ᠪᠦᠲᠦᠭᠡᠨ ᠪᠠᠶᠢᠭᠤᠯᠤᠯᠲᠠ ᠶᠢᠨ ᠳᠥᠰᠦᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ ᠪᠢᠴᠢᠭ ᠢ ᠬᠢᠨᠠᠨ ᠣᠯᠭᠤᠨ᠎ᠠ
ᠨᠡᠶᠢᠲᠡᠯᠡᠭᠰᠡᠨ ᠴᠠᠭ᠄
2022/1/19
   ᠬᠡᠷᠡᠭ ᠶᠠᠪᠤᠳᠠᠯ ᠤᠨ ᠨᠡᠷᠡᠶᠢᠳᠦᠯ    ᠪᠦᠲᠦᠭᠡᠨ ᠪᠠᠶᠢᠭᠤᠯᠤᠯᠲᠠ ᠶᠢᠨ ᠳᠥᠰᠦᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ ᠪᠢᠴᠢᠭ ᠢ ᠬᠢᠨᠠᠨ ᠣᠯᠭᠤᠨ᠎ᠠ    ᠦᠨᠳᠦᠰᠦᠨ ᠺᠣᠳ᠋ᠯᠠᠯ᠄ 150115040W00    ᠬᠡᠷᠡᠭᠵᠢᠭᠦᠯᠬᠦ ᠳ᠋ᠤᠭᠠᠷᠯᠠᠯ᠄ 11150000MB1910436X2150115040W00    ᠬᠡᠷᠡᠭᠵᠢᠭᠦᠯᠬᠦ ᠪᠡᠶᠡᠴᠢ ᠴᠣᠭᠴᠠ  ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ  ᠶᠢᠨ ᠲᠢᠩᠬᠢᠮ    ᠬᠡᠷᠡᠭᠵᠢᠭᠦᠯᠬᠦ ᠭᠤᠣᠯ ᠴᠣᠭᠴᠠ ᠶᠢᠨ ᠺᠣᠳ᠋ᠯᠠᠯ᠄ 11150000MB1910436X    ᠬᠡᠷᠡᠭᠵᠢᠭᠦᠯᠬᠦ ᠪᠡᠶᠡᠴᠢ ᠴᠣᠭᠴᠠ ᠶᠢᠨ ᠰᠢᠨᠵᠢ ᠴᠢᠨᠠᠷ  ᠄ ᠬᠠᠤᠯᠢ ᠪᠠᠷ ᠲᠣᠭᠲᠠᠭᠠᠭᠰᠠᠨ ᠪᠠᠶᠢᠭᠤᠯᠭ᠎ᠠ    ᠬᠠᠮᠲᠤᠷᠠᠨ ᠡᠷᠬᠢᠯᠡᠬᠦ ᠪᠠᠶᠢᠭᠤᠯᠤᠮᠵᠢ᠄ ᠦᠭᠡᠢ    ᠬᠡᠷᠡᠭ ᠤᠴᠢᠷ ᠤᠨ ᠲᠦᠷᠦᠯ ᠵᠦᠢᠯ  ᠄ ᠵᠠᠰᠠᠭ ᠵᠠᠬᠢᠷᠭᠠᠨ ᠤ ᠬᠥᠬᠢᠭᠦᠯᠦᠯ    ᠡᠷᠬᠢᠯᠡᠬᠦ ᠵᠦᠢᠯ ᠤᠨ ᠲᠦᠷᠦᠯ ᠵᠦᠢᠯ  ᠄ ᠠᠮᠠᠯᠠᠯᠲᠠ ᠶᠢᠨ ᠵᠦᠢᠯ    ᠦᠢᠯᠡᠴᠢᠯᠡᠬᠦ ᠡᠲᠡᠭᠡᠳ  ᠄ ᠪᠠᠶᠢᠭᠠᠯᠢ ᠶᠢᠨ ᠬᠥᠮᠦᠨ᠂ ᠠᠵᠢᠯ ᠦᠢᠯᠡᠰ ᠤᠨ ᠬᠠᠤᠯᠢ ᠶᠢᠨ ᠡᠷᠬᠡᠲᠡᠨ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠢᠨ ᠡᠷᠬᠡᠲᠡᠨ ᠪᠤᠰᠤ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢᠨ ᠡᠷᠬᠡᠲᠡᠨ    ᠰᠢᠢᠳᠪᠦᠷᠢᠯᠡᠬᠦ ᠬᠡᠯᠪᠡᠷᠢ᠄ ᠴᠣᠩᠬᠤ ᠪᠠᠷ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ    ᠰᠦᠯᠵᠢᠶᠡᠨ ᠤ ᠠᠯᠪᠠᠨ ᠭᠡᠷ ᠮᠥᠨ ᠡᠰᠡᠬᠦ᠄ ᠮᠥᠨ    ᠰᠦᠢᠳᠬᠡᠯ ᠬᠤᠷᠢᠶᠠᠬᠤ ᠦᠦ ᠦᠭᠡᠢ ᠦᠦ  ᠄ ᠪᠢᠰᠢ    ᠰᠦᠯᠵᠢᠶᠡᠨ ᠳᠡᠭᠡᠷ᠎ᠡ ᠵᠣᠭᠤᠰ ᠥᠭᠬᠦ ᠶᠢ ᠳᠡᠮᠵᠢᠬᠦ ᠦᠦ  ᠄ ᠪᠢᠰᠢ    ᠪᠠᠷᠠᠭᠠᠨ ᠤ ᠭᠦᠢᠯᠭᠡᠭᠡᠨ ᠤ ᠲᠦᠷᠭᠡᠨ  ᠄ EMS    ᠤᠷᠢᠳᠴᠢᠯᠠᠨ ᠪᠣᠯᠵᠣᠵᠤ ᠭᠦᠢᠴᠡᠳᠬᠡᠬᠦ ᠶᠢ ᠳᠡᠮᠵᠢᠬᠦ ᠦᠦ  ᠄ ᠪᠢᠰᠢ    ᠥᠪᠡᠷ ᠢᠶᠠᠨ ᠦᠢᠯᠡᠴᠢᠯᠡᠬᠦ ᠦᠵᠦᠭᠦᠷ ᠤᠨ ᠭᠦᠢᠴᠡᠳᠬᠡᠯ ᠢ ᠳᠡᠮᠵᠢᠬᠦ ᠦᠦ  ᠄ ᠮᠥᠨ      ᠵᠠᠰᠠᠭ ᠤᠨ ᠶᠠᠪᠤᠳᠠᠯ ᠤᠨ ᠲᠢᠩᠬᠢᠮ ᠳᠤ ᠣᠷᠣᠵᠤ ᠰᠠᠭᠤᠬᠤ  ᠄ ᠮᠥᠨ    ᠵᠠᠭᠤᠴᠢᠯᠠᠬᠤ ᠦᠢᠯᠡᠴᠢᠯᠡᠭᠡ᠄ ᠪᠢᠰᠢ    ᠬᠡᠷᠡᠭ ᠤᠴᠢᠷ ᠤᠨ ᠪᠠᠶᠢᠳᠠᠯ  ᠄ ᠨᠡᠶᠢᠲᠡᠯᠡᠬᠦ    ᠬᠡᠷᠡᠭ ᠤᠴᠢᠷ ᠤᠨ ᠬᠡᠪᠯᠡᠯ  ᠄ 3  ᠬᠤᠪᠢ    ᠲᠤᠭ᠎ᠠ ᠬᠡᠮᠵᠢᠶᠡᠨ ᠤ ᠬᠢᠵᠠᠭᠠᠷᠯᠠᠯ  ᠄ ᠦᠭᠡᠢ    ᠰᠢᠭᠤᠳ ᠰᠢᠢᠳᠪᠦᠷᠢᠯᠡᠬᠦ ᠬᠡᠪᠴᠢᠶ᠎ᠡ  ᠄ ᠦᠭᠡᠢ    ᠰᠢᠯᠵᠢᠭᠡ ᠦᠵᠦᠭᠦᠷ ᠤᠨ ᠵᠠᠯᠭᠠᠯᠲᠠ ᠶᠢᠨ ᠳᠠᠩ ᠴᠡᠭ ᠲᠤ ᠲᠡᠮᠳᠡᠭᠯᠡᠬᠦ ᠡᠰᠡᠬᠦ  ᠄ ᠮᠥᠨ    ᠰᠢᠯᠵᠢᠬᠦ ᠦᠵᠦᠭᠦᠷ ᠤᠨ ᠭᠦᠢᠴᠡᠳᠬᠡᠬᠦ ᠬᠠᠶ᠋ᠢᠭ  ᠄ ᠨᠠᠷᠢᠨ ᠪᠠᠶᠢᠳᠠᠯ ᠢ ᠦᠵᠡᠬᠦ    ᠺᠣᠮᠫᠢᠦ᠋ᠲ᠋ᠧᠷ ᠤᠨ ᠦᠵᠦᠭᠦᠷ ᠢ ᠭᠠᠭᠴᠠ ᠴᠡᠭ ᠲᠤ ᠵᠠᠯᠭᠠᠬᠤ ᠡᠰᠡᠬᠦ  ᠄ ᠮᠥᠨ    ᠺᠣᠮᠫᠢᠦ᠋ᠲ᠋ᠧᠷ ᠤᠨ ᠦᠵᠦᠭᠦᠷ ᠤᠨ ᠰᠦᠯᠵᠢᠶᠡᠨ ᠳᠡᠭᠡᠷ᠎ᠡ ᠦᠰᠦᠷᠦᠨ ᠰᠢᠯᠵᠢᠬᠦ ᠬᠠᠶ᠋ᠢᠭ ᠢ ᠭᠦᠢᠴᠡᠳᠬᠡᠨ᠎ᠡ  ᠄ ᠨᠠᠷᠢᠨ ᠪᠠᠶᠢᠳᠠᠯ ᠢ ᠦᠵᠡᠬᠦ    ᠡᠷᠬᠡ ᠶᠢᠨ ᠢᠷᠡᠯᠲᠡ  ᠄ ᠬᠠᠤᠯᠢ ᠪᠠᠷ ᠲᠣᠭᠲᠠᠭᠠᠭᠰᠠᠨ ᠲᠤᠰ ᠱᠠᠲᠤᠨ ᠤ ᠬᠡᠷᠡᠭᠵᠢᠭᠦᠯᠦᠯᠲᠡ    ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠲᠦᠷᠦᠯ ᠵᠦᠢᠯ  ᠄ ᠪᠤᠰᠤᠳ    ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠨᠡᠷᠡᠶᠢᠳᠦᠯ  ᠄ ᠬᠥᠬᠢᠭᠦᠯᠬᠦ    ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠦᠯᠢᠭᠡᠷ ᠳᠡᠪᠲᠡᠷ  : ᠦᠭᠡᠢ    ᠰᠦᠯᠵᠢᠶ᠎ᠡ ᠪᠠᠷ ᠭᠦᠢᠴᠡᠳᠬᠡᠬᠦ ᠭᠦᠨᠴᠡ : ᠮᠠᠲ᠋ᠧᠷᠢᠶᠠᠯ ᠢ ᠤᠷᠢᠳᠴᠢᠯᠠᠨ ᠬᠢᠨᠠᠬᠤ ︵IV ᠳ᠋ᠤᠭᠠᠷ ᠳᠡᠰ︶    ᠬᠡᠷᠡᠭᠵᠢᠭᠦᠯᠬᠦ ᠱᠠᠳᠤ ᠳᠠᠪᠬᠤᠷᠭ᠎ᠠ : ᠥᠪᠡᠷᠲᠡᠭᠡᠨ ᠵᠠᠰᠠᠬᠤ ᠣᠷᠣᠨ ᠤ ᠳᠡᠰ    ᠬᠦᠯᠢᠶᠡᠨ ᠰᠢᠢᠳᠪᠦᠷᠢᠯᠡᠬᠦ ᠨᠥᠬᠦᠴᠡᠯ  ᠄    ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠢ ᠲᠦᠷᠢᠮ ᠲᠣᠭᠲᠠᠭᠠᠯ ᠳᠤ ᠨᠡᠶᠢᠴᠡᠭᠦᠯᠦᠨ ᠬᠢᠨᠠᠨ ᠪᠠᠶᠢᠴᠠᠭᠠᠬᠤ᠄ ᠳᠥᠰᠦᠯ ᠳᠤ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠣᠷᠣᠰᠢᠬᠤ ᠥᠬᠡᠶ ᠪᠤᠶᠤ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠣᠷᠣᠰᠢᠬᠤ ᠶᠢᠨ ᠬᠠᠮᠲᠤ ᠨᠢᠭᠡᠨᠲᠡ ᠬᠠᠤᠯᠢ ᠶᠣᠰᠣᠭᠠᠷ ᠰᠢᠳᠬᠡᠨ ᠲᠣᠷᠭᠠᠬᠤ ᠶᠢ ᠪᠣᠳᠠᠲᠠᠶᠢᠵᠢᠭᠤᠯᠪᠠ᠃    ︵ᠨᠢᠭᠡ︶  ᠨᠡᠭᠡᠭᠡᠨ ᠬᠥᠭᠵᠢᠭᠦᠯᠬᠦ ᠶᠢ ᠬᠢᠵᠠᠭᠠᠷᠯᠠᠬᠤ ᠣᠷᠣᠨ ᠪᠦᠰᠡ ᠵᠢᠴᠢ ᠬᠢᠵᠠᠭᠠᠷᠯᠠᠬᠤ ᠲᠥᠷᠥᠯ ᠶᠣᠰᠣᠭᠠᠷ ᠬᠠᠮᠢᠶᠠᠷᠤᠯᠲᠠ ᠬᠢᠬᠦ ᠳᠥᠰᠦᠯ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠭᠤᠣᠯ ᠴᠣᠭᠴᠠ ᠶᠢᠨ ᠴᠢᠳᠠᠮᠵᠢᠲᠤ ᠣᠷᠣᠨ ᠤ ᠬᠡᠪᠴᠢᠶ᠎ᠡ᠂ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠴᠢᠭᠯᠡᠯ ᠳᠤ ᠨᠡᠶᠢᠴᠡᠭᠰᠡᠨ ᠪᠠᠶᠢᠬᠤ ᠬᠡᠷᠡᠭᠲᠡᠶ᠃    ︵ᠬᠤᠶᠠᠷ︶ ᠳᠥᠰᠦᠯ ᠤᠨ ᠦᠨᠳᠦᠰᠦᠨ ᠪᠠᠶᠢᠳᠠᠯ ᠤᠨ ᠲᠣᠭᠲᠠᠭᠠᠯ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ᠄ ᠳᠥᠰᠦᠯ ᠤᠨ ᠣᠷᠣᠨ ᠪᠠᠶᠢᠷᠢ᠂ ᠣᠳᠣᠬᠢ ᠪᠠᠶᠢᠳᠠᠯ ᠤᠨ ᠭᠠᠵᠠᠷ ᠰᠢᠷᠣᠶ ᠶᠢᠨ ᠲᠥᠷᠥᠯ᠂ ᠲᠠᠯᠠᠪᠠᠶ ᠵᠡᠷᠭᠡ ᠶᠢ ᠳ᠋ᠠᠶᠢᠲ᠋ᠠ ᠬᠥᠮᠥᠷᠭᠡ ᠯᠦᠭᠡ ᠠᠳᠠᠯᠢᠳᠬᠠᠵᠤ ᠨᠢᠭᠡᠳᠦᠯᠲᠡᠶ ᠪᠠᠶᠢᠯᠭᠠᠨ᠎ᠠ︔ ᠵᠠᠬᠢᠳᠠᠯ ᠰᠤᠷᠪᠤᠯᠵᠢᠯᠠᠭ᠎ᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠤᠶᠤ ᠵᠠᠰᠠᠭ ᠵᠠᠬᠢᠷᠭᠠᠨ ᠤ ᠵᠠᠷᠭᠤ ᠶᠢᠨ ᠵᠦᠢᠯ ᠣᠷᠣᠰᠢᠬᠤ ᠦᠭᠡᠶ᠃   ︵ᠭᠤᠷᠪᠠ︶ ᠳᠥᠰᠦᠯ ᠤᠨ ᠰᠣᠩᠭᠤᠭᠰᠠᠨ ᠭᠠᠵᠠᠷ ᠨᠢ ᠲᠣᠭᠲᠠᠭᠠᠯ ᠳᠤ ᠨᠡᠶᠢᠴᠡᠵᠦ ᠪᠠᠶᠢᠬᠤ ᠡᠰᠡᠬᠦ ᠶᠢ ᠬᠢᠨᠠᠨ ᠪᠠᠶᠢᠴᠠᠭᠠᠬᠤ᠄ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ︵ᠤᠳᠤ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠢ ᠶᠢ ᠠᠰᠢᠭᠯᠠᠬᠤ ᠶᠡᠷᠦᠩᠬᠡᠢ ᠲᠥᠯᠥᠪᠵᠢᠭᠦᠯᠭᠡ ᠪᠠ ᠬᠤᠳᠠ᠂ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ︶᠎ ᠳᠤ ᠨᠡᠶᠢᠴᠡᠵᠦ᠂ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠎ ᠶᠢᠨ ᠬᠤᠷᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠳᠤ ᠬᠠᠷᠢᠶᠠᠯᠠᠭᠳᠠᠨ᠎ᠠ᠂ ᠪᠦᠳᠦᠭᠡᠨ ᠪᠠᠶᠢᠭᠤᠯᠤᠯᠲᠠ ᠶᠢᠨ ᠵᠦᠢᠯᠡᠰ ᠲᠤ ᠬᠡᠷᠡᠭᠯᠡᠬᠦ ᠭᠠᠵᠠᠷ ᠨᠢ ᠭᠠᠵᠠᠷ ᠰᠢᠷᠣᠢ ᠶᠢ ᠠᠰᠢᠭᠯᠠᠬᠤ ᠶᠡᠷᠦᠩᠬᠡᠢ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠᠲᠠᠢ ᠪᠠᠶᠢᠪᠠᠯ᠂ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠲᠥᠰᠦᠯ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠵᠦ ᠪᠠᠶᠢᠨ᠎ᠠ᠃ ᠬᠠᠮᠢᠶ᠎ᠠ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶᠎ ᠨᠢ ᠭᠠᠵᠠᠷ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠲᠤᠬᠠᠶ ᠰᠠᠨᠠᠯ ᠰᠣᠨᠣᠰᠬᠤ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠤ ᠨᠥᠯᠥᠭᠡ ᠶᠢ ᠦᠨᠡᠯᠡᠨ ᠵᠢᠱᠢᠬᠦ ᠪᠠ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠠᠵᠢᠯ ᠢ ᠪᠡᠶᠡᠯᠡᠭᠦᠯᠬᠦ ᠪᠠᠷ ᠠᠮᠠᠯᠳᠠᠭᠰᠠᠨ ᠡᠰᠡᠬᠦ᠃ ᠵᠦᠢᠯᠡᠰ ᠤᠨ ᠬᠡᠷᠡᠭᠯᠡᠬᠦ ᠭᠠᠵᠠᠷ ᠨᠢ ᠬᠤᠲᠠ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠳᠤ ᠨᠡᠶᠢᠴᠡᠬᠦ ᠦᠭᠡᠢ ᠪᠠᠶᠢᠪᠠᠯ᠂ ᠬᠠᠤᠯᠢ ᠪᠠᠷ ᠲᠣᠭᠲᠠᠭᠠᠭᠰᠠᠨ ᠵᠢᠷᠤᠮ ᠶᠣᠰᠣᠭᠠᠷ ᠵᠠᠰᠠᠪᠤᠷᠢ ᠣᠷᠣᠭᠤᠯᠤᠭᠠᠳ ᠬᠤᠲᠠ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠶᠢ ᠬᠠᠤᠯᠢ ᠶᠣᠰᠣᠭᠠᠷ ᠬᠢᠨᠠᠨ ᠵᠥᠪᠰᠢᠶᠡᠷᠡᠨ᠎ᠡ︔ ᠲᠥᠷᠥᠯ ᠵᠦᠢᠯ ᠳᠤ ᠬᠡᠷᠡᠭᠯᠡᠬᠦ ᠭᠠᠵᠠᠷ ᠨᠢ ᠬᠤᠲᠠ᠂ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠳᠤ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠨ ᠠᠴᠠ ᠭᠠᠳᠠᠨ᠎ᠠ ᠪᠠᠶᠢᠪᠠᠯ᠂ ᠲᠤᠰᠢᠶᠠᠭᠰᠠᠨ ᠭᠠᠵᠠᠷ ᠰᠣᠩᠭᠤᠬᠤ ᠰᠤᠳᠤᠯᠤᠯ ᠤᠨ ᠮᠡᠳᠡᠭᠦᠯᠦᠯᠲᠡ ᠵᠢᠴᠢ ᠨᠤᠲᠠᠯᠠᠭᠰᠠᠨ ᠰᠠᠨᠠᠯ ᠨᠢ ᠵᠦᠢ ᠵᠣᠬᠢᠰᠲᠠᠶ ᠪᠥᠭᠡᠳ ᠶᠠᠪᠤᠭᠳᠠᠭᠤᠰᠢᠲᠠᠶ ᠪᠠᠶᠢᠬᠤ ᠬᠡᠷᠡᠭᠲᠡᠶ᠃    ︵ᠳᠥᠷᠪᠡ︶ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠤ ᠲᠣᠭᠲᠠᠭᠠᠯ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ᠄ ︽ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠳᠥᠰᠦᠯ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ ᠶᠢ ᠤᠷᠢᠳᠴᠢᠯᠠᠨ ᠬᠢᠨᠠᠬᠤ ᠶᠢ ᠰᠠᠶᠢᠲᠤᠷ ᠬᠢᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ [ 2018 ] 3 ᠳ᠋ᠤᠭᠠᠷ ᠲᠣᠭᠠᠲᠤ︶ ᠪᠠ ︽ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾ ︵ᠪᠠᠶᠢᠭᠠᠯᠢ ᠡᠬᠢ ᠲᠣᠭᠲᠠᠭᠠᠯ [ 2019 ] 1 ᠳ᠋ᠦᠭᠡᠷ ᠲᠣᠭᠠᠲᠤ︶᠎ ᠤᠨ ᠲᠣᠭᠲᠠᠭᠠᠯ ᠳᠤ ᠨᠡᠶᠢᠴᠡᠵᠦ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠨᠢ ᠴᠢᠬᠤᠯᠠ ᠪᠥᠬᠦᠶ᠂ ᠬᠡᠪᠴᠢᠶ᠎ᠡ ᠨᠢ ᠵᠦᠶ ᠵᠣᠬᠢᠰᠲᠠᠶ᠂ ᠨᠠᠶᠢᠷᠠᠭᠤᠯᠤᠨ ᠵᠣᠬᠢᠶᠠᠭᠰᠠᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠨᠥᠬᠦᠪᠥᠷᠢᠯᠡᠨ ᠬᠤᠪᠢᠶᠠᠷᠢᠯᠠᠬᠤ ᠲᠥᠰᠦᠯ ᠨᠢ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃    ︵ᠲᠠᠪᠤ︶ ᠳᠥᠰᠦᠯ ᠤᠨ ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ᠄ ᠬᠢᠨᠠᠨ ᠪᠠᠶᠢᠴᠠᠭᠠᠬᠤ ᠲᠥᠷᠥᠯ ᠵᠦᠶ᠋ᠯ ᠤᠨ ᠭᠠᠵᠠᠷ ᠬᠡᠷᠡᠭᠯᠡᠬᠦ ᠶᠡᠷᠦᠩᠬᠡᠶ ᠬᠡᠪᠴᠢᠶ᠎ᠡ ᠵᠢᠴᠢ ᠡᠯ᠎ᠡ ᠴᠢᠳᠠᠮᠵᠢᠳᠤ ᠣᠷᠣᠨ ᠬᠤᠪᠢᠶᠠᠭᠰᠠᠨ ᠭᠠᠵᠠᠷ ᠬᠡᠷᠡᠭᠯᠡᠬᠦ ᠲᠠᠯᠠᠪᠠᠶ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠡᠯ᠎ᠡ ᠲᠥᠷᠥᠯ ᠤᠨ ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ ᠪᠤᠶᠤ ᠠᠵᠢᠯ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠵᠦ᠂ ᠭᠠᠵᠠᠷ ᠢ ᠠᠷᠪᠢᠲᠠᠶ ᠡᠷᠴᠢᠮᠯᠢᠭ ᠬᠡᠷᠡᠭᠯᠡᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃ ᠠᠶᠤᠯ ᠦᠭᠡᠶ ᠦᠢᠯᠡᠳᠪᠦᠷᠢᠯᠡᠯ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ᠂ ᠤᠷᠠᠨ ᠳᠠᠷᠬ᠎ᠠ ᠶᠢᠨ ᠮᠡᠷᠭᠡᠵᠢᠯ ᠵᠡᠷᠭᠡ ᠣᠨᠴᠣᠭᠤᠶ ᠱᠠᠭᠠᠷᠳᠠᠯᠭ᠎ᠠ ᠠᠴᠠ ᠪᠣᠯᠵᠤ᠂ ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ ᠠᠴᠠ ᠳᠠᠪᠠᠭᠤᠯᠬᠤ ᠦᠨᠡᠨᠬᠦ ᠴᠢᠬᠤᠯᠠ ᠲᠠᠢ ᠵᠢᠴᠢ ᠤᠯᠤᠰ ᠪᠣᠯᠤᠨ ᠣᠷᠣᠨ ᠨᠤᠲᠤᠭ ᠲᠤ ᠲᠦᠷ ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ ᠪᠣᠯᠤᠨ ᠪᠦᠲᠦᠭᠡᠨ ᠪᠠᠶᠢᠭᠤᠯᠬᠤ ᠪᠠᠷᠢᠮᠵᠢᠶ᠎ᠠ ᠦᠭᠡᠶ ᠲᠥᠷᠥᠯ ᠵᠦᠢᠯ ᠳᠤ ᠪᠣᠯ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ ᠪᠢᠴᠢᠭ ᠢ ᠬᠢᠨᠠᠨ ᠣᠯᠭᠤᠭᠰᠠᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠠᠷᠪᠢᠯᠠᠭᠰᠠᠨ ᠪᠠᠶᠢᠳᠠᠯ ᠳᠤ ᠦᠨᠡᠯᠡᠯᠲᠡ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠬᠢᠨᠠᠨ ᠲᠣᠭᠲᠠᠭᠠᠵᠤ ᠨᠤᠲᠠᠯᠠᠯᠲᠠ ᠬᠢᠬᠦ ᠰᠠᠨᠠᠯ ᠭᠠᠷᠭᠠᠬᠤ ᠬᠡᠷᠡᠭᠲᠡᠶ᠃    ︵ᠵᠢᠷᠭᠤᠭ᠎ᠠ︶ ᠬᠠᠶᠢᠨ ᠰᠢᠨᠵᠢᠵᠦ ᠨᠤᠲᠠᠯᠠᠯᠲᠠ ᠬᠢᠭᠰᠡᠨ ᠨᠢ ᠲᠣᠭᠲᠠᠭᠠᠯ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ᠄ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠤᠶᠤ ᠪᠤᠰᠤᠳ ᠲᠠᠷᠢᠶᠠᠨ ᠭᠠᠵᠠᠷ ᠤᠨ ᠬᠡᠪᠴᠢᠶ᠎ᠡ ᠨᠢ ᠨᠡᠯᠢᠶᠡᠳ ᠶᠡᠭᠡ ︵ᠱᠤᠭᠤᠮ ᠤᠨ ᠴᠢᠨᠠᠷᠲᠠᠶ ᠪᠠᠷᠢᠯᠭ᠎ᠠ ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠨᠢ 100 ᠾᠧᠺᠲ᠋ᠠᠷ ᠠᠴᠠ ᠳᠡᠭᠡᠭᠰᠢ᠂ ᠬᠡᠰᠡᠭ ᠬᠡᠯᠪᠡᠷᠢ ᠶᠢᠨ ᠪᠠᠷᠢᠯᠭ᠎ᠠ ᠨᠢ 70 ᠾᠧᠺᠲ᠋ᠠᠷ ᠠᠴᠠ ᠳᠡᠭᠡᠭᠰᠢ ᠪᠤᠶᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠶᠢᠨ 50 %᠎ ᠠᠴᠠ ᠳᠡᠭᠡᠭᠰᠢ ᠳᠤ ᠬᠦᠷᠦᠭᠰᠡᠨ᠂ ᠤᠰᠤᠨ ᠴᠥᠭᠦᠷᠥᠮ ᠤᠨ ᠲᠥᠷᠥᠯ ᠤᠨ ᠳᠥᠰᠦᠯ ᠢ ᠪᠠᠭᠲᠠᠭᠠᠬᠤ ᠦᠭᠡᠶ︶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶ᠋ᠯ ᠢ ᠨᠢᠭᠡᠨᠲᠡ ᠵᠣᠬᠢᠶᠠᠨ ᠪᠠᠶᠢᠭᠤᠯᠤᠨ ︵ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠ ᠨᠥᠬᠦᠵᠦ ᠬᠤᠪᠢᠶᠠᠷᠢᠯᠠᠨ᠎ᠠ︶ ᠲᠤᠬᠠᠶ ᠶᠢᠨ ᠭᠠᠵᠠᠷ ᠲᠤᠨᠢ ᠬᠠᠶᠢᠨ ᠰᠢᠨᠵᠢᠵᠦ ᠨᠤᠲᠠᠯᠠᠯᠲᠠ ᠬᠢᠭᠰᠡᠨ ᠪᠥᠭᠡᠳ ᠨᠤᠲᠠᠯᠠᠯᠲᠠ ᠶᠢᠨ ᠰᠠᠨᠠᠯ ᠭᠠᠷᠭᠠᠭᠰᠠᠨ᠃   ︵ᠳᠣᠯᠤᠭ᠎ᠠ︶ ᠠᠮᠠᠯᠠᠯᠲᠠ ᠶᠢᠨ ᠳᠥᠰᠦᠯ ᠤᠨ ᠲᠣᠭᠲᠠᠭᠠᠯ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ᠄ ᠪᠥᠲᠥᠭᠡᠨ ᠪᠠᠶᠢᠭᠤᠯᠬᠤ ᠨᠢᠭᠡᠴᠢ ᠠᠴᠠ ᠨᠢᠭᠡᠨᠲᠡ ᠲᠠᠷᠢᠶᠠᠨ ᠭᠠᠵᠠᠷ ᠨᠥᠬᠦᠪᠥᠷᠢᠯᠡᠬᠦ᠂ ᠭᠠᠵᠠᠷ ᠲᠠᠲᠠᠪᠤᠷᠢᠯᠠᠬᠤ ᠨᠥᠬᠦᠪᠥᠷᠢ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠵᠡᠷᠭᠡ ᠬᠠᠮᠢᠶ᠎ᠠ ᠪᠥᠬᠦᠶ ᠵᠠᠷᠤᠳᠠᠯ ᠢ ᠳᠥᠰᠦᠯ ᠤᠨ ᠪᠠᠷᠢᠯᠭ᠎ᠠ ᠶᠢᠨ ᠲᠦᠢᠮᠣ ᠲᠥᠰᠦᠪ ᠲᠤ ᠭᠦᠢᠣᠡᠳ ᠲᠤᠭ᠎ᠠ ᠪᠠᠷ ᠣᠷᠣᠭᠤᠯᠬᠤ ᠪᠠᠷ ᠠᠮᠠᠯᠠᠭᠰᠠᠨ ᠪᠥᠭᠡᠳ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠲᠤᠬᠠᠶ ᠶᠢᠨ ᠭᠠᠵᠠᠷ ᠤᠨ ᠲᠠᠷᠢᠶᠠᠨ ᠭᠠᠵᠠᠷ ᠢ ᠬᠠᠭᠠᠯᠪᠤᠷᠢᠯᠠᠬᠤ ᠰᠦᠶ᠋ᠳᠬᠡᠯ ᠤᠨ ᠬᠠᠮᠤᠭ ᠤᠨ ᠥᠨᠳᠥᠷ ᠪᠠᠷᠢᠮᠵᠢᠶ᠎ᠠ ᠶᠢᠨ ᠬᠤᠶᠠᠷ ᠳᠠᠬᠢᠨ ᠢᠶᠠᠷ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠪᠦᠲᠦᠭᠡᠨ ᠪᠠᠶᠢᠭᠤᠯᠬᠤ ᠨᠢᠭᠡᠴᠢ ᠪᠠ ᠣᠷᠣᠨ ᠨᠤᠲᠤᠭ ᠤᠨ ᠵᠠᠰᠠᠭ ᠤᠨ ᠣᠷᠳᠣᠨ ᠢ ᠰᠢᠪᠠᠳᠠᠵᠤ᠂ ᠭᠠᠵᠠᠷ ᠰᠢᠷᠣᠢ ᠶᠢ ᠵᠢᠩᠬᠢᠨᠢ ᠪᠠᠷ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠣᠯᠭᠤᠵᠤ ᠲᠥᠪᠬᠢᠨᠡᠭᠦᠯᠬᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠵᠢᠴᠢ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠵᠡᠷᠭᠡ ᠬᠤᠯᠪᠣᠭᠳᠠᠯ ᠪᠦᠬᠦᠢ ᠠᠵᠢᠯ ᠢ ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠢ᠃   ︵ᠨᠠᠢᠮᠠ︶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠤᠶᠤ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷᠠᠬᠢ ᠬᠡᠷᠡᠭᠯᠡᠬᠦ ᠭᠠᠵᠠᠷ ᠤᠨ ᠲᠣᠭᠲᠠᠭᠠᠯ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ ᠶᠢ ᠡᠵᠡᠯᠡᠨ ᠬᠡᠷᠡᠭᠯᠡᠬᠦ᠄ ᠡᠯ᠎ᠡ ᠱᠠᠲᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠬᠡᠷᠡᠭᠯᠡᠬᠦ ᠭᠠᠵᠠᠷ ᠠᠴᠠ ᠦᠨᠡᠨᠬᠦ ᠵᠠᠶᠢᠯᠠᠬᠤ ᠶᠢᠨ ᠠᠷᠭ᠎ᠠ ᠥᠬᠡᠶ ᠳᠥᠰᠦᠯ ᠳᠤ ᠬᠤᠯᠪᠣᠭᠳᠠᠭᠰᠠᠨ ᠪᠠᠶᠢᠪᠠᠯ᠂ ︽ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠵᠢᠴᠢ ᠴᠢᠳᠠᠮᠵᠢ ᠶᠢᠨ ᠣᠷᠣᠨ ᠬᠤᠪᠢᠶᠠᠷᠢ ᠶᠢ ᠰᠢᠯᠢᠳᠡᠭᠵᠢᠭᠦᠯᠦᠨ ᠲᠣᠬᠢᠷᠠᠭᠤᠯᠬᠤ ᠡᠮᠦᠨᠡᠬᠢ ᠬᠤᠭᠤᠴᠠᠭᠠᠨ ᠤ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠵᠠᠬᠢᠳᠠᠯ︾ ︵ᠪᠠᠶᠢᠭᠠᠯᠢ ᠪᠠᠯᠠ ᠵᠠᠬᠢᠳᠠᠯ 2020 . 71 ᠳ᠋ᠦᠭᠡᠷ ᠲᠣᠭᠠᠲᠤ︶᠎ ᠤᠨ ᠱᠠᠭᠠᠷᠳᠠᠯᠭ᠎ᠠ ᠳᠤ ᠨᠡᠶᠢᠴᠡᠵᠦ᠂ ᠡᠩ ᠤᠨ ᠡᠵᠡᠮᠳᠡᠯ ᠤᠨ ᠣᠷᠣᠨ ᠤ ᠳᠣᠲᠣᠷᠠᠬᠢ ᠴᠢᠬᠤᠯᠠ ᠪᠥᠬᠦᠶ ᠣᠯᠠᠨ ᠨᠡᠶᠢᠲᠡ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠠᠷᠢᠶᠠᠯᠠᠭᠳᠠᠨ᠎ᠠ︔ ᠰᠢᠶᠠᠨ ᠤ ᠱᠠᠲᠤᠨ ᠠᠴᠠ ᠳᠡᠭᠡᠭᠰᠢᠬᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠨᠡᠶᠢᠴᠡᠭᠰᠡᠨ ᠱᠤᠭᠤᠮᠯᠢᠭ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠬᠦ ᠪᠠ ᠤᠰᠤ ᠬᠠᠩᠭᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠠᠭᠠᠯᠠᠯᠲᠠ ᠠᠴᠠ ᠡᠷᠬᠡᠪᠰᠢ ᠵᠠᠶᠢᠯᠠᠬᠤ ᠶᠢᠨ ᠠᠷᠭ᠎ᠠ ᠦᠭᠡᠢ︔ ᠨᠢᠭᠡᠨᠲᠡ ᠪᠠᠶᠢᠭ᠎ᠠ ᠬᠠᠤᠯᠢ ᠶᠣᠰᠣᠨ ᠤ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠪᠡᠯᠡᠳᠬᠡᠮᠵᠢ ᠶᠢᠨ ᠠᠵᠢᠯᠯᠠᠭᠠᠨ ᠪᠠ ᠬᠠᠮᠠᠭᠠᠯᠠᠯᠲᠠ︔ ᠦᠨᠡᠬᠡᠷ ᠵᠠᠶᠢᠯᠠᠬᠤᠶ᠎ᠠ ᠪᠡᠷᠬᠡ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠭᠠᠵᠠᠷ ᠬᠡᠷᠡᠭᠯᠡᠬᠦ ᠠᠴᠠ ᠦᠨᠡᠬᠡᠷ ᠵᠠᠶᠢᠯᠠᠬᠤ ᠶᠢᠨ ᠠᠷᠭ᠎ᠠ ᠦᠭᠡᠢ ᠪᠣᠯᠤᠭᠰᠠᠨ ᠵᠦᠢᠯᠡᠰ ᠲᠤ ᠬᠤᠯᠪᠣᠭᠳᠠᠭᠰᠠᠨ ᠵᠦᠢᠯᠡᠰ ᠨᠢ ︽ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠳᠤ ᠭᠤᠷᠪᠠᠨ ᠬᠢᠵᠠᠭᠠᠷᠯᠠᠬᠤ ᠱᠤᠭᠤᠮ ᠢ ᠨᠢᠭᠡᠳᠦᠯᠲᠡᠢ ᠲᠥᠯᠥᠪᠯᠡᠨ ᠵᠠᠭᠠᠭᠯᠠᠨ ᠲᠣᠭᠲᠠᠭᠠᠵᠤ ᠨᠠᠶᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾᠎ ᠳᠤ ᠲᠣᠭᠲᠠᠭᠠᠭᠰᠠᠨ ᠡᠵᠡᠯᠡᠨ ᠬᠡᠷᠡᠭᠯᠡᠵᠦ ᠪᠣᠯᠬᠤ ᠵᠦᠢᠯᠡᠰ ᠤᠨ ᠬᠡᠪᠴᠢᠶᠡᠨ ᠳᠤ ᠨᠡᠶᠢᠴᠡᠵᠦ ᠪᠠᠶᠢᠨ᠎ᠠ᠃ ︵ᠠᠭᠤᠷᠬᠠᠶ ᠵᠢᠴᠢ ᠠᠵᠤ ᠦᠶ᠋ᠯᠡᠳᠪᠦᠷᠢ ᠶᠢᠨ ᠳᠥᠰᠦᠯ ᠨᠢ ᠪᠠᠰᠠ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢᠨ ᠣᠷᠣᠨ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠭᠤᠤᠯ ᠣᠷᠣᠨ ᠵᠡᠷᠭᠡ ᠳᠤ ᠬᠤᠯᠪᠣᠭᠳᠠᠭᠰᠠᠨ ᠵᠡᠷᠭᠡ ᠪᠠᠶᠢᠳᠠᠯ ᠢ ᠬᠢᠨᠠᠨ ᠪᠠᠶᠢᠴᠠᠭᠠᠨ᠎ᠠ︶᠃    ︵ᠶᠢᠰᠦ︶ ᠣᠶᠢᠲᠤ ᠭᠠᠵᠠᠷ᠂ ᠡᠪᠡᠰᠦᠲᠦ ᠭᠠᠵᠠᠷ ︵ᠪᠤᠰᠤᠳ ᠡᠪᠡᠰᠦᠲᠦ ᠭᠠᠵᠠᠷ ᠪᠠᠭᠲᠠᠨ᠎ᠠ︶᠎ ᠢ ᠡᠵᠡᠯᠡᠨ ᠬᠡᠷᠡᠭᠯᠡᠬᠦ ᠲᠤᠬᠠᠶ ᠲᠣᠭᠲᠠᠭᠠᠯ ᠤᠨ ᠴᠢᠨᠠᠷᠲᠠᠶ ᠬᠢᠨᠠᠨ ᠪᠠᠶᠢᠴᠠᠭᠠᠯᠲᠠ᠄ ᠵᠢᠱᠢᠶᠡᠯᠡᠪᠡᠯ ᠳᠥᠰᠦᠯ ᠳᠤ ᠣᠶᠢᠲᠤ ᠭᠠᠵᠠᠷ᠂ ᠡᠪᠡᠰᠦᠲᠦ ᠭᠠᠵᠠᠷ ᠢ ᠡᠵᠡᠯᠡᠨ ᠬᠡᠷᠡᠭᠯᠡᠬᠦ ᠳᠤ ᠲᠤᠬᠠᠶ ᠶᠢᠨ ᠭᠠᠵᠠᠷ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠰᠠᠨᠠᠯ ᠭᠠᠷᠭᠠᠭᠤᠯᠤᠨ᠎ᠠ᠃ ᠬᠡᠷᠪᠡ ᠳᠥᠰᠦᠯ ᠢ ᠨᠢᠭᠡᠨᠲᠡ ᠬᠠᠤᠯᠢ ᠠᠴᠠ ᠵᠥᠷᠢᠴᠡᠨ ᠠᠵᠢᠯ ᠡᠬᠢᠯᠡᠭᠦᠯᠦᠭᠰᠡᠨ ᠪᠠᠶᠢᠪᠠᠯ᠂ ︽ᠣᠶ ᠰᠢᠭᠤᠶ ᠶᠢᠨ ᠬᠠᠤᠯᠢ︾᠂ ︽ᠨᠤᠲᠤᠭ ᠪᠡᠯᠴᠢᠭᠡᠷ ᠤᠨ ᠬᠠᠤᠯᠢ︾᠎ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠣᠶᠢᠲᠤ ᠭᠠᠵᠠᠷ᠂ ᠡᠪᠡᠰᠦᠲᠦ ᠭᠠᠵᠠᠷ ᠢ ᠡᠵᠡᠯᠡᠨ ᠬᠡᠷᠡᠭᠯᠡᠬᠦ ᠶᠢ ᠵᠥᠪᠰᠢᠶᠡᠷᠡᠭᠰᠡᠨ ᠴᠣᠬᠤᠯᠠᠪᠤᠷᠢ ᠶᠢᠨ ᠪᠢᠴᠢᠭ ᠮᠠᠲ᠋ᠧᠷᠢᠶᠠᠯ ᠢ ᠨᠢᠭᠡᠨᠲᠡ ᠭᠦᠢᠣᠡᠳᠬᠡᠭᠰᠡᠨ ᠪᠠᠶᠢᠬᠤ ᠬᠡᠷᠡᠭᠲᠡᠶ᠃    ᠦᠨᠳᠦᠰᠦᠯᠡᠯ ᠲᠣᠭᠲᠠᠭᠠᠬᠤ  ᠄   ﹇ᠬᠠᠤᠯᠢ ᠴᠠᠭᠠᠵᠠ﹈ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ︵1986 ᠣᠨ ᠤ 6 ᠰᠠᠷ᠎ᠠ ᠶᠢᠨ 25᠎ ᠤ ᠡᠳᠦᠷ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯᠳᠤᠭᠠᠨ ᠠᠴᠠ ᠪᠠᠲᠤᠯᠠᠪᠠ᠂ 2019 ᠣᠨ ᠳᠤ ᠵᠠᠰᠠᠪᠤᠷᠢ ᠣᠷᠣᠭᠤᠯᠤᠭᠰᠠᠨ ᠳᠡᠪᠲᠡᠷ︶ ᠲᠠᠪᠢᠨ ᠭᠤᠷᠪᠠᠳᠤᠭᠠᠷ ᠵᠦᠢᠯ ᠨᠢᠭᠡᠨᠲᠡ ᠵᠥᠪᠰᠢᠶᠡᠷᠡᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠴᠢᠬᠤᠯᠠᠲᠠᠢ ᠪᠠᠶᠢᠪᠠᠯ᠂ ᠪᠦᠲᠦᠭᠡᠨ ᠪᠠᠶᠢᠭᠤᠯᠬᠤ ᠨᠢᠭᠡᠴᠢ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠠᠪᠴᠤ᠂ ᠵᠥᠪᠰᠢᠶᠡᠷᠡᠬᠦ ᠡᠷᠬᠡ ᠪᠦᠬᠦᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠤᠶᠤᠴᠢᠯᠠᠯ ᠭᠠᠷᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ ᠲᠡᠪᠢᠠ ᠳᠥᠷᠪᠡᠳᠦᠭᠡᠷ ᠵᠦᠢᠯ ᠪᠦᠳᠦᠭᠡᠠ ᠪᠠᠶᠢᠭᠤᠯᠬᠤ ᠨᠢᠭᠡᠴᠢ ᠨᠢ ᠤᠯᠤᠰ ᠤᠨ ᠥᠮᠴᠢᠯᠡᠯ ᠤᠨ ᠭᠠᠵᠠᠷ ᠰᠢᠷᠣᠢ ᠶᠢ ᠬᠡᠷᠡᠭᠯᠡᠬᠦ ᠳᠡᠭᠡᠨ ᠰᠢᠯᠵᠢᠭᠦᠯᠦᠨ ᠬᠤᠳᠠᠯᠳᠤᠬᠤ ᠵᠡᠷᠭᠡ ᠲᠥᠯᠥᠪᠦᠷᠢ ᠲᠠᠢ ᠪᠠᠷ ᠬᠡᠷᠡᠭᠯᠡᠬᠦ ᠬᠡᠯᠪᠡᠷᠢ ᠪᠠᠷ ᠭᠠᠵᠠᠷ ᠰᠢᠷᠣᠢ ᠶᠢ ᠤᠯᠬᠤ ᠬᠡᠷᠡᠭᠲᠡᠢ︔ ᠭᠡᠪᠡᠴᠦ ᠳᠣᠣᠷ᠎ᠠ ᠵᠢᠭᠰᠠᠭᠠᠭᠰᠠᠨ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠡᠳ ᠰᠢᠯᠵᠢᠭᠦᠯᠦᠨ ᠣᠯᠭᠤᠬᠤ ᠬᠡᠯᠪᠡᠷᠢ ᠪᠠᠷ ᠣᠯᠵᠤ ᠪᠣᠯᠤᠨ᠎ᠠ᠄      ︵ᠨᠢᠭᠡ︶ ᠲᠦᠷᠦ ᠶᠢᠨ ᠪᠠᠶᠢᠭᠤᠯᠭ᠎ᠠ ᠶᠢᠨ ᠬᠡᠷᠡᠭᠯᠡᠬᠦ ᠭᠠᠵᠠᠷ ᠪᠠ ᠴᠡᠷᠢᠭ ᠤᠨ ᠶᠠᠪᠤᠳᠠᠯ ᠳᠤ ᠬᠡᠷᠡᠭᠯᠡᠬᠦ ᠭᠠᠵᠠᠷ︔      ︵ᠬᠤᠶᠠᠷ︶ ᠬᠤᠳᠠ ᠶᠢᠨ ᠰᠠᠭᠤᠷᠢ ᠲᠥᠬᠦᠭᠡᠷᠦᠮᠵᠢ ᠳᠤ ᠬᠡᠷᠡᠭᠯᠡᠬᠦ ᠭᠠᠵᠠᠷ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠡᠷᠡᠭᠯᠡᠬᠦ ᠭᠠᠵᠠᠷ︔      ︵ᠭᠤᠷᠪᠠ︶ ᠤᠯᠤᠰ ᠠᠴᠠ ᠭᠤᠣᠯᠳᠠᠯᠭ᠎ᠠ ᠲᠠᠢ ᠪᠠᠷ ᠲᠡᠳᠬᠦᠨ ᠲᠡᠮᠵᠢᠵᠦ ᠪᠠᠶᠢᠭ᠎ᠠ ᠡᠨᠧᠷᠭᠢ ᠶᠢᠨ ᠰᠤᠷᠪᠤᠯᠵᠢ᠂ ᠵᠡᠮ ᠬᠠᠷᠢᠯᠴᠠᠭ᠎ᠠ᠂ ᠤᠰᠦᠠ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠳᠤ ᠬᠡᠷᠡᠭᠯᠡᠬᠦ ᠭᠠᠵᠠᠷ︔      ︵ᠳᠥᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠵᠦᠢᠯ ᠤᠨ ᠬᠡᠷᠡᠭᠯᠡᠬᠦ ᠭᠠᠵᠠᠷ᠃      ﹇ᠬᠠᠤᠯᠢ ᠴᠠᠭᠠᠵᠠ﹈ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾ ︵2007 ᠣᠨ ᠤ 10 ᠰᠠᠷ᠎ᠠ ᠶᠢᠨ 28᠎ ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯᠳᠤᠭᠠᠨ ᠠᠴᠠ ᠪᠠᠲᠤᠯᠠᠵᠤ᠂ 2019 ᠣᠨ ᠳᠤ ᠵᠠᠰᠠᠪᠠ︶ ᠭᠤᠴᠢᠨ ᠵᠢᠷᠭᠤᠳᠤᠭᠠᠷ ᠵᠦᠢᠯ ᠤᠯᠤᠰ ᠤᠨ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠪᠤᠶᠤ ᠬᠢᠨᠠᠨ ᠵᠥᠪᠰᠢᠶᠡᠷᠡᠭᠦᠯᠬᠦ ᠴᠢᠬᠤᠯᠠᠲᠠᠢ ᠪᠦᠳᠦᠭᠡᠨ ᠪᠠᠶᠢᠭᠤᠯᠤᠯᠲᠠ ᠶᠢᠨ ᠵᠦᠢᠯᠡᠰ ᠲᠤ᠂ ᠰᠢᠯᠵᠢᠭᠦᠯᠦᠨ ᠥᠭᠬᠦ ᠠᠷᠭ᠎ᠠ ᠮᠠᠶ᠋ᠢᠭ ᠢᠶᠠᠷ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠠᠩᠭᠠᠭᠰᠠᠨ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠵᠥᠪᠰᠢᠶᠡᠷᠡᠭᠦᠯᠬᠦ ᠪᠤᠶᠤ ᠬᠢᠨᠠᠨ ᠵᠥᠪᠰᠢᠶᠡᠷᠡᠭᠦᠯᠬᠦ ᠠᠴᠠ ᠡᠮᠦᠨ᠎ᠡ᠂ ᠭᠠᠵᠠᠷ ᠰᠣᠩᠭᠤᠬᠤ ᠰᠠᠨᠠᠯ ᠤᠨ ᠪᠢᠴᠢᠭ ᠢ ᠬᠢᠨᠠᠨ ᠣᠯᠭᠤᠬᠤ ᠪᠠᠷ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠬᠤ ᠬᠡᠷᠡᠭᠲᠡᠢ᠃ ᠡᠮᠦᠨᠡᠬᠢ ᠪᠠᠳᠠᠭ ᠲᠤ ᠲᠣᠭᠲᠠᠭᠠᠭᠰᠠᠨ ᠠᠴᠠ ᠭᠠᠳᠠᠨᠠᠬᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠭᠠᠵᠠᠷ ᠰᠣᠩᠭᠤᠬᠤ ᠰᠠᠨᠠᠯ ᠤᠨ ᠪᠢᠴᠢᠭ ᠭᠤᠶᠤᠴᠢᠯᠠᠬᠤ ᠴᠢᠬᠤᠯᠠ ᠦᠭᠡᠢ᠃     ᠶᠠᠮᠤᠨ ᠬᠤᠷᠢᠶ᠎ᠠ ᠶᠢᠨ ᠲᠦᠷᠢᠮ ᠲᠣᠭᠲᠠᠭᠠᠯ ︽ᠪᠥᠲᠥᠭᠡᠨ ᠪᠠᠶᠢᠭᠤᠯᠤᠯᠲᠠ ᠶᠢᠨ ᠲᠦᠰᠦᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠬᠠᠮᠢᠶᠠᠷᠤᠯᠲᠠ ᠶᠢᠨ ᠠᠷᠭ᠎ᠠ︾ ︵2016 ᠣᠨ ᠤ 11 ᠳ᠋ᠦᠭᠡᠷ ᠰᠠᠷ᠎ᠠ ᠶᠢᠨ 29᠎ ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ᠤ ᠵᠠᠷᠯᠢᠭ 68 ᠳ᠋ᠤᠭᠠᠷ ᠲᠣᠭᠠᠲᠤ ᠪᠠᠷ ᠨᠡᠶᠢᠲᠡᠯᠡᠪᠡ 2017 ᠣᠨ ᠤ 1 ᠳ᠋ᠦᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶᠎ ᠶᠢᠨ ᠬᠤᠶᠠᠳᠤᠭᠠᠷ ᠵᠦᠶ᠋ᠯ ᠲᠣᠰ ᠠᠷᠭ᠎ᠠ ᠳᠤ ᠬᠡᠯᠡᠵᠦ ᠪᠠᠶᠢᠭ᠎ᠠ ᠪᠥᠲᠥᠭᠡᠨ ᠪᠠᠶᠢᠭᠤᠯᠤᠯᠲᠠ ᠶᠢᠨ ᠲᠦᠰᠦᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠭᠡᠳᠡᠭ ᠨᠢ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠥᠲᠥᠭᠡᠨ ᠪᠠᠶᠢᠭᠤᠯᠤᠯᠲᠠ ᠶᠢᠨ ᠲᠦᠰᠦᠯ ᠢ ᠬᠢᠨᠠᠨ ᠵᠥᠪᠰᠢᠶᠡᠷᠡᠬᠦ᠂ ᠬᠠᠷᠭᠤᠭᠤᠯᠤᠨ ᠵᠥᠪᠰᠢᠶᠡᠷᠡᠬᠦ᠂ ᠳᠠᠩᠰᠠᠯᠠᠬᠤ ᠱᠠᠲᠤ ᠦᠶ᠎ᠡ ᠳᠤ᠂ ᠪᠥᠲᠥᠭᠡᠨ ᠪᠠᠶᠢᠭᠤᠯᠤᠯᠲᠠ ᠶᠢᠨ ᠲᠦᠰᠦᠯ ᠳᠤ ᠬᠤᠯᠪᠣᠭᠳᠠᠭᠰᠠᠨ ᠭᠠᠵᠠᠷ ᠰᠢᠷᠣᠶ ᠠᠰᠢᠭᠯᠠᠬᠤ ᠵᠦᠶ᠋ᠯᠡᠰ ᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠶᠢ ᠵᠢᠭᠠᠵᠤ ᠪᠣᠶ᠃ ᠳᠥᠷᠪᠡᠳᠦᠭᠡᠷ ᠵᠦᠢᠯ ᠪᠦᠲᠦᠭᠡᠨ ᠪᠠᠶᠢᠭᠤᠯᠤᠯᠲᠠ ᠶᠢᠨ ᠲᠦᠰᠦᠯ ᠳᠤ ᠬᠡᠷᠡᠭᠯᠡᠬᠦ ᠭᠠᠵᠠᠷ ᠢ ᠱᠠᠲᠤ ᠬᠤᠪᠢᠶᠠᠨ ᠤᠷᠢᠳᠴᠢᠯᠠᠨ ᠬᠢᠨᠠᠬᠤ ᠶᠢ ᠬᠡᠷᠡᠭᠵᠢᠭᠦᠯᠦᠨ᠎ᠡ᠃ ᠠᠷᠠᠳ ᠤᠨ ᠵᠠᠰᠠᠭ ᠤᠨ ᠣᠷᠳᠣᠨ ᠪᠤᠶᠤ ᠵᠥᠪᠰᠢᠶᠡᠷᠡᠬᠦ ᠡᠷᠬᠡ ᠲᠠᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠴᠢᠬᠤᠯᠠ ᠲᠠᠢ ᠪᠦᠲᠦᠭᠡᠨ ᠪᠠᠶᠢᠭᠤᠯᠤᠯᠲᠠ ᠶᠢᠨ ᠲᠦᠰᠦᠯ ᠢ ᠪᠣᠯ ᠲᠤᠰ ᠠᠷᠠᠳ ᠤᠨ ᠵᠠᠰᠠᠭ ᠤᠨ ᠣᠷᠳᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠷᠢᠳᠴᠢᠯᠠᠨ ᠬᠢᠨᠠᠨ᠎ᠠ᠃ ᠬᠢᠨᠠᠨ ᠵᠥᠪᠰᠢᠶᠡᠷᠡᠬᠦ ᠪᠠ ᠳᠠᠩᠰᠠᠯᠠᠭᠤᠯᠬᠤ ᠴᠢᠬᠤᠯᠠ ᠲᠠᠢ ᠪᠦᠲᠦᠭᠡᠨ ᠪᠠᠶᠢᠭᠤᠯᠤᠯᠲᠠ ᠶᠢᠨ ᠲᠦᠰᠦᠯ ᠢ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠪᠠᠶᠢᠭᠤᠯᠤᠯᠭ᠎ᠠ ᠲᠠᠢ ᠠᠳᠠᠯᠢ ᠱᠠᠲᠤᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠷᠢᠳᠴᠢᠯᠠᠨ ᠬᠢᠨᠠᠨ᠎ᠠ᠃ ᠵᠢᠷᠭᠤᠳᠤᠭᠠᠷ ᠵᠦᠢᠯ ᠲᠤᠰ ᠠᠷᠭ᠎ᠠ ᠶᠢᠨ ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ᠠᠴᠠ ᠤᠷᠢᠳᠴᠢᠯᠠᠨ ᠬᠢᠨᠠᠬᠤ ᠬᠡᠷᠡᠭᠲᠡᠶ ᠪᠦᠲᠦᠭᠡᠨ ᠪᠠᠶᠢᠭᠤᠯᠤᠯᠲᠠ ᠶᠢᠨ ᠲᠦᠰᠦᠯ ᠢ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ᠠᠴᠠ ᠲᠦᠰᠦᠯ ᠤᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠠᠶᠢᠳᠠᠵᠤ ᠬᠦᠯᠢᠶᠡᠨ ᠠᠪᠤᠭᠤᠯᠤᠨ᠎ᠠ᠂ ᠭᠡᠬᠦ ᠳᠡᠭᠡᠨ ᠪᠦᠲᠦᠭᠡᠨ ᠪᠠᠶᠢᠭᠤᠯᠤᠯᠲᠠ ᠶᠢᠨ ᠲᠦᠰᠦᠯ ᠢ ᠡᠵᠡᠯᠡᠨ ᠬᠡᠷᠡᠭᠯᠡᠬᠦ ᠲᠥᠯᠥᠪᠵᠢᠭᠦᠯᠭᠡ ᠳᠤ ᠲᠣᠭᠲᠠᠭᠠᠭᠰᠠᠨ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷᠠᠬᠢ ᠭᠠᠵᠠᠷ ᠰᠢᠷᠣᠶ ᠶᠢ ᠪᠣᠯ ᠬᠤᠲᠠ ᠶᠢᠨ ᠱᠠᠲᠤᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠠᠶᠢᠳᠠᠵᠤ ᠬᠦᠯᠢᠶᠡᠨ ᠠᠪᠤᠭᠤᠯᠤᠨ᠎ᠠ᠃ ᠬᠦᠯᠢᠶᠡᠨ ᠠᠪᠤᠭᠰᠠᠨ ᠤ ᠳᠠᠷᠠᠭ᠎ᠠ᠂ ᠠᠩᠬᠠᠨ ᠤ ᠬᠢᠨᠠᠯᠲᠠ ᠶᠢᠨ ᠰᠠᠨᠠᠯ ᠳᠤᠷᠠᠳᠴᠤ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ᠳᠤ ᠳᠠᠮᠵᠢᠭᠤᠯᠤᠨ ᠮᠡᠳᠡᠭᠦᠯᠦᠨ᠎ᠡ᠃ ᠨᠢᠭᠤᠴᠠ ᠳᠤ ᠬᠤᠯᠪᠣᠭᠳᠠᠬᠤ ᠴᠡᠷᠢᠭ ᠤᠨ ᠶᠠᠪᠤᠳᠠᠯ ᠤᠨ ᠵᠦᠢᠯᠡᠰ ᠪᠠ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ᠣᠨᠴᠠᠭᠠᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠬᠡᠷᠡᠭᠯᠡᠬᠦ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠨᠢᠭᠡᠴᠢ ᠨᠢ ᠰᠢᠭᠤᠳ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠳᠤ ᠤᠷᠢᠳᠴᠢᠯᠠᠨ ᠬᠢᠨᠠᠭᠤᠯᠬᠤ ᠭᠤᠶᠤᠴᠢᠯᠠᠯ ᠭᠠᠷᠭᠠᠵᠤ ᠪᠣᠯᠤᠨ᠎ᠠ᠃ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ᠠᠴᠠ ᠬᠠᠷᠢᠭᠤᠴᠠᠨ ᠤᠷᠢᠳᠴᠢᠯᠠᠨ ᠬᠢᠨᠠᠬᠤ ᠴᠠᠬᠢᠯᠭᠠᠨ ᠬᠦᠷᠭᠡᠬᠦ ᠱᠤᠭᠤᠮ ᠤᠨ ᠰᠠᠭᠤᠷᠢ᠂ ᠥᠷᠥᠮᠳᠡᠨ ᠬᠠᠶᠢᠬᠤ ᠬᠤᠳᠳᠤᠭ ᠤᠨ ᠪᠠᠶᠢᠷᠢ᠂ ᠴᠢᠮᠡᠭᠡ ᠬᠤᠯᠪᠣᠭᠠᠨ ᠤ ᠰᠠᠭᠤᠷᠢ ᠥᠷᠲᠡᠭᠡ ᠵᠡᠷᠭᠡ ᠪᠠᠭ᠎ᠠ ᠬᠡᠪᠴᠢᠶᠡᠨ ᠤ ᠲᠠᠷᠠᠬᠠᠶ ᠪᠤᠲᠠᠷᠬᠠᠶ ᠪᠦᠲᠦᠭᠡᠨ ᠪᠠᠶᠢᠭᠤᠯᠤᠯᠲᠠ ᠶᠢᠨ ᠲᠦᠰᠦᠯ ᠤᠨ ᠬᠡᠷᠡᠭᠯᠡᠬᠦ ᠭᠠᠵᠠᠷ ᠢ ᠮᠤᠵᠢ ᠶᠢᠨ ᠱᠠᠲᠤᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠷᠢᠳᠴᠢᠯᠠᠨ ᠬᠢᠨᠠᠬᠤ ᠶᠢᠨ ᠬᠠᠮᠲᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃    ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠳᠦᠷᠢᠮ︾ ︵2013 ᠣᠨ ᠤ 7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠭᠤᠴᠢᠨ ᠨᠢᠭᠡᠳᠦᠭᠡᠷ ᠵᠦᠢᠯ ᠤᠯᠤᠰ ᠤᠨ ᠲᠣᠭᠲᠠᠭᠠᠯ ᠢ ᠦᠨᠳᠦᠰᠦᠯᠡᠨ ᠵᠥᠪᠰᠢᠶᠡᠷᠡᠬᠦ ᠪᠤᠶᠤ ᠬᠢᠨᠠᠨ ᠵᠥᠪᠰᠢᠶᠡᠷᠡᠬᠦ ᠴᠢᠬᠤᠯᠠᠲᠠᠢ ᠪᠦᠳᠦᠭᠡᠨ ᠪᠠᠶᠢᠭᠤᠯᠤᠯᠲᠠ ᠶᠢᠨ ᠲᠦᠰᠦᠯ᠂ ᠬᠤᠪᠢᠶᠠᠷᠢᠯᠠᠨ ᠥᠭᠬᠦ ᠬᠡᠯᠪᠡᠷᠢ ᠪᠠᠷ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠣᠯᠭᠤᠭᠰᠠᠨ᠂ ᠪᠦᠳᠦᠭᠡᠠ ᠪᠠᠶᠢᠭᠤᠯᠬᠤ ᠨᠢᠭᠡᠴᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠵᠥᠪᠰᠢᠶᠡᠷᠡᠭᠦᠯᠬᠦ ᠪᠤᠶᠤ ᠬᠢᠨᠠᠨ ᠵᠥᠪᠰᠢᠶᠡᠷᠡᠭᠦᠯᠬᠦ ᠠᠴᠠ ᠡᠮᠦᠨ᠎ᠡ᠂ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠬᠤᠯᠪᠣᠭᠳᠠᠯ ᠪᠥᠬᠦᠢ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠭᠠᠵᠠᠷ ᠰᠣᠩᠭᠤᠬᠤ ᠰᠠᠨᠠᠯ ᠤᠨ ᠪᠢᠴᠢᠭ ᠢ ᠬᠢᠨᠠᠨ ᠣᠯᠭᠤᠬᠤ ᠶᠢ ᠭᠤᠶᠤᠴᠢᠯᠠᠨ᠎ᠠ᠄ ︵ᠨᠢᠭᠡ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠠᠴᠠ ᠵᠥᠪᠰᠢᠶᠡᠷᠡᠭᠰᠡᠨ ᠪᠤᠶᠤ ᠬᠢᠨᠠᠨ ᠵᠥᠪᠰᠢᠶᠡᠷᠡᠭᠰᠡᠨ ᠪᠥᠳᠥᠭᠡᠨ ᠪᠠᠶᠢᠭᠤᠯᠤᠯᠲᠠ ᠶᠢᠨ ᠵᠦᠢᠯᠡᠰ᠂ ᠪᠦᠲᠦᠭᠡᠨ ᠪᠠᠶᠢᠭᠤᠯᠤᠯᠲᠠ ᠶᠢᠨ ᠲᠦᠰᠦᠯ ᠤᠨ ᠪᠠᠶᠢᠭ᠎ᠠ ᠭᠠᠵᠠᠷ ᠤᠨ ᠠᠶᠢᠮᠠᠭ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠩᠬᠠᠨ ᠤ ᠬᠢᠨᠠᠯᠲᠠ ᠶᠢᠨ ᠰᠠᠨᠠᠯ ᠳᠤᠷᠠᠳᠬᠤ᠂ ᠪᠠᠰᠠ ᠱᠠᠲᠤ ᠳᠠᠷᠠᠭᠠᠯᠠᠨ ᠳᠡᠭᠡᠭᠰᠢ ᠮᠡᠳᠡᠭᠦᠯᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠵᠠᠷ ᠰᠣᠩᠭᠤᠬᠤ ᠰᠠᠨᠠᠯ ᠤᠨ ᠪᠢᠴᠢᠭ ᠬᠢᠨᠠᠨ ᠲᠠᠷᠬᠠᠭᠠᠨ᠎ᠠ︔ ︵ᠬᠤᠶᠠᠷ︶ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠭᠰᠡᠨ ᠪᠤᠶᠤ ᠬᠢᠨᠠᠨ ᠵᠥᠪᠰᠢᠶᠡᠷᠡᠭᠰᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢ ᠳᠤ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠵᠠᠷ ᠰᠣᠩᠭᠤᠬᠤ ᠰᠠᠨᠠᠯ ᠤᠨ ᠪᠢᠴᠢᠭ ᠬᠢᠨᠠᠨ ᠲᠠᠷᠬᠠᠭᠠᠨ᠎ᠠ᠃      ᠵᠠᠰᠠᠭ ᠤᠨ ᠣᠷᠳᠣᠨ ᠤ ᠳᠦᠷᠢᠮ ᠲᠣᠭᠲᠠᠭᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠦᠰᠦᠯ ᠤᠨ ᠭᠠᠵᠠᠷ ᠰᠣᠩᠭᠤᠬᠤ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠪᠠᠶᠢᠭᠤᠯᠤᠯᠲᠠ ᠲᠥᠯᠥᠪᠵᠢᠭᠦᠯᠭᠡ [ 2009 ] 338 ᠳ᠋ᠤᠭᠠᠷ ᠲᠣᠭᠠᠲᠤ︶᠎ ᠶᠢᠨ ᠬᠤᠶᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠪᠦᠰᠡ᠂ ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠦᠨ ︵ᠳᠣᠷᠣᠭᠰᠢ ᠭᠤᠶᠤᠴᠢᠯᠠᠭᠴᠢ ᠭᠡᠵᠦ ᠲᠣᠪᠴᠢᠯᠠᠨ᠎ᠠ︶᠎ ᠳᠤ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠦᠰᠦᠯ ︵ᠳᠣᠷᠣᠭᠰᠢ ᠪᠦᠲᠦᠭᠡᠨ ᠪᠠᠶᠢᠭᠤᠯᠤᠯᠲᠠ ᠶᠢᠨ ᠲᠦᠰᠦᠯ ᠭᠡᠵᠦ ᠲᠣᠪᠴᠢᠯᠠᠨ᠎ᠠ︶᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾᠎ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠵᠠᠷ ᠰᠣᠩᠭᠤᠬᠤ ᠪᠠᠷ ᠭᠤᠶᠤᠴᠢᠯᠠᠬᠤ ᠴᠢᠬᠤᠯᠠ ᠲᠠᠢ ᠪᠣᠯ ᠲᠤᠰ ᠠᠷᠭ᠎ᠠ ᠶᠢ ᠵᠢᠷᠤᠮᠯᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠤᠯᠤᠰ ᠠᠴᠠ ᠠᠰ ᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠨᠢ ᠳᠠᠭᠠᠬᠤ ᠬᠡᠷᠡᠭᠲᠡᠶ᠃ ᠳᠥᠷᠪᠡᠳᠦᠭᠡᠷ ᠵᠦᠢᠯ ᠬᠤᠯᠪᠣᠭᠳᠠᠯ ᠪᠦᠬᠦᠢ ᠰᠠᠯᠠᠭ᠎ᠠ ᠮᠥᠴᠢᠷ ᠪᠦᠲᠦᠭᠡᠨ ᠪᠠᠶᠢᠭᠤᠯᠬᠤ ᠲᠦᠰᠦᠯ ᠢ ᠵᠥᠪᠰᠢᠶᠡᠷᠡᠬᠦ ᠪᠤᠶᠤ ᠬᠢᠨᠠᠨ ᠵᠥᠪᠰᠢᠶᠡᠷᠡᠬᠦ ᠠᠴᠠ ᠡᠮᠦᠨ᠎ᠡ᠂ ᠭᠤᠶᠤᠴᠢᠯᠠᠭᠴᠢ ᠨᠢ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠦᠲᠦᠭᠡᠨ ᠪᠠᠶᠢᠭᠤᠯᠬᠤ ᠲᠦᠰᠦᠯ ᠤᠨ ᠭᠠᠵᠠᠷ ᠰᠣᠩᠭᠤᠬᠤ ᠭᠤᠶᠤᠴᠢᠯᠠᠯ ᠢᠶᠠᠨ ᠳᠤᠷᠠᠳᠬᠤ ᠬᠡᠷᠡᠭᠲᠡᠢ᠃ ᠳᠠᠩᠰᠠᠯᠠᠭᠤᠯᠬᠤ ᠳᠤ ᠬᠠᠷᠢᠶᠠᠯᠠᠭᠳᠠᠬᠤ ᠪᠦᠲᠦᠭᠡᠨ ᠪᠠᠶᠢᠭᠤᠯᠤᠯᠲᠠ ᠶᠢᠨ ᠲᠦᠰᠦᠯ ᠢ ᠪᠣᠯ ᠪᠦᠲᠦᠭᠡᠨ ᠪᠠᠶᠢᠭᠤᠯᠤᠯᠲᠠ ᠶᠢᠨ ᠲᠦᠰᠦᠯ ᠢ ᠳᠠᠩᠰᠠᠯᠠᠭᠤᠯᠤᠭᠰᠠᠨ ᠤ ᠳᠠᠷᠠᠭ᠎ᠠ᠂ ᠭᠤᠶᠤᠴᠢᠯᠠᠭᠴᠢ ᠪᠠᠰᠠ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠦᠲᠦᠭᠡᠨ ᠪᠠᠶᠢᠭᠤᠯᠤᠯᠲᠠ ᠶᠢᠨ ᠲᠦᠰᠦᠯ ᠤᠨ ᠭᠠᠵᠠᠷ ᠰᠣᠩᠭᠤᠬᠤ ᠭᠤᠶᠤᠴᠢᠯᠠᠯ ᠢᠶᠠᠨ ᠳᠤᠷᠠᠳᠬᠤ ᠬᠡᠷᠡᠭᠲᠡᠶ᠃     ᠲᠦᠷᠢᠮ ᠲᠣᠭᠲᠠᠭᠠᠯ ᠤᠨ ᠪᠢᠴᠢᠭ ᠮᠠᠲ᠋ᠧᠷᠢᠶᠠᠯ ︽ᠣᠯᠠᠨ ᠲᠥᠯᠥᠪᠵᠢᠭᠦᠯᠭᠡ ᠶᠢ ᠨᠡᠶᠢᠯᠡᠭᠦᠯᠦᠨ ᠨᠢᠭᠡ ᠪᠣᠯᠭᠠᠬᠤ︾᠎ ᠪᠠᠷ ᠰᠠᠭᠤᠷᠢ ᠪᠣᠯᠭᠠᠨ ᠲᠥᠯᠥᠪᠵᠢᠭᠦᠯᠭᠡ ᠳᠤ ᠬᠡᠷᠡᠭᠯᠡᠬᠦ ᠭᠠᠵᠠᠷ ᠤᠨ ︽ᠣᠯᠠᠨ ᠬᠢᠨᠠᠯᠲᠠ ᠶᠢ ᠨᠡᠶᠢᠯᠡᠭᠦᠯᠦᠨ ᠨᠢᠭᠡ ᠪᠣᠯᠭᠠᠵᠤ᠂ ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠥᠭᠡᠷᠡᠴᠢᠯᠡᠯᠲᠡ ᠶᠢ ᠠᠬᠢᠭᠤᠯᠬᠤ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠲᠣᠭᠲᠠᠭᠠᠯ [ 2019 ] 2 ᠳ᠋ᠤᠭᠠᠷ ᠲᠣᠭᠠᠲᠤ︶ ︽ᠨᠢᠭᠡ᠂ ᠨᠡᠶᠢᠯᠡᠭᠦᠯᠦᠨ ᠲᠥᠯᠥᠪᠵᠢᠭᠦᠯᠦᠨ ᠭᠠᠵᠠᠷ ᠰᠣᠩᠭᠤᠬᠤ ᠪᠠ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠥᠲᠥᠭᠡᠨ ᠪᠠᠶᠢᠭᠤᠯᠤᠯᠲᠠ ᠶᠢᠨ ᠲᠦᠰᠦᠯ ᠤᠨ ᠭᠠᠵᠠᠷ ᠰᠣᠩᠭᠤᠬᠤ ᠰᠠᠨᠠᠯ ᠤᠨ ᠪᠢᠴᠢᠭ᠂ ᠪᠥᠲᠥᠭᠡᠨ ᠪᠠᠶᠢᠭᠤᠯᠤᠯᠲᠠ ᠶᠢᠨ ᠲᠦᠰᠦᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠰᠠᠨᠠᠯ ᠢ ᠨᠡᠶᠢᠯᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠥᠲᠥᠭᠡᠨ ᠪᠠᠶᠢᠭᠤᠯᠤᠯᠲᠠ ᠶᠢᠨ ᠲᠦᠰᠦᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ ᠪᠢᠴᠢᠭ ᠢ ᠨᠢᠭᠡᠳᠦᠯᠲᠡᠶ ᠬᠢᠨᠠᠨ ᠲᠠᠷᠬᠠᠭᠠᠵᠤ᠂ ᠪᠥᠲᠥᠭᠡᠨ ᠪᠠᠶᠢᠭᠤᠯᠤᠯᠲᠠ ᠶᠢᠨ ᠲᠦᠰᠦᠯ ᠳᠤ ᠭᠠᠵᠠᠷ ᠰᠣᠩᠭᠤᠬᠤ ᠰᠠᠨᠠᠯ ᠤᠨ ᠪᠢᠴᠢᠭ᠂ ᠪᠥᠲᠥᠭᠡᠨ ᠪᠠᠶᠢᠭᠤᠯᠤᠯᠲᠠ ᠶᠢᠨ ᠲᠦᠰᠦᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠰᠠᠨᠠᠯ ᠢ ᠠᠰ ᠲᠤᠨᠢ ᠬᠠᠷᠭᠤᠭᠤᠯᠤᠨ ᠲᠠᠷᠬᠠᠭᠠᠬᠤ ᠥᠬᠡᠶ᠃︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽︿ᠣᠯᠠᠨ ᠲᠥᠯᠥᠪᠵᠢᠭᠦᠯᠭᠡ ᠶᠢ ᠨᠡᠶᠢᠯᠡᠭᠦᠯᠦᠨ ᠨᠢᠭᠡ ᠪᠣᠯᠭᠠᠬᠤ﹀᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠰᠠᠭᠤᠷᠢ ᠪᠣᠯᠭᠠᠨ ᠲᠥᠯᠥᠪᠵᠢᠭᠦᠯᠭᠡ ᠳᠤ ᠬᠡᠷᠡᠭᠯᠡᠬᠦ ᠭᠠᠵᠠᠷ ᠤᠨ ︿ᠣᠯᠠᠨ ᠬᠢᠨᠠᠯᠲᠠ ᠶᠢ ᠨᠡᠶᠢᠯᠡᠭᠦᠯᠦᠨ ᠨᠢᠭᠡ ᠪᠣᠯᠭᠠᠵᠤ᠂ ᠦᠨᠡᠮᠯᠡᠯ﹀᠎ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠲᠤᠬᠠᠶ ᠮᠡᠳᠡᠭᠳᠡᠯ︾ ︵ᠥᠪᠥᠷ ᠪᠠᠶᠢᠭᠠᠯᠢ ᠡᠬᠢ ᠥᠰᠥᠭ [ 2019 ] 562 ᠳ᠋ᠤᠭᠠᠷ ᠲᠣᠭᠠᠲᠤ︶᠎ ᠤᠨ ︽ᠨᠢᠭᠡ᠂ ᠨᠡᠶᠢᠯᠡᠭᠦᠯᠦᠨ ᠲᠥᠯᠥᠪᠵᠢᠭᠦᠯᠬᠦ ᠭᠠᠵᠠᠷ ᠰᠣᠩᠭᠤᠬᠤ ᠪᠠ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠲᠥᠯᠥᠪᠵᠢᠭᠦᠯᠬᠦ ᠭᠠᠵᠠᠷ ᠰᠣᠩᠭᠤᠬᠤ ᠶᠢ ᠨᠡᠶᠢᠯᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠪᠥᠲᠥᠭᠡᠨ ᠪᠠᠶᠢᠭᠤᠯᠤᠯᠲᠠ ᠶᠢᠨ ᠲᠦᠰᠦᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ ᠪᠢᠴᠢᠭ ᠢ ᠨᠢᠭᠡᠳᠦᠯᠲᠡᠶ ᠬᠢᠨᠠᠨ ᠣᠯᠭᠤᠵᠤ᠂ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠰᠠᠨᠠᠯ ᠪᠠ ᠲᠥᠯᠥᠪᠵᠢᠭᠦᠯᠭᠡ ᠭᠠᠵᠠᠷ ᠰᠣᠩᠭᠤᠬᠤ ᠰᠠᠨᠠᠯ ᠤᠨ ᠪᠢᠴᠢᠭ ᠢ ᠠᠰ ᠲᠤᠨᠢ ᠬᠢᠨᠠᠨ ᠣᠯᠭᠤᠬᠤ ᠥᠬᠡᠶ᠃     ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ     ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ     ᠰᠢᠢᠳᠪᠦᠷᠢᠯᠡᠬᠦ ᠶᠠᠪᠤᠴᠠ : ᠲᠢᠩᠬᠢᠮ ᠳᠤ ᠪᠢᠴᠢᠭ ᠢ ᠭᠥᠯᠢᠶᠡᠨ ᠠᠪᠬᠤ — ᠬᠠᠮᠲᠤᠷᠠᠨ ᠭᠠᠷ ᠤᠨ ᠥᠰᠥᠭ ᠵᠢᠷᠤᠬᠤ — ᠳᠠᠭᠠᠭᠠᠨ ᠬᠢᠭᠴᠢ ᠠᠩᠬ᠎ᠠ ᠬᠢᠨᠠᠬᠤ — ᠭᠠᠵᠠᠷ ᠤᠨ ᠳᠠᠷᠤᠭ᠎ᠠ ᠬᠢᠨᠠᠬᠤ — ᠭᠤᠤᠯᠴᠢᠯᠠᠨ ᠬᠠᠮᠢᠶᠠᠷᠬᠤ ᠲᠢᠩᠬᠢᠮ ᠤᠨ ᠳᠠᠷᠤᠭ᠎ᠠ ᠭᠠᠷ ᠤᠨ ᠥᠰᠥᠭ ᠵᠢᠷᠤᠵᠤ ᠶᠠᠪᠤᠭᠤᠯᠤᠨ᠎ᠠ᠃     ᠲᠢᠩᠬᠢᠮ ᠳᠤ ᠪᠢᠴᠢᠭ ᠢ ᠭᠥᠯᠢᠶᠡᠨ ᠠᠪᠬᠤ᠃  ᠵᠤᠤ ᠸᠧᠢ ᠺᠧ᠂ ᠵᠣᠣ ᠺᠠᠶ᠂ ᠹᠦ᠋ ᠴᠢᠤᠸᠠᠨ ᠶᠢᠤ᠂ ᠮᠠ ᠯᠢᠩ᠂ 1 ᠠᠵᠢᠯ ᠤᠨ ᠡᠳᠦᠷ᠃ 1. ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠡᠰᠡᠬᠦ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ᠃ 1. ᠭᠤᠶᠤᠴᠢᠯᠠᠭᠴᠢ ᠶᠢᠨ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ᠂ ᠪᠠᠷᠢᠮᠵᠢᠶ᠎ᠠ ᠳᠤ ᠨᠡᠶᠢᠴᠡᠵᠦ ᠪᠠᠶᠢᠪᠠᠯ ᠪᠠᠲᠤᠯᠠᠨ᠎ᠠ︔ 2. ᠭᠤᠶᠤᠴᠢᠯᠠᠭᠴᠢ ᠶᠢᠨ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ᠂ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ ᠪᠠᠲᠤᠯᠠᠬᠤ ᠦᠭᠡᠢ᠃ ᠣᠨᠴᠠᠭᠠᠢ ᠭᠠᠷᠳᠠᠮ ᠤᠨ ᠭᠤᠭᠴᠤᠭ᠎ᠠ ᠣᠷᠤᠰᠢᠬᠤ ᠦᠭᠡᠢ᠃     ᠬᠠᠮᠲᠤᠷᠠᠨ ᠭᠠᠷ ᠤᠨ ᠥᠰᠥᠭ ᠵᠢᠷᠤᠬᠤ᠃ ᠵᠠᠩ ᠮᠢᠨ᠂ ᠸᠧᠨ ᠲᠤᠤ᠂ ᠵᠠᠩ ᠳ᠋ᠦᠩ ᠮᠢᠨ᠂ ᠼᠦᠢ ᠵᠧᠨ ᠵᠢᠶᠦ᠋ᠨ᠂  ᠱᠧᠨ ᠬᠤᠩ ᠮᠧᠢ᠂ ᠯᠢ ᡁᠢ ᠴᠢᠶᠠᠩ᠂ ᠯᠢᠦ ᠶᠢᠤ ᠴᠢᠶᠠᠨ᠂ ᠵᠤᠤ ᠯᠢ ᠬᠤᠢ᠂ ᠯᠢᠦ ᠪᠢᠨ᠃ 3 ᠠᠵᠢᠯ ᠤᠨ ᠡᠳᠦᠷ᠃ 1. ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠡᠰᠡᠬᠦ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ᠃ 1. ᠭᠤᠶᠤᠴᠢᠯᠠᠭᠴᠢ ᠶᠢᠨ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ᠂ ᠪᠠᠷᠢᠮᠵᠢᠶ᠎ᠠ ᠳᠤ ᠨᠡᠶᠢᠴᠡᠵᠦ ᠪᠠᠶᠢᠪᠠᠯ ᠪᠠᠲᠤᠯᠠᠨ᠎ᠠ︔ 2. ᠭᠤᠶᠤᠴᠢᠯᠠᠭᠴᠢ ᠶᠢᠨ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ᠂ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ ᠪᠠᠲᠤᠯᠠᠬᠤ ᠦᠭᠡᠢ᠃ ᠣᠨᠴᠠᠭᠠᠢ ᠭᠠᠷᠳᠠᠮ ᠤᠨ ᠭᠤᠭᠴᠤᠭ᠎ᠠ ᠣᠷᠤᠰᠢᠬᠤ ᠦᠭᠡᠢ᠃     ᠳᠠᠭᠠᠭᠠᠨ ᠬᠢᠭᠴᠢ ᠠᠩᠬ᠎ᠠ ᠬᠢᠨᠠᠬᠤ᠃ ᠵᠣᠣ ᠯᠢ ᠬᠤᠶ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠥᠥ ᠫᠧᠩ᠃ 3 ᠠᠵᠢᠯ ᠤᠨ ᠡᠳᠦᠷ᠃ 1. ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠡᠰᠡᠬᠦ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ᠃ 1. ᠭᠤᠶᠤᠴᠢᠯᠠᠭᠴᠢ ᠶᠢᠨ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ᠂ ᠪᠠᠷᠢᠮᠵᠢᠶ᠎ᠠ ᠳᠤ ᠨᠡᠶᠢᠴᠡᠵᠦ ᠪᠠᠶᠢᠪᠠᠯ ᠪᠠᠲᠤᠯᠠᠨ᠎ᠠ︔ 2. ᠭᠤᠶᠤᠴᠢᠯᠠᠭᠴᠢ ᠶᠢᠨ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ᠂ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ ᠪᠠᠲᠤᠯᠠᠬᠤ ᠦᠭᠡᠢ᠃ ᠣᠨᠴᠠᠭᠠᠢ ᠭᠠᠷᠳᠠᠮ ᠤᠨ ᠭᠤᠭᠴᠤᠭ᠎ᠠ ᠣᠷᠤᠰᠢᠬᠤ ᠦᠭᠡᠢ᠃     ᠭᠠᠵᠠᠷ ᠤᠨ ᠳᠠᠷᠤᠭ᠎ᠠ ᠬᠢᠨᠠᠬᠤ᠃  ᠲᠢᠶᠠᠨ ᠶᠧ᠃ 1 ᠠᠵᠢᠯ ᠤᠨ ᠡᠳᠦᠷ᠃ 1. ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠡᠰᠡᠬᠦ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ᠃ 1. ᠭᠤᠶᠤᠴᠢᠯᠠᠭᠴᠢ ᠶᠢᠨ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ᠂ ᠪᠠᠷᠢᠮᠵᠢᠶ᠎ᠠ ᠳᠤ ᠨᠡᠶᠢᠴᠡᠵᠦ ᠪᠠᠶᠢᠪᠠᠯ ᠪᠠᠲᠤᠯᠠᠨ᠎ᠠ︔ 2. ᠭᠤᠶᠤᠴᠢᠯᠠᠭᠴᠢ ᠶᠢᠨ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ᠂ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ ᠪᠠᠲᠤᠯᠠᠬᠤ ᠦᠭᠡᠢ᠃ ᠣᠨᠴᠠᠭᠠᠢ ᠭᠠᠷᠳᠠᠮ ᠤᠨ ᠭᠤᠭᠴᠤᠭ᠎ᠠ ᠣᠷᠤᠰᠢᠬᠤ ᠦᠭᠡᠢ᠃    ᠭᠤᠤᠯᠯᠠᠨ ᠬᠠᠮᠢᠶᠠᠷᠬᠤ ᠲᠢᠩᠬᠢᠮ ᠤᠨ ᠳᠠᠷᠤᠭ᠎ᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃ ᠵᠣᠣ ᠳ᠋ᠠ ᠶᠦᠩ  ᠃ 2 ᠠᠵᠢᠯ ᠤᠨ ᠡᠳᠦᠷ᠃ 1. ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠡᠰᠡᠬᠦ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ᠃ 1. ᠭᠤᠶᠤᠴᠢᠯᠠᠭᠴᠢ ᠶᠢᠨ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ᠂ ᠪᠠᠷᠢᠮᠵᠢᠶ᠎ᠠ ᠳᠤ ᠨᠡᠶᠢᠴᠡᠵᠦ ᠪᠠᠶᠢᠪᠠᠯ ᠪᠠᠲᠤᠯᠠᠨ᠎ᠠ︔ 2. ᠭᠤᠶᠤᠴᠢᠯᠠᠭᠴᠢ ᠶᠢᠨ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ᠂ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ ᠪᠠᠲᠤᠯᠠᠬᠤ ᠦᠭᠡᠢ᠃ ᠣᠨᠴᠠᠭᠠᠢ ᠭᠠᠷᠳᠠᠮ ᠤᠨ ᠭᠤᠭᠴᠤᠭ᠎ᠠ ᠣᠷᠤᠰᠢᠬᠤ ᠦᠭᠡᠢ᠃    ᠬᠡᠷᠡᠭ ᠡᠷᠬᠢᠯᠡᠬᠦ ᠪᠠᠶᠢᠳᠠᠯ ᠬᠢᠭᠡᠳ ᠮᠠᠲ᠋ᠧᠷᠢᠶᠠᠯ : ᠭᠠᠵᠠᠷ ᠬᠡᠷᠡᠭᠯᠡᠬᠦ ᠨᠢᠭᠡᠴᠢ ᠶᠢᠨ ᠭᠤᠶᠤᠴᠢᠯᠠᠯ ᠤᠨ ᠬᠦᠰᠦᠨᠦᠭᠲᠦ᠂ ᠪᠦᠲᠦᠭᠡᠨ ᠪᠠᠶᠢᠭᠤᠯᠤᠯᠲᠠ ᠶᠢᠨ ᠳᠥᠰᠦᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ ᠪᠢᠴᠢᠭ ᠤᠨ ᠭᠤᠶᠤᠴᠢᠯᠠᠯ ᠤᠨ ᠮᠡᠳᠡᠭᠦᠯᠦᠯᠲᠡ᠂ ᠠᠶᠢᠮᠠᠭ ᠬᠤᠲᠠ ᠪᠤᠶᠤ ᠡᠷᠬᠡ ᠶᠢ ᠥᠷᠭᠡᠳᠬᠡᠨ ᠰᠢᠶᠠᠨ ᠢ ᠬᠦᠴᠦᠷᠬᠡᠭᠵᠢᠭᠦᠯᠬᠦ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠩᠬ᠎ᠠ ᠬᠢᠨᠠᠭᠰᠠᠨ ᠰᠠᠨᠠᠯ᠂ ᠳᠥᠰᠦᠯ ᠤᠨ ᠪᠦᠲᠦᠭᠡᠨ ᠪᠠᠶᠢᠭᠤᠯᠤᠯᠲᠠ ᠶᠢᠨ ᠦᠨᠳᠦᠰᠦᠯᠡᠯ᠂ ᠲᠥᠰᠦᠯ ᠤᠨ ᠬᠡᠷᠡᠭᠯᠡᠬᠦ ᠭᠠᠵᠠᠷ ᠤᠨ ᠬᠢᠵᠠᠭᠠᠷ ᠤᠨ ᠮᠤᠷᠦ᠋ᠢᠯᠲᠠ ᠶᠢᠨ ᠴᠡᠭ ᠤᠨ ᠪᠠᠶᠢᠷᠢᠰᠢᠯ ᠤᠨ ᠬᠦᠰᠦᠨᠦᠭᠲᠦ ︵2000 ᠤᠯᠤᠰ ᠠᠴᠠ ᠡᠬᠡ ᠭᠠᠵᠠᠷ ᠤᠨ ᠪᠠᠶᠢᠷᠢᠰᠢᠯ ᠤᠨ ᠰᠢᠰᠲ᠋ᠧᠮ︶᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠪᠢᠴᠢᠭ ᠮᠠᠲ᠋ᠧᠷᠢᠶᠠᠯ ᠢ ᠡᠵᠡᠯᠡᠨ ᠬᠡᠷᠡᠭᠯᠡᠬᠦ ᠡᠰᠡᠬᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠢᠴᠢᠭ ᠮᠠᠲ᠋ᠧᠷᠢᠶᠠᠯ ᠢ ᠡᠵᠡᠯᠡᠨ ᠬᠡᠷᠡᠭᠯᠡᠬᠦ ᠡᠰᠡᠬᠦ᠂ ᠬᠠᠮᠢᠶ᠎ᠠ ᠪᠦᠬᠦᠢ ᠲᠥᠯᠥᠪᠵᠢᠭᠦᠯᠭᠡ ᠶᠢᠨ ᠵᠢᠷᠤᠭ᠂ ᠬᠠᠶᠢᠨ ᠰᠢᠨᠵᠢᠵᠦ ᠨᠤᠲᠠᠯᠠᠭᠰᠠᠨ ᠰᠠᠨᠠᠯ᠂ ᠭᠠᠵᠠᠷ ᠰᠢᠷᠣᠶ ᠶᠢᠨ ᠬᠡᠷᠡᠭᠴᠡᠭᠡ ᠶᠢ ᠲᠣᠬᠢᠷᠠᠭᠤᠯᠬᠤ ᠲᠥᠰᠦᠯ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠨᠥᠬᠦᠪᠥᠷᠢᠯᠡᠨ ᠬᠤᠪᠢᠶᠠᠷᠢᠯᠠᠬᠤ ᠲᠥᠰᠦᠯ᠂ ᠭᠠᠵᠠᠷ ᠰᠣᠩᠭᠤᠬᠤ ᠰᠤᠳᠤᠯᠭᠠᠨ ᠤ ᠮᠡᠳᠡᠭᠦᠯᠦᠯᠲᠡ᠂ ᠭᠠᠵᠠᠷ ᠠᠷᠪᠢᠯᠠᠬᠤ ᠦᠨᠡᠯᠡᠯᠲᠡ ᠶᠢᠨ ᠮᠡᠳᠡᠭᠦᠯᠦᠯᠲᠡ᠂ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ ᠬᠤᠯᠪᠣᠭᠳᠠᠬᠤ ᠡᠰᠡᠬᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠣᠷᠣᠨ ᠳᠤ ᠬᠤᠯᠪᠣᠭᠳᠠᠬᠤ ᠡᠰᠡᠬᠦ᠂ ᠦᠢᠯᠡᠳᠪᠦᠷᠢᠯᠡᠯ ᠤᠨ ᠤᠷᠠᠨ ᠮᠡᠷᠭᠡᠰᠢᠯ᠂ ᠲᠥᠬᠦᠭᠡᠷᠦᠮᠵᠢ ᠶᠢᠨ ᠬᠢᠷᠢ ᠬᠡᠮᠵᠢᠶ᠎ᠡ᠂ ᠠᠷᠢᠭᠤᠨ ᠴᠡᠪᠡᠷ ᠦᠢᠯᠡᠳᠪᠦᠷᠢᠯᠡᠯ ᠤᠨ ᠬᠢᠷᠢ ᠬᠡᠮᠵᠢᠶ᠎ᠡ᠂ ᠭᠤᠷᠪᠠᠨ ᠲᠡᠷᠢᠭᠦᠨ ᠤ ᠮᠠᠲ᠋ᠧᠷᠢᠶᠠᠯ᠃    ᠡᠮᠦᠨᠡᠭᠢ ᠮᠠᠲ᠋ᠧᠷᠢᠶᠠᠯ ᠴᠥᠮ ᠡᠯᠺᠲ᠋ᠧᠷᠤᠨ ᠮᠠᠲ᠋ᠧᠷᠢᠶᠠᠯ ᠬᠡᠷᠡᠭᠰᠡᠨ᠎ᠡ᠃   ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠢᠩᠬᠢᠮ ᠤᠨ 12 ᠳ᠋ᠤᠭᠠᠷ ᠳᠠᠪᠬᠤᠷᠭ᠎ᠠ ᠶᠢᠨ 3 ᠳ᠋ᠤᠭᠠᠷ᠂ 5 ᠳ᠋ᠤᠭᠠᠷ ᠴᠣᠩᠬᠤ᠃   ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 14᠄ 30 - 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶᠃    ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠴᠡᠯᠡᠭᠡᠷ ᠲᠠᠯ᠎ᠠ ᠶᠡᠭᠡ ᠬᠥᠭᠦᠷᠭᠡ ᠥᠷᠲᠡᠭᠡᠨ ᠳᠤ ᠲᠡᠷᠭᠡᠨ ᠠᠴᠠ ᠪᠠᠭᠤᠵᠤ ᠡᠮᠦᠨᠡᠰᠢ 246 ᠮᠧᠲᠷ ᠶᠠᠪᠤᠪᠠᠯ ᠳᠠᠷᠤᠶ 75 ᠳ᠋ᠤᠭᠠᠷ ᠵᠠᠮ ᠤᠨ ᠲᠡᠷᠭᠡᠨ ᠳᠤ ᠬᠦᠷᠬᠦ ᠪᠤᠶᠤ ᠰᠠᠭᠤᠵᠤ᠂ 102 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠥᠷᠲᠡᠭᠡᠨ ᠳᠤ ᠲᠡᠷᠭᠡᠨ ᠠᠴᠠ ᠪᠠᠭᠤᠵᠤ ᠵᠡᠭᠦᠨᠰᠢ ᠶᠠᠪᠤᠬᠤ ᠪᠤᠶᠤ 1.5 ᠺᠢᠯᠣᠮᠧᠲᠷ ᠶᠠᠪᠤᠪᠠᠯ ᠳᠠᠷᠤᠶ ᠬᠦᠷᠦᠨ᠎ᠡ᠃    EMS᠎ ᠤᠨ ᠰᠦᠢᠳᠬᠡᠯ ᠤᠨ ᠬᠦᠰᠦᠨᠦᠭᠲᠦ    ᠄
   
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ