︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ﹀ ᠳᠤ | ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ 2021 | ᠣᠨ ᠤ 11 ᠳ᠋ᠦ᠋ᠭᠡᠷ ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 23 ᠳ᠋ᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | 2021 ᠣᠨ ᠤ 11 ᠳ᠋ᠦ᠋ᠭᠡᠷ ᠰᠠᠷ᠎ᠠ ᠶᠢᠨ 25 ᠤ ᠡᠳᠦᠷ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ ᠪᠠᠯᠭᠠᠰᠤᠨ ᠤ ᠲᠠᠩᠰᠠ | ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ | ᠪᠠᠯᠭᠠᠰᠤᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠳᠤ ᠳᠣᠣᠷᠠᠬᠢ ᠮᠡᠲᠦ ᠵᠠᠰᠠᠪᠤᠷᠢ ᠣᠷᠣᠭᠤᠯᠬᠤ ᠪᠠᠷ ᠲᠣᠭᠲᠠᠭᠠᠪᠠ᠄ | ᠨᠢᠭᠡ᠂ ᠬᠤᠶᠠᠳᠤᠭᠠᠷ ᠵᠦᠢᠯ ᠳᠤ᠄ ︽ᠲᠣᠰ ᠠᠷᠭ᠎ᠠ ᠳᠤ ᠬᠡᠯᠡᠵᠦ ᠪᠠᠶᠢᠭ᠎ᠠ ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠭᠡᠳᠡᠭ ᠨᠢ ᠰᠤᠮᠤ᠂ | ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠯ᠎ᠡ ᠵᠦᠢᠯ ᠤᠨ ᠠᠵᠢᠯᠯᠠᠭ᠎ᠠ ᠳᠤ ᠰᠢᠭᠤᠳ ᠪᠣᠶ ᠪᠣᠯᠤᠭᠰᠠᠨ | ᠬᠠᠳᠠᠭᠠᠯᠠᠬᠤ ᠦᠨ᠎ᠡ ᠥᠷᠲᠡᠭ ᠲᠠᠢ ᠡᠯ᠎ᠡ ᠵᠦᠢᠯ ᠤᠨ ᠥᠰᠥᠭ ᠪᠢᠴᠢᠭ᠂ ᠵᠢᠷᠤᠭ ᠬᠦᠰᠦᠨᠦᠭᠲᠦ᠂ ᠲᠠᠭᠤ ᠳᠦᠷᠰᠦ ᠵᠡᠷᠭᠡ ᠠᠳᠠᠯᠢ ᠪᠤᠰᠤ ᠬᠡᠯᠪᠡᠷᠢ ᠶᠢᠨ | ᠲᠡᠦᠬᠡ ᠶᠢᠨ ᠲᠡᠮᠳᠡᠭᠯᠡᠯ ᠢ ᠵᠢᠭᠠᠵᠤ ᠪᠣᠶ︾ ᠭᠡᠵᠦ ᠵᠠᠰᠠᠪᠤᠷᠢ ᠣᠷᠣᠭᠤᠯᠪᠠ᠃ | ᠬᠤᠶᠠᠷ᠂ ᠭᠤᠷᠪᠠᠳᠤᠭᠠᠷ ᠵᠦᠢᠯ ᠳᠤ᠄ ︽ᠳᠠᠩᠰᠠ ᠡᠪᠬᠡᠮᠡᠯ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠬᠤ ᠬᠡᠷᠡᠭᠲᠡᠢ᠃ ᠰᠤᠮᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠳᠠᠩᠰᠠ ᠡᠪᠬᠡᠮᠡᠯ ᠤᠨ ᠠᠵᠢᠯ ᠢ ᠴᠢᠩᠭᠠᠳᠬᠠᠨ᠂ ᠳᠠᠩᠰᠠ | ᠡᠪᠬᠡᠮᠡᠯ ᠤᠨ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠳᠠᠩᠰᠠ ᠡᠪᠬᠡᠮᠡᠯ ᠤᠨ ᠠᠵᠢᠯᠲᠠᠨ ᠢ ᠵᠢᠭᠠᠵᠤ ᠲᠣᠭᠲᠠᠭᠠᠨ᠂ ᠳᠠᠩᠰᠠ ᠡᠪᠬᠡᠮᠡᠯ ᠤᠨ | ᠠᠵᠢᠯ ᠳᠤ ᠬᠡᠷᠡᠭᠰᠡᠬᠦ ᠵᠠᠷᠤᠳᠠᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃︾ ᠭᠡᠵᠦ ᠵᠠᠰᠠᠪᠤᠷᠢ ᠣᠷᠣᠭᠤᠯᠪᠠ᠃ | ᠭᠤᠷᠪᠠ᠂ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠳᠣᠯᠣᠳᠤᠭᠠᠷ ᠲᠤ᠄ ︽ᠳᠠᠩᠰᠠ ᠡᠪᠬᠡᠮᠡᠯ ᠮᠠᠲ᠋ᠧᠷᠢᠶᠠᠯ ᠢ ᠬᠤᠷᠢᠶᠠᠵᠤ ᠣᠷᠣᠭᠤᠯᠤᠭᠰᠠᠨ᠂ | ᠰᠢᠯᠵᠢᠭᠦᠯᠵᠦ ᠭᠠᠷᠭᠠᠭᠰᠠᠨ᠂ ᠬᠠᠳᠠᠭᠠᠯᠠᠵᠤ ᠬᠠᠮᠢᠶᠠᠷᠤᠭᠰᠠᠨ ᠪᠠ ᠠᠰᠢᠭᠯᠠᠭᠰᠠᠨ ᠵᠡᠷᠭᠡ ᠪᠠᠶᠢᠳᠠᠯ ᠢ ᠳᠠᠩᠰᠠᠯᠠᠨ ᠲᠡᠮᠳᠡᠭᠯᠡᠬᠦ ᠬᠢᠭᠡᠳ ᠪᠦᠷᠢᠳᠬᠡᠵᠦ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠳᠠᠩᠰᠠ ᠡᠪᠬᠡᠮᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠ ᠡᠪᠬᠡᠮᠡᠯ ᠤᠨ ᠠᠵᠢᠯ ᠤᠨ ᠦᠨᠳᠦᠰᠦᠨ | ᠪᠠᠶᠢᠳᠠᠯ ᠤᠨ ᠲᠤᠭ᠎ᠠ ᠪᠦᠷᠢᠳᠬᠡᠯ ᠤᠨ ᠪᠢᠴᠢᠭ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ︾ ᠭᠡᠵᠦ ᠵᠠᠰᠠᠪᠤᠷᠢ ᠣᠷᠣᠭᠤᠯᠪᠠ᠃ | ᠳᠦᠷᠪᠡ᠂ ᠶᠢᠰᠦᠳᠦᠭᠡᠷ ᠵᠦᠢᠯ ᠳᠤ᠄ ︽ᠡᠯᠧᠺᠲᠷᠣᠨ ᠪᠢᠴᠢᠭ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠨᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ︾ ᠭᠡᠵᠦ ᠵᠠᠰᠠᠪᠤᠷᠢ ᠣᠷᠣᠭᠤᠯᠪᠠ᠃ | ᠲᠠᠪᠤ᠂ ᠠᠷᠪᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ᠄ ︽ᠰᠤᠮᠤ᠂ ᠰᠢᠶᠠᠩ ᠪᠠᠯᠭᠠᠰᠤᠨ ᠤ ᠬᠠᠷᠢᠶ᠎ᠠ ᠪᠣᠯᠬᠤ ᠡᠯ᠎ᠡ ᠨᠢᠭᠡᠴᠢ ᠪᠠ ᠭᠠᠴᠠᠭ᠎ᠠ᠂ | ᠲᠣᠰᠬᠤᠨ ᠤ ᠳᠠᠩᠰᠠ ᠡᠪᠬᠡᠮᠡᠯ ᠢ ᠪᠣᠯ᠂ ᠳᠠᠩᠰᠠ ᠡᠪᠬᠡᠮᠡᠯ ᠢ ᠪᠤᠶ ᠪᠣᠯᠭᠠᠭᠰᠠᠨ ᠨᠢᠭᠡᠴᠢ ᠨᠢ ᠬᠠᠳᠠᠭᠠᠯᠠᠨ ᠬᠠᠮᠢᠶᠠᠷᠴᠤ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ | ᠰᠠᠩ ᠳᠤ ᠲᠣᠭᠲᠠᠮᠠᠯ ᠬᠤᠭᠤᠴᠠᠭ᠎ᠠ ᠲᠠᠢ ᠰᠢᠯᠵᠢᠭᠦᠯᠦᠨ ᠲᠤᠰᠢᠶᠠᠬᠤ ᠬᠡᠷᠡᠭᠲᠡᠶ︾ ᠭᠡᠵᠦ ᠵᠠᠰᠠᠪᠤᠷᠢ ᠣᠷᠣᠭᠤᠯᠪᠠ᠃ | ᠵᠢᠷᠭᠤᠭ᠎ᠠ᠂ ᠬᠤᠷᠢᠨ ᠳᠥᠷᠪᠡᠳᠦᠭᠡᠷ ᠵᠦᠢᠯ᠂ ᠬᠤᠷᠢᠨ ᠲᠠᠪᠤᠳᠤᠭᠠᠷ ᠵᠦᠢᠯ ᠢ ᠬᠠᠰᠤᠪᠠ᠃ | ᠳᠣᠯᠤᠭ᠎ᠠ᠂ ᠨᠢᠭᠡ ᠵᠦᠢᠯ ᠢ ᠨᠡᠮᠡᠵᠦ ᠬᠤᠷᠢᠨ ᠳᠥᠷᠪᠡᠳᠦᠭᠡᠷ ᠵᠦᠢᠯ ᠪᠣᠯᠭᠠᠪᠠ᠄ ︽ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ﹀ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠳᠤ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ︾᠃ | ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠲᠤᠰ ᠲᠣᠭᠲᠠᠭᠠᠯ ᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠠᠷᠭ᠎ᠠ︾ ᠳᠤ ᠵᠣᠬᠢᠬᠤ ᠵᠠᠰᠠᠪᠤᠷᠢ ᠣᠷᠣᠭᠤᠯᠤᠭᠠᠳ ᠳᠠᠬᠢᠵᠤ ᠨᠡᠶᠢᠲᠡᠯᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ | ᠪᠠᠯᠭᠠᠰᠤᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ | ︵2004 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠷᠯᠢᠭ ᠤᠨ 132 ᠳ᠋ᠤᠭᠠᠷ ᠲᠣᠭᠠᠲᠤ ᠪᠠᠷ ᠨᠡᠶᠢᠲᠡᠯᠡᠪᠡ 2021 ᠣᠨ ᠤ 11 ᠳ᠋ᠦ᠋ᠭᠡᠷ ᠰᠠᠷ᠎ᠠ ᠶᠢᠨ 25 ᠤ ᠡᠳᠦᠷ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠪᠠ︶ | ᠨᠢᠭᠡᠳᠦᠭᠡᠷ ᠵᠦᠢᠯ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠢ ᠪᠦᠷᠢᠨ ᠪᠦᠲᠦᠨ ᠬᠠᠳᠠᠭᠠᠯᠠᠬᠤ ᠪᠠ ᠪᠦᠲᠦᠮᠵᠢᠲᠡᠶ ᠠᠰᠢᠭᠯᠠᠬᠤ ᠶᠢᠨ ᠲᠤᠰᠠᠳᠠ᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠠᠩᠰᠠ ᠡᠪᠬᠡᠮᠡᠯ ᠤᠨ ᠳᠦᠷᠢᠮ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠰᠤᠮᠤ᠂ ᠰᠢᠶᠠᠩ ᠪᠠᠯᠭᠠᠰᠤᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠭᠡᠳᠡᠭ ᠨᠢ ᠰᠤᠮᠤ᠂ ᠰᠢᠶᠠᠩ ᠪᠠᠯᠭᠠᠰᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ | ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠯ᠎ᠡ ᠵᠦᠢᠯ ᠤᠨ ᠠᠵᠢᠯᠯᠠᠭ᠎ᠠ ᠳᠤ ᠰᠢᠭᠤᠳ ᠪᠣᠶ ᠪᠣᠯᠤᠭᠰᠠᠨ ᠬᠠᠳᠠᠭᠠᠯᠠᠬᠤ ᠦᠨ᠎ᠡ ᠥᠷᠲᠡᠭ ᠲᠠᠢ | ᠡᠯ᠎ᠡ ᠵᠦᠢᠯ ᠤᠨ ᠥᠰᠥᠭ ᠪᠢᠴᠢᠭ᠂ ᠵᠢᠷᠤᠭ ᠬᠦᠰᠦᠨᠦᠭᠲᠦ᠂ ᠲᠠᠭᠤ ᠳᠦᠷᠰᠦ ᠵᠡᠷᠭᠡ ᠠᠳᠠᠯᠢ ᠪᠤᠰᠤ ᠬᠡᠯᠪᠡᠷᠢ ᠶᠢᠨ ᠲᠡᠦᠬᠡ ᠶᠢᠨ ᠲᠡᠮᠳᠡᠭᠯᠡᠯ ᠢ ᠵᠢᠭᠠᠵᠤ ᠪᠣᠶ᠃ | | ᠭᠤᠷᠪᠠᠳᠤᠭᠠᠷ ᠵᠦᠢᠯ ᠳᠠᠩᠰᠠ ᠡᠪᠬᠡᠮᠡᠯ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ | ᠰᠤᠮᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠳᠠᠩᠰᠠ ᠡᠪᠬᠡᠮᠡᠯ ᠤᠨ ᠠᠵᠢᠯ ᠢ ᠴᠢᠩᠭᠠᠳᠬᠠᠨ᠂ ᠳᠠᠩᠰᠠ ᠡᠪᠬᠡᠮᠡᠯ ᠤᠨ ᠠᠵᠢᠯ ᠤᠨ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠳᠠᠩᠰᠠ ᠡᠪᠬᠡᠮᠡᠯ ᠤᠨ ᠠᠵᠢᠯᠲᠠᠨ ᠢ ᠵᠢᠭᠠᠵᠤ ᠲᠣᠭᠲᠠᠭᠠᠨ᠂ ᠳᠠᠩᠰᠠ ᠡᠪᠬᠡᠮᠡᠯ ᠤᠨ ᠠᠵᠢᠯ ᠳᠤ ᠬᠡᠷᠡᠭᠰᠡᠬᠦ | ᠵᠠᠷᠤᠳᠠᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃ | ᠳᠥᠷᠪᠡᠳᠦᠭᠡᠷ ᠵᠦᠢᠯ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠤᠨ ᠠᠵᠢᠯ ᠳᠤ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ᠂ | ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ᠂ ᠳᠠᠩᠰᠠ ᠡᠪᠬᠡᠮᠡᠯ ᠤᠨ ᠪᠦᠷᠢᠨ ᠪᠦᠲᠦᠨ ᠬᠢᠭᠡᠳ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠡᠯ᠎ᠡ | ᠲᠠᠯ᠎ᠠ ᠶᠢᠨ ᠬᠢᠨ ᠤ ᠠᠰᠢᠭᠯᠠᠬᠤ ᠳᠤ ᠳᠥᠭᠦᠮ ᠪᠠᠶᠢᠯᠭᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ | ᠲᠠᠪᠤᠳᠤᠭᠠᠷ ᠵᠦᠢᠯ ᠰᠤᠮᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ | ᠲᠥᠪ ᠪᠠᠶᠢᠭᠤᠯᠬᠤ ᠬᠡᠷᠡᠭᠲᠡᠶ᠂ ᠨᠥᠬᠦᠴᠡᠯ ᠲᠠᠢ ᠨᠢ ᠳᠠᠩᠰᠠ ᠡᠪᠬᠡᠮᠡᠯ ᠤᠨ ᠰᠠᠩ ᠪᠠᠶᠢᠭᠤᠯᠵᠤ ᠪᠣᠯᠤᠨ᠎ᠠ᠃ | ᠵᠢᠷᠭᠤᠳᠤᠭᠠᠷ ᠵᠦᠢᠯ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ | ᠰᠠᠩ ᠤᠨ ᠡᠭᠦᠷᠭᠡ ᠬᠠᠷᠢᠭᠤᠴᠠᠯᠭ᠎ᠠ ᠨᠢ ᠪᠣᠯ᠄ | ︵ᠨᠢᠭᠡ︶ ᠳᠠᠩᠰᠠ ᠡᠪᠬᠡᠮᠡᠯ ᠤᠨ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠮᠡᠷᠭᠡᠵᠢᠯ ᠤᠨ ᠪᠠᠷᠢᠮᠵᠢᠶ᠎ᠠ ᠶᠢ | ᠤᠬᠠᠭᠤᠯᠵᠤ᠂ ᠲᠤᠭᠤᠰᠢᠯᠠᠭᠤᠯᠤᠨ᠂ ᠬᠡᠷᠡᠭᠵᠢᠭᠦᠯᠵᠦ᠂ ᠡᠯ᠎ᠡ ᠵᠦᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ︔ | ︵ᠬᠤᠶᠠᠷ︶ ᠲᠤᠰ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠤᠨ ᠠᠵᠢᠯ ᠳᠤ ᠲᠥᠯᠥᠪᠵᠢᠭᠦᠯᠬᠦ᠂ ᠵᠣᠬᠢᠴᠠᠭᠤᠯᠬᠤ᠂ ᠬᠢᠨᠠᠯᠲᠠ ᠲᠠᠯᠪᠢᠬᠤ ᠪᠠ | ᠵᠢᠭᠠᠨ ᠵᠢᠯᠣᠭᠤᠳᠬᠤ ᠶᠢ ᠬᠡᠷᠡᠭᠵᠢᠭᠦᠯᠵᠦ᠂ ᠰᠤᠮᠤ᠂ ᠰᠢᠶᠠᠩ ᠪᠠᠯᠭᠠᠰᠤᠨ ᠤ ᠪᠠᠶᠢᠭᠤᠯᠭ᠎ᠠ ᠪᠠ ᠬᠠᠷᠢᠶ᠎ᠠ ᠪᠣᠯᠬᠤ ᠪᠠᠶᠢᠭᠤᠯᠤᠮᠵᠢ ᠶᠢᠨ ᠳᠠᠩᠰᠠ ᠡᠪᠬᠡᠮᠡᠯ ᠪᠠ | ᠮᠠᠲ᠋ᠧᠷᠢᠶᠠᠯ ᠢ ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ ᠬᠡᠷᠡᠭᠲᠡᠢ︔ | ︵ᠭᠤᠷᠪᠠ︶ ᠬᠠᠷᠢᠶ᠎ᠠ ᠪᠣᠯᠬᠤ ᠭᠠᠵᠠᠷ ᠣᠷᠣᠨ ᠳᠠᠬᠢ ᠡᠯ᠎ᠡ ᠨᠢᠭᠡᠴᠢ ᠶᠢᠨ ᠳᠠᠩᠰᠠ ᠡᠪᠬᠡᠮᠡᠯ ᠤᠨ ᠠᠵᠢᠯ ᠳᠤ ᠬᠢᠨᠠᠯᠲᠠ ᠲᠠᠯᠪᠢᠨ ᠵᠢᠭᠠᠨ ᠵᠢᠯᠣᠭᠤᠳᠴᠤ᠂ | ᠵᠥᠪᠯᠡᠯᠭᠡ ᠥᠭᠴᠦ᠂ ᠳᠠᠩᠰᠠ ᠡᠪᠬᠡᠮᠡᠯ ᠤᠨ ᠠᠵᠢᠯᠲᠠᠨ ᠳᠤ ᠪᠣᠯᠪᠠᠰᠤᠷᠠᠯ ᠬᠢᠬᠦ ᠬᠡᠷᠡᠭᠲᠡᠶ︔ | ︵ᠳᠥᠷᠪᠡ︶ ᠬᠠᠷᠢᠶᠠᠯᠠᠭᠳᠠᠬᠤ ᠭᠠᠵᠠᠷ ᠣᠷᠣᠨ ᠳᠠᠬᠢ ᠡᠯ᠎ᠡ ᠨᠢᠭᠡᠴᠢ ᠵᠢᠴᠢ ᠭᠠᠴᠠᠭ᠎ᠠ᠂ ᠲᠣᠰᠬᠤᠨ ᠤ ᠥᠨᠢ ᠡᠭᠦᠷᠢᠳᠡ᠂ ᠤᠷᠲᠤ ᠬᠤᠭᠤᠴᠠᠭ᠎ᠠ ᠪᠠᠷ | ᠬᠠᠳᠠᠭᠠᠯᠠᠬᠤ ᠥᠷᠲᠡᠭ ᠲᠠᠢ ᠳᠠᠩᠰᠠ ᠡᠪᠬᠡᠮᠡᠯ ᠪᠠ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠬᠦᠯᠢᠶᠡᠨ ᠠᠪᠬᠤ ᠬᠡᠷᠡᠭᠲᠡᠢ︔ | ︵ᠲᠠᠪᠤ︶ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠳᠤ ᠳᠠᠩᠰᠠ | ᠡᠪᠬᠡᠮᠡᠯ ᠢ ᠠᠰᠢᠭᠯᠠᠬᠤ ᠦᠢᠯᠡᠴᠢᠯᠡᠭᠡ ᠬᠠᠩᠭᠠᠬᠤ ᠬᠡᠷᠡᠭᠲᠡᠶ︔ | ︵ᠵᠢᠷᠭᠤᠭ᠎ᠠ︶ ᠳᠠᠩᠰᠠ ᠡᠪᠬᠡᠮᠡᠯ ᠢ ᠨᠠᠶᠢᠳᠠᠨ ᠬᠠᠳᠠᠭᠠᠯᠠᠭᠤᠯᠬᠤ ᠦᠢᠯᠡᠴᠢᠯᠡᠭᠡ ᠥᠷᠨᠢᠭᠦᠯᠬᠦ ᠬᠡᠷᠡᠭᠲᠡᠢ︔ | ︵ᠳᠣᠯᠤᠭ᠎ᠠ︶ ᠳᠠᠩᠰᠠ ᠡᠪᠬᠡᠮᠡᠯ ᠮᠠᠲ᠋ᠧᠷᠢᠶᠠᠯ ᠢ ᠬᠤᠷᠢᠶᠠᠵᠤ ᠣᠷᠣᠭᠤᠯᠤᠭᠰᠠᠨ᠂ ᠰᠢᠯᠵᠢᠭᠦᠯᠵᠦ ᠭᠠᠷᠭᠠᠭᠰᠠᠨ᠂ ᠬᠠᠳᠠᠭᠠᠯᠠᠵᠤ ᠬᠠᠮᠢᠶᠠᠷᠤᠭᠰᠠᠨ ᠪᠠ | ᠠᠰᠢᠭᠯᠠᠭᠰᠠᠨ ᠵᠡᠷᠭᠡ ᠪᠠᠶᠢᠳᠠᠯ ᠢ ᠨᠢ ᠳᠠᠩᠰᠠᠯᠠᠨ ᠲᠡᠮᠳᠡᠭᠯᠡᠬᠦ ᠬᠢᠭᠡᠳ ᠪᠦᠷᠢᠳᠬᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠳᠠᠩᠰᠠ ᠡᠪᠬᠡᠮᠡᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠ ᠡᠪᠬᠡᠮᠡᠯ ᠤᠨ ᠠᠵᠢᠯ ᠤᠨ ᠦᠨᠳᠦᠰᠦᠨ ᠪᠠᠶᠢᠳᠠᠯ ᠤᠨ ᠪᠦᠷᠢᠳᠬᠡᠯ ᠤᠨ ᠪᠢᠴᠢᠭ ᠮᠠᠲ᠋ᠧᠷᠢᠶᠠᠯ ᠢᠶᠠᠨ | ᠮᠡᠳᠡᠭᠦᠯᠦᠨ ᠬᠦᠷᠭᠡᠬᠦ ᠬᠡᠷᠡᠭᠲᠡᠶ᠃ | ᠳᠣᠯᠣᠳᠤᠭᠠᠷ ᠵᠦᠢᠯ ᠰᠤᠮᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠳᠠᠩᠰᠠ ᠡᠪᠬᠡᠮᠡᠯ ᠤᠨ ᠲᠤᠰᠬᠠᠶ ᠠᠵᠢᠯᠲᠠᠨ ᠲᠠᠢ | ᠪᠠᠶᠢᠯᠭᠠᠬᠤ ᠬᠡᠷᠡᠭᠲᠡᠶ᠂ ᠨᠥᠬᠦᠴᠡᠯ ᠲᠦᠷ ᠪᠦᠷᠢᠯᠳᠦᠭᠦᠯᠦᠭᠡᠳᠦᠶ ᠰᠤᠮᠤ᠂ ᠰᠢᠶᠠᠩ ᠪᠠᠯᠭᠠᠰᠤ ᠨᠢ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ | ᠲᠥᠪ ᠪᠤᠶᠤ ᠳᠠᠩᠰᠠ ᠡᠪᠬᠡᠮᠡᠯ ᠤᠨ ᠰᠠᠩ ᠤᠨ ᠠᠵᠢᠯ ᠢ ᠬᠠᠷᠢᠭᠤᠴᠠᠭᠤᠯᠬᠤ ᠠᠵᠢᠯᠲᠠᠨ ᠢᠶᠠᠨ ᠵᠢᠭᠠᠨ ᠲᠣᠭᠲᠠᠭᠠᠬᠤ ᠬᠡᠷᠡᠭᠲᠡᠶ᠃ ᠳᠠᠩᠰᠠ ᠡᠪᠬᠡᠮᠡᠯ ᠤᠨ | ᠠᠵᠢᠯ ᠢ ᠬᠠᠷᠢᠭᠤᠴᠠᠵᠤ ᠪᠠᠶᠢᠭ᠎ᠠ ᠠᠵᠢᠯᠲᠠᠳ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠠᠴᠠ ᠳᠡᠭᠡᠭᠰᠢ ᠰᠣᠶᠣᠯ ᠤᠨ ᠬᠢᠷᠢ ᠬᠡᠮᠵᠢᠶ᠎ᠡ ᠪᠠ ᠠᠵᠢᠯ ᠳᠤ | ᠳᠣᠭᠢᠷᠬᠠᠰᠠᠨ ᠲᠤᠰᠬᠠᠶ ᠮᠡᠷᠭᠡᠵᠢᠯ ᠤᠨ ᠮᠡᠳᠡᠯᠭᠡ ᠲᠠᠢ᠂ ᠡᠭᠦᠷᠭᠡ ᠲᠤᠰᠢᠶᠠᠯ ᠳᠤ ᠪᠠᠨ ᠦᠨᠡᠨᠴᠢ ᠰᠢᠳᠤᠷᠭᠤ ᠪᠠᠶᠢᠬᠤ ᠶᠢᠨ ᠬᠠᠮᠲᠤ᠂ ᠬᠠᠷᠢᠴᠠᠩᠭᠤᠶ ᠪᠠᠷ | ᠲᠣᠭᠲᠠᠭᠤᠨ ᠪᠠᠶᠢᠯᠭᠠᠬᠤ ᠬᠡᠷᠡᠭᠲᠡᠶ᠃ | ᠰᠤᠮᠤ᠂ ᠰᠢᠶᠠᠩ ᠪᠠᠯᠭᠠᠰᠤᠨ ᠤ ᠬᠠᠷᠢᠶ᠎ᠠ ᠪᠣᠯᠬᠤ ᠡᠯ᠎ᠡ ᠨᠢᠭᠡᠴᠢ᠂ ᠭᠠᠴᠠᠭ᠎ᠠ ᠲᠣᠰᠬᠤᠨ ᠨᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠢ | ᠵᠢᠭᠠᠨ ᠲᠣᠭᠲᠠᠭᠠᠵᠤ᠂ ᠪᠢᠴᠢᠭ ᠮᠠᠲ᠋ᠧᠷᠢᠶᠠᠯ ᠤᠨ ᠡᠪᠬᠡᠮᠡᠯᠯᠡᠵᠦ ᠳᠠᠩᠰᠠ ᠡᠪᠬᠡᠮᠡᠯ ᠳᠤ ᠣᠷᠣᠭᠤᠯᠬᠤ ᠪᠠ ᠳᠠᠩᠰᠠ ᠡᠪᠬᠡᠮᠡᠯ ᠤᠨ ᠬᠠᠳᠠᠭᠠᠯᠠᠵᠤ ᠬᠠᠮᠢᠶᠠᠷᠤᠨ | ᠠᠰᠢᠭᠯᠠᠬᠤ ᠠᠵᠢᠯ ᠢ ᠬᠠᠷᠢᠭᠤᠴᠠᠭᠤᠯᠵᠤ᠂ ᠳᠠᠩᠰᠠ ᠡᠪᠬᠡᠮᠡᠯ ᠤᠨ ᠪᠦᠷᠢᠨ ᠪᠦᠲᠦᠨ ᠬᠢᠭᠡᠳ ᠠᠮᠤᠷ ᠲᠦᠪᠰᠢᠨ ᠪᠠᠶᠢᠬᠤ ᠶᠢ ᠬᠠᠮᠠᠭᠠᠯᠠᠬᠤ ᠬᠡᠷᠡᠭᠲᠡᠶ᠃ | ᠨᠠᠢᠮᠠᠳᠤᠭᠠᠷ ᠵᠦᠢᠯ ᠰᠤᠮᠤ᠂ ᠰᠢᠶᠠᠩ ᠪᠠᠯᠭᠠᠰᠤᠨ ᠤ ᠪᠠᠶᠢᠭᠤᠯᠭ᠎ᠠ ᠳᠤ ᠪᠤᠶ ᠪᠣᠯᠤᠭᠰᠠᠨ ᠪᠢᠴᠢᠭ ᠮᠠᠲ᠋ᠧᠷᠢᠶᠠᠯ ᠢ ᠰᠤᠮᠤ᠂ ᠰᠢᠶᠠᠩ ᠪᠠᠯᠭᠠᠰᠤᠨ ᠤ | ᠪᠠᠶᠢᠭᠤᠯᠭ᠎ᠠ ᠨᠢ ᠡᠪᠬᠡᠮᠡᠯᠯᠡᠵᠦ᠂ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠳᠤ ᠴᠠᠭ ᠲᠤᠬᠠᠶ ᠳᠤ ᠨᠢ | ᠰᠢᠯᠵᠢᠭᠦᠯᠦᠨ ᠲᠤᠰᠢᠶᠠᠵᠤ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠂ ᠬᠠᠷᠢᠶ᠎ᠠ ᠪᠦᠬᠦᠢ ᠪᠠᠶᠢᠭᠤᠯᠤᠮᠵᠢ ᠳᠤ ᠪᠤᠶ ᠪᠣᠯᠤᠭᠰᠠᠨ ᠪᠢᠴᠢᠭ ᠮᠠᠲ᠋ᠧᠷᠢᠶᠠᠯ ᠢ | ᠳᠠᠭᠠᠭᠠᠨ ᠠᠪᠴᠤ ᠭᠦᠢᠴᠡᠳᠬᠡᠭᠰᠡᠨ ᠰᠠᠯᠠᠭ᠎ᠠ ᠮᠥᠴᠢᠷ ᠨᠢ ᠡᠪᠬᠡᠮᠡᠯᠯᠡᠬᠦ ᠬᠡᠷᠡᠭᠲᠡᠢ᠃ | ᠤᠯᠤᠰ ᠠᠴᠠ ᠲᠣᠭᠲᠠᠭᠠᠭᠰᠠᠨ ᠵᠠᠪᠠᠯ ᠡᠪᠬᠡᠮᠡᠯᠯᠡᠵᠦ ᠳᠠᠩᠰᠠᠯᠠᠬᠤ ᠪᠢᠴᠢᠭ ᠮᠠᠲ᠋ᠧᠷᠢᠶᠠᠯ ᠢ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠳᠠᠩᠰᠠ | ᠡᠪᠬᠡᠮᠡᠯ ᠳᠤ ᠳᠠᠩᠰᠠᠯᠠᠨ ᠣᠷᠣᠭᠤᠯᠬᠤ ᠶᠢ ᠲᠡᠪᠴᠢᠬᠦ ᠪᠤᠶᠤ ᠥᠪᠡᠷ ᠤᠨ ᠬᠢ ᠪᠠᠨ ᠪᠣᠯᠭᠠᠵᠤ ᠪᠣᠯᠬᠤ ᠦᠭᠡᠶ᠃ ᠤᠯᠤᠰ ᠠᠴᠠ ᠳᠠᠩᠰᠠ ᠡᠪᠬᠡᠮᠡᠯ ᠳᠤ | ᠣᠷᠣᠭᠤᠯᠵᠤ ᠪᠣᠯᠬᠤ ᠦᠭᠡᠶ ᠭᠡᠵᠦ ᠲᠣᠭᠲᠠᠭᠠᠭᠰᠠᠨ ᠮᠠᠲ᠋ᠧᠷᠢᠶᠠᠯ ᠢ ᠳᠤᠷ᠎ᠠ ᠪᠠᠷ ᠢᠶᠠᠨ ᠳᠠᠩᠰᠠ ᠡᠪᠬᠡᠮᠡᠯ ᠳᠤ ᠣᠷᠣᠭᠤᠯᠬᠤ ᠶᠢ ᠴᠠᠭᠠᠵᠠᠯᠠᠬᠤ ᠬᠡᠷᠡᠭᠲᠡᠢ᠃ | ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠷᠢᠶ᠎ᠠ ᠪᠣᠯᠬᠤ ᠰᠤᠮᠤ᠂ ᠰᠢᠶᠠᠩ ᠪᠠᠯᠭᠠᠰᠤ ᠳᠤ ᠲᠣᠮᠢᠯᠠᠨ ᠰᠠᠭᠤᠭ᠎ᠠ ᠡᠯ᠎ᠡ ᠨᠢᠭᠡᠴᠢ ᠨᠢ ᠤᠯᠤᠰ ᠵᠢᠴᠢ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠳᠠᠩᠰᠠ ᠡᠪᠬᠡᠮᠡᠯ ᠳᠤ ᠣᠷᠣᠭᠤᠯᠬᠤ ᠪᠠ ᠳᠠᠩᠰᠠ | ᠡᠪᠬᠡᠮᠡᠯ ᠢᠶᠠᠨ ᠰᠢᠯᠵᠢᠭᠦᠯᠦᠨ ᠲᠤᠰᠢᠶᠠᠬᠤ ᠬᠡᠷᠡᠭᠲᠡᠶ᠃ | ᠶᠢᠰᠦᠳᠦᠭᠡᠷ ᠵᠦᠢᠯ ᠡᠯᠧᠺᠲᠷᠣᠨ ᠪᠢᠴᠢᠭ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠨᠢ ᠤᠯᠤᠰ ᠤᠨ ᠬᠠᠮᠢᠶ᠎ᠠ ᠪᠦᠬᠦᠢ ᠲᠣᠭᠲᠠᠭᠠᠯ ᠳᠤ | ᠨᠡᠶᠢᠴᠡᠭᠰᠡᠨ ᠪᠠᠶᠢᠬᠤ ᠬᠡᠷᠡᠭᠲᠡᠶ᠃ | ᠠᠷᠪᠠᠳᠤᠭᠠᠷ ᠵᠦᠢᠯ ᠰᠤᠮᠤ᠂ ᠰᠢᠶᠠᠩ ᠪᠠᠯᠭᠠᠰᠤᠨ ᠤ ᠬᠠᠷᠢᠶ᠎ᠠ ᠪᠣᠯᠬᠤ ᠡᠯ᠎ᠡ ᠨᠢᠭᠡᠴᠢ ᠪᠠ ᠭᠠᠴᠠᠭ᠎ᠠ᠂ ᠲᠣᠰᠬᠤᠨ ᠤ ᠳᠠᠩᠰᠠ ᠡᠪᠬᠡᠮᠡᠯ ᠢ ᠳᠠᠩᠰᠠ | ᠡᠪᠬᠡᠮᠡᠯ ᠤᠨ ᠪᠤᠶ ᠪᠣᠯᠭᠠᠭᠰᠠᠨ ᠨᠢᠭᠡᠴᠢ ᠨᠢ ᠬᠠᠳᠠᠭᠠᠯᠠᠨ ᠬᠠᠮᠢᠶᠠᠷᠴᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠳᠤ ᠲᠣᠭᠲᠠᠮᠠᠯ ᠬᠤᠭᠤᠴᠠᠭ᠎ᠠ ᠲᠠᠢ | ᠰᠢᠯᠵᠢᠭᠦᠯᠦᠨ ᠲᠤᠰᠢᠶᠠᠬᠤ ᠬᠡᠷᠡᠭᠲᠡᠶ᠃ | ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠰᠠᠶᠢᠨ ᠳᠤᠷ᠎ᠠ ᠠᠴᠠ ᠪᠠᠨ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ | ᠪᠤᠶᠤ ᠳᠠᠩᠰᠠ ᠡᠪᠬᠡᠮᠡᠯ ᠤᠨ ᠰᠠᠩ ᠳᠤ ᠳᠠᠩᠰᠠ ᠡᠪᠬᠡᠮᠡᠯ ᠢᠶᠠᠨ ᠰᠢᠯᠵᠢᠭᠦᠯᠦᠨ ᠲᠤᠰᠢᠶᠠᠬᠤ᠂ ᠲᠦᠷ ᠬᠠᠳᠠᠭᠠᠯᠠᠭᠤᠯᠬᠤ ᠳᠤ᠂ ᠵᠥᠪᠳᠡᠯᠴᠡᠭᠡᠳ ᠬᠡᠵᠢᠶ᠎ᠡ ᠴᠦ | ᠰᠢᠯᠵᠢᠭᠦᠯᠦᠨ ᠲᠤᠰᠢᠶᠠᠬᠤ ᠪᠤᠶᠤ ᠲᠦᠷ ᠬᠠᠳᠠᠭᠠᠯᠠᠭᠤᠯᠵᠦ ᠪᠣᠯᠤᠨ᠎ᠠ᠃ | ᠠᠷᠪᠠᠨ ᠨᠢᠭᠡᠳᠦᠭᠡᠷ ᠵᠦᠢᠯ ᠰᠤᠮᠤ᠂ ᠰᠢᠶᠠᠩ ᠪᠠᠯᠭᠠᠰᠤᠨ ᠤ ᠬᠠᠳᠠᠭᠠᠯᠠᠵᠤ ᠪᠠᠶᠢᠭ᠎ᠠ ᠭᠠᠵᠠᠷ ᠣᠷᠣᠨ ᠤ ᠣᠨᠴᠠᠯᠢᠭ ᠲᠠᠢ ᠠᠯᠳᠠᠷᠲᠤ ᠬᠥᠮᠦᠨ᠂ ᠨᠡᠷᠡᠲᠦ | ᠭᠠᠷᠤᠯᠲᠠ᠂ ᠦᠵᠡᠮᠵᠢᠲᠦ ᠭᠠᠵᠠᠷ᠂ ᠠᠷᠠᠳ ᠤᠨ ᠵᠠᠩ ᠦᠢᠯᠡ ᠵᠡᠷᠭᠡ ᠬᠡᠯᠪᠡᠷᠢ ᠶᠢᠨ ᠳᠠᠩᠰᠠ ᠡᠪᠬᠡᠮᠡᠯ ᠨᠢ ᠨᠢᠭᠡᠨᠲᠡ ᠬᠤᠰᠢᠭᠤ ᠰᠢᠶᠠᠨ ︵ᠬᠤᠲᠠ᠂ | ᠲᠣᠭᠤᠷᠢᠭ︶ ᠤ ᠳᠠᠩᠰᠠ ᠡᠪᠬᠡᠮᠡᠯ ᠤᠨ ᠰᠠᠩ ᠤᠨ ᠴᠤᠭᠯᠠᠭᠤᠯᠬᠤ ᠬᠡᠪᠴᠢᠶᠡᠨ ᠳᠤ ᠣᠷᠣᠭᠰᠠᠨ ᠪᠠᠶᠢᠪᠠᠯ᠂ ᠲᠣᠭᠲᠠᠭᠠᠯ ᠶᠣᠰᠣᠭᠠᠷ ᠬᠤᠰᠢᠭᠤ ᠰᠢᠶᠠᠨ ︵ | ᠬᠤᠲᠠ᠂ ᠲᠣᠭᠤᠷᠢᠭ︶ ᠤ ᠳᠠᠩᠰᠠ ᠡᠪᠬᠡᠮᠡᠯ ᠤᠨ ᠰᠠᠩ ᠳᠤ ᠰᠢᠯᠵᠢᠭᠦᠯᠦᠨ ᠲᠤᠰᠢᠶᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠰᠤᠮᠤ᠂ ᠰᠢᠶᠠᠩ ᠪᠠᠯᠭᠠᠰᠤᠨ ᠤ ᠬᠠᠷᠢᠶ᠎ᠠ ᠪᠣᠯᠬᠤ ᠠᠵᠤ ᠠᠬᠤᠶᠢᠯᠠᠯ ᠤᠨ ᠳᠠᠩᠰᠠ ᠡᠪᠬᠡᠮᠡᠯ ᠢ ᠲᠤᠰ ᠨᠢᠭᠡᠴᠢ ᠨᠢ | ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ ᠬᠡᠷᠡᠭᠲᠡᠶ᠂ ᠬᠠᠳᠠᠭᠠᠯᠠᠵᠤ ᠬᠠᠮᠢᠶᠠᠷᠬᠤ ᠨᠥᠬᠦᠴᠡᠯ ᠨᠢ ᠪᠦᠷᠢᠯᠳᠦᠭᠡᠳᠦᠶ ᠪᠣᠯ ᠰᠤᠮᠤ᠂ ᠰᠢᠶᠠᠩ ᠪᠠᠯᠭᠠᠰᠤᠨ ᠤ | ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠨᠢ ᠣᠷᠣᠯᠠᠨ ᠬᠠᠮᠢᠶᠠᠷᠴᠤ ᠪᠣᠯᠤᠨ᠎ᠠ᠃ | ᠠᠷᠪᠠᠨ ᠭᠤᠷᠪᠠᠳᠤᠭᠠᠷ ᠵᠦᠢᠯ ᠰᠤᠮᠤ᠂ ᠰᠢᠶᠠᠩ ᠪᠠᠯᠭᠠᠰᠤ ᠨᠢ ᠳᠣᠣᠷᠠᠬᠢ ᠮᠡᠲᠦ ᠳᠠᠩᠰᠠ ᠡᠪᠬᠡᠮᠡᠯ ᠤᠨ ᠠᠵᠢᠯ ᠤᠨ ᠳᠦᠷᠢᠮ ᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠶ᠄ | ︵ᠨᠢᠭᠡ︶ ᠡᠪᠬᠡᠮᠡᠯᠯᠡᠵᠦ ᠳᠠᠩᠰᠠ ᠡᠪᠬᠡᠮᠡᠯ ᠳᠤ ᠣᠷᠣᠭᠤᠯᠬᠤ ᠳᠦᠷᠢᠮ ᠳᠤ᠂ ᠡᠯ᠎ᠡ ᠵᠦᠢᠯ ᠤᠨ ᠪᠢᠴᠢᠭ ᠮᠠᠲ᠋ᠧᠷᠢᠶᠠᠯ ᠢ ᠳᠠᠩᠰᠠ ᠡᠪᠬᠡᠮᠡᠯ ᠳᠤ | ᠣᠷᠣᠭᠤᠯᠬᠤ ᠬᠡᠪᠴᠢᠶ᠎ᠡ᠂ ᠴᠠᠭ᠂ ᠲᠤᠭ᠎ᠠ᠂ ᠭᠠᠷᠳᠠᠮ ᠪᠠ ᠶᠠᠰᠤ ᠴᠢᠨᠠᠷ ᠤᠨ ᠱᠠᠭᠠᠷᠳᠠᠯᠭ᠎ᠠ ᠶᠢ ᠲᠣᠭᠲᠠᠭᠠᠬᠤ ᠬᠡᠷᠡᠭᠲᠡᠶ︔ | ︵ᠬᠤᠶᠠᠷ︶ ᠳᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠳᠦᠷᠢᠮ ᠳᠤ᠂ ᠳᠠᠩᠰᠠ ᠡᠪᠬᠡᠮᠡᠯ ᠢ ᠠᠮᠤᠷ ᠲᠦᠪᠰᠢᠨ ᠬᠠᠮᠠᠭᠠᠯᠠᠬᠤ᠂ ᠳᠠᠩᠰᠠ ᠡᠪᠬᠡᠮᠡᠯ ᠤᠨ | ᠬᠥᠮᠥᠷᠭᠡ ᠶᠢᠨ ᠭᠡᠷ ᠬᠢᠭᠡᠳ ᠲᠥᠬᠦᠭᠡᠷᠦᠮᠵᠢ ᠶᠢᠨ ᠱᠠᠭᠠᠷᠳᠠᠯᠭ᠎ᠠ ᠵᠢᠴᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠶ︔ | ︵ᠭᠤᠷᠪᠠ︶ ᠳᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ ᠳᠦᠷᠢᠮ ᠳᠤ᠂ ᠳᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠪᠠ | ᠨᠢᠭᠤᠴᠠ ᠶᠢ ᠬᠠᠮᠠᠭᠠᠯᠠᠬᠤ ᠲᠠᠯ᠎ᠠ ᠪᠠᠷ ᠳᠠᠩᠰᠠ ᠡᠪᠬᠡᠮᠡᠯ ᠤᠨ ᠠᠵᠢᠯᠲᠠᠨ ᠳᠠᠬᠢ ᠱᠠᠭᠠᠷᠳᠠᠯᠭ᠎ᠠ ᠶᠢ ᠲᠣᠭᠲᠠᠭᠠᠬᠤ ᠬᠡᠷᠡᠭᠲᠡᠶ︔ | ︵ᠳᠥᠷᠪᠡ︶ ᠳᠠᠩᠰᠠ ᠡᠪᠬᠡᠮᠡᠯ ᠢ ᠠᠰᠢᠭᠯᠠᠬᠤ ᠳᠦᠷᠢᠮ ᠳᠤ᠂ ᠳᠠᠩᠰᠠ ᠡᠪᠬᠡᠮᠡᠯ ᠢ ᠠᠰᠢᠭᠯᠠᠬᠤ ᠬᠡᠪᠴᠢᠶ᠎ᠡ᠂ ᠠᠷᠭ᠎ᠠ ᠮᠠᠶ᠋ᠢᠭ᠂ ᠬᠠᠮᠠᠭᠠᠯᠠᠬᠤ | ᠱᠠᠭᠠᠷᠳᠠᠯᠭ᠎ᠠ᠂ ᠵᠢᠭᠡᠯᠡᠨ ᠦᠵᠡᠬᠦ ᠶᠢ ᠨᠢ ᠬᠢᠨᠠᠨ ᠵᠥᠪᠰᠢᠶᠡᠷᠡᠬᠦ ᠪᠠ ᠳᠠᠩᠰᠠᠯᠠᠨ ᠲᠡᠮᠳᠡᠭᠯᠡᠬᠦ ᠭᠠᠷᠳᠠᠮ ᠢ ᠲᠣᠭᠲᠠᠭᠠᠬᠤ ᠬᠡᠷᠡᠭᠲᠡᠢ︔ | ︵ᠲᠠᠪᠤ︶ ᠳᠠᠩᠰᠠ ᠡᠪᠬᠡᠮᠡᠯ ᠤᠨ ᠠᠵᠢᠯᠲᠠᠨ ᠤ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠳᠤ᠂ ᠳᠠᠩᠰᠠ ᠡᠪᠬᠡᠮᠡᠯ ᠤᠨ ᠠᠵᠢᠯᠲᠠᠨ ᠤ | ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ᠂ ᠡᠭᠦᠷᠭᠡ᠂ ᠰᠢᠯᠭᠠᠨ ᠬᠢᠨᠠᠬᠤ᠂ ᠱᠠᠩᠨᠠᠵᠤ ᠲᠣᠷᠭᠠᠬᠤ ᠶᠢ ᠲᠣᠭᠲᠠᠭᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠲᠠᠩᠰᠠ | ᠡᠪᠬᠡᠮᠡᠯ ᠤᠨ ᠰᠠᠩ ᠳᠤ ᠲᠤᠰᠬᠠᠶ ᠬᠥᠮᠥᠷᠭᠡ ᠶᠢᠨ ᠬᠡᠷ ᠪᠠ ᠵᠢᠷᠤᠮᠵᠢᠭᠰᠠᠨ ᠲᠠᠩᠰᠠ ᠡᠪᠬᠡᠮᠡᠯ ᠤᠨ ᠪᠠᠭᠠᠵᠢ ᠬᠡᠷᠡᠭᠰᠡᠯ ᠢ ᠲᠣᠬᠢᠷᠠᠭᠤᠯᠤᠨ ᠥᠭᠴᠦ᠂ ᠴᠢᠬᠤᠯᠠ | ᠪᠥᠬᠦᠶ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠯᠡᠨ᠂ ᠣᠳᠣᠬᠢᠴᠢᠯᠠᠭᠰᠠᠨ ᠬᠠᠮᠢᠶᠠᠷᠤᠯᠲᠠ ᠳᠤ ᠲᠣᠬᠢᠷᠠᠬᠤ ᠮᠡᠷᠭᠡᠵᠢᠯ ᠤᠨ ᠲᠥᠬᠦᠭᠡᠷᠦᠮᠵᠢ ᠶᠢ | ᠳᠣᠭᠢᠷᠠᠭᠤᠯᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠲᠠᠩᠰᠠ | ᠡᠪᠬᠡᠮᠡᠯ ᠤᠨ ᠰᠠᠩ ᠨᠢ ᠬᠠᠳᠠᠭᠠᠯᠠᠵᠤ ᠪᠠᠶᠢᠭ᠎ᠠ ᠲᠠᠩᠰᠠ ᠡᠪᠬᠡᠮᠡᠯ ᠤᠨ ᠮᠠᠲ᠋ᠧᠷᠢᠶᠠᠯ ᠢᠶᠠᠨ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ ᠪᠦᠷᠢᠨ ᠡᠪᠭᠡᠮᠡᠯᠯᠡᠬᠦ | ᠬᠡᠷᠡᠭᠲᠡᠶ︔ ᠪᠦᠷᠢᠨ ᠡᠪᠬᠡᠮᠡᠯ ᠤᠨ ᠳᠣᠲᠣᠷ᠎ᠠ ᠪᠠᠨ ᠠᠳᠠᠯᠢ ᠪᠤᠰᠤ ᠲᠥᠷᠥᠯ᠂ ᠠᠳᠠᠯᠢ ᠪᠤᠰᠤ ᠠᠴᠢᠶᠠᠯᠠᠪᠤᠷᠢ᠂ ᠠᠳᠠᠯᠢ ᠪᠤᠰᠤ ᠬᠠᠳᠠᠭᠠᠯᠠᠵᠤ ᠬᠠᠮᠢᠶᠠᠷᠬᠤ | ᠬᠤᠭᠤᠴᠠᠭ᠎ᠠ ᠬᠢᠵᠠᠭᠠᠷ ᠢᠶᠠᠷ ᠨᠢ ᠣᠨ ᠤ ᠳᠠᠷᠠᠭᠠᠯᠠᠯ ᠢᠶᠠᠷ ᠵᠢᠶᠠᠰᠠᠨ ᠳᠤ ᠵᠢᠭᠰᠠᠭᠠᠨ ᠲᠠᠯᠪᠢᠵᠤ ᠬᠠᠮᠢᠶᠠᠷᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ | ᠡᠪᠬᠡᠮᠡᠯ ᠤᠨ ᠰᠠᠩ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠬᠠᠳᠠᠭᠠᠯᠠᠵᠤ ᠬᠠᠮᠢᠶᠠᠷᠬᠤ ᠬᠤᠭᠤᠴᠠᠭ᠎ᠠ ᠬᠢᠵᠠᠭᠠᠷ ᠤᠨ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ᠂ ᠲᠤᠰ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠬᠠᠳᠠᠭᠠᠯᠠᠵᠤ ᠬᠠᠮᠢᠶᠠᠷᠬᠤ ᠬᠤᠭᠤᠴᠠᠭ᠎ᠠ ᠬᠢᠵᠠᠭᠠᠷ ᠤᠨ | ᠬᠦᠰᠦᠨᠦᠭᠲᠦ ᠶᠢ ᠲᠣᠭᠲᠠᠭᠠᠬᠤ ᠶᠢᠨ ᠬᠠᠮᠲᠤ᠂ ᠬᠠᠮᠢᠶᠠᠷᠴᠤ ᠪᠠᠶᠢᠭ᠎ᠠ ᠳᠠᠩᠰᠠ ᠡᠪᠬᠡᠮᠡᠯ ᠤᠨ ᠬᠠᠳᠠᠭᠠᠯᠠᠵᠤ ᠬᠠᠮᠢᠶᠠᠷᠬᠤ ᠬᠤᠭᠤᠴᠠᠭ᠎ᠠ ᠬᠢᠵᠠᠭᠠᠷ ᠢ ᠣᠨᠣᠪᠴᠢᠲᠠᠶ | ᠲᠣᠭᠲᠠᠭᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ | ᠡᠪᠬᠡᠮᠡᠯ ᠤᠨ ᠰᠠᠩ ᠨᠢ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠬᠠᠳᠠᠭᠠᠯᠠᠵᠤ ᠬᠠᠮᠢᠶᠠᠷᠬᠤ ᠬᠤᠭᠤᠴᠠᠭ᠎ᠠ ᠨᠢ ᠨᠢᠭᠡᠨᠲᠡ ᠲᠤᠯᠤᠭᠰᠠᠨ | ᠳᠠᠩᠰᠠ ᠡᠪᠬᠡᠮᠡᠯ ᠢ ᠳᠠᠬᠢᠨᠲᠠ ᠬᠢᠨᠠᠵᠤ ᠬᠢᠨᠠᠨ ᠲᠣᠭᠲᠠᠭᠠᠬᠤ ᠬᠡᠷᠡᠭᠲᠡᠶ᠂ ᠬᠠᠳᠠᠭᠠᠯᠠᠬᠤ ᠦᠨ᠎ᠡ ᠥᠷᠲᠡᠭ ᠦᠭᠡᠶ ᠳᠠᠩᠰᠠ ᠡᠪᠬᠡᠮᠡᠯ ᠢ ᠤᠰᠠᠳᠬᠠᠬᠤ ᠳᠤ | ᠡᠷᠬᠡᠪᠰᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠭᠦᠢᠴᠡᠳᠬᠡᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ | ᠡᠪᠬᠡᠮᠡᠯ ᠤᠨ ᠰᠠᠩ ᠨᠢ ᠳᠠᠩᠰᠠ ᠡᠪᠬᠡᠮᠡᠯ ᠤᠨ ᠭᠠᠷᠴᠠᠭ᠂ ᠬᠠᠳᠠᠭᠠᠯᠠᠵᠤ ᠲᠠᠯᠪᠢᠬᠤ ᠬᠡᠯᠬᠢᠶᠡᠰᠦ᠂ ᠪᠦᠷᠢᠨ ᠡᠪᠬᠡᠮᠡᠯ ᠤᠨ ᠵᠦᠭᠯᠡᠭᠦᠷ ︵ᠲᠠᠨᠢᠯᠴᠠᠭᠤᠯᠭ᠎ᠠ︶ | ᠵᠡᠷᠭᠡ ᠬᠡᠷᠡᠭᠯᠡᠭᠡᠨ ᠳᠤ ᠲᠣᠬᠢᠷᠠᠭᠰᠠᠨ ᠡᠷᠢᠬᠦ ᠬᠡᠷᠡᠭᠯᠡᠭᠦᠷ ᠢ ᠨᠠᠶᠢᠷᠠᠭᠤᠯᠤᠨ ᠵᠣᠬᠢᠶᠠᠬᠤ ᠬᠡᠷᠡᠭᠲᠡᠶ︔ ᠠᠯᠪᠠᠨ ᠠᠵᠢᠯ ᠤᠨ ᠠᠦ᠋ᠲ᠋ᠣᠴᠢᠯᠠᠯᠲᠠ ᠯᠤᠭ᠎ᠠ ᠵᠡᠷᠭᠡ ᠳᠤ ᠨᠢ | ᠡᠯᠧᠺᠲᠷᠣᠨ ᠪᠢᠴᠢᠭ ᠮᠠᠲ᠋ᠧᠷᠢᠶᠠᠯ ᠢ ᠴᠤᠭᠯᠠᠭᠤᠯᠬᠤ᠂ ᠪᠣᠯᠪᠠᠰᠤᠷᠠᠭᠤᠯᠬᠤ᠂ ᠬᠠᠳᠠᠭᠠᠯᠠᠬᠤ ᠶᠢ ᠰᠠᠶᠢᠲᠤᠷ ᠬᠢᠵᠦ᠂ ᠡᠯ᠎ᠡ ᠲᠠᠯ᠎ᠠ ᠶᠢᠨ ᠬᠢᠨ ᠤ ᠡᠷᠢᠬᠦ᠂ | ᠠᠰᠢᠭᠯᠠᠬᠤ ᠳᠤ ᠳᠥᠭᠦᠮ ᠪᠠᠶᠢᠯᠭᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ | ᠡᠪᠬᠡᠮᠡᠯ ᠤᠨ ᠰᠠᠩ ᠨᠢ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠳᠠᠪᠠᠭᠤᠯᠢᠭ ᠢᠶᠠᠨ ᠠᠰᠢᠭᠯᠠᠨ᠂ ᠬᠤᠰᠢᠭᠤ ᠰᠢᠶᠠᠨ᠂ ᠰᠤᠮᠤ ᠰᠢᠶᠠᠩ | ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠭᠡ ᠵᠠᠩᠭᠢ ᠶᠢᠨ ᠰᠦᠯᠵᠢᠶᠡᠨ ᠤ ᠪᠠᠶᠢᠭᠤᠯᠤᠯᠲᠠ ᠳᠤ | ᠣᠷᠣᠯᠴᠠᠵᠤ᠂ ᠲᠠᠷᠢᠶᠠᠴᠢᠨ ᠮᠠᠯᠴᠢᠳ ᠲᠤ ᠮᠡᠳᠡᠭᠡ ᠵᠠᠩᠭᠢ ᠪᠠ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠲᠡᠶ᠃ | ᠬᠤᠷᠢᠳᠤᠭᠠᠷ ᠵᠦᠢᠯ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ | ᠰᠠᠩ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠠᠳᠠᠭᠠᠯᠠᠵᠤ ᠪᠠᠶᠢᠭ᠎ᠠ ᠳᠠᠩᠰᠠ ᠡᠪᠬᠡᠮᠡᠯ ᠢᠶᠠᠨ | ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠬᠤᠷᠢᠨ ᠨᠢᠭᠡᠳᠦᠭᠡᠷ ᠵᠦᠢᠯ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠲᠥᠪ ᠪᠤᠶᠤ ᠳᠠᠩᠰᠠ ᠡᠪᠬᠡᠮᠡᠯ ᠤᠨ ᠰᠠᠩ ᠨᠢ ᠳᠠᠩᠰᠠ | ᠡᠪᠬᠡᠮᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠴᠢᠯᠦᠭᠡᠲᠡᠢ ᠨᠡᠭᠡᠭᠡᠬᠦ ᠳᠠᠩᠰᠠ ᠡᠪᠬᠡᠮᠡᠯ ᠤᠨ ᠠᠭᠤᠯᠭ᠎ᠠ ᠪᠠ | ᠬᠡᠪᠴᠢᠶ᠎ᠡ ᠪᠠᠨ ᠲᠣᠭᠲᠠᠭᠠᠵᠤ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠴᠠᠭ | ᠲᠤᠬᠠᠶ ᠳᠤ ᠨᠢ ᠨᠡᠶᠢᠭᠡᠮ ᠳᠤ ᠴᠢᠯᠦᠭᠡᠲᠡᠢ ᠨᠡᠭᠡᠭᠡᠬᠦ ᠬᠡᠷᠡᠭᠲᠡᠶ᠃ | ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠲᠠᠩᠰᠠ ᠡᠪᠬᠡᠮᠡᠯ ᠤᠨ ᠰᠠᠩ ᠨᠢ ᠨᠥᠬᠦᠴᠡᠯ | ᠪᠦᠷᠢᠯᠳᠦᠭᠦᠯᠵᠦ ᠪᠠᠶᠢᠭᠠᠳ ᠣᠲᠣ ᠶᠢᠨ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠢᠶᠠᠨ ᠨᠡᠶᠢᠭᠡᠮ ᠤᠨ ᠬᠢᠨ ᠳᠤ ᠦᠵᠡᠭᠦᠯᠵᠦ ᠤᠩᠰᠢᠭᠤᠯᠬᠤ | ᠦᠢᠯᠡᠴᠢᠯᠡᠭᠡ ᠶᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠲᠠᠩᠰᠠ | ᠡᠪᠬᠡᠮᠡᠯ ᠤᠨ ᠰᠠᠩ ᠨᠢ ᠨᠠᠶᠢᠳᠠᠨ ᠬᠠᠳᠠᠭᠠᠯᠠᠭᠤᠯᠵᠤ ᠪᠠᠶᠢᠭ᠎ᠠ ᠲᠠᠩᠰᠠ ᠡᠪᠬᠡᠮᠡᠯ ᠢ ᠠᠰᠢᠭᠯᠠᠨ ᠨᠡᠶᠢᠭᠡᠮ ᠳᠤ ᠦᠢᠯᠡᠴᠢᠯᠡᠭᠡ ᠬᠠᠩᠭᠠᠬᠤ ᠳᠤ ᠪᠠᠨ ᠲᠠᠩᠰᠠ | ᠡᠪᠬᠡᠮᠡᠯ ᠢᠶᠠᠨ ᠨᠠᠶᠢᠳᠠᠨ ᠬᠠᠳᠠᠭᠠᠯᠠᠭᠤᠯᠤᠭᠴᠢ ᠶᠢᠨ ᠵᠥᠪᠰᠢᠶᠡᠷᠡᠯ ᠢ ᠣᠯᠣᠭᠰᠠᠨ ᠪᠠᠶᠢᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠳᠤᠤᠷᠠᠬᠢ ᠦᠢᠯᠡ ᠪᠠᠶᠢᠳᠠᠯ ᠤᠨ ᠨᠢᠭᠡ ᠨᠢ ᠪᠠᠶᠢᠬᠤ ᠨᠢᠭᠡᠴᠢ ᠬᠢᠭᠡᠳ ᠬᠤᠪᠢ ᠬᠥᠮᠦᠨ ᠢ ᠰᠤᠮᠤ᠂ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠱᠠᠩᠨᠠᠨ ᠬᠥᠬᠢᠭᠦᠯᠦᠨ᠎ᠡ᠄ | ︵ᠨᠢᠭᠡ︶ ᠳᠠᠩᠰᠠ ᠡᠪᠬᠡᠮᠡᠯ ᠮᠠᠲ᠋ᠧᠷᠢᠶᠠᠯ ᠢ ᠬᠤᠷᠢᠶᠠᠵᠤ ᠴᠤᠭᠯᠠᠭᠤᠯᠬᠤ᠂ ᠡᠮᠬᠢᠯᠡᠬᠦ᠂ ᠬᠠᠮᠠᠭᠠᠯᠠᠬᠤ ᠪᠠ ᠠᠰᠢᠭᠯᠠᠭᠤᠯᠬᠤ ᠳᠤ ᠢᠯᠡᠳᠲᠡ ᠠᠮᠵᠢᠯᠲᠠ | ᠪᠦᠲᠦᠮᠵᠢ ᠭᠠᠷᠭᠠᠭᠰᠠᠨ︔ | ︵ᠬᠤᠶᠠᠷ︶ ᠴᠢᠬᠤᠯᠠ ᠪᠤᠶᠤ ᠬᠤᠪᠣᠷ ᠴᠤᠬᠠᠭ ᠳᠠᠩᠰᠠ ᠡᠪᠬᠡᠮᠡᠯ ᠮᠠᠲ᠋ᠧᠷᠢᠶᠠᠯ ᠢ ᠤᠯᠤᠰ ᠲᠤ ᠬᠠᠨᠳᠢᠪᠯᠠᠵᠤ ᠪᠡᠯᠡᠭᠯᠡᠭᠰᠡᠨ︔ | ︵ᠭᠤᠷᠪᠠ︶ ᠳᠠᠩᠰᠠ ᠡᠪᠬᠡᠮᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠲᠡᠮᠡᠴᠡᠯ ᠬᠢᠭᠰᠡᠨ ᠢᠯᠡᠷᠡᠯ ᠨᠢ | ᠳᠣᠪᠣᠶᠢᠮ᠎ᠠ ᠪᠠᠶᠢᠬᠤ︔ | ︵ᠳᠥᠷᠪᠡ︶ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠤᠨ ᠠᠵᠢᠯ ᠤᠨ ᠵᠣᠬᠢᠶᠠᠨ ᠪᠠᠶᠢᠭᠤᠯᠵᠤ ᠬᠠᠮᠢᠶᠠᠷᠬᠤ ᠳᠤ ᠨᠡᠯᠢᠶᠡᠳ ᠶᠡᠭᠡ ᠬᠤᠪᠢ | ᠨᠡᠮᠡᠷᠢ ᠦᠵᠡᠭᠦᠯᠦᠭᠰᠡᠨ︔ | ︵ᠲᠠᠪᠤ︶ ᠰᠤᠮᠤ᠂ ᠰᠢᠶᠠᠩ ᠪᠠᠯᠭᠠᠰᠤᠨ ᠤ ᠬᠠᠷᠢᠶ᠎ᠠ ᠭᠠᠵᠠᠷ ᠲᠠᠬᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠠ ᠪᠤᠰᠤᠳ ᠵᠣᠬᠢᠶᠠᠨ | ᠪᠠᠶᠢᠭᠤᠯᠤᠯᠲᠠ ᠵᠢᠴᠢ ᠬᠤᠪᠢ ᠬᠥᠮᠦᠨ ᠤ ᠳᠠᠩᠰᠠ ᠡᠪᠬᠡᠮᠡᠯ ᠤᠨ ᠬᠠᠮᠢᠶᠠᠷᠤᠯᠲᠠ ᠳᠤ ᠵᠢᠭᠠᠨ ᠵᠢᠯᠣᠭᠤᠳᠬᠤ ᠪᠠ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ | ᠨᠡᠯᠢᠶᠡᠳ ᠶᠡᠭᠡ ᠦᠷ᠎ᠡ ᠠᠰᠢᠭ ᠭᠠᠷᠭᠠᠭᠰᠠᠨ᠃ | ᠬᠤᠷᠢᠨ ᠳᠥᠷᠪᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ︾ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ | ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠬᠤᠲᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠠᠩᠰᠠ ᠡᠪᠬᠡᠮᠡᠯ ᠤᠨ ᠬᠠᠮᠢᠶᠠᠷᠤᠯᠲᠠ ᠳᠤ ᠲᠤᠰ | ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠬᠤᠷᠢᠨ ᠵᠢᠷᠭᠤᠳᠤᠭᠠᠷ ᠵᠦᠢᠯ ᠲᠤᠰ ᠠᠷᠭ᠎ᠠ ᠶᠢ 2004 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠤᠤᠯ ᠤᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤᠨ ᠤ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ︵1992 | ᠣᠨ ᠤ 11 ᠳ᠋ᠦ᠋ᠭᠡᠷ ᠰᠠᠷ᠎ᠠ ᠶᠢᠨ 24 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 48 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | 2021 ᠣᠨ ᠤ 11 ᠳ᠋ᠦ᠋ᠭᠡᠷ ᠰᠠᠷ᠎ᠠ ᠶᠢᠨ | 26 ᠤ ᠡᠳᠦᠷ ᠳᠠᠷᠤᠮᠠᠯᠯᠠᠨ ᠲᠠᠷᠬᠠᠭᠠᠪᠠ | | | | | | | | | | ᠁ |