︹2021︺ 4 ᠳ᠋ᠦ᠋ᠭᠡᠷ ᠲᠣᠭᠠᠲᠤ | 2022 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠰᠠᠶᠢᠲᠤᠷ ᠬᠢᠵᠦ᠂ ᠠᠷᠠᠳ ᠣᠯᠠᠨ ᠤ ᠠᠮᠤᠷ ᠲᠦᠪᠰᠢᠨ᠂ ᠥᠯᠵᠡᠶ ᠪᠡᠯᠭᠡ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ | ᠲᠤᠰᠠᠳᠠ᠂ ᠡᠳᠦᠭᠡ ᠮᠠᠨ ᠤ ᠣᠷᠣᠨ ᠤ ︽ᠬᠤᠶᠠᠷ ᠪᠠᠶᠠᠷ︾ ᠤᠨ ᠬᠤᠭᠤᠴᠠᠭᠠᠨ ᠳᠠᠬᠢ ᠬᠥᠮᠦᠰ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠶᠠᠪᠤᠵᠤ | ᠰᠠᠭᠤᠬᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠪᠠ᠄ | ᠨᠢᠭᠡ᠂ ᠨᠡᠶᠢᠲᠡ ᠣᠯᠠᠨ ᠢᠶᠠᠷ ᠢᠶᠠᠨ ᠲᠤᠬᠠᠶ ᠶᠢᠨ ᠭᠠᠵᠠᠷ ᠲᠤ ᠪᠠᠨ ᠰᠢᠨᠡᠯᠡᠬᠦ ᠶᠢ ᠵᠣᠷᠢᠭᠵᠢᠭᠤᠯᠵᠤ᠂ ᠪᠥᠬᠦ ᠣᠷᠣᠨ ᠤ ᠨᠠᠮ ᠤᠨ ᠭᠡᠰᠢᠭᠦᠨ ᠤᠳᠤᠷᠢᠳᠬᠤ | ᠺᠠᠳ᠋ᠷ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠶᠢᠨ ᠠᠵᠢᠯᠲᠠᠳ ᠠᠴᠠ ᠲᠦᠷᠦᠭᠦᠯᠡᠨ | ᠲᠤᠬᠠᠶ ᠶᠢᠨ ᠭᠠᠵᠠᠷ ᠲᠤ ᠪᠠᠨ ᠰᠢᠨᠡᠯᠡᠬᠦ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ᠂ ᠳᠤᠮᠳᠠ᠂ ᠥᠨᠳᠥᠷ ᠳᠡᠰ ᠤᠨ ᠲᠥᠭᠰᠢᠭᠦᠷᠢᠲᠦ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠦᠰ ᠤᠨ | ᠭᠠᠳᠠᠭᠰᠢ ᠭᠠᠷᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠠᠶᠢᠮᠠᠭ ᠬᠤᠲᠠ ᠶᠢᠨ | ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠦᠰ ᠴᠢᠬᠤᠯᠠ ᠥᠬᠡᠶ ᠪᠣᠯ ᠭᠠᠳᠠᠭᠰᠢ ᠭᠠᠷᠬᠤ ᠥᠬᠡᠶ ᠪᠠᠶᠢᠵᠤ᠂ ᠦᠨᠡᠨ ᠬᠦ ᠭᠠᠳᠠᠭᠰᠢ ᠭᠠᠷᠬᠤ | ᠴᠢᠬᠤᠯᠠ ᠲᠠᠢ ᠪᠣᠯ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠃ | ᠭᠤᠷᠪᠠ᠂ ᠤᠯᠤᠰ ᠤᠨ ᠳᠣᠲᠣᠭᠠᠳᠤ ᠶᠢᠨ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ | ᠲᠣᠭᠤᠷᠢᠭ︶ ᠳᠤ ᠣᠴᠢᠬᠤ ᠶᠢ ᠴᠢᠩᠭ᠎ᠠ ᠬᠢᠵᠠᠭᠠᠷᠯᠠᠵᠤ᠂ ᠤᠯᠤᠰ ᠤᠨ ᠳᠣᠲᠣᠭᠠᠳᠤ ᠶᠢᠨ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ | ᠪᠠᠶᠢᠭ᠎ᠠ ᠠᠶᠢᠮᠠᠭ ᠬᠤᠲᠠ ᠶᠢᠨ ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠴᠢᠬᠤᠯᠠ ᠦᠭᠡᠢ ᠪᠣᠯ ᠣᠴᠢᠵᠤ ᠪᠣᠯᠬᠤ ᠦᠭᠡᠢ᠃ ᠦᠨᠡᠨ ᠬᠦ | ᠣᠴᠢᠬᠤ ᠴᠢᠬᠤᠯᠠ ᠲᠠᠢ ᠪᠣᠯ ᠪᠥᠬᠦ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠬᠥᠮᠦᠨ ᠣᠯᠠᠨ ᠭᠠᠵᠠᠷ ᠲᠤ ᠣᠴᠢᠬᠤ ᠠᠴᠠ | ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃ ᠪᠤᠴᠠᠬᠤ ᠠᠴᠠ ᠪᠠᠨ ᠡᠮᠦᠨ᠎ᠡ᠂ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ | ᠪᠠᠶᠢᠭᠤᠯᠭ᠎ᠠ ᠨᠢᠭᠡᠴᠢ ᠳᠤ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ︔ ᠪᠤᠴᠠᠵᠤ ᠢᠷᠡᠭᠰᠡᠨ ᠤ ᠳᠠᠷᠠᠭ᠎ᠠ᠂ ᠬᠠᠷᠢᠶ᠎ᠠ ᠭᠠᠵᠠᠷ ᠤᠨ ᠬᠠᠮᠢᠶ᠎ᠠ ᠪᠥᠬᠦᠶ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ | ᠳᠥᠷᠪᠡ᠂ ᠮᠠᠨ ᠤ ᠣᠷᠣᠨ ᠤ ᠮᠠᠨᠵᠤᠤᠷ ᠬᠤᠲᠠ᠂ ᠡᠷᠭᠦᠨ᠎ᠡ ᠬᠤᠲᠠ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ | ᠡᠷᠢᠶᠡᠨ ᠬᠤᠲᠠ᠂ ᠵᠡᠭᠦᠨ ᠦᠵᠦᠮᠦᠴᠢᠨ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠡᠵᠡᠨ᠎ᠡ ᠬᠤᠰᠢᠭᠤ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ᠂ ᠷᠠᠰᠢᠶᠠᠨ ᠬᠤᠲᠠ ᠵᠡᠷᠭᠡ ᠬᠢᠯᠢ ᠶᠢᠨ ᠪᠣᠭᠤᠮᠲᠠ ᠶᠢᠨ ᠬᠤᠲᠠ ᠳᠤ ᠴᠢᠬᠤᠯᠠ ᠥᠬᠡᠶ ᠪᠣᠯ ᠣᠴᠢᠵᠤ ᠪᠣᠯᠬᠤ ᠦᠭᠡᠢ᠂ ᠦᠨᠡᠨ ᠬᠦ ᠣᠴᠢᠬᠤ | ᠴᠢᠬᠤᠯᠠ ᠲᠠᠢ ᠪᠣᠯ ᠬᠦᠷᠦᠭᠰᠡᠨ ᠤ ᠳᠠᠷᠠᠭ᠎ᠠ ᠨᠠᠭᠠᠳᠤ ᠵᠠᠬ᠎ᠠ ᠳᠤ ᠪᠠᠨ ᠨᠢᠭᠡ ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠬᠡᠷᠡᠭᠲᠡᠶ᠃ ᠡᠷᠭᠦᠨ᠎ᠡ | ᠬᠤᠲᠠ ᠶᠢᠨ ᠾᠧᠢ ᠱᠠᠨ ᠳᠧᠦ ᠪᠠᠯᠭᠠᠰᠤ᠂ ᠰᠢᠪᠡᠭᠡ ᠪᠠᠯᠭᠠᠰᠤ᠂ ᠰᠢᠨ᠎ᠡ ᠪᠠᠷᠭᠤ ᠵᠡᠭᠦᠨ ᠬᠤᠰᠢᠭᠤᠨ ᠤ ᠡᠪᠦᠳᠦᠭ ᠪᠠᠯᠭᠠᠰᠤ᠂ ᠰᠢᠨ᠎ᠡ ᠪᠠᠷᠭᠤ ᠪᠠᠷᠠᠭᠤᠨ | ᠬᠤᠰᠢᠭᠤᠨ ᠤ ᠠᠷᠤ ᠬᠠᠰᠢᠶᠠᠲᠤ ᠪᠠᠯᠭᠠᠰᠤ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠠᠯᠭᠠᠰᠤ᠂ ᠤᠷᠠᠳ ᠤᠨ ᠳᠤᠮᠳᠠᠳᠤ ᠬᠤᠰᠢᠭᠤᠨ ᠤ | ᠭᠠᠭᠴᠠᠮᠤᠳᠤ ᠪᠠᠯᠭᠠᠰᠤ᠂ ᠡᠵᠡᠨ᠎ᠡ ᠬᠤᠰᠢᠭᠤᠨ ᠤ ᠴᠡᠭᠡ ᠪᠠᠯᠭᠠᠰᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠨᠳᠤᠯ᠎ᠠ ᠪᠠᠯᠭᠠᠰᠤ ᠵᠡᠷᠭᠡ ᠬᠢᠯᠢ ᠶᠢᠨ | ᠪᠣᠭᠤᠮᠲᠠ ᠶᠢᠨ ᠬᠤᠲᠠ ᠪᠠᠯᠭᠠᠰᠤ ᠳᠤ ᠣᠴᠢᠬᠤ ᠬᠥᠮᠦᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ | ᠴᠢᠨᠠᠷ ᠤᠨ ᠭᠡᠷᠡᠴᠢ ᠪᠠᠶᠢᠬᠤ ᠬᠡᠷᠡᠭᠲᠡᠶ᠃ ᠳᠡᠭᠡᠷᠡᠬᠢ 10 ᠬᠢᠯᠢ ᠶᠢᠨ ᠪᠣᠭᠤᠮᠲᠠ ᠶᠢᠨ ᠬᠤᠲᠠ ᠠᠴᠠ ᠭᠠᠷᠬᠤ ᠬᠥᠮᠦᠰ ᠡᠷᠬᠡᠪᠰᠢ 48 ᠴᠠᠭ ᠤᠨ ᠳᠣᠲᠣᠷᠠᠬᠢ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠶ᠃ 14 ᠡᠳᠦᠷ ᠤᠨ ᠳᠣᠲᠣᠷ᠎ᠠ ᠳᠡᠭᠡᠷ᠎ᠡ ᠳᠤᠷᠠᠳᠤᠭᠰᠠᠨ 10 | ᠬᠢᠯᠢ ᠶᠢᠨ ᠪᠣᠭᠤᠮᠲᠠ ᠶᠢᠨ ᠬᠤᠳᠠ ᠳᠤ ᠵᠤᠭᠠᠴᠠᠨ ᠰᠠᠭᠤᠭᠰᠠᠨ ᠲᠡᠦᠬᠡ ᠲᠠᠢ ᠬᠥᠮᠦᠰ ᠤᠨ ᠪᠡᠭᠡᠵᠢᠩ ᠳᠤ ᠣᠷᠣᠬᠤ ᠶᠢ ᠴᠢᠩᠭ᠎ᠠ ᠬᠢᠵᠠᠭᠠᠷᠯᠠᠨ᠎ᠠ᠃ | ᠲᠠᠪᠤ᠂ ᠬᠠᠭᠤᠷᠠᠶ ᠵᠠᠮ᠂ ᠠᠭᠠᠷ ᠤᠨ ᠠᠶᠠᠯᠠᠯ ᠤᠨ ᠪᠣᠭᠤᠮᠲᠠ ᠶᠢᠨ ᠬᠢᠯᠢ ᠪᠠᠷ ᠣᠷᠣᠵᠤ ᠢᠷᠡᠭᠰᠡᠨ ᠬᠥᠮᠦᠰ᠂ ᠡᠳ᠋ ᠪᠣᠳᠠᠰ᠂ ᠣᠷᠴᠢᠨ ᠲᠣᠭᠤᠷᠢᠨ ᠲᠠᠢ | ᠣᠶᠢᠷᠠᠲᠤᠭᠰᠠᠨ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ ᠵᠢᠴᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ᠂ ᠴᠡᠭ ᠲᠣᠭᠲᠠᠭᠠᠭᠰᠠᠨ | ᠡᠮᠴᠢᠯᠡᠭᠡᠨ ᠤ ᠪᠠᠶᠢᠭᠤᠯᠤᠮᠵᠢ᠂ ᠬᠠᠯᠠᠭᠤᠷᠠᠯ ᠤᠨ ᠡᠭᠦᠳᠡᠨ ᠡᠮᠨᠡᠯᠭᠡ ᠵᠡᠷᠭᠡ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ ᠴᠢᠳᠠᠬᠤ ᠶᠢᠨ ᠬᠢᠷᠢ ᠪᠠᠷ | ᠭᠠᠳᠠᠭᠰᠢ ᠭᠠᠷᠬᠤ ᠠᠴᠠ ᠵᠠᠶᠢᠯᠠᠰᠬᠢᠬᠦ ᠬᠡᠷᠡᠭᠲᠡᠶ᠂ ᠦᠨᠡᠨ ᠬᠦ ᠭᠠᠳᠠᠭᠰᠢ ᠭᠠᠷᠬᠤ ᠴᠢᠬᠤᠯᠠ ᠲᠠᠢ ᠪᠣᠯ ᠠᠵᠢᠯ ᠤᠨ ᠪᠠᠶᠢᠷᠢ ᠠᠴᠠ ᠪᠠᠨ ᠰᠠᠯᠤᠭᠠᠳ 14 | ᠡᠳᠦᠷ ᠠᠴᠠ ᠳᠡᠭᠡᠭᠰᠢ ᠪᠣᠯᠤᠭᠰᠠᠨ ᠮᠥᠷᠲᠡᠭᠡᠨ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ | ᠬᠠᠩᠭᠠᠬᠤ ᠶᠢᠨ ᠬᠠᠮᠲᠤ ᠪᠠᠶᠢᠭ᠎ᠠ ᠪᠠᠶᠢᠭᠤᠯᠭ᠎ᠠ ᠨᠢᠭᠡᠴᠢ ᠳᠤ ᠪᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠵᠢᠷᠭᠤᠭ᠎ᠠ᠂ ᠬᠢᠯᠢ ᠪᠠᠷ ᠣᠷᠣᠵᠤ ᠢᠷᠡᠭᠰᠡᠳ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠳᠠᠯᠠᠵᠤ᠂ ᠬᠢᠯᠢ ᠪᠠᠷ ᠣᠷᠣᠵᠤ ᠢᠷᠡᠭᠰᠡᠳ ᠲᠤ ︽14 | ᠡᠳᠦᠷ ᠲᠥᠪᠯᠡᠷᠡᠭᠦᠯᠦᠨ ᠲᠤᠰᠠᠭᠠᠷᠯᠠᠬᠤ ᠪᠠ 7 ᠡᠳᠦᠷ ᠬᠡᠷ ᠲᠤ ᠪᠠᠨ ᠲᠤᠰᠠᠭᠠᠷᠯᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ | ᠬᠡᠷ ᠲᠤ ᠪᠠᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠥᠬᠡᠶ ᠪᠠᠶᠢᠪᠠᠯ ᠴᠥᠮ ᠲᠥᠪᠯᠡᠷᠡᠭᠦᠯᠦᠨ ᠲᠤᠰᠠᠭᠠᠷᠯᠠᠬᠤ ᠶᠢ ᠬᠡᠷᠡᠭᠵᠢᠭᠦᠯᠵᠦ᠂ ᠲᠥᠪᠯᠡᠷᠡᠭᠦᠯᠦᠨ | ᠲᠤᠰᠠᠭᠠᠷᠯᠠᠵᠤ ᠠᠵᠢᠭᠯᠠᠬᠤ 1᠂ 4᠂ 7᠂ 10᠂ 14 ᠳ᠋ᠦ᠋ᠭᠡᠷ ᠡᠳᠦᠷ ᠵᠢᠴᠢ ᠬᠡᠷ ᠲᠤ ᠪᠠᠨ ᠲᠤᠰᠠᠭᠠᠷᠯᠠᠬᠤ 2᠂ 7 ᠡᠳᠦᠷ ᠲᠤ ᠲᠣᠰ ᠲᠣᠰ 1 ᠤᠳᠠᠭ᠎ᠠ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠬᠡᠷᠡᠭᠲᠡᠢ᠃ | ᠳᠣᠯᠤᠭ᠎ᠠ᠂ ᠤᠯᠤᠰ ᠤᠨ ᠳᠣᠲᠣᠭᠠᠳᠤ ᠶᠢᠨ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ | ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ ᠳᠡᠰ ᠤᠨ | ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠮᠠᠨ ᠤ ᠣᠷᠣᠨ ᠳᠤ ᠢᠷᠡᠭᠰᠡᠨ ︵ᠪᠤᠴᠠᠭᠰᠠᠨ︶ ᠬᠥᠮᠦᠰ ᠲᠤ | ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠬᠤᠰᠢᠭᠤ ᠰᠢᠶᠠᠨ ︵ | ᠬᠤᠲᠠ᠂ ᠲᠣᠭᠤᠷᠢᠭ︶ ᠠᠴᠠ ᠮᠠᠨ ᠤ ᠣᠷᠣᠨ ᠳᠤ ᠢᠷᠡᠭᠰᠡᠨ ︵ᠪᠤᠴᠠᠭᠰᠠᠨ︶ ᠬᠥᠮᠦᠰ ᠲᠤ ᠴᠥᠮ ︽14 ᠡᠳᠦᠷ ᠬᠡᠷ ᠲᠤ ᠪᠠᠨ ᠲᠤᠰᠠᠭᠠᠷᠯᠠᠬᠤ + 5 | ᠤᠳᠠᠭ᠎ᠠ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ | ᠨᠠᠢᠮᠠ᠂ ᠡᠯ᠎ᠡ ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠠᠵᠤ ᠠᠬᠤᠶᠢᠯᠠᠯ ᠤᠳ ᠳᠤᠮᠳᠠ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ | ᠮᠤᠵᠢ ︵ᠣᠷᠣᠨ᠂ ᠬᠤᠲᠠ︶ ᠶᠢᠨ ᠮᠤᠵᠢ ᠠᠯᠤᠰᠯᠠᠭᠰᠠᠨ ᠪᠦᠯᠬᠦᠮ ᠨᠡᠶᠢᠲᠡ ᠶᠢᠨ ᠵᠢᠭᠤᠯᠴᠢᠯᠠᠯ ᠵᠢᠴᠢ ︽ᠨᠢᠰᠬᠡᠯ ᠤᠨ ᠪᠢᠯᠧᠲ + ᠪᠠᠭᠤᠳᠠᠯ︾ ᠤᠨ | ᠲᠤᠬᠠᠶᠢᠯᠠᠭᠰᠠᠨ ᠠᠵᠢᠯ ᠢᠶᠠᠨ ᠲᠦᠷ ᠵᠣᠭᠰᠣᠭᠠᠵᠤ᠂ ᠡᠬᠡ ᠬᠠᠭᠤᠷᠠᠶ ᠶᠢᠨ ᠬᠢᠯᠢ ᠶᠢᠨ ᠪᠣᠭᠤᠮᠲᠠ ᠶᠢᠨ ᠬᠤᠲᠠ ᠶᠢᠨ ᠪᠦᠯᠬᠦᠮ ᠨᠡᠶᠢᠲᠡ ᠶᠢᠨ ᠵᠢᠭᠤᠯᠴᠢᠯᠠᠯ ᠵᠢᠴᠢ | ︽ᠨᠢᠰᠬᠡᠯ ᠤᠨ ᠪᠢᠯᠧᠲ + ᠪᠠᠭᠤᠳᠠᠯ︾ ᠤᠨ ᠲᠤᠬᠠᠶᠢᠯᠠᠭᠰᠠᠨ ᠠᠵᠢᠯ ᠢᠶᠠᠨ ᠲᠦᠷ ᠵᠣᠭᠰᠣᠭᠠᠬᠤ ᠬᠡᠷᠡᠭᠲᠡᠢ᠃ | ᠶᠢᠰᠦ᠂ ᠬᠠᠯᠠᠭᠤᠷᠠᠵᠤ ᠪᠠᠶᠢᠭ᠎ᠠ ᠡᠪᠡᠳᠴᠢᠲᠡᠨ᠂ ᠡᠷᠡᠭᠦᠯ ᠮᠡᠨᠳᠦ ᠶᠢᠨ ᠺᠣᠳ᠋ ᠨᠢ ︽ᠰᠢᠷ᠎ᠠ ᠺᠣᠳ᠋︾ ᠪᠣᠯᠣᠭᠰᠠᠨ ᠬᠥᠮᠦᠰ ᠬᠤᠪᠢ ᠬᠥᠮᠦᠨ ᠤ ᠰᠡᠷᠭᠡᠶᠢᠯᠡᠨ | ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠭᠡᠵᠦ᠂ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ | ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠬᠠᠯᠳᠠᠪᠤᠷᠢᠯᠠᠬᠤ ᠲᠦᠭᠰᠢᠭᠦᠷᠢ ᠶᠢ ᠠᠷᠢᠯᠭᠠᠬᠤ ᠠᠴᠠ ᠡᠮᠦᠨ᠎ᠡ ᠭᠠᠳᠠᠭᠰᠢ ᠶᠠᠪᠤᠬᠤ ᠥᠬᠡᠶ᠂ ᠰᠢᠯᠵᠢᠬᠦ ᠥᠬᠡᠶ᠂ | ᠴᠤᠭᠯᠠᠷᠠᠬᠤ ᠥᠬᠡᠶ ᠪᠠᠶᠢᠬᠤ ᠬᠡᠷᠡᠭᠲᠡᠶ᠃ | ᠠᠷᠪᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢᠨ ᠴᠢᠯᠥᠭᠡ ᠲᠠᠯᠪᠢᠬᠤ ᠴᠠᠭ ᠢ ᠰᠢᠯᠢᠳᠡᠭᠵᠢᠭᠦᠯᠦᠨ | ᠳᠣᠭᠢᠷᠠᠭᠤᠯᠵᠤ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠵᠦ ᠰᠤᠷᠭᠠᠭᠤᠯᠢ ᠳᠤ ᠪᠠᠨ ᠪᠤᠴᠠᠬᠤ ᠶᠢ ᠣᠷᠭᠢᠯ ᠦᠶ᠎ᠡ ᠠᠴᠠ ᠵᠥᠷᠢᠭᠦᠯᠦᠨ | ᠳᠣᠭᠢᠷᠠᠭᠤᠯᠵᠤ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠰᠤᠷᠭᠠᠭᠤᠯᠢ ᠳᠤ ᠪᠠᠨ ᠦᠯᠡᠳᠡᠭᠰᠡᠨ ᠰᠤᠷᠤᠭᠴᠢᠳ ᠤᠨ ᠬᠠᠮᠢᠶᠠᠷᠤᠯᠲᠠ ᠦᠢᠯᠡᠴᠢᠯᠡᠭᠡ ᠶᠢ | ᠰᠠᠶᠢᠲᠤᠷ ᠬᠢᠬᠦ ᠬᠡᠷᠡᠭᠲᠡᠢ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ | ᠬᠤᠳᠠᠯᠳᠤᠭᠠᠨ ᠤ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠦᠷᠦᠩᠭᠡ ᠵᠡᠷᠭᠡ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠠᠮᠠᠷᠠᠯᠲᠠ ᠲᠠᠯᠪᠢᠬᠤ ᠪᠠ | ᠠᠵᠢᠯ ᠢᠶᠠᠨ ᠰᠡᠷᠭᠦᠭᠡᠬᠦ ᠴᠠᠭ ᠢ ᠵᠦᠢ ᠵᠣᠬᠢᠰᠲᠠᠶ ᠲᠣᠬᠢᠷᠠᠭᠤᠯᠵᠤ᠂ ᠬᠦᠴᠦᠨ ᠤ ᠠᠵᠢᠯ ᠬᠢᠭᠰᠡᠳ ᠤᠨ ᠤᠷᠬᠢᠯ ᠤᠨ ᠬᠤᠭᠤᠴᠠᠭ᠎ᠠ ᠶᠢ ᠵᠥᠷᠢᠭᠦᠯᠦᠨ | ᠨᠤᠲᠤᠭ ᠲᠤ ᠪᠠᠨ ᠪᠤᠴᠠᠬᠤ ᠪᠠ ᠠᠵᠢᠯ ᠤᠨ ᠪᠠᠶᠢᠷᠢ ᠳᠤ ᠪᠠᠨ ᠪᠤᠴᠠᠬᠤ ᠶᠢ ᠬᠥᠲᠥᠯᠥᠨ ᠵᠢᠯᠣᠭᠤᠳᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠶᠢᠨ | ᠰᠤᠷᠤᠭᠴᠢᠳ ᠰᠤᠷᠭᠠᠭᠤᠯᠢ ᠳᠤ ᠪᠠᠨ ᠪᠤᠴᠠᠬᠤ ᠪᠠ ᠠᠵᠢᠯᠲᠠᠨ ᠣᠯᠠᠨ ᠠᠵᠤ ᠠᠬᠤᠶᠢᠯᠠᠯ ᠤᠨ ᠬᠦᠴᠦᠨ ᠤ ᠠᠵᠢᠯ ᠬᠢᠭᠰᠡᠳ ᠠᠵᠢᠯ ᠤᠨ ᠪᠠᠶᠢᠷᠢ ᠳᠤ ᠪᠠᠨ | ᠪᠤᠴᠠᠬᠤ ᠳᠤ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠶ᠃ | ᠠᠷᠪᠠᠨ ᠨᠢᠭᠡ᠂ ᠲᠤᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ 2022 ᠣᠨ ᠤ 3 ᠳ᠋ᠤᠭᠠᠷ ᠰᠠᠷ᠎ᠠ ᠶᠢᠨ 15 ᠤ ᠡᠳᠦᠷ ᠬᠦᠷᠲᠡᠯ᠎ᠡ | ᠬᠡᠷᠡᠭᠵᠢᠭᠦᠯᠦᠨ᠎ᠡ᠃ ᠬᠡᠷᠪᠡ ᠬᠡᠰᠡᠭ ᠭᠠᠵᠠᠷ ᠣᠷᠣᠨ ᠳᠤ ᠨᠡᠯᠢᠶᠡᠳ ᠶᠡᠭᠡ ᠬᠡᠪᠴᠢᠶ᠎ᠡ ᠲᠠᠢ ᠲᠤᠬᠠᠢ ᠶᠢᠨ ᠭᠠᠵᠠᠷ ᠤᠨ ᠴᠤᠭᠯᠠᠷᠠᠯ ᠤᠨ ᠴᠢᠨᠠᠷᠲᠠᠶ ᠬᠢᠵᠢᠭ ᠤᠨ | ᠪᠠᠶᠢᠳᠠᠯ ᠡᠭᠦᠰᠬᠦ ᠶᠢᠨ ᠬᠠᠮᠲᠤ ᠣᠨᠳᠣᠤ ᠭᠠᠵᠠᠷ ᠲᠤ ᠲᠠᠷᠬᠠᠬᠤ ᠲᠦᠭᠰᠢᠭᠦᠷᠢ ᠣᠷᠣᠰᠢᠵᠤ ᠪᠠᠶᠢᠪᠠᠯ᠂ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠬᠥᠮᠦᠰ ᠤᠨ ᠣᠷᠣᠨ ᠪᠦᠰᠡ ᠠᠯᠤᠰᠯᠠᠨ ᠰᠢᠯᠵᠢᠬᠦ ᠪᠠ ᠲᠦᠭᠰᠢᠭᠦᠷᠢ ᠲᠠᠢ | ᠬᠥᠮᠦᠰ ᠤᠨ ᠵᠢᠭᠰᠠᠭᠠᠨ ᠪᠠᠶᠢᠴᠠᠭᠠᠯᠲᠠ ᠵᠡᠷᠭᠡ ᠳᠤ ᠨᠠᠩ ᠴᠢᠩᠭ᠎ᠠ ᠠᠷᠭ᠎ᠠ ᠬᠡᠮᠵᠢᠶ᠎ᠡ ᠠᠪᠬᠤ ᠬᠡᠷᠡᠭᠲᠡᠶ᠃ | 2021 ᠣᠨ ᠤ 12 ᠳ᠋ᠤᠭᠠᠷ ᠰᠠᠷ᠎ᠠ ᠶᠢᠨ 31 ᠤ ᠡᠳᠦᠷ | |