9 ᠳ᠋ᠦ᠋ᠭᠡᠷ ᠰᠠᠷ᠎ᠠ ᠶᠢᠨ 22 ᠠᠴᠠ 28 ᠤ ᠡᠳᠦᠷ ᠪᠣᠯᠲᠠᠯ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠰᠢᠮᠳᠠᠭᠤᠯᠤᠨ | ᠵᠢᠯᠣᠭᠤᠳᠬᠤ ᠵᠥᠪᠯᠡᠯ ᠤᠨ ᠠᠯᠪᠠᠨ ᠭᠡᠷ ᠠᠴᠠ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠵᠣᠬᠢᠶᠠᠨ ᠪᠠᠶᠢᠭᠤᠯᠵᠤ᠂ ᠮᠠᠨ ᠤ ᠣᠷᠣᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠨᠢ ᠦᠨᠳᠦᠰᠦᠨ ᠳᠤ ᠪᠠᠨ ᠲᠡᠩᠴᠡᠭᠦᠷᠢᠲᠡᠶ ᠰᠢᠶᠠᠨ ᠳᠤ ᠬᠢᠨᠠᠨ ᠵᠢᠯᠣᠭᠤᠳᠴᠤ ᠪᠠᠶᠢᠴᠠᠭᠠᠭᠰᠠᠨ ᠪᠥᠭᠡᠳ | ᠰᠠᠨᠠᠯ ᠢᠶᠠᠨ ᠬᠠᠷᠢᠭᠤ ᠲᠤᠰᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ | ᠦᠨᠳᠦᠰᠦᠨ ᠳᠤ ᠪᠠᠨ ᠲᠡᠩᠴᠡᠭᠦᠷᠢᠲᠡᠶ ᠬᠥᠭᠵᠢᠭᠦᠯᠦᠭᠰᠡᠨ ᠡᠰᠡᠬᠦ ᠳᠤ ᠰᠢᠮᠳᠠᠭᠤᠯᠤᠨ ᠵᠢᠯᠣᠭᠤᠳᠴᠤ ᠪᠠᠶᠢᠴᠠᠭᠠᠭᠠᠳ ᠬᠠᠷᠢᠭᠤ ᠲᠤᠰᠬᠠᠭᠰᠠᠨ ᠰᠠᠨᠠᠯ ᠢ | ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ ᠤᠨ | ᠵᠠᠬᠢᠳᠠᠯ︾ ︵ᠲᠥᠷᠥ ᠰᠤᠷᠭᠠᠨ ᠬᠥᠮᠦᠵᠢᠯ ᠰᠢᠮᠳᠠᠭᠤᠯᠤᠨ ᠵᠢᠯᠣᠭᠤᠳᠬᠤ ᠠᠯᠪᠠᠨ ᠵᠠᠬᠢᠳᠠᠯ ︹2021︺ 68 ᠳ᠋ᠤᠭᠠᠷ ᠲᠣᠭᠠᠲᠤ︶ ᠢ ᠳᠠᠷᠤᠮᠠᠯᠯᠠᠨ | ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠦᠳᠲᠡᠷ ᠲᠦᠷᠭᠡᠨ ᠪᠠᠶᠢᠷᠢᠯᠠᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠬᠦᠴᠦᠲᠡᠢ ᠠᠬᠢᠭᠤᠯᠵᠤ᠂ ᠢᠳᠡᠪᠬᠢᠲᠡᠢ ᠦᠷ᠎ᠡ | ᠪᠦᠲᠦᠮᠵᠢ ᠣᠯᠪᠠ᠃ ᠤᠳᠤ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠪᠠᠷ ᠵᠠᠬᠢᠳᠠᠯ ᠢᠶᠠᠷ ᠮᠡᠳᠡᠭᠦᠯᠪᠡ᠄ | ᠨᠢᠭᠡ᠂ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ | 9 ᠳ᠋ᠦ᠋ᠭᠡᠷ ᠰᠠᠷ᠎ᠠ ᠶᠢᠨ 28 ᠤ ᠡᠳᠦᠷ ᠰᠢᠮᠳᠠᠭᠤᠯᠤᠨ ᠵᠢᠯᠣᠭᠤᠳᠴᠤ ᠪᠠᠶᠢᠴᠠᠭᠠᠭᠠᠳ ᠬᠠᠷᠢᠭᠤ ᠲᠤᠰᠬᠠᠭᠰᠠᠨ ᠬᠤᠷᠠᠯ ᠤᠨ ᠳᠠᠷᠠᠭ᠎ᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠤᠭ ᠤᠨ ᠲᠡᠷᠢᠭᠦᠨ ᠳᠤ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠵᠥᠪᠯᠡᠯ ᠤᠨ ᠠᠯᠪᠠᠨ ᠭᠡᠷ | ᠬᠠᠷᠢᠭᠤ ᠲᠤᠰᠬᠠᠭᠰᠠᠨ ᠰᠠᠨᠠᠯ ᠲᠠᠢ ᠬᠠᠷᠢᠴᠠᠭᠤᠯᠤᠨ ᠪᠦᠬᠦ ᠲᠠᠯ᠎ᠠ ᠪᠠᠷ ᠴᠡᠭᠴᠡᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠶ ᠬᠥᠭᠵᠢᠭᠦᠯᠬᠦ ᠶᠢ ᠨᠠᠶᠢᠳᠠᠪᠤᠷᠢᠵᠢᠭᠤᠯᠤᠭᠰᠠᠨ ᠡᠰᠡᠬᠦ ᠶᠢ | ᠰᠢᠮᠳᠠᠭᠤᠯᠤᠨ ᠵᠢᠯᠣᠭᠤᠳᠴᠤ ᠪᠠᠶᠢᠴᠠᠭᠠᠭᠠᠳ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ︾ ︵ᠳᠣᠷᠣᠭᠰᠢ ︽ᠴᠡᠭᠴᠡᠯᠡᠨ | ᠰᠠᠶᠢᠵᠢᠷᠠᠭᠤᠯᠬᠤ ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠠᠷᠢᠭᠤ ᠲᠤᠰᠬᠠᠭᠰᠠᠨ ᠰᠠᠨᠠᠯ ᠳᠤ ᠵᠢᠭᠠᠵᠤ ᠭᠠᠷᠭᠠᠭᠰᠠᠨ | ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠪᠠ ᠬᠡᠷᠡᠭᠯᠡᠯᠲᠡ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠭᠤᠯᠢ ᠶᠢᠨ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠰᠤᠷᠭᠠᠭᠤᠯᠢ ᠶᠢᠨ ᠠᠮᠤᠷ ᠲᠦᠪᠰᠢᠨ ᠤ | ᠬᠠᠮᠢᠶᠠᠷᠤᠯᠲᠠ ᠵᠡᠷᠭᠡ 5 ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ᠂ 3 ᠵᠦᠢᠯ ᠤᠨ ᠠᠵᠢᠯ ᠤᠨ ᠬᠠᠷᠠᠯᠲᠠ ᠶᠢ ᠳᠤᠷᠠᠳᠤᠨ | ᠭᠠᠷᠭᠠᠵᠤ᠂ ᠳᠠᠷᠤᠶ ᠳᠤ ᠨᠢ ᠬᠡᠷᠡᠭᠵᠢᠭᠦᠯᠵᠦ ᠳᠠᠷᠤᠶ ᠳᠤ ᠨᠢ ᠥᠭᠡᠷᠡᠴᠢᠯᠡᠬᠦ 4 ᠵᠦᠢᠯ ᠤᠨ ᠡᠭᠦᠷᠭᠡ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ | 6 ᠵᠦᠢᠯ ᠤᠨ ᠡᠭᠦᠷᠭᠡ᠂ ᠣᠷᠳᠣ ᠬᠤᠭᠤᠴᠠᠭ᠎ᠠ ᠪᠠᠷ ᠪᠠᠷᠢᠮᠲᠠᠯᠠᠵᠤ ᠴᠡᠭᠴᠡᠯᠡᠨ ᠰᠠᠶᠢᠵᠢᠷᠠᠭᠤᠯᠬᠤ 4 ᠵᠦᠢᠯ ᠤᠨ ᠡᠭᠦᠷᠭᠡ ᠪᠣᠯᠭᠠᠨ ᠨᠠᠷᠢᠯᠢᠬᠵᠢᠭᠤᠯᠵᠤ᠂ | ᠪᠥᠬᠦᠳᠡ ᠳᠤ ᠨᠠᠷᠢᠨ ᠬᠠᠭᠤᠳᠠᠰᠤ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠬᠠᠷᠢᠭᠤᠴᠠᠯᠭᠠᠲᠤ ᠨᠢᠭᠡᠴᠢ ᠶᠢ ᠵᠦᠢᠯ ᠵᠤᠷᠪᠤᠰ ᠳᠠᠷᠠᠭᠠᠯᠠᠨ | ᠵᠢᠭᠰᠠᠭᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠣᠳᠣᠷᠬᠠᠶ ᠳᠤᠷᠠᠳᠤᠨ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠵᠥᠪᠯᠡᠯ ᠤᠨ ᠠᠯᠪᠠᠨ ᠬᠡᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠬᠡ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ | ᠠᠩᠬᠠᠷᠴᠤ᠂ ᠬᠠᠭᠠᠰ ᠰᠠᠷ᠎ᠠ ᠪᠦᠷᠢ ᠳᠤ ᠠᠵᠢᠯ ᠤᠨ ᠲᠣᠬᠢᠷᠠᠭᠤᠯᠤᠯᠲᠠ ᠬᠢᠬᠦ ᠲᠣᠭᠲᠠᠴᠠ ᠶᠢ ᠬᠡᠷᠡᠭᠵᠢᠭᠦᠯᠦᠨ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠥᠬᠦ | ᠶᠠᠪᠤᠴᠠ ᠳᠤ ᠰᠢᠮᠳᠠᠭᠤᠯᠤᠨ ᠵᠢᠯᠣᠭᠤᠳᠬᠤ ᠪᠠ ᠪᠠᠶᠢᠴᠠᠭᠠᠵᠤ᠂ ᠦᠷᠭᠦᠯᠵᠢᠯᠡᠨ ᠮᠥᠷᠳᠡᠨ ᠲᠣᠬᠢᠷᠠᠭᠤᠯᠪᠠ᠃ 11 ᠳ᠋ᠦ᠋ᠭᠡᠷ ᠰᠠᠷ᠎ᠠ ᠶᠢᠨ 19 ᠤ ᠡᠳᠦᠷ᠂ ᠪᠥᠬᠦ | ᠣᠷᠣᠨ ᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠸᠢᠳᠢᠤ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠴᠡᠭᠴᠡᠯᠡᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠳᠠᠬᠢᠨ ᠠᠬᠢᠭᠤᠯᠵᠤ ᠳᠠᠬᠢᠨ ᠰᠢᠮᠳᠠᠭᠤᠯᠪᠠ᠃ ︽ᠴᠡᠭᠴᠡᠯᠡᠨ ᠰᠠᠶᠢᠵᠢᠷᠠᠭᠤᠯᠬᠤ ᠲᠥᠰᠦᠯ︾ ᠤᠨ | ᠱᠠᠭᠠᠷᠳᠠᠯᠭ᠎ᠠ ᠲᠠᠢ ᠬᠠᠷᠢᠴᠠᠭᠤᠯᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠲᠤᠰ ᠲᠤᠰ ᠴᠡᠭᠴᠡᠯᠡᠨ ᠰᠠᠶᠢᠵᠢᠷᠠᠭᠤᠯᠵᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ | ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠳᠤ ᠴᠢᠭᠯᠡᠭᠦᠯᠦᠨ᠂ ᠨᠢᠭᠡ ᠠᠴᠠ ᠨᠥᠬᠦᠭᠡ ᠶᠢ ᠵᠦᠢᠴᠢᠯᠡᠵᠦ᠂ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠶᠢ ᠳᠣᠪᠤᠶᠢᠯᠭᠠᠨ᠂ ᠰᠢᠰᠲ᠋ᠧᠮ ᠲᠠᠢ ᠪᠠᠷ ᠠᠷᠭ᠎ᠠ ᠪᠣᠳᠣᠯᠭ᠎ᠠ ᠰᠦᠪᠡᠭᠴᠢᠯᠡᠵᠦ᠂ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠳᠠᠷᠤᠶ ᠳᠤ ᠨᠢ ᠬᠡᠷᠡᠭᠵᠢᠭᠦᠯᠵᠦ ᠳᠠᠷᠤᠶ ᠳᠤ ᠨᠢ ᠥᠭᠡᠷᠡᠴᠢᠯᠡᠬᠦ ᠶᠢ ᠣᠷᠳᠣ ᠬᠤᠭᠤᠴᠠᠭᠠᠨ ᠤ | ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠬᠤ ᠯᠤᠭ᠎ᠠ ᠤᠶᠠᠯᠳᠤᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ | ᠲᠡᠩᠴᠡᠭᠦᠷᠢᠲᠡᠶ ᠬᠥᠭᠵᠢᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠮᠥᠷᠲᠡᠭᠡᠨ | ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠯᠤᠭ᠎ᠠ ᠬᠠᠷᠢᠯᠴᠠᠨ ᠵᠣᠯᠭᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠣᠳᠠᠲᠠᠶ ᠦᠷ᠎ᠡ | ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠪᠡ᠃ | ᠬᠤᠶᠠᠷ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ | ︵ᠨᠢᠭᠡ︶ ᠳᠠᠷᠤᠶ ᠳᠤ ᠨᠢ ᠬᠡᠷᠡᠭᠵᠢᠭᠦᠯᠵᠦ ᠳᠠᠷᠤᠶ ᠳᠤ ᠨᠢ ᠥᠭᠡᠷᠡᠴᠢᠯᠡᠬᠦ 4 ᠵᠦᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠪᠠ᠃ | 1.ᠰᠤᠷᠭᠠᠨ ᠬᠥᠮᠦᠵᠢᠯ ᠤᠨ ᠵᠠᠷᠤᠳᠠᠯ ᠵᠠᠷᠤᠯᠭ᠎ᠠ ᠶᠢᠨ ᠲᠣᠭᠲᠠᠭᠠᠯ ᠳᠤ ᠨᠡᠶᠢᠴᠡᠬᠦ ᠥᠬᠡᠶ ᠠᠰᠠᠭᠤᠳᠠᠯ ᠤᠨ ᠲᠤᠬᠠᠢ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠥᠬᠦᠪᠥᠷᠢ | ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠰᠤᠷᠭᠠᠨ ᠬᠥᠮᠦᠵᠢᠯ ︹2019︺ 121 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠥᠬᠦᠶ | ᠲᠣᠭᠲᠠᠭᠠᠯ ᠲᠠᠢ ᠬᠠᠷᠢᠴᠠᠭᠤᠯᠵᠤ᠂ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠬᠠᠮᠢᠶᠠᠷᠤᠯᠲᠠ ᠪᠠ ᠬᠡᠷᠡᠭᠯᠡᠯᠲᠡ ᠶᠢᠨ ᠪᠠᠶᠢᠳᠠᠯ ᠳᠤ ᠪᠥᠬᠦ | ᠲᠠᠯ᠎ᠠ ᠪᠠᠷ ᠥᠪᠡᠷ ᠤᠨ ᠪᠠᠶᠢᠴᠠᠭᠠᠯᠲᠠ ᠬᠢᠵᠦ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠦᠨ | ᠲᠡᠭᠦᠯᠳᠡᠷᠵᠢᠭᠦᠯᠵᠦ᠂ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠵᠢᠷᠤᠮᠵᠢᠭᠤᠯᠤᠨ ᠬᠡᠷᠡᠭᠯᠡᠬᠦ᠂ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠭᠦᠢᠴᠡᠳ | ᠳᠣᠭᠢᠷᠠᠭᠤᠯᠬᠤ ᠶᠢ ᠦᠨᠡᠨ ᠬᠦ ᠪᠠᠲᠤᠯᠠᠪᠠ᠃ | ᠠᠤᠬᠠᠨ ᠬᠤᠰᠢᠭᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢᠶᠠᠷ 171 ᠨᠡᠷᠡᠰ ᠠᠮᠤᠷ ᠢ ᠬᠠᠮᠠᠭᠠᠯᠠᠬᠤ ᠠᠵᠢᠯᠲᠠᠨ ᠳᠤ ᠴᠠᠯᠢᠩ ᠥᠭᠭᠦᠭᠰᠡᠨ ᠠᠰᠠᠭᠤᠳᠠᠯ ᠳᠤ | ᠴᠢᠭᠯᠡᠭᠦᠯᠦᠨ᠂ ᠬᠤᠰᠢᠭᠤᠨ ᠤ ᠵᠠᠰᠠᠭ ᠤᠨ ᠣᠷᠳᠣᠨ ᠤ ᠬᠤᠷᠠᠯ ᠠᠴᠠ ᠰᠤᠳᠤᠯᠤᠭᠠᠳ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ | ᠮᠠᠶ᠋ᠢᠭ ᠢᠶᠠᠷ ᠡᠳ᠋ ᠤᠨ ᠵᠠᠰᠠᠭ ᠤᠨ ᠲᠥᠰᠦᠪ ᠲᠤ ᠣᠷᠣᠭᠤᠯᠤᠭᠰᠠᠨ ᠤ ᠬᠠᠮᠲᠤ᠂ ᠬᠡᠤᠬᠡᠳ ᠤᠨ ᠴᠡᠴᠡᠷᠯᠢᠭ ᠲᠤ 75 ᠨᠡᠷᠡᠰ ᠠᠮᠤᠷ ᠢ ᠬᠠᠮᠠᠭᠠᠯᠠᠭᠴᠢ ᠶᠢ ᠨᠡᠮᠡᠨ | ᠤᠷᠢᠪᠠ᠃ ᠳ᠋ᠧᠩᠺᠸᠤ ᠰᠢᠶᠠᠨ ︽ᠳᠤᠮᠳᠠᠳᠤ ᠪᠠᠭ᠎ᠠ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠨᠠᠭᠰᠢᠳᠠ | ᠴᠢᠩᠭᠠᠳᠬᠠᠨ ᠵᠢᠷᠤᠮᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠢᠩᠬᠢᠨᠢ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠪᠠᠷ ᠦᠢᠯᠡᠴᠢᠯᠡᠭᠡᠨ ᠤ | ᠠᠵᠢᠯ ᠤᠨ ᠪᠠᠶᠢᠷᠢ ᠶᠢᠨ ᠠᠵᠢᠯ ᠢ ᠡᠭᠦᠷᠭᠡᠯᠡᠭᠦᠯᠬᠦ ᠪᠠᠷ ᠲᠣᠭᠲᠠᠵᠠᠢ᠃ ᠡᠭᠦᠨ ᠤ ᠬᠠᠮᠲᠤ᠂ ︽ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠠᠳᠠᠯᠢ ᠱᠠᠲᠤᠨ ᠤ | ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ︾ ᠪᠠ ︽ᠳᠤᠮᠳᠠᠳᠤ ᠪᠠᠭ᠎ᠠ ᠰᠤᠷᠭᠠᠭᠤᠯᠢ ᠣᠨ ᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠲᠥᠰᠦᠪ ᠤᠨ | ᠶᠡᠷᠦᠩᠬᠡᠶ ᠲᠣᠭᠠᠨ ᠤ 5% ᠪᠠᠷ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠳᠣᠭᠢᠷᠠᠭᠤᠯᠬᠤ︾ ᠲᠣᠭᠲᠠᠭᠠᠯ ᠶᠣᠰᠣᠭᠠᠷ᠂ 2022 ᠣᠨ ᠤ ᠪᠠᠭᠰᠢ ᠶᠢᠨ | ᠪᠣᠯᠪᠠᠰᠤᠷᠠᠯ ᠤᠨ ᠵᠠᠷᠤᠳᠠᠯ ᠢ ᠨᠢᠭᠡᠨᠲᠡ ᠡᠳ᠋ ᠤᠨ ᠵᠠᠰᠠᠭ ᠤᠨ ᠲᠥᠰᠦᠪ ᠲᠤ ᠣᠷᠣᠭᠤᠯᠤᠭᠰᠠᠨ ᠪᠠᠶᠢᠨ᠎ᠠ᠃ | 2.ᠪᠠᠭᠰᠢ ᠶᠢᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠭᠡᠳᠦᠶ ᠠᠰᠠᠭᠤᠳᠠᠯ ᠤᠨ ᠲᠤᠬᠠᠢ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠳᠤ ᠠᠵᠢᠯ ᠤᠨ ᠦᠷ᠎ᠡ ᠪᠦᠲᠦᠮᠵᠢ ᠶᠢᠨ ᠴᠠᠯᠢᠩ ᠢ ᠬᠡᠷᠡᠭᠵᠢᠭᠦᠯᠬᠦ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠰᠤᠷᠭᠠᠨ ᠬᠥᠮᠦᠵᠢᠯ ᠤᠨ ᠶᠠᠮᠤᠨ ᠤ ᠵᠢᠯᠣᠭᠤᠳᠬᠤ ᠰᠠᠨᠠᠯ ᠢ ᠤᠯᠠᠮᠵᠢᠯᠠᠨ ᠶᠠᠪᠤᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2008︺ 133 ᠳ᠋ᠤᠭᠠᠷ ᠲᠣᠭᠠᠲᠤ︶ | ᠳᠤ ᠲᠣᠭᠲᠠᠭᠠᠭᠰᠠᠨ ᠱᠠᠭᠠᠷᠳᠠᠯᠭ᠎ᠠ ᠶᠣᠰᠣᠭᠠᠷ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠠᠵᠢᠯ ᠤᠨ ᠣᠯᠭᠤᠮᠵᠢ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠰᠤᠷᠭᠠᠭᠤᠯᠢ ᠶᠢ ᠰᠢᠮᠳᠠᠭᠤᠯᠤᠨ ᠪᠠᠭᠰᠢ ᠶᠢᠨ ᠠᠵᠢᠯ ᠤᠨ ᠦᠷ᠎ᠡ | ᠪᠦᠲᠦᠮᠵᠢ ᠶᠢᠨ ᠴᠠᠯᠢᠩ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠪᠠᠭᠰᠢ ᠶᠢᠨ ᠣᠯᠭᠤᠮᠵᠢ ᠪᠠᠲᠤᠯᠠᠭ᠎ᠠ ᠶᠢᠨ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ | ᠪᠠᠶᠢᠴᠠᠭᠠᠬᠤ ᠲᠤᠬᠠᠶ ᠮᠡᠳᠡᠭᠳᠡᠯ︾ ᠢ ᠴᠠᠭ ᠲᠤᠬᠠᠶ ᠳᠤ ᠨᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠳᠠᠷᠦ᠋ᠢᠬᠠᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠰᠠᠭᠤᠳᠠᠯ | ᠡᠭᠦᠰᠦᠭᠰᠡᠨ ᠰᠢᠯᠲᠠᠭᠠᠨ ᠢ ᠵᠠᠳᠠᠯᠤᠨ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠵᠢᠯ ᠪᠦᠷᠢ ᠶᠢᠨ ᠨᠢᠭᠡᠳᠦᠭᠡᠷ ᠤᠯᠠᠷᠢᠯ ᠤᠨ ᠡᠴᠦᠰ ᠲᠤ ᠪᠢᠴᠢᠭ ᠤᠨ ᠬᠡᠯᠪᠡᠷᠢ ᠶᠢᠨ | ᠮᠡᠳᠡᠭᠦᠯᠦᠯᠲᠡ ᠶᠢ ᠪᠦᠷᠢᠯᠳᠦᠭᠦᠯᠬᠦ ᠶᠢᠨ ᠬᠠᠮᠲᠤ ᠳᠡᠭᠡᠭᠰᠢ ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ᠃ ︽ᠠᠯᠪᠠᠨ ᠵᠢᠷᠤᠮ ᠤᠨ ᠪᠠᠭᠰᠢ ᠶᠢᠨ ᠴᠠᠯᠢᠩ | ᠣᠯᠭᠤᠮᠵᠢ ᠶᠢ ᠤᠯᠠᠮ ᠨᠢᠭᠡ ᠠᠯᠬᠤᠮ ᠪᠠᠲᠤᠯᠠᠬᠤ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠲᠠᠷᠬᠠᠭᠠᠭᠰᠠᠨ ︹2019︺ 55 ᠳ᠋ᠤᠭᠠᠷ ᠲᠣᠭᠠᠲᠤ︶ | ᠢ ᠦᠨᠳᠦᠰᠦᠯᠡᠪᠡᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠯᠭᠤᠮᠵᠢ ᠶᠢ ᠲᠤᠬᠠᠶ ᠶᠢᠨ ᠭᠠᠵᠠᠷ ᠤᠨ ᠠᠯᠪᠠᠲᠠᠨ ᠤ ᠴᠠᠯᠢᠩ | ᠣᠯᠭᠤᠮᠵᠢ ᠲᠠᠢ ᠬᠠᠮᠲᠤ ᠲᠣᠬᠢᠷᠠᠭᠤᠯᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ | ᠰᠤᠷᠭᠠᠭᠤᠯᠢ ᠶᠢᠨ ᠪᠠᠶᠢᠭ᠎ᠠ ᠭᠠᠵᠠᠷ ᠨᠢ ᠠᠯᠪᠠᠲᠠᠨ ᠤ ᠴᠠᠯᠢᠩ ᠣᠯᠭᠤᠮᠵᠢ ᠳᠤ ᠲᠣᠬᠢᠷᠠᠭᠤᠯᠤᠯᠲᠠ ᠬᠢᠬᠦ ᠳᠤ ᠪᠠᠨ ᠡᠷᠬᠡᠪᠰᠢ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠶᠢᠨ ᠴᠠᠯᠢᠩ ᠣᠯᠭᠤᠮᠵᠢ ᠳᠤ ᠵᠣᠬᠢᠴᠠᠩᠭᠤᠶ ᠪᠠᠷ ᠲᠣᠬᠢᠷᠠᠭᠤᠯᠤᠯᠲᠠ ᠬᠢᠵᠦ᠂ ᠵᠢᠯ ᠪᠦᠷᠢ ᠶᠢᠨ ᠡᠴᠦᠰ ᠲᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠪᠠᠭᠰᠢ ᠶᠢᠨ ᠣᠷᠣᠯᠭ᠎ᠠ ᠶᠢᠨ ᠪᠠᠶᠢᠳᠠᠯ ᠬᠢᠭᠡᠳ ᠠᠯᠪᠠᠲᠠᠨ ᠤ ᠣᠷᠣᠯᠭ᠎ᠠ ᠶᠢᠨ ᠪᠠᠶᠢᠳᠠᠯ ᠢ ᠬᠠᠷᠢᠴᠠᠭᠤᠯᠬᠤ ᠠᠵᠢᠯ ᠢ ᠥᠷᠨᠢᠭᠦᠯᠵᠦ᠂ | ᠪᠥᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠣᠯᠭᠤᠮᠵᠢ ᠶᠢᠨ ᠬᠠᠷᠢᠴᠠᠭᠤᠯᠤᠭᠰᠠᠨ ᠪᠠᠶᠢᠳᠠᠯ ᠢ ᠴᠠᠭ ᠲᠤᠬᠠᠢ ᠳᠤ ᠨᠢ ᠡᠵᠡᠮᠰᠢᠬᠦ | ᠬᠡᠷᠡᠭᠲᠡᠢ᠃ | ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠰᠢᠨ᠎ᠡ ᠪᠠᠷᠭᠤ ᠵᠡᠭᠦᠨ ᠬᠤᠰᠢᠭᠤᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠵᠢᠴᠢ ᠪᠠᠭᠰᠢ ᠶᠢᠨ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ | ᠠᠵᠢᠯ ᠤᠨ ᠬᠡᠷᠡᠭᠵᠢᠭᠦᠯᠬᠦ ᠲᠥᠰᠦᠯ︾ ︵ᠰᠢᠨ᠎ᠡ ᠪᠠᠷᠭᠤ ᠵᠡᠭᠦᠨ ᠵᠠᠰᠠᠭ ᠥᠰᠥᠭ ︹2021︺ 66 ᠳ᠋ᠤᠭᠠᠷ ᠲᠣᠭᠠᠲᠤ︶ ᠢ ᠲᠣᠭᠲᠠᠭᠠᠨ ᠨᠡᠶᠢᠲᠡᠯᠡᠵᠦ᠂ | ᠡᠯ᠎ᠡ ᠰᠤᠷᠭᠠᠭᠤᠯᠢ ᠲᠥᠰᠦᠯ ᠢ ᠦᠨᠳᠦᠰᠦᠯᠡᠨ ᠰᠤᠷᠭᠠᠭᠤᠯᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠲᠥᠰᠦᠯ ᠢ ᠲᠣᠭᠲᠠᠭᠠᠵᠤ᠂ ᠪᠥᠬᠦ ᠬᠤᠰᠢᠭᠤᠨ ᠤ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠳᠤ ᠪᠠᠶᠢᠭ᠎ᠠ ᠪᠠᠭᠰᠢ ᠠᠵᠢᠯᠲᠠᠨ ᠳᠤ 2022 | ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠳᠦᠷᠢᠮ ᠢ ᠬᠡᠷᠡᠭᠵᠢᠭᠦᠯᠦᠨ᠎ᠡ᠃ ᠤᠯᠠᠭᠠᠨᠬᠠᠳᠠ | ᠬᠤᠲᠠ ᠶᠢᠨ ᠡᠯ᠎ᠡ ᠬᠤᠰᠢᠭᠤ ᠰᠢᠶᠠᠨ ︵ᠲᠣᠭᠤᠷᠢᠭ︶ ᠪᠣᠯᠤᠨ ᠳ᠋ᠧᠩᠺᠸᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠤᠭᠤᠳ | 2009 ᠣᠨ ᠤ 12 ᠳ᠋ᠤᠭᠠᠷ ᠰᠠᠷ᠎ᠠ ᠠᠴᠠ ᠡᠬᠢᠯᠡᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠲᠦᠷᠢᠮ ᠢ ᠨᠢᠭᠡᠨᠲᠡ ᠪᠥᠬᠦ ᠲᠠᠯ᠎ᠠ ᠪᠠᠷ ᠬᠡᠷᠡᠭᠵᠢᠭᠦᠯᠪᠡ᠃ | | 3. ᠵᠢᠭᠠᠨ ᠰᠤᠷᠭᠠᠯᠲᠠ ᠶᠢᠨ ᠬᠠᠮᠢᠶᠠᠷᠤᠯᠲᠠ ᠨᠢ ᠵᠢᠷᠤᠮᠵᠢᠯ ᠦᠭᠡᠢ ᠪᠠᠶᠢᠬᠤ ᠠᠰᠠᠭᠤᠳᠠᠯ ᠤᠨ ᠲᠤᠬᠠᠢ᠃ ᠡᠯ᠎ᠡ ᠱᠠᠲᠤᠨ ᠤ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠤᠳ ︽ᠰᠢᠨ᠎ᠡ ᠴᠠᠭ ᠦᠶ᠎ᠡ ᠶᠢᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠢ ᠪᠥᠬᠦ ᠲᠠᠯ᠎ᠠ ᠪᠠᠷ | ᠴᠢᠩᠭᠠᠳᠬᠠᠬᠤ ᠲᠤᠬᠠᠶ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠠ ︽︿ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠬᠠᠮᠢᠶᠠᠷᠤᠯᠲᠠ ᠶᠢᠨ ᠪᠠᠷᠢᠮᠵᠢᠶ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ︵ᠰᠤᠷᠭᠠᠨ | ᠬᠥᠮᠦᠵᠢᠯ ᠰᠠᠭᠤᠷᠢ ︹2017 ︺ 9 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠭᠰᠡᠨ ᠤ ᠬᠠᠮᠲᠤ᠂ ᠰᠤᠷᠭᠠᠭᠤᠯᠢ ᠶᠢ | ᠰᠢᠮᠳᠠᠭᠤᠯᠤᠨ ᠤᠯᠤᠰ ᠤᠨ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠬᠢᠴᠢᠶᠡᠯ ᠤᠨ ᠲᠥᠰᠦᠯ ᠤᠨ ᠶᠣᠰᠣᠭᠠᠷ ᠪᠣᠶ ᠪᠥᠬᠦᠶ | ᠬᠢᠴᠢᠶᠡᠯ ᠢ ᠪᠦᠷᠢᠨ ᠭᠦᠢᠴᠡᠳ ᠲᠣᠬᠢᠷᠠᠭᠤᠯᠤᠨ ᠨᠡᠭᠡᠭᠡᠵᠡᠶ᠃ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠵᠢᠴᠢ ᠪᠡᠶ᠎ᠡ ᠶᠢᠨ | ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾ | ︵ᠥᠪᠥᠷ ᠨᠠᠮ ᠲᠠᠷᠬᠠᠭᠠᠭᠰᠠᠨ ︹2021︺ 30 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠰᠤᠷᠭᠠᠭᠤᠯᠢ | ᠣᠨᠣᠯ ᠤᠨ ᠬᠢᠴᠢᠶᠡᠯ ᠪᠠ ᠦᠢᠯᠡᠳᠦᠯᠭᠡ ᠶᠢᠨ ᠬᠢᠴᠢᠶᠡᠯ ᠢ ᠬᠠᠷᠢᠯᠴᠠᠨ ᠤᠶᠠᠯᠳᠤᠭᠤᠯᠵᠤ᠂ ᠦᠢᠯᠡᠳᠦᠯᠭᠡ ᠶᠢᠨ ᠬᠢᠴᠢᠶᠡᠯ ᠢᠶᠠᠷ ᠭᠤᠤᠯ ᠪᠣᠯᠭᠠᠭᠰᠠᠨ᠂ | ᠬᠥᠳᠡᠯᠮᠦᠷᠢ ᠶᠢᠨ ᠪᠡᠶᠡᠴᠢ ᠣᠶᠢᠯᠠᠭᠠᠯᠲᠠ ᠶᠢ ᠴᠢᠩᠭᠠᠳᠬᠠᠵᠤ᠂ ᠬᠥᠳᠡᠯᠮᠦᠷᠢ ᠶᠢᠨ ᠬᠥᠮᠦᠵᠢᠯ ᠤᠨ ᠬᠥᠮᠦᠨ ᠬᠥᠮᠦᠵᠢᠭᠦᠯᠬᠦ ᠶᠡᠷᠦᠩᠬᠡᠶᠢᠯᠡᠭᠰᠡᠨ ᠴᠢᠳᠠᠮᠵᠢ ᠶᠢ | ᠦᠨᠡᠨ ᠬᠦ ᠪᠦᠲᠦᠮᠵᠢᠲᠡᠶ ᠪᠠᠳᠠᠷᠠᠭᠤᠯᠪᠠ᠃ ᠰᠤᠷᠭᠠᠨ ᠬᠥᠮᠦᠵᠢᠯ ᠤᠨ ᠶᠠᠮᠤᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠵᠢᠭᠠᠨ | ᠰᠤᠷᠭᠠᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ︵ᠰᠤᠷᠭᠠᠨ ᠬᠥᠮᠦᠵᠢᠯ ᠰᠠᠭᠤᠷᠢ ︹2019︺ 16 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠬᠢᠴᠢᠶᠡᠯ ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠵᠢᠯᠣᠭᠤᠳᠬᠤ ᠪᠠ | ᠪᠠᠶᠢᠴᠠᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠲᠦᠷᠢᠮ ᠢ ᠵᠢᠷᠤᠮᠵᠢᠭᠤᠯᠤᠨ᠂ ᠲᠤᠷᠰᠢᠯᠲᠠ ᠶᠢᠨ | ᠲᠠᠰᠤᠭ ᠤᠨ ᠬᠡᠷᠡᠭᠯᠡᠭᠡᠨ ᠤ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠪᠡ᠃ | 4. ᠰᠤᠷᠭᠠᠭᠤᠯᠢ ᠶᠢᠨ ᠬᠤᠭᠤᠯᠠᠨ ᠬᠡᠷ ᠤᠨ ᠬᠠᠮᠢᠶᠠᠷᠤᠯᠲᠠ ᠵᠢᠷᠤᠮᠵᠢᠯ ᠥᠬᠡᠶ ᠪᠠᠶᠢᠬᠤ ᠠᠰᠠᠭᠤᠳᠠᠯ ᠤᠨ ᠲᠤᠬᠠᠢ᠃ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ | ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ | ᠬᠤᠷᠰᠢᠶ᠎ᠠ ᠲᠠᠢ ᠬᠠᠮᠲᠤᠷᠠᠨ ︽︿ᠥᠪᠡᠷᠲᠡᠭᠡᠨ ᠵᠠᠰᠠᠬᠤ ᠣᠷᠣᠨ ᠤ ︿ᠢᠳᠡᠬᠦ ᠡᠮᠦᠰᠬᠦ ᠶᠠᠪᠤᠬᠤ ᠰᠠᠭᠤᠬᠤ﹀ ᠵᠠᠬ᠎ᠠ ᠳᠡᠯᠭᠡᠭᠦᠷ ᠤᠨ ᠬᠦᠷᠢᠶᠡᠨ ᠳᠠᠬᠢ | ᠬᠤᠯᠪᠣᠭᠠᠯᠠᠵᠤ ᠴᠡᠭᠴᠡᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠠᠵᠢᠯ ᠤᠨ ᠲᠥᠰᠦᠯ﹀ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠪᠠᠲᠤᠯᠠᠨ | ᠬᠠᠮᠠᠭᠠᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠨ ᠬᠠᠮᠠᠭᠠᠯᠠᠬᠤ | ᠠᠵᠢᠯᠯᠠᠭ᠎ᠠ ᠶᠢ ᠪᠥᠬᠦ ᠣᠷᠣᠨ ᠤ ᠢᠳᠡᠭᠡᠨ ᠤ ᠠᠮᠤᠷ ᠲᠦᠪᠰᠢᠨ ᠤ ᠭᠤᠤᠯᠳᠠᠯᠭ᠎ᠠ ᠲᠠᠢ ᠠᠵᠢᠯ ᠤᠨ ᠨᠢᠭᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠠᠪᠴᠠᠩ ᠢ ᠪᠥᠬᠦ ᠣᠷᠣᠨ ᠤ ᠰᠤᠷᠭᠠᠭᠤᠯᠢ ᠶᠢᠨ | ᠬᠤᠭᠤᠯᠠᠨ ᠬᠡᠷ ᠲᠤ ᠪᠥᠬᠦ ᠲᠠᠯ᠎ᠠ ᠪᠠᠷ ᠣᠷᠣᠭᠤᠯᠬᠤ ᠶᠢ ᠠᠬᠢᠭᠤᠯᠵᠤ᠂ ᠡᠳᠦᠷ ᠲᠣᠳᠣᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ︽ᠢᠨᠲ᠋ᠧᠷ | ᠰᠦᠯᠵᠢᠶ᠎ᠡ + ᠢᠯᠡ ᠲᠣᠭᠤᠭᠠᠨ ᠭᠡᠷ︾ ᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠰᠤᠷᠭᠠᠭᠤᠯᠢ ᠶᠢᠨ ᠬᠤᠭᠤᠯᠠᠨ ᠬᠡᠷ ᠤᠨ ᠲᠦᠭᠰᠢᠭᠦᠷᠢ ᠳᠤ | ᠲᠠᠰ ᠬᠤᠪᠢᠶᠠᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠤᠨ | ᠪᠣᠯᠪᠠᠰᠤᠷᠠᠯ ᠬᠢᠬᠦ ᠡᠷᠴᠢᠮ ᠢ ᠴᠢᠩᠭᠠᠷᠠᠭᠤᠯᠬᠤ ᠵᠡᠷᠭᠡ ᠲᠠᠯ᠎ᠠ ᠪᠠᠷ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠪᠠ᠃ | ᠨᠠᠮᠤᠷ ᠤᠨ ᠤᠯᠠᠷᠢᠯ ᠤᠨ ᠰᠤᠷᠤᠯᠭ᠎ᠠ ᠤᠨ ᠬᠤᠭᠤᠴᠠᠭ᠎ᠠ ᠡᠬᠢᠯᠡᠭᠰᠡᠨ ᠠᠴᠠ ᠨᠠᠭᠠᠰᠢ᠂ ᠪᠥᠬᠦ ᠣᠷᠣᠨ ᠤ ᠰᠤᠷᠭᠠᠭᠤᠯᠢ ᠶᠢᠨ ᠬᠤᠭᠤᠯᠠᠨ ᠬᠡᠷ ᠵᠢᠴᠢ ᠡᠷᠬᠢᠨ | ᠲᠣᠭᠤᠷᠢᠨ ᠤ ᠢᠳᠡᠭᠡᠨ ᠤᠮᠳᠠᠭᠠᠨ ᠤ ᠠᠵᠤ ᠠᠬᠤᠶᠢᠯᠠᠯ ᠢ ᠨᠡᠶᠢᠲᠡ 10024 ᠤᠳᠠᠭ᠎ᠠ ᠪᠠᠶᠢᠴᠠᠭᠠᠵᠤ᠂ 10370 ᠬᠥᠮᠦᠨ ᠤᠳᠠᠭ᠎ᠠ ᠳᠠᠶᠢᠴᠢᠯᠠᠨ ᠬᠠᠤᠯᠢ | ᠬᠡᠷᠡᠭᠵᠢᠭᠦᠯᠵᠦ᠂ 260 ᠡᠷᠦᠬᠡ ᠶᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 7 ᠬᠡᠷᠡᠭ ᠢ ᠳᠡᠩᠰᠡᠯᠡᠵᠦ᠂ 12.1 ᠲᠦᠮᠡᠨ ᠲᠥᠭᠦᠷᠢᠭ ᠲᠣᠷᠭᠠᠵᠤ | ᠬᠤᠷᠢᠶᠠᠮᠵᠢᠯᠠᠪᠠ᠃ ᠡᠯ᠎ᠡ ᠠᠶᠢᠮᠠᠭ ᠬᠤᠲᠠ ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ | 2663 ᠠᠰᠠᠭᠤᠳᠠᠯ ᠪᠠ ᠲᠦᠭᠰᠢᠭᠦᠷᠢ ᠶᠢᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠪᠠᠷ ᠰᠢᠮᠳᠠᠭᠤᠯᠵᠤ᠂ ᠪᠥᠬᠦ ᠣᠷᠣᠨ ᠤ ᠪᠣᠶ ᠪᠥᠬᠦᠶ | ᠰᠤᠷᠭᠠᠭᠤᠯᠢ ᠶᠢᠨ ᠬᠤᠭᠤᠯᠠᠨ ᠬᠡᠷ ᠤᠨ ︽ᠢᠯᠡ ᠲᠣᠭᠤᠭᠠᠨ ᠭᠡᠷ︾ ᠪᠣᠯᠬᠤ ᠶᠢ ᠪᠡᠶᠡᠯᠡᠭᠦᠯᠵᠦ᠂ 53% ᠶᠢᠨ ᠰᠤᠷᠭᠠᠭᠤᠯᠢ ᠶᠢᠨ ᠬᠤᠭᠤᠯᠠᠨ ᠬᠡᠷ ᠲᠤ ︽ | ᠢᠨᠲ᠋ᠧᠷ ᠰᠦᠯᠵᠢᠶ᠎ᠡ + ᠢᠯᠡ ᠲᠣᠭᠤᠭᠠᠨ ᠭᠡᠷ︾ ᠢ ᠬᠡᠷᠡᠭᠵᠢᠭᠦᠯᠪᠡ᠃ | ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ | ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠳᠤ ᠬᠢᠨᠠᠨ ᠰᠢᠨᠵᠢᠯᠡᠯᠲᠡ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ 12 | ᠠᠶᠢᠮᠠᠭ ᠬᠤᠲᠠ ᠶᠢᠨ 37 ᠬᠤᠰᠢᠭᠤ ᠰᠢᠶᠠᠨ ︵ᠬᠤᠲᠠ᠂ ᠲᠣᠭᠤᠷᠢᠭ︶ ᠤ ᠡᠯ᠎ᠡ ᠲᠥᠷᠥᠯ ᠤᠨ ᠰᠤᠷᠭᠠᠭᠤᠯᠢ ᠶᠢ ᠬᠠᠮᠤᠷᠤᠭᠤᠯᠵᠤ᠂ ᠰᠤᠷᠭᠠᠭᠤᠯᠢ ᠶᠢᠨ | ᠢᠳᠡᠭᠡᠨ ᠤ 860 ᠬᠤᠪᠢ ᠥᠯᠢᠭᠡᠷ ᠡᠳ᠋ ᠲᠤ ᠬᠢᠨᠠᠨ ᠰᠢᠨᠵᠢᠯᠡᠯᠲᠡ ᠬᠢᠬᠦ ᠶᠢ ᠪᠡᠶᠡᠯᠡᠭᠦᠯᠵᠦ᠂ 4626 ᠵᠤᠷᠪᠤᠰ ᠬᠢᠨᠠᠨ ᠰᠢᠨᠵᠢᠯᠡᠯᠲᠡ ᠶᠢᠨ ᠲᠤᠭ᠎ᠠ | ᠪᠠᠷᠢᠮᠲᠠ ᠶᠢ ᠳᠡᠭᠡᠭᠰᠢ ᠮᠡᠳᠡᠭᠦᠯᠪᠡ᠃ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠳᠤ ᠬᠢᠨᠠᠨ ᠰᠢᠨᠵᠢᠯᠡᠯᠲᠡ ᠬᠢᠬᠦ ᠠᠵᠢᠯ ᠢ | ᠢᠳᠡᠪᠬᠢᠲᠡᠶ ᠠᠬᠢᠭᠤᠯᠵᠤ᠂ 2021 ᠣᠨ ᠳᠤ 2 ᠠᠶᠢᠮᠠᠭ ᠬᠤᠲᠠ ᠶᠢᠨ 8 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠢᠨᠠᠨ ᠰᠢᠨᠵᠢᠯᠡᠯᠲᠡ ᠬᠢᠵᠦ | ᠪᠠᠶᠢᠭᠰᠠᠨ ᠠᠴᠠ ᠵᠢᠯ ᠪᠦᠷᠢ 30 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠢᠨᠠᠨ ᠰᠢᠨᠵᠢᠯᠡᠯᠲᠡ ᠬᠢᠬᠦ ᠪᠣᠯᠭᠠᠨ ᠥᠷᠭᠡᠳᠬᠡᠵᠦ᠂ ︽2019 ᠣᠨ | — 2021 ᠣᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ | ᠲᠥᠯᠥᠪᠯᠡᠭᠡ ᠳᠤ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ ᠮᠡᠷᠭᠡᠵᠢᠯ ᠤᠨ ᠮᠡᠳᠡᠭᠦᠯᠦᠯᠲᠡ︾ ᠶᠢ ᠪᠣᠶ ᠪᠣᠯᠭᠠᠪᠠ᠃ ᠢᠳᠡᠭᠡᠨ ᠤ ᠠᠮᠤᠷ | ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ | ᠠᠵᠢᠯᠯᠠᠭ᠎ᠠ ᠶᠢ 300 ᠭᠠᠷᠤᠶ ᠲᠠᠯᠠᠪᠤᠷ ᠵᠣᠬᠢᠶᠠᠨ ᠪᠠᠶᠢᠭᠤᠯᠵᠤ᠂ 3.2 ᠲᠦᠮᠡᠨ ᠪᠠᠭᠰᠢ ᠰᠣᠷᠣᠭᠴᠢ ᠭᠥᠯᠢᠶᠡᠨ ᠠᠪᠴᠤ ᠰᠣᠨᠣᠰᠪᠠ᠃ | ᠠᠤᠬᠠᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠰᠤᠷᠭᠠᠭᠤᠯᠢ ᠶᠢᠨ | ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠬᠢᠨᠠᠨ ᠪᠠᠶᠢᠴᠠᠭᠠᠵᠤ᠂ ᠬᠡᠰᠡᠭ ᠰᠤᠷᠭᠠᠭᠤᠯᠢ ᠶᠢᠨ ᠰᠣᠷᠣᠭᠴᠢ ᠶᠢᠨ ᠬᠤᠭᠤᠯᠠᠨ ᠬᠡᠷ ᠤᠨ | ᠠᠵᠢᠯᠯᠠᠭᠠᠨ ᠤ ᠲᠠᠰᠤᠭ ᠲᠤ ᠪᠠᠨ ᠬᠤᠯᠤᠭᠠᠨ᠎ᠠ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠥᠬᠡᠶ᠂ ᠢᠳᠡᠭᠡᠨ ᠤ ᠥᠯᠢᠭᠡᠷ ᠡᠳ᠋ ᠦᠯᠡᠳᠡᠭᠡᠬᠦ ᠲᠤᠰᠬᠠᠶ | ᠯᠠᠩᠭᠦᠶ ᠪᠠᠨ ᠣᠨᠢᠰᠤᠯᠠᠭᠰᠠᠨ ᠥᠬᠡᠶ᠂ ᠬᠤᠭᠤᠯᠠᠨ ᠬᠡᠷ ᠤᠨ ᠥᠯᠢᠭᠡᠷ ᠡᠳ᠋ ᠦᠯᠡᠳᠡᠭᠡᠭᠰᠡᠨ ᠢᠳᠡᠭᠡᠨ ᠤ ᠨᠡᠷᠡᠶᠢᠳᠦᠯ᠂ ᠥᠯᠢᠭᠡᠷ ᠡᠳ᠋ ᠦᠯᠡᠳᠡᠭᠡᠭᠰᠡᠨ ᠲᠤᠭ᠎ᠠ | ᠬᠡᠮᠵᠢᠶ᠎ᠡ᠂ ᠥᠯᠢᠭᠡᠷ ᠡᠳ᠋ ᠦᠯᠡᠳᠡᠭᠡᠭᠰᠡᠨ ᠴᠠᠭ ᠬᠤᠭᠤᠴᠠᠭ᠎ᠠ᠂ ᠥᠯᠢᠭᠡᠷ ᠡᠳ᠋ ᠦᠯᠡᠳᠡᠭᠡᠭᠰᠡᠨ ᠬᠥᠮᠦᠨ ᠵᠡᠷᠭᠡ ᠶᠢᠨ ᠮᠡᠳᠡᠭᠡ ᠵᠠᠩᠭᠢ ᠨᠢ ᠪᠦᠷᠢᠨ ᠪᠤᠰᠤ᠂ | ᠬᠤᠭᠤᠯᠠᠨ ᠬᠡᠷ ᠤᠨ ᠠᠷᠢᠭᠤᠳᠬᠠᠭᠰᠠᠨ ᠲᠡᠮᠳᠡᠭᠯᠡᠯ ᠳᠠᠬᠢ ︽ᠠᠷᠢᠭᠤᠳᠬᠠᠬᠤ ᠠᠷᠭ᠎ᠠ ᠮᠠᠶ᠋ᠢᠭ︾ ᠤᠨ ᠲᠡᠮᠳᠡᠭᠯᠡᠯ ᠨᠢ ᠪᠣᠳᠠᠲᠠᠶ ᠲᠠᠢ ᠨᠡᠶᠢᠴᠡᠬᠦ ᠥᠬᠡᠶ ᠵᠡᠷᠭᠡ | ᠠᠰᠠᠭᠤᠳᠠᠯ ᠢ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ | ︵ᠬᠤᠶᠠᠷ︶ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ 6 ᠵᠦᠢᠯ ᠤᠨ ᠡᠭᠦᠷᠭᠡ ᠶᠢ ᠡᠮᠬᠢ ᠵᠢᠷᠤᠮ ᠲᠠᠢ ᠪᠠᠷ ᠠᠬᠢᠭᠤᠯᠤᠨ | ᠨᠠᠶᠢᠳᠠᠪᠤᠷᠢᠵᠢᠭᠤᠯᠪᠠ᠃ | 1.ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠬᠠᠤᠯᠢ ᠪᠠᠷ ᠲᠣᠭᠲᠠᠭᠠᠭᠰᠠᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠭᠠᠳᠤᠶ ᠠᠰᠠᠭᠤᠳᠠᠯ ᠤᠨ ᠲᠤᠬᠠᠢ᠃ ᠡᠯ᠎ᠡ ᠱᠠᠲᠤᠨ ᠤ ᠰᠤᠷᠭᠠᠨ ᠬᠥᠮᠦᠵᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ 2018 — | 2020 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠬᠠᠤᠯᠢ ᠪᠠᠷ ᠲᠣᠭᠲᠠᠭᠠᠭᠰᠠᠨ ᠨᠡᠮᠡᠭᠳᠡᠯ ᠤᠨ ᠪᠠᠶᠢᠳᠠᠯ ᠪᠠ | ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠶᠢ ᠲᠠᠲᠠᠪᠤᠷᠢᠯᠠᠭᠰᠠᠨ ᠪᠠᠶᠢᠳᠠᠯ ᠤᠨ ᠲᠤᠬᠠᠶ ᠪᠥᠬᠦ ᠲᠠᠯ᠎ᠠ ᠪᠠᠷ ᠥᠪᠡᠷ ᠢᠶᠠᠨ ᠪᠠᠶᠢᠴᠠᠭᠠᠨ ᠵᠠᠯᠠᠷᠠᠭᠤᠯᠵᠤ᠂ ᠡᠯ᠎ᠡ | ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ | ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠢ ᠪᠦᠬᠦᠨ ᠢ ᠰᠤᠷᠭᠠᠨ ᠬᠥᠮᠥᠵᠢᠯ ᠳᠤ ᠬᠡᠷᠡᠭᠯᠡᠬᠦ ᠶᠢ ᠪᠠᠲᠤᠯᠠᠪᠠ᠃ 2020 ᠣᠨ ᠳᠤ᠂ ᠪᠥᠬᠦ ᠣᠷᠣᠨ ᠤ ᠣᠷᠣᠨ | ᠨᠤᠲᠤᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ 642.2 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ | ᠵᠢᠯ ᠤᠨ ᠬᠢ ᠠᠴᠠ 5.3% ᠪᠠᠷ ᠨᠡᠮᠡᠭᠳᠡᠪᠡ᠃ ᠡᠳ᠋ ᠤᠨ ᠵᠠᠰᠠᠭ ᠤᠨ ᠪᠠᠶᠢᠩᠭᠤ ᠶᠢᠨ ᠴᠢᠨᠠᠷᠲᠠᠶ ᠣᠷᠣᠯᠭ᠎ᠠ 2325.75 ᠳ᠋ᠦᠩᠰᠢᠭᠤᠷ ᠲᠥᠭᠦᠷᠢᠭ ᠲᠤ | ᠬᠦᠷᠴᠦ᠂ ᠲᠦᠷᠦᠭᠦᠦ ᠵᠢᠯ ᠤᠨ ᠬᠢ ᠠᠴᠠ 1. 68% ᠪᠠᠷ ᠪᠠᠭᠤᠷᠠᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ | ᠵᠠᠷᠤᠳᠠᠯ ᠤᠨ ᠨᠡᠮᠡᠭᠳᠡᠯ ᠨᠢ ᠡᠳ᠋ ᠤᠨ ᠵᠠᠰᠠᠭ ᠤᠨ ᠪᠠᠶᠢᠩᠭᠤ ᠶᠢᠨ ᠴᠢᠨᠠᠷᠲᠠᠶ ᠣᠷᠣᠯᠭ᠎ᠠ ᠶᠢᠨ ᠨᠡᠮᠡᠭᠳᠡᠯ ᠠᠴᠠ 6.98 ᠵᠠᠭᠤᠨ ᠤ ᠴᠡᠭ ᠥᠨᠳᠥᠷ ᠪᠣᠯᠪᠠ᠃ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠣᠷᠣᠨ ᠤ ᠤᠯᠤᠰ ᠤᠨ ᠡᠳ᠋ ᠤᠨ ᠵᠠᠰᠠᠭ ᠤᠨ ᠴᠢᠨᠠᠷᠲᠠᠶ | ᠰᠤᠷᠭᠠᠨ ᠬᠥᠮᠦᠵᠢᠯ ᠤᠨ ᠵᠠᠷᠤᠳᠠᠯ 3537.54 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠳᠤ | 1873.93 ᠳ᠋ᠦᠩᠰᠢᠭᠤᠷ ᠲᠥᠭᠦᠷᠢᠭ ᠬᠡᠷᠡᠭᠯᠡᠵᠦ᠂ 52.97% ᠶᠢ ᠡᠵᠡᠯᠡᠪᠡ᠃ ᠥᠪᠡᠷᠲᠡᠭᠡᠨ ᠵᠠᠰᠠᠬᠤ ᠣᠷᠣᠨ ᠤ ᠬᠤᠳᠠ ᠬᠥᠳᠡᠭᠡ ᠶᠢᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ 2016 ᠣᠨ ᠤ ᠬᠠᠪᠤᠷ ᠤᠨ | ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠥᠬᠦ ᠣᠷᠣᠨ ᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ︽ᠬᠤᠶᠠᠷ ᠢ ᠭᠡᠯᠳᠦᠷᠢᠭᠦᠯᠵᠦ ᠬᠤᠶᠠᠷ ᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠨᠢᠭᠡᠳᠬᠡᠵᠦ᠂ ᠰᠣᠷᠣᠭᠴᠢ ᠨᠢᠭᠡᠪᠦᠷᠢ ᠶᠢᠨ | ᠲᠡᠭᠰᠢᠳᠬᠡᠭᠰᠡᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠲᠤ ᠲᠤᠭ᠎ᠠ ᠶᠢ ᠨᠢᠭᠡᠳᠬᠡᠵᠦ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢ | ᠵᠠᠷᠤᠳᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠰᠤᠷᠭᠠᠨ ᠬᠥᠮᠥᠵᠢᠯ ᠤᠨ ᠵᠠᠷᠤᠳᠠᠯ ᠤᠨ ᠳᠠᠭᠠᠯᠳᠤᠭᠤᠯᠵᠤ ᠪᠣᠯᠬᠤ ᠶᠢ ᠪᠡᠶᠡᠯᠡᠭᠦᠯᠪᠡ᠃ 2020 | ᠣᠨ ᠤ ᠬᠠᠪᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠷᠣᠭᠴᠢ | ᠨᠢᠭᠡᠪᠦᠷᠢ ᠶᠢᠨ ᠲᠡᠭᠰᠢᠳᠬᠡᠭᠰᠡᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠰᠣᠷᠣᠭᠴᠢ ᠨᠢᠭᠡᠪᠦᠷᠢ ᠳᠤ ᠵᠢᠯ ᠪᠦᠷᠢ ᠪᠠᠭ᠎ᠠ | ᠰᠤᠷᠭᠠᠭᠤᠯᠢ 650 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 850 ᠲᠦᠭᠦᠷᠢᠭ ᠪᠣᠯᠭᠠᠪᠠ᠃ ᠮᠠᠯᠵᠢᠬᠤ ᠲᠠᠷᠢᠶᠠᠯᠠᠬᠤ ᠣᠷᠣᠨ ᠤ | ᠠᠯᠪᠠᠨ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠡᠷ ᠪᠠᠶᠢᠰᠢᠩ ᠢ ᠰᠡᠯᠪᠢᠨ ᠵᠠᠰᠠᠵᠤ ᠥᠭᠡᠷᠡᠴᠢᠯᠡᠬᠦ ᠳᠤ ᠨᠥᠬᠦᠪᠥᠷᠢ | ᠥᠭᠴᠦ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠬᠡᠷ ᠪᠠᠶᠢᠰᠢᠩ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠪᠠ᠃ ᠲᠥᠪᠯᠡᠷᠡᠨ | ᠬᠡᠰᠡᠭᠷᠡᠭᠰᠡᠨ ᠣᠨᠴᠠ ᠬᠦᠴᠢᠷᠳᠡᠯᠲᠡᠶ ᠭᠠᠵᠠᠷ ᠣᠷᠣᠨ ᠤ ᠬᠥᠳᠡᠭᠡ ᠲᠣᠰᠬᠤᠨ ᠤ ᠪᠠᠭᠰᠢ ᠳᠤ ᠠᠮᠢᠳᠤᠷᠠᠯ ᠤᠨ ᠨᠥᠬᠦᠪᠥᠷᠢ ᠣᠯᠭᠤᠪᠠ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢᠨ ᠲᠥᠯᠥᠪᠯᠡᠭᠡ ᠶᠢ ᠬᠡᠷᠡᠭᠵᠢᠭᠦᠯᠪᠡ᠃ 2018 ᠣᠨ ᠤ | 7 ᠳ᠋ᠤᠭᠠᠷ ᠰᠠᠷ᠎ᠠ ᠠᠴᠠ ᠡᠬᠢᠯᠡᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ︽ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡ︾ ᠶᠢᠨ ᠪᠠᠭᠰᠢ ᠳᠤ | ᠬᠥᠮᠦᠨ ᠪᠦᠷᠢ ᠰᠤᠷᠤᠯᠭ᠎ᠠ ᠶᠢᠨ ᠵᠢᠯ ᠪᠦᠷᠢ ᠳᠤ 3.82 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠪᠡ᠃ ᠮᠠᠯᠵᠢᠬᠤ ᠲᠠᠷᠢᠶᠠᠯᠠᠬᠤ ᠣᠷᠣᠨ ᠤ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠦᠷᠭᠦᠯᠵᠢᠯᠡᠨ | ᠬᠡᠷᠡᠭᠵᠢᠭᠦᠯᠵᠦ᠂ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠰᠤᠷᠤᠭᠴᠢᠳ ᠤᠨ ᠰᠢᠮ᠎ᠡ ᠲᠡᠵᠢᠭᠡᠯᠲᠦ | ᠬᠤᠭᠤᠯᠠ ᠤᠮᠳᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠰᠣᠷᠣᠭᠴᠢ ᠨᠢᠭᠡᠪᠦᠷᠢ ᠶᠢᠨ ᠡᠳᠦᠷ ᠤᠨ 4 ᠲᠥᠭᠦᠷᠢᠭ ᠪᠠᠶᠢᠭᠰᠠᠨ ᠠᠴᠠ 5 ᠲᠥᠭᠦᠷᠢᠭ ᠪᠣᠯᠭᠠᠨ | ᠳᠡᠭᠡᠭᠰᠢᠯᠡᠭᠦᠯᠪᠡ᠃ | ᠰᠢᠨ᠎ᠡ ᠪᠠᠷᠭᠤ ᠵᠡᠭᠦᠨ ᠬᠤᠰᠢᠭᠤᠨ ᠤ ᠬᠢᠨ 2018 — 2020 ᠣᠨ ᠤ ᠳᠤᠲᠠᠭᠤ ᠨᠥᠬᠦᠪᠦᠷᠢᠯᠡᠭᠰᠡᠨ 594 ᠲᠦᠮᠡᠨ ᠲᠥᠭᠦᠷᠢᠭ ᠤᠨ ᠰᠤᠷᠭᠠᠨ | ᠬᠥᠮᠦᠵᠢᠯ ᠤᠨ ᠵᠠᠷᠤᠳᠠᠯ ᠤᠨ ᠨᠡᠮᠡᠯᠲᠡ ᠨᠥᠬᠦᠪᠥᠷᠢ ᠶᠢ ᠨᠢᠭᠡᠨᠲᠡ ᠪᠣᠳᠠᠲᠠᠶᠢᠵᠢᠭᠤᠯᠵᠤ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠨᠢᠭᠡᠳᠦᠯᠲᠡᠶ ᠲᠥᠯᠥᠪᠯᠡᠨ | ᠳᠣᠭᠢᠷᠠᠭᠤᠯᠵᠤ᠂ 390 ᠲᠦᠮᠡᠨ ᠲᠥᠭᠦᠷᠢᠭ ᠢ 2021 ᠣᠨ ᠤ ᠰᠤᠷᠭᠠᠭᠤᠯᠢ ᠶᠢᠨ ᠬᠦᠷᠢᠶᠡᠨ ᠤ ᠳᠤᠯᠠᠭᠠᠯᠠᠭ᠎ᠠ᠂ ᠰᠡᠯᠪᠢᠨ ᠵᠠᠰᠠᠬᠤ ᠵᠠᠷᠤᠳᠠᠯ ᠳᠤ ᠬᠡᠷᠡᠭᠯᠡᠵᠦ᠂ | 204 ᠲᠦᠮᠡᠨ ᠲᠥᠭᠦᠷᠢᠭ ᠢ ᠰᠤᠷᠭᠠᠨ ᠬᠥᠮᠦᠵᠢᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠪᠤᠢ᠃ ︽ᠰᠤᠷᠭᠠᠨ | ᠬᠥᠮᠦᠵᠢᠯ ᠤᠨ ᠵᠠᠷᠤᠳᠠᠯ ᠢ 1908 ᠲᠦᠮᠡᠨ ᠲᠥᠭᠦᠷᠢᠭ ᠳᠤᠲᠠᠭᠤ ᠰᠠᠯᠭᠠᠵᠤ ᠥᠭᠭᠦᠭᠰᠡᠨ︾ ᠪᠠ ︽2020 ᠣᠨ ᠤ ᠪᠠᠭ᠎ᠠ ᠰᠤᠷᠭᠠᠭᠤᠯᠢ ᠶᠢᠨ | ᠰᠣᠷᠣᠭᠴᠢ ᠶᠢᠨ ᠳᠤᠮᠳᠠᠴᠢ ᠲᠥᠰᠦᠪ ᠤᠨ ᠳᠣᠲᠣᠷᠠᠬᠢ ᠰᠤᠷᠭᠠᠨ ᠬᠥᠮᠦᠵᠢᠯ ᠤᠨ ᠵᠠᠷᠤᠳᠠᠯ ᠢ 350 ᠲᠦᠮᠡᠨ ᠲᠥᠭᠦᠷᠢᠭ ᠳᠤᠲᠠᠭᠤ ᠰᠠᠯᠭᠠᠵᠤ ᠥᠭᠭᠦᠭᠰᠡᠨ︾ | ᠠᠰᠠᠭᠤᠳᠠᠯ ᠳᠤ ᠴᠢᠭᠯᠡᠭᠦᠯᠦᠨ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠰᠢᠨ᠎ᠡ ᠪᠠᠷᠭᠤ ᠵᠡᠭᠦᠨ ᠬᠤᠰᠢᠭᠤᠨ ᠳᠤ ᠳᠠᠪᠠᠭᠤᠯᠤᠨ | ᠰᠢᠯᠵᠢᠭᠦᠯᠬᠦ ᠪᠠᠯᠠ ᠮᠥᠩᠭᠦ ᠶᠢ ᠭᠦᠢᠴᠡᠳᠬᠡᠬᠦ ᠪᠠᠷ ᠲᠣᠭᠲᠠᠵᠤ᠂ ᠳᠠᠪᠠᠭᠤᠯᠤᠨ ᠰᠢᠯᠵᠢᠭᠦᠯᠬᠦ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ᠂ ᠣᠨ᠂ | ᠬᠤᠭᠤᠴᠠᠭ᠎ᠠ ᠬᠤᠪᠢᠶᠠᠨ ᠨᠥᠬᠦᠪᠥᠷᠢᠯᠡᠨ ᠥᠭᠴᠦ᠂ 2025 ᠣᠨ ᠠᠴᠠ ᠡᠮᠦᠨ᠎ᠡ ᠳᠤᠲᠠᠭᠤ ᠨᠥᠬᠦᠪᠦᠷᠢᠯᠡᠨ ᠥᠭᠭᠦᠭᠰᠡᠨ ᠪᠠᠯᠠ ᠮᠥᠩᠭᠦ ᠶᠢ ᠪᠦᠬᠦᠨ ᠢ | ᠨᠥᠬᠦᠪᠥᠷᠢᠯᠡᠨ ᠰᠠᠯᠭᠠᠵᠤ ᠥᠭᠬᠦ ᠶᠢ ᠭᠦᠢᠴᠡᠳᠬᠡᠨ᠎ᠡ᠃ ᠠᠤᠬᠠᠨ ᠬᠤᠰᠢᠭᠤᠨ ᠤ ᠳᠤᠲᠠᠭᠤ ᠰᠠᠯᠭᠠᠵᠤ ᠥᠭᠭᠦᠭᠰᠡᠨ 1025 ᠲᠦᠮᠡᠨ ᠲᠥᠭᠦᠷᠢᠭ ᠤᠨ ᠰᠤᠷᠭᠠᠨ | ᠬᠥᠮᠦᠵᠢᠯ ᠤᠨ ᠵᠠᠷᠤᠳᠠᠯ ᠪᠠ 545.2 ᠲᠦᠮᠡᠨ ᠲᠥᠭᠦᠷᠢᠭ ᠤᠨ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ 9 ᠳ᠋ᠦ᠋ᠭᠡᠷ ᠰᠠᠷ᠎ᠠ ᠶᠢᠨ 26 ᠤ ᠡᠳᠦᠷ ᠪᠦᠬᠦᠨ ᠢ | ᠨᠥᠬᠦᠪᠦᠷᠢᠯᠡᠨ ᠥᠭᠴᠦ᠂ ᠠᠤᠬᠠᠨ ᠬᠤᠰᠢᠭᠤᠨ ᠤ ᠰᠢᠨ ᠬᠤᠶ ᠠᠷᠪᠠᠳᠤᠭᠠᠷ ᠪᠠᠭ᠎ᠠ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠪᠠ ᠪᠠᠭᠰᠢ ᠶᠢᠨ | ᠪᠣᠯᠪᠠᠰᠤᠷᠠᠯ ᠤᠨ ᠠᠵᠢᠯ ᠳᠤ ᠬᠡᠷᠡᠭᠯᠡᠪᠡ᠃ ᠳ᠋ᠧᠩᠺᠸᠤ ᠰᠢᠶᠠᠨ ᠤ ᠬᠢᠨ 2018 ᠣᠨ ᠳᠤ ᠳᠤᠲᠠᠭᠤ ᠰᠠᠯᠭᠠᠵᠤ ᠥᠭᠭᠦᠭᠰᠡᠨ 574 ᠲᠦᠮᠡᠨ ᠲᠥᠭᠦᠷᠢᠭ ᠢ | ᠨᠢᠭᠡᠨᠲᠡ ᠨᠥᠬᠦᠪᠦᠷᠢᠯᠡᠨ ᠥᠭᠴᠦ᠂ 2018 ᠣᠨ ᠳᠤ ᠭᠤᠷᠪᠠᠨ ᠨᠡᠮᠡᠭᠳᠡᠯ ᠨᠢ ᠴᠥᠮ ᠪᠠᠷᠢᠮᠵᠢᠶ᠎ᠠ ᠳᠤ ᠬᠦᠷᠴᠡᠢ᠃ | 2. ᠰᠤᠷᠭᠠᠨ ᠬᠥᠮᠦᠵᠢᠯ ᠤᠨ ᠵᠠᠷᠤᠳᠠᠯ ᠤᠨ ᠬᠢᠨᠠᠨ ᠬᠠᠮᠢᠶᠠᠷᠤᠯᠲᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠤᠨ ᠲᠤᠬᠠᠢ᠃ ᠰᠢᠨ᠎ᠡ ᠪᠠᠷᠭᠤ ᠵᠡᠭᠦᠨ | ᠬᠤᠰᠢᠭᠤᠨ ᠤ ᠬᠢᠨᠠᠨ ᠪᠤᠳᠤᠬᠤ ᠲᠣᠪᠴᠢᠶ᠎ᠠ 10 ᠳ᠋ᠤᠭᠠᠷ ᠰᠠᠷ᠎ᠠ ᠶᠢᠨ 14 ᠤ ᠡᠳᠦᠷ 2018 — 2020 ᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢᠨ ᠪᠠᠶᠢᠳᠠᠯ ᠳᠤ ᠲᠤᠰᠬᠠᠶ ᠬᠢᠨᠠᠨ ᠪᠤᠳᠤᠯᠲᠠ ᠬᠢᠵᠦ᠂ 11 ᠳ᠋ᠦ᠋ᠭᠡᠷ ᠰᠠᠷ᠎ᠠ ᠶᠢᠨ 10 ᠤ ᠡᠳᠦᠷ | ᠨᠢᠭᠡᠨᠲᠡ ᠪᠥᠬᠦ ᠬᠢᠨᠠᠨ ᠪᠤᠳᠤᠯᠲᠠ ᠶᠢ ᠳᠠᠭᠤᠰᠬᠠᠵᠤ᠂ 11 ᠳ᠋ᠦ᠋ᠭᠡᠷ ᠰᠠᠷ᠎ᠠ ᠶᠢᠨ 15 ᠤ ᠡᠳᠦᠷ ᠬᠢᠨᠠᠨ ᠪᠤᠳᠤᠯᠲᠠ ᠶᠢᠨ ᠮᠡᠳᠡᠭᠦᠯᠦᠯᠲᠡ ᠭᠠᠷᠭᠠᠪᠠ᠃ ᠳ᠋ᠧᠩᠺᠸᠤ | ᠰᠢᠶᠠᠨ ᠤ ᠬᠢᠨᠠᠨ ᠪᠤᠳᠤᠬᠤ ᠲᠣᠪᠴᠢᠶ᠎ᠠ ᠠᠴᠠ ᠳ᠋ᠧᠩᠺᠸᠤ ᠰᠢᠶᠠᠨ ᠤ ᠨᠢᠭᠡᠳᠦᠭᠡᠷ ᠪᠦᠷᠢᠨ ᠳᠤᠮᠳᠠᠳᠤ ᠰᠤᠷᠭᠠᠭᠤᠯᠢ ᠪᠣᠯᠤᠨ ᠳ᠋ᠧᠩᠺᠸᠤ ᠰᠢᠶᠠᠨ ᠤ | ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠳᠤ ᠬᠢᠨᠠᠨ ᠪᠤᠳᠤᠯᠳᠠ ᠬᠢᠵᠦ᠂ ᠰᠤᠷᠭᠠᠨ ᠬᠥᠮᠦᠵᠢᠯ ᠤᠨ | ᠲᠣᠪᠴᠢᠶ᠎ᠠ ᠠᠴᠠ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠳᠤ | ᠳᠣᠲᠣᠭᠠᠳᠤ ᠬᠢᠨᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠯᠭ᠎ᠠ ᠳᠤᠷᠠᠳᠴᠤ᠂ ᠣᠳᠣᠬᠠᠨ ᠳᠤ ᠡᠯ᠎ᠡ | ᠰᠤᠷᠭᠠᠭᠤᠯᠢ ᠶᠢᠨ ᠬᠢᠨ ᠬᠢᠨᠠᠨ ᠪᠤᠳᠤᠯᠳᠠ ᠶᠢᠨ ᠮᠡᠳᠡᠭᠦᠯᠦᠯᠲᠡ ᠶᠢᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ ᠳᠠᠭᠤᠰᠪᠠ᠃ | 3. ᠪᠠᠭᠰᠢ ᠶᠢᠨ ᠡᠩᠨᠡᠭᠡᠨ ᠤ ᠪᠦᠲᠦᠴᠡ ᠶᠢᠨ ᠴᠢᠨᠠᠷᠲᠠᠢ ᠳᠤᠲᠠᠭᠤᠳᠠᠯ ᠤᠨ ᠠᠰᠠᠭᠤᠳᠠᠯ ᠤᠨ ᠲᠤᠬᠠᠢ᠃ ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ | ᠂ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠪᠥᠬᠦ ᠣᠷᠣᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠠᠶᠢᠳᠠᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠪᠡ᠃ ᠣᠷᠣᠨ ᠲᠤᠭ᠎ᠠ ᠶᠢᠨ | ᠬᠠᠮᠢᠶᠠᠷᠤᠯᠲᠠ ᠶᠢᠨ ᠲᠠᠯ᠎ᠠ ᠪᠠᠷ᠂ ᠪᠠᠷᠢᠮᠵᠢᠶ᠎ᠠ ᠶᠣᠰᠣᠭᠠᠷ ᠭᠤᠷᠪᠠᠨ ᠵᠢᠯ ᠳᠤ ᠨᠢᠭᠡ ᠤᠳᠠᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ | ᠲᠤᠭ᠎ᠠ ᠳᠤ ᠲᠣᠬᠢᠷᠠᠭᠤᠯᠤᠯᠲᠠ ᠬᠢᠵᠦ᠂ ᠨᠠᠰᠤ ᠠᠭᠢᠭᠰᠠᠨ᠂ ᠬᠡᠪ ᠴᠢᠨᠠᠷ ᠬᠡᠳᠦ ᠳᠣᠤᠷ᠎ᠠ ᠪᠠᠭᠰᠢ ᠵᠢᠴᠢ ᠬᠠᠷᠢᠴᠠᠯ ᠠᠴᠠ ᠬᠡᠲᠦᠷᠡᠭᠰᠡᠨ ᠬᠠᠮᠢᠶᠠᠷᠤᠯᠲᠠ ᠪᠠ | ᠬᠢᠴᠢᠶᠡᠯ ᠬᠥᠮᠦᠵᠢᠯ ᠤᠨ ᠬᠠᠪᠰᠤᠷᠤᠨ ᠵᠢᠯᠣᠭᠤᠳᠬᠤ ᠠᠵᠢᠯᠲᠠᠨ ᠢ ᠵᠦᠶ ᠵᠣᠬᠢᠰᠲᠠᠶ ᠪᠠᠷ ᠠᠵᠢᠯ ᠤᠨ ᠪᠠᠶᠢᠷᠢ ᠰᠢᠯᠵᠢᠭᠦᠯᠦᠨ ᠲᠥᠪᠬᠢᠨᠡᠭᠦᠯᠵᠦ᠂ ᠬᠥᠮᠦᠨ ᠡᠯᠰᠡᠬᠦ | ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠭᠰᠢ ᠶᠢᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠯᠪᠠᠨ ᠬᠡᠷ ᠠᠴᠠ ᠪᠠᠭᠰᠢ ᠠᠵᠢᠯᠲᠠᠨ ᠤ ᠣᠷᠣᠨ ᠲᠤᠭ᠎ᠠ ᠶᠢ ᠬᠡᠷᠡᠭᠯᠡᠵᠦ ᠪᠠᠶᠢᠭ᠎ᠠ ᠪᠠᠶᠢᠳᠠᠯ ᠢ | ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠳᠦᠷ ᠲᠤᠲᠤᠮ ᠤᠨ ᠰᠢᠮᠳᠠᠭᠤᠯᠤᠨ ᠪᠠᠶᠢᠴᠠᠭᠠᠯᠲᠠ ᠳᠤ ᠣᠷᠣᠭᠤᠯᠵᠤ᠂ ᠲᠤᠬᠠᠶ ᠶᠢᠨ ᠭᠠᠵᠠᠷ ᠤᠨ ᠪᠠᠶᠢᠳᠠᠯ ᠳᠤ ᠨᠢ | ᠳᠣᠭᠢᠷᠠᠭᠤᠯᠤᠨ ᠣᠷᠣᠨ ᠲᠤᠭ᠎ᠠ ᠶᠢ ᠬᠠᠷᠭᠤᠭᠤᠯᠬᠤ ᠠᠷᠭ᠎ᠠ ᠮᠠᠶ᠋ᠢᠭ ᠢ ᠰᠢᠨᠡᠴᠢᠯᠡᠵᠦ᠂ ᠬᠤᠲᠠ ᠬᠥᠳᠡᠭᠡ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ | ᠨᠢᠭᠡᠳᠬᠡᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠳᠤ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠲᠤᠰᠬᠠᠶ ᠣᠷᠣᠨ ᠲᠤᠭ᠎ᠠ ᠶᠢ | ᠲᠤᠰᠬᠠᠶᠢᠵᠢᠭᠤᠯᠤᠨ ᠬᠡᠷᠡᠭᠯᠡᠬᠦ ᠶᠢ ᠪᠡᠶᠡᠯᠡᠭᠦᠯᠪᠡ᠃ ᠪᠠᠭᠰᠢ ᠶᠢ ᠨᠥᠬᠦᠪᠥᠷᠢᠯᠡᠬᠦ ᠲᠠᠯ᠎ᠠ ᠪᠠᠷ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ | ᠪᠠᠯᠭᠠᠰᠤ ᠪᠣᠯᠤᠨ ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ ᠬᠤᠲᠠ ᠯᠤᠭ᠎ᠠ ᠬᠠᠷᠢᠯᠴᠠᠨ | ᠨᠢᠭᠡᠳᠬᠡᠵᠦ᠂ ︽ᠠᠩᠭᠢ ᠪᠠᠭᠰᠢ ᠶᠢᠨ ᠬᠠᠷᠢᠴᠠᠯ︾ ᠪᠠ ︽ᠰᠣᠷᠣᠭᠴᠢ ᠪᠠᠭᠰᠢ ᠶᠢᠨ ᠬᠠᠷᠢᠴᠠᠯ︾ ᠭᠡᠬᠦ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠳᠤᠮᠳᠠᠳᠤ | ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠦᠨᠳᠦᠰᠦᠨ ᠣᠷᠣᠨ ᠲᠤᠭ᠎ᠠ ᠶᠢ ᠬᠠᠷᠭᠤᠭᠤᠯᠤᠨ ᠲᠣᠭᠲᠠᠭᠠᠵᠤ᠂ ᠪᠤᠶᠢᠳᠠ ᠪᠥᠭᠯᠡᠭᠦᠤ ᠭᠠᠵᠠᠷ ᠣᠷᠣᠨ ᠤ | ᠠᠩᠭᠢ ᠶᠢᠨ ᠲᠤᠭ᠎ᠠ ᠪᠠᠭ᠎ᠠ᠂ ᠪᠠᠭᠰᠢ ᠶᠢᠨ ᠬᠡᠷᠡᠭᠴᠡᠭᠡ ᠱᠠᠭᠠᠷᠳᠠᠯᠭ᠎ᠠ ᠶᠡᠭᠡ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ 300 ᠨᠡᠷᠡᠰ ᠪᠠᠭᠰᠢ ᠶᠢᠨ | ᠲᠤᠰᠬᠠᠶ ᠣᠷᠣᠨ ᠲᠤᠭ᠎ᠠ ᠶᠢ ᠳᠣᠭᠢᠷᠠᠭᠤᠯᠤᠨ ᠪᠥᠬᠦ ᠣᠷᠣᠨ ᠤ ︽ᠭᠤᠷᠪᠠᠨ ᠬᠢᠴᠢᠶᠡᠯ ᠲᠥᠷᠥᠯ︾ ᠤᠨ ᠪᠠᠭᠰᠢ ᠶᠢᠨ ᠪᠣᠯᠪᠠᠰᠤᠷᠠᠭᠤᠯᠤᠨ ᠨᠥᠬᠦᠪᠦᠷᠢᠯᠡᠬᠦ | ᠡᠷᠭᠢᠯᠲᠡ ᠶᠢ ᠳᠡᠮᠵᠢᠬᠦ ᠳᠤ ᠬᠡᠷᠡᠭᠯᠡᠵᠦ᠂ ︽ᠭᠤᠷᠪᠠᠨ ᠬᠢᠴᠢᠶᠡᠯ ᠲᠥᠷᠥᠯ︾ ᠤᠨ 1600 ᠨᠡᠷᠡᠰ ᠪᠠᠭᠰᠢ ᠶᠢ ᠨᠥᠬᠦᠪᠦᠷᠢᠯᠡᠪᠡ᠃ 9 ᠠᠶᠢᠮᠠᠭ ᠬᠤᠲᠠ ᠶᠢᠨ | ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠠᠭᠰᠢ ᠶᠢᠨ ᠣᠨᠴᠠᠭᠠᠶ ᠠᠵᠢᠯ ᠤᠨ | ᠪᠠᠶᠢᠷᠢ ᠶᠢᠨ ᠲᠥᠯᠥᠪᠯᠡᠭᠡ ᠶᠢᠨ ᠣᠷᠣᠨ ᠲᠤᠭ᠎ᠠ ᠶᠢ 1221 ᠨᠡᠷᠡᠰ ᠴᠤᠬᠤᠯᠠᠪᠤᠷᠢᠯᠠᠨ ᠬᠠᠷᠢᠭᠤᠯᠵᠤ᠂ ᠠᠶᠢᠮᠠᠭ ᠬᠤᠲᠠ ᠵᠢᠴᠢ ᠳᠣᠷᠣᠭᠰᠢᠬᠢ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠨ ᠬᠡᠷᠡᠭᠯᠡᠬᠦ ᠳᠤ 8336 ᠨᠡᠷᠡᠰ ᠬᠤᠭᠤᠰᠣᠨ ᠣᠷᠣᠨ ᠲᠤᠭ᠎ᠠ ᠬᠡᠷᠡᠭᠯᠡᠬᠦ ᠪᠠᠷ ᠳᠠᠩᠰᠠᠯᠠᠭᠤᠯᠪᠠ᠃ ᠬᠥᠮᠦᠨ | ᠬᠡᠷᠡᠭᠯᠡᠬᠦ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠨᠢᠭᠡᠨᠲᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ | ᠴᠡᠴᠡᠷᠯᠢᠭ ᠤᠨ ᠪᠠᠭᠰᠢ ᠤᠷᠢᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠡᠷᠬᠡ ᠶᠢᠨ ᠬᠢᠵᠠᠭᠠᠷ ᠢ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠢᠭᠡᠳ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠵᠡᠨ ᠮᠡᠳᠡᠵᠦ ᠬᠡᠷᠡᠭᠵᠢᠭᠦᠯᠬᠦ ᠶᠢ ᠬᠠᠷᠢᠯᠴᠠᠨ ᠤᠶᠠᠯᠳᠤᠭᠤᠯᠤᠭᠰᠠᠨ ᠪᠠᠭᠰᠢ ᠤᠷᠢᠨ ᠬᠡᠷᠡᠭᠯᠡᠬᠦ | ᠠᠵᠢᠯ ᠤᠨ ᠲᠣᠭᠲᠠᠴᠠ ᠶᠢ ᠪᠣᠶ ᠪᠣᠯᠭᠠᠪᠠ᠃ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ 2021 ᠣᠨ ᠤ 5 ᠳ᠋ᠤᠭᠠᠷ ᠰᠠᠷ᠎ᠠ ᠳᠤ ᠮᠡᠳᠡᠭᠳᠡᠯ | ᠳᠠᠷᠤᠮᠠᠯᠯᠠᠨ ᠲᠠᠷᠬᠠᠭᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠤᠷᠢᠬᠤ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠨ | ᠪᠠᠶᠢᠷᠢᠯᠠᠭᠤᠯᠪᠠ᠃ ᠡᠨᠡ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠠᠵᠢᠯ ᠤᠨ | ᠰᠠᠷ᠎ᠠ ᠶᠢᠨ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠤᠷᠢᠨ ᠬᠡᠷᠡᠭᠯᠡᠬᠦ ᠠᠵᠢᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠪᠡ᠃ ᠤᠷᠢᠨ ᠬᠡᠷᠡᠭᠯᠡᠬᠦ ᠭᠠᠷ ᠭᠦᠢᠴᠡᠳᠬᠡᠯ ᠢ ᠳᠥᠭᠦᠮᠴᠢᠯᠡᠨ᠂ ᠤᠷᠢᠨ ᠬᠡᠷᠡᠭᠯᠡᠬᠦ ᠠᠷᠭ᠎ᠠ ᠵᠠᠮ ᠢ ᠥᠷᠭᠡᠳᠬᠡᠵᠦ᠂ 2021 ᠣᠨ ᠤ 11 ᠳ᠋ᠦ᠋ᠭᠡᠷ | ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠶᠢ ᠨᠡᠶᠢᠲᠡ 8101 ᠨᠡᠷᠡᠰ | ᠤᠷᠢᠨ ᠬᠡᠷᠡᠭᠯᠡᠵᠦ᠂ ᠨᠢᠭᠡᠨᠲᠡ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠪᠠᠨ ᠭᠠᠷᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠠᠴᠠ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠯᠪᠠᠨ ᠬᠡᠷ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠢᠯᠣᠭᠤᠳᠬᠤ ᠰᠠᠨᠠᠯ︾ ᠢ ᠨᠡᠶᠢᠲᠡᠯᠡᠪᠡ᠃ | 4. ᠰᠤᠷᠭᠠᠭᠤᠯᠢ ᠶᠢᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠳᠤ ᠳᠤᠲᠠᠭᠤᠳᠠᠯ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠠᠴᠠ ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠳ᠋ ᠤᠨ ᠵᠠᠰᠠᠭ᠂ ᠰᠤᠷᠭᠠᠨ | ᠬᠥᠮᠦᠵᠢᠯ ᠵᠡᠷᠭᠡ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠪᠠᠶᠢᠭᠠᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ | ᠡᠷᠭᠢᠯᠡᠬᠦ ᠨᠥᠬᠦᠴᠡᠯ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠰᠢᠯᠲᠠᠭᠠᠨ ᠢ ᠵᠠᠳᠠᠯᠵᠤ᠂ | ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠭᠤᠷᠠᠶ ᠭᠤᠭᠴᠤᠭ᠎ᠠ ᠶᠢ ᠬᠠᠯᠠᠨ | ᠰᠠᠶᠢᠵᠢᠷᠠᠭᠤᠯᠬᠤ ᠡᠷᠴᠢᠮ ᠢᠶᠠᠨ ᠴᠢᠩᠭᠠᠳᠬᠠᠵᠤ᠂ ᠰᠤᠷᠭᠠᠭᠤᠯᠢ ᠡᠷᠭᠢᠯᠡᠬᠦ ᠨᠥᠬᠦᠴᠡᠯ ᠬᠦᠷᠦᠯᠴᠡᠬᠦ ᠥᠬᠡᠶ ᠠᠰᠠᠭᠤᠳᠠᠯ ᠢ ᠠᠯᠬᠤᠮ ᠠᠯᠬᠤᠮ ᠢᠶᠠᠷ | ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠰᠤᠷᠭᠠᠨ | ᠬᠥᠮᠦᠵᠢᠯ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠣᠯᠠᠨ ᠨᠡᠶᠢᠲᠡ ᠶᠢᠨ ᠦᠢᠯᠡᠴᠢᠯᠡᠭᠡ ᠶᠢ ᠪᠠᠲᠤᠯᠠᠨ ᠰᠠᠶᠢᠵᠢᠷᠠᠭᠤᠯᠬᠤ ᠲᠥᠯᠥᠪᠵᠢᠭᠦᠯᠭᠡ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠬᠠᠯᠠᠨ ᠰᠠᠶᠢᠵᠢᠷᠠᠭᠤᠯᠬᠤ ᠪᠠ ᠴᠢᠳᠠᠪᠤᠷᠢ ᠶᠢ | ᠳᠡᠭᠡᠭᠰᠢᠯᠡᠭᠦᠯᠬᠦ ᠠᠵᠢᠯ ᠤᠨ ᠲᠥᠷᠥᠯ ᠵᠦᠢᠯ ᠤᠨ ᠲᠥᠯᠥᠪᠵᠢᠭᠦᠯᠭᠡ ︵2021 — 2025 ᠣᠨ︶︾ ᠶᠢ ᠳᠠᠷᠤᠮᠠᠯᠯᠠᠨ ᠲᠠᠷᠬᠠᠭᠠᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠪᠠᠲᠤᠯᠠᠬᠤ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠲᠠᠯ᠎ᠠ ᠪᠠᠷ ᠭᠤᠤᠯᠳᠠᠯᠭ᠎ᠠ ᠲᠠᠢ ᠲᠣᠬᠢᠷᠠᠭᠤᠯᠤᠯᠲᠠ ᠬᠢᠪᠠ᠃ 2021 | — 2025 ᠣᠨ ᠳᠤ᠂ ︽ᠴᠢᠳᠠᠪᠤᠷᠢ ᠶᠢ ᠳᠡᠭᠡᠭᠰᠢᠯᠡᠭᠦᠯᠬᠦ︾ ᠲᠥᠷᠥᠯ ᠵᠦᠢᠯ ᠢ ᠪᠥᠬᠦ ᠣᠷᠣᠨ ᠤ 12 ᠠᠶᠢᠮᠠᠭ ᠬᠤᠲᠠ ᠪᠠ 2 ᠠᠰ ᠲᠤ ᠨᠢ ᠲᠥᠯᠥᠪᠯᠡᠬᠦ | ᠬᠤᠲᠠ᠂ 113 ᠰᠢᠶᠠᠨ ᠤ ᠱᠠᠲᠤᠨ ᠤ ᠨᠢᠭᠡᠴᠢ ︵ᠠᠶᠢᠮᠠᠭ ᠬᠤᠲᠠ ᠶᠢᠨ ᠲᠣᠰ ᠱᠠᠲᠤ᠂ ᠨᠡᠭᠡᠭᠡᠯᠲᠡ ᠶᠢᠨ ᠲᠣᠭᠤᠷᠢᠭ ᠪᠠᠭᠲᠠᠨ᠎ᠠ︶᠂ 1548 | ᠰᠤᠷᠭᠠᠭᠤᠯᠢ ᠳᠤ ᠬᠠᠮᠤᠷᠤᠭᠤᠯᠤᠨ᠎ᠠ᠃ 59.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠵᠢᠭᠦᠯᠵᠦ᠂ ᠰᠤᠷᠭᠠᠭᠤᠯᠢ ᠶᠢᠨ ᠪᠠᠶᠢᠷᠢ ᠶᠢᠨ | ᠭᠡᠷ ᠤᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ 116.37 ᠲᠦᠮᠡᠨ ᠺᠤᠸᠠᠲ ᠮᠧᠳ᠋ᠷ᠂ ᠲᠠᠮᠢᠷ ᠤᠨ ᠲᠠᠯᠠᠪᠠᠶ 282.22 ᠲᠦᠮᠡᠨ ᠺᠤᠸᠠᠲ ᠮᠧᠳ᠋ᠷ᠂ | ᠬᠥᠳᠡᠯᠮᠦᠷᠢ ᠶᠢᠨ ᠬᠥᠮᠦᠵᠢᠯ ᠤᠨ ᠲᠠᠯᠠᠪᠠᠶ ︵ᠠᠵᠢᠯᠯᠠᠭᠠᠨ ᠤ ᠦᠢᠯᠡᠳᠦᠯᠭᠡ ᠶᠢᠨ ᠰᠠᠭᠤᠷᠢᠨ ᠭᠠᠵᠠᠷ︶ 2.37 ᠲᠦᠮᠡᠨ ᠺᠤᠸᠠᠲ ᠮᠧᠳ᠋ᠷ ᠬᠦᠷᠭᠡᠵᠦ᠂ ᠨᠣᠮ | ᠪᠢᠴᠢᠭ ᠵᠢᠴᠢ ᠵᠢᠭᠠᠨ ᠰᠤᠷᠭᠠᠯᠲᠠ ᠶᠢᠨ ᠬᠡᠮᠵᠢᠭᠦᠷᠯᠢᠭ ᠪᠡᠯᠡᠳᠬᠡᠮᠵᠢ 10 ᠳ᠋ᠦᠩᠰᠢᠭᠤᠷ ᠲᠥᠭᠦᠷᠢᠭ᠂ ᠠᠮᠢᠳᠤᠷᠠᠯ ᠤᠨ ᠪᠡᠯᠡᠳᠬᠡᠮᠵᠢ 7881 ᠲᠦᠮᠡᠨ | ᠲᠥᠭᠦᠷᠢᠭ᠂ ᠬᠢᠴᠢᠶᠡᠯ ᠤᠨ ᠰᠢᠷᠡᠭᠡ ᠰᠠᠨᠳᠠᠯᠢ 4874 ᠲᠦᠮᠡᠨ ᠲᠥᠭᠦᠷᠢᠭ᠂ ᠪᠤᠰᠤᠳ ᠪᠡᠯᠡᠳᠬᠡᠮᠵᠢ 1.5 ᠳ᠋ᠦᠩᠰᠢᠭᠤᠷ ᠲᠥᠭᠦᠷᠢᠭ ᠬᠤᠳᠠᠯᠳᠤᠨ | ᠠᠪᠬᠤ ᠪᠠᠷ ᠲᠥᠯᠥᠪᠵᠢᠭᠦᠯᠪᠡ᠃ 2021 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 6.9 ᠳ᠋ᠦᠩᠰᠢᠭᠤᠷ ᠲᠥᠭᠦᠷᠢᠭ ᠤᠨ ᠪᠠᠯᠠ | ᠮᠥᠩᠭᠦ ᠴᠤᠭᠯᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠳᠡᠭᠡ ᠲᠣᠰᠬᠤᠨ ︵ᠭᠠᠴᠠᠭ᠎ᠠ︶ ᠤ ᠪᠠᠭ᠎ᠠ ᠬᠡᠪᠴᠢᠶᠡᠨ ᠤ ᠰᠤᠷᠭᠠᠭᠤᠯᠢ ᠪᠣᠯᠤᠨ | ᠰᠤᠮᠤ ᠰᠢᠶᠠᠩ ᠪᠠᠯᠭᠠᠰᠤ ᠶᠢᠨ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠪᠡ᠃ 1.3 ᠳ᠋ᠦᠩᠰᠢᠭᠤᠷ | ᠲᠥᠭᠦᠷᠢᠭ ᠤᠨ ᠪᠠᠯᠠ ᠮᠥᠩᠭᠦ ᠣᠷᠣᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠳᠡᠮᠵᠢᠵᠦ᠂ ᠪᠠᠭᠰᠢ ᠶᠢᠨ ᠲᠤᠰᠬᠠᠶ ᠪᠣᠯᠪᠠᠰᠤᠷᠠᠯ ᠢ ᠥᠷᠨᠢᠭᠦᠯᠪᠡ᠃ | ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠠᠬᠢᠭᠤᠯᠬᠤ | ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠭᠰᠠᠨ ᠪᠥᠭᠡᠳ ᠳᠠᠷᠤᠮᠠᠯᠯᠠᠨ ᠲᠠᠷᠬᠠᠭᠠᠵᠤ᠂ ᠤᠤᠯ ᠤᠨ ᠤᠯᠤᠰ ᠤᠨ ᠲᠠᠰ ᠤᠨ 31 ᠶᠠᠳᠠᠭᠤ | ᠬᠦᠴᠢᠷᠳᠡᠯᠲᠡᠶ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠵᠢᠴᠢ ᠠᠮᠢᠳᠤᠷᠠᠯ ᠳᠤ ᠬᠡᠷᠡᠭᠯᠡᠬᠦ ᠬᠡᠷ | ᠪᠠᠶᠢᠰᠢᠩ᠂ ᠪᠡᠶ᠎ᠡ ᠶᠢᠨ ᠲᠠᠮᠢᠷ ᠭᠤᠸ᠎ᠠ ᠰᠠᠶᠢᠬᠠᠨ ᠪᠠ ᠬᠥᠳᠡᠯᠮᠦᠷᠢ ᠶᠢᠨ ᠬᠥᠮᠥᠵᠢᠯ ᠤᠨ ᠲᠠᠯᠠᠪᠤᠷ ᠭᠠᠵᠠᠷ᠂ ᠬᠢᠯᠢ ᠬᠢᠵᠠᠭᠠᠷ ᠤᠨ ᠬᠦᠴᠢᠷ ᠪᠡᠷᠬᠡᠰᠢᠶᠡᠯᠲᠡᠶ ᠭᠠᠵᠠᠷ | ᠣᠷᠣᠨ ᠤ ᠬᠥᠳᠡᠭᠡ ᠲᠣᠰᠬᠤᠨ ᠤ ᠪᠠᠭᠰᠢ ᠶᠢᠨ ᠡᠷᠭᠢᠯᠲᠡ ᠶᠢᠨ ᠪᠠᠶᠢᠷᠢ ᠵᠡᠷᠭᠡ ᠲᠥᠷᠥᠯ ᠵᠦᠢᠯ ᠳᠤ ᠭᠤᠤᠯᠳᠠᠯᠭ᠎ᠠ ᠲᠠᠢ ᠪᠠᠷ ᠪᠥᠲᠥᠭᠡᠨ ᠪᠠᠶᠢᠭᠤᠯᠤᠯᠲᠠ ᠬᠢᠪᠠ᠃ | ᠵᠢᠯ ᠤᠨ ᠡᠴᠦᠰ ᠪᠣᠯᠬᠤ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ 14098 ᠲᠦᠮᠡᠨ | ᠲᠥᠭᠦᠷᠢᠭ ᠨᠠᠶᠢᠳᠠᠪᠤᠷᠢᠵᠢᠭᠤᠯᠵᠤ᠂ ᠤᠤᠯ ᠤᠨ ᠤᠯᠤᠰ ᠤᠨ ᠲᠠᠰ ᠤᠨ 14 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠪᠠ ᠤᠤᠯ ᠤᠨ ᠥᠪᠡᠷᠲᠡᠭᠡᠨ ᠵᠠᠰᠠᠬᠤ | ᠣᠷᠣᠨ ᠤ ᠲᠠᠰ ᠤᠨ 1 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ 20 ᠳᠤᠮᠳᠠᠳᠤ ᠪᠠᠭ᠎ᠠ ᠰᠤᠷᠭᠠᠭᠤᠯᠢ ᠶᠢᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠳᠡᠮᠵᠢᠬᠦ ᠪᠠᠷ ᠪᠤᠢ᠃ | ᠰᠢᠨ᠎ᠡ ᠪᠠᠷᠭᠤ ᠵᠡᠭᠦᠨ ᠬᠤᠰᠢᠭᠤᠨ ᠤ ᠴᠠᠭᠠᠨ ᠪᠠᠯᠭᠠᠰᠤᠨ ᠤ ᠬᠤᠶᠠᠷ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠶᠢᠳᠬᠡᠬᠦ ᠪᠠᠷ | ᠳᠠᠮᠵᠢᠭᠤᠯᠤᠨ᠂ ᠰᠣᠷᠣᠭᠴᠢ ᠨᠢᠭᠡᠪᠦᠷᠢ ᠶᠢᠨ ᠳᠤᠮᠳᠠᠴᠢ ᠵᠢᠭᠠᠨ ᠰᠤᠷᠭᠠᠯᠲᠠ ᠶᠢᠨ ᠪᠠᠭᠠᠵᠢ ᠬᠡᠮᠵᠢᠭᠦᠷᠯᠢᠭ ᠤᠨ ᠬᠡᠮᠵᠢᠭᠳᠡᠯ ᠨᠢ ᠨᠢᠭᠡᠨᠲᠡ ᠤᠯᠤᠰ ᠠᠴᠠ | ᠲᠣᠭᠲᠠᠭᠠᠭᠰᠠᠨ ᠪᠠᠷᠢᠮᠵᠢᠶ᠎ᠠ ᠳᠤ ᠬᠦᠷᠭᠡᠪᠡ᠃ ᠰᠤᠷᠭᠠᠭᠤᠯᠢ ᠶᠢᠨ ᠬᠤᠭᠤᠷᠣᠨᠳᠣ ᠲᠣᠬᠢᠷᠠᠭᠤᠯᠤᠯᠲᠠ ᠬᠢᠬᠦ᠂ ᠬᠤᠪᠢᠶᠠᠷᠢᠯᠠᠨ ᠲᠣᠬᠢᠷᠠᠭᠤᠯᠵᠤ ᠠᠵᠢᠯ ᠤᠨ ᠪᠠᠶᠢᠷᠢ | ᠰᠢᠯᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠭᠤᠯᠢ ᠶᠢᠨ ᠳᠣᠲᠣᠷᠠᠬᠢ ᠣᠷᠣᠨ ᠲᠤᠭ᠎ᠠ ᠪᠠ ᠣᠷᠣᠨ ᠲᠤᠭ᠎ᠠ ᠠᠴᠠ ᠬᠡᠲᠦᠷᠡᠭᠰᠡᠨ | ᠠᠰᠠᠭᠤᠳᠠᠯ ᠢ ᠰᠢᠢᠳᠪᠦᠷᠢᠯᠡᠵᠦ᠂ ᠪᠠᠭᠰᠢ ᠰᠣᠷᠣᠭᠴᠢ ᠶᠢᠨ ᠬᠠᠷᠢᠴᠠᠯ ᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠶᠢᠯᠭᠠᠬᠤ ᠶᠢ ᠪᠡᠶᠡᠯᠡᠭᠦᠯᠪᠡ᠃ | ᠰᠤᠷᠭᠠᠨ ᠬᠥᠮᠦᠵᠢᠯ ᠢ ᠳᠡᠮᠵᠢᠵᠦ ᠬᠠᠪᠰᠤᠷᠤᠨ ᠲᠡᠳᠬᠦᠬᠦ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠵᠢᠭᠠᠨ ᠰᠤᠷᠭᠠᠯᠲᠠ ᠶᠢᠨ | ᠨᠢᠷᠤᠭᠤᠪᠴᠢ ᠬᠦᠴᠦᠨ ᠢ ᠰᠣᠩᠭᠤᠨ ᠲᠣᠮᠢᠯᠠᠵᠤ ᠦᠨᠳᠦᠰᠦᠨ ᠱᠠᠲᠤᠨ ᠤ ᠰᠤᠷᠭᠠᠭᠤᠯᠢ ᠳᠤ ᠤᠷᠢᠭᠤᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠠᠵᠢᠯ ᠢ ᠥᠷᠨᠢᠭᠦᠯᠵᠦ᠂ ᠪᠠᠭᠤᠷᠠᠶ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠰᠣᠷᠣᠭᠴᠢ ᠶᠢᠨ ᠭᠠᠳᠠᠭᠰᠢ | ᠨᠡᠭᠦᠳᠡᠯᠯᠡᠬᠦ ᠶᠢ ᠬᠢᠵᠠᠭᠠᠷᠯᠠᠵᠤ᠂ ᠦᠨᠳᠦᠰᠦᠨ ᠱᠠᠲᠤᠨ ᠤ ᠰᠤᠷᠭᠠᠭᠤᠯᠢ ᠶᠢᠨ ︽ᠰᠣᠷᠣᠭᠴᠢ ᠶᠢᠨ ᠢᠷᠡᠯᠲᠡ ᠬᠦᠷᠦᠯᠴᠡᠬᠦ ᠥᠬᠡᠶ︾ ᠪᠠᠶᠢᠬᠤ ᠠᠰᠠᠭᠤᠳᠠᠯ ᠢ | ᠰᠢᠢᠳᠪᠦᠷᠢᠯᠡᠵᠦ᠂ 11 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠨᠢᠭᠡᠨᠲᠡ ᠴᠡᠭᠴᠡᠯᠡᠨ ᠵᠠᠰᠠᠵᠤ ᠳᠠᠭᠤᠰᠬᠠᠪᠠ᠃ ᠠᠤᠬᠠᠨ ᠬᠤᠰᠢᠭᠤᠨ ᠤ ᠣᠷᠣᠨ | ᠲᠤᠭ᠎ᠠ ᠢᠯᠡᠭᠦᠳᠡᠬᠦ ᠠᠰᠠᠭᠤᠳᠠᠯ ᠣᠷᠣᠰᠢᠵᠤ ᠪᠠᠶᠢᠭ᠎ᠠ 3 ᠰᠤᠷᠭᠠᠭᠤᠯᠢ ᠠᠴᠠ 2 ᠢ ᠨᠢ ᠰᠢᠢᠳᠪᠦᠷᠢᠯᠡᠵᠦ᠂ 2 ᠰᠤᠷᠭᠠᠭᠤᠯᠢ ᠶᠢᠨ ᠴᠢᠳᠠᠮᠵᠢ ᠶᠢᠨ ᠲᠠᠰᠤᠭ | ᠬᠦᠷᠦᠯᠴᠡᠬᠦ ᠥᠬᠡᠶ ᠪᠠᠶᠢᠬᠤ ᠪᠠ 2 ᠰᠤᠷᠭᠠᠭᠤᠯᠢ ᠶᠢᠨ ᠰᠣᠷᠣᠭᠴᠢ ᠨᠢᠭᠡᠪᠦᠷᠢ ᠳᠤ ᠲᠡᠭᠰᠢᠳᠬᠡᠭᠰᠡᠨ ᠵᠢᠭᠠᠨ ᠰᠤᠷᠭᠠᠯᠲᠠ ᠶᠢᠨ ᠬᠠᠪᠰᠤᠷᠤᠮᠵᠢ ᠬᠡᠷ ᠪᠠᠶᠢᠰᠢᠩ ᠨᠢ | ᠪᠠᠷᠢᠮᠵᠢᠶ᠎ᠠ ᠳᠤ ᠬᠥᠷᠬᠦ ᠥᠬᠡᠶ ᠵᠡᠷᠭᠡ ᠠᠰᠠᠭᠤᠳᠠᠯ ᠢ ᠨᠢᠭᠡᠨᠲᠡ ᠬᠤᠰᠢᠭᠤᠨ ᠤ ᠵᠠᠰᠠᠭ ᠤᠨ ᠣᠷᠳᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠳᠤ ᠣᠷᠣᠭᠤᠯᠵᠤ᠂ 2022 ᠣᠨ ᠠᠴᠠ 2025 ᠣᠨ ᠪᠣᠯᠲᠠᠯ᠎ᠠ ᠵᠢᠯ ᠳᠠᠷᠠᠭᠠᠯᠠᠨ ᠰᠢᠢᠳᠪᠦᠷᠢᠯᠡᠬᠦ ᠪᠠᠷ ᠪᠤᠢ᠃ ᠳ᠋ᠧᠩᠺᠸᠤ ᠰᠢᠶᠠᠨ ᠤ | ᠰᠤᠷᠭᠠᠨ ᠬᠥᠮᠦᠵᠢᠯ ᠤᠨ ᠲᠣᠪᠴᠢᠶ᠎ᠠ ᠠᠴᠠ ᠪᠦᠬᠦ ᠰᠢᠶᠠᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠯᠡᠳᠬᠡᠮᠵᠢ ᠶᠢ ᠪᠦᠬᠦ ᠲᠠᠯ᠎ᠠ ᠪᠠᠷ | ᠪᠠᠶᠢᠴᠠᠭᠠᠵᠤ᠂ ᠡᠪᠳᠡᠷᠡᠭᠰᠡᠨ ᠪᠡᠯᠡᠳᠬᠡᠮᠵᠢ ᠶᠢ ᠰᠡᠯᠪᠢᠨ ᠵᠠᠰᠠᠬᠤ ᠪᠠ ᠰᠣᠯᠢᠵᠤ᠂ ᠠᠯᠬᠤᠮ ᠠᠯᠬᠤᠮ ᠢᠶᠠᠷ ᠴᠢᠨᠠᠷᠯᠢᠭ ᠪᠥᠭᠡᠳ ᠲᠡᠩᠴᠡᠭᠦᠷᠢᠲᠡᠢ ᠦᠨᠡᠯᠡᠯᠲᠡ ᠶᠢᠨ | ᠱᠠᠭᠠᠷᠳᠠᠯᠭ᠎ᠠ ᠶᠣᠰᠣᠭᠠᠷ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠯᠡᠳᠬᠡᠮᠵᠢ ᠶᠢ ᠭᠦᠢᠴᠡᠳ ᠲᠣᠬᠢᠷᠠᠭᠤᠯᠪᠠ᠃ ᠪᠣᠷᠣᠬᠠᠢ ᠲᠠᠷᠢᠶᠠᠯᠠᠩ ᠤᠨ | ᠲᠠᠯᠠᠪᠠᠶ ᠶᠢᠨ ᠰᠤᠷᠭᠠᠭᠤᠯᠢ ᠶᠢ ᠨᠡᠶᠢᠳᠬᠡᠬᠦ ᠠᠵᠢᠯ ᠢ ᠪᠡᠶᠡᠯᠡᠭᠦᠯᠵᠦ᠂ ᠡᠬᠢ ᠪᠠᠶᠠᠯᠢᠭ ᠢ ᠨᠡᠶᠢᠳᠬᠡᠭᠰᠡᠨ ᠤ ᠳᠠᠷᠠᠭ᠎ᠠ᠂ ᠰᠤᠷᠭᠠᠭᠤᠯᠢ ᠶᠢᠨ ᠬᠤᠭᠤᠷᠣᠨᠳᠣᠬᠢ | ᠵᠥᠷᠢᠶ᠎ᠡ ᠶᠢᠨ ᠢᠯᠡᠳᠬᠡᠮᠵᠢ ᠶᠢ ᠪᠠᠭᠠᠰᠬᠠᠵᠤ᠂ ᠨᠢᠷᠤᠭᠤᠪᠴᠢ ᠪᠠᠭᠰᠢ ᠶᠢᠨ ᠲᠠᠷᠬᠠᠯᠲᠠ ᠶᠢ ᠠᠯᠬᠤᠮ ᠠᠯᠬᠤᠮ ᠢᠶᠠᠷ ᠲᠡᠩᠴᠡᠭᠦᠷᠢᠲᠡᠶ ᠪᠣᠯᠭᠠᠪᠠ᠃ | 5. ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠭᠦᠢᠴᠡᠳᠬᠡᠯ ᠲᠤᠭ᠎ᠠ ᠶᠢ ᠬᠤᠪᠢᠶᠠᠷᠢᠯᠠᠭᠠᠳᠤᠶ ᠠᠰᠠᠭᠤᠳᠠᠯ ᠤᠨ ᠲᠤᠬᠠᠢ᠃ | ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢᠭᠡᠨᠲᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ | ᠭᠦᠢᠴᠡᠳᠬᠡᠯ ᠲᠤᠭ᠎ᠠ ᠶᠢᠨ ᠬᠤᠪᠢᠶᠠᠷᠢᠯᠠᠯᠲᠠ ᠶᠢ ᠴᠡᠭᠴᠡᠯᠡᠨ ᠥᠭᠡᠷᠡᠴᠢᠯᠡᠬᠦ ᠲᠥᠰᠦᠯ ᠢ ᠲᠣᠭᠲᠠᠭᠠᠵᠤ᠂ 2022 ᠣᠨ ᠳᠤ ᠪᠥᠬᠦ ᠬᠤᠲᠠ ᠳᠤ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠭᠦᠢᠴᠡᠳᠬᠡᠯ ᠲᠤᠭ᠎ᠠ ᠶᠢᠨ ᠬᠤᠪᠢᠶᠠᠷᠢᠯᠠᠯᠲᠠ ᠶᠢᠨ ᠰᠢᠨ᠎ᠡ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠬᠡᠷᠡᠭᠵᠢᠭᠦᠯᠬᠦ ᠪᠠᠷ ᠪᠤᠢ᠃ | 6. ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠵᠢᠷᠤᠮᠵᠢᠯ ᠥᠬᠡᠶ ᠠᠰᠠᠭᠤᠳᠠᠯ ᠤᠨ ᠲᠤᠬᠠᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 11 ᠳ᠋ᠦ᠋ᠭᠡᠷ ᠰᠠᠷ᠎ᠠ ᠶᠢᠨ 23 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠥᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠤᠰᠬᠠᠶ | ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠥᠬᠦᠶ ᠠᠵᠢᠯ ᠳᠤ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ︽ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠠᠷᠢᠮᠵᠢᠶ᠎ᠠ ᠳᠤ ᠬᠦᠷᠭᠡᠬᠦ ᠡᠭᠦᠷᠭᠡ ᠶᠢ ᠪᠡᠶᠡᠯᠡᠭᠦᠯᠦᠭᠰᠡᠨ | ᠪᠠᠶᠢᠳᠠᠯ ᠤᠨ ᠲᠤᠬᠠᠶ ᠵᠠᠷᠯᠠᠯ︾ ᠢ ᠳᠠᠷᠤᠮᠠᠯᠯᠠᠨ ᠲᠠᠷᠬᠠᠭᠠᠵᠤ᠂ ︽ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠳᠤ ᠣᠷᠣᠭᠤᠯᠵᠤ᠂ | ᠪᠥᠬᠦ ᠣᠷᠣᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠳᠤᠮᠳᠠᠳᠤ ᠪᠠᠭ᠎ᠠ ᠰᠤᠷᠭᠠᠭᠤᠯᠢ ᠶᠢᠨ ᠡᠷᠬᠢᠨ | ᠲᠣᠭᠤᠷᠢᠨ ᠤ ᠠᠮᠤᠷ ᠲᠦᠪᠰᠢᠨ ᠳᠤ ᠶᠡᠭᠡ ᠢᠯᠡᠷᠡᠭᠦᠯᠦᠯᠲᠡ᠂ ᠶᠡᠭᠡ ᠵᠢᠭᠰᠠᠭᠠᠨ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠬᠢᠪᠠ᠃ | ᠠᠤᠬᠠᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠳᠣᠲᠣᠭᠠᠳᠤ ᠶᠢ ᠬᠠᠮᠠᠭᠠᠯᠠᠬᠤ᠂ | ᠡᠳ᠋ ᠤᠨ ᠵᠠᠰᠠᠭ᠂ ᠪᠠᠴᠢᠮ ᠪᠠᠶᠢᠳᠠᠯ ᠢ ᠠᠷᠭᠠᠴᠠᠭᠠᠬᠤ᠂ ᠭᠠᠯ ᠤᠨᠲᠠᠷᠠᠭᠠᠬᠤ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ | ᠪᠠᠶᠢᠭᠠᠳ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ ᠰᠤᠷᠭᠠᠭᠤᠯᠢ ᠶᠢ ᠰᠢᠮᠳᠠᠭᠤᠯᠵᠤ ᠪᠠᠶᠢᠭᠠᠳ ᠠᠮᠤᠷ ᠢ ᠬᠠᠮᠠᠭᠠᠯᠠᠬᠤ ᠠᠵᠢᠯ ᠢ ᠪᠦᠷᠢᠨ ᠭᠦᠢᠴᠡᠳ | ᠪᠥᠭᠡᠳ ᠴᠢᠩᠭ᠎ᠠ ᠲᠣᠬᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠪᠡᠯᠡᠳᠬᠡᠮᠵᠢ ᠶᠢ ᠭᠦᠢᠴᠡᠳ ᠳᠣᠭᠢᠷᠠᠭᠤᠯᠤᠨ᠂ ᠰᠤᠷᠭᠠᠭᠤᠯᠢ ᠶᠢᠨ | ᠡᠭᠦᠳᠡᠨ ᠳᠠᠬᠢ ᠵᠠᠮ ᠬᠠᠷᠢᠯᠴᠠᠭᠠᠨ ᠤ ᠰᠡᠷᠡᠮᠵᠢ ᠶᠢᠨ ᠲᠡᠮᠳᠡᠭ᠂ ᠬᠤᠷᠳᠤᠴᠠ ᠪᠠᠭᠤᠷᠠᠭᠤᠯᠬᠤ ᠪᠦᠰᠡ᠂ ᠮᠥᠷᠭᠦᠯᠳᠦᠬᠦ ᠶᠢ ᠰᠡᠷᠭᠡᠶᠢᠯᠡᠬᠦ ᠪᠡᠯᠡᠳᠬᠡᠮᠵᠢ᠂ | ᠬᠠᠲᠠᠭᠤᠯᠢᠭ ᠲᠤᠰᠠᠭᠠᠷᠯᠠᠬᠤ ᠪᠡᠯᠡᠳᠬᠡᠮᠵᠢ ᠵᠡᠷᠭᠡ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠡᠯᠡᠳᠬᠡᠮᠵᠢ ᠶᠢ ᠵᠣᠬᠢᠰᠲᠠᠶ ᠳᠣᠭᠢᠷᠠᠭᠤᠯᠪᠠ᠃ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ | ᠵᠣᠷᠢᠭ ᠰᠠᠨᠠᠭ᠎ᠠ ᠶᠣᠰᠣᠭᠠᠷ᠂ ᠡᠯ᠎ᠡ ᠭᠠᠵᠠᠷ ᠣᠷᠣᠨ᠂ ᠡᠯ᠎ᠡ ᠰᠤᠷᠭᠠᠭᠤᠯᠢ ᠶᠢ ᠰᠢᠮᠳᠠᠭᠤᠯᠵᠤ ᠪᠠᠶᠢᠭᠠᠳ ᠰᠤᠷᠭᠠᠭᠤᠯᠢ ᠶᠢᠨ ᠬᠦᠷᠢᠶᠡᠨ ᠤ ︽ᠭᠤᠷᠪᠠ ᠶᠢ | ᠰᠡᠷᠭᠡᠶᠢᠯᠡᠬᠦ︾ ᠣᠷᠣᠭᠤᠯᠤᠯᠲᠠ ᠶᠢ ᠨᠡᠮᠡᠭᠳᠡᠭᠦᠯᠵᠦ᠂ ︽ᠬᠤᠲᠠ᠂ ᠬᠤᠲᠠ ᠪᠠᠯᠭᠠᠰᠤ ᠶᠢᠨ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ | ᠲᠤᠰᠬᠠᠶ ᠲᠤᠰᠢᠶᠠᠯᠲᠤ ᠠᠮᠤᠷ ᠢ ᠬᠠᠮᠠᠭᠠᠯᠠᠭᠴᠢ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠪᠠᠷ ᠪᠡᠶᠡᠯᠡᠭᠦᠯᠦᠨ᠎ᠡ︔ ᠳᠤᠮᠳᠠᠳᠤ ᠪᠠᠭ᠎ᠠ ᠰᠤᠷᠭᠠᠭᠤᠯᠢ ᠪᠠ | ᠬᠡᠤᠬᠡᠳ ᠤᠨ ᠴᠡᠴᠡᠷᠯᠢᠭ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠨᠣᠷᠮ᠎ᠠ ᠶᠢ 100% ᠪᠠᠷ ᠪᠡᠶᠡᠯᠡᠭᠦᠯᠦᠨ᠎ᠡ︔ ᠳᠤᠮᠳᠠᠳᠤ ᠪᠠᠭ᠎ᠠ ᠰᠤᠷᠭᠠᠭᠤᠯᠢ ᠪᠠ | ᠬᠡᠤᠬᠡᠳ ᠤᠨ ᠴᠡᠴᠡᠷᠯᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢᠨ ᠨᠤᠷᠮ᠎ᠠ ᠶᠢ | 100% ᠪᠠᠷ ᠪᠡᠶᠡᠯᠡᠭᠦᠯᠦᠨ᠎ᠡ︔ ᠬᠤᠲᠠ᠂ ᠬᠤᠲᠠ ᠪᠠᠯᠭᠠᠰᠤᠨ ᠤ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠭᠠᠭᠴᠠ ᠳᠠᠷᠤᠪᠴᠢᠲᠤ | ᠲᠦᠭᠰᠢᠭᠦᠷᠢ ᠮᠡᠳᠡᠭᠡᠯᠡᠬᠦ ᠮᠠᠰᠢᠨ᠂ ᠸᠢᠳᠢᠤ᠋ ᠬᠢᠨᠠᠨ ᠡᠵᠡᠮᠳᠡᠭᠦᠷ ᠤᠭᠰᠠᠷᠠᠬᠤ ᠨᠣᠷᠮ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠯᠤᠭ᠎ᠠ ᠰᠦᠯᠵᠢᠶ᠎ᠡ | ᠬᠤᠯᠪᠣᠬᠤ ᠨᠣᠷᠮ᠎ᠠ ᠶᠢ 100% ᠳᠤ ᠬᠦᠷᠭᠡᠨ᠎ᠡ︾ ᠭᠡᠬᠦ ᠠᠵᠢᠯ ᠤᠨ ᠬᠠᠷᠠᠯᠲᠠ ᠶᠢ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠣᠭᠲᠠᠭᠤᠨ | ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃ | ᠠᠤᠬᠠᠨ ᠬᠤᠰᠢᠭᠤᠨ ᠤ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠠᠮᠤᠷ ᠢ | ᠬᠠᠮᠠᠭᠠᠯᠠᠭᠴᠢ ᠡᠯᠰᠡᠵᠦ᠂ ᠠᠮᠤᠷ ᠢ ᠬᠠᠮᠠᠭᠠᠯᠠᠬᠤ ᠲᠤᠰᠬᠠᠶ ᠵᠠᠷᠤᠳᠠᠯ ᠢ ᠬᠤᠰᠢᠭᠤᠨ ᠤ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠪᠠ᠃ | ᠭᠤᠷᠪᠠᠨ ᠭᠤᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠪᠳᠡᠷᠡᠭᠰᠡᠨ ᠸᠢᠳᠢᠤ᠋ ᠬᠢᠨᠠᠨ ᠡᠵᠡᠮᠳᠡᠬᠦ ᠪᠡᠯᠡᠳᠬᠡᠮᠵᠢ ᠶᠢ ᠰᠣᠯᠢᠵᠤ᠂ ᠰᠦᠯᠵᠢᠶᠡᠨ ᠤ | ᠺᠣᠮᠫᠠᠨᠢ ᠲᠠᠢ ᠣᠶᠢᠯᠠᠭᠠᠯᠴᠠᠵᠤ ᠪᠠᠶᠢᠭᠠᠳ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠬᠡᠪ ᠤᠨ ᠪᠠᠶᠢᠳᠠᠯ ᠢ ᠪᠠᠲᠤᠯᠠᠵᠤ᠂ ᠭᠠᠭᠴᠠ ᠳᠠᠷᠤᠪᠴᠢᠲᠤ | ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ ᠰᠤᠷᠭᠠᠭᠤᠯᠢ ᠶᠢᠨ ᠰᠦᠯᠵᠢᠶ᠎ᠡ ᠬᠢᠭᠡᠳ ᠬᠢᠨᠠᠨ ᠡᠵᠡᠮᠳᠡᠬᠦ | ᠪᠡᠯᠡᠳᠬᠡᠮᠵᠢ ᠶᠢᠨ ᠡᠳᠦᠷ ᠲᠤᠲᠤᠮ ᠤᠨ ᠬᠠᠮᠠᠭᠠᠯᠠᠯᠲᠠ ᠶᠢ ᠴᠢᠩᠭᠠᠳᠬᠠᠵᠤ᠂ ᠬᠢᠨᠠᠨ ᠡᠵᠡᠮᠳᠡᠬᠦ ᠵᠢᠷᠤᠭ ᠢ ᠰᠦᠯᠵᠢᠶᠡᠨ ᠳᠡᠭᠡᠷ᠎ᠡ ᠴᠠᠭ ᠲᠤᠬᠠᠶ ᠳᠤ ᠨᠢ | ᠢᠯᠡᠷᠡᠭᠦᠯᠬᠦ ᠪᠠ ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠶᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠦᠯᠵᠢᠶ᠎ᠡ ᠲᠠᠢ | ᠬᠤᠯᠪᠣᠨ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ ᠰᠦᠯᠵᠢᠶᠡᠨ ᠤ ᠠᠰᠠᠭᠤᠳᠠᠯ ᠠᠴᠠ ᠪᠣᠯᠵᠣ ᠲᠦᠭᠰᠢᠭᠦᠷᠢ ᠮᠡᠳᠡᠭᠦᠯᠬᠦ ᠶᠢᠨ ᠠᠷᠭ᠎ᠠ ᠥᠬᠡᠶ ᠪᠣᠯᠬᠤ ᠠᠴᠠ | ᠵᠠᠶᠢᠯᠠᠰᠬᠢᠬᠦ ᠶᠢᠨ ᠲᠤᠰᠠᠳᠠ᠂ 54 ᠳᠤᠮᠳᠠᠳᠤ ᠪᠠᠭ᠎ᠠ ᠰᠤᠷᠭᠠᠭᠤᠯᠢ ᠶᠢᠨ ᠴᠠᠭᠳᠠᠭᠠᠨ ᠤ ᠶᠠᠪᠤᠳᠠᠯ ᠤᠨ ᠲᠠᠰᠤᠭ ᠲᠤ ᠤᠲᠠᠰᠤ ᠥᠬᠡᠶ ᠨᠢᠭᠡ ᠳᠠᠷᠤᠪᠴᠢᠲᠤ | ᠲᠦᠭᠰᠢᠭᠦᠷᠢ ᠮᠡᠳᠡᠭᠡᠯᠡᠬᠦ ᠮᠠᠰᠢᠨ ᠢ ᠨᠡᠮᠡᠵᠦ ᠲᠣᠬᠢᠷᠠᠭᠤᠯᠪᠠ᠃ ᠪᠠᠶᠢᠰᠡ ᠶᠢᠨ ᠣᠷᠳᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠭᠦᠳᠡᠨ ᠳᠤ | ᠮᠥᠷᠭᠦᠯᠳᠦᠬᠦ ᠠᠴᠠ ᠰᠡᠷᠭᠡᠶᠢᠯᠡᠬᠦ ᠪᠠᠭᠠᠨ᠎ᠠ ᠲᠣᠬᠢᠷᠠᠭᠤᠯᠪᠠ᠃ 120 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠤᠰᠤᠳ 39 ᠰᠤᠷᠭᠠᠭᠤᠯᠢ ᠳᠤ | ᠮᠥᠷᠭᠦᠯᠳᠦᠬᠦ ᠠᠴᠠ ᠰᠡᠷᠭᠡᠶᠢᠯᠡᠬᠦ ᠠᠦ᠋ᠲ᠋ᠤ᠋ ᠪᠠᠭᠠᠨ᠎ᠠ ᠤᠭᠰᠠᠷᠠᠵᠤ᠂ ᠬᠠᠮᠠᠭᠠᠯᠠᠯᠲᠠ ᠶᠢᠨ ᠪᠡᠯᠡᠳᠬᠡᠮᠵᠢ ᠶᠢ ᠭᠦᠢᠴᠡᠳ ᠲᠣᠬᠢᠷᠠᠭᠤᠯᠬᠤ ᠪᠠᠷ ᠲᠥᠯᠥᠪᠯᠡᠵᠦ ᠪᠣᠶ᠃ | ᠳ᠋ᠧᠩᠺᠸᠤ ᠰᠢᠶᠠᠨ ᠤ ᠬᠢᠨ ᠬᠡᠰᠡᠭ ᠰᠤᠷᠭᠠᠭᠤᠯᠢ ᠶᠢᠨ ᠡᠭᠦᠳᠡᠨ ᠡᠮᠦᠨᠡᠬᠢ ᠵᠠᠮ ᠳᠡᠭᠡᠷ᠎ᠡ ᠪᠠᠨ ᠶᠠᠪᠠᠭᠠᠨ ᠬᠥᠮᠦᠨ ᠶᠠᠪᠤᠬᠤ ᠬᠥᠨᠳᠡᠯᠡᠨ ᠱᠤᠭᠤᠮ ᠪᠣᠯᠤᠨ | ᠬᠤᠷᠳᠤᠴᠠ ᠶᠢ ᠪᠠᠭᠤᠷᠠᠭᠤᠯᠬᠤ ᠢᠯᠡᠳᠬᠡᠮᠵᠢ ᠳᠡᠮᠳᠡᠭ ᠵᠢᠷᠤᠭᠰᠠᠨ ᠦᠬᠡᠢ ᠠᠰᠠᠭᠤᠳᠠᠯ ᠳᠤ ᠴᠢᠭᠯᠡᠭᠦᠯᠦᠨ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ | ᠰᠠᠶᠢᠵᠢᠷᠠᠭᠤᠯᠬᠤ ᠲᠥᠯᠥᠪᠯᠡᠭᠡ ᠲᠣᠭᠲᠠᠭᠠᠵᠤ᠂ 2022 ᠣᠨ ᠤ 5 ᠳ᠋ᠤᠭᠠᠷ ᠰᠠᠷ᠎ᠠ ᠠᠴᠠ ᠡᠮᠦᠨ᠎ᠡ ᠰᠤᠷᠭᠠᠭᠤᠯᠢ ᠶᠢᠨ ᠶᠠᠪᠠᠭᠠᠨ ᠬᠥᠮᠦᠨ ᠶᠠᠪᠤᠬᠤ ᠬᠥᠨᠳᠡᠯᠡᠨ | ᠵᠢᠷᠤᠭᠠᠰᠤ᠂ ᠰᠤᠷᠭᠠᠭᠤᠯᠢ ᠶᠢᠨ ᠡᠭᠦᠳᠡᠨ ᠳᠠᠬᠢ ᠬᠤᠷᠳᠤᠴᠠ ᠶᠢ ᠪᠠᠭᠤᠷᠠᠭᠤᠯᠬᠤ ᠪᠦᠰᠡ᠂ ᠮᠥᠷᠭᠦᠯᠳᠦᠬᠦ ᠶᠢ ᠰᠡᠷᠭᠡᠶᠢᠯᠡᠬᠦ ᠲᠣᠨᠣᠭᠯᠠᠯ᠂ ᠬᠠᠲᠠᠭᠤᠯᠢᠭ | ᠲᠤᠰᠠᠭᠠᠷᠯᠠᠬᠤ ᠪᠡᠯᠡᠳᠬᠡᠮᠵᠢ ᠵᠡᠷᠭᠡ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢᠨ ᠡᠭᠦᠷᠭᠡ ᠶᠢ ᠪᠦᠬᠦᠨ ᠢ | ᠪᠡᠶᠡᠯᠡᠭᠦᠯᠪᠡ︔ ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠶᠢ ᠳᠠᠷᠤᠭᠰᠠᠨ ᠤ ᠳᠠᠷᠠᠭ᠎ᠠ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠤᠨ ᠬᠢᠨ ᠤ ᠬᠠᠷᠢᠭᠤ ᠥᠭᠬᠦ ᠥᠬᠡᠶ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠨ ᠠᠰᠠᠭᠤᠬᠤ ᠲᠠᠪᠴᠠᠩ ᠤᠨ ᠰᠦᠯᠵᠢᠶ᠎ᠡ ᠶᠢ ᠪᠠᠶᠢᠭᠤᠯᠤᠭᠰᠠᠨ ᠤ | ᠬᠠᠮᠲᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠶᠡᠷᠦᠩᠬᠡᠶᠢᠯᠡᠨ ᠡᠵᠡᠮᠳᠡᠬᠦ ᠲᠠᠰᠤᠭ ᠲᠤ ᠰᠤᠷᠭᠠᠭᠤᠯᠢ ᠶᠢᠨ ᠤᠲᠠᠰᠤᠨ ᠨᠣᠮᠧᠷ ᠢᠯᠡᠷᠡᠬᠦ | ᠪᠡᠯᠡᠳᠬᠡᠮᠵᠢ ᠤᠭᠰᠠᠷᠠᠵᠤ᠂ ᠲᠠᠪᠴᠠᠩ ᠤᠨ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠣᠳᠣᠬᠠᠨ ᠳᠤ᠂ ᠰᠤᠷᠭᠠᠭᠤᠯᠢ ᠶᠢᠨ ᠬᠦᠷᠢᠶᠡᠨ ᠤ ᠸᠢᠳᠢᠤ᠋ | ᠬᠢᠨᠠᠨ ᠡᠵᠡᠮᠳᠡᠭᠦᠷ ᠢ ᠦᠨᠳᠦᠰᠦᠨ ᠳᠤ ᠪᠠᠨ ᠤᠭᠰᠠᠷᠠᠵᠤ ᠳᠠᠭᠤᠰᠬᠠᠭᠠᠳ᠂ ᠣᠲᠣ ᠨᠢᠭᠡᠨᠲᠡ ᠰᠤᠷᠭᠠᠨ ᠬᠥᠮᠦᠵᠢᠯ ᠤᠨ ᠲᠣᠪᠴᠢᠶ᠎ᠠ ᠶᠢᠨ ᠶᠡᠷᠦᠩᠬᠡᠶᠢᠯᠡᠨ | ᠡᠵᠡᠮᠳᠡᠬᠦ ᠪᠠ ᠪᠠᠶᠢᠴᠠᠭᠠᠨ ᠠᠰᠠᠭᠤᠬᠤ ᠲᠠᠪᠴᠠᠩ ᠢ ᠳᠣᠲᠣᠭᠠᠳᠤ ᠶᠢ ᠬᠠᠮᠠᠭᠠᠯᠠᠬᠤ ᠰᠦᠯᠵᠢᠶ᠎ᠡ ᠲᠠᠢ ᠬᠤᠯᠪᠣᠨ ᠨᠡᠪᠲᠡᠷᠡᠭᠦᠯᠬᠦ ᠱᠠᠲᠤᠨ ᠳᠤ ᠣᠷᠣᠵᠤ᠂ | ᠪᠠᠶᠢᠴᠠᠭᠠᠨ ᠠᠰᠠᠭᠤᠬᠤ ᠲᠠᠪᠴᠠᠩ ᠢ ᠰᠦᠯᠵᠢᠶᠡᠨ ᠳᠤ ᠬᠤᠯᠪᠣᠨ ᠨᠡᠪᠲᠡᠷᠡᠭᠦᠯᠬᠦ᠂ ᠸᠢᠳᠢᠤ᠋ ᠬᠢᠨᠠᠨ ᠡᠵᠡᠮᠳᠡᠭᠦᠷ ᠢ ᠰᠦᠯᠵᠢᠶᠡᠨ ᠳᠤ ᠨᠡᠪᠲᠡᠷᠡᠭᠦᠯᠬᠦ ᠨᠣᠷᠮ᠎ᠠ ᠶᠢ | 100% ᠳᠤ ᠬᠦᠷᠭᠡᠬᠦ ᠬᠠᠷᠠᠯᠲᠠ ᠶᠢ ᠪᠡᠶᠡᠯᠡᠭᠦᠯᠪᠡ᠃ ᠬᠤᠶᠠᠷ ᠲᠤ᠂ ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠦᠷᠭᠡᠳᠬᠡᠨ ᠠᠬᠢᠭᠤᠯᠵᠤ᠂ ᠪᠥᠳᠥᠭᠡᠨ ᠪᠠᠶᠢᠭᠤᠯᠤᠯᠲᠠ ᠶᠢᠨ ᠡᠭᠦᠷᠭᠡ ᠶᠢ ᠡᠳ᠋ ᠤᠨ | ᠵᠠᠰᠠᠭ ᠤᠨ ᠲᠥᠰᠦᠪ ᠲᠤ ᠣᠷᠣᠭᠤᠯᠤᠨ ᠭᠦᠢᠴᠡᠳ ᠲᠤᠭ᠎ᠠ ᠪᠠᠷ ᠪᠠᠲᠤᠯᠠᠵᠤ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠢᠲᠡᠭᠦᠮᠵᠢᠯᠡᠭᠰᠡᠨ | ᠬᠠᠮᠢᠶᠠᠷᠤᠯᠲᠠ ᠶᠢᠨ ᠨᠣᠷᠮ᠎ᠠ 100%᠂ ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠰᠦᠯᠵᠢᠶᠡᠨ ᠳᠤ ᠬᠤᠯᠪᠣᠭᠰᠠᠨ ᠨᠣᠷᠮ᠎ᠠ ᠶᠢ 100%᠂ ᠲᠤᠰᠬᠠᠶ ᠲᠤᠰᠢᠶᠠᠯᠲᠤ ᠠᠮᠤᠷ ᠢ ᠬᠠᠮᠠᠭᠠᠯᠠᠬᠤ ᠠᠵᠢᠯᠲᠠᠨ ᠤ ᠲᠣᠬᠢᠷᠠᠭᠤᠯᠤᠯᠲᠠ ᠶᠢᠨ ᠨᠣᠷᠮ᠎ᠠ ᠶᠢ | 100%᠂ ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢᠨ ᠨᠣᠷᠮ᠎ᠠ ᠶᠢ | 100% ᠳᠤ ᠬᠦᠷᠭᠡᠵᠦ᠂ ᠲᠠᠷᠢᠶᠠᠯᠠᠬᠤ ᠮᠠᠯᠵᠢᠬᠤ ᠣᠷᠣᠨ ᠤ ᠡᠭᠦᠳᠡ ᠨᠢ ᠵᠠᠮ ᠬᠠᠷᠠᠭᠰᠠᠨ ᠰᠤᠷᠭᠠᠭᠤᠯᠢ ᠪᠠ ᠬᠤᠲᠠ ᠪᠠᠯᠭᠠᠰᠤᠨ ᠤ ᠳᠤᠮᠳᠠᠳᠤ ᠪᠠᠭ᠎ᠠ | ᠰᠤᠷᠭᠠᠭᠤᠯᠢ ᠳᠤ ᠴᠥᠮ ᠮᠥᠷᠭᠦᠯᠳᠦᠬᠦ ᠠᠴᠠ ᠰᠡᠷᠭᠡᠶᠢᠯᠡᠬᠦ ᠬᠠᠲᠠᠭᠤᠯᠢᠭ ᠠᠮᠤᠷ ᠲᠦᠪᠰᠢᠨ ᠤ ᠪᠡᠯᠡᠳᠬᠡᠮᠵᠢ ᠶᠢ ᠤᠭᠰᠠᠷᠠᠪᠠ᠃ | ᠰᠢᠨ᠎ᠡ ᠪᠠᠷᠭᠤ ᠵᠡᠭᠦᠨ ᠬᠤᠰᠢᠭᠤᠨ ᠤ ᠬᠢᠨ ︽ᠰᠤᠷᠭᠠᠭᠤᠯᠢ ᠶᠢᠨ ᠬᠦᠷᠢᠶᠡᠨ ᠤ ︿ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠰᠢᠰᠲ᠋ᠧᠮ﹀ ᠤᠨ | ᠬᠡᠷᠡᠭᠯᠡᠯᠲᠡ ᠬᠠᠮᠢᠶᠠᠷᠤᠯᠲᠠ ᠪᠠ ᠬᠠᠮᠠᠭᠠᠯᠠᠯᠲᠠ ᠶᠢᠨ ᠲᠦᠷᠢᠮ︾ ᠢ ᠲᠣᠭᠲᠠᠭᠠᠵᠤ᠂ ᠰᠤᠷᠭᠠᠭᠤᠯᠢ ᠶᠢᠨ ᠬᠦᠷᠢᠶᠡᠨ ᠤ ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠶᠢᠨ | ᠰᠢᠯᠭᠠᠨ ᠲᠤᠷᠰᠢᠬᠤ ᠠᠵᠢᠯᠯᠠᠭ᠎ᠠ ᠶᠢ ᠰᠠᠷ᠎ᠠ ᠪᠦᠷᠢ 3 ᠤᠳᠠᠭ᠎ᠠ ᠵᠣᠬᠢᠶᠠᠨ ᠪᠠᠶᠢᠭᠤᠯᠵᠤ᠂ ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠮᠠᠰᠢᠨ ᠤ ᠰᠠᠭᠠᠳ | ᠥᠬᠡᠶ ᠨᠡᠪᠲᠡᠷᠡᠬᠦ ᠶᠢ ᠪᠠᠲᠤᠯᠠᠬᠤ ᠪᠠᠷ ᠪᠤᠢ᠃ ᠣᠲᠣ ᠪᠣᠯᠲᠠᠯ᠎ᠠ᠂ ᠬᠤᠲᠠ ᠶᠢᠨ ᠲᠣᠭᠤᠷᠢᠭ ᠤᠨ 7 ᠰᠤᠷᠭᠠᠭᠤᠯᠢ ᠳᠤ ᠰᠤᠷᠭᠠᠭᠤᠯᠢ ᠶᠢᠨ ᠵᠠᠮ ᠬᠠᠷᠢᠯᠴᠠᠭᠠᠨ ᠤ | ᠠᠮᠤᠷ ᠲᠦᠪᠰᠢᠨ ᠢ ᠪᠠᠲᠤᠯᠠᠬᠤ ᠠᠵᠢᠯ ᠤᠨ ᠪᠠᠶᠢᠷᠢ ᠶᠢ 14 ᠭᠠᠷᠭᠠᠵᠤ᠂ 6 ᠬᠤᠷᠳᠤᠴᠠ ᠪᠠᠭᠤᠷᠠᠭᠤᠯᠬᠤ ᠪᠦᠰᠡ ᠲᠠᠭᠠᠷᠠᠭᠤᠯᠵᠤ᠂ ᠮᠥᠷᠭᠦᠯᠳᠦᠬᠦ ᠠᠴᠠ | ᠰᠡᠷᠭᠡᠶᠢᠯᠡᠬᠦ 8 ᠪᠡᠯᠡᠳᠬᠡᠮᠵᠢ ᠲᠠᠭᠠᠷᠠᠭᠤᠯᠵᠠᠶ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠰᠠᠯᠠᠭ᠎ᠠ | ᠮᠥᠴᠢᠷ ᠠᠴᠠ ᠰᠤᠷᠭᠠᠭᠤᠯᠢ ᠶᠢᠨ ᠬᠦᠷᠢᠶᠡᠨ ᠤ ᠬᠢᠮᠢ ᠶᠢᠨ ᠲᠤᠷᠰᠢᠯᠲᠠ ᠶᠢᠨ ᠲᠠᠰᠤᠭ ᠲᠤ ᠵᠢᠭᠰᠠᠭᠠᠨ ᠪᠠᠶᠢᠴᠠᠭᠠᠯᠲᠠ ᠬᠢᠵᠦ᠂ ᠠᠶᠤᠯᠲᠠᠶ ᠬᠢᠮᠢ ᠶᠢᠨ ᠪᠣᠳᠠᠰ ᠢ | ᠬᠤᠶᠠᠷ ᠬᠥᠮᠦᠨ ᠬᠠᠮᠢᠶᠠᠷᠤᠭᠰᠠᠨ ᠬᠤᠤᠰ ᠣᠨᠢᠰᠤᠲᠤ ᠲᠤᠰᠬᠠᠶ ᠠᠪᠳᠠᠷ᠎ᠠ ᠳᠤ ᠬᠠᠳᠠᠭᠠᠯᠠᠬᠤ ᠶᠢ ᠴᠢᠩᠭ᠎ᠠ ᠨᠠᠶᠢᠳᠠᠪᠤᠷᠢᠵᠢᠭᠤᠯᠤᠨ᠂ ᠨᠢᠭᠡᠨᠲᠡ ᠰᠤᠷᠭᠠᠭᠤᠯᠢ ᠶᠢᠨ | ᠬᠦᠷᠢᠶᠡᠨ ᠤ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠲᠣᠭᠲᠠᠭᠠᠯ ᠪᠠ ᠠᠵᠢᠯᠯᠠᠬᠤ ᠲᠦᠷᠢᠮ ᠢ ᠲᠣᠭᠲᠠᠭᠠᠨ | ᠲᠡᠭᠦᠯᠳᠡᠷᠵᠢᠭᠦᠯᠪᠡ᠃ ᠬᠡᠰᠡᠭ ᠰᠤᠷᠭᠠᠭᠤᠯᠢ ᠶᠢᠨ ᠬᠢᠮᠢ ᠶᠢᠨ ᠲᠤᠷᠰᠢᠯᠲᠠ ᠶᠢᠨ ᠲᠠᠰᠤᠭ ᠲᠤ ᠰᠠᠯᠬᠢ ᠨᠡᠪᠲᠡᠷᠡᠭᠦᠯᠬᠦ ᠪᠡᠯᠡᠳᠬᠡᠮᠵᠢ ᠥᠬᠡᠶ᠂ ᠬᠤᠯᠠᠭᠠᠶᠢᠴᠢ ᠶᠢ | ᠰᠡᠷᠭᠡᠶᠢᠯᠡᠬᠦ ᠡᠭᠦᠳᠡ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠰᠡᠯᠪᠢᠨ ᠵᠠᠰᠠᠵᠤ ᠥᠭᠡᠷᠡᠴᠢᠯᠡᠬᠦ ᠠᠵᠢᠯ ᠢ ᠨᠢᠭᠡᠨᠲᠡ ᠡᠬᠢᠯᠡᠭᠦᠯᠪᠡ᠃ ᠰᠤᠷᠭᠠᠭᠤᠯᠢ ᠶᠢᠨ | ᠬᠦᠷᠢᠶᠡᠨ ᠤ ᠬᠠᠶᠠᠭᠳᠠᠮᠠᠯ ᠠᠶᠤᠯᠲᠠᠶ ᠬᠢᠮᠢ ᠶᠢᠨ ᠪᠣᠳᠠᠰ ᠢ ᠰᠢᠢᠳᠪᠦᠷᠢᠯᠡᠬᠦ ᠠᠵᠢᠯ ᠳᠤ ᠴᠢᠭᠯᠡᠭᠦᠯᠦᠨ᠂ ᠣᠳᠣᠬᠠᠨ ᠳᠤ ᠶᠠᠭ ᠠᠶᠤᠯᠲᠠᠶ ᠬᠢᠮᠢ ᠶᠢᠨ ᠪᠣᠳᠠᠰ ᠢ | ᠰᠢᠢᠳᠪᠦᠷᠢᠯᠡᠬᠦ ᠠᠵᠤ ᠠᠬᠤᠶᠢᠯᠠᠯ ᠲᠠᠢ ᠵᠣᠯᠭᠠᠭᠤᠯᠵᠤ᠂ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠰᠢᠢᠳᠪᠦᠷᠢᠯᠡᠬᠦ ᠶᠢ ᠬᠡᠷᠡᠭᠵᠢᠭᠦᠯᠬᠦ ᠪᠠᠷ ᠪᠤᠢ᠃ | ︵ᠭᠤᠷᠪᠠ︶ 4 ᠵᠦᠢᠯ ᠤᠨ ᠣᠷᠳᠣ ᠬᠤᠭᠤᠴᠠᠭᠠᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠠᠯᠬᠤᠮ ᠠᠯᠬᠤᠮ ᠢᠶᠠᠷ ᠭᠦᠨᠵᠡᠭᠡᠶᠢᠷᠡᠭᠦᠯᠦᠨ | ᠨᠠᠶᠢᠳᠠᠪᠤᠷᠢᠵᠢᠭᠤᠯᠪᠠ᠃ | 1. ᠶᠣᠰᠣ ᠮᠣᠷᠠᠯ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠢ ᠨᠠᠶᠢᠳᠠᠪᠤᠷᠢᠵᠢᠭᠤᠯᠬᠤ ᠲᠤᠬᠠᠶ᠃ ᠨᠢᠭᠡ ᠳᠤ᠂ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠪᠠ᠃ ᠨᠠᠮ ᠤᠨ ᠰᠤᠷᠭᠠᠨ | ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠣᠰᠣ ᠰᠤᠷᠲᠠᠬᠤᠨ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠰᠤᠷᠭᠠᠨ ᠬᠥᠮᠦᠵᠢᠯ ᠤᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ | ᠴᠢᠬᠤᠯᠠ ᠥᠭᠦᠯᠡᠯᠲᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠥᠩᠭᠡᠷᠡᠭᠰᠡᠨ ᠬᠤᠭᠤᠴᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ 2021 ᠣᠨ ᠤ 11 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠡᠷ᠎ᠡ ᠪᠠᠷ ︽ᠪᠥᠬᠦ ᠣᠷᠣᠨ ᠤ ᠶᠡᠭᠡ ᠳᠤᠮᠳᠠᠳᠤ ᠪᠠᠭ᠎ᠠ | ᠰᠤᠷᠭᠠᠭᠤᠯᠢ ︵ᠬᠡᠤᠬᠡᠳ ᠤᠨ ᠴᠡᠴᠡᠷᠯᠢᠭ︶ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ | ᠪᠥᠬᠦ ᠲᠠᠯ᠎ᠠ ᠪᠠᠷ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ ︵2021 — 2025︶︾ ᠢ ᠳᠠᠷᠤᠮᠠᠯᠯᠠᠨ | ᠲᠠᠷᠬᠠᠭᠠᠵᠤ᠂ ︽ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ᠂ ᠶᠣᠰᠣ ᠮᠣᠷᠠᠯ ᠢ ᠮᠡᠳᠡᠵᠦ ᠣᠶᠤᠨ ᠤᠬᠠᠭᠠᠨ ᠢ ᠰᠡᠩᠬᠡᠷᠡᠭᠦᠯᠬᠦ᠂ ᠰᠡᠳᠬᠢᠯ ᠢᠶᠠᠨ | ᠨᠢᠭᠡᠳᠬᠡᠨ ᠬᠠᠮᠲᠤ ᠪᠠᠷ ᠴᠣᠭᠴᠠᠯᠠᠬᠤ᠂ ᠰᠣᠶᠣᠯ ᠢᠶᠠᠷ ᠬᠥᠮᠦᠨ ᠢ ᠬᠥᠮᠥᠵᠢᠭᠦᠯᠬᠦ︾ ᠳᠥᠷᠪᠡᠨ ᠶᠡᠭᠡ ᠠᠵᠢᠯᠯᠠᠭ᠎ᠠ᠂ 16 ᠵᠦᠢᠯ ᠤᠨ ᠠᠷᠭ᠎ᠠ ᠬᠡᠮᠵᠢᠶ᠎ᠡ ᠶᠢ | ᠨᠢᠭᠡᠳᠦᠯᠲᠡᠶ ᠲᠥᠯᠥᠪᠯᠡᠨ ᠠᠬᠢᠭᠤᠯᠪᠠ᠃ ︽ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠤᠷᠰᠢᠯᠲᠠ ᠶᠢᠨ ᠴᠡᠭ ᠤᠨ ᠠᠵᠢᠯ ᠢ | ᠥᠷᠨᠢᠭᠦᠯᠬᠦ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ 12 ᠰᠤᠷᠭᠠᠭᠤᠯᠢ ᠶᠢ ᠵᠣᠬᠢᠶᠠᠨ ᠪᠠᠶᠢᠭᠤᠯᠵᠤ | ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠲᠤᠷᠰᠢᠯᠲᠠ ᠶᠢᠨ | ᠴᠡᠭ ᠤᠨ ᠬᠥᠳᠡᠯᠭᠡᠭᠡᠨ ᠢ ᠥᠷᠨᠢᠭᠦᠯᠪᠡ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠲᠤᠰᠬᠠᠢ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠪᠣᠯᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠵᠤ᠂ ᠡᠯ᠎ᠡ ᠰᠢᠰᠲ᠋ᠧᠮ ᠤᠨ ᠬᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠᠲᠤ ᠴᠣᠭᠴᠠᠯᠠᠬᠤ ᠪᠣᠯᠪᠠᠰᠤᠷᠠᠯ ᠢ ᠱᠠᠳᠤ ᠬᠤᠪᠢᠶᠠᠨ ᠥᠷᠨᠢᠭᠦᠯᠪᠡ᠃ ︽ᠨᠢᠭᠡ ᠭᠠᠷᠠᠭ ᠬᠤᠶᠠᠷ | ᠰᠠᠷ᠎ᠠ︾ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢ ᠶᠡᠭᠡ ᠪᠠᠷ ᠤᠬᠠᠭᠤᠯᠵᠤ᠂ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠵᠢᠯᠣᠭᠤᠳᠬᠤ ᠰᠠᠨᠠᠯ︾ ᠳᠠᠬᠢ ︽ᠠᠯᠳᠠᠭᠳᠠᠯ ᠲᠠᠢ ᠲᠠᠯ᠎ᠠ ᠶᠢᠨ | ᠨᠠᠷᠢᠨ ᠬᠠᠭᠤᠳᠠᠰᠤ︾ ᠲᠠᠢ ᠬᠠᠷᠢᠴᠠᠭᠤᠯᠤᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠳᠤ ᠵᠢᠭᠰᠠᠭᠠᠨ ᠪᠠᠶᠢᠴᠠᠭᠠᠬᠤ ᠪᠠ ᠴᠡᠭᠴᠡᠯᠡᠨ | ᠰᠠᠶᠢᠵᠢᠷᠠᠭᠤᠯᠬᠤ ᠶᠢ ᠦᠷᠭᠦᠯᠵᠢᠯᠡᠨ ᠥᠷᠨᠢᠭᠦᠯᠵᠦ᠂ ᠬᠥᠨᠳᠡᠯᠡᠨ ᠴᠢᠭᠯᠡᠯ ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤ ᠨᠢ ᠲᠤᠯᠲᠠᠯ᠎ᠠ | ᠬᠢᠬᠦ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠪᠡ᠃ ᠬᠤᠶᠠᠷ ᠲᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠠᠵᠢᠯ ᠢ ᠢᠳᠡᠪᠬᠢᠲᠡᠢ ᠪᠥᠭᠡᠳ ᠯᠠᠪᠳᠠᠭᠤᠨ ᠪᠣᠯᠭᠤᠮᠵᠢᠲᠠᠢ᠂ ᠡᠷᠡᠰ ᠰᠢᠭᠤᠷᠬᠠᠢ ᠪᠠᠷ ᠰᠠᠶᠢᠲᠤᠷ ᠬᠢᠪᠡ᠃ ︽ᠪᠥᠬᠦ ᠣᠷᠣᠨ ᠤ | ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠥᠮᠥᠵᠢᠭᠦᠯᠦᠨ ᠰᠤᠷᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠶᠢᠨ | ᠬᠡᠷᠡᠭᠵᠢᠭᠦᠯᠬᠦ ᠲᠥᠰᠦᠯ︾ ᠢ ᠲᠣᠭᠲᠠᠭᠠᠭᠰᠠᠨ ᠪᠥᠭᠡᠳ ᠳᠠᠷᠤᠮᠠᠯᠯᠠᠨ ᠲᠠᠷᠬᠠᠭᠠᠵᠤ᠂ 2021 ᠣᠨ ᠤ ᠨᠠᠮᠤᠷ ᠪᠣᠯᠲᠠᠯ᠎ᠠ᠂ ᠪᠥᠬᠦ ᠣᠷᠣᠨ ᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠨᠢᠭᠡᠳᠦᠭᠡᠷ᠂ ᠬᠤᠶᠠᠳᠤᠭᠠᠷ ᠣᠨ ᠤ 6.99 ᠲᠦᠮᠡᠨ ᠰᠣᠷᠣᠭᠴᠢ ᠪᠦᠬᠦᠨ ᠢᠶᠠᠷ ᠢᠶᠠᠨ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠶᠢᠨ ᠬᠠᠮᠲᠤ ᠤᠯᠤᠰ ᠤᠨ ᠨᠡᠶᠢᠳᠡᠮ ᠬᠡᠷᠡᠭᠯᠡᠬᠦ ᠬᠡᠯᠡ ᠪᠠᠷ ᠬᠢᠴᠢᠶᠡᠯᠯᠡᠵᠦ᠂ ᠣᠨ ᠤ ᠬᠡᠷᠡᠭᠵᠢᠭᠦᠯᠬᠦ ᠠᠵᠢᠯ ᠤᠨ ᠬᠠᠷᠠᠯᠲᠠ ᠪᠠᠨ | ᠯᠠᠪᠳᠠᠭᠤᠨ ᠪᠥᠭᠡᠳ ᠡᠮᠬᠢ ᠵᠢᠷᠤᠮ ᠲᠠᠢ ᠪᠡᠶᠡᠯᠡᠭᠦᠯᠪᠡ᠃ ᠭᠤᠷᠪᠠᠨ ᠬᠢᠴᠢᠶᠡᠯ ᠲᠥᠷᠥᠯ ᠤᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠥᠰᠥᠭ ᠪᠢᠴᠢᠭ ᠤᠨ ᠴᠢᠳᠠᠪᠤᠷᠢ ᠶᠢᠨ ᠲᠤᠰᠬᠠᠶ ᠵᠦᠢᠯ ᠤᠨ ᠪᠣᠯᠪᠠᠰᠤᠷᠠᠯ ᠪᠠ ᠵᠢᠭᠠᠬᠤ ᠮᠠᠲ᠋ᠧᠷᠢᠶᠠᠯ᠂ ᠬᠢᠴᠢᠶᠡᠯ ᠤᠨ ᠪᠠᠷᠢᠮᠵᠢᠶ᠎ᠠ᠂ ᠬᠢᠴᠢᠶᠡᠯ ᠲᠥᠷᠥᠯ ᠤᠨ | ᠵᠢᠭᠠᠨ ᠰᠤᠷᠭᠠᠯᠲᠠ ᠶᠢᠨ ᠴᠢᠳᠠᠪᠤᠷᠢ ᠶᠢᠨ ᠪᠣᠯᠪᠠᠰᠤᠷᠠᠯ ᠢ ᠦᠷᠭᠦᠯᠵᠢᠯᠡᠨ ᠥᠷᠨᠢᠭᠦᠯᠵᠦ᠂ ᠵᠢᠭᠠᠨ ᠰᠤᠳᠤᠯᠬᠤ ᠵᠢᠯᠣᠭᠤᠳᠣᠯᠭ᠎ᠠ ᠶᠢ ᠴᠢᠩᠭᠠᠳᠬᠠᠨ᠂ ᠵᠢᠭᠠᠨ | ᠰᠤᠷᠭᠠᠯᠲᠠ ᠶᠢᠨ ᠶᠠᠰᠤ ᠴᠢᠨᠠᠷ ᠤᠨ ᠪᠣᠭᠤᠮᠲᠠ ᠶᠢ ᠦᠨᠡᠨ ᠬᠦ ᠰᠠᠶᠢᠲᠤᠷ ᠡᠵᠡᠮᠳᠡᠪᠡ᠃ | 2. ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠳᠤᠲᠠᠭᠤᠳᠠᠯ ᠢ ᠬᠦᠴᠦᠯᠡᠨ | ᠨᠥᠬᠦᠪᠥᠷᠢᠯᠡᠬᠦ ᠠᠵᠢᠯ ᠤᠨ ᠲᠤᠬᠠᠶ᠃ ᠨᠢᠭᠡ ᠳᠤ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠦᠨᠡᠨ ᠬᠦ ᠪᠠᠲᠤᠯᠠᠪᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠷᠭᠠᠨ ᠬᠥᠮᠦᠵᠢᠯ ᠤᠨ ︽ᠭᠤᠷᠪᠠ ᠶᠢ ᠤᠷᠢᠳ ᠢᠶᠠᠷ ᠪᠣᠳᠣᠯᠬᠢᠯᠠᠬᠤ︾ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠢᠮᠠᠭᠲᠠ ᠪᠠᠷᠢᠮᠲᠠᠯᠠᠵᠤ᠂ ᠰᠤᠷᠭᠠᠨ ᠬᠥᠮᠦᠵᠢᠯ ᠤᠨ ᠠᠵᠢᠯ ᠢ ᠳᠡᠮᠵᠢᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠪᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠳᠤᠮᠳᠠᠬᠢ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠪᠠ᠃ ᠬᠤᠶᠠᠷ ᠲᠤ᠂ ᠰᠤᠷᠭᠠᠨ ᠬᠥᠮᠦᠵᠢᠯ ᠤᠨ ᠣᠷᠣᠭᠤᠯᠤᠯᠲᠠ ᠶᠢᠨ | ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠪᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠣᠷᠣᠭᠴᠢ ᠨᠢᠭᠡᠪᠦᠷᠢ ᠶᠢᠨ | ᠳᠤᠮᠳᠠᠴᠢ ᠵᠠᠷᠤᠳᠠᠯ ᠢ ᠬᠤᠪᠢᠶᠠᠷᠢᠯᠠᠨ ᠥᠭᠬᠦ ᠪᠠᠷᠢᠮᠵᠢᠶ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠣᠷᠣᠭᠴᠢ ᠨᠢᠭᠡᠪᠦᠷᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃ ᠰᠤᠷᠭᠠᠨ ᠬᠥᠮᠦᠵᠢᠯ ᠤᠨ | ᠵᠠᠷᠤᠳᠠᠯ ᠤᠨ ᠣᠷᠣᠭᠤᠯᠤᠯᠲᠠ ᠶᠢ ᠬᠠᠤᠯᠢ ᠶᠣᠰᠣᠭᠠᠷ ᠪᠠᠲᠤᠯᠠᠵᠤ᠂ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠡᠳ᠋ ᠤᠨ | ᠵᠠᠰᠠᠭ ᠤᠨ ᠵᠠᠷᠤᠯᠭ᠎ᠠ ᠶᠢᠨ ᠪᠦᠲᠦᠴᠡ ᠳᠤ ᠲᠣᠬᠢᠷᠠᠭᠤᠯᠤᠯᠲᠠ ᠬᠢᠵᠦ᠂ ︽ᠬᠤᠶᠠᠷ ᠢ ᠨᠡᠮᠡᠭᠳᠡᠭᠦᠯᠬᠦ ᠠᠴᠠ ᠪᠢᠰᠢ ᠬᠠᠰᠤᠬᠤ ᠥᠬᠡᠶ︾ ᠱᠠᠭᠠᠷᠳᠠᠯᠭ᠎ᠠ ᠶᠢ | ᠰᠠᠶᠢᠲᠤᠷ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠵᠠᠷᠤᠳᠠᠯ ᠤᠨ ᠰᠢᠨᠵᠢᠯᠡᠬᠦ ᠤᠬᠠᠭᠠᠨᠴᠢᠯᠠᠭᠰᠠᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠥᠬᠦ | ᠲᠠᠯ᠎ᠠ ᠪᠠᠷ ᠠᠬᠢᠭᠤᠯᠵᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠯᠲᠠ ᠪᠠ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠪᠠ᠃ ᠭᠤᠷᠪᠠ ᠳᠤ | ᠂ ︽ᠮᠤᠵᠢ ᠠᠴᠠ ᠨᠢᠭᠡᠳᠦᠯᠲᠡᠶ ᠲᠥᠯᠥᠪᠯᠡᠬᠦ᠂ ᠰᠢᠶᠠᠨ ᠢᠶᠠᠷ ᠭᠤᠣᠯ ᠪᠣᠯᠭᠠᠬᠤ︾ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ | ᠪᠠᠶᠢᠭᠤᠯᠤᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠡᠯᠡ ᠮᠥᠩᠭᠦ ᠪᠠ ᠲᠥᠷᠥᠯ ᠵᠦᠢᠯ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠪᠠᠭᠤᠷᠠᠶ | ᠭᠠᠵᠠᠷ ᠣᠷᠣᠨ᠂ ᠪᠠᠭᠤᠷᠠᠶ ᠭᠤᠭᠴᠤᠭ᠎ᠠ᠂ ᠪᠠᠭᠤᠷᠠᠶ ᠬᠦᠮᠦᠰ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠤᠳᠠ ᠬᠥᠳᠡᠭᠡ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠵᠥᠷᠢᠶ᠎ᠡ ᠶᠢ ᠦᠷᠭᠦᠯᠵᠢᠯᠡᠨ ᠪᠠᠭᠠᠰᠬᠠᠵᠤ᠂ ᠶᠡᠭᠡ ᠠᠩᠬᠢ ᠶᠢᠨ ᠲᠤᠭ᠎ᠠ᠂ ᠲᠣᠮᠣ ᠰᠤᠷᠭᠠᠭᠤᠯᠢ ᠶᠢᠨ ᠲᠤᠭ᠎ᠠ ᠶᠢᠨ ᠠᠰᠠᠭᠤᠳᠠᠯ ᠢ ᠤᠯᠠᠮ | ᠨᠢᠭᠡ ᠠᠯᠬᠤᠮ ᠰᠠᠶᠢᠲᠤᠷ ᠰᠢᠢᠳᠪᠦᠷᠢᠯᠡᠪᠡ᠃ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠶᠢᠷᠢᠯᠠᠬᠤ | ᠰᠤᠷᠤᠭᠴᠢᠳ ᠲᠤ ᠰᠠᠶᠢᠨ ᠰᠠᠶᠢᠬᠠᠨ ᠰᠤᠷᠤᠯᠴᠠᠬᠤ ᠨᠥᠬᠦᠴᠡᠯ ᠪᠠ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠨᠥᠬᠦᠴᠡᠯ ᠢ ᠪᠤᠢ ᠪᠣᠯᠭᠠᠪᠠ᠃ ᠳᠥᠷᠪᠡ ᠳᠤ᠂ | ᠬᠤᠲᠠ ᠪᠠᠯᠭᠠᠰᠤᠵᠢᠯᠲᠠ ᠶᠢᠨ ᠠᠬᠢᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ | ᠴᠠᠭ ᠲᠤᠬᠠᠶ ᠳᠤ ᠨᠢ ᠳᠣᠭᠢᠷᠠᠭᠤᠯᠤᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠬᠤ ᠶᠢ ᠠᠬᠢᠭᠤᠯᠤᠨ᠂ | ᠮᠠᠯᠵᠢᠬᠤ ᠲᠠᠷᠢᠶᠠᠯᠠᠬᠤ ᠣᠷᠣᠨ ᠤ ᠰᠣᠷᠣᠭᠴᠢ ᠶᠢᠨ ᠢᠷᠡᠯᠲᠡ ᠵᠢᠯ ᠳᠠᠷᠠᠭᠠᠯᠠᠨ ᠬᠠᠰᠤᠭᠳᠠᠬᠤ᠂ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠳᠣᠤᠷ᠎ᠠ ᠵᠡᠷᠭᠡ | ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ | 3. ᠠᠭᠤᠯᠤᠭᠳᠠᠬᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ | ᠲᠠᠰᠤᠷᠠᠯᠲᠠ ᠥᠬᠡᠶ ᠳᠡᠭᠡᠭᠰᠢᠯᠡᠭᠦᠯᠬᠦ ᠠᠵᠢᠯ ᠤᠨ ᠲᠤᠬᠠᠶ᠃ ᠨᠢᠭᠡ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭᠰᠢ ᠶᠢ ︽ᠰᠢᠶᠠᠨ | ᠬᠠᠮᠢᠶᠠᠷᠴᠤ ᠰᠤᠷᠭᠠᠭᠤᠯᠢ ᠤᠷᠢᠬᠤ︾ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠪᠠ | ᠰᠤᠷᠭᠠᠭᠤᠯᠢ ᠶᠢᠨ ᠵᠠᠬᠢᠷᠤᠯ ᠤᠨ ᠠᠵᠢᠯ ᠤᠨ ᠪᠠᠶᠢᠷᠢ ᠶᠢ ᠡᠭᠡᠯᠵᠢᠯᠡᠭᠦᠯᠬᠦ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ᠢᠵᠢ ᠪᠥᠷᠢᠳᠦᠭᠦᠯᠬᠦ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠰᠢᠯᠢᠳᠡᠭ ᠰᠤᠷᠭᠠᠭᠤᠯᠢ ᠶᠢᠨ ᠵᠠᠬᠢᠷᠤᠯ ᠪᠠ ᠨᠢᠷᠤᠭᠤᠪᠴᠢ ᠪᠠᠭᠰᠢ ᠶᠢ ᠲᠠᠲᠠᠵᠤ ᠬᠢᠯᠢ ᠬᠢᠵᠠᠭᠠᠷ ᠤᠨ ᠬᠦᠴᠢᠷ | ᠪᠡᠷᠬᠡᠰᠢᠶᠡᠯᠲᠡᠶ ᠭᠠᠵᠠᠷ ᠣᠷᠣᠨ ᠳᠤ ᠪᠠᠭᠰᠢᠯᠠᠭᠤᠯᠪᠠ᠃ ᠬᠤᠶᠠᠷ ᠲᠤ᠂ ᠪᠠᠭᠰᠢ ᠶᠢᠨ ᠡᠩᠨᠡᠭᠡᠨ ᠤ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ | ᠲᠦᠷᠭᠡᠳᠬᠡᠵᠦ᠂ ᠪᠠᠭᠰᠢ ᠶᠢᠨ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠤᠬᠤᠷᠢᠨ ᠭᠠᠷᠬᠤ ᠲᠣᠭᠲᠠᠴᠠ ᠶᠢ ᠪᠠᠶᠢᠭᠤᠯᠵᠤ᠂ ᠥᠷᠭᠡᠨ ᠤᠯᠠᠨ ᠪᠠᠭᠰᠢ ᠶᠢᠨ | ᠪᠢᠴᠢᠭ ᠵᠢᠭᠠᠵᠤ ᠬᠥᠮᠦᠨ ᠬᠥᠮᠦᠵᠢᠭᠦᠯᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠪᠠ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠠᠴᠠ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠶᠢ ᠨᠢᠭᠡᠳᠦᠯᠲᠡᠶ ᠲᠥᠯᠥᠪᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠣᠷᠣᠨ ᠲᠤᠭ᠎ᠠ ᠶᠢ ᠵᠦᠶ ᠵᠣᠬᠢᠰᠲᠠᠶ ᠳᠣᠭᠢᠷᠠᠭᠤᠯᠤᠨ᠂ ᠴᠠᠭ ᠲᠤᠬᠠᠶ ᠳᠤ ᠨᠢ ᠬᠥᠳᠡᠯᠦᠩᠭᠦᠶ ᠪᠠᠷ ᠲᠣᠬᠢᠷᠠᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠪᠦᠬᠦ | ᠬᠢᠴᠢᠶᠡᠯ ᠲᠥᠷᠥᠯ ᠤᠨ ᠪᠠᠭᠰᠢ ᠶᠢ ᠬᠠᠨᠳᠤᠯᠭ᠎ᠠ ᠲᠠᠢ ᠪᠠᠷ ᠬᠥᠮᠦᠵᠢᠭᠦᠯᠬᠦ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠳᠤ ᠨᠢᠭᠡ ᠪᠦᠯᠦᠭ ︽ | ᠦᠯᠡᠳᠡᠵᠦ ᠳᠡᠶᠢᠯᠬᠦ᠂ ᠴᠢᠳᠠᠮᠠᠭᠠᠢ ᠵᠢᠭᠠᠬᠤ︾ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠦᠮᠦᠵᠢᠭᠦᠯᠪᠡ᠃ ᠳᠥᠷᠪᠡ ᠳᠤ᠂ ᠪᠠᠭᠰᠢ ᠶᠢᠨ | ᠬᠠᠷᠠᠭᠠᠯᠵᠠᠯ ᠢ ᠬᠠᠤᠯᠢ ᠶᠣᠰᠣᠭᠠᠷ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠣᠷᠣᠯᠭ᠎ᠠ ᠶᠢ ᠪᠠᠲᠤᠯᠠᠬᠤ ᠪᠠᠶᠢᠩᠭᠤᠵᠢᠭᠰᠠᠨ | ᠪᠦᠲᠦᠮᠵᠢᠲᠡᠶ ᠲᠣᠭᠲᠠᠴᠠ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠷᠣᠯᠭ᠎ᠠ ᠶᠢ ᠲᠤᠬᠠᠶ ᠶᠢᠨ ᠭᠠᠵᠠᠷ ᠤᠨ ᠠᠯᠪᠠᠲᠠᠨ ᠤ | ᠬᠠᠷᠠᠭᠠᠯᠵᠠᠯ ᠢ ᠳᠠᠭᠠᠭᠤᠯᠤᠨ ᠳᠣᠭᠢᠷᠠᠭᠤᠯᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠲᠠᠪᠤ ᠳᠤ᠂ ᠪᠠᠭᠰᠢ ᠶᠢ ᠬᠢᠨᠠᠨ | ᠰᠢᠯᠭᠠᠵᠤ ᠦᠨᠡᠯᠡᠬᠦ ᠠᠷᠭ᠎ᠠ ᠶᠢ ᠥᠭᠡᠷᠡᠴᠢᠯᠡᠵᠦ᠂ ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠶᠣᠰᠣ ᠮᠣᠷᠠᠯ ᠢᠶᠠᠷ ᠵᠢᠭᠠᠨ ᠰᠤᠷᠭᠠᠵᠤ | ᠂ ᠶᠣᠰᠣ ᠮᠣᠷᠠᠯ ᠢᠶᠠᠷ ᠬᠥᠮᠦᠨ ᠬᠥᠮᠦᠵᠢᠭᠦᠯᠵᠦ᠂ ᠨᠠᠮ ᠪᠠ ᠠᠷᠠᠳ ᠲᠦᠮᠡᠨ ᠤ ᠰᠡᠳᠬᠢᠯ ᠬᠠᠨᠤᠮᠵᠢᠲᠠᠢ ︽ᠲᠦᠷᠪᠡ ᠶᠢ ᠪᠦᠷᠢᠳᠦᠭᠦᠯᠦᠭᠰᠡᠨ︾ ᠰᠠᠶᠢᠨ ᠪᠠᠭᠰᠢ | ᠪᠣᠯᠭᠠᠪᠠ᠃ | 4. ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭ᠎ᠠ ᠵᠢᠷᠤᠮᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ | ᠠᠬᠤᠶ ᠶᠢ ᠪᠤᠢ ᠪᠣᠯᠭᠠᠬᠤ ᠠᠵᠢᠯ ᠤᠨ ᠲᠤᠬᠠᠶ᠃ ᠨᠢᠭᠡ ᠳᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ︽ᠨᠢᠭᠡ ᠰᠤᠷᠭᠠᠭᠤᠯᠢ ᠳᠤ ᠨᠢᠭᠡ ᠥᠪᠡᠷᠮᠢᠴᠡ ᠣᠨᠴᠠᠯᠢᠭ ᠲᠠᠢ︾ ᠰᠤᠷᠭᠠᠭᠤᠯᠢ ᠶᠢᠨ ᠬᠦᠷᠢᠶᠡᠨ ᠤ ᠰᠣᠶᠣᠯ ᠢ ᠬᠦᠴᠦᠯᠡᠨ ᠪᠣᠶ ᠪᠣᠯᠭᠠᠵᠤ᠂ | ᠰᠤᠷᠭᠠᠭᠤᠯᠢ ᠶᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠭᠤᠶᠢᠳᠠ ᠰᠠᠶᠢᠬᠠᠨ᠂ ᠰᠤᠷᠭᠠᠨ ᠬᠥᠮᠦᠵᠢᠯ ᠤᠨ ᠣᠨᠣᠯᠵᠢᠬᠤᠨ ᠲᠡᠷᠢᠭᠦᠨ ᠤ ᠬᠢ᠂ | ᠰᠤᠷᠭᠠᠨ ᠬᠥᠮᠦᠵᠢᠭᠦᠯᠬᠦ ᠠᠭᠤᠷ ᠠᠮᠢᠰᠬᠤᠯ ᠭᠦᠨ ᠵᠤᠵᠠᠭᠠᠨ ᠣᠷᠴᠢᠨ ᠨᠥᠬᠦᠴᠡᠯ ᠪᠦᠬᠦᠢ ᠶᠣᠰᠣ ᠰᠤᠷᠲᠠᠬᠤᠨ ᠢ ᠪᠣᠶ ᠪᠣᠯᠭᠠᠵᠤ ᠬᠥᠮᠦᠨ ᠬᠥᠮᠦᠵᠢᠭᠦᠯᠬᠦ | ᠭᠤᠤᠯ ᠵᠢᠭᠰᠠᠭᠠᠯ ᠤᠨ ᠭᠠᠵᠠᠷ ᠪᠣᠯᠭᠠᠨ ᠪᠥᠲᠥᠭᠡᠨ ᠪᠠᠶᠢᠭᠤᠯᠪᠠ᠃ ᠬᠤᠶᠠᠷ ᠲᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ | ᠴᠢᠩᠭᠠᠳᠬᠠᠪᠠ᠃ ᠰᠤᠷᠭᠠᠭᠤᠯᠢ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠵᠢᠷᠤᠮᠵᠢᠭᠰᠠᠨ᠂ | ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠤᠯᠤᠰ ᠤᠨ ᠬᠢᠴᠢᠶᠡᠯ ᠤᠨ | ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠤᠯᠤᠰ ᠠᠴᠠ ᠲᠣᠭᠲᠠᠭᠠᠭᠰᠠᠨ ᠬᠢᠴᠢᠶᠡᠯ ᠢ ᠪᠦᠷᠢᠨ ᠭᠦᠢᠴᠡᠳ ᠨᠡᠭᠡᠭᠡᠵᠦ᠂ ᠬᠥᠳᠡᠯᠮᠦᠷᠢ ᠶᠢᠨ ᠬᠢᠴᠢᠶᠡᠯ ᠤᠨ | ᠪᠠᠶᠢᠭᠤᠯᠤᠯᠲᠠ ᠪᠠ ᠬᠥᠳᠡᠯᠮᠦᠷᠢ ᠶᠢᠨ ᠪᠡᠶᠡᠴᠢ ᠣᠶᠢᠯᠠᠭᠠᠯᠲᠠ ᠶᠢ ᠴᠢᠩᠭᠠᠳᠬᠠᠵᠤ᠂ ᠦᠨᠳᠦᠰᠦᠨ ᠬᠥᠳᠡᠯᠮᠦᠷᠢ ᠶᠢᠨ ᠮᠡᠷᠭᠡᠵᠢᠯ ᠪᠠ ᠴᠢᠳᠠᠪᠤᠷᠢ ᠶᠢ ᠡᠵᠡᠮᠰᠢᠭᠦᠯᠦᠨ | ᠪᠦᠷᠢᠯᠳᠦᠭᠦᠯᠵᠦ᠂ ᠬᠥᠳᠡᠯᠮᠦᠷᠢ ᠶᠢᠨ ᠬᠥᠮᠥᠵᠢᠯ ᠤᠨ ᠶᠡᠷᠦᠩᠬᠡᠶᠢᠯᠡᠭᠰᠡᠨ ᠴᠢᠳᠠᠪᠤᠷᠢ ᠶᠢ ᠪᠠᠳᠠᠷᠠᠭᠤᠯᠪᠠ᠃ ᠭᠤᠷᠪᠠ ᠳᠤ᠂ ︽ᠬᠤᠶᠠᠷ ᠢ ᠬᠥᠩᠭᠡᠷᠡᠭᠦᠯᠬᠦ︾᠂ ︽ | ᠲᠠᠪᠤᠨ ᠵᠦᠢᠯ ᠤᠨ ᠬᠠᠮᠢᠶᠠᠷᠤᠯᠲᠠ︾ ᠶᠢᠨ ᠠᠵᠢᠯ ᠢ ᠬᠦᠴᠦᠯᠡᠨ ᠰᠠᠶᠢᠲᠤᠷ ᠠᠳᠬᠤᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠵᠢᠷᠤᠮᠵᠢᠯ ᠢ ᠳᠠᠷᠤᠮᠠᠯᠯᠠᠨ ᠲᠠᠷᠬᠠᠭᠠᠵᠤ᠂ ᠰᠢᠯᠭᠠᠯᠲᠠ ᠶᠢᠨ ᠤᠳᠠᠭ᠎ᠠ ᠳᠠᠪᠲᠠᠮᠵᠢ ᠶᠢ ᠴᠢᠩᠭ᠎ᠠ ᠵᠢᠷᠤᠮᠵᠢᠭᠤᠯᠤᠨ᠂ | ᠳᠠᠰᠬᠠᠯ ᠤᠨ ᠶᠡᠷᠦᠩᠬᠡᠶ ᠬᠡᠮᠵᠢᠶ᠎ᠡ ᠶᠢ ᠪᠠᠭᠠᠰᠬᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ︽5 + 2︾ ᠵᠠᠭᠪᠤᠷ ᠢ ᠪᠦᠬᠦ ᠲᠠᠯ᠎ᠠ ᠪᠠᠷ | ᠬᠠᠮᠤᠷᠤᠭᠤᠯᠬᠤ ᠶᠢ ᠬᠡᠷᠡᠭᠵᠢᠭᠦᠯᠪᠡ᠃ ᠣᠲᠣ ᠪᠣᠯᠲᠠᠯ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠰᠢᠮᠳᠠᠭᠤᠯᠤᠨ ᠪᠠᠶᠢᠴᠠᠭᠠᠬᠤ | ᠠᠵᠢᠯ ᠤᠨ ᠠᠯᠪᠠᠨ ᠬᠡᠷ ᠤᠨ ᠵᠠᠷᠯᠠᠨ ᠮᠡᠳᠡᠭᠳᠡᠭᠰᠡᠨ ᠳᠠᠰᠬᠠᠯ ᠪᠠ ᠬᠢᠴᠢᠶᠡᠯ ᠤᠨ ᠭᠠᠳᠠᠨᠠᠬᠢ ᠦᠢᠯᠡᠴᠢᠯᠡᠭᠡ ᠵᠡᠷᠭᠡ ᠳᠥᠷᠪᠡᠨ ᠵᠦᠢᠯ ᠤᠨ ᠭᠦᠢᠴᠡᠳᠬᠡᠯ | ᠲᠤᠭ᠎ᠠ ᠨᠢ ᠴᠥᠮ 100% ᠳᠤ ᠬᠦᠷᠪᠡ᠃ ᠲᠦᠷᠪᠡ ᠳᠤ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠪᠠ᠃ | ᠰᠤᠷᠭᠠᠭᠤᠯᠢ ᠶᠢᠨ ᠠᠮᠤᠷ ᠲᠦᠪᠰᠢᠨ ᠤ ᠲᠦᠭᠰᠢᠭᠦᠷᠢ ᠬᠢᠭᠡᠳ ᠠᠮᠤᠷ ᠲᠣᠭᠲᠠᠭᠤᠨ ᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠪᠠᠶᠢᠭᠤᠯᠵᠤ᠂ | ᠰᠤᠷᠭᠠᠭᠤᠯᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠪᠦᠲᠦᠮᠵᠢᠲᠡᠶ ᠰᠡᠷᠡᠮᠵᠢᠯᠡᠭᠦᠯᠦᠨ | ᠠᠷᠭᠠᠴᠠᠭᠠᠬᠤ ᠲᠣᠭᠲᠠᠴᠠ ᠶᠢ ᠪᠣᠶ ᠪᠣᠯᠭᠠᠵᠤ᠂ ᠬᠦᠨᠳᠦ ᠶᠡᠭᠡ ᠠᠮᠤᠷ ᠲᠦᠪᠰᠢᠨ ᠲᠣᠭᠲᠠᠭᠤᠨ ᠤ ᠠᠳᠡᠯ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃ | ︽ᠥᠪᠥᠷ ᠮᠣᠩᠭᠤᠯ ᠤᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠬᠡᠷᠡᠭᠵᠢᠭᠦᠯᠬᠦ ᠲᠥᠰᠦᠯ︾ ︽ | ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠰᠤᠳᠤᠯᠤᠨ | ᠲᠣᠭᠲᠠᠭᠠᠵᠤ᠂ ᠰᠤᠷᠤᠭᠴᠢᠳ ᠤᠨ ᠠᠮᠤᠷ ᠲᠦᠪᠰᠢᠨ ᠤ ᠠᠵᠢᠯ ᠤᠨ ᠬᠡᠷ ᠤᠨ ᠠᠬᠠᠮᠠᠳ ᠪᠠ ᠰᠤᠷᠭᠠᠭᠤᠯᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ | ᠰᠦᠪᠡᠭᠴᠢᠯᠡᠨ ᠪᠠᠶᠢᠭᠤᠯᠪᠠ᠃ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠵᠢᠱᠢᠶ᠎ᠡ ᠦᠵᠡᠭᠦᠯᠬᠦ ᠲᠥᠪ ᠪᠠ ᠶᠡᠭᠡ ᠳᠡᠭᠡᠳᠦ | ᠰᠤᠷᠭᠠᠭᠤᠯᠢ ᠨᠤᠭᠤᠳ ᠠᠴᠠ ᠠᠶᠢᠮᠠᠭ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠲᠠᠢ ᠬᠤᠯᠪᠣᠭᠠᠰᠤ ᠪᠠᠶᠢᠭᠤᠯᠤᠨ ᠰᠡᠳᠬᠢᠴᠡ ᠶᠢᠨ ᠡᠷᠡᠭᠦᠯ ᠮᠡᠨᠳᠦ ᠶᠢᠨ | ᠬᠥᠮᠦᠵᠢᠯ ᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠡᠮᠵᠢᠬᠦ ᠲᠣᠭᠲᠠᠴᠠ ᠶᠢ ᠪᠠᠶᠢᠭᠤᠯᠪᠠ᠃ | ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ | ᠤᠯᠤᠰ ᠤᠨ ᠰᠢᠮᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢᠶᠠᠷ ᠬᠢᠨᠠᠮᠠᠭᠠᠶ ᠬᠠᠷᠭᠤᠭᠤᠯᠵᠤ᠂ ᠴᠢᠨᠠᠷᠯᠢᠭ ᠪᠥᠭᠡᠳ ᠲᠡᠩᠴᠡᠭᠦᠷᠢᠲᠡᠶ | ᠪᠠᠶᠢᠬᠤ ᠪᠠᠷ ᠬᠢᠨᠠᠨ ᠵᠢᠯᠣᠭᠤᠳᠴᠤ ᠦᠨᠡᠯᠡᠨ ᠵᠢᠱᠢᠬᠦ ᠪᠠᠷᠢᠮᠵᠢᠶ᠎ᠠ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠦᠨᠳᠦᠰᠦᠨ ᠳᠤ ᠪᠠᠨ | ᠲᠡᠩᠴᠡᠭᠦᠷᠢᠲᠡᠶ ᠡᠰᠡᠬᠦ ᠲᠤᠬᠠᠢ ︽ᠡᠷᠭᠢᠵᠦ ᠪᠤᠴᠠᠨ ᠬᠠᠷᠠᠵᠤ︾᠂ ᠪᠠᠭᠤᠷᠠᠶ ᠲᠠᠯ᠎ᠠ ᠶᠢ ᠪᠥᠬᠦ ᠲᠠᠯ᠎ᠠ ᠪᠠᠷ ᠡᠷᠢᠵᠦ᠂ ᠳᠤᠲᠠᠭᠤᠳᠠᠯ ᠢ ᠬᠦᠴᠦᠯᠡᠨ | ᠨᠥᠬᠦᠪᠥᠷᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠬᠦ ᠳᠤ ᠪᠠᠲᠤ ᠰᠠᠭᠤᠷᠢ ᠲᠠᠯᠪᠢᠨ᠎ᠠ᠃ | ︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠶ ᠪᠠᠶᠢᠯᠭᠠᠬᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠢ | ᠵᠢᠯᠣᠭᠤᠳᠤᠨ ᠤᠯᠤᠰ ᠲᠥᠷᠥ ᠶᠢ ᠡᠷᠬᠢᠮᠯᠡᠬᠦ ᠥᠨᠳᠥᠷᠴᠡ ᠳᠤ ᠵᠣᠭᠰᠣᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠶ | ᠪᠠᠶᠢᠯᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠲᠡᠩᠴᠡᠭᠦᠷᠢᠲᠡᠶ ᠬᠥᠭᠵᠢᠭᠦᠯᠬᠦ ᠶᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠭᠰᠡᠨ ᠬᠢᠨᠠᠨ ᠵᠢᠯᠣᠭᠤᠳᠴᠤ ᠦᠨᠡᠯᠡᠨ ᠵᠢᠱᠢᠬᠦ ᠭᠦᠢᠴᠡᠳᠬᠡᠯ ᠲᠤᠭ᠎ᠠ ᠳᠤ ᠣᠷᠣᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠵᠤ᠂ ᠳᠠᠷᠤᠢ ᠳᠤ ᠨᠢ ᠬᠡᠷᠡᠭᠵᠢᠭᠦᠯᠵᠦ ᠳᠠᠷᠤᠢ ᠳᠤ ᠨᠢ ᠥᠭᠡᠷᠡᠴᠢᠯᠡᠬᠦ ᠪᠠ ᠣᠷᠳᠣ | ᠬᠤᠭᠤᠴᠠᠭ᠎ᠠ ᠪᠠᠷ ᠪᠠᠷᠢᠮᠲᠠᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠨᠠᠷᠢᠨ ᠬᠠᠭᠤᠳᠠᠰᠤ ᠶᠢᠨ ᠳ᠋ᠤᠭᠠᠷ ᠢ ᠬᠠᠰᠤᠬᠤ ᠬᠠᠮᠢᠶᠠᠷᠤᠯᠲᠠ ᠶᠢ | ᠦᠷᠭᠦᠯᠵᠢᠯᠡᠨ ᠬᠡᠷᠡᠭᠵᠢᠭᠦᠯᠵᠦ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠢ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠵᠤ᠂ ᠠᠰᠠᠭᠤᠳᠠᠯ ᠤᠨ | ᠳᠠᠬᠢᠨ ᠡᠭᠦᠰᠬᠦ ᠠᠴᠠ ᠰᠡᠷᠭᠡᠶᠢᠯᠡᠨ᠎ᠡ︔ ᠴᠡᠭᠴᠡᠯᠡᠨ ᠰᠠᠶᠢᠵᠢᠷᠠᠭᠤᠯᠤᠭᠰᠠᠨ ᠦᠭᠡᠢ ᠶᠢ ᠨᠢ ᠴᠢᠩᠭ᠎ᠠ ᠠᠳᠬᠤᠵᠤ᠂ ᠠᠰᠠᠭᠤᠳᠠᠯ ᠤᠨ ᠬᠤᠭᠤᠰᠣᠳᠠᠬᠤ | ᠰᠡᠷᠭᠡᠶᠢᠯᠡᠬᠦ ᠶᠢᠨ ᠬᠠᠮᠲᠤ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ︽ᠡᠷᠭᠢᠵᠦ ᠪᠤᠴᠠᠨ ᠬᠠᠷᠠᠬᠤ︾ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ 14 | ᠵᠦᠢᠯ ᠤᠨ ᠨᠠᠷᠢᠨ ᠬᠠᠭᠤᠳᠠᠰᠤ ᠲᠠᠢ ᠬᠠᠷᠢᠴᠠᠭᠤᠯᠤᠨ ᠵᠦᠷᠢᠶ᠎ᠡ ᠪᠠᠨ ᠡᠷᠢᠬᠦ ᠪᠠᠷ ᠪᠠᠷᠠᠬᠤ ᠦᠭᠡᠢ ᠴᠢᠨᠠᠷᠯᠢᠭ ᠪᠥᠭᠡᠳ ᠲᠡᠩᠴᠡᠭᠦᠷᠢᠲᠡᠢ ᠪᠠᠶᠢᠬᠤ ᠪᠠᠷᠢᠮᠵᠢᠶ᠎ᠠ ᠲᠠᠢ | ᠬᠠᠷᠢᠴᠠᠭᠤᠯᠤᠨ ᠨᠠᠷᠢᠨ ᠳᠠᠩᠰᠠ ᠪᠤᠳᠤᠬᠤ ᠬᠡᠷᠡᠭᠲᠡᠢ᠃ | ︵ᠬᠤᠶᠠᠷ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠳ᠋ ᠤᠨ ᠵᠠᠰᠠᠭ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠰᠤᠷᠭᠠᠭᠤᠯᠢ ᠡᠷᠭᠢᠯᠡᠬᠦ | ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ︽ᠭᠤᠷᠪᠠ ᠶᠢ ᠨᠡᠮᠡᠭᠳᠡᠭᠦᠯᠬᠦ︾ ︽ᠬᠤᠶᠠᠷ ᠢ ᠨᠡᠮᠡᠭᠳᠡᠭᠦᠯᠬᠦ ᠠᠴᠠ ᠪᠢᠰᠢ | ᠬᠠᠰᠤᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠢᠭᠡᠳᠦᠯᠲᠡᠶ | ᠲᠥᠯᠥᠪᠯᠡᠨ ᠬᠠᠮᠢᠶᠠᠷᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ ᠵᠠᠷᠤᠯᠭ᠎ᠠ ᠶᠢᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠣᠬᠢᠶᠠᠵᠤ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠴᠢᠨᠠᠷᠯᠢᠭ ᠪᠥᠭᠡᠳ ᠲᠡᠩᠴᠡᠭᠦᠷᠢᠲᠡᠶ ᠪᠠᠶᠢᠯᠭᠠᠬᠤ ᠬᠠᠮᠢᠶ᠎ᠠ | ᠪᠥᠬᠦᠶ ᠪᠠᠷᠢᠮᠵᠢᠶ᠎ᠠ ᠲᠠᠢ ᠬᠠᠷᠢᠴᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠤᠯᠳ᠋᠊ ᠶᠢᠨ ᠪᠠᠶᠢᠭᠤᠯᠤᠯᠲᠠ ᠶᠢ | ᠠᠬᠢᠭᠤᠯᠤᠨ᠎ᠠ᠃ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠥᠯᠥᠪᠵᠢᠭᠦᠯᠵᠦ᠂ ᠰᠢᠶᠠᠩ ᠪᠠᠯᠭᠠᠰᠤ ᠶᠢᠨ | ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠣᠯᠤᠨ ᠮᠠᠯᠵᠢᠬᠤ ᠲᠠᠷᠢᠶᠠᠯᠠᠬᠤ ᠣᠷᠣᠨ ᠤ ᠪᠠᠭ᠎ᠠ ᠬᠡᠪᠴᠢᠶᠡᠨ ᠤ ᠰᠤᠷᠭᠠᠭᠤᠯᠢ ᠶᠢᠨ ᠪᠥᠲᠥᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠲᠠ ᠪᠠᠯᠭᠠᠰᠤ ᠶᠢᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠭᠦᠢᠴᠡᠳ ᠪᠠᠲᠤᠯᠠᠵᠤ᠂ ᠬᠤᠲᠠ | ᠪᠠᠯᠭᠠᠰᠤ ᠶᠢᠨ ᠰᠤᠷᠭᠠᠭᠤᠯᠢ ᠶᠢᠨ ᠶᠡᠭᠡ ᠠᠩᠭᠢ ᠶᠢᠨ ᠲᠤᠭ᠎ᠠ ᠶᠢ ᠠᠯᠬᠤᠮ ᠠᠯᠬᠤᠮ ᠢᠶᠠᠷ ᠴᠥᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠳᠤᠲᠠᠭᠤᠳᠠᠯ ᠤᠨ ᠠᠰᠠᠭᠤᠳᠠᠯ ᠢ ᠰᠢᠢᠳᠪᠦᠷᠢᠯᠡᠨ᠎ᠡ᠃ | ︵ᠭᠤᠷᠪᠠ︶ ᠪᠠᠭᠰᠢ ᠶᠢᠨ ᠬᠦᠯᠦᠰᠦ ᠣᠯᠭᠤᠮᠵᠢ ᠶᠢ ᠪᠠᠲᠤᠯᠠᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠯᠭᠤᠮᠵᠢ ᠶᠢ ᠪᠠᠲᠤᠯᠠᠬᠤ ᠠᠵᠢᠯ ᠤᠨ ᠲᠤᠬᠠᠶ ᠤᠯᠤᠰ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ | ᠲᠦᠪᠰᠢᠨ ᠢ ᠲᠤᠬᠠᠶ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠲᠦᠪᠰᠢᠨ ᠠᠴᠠ ᠳᠣᠤᠷ᠎ᠠ ᠪᠠᠶᠢᠯᠭᠠᠬᠤ ᠥᠬᠡᠶ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠲᠤᠳᠬᠠᠵᠤ᠂ ᠪᠠᠭᠰᠢ ᠶᠢᠨ ᠬᠥᠯᠥᠰᠥ ᠣᠯᠭᠤᠮᠵᠢ ᠶᠢ | ᠰᠠᠶᠢᠲᠤᠷ ᠪᠠᠲᠤᠯᠠᠨ᠎ᠠ᠃ ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠥᠷᠥᠯ ᠢ ᠤᠷᠢᠳ ᠢᠶᠠᠷ ᠪᠣᠳᠣᠯᠬᠢᠯᠠᠬᠤ ᠵᠠᠷᠴᠢᠮ ᠶᠣᠰᠣᠭᠠᠷ᠂ ᠪᠠᠭᠰᠢ ᠡᠯᠰᠡᠬᠦ ᠣᠨ ᠤ | ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠷ ᠲᠣᠭᠲᠠᠭᠠᠨ᠎ᠠ᠃ ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠥᠷᠥᠯ ᠤᠨ | ᠰᠢᠯᠭᠠᠯᠲᠠ ᠶᠢᠨ ᠬᠠᠷᠢᠴᠠᠯ ᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ ᠪᠣᠯᠤᠨ᠎ᠠ᠂ ᠪᠠᠰᠠ ᠰᠢᠭᠤᠳ ᠨᠢᠭᠤᠷᠲᠠᠨ ᠰᠢᠯᠭᠠᠬᠤ ᠪᠠ ᠰᠢᠯᠭᠠᠨ ᠪᠠᠶᠢᠴᠠᠭᠠᠬᠤ ᠠᠷᠭ᠎ᠠ | ᠮᠠᠶ᠋ᠢᠭ ᠢᠶᠠᠷ ᠤᠷᠢᠨ ᠬᠡᠷᠡᠭᠯᠡᠵᠦ ᠪᠣᠯᠤᠨ᠎ᠠ᠃ ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠥᠷᠥᠯ ᠤᠨ ᠪᠠᠭᠰᠢ ᠡᠯᠰᠡᠬᠦ ᠳᠤ ᠲᠥᠷᠥ ᠶᠢᠨ ᠪᠣᠳᠣᠯᠭ᠎ᠠ ᠶᠢᠨ | ᠲᠠᠯ᠎ᠠ ᠪᠠᠷ ᠬᠡᠯᠪᠠᠶᠢᠯᠭᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠠᠳᠠᠯᠢ ᠱᠠᠲᠤᠨ ᠤ ᠡᠳ᠋ ᠤᠨ | ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠬᠤ ᠪᠠ ᠳᠤᠮᠳᠠᠳᠤ ᠪᠠᠭ᠎ᠠ ᠰᠤᠷᠭᠠᠭᠤᠯᠢ ᠶᠢᠨ ᠣᠨ ᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠲᠥᠰᠦᠪ ᠤᠨ | ᠶᠡᠷᠦᠩᠬᠡᠶ ᠲᠣᠭᠠᠨ ᠤ 5% ᠪᠠᠷ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠳᠣᠭᠢᠷᠠᠭᠤᠯᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ | ᠃ | ︵ᠳᠥᠷᠪᠡ︶ ᠲᠡᠩᠴᠡᠭᠦᠷᠢᠰᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ | ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠥᠯᠥᠪᠵᠢᠭᠦᠯᠭᠡ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ | ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠡᠬᠢ ᠪᠠᠶᠠᠯᠢᠭ ᠢ ᠥᠷᠭᠡᠳᠬᠡᠵᠦ᠂ ᠠᠷᠠᠳ ᠠᠴᠠ ᠡᠷᠬᠢᠯᠡᠭᠰᠡᠨ ᠠᠯᠪᠠᠨ | ᠵᠢᠷᠤᠮ ᠤᠨ ᠰᠤᠷᠭᠠᠨ ᠬᠥᠮᠥᠵᠢᠯ ᠤᠨ ᠬᠥᠭᠵᠢᠯᠲᠡ ᠶᠢ ᠪᠦᠬᠦ ᠲᠠᠯ᠎ᠠ ᠪᠠᠷ ᠵᠢᠷᠤᠮᠵᠢᠭᠤᠯᠤᠨ᠎ᠠ᠃ ︽ᠪᠥᠯᠥᠭᠯᠡᠯ ᠪᠣᠯᠭᠠᠬᠤ︾᠂ ︽ᠬᠤᠯᠪᠣᠭᠠᠯᠠᠬᠤ ᠲᠦᠷᠢᠮ︾ | ᠢᠶᠠᠷ ᠰᠤᠷᠭᠠᠭᠤᠯᠢ ᠡᠷᠬᠢᠯᠡᠬᠦ ᠶᠢ ᠢᠳᠡᠪᠬᠢᠲᠡᠶ ᠠᠬᠢᠭᠤᠯᠵᠤ᠂ ᠬᠤᠯᠪᠣᠭᠠᠯᠠᠵᠤ ᠵᠢᠭᠠᠨ ᠰᠤᠳᠤᠯᠬᠤ ᠲᠦᠷᠢᠮ ᠢ ᠲᠡᠭᠦᠯᠳᠡᠷᠵᠢᠭᠦᠯᠦᠨ᠂ ᠴᠢᠨᠠᠷᠯᠢᠭ ᠰᠤᠷᠭᠠᠨ | ᠬᠥᠮᠦᠵᠢᠯ ᠤᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ | ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠨᠥᠬᠦᠴᠡᠯ ᠪᠦᠷᠢᠯᠳᠦᠭᠦᠯᠦᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠠᠯᠪᠠᠨ ᠵᠢᠷᠤᠮ ᠤᠨ ᠰᠤᠷᠭᠠᠨ | ᠬᠥᠮᠦᠵᠢᠯ ᠢ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠭᠦᠯᠦᠭᠰᠡᠨ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠯᠭᠠᠬᠤ ᠶᠢ ᠢᠳᠡᠪᠬᠢᠲᠡᠶ ᠪᠠᠷ ᠭᠤᠶᠤᠴᠢᠯᠠᠨ | ᠮᠡᠳᠡᠭᠦᠯᠬᠦ ᠶᠢ ᠵᠣᠷᠢᠭᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ | ᠢᠯᠡ ᠪᠠᠷ ᠰᠣᠷᠣᠭᠴᠢ ᠡᠯᠰᠡᠬᠦ ᠶᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠴᠢᠳᠠᠪᠤᠷᠢᠲᠠᠨ ᠪᠣᠯᠬᠤ ᠦᠵᠡᠯᠲᠡ ᠶᠢ ᠪᠤᠢ ᠪᠣᠯᠭᠠᠵᠤ᠂ ᠰᠤᠷᠭᠠᠭᠤᠯᠢ | ᠳᠡᠪᠰᠢᠬᠦ ᠭᠦᠢᠴᠡᠳᠬᠡᠯ ᠲᠤᠭ᠎ᠠ ᠪᠠᠭᠤᠯᠭᠠᠬᠤ ᠪᠤᠶᠤ ᠰᠤᠷᠭᠠᠭᠤᠯᠢ ᠳᠡᠪᠰᠢᠬᠦ ᠨᠤᠷᠮ᠎ᠠ ᠪᠠᠷ ᠰᠤᠷᠭᠠᠭᠤᠯᠢ ᠪᠠ ᠪᠠᠭᠰᠢ ᠶᠢ ᠥᠷᠥᠭᠡᠰᠦᠭᠡᠯ ᠢᠶᠠᠷ ᠦᠨᠡᠯᠡᠬᠦ ᠶᠢ | ᠴᠢᠩᠭ᠎ᠠ ᠴᠠᠭᠠᠵᠠᠯᠠᠨ᠎ᠠ᠃ ︽ᠲᠠᠪᠤᠨ ᠵᠦᠢᠯ ᠤᠨ ᠬᠠᠮᠢᠶᠠᠷᠤᠯᠲᠠ︾ ᠶᠢ ᠪᠥᠬᠦ ᠲᠠᠯ᠎ᠠ ᠪᠠᠷ ᠴᠢᠩᠭᠠᠳᠬᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠦᠨ᠂ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ︵ᠲᠠᠪᠤ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠶ ᠪᠠᠷ ᠡᠭᠦᠳᠦᠨ ᠪᠠᠶᠢᠭᠤᠯᠬᠤ ᠠᠵᠢᠯ ᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠪᠥᠬᠦ ᠲᠠᠯ᠎ᠠ ᠪᠠᠷ ᠡᠬᠢᠯᠡᠭᠦᠯᠦᠨ᠎ᠡ᠃ | ᠪᠦᠬᠦ ᠲᠠᠯ᠎ᠠ ᠪᠠᠷ ᠬᠥᠭᠵᠢᠭᠦᠯᠬᠦ ᠣᠨᠣᠯᠵᠢᠬᠤᠨ ᠨᠢ ᠨᠡᠩ ᠢᠯᠡ ᠲᠣᠳᠣ᠂ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ | ᠲᠦᠪᠰᠢᠨ ᠨᠢ ᠨᠡᠩ ᠥᠨᠳᠥᠷ᠂ ᠪᠠᠭᠰᠢ ᠶᠢᠨ ᠡᠩᠨᠡᠭᠡ ᠨᠢ ᠨᠡᠩ ᠬᠦᠴᠦᠷᠬᠡᠭ᠂ ᠠᠷᠠᠳ ᠣᠯᠠᠨ ᠨᠡᠩ ᠬᠠᠨᠤᠮᠵᠢᠲᠠᠶ ᠪᠠᠶᠢᠬᠤ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠨᠠᠷᠯᠢᠭ ᠪᠥᠭᠡᠳ ᠲᠡᠩᠴᠡᠭᠦᠷᠢᠲᠡᠶ ᠪᠠᠷ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠶ ᠱᠠᠭᠠᠷᠳᠠᠯᠭ᠎ᠠ᠂ ᠭᠤᠶᠤᠴᠢᠯᠠᠨ ᠮᠡᠳᠡᠭᠦᠯᠬᠦ ᠬᠢᠷᠢ | ᠬᠡᠮ ᠤᠨ ᠨᠥᠬᠦᠴᠡᠯ᠂ ᠠᠭᠤᠯᠤᠭᠳᠠᠬᠤᠨ ᠪᠠ ᠴᠢᠬᠤᠯᠠ ᠠᠭᠤᠯᠭ᠎ᠠ᠂ ᠦᠨᠡᠯᠡᠨ ᠵᠢᠱᠢᠬᠦ ᠪᠠᠷᠢᠮᠵᠢᠶ᠎ᠠ ᠪᠠ ᠡᠭᠦᠳᠦᠨ ᠪᠠᠶᠢᠭᠤᠯᠬᠤ ᠠᠷᠭ᠎ᠠ ᠶᠢ ᠭᠦᠨᠵᠡᠭᠡᠶ | ᠰᠤᠳᠤᠯᠵᠤ᠂ ︽ᠰᠤᠷᠭᠠᠭᠤᠯᠢ ᠪᠦᠬᠦᠨ ᠪᠠᠷᠢᠮᠵᠢᠶ᠎ᠠ ᠳᠤ ᠬᠦᠷᠴᠦ᠂ ᠲᠥᠷᠥᠯ ᠵᠦᠢᠯ ᠪᠦᠬᠦᠨ ᠪᠠᠷᠢᠮᠵᠢᠶ᠎ᠠ ᠳᠤ ᠬᠦᠷᠬᠦ︾ ᠭᠦᠢᠴᠡᠳᠬᠡᠯ ᠲᠣᠭᠠᠨ ᠤ | ᠲᠣᠭᠲᠠᠯᠴᠠᠭ᠎ᠠ ᠲᠠᠢ ᠬᠠᠷᠢᠴᠠᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠰᠤᠷᠭᠠᠭᠤᠯᠢ ᠬᠤᠪᠢᠶᠠᠨ ᠣᠳᠣᠬᠢ ᠪᠠᠶᠢᠳᠠᠯ ᠢ ᠰᠢᠰᠲ᠋ᠧᠮ ᠲᠠᠢ ᠪᠠᠷ | ᠡᠮᠬᠢᠯᠡᠨ ᠳᠢᠭᠯᠡᠵᠦ᠂ ᠵᠥᠷᠢᠶ᠎ᠡ ᠪᠠ ᠠᠰᠠᠭᠤᠳᠠᠯ ᠢ ᠡᠷᠢᠵᠦ᠂ ᠢᠳᠡᠪᠬᠢᠲᠡᠶ ᠪᠠᠷ ᠤᠷᠤᠭᠰᠢᠯᠠᠨ ᠳᠠᠪᠰᠢᠬᠤ ᠮᠥᠷᠲᠡᠭᠡᠨ ᠦᠨᠡᠨ ᠠᠴᠠ ᠵᠥᠪ ᠢ ᠡᠷᠢᠬᠦ ᠵᠠᠷᠴᠢᠮ ᠢ | ᠪᠠᠷᠢᠮᠲᠠᠯᠠᠨ᠂ ᠦᠨᠳᠦᠰᠦᠨ ᠳᠤ ᠪᠠᠨ ᠲᠡᠩᠴᠡᠭᠦᠷᠢᠲᠡᠶ ᠪᠠᠬᠢᠵᠢᠭᠦᠯᠬᠦ ᠬᠢᠷᠢ ᠲᠦᠪᠰᠢᠨ ᠢ ᠪᠣᠳᠣᠯᠬᠢᠯᠠᠬᠤ ᠮᠥᠷᠲᠡᠭᠡᠨ ᠴᠢᠨᠠᠷᠯᠢᠭ ᠪᠥᠭᠡᠳ ᠲᠡᠩᠴᠡᠭᠦᠷᠢᠲᠡᠶ ᠪᠠᠷ | ᠡᠭᠦᠳᠦᠨ ᠪᠠᠶᠢᠭᠤᠯᠬᠤ ᠰᠠᠭᠤᠷᠢ ᠶᠢ ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ | ᠲᠡᠩᠴᠡᠭᠦᠷᠢᠲᠡᠶ ᠪᠠᠶᠢᠬᠤ ᠶᠢ ᠰᠢᠮᠳᠠᠭᠤᠯᠤᠨ ᠵᠢᠯᠣᠭᠤᠳᠴᠤ ᠦᠨᠡᠯᠡᠨ ᠵᠢᠱᠢᠬᠦ ᠲᠥᠯᠥᠪᠵᠢᠭᠦᠯᠭᠡ ᠶᠢᠨ ᠲᠥᠰᠦᠯ ᠢ ᠰᠠᠶᠢᠲᠤᠷ ᠰᠤᠳᠤᠯᠤᠨ ᠲᠣᠭᠲᠠᠭᠠᠵᠤ᠂ | ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠪᠠᠷ ᠴᠢᠨᠠᠷᠯᠢᠭ ᠪᠥᠭᠡᠳ ᠲᠡᠩᠴᠡᠭᠦᠷᠢᠲᠡᠶ ᠪᠠᠷ ᠡᠭᠦᠳᠦᠨ ᠪᠠᠶᠢᠭᠤᠯᠬᠤ ᠠᠵᠢᠯ ᠢ ᠬᠥᠲᠥᠯᠦᠨ ᠳᠠᠭᠠᠭᠤᠯᠤᠨ᠎ᠠ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2021 ᠣᠨ ᠤ 12 ᠰᠠᠷ᠎ᠠ ᠶᠢᠨ 27 ᠤ ᠡᠳᠦᠷ | |