦ ᠠᠭᠠᠷ ᠤᠨ ᠳᠤᠯᠠᠭᠠᠨ ᠥᠨᠳᠥᠷ᠂ | ᠢᠯᠠᠩᠭᠤᠶ᠎ᠠ 2 ᠳ᠋ᠤᠭᠠᠷ ᠰᠠᠷ᠎ᠠ ᠳᠤ ᠢᠯᠡᠷᠬᠡᠶ ᠥᠨᠳᠥᠷ ᠪᠠᠶᠢᠳᠠᠭ ᠠᠴᠠ ᠬᠤᠤᠷᠲᠤ ᠬᠤᠷᠣᠬᠠᠶ ᠶᠢᠨ ᠥᠨᠳᠡᠭᠡ ᠪᠠ | ᠡᠪᠡᠳᠴᠢᠨ ᠤ ᠪᠠᠺᠲ᠋ᠧᠷᠢ ᠶᠢᠨ ᠡᠪᠦᠯᠵᠢᠬᠦ ᠳᠤ ᠠᠰᠢᠭᠲᠠᠶ ᠨᠥᠬᠦᠴᠡᠯ ᠢ ᠬᠠᠩᠭᠠᠵᠤ᠂ ᠬᠠᠪᠤᠷ ᠵᠣᠨ ᠤ ᠤᠯᠠᠷᠢᠯ ᠤᠨ | ᠡᠪᠡᠳᠴᠢᠨ ᠬᠤᠷᠣᠬᠠᠶ ᠶᠢᠨ ᠭᠠᠮᠰᠢᠭ ᠠᠮᠠᠷᠬᠠᠨ ᠡᠭᠦᠰᠴᠦ ᠲᠡᠯᠭᠡᠷᠡᠳᠡᠭ᠃ ᠡᠪᠦᠯ ᠤᠨ ᠤᠯᠠᠷᠢᠯ ᠤᠨ ᠠᠭᠠᠷ ᠤᠨ ᠳᠤᠯᠠᠭᠠᠨ | ᠥᠨᠳᠥᠷ ᠪᠠᠶᠢᠬᠤ ᠨᠢ ᠡᠪᠦᠯ ᠬᠠᠪᠤᠷ ᠤᠨ ᠤᠯᠠᠷᠢᠯ ᠳᠤ ᠮᠠᠯ ᠬᠠᠷᠢᠭᠤᠯᠬᠤ ᠪᠠ ᠲᠥᠯ ᠲᠤᠰᠴᠤ ᠪᠤᠶᠢᠵᠢᠭᠤᠯᠬᠤ ᠵᠡᠷᠭᠡ ᠮᠠᠯ | ᠠᠵᠤ ᠠᠬᠤᠶ ᠶᠢᠨ ᠦᠢᠯᠡᠳᠪᠦᠷᠢᠯᠡᠯ ᠳᠤ ᠲᠦᠢᠯ ᠤᠨ ᠠᠰᠢᠭᠲᠠᠶ | ᠪᠠᠶᠢᠳᠠᠭ᠃ | ︵ᠬᠤᠶᠠᠷ︶ ᠬᠠᠪᠤᠷ ᠤᠨ ᠤᠯᠠᠷᠢᠯ ᠤᠨ ᠠᠭᠤᠷ ᠠᠮᠢᠰᠬᠤᠯ ᠤᠨ ᠬᠠᠨᠳᠤᠰᠢ ᠶᠢᠨ ᠲᠦᠰᠦᠭᠡᠯᠡᠯᠳᠡ | ᠵᠢᠱᠢᠯᠲᠡ ᠪᠠᠷ 2021 ᠣᠨ ᠤ ᠬᠠᠪᠤᠷ ᠤᠨ ᠤᠯᠠᠷᠢᠯ ᠳᠤ ᠪᠥᠬᠦ ᠣᠷᠣᠨ ᠤ ᠬᠤᠷ᠎ᠠ ᠲᠤᠨᠳᠠᠰᠤᠨ ᠤ ᠬᠡᠮᠵᠢᠶ᠎ᠡ 3.6 | ~ 92.3 ᠮᠢᠯᠢᠮᠧᠲᠷ ᠪᠣᠯᠤᠨ᠎ᠠ᠃ ᠡᠭᠦᠨ ᠳᠤ ᠬᠥᠯᠥᠨ ᠪᠤᠶᠢᠷ ᠬᠤᠲᠠ ᠶᠢᠨ ᠡᠮᠦᠨ᠎ᠡ ᠬᠡᠰᠡᠭ᠂ ᠬᠢᠩᠭᠠᠨ ᠠᠶᠢᠮᠠᠭ ᠤᠨ | ᠬᠤᠶᠢᠲᠤ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠡᠮᠦᠨ᠎ᠡ ᠬᠡᠰᠡᠭ᠂ ᠰᠢᠯᠢ ᠶᠢᠨ ᠭᠤᠤᠯ ᠠᠶᠢᠮᠠᠭ ᠤᠨ ᠡᠮᠦᠨ᠎ᠡ | ᠬᠡᠰᠡᠭ ᠪᠠ ᠪᠠᠷᠠᠭᠤᠨ ᠬᠤᠶᠢᠲᠤ ᠬᠡᠰᠡᠭ᠂ ᠤᠯᠠᠭᠠᠨᠴᠠᠪ ᠬᠤᠲᠠ᠂ ᠬᠥᠬᠡᠬᠤᠲᠠ᠂ ᠪᠤᠭᠤᠲᠤ ᠬᠤᠲᠠ ᠪᠠ ᠣᠷᠳᠣᠰ | ᠬᠤᠲᠠ ᠶᠢᠨ ᠵᠡᠭᠦᠨ ᠬᠡᠰᠡᠭ ᠤᠨ ᠬᠤᠷ᠎ᠠ ᠲᠤᠨᠳᠠᠰᠤᠨ ᠤ ᠬᠡᠮᠵᠢᠶ᠎ᠡ ᠨᠢ 19.0 ~ 92.3 ᠮᠢᠯᠢᠮᠧᠲᠷ ᠤᠨ ᠬᠤᠭᠤᠷᠣᠨᠳᠣ | ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 0 ~ 2 ᠬᠤᠪᠢ ᠢᠯᠡᠭᠦᠤ ᠪᠠᠶᠢᠳᠠᠭ︔ ᠪᠤᠰᠤᠳ ᠭᠠᠵᠠᠷ | ᠣᠷᠣᠨ ᠤ ᠬᠤᠷ᠎ᠠ ᠲᠤᠨᠳᠠᠰᠤᠨ ᠤ ᠬᠡᠮᠵᠢᠶ᠎ᠡ ᠨᠢ 3.6 ~ 75.1 ᠮᠢᠯᠢᠮᠧᠲᠷ ᠤᠨ ᠬᠤᠭᠤᠷᠣᠨᠳᠣ ᠪᠠᠶᠢᠵᠤ᠂ ᠡᠩ ᠤᠨ | ᠵᠢᠯ ᠤᠨ ᠠᠳᠠᠯᠢ ᠬᠤᠭᠤᠴᠠᠭᠠᠨ ᠤ ᠬᠢ ᠠᠴᠠ 0 ~ 2 ᠬᠤᠪᠢ ᠳᠤᠲᠠᠭᠤ ᠪᠠᠶᠢᠳᠠᠭ᠃ | ᠬᠠᠪᠤᠷ ᠤᠨ ᠤᠯᠠᠷᠢᠯ ᠳᠤ ᠪᠥᠬᠦ ᠣᠷᠣᠨ ᠤ ᠳᠤᠮᠳᠠᠴᠢ ᠠᠭᠠᠷ ᠤᠨ ᠳᠤᠯᠠᠭᠠᠨ ᠨᠢ —1.5 ~ 13.7℃ ᠪᠠᠶᠢᠳᠠᠭ | ᠃ ᠡᠭᠦᠨ ᠳᠤ ᠬᠥᠯᠥᠨ ᠪᠤᠶᠢᠷ ᠬᠤᠲᠠ ᠪᠣᠯᠤᠨ ᠬᠢᠩᠭᠠᠨ ᠠᠶᠢᠮᠠᠭ ᠤᠨ ᠳᠤᠮᠳᠠᠴᠢ ᠠᠭᠠᠷ ᠤᠨ ᠳᠤᠯᠠᠭᠠᠨ ᠨᠢ —1.5 ~ | 9.1℃ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ | 0 ~1℃ ᠥᠨᠳᠥᠷ ᠪᠠᠶᠢᠳᠠᠭ︔ ᠪᠤᠰᠤᠳ ᠭᠠᠵᠠᠷ ᠣᠷᠣᠨ ᠤ ᠳᠤᠮᠳᠠᠴᠢ ᠠᠭᠠᠷ ᠤᠨ ᠳᠤᠯᠠᠭᠠᠨ ᠨᠢ 2.8 ~ 13.7℃ | ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 1 ~ 2℃ ᠥᠨᠳᠥᠷ ᠪᠠᠶᠢᠳᠠᠭ᠃ | ᠪᠥᠬᠦ ᠣᠷᠣᠨ ᠤ ᠬᠠᠪᠤᠷ ᠤᠨ ᠤᠯᠠᠷᠢᠯ ᠤᠨ ᠶᠡᠭᠡ ᠰᠠᠯᠬᠢᠨ ᠤ ᠡᠳᠦᠷ ᠤᠨ ᠲᠤᠭ᠎ᠠ ᠨᠢ 5~25 ᠡᠳᠦᠷ ᠤᠨ | ᠬᠤᠭᠤᠷᠣᠨᠳᠣ ᠪᠠᠶᠢᠵᠤ᠂ ᠶᠡᠬᠡᠩᠬᠢ ᠭᠠᠵᠠᠷ ᠣᠷᠣᠨ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠭ᠎ᠠ ᠰᠢᠭ᠋ | ᠪᠠᠶᠢᠳᠠᠭ᠃ ᠪᠥᠬᠦ ᠣᠷᠣᠨ ᠳᠤ ᠶᠡᠭᠡ ᠬᠡᠪᠴᠢᠶᠡᠨ ᠤ ᠡᠯᠡᠰᠦᠨ ᠰᠢᠭᠤᠷᠭ᠎ᠠ ᠡᠭᠦᠰᠬᠦ ᠴᠠᠭ ᠠᠭᠤᠷ ᠤᠨ ᠶᠠᠪᠤᠴᠠ ᠨᠢ 3~4 | ᠤᠳᠠᠭ᠎ᠠ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ 7.6 ᠤᠳᠠᠭ᠎ᠠ ᠠᠴᠠ ᠪᠠᠭ᠎ᠠ ᠰᠢᠭ᠋ ᠪᠠᠶᠢᠳᠠᠭ᠃ | ᠵᠢᠱᠢᠯᠲᠡ ᠪᠠᠷ ᠪᠥᠬᠦ ᠣᠷᠣᠨ ᠳᠤ ᠡᠴᠦᠰ ᠤᠨ ᠬᠢᠷᠠᠭᠤ ᠤᠨᠠᠬᠤ ᠴᠠᠭ ᠨᠢ 4 ᠰᠠᠷ᠎ᠠ ᠶᠢᠨ 8 ᠤ ᠡᠳᠦᠷ ᠠᠴᠠ 5 | ᠰᠠᠷ᠎ᠠ ᠶᠢᠨ 29 ᠤ ᠡᠳᠦᠷ ᠤᠨ ᠬᠤᠭᠤᠷᠣᠨᠳᠣ ᠢᠯᠡᠷᠡᠵᠦ᠂ ᠪᠥᠬᠦ ᠣᠷᠣᠨ ᠤ ᠶᠡᠬᠡᠩᠬᠢ ᠭᠠᠵᠠᠷ ᠣᠷᠣᠨ ᠳᠤ ᠡᠩ ᠤᠨ | ᠵᠢᠯ ᠤᠨ ᠬᠢ ᠠᠴᠠ 10 — 15 ᠡᠳᠦᠷ ᠡᠷᠲᠡ ᠰᠢᠭ ᠪᠣᠯᠤᠨ᠎ᠠ᠃ ᠪᠥᠬᠦ ᠣᠷᠣᠨ ᠤ ᠶᠡᠬᠡᠩᠬᠢ ᠭᠠᠵᠠᠷ ᠣᠷᠣᠨ ᠳᠤ | ᠠᠩᠬ᠎ᠠ ᠤᠳᠠᠭ᠎ᠠ ᠪᠣᠷᠣᠭᠠᠨ ᠣᠷᠣᠬᠤ ᠨᠢ ᠡᠷᠲᠡ ᠰᠢᠭ ᠪᠠᠶᠢᠨ᠎ᠠ᠃ ᠡᠭᠦᠨ ᠳᠤ᠂ ᠳᠤᠮᠳᠠ ᠪᠠᠷᠠᠭᠤᠨ ᠬᠡᠰᠡᠭ ᠤᠨ ᠭᠠᠵᠠᠷ | ᠣᠷᠣᠨ ᠨᠢ 4 ᠰᠠᠷ᠎ᠠ ᠶᠢᠨ ᠳᠤᠮᠳᠠᠴᠢ ᠠᠴᠠ ᠰᠡᠭᠦᠯᠴᠢ ᠪᠣᠯᠲᠠᠯ᠎ᠠ᠂ ᠵᠡᠭᠦᠨ ᠬᠡᠰᠡᠭ ᠤᠨ ᠭᠠᠵᠠᠷ ᠣᠷᠣᠨ ᠨᠢ 5 ᠰᠠᠷ᠎ᠠ ᠶᠢᠨ | ᠳᠤᠮᠳᠠᠴᠢ ᠶᠢᠨ ᠣᠷᠴᠢᠮ ᠢᠶᠠᠷ ᠲᠤᠭᠢᠶᠠᠯᠳᠣᠨᠠ᠃ | ᠠᠭᠤᠷ ᠠᠮᠢᠰᠬᠤᠯ ᠤᠨ ᠵᠢᠱᠢᠯᠲᠡ ᠶᠢᠨ ᠴᠠᠭ ᠨᠢ ᠨᠡᠯᠢᠶᠡᠳ ᠣᠷᠳᠣ᠂ ᠪᠠᠰᠠ ᠵᠣᠬᠢᠬᠤ ᠬᠡᠮᠵᠢᠶᠡᠨ ᠤ ᠲᠣᠭᠲᠠᠪᠤᠷᠢ | ᠥᠬᠡᠶ ᠴᠢᠨᠠᠷ ᠲᠠᠢ ᠤᠴᠢᠷ ᠠᠴᠠ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠬᠠᠮᠤᠭ ᠤᠨ ᠰᠢᠨ᠎ᠡ ᠴᠠᠭ ᠠᠭᠤᠷ ᠤᠨ | ᠮᠠᠲ᠋ᠧᠷᠢᠶᠠᠯ ᠢ ᠦᠨᠳᠦᠰᠦᠯᠡᠨ ᠦᠷᠭᠦᠯᠵᠢᠯᠡᠨ ᠵᠠᠰᠠᠵᠤ᠂ ᠣᠯᠠᠨ ᠨᠡᠶᠢᠳᠡ ᠪᠠᠷ ᠢᠶᠠᠨ ᠴᠠᠭ ᠠᠭᠤᠷ ᠤᠨ ᠰᠠᠯᠠᠭ᠎ᠠ ᠮᠥᠴᠢᠷ ᠤᠨ | ᠬᠠᠮᠤᠭ ᠤᠨ ᠰᠢᠨ᠎ᠡ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠠᠩᠬᠠᠷᠬᠤ ᠶᠢ ᠬᠦᠰᠡᠵᠦ ᠪᠠᠶᠢᠨ᠎ᠠ᠃ | ᠭᠤᠷᠪᠠ᠂ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠲᠤᠬᠠᠶ ᠰᠠᠨᠠᠭᠤᠯᠭ᠎ᠠ | | 1. ᠲᠠᠷᠢᠶᠠᠯᠠᠬᠤ ᠣᠷᠣᠨ ᠬᠠᠪᠤᠷ ᠤᠨ ᠤᠯᠠᠷᠢᠯ ᠤᠨ ᠭᠠᠩ ᠬᠠᠭᠰᠠᠷᠭᠠᠨ᠂ ᠶᠡᠭᠡ ᠰᠠᠯᠬᠢᠨ ᠬᠦᠢᠳᠡᠨ ᠤᠷᠤᠰᠬᠠᠯ᠂ | ᠬᠢᠷᠠᠭᠤ ᠬᠥᠯᠳᠡᠭᠦᠦ ᠵᠡᠷᠭᠡ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ | ᠬᠢᠬᠦ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠨᠢᠭᠡ ᠳᠤ᠂ ᠱᠠᠲᠤ ᠦᠶ᠎ᠡ ᠶᠢᠨ ᠴᠢᠨᠠᠷᠲᠠᠶ ᠭᠠᠩ | ᠬᠠᠭᠰᠠᠷᠠᠭᠠᠨ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠴᠢᠬᠢᠭ ᠢ ᠬᠠᠮᠠᠭᠠᠯᠠᠬᠤ᠂ ᠴᠢᠬᠢᠭ ᠢ ᠨᠡᠮᠡᠭᠳᠡᠭᠦᠯᠬᠦ ᠠᠵᠢᠯ ᠢ | ᠡᠷᠲᠡᠬᠡᠨ ᠰᠠᠶᠢᠲᠤᠷ ᠬᠢᠵᠦ᠂ ᠪᠥᠬᠦ ᠴᠢᠬᠢ ᠢᠳᠡᠷᠡᠭᠦᠨ ᠴᠢᠬᠢ ᠶᠢ ᠠᠳᠬᠤᠬᠤ ᠳᠤ ᠰᠠᠭᠤᠷᠢ ᠲᠠᠯᠪᠢᠬᠤ ᠬᠡᠷᠡᠭᠲᠡᠶ᠃ | ᠬᠤᠶᠠᠷ ᠲᠤ᠂ ᠶᠡᠭᠡ ᠰᠠᠯᠬᠢᠨ ᠬᠦᠢᠳᠡᠨ ᠤᠷᠤᠰᠬᠠᠯ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠨᠢᠭᠲᠠ | ᠠᠩᠬᠠᠷᠬᠤ ᠬᠡᠷᠡᠭᠲᠡᠶ᠃ ᠬᠦᠢᠲᠡᠨ ᠤᠷᠤᠰᠬᠠᠯ ᠤᠨ ᠶᠠᠪᠤᠴᠠ ᠳᠤ ᠳᠤᠯᠠᠭᠠᠨ ᠤ ᠬᠦᠴᠦᠲᠡᠶ ᠪᠠᠭᠤᠷᠠᠯᠲᠠ ᠪᠠ ᠶᠡᠭᠡ ᠰᠠᠯᠬᠢᠨ ᠤ | ᠠᠭᠤᠷ ᠠᠮᠢᠰᠬᠤᠯ ᠢ ᠠᠪᠴᠢᠷᠠᠳᠠᠭ᠃ ᠲᠦᠬᠦᠭᠡᠷᠦᠮᠵᠢᠲᠦ ᠲᠠᠷᠢᠶᠠᠯᠠᠩ ᠤᠨ ᠲᠤᠤᠷ᠎ᠠ ᠲᠤᠯᠠᠭᠠᠨ ᠬᠦᠢᠳᠡᠨ ᠤ ᠭᠠᠮᠰᠢᠭ ᠪᠠ | ᠰᠠᠯᠬᠢᠨ ᠤ ᠭᠠᠮᠰᠢᠭ ᠢ ᠡᠭᠦᠰᠭᠡᠵᠦ ᠮᠡᠳᠡᠨ᠎ᠠ᠂ ᠲᠤᠤᠷ᠎ᠠ ᠲᠤᠯᠠᠭᠠᠨ ᠬᠦᠢᠳᠡᠨ ᠤ ᠭᠠᠮᠰᠢᠭ ᠨᠢ ᠲᠦᠬᠦᠭᠡᠷᠦᠮᠵᠢᠲᠦ ᠢᠳᠡᠰᠢᠨ | ᠨᠣᠭᠤᠭ᠎ᠠ ᠵᠢᠮᠢᠰ ᠤᠨ ᠬᠡᠪ ᠤᠨ ᠥᠰᠥᠯᠲᠡ ᠳᠤ ᠠᠰᠢᠭ ᠦᠭᠡᠢ ᠨᠥᠯᠥᠭᠡ ᠦᠵᠡᠭᠦᠯᠵᠦ᠂ ᠰᠠᠯᠬᠢᠨ ᠤ ᠭᠠᠮᠰᠢᠭ ᠨᠢ | ᠬᠦᠯᠡᠮᠵᠢ ᠶᠢᠨ ᠪᠦᠲᠦᠴᠡ ᠳᠤ ᠠᠮᠠᠷᠬᠠᠨ ᠬᠤᠬᠢᠷᠠᠯ ᠤᠴᠠᠷᠠᠭᠤᠯᠳᠠᠭ᠂ ᠡᠶᠢᠮᠦ ᠠᠴᠠ ᠲᠠᠷᠢᠶᠠᠴᠢᠨ ᠡᠷᠦᠭᠡ ᠳᠤ ᠰᠥᠨᠢ ᠶᠢᠨ | ᠳᠤᠯᠠᠭᠠᠨ ᠢ ᠬᠠᠮᠠᠭᠠᠯᠠᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠡᠪᠡᠰᠦᠨ ᠪᠦᠷᠬᠦᠪᠴᠢ᠂ ᠬᠥᠪᠥᠩ ᠬᠥᠨᠵᠢᠯᠡ ᠵᠡᠷᠭᠡ | ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠢ ᠬᠡᠷᠡᠭᠯᠡᠵᠦ᠂ ᠴᠢᠬᠤᠯᠠ ᠲᠠᠢ ᠦᠶ᠎ᠡ ᠳᠤ ᠳᠤᠯᠠᠭᠠᠯᠠᠬᠤ ᠠᠷᠭ᠎ᠠ ᠬᠡᠮᠵᠢᠶ᠎ᠡ ᠠᠪᠴᠤ᠂ | ᠳᠣᠣᠷ᠎ᠠ ᠳᠤᠯᠠᠭᠠᠨ ᠤ ᠲᠠᠷᠢᠮᠠᠯ ᠳᠤ ᠤᠴᠠᠷᠠᠭᠤᠯᠬᠤ ᠬᠤᠬᠢᠷᠠᠯ ᠢ ᠰᠡᠷᠭᠡᠶᠢᠯᠡᠬᠦ ᠶᠢ ᠰᠠᠨᠠᠭᠤᠯᠤᠶ᠎ᠠ︔ ᠶᠡᠭᠡ ᠰᠠᠯᠬᠢ ᠭᠠᠷᠤᠭᠰᠠᠨ | ᠣᠷᠣᠨ ᠪᠦᠰᠡ ᠳᠤ ᠪᠡᠯᠡᠳᠬᠡᠮᠵᠢ ᠶᠢᠨ ᠪᠦᠲᠦᠴᠡ ᠪᠠᠨ ᠴᠠᠭ ᠲᠤᠬᠠᠶ ᠳᠤᠨᠢ ᠪᠠᠬᠢᠵᠢᠭᠦᠯᠵᠦ᠂ ᠬᠥᠰᠢᠭᠡ ᠰᠡᠬᠦᠬᠦ ᠴᠠᠭ | ᠬᠤᠭᠤᠴᠠᠭ᠎ᠠ ᠪᠠᠨ ᠵᠦᠶ ᠵᠣᠬᠢᠰᠲᠠᠶ ᠳᠣᠭᠢᠷᠠᠭᠤᠯᠤᠨ᠂ ᠬᠦᠢᠳᠡᠨ ᠰᠠᠯᠬᠢ ᠣᠷᠣᠵᠤ᠂ ᠬᠦᠯᠦᠮᠵᠢ ᠶᠢᠨ ᠳᠣᠲᠣᠷᠠᠬᠢ ᠢᠳᠡᠰᠢᠨ | ᠨᠣᠭᠤᠭ᠎ᠠ ᠵᠢᠮᠢᠰ ᠤᠨ ᠬᠡᠪ ᠤᠨ ᠥᠰᠥᠯᠲᠡ ᠪᠤᠶᠢᠵᠢᠯᠲᠠ ᠶᠢ ᠨᠥᠯᠥᠭᠡᠯᠡᠬᠦ ᠶᠢ ᠰᠡᠷᠭᠡᠶᠢᠯᠡᠬᠦ ᠬᠡᠷᠡᠭᠲᠡᠶ᠃ ᠲᠠᠷᠢᠶᠠᠨ ᠭᠠᠵᠠᠷ ᠤᠨ | ᠲᠠᠷᠢᠮᠠᠯ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ᠂ ᠬᠦᠢᠲᠡᠨ ᠤᠷᠤᠰᠬᠠᠯ ᠤᠨ ᠠᠭᠤᠷ ᠠᠮᠢᠰᠬᠤᠯ ᠠᠴᠠ | ᠪᠣᠯᠤᠭᠰᠠᠨ ᠬᠦᠢᠲᠡᠨ ᠠᠭᠤᠷ ᠠᠮᠢᠰᠬᠤᠯ ᠪᠠ ᠶᠡᠭᠡ ᠰᠠᠯᠬᠢ ᠨᠢ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠬᠦᠴᠢᠷᠳᠡᠯ ᠢ | ᠨᠡᠮᠡᠭᠳᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠠᠬᠢᠴᠠ ᠶᠢ ᠤᠳᠠᠭᠠᠰᠢᠷᠠᠭᠤᠯᠵᠤ᠂ ᠨᠢᠭᠡᠨᠲᠡ ᠲᠠᠷᠢᠭᠰᠠᠨ ᠲᠠᠷᠢᠮᠠᠯ ᠤᠨ | ᠴᠢᠬᠢ ᠶᠢᠨ ᠤᠷᠭᠤᠯᠲᠠ ᠳᠤ ᠠᠰᠢᠭ ᠦᠭᠡᠶ ᠪᠣᠯᠬᠤᠷ ᠥᠷᠭᠡᠨ ᠣᠯᠠᠨ ᠲᠠᠷᠢᠶᠠᠴᠢᠨ ᠡᠷᠦᠬᠡ ᠳᠤ ᠰᠠᠨᠠᠭᠤᠯᠬᠤ ᠨᠢ᠂ ᠬᠦᠢᠲᠡᠨ | ᠤᠷᠤᠰᠬᠠᠯ ᠤᠨ ᠰᠡᠷᠡᠮᠵᠢ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠬᠦᠢᠲᠡᠨ ᠤᠷᠤᠰᠬᠠᠯ ᠬᠦᠢᠲᠡᠨ ᠠᠭᠤᠷ ᠠᠮᠢᠰᠬᠤᠯ | ᠡᠭᠦᠰᠬᠦ ᠦᠶ᠎ᠡ ᠳᠤ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠴᠠᠭ ᠢᠶᠠᠨ ᠵᠣᠬᠢᠰᠲᠠᠶ ᠬᠤᠶᠢᠰᠢᠯᠠᠭᠤᠯᠵᠤ᠂ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠭᠤᠷᠪᠠ ᠳᠤ᠂ ᠬᠠᠪᠤᠷ ᠤᠨ | ᠤᠯᠠᠷᠢᠯ ᠤᠨ ᠬᠢᠷᠠᠭᠤ ᠶᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠠᠩᠬᠠᠷᠴᠤ᠂ ᠰᠡᠷᠭᠡᠶᠢᠯᠡᠬᠦ ᠠᠵᠢᠯ ᠢ | ᠰᠠᠶᠢᠲᠤᠷ ᠬᠢᠬᠦ ᠬᠡᠷᠡᠭᠲᠡᠶ᠃ ᠬᠠᠪᠤᠷ ᠤᠨ ᠬᠢᠷᠠᠭᠤ ᠬᠥᠯᠳᠡᠭᠦᠤ ᠠᠴᠠ ᠪᠣᠯᠵᠣ ᠨᠢᠭᠡᠨᠲᠡ ᠨᠠᠬᠢᠶᠠᠯᠠᠭᠰᠠᠨ ᠲᠠᠷᠢᠮᠠᠯ ᠤᠨ ᠨᠠᠪᠴᠢ | ᠪᠠ ᠤᠷᠭᠤᠮᠠᠯ ᠤᠨ ᠡᠰᠢ ᠠᠳᠠᠯᠢ ᠪᠤᠰᠤ ᠬᠡᠮᠵᠢᠶ᠎ᠡ ᠪᠠᠷ ᠬᠥᠯᠳᠡᠳᠡᠭ᠃ ᠨᠢᠯᠬ᠎ᠠ ᠴᠢᠬᠢ ᠶᠢᠨ ᠬᠡᠪ ᠤᠨ ᠥᠰᠥᠯᠲᠡ ᠳᠤ ᠠᠰᠢᠭ | ᠥᠬᠡᠶ ᠪᠣᠯᠬᠤᠷ ᠡᠯ᠎ᠡ ᠭᠠᠵᠠᠷ ᠤᠨ ᠬᠢᠨ ᠠᠭᠠᠷ ᠤᠨ ᠳᠤᠯᠠᠭᠠᠨ ᠤ ᠬᠤᠪᠢᠷᠠᠯᠲᠠ ᠪᠠ ᠬᠢᠷᠠᠭᠤ ᠶᠢᠨ ᠰᠡᠷᠡᠮᠵᠢ ᠶᠢᠨ ᠳᠣᠬᠢᠶ᠎ᠠ ᠶᠢ | ᠨᠢᠭᠲᠠ ᠠᠩᠬᠠᠷᠴᠤ᠂ ᠳᠣᠤᠷ᠎ᠠ ᠳᠤᠯᠠᠭᠠᠨ ᠪᠣᠯᠬᠤ ᠠᠴᠠ ᠡᠮᠦᠨ᠎ᠡ ᠤᠰᠤᠯᠠᠬᠤ᠂ ᠤᠳᠤᠬᠤ ᠵᠡᠷᠭᠡ ᠠᠷᠭ᠎ᠠ ᠬᠡᠮᠵᠢᠶ᠎ᠡ ᠠᠪᠴᠤ | ᠪᠠᠶᠢᠭᠠᠳ ᠭᠠᠵᠠᠷ ᠤᠨ ᠳᠤᠯᠠᠭᠠᠨ ᠢ ᠳᠡᠭᠡᠭᠰᠢᠯᠡᠭᠦᠯᠵᠦ᠂ ᠬᠥᠯᠳᠡᠬᠦ ᠬᠥᠨᠥᠭᠡᠯ ᠢ ᠪᠠᠭᠠᠰᠬᠠᠨ᠂ ᠠᠭᠠᠷ ᠤᠨ ᠳᠤᠯᠠᠭᠠᠨ | ᠲᠣᠭᠲᠠᠭᠤᠨ ᠪᠣᠯᠤᠭᠰᠠᠨ ᠤ ᠳᠠᠷᠠᠭ᠎ᠠ ᠲᠠᠷᠢᠶᠠᠨ ᠭᠠᠵᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠵᠣᠬᠢᠬᠤ ᠬᠡᠮᠵᠢᠶᠡᠨ ᠤ | ᠴᠢᠬᠢ ᠶᠢ ᠬᠠᠮᠠᠭᠠᠯᠠᠨ ᠴᠢᠬᠢ ᠶᠢ ᠨᠥᠬᠦᠪᠥᠷᠢᠯᠡᠬᠦ ᠠᠷᠭ᠎ᠠ ᠬᠡᠮᠵᠢᠶ᠎ᠡ ᠠᠪᠬᠤ ᠪᠤᠶᠤ ᠨᠠᠪᠴᠢᠨ ᠤ ᠭᠠᠳᠠᠷᠭᠤ ᠳᠤ ᠤᠷᠭᠤᠯᠲᠠ ᠶᠢ | ᠲᠣᠬᠢᠷᠠᠭᠤᠯᠬᠤ ᠡᠳ᠋ ᠰᠦᠷᠴᠢᠵᠦ᠂ ᠨᠢᠯᠬ᠎ᠠ ᠴᠢᠬᠢ ᠶᠢᠨ ᠲᠡᠩᠴᠡᠭᠦᠷᠢᠲᠡᠶ ᠤᠷᠭᠤᠯᠲᠠ ᠶᠢ ᠠᠬᠢᠭᠤᠯᠬᠤ ᠶᠢ ᠰᠠᠨᠠᠭᠤᠯᠵᠤ | ᠪᠠᠶᠢᠨ᠎ᠠ᠃ | 2. ᠮᠠᠯᠵᠢᠬᠤ ᠣᠷᠣᠨ ᠶᠡᠭᠡ ᠰᠠᠯᠬᠢ ᠬᠦᠢᠲᠡᠨ ᠤᠷᠤᠰᠬᠠᠯ᠂ ᠰᠢᠷᠦᠭᠦᠨ ᠴᠠᠰᠤ᠂ ᠬᠥᠢᠳᠡᠨ ᠪᠣᠷᠣᠭᠠᠨ ᠴᠢᠭᠢᠭᠯᠢᠭ | ᠴᠠᠰᠤ ᠶᠢ ᠰᠡᠷᠭᠡᠶᠢᠯᠡᠨ ᠬᠤᠷᠢᠭᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠳᠡᠢ᠃ ᠬᠠᠪᠤᠷ ᠤᠨ ᠤᠯᠠᠷᠢᠯ ᠪᠣᠯ | ᠮᠠᠯ ᠤᠨ ᠬᠢᠵᠢᠭ ᠡᠪᠡᠳᠴᠢᠨ ᠪᠠ ᠰᠢᠮᠡᠭᠦᠷ ᠬᠤᠷᠣᠬᠠᠶ ᠶᠢᠨ ᠡᠪᠡᠳᠴᠢᠨ ᠣᠯᠠᠨ ᠡᠭᠦᠰᠳᠡᠭ ᠬᠤᠭᠤᠴᠠᠭ᠎ᠠ ᠪᠣᠯᠬᠤᠷ ︽ | ᠰᠡᠷᠭᠡᠶᠢᠯᠡᠬᠦ ᠪᠠᠷ ᠭᠤᠤᠯ ᠪᠣᠯᠭᠠᠬᠤ︾ ︽ᠰᠡᠷᠭᠡᠶᠢᠯᠡᠬᠦ ᠶᠢ ᠵᠠᠰᠠᠬᠤ ᠠᠴᠠ ᠴᠢᠬᠤᠯᠠ ᠪᠣᠯᠭᠠᠬᠤ︾ ᠪᠠ ︽ᠰᠡᠷᠭᠡᠶᠢᠯᠡᠬᠦ | ᠵᠠᠰᠠᠬᠤ ᠶᠢ ᠤᠶᠠᠯᠳᠤᠭᠤᠯᠬᠤ︾ ᠴᠢᠭᠯᠡᠯᠲᠡ ᠶᠢ ᠠᠪᠴᠤ᠂ ᠡᠪᠡᠰᠦ ᠪᠣᠷᠳᠤᠭ᠎ᠠ ᠶᠢ ᠨᠥᠭᠡᠴᠡᠯᠡᠬᠦ᠂ ᠬᠠᠰᠢᠶ᠎ᠠ ᠰᠠᠷᠠᠪᠴᠢ ᠶᠢ | ᠳᠤᠯᠠᠭᠠᠯᠠᠨ ᠠᠷᠢᠭᠤᠳᠬᠠᠬᠤ ᠵᠡᠷᠭᠡ ᠲᠥᠯ ᠲᠤᠰᠴᠤ ᠪᠤᠶᠢᠵᠢᠭᠤᠯᠬᠤ ᠪᠠ ᠮᠠᠯ ᠤᠨ ᠬᠢᠵᠢᠭ ᠢ ᠰᠡᠷᠭᠡᠶᠢᠯᠡᠬᠦ ᠵᠡᠷᠭᠡ ᠮᠠᠯ ᠠᠵᠤ | ᠠᠬᠤᠶ ᠶᠢᠨ ᠡᠯ᠎ᠡ ᠵᠦᠢᠯ ᠤᠨ ᠠᠵᠢᠯ ᠢ ᠤᠷᠢᠳᠴᠢᠯᠠᠨ ᠰᠠᠶᠢᠲᠤᠷ ᠳᠣᠭᠢᠷᠠᠭᠤᠯᠵᠤ᠂ ᠡᠬᠡ ᠮᠠᠯ ᠤᠨ ᠡᠪᠡᠳᠴᠢᠨ ᠡᠰᠡᠷᠭᠦᠴᠡᠬᠦ | ᠴᠢᠳᠠᠪᠤᠷᠢ ᠪᠠ ᠲᠥᠯ ᠮᠠᠯ ᠤᠨ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠣᠳᠣᠬᠠᠨ ᠳᠤ ᠶᠠᠭ ᠰᠠᠶᠢᠬᠠᠨ | ᠮᠠᠯᠵᠢᠬᠤ ᠣᠷᠣᠨ ᠳᠤ ᠬᠠᠪᠤᠷ ᠤᠨ ᠬᠤᠷᠠᠭ᠎ᠠ ᠲᠤᠰᠴᠤ ᠪᠠᠶᠢᠭ᠎ᠠ ᠴᠠᠭ ᠦᠶ᠎ᠡ ᠮᠥᠨ᠂ ᠶᠡᠭᠡ ᠰᠠᠯᠬᠢ ᠬᠦᠢᠳᠡᠨ ᠤᠷᠤᠰᠬᠠᠯ | ᠪᠠ ᠬᠦᠢᠳᠡᠨ ᠪᠣᠷᠣᠭᠠᠨ ᠴᠢᠭᠢᠭᠯᠢᠭ ᠴᠠᠰᠤ ᠵᠢᠴᠢ ᠰᠢᠷᠦᠭᠦᠨ ᠴᠠᠰᠤ ᠵᠡᠷᠭᠡ ᠭᠠᠮᠰᠢᠭᠲᠤ ᠴᠠᠭ ᠠᠭᠤᠷ ᠨᠢ ᠮᠠᠯ ᠠᠵᠤ | ᠠᠬᠤᠶ ᠶᠢᠨ ᠦᠢᠯᠡᠳᠪᠦᠷᠢᠯᠡᠯ ᠳᠤ ᠨᠡᠯᠢᠶᠡᠳ ᠶᠡᠭᠡ ᠨᠥᠯᠥᠭᠡ ᠦᠵᠡᠭᠦᠯᠵᠦ ᠪᠠᠶᠢᠨ᠎ᠠ᠂ ᠮᠠᠯᠴᠢᠨ ᠨᠥᠬᠦᠳ ᠴᠠᠭ ᠠᠭᠤᠷ ᠤᠨ | ᠰᠠᠯᠠᠭ᠎ᠠ ᠮᠥᠴᠢᠷ ᠤᠨ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠠᠩᠬᠠᠷᠴᠤ᠂ ᠴᠠᠭ ᠲᠤᠬᠠᠶ ᠳᠤᠨᠢ | ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠴᠠᠭ ᠠᠭᠤᠷ ᠤᠨ ᠭᠠᠮᠰᠢᠭ ᠤᠨ ᠤᠴᠠᠷᠠᠭᠤᠯᠵᠤ ᠮᠡᠳᠡᠬᠦ ᠠᠵᠤ ᠠᠬᠤᠶ ᠶᠢᠨ | ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢ ᠬᠦᠰᠡᠵᠦ ᠪᠠᠶᠢᠨ᠎ᠠ᠃ | 3. ᠰᠢᠭᠤᠶᠢᠲᠤ ᠣᠷᠣᠨ ᠨᠢ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠬᠤᠷᠢᠭᠯᠠᠬᠤ | ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ ᠬᠠᠮᠤᠭ ᠤᠨ ᠰᠢᠨ᠎ᠡ ᠴᠠᠭ ᠠᠭᠤᠷ ᠤᠨ ᠮᠠᠲ᠋ᠧᠷᠢᠶᠠᠯ ᠤᠨ | ᠵᠠᠳᠠᠯᠤᠯᠲᠠ ᠶᠢ ᠦᠨᠳᠦᠰᠦᠯᠡᠪᠡᠯ᠂ ᠪᠦᠬᠦ ᠣᠷᠣᠨ ᠤ 2021 ᠣᠨ ᠤ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ | ᠪᠡᠯᠴᠢᠭᠡᠷ ᠤᠨ ᠲᠦᠢᠮᠡᠷ ᠤᠨ ᠪᠠᠶᠢᠳᠠᠯ ᠬᠦᠨᠳᠦ ᠨᠣᠴᠢᠲᠠᠢ ᠪᠠᠶᠢᠵᠤ᠂ ᠲᠦᠢᠮᠡᠷ ᠢ ᠰᠡᠷᠭᠡᠶᠢᠯᠡᠬᠦ ᠠᠵᠢᠯ ᠤᠨ ᠳᠠᠷᠤᠯᠲᠠ | ᠨᠡᠯᠢᠶᠡᠳ ᠶᠡᠭᠡ ᠪᠠᠶᠢᠨ᠎ᠠ᠃ ᠵᠢᠱᠢᠯᠲᠡ ᠪᠠᠷ ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ᠂ ᠬᠢᠩᠭᠠᠨ ᠠᠶᠢᠮᠠᠭ ᠤᠨ ᠳᠤᠮᠳᠠ | ᠪᠠᠷᠠᠭᠤᠨ ᠬᠡᠰᠡᠭ᠂ ᠰᠢᠯᠢ ᠶᠢᠨ ᠭᠤᠤᠯ ᠠᠶᠢᠮᠠᠭ ᠤᠨ ᠵᠡᠭᠦᠨ ᠬᠤᠶᠢᠲᠤ ᠬᠡᠰᠡᠭ᠂ ᠲᠦᠩᠯᠢᠶᠣᠤ ᠬᠤᠲᠠ ᠶᠢᠨ ᠬᠤᠶᠢᠲᠤ | ᠬᠡᠰᠡᠭ᠂ ᠤᠯᠠᠭᠠᠨᠬᠠᠳᠠ ᠶᠢᠨ ᠬᠤᠶᠢᠲᠤ ᠬᠡᠰᠡᠭ ᠵᠢᠴᠢ ᠡᠮᠦᠨ᠎ᠡ ᠬᠡᠰᠡᠭ᠂ ᠤᠯᠠᠭᠠᠨᠴᠠᠪ ᠬᠤᠲᠠ ᠶᠢᠨ ᠡᠮᠦᠨ᠎ᠡ ᠬᠡᠰᠡᠭ ᠤᠨ | ᠬᠡᠰᠡᠭ ᠭᠠᠵᠠᠷ ᠣᠷᠣᠨ᠂ ᠬᠥᠬᠡᠬᠤᠲᠠ ᠶᠢᠨ ᠳᠤᠮᠳᠠ ᠬᠡᠰᠡᠭ ᠵᠢᠴᠢ ᠪᠤᠭᠤᠲᠤ ᠬᠤᠲᠠ ᠶᠢᠨ ᠡᠮᠦᠨ᠎ᠡ ᠬᠡᠰᠡᠭ ᠤᠨ | ᠠᠭᠤᠯᠠᠷᠬᠠᠭ ᠣᠷᠣᠨ ᠤ ᠣᠶᠢᠲᠤ ᠣᠷᠣᠨ᠂ ᠠᠯᠠᠱᠠᠨ ᠠᠭᠤᠯᠠ ᠶᠢᠨ ᠣᠶᠢᠲᠤ ᠣᠷᠣᠨ᠂ ᠬᠠᠷ᠎ᠠ ᠭᠤᠤᠯ ᠤᠨ ᠰᠠᠪᠠ | ᠭᠠᠵᠠᠷ ᠤᠨ ᠣᠶᠢᠲᠤ ᠣᠷᠣᠨ ᠤ ᠭᠠᠯ ᠤᠨ ᠠᠶᠤᠯ ᠤᠨ ᠲᠠᠰ ᠢ ᠳᠥᠷᠪᠡᠳᠦᠭᠡᠷ ᠳᠡᠰ ᠪᠤᠶᠤ ᠳᠥᠷᠪᠡᠳᠦᠭᠡᠷ ᠳᠡᠰ ᠠᠴᠠ | ᠳᠡᠭᠡᠭᠰᠢ ᠪᠠᠶᠢᠯᠭᠠᠬᠤ ᠬᠡᠷᠡᠭᠳᠡᠢ᠃ ᠢᠯᠠᠩᠭᠤᠶ᠎ᠠ ᠬᠥᠯᠥᠨ ᠪᠤᠶᠢᠷ ᠬᠤᠲᠠ ᠶᠢᠨ ᠬᠤᠶᠢᠲᠤ ᠬᠡᠰᠡᠭ ᠵᠢᠴᠢ ᠪᠠᠷᠠᠭᠤᠨ ᠬᠡᠰᠡᠭ ᠤᠨ | ᠬᠢᠯᠢ ᠬᠢᠵᠠᠭᠠᠷ᠂ ᠬᠢᠩᠭᠠᠨ ᠠᠶᠢᠮᠠᠭ ᠤᠨ ᠪᠠᠷᠠᠭᠤᠨ ᠬᠤᠶᠢᠲᠤ ᠬᠡᠰᠡᠭ᠂ ᠰᠢᠯᠢ ᠶᠢᠨ ᠭᠤᠤᠯ ᠠᠶᠢᠮᠠᠭ ᠤᠨ ᠵᠡᠭᠦᠨ ᠬᠤᠶᠢᠲᠤ | ᠬᠡᠰᠡᠭ᠂ ᠤᠯᠠᠭᠠᠨᠬᠠᠳᠠ ᠬᠤᠲᠠ ᠶᠢᠨ ᠡᠮᠦᠨ᠎ᠡ ᠪᠡᠶ᠎ᠡ᠂ ᠠᠯᠠᠱᠠᠨ ᠠᠭᠤᠯᠠ ᠵᠡᠷᠭᠡ ᠭᠠᠵᠠᠷ ᠤᠨ ᠭᠠᠯ ᠤᠨ ᠠᠶᠤᠯ ᠤᠨ ᠲᠠᠰ | ᠲᠠᠪᠤᠳᠤᠭᠠᠷ ᠳᠡᠰ ᠲᠤ ᠬᠥᠷᠪᠡ᠃ ᠬᠠᠪᠤᠷ ᠤᠨ ᠰᠡᠷᠭᠡᠶᠢᠯᠡᠯᠲᠡ ᠶᠢᠨ ᠡᠮᠦᠨᠡᠬᠢ ᠬᠤᠭᠤᠴᠠᠭᠠᠨ ᠤ ᠭᠠᠯ ᠤᠨ ᠠᠶᠤᠯ ᠤᠨ | ᠲᠠᠰ ᠢᠶᠠᠷ ᠨᠡᠯᠢᠶᠡᠳ ᠥᠨᠳᠥᠷ ᠣᠷᠣᠨ ᠪᠦᠰᠡ ᠳᠤ ᠭᠤᠤᠯᠳᠠᠭᠤ ᠬᠥᠮᠦᠨ ᠤ ᠬᠦᠴᠦᠨ ᠤ ᠭᠠᠯ ᠤᠨ ᠢᠷᠡᠯᠲᠡ ᠶᠢ | ᠡᠵᠡᠮᠳᠡᠬᠦ ᠪᠠᠷ ᠭᠤᠤᠯ ᠪᠣᠯᠭᠠᠵᠤ᠂ ᠢᠯᠠᠩᠭᠤᠶ᠎ᠠ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠰᠣᠯᠪᠢᠴᠠᠭᠰᠠᠨ | ᠣᠷᠣᠨ ᠳᠤ ᠬᠠᠩᠰᠢ ᠶᠢᠨ ᠡᠳᠦᠷ ᠪᠤᠯᠠᠰᠢᠨ ᠳᠤ ᠴᠠᠭᠠᠰᠤ ᠰᠢᠲᠠᠭᠠᠬᠤ᠂ ᠡᠰᠢ ᠰᠦᠷᠡᠯ ᠢ ᠰᠢᠲᠠᠭᠠᠭᠰᠠᠨ ᠠᠴᠠ ᠪᠣᠯᠤᠭᠰᠠᠨ | ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠬᠦ ᠬᠡᠷᠡᠭᠲᠡᠶ᠃ ᠬᠠᠪᠤᠷ ᠤᠨ | ᠰᠡᠷᠭᠡᠶᠢᠯᠡᠯᠲᠡ ᠶᠢᠨ ᠰᠡᠭᠦᠯᠴᠢ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠳᠡᠭᠡᠭᠰᠢᠯᠡᠬᠦ᠂ ᠬᠤᠷᠠᠭᠰᠠᠨ ᠴᠠᠰᠤᠨ ᠳᠤ | ᠬᠤᠴᠢᠭᠳᠠᠨ ᠬᠠᠶᠢᠯᠬᠤ ᠶᠢ ᠳᠠᠭᠠᠯᠳᠤᠨ᠂ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠤ ᠭᠠᠯ ᠤᠨ ᠠᠶᠤᠯ ᠤᠨ ᠲᠠᠰ | ᠳᠡᠭᠡᠭᠰᠢᠯᠡᠬᠦ ᠪᠣᠯᠬᠤᠷ ᠬᠠᠮᠢᠶᠠᠷᠤᠨ ᠬᠠᠮᠠᠭᠠᠯᠠᠬᠤ ᠪᠠ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠭᠠᠯ ᠰᠡᠷᠭᠡᠶᠢᠯᠡᠬᠦ | ᠣᠷᠣᠨ ᠤ ᠲᠡᠷᠭᠡ ᠬᠥᠰᠬᠡ ᠶᠢ ᠬᠠᠮᠢᠶᠠᠷᠤᠨ ᠬᠠᠮᠠᠭᠠᠯᠠᠬᠤ ᠵᠢᠴᠢ ᠭᠠᠯ ᠰᠡᠷᠭᠡᠶᠢᠯᠡᠬᠦ ᠦᠵᠡᠯ ᠤᠬᠠᠮᠰᠠᠷ ᠤᠨ ᠬᠥᠮᠦᠵᠢᠯ ᠤᠨ | ᠠᠵᠢᠯ ᠢ ᠰᠠᠶᠢᠲᠤᠷ ᠬᠢᠵᠦ᠂ ᠭᠠᠯ ᠤᠨ ᠠᠶᠤᠯ ᠤᠨ ᠲᠠᠰ ᠢᠶᠠᠷ ᠨᠡᠯᠢᠶᠡᠳ ᠥᠨᠳᠥᠷ ᠣᠷᠣᠨ ᠪᠦᠰᠡ ᠳᠤ ᠬᠡᠭᠡᠷ᠎ᠡ ᠭᠠᠳᠠᠨ᠎ᠠ | ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠡᠭᠦᠨ ᠠᠴᠠ ᠭᠠᠳᠠᠨ᠎ᠠ᠂ ᠥᠩᠭᠡᠷᠡᠭᠰᠡᠨ ᠵᠢᠯ ᠤᠳ ᠲᠤ ᠮᠠᠨ ᠤ | ᠣᠷᠣᠨ ᠤ ᠵᠡᠭᠦᠨ ᠬᠤᠶᠢᠲᠤ ᠶᠢᠨ ᠬᠢᠯᠢ ᠬᠢᠵᠠᠭᠠᠷ ᠤᠨ ᠣᠶ ᠰᠢᠭᠤᠶ ᠶᠢᠨ ᠭᠠᠯ ᠤᠨ ᠠᠶᠤᠯ ᠪᠠᠶᠢᠨ ᠳᠠᠬᠢᠨ ᠭᠠᠷᠴᠤ ᠪᠠᠶᠢᠭ᠎ᠠ | ᠪᠣᠯᠬᠤᠷ ᠬᠢᠯᠢ ᠶᠢᠨ ᠭᠠᠳᠠᠨ᠎ᠠ ᠣᠷᠣᠵᠤ ᠢᠷᠡᠬᠦ ᠣᠶ ᠰᠢᠭᠤᠶ ᠶᠢᠨ ᠭᠠᠯ ᠤᠨ ᠠᠶᠤᠯ ᠢ ᠬᠢᠨᠠᠨ ᠬᠡᠮᠵᠢᠬᠦ᠂ ᠤᠷᠢᠳᠴᠢᠯᠠᠨ | ᠰᠡᠷᠭᠡᠶᠢᠯᠡᠬᠦ ᠠᠵᠢᠯ ᠢ ᠴᠢᠩᠭᠠᠳᠬᠠᠬᠤ ᠴᠢᠬᠤᠯᠠᠲᠠᠶ ᠪᠠᠶᠢᠨ᠎ᠠ᠃ | 2021 ᠣᠨ ᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠴᠠᠭ ᠠᠭᠤᠷ ᠤᠨ ᠨᠥᠬᠦᠴᠡᠯ ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠤᠨ ᠰᠣᠷᠪᠣᠯᠵᠢᠯᠠᠭᠴᠢ ᠶᠢᠨ | ᠠᠰᠠᠭᠤᠯᠳᠠ ᠶᠢ ᠬᠠᠷᠢᠭᠤᠯᠬᠤ ᠨᠢ | ︽ᠬᠡᠷᠡᠭᠯᠡᠭᠡᠨ ᠤ ᠡᠳᠦᠷ ᠤᠨ ᠰᠣᠨᠢᠨ︾ ᠤ ᠰᠤᠷᠪᠤᠯᠵᠢᠯᠠᠭᠴᠢ᠄ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ | ᠪᠢᠴᠢᠭ ᠮᠠᠲ᠋ᠧᠷᠢᠶᠠᠯ ᠳᠤ ︽ᠲᠠᠷᠢᠶᠠᠯᠠᠩ ᠤᠨ ᠴᠠᠭ ᠠᠭᠤᠷ ᠤᠨ ᠶᠡᠷᠦᠩᠬᠡᠶᠢᠯᠡᠭᠰᠡᠨ ᠬᠢᠨᠠᠨ ᠬᠡᠮᠵᠢᠯᠲᠡ ᠶᠢᠨ ᠲᠤᠤᠷ ᠰᠦᠯᠵᠢᠶ᠎ᠡ | ᠪᠠᠨ ᠲᠡᠭᠦᠯᠳᠡᠷᠵᠢᠭᠦᠯᠵᠦ᠂ ᠲᠠᠷᠢᠶᠠᠯᠠᠩ ᠤᠨ ᠴᠠᠭ ᠠᠭᠤᠷ ᠤᠨ ᠭᠠᠶ ᠭᠠᠮᠰᠢᠭ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ | ᠬᠡᠷᠡᠭᠲᠡᠶ︾ ᠭᠡᠵᠦ ᠳᠤᠷᠠᠳᠴᠠᠶ᠂ ᠲᠡᠭᠡᠪᠡᠯ ᠴᠠᠭ ᠠᠭᠤᠷ ᠤᠨ ᠲᠠᠯ᠎ᠠ ᠪᠠᠷ ᠲᠠᠷᠢᠶᠠᠯᠠᠩ ᠮᠠᠯ ᠠᠵᠤ ᠠᠬᠤᠶ ᠳᠤ ᠦᠢᠯᠡᠴᠢᠯᠡᠬᠦ | ᠲᠠᠯ᠎ᠠ ᠪᠠᠷ ᠶᠠᠮᠠᠷ ᠶᠠᠮᠠᠷ ᠠᠵᠢᠯ ᠥᠷᠨᠢᠭᠦᠯᠬᠦ ᠪᠣᠶ︖ | ᠨᠢᠦ ᠪᠦᠦ ᠯᠢᠶᠠᠩ᠄ ᠡᠨᠡ ᠵᠢᠯ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠠᠲᠤ | ᠪᠢᠴᠢᠭ ᠮᠠᠲ᠋ᠧᠷᠢᠶᠠᠯ ᠳᠤ ᠴᠥᠮ | ︽ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠶᠡᠷᠦᠩᠬᠡᠶᠢᠯᠡᠭᠰᠡᠨ ᠬᠢᠨᠠᠨ ᠬᠡᠮᠵᠢᠯᠲᠡ ᠶᠢᠨ ᠲᠣᠤᠷ ᠰᠦᠯᠵᠢᠶ᠎ᠡ ᠪᠠᠨ | ᠲᠡᠭᠦᠯᠳᠡᠷᠵᠢᠭᠦᠯᠵᠦ᠂ ᠲᠠᠷᠢᠶᠠᠯᠠᠩ ᠤᠨ ᠴᠠᠭ ᠠᠭᠤᠷ ᠤᠨ ᠭᠠᠶ ᠭᠠᠮᠰᠢᠭ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ | ᠬᠡᠷᠡᠭᠲᠡᠶ︾ ᠭᠡᠵᠦ ᠳᠤᠷᠠᠳᠤᠨ ᠭᠠᠷᠭᠠᠵᠠᠶ᠂ ᠡᠨᠡ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ | ᠱᠠᠭᠠᠷᠳᠠᠯᠭ᠎ᠠ ᠮᠥᠨ ᠪᠥᠭᠡᠳ ᠪᠠᠰᠠ ᠴᠤ ᠴᠠᠭ ᠠᠭᠤᠷ ᠤᠨ ᠰᠠᠯᠠᠭ᠎ᠠ ᠮᠥᠴᠢᠷ ᠤᠨ ᠬᠦᠢᠴᠡᠳᠬᠡᠪᠡᠰᠦ ᠵᠣᠬᠢᠬᠤ ᠡᠭᠦᠷᠭᠡ | ᠬᠠᠷᠢᠭᠤᠴᠠᠯᠭ᠎ᠠ ᠮᠥᠨ᠃ | ᠥᠪᠥᠷ ᠮᠣᠩᠭᠤᠯ ᠤᠨ ᠴᠠᠭ ᠠᠭᠤᠷ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠰᠤᠷᠤᠯᠴᠠᠯᠭ᠎ᠠ ᠶᠢ | ᠵᠣᠬᠢᠶᠠᠨ ᠪᠠᠶᠢᠭᠤᠯᠵᠤ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠣᠶᠢᠯᠠᠭᠠᠵᠤ᠂ ᠥᠪᠥᠷ ᠮᠣᠩᠭᠤᠯ ᠤᠨ ᠴᠠᠭ | ᠠᠭᠤᠷ ᠤᠨ ᠲᠤᠪᠴᠢᠶᠠᠨ ᠤ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠦᠯ ᠲᠣᠭᠲᠠᠭᠠᠵᠤ᠂ | ᠠᠵᠢᠯ ᠤᠨ ᠡᠭᠦᠷᠭᠡ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠳᠣᠤᠷᠠᠬᠢ ᠲᠠᠪᠤᠨ | ᠲᠠᠯ᠎ᠠ ᠶᠢᠨ ᠠᠵᠢᠯ ᠢ ᠰᠠᠶᠢᠲᠤᠷ ᠬᠢᠬᠦ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠬᠤ | ᠪᠠ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠬᠦ ᠳᠤ ᠴᠠᠭ | ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠨ᠎ᠡ᠃ | ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ | ᠠᠩᠬᠠᠷᠤᠯ ᠢᠶᠠᠨ ᠲᠥᠪᠯᠡᠷᠡᠭᠦᠯᠦᠨ ᠳᠤᠷᠠᠳᠤᠭᠰᠠᠨ ᠡᠷᠳᠡᠨᠢ ᠰᠢᠰᠢ᠂ ᠪᠤᠭᠤᠳᠠᠢ᠂ ᠲᠥᠮᠥᠰᠥ᠂ ᠠᠯᠠᠰᠢᠨ ᠬᠤᠨᠢ᠂ ᠠᠯᠠᠰᠢᠨ | ᠦᠬᠡᠷ ᠵᠡᠷᠭᠡ 15 ᠳᠠᠪᠠᠭᠤᠯᠢᠭ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ | ᠦᠢᠯᠡᠰ ᠤᠨ ᠪᠦᠰᠡ ᠶᠢ ᠪᠠᠶᠢᠭᠤᠯᠵᠤ᠂ ᠪᠦᠬᠦ ᠣᠷᠣᠨ ᠳᠤ 20 ᠣᠷᠣᠨ ᠪᠦᠰᠡ ᠶᠢᠨ ᠠᠦ᠋ᠲ᠋ᠣ᠋ ᠴᠠᠭ ᠠᠭᠤᠷ ᠤᠨ | ᠠᠵᠢᠭᠯᠠᠯᠲᠠ ᠶᠢᠨ ᠦᠷᠳᠡᠭᠡ ᠶᠢ ᠰᠢᠨ᠎ᠡ ᠪᠠᠷ ᠪᠠᠶᠢᠭᠤᠯᠵᠤ᠂ 69 ᠬᠥᠯᠳᠡᠭᠦᠦ ᠬᠥᠷᠥᠰᠥᠨ ᠤ ᠠᠵᠢᠭᠯᠠᠯᠲᠠ ᠶᠢᠨ | ᠬᠡᠮᠵᠢᠭᠦᠷᠯᠢᠭ ᠪᠣᠯᠤᠨ 82 ᠢᠵᠢ ᠬᠦᠨᠳᠦ ᠵᠢᠩᠨᠡᠬᠦ ᠮᠠᠶ᠋ᠢᠭ ᠤᠨ ᠬᠤᠷ᠎ᠠ ᠲᠤᠨᠳᠠᠰᠣ ᠶᠢᠨ ᠰᠡᠷᠡᠯ ᠳᠠᠮᠵᠢᠭᠤᠯᠤᠭᠴᠢ ᠶᠢᠨ | ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠷᠠᠰᠢᠶᠠᠨ ᠤ ᠰᠢᠨ᠎ᠡ ᠨᠢᠭᠡ ᠦᠶ᠎ᠡ ᠶᠢᠨ ᠴᠠᠭ ᠠᠭᠤᠷ ᠤᠨ ᠷᠠᠳᠠᠷ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠭᠠᠷᠢᠨ ᠵᠡᠭᠦᠨ ᠬᠤᠰᠢᠭᠤᠨ ᠤ ᠰᠢᠨ᠎ᠡ ᠨᠢᠭᠡ ᠦᠶ᠎ᠡ ᠶᠢᠨ ᠴᠠᠭ | ᠠᠭᠤᠷ ᠤᠨ ᠷᠠᠳᠠᠷ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠂ ᠷᠠᠳᠠᠷ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ | ᠥᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠪᠤᠶᠢᠳᠠ ᠪᠥᠭᠯᠡᠭᠦᠤ ᠭᠠᠵᠠᠷ ᠣᠷᠣᠨ ᠤ ᠤᠷᠢᠳᠴᠢᠯᠠᠨ ᠮᠡᠳᠡᠭᠡᠯᠡᠬᠦ ᠪᠠ | ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠥᠬᠦ ᠣᠷᠣᠨ ᠳᠤ ᠪᠠᠰᠠ ᠬᠥᠷᠥᠰᠥ ᠰᠢᠷᠣᠶ ᠶᠢᠨ | ᠤᠰᠤ ᠶᠢ ᠠᠵᠢᠭᠯᠠᠨ ᠬᠡᠮᠵᠢᠬᠦ ᠠᠦ᠋ᠲ᠋ᠣ᠋ ᠥᠷᠲᠡᠭᠡ 31᠂ ᠲᠠᠷᠢᠶᠠᠨ ᠭᠠᠵᠠᠷ ᠤᠨ ᠪᠠᠭ᠎ᠠ ᠠᠭᠤᠷ ᠠᠮᠢᠰᠬᠤᠯ ᠢ ᠠᠵᠢᠭᠯᠠᠨ | ᠬᠡᠮᠵᠢᠬᠦ ᠰᠢᠰᠲ᠋ᠧᠮ 13 ᠢᠵᠢ ᠰᠢᠨ᠎ᠡ ᠪᠠᠷ ᠪᠠᠶᠢᠭᠤᠯᠬᠤ ᠪᠣᠯᠤᠨ᠎ᠠ᠃ ᠲᠠᠷᠢᠶᠠᠯᠠᠩ ᠤᠨ ᠠᠦ᠋ᠲ᠋ᠣ᠋ ᠠᠵᠢᠭᠯᠠᠯᠲᠠ ᠶᠢᠨ | ᠲᠤᠷᠰᠢᠯᠲᠠ ᠶᠢᠨ ᠰᠤᠳᠤᠯᠭᠠᠨ ᠢ ᠠᠬᠢᠭᠤᠯᠵᠤ᠂ ᠴᠠᠭ ᠠᠭᠤᠷ ᠤᠨ ᠶᠡᠷᠦᠩᠬᠡᠶᠢᠯᠡᠭᠰᠡᠨ ᠬᠢᠨᠠᠨ ᠬᠡᠮᠵᠢᠬᠦ ᠴᠢᠳᠠᠪᠤᠷᠢ ᠪᠠᠨ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠳᠤ ᠰᠠᠭᠤᠷᠢ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠬᠠᠩᠭᠠᠨ᠎ᠠ᠃ | ᠬᠤᠶᠠᠷ ᠲᠤ᠂ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠤᠬᠠᠢ ᠰᠢᠨ᠎ᠡ | ᠮᠠᠲ᠋ᠧᠷᠢᠶᠠᠯ᠂ ᠰᠢᠨ᠎ᠡ ᠮᠡᠷᠭᠡᠵᠢᠯ᠂ ᠰᠢᠨ᠎ᠡ ᠠᠷᠭ᠎ᠠ ᠶᠢᠨ ᠬᠡᠷᠡᠭᠯᠡᠯᠲᠡ ᠶᠢ ᠴᠢᠩᠭᠠᠷᠠᠭᠤᠯᠵᠤ᠂ ᠭᠠᠩ ᠬᠠᠭᠤᠷᠠᠶ᠂ ᠰᠢᠷᠦᠭᠦᠨ | ᠪᠣᠷᠣᠭᠠᠨ ᠦᠶᠡᠷ ᠤᠰᠤᠲᠤᠯ᠂ ᠶᠡᠭᠡ ᠰᠠᠯᠬᠢᠨ ᠬᠦᠶ᠋ᠲᠡᠨ ᠤᠷᠤᠰᠬᠠᠯ᠂ ᠬᠢᠷᠠᠭᠤ ᠬᠦᠯᠳᠡᠬᠦᠦ᠂ ᠬᠦᠢᠳᠡᠨ ᠠᠭᠤᠷ | ᠠᠮᠢᠰᠬᠤᠯ ᠤᠨ ᠭᠠᠮᠰᠢᠭ᠂ ᠮᠥᠨᠳᠥᠷ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠭᠠᠮᠰᠢᠭ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠴᠠᠭ ᠠᠭᠤᠷ ᠤᠨ ᠭᠠᠮᠰᠢᠭ ᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢᠨ ᠨᠠᠷᠢᠯᠢᠬᠵᠢᠭᠤᠯᠬᠤ ᠬᠢᠷᠢ ᠬᠡᠮᠵᠢᠶ᠎ᠡ᠂ ᠣᠨᠣᠪᠴᠢ ᠶᠢᠨ ᠬᠡᠮᠵᠢᠶ᠎ᠡ ᠪᠠ | ᠤᠷᠢᠳᠴᠢᠯᠠᠭᠰᠠᠨ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠤᠨ᠎ᠠ᠃ ᠡᠭᠦᠨ ᠤ ᠬᠠᠮᠲᠤ᠂ ᠪᠠᠴᠢᠮ ᠪᠠᠶᠢᠳᠠᠯ ᠢ | ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠵᠡᠷᠭᠡ ᠨᠡᠶᠢᠭᠡᠮ ᠤᠨ ᠡᠬᠢ ᠪᠠᠶᠠᠯᠢᠭ ᠪᠣᠯᠤᠨ ᠸᠢᠴᠠᠲ᠂ ᠪᠢᠴᠢᠯ ᠪᠦᠷᠭᠡ | ᠂ ᠲᠢᠺ ᠲᠤᠺ᠂ ᠬᠤᠷᠲᠤᠨ ᠰᠢᠭᠤᠳ ᠨᠡᠪᠲᠡᠷᠡᠭᠦᠯᠬᠡ ᠵᠡᠷᠭᠡ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠵᠤ᠂ | ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠲᠠᠢ ᠵᠠᠪᠰᠠᠷ ᠦᠭᠡᠶ ᠵᠣᠯᠭᠠᠭᠤᠯᠬᠤ ᠶᠢ | ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠡᠷᠡᠮᠵᠢᠯᠡᠭᠦᠯᠦᠯ ᠤᠨ ᠮᠡᠳᠡᠭᠡ ᠵᠠᠩᠭᠢ ᠶᠢ ᠨᠡᠶᠢᠲᠡᠯᠡᠬᠦ ᠪᠦᠷᠬᠦᠴᠡ ᠶᠢᠨ | ᠬᠡᠪᠴᠢᠶ᠎ᠡ ᠪᠠ ᠬᠤᠭᠤᠴᠠᠭᠠᠲᠤ ᠴᠢᠨᠠᠷ ᠢ ᠳᠡᠭᠡᠭᠰᠢᠯᠡᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨ᠎ᠡ | ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ᠂ ᠲᠠᠷᠢᠶᠠᠯᠠᠩ ᠮᠠᠯ ᠠᠵᠤ ᠠᠬᠤᠶ ᠶᠢᠨ | ᠬᠤᠷᠰᠢᠶ᠎ᠠ᠂ ᠲᠤᠰᠬᠠᠶ ᠮᠡᠷᠭᠡᠵᠢᠯ ᠤᠨ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠪᠠ ᠣᠯᠠᠨ ᠨᠡᠶᠢᠲᠡ ᠶᠢᠨ ᠭᠠᠷ ᠲᠤ | ᠤᠯᠠᠮᠵᠢᠯᠠᠨ ᠳᠠᠮᠵᠢᠭᠤᠯᠬᠤ ᠶᠢ ᠠᠬᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠴᠠ | ᠪᠣᠯᠤᠭᠰᠠᠨ ᠬᠤᠬᠢᠷᠠᠯ ᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠠᠪᠤᠨ ᠱᠠᠲᠤᠨ ᠤ ᠴᠠᠭ ᠠᠭᠤᠷ ᠤᠨ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢᠨ | ᠦᠢᠯᠡᠳᠦᠯ ᠢ ᠬᠦᠢᠴᠡᠳ ᠪᠠᠳᠠᠷᠠᠭᠤᠯᠵᠤ᠂ ᠳᠡᠭᠡᠳᠦ ᠳᠣᠤᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ᠂ ᠵᠡᠭᠦᠨᠰᠢ ᠪᠠᠷᠠᠭᠤᠨᠰᠢ | ᠬᠠᠮᠵᠢᠯᠴᠠᠬᠤ ᠶᠢ ᠴᠢᠩᠭᠠᠳᠬᠠᠨ᠂ ᠪᠦᠲᠦᠮᠵᠢᠲᠡᠶ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠬᠦᠨᠳᠦ ᠶᠡᠭᠡ ᠴᠠᠭ | ᠠᠭᠤᠷ ᠤᠨ ᠭᠠᠮᠰᠢᠭ ᠢ ᠮᠡᠳᠡᠭᠦᠯᠬᠦ ᠶᠢ ᠵᠥᠪᠰᠢᠶᠡᠷᠡᠬᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠠᠷᠬᠠᠭᠠᠬᠤ᠂ ᠣᠯᠠᠨ | ᠨᠡᠶᠢᠲᠡ ᠪᠠᠷ ᠢᠶᠠᠨ ᠬᠤᠷᠢᠶᠠᠨ ᠤᠯᠬᠤ᠂ ᠰᠠᠶᠢᠲᠤᠷ ᠬᠡᠷᠡᠭᠯᠡᠬᠦ ᠶᠢ ᠴᠢᠷᠮᠠᠶᠢᠨ ᠪᠡᠶᠡᠯᠡᠭᠦᠯᠵᠦ᠂ ᠦᠨᠳᠦᠰᠦᠨ ᠱᠠᠲᠤᠨ ᠤ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠦᠨ᠎ᠡ᠃ | ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠤᠶᠤᠨᠲᠤ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ | ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠭᠤᠷᠪᠠᠳᠤᠭᠠᠷ ᠳᠡᠰ ᠤᠨ ᠴᠠᠭ ᠠᠭᠤᠷ ᠤᠨ ᠰᠠᠯᠠᠭ᠎ᠠ | ᠮᠥᠴᠢᠷ ᠲᠤ ᠲᠤᠬᠠᠶᠢᠯᠠᠭᠰᠠᠨ ᠠᠵᠢᠯ ᠤᠨ ᠬᠡᠷᠡᠭᠯᠡᠭᠡ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠴᠠᠭ | ᠠᠭᠤᠷ ᠤᠨ ᠦᠢᠯᠡᠴᠢᠯᠡᠭᠡᠨ ᠤ ᠪᠦᠲᠦᠭᠡᠭᠳᠡᠬᠦᠨ ᠢ ᠠᠦ᠋ᠲ᠋ᠣᠴᠢᠯᠠᠬᠤ᠂ ᠤᠶᠤᠨᠴᠢᠯᠠᠨ ᠦᠢᠯᠡᠳᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠬᠠᠪᠤᠷ ᠤᠨ ᠲᠠᠷᠢᠶᠠᠯᠠᠭ᠎ᠠ᠂ ᠵᠣᠨ ᠤ ᠬᠠᠮᠢᠶᠠᠷᠤᠯᠲᠠ ᠨᠠᠮᠤᠷ ᠤᠨ ᠬᠤᠷᠢᠶᠠᠯᠲᠠ᠂ ᠪᠣᠷᠲᠣᠭᠤᠷ ᠣᠷᠣᠭᠤᠯᠵᠤ | ᠡᠮ ᠨᠠᠶᠢᠷᠠᠭᠤᠯᠬᠤ᠂ ᠤᠰᠤᠯᠠᠯᠲᠠ᠂ ᠮᠠᠯᠵᠢᠬᠤ ᠣᠷᠣᠨ ᠤ ᠲᠥᠯ ᠲᠤᠰᠴᠤ ᠪᠤᠶᠢᠵᠢᠭᠤᠯᠬᠤ᠂ ᠨᠠᠮᠤᠷ ᠤᠨ ᠤᠯᠠᠷᠢᠯ ᠤᠨ | ᠡᠪᠡᠰᠦ ᠬᠠᠳᠤᠬᠤ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠠᠵᠢᠯᠯᠠᠭ᠎ᠠ ᠶᠢᠨ ᠲᠣᠭᠤᠷᠢᠨ ᠳᠤ᠂ ᠲᠠᠷᠢᠶᠠᠯᠠᠩ ᠮᠠᠯ ᠠᠵᠤ | ᠠᠬᠤᠶ ᠳᠤ ᠬᠡᠷᠡᠭᠯᠡᠬᠦ ᠴᠠᠭ ᠠᠭᠤᠷ ᠤᠨ ᠤᠷᠢᠳᠴᠢᠯᠠᠭᠰᠠᠨ ᠮᠡᠳᠡᠭᠡ ᠵᠢᠴᠢ ᠲᠠᠷᠢᠶᠠᠯᠠᠩ ᠮᠠᠯ ᠠᠵᠤ ᠠᠬᠤᠶ ᠶᠢᠨ ᠴᠠᠭ | ᠠᠭᠤᠷ ᠤᠨ ᠭᠠᠮᠰᠢᠭ᠂ ᠭᠤᠤᠯ ᠪᠣᠯᠬᠤ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠤᠨ ᠴᠠᠭ ᠠᠭᠤᠷ ᠤᠨ | ᠤᠷᠢᠳᠴᠢᠯᠠᠭᠰᠠᠨ ᠮᠡᠳᠡᠭᠡ ᠶᠢᠨ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠨᠠᠷᠢᠯᠢᠭ ᠦᠢᠯᠡᠴᠢᠯᠡᠭᠡ ᠶᠢ | ᠦᠢᠯᠡᠳᠴᠦ ᠨᠡᠶᠢᠲᠡᠯᠡᠨ᠎ᠡ᠃ ᠣᠳᠣᠬᠠᠨ ᠳᠤ᠂ ᠪᠢᠳᠡ ᠨᠢᠭᠡᠨᠲᠡ ︽ᠲᠠᠷᠢᠶᠠᠯᠠᠩ ᠤᠨ ᠴᠠᠭ ᠠᠭᠤᠷ ᠤᠨ ᠮᠡᠳᠡᠭᠡ︾ ᠶᠢᠨ ᠭᠠᠷ | ᠤᠲᠠᠰᠤᠨ ᠤ APP ᠪᠠᠷ ᠳᠠᠮᠵᠢᠭᠤᠯᠤᠨ 5.2 ᠲᠦᠮᠡᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ | ᠴᠣᠭᠴᠠ ᠶᠢᠨ ᠳᠠᠩᠰᠠᠯᠠᠭᠤᠯᠤᠭᠰᠠᠨ ᠬᠡᠷᠡᠭᠯᠡᠭᠴᠢ ᠳᠤ ᠣᠷᠣᠨ ᠪᠠᠶᠢᠷᠢ ᠳᠤ ᠰᠠᠭᠤᠷᠢᠯᠠᠭᠰᠠᠨ᠂ ᠣᠶᠤᠨᠴᠢ᠂ ᠥᠪᠡᠷᠮᠢᠴᠡ ︽ | ᠰᠢᠭᠤᠳ ᠨᠡᠪᠲᠡᠷᠡᠬᠦ ᠮᠠᠶ᠋ᠢᠭ︾ ᠤᠨ ᠦᠢᠯᠡᠴᠢᠯᠡᠭᠡ ᠬᠠᠩᠭᠠᠵᠤ ᠪᠠᠶᠢᠨ᠎ᠠ᠂ ᠵᠠᠯᠭᠠᠭᠠᠳ ᠪᠢᠳᠡ ︽ᠲᠠᠷᠢᠶᠠᠯᠠᠩ ᠤᠨ ᠴᠠᠭ | ᠠᠭᠤᠷ ᠤᠨ ᠮᠡᠳᠡᠭᠡ︾ ᠶᠢᠨ ᠭᠠᠷ ᠤᠲᠠᠰᠤᠨ ᠤ APP ᠶᠢ ᠦᠷᠭᠦᠯᠵᠢᠯᠡᠨ ᠳᠡᠯᠭᠡᠷᠡᠭᠦᠯᠵᠦ᠂ ᠪᠥᠬᠦ ᠣᠷᠣᠨ ᠤ ᠲᠠᠷᠢᠶᠠᠯᠠᠩ | ᠮᠠᠯ ᠠᠵᠤ ᠠᠬᠤᠶ ᠶᠢᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ ᠴᠠᠭ ᠠᠭᠤᠷ ᠤᠨ ᠪᠠᠲᠤᠯᠠᠭ᠎ᠠ ᠶᠢᠨ | ᠦᠢᠯᠡᠴᠢᠯᠡᠭᠡ ᠬᠠᠩᠭᠠᠨ᠎ᠠ᠃ | ᠲᠦᠷᠪᠡ ᠳᠤ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠠᠭᠤᠷ ᠠᠮᠢᠰᠬᠤᠯ | ᠰᠠᠶᠢᠨ ᠪᠦᠲᠦᠭᠡᠭᠳᠡᠬᠦᠨ︾ ᠢ ᠭᠡᠷᠡᠴᠢᠯᠡᠵᠦ ᠦᠨᠡᠯᠡᠬᠦ ᠠᠵᠢᠯ ᠢ ᠢᠳᠡᠪᠬᠢᠲᠡᠢ ᠠᠬᠢᠭᠤᠯᠵᠤ᠂ ᠣᠳᠣᠬᠠᠨ ᠳᠤ ᠲᠦᠴᠢᠦᠸᠠᠨ | ᠰᠢᠶᠠᠨ ᠤ ᠨᠠᠷᠢᠮᠤ ᠪᠤᠳᠠᠭ᠎ᠠ᠂ ᠨᠣᠭᠤᠭᠠᠨ ᠪᠤᠷᠴᠠᠭ ᠪᠣᠯᠤᠨ ᠪᠣᠷᠣ ᠬᠠᠯᠢᠰᠤᠲᠤ ᠰᠠᠷᠢᠮᠰᠠᠭ᠂ ᠠᠤᠬᠠᠨ ᠬᠤᠰᠢᠭᠤᠨ ᠤ ᠨᠠᠷᠢᠮᠤ | ᠪᠤᠳᠠᠭ᠎ᠠ᠂ ᠦᠶᠤᠸᠠᠨ ᠰᠢᠶᠠᠨ ᠤ ᠨᠡᠷᠡᠨ ᠬᠤᠸᠠᠷ᠂ ᠰᠥᠨᠢᠳ ᠬᠤᠨᠢ ᠵᠡᠷᠭᠡ ᠲᠠᠷᠢᠶᠠᠯᠠᠩ ᠤᠨ ᠣᠨᠴᠠ ᠭᠠᠷᠤᠯᠲᠠ ᠶᠢ ︽ | ᠠᠭᠤᠷ ᠠᠮᠢᠰᠬᠤᠯ ᠤᠨ ᠰᠠᠶᠢᠨ ᠪᠦᠲᠦᠭᠡᠭᠳᠡᠬᠦᠨ︾ ᠢᠶᠠᠷ ᠦᠨᠡᠯᠡᠬᠦ ᠠᠵᠢᠯ ᠢ ᠥᠷᠨᠢᠭᠦᠯᠵᠦ᠂ ᠲᠠᠷᠢᠶᠠᠯᠠᠩ ᠤᠨ | ᠪᠦᠲᠦᠭᠡᠭᠳᠡᠬᠦᠨ ᠤ ᠠᠭᠤᠷ ᠠᠮᠢᠰᠬᠤᠯ ᠤᠨ ᠨᠡᠮᠡᠯᠲᠡ ᠦᠷᠳᠡᠭ ᠢ ᠨᠡᠮᠡᠭᠳᠡᠭᠦᠯᠵᠡᠢ᠃ ᠡᠨᠡ ᠵᠢᠯ᠂ ᠪᠢᠳᠡ ᠡᠯ᠎ᠡ ᠭᠠᠵᠠᠷ ᠤᠨ | ᠳᠠᠪᠠᠭᠤᠯᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠬᠥᠭᠵᠢᠭᠦᠯᠬᠦ | ᠬᠡᠷᠡᠭᠴᠡᠭᠡ ᠶᠢ ᠦᠨᠳᠦᠰᠦᠯᠡᠨ᠂ ︽ᠠᠭᠤᠷ ᠠᠮᠢᠰᠬᠤᠯ ᠤᠨ ᠰᠠᠶᠢᠨ ᠪᠦᠲᠦᠭᠡᠭᠳᠡᠬᠦᠨ︾ ᠢ ᠭᠡᠷᠡᠴᠢᠯᠡᠬᠦ ᠠᠵᠢᠯ ᠢ | ᠦᠷᠭᠦᠯᠵᠢᠯᠡᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠤᠨᠴᠠᠯᠢᠭᠳᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠳᠡᠭᠡᠭᠰᠢᠯᠡᠭᠦᠯᠦᠨ᠎ᠡ᠃ | ᠲᠠᠪᠤ ᠳᠤ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠵᠢᠭᠯᠠᠵᠤ᠂ ᠠᠯᠢᠪᠠ ᠠᠰᠢᠭᠲᠠᠶ ᠴᠠᠭ ᠠᠭᠤᠷ ᠤᠨ | ᠨᠥᠬᠦᠴᠡᠯ ᠢ ᠠᠳᠬᠤᠵᠤ᠂ ᠨᠢᠰᠬᠡᠯ᠂ ᠲᠡᠶᠢᠷᠦᠯᠲᠦ ᠰᠤᠮᠤ ᠪᠣᠯᠤᠨ ᠤᠲᠤᠭ᠎ᠠ ᠵᠤᠤᠬ᠎ᠠ ᠵᠡᠷᠭᠡ ᠬᠤᠭᠤᠰᠣᠨ ᠭᠠᠵᠠᠷ ᠢ ᠨᠢᠭᠡ | ᠴᠤᠭᠴᠠᠵᠢᠭᠤᠯᠤᠭᠰᠠᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ | ᠪᠠᠶᠢᠭᠤᠯᠤᠨ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠭᠠᠩ ᠬᠠᠭᠰᠠᠷᠠᠭᠠᠨ ᠤ ᠪᠠᠶᠢᠳᠠᠯ ᠢ ᠨᠠᠮᠳᠠᠭᠤᠯᠤᠨ᠂ ᠡᠪᠡᠰᠦ | ᠪᠡᠯᠴᠢᠭᠡᠷ ᠤᠨ ᠨᠣᠭᠤᠭᠠᠷᠠᠬᠤ ᠶᠢ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠠᠰ ᠢ | ᠪᠠᠭᠤᠷᠠᠭᠤᠯᠤᠨ᠎ᠠ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠤᠪᠠᠭ ᠤᠨ | ᠰᠤᠷᠪᠤᠯᠵᠢᠯᠠᠭᠴᠢ᠄ ᠪᠢ ᠦᠪᠦᠷ ᠮᠣᠩᠭᠤᠯ ᠤᠨ ᠲᠥᠮᠥᠰᠥ ᠶᠢᠨ ᠤᠨᠴᠠᠯᠢᠬᠳᠤ ᠲᠠᠷᠢᠶᠠᠯᠠᠩ ᠤᠨ ᠴᠠᠭ ᠠᠭᠤᠷ ᠤᠨ | ᠦᠢᠯᠡᠴᠢᠯᠡᠭᠡᠨ ᠤ ᠲᠥᠪ ᠤᠨ ᠦᠢᠯᠡᠳᠦᠯ ᠢᠶᠠᠨ ᠬᠡᠷᠬᠢᠨ ᠪᠠᠳᠠᠷᠠᠭᠤᠯᠵᠤ ᠪᠠᠶᠢᠬᠤ ᠶᠢ ᠣᠶᠢᠯᠠᠭᠠᠶ᠎ᠠ | ᠦ᠋ ᠿᠦᠩ ᠱᠧᠩ᠄ 2020 ᠣᠨ ᠤ 10 ᠰᠠᠷ᠎ᠠ ᠳᠤ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ | ᠪᠣᠯᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠪᠣᠯᠤᠨ ᠥᠪᠥᠷ | ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠠᠮᠲᠤᠷᠠᠨ ᠮᠡᠳᠡᠭᠦᠯᠦᠭᠰᠡᠨ ᠲᠥᠮᠥᠰᠥ ᠶᠢᠨ ᠴᠠᠭ | ᠠᠭᠤᠷ ᠤᠨ ᠦᠢᠯᠡᠴᠢᠯᠡᠭᠡᠨ ᠤ ᠲᠥᠪ ᠢ ᠤᠨᠴᠠᠯᠢᠬᠳᠤ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠲᠥᠪ ᠢᠶᠠᠷ | ᠲᠤᠲᠤᠯᠠᠪᠡ᠂ ᠪᠥᠬᠦ ᠤᠯᠤᠰ ᠤᠨ ᠲᠥᠮᠥᠰᠥ ᠶᠢᠨ 5 ᠲᠣᠮᠣ ᠭᠤᠤᠯ ᠭᠠᠷᠤᠯᠲᠠ ᠶᠢᠨ ᠮᠤᠵᠢ ᠣᠷᠣᠨ ᠤ ᠨᠢᠭᠡ ᠪᠣᠯᠤᠭᠰᠠᠨ ᠤ | ᠬᠤᠪᠢ ᠳᠤ᠂ ᠲᠥᠮᠥᠰᠥ ᠶᠢᠨ ᠠᠵᠤ ᠦᠢᠯᠡᠰ ᠪᠣᠯ ᠥᠪᠥᠷ ᠮᠣᠩᠭᠤᠯ ᠤᠨ ᠲᠤᠯᠭᠠᠭᠤᠷᠢ ᠠᠵᠤ ᠦᠢᠯᠡᠰ ᠤᠨ ᠨᠢᠭᠡ ᠮᠥᠨ᠂ | ᠲᠥᠮᠥᠰᠥ ᠶᠢᠨ ᠴᠠᠭ ᠠᠭᠤᠷ ᠤᠨ ᠦᠢᠯᠡᠴᠢᠯᠡᠭᠡᠨ ᠤ ᠲᠥᠪ ᠢ ᠡᠭᠦᠳᠦᠨ ᠪᠠᠶᠢᠭᠤᠯᠬᠤ ᠶᠢᠨ ᠵᠣᠷᠢᠯᠭ᠎ᠠ ᠨᠢ ᠲᠥᠪ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠶ ᠪᠠᠶᠢᠷᠢᠯᠠᠭᠤᠯᠤᠯᠲᠠ ᠶᠢ ᠤᠯᠠᠮ | ᠨᠢᠭᠡ ᠠᠯᠬᠤᠮ ᠲᠤᠤᠱᠯᠠᠭᠤᠯᠵᠤ᠂ ᠥᠪᠥᠷ ᠮᠣᠩᠭᠤᠯ ᠴᠢᠨᠠᠭᠰᠢᠯᠠᠪᠠᠯ ᠪᠥᠬᠦ ᠤᠯᠤᠰ ᠤᠨ ᠲᠥᠮᠥᠰᠥ ᠶᠢᠨ ᠠᠵᠤ ᠦᠢᠯᠡᠰ ᠤᠨ | ᠦᠢᠯᠡᠳᠪᠦᠷᠢᠯᠡᠯ ᠤᠨ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠶᠤᠮ᠃ | | 2021 ᠣᠨ ᠳᠤ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠬᠢᠭᠡᠳ ᠥᠪᠥᠷ ᠮᠣᠩᠭᠤᠯ ᠤᠨ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠲᠣᠰ ᠲᠥᠪ ᠤᠨ ᠲᠥᠮᠥᠰᠥ ᠶᠢᠨ ᠴᠠᠭ ᠠᠭᠤᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠭᠠᠨ ᠬᠢᠭᠡᠳ ᠦᠢᠯᠡᠴᠢᠯᠡᠭᠡᠨ ᠤ ᠲᠠᠯ᠎ᠠ ᠪᠠᠷ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ ᠢ ᠭᠠᠷ | ᠬᠤᠯᠪᠣᠨ ᠠᠬᠢᠭᠤᠯᠵᠤ᠂ ᠳᠣᠤᠷᠠᠬᠢ ᠬᠡᠳᠦᠨ ᠲᠠᠯ᠎ᠠ ᠪᠠᠷ ᠪᠣᠳᠠᠲᠠᠶ ᠪᠠᠷ ᠠᠵᠢᠯ ᠥᠷᠨᠢᠭᠦᠯᠦᠨ᠎ᠡ᠄ | ᠨᠢᠭᠡ ᠳᠤ᠂ ᠶᠡᠭᠡ ᠳ᠋ᠠᠶᠢᠲ᠋ᠠ ᠪᠠᠷ ᠭᠤᠣᠯ ᠪᠣᠯᠭᠠᠭᠰᠠᠨ᠂ ᠬᠡᠷᠡᠭᠯᠡᠭᠡ ᠪᠠᠷ ᠤᠳᠤᠷᠢᠳᠤᠮᠵᠢ ᠪᠣᠯᠭᠠᠭᠰᠠᠨ᠂ ᠬᠤᠷᠠᠭᠤᠯᠤᠨ | ᠠᠭᠤᠰᠤᠯᠴᠠᠭᠤᠯᠵᠤ ᠰᠢᠨ᠎ᠡ ᠶᠢ ᠡᠭᠦᠳᠦᠭᠰᠡᠨ᠂ ᠨᠡᠭᠡᠭᠡᠯᠲᠡᠲᠡᠢ ᠬᠠᠮᠲᠤᠪᠠᠷ ᠡᠳ᠋ᠯᠡᠭᠰᠡᠨ ᠲᠥᠮᠥᠰᠥ ᠶᠢᠨ ᠤᠨᠴᠠᠯᠢᠭᠳᠤ | ᠲᠠᠷᠢᠮᠠᠯ ᠤᠨ ᠴᠠᠭ ᠠᠭᠤᠷ ᠤᠨ ᠶᠡᠭᠡ ᠳ᠋ᠠᠶᠢᠲ᠋ᠠ ᠶᠢᠨ ᠲᠠᠪᠴᠠᠩ ᠢ ᠪᠠᠶᠢᠭᠤᠯᠤᠨ᠎ᠠ︔ ᠲᠥᠮᠥᠰᠥᠨ ᠤ ᠭᠤᠤᠯ ᠭᠠᠷᠤᠯᠲᠠ ᠶᠢᠨ | ᠣᠷᠣᠨ ᠢ ᠬᠠᠮᠤᠷᠤᠭᠰᠠᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠳᠤ ᠰᠠᠭᠤᠷᠢᠯᠠᠭᠰᠠᠨ ᠪᠤᠶᠢᠵᠢᠯᠲᠠ ᠶᠢᠨ | ᠬᠤᠭᠤᠴᠠᠭ᠎ᠠ᠂ ᠤᠷᠭᠤᠴᠠ ᠶᠢᠨ ᠪᠠᠶᠢᠳᠠᠯ᠂ ᠴᠠᠭ ᠠᠭᠤᠷ ᠤᠨ ᠭᠠᠮᠰᠢᠭ᠂ ᠡᠪᠡᠳᠴᠢᠨ ᠬᠤᠷᠣᠬᠠᠶ ᠶᠢᠨ ᠬᠥᠨᠥᠭᠡᠯ ᠵᠡᠷᠭᠡ ᠶᠢ | ᠴᠠᠭ ᠲᠤᠬᠠᠶ ᠳᠤᠨᠢ ᠬᠢᠨᠠᠨ ᠬᠡᠮᠵᠢᠬᠦ ᠣᠶᠤᠨᠴᠢᠯᠠᠭᠰᠠᠨ ᠬᠡᠷᠡᠭᠯᠡᠭᠡᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ︔ | ᠲᠤᠭ᠎ᠠ ᠪᠠᠷᠢᠮᠲᠠ ᠶᠢ ᠬᠢᠨᠠᠨ ᠬᠡᠮᠵᠢᠬᠦ᠂ ᠵᠠᠳᠠᠯᠬᠤ᠂ ᠨᠡᠶᠢᠲᠡᠯᠡᠬᠦ ᠪᠠ ᠬᠡᠷᠡᠭᠯᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ | ᠲᠥᠮᠥᠰᠥ ᠶᠢᠨ ᠤᠨᠴᠠᠯᠢᠭᠳᠤ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠲᠥᠪ ᠤᠨ ᠴᠢᠨᠠᠷ ᠰᠠᠶᠢᠲᠠᠶ | ᠬᠥᠭᠵᠢᠯᠲᠡ ᠶᠢᠨ ᠦᠷ᠎ᠡ ᠠᠰᠢᠭ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠶᠠᠷ ᠲᠤ᠂ ᠲᠥᠮᠥᠰᠥ ᠶᠢᠨ ᠤᠨᠴᠠᠯᠢᠭᠳᠤ ᠲᠠᠷᠢᠮᠠᠯ ᠤᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠠᠭᠤᠷᠢ ᠰᠤᠳᠤᠯᠭᠠᠨ ᠢ ᠴᠢᠩᠭᠠᠳᠬᠠᠵᠤ᠂ ᠲᠥᠮᠥᠰᠥ ᠶᠢᠨ | ᠲᠠᠷᠢᠶᠠᠯᠠᠩ ᠤᠨ ᠴᠠᠭ ᠠᠭᠤᠷ ᠤᠨ ᠬᠦᠢᠴᠡᠳᠭᠡᠯ ᠲᠤᠭᠠᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ︔ ᠳᠠᠭᠠᠭᠤᠯᠢ | ᠣᠳᠣᠨ ᠤ ᠠᠯᠤᠰ ᠰᠡᠷᠡᠯ᠂ ᠵᠢᠷᠤᠭ ᠳᠦᠷᠰᠦ ᠶᠢ ᠢᠯᠭᠠᠨ ᠲᠠᠨᠢᠬᠤ᠂ ᠣᠯᠠᠨ ᠡᠬᠢᠲᠦ ᠲᠤᠭ᠎ᠠ ᠪᠠᠷᠢᠮᠲᠠ ᠶᠢ | ᠠᠭᠤᠰᠤᠯᠴᠠᠭᠤᠯᠬᠤ ᠵᠡᠷᠭᠡ ᠰᠢᠨ᠎ᠡ ᠮᠡᠷᠭᠡᠵᠢᠯ᠂ ᠰᠢᠨ᠎ᠡ ᠠᠷᠭ᠎ᠠ ᠶᠢᠨ ᠳᠠᠪᠠᠭᠤᠯᠢᠭ ᠢ ᠪᠠᠳᠠᠷᠠᠭᠤᠯᠵᠤ᠂ ᠨᠠᠩ ᠲᠤᠰᠬᠠᠶ | ᠮᠡᠷᠭᠡᠵᠢᠯ ᠤᠨ᠂ ᠨᠠᠩ ᠨᠠᠷᠢᠯᠢᠭ ᠣᠨᠣᠴᠠᠲᠠᠶ ᠥᠪᠡᠷᠮᠢᠴᠡ ᠦᠢᠯᠡᠴᠢᠯᠡᠭᠡᠨ ᠤ ᠦᠢᠯᠡᠳᠬᠦᠨ ᠢ ᠪᠣᠶ ᠪᠣᠯᠭᠠᠨ᠎ᠠ᠃ | ᠭᠤᠷᠪᠠ ᠳᠤ᠂ ᠤᠯᠤᠰ ᠤᠨ ᠳᠡᠰ᠂ ᠮᠤᠵᠢ ︵ᠶᠠᠮᠤᠨ︶ ᠶᠢᠨ ᠳᠡᠰ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠷᠥᠯ ᠵᠦᠢᠯ ᠤᠨ ᠳᠡᠮᠵᠢᠯᠭᠡ ᠳᠤ ᠲᠦᠰᠢᠭᠯᠡᠵᠦ᠂ ᠴᠠᠭ ᠠᠭᠤᠷ ᠠᠭᠤᠷ ᠠᠮᠢᠰᠬᠤᠯ ᠤᠨ ᠨᠥᠬᠦᠴᠡᠯ ᠤᠨ ᠲᠥᠮᠥᠰᠥ ᠶᠢᠨ | ᠥᠰᠥᠯᠲᠡ ᠪᠤᠶᠢᠵᠢᠯᠲᠠ ᠪᠠ ᠴᠢᠬᠤᠯᠠ ᠲᠠᠷᠢᠶᠠᠯᠠᠩ ᠤᠨ ᠠᠵᠢᠯᠯᠠᠭ᠎ᠠ ᠳᠤ ᠦᠵᠡᠭᠦᠯᠬᠦ ᠨᠥᠯᠥᠭᠡ ᠬᠢᠭᠡᠳ ᠲᠣᠭᠲᠠᠭᠰᠠᠨ | ᠬᠡᠮᠵᠢᠶᠡᠨ ᠤ ᠦᠨᠡᠯᠡᠯᠲᠡ᠂ ᠲᠠᠷᠢᠶᠠᠯᠠᠩ ᠤᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠢᠯᠭᠠᠨ ᠲᠠᠨᠢᠬᠤ ᠬᠢᠭᠡᠳ | ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠭᠠᠷᠤᠯᠲᠠ ᠬᠢᠭᠡᠳ ᠶᠠᠰᠤ ᠴᠢᠨᠠᠷ ᠤᠨ ᠨᠥᠯᠥᠭᠡ ᠶᠢ ᠦᠨᠡᠯᠡᠬᠦ ᠵᠡᠷᠭᠡ | ᠲᠤᠷᠰᠢᠯᠲᠠ ᠶᠢᠨ ᠰᠤᠳᠤᠯᠭᠠᠨ ᠢ ᠴᠢᠩᠭᠠᠳᠬᠠᠵᠤ᠂ ᠲᠥᠮᠥᠰᠥ ᠶᠢᠨ ᠤᠨᠴᠠᠯᠢᠭᠳᠤ ᠲᠠᠷᠢᠮᠠᠯ ᠤᠨ ᠴᠠᠭ ᠠᠭᠤᠷ ᠤᠨ | ᠲᠤᠷᠰᠢᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠤᠨ᠂ ᠰᠢᠨᠵᠢᠯᠡᠬᠦ | ᠤᠬᠠᠭᠠᠨ ᠤ ᠰᠤᠳᠤᠯᠤᠯ ᠤᠨ ᠥᠷᠭᠡᠴᠡ ᠪᠠ ᠭᠦᠨᠴᠡ ᠶᠢ ᠤᠯᠠᠮ ᠨᠢᠭᠡ ᠠᠯᠬᠤᠮ ᠥᠷᠭᠡᠳᠬᠡᠨ᠎ᠡ᠃ | ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠴᠢᠭᠯᠡᠭᠦᠯᠦᠨ᠂ ᠲᠥᠮᠥᠰᠥ | ᠵᠡᠷᠭᠡ ᠤᠨᠴᠠᠯᠢᠭᠳᠤ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠲᠥᠪ ᠣᠯᠠᠨ ᠵᠦᠢᠯ ᠤᠨ ᠠᠷᠭ᠎ᠠ ᠬᠡᠮᠵᠢᠶ᠎ᠡ | ᠠᠪᠴᠤ᠂ ᠡᠯ᠎ᠡ ᠵᠦᠢᠯ ᠤᠨ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢᠶᠠᠨ ᠰᠠᠶᠢᠲᠤᠷ ᠬᠢᠨ᠎ᠡ᠃ | ᠨᠢᠭᠡ ᠳᠤ᠂ ᠬᠠᠮᠲᠤᠷᠠᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠠᠷᠢᠶᠠᠯᠠᠩ ᠮᠠᠯ | ᠠᠵᠤ ᠠᠬᠤᠶ ᠶᠢᠨ ᠲᠢᠩᠬᠢᠮ᠂ ᠲᠠᠷᠢᠶᠠᠯᠠᠩ ᠤᠨ ᠪᠠᠶᠢᠴᠠᠭᠠᠯᠲᠠ ᠶᠢᠨ ᠠᠩᠭᠢ ᠵᠡᠷᠭᠡ ᠲᠠᠷᠢᠶᠠᠯᠠᠩ ᠳᠤ ᠬᠤᠯᠪᠣᠭᠳᠠᠬᠤ ᠰᠠᠯᠠᠭ᠎ᠠ | ᠮᠥᠴᠢᠷ ᠲᠠᠢ ᠬᠠᠮᠲᠤᠷᠠᠨ ᠵᠥᠪᠳᠡᠯᠴᠡᠵᠦ᠂ ᠳᠠᠷᠢᠬᠤ ᠠᠬᠢᠴᠠ᠂ ᠴᠢᠬᠢ ᠶᠢᠨ ᠪᠠᠶᠢᠳᠠᠯ᠂ ᠬᠠᠪᠤᠷ ᠤᠨ ᠤᠯᠠᠷᠢᠯ ᠤᠨ ᠴᠠᠭ | ᠠᠭᠤᠷ ᠤᠨ ᠭᠠᠮᠰᠢᠭ ᠤᠨ ᠬᠠᠮᠤᠭ ᠤᠨ ᠰᠢᠨ᠎ᠡ ᠪᠠᠶᠢᠳᠠᠯ ᠢ ᠴᠠᠭ ᠲᠤᠬᠠᠶ ᠳᠤᠨᠢ ᠨᠡᠪᠲᠡᠷᠡᠯᠴᠡᠵᠦ᠂ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠦᠵᠡᠭᠦᠯᠬᠦ ᠴᠠᠭ ᠠᠭᠤᠷ ᠤᠨ ᠨᠥᠬᠦᠴᠡᠯ ᠤᠨ ᠠᠰᠢᠭ ᠬᠤᠤᠷ ᠤᠨ ᠨᠥᠯᠥᠭᠡ ᠶᠢ | ᠬᠠᠮᠲᠤ ᠪᠠᠷ ᠰᠤᠳᠤᠯᠤᠨ ᠮᠠᠭᠠᠳᠯᠠᠨ᠎ᠠ᠃ ᠬᠤᠶᠠᠷ ᠲᠤ᠂ ᠲᠠᠷᠢᠶᠠᠯᠠᠩ ᠤᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ | ᠠᠵᠢᠯᠲᠠᠨ ᠢ ᠲᠣᠮᠢᠯᠠᠨ ᠲᠠᠷᠢᠶᠠᠨ ᠳᠤ ᠣᠴᠢᠭᠤᠯᠵᠤ ᠪᠠᠶᠢᠴᠠᠭᠠᠨ ᠰᠤᠳᠤᠯᠤᠯᠲᠠ ᠪᠠ ᠵᠢᠯᠣᠭᠤᠳᠣᠯᠭ᠎ᠠ ᠬᠢᠯᠭᠡᠵᠦ᠂ ᠬᠥᠷᠥᠰᠥ | ᠰᠢᠷᠣᠶ ᠶᠢᠨ ᠴᠢᠭᠢᠭ ᠤᠨ ᠪᠠᠶᠢᠳᠠᠯ᠂ ᠬᠠᠪᠤᠷ ᠤᠨ ᠲᠠᠷᠢᠶᠠᠯᠠᠭ᠎ᠠ ᠶᠢᠨ ᠠᠵᠢᠯ ᠪᠠ ᠲᠠᠷᠢᠮᠠᠯ ᠤᠨ ᠤᠷᠭᠤᠯᠲᠠ ᠶᠢᠨ ᠪᠠᠶᠢᠳᠠᠯ ᠢ | ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ᠂ ᠡᠨᠡ ᠵᠢᠯ ᠤᠨ ᠬᠠᠪᠤᠷ ᠤᠨ ᠤᠯᠠᠷᠢᠯ ᠤᠨ ᠴᠠᠭ ᠠᠭᠤᠷ ᠪᠠ ᠠᠭᠤᠷ | ᠠᠮᠢᠰᠬᠤᠯ ᠤᠨ ᠨᠥᠬᠦᠴᠡᠯ ᠳᠤ ᠴᠢᠭᠯᠡᠭᠦᠯᠦᠨ᠂ ᠲᠠᠷᠢᠶᠠᠯᠠᠩ ᠤᠨ ᠦᠢᠯᠡᠳᠪᠦᠷᠢᠯᠡᠯ ᠳᠤ ᠵᠢᠯᠣᠭᠤᠳᠬᠤ ᠰᠠᠨᠠᠭᠤᠯᠭ᠎ᠠ | ᠳᠤᠷᠠᠳᠴᠤ᠂ ᠴᠠᠭ ᠠᠭᠤᠷ ᠤᠨ ᠬᠤᠪᠢᠷᠠᠯᠲᠠ ᠪᠠ ᠲᠠᠷᠢᠶᠠᠨ ᠭᠠᠵᠠᠷ ᠤᠨ ᠴᠢᠭᠢᠭ ᠤᠨ ᠪᠠᠶᠢᠳᠠᠯ ᠤᠨ ᠬᠤᠪᠢᠷᠠᠯᠲᠠ ᠶᠢ ᠨᠢᠭᠲᠠ | ᠠᠩᠬᠠᠷᠴᠤ᠂ ᠭᠠᠩ ᠲᠠᠢ ᠲᠡᠮᠡᠴᠡᠵᠦ ᠴᠢᠬᠢᠭ ᠢ ᠬᠠᠮᠠᠭᠠᠯᠠᠬᠤ ᠠᠵᠢᠯ ᠪᠠ ᠲᠠᠷᠢᠶᠠᠨ ᠭᠠᠵᠠᠷ ᠤᠨ ᠴᠢᠬᠢ ᠶᠢᠨ ᠪᠠᠶᠢᠳᠠᠯ ᠤᠨ | ᠬᠠᠮᠢᠶᠠᠷᠤᠯᠲᠠ ᠶᠢ ᠴᠢᠩᠭᠠᠳᠬᠠᠨ᠎ᠠ᠃ ᠭᠤᠷᠪᠠ ᠳᠤ᠂ ᠤᠶᠤᠨᠲᠤ ᠲᠠᠷᠢᠶᠠᠯᠠᠩ ᠤᠨ ᠴᠠᠭ ᠠᠭᠤᠷ ᠤᠨ ᠲᠤᠭ᠎ᠠ ᠪᠠᠷᠢᠮᠲᠠ ᠶᠢᠨ | ᠲᠠᠪᠴᠠᠩ ᠪᠣᠯᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠠᠰᠢᠭᠯᠠᠵᠤ᠂ ᠲᠥᠮᠥᠰᠥ ᠵᠡᠷᠭᠡ ᠲᠠᠷᠢᠮᠠᠯ ᠤᠨ ᠵᠠᠩᠭᠢᠯᠠᠭ᠎ᠠ ᠶᠢᠨ | ᠪᠤᠶᠢᠵᠢᠯᠲᠠ ᠶᠢᠨ ᠬᠤᠭᠤᠴᠠᠭᠠᠨ ᠤ ᠤᠷᠢᠳᠴᠢᠯᠠᠭᠰᠠᠨ ᠮᠡᠳᠡᠭᠡ᠂ ᠬᠠᠪᠤᠷ ᠤᠨ ᠲᠠᠷᠢᠶᠠᠯᠠᠭ᠎ᠠ ᠶᠢᠨ ᠴᠠᠭ ᠠᠭᠤᠷ ᠤᠨ | ᠳᠤᠬᠢᠷᠠᠮᠵᠢ ᠶᠢᠨ ᠬᠡᠮᠵᠢᠶᠡᠨ ᠤ ᠤᠷᠢᠳᠴᠢᠯᠠᠭᠰᠠᠨ ᠮᠡᠳᠡᠭᠡ᠂ ᠥᠰᠥᠯᠲᠡ ᠪᠤᠶᠢᠵᠢᠯᠲᠠ ᠶᠢᠨ ᠬᠢᠨᠠᠨ ᠬᠡᠮᠵᠢᠯᠲᠡ᠂ ᠬᠢᠷᠠᠭᠤ | ᠬᠦᠯᠳᠡᠬᠦᠦ ᠪᠠ ᠭᠠᠩ ᠬᠠᠭᠰᠠᠷᠠᠭᠠᠨ ᠤ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠰᠢᠷᠢᠰ | ᠦᠢᠯᠡᠴᠢᠯᠡᠭᠡᠨ ᠤ ᠪᠦᠲᠦᠭᠡᠭᠳᠡᠬᠦᠨ ᠢ ᠵᠠᠳᠠᠯᠤᠨ ᠦᠢᠯᠡᠳᠦᠨ᠎ᠡ᠃ | ᠥᠪᠥᠷ ᠮᠣᠩᠭᠤᠯ ᠤᠨ ᠬᠤᠳᠠᠯᠳᠤᠭᠠᠨ ᠤ ᠰᠣᠨᠢᠨ ᠤ ᠰᠤᠷᠪᠤᠯᠵᠢᠯᠠᠭᠴᠢ᠄ ᠣᠶᠢᠯᠠᠭᠠᠭᠰᠠᠨ ᠢᠶᠠᠷ᠂ ᠣᠶᠢᠷ᠎ᠠ ᠶᠢᠨ | ᠬᠤᠭᠤᠴᠠᠭᠠᠨ ᠳᠤ ᠰᠥᠨᠢᠳ ᠤᠨ ᠬᠤᠨᠢᠨ ᠮᠢᠬ᠎ᠠ ᠶᠢ ᠥᠪᠥᠷ ᠮᠣᠩᠭᠤᠯ ᠤᠨ ᠣᠨᠴᠠ ᠰᠢᠯᠢᠳᠡᠭ ᠲᠠᠰ ᠤᠨ ᠠᠭᠤᠷ | ᠠᠮᠢᠰᠬᠤᠯ ᠤᠨ ᠰᠠᠶᠢᠨ ᠪᠦᠲᠦᠭᠡᠭᠳᠡᠬᠦᠨ ᠢᠶᠠᠷ ᠮᠠᠭᠠᠳᠯᠠᠨ ᠲᠣᠭᠲᠠᠭᠠᠭᠰᠠᠨ ᠪᠠᠶᠢᠨ᠎ᠠ᠂ ᠠᠭᠤᠷ ᠠᠮᠢᠰᠬᠤᠯ ᠤᠨ ᠴᠢᠨᠠᠷ | ᠴᠢᠨᠰᠠᠭ᠎ᠠ ᠶᠢ ᠭᠡᠷᠡᠴᠢᠯᠡᠬᠦ ᠶᠢᠨ ᠠᠴᠢ ᠬᠤᠯᠪᠣᠭᠳᠠᠯ ᠪᠠ ᠪᠣᠳᠠᠲᠠᠶ ᠪᠠᠶᠢᠳᠠᠯ ᠢᠶᠠᠨ ᠲᠠᠨᠢᠯᠴᠠᠭᠤᠯᠤᠭᠠᠷᠠᠶ᠃ | ᠶᠠᠩ ᠵᠢᠩ᠄ ᠣᠯᠠᠨ ᠤ ᠮᠡᠳᠡᠭᠡᠵᠢ ᠪᠠᠷ᠂ ᠬᠠᠮᠤᠭ ᠤᠨ ᠰᠠᠶᠢᠨ ᠺᠤᠹᠧ ᠨᠢ ᠡᠮᠦᠨᠡᠲᠦ ᠠᠮᠧᠷᠢᠺᠠ ᠠᠴᠠ ᠭᠠᠷᠤᠯᠲᠠ ᠲᠠᠢ᠂ | ᠬᠠᠮᠤᠭ ᠤᠨ ᠰᠠᠶᠢᠨ ᠴᠠᠶ ᠨᠢ ᠳᠤᠮᠳᠠᠳᠤ ᠤᠯᠤᠰ ᠠᠴᠠ ᠭᠠᠷᠤᠯᠲᠠ ᠲᠠᠢ᠂ ᠬᠠᠮᠤᠭ ᠤᠨ ᠰᠠᠶᠢᠨ ᠦᠵᠦᠮ ᠤᠨ ᠠᠷᠢᠬᠢ ᠨᠢ | ᠧᠦ᠋ᠷᠣᠫᠠ ᠠᠴᠠ ᠢᠷᠡᠯᠲᠡᠶ᠃ ᠹᠷᠠᠨᠼᠢ ᠶᠢᠨ ᠨᠡᠷᠡᠲᠡᠶ ᠤᠯᠠᠭᠠᠨ ᠠᠷᠢᠬᠢ ︽ᠯᠠᠹᠢᠲ᠋ᠧ︾ ᠭᠡᠳᠡᠭ ᠨᠢ ᠪᠦᠷᠦ᠋ᠳ᠋ᠸᠦ᠋ᠰ ᠤᠨ | ᠨᠡᠷᠡᠨ ᠤ ᠭᠡᠷᠡᠯ ᠭᠦᠢᠴᠡᠳ᠂ ᠬᠤᠷ᠎ᠠ ᠪᠣᠷᠣᠭᠠᠨ ᠲᠣᠬᠢᠷᠠᠮᠵᠢᠲᠠᠶ᠂ ᠠᠭᠠᠷ ᠤᠨ ᠳᠤᠯᠠᠭᠠᠨ ᠤ ᠡᠳᠦᠷ ᠤᠨ ᠵᠥᠷᠢᠶ᠎ᠡ ᠶᠡᠭᠡ ᠵᠡᠷᠭᠡ | ᠣᠨᠴᠠᠭᠠᠶ ᠠᠭᠤᠷ ᠠᠮᠢᠰᠬᠤᠯ ᠤᠨ ᠣᠨᠴᠠᠯᠢᠭ ᠠᠴᠠ ᠪᠣᠯᠵᠤ᠂ ᠰᠢᠯᠢᠳᠡᠭ ᠣᠯᠠᠭᠠᠨ ᠠᠷᠢᠬᠢ ᠨᠡᠷᠡᠬᠦ ᠦᠵᠦᠮ ᠢ ᠲᠠᠷᠢᠬᠤ ᠳᠤ | ᠲᠣᠬᠢᠷᠠᠮᠵᠢᠲᠠᠶ ᠪᠠᠶᠢᠳᠠᠭ᠂ 1982 ᠣᠨ ᠳᠤ ᠹᠷᠠᠨᠼᠢ ᠶᠢᠨ ᠪᠦᠷᠦ᠋ᠳ᠋ᠸᠦ᠋ᠰ ᠤᠨ ᠯᠠᠹᠢᠲ᠋ᠧ ᠡᠳ᠋ᠯᠡᠩ ᠤᠨ ᠬᠡᠰᠡᠭ ᠭᠠᠵᠠᠷ ᠤᠨ | ᠠᠭᠤᠷ ᠠᠮᠢᠰᠬᠤᠯ ᠤᠨ ᠨᠥᠬᠦᠴᠡᠯ ᠨᠢ ᠰᠢᠯᠢᠳᠡᠭ ᠦᠵᠦᠮ ᠤᠨ ᠥᠰᠥᠯᠲᠡ ᠳᠤ ᠨᠡᠩ ᠲᠣᠬᠢᠷᠠᠮᠵᠢᠲᠠᠶ ᠪᠠᠶᠢᠵᠤ᠂ ︽82 | ᠯᠠᠹᠢᠲ᠋ᠧ︾ ᠤᠯᠠᠭᠠᠨ ᠠᠷᠢᠬᠢᠨ ᠤ ᠴᠢᠨᠠᠷ ᠨᠢ ᠬᠠᠮᠤᠭ ᠤᠨ ᠰᠠᠶᠢᠨ᠂ ᠦᠨ᠎ᠡ ᠨᠢ ᠴᠦ ᠬᠠᠮᠤᠭ ᠤᠨ ᠦᠨᠡᠲᠡᠶ ᠪᠠᠶᠢᠳᠠᠭ᠃ | ᠡᠭᠦᠨ ᠠᠴᠠ ᠦᠵᠡᠬᠦ ᠳᠤ᠂ ᠠᠭᠤᠷ ᠠᠮᠢᠰᠬᠤᠯ ᠤᠨ ᠨᠥᠬᠦᠴᠡᠯ ᠨᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠪᠦᠷᠢᠯᠳᠦᠯ ᠳᠤ ᠮᠠᠰᠢ ᠶᠡᠭᠡ ᠨᠥᠯᠥᠭᠡ ᠦᠵᠡᠬᠦᠯᠳᠡᠭ᠃ ᠠᠭᠤᠷ ᠠᠮᠢᠰᠬᠤᠯ ᠤᠨ ᠴᠢᠨᠠᠷ | ᠴᠢᠨᠰᠠᠭ᠎ᠠ ᠶᠢᠨ ᠭᠡᠷᠡᠴᠢᠯᠡᠯ ᠪᠣᠯ ᠳᠠᠷᠤᠶ ᠰᠢᠨᠵᠢᠯᠡᠬᠦ ᠤᠬᠠᠭᠠᠨᠴᠢ ᠠᠷᠭ᠎ᠠ ᠪᠠᠷ ᠴᠠᠭ ᠠᠭᠤᠷ ᠠᠭᠤᠷ ᠠᠮᠢᠰᠬᠤᠯ ᠤᠨ | ᠨᠥᠬᠦᠴᠡᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠴᠢᠨᠠᠷ ᠴᠢᠨᠰᠠᠭ᠎ᠠ ᠳᠤ ᠦᠵᠡᠭᠦᠯᠬᠦ | ᠨᠥᠯᠥᠭᠡ ᠶᠢᠨ ᠰᠠᠶᠢᠨ ᠮᠠᠭᠤ ᠵᠡᠷᠭᠡ ᠳᠡᠰ ᠢ ᠦᠨᠡᠯᠡᠨ ᠲᠣᠭᠲᠠᠭᠠᠬᠤ ᠶᠠᠪᠤᠳᠠᠯ ᠪᠣᠯᠤᠨ᠎ᠠ᠃ | ᠣᠶᠢᠷ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ | ᠲᠥᠪ ᠤᠨ ᠬᠢᠨ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠥᠨᠢᠳ ᠬᠤᠨᠢᠨ ᠤ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢ | ᠵᠠᠳᠠᠯᠤᠨ ᠦᠨᠡᠯᠡᠬᠦ ᠠᠵᠢᠯ ᠦᠷᠨᠢᠬᠦᠯᠪᠡ᠃ ᠪᠢᠳᠡ ᠰᠥᠨᠢᠳ ᠬᠤᠨᠢᠨ ᠤ ᠭᠤᠤᠯ ᠭᠠᠷᠤᠯᠲᠠ ᠶᠢᠨ ᠣᠷᠣᠨ ᠤ ᠠᠮᠢ | ᠠᠬᠤᠶ ᠶᠢᠨ ᠣᠷᠴᠢᠨ ᠲᠣᠭᠤᠷᠢᠨ ᠵᠢᠴᠢ ᠠᠭᠤᠷ ᠠᠮᠢᠰᠬᠤᠯ ᠤᠨ ᠣᠨᠴᠠᠯᠢᠭ ᠲᠤ ᠰᠠᠭᠤᠷᠢᠯᠠᠨ᠂ ᠰᠥᠨᠢᠳ ᠬᠤᠨᠢᠨ ᠤ | ᠮᠢᠬᠠᠨ ᠤ ᠶᠠᠰᠤ ᠴᠢᠨᠠᠷ ᠤᠨ ᠪᠦᠷᠢᠯᠳᠦᠯ ᠳᠤ ᠳᠣᠭᠢᠷᠠᠬᠤ ᠠᠭᠤᠷ ᠠᠮᠢᠰᠬᠤᠯ ᠤᠨ ᠨᠥᠬᠦᠴᠡᠯ ᠢ ᠵᠠᠳᠠᠯᠵᠤ᠂ ᠰᠥᠨᠢᠳ | ᠬᠤᠨᠢᠨ ᠤ ᠠᠭᠤᠷ ᠠᠮᠢᠰᠬᠤᠯ ᠤᠨ ᠵᠣᠬᠢᠴᠠᠬᠤ ᠴᠢᠨᠠᠷ ᠤᠨ ᠬᠦᠢᠴᠡᠳᠬᠡᠯ ᠲᠤᠭ᠎ᠠ ᠵᠢᠴᠢ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠨᠥᠯᠥᠭᠡ ᠪᠠᠷ ᠨᠡᠯᠢᠶᠡᠳ ᠶᠡᠭᠡ ᠴᠠᠭ ᠠᠭᠤᠷ ᠤᠨ ᠭᠠᠶ ᠭᠠᠮᠰᠢᠭ ᠤᠨ ᠬᠦᠢᠴᠡᠳᠬᠡᠯ ᠲᠤᠭ᠎ᠠ ᠶᠢ | ᠪᠠᠶᠢᠭᠤᠯᠵᠤ᠂ ᠰᠥᠨᠢᠳ ᠬᠤᠨᠢᠨ ᠤ ᠦᠰᠦᠯᠳᠡ ᠳᠤ ᠲᠤᠬᠢᠷᠠᠬᠤ ᠲᠠᠷᠬᠠᠯᠲᠠ ᠶᠢᠨ ᠣᠷᠣᠨ ᠢ ᠲᠤᠲᠤᠯᠠᠵᠤ ᠦᠭᠪᠡ᠃ | ᠡᠭᠦᠨ ᠤ ᠬᠠᠮᠲᠤ᠂ 2019 ᠣᠨ ᠳᠤ ᠰᠥᠨᠢᠳ ᠤᠨ ᠲᠠᠯ᠎ᠠ ᠨᠤᠲᠤᠭ ᠲᠤ ᠬᠢᠭᠰᠡᠨ ᠲᠤᠷᠰᠢᠯᠲᠠ ᠶᠢᠨ ᠲᠤᠭ᠎ᠠ ᠪᠠᠷᠢᠮᠲᠠ ᠶᠢ | ᠦᠨᠳᠦᠰᠦᠯᠡᠨ᠂ ᠰᠥᠨᠢᠳ ᠤᠨ ᠬᠤᠨᠢᠨ ᠮᠢᠬ᠎ᠠ ᠶᠢ ᠨᠥᠯᠥᠭᠡᠯᠡᠬᠦ ᠭᠤᠤᠯ ᠪᠣᠯᠬᠤ ᠠᠭᠤᠷ ᠠᠮᠢᠰᠬᠤᠯ ᠢ ᠨᠥᠯᠥᠭᠡᠯᠡᠬᠦ | ᠡᠯᠧᠮᠧᠨ᠋ᠲ ᠲᠤ ᠵᠠᠳᠠᠯᠤᠯᠲᠠ ᠬᠢᠵᠦ᠂ ᠰᠥᠨᠢᠳ ᠤᠨ ᠬᠤᠨᠢᠨ ᠤ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢᠨ ᠣᠨᠴᠠᠯᠢᠭ ᠢ | ᠶᠡᠷᠦᠩᠬᠡᠶᠢᠯᠡᠨ ᠦᠨᠡᠯᠡᠪᠡ᠃ ᠡᠭᠦᠨ ᠠᠴᠠ᠄ ᠰᠥᠨᠢᠳ ᠣᠷᠣᠨ ᠤ ᠣᠨᠴᠠᠭᠠᠶ ᠢᠯᠴᠢ ᠶᠢᠨ ᠬᠡᠮᠵᠢᠶ᠎ᠡ ᠪᠠ ᠤᠰᠤᠨ ᠤ | ᠨᠥᠬᠦᠴᠡᠯ ᠳᠣᠣᠷ᠎ᠠ᠂ ᠰᠥᠨᠢᠳ ᠬᠤᠨᠢᠨ ᠤ ᠮᠢᠬ᠎ᠠ ᠨᠢ ᠦᠨᠦᠷ ᠠᠩᠬᠢᠯᠤᠮ᠎ᠠ᠂ ᠰᠢᠩᠬᠡᠭ ᠦᠨᠦᠷ ᠪᠠᠭ᠎ᠠ᠂ ᠤᠭᠤᠷᠠᠭ ᠤᠨ | ᠴᠢᠨᠠᠷ ᠰᠠᠶᠢᠨ᠂ ᠰᠢᠪᠲᠦᠷᠲᠦ ᠬᠦᠴᠢᠯ ᠪᠠ ᠺᠠᠯᠼ ᠤᠨ ᠠᠭᠤᠯᠤᠭᠳᠠᠴᠠ ᠥᠨᠳᠥᠷ ᠵᠡᠷᠭᠡ ᠣᠨᠴᠠᠯᠢᠭ ᠲᠠᠢ ᠭᠡᠬᠦ | ᠳ᠋ᠦᠩᠨᠡᠯᠲᠡ ᠶᠢ ᠣᠯᠵᠠᠶ᠃ | ᠰᠥᠨᠢᠳ ᠤᠨ ᠬᠤᠨᠢᠨ ᠮᠢᠬᠠᠨ ᠤ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢ ᠵᠠᠳᠠᠯᠤᠨ ᠦᠨᠡᠯᠡᠬᠦ ᠪᠠᠷ ᠳᠡᠮᠵᠢᠨ᠂ | ᠰᠥᠨᠢᠳ ᠤᠨ ᠬᠤᠨᠢᠨ ᠮᠢᠬᠠᠨ ᠤ ᠴᠢᠨᠠᠷ ᠴᠢᠨᠰᠠᠭ᠎ᠠ ᠶᠢ ᠨᠥᠯᠥᠭᠡᠯᠡᠬᠦ ᠠᠭᠤᠷ ᠠᠮᠢᠰᠬᠤᠯ ᠤᠨ ᠨᠥᠬᠦᠴᠡᠯ ᠵᠢᠴᠢ | ᠲᠣᠬᠢᠷᠠᠮᠵᠢᠲᠠᠶ ᠣᠷᠣᠨ ᠪᠦᠰᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠷᠠᠴᠢᠯᠠᠵᠤ ᠲᠡᠵᠢᠭᠡᠬᠦ ᠶᠠᠪᠤᠴᠠ ᠳᠤ ᠠᠰᠢᠭ | ᠬᠠᠷᠠᠨ ᠬᠤᠤᠷ ᠠᠴᠠ ᠵᠠᠶᠢᠯᠠᠵᠤ᠂ ᠠᠭᠤᠷ ᠠᠮᠢᠰᠬᠤᠯ ᠤᠨ ᠡᠬᠢ ᠪᠠᠶᠠᠯᠢᠭ ᠢ ᠬᠦᠢᠴᠡᠳ ᠠᠰᠢᠭᠯᠠᠨ ᠴᠢᠨᠠᠷ ᠴᠢᠨᠰᠠᠭ᠎ᠠ ᠶᠢ ᠨᠢ | ᠳᠡᠭᠡᠭᠰᠢᠯᠡᠭᠦᠯᠦᠨ᠎ᠡ︔ ᠨᠥᠭᠦᠭᠡ ᠲᠠᠯ᠎ᠠ ᠪᠠᠷ᠂ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠠᠰᠢᠭᠯᠠᠨ ᠰᠥᠨᠢᠳ ᠤᠨ ᠬᠤᠨᠢᠨ | ᠮᠢᠬᠠᠨ ᠤ ᠴᠢᠨᠠᠷ ᠴᠢᠨᠰᠠᠭ᠎ᠠ ᠪᠠ ᠭᠠᠷᠤᠯᠲᠠ ᠶᠢᠨ ᠣᠷᠣᠨ ᠳᠤ ᠲᠡᠮᠳᠡᠭ ᠲᠠᠯᠪᠢᠵᠤ᠂ ᠲᠡᠳᠡᠨ ᠤ ᠨᠡᠷ᠎ᠡ ᠠᠯᠳᠠᠷ ᠪᠠ ᠵᠠᠬ᠎ᠠ | ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠲᠡᠳᠡᠨ ᠳᠤ ᠥᠪᠡᠷ ᠤᠨ ᠠᠭᠤᠷ ᠠᠮᠢᠰᠬᠤᠯ ᠤᠨ ᠴᠢᠨᠠᠷ | ᠴᠢᠨᠰᠠᠭ᠎ᠠ ᠶᠢᠨ ︽ᠪᠡᠶ᠎ᠡ ᠶᠢᠨ ᠦᠨᠡᠮᠯᠡᠯ︾ ᠲᠠᠢ ᠪᠣᠯᠭᠠᠵᠤ᠂ ᠮᠠᠯᠴᠢᠳ ᠵᠢᠴᠢ ᠬᠤᠯᠪᠤᠭᠳᠠᠯ ᠪᠥᠬᠦᠶ ᠠᠵᠤ ᠠᠬᠤᠶᠢᠯᠠᠯ ᠤᠨ | ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠦᠨ᠎ᠡ᠃ | ᠣᠶᠢᠷ᠎ᠠ ᠶᠢᠨ ᠵᠢᠯ ᠤᠳ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ | ᠲᠥᠪ ᠤᠨ ᠬᠢᠨ ᠰᠥᠨᠢᠳ ᠤᠨ ᠬᠤᠨᠢᠨ ᠮᠢᠬ᠎ᠠ᠂ ᠨᠠᠷᠠᠨ ᠬᠤᠸᠠᠷ᠂ ᠨᠣᠭᠤᠭᠠᠨ ᠪᠤᠷᠴᠠᠭ᠂ ᠨᠠᠷᠢᠮᠤ ᠵᠡᠷᠭᠡ ᠴᠢᠨᠠᠷ ᠰᠠᠶᠢᠲᠠᠶ | ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢ ᠭᠡᠷᠡᠴᠢᠯᠡᠬᠦ ᠠᠵᠢᠯ ᠢ | ᠥᠷᠨᠢᠭᠦᠯᠵᠦ᠂ ᠮᠠᠨ ᠤ ᠣᠷᠣᠨ ᠤ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠯᠳᠠᠷᠰᠢᠯ ᠢ | ᠳᠡᠭᠡᠭᠰᠢᠯᠡᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠳᠤ ᠢᠳᠡᠪᠬᠢᠲᠡᠶ ᠦᠢᠯᠡᠳᠦᠯ ᠦᠵᠡᠬᠦᠯᠦᠨ᠎ᠡ᠃ | ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠬᠡᠯᠡᠨ ᠤ | ᠰᠦᠯᠵᠢᠶ᠎ᠡ ᠣᠷᠴᠢᠭᠤᠯᠪᠠ | |