ᠰᠤᠷᠪᠤᠯᠵᠢᠯᠠᠭᠰᠠᠨ ᠴᠠᠭ᠄ | 2021 — 02 — 09 | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠳᠡᠳ᠋ ᠡᠷᠬᠢᠯᠡᠭᠴᠢ ᠯᠸᠢ ᠵᠢᠶ ᠫᠧᠩ | ᠰᠤᠷᠪᠤᠯᠵᠢᠯᠠᠭ᠎ᠠ ᠶᠢᠨ ᠲᠣᠪᠴᠢ᠄ | ᠵᠢᠯ ᠪᠦᠷᠢ ᠶᠢᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠨᠢ ᠪᠥᠬᠦ ᠣᠷᠣᠨ ᠤ | ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠩᠬᠠᠷᠤᠯ ᠢ ᠥᠷᠭᠡᠨ ᠢᠶᠠᠷ ᠲᠠᠲᠠᠵᠤ᠂ ᠢᠯᠠᠩᠭᠤᠶ᠎ᠠ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠨᠢ ᠨᠠᠩ ᠴᠤ ᠣᠯᠠᠨ ᠤ ᠠᠩᠬᠠᠷᠬᠤ ᠲᠥᠪᠯᠡᠷᠡᠯ ᠴᠡᠭ ᠪᠣᠯᠵᠣ ᠪᠠᠶᠢᠨ᠎ᠠ᠃ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠢ ᠲᠠ ᠪᠦᠬᠦᠨ ᠳᠤ ᠨᠡᠩ ᠪᠦᠬᠦ ᠲᠠᠯ᠎ᠠ ᠪᠠᠷ᠂ ᠨᠡᠩ ᠭᠦᠨᠵᠡᠭᠡᠢ | ᠣᠶᠢᠯᠠᠭᠠᠭᠤᠯᠬᠤ ᠶᠢᠨ ᠲᠥᠯᠥᠭᠡ᠂ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠯᠸᠢ ᠵᠢᠢ | ᠫᠧᠩ ᠳᠡᠳ᠋ ᠡᠷᠬᠢᠯᠡᠭᠴᠢ ᠶᠢ ᠤᠷᠢᠵᠤ᠂ ᠲᠡᠭᠦᠨ ᠢᠶᠠᠷ 2021 ᠣᠨ ᠤ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠤᠯᠠᠨ ᠲᠠᠢ ᠰᠦᠯᠵᠢᠶᠡᠨ ᠳᠡᠭᠡᠷ᠎ᠡ | ᠰᠠᠨᠠᠯ ᠰᠣᠯᠢᠯᠴᠠᠭᠤᠯᠬᠤ ᠪᠣᠯᠤᠨ᠎ᠠ᠃ | | ᠰᠤᠷᠪᠤᠯᠵᠢᠯᠠᠭᠰᠠᠨ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ | ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠵᠢᠯ ᠪᠦᠷᠢ ᠶᠢᠨ ᠥᠪᠡᠷᠲᠡᠭᠡᠨ ᠵᠠᠰᠠᠬᠤ ᠣᠷᠣᠨ ᠤ | ︽ᠬᠤᠶᠠᠷ ᠬᠤᠷᠠᠯ︾ ᠨᠢ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠩᠬᠠᠷᠤᠯ ᠢ ᠥᠷᠭᠡᠨ ᠢᠶᠠᠷ | ᠲᠠᠲᠠᠵᠤ᠂ ᠢᠯᠠᠩᠭᠤᠶ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠨᠠᠩ ᠴᠤ ᠣᠯᠠᠨ ᠤ ᠠᠩᠬᠠᠷᠬᠤ | ᠲᠥᠪᠯᠡᠷᠡᠯ ᠴᠡᠭ ᠪᠣᠯᠵᠣ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠢ ᠲᠠ ᠪᠦᠬᠦᠨ ᠳᠤ | ᠨᠡᠩ ᠪᠦᠬᠦ ᠲᠠᠯ᠎ᠠ ᠪᠠᠷ᠂ ᠨᠡᠩ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠪᠢᠳᠡ ᠵᠣᠯ ᠢᠶᠠᠷ ᠥᠪᠡᠷᠲᠡᠭᠡᠨ ᠵᠠᠰᠠᠬᠤ | ᠣᠷᠣᠨ ᠤ ᠰᠤᠳᠤᠯᠬᠤ ᠲᠠᠰᠤᠭ ᠤᠨ ᠯᠸᠢ ᠵᠢᠢ ᠫᠧᠩ ᠳᠡᠳ᠋ ᠡᠷᠬᠢᠯᠡᠭᠴᠢ ᠶᠢ ᠤᠷᠢᠵᠤ᠂ ᠲᠡᠭᠦᠨ ᠢᠶᠠᠷ 2021 ᠣᠨ ᠤ | ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠠᠮᠢᠶ᠎ᠠ ᠪᠦᠬᠦᠢ ᠠᠭᠤᠯᠭ᠎ᠠ ᠶᠢᠨ | ᠲᠤᠬᠠᠢ ᠤᠯᠠᠨ ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠭᠤᠯᠬᠤ ᠪᠣᠯᠤᠨ᠎ᠠ᠃ ᠯᠧᠢ ᠡᠷᠬᠢᠯᠡᠭᠴᠢ᠂ ᠲᠠᠨ ᠢ ᠪᠠᠶᠠᠷᠯᠠᠨ | ᠤᠭᠲᠤᠵᠤ ᠪᠠᠶᠢᠨ᠎ᠠ︕ | ᠯᠸᠢ ᠵᠢᠶ ᠫᠧᠩ᠄ | ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠦᠦ︕ | ᠬᠥᠲᠥᠯᠥᠭᠴᠢ᠄ | ᠣᠯᠠᠨ ᠤ ᠮᠡᠳᠡᠭᠡᠵᠢ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠠᠶᠢᠲᠤᠷ ᠲᠤᠭᠤᠷᠪᠢᠬᠤ ᠨᠢ ᠡᠯ᠎ᠡ | ᠲᠠᠯ᠎ᠠ ᠶᠢᠨ ᠬᠠᠮᠲᠤ ᠶᠢᠨ ᠲᠠᠨᠢᠯᠲᠠ ᠪᠠ ᠬᠦᠴᠦᠨ ᠴᠢᠳᠠᠯ ᠢ ᠨᠢᠭᠲᠠᠷᠠᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠲᠠ | ᠪᠢᠳᠡᠨ ᠳᠤ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠭᠰᠠᠨ ᠶᠠᠪᠤᠴᠠ ᠵᠢᠴᠢ ᠢᠯᠡᠳᠬᠡᠯ ᠤᠨ | ᠪᠣᠷᠣ ᠲᠥᠰᠥᠪ ᠢ ᠲᠠᠨᠢᠯᠴᠠᠭᠤᠯᠤᠭᠠᠳ ᠥᠭᠭᠦᠨ᠎ᠡ ᠦᠦ︖ ᠭᠤᠣᠯ ᠠᠭᠤᠯᠭ᠎ᠠ ᠨᠢ ᠶᠠᠮᠠᠷ ᠣᠨᠴᠠᠯᠢᠭ ᠲᠠᠢ ᠪᠤᠶ︖ | ᠯᠸᠢ ᠵᠢᠶ ᠫᠧᠩ᠄ | ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠴᠠᠪᠦ᠋ ᠰᠢᠶᠤᠤ ᠯᠢᠨ ᠤ ᠬᠢᠭᠰᠡᠨ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠬᠢᠨᠠᠨ ᠵᠥᠪᠯᠡᠵᠦ ᠪᠠᠲᠤᠯᠠᠪᠠ᠃ ᠡᠨᠡ ᠬᠦ ᠢᠯᠡᠳᠬᠡᠯ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ ᠤᠨ ᠵᠠᠰᠠᠭ ᠤᠨ ᠣᠷᠳᠣᠨ ᠤ ᠠᠵᠢᠯ ᠢ | ᠪᠥᠬᠦ ᠲᠠᠯ᠎ᠠ ᠪᠠᠷ ᠡᠮᠬᠢᠯᠡᠨ ᠳᠢᠭᠯᠡᠭᠰᠡᠨ ᠢᠶᠠᠷ ᠪᠠᠷᠠᠬᠤ ᠥᠬᠡᠶ᠂ ︽13 · 5︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ | ᠰᠢᠰᠲ᠋ᠧᠮ ᠲᠠᠢ ᠳ᠋ᠦᠩᠨᠡᠭᠰᠡᠨ ᠤ ᠬᠠᠮᠲᠤ ︽14 · 5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠤᠯ | ᠬᠠᠷᠠᠯᠲᠠ ᠡᠭᠦᠷᠭᠡ ᠪᠠ 2021 ᠣᠨ ᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠡᠨᠡ ᠨᠢ ᠡᠨᠡ ᠵᠢᠯ | ᠴᠢᠨᠠᠭᠰᠢᠯᠠᠪᠠᠯ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠬᠥᠲᠥᠯᠪᠦᠷᠢ ᠶᠢᠨ | ᠴᠢᠨᠠᠷᠲᠠᠶ ᠪᠢᠴᠢᠭ ᠮᠠᠲ᠋ᠧᠷᠢᠶᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ 2021 ᠣᠨ ᠤ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠪᠦ᠋ ᠰᠢᠶᠤᠤ ᠯᠢᠨ ᠲᠡᠷᠢᠭᠦᠯᠡᠭᠴᠢ ᠶᠢᠨ ᠱᠠᠭᠠᠷᠳᠠᠯᠭ᠎ᠠ ᠶᠣᠰᠣᠭᠠᠷ᠂ ᠨᠢᠳᠤᠨᠤᠨ ᠤ 10 ᠰᠠᠷ᠎ᠠ ᠶᠢᠨ ᠳᠤᠮᠳᠠᠴᠢ ᠪᠠᠷ᠂ | ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠰᠤᠳᠤᠯᠭᠠᠨ ᠤ ᠲᠠᠰᠤᠭ ᠪᠣᠯᠤᠨ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠤᠨ ᠬᠠᠷᠢᠭᠤᠴᠠᠯᠭᠠᠲᠠᠨ ᠢᠶᠠᠷ ᠭᠡᠰᠢᠭᠦᠨ ᠪᠣᠯᠭᠠᠭᠰᠠᠨ ᠢᠯᠡᠳᠬᠡᠯ ᠲᠤᠭᠤᠷᠪᠢᠬᠤ ᠳᠤᠭᠤᠶᠢᠯᠠᠩ ᠢ ᠪᠠᠶᠢᠭᠤᠯᠵᠤ᠂ | ᠲᠤᠭᠤᠷᠪᠢᠬᠤ ᠠᠵᠢᠯ ᠤᠨ ᠨᠠᠷᠢᠨ ᠲᠥᠰᠦᠯ ᠢ ᠲᠣᠭᠲᠠᠭᠠᠭᠰᠠᠨ ᠪᠠᠶᠢᠨ᠎ᠠ᠃ ᠲᠤᠭᠤᠷᠪᠢᠨ ᠪᠢᠴᠢᠬᠦ ᠶᠠᠪᠤᠴᠠ ᠳᠤ᠂ ᠪᠦ᠋ ᠰᠢᠶᠤᠤ | ᠯᠢᠨ ᠲᠡᠷᠢᠭᠦᠯᠡᠭᠴᠢ ᠥᠪᠡᠷ ᠤᠨ ᠪᠡᠶ᠎ᠡ ᠪᠠᠷ ᠢᠶᠠᠨ ᠪᠠᠶᠢᠷᠢᠯᠠᠭᠤᠯᠵᠤ᠂ ᠢᠯᠡᠳᠬᠡᠯ ᠢ ᠲᠤᠭᠤᠷᠪᠢᠨ ᠪᠢᠴᠢᠬᠦ ᠠᠵᠢᠯ ᠳᠤ ᠮᠠᠰᠢ | ᠤᠯᠠᠨ ᠪᠣᠳᠠᠲᠠᠢ ᠱᠠᠭᠠᠷᠳᠠᠯᠭ᠎ᠠ ᠳᠤᠷᠠᠳᠴᠤ᠂ ᠬᠠᠮᠤᠭ ᠤᠨ ᠡᠴᠦᠰ ᠲᠤ ᠥᠪᠡᠷ ᠢᠶᠠᠨ ᠢᠯᠡᠳᠭᠡᠯ ᠢ ᠬᠢᠨᠠᠨ ᠲᠣᠭᠲᠠᠭᠠᠪᠠ᠃ | ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠤᠯᠠᠨ ᠤᠳᠠᠭ᠎ᠠ ᠲᠤᠭᠤᠷᠪᠢᠨ ᠪᠢᠴᠢᠬᠦ ᠳᠤᠭᠤᠶᠢᠯᠠᠩ ᠪᠣᠯᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠨᠥᠬᠦᠳ ᠢ ᠵᠣᠬᠢᠶᠠᠨ ᠪᠠᠶᠢᠭᠤᠯᠤᠨ ᠢᠯᠡᠳᠬᠡᠯ ᠢ ᠨᠠᠷᠢᠨ ᠬᠢᠨᠠᠮᠠᠭᠠᠢ | ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠳᠡᠳ᠋ ᠲᠡᠷᠢᠭᠦᠯᠡᠭᠴᠢ ᠴᠥᠮ ᠬᠤᠪᠢᠳᠠᠨ ᠬᠠᠮᠢᠶᠠᠷᠴᠤ ᠪᠠᠶᠢᠭ᠎ᠠ | ᠬᠦᠷᠢᠶᠡᠨ ᠤ ᠠᠵᠢᠯ ᠲᠠᠢ ᠪᠠᠨ ᠤᠶᠠᠯᠳᠤᠭᠤᠯᠤᠨ ᠲᠤᠰᠬᠠᠢ ᠰᠡᠳᠦᠪᠲᠦ ᠮᠠᠲ᠋ᠧᠷᠢᠶᠠᠯ ᠬᠠᠩᠭᠠᠪᠠ᠃ ᠢᠯᠡᠳᠬᠡᠯ ᠢ | ᠲᠤᠭᠤᠷᠪᠢᠬᠤ ᠨᠢ ᠳᠥᠭᠦᠮᠬᠡᠨ ᠡᠬᠡ ᠪᠢᠴᠢᠭ ᠢ ᠲᠤᠭᠤᠷᠪᠢᠬᠤ ᠪᠠ ᠲᠠᠬᠢᠨ ᠳᠠᠪᠲᠠᠨ ᠲᠤᠩᠭᠠᠨ ᠪᠣᠳᠣᠯᠬᠢᠯᠠᠬᠤ ᠶᠠᠪᠤᠴᠠ | ᠲᠡᠳᠦᠢ ᠪᠢᠰᠢ᠂ ᠬᠠᠷᠢᠨ ᠠᠷᠠᠳ ᠤᠨ ᠰᠡᠳᠬᠢᠯ ᠳᠤ ᠣᠶᠢᠷᠠᠲᠤᠭᠰᠠᠨ᠂ ᠠᠷᠠᠳ ᠤᠨ ᠰᠠᠨᠠᠭ᠎ᠠ ᠶᠢ ᠨᠢᠭᠲᠠᠷᠠᠭᠤᠯᠤᠭᠰᠠᠨ᠂ ᠡᠯ᠎ᠡ | ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠡᠳᠬᠡᠭᠰᠡᠨ᠂ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ | ᠲᠦᠮᠡᠨ ᠤ ᠬᠠᠮᠲᠤ ᠶᠢᠨ ᠬᠦᠰᠡᠯ ᠰᠠᠨᠠᠭ᠎ᠠ ᠶᠢ ᠢᠯᠡᠷᠡᠭᠦᠯᠦᠭᠰᠡᠨ ᠴᠢᠬᠤᠯᠠ ᠠᠵᠢᠯ ᠪᠣᠯᠤᠨ᠎ᠠ᠂ ᠲᠡᠷᠡ ᠨᠢ ᠦᠨᠡᠨ ᠳᠤ ᠪᠠᠨ | ᠵᠠᠰᠠᠭ ᠤᠨ ᠣᠷᠳᠣᠨ ᠤ ᠠᠵᠢᠯ ᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ | ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢᠨ ᠲᠥᠪᠯᠡᠷᠡᠩᠭᠦᠢ ᠢᠯᠡᠷᠡᠯ ᠪᠣᠯᠤᠨ᠎ᠠ᠃ ᠢᠯᠡᠳᠬᠡᠯ ᠢ | ᠲᠤᠭᠤᠷᠪᠢᠨ ᠪᠢᠴᠢᠬᠦ ᠶᠠᠪᠤᠴᠠ ᠳᠤ᠂ ᠪᠢᠳᠡ ᠤᠷᠢᠳ ᠬᠤᠵᠢᠳ 9 ᠠᠶᠢᠮᠠᠭ ᠬᠤᠳᠠ᠂ 20 ᠰᠠᠯᠠᠭ᠎ᠠ ᠮᠥᠴᠢᠷ ᠲᠤ ᠬᠦᠷᠴᠦ | ᠪᠠᠶᠢᠴᠠᠭᠠᠨ ᠰᠤᠳᠤᠯᠤᠯᠲᠠ ᠬᠢᠵᠦ᠂ ᠠᠳᠠᠯᠢ ᠪᠤᠰᠤ ᠲᠡᠰ ᠳᠠᠪᠬᠤᠷᠭ᠎ᠠ ᠶᠢᠨ ᠶᠠᠷᠢᠯᠴᠠᠬᠤ ᠬᠤᠷᠠᠯ ᠢ 40 ᠰᠢᠬᠠᠮ ᠤᠳᠠᠭ᠎ᠠ | ᠬᠤᠷᠠᠯᠳᠤᠭᠤᠯᠵᠤ᠂ ᠡᠯ᠎ᠡ ᠭᠠᠵᠠᠷ ᠣᠷᠣᠨ᠂ ᠡᠯ᠎ᠡ ᠹᠷᠣᠨᠲ ᠤᠨ ᠨᠥᠬᠦᠳ ᠲᠠᠢ ᠰᠠᠨᠠᠯ ᠢᠶᠠᠨ ᠭᠦᠢᠴᠡᠳ ᠰᠣᠯᠢᠯᠴᠠᠵᠤ᠂ | ᠵᠠᠰᠠᠭ ᠤᠨ ᠣᠷᠳᠣᠨ ᠤ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠴᠤ᠂ ᠬᠠᠮᠤᠭ ᠤᠨ ᠠᠩᠬᠠᠨ ᠤ ᠪᠠᠶᠢᠳᠠᠯ ᠢ | ᠭᠦᠢᠴᠡᠳ ᠡᠵᠡᠮᠰᠢᠵᠦ᠂ ᠦᠨᠳᠦᠰᠦᠨ ᠱᠠᠳᠤ ᠪᠠ ᠤᠯᠠᠨ ᠲᠦᠮᠡᠨ ᠤ ᠬᠦᠰᠡᠯ ᠰᠠᠨᠠᠭ᠎ᠠ ᠶᠢ ᠢᠯᠡᠳᠬᠡᠯ ᠳᠤ ᠦᠨᠡᠨ ᠪᠣᠳᠠᠲᠠᠢ | ᠢᠯᠡᠷᠡᠭᠦᠯᠬᠦ ᠪᠠᠷ ᠴᠢᠷᠮᠠᠶᠢᠪᠠ᠃ ᠢᠯᠡᠳᠬᠡᠯ ᠤᠨ ᠡᠭᠡ ᠨᠤᠤᠷᠠᠭ ᠪᠦᠷᠢᠯᠳᠦᠭᠰᠡᠨ ᠤ ᠲᠠᠷᠠᠭ᠎ᠠ᠂ ᠪᠢᠳᠡ ᠤᠷᠢᠳ ᠬᠤᠵᠢᠳ | ᠡᠯ᠎ᠡ ᠠᠶᠢᠮᠠᠭ ᠬᠤᠳᠠ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠵᠠᠰᠠᠭ ᠤᠨ ᠣᠷᠳᠣᠨ ᠤ | ᠤᠳᠤᠷᠢᠳᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ | ᠪᠤᠰᠤ ᠬᠥᠮᠦᠰ ᠵᠢᠴᠢ ᠵᠠᠰᠠᠭ ᠤᠨ ᠣᠷᠳᠣᠨ ᠤ ᠵᠥᠪᠯᠡᠭᠴᠢ᠂ ᠰᠣᠶᠣᠯ ᠲᠡᠦᠬᠡ ᠶᠢᠨ ᠣᠷᠳᠣᠨ ᠤ ᠠᠵᠢᠯᠳᠠᠨ ᠤ ᠰᠠᠨᠠᠯ ᠢ | ᠬᠤᠷᠢᠶᠠᠵᠤ᠂ ᠨᠡᠶᠢᠳᠡ 449 ᠵᠤᠷᠪᠤᠰ ᠰᠠᠨᠠᠯ ᠰᠠᠨᠠᠭᠤᠯᠭ᠎ᠠ ᠶᠢ ᠲᠣᠰᠴᠤ᠂ ᠲᠤᠭᠤᠷᠪᠢᠨ ᠪᠢᠴᠢᠬᠦ ᠳᠤᠭᠤᠶᠢᠯᠠᠩ ᠤᠨ ᠬᠢᠨ | ᠭᠦᠢᠴᠡᠳ ᠰᠢᠩᠭᠡᠭᠡᠨ ᠠᠪᠤᠪᠠ᠃ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ | ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠭᠰᠠᠨ ᠤ ᠳᠠᠷᠠᠭ᠎ᠠ᠂ ᠪᠢᠳᠡ ᠪᠠᠰᠠ ᠬᠤᠷᠠᠯ ᠤᠨ ᠵᠣᠷᠢᠭ ᠰᠠᠨᠠᠭ᠎ᠠ ᠶᠢ | ᠦᠨᠳᠦᠰᠦᠯᠡᠨ ᠢᠯᠡᠳᠬᠡᠯ ᠳᠤ ᠵᠠᠰᠠᠪᠤᠷᠢ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠷᠢᠳ ᠬᠤᠵᠢᠳ ᠬᠤᠷᠠᠯ ᠬᠤᠷᠠᠯᠳᠤᠭᠤᠯᠵᠤ᠂ ᠢᠯᠡᠳᠬᠡᠯ ᠢ | ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠬᠤᠭᠤᠴᠠᠭᠠᠨ ᠳᠤ᠂ ᠪᠢᠳᠡ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠢᠨᠠᠨ ᠵᠥᠪᠯᠡᠭᠰᠡᠨ ᠰᠠᠨᠠᠯ ᠪᠠ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠤᠨ ᠶᠠᠷᠢᠯᠴᠠᠭᠰᠠᠨ ᠰᠠᠨᠠᠯ ᠢ ᠥᠷᠭᠡᠨ ᠢᠶᠠᠷ ᠰᠣᠨᠣᠰᠴᠤ᠂ ᠢᠯᠡᠳᠬᠡᠯ ᠳᠤ ᠬᠠᠮᠤᠭ ᠤᠨ | ᠡᠴᠦᠰ ᠤᠨ ᠵᠠᠰᠠᠪᠤᠷᠢ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠢᠶᠠᠷ ᠰᠤᠳᠤᠯᠤᠯᠲᠠ ᠬᠢᠯᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ | ᠪᠠᠲᠤᠯᠠᠭᠤᠯᠤᠭᠰᠠᠨ ᠤ ᠳᠠᠷᠠᠭ᠎ᠠ᠂ ᠣᠲᠣ ᠶᠢᠨ ᠢᠯᠡᠳᠬᠡᠯ ᠤᠨ ᠨᠣᠤᠷᠠᠭ ᠢ ᠪᠦᠷᠢᠯᠳᠦᠭᠦᠯᠦᠭᠰᠡᠨ ᠪᠥᠭᠡᠳ ᠵᠠᠭᠤᠴᠢᠯᠠᠭᠤᠷ ᠢᠶᠠᠷ | ᠳᠠᠮᠵᠢᠭᠤᠯᠤᠨ ᠨᠡᠶᠢᠭᠡᠮ ᠳᠤ ᠨᠡᠶᠢᠲᠡᠯᠡᠪᠡ᠃ ᠭᠤᠣᠯ ᠠᠭᠤᠯᠭ᠎ᠠ ᠠᠴᠠ ᠨᠢ ᠠᠪᠴᠤ ᠦᠵᠡᠪᠡᠯ᠂ ᠡᠨᠡ ᠵᠢᠯ ᠤᠨ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠢ ᠭᠤᠣᠯᠳᠠᠭᠤ ᠲᠦᠷᠪᠡᠨ ᠬᠡᠰᠡᠭ ᠲᠤ ᠬᠤᠪᠢᠶᠠᠨ᠎ᠠ᠃ ᠨᠢᠭᠡᠳᠦᠭᠡᠷ ᠬᠡᠰᠡᠭ᠄ 2020 | ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠡᠰᠡᠷᠭᠦᠴᠡᠬᠦ᠂ ᠨᠡᠮᠡᠭᠳᠡᠯ ᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ᠂ ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ᠂ ᠥᠭᠡᠷᠡᠴᠢᠯᠡᠯᠲᠡ ᠨᠡᠭᠡᠭᠡᠯᠳᠡ ᠬᠢᠬᠦ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠨᠠᠢᠮᠠᠨ ᠲᠠᠯ᠎ᠠ ᠠᠴᠠ ᠥᠩᠭᠡᠷᠡᠭᠰᠡᠨ ᠨᠢᠭᠡ ᠵᠢᠯ ᠤᠨ ᠠᠵᠢᠯ ᠢ ᠡᠮᠬᠢᠯᠡᠪᠡ᠃ | ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠭᠰᠡᠨ᠂ ᠶᠠᠳᠠᠭᠤ ᠠᠴᠠ | ᠠᠩᠭᠢᠵᠢᠷᠠᠭᠤᠯᠵᠤ ᠪᠣᠭᠤᠮᠲᠠ ᠰᠢᠪᠲᠤᠯᠤᠯᠲᠠ ᠳᠤ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ ᠣᠯᠣᠭᠰᠠᠨ᠂ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ | ᠪᠣᠯᠣᠭᠰᠠᠨ᠂ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠭᠰᠠᠨ᠂ | ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠭᠰᠡᠨ ᠵᠡᠷᠭᠡ ᠲᠠᠪᠤᠨ ᠲᠠᠯ᠎ᠠ ᠠᠴᠠ | ᠥᠩᠭᠡᠷᠡᠭᠰᠡᠨ ᠲᠠᠪᠤᠨ ᠵᠢᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ | ᠲᠣᠪᠤᠶᠢᠮ᠎ᠠ ᠠᠮᠵᠢᠯᠲᠠ ᠪᠦᠲᠦᠮᠵᠢ ᠶᠢ ᠰᠢᠰᠲ᠋ᠧᠮ ᠲᠠᠢ ᠳ᠋ᠦᠩᠨᠡᠭᠰᠡᠨ ᠪᠠᠶᠢᠨ᠎ᠠ᠃ ᠡᠭᠦᠨ ᠤ ᠵᠡᠷᠭᠡᠴᠡᠭᠡ ᠪᠠᠷ ᠠᠵᠤ ᠠᠬᠤᠶ | ᠨᠡᠶᠢᠭᠡᠮ ᠤᠨ ᠬᠥᠭᠵᠢᠯᠲᠡ ᠵᠢᠴᠢ ᠵᠠᠰᠠᠭ ᠤᠨ ᠣᠷᠳᠣᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ | ᠬᠦᠷᠦᠯᠴᠡᠬᠦ ᠦᠭᠡᠢ ᠲᠠᠯ᠎ᠠ ᠶᠢ ᠵᠠᠳᠠᠯᠤᠨ ᠵᠢᠭᠠᠵᠤ ᠭᠠᠷᠭᠠᠵᠠᠶ᠃ ᠬᠤᠶᠠᠳᠤᠭᠠᠷ ᠬᠡᠰᠡᠭ᠄ ︽14·5︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ᠃ | ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠬᠤᠶᠢᠰᠢᠳᠠ ᠶᠢᠨ ᠲᠠᠪᠤᠨ ᠵᠢᠯ ᠤᠨ | ᠭᠤᠣᠯ ᠬᠠᠷᠠᠯᠲᠠ ᠡᠭᠦᠷᠭᠡ ᠶᠢ ᠳᠤᠷᠠᠳᠤᠨ ᠭᠠᠷᠭᠠᠪᠠ᠃ ᠭᠤᠷᠪᠠᠳᠤᠭᠠᠷ ᠬᠡᠰᠡᠭ᠄ 2021 ᠣᠨ ᠤ ᠠᠵᠢᠯ ᠤᠨ | ᠲᠣᠬᠢᠷᠠᠭᠤᠯᠤᠯᠲᠠ᠃ ᠨᠢᠭᠡ ᠳᠤ᠂ 2021 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠳᠤᠷᠠᠳᠤᠨ ᠭᠠᠷᠭᠠᠪᠠ᠃ ᠬᠤᠶᠠᠷ ᠲᠤ᠂ ᠶᠢᠰᠦᠨ | ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠡᠭᠦᠨ ᠳᠤ ᠭᠤᠣᠯᠳᠠᠭᠤ᠄ ᠠᠵᠤ ᠠᠬᠤᠶ ᠶᠢᠨ ᠲᠣᠭᠲᠠᠭᠤᠨ | ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ | ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠥᠷᠲᠡᠭ ᠤᠨ ᠬᠡᠯᠬᠢᠶ᠎ᠡ ᠶᠢᠨ | ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠠᠬᠢᠭᠤᠯᠤᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ | ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠨᠠᠩ ᠶᠡᠭᠡ ᠡᠷᠴᠢᠮ ᠲᠠᠢ ᠪᠠᠷ | ᠠᠬᠢᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠪᠣᠯᠪᠠᠰᠤᠨ | ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠂ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ | ᠪᠠ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠳᠥᠷᠪᠡᠳᠦᠭᠡᠷ ᠬᠡᠰᠡᠭ᠄ ᠵᠠᠰᠠᠭ ᠤᠨ ᠣᠷᠳᠣᠨ ᠤ ᠲᠣᠰ ᠪᠡᠶ᠎ᠡ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠦᠷᠭᠦᠯᠵᠢᠯᠡᠨ | ᠡᠨᠡ ᠲᠠᠯ᠎ᠠ ᠶᠢᠨ ᠠᠭᠤᠯᠭ᠎ᠠ ᠶᠢ ᠠᠰ ᠲᠤ ᠨᠢ ᠨᠢᠭᠡ ᠬᠡᠰᠡᠭ ᠪᠣᠯᠭᠠᠨ ᠲᠣᠭᠠᠴᠢᠨ ᠥᠭᠦᠯᠡᠵᠦ᠂ ᠤᠯᠤᠰ ᠲᠦᠷᠦ ᠶᠢᠨ | ᠪᠠᠶᠢᠭᠤᠯᠤᠯᠲᠠ ᠶᠢ ᠴᠢᠩᠭᠠᠳᠬᠠᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ᠂ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠶᠢ ᠪᠠᠷᠢᠮᠲᠠᠯᠠᠬᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠥᠬᠦᠷᠡᠰᠢ ᠦᠭᠡᠢ ᠡᠰᠡᠷᠭᠦᠴᠡᠨ ᠲᠡᠪᠴᠢᠬᠦ | ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠭᠠᠮᠨᠠᠵᠤ ᠠᠮᠢᠳᠤᠷᠠᠬᠤ ᠶᠢ ᠪᠠᠷᠢᠮᠲᠠᠯᠠᠬᠤ ᠵᠡᠷᠭᠡ | ᠲᠠᠯ᠎ᠠ ᠠᠴᠠ ᠰᠢᠨ᠎ᠡ ᠨᠢᠭᠡ ᠵᠢᠯ ᠳᠤ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ | ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ | ᠴᠢᠷᠮᠠᠶᠢᠨ ᠪᠠᠶᠢᠭᠤᠯᠬᠤ ᠵᠡᠷᠭᠡ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠬᠥᠲᠥᠯᠥᠭᠴᠢ᠄ | ᠥᠩᠭᠡᠷᠡᠭᠰᠡᠨ ᠨᠢᠭᠡ ᠵᠢᠯ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠳᠤ ᠶᠠᠮᠠᠷ ᠶᠠᠮᠠᠷ | ᠭᠤᠤᠯ ᠠᠮᠵᠢᠯᠲᠠ ᠣᠯᠤᠭᠰᠠᠨ ᠢ ᠰᠦᠯᠵᠢᠶᠡᠨ ᠤ ᠠᠨᠳᠠ ᠨᠠᠷ ᠲᠠᠢ ᠬᠤᠪᠢᠶᠠᠯᠴᠠᠨ᠎ᠠ ᠦᠦ︖ ᠡᠭᠦᠨ ᠤ ᠬᠠᠮᠲᠤ 2020 | ᠣᠨ ᠪᠣᠯ ︽13 · 5︾ ᠤᠨ ᠲᠥᠯᠥᠪᠵᠢᠭᠦᠯᠭᠡ ᠶᠢᠨ ᠰᠢᠪᠲᠤᠷᠠᠭᠠᠨ ᠤ ᠵᠢᠯ ᠪᠣᠯᠤᠨ᠎ᠠ᠂ ᠮᠠᠨ ᠤ ᠣᠷᠣᠨ ᠤ ᠥᠩᠭᠡᠷᠡᠭᠰᠡᠨ | ᠲᠠᠪᠤᠨ ᠵᠢᠯ ᠤᠨ ᠬᠥᠭᠵᠢᠯᠲᠡ ᠶᠢᠨ ᠳᠤᠮᠳᠠᠬᠢ ᠬᠢᠯᠠᠰ ᠴᠡᠭ ᠢ ᠲᠠᠨᠢᠯᠴᠠᠭᠤᠯᠤᠨ᠎ᠠ ᠦᠦ︖ | ᠯᠸᠢ ᠵᠢᠶ ᠫᠧᠩ᠄ | 2020 ᠣᠨ ᠳᠤ᠂ ᠲᠦᠢᠯ ᠤᠨ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠤᠯᠤᠰ ᠤᠨ ᠳᠣᠲᠣᠭᠠᠳᠤ | ᠭᠠᠳᠠᠭᠠᠳᠤ ᠶᠢᠨ ᠪᠠᠶᠢᠳᠠᠯ ᠤᠨ ᠡᠮᠦᠨ᠎ᠡ᠂ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ | ᠲᠥᠯᠥᠪᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠨᠠᠶᠢᠳᠠᠪᠤᠷᠢᠵᠢᠭᠤᠯᠤᠨ᠂ ᠪᠥᠬᠦ ᠣᠷᠣᠨ ᠤ ᠠᠵᠤ ᠠᠬᠤᠶ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ | ᠪᠠᠶᠢᠳᠠᠯ ᠳᠤ ᠣᠷᠣᠵᠤ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠪᠥᠭᠡᠳ ᠠᠮᠤᠷ ᠲᠣᠭᠲᠠᠭᠤᠨ ᠪᠠᠶᠢᠯᠭᠠᠵᠤ᠂ | ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃ 2020 ᠣᠨ ᠤ ᠠᠮᠵᠢᠯᠲᠠ | ᠪᠦᠲᠦᠮᠵᠢ ᠨᠢ ᠭᠤᠤᠯᠳᠠᠭᠤ ᠨᠠᠢᠮᠠᠨ ᠲᠠᠯ᠎ᠠ ᠪᠠᠷ ᠢᠯᠡᠷᠡᠵᠦ ᠪᠣᠶ᠄ ᠨᠢᠭᠡ ᠳᠤ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠲᠠᠯ᠎ᠠ ᠪᠠᠷ ᠴᠢᠬᠤᠯᠠ ᠶᠡᠭᠡ ᠦᠷ᠎ᠡ ᠪᠦᠲᠦᠭᠡᠯ ᠤᠯᠪᠠ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠠᠴᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ | ᠪᠠᠷᠢᠮᠲᠠᠯᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠭᠡᠨᠡᠳᠲᠡ ᠶᠢᠨ ᠬᠡᠷᠡᠭ ᠤᠨ ᠨᠢᠭᠡᠳᠦᠭᠡᠷ | ᠳᠡᠰ ᠤᠨ ᠤᠷᠢᠶᠠᠯᠠᠭ᠎ᠠ ᠶᠢ ᠴᠠᠭ ᠲᠤᠬᠠᠢ ᠳᠤ ᠨᠢ ᠡᠬᠢᠯᠡᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠦᠳᠲᠡᠷ ᠲᠦᠷᠭᠡᠨ | ᠪᠠᠶᠢᠭᠤᠯᠵᠤ᠂ 55 ᠡᠳᠦᠷ ᠤᠨ ᠴᠠᠭ ᠵᠠᠷᠤᠴᠠᠭᠤᠯᠵᠤ ᠪᠠᠶᠢᠭᠠᠳ ᠲᠤᠬᠠᠢ ᠶᠢᠨ ᠭᠠᠵᠠᠷ ᠤᠨ ᠣᠨᠣᠰᠢᠯᠠᠭᠰᠠᠨ ᠡᠪᠡᠳᠴᠢᠨ ᠤ | ᠵᠢᠱᠢᠶ᠎ᠡ ᠶᠢ ᠠᠩᠬ᠎ᠠ ᠤᠳᠠᠭ᠎ᠠ ᠲᠡᠭ ᠪᠣᠯᠭᠠᠬᠤ ᠶᠢ ᠪᠡᠶᠡᠯᠡᠭᠦᠯᠵᠦ᠂ ᠪᠦᠬᠦ ᠤᠯᠤᠰ ᠤᠨ ᠬᠡᠪᠴᠢᠶ᠎ᠡ ᠠᠴᠠ ᠠᠪᠴᠤ ᠦᠵᠡᠪᠡᠯ | ᠬᠡᠷᠡᠭᠯᠡᠭᠰᠡᠨ ᠴᠠᠭ ᠨᠢ ᠨᠡᠯᠢᠶᠡᠳ ᠣᠬᠤᠷ ᠶᠤᠮ᠃ ᠡᠭᠦᠨ ᠤ ᠬᠠᠮᠲᠤ᠂ ᠨᠡᠶᠢᠰᠯᠡᠯ ᠤᠨ ᠨᠢᠰᠬᠡᠯ ᠤᠨ ᠪᠠᠭᠤᠳᠠᠯ ᠠᠴᠠ | ᠬᠤᠪᠢᠶᠠᠷᠢᠯᠠᠨ ᠶᠠᠪᠤᠭᠤᠯᠤᠭᠰᠠᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠠᠷᠭᠠᠴᠠᠭᠠᠨ ᠰᠢᠢᠳᠪᠦᠷᠢᠯᠡᠬᠦ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠭᠤᠷᠠᠶ ᠵᠠᠮ ᠤᠨ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠬᠢᠯᠢ ᠶᠢᠨ ᠭᠠᠳᠠᠨ᠎ᠠ ᠠᠴᠠ ᠥᠷᠥᠵᠤ ᠢᠷᠡᠭᠰᠡᠨ ᠡᠪᠡᠳᠴᠢᠨ ᠤ | ᠵᠢᠱᠢᠶ᠎ᠡ ᠶᠢᠨ ︽ᠡᠪᠡᠳᠴᠢᠨ ᠢᠶᠠᠷ ᠨᠠᠰᠤ ᠪᠠᠷᠠᠭᠰᠠᠨ ᠬᠥᠮᠦᠨ ᠥᠬᠡᠶ︾ | ︽ᠲᠠᠷᠬᠠᠭᠠᠭᠰᠠᠨ ᠬᠥᠮᠦᠨ ᠥᠬᠡᠶ︾ ︽ᠭᠠᠳᠠᠭᠰᠢ ᠭᠠᠷᠭᠠᠭᠰᠠᠨ ᠬᠥᠮᠦᠨ ᠥᠬᠡᠶ︾ ᠪᠠᠶᠢᠬᠤ ᠶᠢ ᠪᠡᠶᠡᠯᠡᠭᠦᠯᠵᠠᠢ᠃ ᠨᠠᠮᠤᠷ | ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠮᠪᠠᠶ ᠲᠣᠬᠢᠷᠠᠭᠤᠯᠤᠨ | ᠪᠠᠶᠢᠷᠢᠯᠠᠭᠤᠯᠵᠤ᠂ 11 ᠳ᠋ᠦ᠋ᠭᠡᠷ ᠰᠠᠷ᠎ᠠ ᠳᠤ ᠮᠠᠨᠵᠤᠤᠷ ᠬᠤᠲᠠ ᠳᠠᠬᠢ ᠭᠠᠳᠠᠨ᠎ᠠ ᠠᠴᠠ ᠣᠷᠣᠵᠤ ᠢᠷᠡᠭᠰᠡᠨ ᠬᠢᠵᠢᠭ ᠤᠨ | ᠪᠠᠶᠢᠳᠠᠯ ᠢ ᠣᠨᠣᠪᠴᠢᠲᠠᠶ ᠪᠥᠭᠡᠳ ᠪᠦᠲᠦᠮᠵᠢᠲᠡᠶ ᠪᠠᠷ ᠰᠢᠢᠳᠪᠦᠷᠢᠯᠡᠪᠡ᠃ ᠣᠳᠣᠬᠠᠨ ᠳᠤ᠂ ᠡᠷᠬᠢᠨ ᠲᠣᠭᠤᠷᠢᠨ ᠤ ᠬᠡᠰᠡᠭ | ᠮᠤᠵᠢ ᠣᠷᠣᠨ ᠤ ᠬᠢᠵᠢᠭ ᠤᠨ ᠪᠠᠶᠢᠳᠠᠯ ᠲᠠᠰᠤᠷᠠᠯᠲᠠ ᠥᠬᠡᠶ ᠨᠡᠮᠡᠭᠳᠡᠵᠦ ᠪᠠᠶᠢᠭ᠎ᠠ ᠪᠠᠶᠢᠳᠠᠯ ᠳᠣᠤᠷ᠎ᠠ᠂ ᠮᠠᠨ ᠤ ᠣᠷᠣᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ ᠪᠠᠶᠢᠨ᠎ᠠ᠂ ᠡᠨᠡ ᠪᠣᠯ ᠮᠠᠰᠢ | ᠬᠢᠯᠪᠠᠷ ᠪᠤᠰᠤ ᠶᠠᠪᠤᠳᠠᠯ ᠶᠤᠮ᠃ ᠬᠤᠶᠠᠷ ᠲᠤ᠂ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ | ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ᠃ ᠬᠢᠵᠢᠭ ᠤᠨ ᠪᠠᠶᠢᠳᠠᠯ ᠢ ᠡᠵᠡᠮᠳᠡᠭᠰᠡᠨ ᠤ ᠳᠠᠷᠠᠭ᠎ᠠ᠂ ᠮᠠᠨ ᠤ ᠣᠷᠣᠨ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠬᠦᠴᠦᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠪᠠᠷ | ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠨ᠂ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠢ | ᠲᠣᠭᠲᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠤᠨ ᠡᠯ᠎ᠡ ᠵᠦᠢᠯ ᠤᠨ ᠠᠵᠤ | ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠤ ᠬᠠᠮᠲᠤ᠂ | ᠠᠯᠢ ᠣᠯᠠᠨ ᠢᠵᠢ ᠪᠦᠷᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠵᠤ ᠠᠬᠤᠶᠢᠯᠠᠯ ᠤᠨ ᠬᠦᠴᠢᠷᠳᠡᠯ ᠢ | ᠪᠦᠲᠦᠮᠵᠢᠲᠡᠶ ᠨᠠᠮᠳᠠᠭᠤᠯᠤᠭᠰᠠᠨ ᠠᠴᠠ᠂ ᠪᠥᠬᠦ ᠵᠢᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠤᠭ᠎ᠠ ᠬᠡᠮᠵᠢᠶ᠎ᠡ 7. | 2% ᠢᠶᠠᠷ ᠨᠡᠮᠡᠭᠳᠡᠪᠡ᠃ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ | ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ | ᠵᠣᠯᠭᠠᠭᠤᠯᠬᠤ ᠶᠢ ᠠᠬᠢᠭᠤᠯᠤᠨ᠂ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠵᠦ᠂ ᠪᠦᠬᠦ ᠵᠢᠯ ᠤᠨ ᠬᠤᠳᠠ ᠪᠠᠯᠭᠠᠰᠤᠨ ᠤ | ᠠᠵᠢᠯ ᠣᠯᠭᠤᠯᠲᠠ ᠳᠤ 23.2 ᠲᠦᠮᠡᠨ ᠬᠥᠮᠦᠨ ᠰᠢᠨ᠎ᠡ ᠪᠠᠷ ᠨᠡᠮᠡᠭᠳᠡᠭᠦᠯᠵᠦ᠂ ᠵᠢᠯ ᠤᠨ ᠡᠬᠢᠨ ᠳᠤ ᠲᠣᠭᠲᠠᠭᠠᠭᠰᠠᠨ | ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠡᠯ᠎ᠡ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ᠂ ᠪᠥᠬᠦ ᠣᠷᠣᠨ ᠤ | ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠤᠯᠠᠷᠢᠯ ᠳᠠᠷᠠᠭᠠᠯᠠᠨ ᠳᠡᠭᠡᠭᠰᠢᠯᠡᠵᠦ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠵᠤ᠂ ᠠᠵᠤ ᠠᠬᠤᠶ ᠶᠢᠨ | ᠰᠡᠷᠭᠦᠯᠲᠡ ᠶᠢᠨ ᠪᠠᠶᠢᠳᠠᠯ ᠦᠷᠭᠦᠯᠵᠢᠯᠡᠨ ᠪᠠᠬᠢᠵᠢᠪᠡ᠃ ᠭᠤᠷᠪᠠ ᠳᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ | ᠲᠡᠰ ᠳᠡᠪᠰᠢᠭᠦᠯᠬᠦ ᠠᠵᠢᠯ ᠰᠢᠨ᠎ᠡ ᠠᠯᠬᠤᠮ ᠢ ᠠᠯᠬᠤᠪᠠ᠃ ᠥᠩᠭᠡᠷᠡᠭᠰᠡᠨ ᠨᠢᠭᠡ ᠵᠢᠯ ᠳᠤ᠂ ᠪᠢᠳᠡ ᠨᠡᠮᠡᠭᠳᠡᠯ ᠢ | ᠲᠣᠭᠲᠠᠪᠤᠷᠢᠵᠢᠭᠤᠯᠬᠤ ᠶᠢᠨ ᠬᠠᠮᠲᠤ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠴᠢᠷᠮᠠᠶᠢᠨ ᠠᠬᠢᠭᠤᠯᠵᠤ᠂ ᠠᠵᠤ | ᠠᠬᠤᠢ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠰᠢᠨ᠎ᠡ ᠬᠥᠳᠡᠯᠭᠡᠬᠦ ᠬᠦᠴᠦᠨ ᠲᠦᠷᠭᠡᠨ ᠢᠶᠠᠷ ᠪᠤᠶᠢᠵᠢᠪᠠ᠃ | ᠪᠥᠬᠦ ᠣᠷᠣᠨ ᠤ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠥᠷᠲᠡᠭ ᠤᠨ ᠲᠣᠭᠲᠠᠭᠠᠯ ᠠᠴᠠ ᠳᠡᠭᠡᠭᠰᠢᠬᠢ ᠠᠵᠤ | ᠦᠢᠯᠡᠳᠪᠦᠷᠢ ᠳᠠᠬᠢ ᠡᠵᠡᠯᠡᠬᠦ ᠬᠤᠪᠢ ᠶᠢᠨ ᠵᠢᠩ ᠢ 63.6% ᠳᠤ ᠬᠦᠷᠦᠭᠦᠯᠵᠦ᠂ ᠬᠤᠪᠣᠷ ᠰᠢᠷᠣᠶ ᠶᠢᠨ ᠲᠦᠭᠦᠬᠡᠶ | ᠮᠠᠲ᠋ᠧᠷᠢᠶᠠᠯ ᠢ ᠲᠤᠬᠠᠶ ᠶᠢᠨ ᠭᠠᠵᠠᠷ ᠲᠤ ᠨᠢ ᠪᠣᠯᠪᠠᠰᠤᠷᠠᠭᠤᠯᠬᠤ ᠨᠣᠷᠮ᠎ᠠ 70% ᠳᠤ ᠬᠦᠷᠪᠡ᠃ ᠡᠭᠦᠰᠦᠮᠡᠯ ᠡᠨᠧᠷᠭᠢ ᠶᠢᠨ | ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠨᠢ ᠪᠥᠬᠦ ᠣᠷᠣᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 36% ᠶᠢ | ᠡᠵᠡᠯᠡᠵᠦ᠂ ᠰᠢᠨ᠎ᠡ ᠡᠨᠧᠷᠭᠢ ᠶᠢᠨ ᠬᠡᠷᠡᠭᠯᠡᠭᠡᠨ ᠤ ᠬᠠᠷᠢᠴᠠᠯ ᠨᠢ 17% ᠳᠤ ᠬᠥᠷᠪᠡ᠃ ᠳ᠋ᠠᠶᠢᠲ᠋ᠠ ᠶᠢᠨ ᠲᠥᠪ ᠤᠨ ᠮᠠᠰᠢᠨ | ᠴᠣᠭᠴᠠᠯᠠᠪᠤᠷᠢ ᠶᠢᠨ ᠴᠢᠳᠠᠪᠤᠷᠢ 120 ᠲᠦᠮᠡᠨ ᠮᠠᠰᠢᠨ ᠢ ᠳᠠᠪᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 1 | ᠮᠢᠩᠭ᠎ᠠ ᠶᠢ ᠳᠠᠪᠠᠪᠠ᠃ ᠳᠥᠷᠪᠡ ᠳᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠳᠤ ᠰᠢᠢᠳᠪᠦᠷᠢᠯᠡᠬᠦ ᠴᠢᠨᠠᠷᠲᠠᠶ | ᠦᠷ᠎ᠡ ᠪᠦᠲᠦᠮᠵᠢ ᠤᠯᠪᠠ᠃ ᠣᠨᠣᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ᠂ ᠡᠯ᠎ᠡ ᠵᠦᠢᠯ ᠤᠨ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠦᠬᠦ ᠵᠢᠯ ᠳᠤ 112.3 ᠳ᠋ᠦᠩᠰᠢᠭᠤᠷ ᠲᠥᠭᠦᠷᠢᠭ ᠤᠨ ᠶᠠᠳᠠᠭᠤ ᠶᠢ | ᠲᠡᠳᠬᠦᠬᠦ ᠪᠡᠯᠡ ᠮᠥᠩᠭᠦ ᠶᠢ ᠣᠷᠣᠭᠤᠯᠵᠤ᠂ 6751 ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ | ᠦᠯᠡᠳᠡᠭᠰᠡᠨ 1.6 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ | ᠬᠦᠨᠳᠦ ᠶᠡᠭᠡ ᠲᠦᠭᠰᠢᠭᠦᠷᠢ ᠶᠢ ᠨᠠᠮᠳᠠᠭᠠᠨ ᠰᠢᠢᠳᠪᠦᠷᠢᠯᠡᠬᠦ ᠲᠠᠯ᠎ᠠ ᠪᠠᠷ᠂ ᠵᠠᠰᠠᠭ ᠤᠨ ᠣᠷᠳᠣᠨ ᠤ ᠳᠠᠯᠳᠠ ᠥᠷᠢ | ᠥᠭᠴᠡᠭᠡ ᠶᠢ ᠨᠠᠮᠳᠠᠭᠠᠬᠤ ᠣᠨ ᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠳᠤᠮᠳᠠ ᠵᠢᠵᠢᠭ ᠪᠠᠩᠬᠢ ᠶᠢᠨ ᠬᠥᠷᠥᠩᠭᠡ ᠶᠢᠨ | ᠨᠥᠬᠦᠪᠥᠷᠢ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 85 ᠳ᠋ᠦᠩᠰᠢᠭᠤᠷ ᠲᠥᠭᠦᠷᠢᠭ ᠲᠠᠷᠬᠠᠭᠠᠵᠤ᠂ ᠪᠥᠬᠦ | ᠣᠷᠣᠨ ᠤ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ ᠪᠠ ᠡᠷᠡᠭᠦᠯ ᠪᠤᠰᠤ ᠨᠣᠷᠮ᠎ᠠ ᠶᠢ ᠵᠡᠷᠭᠡᠪᠡᠷ ᠪᠠᠭᠤᠷᠠᠭᠤᠯᠬᠤ ᠶᠢ | ᠪᠡᠶᠡᠯᠡᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ | ᠪᠣᠬᠢᠷᠲᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠵᠦ᠂ ᠪᠥᠬᠦ | ᠣᠷᠣᠨ ᠤ ᠠᠭᠠᠷ ᠤᠨ ᠪᠠᠶᠢᠳᠠᠯ ᠰᠠᠶᠢᠨ ᠡᠳᠦᠷ ᠤᠨ ᠲᠤᠭ᠎ᠠ ᠶᠢᠨ ᠬᠠᠷᠢᠴᠠᠯ 90.8% ᠳᠤ ᠬᠦᠷᠴᠦ᠂ ᠤᠯᠤᠰ ᠤᠨ ᠰᠢᠯᠭᠠᠨ | ᠬᠢᠨᠠᠬᠤ ᠬᠠᠷᠠᠯᠲᠠ ᠶᠢᠨ 1.7 ᠵᠠᠭᠤᠨ ᠤ ᠴᠡᠭ ᠠᠴᠠ ᠳᠠᠪᠠᠭᠤᠯᠢᠭ ᠪᠣᠯᠪᠠ᠃ ᠭᠠᠵᠠᠷ ᠳᠡᠭᠡᠷᠡᠬᠢ ᠤᠰᠤᠨ ᠤ ᠰᠢᠯᠢᠳᠡᠭ | ᠤᠰᠤᠨ ᠴᠣᠭᠴᠠ ᠶᠢᠨ ᠬᠠᠷᠢᠴᠠᠯ 69.2% ᠲᠤ ᠬᠦᠷᠴᠦ᠂ ᠤᠯᠤᠰ ᠤᠨ ᠬᠢᠨᠠᠨ ᠰᠢᠯᠭᠠᠬᠤ ᠬᠠᠷᠠᠯᠲᠠ ᠶᠢᠨ 9.6 | ᠵᠠᠭᠤᠨ ᠤ ᠴᠡᠭ ᠠᠴᠠ ᠳᠠᠪᠠᠭᠤᠯᠢᠭ ᠪᠣᠯᠪᠠ᠃ ︽ᠬᠦᠯᠦᠨ ᠨᠠᠭᠤᠷ ᠤᠯᠠᠭᠠᠨᠰᠤᠬᠠᠢ ᠨᠠᠭᠤᠷ ᠲᠠᠶᠢᠭ᠎ᠠ ᠨᠠᠭᠤᠷ︾ ᠤᠨ | ᠤᠰᠤᠨ ᠤ ᠴᠢᠨᠠᠷ ᠪᠠ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ | ᠃ ᠲᠠᠪᠤ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠪᠠ᠃ | 356 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ | 12.2 ᠲᠦᠮᠡᠨ ᠮᠥ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠪᠠ᠃ ᠪᠦᠬᠦ ᠣᠷᠣᠨ ᠤ ᠠᠮᠤ ᠪᠤᠳᠠᠭᠠᠨ ᠤ | ᠤᠨᠠᠯᠲᠠ 732.8 ᠳ᠋ᠦᠩᠰᠢᠭᠤᠷ ᠵᠢᠩ ᠳᠤ ᠬᠦᠷᠴᠦ᠂ ︽ᠠᠷᠪᠠᠨ ᠳᠣᠯᠣᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ | ᠣᠯᠬᠤ︾ ᠶᠢ ᠪᠡᠶᠡᠯᠡᠭᠦᠯᠪᠡ᠃᠃ ᠮᠢᠬᠠᠨ ᠤ ᠲᠥᠷᠥᠯ ᠤᠨ ᠭᠠᠷᠤᠯᠲᠠ 260.7 ᠲᠦᠮᠡᠨ ᠲᠣᠨ ᠳᠤ ᠬᠦᠷᠴᠦ᠂ ︽ᠠᠷᠪᠠᠨ | ᠵᠢᠷᠭᠤᠭ᠎ᠠ ᠵᠢᠯ ᠳᠠᠷᠠᠭᠠᠯᠠᠨ ᠲᠣᠭᠲᠠᠭᠤᠨ ᠪᠠᠶᠢᠬᠤ︾ ᠶᠢ ᠪᠡᠶᠡᠯᠡᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠴᠢᠨᠠᠷᠯᠢᠭ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠠᠯ᠎ᠠ ᠨᠤᠲᠤᠭ ᠤᠨ ᠢᠳᠡᠰᠢᠨ ᠤ ᠬᠤᠨᠢ ᠪᠠ ᠨᠡᠷᠡᠨ ᠬᠤᠸᠠᠷ ᠤᠯᠤᠰ ᠤᠨ | ᠲᠠᠰ ᠤᠨ ᠳᠠᠪᠠᠭᠤᠯᠢᠭ ᠤᠨᠴᠠᠯᠢᠭᠳᠤ ᠬᠤᠶᠠᠷ ᠠᠵᠤ ᠦᠢᠯᠡᠰ ᠤᠨ ᠰᠦᠷᠦᠭᠵᠢᠯ ᠢ ᠰᠢᠨ᠎ᠡ ᠪᠠᠷ ᠡᠭᠦᠳᠦᠨ ᠪᠠᠶᠢᠭᠤᠯᠵᠤ᠂ ᠰᠦ | ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠦᠷ᠎ᠡ ᠶᠢᠨ ᠦᠢᠯᠡᠰ ᠢ ᠬᠥᠭᠵᠢᠭᠦᠯᠬᠦ ᠵᠡᠷᠭᠡ ᠭᠤᠷᠪᠠᠨ ᠵᠢᠯ ᠤᠨ | ᠠᠵᠢᠯᠯᠠᠭ᠎ᠠ ᠶᠢ ᠬᠡᠷᠡᠭᠵᠢᠭᠦᠯᠦᠨ᠂ ︽ᠲᠡᠭᠷᠢ ᠶᠢᠨ ᠬᠡᠰᠢᠭᠲᠦ ᠪᠣᠷᠣᠲᠣᠬᠤᠶ︾ ᠨᠢ ᠳᠤᠮᠳᠠᠳᠤ ᠤᠯᠤᠰ ᠤᠨ ᠣᠷᠣᠨ ᠪᠦᠰᠡ ᠶᠢᠨ | ᠲᠠᠷᠢᠶᠠᠯᠠᠩ ᠤᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢᠨ ᠲᠡᠷᠢᠭᠦᠨ ᠪᠠᠶᠢᠷᠢ ᠳᠤ ᠣᠷᠣᠵᠤ᠂ ᠮᠠᠯᠵᠢᠬᠤ | ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢᠳᠡᠪᠬᠢᠲᠡᠶ ᠠᠬᠢᠴᠠ ᠲᠠᠢ ᠪᠣᠯᠪᠠ᠃ ᠡᠭᠦᠨ ᠤ ᠬᠠᠮᠲᠤ᠂ | ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠴᠤ ᠢᠳᠡᠪᠬᠢᠲᠡᠶ ᠦᠷ᠎ᠡ ᠪᠦᠲᠦᠮᠵᠢ ᠤᠯᠪᠠ᠃ | ᠵᠢᠠᠷᠭᠤᠭᠠ ᠳᠤ᠂ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠠᠴᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ︽ᠭᠤᠷᠪᠠᠨ ᠱᠤᠭᠤᠮ | ᠨᠢᠭᠡ ᠬᠠᠭᠤᠳᠠᠰᠤ︾ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠣᠷᠣᠨ ᠤ | 50% ᠠᠴᠠ ᠳᠡᠭᠡᠭᠰᠢᠬᠢ ᠤᠯᠤᠰ ᠤᠨ ᠭᠠᠵᠠᠷ ᠰᠢᠷᠣᠶ ᠶᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ | ᠠᠩᠬ᠎ᠠ ᠠᠯᠬᠤᠮ ᠬᠤᠪᠢᠶᠠᠷᠢᠯᠠᠨ ᠣᠷᠣᠭᠤᠯᠪᠠ᠃ ᠪᠥᠬᠦ ᠵᠢᠯ ᠤᠨ ᠣᠶᠢᠵᠢᠭᠤᠯᠤᠯᠲᠠ ᠬᠢᠬᠦ᠂ ᠡᠪᠡᠰᠦ ᠳᠠᠷᠢᠬᠤ᠂ ᠬᠥᠷᠥᠰᠥ | ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ ᠣᠨ ᠤ ᠡᠭᠦᠷᠭᠡ ᠶᠢ ᠲᠣᠰ ᠲᠣᠰ 101.6%᠂ 112.5% ᠪᠠ | 106.8% ᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ 5 ᠨᠤᠭᠤ ᠭᠠᠵᠠᠷ ᠤᠨ ᠴᠡᠴᠡᠷᠯᠢᠭ ᠪᠠ 5 | ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠢᠵᠠᠭᠠᠷᠯᠠᠬᠤ ᠬᠠᠮᠠᠭᠠᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠪᠠ | ᠃ ᠬᠠᠲᠤᠨ ᠭᠤᠣᠯ ᠤᠨ ᠰᠠᠪᠠ ᠭᠠᠵᠠᠷ ᠤᠨ ᠬᠥᠷᠥᠰᠥ ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ᠂ ᠨᠤᠭᠤ | ᠭᠠᠵᠠᠷ ᠤᠨ ᠠᠮᠢ ᠠᠬᠤᠶ ᠶᠢ ᠰᠡᠷᠭᠦᠭᠡᠬᠦ ᠪᠠ ᠤᠰᠤᠨ ᠤ ᠰᠤᠷᠪᠤᠯᠵᠢ ᠶᠢ ᠬᠠᠳᠠᠭᠠᠯᠠᠨ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠪᠡ᠃ ᠳᠣᠯᠤᠭ᠎ᠠ ᠳᠤ᠂ ᠥᠭᠡᠷᠡᠴᠢᠯᠡᠯᠲᠡ ᠨᠡᠭᠡᠭᠡᠯᠳᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ | ᠨᠢᠳᠤᠨᠤᠨ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯᠳᠠᠯᠭ᠎ᠠ ᠪᠣᠯᠭᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠪᠡ᠃ ᠠᠵᠤ ᠠᠬᠤᠶᠢᠯᠠᠯ ᠤᠨ ᠪᠠᠶᠢᠭᠤᠯᠤᠨ ᠡᠷᠭᠢᠯᠡᠬᠦ ᠴᠠᠭ ᠢ 3 ᠠᠵᠢᠯᠯᠠᠬᠤ ᠡᠳᠦᠷ ᠤᠨ | ᠳᠣᠲᠣᠷ᠎ᠠ ᠪᠣᠯᠭᠠᠨ ᠪᠣᠭᠤᠨᠢᠰᠬᠠᠵᠤ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠤᠨ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 75 ᠠᠵᠢᠯᠯᠠᠬᠤ | ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ | ᠬᠥᠭᠵᠢᠯᠲᠡ ᠶᠢ ᠳᠡᠮᠵᠢᠬᠦ 24 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ | ᠠᠵᠤ ᠠᠬᠤᠶ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠯᠡᠬᠦ ᠬᠠᠷᠢᠴᠠᠯ ᠢ 97.4% ᠳᠤ ᠬᠦᠷᠦᠭᠦᠯᠪᠡ᠃ | ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠪᠣᠭᠤᠮᠲᠠ ᠪᠠᠷ ᠥᠩᠭᠡᠷᠡᠬᠦ ᠴᠠᠭ ᠢ ᠪᠠᠭᠠᠰᠬᠠᠨ᠂ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠪᠠᠭᠤᠷᠠᠭᠤᠯᠪᠠ᠃ | ᠮᠠᠨ ᠤ ᠣᠷᠣᠨ ᠠᠴᠠ ᠡᠬᠢᠯᠡᠨ ᠮᠣᠷᠳᠠᠵᠤ ᠳᠤᠮᠳᠠᠳᠤ ᠧᠦ᠋ᠷᠣᠫᠠ ᠬᠦᠷᠬᠦ ᠵᠢᠰᠢᠶᠠᠨ ᠤ ᠭᠠᠯᠲᠤ ᠲᠡᠷᠭᠡ 15.4% ᠪᠠᠷ | ᠨᠡᠮᠡᠭᠳᠡᠵᠦ᠂ ᠪᠤᠴᠠᠬᠤ ᠡᠭᠡᠯᠵᠢ ᠶᠢᠨ ᠪᠠᠷᠠᠭᠠᠨ ᠤ ᠲᠥᠷᠥᠯ ᠵᠦᠢᠯ ᠲᠠᠰᠤᠷᠠᠯᠲᠠ ᠥᠬᠡᠶ ᠨᠡᠮᠡᠭᠳᠡᠪᠡ᠃ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ᠂ ᠭᠠᠶᠢᠯᠢ ᠪᠠᠲᠤᠯᠠᠬᠤ ᠪᠠᠷᠠᠭᠠᠨ ᠤ | ᠭᠦᠢᠯᠭᠡᠭᠡᠨ ᠤ ᠲᠥᠪ ᠵᠡᠷᠭᠡ ᠨᠢᠭᠡ ᠪᠦᠯᠦᠭ ᠨᠡᠭᠡᠭᠡᠯᠲᠡᠲᠦ ᠲᠠᠪᠴᠠᠩ ᠤᠨ ᠠᠴᠢᠶᠠᠯᠠᠪᠤᠷᠢ ᠶᠢ ᠠᠰᠢᠭᠯᠠᠯᠲᠠ ᠳᠤ ᠣᠷᠣᠭᠤᠯᠤᠨ | ᠠᠵᠢᠯᠯᠠᠭᠤᠯᠪᠠ᠃ ᠨᠠᠢᠮᠠ ᠳᠤ᠂ ᠠᠷᠠᠳ ᠤᠨ ᠠᠮᠢᠳᠤᠷᠠᠯ ᠬᠦᠴᠦᠨ ᠪᠦᠬᠦᠢ ᠪᠠᠲᠤᠯᠠᠭ᠎ᠠ ᠲᠠᠢ ᠪᠣᠯᠪᠠ᠃ ᠤᠯᠡᠠ ᠲᠦᠮᠡᠨ ᠤ | ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ | ᠠᠳᠬᠤᠵᠤ᠂ ᠤᠴᠢᠷ ᠶᠠᠪᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠵᠢᠯ ᠳᠠᠷᠠᠭᠠᠯᠠᠨ ᠬᠢᠪᠡ᠃ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠥᠪᠡᠷᠲᠡᠭᠡᠨ | ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠵᠦ᠂ ᠠᠵᠢᠯ ᠠᠴᠠ ᠪᠠᠨ ᠠᠮᠠᠷᠠᠭᠰᠠᠳ ᠤᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠣᠯᠭᠤᠮᠵᠢ ᠶᠢ ᠬᠥᠮᠦᠨ ᠳᠤᠮᠳᠠᠴᠢ ᠪᠠᠷ 147.3 ᠲᠥᠭᠦᠷᠢᠭ ᠨᠡᠮᠡᠭᠳᠡᠭᠦᠯᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 3.9% ᠪᠠᠷ | ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠡᠳ᠋ ᠤᠨ ᠵᠠᠰᠠᠭ ᠤᠨ | ᠨᠥᠬᠦᠪᠦᠷᠢ ᠶᠢ ᠬᠥᠮᠥᠨ ᠳᠤᠮᠳᠠᠴᠢ ᠪᠠᠷ 30 ᠲᠥᠭᠦᠷᠢᠭ ᠨᠡᠮᠡᠭᠳᠡᠭᠦᠯᠪᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ | ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 85.5% ᠳᠤ ᠬᠦᠷᠭᠡᠵᠦ᠂ ᠬᠡᠤᠬᠡᠳ ᠤᠨ ᠴᠡᠴᠡᠷᠯᠢᠭ ᠲᠤ | ᠣᠷᠣᠬᠤ ᠳᠤ ᠬᠦᠴᠢᠷᠲᠡᠶ ᠠᠰᠠᠭᠤᠳᠠᠯ ᠢ ᠠᠩᠬ᠎ᠠ ᠠᠯᠬᠤᠮ ᠨᠠᠮᠳᠠᠭᠤᠯᠪᠠ᠃ ᠡᠮᠴᠢᠯᠡᠭᠡ ᠡᠷᠡᠭᠦᠯ ᠬᠠᠮᠠᠭᠠᠯᠠᠯ ᠤᠨ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠯᠤᠰ ᠵᠠᠶ ᠶᠢᠨ ᠡᠮᠴᠢᠯᠡᠭᠡ ᠶᠢᠨ ᠰᠢᠰᠲ᠋ᠧᠮ ᠤᠨ ᠬᠠᠮᠤᠷᠬᠤ | ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ | ᠢᠷᠡᠭᠰᠡᠨ 2776 ᠲᠥᠷᠥᠯ ᠵᠦᠢᠯ᠂ 133.4 ᠲᠦᠮᠡᠨ ᠭᠡᠷ ᠪᠠᠶᠢᠰᠢᠩ ᠤᠨ ᠠᠰᠠᠭᠤᠳᠠᠯ ᠢ ᠰᠢᠢᠳᠪᠦᠷᠢᠯᠡᠪᠡ᠃ | ᠠᠷᠠᠳ ᠤᠨ ᠠᠮᠢᠳᠤᠷᠠᠯ ᠤᠨ ᠡᠲᠡᠭᠡᠷ ᠠᠷᠭ᠎ᠠ ᠬᠡᠮᠵᠢᠶ᠎ᠡ ᠨᠢ ᠣᠯᠠᠨ ᠲᠦᠮᠡᠨ ᠳᠤ ᠬᠤᠪᠢᠷᠠᠯᠲᠠ ᠶᠢ ᠮᠡᠳᠡᠭᠦᠯᠵᠦ᠂ ᠪᠣᠳᠠᠲᠤ | ᠠᠰᠢᠭ ᠲᠤᠰᠠ ᠬᠦᠷᠲᠡᠭᠡᠭᠰᠡᠨ ᠪᠠᠶᠢᠨ᠎ᠠ᠃ 2020 ᠣᠨ ᠪᠣᠯ ︽13·5︾ ᠤᠨ ᠲᠥᠯᠥᠪᠵᠢᠭᠦᠯᠭᠡ ᠶᠢᠨ | ᠰᠢᠪᠲᠤᠷᠠᠭᠠᠨ ᠤ ᠵᠢᠯ ᠪᠣᠯᠤᠨ᠎ᠠ᠃ ᠪᠦᠬᠦ ᠣᠷᠣᠨ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ᠂ ︽13·5︾ ᠤᠨ | ᠲᠥᠯᠥᠪᠵᠢᠭᠦᠯᠭᠡ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠦᠨᠳᠦᠰᠦᠨ ᠳᠤ ᠪᠠᠨ ᠪᠡᠶᠡᠯᠡᠭᠦᠯᠵᠦ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠰᠢᠢᠳᠪᠦᠷᠢᠯᠡᠬᠦ ᠴᠢᠨᠠᠷᠲᠠᠢ | ᠠᠮᠵᠢᠯᠲᠠ ᠪᠦᠲᠦᠮᠵᠢ ᠤᠯᠪᠠ᠃ ᠡᠨᠡ ᠨᠢ ᠭᠤᠣᠯᠳᠠᠭᠤ ᠲᠠᠪᠤᠨ ᠲᠠᠯ᠎ᠠ ᠪᠠᠷ ᠢᠯᠡᠷᠡᠵᠦ ᠪᠠᠶᠢᠨ᠎ᠠ᠄ ᠨᠢᠭᠡ ᠳᠤ᠂ ᠠᠵᠤ | ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠬᠥᠮᠦᠨ ᠳᠤᠮᠳᠠᠴᠢ ᠦᠢᠯᠡᠳᠪᠦᠷᠢᠯᠡᠯ ᠤᠨ | ᠶᠡᠷᠦᠩᠬᠡᠢ ᠦᠷᠲᠡᠭ 1 ᠲᠦᠮᠡᠨ ᠳ᠋ᠣᠯᠯᠠᠷ ᠢ ᠳᠠᠪᠠᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ | ᠪᠠᠯᠭᠠᠰᠤᠵᠢᠯᠲᠠ ᠶᠢᠨ ᠨᠤᠷᠮ᠎ᠠ ᠨᠢ 64.1% ᠳᠤ ᠬᠦᠷᠪᠡ᠃ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ | ᠮᠡᠳᠡᠭᠳᠡᠬᠦ᠋ᠢᠴᠡ ᠳᠡᠭᠡᠭᠰᠢᠯᠡᠵᠦ᠂ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠨᠢ ᠪᠦᠬᠦ ᠤᠯᠤᠰ ᠤᠨ | ᠡᠮᠦᠨ᠎ᠡ ᠡᠩᠨᠡᠭᠡᠨ ᠳᠤ ᠵᠢᠭᠰᠠᠭᠠᠭᠳᠠᠪᠠ᠃ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠨᠡᠭᠦᠷᠡᠰᠦ᠂ | ᠪᠤᠯᠤᠳ ᠲᠡᠮᠦᠷ ᠤᠨ ᠦᠢᠯᠡᠳᠪᠦᠷᠢᠯᠡᠬᠦ ᠴᠢᠳᠠᠮᠵᠢ ᠶᠢ ᠦᠭᠡᠶᠢᠰᠬᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠤᠳᠤ | ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ᠂ ᠲᠣᠭᠠᠴᠢᠯᠠᠭᠰᠠᠨ ᠠᠵᠤ ᠠᠬᠤᠶ᠂ ᠬᠤᠷᠠᠯ ᠦᠵᠡᠰᠬᠦᠯᠡᠩ ᠤᠨ | ᠠᠵᠤ ᠠᠬᠤᠶ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠤᠳᠤ ᠦᠶ᠎ᠡ ᠶᠢᠨ ᠮᠥᠩᠭᠦᠨ ᠭᠦᠢᠯᠭᠡᠭᠡ ᠵᠡᠷᠭᠡ | ᠲᠦᠷᠭᠡᠪᠴᠢᠯᠡᠨ ᠬᠥᠭᠵᠢᠪᠡ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠠᠵᠢᠯ ᠲᠡᠦᠬᠡᠲᠦ | ᠴᠢᠨᠠᠷᠲᠠᠶ ᠠᠮᠵᠢᠯᠲᠠ ᠤᠯᠪᠠ᠃ ᠲᠠᠪᠤᠨ ᠵᠢᠯ ᠤᠨ ᠲᠤᠷᠰᠢ᠂ ᠨᠡᠶᠢᠳᠡ 80.2 ᠲᠦᠮᠡᠨ ᠬᠥᠮᠦᠨ ᠢ ᠶᠠᠳᠠᠭᠤ ᠠᠴᠠ | ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠳᠠᠩᠰᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ | ᠶᠠᠳᠠᠭᠤ ᠠᠴᠠ ᠠᠩᠭᠢᠵᠢᠷᠠᠭᠤᠯᠵᠤ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ᠂ 3681 ᠶᠠᠳᠠᠭᠤ ᠬᠦᠴᠢᠷᠳᠡᠯᠲᠡᠢ | ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠣᠷᠣᠨ ᠪᠦᠰᠡ ᠶᠢᠨ ᠴᠢᠨᠠᠷᠲᠠᠢ ᠪᠦᠬᠦᠯᠢ | ᠴᠣᠭᠴᠠ ᠪᠠᠷ ᠢᠶᠠᠨ ᠶᠠᠳᠠᠭᠤ ᠬᠦᠴᠢᠷᠳᠡᠯᠲᠡᠢ ᠪᠠᠶᠢᠭᠰᠠᠨ ᠠᠰᠠᠭᠤᠳᠠᠯ ᠲᠡᠦᠬᠡᠲᠦ ᠴᠢᠨᠠᠷᠲᠠᠢ ᠰᠢᠢᠳᠪᠦᠷᠢᠯᠡᠯᠲᠡ ᠣᠯᠪᠠ᠃ | ᠭᠤᠷᠪᠠ ᠳᠤ᠂ ᠠᠮᠢ ᠠᠬᠤᠶ ᠶᠢᠨ ᠣᠷᠴᠢ᠊ ᠲᠣᠭᠤᠷᠢᠨ ᠤ ᠬᠠᠮᠠᠭᠠᠯᠠᠯᠲᠠ ᠪᠠ ᠪᠦᠳᠦᠭᠡᠨ ᠪᠠᠶᠢᠭᠤᠯᠤᠯᠲᠠ ᠢᠯᠡᠳᠲᠡ ᠦᠷ᠎ᠡ | ᠪᠦᠲᠦᠮᠵᠢ ᠤᠯᠪᠠ᠃ ᠣᠶ ᠰᠢᠭᠤᠶ ᠶᠢᠨ ᠪᠥᠲᠥᠭᠡᠨ ᠪᠠᠶᠢᠭᠤᠯᠤᠯᠲᠠ᠂ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ | ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠭᠰᠠᠨ ᠲᠠᠯᠠᠪᠠᠶ ᠨᠢ ᠴᠥᠮ ᠪᠥᠬᠦ ᠤᠯᠤᠰ ᠤᠨ ᠲᠡᠷᠢᠭᠦᠨ ᠳᠤ ᠣᠷᠣᠵᠤ᠂ | ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠨᠢ ︽ᠬᠤᠤᠰ | ᠳᠡᠭᠡᠭᠰᠢᠯᠡᠯᠲᠡ︾ ᠶᠢ ᠪᠡᠶᠡᠯᠡᠭᠦᠯᠵᠦ᠂ ᠴᠦᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ︽ᠬᠤᠤᠰ | ᠬᠠᠰᠤᠭᠳᠠᠯ︾ ᠢ ᠪᠡᠶᠡᠯᠡᠭᠦᠯᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠷᠭᠤᠭᠤᠯᠤᠨ | ᠪᠣᠳᠣᠭᠰᠠᠨ ᠢᠶᠠᠷ᠂ 2019 ᠣᠨ ᠤ ᠪᠥᠬᠦ ᠣᠷᠣᠨ ᠤ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ︵GEP︶ 4. | 48 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ GDP ᠶᠢᠨ 2.6 ᠳᠠᠬᠢᠨ ᠪᠠᠶᠢᠵᠤ᠂ | 2015 ᠣᠨ ᠤ ᠬᠢ ᠠᠴᠠ 13.75% ᠪᠠᠷ ᠨᠡᠮᠡᠭᠳᠡᠵᠡᠶ᠂ ᠡᠨᠡ ᠨᠢ ᠮᠠᠨ ᠤ ᠣᠷᠣᠨ ᠤ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠣᠭᠰᠠᠨ ᠢ ᠬᠠᠷᠠᠭᠤᠯᠵᠤ ᠪᠠᠶᠢᠨ᠎ᠠ᠃ ᠲᠦᠷᠪᠡ ᠳᠤ᠂ ᠰᠠᠭᠤᠷᠢ | ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ 404 ᠺᠢᠯᠣᠮᠧᠲᠷ ᠳᠡᠭᠡᠳᠦ | ᠬᠤᠷᠳᠤ ᠶᠢᠨ ᠲᠡᠮᠦᠷ ᠵᠠᠮ ᠢ ᠪᠠᠶᠢᠭᠤᠯᠤᠨ ᠳᠠᠭᠤᠰᠬᠠᠵᠤ᠂ ᠪᠦᠬᠦ ᠤᠯᠤᠰ ᠤᠨ ᠳᠡᠭᠡᠳᠦ ᠬᠤᠷᠳᠤ ᠶᠢᠨ ᠲᠡᠮᠦᠷ ᠵᠠᠮ ᠤᠨ | ᠲᠣᠣᠷ ᠲᠤ ᠵᠠᠯᠭᠠᠨ ᠣᠷᠣᠭᠤᠯᠪᠠ᠃ ᠪᠥᠬᠦ ᠣᠷᠣᠨ ᠤ ᠪᠣᠶ ᠪᠥᠬᠦᠶ ᠬᠤᠰᠢᠭᠤ ᠰᠢᠶᠠᠨ ︵ᠬᠤᠲᠠ ᠲᠣᠭᠤᠷᠢᠭ︶ ᠳᠤ ᠳᠡᠭᠡᠳᠦ | ᠵᠡᠷᠭᠡᠯᠡᠯ ᠤᠨ ᠵᠠᠰᠠᠮᠠᠯ ᠵᠠᠮ ᠢ ᠨᠡᠪᠲᠡᠷᠡᠭᠦᠯᠵᠦ᠂ ᠪᠣᠶ ᠪᠥᠬᠦᠶ ᠰᠤᠮᠤ ᠰᠢᠶᠠᠩ ᠪᠠᠯᠭᠠᠰᠤ ᠪᠣᠯᠤᠨ ᠨᠥᠬᠦᠴᠡᠯ ᠲᠠᠢ ᠵᠠᠰᠠᠭ | ᠵᠠᠬᠢᠷᠭᠠᠨ ᠤ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠪᠡ᠃ 40 ᠠᠷᠠᠳ ᠤᠨ ᠬᠡᠷᠡᠭᠯᠡᠭᠡᠨ ᠤ | ᠨᠢᠰᠬᠡᠯ ᠤᠨ ᠪᠠᠭᠤᠳᠠᠯ ᠲᠠᠢ ᠪᠣᠯᠵᠤ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠲᠡᠭᠡᠭᠡᠪᠦᠷᠢ ᠶᠢᠨ ᠲᠣᠣᠷ ᠰᠦᠯᠵᠢᠶ᠎ᠡ | ᠦᠨᠳᠦᠰᠦᠨ ᠳᠤ ᠪᠠᠨ ᠪᠦᠷᠢᠯᠳᠦᠪᠡ᠃ ᠬᠠᠲᠤᠨ ᠭᠤᠣᠯ ᠤᠨ ᠬᠤᠶᠠᠳᠤᠭᠠᠷ ᠬᠤᠭᠤᠴᠠᠭᠠᠨ ᠤ ᠦᠶᠡᠷ ᠢ ᠰᠡᠷᠭᠡᠶᠢᠯᠡᠬᠦ | ᠢᠨᠵᠧᠨᠧᠷᠢᠩ᠂ ᠯᠢᠶᠣᠤᠾᠧ ᠭᠤᠣᠯ᠂ ᠨᠤᠨ ᠮᠥᠷᠡᠨ ᠤ ᠭᠤᠣᠯ ᠤᠷᠤᠰᠬᠠᠯ ᠢ ᠵᠠᠰᠠᠬᠤ ᠢᠨᠵᠧᠨᠧᠷᠢᠩ ᠵᠡᠷᠭᠡ ᠤᠰᠤᠨ | ᠠᠰᠢᠭᠯᠠᠯᠲᠠ ᠶᠢᠨ ᠴᠢᠬᠤᠯᠠ ᠶᠡᠭᠡ ᠲᠥᠷᠥᠯ ᠵᠦᠢᠯ ᠢ ᠵᠠᠯᠭᠠᠭ᠎ᠠ ᠪᠠᠷ ᠪᠠᠶᠢᠭᠤᠯᠵᠤ ᠳᠠᠭᠤᠰᠬᠠᠭᠰᠠᠨ ᠪᠥᠭᠡᠳ ᠦᠷ᠎ᠡ | ᠠᠰᠢᠭ ᠢ ᠨᠢ ᠪᠠᠳᠠᠷᠠᠭᠤᠯᠪᠠ᠃ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠴᠦᠨ ᠢ ᠭᠠᠳᠠᠭᠰᠢ ᠳᠠᠮᠵᠢᠭᠤᠯᠬᠤ 5 | ᠨᠡᠪᠲᠡᠷᠡᠬᠦ ᠵᠠᠮ ᠢ ᠰᠢᠨ᠎ᠡ ᠪᠠᠷ ᠪᠠᠶᠢᠭᠤᠯᠵᠤ᠂ ᠴᠠᠬᠢᠯᠭᠠᠨ ᠭᠠᠷᠭᠠᠬᠤ ᠬᠡᠮᠵᠢᠶ᠎ᠡ ᠪᠠ ᠴᠠᠬᠢᠯᠭᠠᠨ ᠢ ᠭᠠᠳᠠᠭᠰᠢ ᠳᠠᠮᠵᠢᠭᠤᠯᠬᠤ | ᠬᠡᠮᠵᠢᠶ᠎ᠡ ᠴᠥᠮ ᠪᠦᠬᠦ ᠤᠯᠤᠰ ᠤᠨ ᠲᠡᠷᠢᠭᠦᠨ ᠳᠤ ᠣᠷᠣᠪᠠ᠃ ᠲᠠᠪᠤ ᠳᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ | ᠲᠠᠰᠤᠷᠠᠯᠲᠠ ᠦᠭᠡᠢ ᠳᠡᠭᠡᠭᠰᠢᠯᠡᠪᠡ᠃ ᠠᠷᠠᠳ ᠤᠨ ᠠᠮᠢᠳᠤᠷᠠᠯ ᠤᠨ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠨ᠂ | ᠬᠤᠳᠠ ᠪᠠᠯᠭᠠᠰᠤᠨ ᠤ ᠠᠵᠢᠯ ᠣᠯᠭᠤᠯᠲᠠ ᠲᠣᠭᠲᠠᠭᠤᠨ ᠢᠶᠠᠷ ᠨᠡᠮᠡᠭᠳᠡᠵᠦ᠂ ᠪᠦᠬᠦ ᠰᠠᠭᠤᠭᠠᠯᠢ ᠠᠷᠠᠳ ᠤᠨ ᠬᠥᠮᠦᠨ | ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠠᠯᠬᠤᠮ ᠠᠯᠬᠤᠮ ᠢᠶᠠᠷ ᠳᠡᠭᠡᠭᠰᠢᠯᠡᠨ᠂ ᠬᠤᠳᠠ ᠬᠥᠳᠡᠭᠡ ᠶᠢ ᠬᠠᠮᠤᠷᠤᠭᠰᠠᠨ | ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠦᠨᠳᠦᠰᠦᠨ ᠳᠤ ᠪᠠᠨ ᠪᠦᠷᠢᠯᠳᠦᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ | ᠲᠣᠭᠲᠠᠯᠴᠠᠭ᠎ᠠ ᠲᠠᠰᠤᠷᠠᠯᠳᠠ ᠦᠭᠡᠢ ᠲᠡᠭᠦᠯᠳᠡᠷᠵᠢᠨ᠂ ᠰᠤᠷᠭᠠᠨ ᠬᠥᠮᠦᠵᠢᠯ᠂ ᠡᠮᠴᠢᠯᠡᠭᠡ᠂ ᠰᠣᠶᠣᠯ᠂ ᠪᠡᠶ᠎ᠡ ᠶᠢᠨ ᠲᠠᠮᠢᠷ | ᠵᠡᠷᠭᠡ ᠦᠢᠯᠡᠰ ᠰᠢᠨ᠎ᠡ ᠲᠠᠪᠰᠢᠯᠳᠠ ᠲᠠᠢ ᠪᠣᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ | ᠨᠥᠬᠦᠴᠡᠯ ᠶᠡᠭᠡ ᠬᠡᠮᠵᠢᠶ᠎ᠡ ᠪᠠᠷ ᠰᠠᠶᠢᠵᠢᠷᠠᠵᠤ᠂ ᠠᠷᠠᠳ ᠤᠯᠠᠨ ᠤ ᠬᠦᠷᠲᠡᠭᠡᠮᠵᠢᠲᠦ ᠲᠦᠷᠦᠭᠳᠡᠯ᠂ ᠵᠣᠯ ᠵᠢᠷᠭᠠᠯᠲᠤ | ᠲᠦᠷᠦᠭᠳᠡᠯ᠂ ᠠᠮᠤᠷ ᠲᠦᠪᠰᠢᠨ ᠲᠦᠷᠦᠭᠳᠡᠯ ᠤᠯᠠᠮ ᠨᠢᠭᠡ ᠠᠯᠬᠤᠮ ᠨᠡᠮᠡᠭᠳᠡᠪᠡ᠃ | ᠬᠥᠲᠥᠯᠥᠭᠴᠢ᠄ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠵᠢᠯ ᠤᠨ ᠠᠵᠢᠯ ᠢ ᠪᠠᠶᠢᠷᠢᠯᠠᠭᠤᠯᠬᠤ ᠳᠤ ᠶᠠᠮᠠᠷ ᠶᠠᠮᠠᠷ ᠰᠢᠨ᠎ᠡ | ᠠᠷᠭ᠎ᠠ ᠬᠡᠮᠵᠢᠶ᠎ᠡ ᠠᠪᠤᠭᠰᠠᠨ ᠪᠣᠶ︖ ᠪᠢᠳᠡᠨ ᠳᠤ ︽ᠭᠤᠤᠯᠳᠠᠯᠭ᠎ᠠ︾ ᠶᠢ ᠨᠢ ᠶᠠᠷᠢᠭᠠᠳ ᠥᠭᠭᠦᠨ᠎ᠡ ᠦᠦ︖ | ᠯᠸᠢ ᠵᠢᠶ ᠫᠧᠩ᠄ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ | ᠪᠠᠰᠠ ᠴᠤ ︽14·5︾ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠮᠥᠨ᠂ ᠰᠠᠶᠢᠲᠤᠷ | ᠡᠬᠢᠯᠡᠭᠦᠯᠵᠦ᠂ ᠲᠦᠷᠦᠭᠦᠴᠢ ᠶᠢᠨ ᠠᠯᠬᠤᠮ ᠢᠶᠠᠨ ᠰᠠᠶᠢᠨ ᠠᠯᠬᠤᠬᠤ ᠨᠢ ᠲᠦᠢᠯ ᠤᠨ ᠴᠢᠬᠤᠯᠠ ᠶᠤᠮ᠃ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠤ ᠡᠨᠡ ᠵᠢᠯ ᠤᠨ ᠠᠵᠤ ᠠᠬᠤᠶ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ 6% | ᠣᠷᠴᠢᠮ ᠢᠶᠠᠷ ᠲᠣᠭᠲᠠᠭᠠᠨ᠂ ᠬᠤᠳᠠ ᠪᠠᠯᠭᠠᠰᠤᠨ ᠤ ᠪᠠᠶᠢᠴᠠᠭᠠᠯᠲᠠ ᠬᠢᠭᠰᠡᠨ ᠠᠵᠢᠯ ᠠᠯᠳᠠᠯᠲᠠ ᠶᠢᠨ ᠨᠤᠷᠮ᠎ᠠ ᠶᠢ 6% | ᠣᠷᠴᠢᠮ ᠢᠶᠠᠷ ᠲᠣᠭᠲᠠᠭᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠶᠢ 3% | ᠣᠷᠴᠢᠮ ᠢᠶᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠨᠢᠭᠡᠴᠢ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠡᠨᠧᠷᠭᠢ ᠶᠢᠨ ᠬᠤᠷᠣᠭᠳᠠᠯ ᠢ 3% ᠪᠠᠷ ᠪᠠᠭᠤᠷᠠᠭᠤᠯᠵᠤ᠂ ᠭᠤᠣᠯ | ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠵᠤ᠂ ᠠᠮᠤ ᠪᠤᠳᠠᠭᠠᠨ ᠤ ᠤᠨᠠᠯᠲᠠ ᠶᠢ | 700 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠴᠠ ᠡᠲᠡᠭᠡᠷ ᠬᠠᠷᠠᠯᠲᠠ ᠶᠢ ᠲᠣᠭᠲᠠᠭᠠᠬᠤ ᠳᠤ ᠪᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠭᠦᠢᠴᠡᠳ ᠲᠤᠭᠤᠰᠢᠯᠠᠭᠤᠯᠵᠤ᠂ ᠴᠢᠨᠠᠷᠯᠢᠭ ᠬᠥᠭᠵᠢᠯᠲᠡ ᠶᠢᠨ ᠱᠠᠭᠠᠷᠳᠠᠯᠭ᠎ᠠ ᠶᠢ ᠢᠯᠡᠷᠡᠭᠦᠯᠦᠭᠰᠡᠨ ᠤ ᠬᠠᠮᠲᠤ ︽14·5︾ | ᠤᠨ ᠲᠥᠯᠥᠪᠵᠢᠭᠦᠯᠭᠡ ᠲᠠᠢ ᠵᠣᠯᠭᠠᠭᠤᠯᠵᠤ᠂ ᠬᠡᠷᠡᠭᠴᠡᠭᠡ ᠪᠠ ᠪᠣᠯᠤᠯᠴᠠᠭ᠎ᠠ ᠶᠢ ᠬᠠᠮᠲᠤ ᠳᠤ ᠨᠢ ᠬᠠᠷᠠᠭᠠᠯᠵᠠᠵᠤ᠂ | ᠢᠳᠡᠪᠬᠢᠲᠡᠶ ᠪᠥᠭᠡᠳ ᠯᠠᠪᠳᠠᠭᠤᠨ ᠪᠠᠲᠤᠲᠠᠶ ᠪᠠᠶᠢᠳᠠᠭ᠃ 6% ᠣᠷᠴᠢᠮ ᠤᠨ ᠠᠵᠤ ᠠᠬᠤᠶ ᠶᠢᠨ ᠨᠡᠮᠡᠭᠳᠡᠯ ᠤᠨ ᠵᠢᠱᠢᠭᠰᠡᠨ | ᠬᠠᠷᠠᠯᠲᠠ ᠶᠢ ᠲᠣᠭᠲᠠᠭᠠᠬᠤ ᠳᠤ ᠭᠤᠣᠯᠳᠠᠭᠤ ᠨᠢᠳᠤᠨᠤᠨ ᠤ ᠰᠠᠭᠤᠷᠢ ᠲᠤᠭ᠎ᠠ ᠨᠡᠯᠢᠶᠡᠳ ᠳᠣᠣᠷ᠎ᠠ ᠪᠠᠶᠢᠬᠤ ᠶᠢ ᠪᠣᠳᠣᠯᠬᠢᠯᠠᠵᠤ᠂ | ᠡᠨᠡ ᠵᠢᠯ ᠪᠢᠳᠡ ᠠᠵᠤ ᠠᠬᠤᠶ ᠶᠢᠨ ᠰᠡᠷᠭᠦᠯᠲᠡ ᠶᠢᠨ ᠴᠢᠨᠠᠷᠲᠠᠶ ᠨᠡᠮᠡᠭᠳᠡᠯ ᠤᠨ ᠬᠠᠨᠳᠤᠰᠢ ᠶᠢ ᠦᠷᠭᠦᠯᠵᠢᠯᠡᠨ ᠪᠠᠬᠢᠵᠢᠭᠦᠯᠵᠦ᠂ | 6% ᠶᠢᠨ ᠨᠡᠮᠡᠭᠳᠡᠯ ᠤᠨ ᠬᠤᠷᠳᠤᠴᠠ ᠳᠤ ᠨᠡᠯᠢᠶᠡᠳ ᠰᠠᠶᠢᠨ ᠲᠤᠯᠭᠠᠭᠤᠷᠢᠯᠠᠬᠤ ᠨᠥᠬᠦᠴᠡᠯ ᠲᠠᠢ ᠪᠣᠯᠭᠠᠨ᠎ᠠ᠃ 2021 | ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠭᠤᠣᠯᠳᠠᠭᠤ ᠶᠢᠰᠦᠨ ᠵᠦᠢᠯ ᠤᠨ ᠠᠵᠢᠯ ᠢ ᠪᠠᠶᠢᠷᠢᠯᠠᠭᠤᠯᠵᠠᠶ᠄ | ᠨᠢᠭᠡᠳᠦᠭᠡᠷ ᠭᠤᠣᠯᠳᠠᠯᠭ᠎ᠠ ᠲᠠᠢ ᠠᠵᠢᠯ ᠪᠣᠯ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠬᠤ | ᠶᠠᠪᠤᠳᠠᠯ ᠪᠣᠯᠤᠨ᠎ᠠ᠃ ᠣᠳᠣᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ | ᠬᠦᠨᠳᠦ ᠬᠡᠴᠡᠭᠦᠦ ᠪᠠᠶᠢᠵᠤ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠨᠠᠵᠠᠭᠠᠶ ᠨᠥᠯᠥᠭᠡ ᠮᠥᠨ ᠴᠦ ᠪᠦᠷᠢᠮᠦᠰᠦᠨ | ᠠᠷᠢᠯᠭᠠᠭᠠᠳᠤᠶ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠡᠯ᠎ᠡ ᠵᠦᠢᠯ ᠤᠨ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠣᠳᠠᠲᠤ ᠴᠣᠭᠴᠠᠲᠤ ᠠᠵᠤ | ᠠᠬᠤᠶ ᠶᠢᠨ ᠬᠥᠭᠵᠢᠯᠲᠡ ᠶᠢ ᠳᠡᠮᠵᠢᠵᠦ᠂ ᠬᠡᠷᠡᠭᠯᠡᠭᠡ ᠪᠠ ᠪᠦᠲᠦᠮᠵᠢᠲᠡᠶ ᠪᠠᠯᠠ ᠲᠣᠬᠢᠷᠠᠭᠤᠯᠤᠯᠲᠠ ᠶᠢ ᠢᠳᠡᠪᠬᠢᠲᠡᠶ | ᠥᠷᠭᠡᠳᠬᠡᠨ᠂ ᠣᠯᠠᠨ ᠳᠠᠪᠬᠤᠷ ᠳᠠᠶᠢᠴᠢᠯᠠᠯᠲᠠ ᠶᠢ ᠪᠣᠶ ᠪᠣᠯᠭᠠᠨ᠎ᠠ᠃ ᠵᠢᠱᠢᠶᠡᠯᠡᠪᠡᠯ᠂ ᠬᠡᠷᠡᠭᠯᠡᠭᠡ ᠶᠢ ᠥᠷᠭᠡᠳᠬᠡᠬᠦ ᠶᠢ | ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠲᠠᠢ ᠤᠶᠠᠯᠳᠤᠭᠤᠯᠵᠤ᠂ ᠪᠣᠳᠠᠲᠤ ᠴᠣᠭᠴᠠᠲᠤ | ᠬᠤᠳᠠᠯᠳᠤᠭᠠᠨ ᠤ ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠮᠡᠳᠡᠭᠡ | ᠵᠠᠩᠭᠢ ᠶᠢᠨ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ ᠶᠢ ᠪᠤᠶᠢᠵᠢᠭᠤᠯᠵᠤ᠂ ᠤᠯᠠᠨ ᠨᠡᠶᠢᠲᠡ ᠶᠢᠨ ᠬᠡᠷᠡᠭᠯᠡᠭᠡ ᠶᠢ ᠵᠦᠢ | ᠵᠣᠬᠢᠰᠲᠠᠶ ᠪᠠᠷ ᠨᠡᠮᠡᠭᠳᠡᠭᠦᠯᠦᠨ᠎ᠡ᠃ ᠡᠭᠦᠨ ᠤ ᠬᠠᠮᠲᠤ᠂ ᠵᠠᠮ ᠬᠠᠷᠢᠯᠴᠠᠭ᠎ᠠ ᠤᠰᠤᠨ ᠠᠰᠢᠭᠯᠠᠯᠲᠠ᠂ ᠬᠤᠲᠠ ᠶᠢᠨ | ᠶᠠᠪᠤᠳᠠᠯ ᠤᠨ ᠢᠨᠵᠧᠨᠧᠷᠢᠩ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠨᠢᠭᠡ ᠪᠦᠯᠦᠭ ᠴᠢᠬᠤᠯᠠ ᠶᠡᠭᠡ | ᠲᠥᠷᠥᠯ ᠵᠦᠢᠯ ᠢ ᠬᠡᠷᠡᠭᠵᠢᠭᠦᠯᠵᠦ᠂ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠭᠲᠠᠯᠴᠠᠭ᠎ᠠ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ 5G ᠰᠠᠭᠤᠷᠢ ᠥᠷᠲᠡᠭᠡ᠂ ᠴᠠᠬᠢᠯᠭᠠᠨ ᠴᠡᠨᠡᠭᠯᠡᠬᠦ ᠪᠠᠭᠠᠨ᠎ᠠ᠂ ᠤᠰᠤᠲᠥ᠋ᠷᠥᠭᠴᠢ ᠨᠡᠮᠡᠬᠦ | ᠥᠷᠲᠡᠭᠡ ᠵᠡᠷᠭᠡ ᠰᠢᠨ᠎ᠡ ᠪᠠᠷ ᠪᠣᠶ ᠪᠣᠯᠤᠭᠰᠠᠨ ᠰᠠᠭᠤᠷᠢ ᠲᠥᠬᠦᠭᠡᠷᠦᠮᠵᠢ ᠶᠢ ᠰᠢᠰᠲ᠋ᠧᠮ ᠲᠠᠢ ᠪᠠᠶᠢᠷᠢᠰᠢᠭᠤᠯᠵᠤ᠂ ᠬᠤᠲᠠ ᠶᠢ | ᠰᠢᠨᠡᠳᠬᠡᠬᠦ ᠠᠵᠢᠯᠯᠠᠭ᠎ᠠ ᠵᠡᠷᠭᠡ ᠶᠢ ᠬᠡᠷᠡᠭᠵᠢᠭᠦᠯᠦᠨ᠎ᠡ᠃ ᠬᠤᠶᠠᠳᠤᠭᠠᠷ ᠭᠤᠤᠯᠳᠠᠯᠭ᠎ᠠ ᠲᠠᠢ ᠠᠵᠢᠯ ᠪᠣᠯ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠰᠢ ᠶᠢᠨ | ᠫᠢᠩ ᠶᠡᠷᠦᠩᠬᠡᠶ ᠱᠦᠵᠢ ᠴᠢᠬᠤᠯᠠᠴᠢᠯᠠᠬᠤ ᠳᠤ ᠪᠠᠨ᠂ ᠬᠡᠳᠦᠢ ᠬᠥᠭᠵᠢᠯᠲᠡ ᠪᠠᠷ ᠠᠨᠠᠶ ᠭᠠᠵᠠᠷ ᠣᠷᠣᠨ ᠨᠢ ᠲᠡᠳᠦᠢ ᠢᠯᠡᠭᠦᠦ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠨᠢ | ᠴᠢᠬᠤᠯᠠᠲᠠᠢ ᠶᠤᠮ ᠭᠡᠵᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠨᠢᠮᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠥᠬᠡᠶ ᠪᠠᠶᠢᠭ᠎ᠠ ᠣᠳᠣᠬᠢ ᠪᠠᠶᠢᠳᠠᠯ ᠳᠤ ᠴᠢᠭᠯᠡᠭᠦᠯᠦᠨ᠂ ᠪᠢᠳᠡ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠪᠠᠶᠢᠯᠳᠤᠬᠤ | ᠪᠣᠳᠣᠯᠭ᠎ᠠ ᠶᠢᠨ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ | ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠢᠯᠡᠳᠬᠡᠯ ᠳᠤ᠂ ᠰᠢᠨᠵᠢᠯᠡᠬᠦ ᠤᠬᠠᠭᠠᠨ | ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠶᠡᠭᠡ ᠬᠡᠪᠴᠢᠶᠡᠨ ᠤ | ᠡᠨᠧᠷᠭᠢ ᠬᠠᠳᠠᠭᠠᠯᠠᠭᠳᠠᠴᠠ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠤᠯᠤᠰ ᠤᠨ ᠲᠡᠰ ᠪᠠ | ᠥᠪᠡᠷᠲᠡᠭᠡᠨ ᠵᠠᠰᠠᠬᠤ ᠣᠷᠣᠨ ᠤ ᠲᠡᠰ ᠤᠨ ᠢᠨᠵᠧᠨᠧᠷᠢᠩ ᠤᠨ ᠰᠤᠳᠤᠯᠭᠠᠨ ᠤ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ | ᠲᠠᠰᠤᠭ᠂ ᠠᠵᠤ ᠠᠬᠤᠶᠢᠯᠠᠯ ᠤᠨ ᠮᠡᠷᠭᠡᠵᠢᠯ ᠤᠨ ᠲᠥᠪ ᠪᠠ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ | ᠪᠠᠶᠢᠭᠤᠯᠤᠨ᠎ᠠ ᠭᠡᠵᠦ ᠳᠤᠷᠠᠳᠴᠠᠢ᠃ ᠠᠵᠤ ᠠᠬᠤᠶᠢᠯᠠᠯ ᠪᠣᠯ ᠰᠢᠨ᠎ᠡ ᠶᠢ ᠡᠭᠦᠳᠬᠦ ᠣᠷᠣᠭᠤᠯᠤᠯᠲᠠ ᠪᠠ ᠦᠷ᠎ᠡ ᠪᠦᠲᠦᠭᠡᠯ ᠤᠨ | ᠤᠯᠠᠷᠢᠭᠤᠯᠤᠯᠲᠠ ᠶᠢᠨ ᠭᠤᠣᠯ ᠬᠦᠴᠦᠨ ᠮᠥᠨ᠃ ᠪᠢᠳᠡ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ | ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠡᠯ᠎ᠡ ᠲᠦᠷᠦᠯ ᠤᠨ ᠴᠢᠬᠤᠯᠠ ᠬᠦᠴᠦᠨ ᠵᠦᠢᠯ ᠢ ᠠᠵᠤ ᠠᠬᠤᠶᠢᠯᠠᠯ ᠵᠦᠭ | ᠲᠥᠪᠯᠡᠷᠡᠭᠦᠯᠬᠦ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠂ ᠠᠵᠤ ᠦᠢᠯᠡᠰ ᠤᠨ | ᠬᠡᠯᠬᠢᠶ᠎ᠡ ᠶᠢᠨ ᠳᠡᠭᠡᠳᠦ ᠳᠤᠮᠳᠠ ᠳᠤᠤᠷᠠᠳᠤ ᠬᠡᠰᠡᠭ᠂ ᠲᠤᠮᠤ ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠨ | ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠤᠯᠠᠷᠢᠭᠤᠯᠬᠤ ᠶᠢ ᠲᠦᠷᠭᠡᠳᠬᠡᠨ᠎ᠡ᠃ ᠭᠤᠷᠪᠠᠳᠤᠭᠠᠷ ᠭᠤᠣᠯᠳᠠᠯᠭ᠎ᠠ ᠲᠠᠢ ᠠᠵᠢᠯ ᠪᠣᠯ ᠠᠵᠤ ᠦᠢᠯᠡᠰ ᠤᠨ ᠬᠡᠯᠬᠢᠶ᠎ᠡ ᠪᠠ | ᠦᠷᠳᠡᠭ ᠤᠨ ᠬᠡᠯᠬᠢᠶ᠎ᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠶᠡᠷᠦᠩᠬᠡᠢ ᠱᠦᠵᠢ ᠰᠢ ᠶᠢᠨ ᠫᠢᠩ | ᠥᠪᠥᠷ ᠮᠣᠩᠭᠤᠯ ᠳᠤ ᠠᠵᠢᠯ ᠤᠨ ᠪᠠᠶᠢᠴᠠᠭᠠᠯᠲᠠ ᠬᠢᠬᠦ ᠳᠤ ᠪᠠᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ | ᠦᠢᠯᠡᠰ ᠤᠨ ᠬᠡᠯᠬᠢᠶ᠎ᠡ ᠶᠢᠨ ᠳᠤᠤᠷᠠᠳᠤ ᠤᠷᠤᠰᠬᠠᠯ ᠲᠡᠶᠢᠰᠢ ᠪᠠᠨ ᠲᠡᠯᠡᠵᠦ᠂ ᠦᠷᠳᠡᠭ ᠤᠨ ᠬᠡᠯᠬᠢᠶ᠎ᠡ ᠶᠢᠨ ᠳᠤᠮᠳᠠ ᠳᠡᠭᠡᠳᠦ | ᠲᠦᠪᠰᠢᠨ ᠲᠡᠶᠢᠰᠢ ᠪᠠᠨ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠵᠢᠯ᠂ ᠪᠢᠳᠡ | ᠤᠯᠠᠮᠵᠢᠯᠠᠯᠲᠤ ᠠᠵᠤ ᠦᠢᠯᠡᠰ ᠢ ᠳᠡᠭᠡᠳᠦ ᠲᠠᠰ᠂ ᠤᠶᠤᠨᠴᠢᠯᠠᠯᠲᠠ᠂ ᠪᠣᠬᠢᠷᠲᠤᠯ ᠥᠬᠡᠶ ᠪᠣᠯᠭᠠᠨ ᠥᠭᠡᠷᠡᠴᠢᠯᠡᠨ ᠲᠠᠰ | ᠳᠡᠪᠰᠢᠭᠦᠯᠬᠦ ᠶᠢ ᠲᠦᠷᠭᠡᠳᠬᠡᠵᠦ᠂ ᠨᠠᠷᠢᠯᠢᠭ ᠭᠦᠨᠵᠡᠭᠡᠶ ᠡᠳ᠋ᠰᠢᠭᠦᠯᠬᠦ ᠶᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠨ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠵᠢᠱᠢᠶᠡᠯᠡᠪᠡᠯ᠂ ᠤᠳᠤ ᠦᠶ᠎ᠡ ᠶᠢᠨ ᠡᠨᠧᠷᠭᠢ ᠶᠢᠨ | ᠰᠤᠷᠪᠤᠯᠵᠢ ᠶᠢᠨ ᠠᠵᠤ ᠠᠬᠤᠶ ᠶᠢᠨ ᠲᠠᠯ᠎ᠠ ᠪᠠᠷ᠂ ᠨᠡᠭᠦᠷᠡᠰᠦ ᠶᠢ ᠠᠶᠤᠯᠭᠦᠶ ᠪᠥᠭᠡᠳ ᠥᠨᠳᠥᠷ ᠪᠦᠲᠦᠮᠵᠢᠲᠡᠶ ᠪᠠᠷ ᠨᠡᠭᠡᠭᠡᠨ | ᠮᠠᠯᠲᠠᠬᠤ ᠪᠠ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠬᠦᠴᠦᠯᠡᠨ ᠠᠬᠢᠭᠤᠯᠵᠤ᠂ ︽ | ᠴᠠᠬᠢᠯᠭᠠᠨ ᠴᠤᠷᠪᠤᠯᠵᠢ᠂ ᠴᠠᠬᠢᠯᠭᠠᠨ ᠲᠣᠣᠷ᠂ ᠴᠠᠬᠢᠯᠭᠠᠨ ᠳᠠᠭᠠᠭᠠᠴᠠ᠂ ᠴᠠᠬᠢᠯᠭᠠᠨ ᠬᠠᠳᠠᠭᠠᠭᠯᠠᠭᠳᠠᠴᠠ︾᠂ ︽ᠭᠠᠯ | ᠰᠠᠯᠬᠢ ᠭᠡᠷᠡᠯ ᠢ ᠨᠥᠭᠡᠴᠡᠯᠡᠬᠦ︾ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠤᠰᠤᠲᠥ᠋ᠷᠥᠭᠴᠢ ᠡᠨᠧᠷᠭᠢ ᠶᠢᠨ ᠠᠵᠤ ᠠᠬᠤᠶ ᠶᠢ ᠬᠥᠭᠵᠢᠭᠦᠯᠦᠨ᠎ᠡ᠃ ᠲᠣᠭᠠᠴᠢᠯᠠᠭᠰᠠᠨ ᠠᠵᠤ ᠠᠬᠤᠢ ᠶᠢᠨ ᠲᠠᠯ᠎ᠠ ᠪᠠᠷ᠂ | ᠪᠢᠳᠠ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠᠲᠤ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠮᠠᠨ ᠤ ᠣᠷᠣᠨ ᠤ ᠳ᠋ᠠᠶᠢᠲ᠋ᠠ ᠶᠢᠨ ᠲᠥᠪ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠦᠬᠦ ᠤᠯᠤᠰ ᠲᠤ | ᠲᠡᠷᠢᠭᠦᠯᠡᠵᠦ ᠪᠠᠶᠢᠭ᠎ᠠ ᠪᠣᠯᠪᠠᠴᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠬᠠᠷᠢᠴᠠᠩᠭᠤᠢ ᠪᠠᠷ ᠬᠤᠴᠣᠷᠤᠩᠭᠤᠢ | ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠡᠭᠦᠨ ᠤ ᠵᠡᠷᠭᠡᠴᠡᠭᠡ ᠪᠠᠷ᠂ ᠪᠢᠳᠠ ᠪᠦᠬᠦ ᠠᠵᠤ ᠦᠢᠯᠡᠰ ᠤᠨ | ᠬᠡᠯᠬᠢᠶ᠎ᠡ ᠪᠠᠷ ᠬᠤᠪᠣᠷ ᠰᠢᠷᠣᠢ ᠶᠢᠨ ᠠᠵᠤ ᠦᠢᠯᠡᠰ ᠢ ᠳᠡᠮᠵᠢᠨ ᠪᠣᠰᠬᠠᠵᠤ᠂ ᠳᠡᠭᠡᠳᠦ ᠵᠡᠷᠭᠡᠯᠡᠯ ᠤᠨ ᠲᠡᠮᠦᠷᠯᠢᠭ᠂ ᠪᠠᠯ | ᠴᠢᠯᠠᠭᠤᠨ ᠠᠯᠺᠧᠨ᠂ ᠳᠡᠭᠡᠳᠦ ᠴᠢᠳᠠᠪᠬᠢᠳᠦ ᠰᠢᠷᠬᠡᠭᠯᠢᠭ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠵᠦ᠂ | ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠰᠢᠯᠭᠠᠨ ᠪᠠᠶᠢᠴᠠᠭᠠᠵᠤ | ᠭᠡᠷᠡᠴᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢ ᠠᠬᠢᠭᠤᠯᠤᠨ᠎ᠠ᠃ ᠳᠥᠷᠪᠡᠳᠦᠭᠡᠷ ᠭᠤᠣᠯᠳᠠᠯᠭ᠎ᠠ ᠲᠠᠢ ᠠᠵᠢᠯ ᠪᠣᠯ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠠᠪᠤᠳᠠᠯ ᠪᠣᠯᠤᠨ᠎ᠠ᠃ ᠮᠠᠨ ᠤ ᠣᠷᠣᠨ ᠪᠣᠯ ᠪᠥᠬᠦ ᠤᠯᠤᠰ ᠤᠨ ᠠᠮᠤ | ᠪᠤᠳᠠᠭᠠᠨ ᠤ ᠭᠤᠤᠯ ᠭᠠᠷᠤᠯᠲᠠ ᠶᠢᠨ 13 ᠮᠤᠵᠢ ᠣᠷᠣᠨ ᠪᠠ ᠠᠮᠤ ᠪᠤᠳᠠᠭ᠎ᠠ ᠶᠢ ᠭᠠᠳᠠᠭᠰᠢ ᠭᠠᠷᠭᠠᠬᠤ 6 ᠮᠤᠵᠢ ᠣᠷᠣᠨ ᠤ | ᠨᠢᠭᠡ ᠪᠣᠯᠤᠨ᠎ᠠ᠃ 2018 ᠣᠨ ᠠᠴᠠ ᠡᠬᠢᠯᠡᠨ᠂ ᠠᠮᠤ ᠪᠤᠳᠠᠭᠠᠨ ᠤ ᠵᠢᠯ ᠤᠨ ᠤᠨᠠᠯᠲᠠ 700 ᠳ᠋ᠦᠩᠰᠢᠭᠤᠷ ᠵᠢᠩ ᠢ | ᠳᠠᠪᠠᠵᠤ᠂ ᠵᠢᠯ ᠪᠦᠷᠢ ᠪᠠᠷᠤᠭ 450 ᠳ᠋ᠦᠩᠰᠢᠭᠤᠷ ᠵᠢᠩ ᠠᠮᠤ ᠪᠤᠳᠠᠭ᠎ᠠ ᠵᠢᠴᠢ ᠪᠦᠲᠦᠭᠡᠭᠳᠡᠬᠦᠨ ᠢ ᠣᠷᠣᠨ ᠤ ᠭᠠᠳᠠᠨ᠎ᠠ | ᠭᠠᠷᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠪᠡ᠃ ᠡᠨᠡ | ᠵᠢᠯ ᠮᠠᠨ ᠤ ᠣᠷᠣᠨ 459 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠦᠷᠭᠦᠯᠵᠢᠯᠡᠨ ᠰᠢᠨ᠎ᠡ ᠪᠠᠷ | ᠪᠠᠶᠢᠭᠤᠯᠵᠤ᠂ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠪᠠ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ | ᠲᠠᠷᠢᠶᠠᠯᠠᠭ᠎ᠠ ᠶᠢ ᠥᠷᠨᠢᠭᠦᠯᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ︾ ᠪᠣᠯᠭᠠᠬᠤ ᠶᠢ ᠡᠷᠡᠰ ᠬᠤᠷᠢᠭᠯᠠᠵᠤ᠂ ︽ | ᠠᠮᠤ ᠪᠤᠳᠠᠭᠠᠨ ᠤ ᠪᠤᠰᠤ︾ ᠪᠣᠯᠭᠠᠬᠤ ᠶᠢ ᠰᠡᠷᠭᠡᠶᠢᠯᠡᠨ᠎ᠡ᠃ ᠰᠦ ᠰᠠᠭᠠᠯᠢ ᠶᠢᠨ ᠦᠢᠯᠡᠰ ᠪᠣᠯ ᠥᠪᠥᠷ ᠮᠣᠩᠭᠤᠯ ᠤᠨ | ᠳᠠᠪᠠᠭᠤᠯᠢᠭ ᠠᠵᠤ ᠦᠢᠯᠡᠰ ᠮᠥᠨ᠂ ᠰᠠᠭᠠᠯᠢ ᠶᠢᠨ ᠦᠨᠢᠶ᠎ᠡ ᠶᠢᠨ ᠲᠤᠭ᠎ᠠ ᠬᠡᠮᠵᠢᠶ᠎ᠡ᠂ ᠲᠦᠭᠦᠬᠡᠶ ᠰᠦ ᠶᠢᠨ ᠭᠠᠷᠤᠯᠲᠠ ᠪᠠ | ᠴᠠᠭᠠᠨ ᠢᠳᠡᠭᠡᠨ ᠤ ᠭᠠᠷᠤᠯᠲᠠ ᠨᠢ ᠴᠥᠮ ᠪᠥᠬᠦ ᠤᠯᠤᠰ ᠲᠤ ᠲᠡᠷᠢᠭᠦᠯᠡᠵᠦ ᠪᠠᠶᠢᠨ᠎ᠠ᠃ ᠮᠠᠨ ᠤ ᠣᠷᠣᠨ ᠰᠦ ᠰᠠᠭᠠᠯᠢ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ ᠠᠬᠢᠭᠤᠯᠵᠤ᠂ ᠬᠤᠯᠢᠮᠠᠭ ᠥᠮᠴᠢᠯᠡᠯ ᠤᠨ ᠲᠦᠷᠢᠮ ᠤᠨ ᠬᠡᠯᠪᠡᠷᠢ ᠪᠠᠷ | ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠ ᠮᠠᠯᠵᠢᠯ ᠤᠨ ᠲᠠᠯᠠᠪᠠᠶ ᠪᠠᠶᠢᠭᠤᠯᠬᠤ ᠶᠢ ᠵᠣᠷᠢᠭᠵᠢᠭᠤᠯᠤᠨ᠂ ᠤᠯᠠᠮᠵᠢᠯᠠᠯᠲᠤ | ᠴᠠᠭᠠᠨ ᠢᠳᠡᠭᠡᠨ ᠤ ᠠᠵᠤ ᠦᠶᠢᠯᠡᠰᠵᠢᠭᠰᠡᠨ᠂ ᠨᠠᠷᠠᠲᠤ ᠲᠥᠷᠥᠯ ᠲᠡᠮᠳᠡᠭᠵᠢᠭᠰᠡᠨ ᠬᠥᠭᠵᠢᠯᠲᠡ ᠶᠢ ᠳᠡᠮᠵᠢᠨ᠎ᠡ᠃ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ | ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠥᠬᠦ | ᠶᠠᠪᠤᠴᠠ ᠶᠢᠨ ᠮᠠᠰᠢᠨᠴᠢᠯᠠᠯᠲᠠ ᠶᠢ ᠠᠬᠢᠭᠤᠯᠤᠨ᠂ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ | ᠂ ᠡᠭᠦᠯᠳᠡᠷ ᠪᠤᠶᠢᠵᠢᠭᠤᠯᠬᠤ ᠶᠢᠨ ᠰᠢᠨ᠎ᠡ ᠡᠭᠦᠳᠦᠯᠲᠡ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠲᠥᠪ ᠤᠨ ᠪᠠᠶᠢᠷᠢᠯᠠᠭᠤᠯᠤᠯᠲᠠ ᠶᠣᠰᠣᠭᠠᠷ᠂ ᠪᠢᠳᠡ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ | ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠪᠥᠲᠥᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠯᠤᠭ᠎ᠠ ᠪᠦᠲᠦᠮᠵᠢᠲᠡᠶ ᠵᠣᠯᠭᠠᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠴᠡᠭ ᠢ ᠦᠷᠭᠦᠯᠵᠢᠯᠡᠨ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠨ᠎ᠠ᠃ ᠲᠠᠪᠤᠳᠤᠭᠠᠷ | ᠭᠤᠣᠯᠳᠠᠯᠭ᠎ᠠ ᠲᠠᠢ ᠠᠵᠢᠯ ᠪᠣᠯ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠶᠠᠪᠤᠳᠠᠯ ᠪᠣᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ ᠫᠢᠩ ᠥᠪᠡᠷ ᠢᠶᠠᠨ | ᠲᠥᠯᠥᠪᠵᠢᠭᠦᠯᠵᠦ ᠥᠪᠡᠷ ᠢᠶᠠᠨ ᠪᠠᠶᠢᠷᠢᠯᠠᠭᠤᠯᠤᠭᠰᠠᠨ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠣᠯᠤᠨ᠎ᠠ᠃ | ᠮᠠᠨ ᠤ ᠥᠪᠡᠷᠲᠡᠭᠡᠨ ᠵᠠᠰᠠᠬᠤ ᠣᠷᠣᠨ ᠳᠤ ᠠᠪᠴᠤ ᠬᠡᠯᠡᠪᠡᠯ᠂ ᠪᠥᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ | ᠡᠷᠬᠡᠪᠰᠢ ᠰᠠᠶᠢᠲᠤᠷ ᠡᠭᠦᠷᠭᠡᠯᠡᠬᠦ ᠬᠡᠷᠡᠭᠲᠡᠶ ᠤᠯᠤᠰ ᠲᠥᠷᠥ ᠶᠢᠨ ᠬᠠᠷᠢᠭᠤᠴᠠᠯᠭ᠎ᠠ ᠪᠣᠯᠬᠤ ᠪᠠᠷ ᠪᠠᠷᠠᠬᠤ ᠥᠬᠡᠶ᠂ ᠴᠢᠨᠠᠷᠯᠢᠭ | ᠬᠥᠭᠵᠢᠯᠲᠡ ᠶᠢ ᠳᠥᠯᠭᠢᠨ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠮᠥᠨ᠃ ᠡᠶᠢᠮᠦ ᠠᠴᠠ ᠡᠨᠡ ᠵᠢᠯ ᠤᠨ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠤ ᠡᠨᠡ ᠲᠠᠯ᠎ᠠ ᠶᠢᠨ ᠠᠭᠤᠯᠭ᠎ᠠ ᠶᠢ ᠠᠰ ᠲᠤ ᠨᠢ ᠨᠢᠭᠡ ᠬᠡᠰᠡᠭ ᠲᠤ ᠵᠢᠭᠰᠠᠭᠠᠵᠤ | ᠪᠠᠶᠢᠷᠢᠯᠠᠭᠤᠯᠪᠠ᠃ ᠮᠠᠨ ᠤ ᠣᠷᠣᠨ ᠬᠠᠲᠤᠨ ᠭᠤᠤᠯ ᠤᠨ ᠳᠡᠭᠡᠳᠦ ᠳᠣᠤᠷᠠᠳᠤ ᠤᠷᠤᠰᠬᠠᠯ᠂ ᠭᠤᠤᠯ ᠰᠠᠯᠪᠤᠷᠢ ᠤᠷᠤᠰᠬᠠᠯ᠂ | ᠵᠡᠭᠦᠨ ᠪᠠᠷᠠᠭᠤᠨ ᠡᠷᠭᠢ ᠶᠢ ᠵᠣᠬᠢᠴᠠᠭᠤᠯᠤᠨ ᠵᠠᠰᠠᠬᠤ ᠶᠢ ᠴᠢᠩᠭᠠᠳᠬᠠᠵᠤ᠂ ᠭᠤᠤᠯ ᠤᠨ ᠵᠠᠮ ᠪᠠ ᠡᠷᠭᠢ ᠶᠢᠨ ᠱᠤᠭᠤᠮ ᠢ ︽ | ᠳᠤᠷ᠎ᠠ ᠪᠠᠷ ᠡᠵᠡᠯᠡᠬᠦ︾ ︽ᠳᠤᠷ᠎ᠠ ᠪᠠᠷ ᠪᠠᠶᠢᠭᠤᠯᠬᠤ︾ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ | ᠭᠤᠤᠯᠳᠠᠯᠭ᠎ᠠ ᠲᠠᠢ ᠣᠷᠣᠨ ᠪᠦᠰᠡ ᠶᠢᠨ ᠬᠥᠷᠥᠰᠥ ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ ᠡᠷᠴᠢᠮ ᠢ | ᠴᠢᠩᠭᠠᠷᠠᠭᠤᠯᠤᠨ᠂ ᠬᠠᠲᠤᠨ ᠭᠤᠤᠯ ᠳᠠᠭᠠᠤ ᠭᠠᠵᠠᠷ ᠣᠷᠣᠨ ᠤ ᠣᠷᠴᠢᠨ ᠲᠣᠭᠤᠷᠢᠨ ᠤ ᠪᠣᠬᠢᠷᠲᠤᠯ ᠢ ᠰᠢᠰᠲ᠋ᠧᠮ ᠲᠠᠢ | ᠵᠠᠰᠠᠬᠤ ᠪᠠ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ | ᠴᠢᠩᠭᠠᠷᠠᠭᠤᠯᠤᠨ᠎ᠠ᠃ ᠮᠠᠨ ᠤ ᠣᠷᠣᠨ ᠤ ᠬᠠᠲᠤᠨ ᠭᠤᠤᠯ ᠳᠠᠭᠠᠤ ᠭᠠᠵᠠᠷ ᠣᠷᠣᠨ ᠤ ᠤᠰᠤᠨ ᠤ ᠡᠬᠢ ᠪᠠᠶᠠᠯᠢᠭ ᠤᠨ | ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠲᠣᠪᠤᠶᠢᠮ᠎ᠠ ᠪᠠᠶᠢᠵᠤ᠂ ᠠᠵᠤ ᠠᠬᠤᠶ ᠶᠢ ᠬᠥᠭᠵᠢᠭᠦᠯᠬᠦ ᠳᠤ ᠡᠷᠬᠡᠪᠰᠢ ᠤᠰᠤᠨ ᠤ | ᠡᠬᠢ ᠪᠠᠶᠠᠯᠢᠭ ᠳᠤᠲᠠᠭᠳᠠᠵᠤ ᠪᠠᠶᠢᠭ᠎ᠠ ᠡᠨᠡ ᠬᠦ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ ᠤᠰᠤ ᠶᠢ ᠠᠷᠪᠢᠯᠠᠵᠤ | ᠤᠰᠤ ᠶᠢ ᠬᠢᠵᠠᠭᠠᠷᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ | ᠪᠥᠭᠡᠳ ᠦᠷ᠎ᠡ ᠠᠰᠢᠭ ᠢᠶᠠᠷ ᠳᠣᠤᠷ᠎ᠠ ᠪᠠᠶᠢᠭᠰᠠᠨ ᠠᠴᠠ ᠠᠷᠪᠢᠯᠠᠨ ᠡᠷᠴᠢᠮᠵᠢᠭᠦᠯᠬᠦ ᠲᠡᠶᠢᠰᠢ ᠬᠤᠪᠢᠷᠠᠭᠤᠯᠬᠤ ᠶᠢ | ᠦᠷᠭᠦᠯᠵᠢᠯᠡᠨ ᠠᠬᠢᠭᠤᠯᠬᠤ ᠬᠡᠷᠡᠭᠲᠡᠶ᠃ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ | ᠨᠡᠭᠦᠷᠡᠰᠦᠨ ᠤ ᠪᠤᠰᠤ ᠠᠵᠤ ᠦᠢᠯᠡᠰ᠂ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ᠂ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠢ ᠬᠦᠴᠦᠯᠡᠨ ᠪᠤᠶᠢᠵᠢᠭᠤᠯᠵᠤ᠂ ᠬᠠᠲᠤᠨ ᠭᠤᠣᠯ ᠳᠠᠭᠠᠤ ᠭᠠᠵᠠᠷ ᠣᠷᠣᠨ ᠤ ᠭᠤᠣᠯᠯᠠᠬᠤ | ᠬᠤᠳᠠ ᠪᠠ ᠬᠤᠳᠠ ᠶᠢᠨ ᠰᠥᠷᠥᠭᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠡᠭᠦᠨ ᠤ ᠬᠠᠮᠲᠤ᠂ ᠬᠠᠲᠤᠨ | ᠭᠤᠤᠯ ᠤᠨ ᠰᠣᠶᠣᠯ ᠢ ᠬᠠᠮᠠᠭᠠᠯᠠᠬᠤ᠂ ᠤᠯᠠᠮᠵᠢᠯᠠᠬᠤ ᠪᠠ ᠪᠠᠳᠠᠷᠠᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨ ᠬᠦ | ᠡᠭᠦᠷᠭᠡᠯᠡᠵᠦ᠂ ᠬᠠᠲᠤᠨ ᠭᠤᠤᠯ ᠤᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ︽ | ᠬᠠᠲᠤᠨ ᠭᠤᠤᠯ ᠤᠨ ᠥᠯᠢᠭᠡᠷ︾ ᠢ ᠰᠠᠶᠢᠲᠤᠷ ᠶᠠᠷᠢᠵᠤ᠂ ᠰᠣᠶᠣᠯ ᠤᠨ ᠡᠬᠢ ᠪᠠᠶᠠᠯᠢᠭ ᠪᠠ ᠪᠠᠶᠢᠭᠠᠯᠢ ᠶᠢᠨ ᠡᠬᠢ | ᠪᠠᠶᠠᠯᠢᠭ ᠤᠨ ᠣᠷᠭᠠᠨᠢᠭ ᠠᠭᠤᠰᠤᠯᠴᠠᠯ ᠢ ᠠᠬᠢᠭᠤᠯᠤᠨ᠂ ᠣᠯᠠᠨ ᠤᠯᠤᠰ ᠲᠤ ᠨᠥᠯᠥᠭᠡᠯᠡᠬᠦ ᠬᠦᠴᠦᠨ ᠪᠥᠬᠦᠶ ᠬᠠᠲᠤᠨ | ᠭᠤᠤᠯ ᠤᠨ ︽几︾ ᠥᠰᠥᠭ ᠤᠨ ᠮᠣᠷᠣᠶᠢᠯᠲᠠ ᠶᠢᠨ ᠰᠣᠶᠣᠯ ᠤᠨ ᠵᠢᠭᠤᠯᠴᠢᠯᠠᠯ ᠤᠨ ᠪᠦᠰᠡ ᠶᠢ ᠪᠣᠶ ᠪᠣᠯᠭᠠᠨ᠎ᠠ᠃ | ᠵᠢᠷᠭᠤᠳᠤᠭᠠᠷ ᠭᠤᠣᠯᠳᠠᠯᠭ᠎ᠠ ᠲᠠᠢ ᠠᠵᠢᠯ ᠪᠣᠯ ᠥᠭᠡᠷᠡᠴᠢᠯᠡᠯᠲᠡ ᠨᠡᠭᠡᠭᠡᠯᠳᠡ ᠶᠢ ᠨᠡᠩ ᠶᠡᠭᠡ ᠡᠷᠴᠢᠮ ᠲᠠᠢ ᠪᠠᠷ ᠠᠬᠢᠭᠤᠯᠬᠤ | ᠶᠠᠪᠤᠳᠠᠯ ᠪᠣᠯᠤᠨ᠎ᠠ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠦᠷᠭᠦᠯᠵᠢᠯᠡᠨ ᠲᠥᠪ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠵᠢᠯ ᠤᠨ ᠲᠣᠬᠢᠷᠠᠭᠤᠯᠤᠯᠲᠠ ᠶᠣᠰᠣᠭᠠᠷ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠬᠦ | ᠡᠷᠴᠢᠮ ᠢᠶᠠᠨ ᠴᠢᠩᠭᠠᠷᠠᠭᠤᠯᠤᠨ᠎ᠠ᠃ ᠥᠭᠡᠷᠡᠴᠢᠯᠡᠯᠲᠡ ᠬᠢᠬᠦ ᠲᠠᠯ᠎ᠠ ᠪᠠᠷ᠂ ᠭᠤᠣᠯᠳᠠᠭᠤ ᠵᠠᠬ᠎ᠠ ᠳᠡᠯᠭᠡᠭᠦᠷᠴᠢᠯᠡᠭᠰᠡᠨ᠂ | ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠦᠴᠦᠯᠡᠨ ᠪᠤᠶ ᠪᠣᠯᠭᠠᠵᠤ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ | ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ ᠤᠳᠠᠭᠠᠰᠢᠷᠠᠭᠤᠯᠬᠤ ᠠᠴᠠ | ᠰᠡᠷᠭᠡᠶᠢᠯᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠢᠶᠠᠷ ᠪᠣᠳᠠᠲᠤ | ᠴᠣᠭᠴᠠᠲᠤ ᠠᠵᠤ ᠠᠬᠤᠶ ᠶᠢ ᠪᠦᠲᠦᠮᠵᠢᠲᠡᠶ ᠳᠡᠮᠵᠢᠬᠦ ᠪᠠᠶᠢᠭᠤᠯᠤᠯ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠰᠢᠰᠲ᠋ᠧᠮᠲᠦᠨ ᠴᠢᠨᠠᠷᠲᠠᠶ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ | ᠨᠡᠭᠡᠭᠡᠯᠳᠡ ᠬᠢᠬᠦ ᠲᠠᠯ᠎ᠠ ᠪᠠᠷ᠂ ᠪᠦᠬᠦ ᠲᠠᠯ᠎ᠠ ᠶᠢᠨ ᠪᠣᠭᠤᠮᠲᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠨᠡᠪᠲᠡᠷᠡᠬᠦ | ᠵᠠᠮ ᠤᠨ ᠠᠵᠤ ᠠᠬᠤᠢ ᠶᠢ ᠪᠣᠳᠠᠲᠠᠶᠢᠵᠢᠭᠰᠠᠨ ᠠᠵᠤ ᠠᠬᠤᠢ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠮᠠᠨᠵᠤᠤᠷ ᠵᠡᠷᠭᠡ | ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠰᠢᠨ᠎ᠡ ᠶᠢ ᠡᠭᠦᠳᠦᠨ | ᠬᠥᠭᠵᠢᠬᠦ ᠶᠢ ᠬᠦᠴᠦᠯᠡᠨ ᠠᠬᠢᠭᠤᠯᠵᠤ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ | ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠳᠣᠯᠣᠳᠤᠭᠠᠷ | ᠭᠤᠣᠯᠳᠠᠯᠭ᠎ᠠ ᠲᠠᠢ ᠠᠵᠢᠯ ᠪᠣᠯ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ | ᠶᠠᠪᠤᠳᠠᠯ ᠪᠣᠯᠤᠨ᠎ᠠ᠃ ︽13 · 5︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠴᠠ ᠨᠠᠭᠠᠰᠢ᠂ ᠥᠪᠥᠷ | ᠮᠣᠩᠭᠤᠯ ᠤᠨ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠡᠶᠡᠯᠡᠭᠦᠯᠵᠦ᠂ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠪᠠᠶᠢᠳᠠᠯ ᠢᠯᠡᠷᠡᠪᠡ᠃ ᠡᠨᠡ ᠵᠢᠯ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠠᠯᠢ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠠᠮᠢ | ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡ ᠬᠦ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ ᠪᠠᠷ ᠪᠣᠢ᠃ ᠡᠭᠦᠨ ᠳᠤ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ᠂ ︽ᠭᠤᠷᠪᠠᠨ ᠱᠤᠭᠤᠮ ᠨᠢᠭᠡ | ᠬᠠᠭᠤᠳᠠᠰᠤ︾ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠤᠢ ᠰᠢᠭᠤᠢ ᠶᠢᠨ ᠳᠠᠷᠤᠭ᠎ᠠ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠬᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ | ᠠᠬᠢᠭᠤᠯᠬᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠵᠡᠷᠭᠡ | ᠪᠠᠭᠲᠠᠨ᠎ᠠ᠃ ᠪᠠᠰᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ | ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠨᠠᠷᠢᠯᠢᠭᠵᠢᠭᠤᠯᠤᠭᠰᠠᠨ ᠵᠥᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠵᠦ᠂ ᠬᠦᠬᠡ ᠣᠭᠲᠠᠷᠭᠤᠢ᠂ ᠨᠣᠮᠢᠨ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ | ᠪᠦᠲᠦᠭᠡᠯ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠠᠴᠠ | ᠳᠣᠷᠣᠭᠰᠢᠯᠠᠭᠤᠯᠬᠤ ᠬᠠᠷᠠᠯᠲᠠ ᠪᠣᠯᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠥᠯᠥ ᠭᠠᠳᠠᠭᠰᠢᠯᠠᠭᠤᠯᠬᠤ ᠬᠦᠰᠡᠯ | ᠪᠣᠳᠣᠯ ᠪᠣᠯ ᠮᠠᠨ ᠤ ᠤᠯᠤᠰ ᠤᠨ ᠳᠡᠯᠡᠬᠡᠢ ᠨᠡᠶᠢᠭᠡᠮ ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠤᠨ᠎ᠠ᠃ ᠮᠠᠨ ᠤ ᠣᠷᠣᠨ ᠤ | ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠡᠭᠦᠷᠭᠡ ᠬᠠᠲᠠᠭᠤ ᠪᠡᠷᠬᠡ ᠪᠠᠶᠢᠨ᠎ᠠ᠂ ᠡᠨᠡ ᠵᠢᠯ ᠡᠨᠧᠷᠭᠢ ᠶᠢ ᠠᠷᠪᠢᠯᠠᠨ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭᠠᠰᠬᠠᠬᠤ ᠶᠢ ᠵᠣᠬᠢᠴᠠᠭᠤᠯᠤᠨ ᠠᠬᠢᠭᠤᠯᠵᠤ᠂ | ᠨᠢᠭᠡᠨᠲᠡ ᠪᠠᠶᠢᠭ᠎ᠠ ᠪᠠ ᠰᠢᠨ᠎ᠡ ᠪᠠᠷ ᠪᠠᠶᠢᠭᠤᠯᠤᠭᠰᠠᠨ ᠲᠦᠷᠦᠯ ᠵᠦᠢᠯ ᠢ ᠤᠯᠤᠰ ᠤᠨ ᠡᠨᠧᠷᠭᠢ ᠶᠢᠨ ᠬᠤᠷᠣᠭᠳᠠᠭᠤᠯᠭ᠎ᠠ ᠶᠢᠨ | ᠲᠡᠷᠢᠭᠦᠨ ᠤ ᠪᠠᠷᠢᠮᠵᠢᠶ᠎ᠠ ᠳᠤ ᠬᠦᠷᠭᠡᠬᠦ ᠶᠢ ᠠᠬᠢᠭᠤᠯᠵᠤ᠂ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠬᠦᠳᠦᠯᠥᠨ ᠳᠠᠭᠠᠭᠤᠯᠬᠤ ᠬᠡᠷᠡᠭᠲᠡᠢ᠃ ᠨᠠᠢᠮᠠᠳᠤᠭᠠᠷ ᠭᠤᠣᠯᠳᠠᠯᠭ᠎ᠠ ᠲᠠᠢ ᠠᠵᠢᠯ ᠪᠣᠯ | ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠶᠠᠪᠤᠳᠠᠯ ᠪᠣᠯᠤᠨ᠎ᠠ᠃ ᠨᠡᠶᠢᠭᠡᠮ ᠵᠢᠷᠤᠮ ᠤᠨ | ᠭᠤᠣᠯᠯᠠᠬᠤ ᠦᠷᠳᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠵᠤ᠂ ᠡᠭᠡ ᠣᠷᠣᠨᠴᠢ ᠦᠵᠡᠯ ᠤᠨ ᠬᠥᠮᠦᠵᠢᠯ ᠪᠠ ᠠᠷᠠᠳ | ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠦᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠦᠷᠭᠦᠯᠵᠢᠯᠡᠨ ᠤᠯᠠᠮᠵᠢᠯᠠᠨ ᠪᠠᠳᠠᠷᠠᠭᠤᠯᠵᠤ᠂ ᠬᠤᠪᠢᠰᠬᠠᠯᠲᠤ ᠰᠣᠶᠣᠯ ᠢ ᠵᠠᠯᠭᠠᠮᠵᠢᠯᠠᠨ᠂ ᠨᠡᠶᠢᠭᠡᠮ ᠵᠢᠷᠤᠮ ᠤᠨ | ᠲᠡᠷᠢᠭᠦᠨ ᠤ ᠰᠣᠶᠣᠯ ᠢ ᠬᠥᠭᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠬᠦᠷᠲᠡᠬᠦ ᠳᠤᠮᠳᠠᠳᠤ ᠶᠢᠨ ᠰᠣᠶᠣᠯ ᠤᠨ | ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠵᠤ ᠲᠤᠪᠤᠶᠢᠯᠭᠠᠨ᠎ᠠ᠃ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠪᠠᠶᠠᠷ ᠪᠡᠯᠭᠡᠯᠡᠬᠦ ᠴᠢᠬᠤᠯᠠ ᠶᠡᠭᠡ ᠴᠠᠭ | ᠵᠠᠩᠭᠢᠶᠠᠰᠤ ᠶᠢᠨ ᠲᠣᠭᠤᠷᠢᠨ ᠳᠤ ᠭᠤᠣᠯᠳᠠᠯᠭ᠎ᠠ ᠲᠠᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠥᠷᠨᠢᠭᠦᠯᠵᠦ᠂ | ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠪᠠ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠶᠢᠰᠦᠳᠦᠭᠡᠷ ᠭᠤᠣᠯᠳᠠᠯᠭ᠎ᠠ ᠲᠠᠢ ᠠᠵᠢᠯ ᠪᠣᠯ ᠠᠷᠠᠳ ᠤᠨ | ᠠᠮᠢᠳᠤᠷᠠᠯ ᠤᠨ ᠦᠨᠳᠦᠰᠦᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠤᠨ | ᠪᠤᠶᠠᠨ ᠬᠡᠰᠢᠭ ᠢ ᠨᠡᠮᠡᠭᠳᠡᠭᠦᠯᠬᠦ ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ ᠮᠥᠨ᠃ ᠡᠨᠡ ᠵᠢᠯ ᠮᠠᠨ ᠤ ᠣᠷᠣᠨ ᠤ | ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ | ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮᠴᠢᠯᠡᠭᠡ᠂ ᠰᠤᠷᠭᠠᠨ ᠬᠥᠮᠦᠵᠢᠯ᠂ ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ | ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠠᠴᠠ ᠡᠭᠦᠰᠦᠨ᠂ ᠪᠥᠬᠦ ᠣᠷᠣᠨ ᠤ | ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠬᠡᠷᠡᠭᠴᠡᠭᠡ | ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠠᠷᠠᠳ ᠣᠯᠠᠨ ᠤ ᠬᠦᠷᠲᠡᠭᠡᠮᠵᠢᠲᠦ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦ᠋ᠢᠴᠡ | ᠪᠣᠯᠭᠠᠨ᠎ᠠ᠃ ᠤᠢᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠤᠯᠠᠨ ᠭᠠᠵᠠᠷ ᠲᠤ ᠵᠠᠯᠭᠠᠭ᠎ᠠ ᠪᠠᠷ | ᠲᠥᠪᠯᠡᠷᠡᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠴᠦ᠂ ᠶᠡᠷᠦᠩᠬᠡᠢ ᠳᠤ ᠨᠢ ᠠᠪᠴᠤ ᠦᠵᠡᠪᠡᠯ ᠰᠡᠷᠭᠡᠶᠢᠯᠡᠨ ᠡᠵᠡᠮᠳᠡᠬᠦ | ᠪᠠᠶᠢᠳᠠᠯ ᠮᠥᠨ ᠴᠦ ᠬᠦᠨᠳᠦ ᠬᠡᠴᠡᠭᠦᠦ ᠪᠠᠶᠢᠨ᠎ᠠ᠃ 2021 ᠣᠨ ᠳᠤ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠪᠠᠶᠢᠩᠭᠤ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠥᠮᠦᠨ᠂ | ᠪᠣᠳᠠᠰ᠂ ᠣᠷᠴᠢᠨ ᠲᠣᠭᠤᠷᠢᠨ ᠢ ᠵᠡᠷᠭᠡ ᠪᠠᠷ ᠰᠡᠷᠭᠡᠶᠢᠯᠡᠬᠦ ᠶᠢ ᠪᠠᠷᠢᠮᠲᠠᠯᠠᠵᠤ᠂ ︽ᠭᠠᠳᠠᠭᠠᠳᠤ ᠠᠴᠠ ᠣᠷᠣᠵᠤ ᠢᠷᠡᠬᠦ ᠶᠢ | ᠰᠡᠷᠭᠡᠶᠢᠯᠡᠬᠦ᠂ ᠳᠣᠲᠣᠭᠠᠳᠤ ᠳᠤ ᠲᠠᠬᠢᠨ ᠰᠡᠷᠭᠦᠬᠦ ᠶᠢ ᠰᠡᠷᠭᠡᠶᠢᠯᠡᠬᠦ︾ ᠶᠢ ᠰᠠᠶᠢᠲᠤᠷ ᠠᠳᠬᠤᠬᠤ ᠬᠡᠷᠡᠭᠲᠡᠢ᠃ ᠨᠡᠶᠢᠰᠯᠡᠯ ᠤᠨ | ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠰᠢᠢᠳᠪᠦᠷᠢᠯᠡᠬᠦ᠂ ᠬᠢᠯᠢ ᠶᠢᠨ | ᠪᠣᠭᠤᠮᠲᠠ ᠶᠢ ᠰᠡᠷᠭᠡᠶᠢᠯᠡᠨ ᠡᠵᠡᠮᠳᠡᠬᠦ᠂ ᠨᠡᠶᠢᠭᠡᠮ ᠲᠣᠭᠤᠷᠢᠭ ᠢ ᠲᠣᠤᠷᠵᠢᠭᠤᠯᠤᠨ ᠬᠠᠮᠢᠶᠠᠷᠬᠤ ᠪᠠ ᠸᠠᠺᠼᠢᠨ ᠤ ᠲᠠᠷᠢᠯᠭ᠎ᠠ | ᠳᠠᠷᠢᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠠᠷᠠᠳ ᠣᠯᠠᠨ ᠤ | ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ | ᠬᠥᠲᠥᠯᠥᠭᠴᠢ᠄ | 2021 ᠣᠨ ᠪᠣᠯ ︽14·5︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠡᠨᠡ ᠵᠢᠯ | ᠥᠪᠡᠷᠲᠡᠭᠡᠨ ᠵᠠᠰᠠᠬᠤ ᠣᠷᠣᠨ ᠠᠷᠠᠳ ᠤᠨ ᠠᠮᠢᠳᠤᠷᠠᠯ ᠤᠨ ᠶᠠᠮᠠᠷ ᠶᠠᠮᠠᠷ ᠪᠣᠳᠠᠲᠠᠢ ᠠᠵᠢᠯ ᠢ ᠭᠤᠣᠯᠳᠠᠯᠭ᠎ᠠ ᠲᠠᠢ ᠰᠠᠶᠢᠲᠤᠷ | ᠬᠢᠬᠦ ᠪᠠᠷ ᠪᠡᠯᠡᠳᠬᠡᠵᠦ ᠪᠠᠶᠢᠬᠤ ᠪᠤᠢ︖ | ᠯᠸᠢ ᠵᠢᠶ ᠫᠧᠩ᠄ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠠᠷᠠᠳ ᠤᠨ ᠠᠮᠢᠳᠤᠷᠠᠯ ᠲᠠᠢ ᠬᠤᠯᠪᠣᠭᠳᠠᠬᠤ | ᠠᠭᠤᠯᠭ᠎ᠠ ᠨᠢ ᠮᠥᠨ ᠯᠡ ᠬᠠᠮᠤᠭ ᠤᠨ ᠶᠡᠭᠡ ᠬᠠᠭᠤᠳᠠᠰᠤ ᠬᠡᠮᠵᠢᠶ᠎ᠡ ᠶᠢ ᠡᠵᠡᠯᠡᠭᠰᠡᠨ ᠶᠤᠮ᠂ ᠡᠨᠡ ᠨᠢ ᠵᠠᠰᠠᠭ ᠤᠨ | ᠣᠷᠳᠣᠨ ᠠᠴᠠ ᠠᠷᠠᠳ ᠤᠨ ᠠᠮᠢᠳᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠤᠯᠠᠨ ᠤ ᠬᠦᠰᠡᠯ | ᠡᠷᠡᠮᠡᠯᠵᠡᠯ ᠪᠠ ᠬᠦᠰᠡᠯ ᠱᠠᠭᠠᠷᠳᠠᠯᠭ᠎ᠠ ᠳᠤ ᠨᠡᠩ ᠢᠯᠡᠭᠦᠦ ᠠᠩᠬᠠᠷᠤᠯ ᠢᠶᠠᠨ ᠬᠠᠨᠳᠤᠭᠤᠯᠵᠤ ᠪᠠ ᠬᠠᠷᠢᠭᠤᠯᠲᠠ ᠥᠭᠭᠦᠭᠰᠡᠨ ᠢ | ᠭᠦᠢᠴᠡᠳ ᠬᠠᠷᠠᠭᠤᠯᠵᠤ ᠪᠠᠶᠢᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠬᠥᠭᠵᠢᠯᠲᠡ ᠶᠢᠨ ᠦᠵᠡᠯ | ᠰᠠᠨᠠᠭ᠎ᠠ ᠨᠢ ᠴᠤ ᠮᠠᠨ ᠤ ᠣᠷᠣᠨ ᠤ ︽14·5︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠰᠠᠭ ᠤᠨ ᠣᠷᠳᠣᠨ ᠤ | ᠠᠵᠢᠯ ᠤᠨ ᠪᠦᠬᠦ ᠶᠠᠪᠤᠴᠠ ᠳᠤ ᠲᠤᠭᠤᠰᠢᠯᠠᠭᠳᠠᠬᠤ ᠪᠣᠯᠤᠨ᠎ᠠ᠃ ᠡᠩ ᠲᠡᠷᠢᠭᠦᠨ ᠳᠤ ᠠᠵᠢᠯ ᠣᠯᠭᠤᠯᠲᠠ ᠶᠢᠨ ᠲᠤᠬᠠᠶ | ᠶᠠᠷᠢᠶ᠎ᠠ᠃ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠃ ᠡᠨᠡ ᠵᠢᠯ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ᠂ ᠮᠠᠯᠴᠢᠨ ᠲᠠᠷᠢᠶᠠᠴᠢᠨ | ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ | ᠬᠦᠮᠦᠰ ᠤᠨ ᠠᠵᠢᠯ ᠣᠯᠭᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠂ ᠡᠲᠡᠭᠡᠷ ᠬᠦᠮᠦᠰ ᠤᠨ ᠠᠵᠢᠯ ᠣᠯᠭᠤᠯᠲᠠ ᠶᠢᠨ | ᠠᠰᠠᠭᠤᠳᠠᠯ ᠢ ᠰᠢᠢᠳᠪᠦᠷᠢᠯᠡᠴᠢᠬᠡᠪᠡᠯ᠂ ᠪᠥᠬᠦ ᠣᠷᠣᠨ ᠤ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠴᠤ | ᠬᠠᠷᠢᠴᠠᠩᠭᠤᠶ ᠪᠠᠷ ᠲᠣᠭᠲᠠᠭᠤᠨ ᠪᠣᠯᠤᠨ᠎ᠠ᠃ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ | ᠠᠵᠢᠯᠯᠠᠭ᠎ᠠ ᠪᠠ ᠲᠤᠬᠠᠶᠢᠯᠠᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠭᠤᠤᠯᠳᠠᠯᠭ᠎ᠠ ᠲᠠᠢ ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠ ᠣᠯᠠᠨ | ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠨ᠎ᠡ᠂ ᠡᠨᠡ ᠪᠣᠯ ᠬᠢᠵᠢᠭ ᠤᠨ ᠪᠠᠶᠢᠳᠠᠯ ᠤᠨ | ᠲᠠᠭᠠᠷᠢᠯᠲᠠ ᠶᠢᠨ ᠨᠥᠯᠥᠭᠡ ᠶᠢ ᠠᠷᠢᠯᠭᠠᠬᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠪᠠ ᠥᠷᠭᠡᠳᠬᠡᠬᠦ ᠶᠢᠨ ᠴᠢᠬᠤᠯᠠ ᠠᠷᠭ᠎ᠠ ᠬᠡᠮᠵᠢᠶ᠎ᠡ ᠮᠥᠨ᠃ ᠪᠠᠰᠠ ᠠᠵᠢᠯ ᠣᠯᠭᠤᠯᠲᠠ ᠶᠢᠨ ᠤᠯᠠᠨ | ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠵᠤ᠂ ᠰᠦᠯᠵᠢᠶᠡᠨ ᠤ ᠭᠠᠳᠠᠨᠠᠬᠢ ᠪᠠ ᠰᠦᠯᠵᠢᠶᠡᠨ ᠳᠡᠭᠡᠷᠡᠬᠢ | ᠦᠢᠯᠡᠴᠢᠯᠡᠭᠡ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠶᠢ ᠠᠬᠢᠭᠤᠯᠵᠤ᠂ ᠨᠡᠶᠢᠭᠡᠮ ᠤᠨ ᠠᠵᠢᠯ ᠡᠷᠢᠬᠦ᠂ | ᠠᠵᠢᠯᠲᠠᠨ ᠤᠷᠢᠬᠤ᠂ ᠦᠢᠯᠡᠰ ᠪᠤᠰᠬᠠᠬᠤ ᠵᠡᠷᠭᠡ ᠤᠯᠠᠨ ᠲᠠᠯ᠎ᠠ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠡᠷᠡᠭᠦᠯ ᠡᠩᠬᠡ | ᠥᠪᠥᠷ ᠮᠣᠩᠭᠤᠯ ᠢ ᠪᠥᠲᠥᠭᠡᠨ ᠪᠠᠶᠢᠭᠤᠯᠬᠤ ᠲᠠᠯ᠎ᠠ ᠪᠠᠷ᠃ ᠡᠨᠡ ᠵᠢᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠳᠤ ᠢᠯᠡᠷᠡᠭᠰᠡᠨ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠰᠢᠢᠳᠪᠦᠷᠢᠯᠡᠬᠦ ᠠᠴᠠ ᠭᠠᠷᠳᠠᠵᠤ᠂ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠭᠲᠠᠯᠴᠠᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠯᠴᠠᠭ᠎ᠠ ᠶᠢ ᠪᠦᠷᠢᠨᠰᠢᠬᠦᠯᠵᠦ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠲᠦᠷᠢᠮ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠲᠦᠷᠭᠡᠳᠬᠡᠨ᠂ ᠨᠡᠶᠢᠭᠡᠮ ᠤᠨ ᠬᠦᠴᠦᠨ ᠠᠴᠠ ᠡᠮᠨᠡᠯᠭᠡ ᠶᠢᠨ ᠬᠤᠷᠢᠶ᠎ᠠ ᠡᠷᠭᠢᠯᠡᠬᠦ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠬᠢᠲᠠᠳ ᠡᠮ ᠡᠮᠨᠡᠯᠭᠡ᠂ ᠮᠣᠩᠭᠤᠯ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ | ᠰᠢᠨ᠎ᠡ ᠶᠢ ᠡᠭᠦᠳᠬᠦ ᠶᠢ ᠠᠬᠢᠭᠤᠯᠤᠨ᠂ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ᠂ ᠶᠠᠰᠤ ᠴᠢᠨᠠᠷ ᠪᠠ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠵᠠᠯᠠᠭᠤᠴᠤᠳ ᠪᠠᠭᠠᠴᠤᠳ ᠤᠨ ᠨᠢᠳᠦᠨ ᠬᠠᠷᠠᠭᠠᠶ ᠶᠢᠨ ᠡᠷᠡᠭᠦᠯ ᠮᠡᠨᠳᠦ ᠳᠠᠬᠢ | ᠠᠩᠬᠠᠷᠤᠯ ᠢᠶᠠᠨ ᠴᠢᠩᠭᠠᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠠ ᠪᠥᠬᠦ ᠠᠷᠠᠳ ᠤᠨ ᠡᠷᠡᠭᠦᠯ | ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠶᠡᠭᠡ ᠪᠠᠷ ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠃ | ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ | ᠰᠠᠭᠤᠷᠢ ᠮᠥᠩᠭᠦ ᠪᠠ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠦᠨ᠂ ᠠᠵᠢᠯ ᠠᠯᠳᠠᠭᠰᠠᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠶ | ᠲᠥᠯᠥᠪᠯᠡᠬᠦ ᠶᠢ ᠠᠬᠢᠭᠤᠯᠵᠤ᠂ ᠰᠢᠨ᠎ᠡ ᠴᠠᠭ ᠤᠨ ᠪᠠᠶᠢᠳᠠᠯ ᠳᠣᠤᠷᠠᠬᠢ ᠠᠮᠢᠳᠤᠯᠢᠭ ᠢᠶᠠᠷ ᠠᠵᠢᠯ ᠣᠯᠤᠭᠰᠠᠳ᠂ ᠰᠢᠨ᠎ᠡ | ᠡᠵᠡᠩᠨᠡᠯᠲᠡ ᠶᠢᠨ ᠪᠠᠶᠢᠳᠠᠯ ᠤᠨ ᠠᠵᠢᠯ ᠬᠢᠭᠰᠡᠳ᠂ ᠡᠷᠦᠬᠡ ᠠᠴᠠ ᠪᠠᠨ ᠰᠠᠯᠵᠤ ᠭᠠᠳᠠᠨ᠎ᠠ ᠬᠦᠴᠦ ᠶᠠᠪᠤᠭᠰᠠᠳ ᠵᠡᠷᠭᠡ | ᠬᠦᠮᠦᠰ ᠤᠨ ᠳᠠᠭᠠᠳᠬᠠᠯ ᠳᠤ ᠣᠷᠣᠯᠴᠠᠬᠤ ᠠᠰᠠᠭᠤᠳᠠᠯ ᠢ ᠭᠤᠤᠯᠳᠠᠯᠭ᠎ᠠ ᠲᠠᠢ ᠰᠠᠶᠢᠲᠤᠷ ᠰᠢᠢᠳᠪᠦᠷᠢᠯᠡᠨ᠎ᠡ᠃ ᠬᠦᠨᠳᠦ | ᠡᠪᠡᠳᠴᠢᠨ᠂ ᠣᠨᠴᠠ ᠶᠡᠭᠡ ᠡᠪᠡᠳᠴᠢᠨ ᠡᠮᠭᠡᠭ ᠤᠨ ᠡᠮᠴᠢᠯᠡᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ | ᠪᠦᠷᠢᠨᠰᠢᠬᠦᠯᠵᠤ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠨᠠᠶᠢᠳᠠᠪᠤᠷᠢᠵᠢᠭᠤᠯᠵᠤ᠂ | ᠠᠷᠠᠳ ᠤᠯᠠᠨ ᠳᠤ ᠨᠡᠩ ᠤᠯᠠᠨ ᠪᠣᠳᠠᠲᠤ ᠠᠰᠢᠭ ᠪᠠ ᠲᠦᠬᠦᠮ ᠦᠵᠡᠭᠦᠯᠦᠨ᠎ᠡ᠃ ᠠᠮᠢᠳᠤᠷᠠᠯ ᠨᠢ ᠬᠦᠴᠢᠷᠳᠡᠯᠲᠡᠶ ᠠᠵᠢᠯ | ᠠᠯᠳᠠᠭᠰᠠᠳ ᠵᠢᠴᠢ ᠬᠡᠷ ᠪᠦᠯᠢ ᠶᠢᠨ ᠬᠢᠨ ᠴᠠᠭ ᠲᠤᠬᠠᠶ ᠳᠤ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠲᠦᠷ | ᠴᠠᠭ ᠤᠨ ᠠᠪᠤᠷᠠᠨ ᠲᠤᠰᠠᠯᠠᠯᠲᠠ ᠵᠡᠷᠭᠡ ᠶᠢᠨ ᠬᠡᠪᠴᠢᠶᠡᠨ ᠳᠤ ᠣᠷᠣᠭᠤᠯᠵᠤ᠂ ᠣᠯᠠᠨ ᠲᠦᠮᠡᠨ ᠤ ᠭᠡᠨᠡᠳᠲᠡ ᠶᠢᠨ ᠴᠢᠨᠠᠷᠲᠠᠶ᠂ | ᠲᠤᠯᠭᠠᠮ ᠴᠢᠨᠠᠷᠲᠠᠶ᠂ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠳᠡᠯ ᠢ ᠰᠠᠶᠢᠲᠤᠷ ᠰᠢᠢᠳᠪᠦᠷᠢᠯᠡᠨ᠎ᠡ᠃ | ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠤᠨ ᠬᠦᠮᠦᠵᠢᠭᠦᠯᠬᠦ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ | ᠠᠬᠢᠭᠤᠯᠵᠤ᠂ ︽ᠨᠢᠭᠡ ᠨᠠᠰᠤᠲᠠᠨ ᠨᠢᠭᠡ ᠨᠢᠯᠬ᠎ᠠ︾ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠰᠤᠷᠭᠠᠨ | ᠬᠥᠮᠦᠵᠢᠯ ᠤᠨ ᠲᠠᠯ᠎ᠠ ᠪᠠᠷ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠢ ᠦᠷᠭᠦᠯᠵᠢᠯᠡᠨ ᠶᠡᠭᠡ ᠪᠠᠷ | ᠬᠥᠭᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷ | ᠪᠠ ᠲᠦᠭᠡᠮᠡᠯ ᠬᠠᠷᠠᠭᠠᠯᠵᠠᠯ ᠤᠨ ᠴᠢᠨᠠᠷ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠪᠠᠷ ᠲᠡᠩᠴᠡᠭᠦᠷᠢᠰᠢᠭᠦᠯᠬᠦ ᠪᠠ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠶᠢ ᠠᠬᠢᠭᠤᠯᠵᠤ | ᠂ ︽ᠢᠯᠡ ᠪᠠᠷ ᠰᠣᠷᠣᠭᠴᠢ ᠡᠯᠰᠡᠵᠦ᠂ ᠢᠯᠡ ᠪᠠᠷ ᠠᠩᠭᠢ ᠬᠤᠪᠢᠶᠠᠬᠤ︾ ᠲᠥᠷᠥ ᠶᠢᠨ ᠪᠣᠳᠣᠯᠭ᠎ᠠ ᠶᠢ ᠦᠨᠡᠨ ᠬᠦ | ᠨᠠᠶᠢᠳᠠᠪᠤᠷᠢᠵᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠦᠢᠯᠡᠰ ᠪᠠ ᠵᠢᠭᠠᠨ ᠰᠤᠷᠭᠠᠯᠲᠠ ᠶᠢ | ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠳᠡᠮᠵᠢᠬᠦ ᠠᠷᠭ᠎ᠠ ᠬᠡᠮᠵᠢᠶ᠎ᠡ ᠶᠢ | ᠲᠦᠷᠭᠡᠳᠬᠡᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠰᠤ ᠴᠢᠨᠠᠷ ᠢ | ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ︽ᠶᠠᠮᠤᠨ ᠣᠷᠣᠨ ᠬᠠᠮᠲᠤᠷᠠᠨ ᠪᠠᠶᠢᠭᠤᠯᠬᠤ︾ ᠬᠡᠯᠡᠯᠴᠡᠭᠡᠷ ᠢ | ᠨᠠᠶᠢᠳᠠᠪᠤᠷᠢᠵᠢᠭᠤᠯᠤᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ︽ᠬᠤᠤᠰ | ᠲᠡᠷᠢᠭᠦᠨ︾ ᠤ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ ᠥᠪᠡᠷ ᠤᠨ | ᠴᠢᠳᠠᠪᠤᠷᠢᠲᠠᠨ ᠢᠶᠠᠨ ᠰᠠᠶᠢᠲᠤᠷ ᠬᠥᠮᠦᠵᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠣᠷᠣᠨ ᠰᠠᠭᠤᠴᠠ ᠶᠢᠨ ᠪᠠᠲᠤᠯᠠᠭ᠎ᠠ ᠶᠢᠨ ᠲᠠᠯ᠎ᠠ ᠪᠠᠷ᠃ ᠦᠷᠭᠦᠯᠵᠢᠯᠡᠨ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠵᠠᠰᠠᠬᠤ ᠪᠠᠷ ᠭᠠᠷᠳᠠᠴᠠ ᠪᠣᠯᠭᠠᠨ ᠬᠤᠳᠠ ᠶᠢᠨ | ᠰᠢᠨᠡᠴᠢᠯᠡᠯᠲᠡ ᠶᠢ ᠠᠬᠢᠭᠤᠯᠤᠨ ᠥᠷᠨᠢᠭᠦᠯᠵᠦ᠂ ᠬᠤᠳᠠ ᠶᠢᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠤ | ᠶᠠᠰᠤ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠬᠤᠲᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢ ᠴᠢᠩᠭᠠᠳᠬᠠᠵᠤ᠂ ᠰᠡᠶᠢᠮᠡᠬᠡᠢ ᠬᠤᠲᠠ᠂ ᠤᠶᠤᠨᠲᠤ ᠬᠤᠲᠠ ᠶᠢ ᠪᠥᠲᠥᠭᠡᠨ ᠪᠠᠶᠢᠭᠤᠯᠤᠨ᠎ᠠ᠃ | ᠬᠦᠴᠢᠷᠳᠡᠯᠲᠡᠶ ᠤᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠦᠷᠦ ᠶᠢᠨ | ᠪᠤᠳᠤᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠵᠣᠷᠢᠭᠵᠢᠭᠤᠯᠵᠤ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠩᠭᠠᠯᠭ᠎ᠠ ᠶᠢ ᠥᠷᠭᠡᠳᠬᠡᠨ᠎ᠡ᠃ | ᠬᠥᠲᠥᠯᠥᠭᠴᠢ᠄ | ᠣᠳᠣᠬᠠᠨ ᠳᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠶᠠᠮᠠᠷ ᠪᠠᠶᠢᠳᠠᠯ ᠲᠤᠯᠭᠠᠷᠠᠵᠤ | ᠪᠠᠶᠢᠬᠤ ᠪᠣᠶ︖ ᠶᠠᠮᠠᠷ ᠶᠠᠮᠠᠷ ᠬᠦᠴᠢᠷᠳᠡᠯ ᠪᠠ ᠠᠰᠠᠭᠤᠳᠠᠯ ᠳᠤ ᠲᠤᠯᠭᠠᠷᠠᠭᠰᠠᠨ ᠪᠤᠢ︖ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠤ ᠶᠠᠮᠠᠷ ᠶᠠᠮᠠᠷ ᠮᠠᠭᠠᠳᠯᠠᠯᠲᠠ ᠭᠠᠷᠭᠠᠭᠰᠠᠨ ᠪᠣᠶ︖ | ᠯᠸᠢ ᠵᠢᠶ ᠫᠧᠩ᠄ | ᠡᠨᠡ ᠵᠢᠯ ᠤᠨ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠮᠥᠨ ᠯᠡ ᠨᠠᠷᠢᠨ ᠪᠤᠳᠤᠯᠢᠶᠠᠨᠲᠠᠶ ᠪᠥᠭᠡᠳ ᠬᠦᠨᠳᠦ | ᠬᠡᠴᠡᠭᠦᠦ ᠪᠠᠶᠢᠨ᠎ᠠ᠃ ᠳᠡᠯᠡᠬᠡᠢ ᠳ᠋ᠠᠬᠢᠨ ᠶᠠᠭ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ | ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠰᠡᠷᠭᠦᠯᠲᠡ ᠲᠣᠭᠲᠠᠭᠤᠨ ᠪᠤᠰᠤ ᠪᠥᠭᠡᠳ | ᠲᠡᠩᠴᠡᠭᠦᠷᠢ ᠦᠭᠡᠢ ᠪᠠᠶᠢᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠪᠣᠯᠤᠨ ᠭᠠᠳᠠᠭᠠᠳᠤ ᠣᠷᠴᠢᠨ ᠲᠣᠭᠤᠷᠢᠨ ᠳᠤ ᠮᠠᠰᠢ | ᠤᠯᠠᠨ ᠲᠣᠭᠲᠠᠪᠤᠷᠢ ᠦᠭᠡᠢ ᠰᠢᠨᠵᠢ ᠴᠢᠨᠠᠷ ᠣᠷᠣᠰᠢᠵᠤ ᠪᠠᠶᠢᠨ᠎ᠠ᠃ ᠮᠠᠨ ᠤ ᠤᠯᠤᠰ ᠤᠨ ᠠᠵᠤ ᠠᠬᠤᠶ ᠶᠢᠨ ᠰᠡᠷᠭᠦᠯᠲᠡ ᠶᠢᠨ | ᠰᠠᠭᠤᠷᠢ ᠬᠠᠷᠠᠬᠠᠨ ᠪᠠᠲᠤ ᠪᠠᠬᠢ ᠪᠣᠯᠣᠭᠠᠳᠤᠢ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠮᠥᠨ ᠯᠡ | ᠲᠤᠪᠤᠶᠢᠮ᠎ᠠ ᠪᠠᠶᠢᠵᠤ᠂ ᠬᠢᠵᠢᠭ ᠤᠨ ᠪᠠᠶᠢᠳᠠᠯ ᠤᠨ ᠨᠥᠯᠥᠭᠡ ᠮᠥᠨ ᠯᠡ ᠦᠷᠭᠦᠯᠵᠢᠯᠡᠵᠦ᠂ ᠡᠯ᠎ᠡ ᠲᠦᠷᠦᠯ ᠤᠨ ᠠᠶᠤᠯ | ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ᠃ ᠮᠠᠨ ᠤ ᠣᠷᠣᠨ ᠤ ᠠᠵᠤ ᠠᠬᠤᠶ ᠶᠢᠨ ᠰᠡᠷᠭᠦᠯᠲᠡ ᠶᠢᠨ ᠬᠥᠳᠡᠯᠭᠡᠬᠦ | ᠬᠦᠴᠦᠨ ᠨᠡᠯᠢᠶᠡᠳ ᠪᠠᠭᠤᠷᠠᠶ ᠪᠠᠶᠢᠵᠤ᠂ ᠰᠡᠷᠭᠦᠯᠲᠡ ᠶᠢᠨ ᠬᠤᠷᠳᠤᠴᠠ ᠬᠠᠷᠢᠴᠠᠩᠭᠤᠶ ᠪᠠᠷ ᠤᠳᠠᠭᠠᠨ ᠪᠠᠶᠢᠨ᠎ᠠ᠃ ᠵᠠᠷᠢᠮ | ᠤᠷᠳᠤ ᠬᠤᠭᠤᠴᠠᠭ᠎ᠠ ᠪᠠᠷ ᠣᠷᠣᠰᠢᠭᠰᠠᠭᠠᠷ ᠢᠷᠡᠭᠰᠡᠨ ᠭᠦᠨ ᠲᠡᠰ ᠳᠠᠪᠬᠤᠷᠭ᠎ᠠ ᠶᠢᠨ ᠪᠦᠲᠦᠴᠡ ᠶᠢᠨ ᠴᠢᠨᠠᠷᠲᠠᠢ ᠠᠰᠠᠭᠤᠳᠠᠯ | ᠪᠣᠯᠤᠨ ᠪᠠᠶᠢᠭᠤᠯᠤᠮᠵᠢ ᠶᠢᠨ ᠴᠢᠨᠠᠷᠲᠠᠢ ᠵᠥᠷᠢᠴᠡᠯ ᠢ ᠬᠠᠷᠠᠬᠠᠨ ᠰᠢᠢᠳᠪᠦᠷᠢᠯᠡᠭᠡᠳᠦᠢ ᠪᠠᠶᠢᠵᠤ᠂ ᠢᠯᠠᠩᠭᠤᠶ᠎ᠠ ᠤᠯᠠᠮᠵᠢᠯᠠᠯᠲᠤ | ᠬᠥᠭᠵᠢᠯᠲᠡ ᠶᠢᠨ ᠠᠷᠭ᠎ᠠ ᠵᠠᠮ ᠳᠠᠬᠢ ᠲᠦᠰᠢᠭᠯᠡᠯ᠂ ᠠᠵᠤ ᠦᠢᠯᠡᠰ ᠤᠨ ᠪᠦᠲᠦᠴᠡ ᠳᠠᠬᠢ ᠲᠦᠰᠢᠭᠯᠡᠯ᠂ ᠡᠳ᠋ ᠤᠨ ᠵᠠᠰᠠᠭ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ᠂ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠯ ᠵᠡᠷᠭᠡ ᠨᠢ ᠲᠥᠪᠯᠡᠷᠡᠨ | ᠮᠦᠷᠭᠦᠯᠳᠦᠵᠦ᠂ ᠮᠠᠨ ᠤ ᠣᠷᠣᠨ ᠤ ᠠᠵᠤ ᠠᠬᠤᠢ ᠶᠢᠨ ᠦᠷᠭᠦᠯᠵᠢᠯᠡᠨ ᠰᠡᠷᠭᠦᠬᠦ ᠪᠠ ᠴᠢᠨᠠᠷᠯᠢᠭ ᠢᠶᠠᠷ ᠬᠥᠭᠵᠢᠬᠦ ᠶᠢ | ᠬᠢᠵᠠᠭᠠᠷᠯᠠᠨ ᠨᠥᠯᠥᠭᠡᠯᠡᠵᠦ ᠪᠠᠶᠢᠨ᠎ᠠ᠃ ᠣᠳᠣᠬᠠᠨ ᠳᠤ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ | ᠮᠠᠰᠢ ᠤᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ᠂ ᠪᠦ᠋ ᠰᠢᠶᠤᠤ ᠯᠢᠨ ᠲᠡᠷᠢᠭᠦᠯᠡᠭᠴᠢ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠤ ᠪᠠᠨ ᠳ᠋ᠦᠩᠨᠡᠯᠲᠡ ᠬᠢᠵᠡᠢ᠃ ᠡᠭᠦᠨ ᠳᠤ ᠭᠤᠣᠯᠳᠠᠭᠤ᠄ ᠬᠥᠭᠵᠢᠯᠲᠡ ᠶᠢᠨ ᠠᠷᠭ᠎ᠠ ᠮᠠᠶ᠋ᠢᠭ ᠢ | ᠬᠤᠪᠢᠷᠠᠭᠤᠯᠬᠤ ᠡᠭᠦᠷᠭᠡ ᠬᠠᠲᠠᠭᠤ ᠪᠡᠷᠬᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠭᠤᠷᠠᠶ᠂ | ᠴᠢᠳᠠᠪᠤᠷᠢᠲᠠᠨ ᠳᠤᠲᠠᠭᠳᠠᠬᠤ ᠠᠰᠠᠭᠤᠳᠠᠯ ᠲᠤᠪᠤᠶᠢᠮ᠎ᠠ ᠪᠠᠶᠢᠨ᠎ᠠ︔ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠶ ᠬᠡᠮᠵᠢᠶ᠎ᠡ | ᠪᠠ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠨᠢ ᠬᠢᠵᠠᠭᠠᠷᠯᠠᠬᠤ ᠬᠠᠷᠠᠯᠲᠠ ᠪᠠᠨ ᠪᠡᠶᠡᠯᠡᠭᠦᠯᠵᠦ ᠴᠢᠳᠠᠭ᠎ᠠ ᠦᠭᠡᠢ᠂ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠠᠷᠤᠯᠲᠠ ᠨᠡᠯᠢᠶᠡᠳ ᠶᠡᠭᠡ ᠪᠠᠶᠢᠨ᠎ᠠ︔ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠳᠤ ᠴᠥᠭᠡᠨ ᠪᠤᠰᠤ ᠠᠰᠠᠭᠤᠳᠠᠯ ᠣᠷᠣᠰᠢᠵᠤ᠂ ᠵᠠᠷᠢᠮ ᠠᠵᠤ ᠠᠬᠤᠶᠢᠯᠠᠯ | ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠠᠶᠢᠨ᠎ᠠ︔ ᠬᠡᠰᠡᠭ ᠭᠠᠵᠠᠷ | ᠣᠷᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠨᠡᠶᠢᠭᠡᠮ ᠠᠷᠠᠳ ᠤᠨ | ᠠᠮᠢᠳᠤᠷᠠᠯ ᠤᠨ ᠬᠦᠷᠢᠶᠡᠨ ᠳᠤ ᠳᠤᠲᠠᠭᠤᠳᠠᠯ ᠣᠷᠣᠰᠢᠵᠤ ᠪᠠᠶᠢᠨ᠎ᠠ︔ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ | ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠮᠥᠨ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠬᠤ ᠵᠡᠷᠭᠡ | ᠪᠣᠯᠤᠨ᠎ᠠ᠃ ᠡᠭᠦᠨ ᠤ ᠬᠠᠮᠲᠤ᠂ ᠣᠳᠣᠬᠠᠨ ᠳᠤ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ ᠪᠠᠶᠢᠯᠳᠤᠬᠤ | ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠠᠵᠤ ᠠᠬᠤᠢ ᠲᠣᠭᠲᠠᠭᠤᠨ ᠤ ᠳᠤᠮᠳᠠ ᠰᠠᠶᠢᠵᠢᠷᠠᠬᠤ᠂ | ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ 2020 ᠣᠨ ᠳᠤ ᠮᠠᠨ ᠤ ᠤᠯᠤᠰ | ᠪᠣᠯ ᠪᠦᠬᠦ ᠪᠥᠮᠪᠥᠷᠴᠡᠭ ᠤᠨ ᠴᠤᠷ ᠤᠨ ᠭᠠᠭᠴᠠ ᠠᠵᠤ ᠠᠬᠤᠢ ᠶᠢᠨ ᠡᠶᠡᠷᠭᠦ ᠨᠡᠮᠡᠭᠳᠡᠯ ᠢ ᠪᠡᠶᠡᠯᠡᠭᠦᠯᠦᠭᠰᠡᠨ ᠭᠤᠣᠯ ᠠᠵᠤ | ᠠᠬᠤᠢ ᠶᠢᠨ ᠴᠣᠭᠴᠠ ᠪᠠᠶᠢᠵᠤ᠂ ᠴᠠᠭ ᠪᠠ ᠪᠠᠶᠢᠳᠠᠯ ᠮᠠᠨ ᠤ ᠲᠠᠯ᠎ᠠ ᠳᠤ ᠪᠠᠶᠢᠨ᠎ᠠ᠂ ᠡᠨᠡ ᠪᠣᠯ ᠮᠠᠨ ᠤ ᠲᠣᠭᠲᠠᠯ ᠬᠦᠴᠦᠨ | ᠪᠠ ᠢᠳᠡ ᠬᠦᠴᠦᠨ ᠮᠥᠨ᠂ ᠪᠠᠰᠠ ᠴᠤ ᠮᠠᠨ ᠤ ᠡᠷᠡᠰ ᠵᠣᠷᠢᠭ ᠪᠠ ᠢᠲᠡᠭᠡᠯ ᠵᠣᠷᠢᠭ ᠮᠥᠨ ᠭᠡᠳᠡᠭ ᠢ ᠪᠢᠳᠡ ᠪᠠᠰᠠ ᠲᠠᠨᠢᠵᠤ | ᠮᠡᠳᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠥᠭᠵᠢᠯᠲᠡ ᠶᠢᠨ ᠵᠢᠮ᠎ᠡ | ᠶᠣᠰᠣ ᠶᠢ ᠭᠦᠨᠵᠡᠭᠡᠶ ᠲᠠᠨᠢᠨ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠡᠷᠬᠡᠪᠰᠢ | ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠡᠵᠡᠮᠳᠡᠨ᠂ ᠥᠷᠢᠰᠥᠯᠳᠦᠭᠡᠨ ᠢ ᠠᠷᠭᠠᠴᠠᠭᠠᠵᠤ᠂ | ᠠᠰᠠᠭᠤᠳᠠᠯ ᠳᠤ ᠵᠥᠪ ᠢᠶᠠᠷ ᠬᠠᠨᠳᠤᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠥᠬᠦ ᠬᠦᠴᠦᠨ ᠢᠶᠠᠷ ᠢᠶᠠᠨ ᠡᠯ᠎ᠡ | ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ | ᠬᠥᠲᠥᠯᠥᠭᠴᠢ᠄ | ᠲᠤᠭᠤᠷᠪᠢᠨ ᠪᠢᠴᠢᠬᠦ ᠳᠤᠭᠤᠶᠢᠯᠠᠩ ᠤᠨ ᠭᠤᠣᠯ ᠭᠡᠰᠢᠭᠦᠨ ᠪᠣᠯᠤᠭᠰᠠᠨ ᠤ ᠬᠤᠪᠢ ᠳᠤ᠂ ᠲᠠᠨ ᠤ ᠦᠵᠡᠬᠦ ᠪᠠᠷ᠂ ᠡᠨᠡ | ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠣᠶᠢᠯᠠᠭᠠᠵᠤ᠂ 2021 ᠣᠨ ᠤ ᠠᠵᠢᠯ ᠢ ᠰᠠᠶᠢᠲᠤᠷ ᠬᠢᠬᠦ ᠳᠤ | ᠡᠵᠡᠮᠳᠡᠬᠦ ᠴᠢᠬᠤᠯᠠᠲᠠᠢ ᠴᠢᠭᠯᠡᠯ ᠪᠣᠯᠤᠨ ᠭᠤᠣᠯᠳᠠᠯᠭ᠎ᠠ ᠨᠢ ᠶᠠᠭᠤ ᠪᠤᠢ︖ | ᠯᠸᠢ ᠵᠢᠶ ᠫᠧᠩ᠄ | ᠡᠨᠡ ᠵᠢᠯ ᠪᠣᠯ ︽14·5︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠮᠥᠨ ᠴᠤ ᠮᠠᠨ ᠤ | ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ | ᠠᠶᠠᠨ ᠢᠶᠠᠨ ᠡᠬᠢᠯᠡᠭᠦᠯᠦᠭᠰᠡᠨ ᠠᠩᠬᠠᠨ ᠤ ᠵᠢᠯ ᠪᠣᠯᠬᠤ ᠪᠠᠷ ᠪᠠᠷᠠᠬᠤ ᠦᠭᠡᠢ᠂ ᠪᠠᠰᠠ ᠳᠤᠮᠳᠠᠳᠤ ᠤᠯᠤᠰ ᠤᠨ ᠡᠪ ᠬᠠᠮᠲᠤ | ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠪᠣᠯᠤᠨ᠎ᠠ ᠭᠡᠵᠦ ᠪᠢ ᠳᠡᠭᠡᠷ᠎ᠡ ᠳᠤᠷᠠᠳᠴᠤ ᠥᠩᠭᠡᠷᠡᠭᠰᠡᠨ | ᠪᠢᠯᠡ᠃ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠂ ᠡᠭᠦᠨ ᠳᠤ | ᠭᠤᠣᠯᠳᠠᠭᠤ ᠳᠣᠣᠷᠠᠬᠢ ᠲᠠᠪᠤᠨ ᠲᠠᠯ᠎ᠠ ᠶᠢ ᠰᠠᠶᠢᠲᠤᠷ ᠡᠵᠡᠮᠳᠡᠬᠦ ᠬᠡᠷᠡᠭᠲᠡᠶ᠄ ᠨᠢᠭᠡ ᠳᠤ᠂ ᠰᠢᠨ᠎ᠡ ᠬᠥᠭᠵᠢᠯᠲᠡ ᠶᠢᠨ ᠱᠠᠳᠤ | ᠦᠶ᠎ᠡ ᠶᠢ ᠣᠨᠣᠪᠴᠢᠲᠠᠶ ᠡᠵᠡᠮᠳᠡᠨ᠎ᠡ᠃ ᠬᠤᠪᠢᠰᠤᠩᠭᠤᠢ ᠰᠡᠳᠬᠢᠬᠦᠢ ᠪᠠᠷ ᠰᠢᠨ᠎ᠡ ᠬᠥᠭᠵᠢᠯᠲᠡ ᠶᠢᠨ ᠱᠠᠲᠤᠨ ᠳᠠᠬᠢ ᠰᠢᠨ᠎ᠡ | ᠠᠵᠠ ᠲᠣᠬᠢᠶᠠᠯ ᠰᠢᠨ᠎ᠡ ᠥᠷᠢᠰᠥᠯᠳᠦᠭᠡᠨ ᠳᠤ ᠬᠠᠨᠳᠤᠵᠤ᠂ ᠠᠵᠠ ᠲᠣᠬᠢᠶᠠᠯ ᠤᠨ ᠤᠬᠠᠮᠰᠠᠷ ᠪᠣᠯᠤᠨ ᠠᠶᠤᠯ | ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠤᠪᠢᠷᠠᠯᠲᠠ ᠶᠢ ᠣᠨᠣᠪᠴᠢᠲᠠᠢ ᠲᠠᠨᠢᠬᠤ᠂ ᠰᠢᠨᠵᠢᠯᠡᠬᠦ ᠤᠬᠠᠭᠠᠨᠴᠢ ᠪᠠᠷ | ᠬᠤᠪᠢᠷᠠᠯᠲᠠ ᠶᠢ ᠠᠷᠭᠠᠴᠠᠭᠠᠬᠤ ᠪᠠ ᠰᠠᠨᠠᠭᠠᠴᠢᠯᠠᠭ᠎ᠠ ᠠᠴᠠ ᠪᠠᠨ ᠰᠢᠨᠡᠴᠢᠯᠡᠯᠲᠡ ᠬᠢᠵᠦ᠂ ᠬᠢᠮᠤᠷᠠᠯ ᠤᠨ ᠳᠤᠮᠳᠠ ᠠᠵᠠ | ᠲᠣᠬᠢᠶᠠᠯ ᠢ ᠲᠠᠨᠢᠨ ᠮᠡᠳᠡᠵᠦ᠂ ᠬᠤᠪᠢᠷᠠᠯᠲᠠ ᠶᠢᠨ ᠳᠤᠮᠳᠠ ᠴᠢᠳᠠᠮᠠᠭᠠᠢ ᠪᠠᠷ ᠰᠢᠨ᠎ᠡ ᠪᠠᠶᠢᠳᠠᠯ ᠢ ᠨᠡᠭᠡᠭᠡᠬᠦ ᠬᠡᠷᠡᠭᠲᠡᠢ᠃ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠦᠬᠦᠯᠢ ᠴᠣᠭᠴᠠ ᠪᠠ | ᠭᠤᠤᠯᠳᠠᠯᠭ᠎ᠠ ᠶᠢ ᠨᠢᠭᠡᠳᠦᠯᠲᠡᠶ ᠲᠥᠯᠥᠪᠯᠡᠨ᠂ ᠣᠳᠣᠬᠠᠨ ᠤ ᠪᠠᠶᠢᠳᠠᠯ ᠪᠠ ᠠᠯᠤᠰ ᠬᠡᠲᠦ ᠶᠢᠨ ᠲᠥᠯᠥᠪᠯᠡᠭᠡ ᠶᠢ ᠬᠠᠮᠲᠤ ᠳᠤ ᠨᠢ | ᠬᠠᠷᠠᠭᠠᠯᠵᠠᠵᠤ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠰᠠᠶᠢᠲᠤᠷ ᠠᠳᠬᠤᠵᠤ᠂ ᠪᠥᠬᠦ ᠣᠷᠣᠨ ᠤ ᠠᠵᠤ | ᠠᠬᠤᠶ ᠶᠢᠨ ᠲᠣᠭᠲᠠᠭᠤᠨ ᠨᠡᠮᠡᠭᠳᠡᠯ ᠢ ᠬᠦᠴᠦᠯᠡᠨ ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ | ᠲᠣᠭᠲᠠᠭᠤᠨ ᠢᠶᠠᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ︽14·5︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠴᠢᠨᠠᠷᠯᠢᠭ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠶᠠᠷ ᠲᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ | ᠲᠤᠭᠤᠰᠢᠯᠠᠭᠤᠯᠤᠨ᠎ᠠ᠃ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ | ᠪᠠᠲᠤᠯᠠᠵᠤ᠂ ᠬᠥᠭᠵᠢᠯᠲᠡ ᠶᠢᠨ ᠣᠨᠣᠯᠵᠢᠬᠤᠨ᠂ ᠬᠥᠭᠵᠢᠯᠲᠡ ᠶᠢᠨ ᠠᠷᠭ᠎ᠠ ᠵᠠᠮ᠂ ᠬᠥᠭᠵᠢᠯᠲᠡ ᠶᠢᠨ ᠠᠷᠭ᠎ᠠ ᠬᠡᠯᠪᠡᠷᠢ᠂ | ᠬᠥᠭᠵᠢᠯᠲᠡ ᠶᠢᠨ ᠬᠠᠷᠠᠯᠲᠠ ᠠᠴᠠ ᠶᠡᠷᠦᠩᠬᠡᠢ ᠱᠦᠵᠢ ᠶᠢᠨ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠭᠤᠭᠤᠯᠤᠯᠲᠠ | ᠬᠠᠷᠢᠴᠠᠭᠤᠯᠤᠯ ᠬᠢᠵᠦ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠪᠦᠳᠦᠭᠡᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ | ᠨᠡᠶᠢᠴᠡᠭᠰᠡᠨ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ | ᠦᠭᠡᠢ ᠵᠠᠮᠨᠠᠨ᠎ᠠ᠃ ᠭᠤᠷᠪᠠ ᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠨ ᠠᠵᠢᠯ ᠢᠶᠠᠨ | ᠥᠷᠨᠢᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠢ ᠪᠠᠷᠢᠮᠲᠠᠯᠠᠵᠤ᠂ ᠬᠡᠷᠡᠭᠴᠡᠭᠡ | ᠱᠠᠭᠠᠷᠳᠠᠯᠭ᠎ᠠ ᠶᠢᠨ ᠲᠠᠯ᠎ᠠ ᠶᠢᠨ ᠬᠠᠮᠢᠶᠠᠷᠤᠯᠲᠠ ᠶᠢ ᠴᠢᠬᠤᠯᠠᠴᠢᠯᠠᠨ ᠴᠢᠩᠭᠠᠳᠬᠠᠵᠤ᠂ ᠲᠦᠭᠵᠢᠷᠡᠯ ᠢ ᠨᠡᠪᠲᠡᠷᠡᠭᠦᠯᠦᠨ᠂ | ᠳᠤᠲᠠᠭᠤᠳᠠᠯ ᠢ ᠨᠥᠬᠦᠪᠥᠷᠢᠯᠡᠵᠦ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡᠨ ᠵᠡᠷᠭᠡ ᠡᠯ᠎ᠡ | ᠭᠤᠭᠴᠤᠭ᠎ᠠ ᠶᠢ ᠨᠡᠪᠲᠡᠷᠡᠭᠦᠯᠵᠦ᠂ ᠴᠢᠨᠠᠷ ᠰᠠᠶᠢᠲᠠᠢ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠬᠦ᠂ ᠤᠳᠤ ᠦᠶ᠎ᠡ ᠶᠢᠨ | ᠭᠦᠢᠯᠭᠡᠭᠡᠨ ᠤ ᠲᠣᠭᠲᠠᠯᠴᠠᠭ᠎ᠠ ᠶᠢ ᠪᠠᠶᠢᠭᠤᠯᠬᠤ᠂ ᠪᠡᠯᠡ ᠣᠷᠣᠭᠤᠯᠤᠯᠲᠠ ᠪᠠ ᠬᠡᠷᠡᠭᠯᠡᠭᠡ ᠶᠢᠨ ᠣᠷᠣᠨ ᠵᠠᠢ ᠶᠢ ᠥᠷᠭᠡᠳᠬᠡᠬᠦ | ᠵᠡᠷᠭᠡ ᠵᠠᠩᠭᠢᠯᠠᠭ᠎ᠠ ᠶᠢᠨ ᠴᠡᠭ ᠳᠡᠭᠡᠷ᠎ᠡ ᠬᠦᠴᠦᠯᠡᠵᠦ᠂ ᠬᠡᠷᠡᠭᠴᠡᠭᠡ ᠪᠠᠷ ᠬᠠᠩᠭᠠᠯᠭ᠎ᠠ ᠶᠢ ᠳᠠᠶᠢᠴᠢᠯᠠᠬᠤ᠂ ᠬᠠᠩᠭᠠᠯᠭ᠎ᠠ ᠪᠠᠷ | ᠬᠡᠷᠡᠭᠴᠡᠭᠡ ᠶᠢ ᠡᠭᠦᠳᠬᠦ ᠥᠨᠳᠥᠷ ᠬᠢᠷᠢ ᠲᠦᠪᠰᠢᠨ ᠤ ᠬᠥᠳᠡᠯᠦᠩᠭᠦᠢ ᠲᠡᠩᠴᠡᠭᠦᠷᠢ ᠶᠢ ᠪᠦᠷᠢᠯᠳᠦᠭᠦᠯᠵᠦ᠂ ᠤᠯᠤᠰ ᠤᠨ | ᠳᠣᠲᠣᠭᠠᠳᠤ ᠶᠢᠨ ᠲᠤᠮᠤ ᠵᠠᠬ᠎ᠠ ᠳᠡᠯᠭᠡᠭᠦᠷ ᠪᠠ ᠤᠯᠤᠰ ᠤᠨ ᠳᠣᠲᠣᠭᠠᠳᠤ᠂ ᠤᠯᠠᠨ ᠤᠯᠤᠰ ᠤᠨ ᠬᠤᠣᠰ ᠣᠷᠴᠢᠯ ᠳᠤ ᠨᠡᠩ | ᠰᠠᠶᠢᠨ ᠠᠭᠤᠰᠤᠯᠴᠠᠨ᠎ᠠ᠃ ᠲᠦᠷᠪᠡ ᠳᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠨ᠎ᠠ᠃ ᠠᠷᠠᠳ ᠲᠦᠮᠡᠨ ᠤ ᠪᠤᠶᠠᠨ ᠬᠡᠰᠢᠭ ᠢ ᠨᠡᠮᠡᠭᠳᠡᠭᠦᠯᠬᠦ ᠪᠠ ᠬᠥᠮᠦᠨ ᠤ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠪᠠᠷ ᠠᠯᠢᠪᠠ ᠠᠵᠢᠯ ᠤᠨ ᠢᠶᠠᠨ ᠡᠭᠦᠰᠭᠡᠯ ᠲᠡᠭᠦᠰᠬᠡᠯ ᠪᠣᠯᠭᠠᠵᠤ᠂ ᠠᠷᠠᠳ ᠤᠨ ᠠᠮᠢᠳᠤᠷᠠᠯ ᠢ | ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠢᠯᠠᠩᠭᠤᠶ᠎ᠠ ᠠᠷᠠᠳ ᠤᠨ | ᠠᠮᠢᠳᠤᠷᠠᠯ ᠳᠤ ᠬᠤᠯᠪᠣᠭᠳᠠᠭᠰᠠᠨ ᠠᠵᠢᠯ ᠣᠯᠭᠤᠯᠲᠠ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ᠂ ᠡᠮᠴᠢᠯᠡᠭᠡ᠂ | ᠨᠡᠶᠢᠭᠡᠮ ᠤᠨ ᠪᠠᠲᠤᠯᠠᠭ᠎ᠠ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠢ ᠦᠨᠡᠨ ᠪᠣᠳᠠᠲᠤ | ᠬᠦᠷᠲᠡᠭᠡᠮᠵᠢᠲᠦ ᠲᠦᠷᠦᠭᠳᠡᠯ ᠲᠠᠢ ᠪᠣᠯᠭᠠᠨ᠎ᠠ᠃ ᠲᠠᠪᠤ ᠳᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠯᠡᠨ᠎ᠡ᠃ ᠠᠮᠤᠷ ᠲᠦᠪᠰᠢᠨ ᠬᠥᠭᠵᠢᠯᠲᠡ ᠶᠢ ᠬᠥᠭᠵᠢᠯᠲᠡ ᠶᠢᠨ ᠡᠯ᠎ᠡ ᠬᠦᠷᠢᠶᠡᠨ ᠤ ᠪᠦᠬᠦ ᠶᠠᠪᠤᠴᠠ ᠳᠤ | ᠲᠤᠭᠤᠰᠢᠯᠠᠭᠤᠯᠵᠤ᠂ ᠵᠣᠪᠠᠨᠢᠬᠤᠢ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ | ᠡᠯ᠎ᠡ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠢᠷᠡᠯᠲᠡ ᠠᠴᠠ ᠨᠢ ᠰᠡᠷᠭᠡᠶᠢᠯᠡᠨ ᠨᠠᠮᠳᠠᠭᠠᠵᠤ᠂ | ᠠᠰᠠᠭᠤᠳᠠᠯ ᠢ ᠰᠣᠶᠣᠭᠠᠯᠠᠯ ᠤᠨ ᠦᠶ᠎ᠡ᠂ ᠭᠠᠮᠰᠢᠭ ᠪᠣᠯᠣᠨ ᠪᠦᠷᠢᠯᠳᠦᠬᠦ ᠠᠴᠠ ᠡᠮᠦᠨ᠎ᠡ ᠦᠨᠡᠨ ᠬᠦ ᠰᠢᠢᠳᠪᠦᠷᠢᠯᠡᠵᠦ᠂ ᠠᠮᠤᠷ | ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ | ᠬᠥᠲᠥᠯᠥᠭᠴᠢ᠄ | ᠯᠸᠢ ᠡᠷᠬᠢᠯᠡᠭᠴᠢ ᠶᠢᠨ ᠨᠠᠷᠢᠯᠢᠭ ᠲᠠᠶᠢᠯᠪᠤᠷᠢᠯᠠᠭᠰᠠᠨ ᠳᠤ ᠪᠠᠶᠠᠷᠯᠠᠯ᠎ᠠ᠂ 2021 ᠣᠨ ᠤ ᠥᠪᠡᠷᠲᠡᠭᠡᠨ ᠵᠠᠰᠠᠬᠤ | ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠶ ᠬᠠᠮᠢᠶ᠎ᠠ ᠪᠥᠬᠦᠶ ᠶᠠᠷᠢᠶᠠᠨ ᠤ ᠰᠡᠳᠦᠪ ᠮᠥᠨ ᠬᠦ | ᠮᠠᠰᠢ ᠣᠯᠠᠨ ᠪᠠᠶᠢᠨ᠎ᠠ᠂ ᠭᠡᠪᠡᠴᠦ ᠴᠠᠭ ᠤᠨ ᠬᠠᠷᠠᠭ᠎ᠠ ᠠᠴᠠ ᠪᠣᠯᠵᠣ᠂ ᠥᠨᠥᠳᠦᠷ ᠤᠨ ᠰᠤᠷᠪᠤᠯᠵᠢᠯᠠᠭ᠎ᠠ ᠠᠳᠡ ᠬᠥᠷᠥᠭᠡᠳ | ᠥᠨᠳᠥᠷᠯᠡᠯ᠎ᠡ᠃ ᠳᠠᠷᠠᠭ᠎ᠠ ᠤᠳᠠᠭ᠎ᠠ ᠪᠠᠰᠠ ᠰᠦᠯᠵᠢᠶᠡᠨ ᠤ ᠠᠨᠳᠠ ᠨᠠᠷ ᠲᠠᠢ ᠪᠠᠨ ᠶᠠᠷᠢᠯᠴᠠᠬᠤ ᠵᠠᠪᠰᠢᠶᠠᠨ ᠲᠠᠢ ᠪᠣᠯᠬᠤ ᠶᠢ | ᠬᠦᠰᠡᠵᠦ ᠪᠠᠶᠢᠨ᠎ᠠ᠃ ᠥᠷᠭᠡᠨ ᠤᠯᠠᠨ ᠰᠦᠯᠵᠢᠶᠡᠨ ᠠᠨᠳᠠ ᠨᠠᠷ ᠤᠨ ᠲᠤᠰ ᠤᠳᠠᠭᠠᠨ ᠤ ᠰᠤᠷᠪᠤᠯᠵᠢᠯᠠᠭ᠎ᠠ ᠶᠢ ᠬᠦᠯᠢᠶᠡᠨ | ᠠᠪᠴᠤ ᠦᠵᠡᠭᠰᠡᠨ ᠳᠤ ᠪᠠᠶᠠᠷᠯᠠᠯ᠎ᠠ︕ ᠪᠠᠶᠠᠷᠲᠠᠢ︕ | ᠯᠸᠢ ᠵᠢᠶ ᠫᠧᠩ᠄ | ᠪᠠᠶᠠᠷᠲᠠᠶ︕ |