| 2021-03-25 ᠳᠤ ᠨᠡᠶᠢᠲᠡᠯᠡᠵᠦ᠂ 2021-04-25 ᠠᠴᠠ ᠬᠡᠷᠡᠭᠵᠢᠭᠦᠯᠪᠡ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠨᠡᠶᠢᠲᠡᠯᠡᠪᠡ | DB15/T 2131—2021 | ᠡᠮᠦᠨᠡᠬᠢ ᠦᠭᠡ | ᠲᠤᠰ ᠮᠠᠲ᠋ᠧᠷᠢᠶᠠᠯ ᠢ GB/T1.1-2020 ︽ᠪᠠᠷᠢᠮᠵᠢᠶᠠᠵᠢᠭᠤᠯᠬᠤ ᠠᠵᠢᠯ ᠤᠨ ᠵᠢᠯᠣᠭᠤᠳᠬᠤ ᠵᠠᠷᠴᠢᠮ ᠤᠨ 1 ᠳ᠋ᠦ᠋ᠭᠡᠷ ᠬᠡᠰᠡᠭ᠄ | ᠪᠠᠷᠢᠮᠵᠢᠶᠠᠵᠢᠭᠤᠯᠬᠤ ᠮᠠᠲ᠋ᠧᠷᠢᠶᠠᠯ ᠤᠨ ᠪᠦᠲᠦᠴᠡ ᠪᠠ ᠲᠤᠭᠤᠷᠪᠢᠬᠤ ᠳᠦᠷᠢᠮ︾ ᠤᠨ ᠲᠣᠭᠲᠠᠭᠠᠯ ᠶᠣᠰᠣᠭᠠᠷ ᠲᠤᠭᠤᠷᠪᠢᠪᠠ᠃ | ᠲᠤᠰ ᠮᠠᠲ᠋ᠧᠷᠢᠶᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ | ᠲᠥᠯᠥᠪᠵᠢᠭᠦᠯᠭᠡ ᠶᠢᠨ ᠬᠦᠷᠢᠶᠡᠯᠡᠩ ᠠᠴᠠ ᠳᠤᠷᠠᠳᠤᠨ ᠳᠡᠪᠰᠢᠭᠦᠯᠪᠡ᠃ | ᠲᠤᠰ ᠮᠠᠲ᠋ᠧᠷᠢᠶᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠳᠤᠷᠢᠳᠤᠨ ᠲᠣᠭᠲᠠᠭᠠᠪᠠ | ᠃ | ᠲᠤᠰ ᠮᠠᠲ᠋ᠧᠷᠢᠶᠠᠯ ᠢ ᠲᠤᠭᠤᠷᠪᠢᠭᠰᠠᠨ ᠪᠠᠶᠢᠭᠤᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠭᠡᠷ ᠤᠨ | ᠣᠷᠣᠨ ᠵᠠᠢ ᠶᠢᠨ ᠲᠥᠯᠥᠪᠵᠢᠭᠦᠯᠭᠡ ᠶᠢᠨ ᠬᠦᠷᠢᠶᠡᠯᠡᠩ | ᠲᠤᠰ ᠮᠠᠲ᠋ᠧᠷᠢᠶᠠᠯ ᠢ ᠭᠤᠣᠯᠯᠠᠨ ᠲᠤᠭᠤᠷᠪᠢᠭᠴᠢ᠄ ᠢᠦᠢ ᠶᠠᠨ ᠬᠤᠸᠠ᠂ ᠵᠣᠣ ᠵᠢᠶᠠ ᠪᠢᠨ᠂ ᠬᠤᠣ ᠵᠢᠶᠦ᠋ᠨ᠂ ᠲᠠᠩ ᠯᠧᠢ᠂ ᠴᠧᠨ ᠭᠠᠢ ᠰᠢᠶᠠᠩ᠂ | ᠬᠤᠩᠭᠤᠷ | ᠲᠤᠰ ᠮᠠᠲ᠋ᠧᠷᠢᠶᠠᠯ ᠢ ᠣᠷᠴᠢᠭᠤᠯᠤᠭᠴᠢ᠄ ᠨᠠᠷᠠᠨᠲᠤᠶᠠᠭ᠎ᠠ | 1 ᠬᠡᠪᠴᠢᠶ᠎ᠡ | ᠲᠤᠰ ᠮᠠᠲ᠋ᠧᠷᠢᠶᠠᠯ ᠳᠤ ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠡᠭᠦᠷᠭᠡ᠂ ᠫᠷᠣᠭ᠍ᠷᠠᠮ᠂ ᠠᠭᠤᠯᠭ᠎ᠠ ᠪᠣᠯᠣᠨ ᠦᠷ᠎ᠡ ᠪᠦᠲᠦᠭᠡᠯ ᠤᠨ | ᠱᠠᠭᠠᠷᠳᠠᠯᠭ᠎ᠠ ᠶᠢ ᠲᠣᠭᠲᠠᠭᠠᠪᠠ᠃ | ᠲᠤᠰ ᠮᠠᠲ᠋ᠧᠷᠢᠶᠠᠯ ᠨᠢ ᠬᠤᠲᠠ ᠪᠠᠯᠭᠠᠰᠤ ᠶᠢᠨ ᠵᠠᠬ᠎ᠠ ᠬᠢᠵᠠᠭᠠᠷ ᠤᠨ ᠨᠡᠭᠡᠭᠡᠨ ᠠᠰᠢᠭᠯᠠᠯᠲᠠ ᠳᠤ ᠲᠣᠬᠢᠷᠠᠬᠤ ᠠᠴᠠ ᠭᠠᠳᠠᠨ᠎ᠠ᠂ ᠨᠢᠭᠡ ᠪᠤᠶᠤ ᠬᠥᠷᠰᠢ | ᠵᠡᠷᠭᠡᠯᠡᠳᠡᠭᠡ᠂ ᠨᠡᠶᠢᠯᠡᠯᠳᠦᠵᠦ ᠪᠠᠶᠢᠭ᠎ᠠ ᠬᠡᠳᠦᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠭᠰᠠᠨ ︽ᠣᠯᠠᠨ ᠲᠥᠯᠥᠪᠵᠢᠭᠦᠯᠭᠡ ᠶᠢ | ᠬᠠᠮᠲᠤᠷᠠᠭᠤᠯᠤᠨ ᠨᠢᠭᠡᠳᠬᠡᠭᠰᠡᠨ︾ ᠭᠠᠴᠠᠭ᠎ᠠ ᠲᠤᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠴᠤ ᠲᠣᠬᠢᠷᠠᠨ᠎ᠠ᠃ | | 2 ᠵᠢᠷᠤᠮᠵᠢᠭᠤᠯᠬᠤ ᠳᠤ ᠡᠰᠢᠯᠡᠬᠦ ᠮᠠᠲ᠋ᠧᠷᠢᠶᠠᠯ | ᠳᠣᠣᠷᠠᠬᠢ ᠮᠠᠲ᠋ᠧᠷᠢᠶᠠᠯ ᠤᠨ ᠠᠭᠤᠯᠭ᠎ᠠ ᠶᠢ ᠲᠤᠰ ᠳᠦᠷᠢᠮᠵᠢᠯ ᠢ ᠵᠢᠷᠤᠮᠵᠢᠭᠤᠯᠬᠤ ᠳᠤ ᠡᠰᠢᠯᠡᠨ ᠠᠰᠢᠭᠯᠠᠬᠤ ᠤᠴᠢᠷ ᠠᠴᠠ ᠲᠤᠰ ᠮᠠᠲ᠋ᠧᠷᠢᠶᠠᠯ ᠤᠨ | ᠳᠤᠲᠠᠭᠳᠠᠵᠤ ᠪᠣᠯᠣᠰᠢ ᠦᠭᠡᠢ ᠵᠦᠢᠯ ᠪᠣᠯᠪᠠ᠃ ᠡᠭᠦᠨ ᠳᠤ᠂ ᠡᠳᠦᠷ ᠬᠤᠭᠤᠴᠠᠭ᠎ᠠ ᠪᠦᠬᠦᠢ ᠡᠰᠢᠯᠡᠬᠦ ᠮᠠᠲ᠋ᠧᠷᠢᠶᠠᠯ ᠤᠨ ᠲᠤᠰ ᠡᠳᠦᠷ ᠬᠤᠭᠤᠴᠠᠭ᠎ᠠ ᠲᠠᠢ | ᠬᠠᠷᠠᠭᠠᠯᠵᠠᠵᠤ ᠪᠠᠶᠢᠭ᠎ᠠ ᠬᠡᠪᠯᠡᠯ ᠨᠢ ᠲᠤᠰ ᠮᠠᠲ᠋ᠧᠷᠢᠶᠠᠯ ᠳᠤ ᠲᠣᠬᠢᠷᠠᠯᠴᠠᠨ ᠠᠰᠢᠭᠯᠠᠭᠳᠠᠨ᠎ᠠ᠃ ᠡᠳᠦᠷ ᠬᠤᠭᠤᠴᠠᠭ᠎ᠠ ᠦᠭᠡᠢ ᠡᠰᠢᠯᠡᠬᠦ ᠮᠠᠲ᠋ᠧᠷᠢᠶᠠᠯ ᠤᠨ ᠬᠠᠮᠤᠭ | ᠰᠢᠨ᠎ᠡ ᠬᠡᠪᠯᠡᠯ ︵ᠠᠯᠢᠪᠠ ᠵᠠᠰᠠᠪᠤᠷᠢ ᠣᠷᠣᠭᠤᠯᠤᠭᠰᠠᠨ ᠬᠠᠭᠤᠳᠠᠰᠤ ᠶᠢ ᠪᠠᠭᠲᠠᠭᠠᠨ᠎ᠠ︶ ᠨᠢ ᠲᠤᠰ ᠮᠠᠲ᠋ᠧᠷᠢᠶᠠᠯ ᠳᠤ ᠲᠣᠬᠢᠷᠠᠯᠴᠠᠨ ᠠᠰᠢᠭᠯᠠᠭᠳᠠᠨ᠎ᠠ᠃ | GB/T 19231 ᠭᠠᠵᠠᠷ ᠰᠢᠷᠣᠢ ᠶᠢᠨ ᠦᠨᠳᠦᠰᠦᠨ ᠨᠡᠷ᠎ᠡ ᠲᠣᠮᠢᠶ᠎ᠠ | GB/T 50298 ᠨᠡᠷᠡᠲᠦ ᠦᠵᠡᠮᠵᠢ ᠶᠢᠨ ᠣᠷᠣᠨ ᠤ ᠶᠡᠷᠦᠩᠬᠡᠢ ᠲᠥᠯᠥᠪᠵᠢᠭᠦᠯᠭᠡ ᠶᠢᠨ ᠪᠠᠷᠢᠮᠵᠢᠶ᠎ᠠ | GB/T 50445 ᠭᠠᠴᠠᠭ᠎ᠠ ᠲᠣᠰᠬᠤᠨ ᠢ ᠵᠠᠰᠠᠵᠤ ᠰᠢᠨᠡᠳᠬᠡᠬᠦ ᠮᠡᠷᠭᠡᠵᠢᠯ ᠤᠨ ᠪᠠᠷᠢᠮᠵᠢᠶ᠎ᠠ | TD/T 1011 ᠭᠠᠵᠠᠷ ᠰᠢᠷᠣᠢ ᠶᠢ ᠨᠡᠭᠡᠭᠡᠨ ᠠᠰᠢᠭᠯᠠᠵᠤ ᠲᠡᠭᠰᠢᠯᠡᠨ ᠵᠠᠰᠠᠬᠤ ᠲᠥᠯᠥᠪᠵᠢᠭᠦᠯᠭᠡ ᠶᠢᠨ ᠨᠠᠶᠢᠷᠠᠭᠤᠯᠤᠨ ᠵᠣᠬᠢᠶᠠᠬᠤ ᠳᠦᠷᠢᠮᠵᠢᠯ | | 3 ᠨᠡᠷ᠎ᠡ ᠲᠣᠮᠢᠶ᠎ᠠ ᠪᠠ ᠲᠣᠳᠣᠷᠬᠠᠶᠢᠯᠠᠯᠲᠠ | GB/T 19231 ᠳᠤ ᠲᠣᠭᠲᠠᠭᠠᠭᠰᠠᠨ ᠪᠠ ᠳᠣᠣᠷᠠᠬᠢ ᠨᠡᠷ᠎ᠡ ᠲᠣᠮᠢᠶ᠎ᠠ ᠪᠠ ᠲᠣᠳᠣᠷᠬᠠᠶᠢᠯᠠᠯᠲᠠ ᠨᠤᠭᠤᠳ ᠲᠤᠰ ᠮᠠᠲ᠋ᠧᠷᠢᠶᠠᠯ ᠳᠤ ᠲᠣᠬᠢᠷᠠᠯᠴᠠᠨ | ᠠᠰᠢᠭᠯᠠᠭᠳᠠᠨ᠎ᠠ᠃ | 3.1 | ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠥᠪᠵᠢᠭᠦᠯᠭᠡ national territory sptial planning | ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢ ᠬᠠᠮᠠᠭᠠᠯᠠᠵᠤ᠂ ᠨᠡᠭᠡᠭᠡᠨ ᠠᠰᠢᠭᠯᠠᠬᠤ᠂ ᠰᠡᠷᠭᠦᠭᠡᠨ ᠵᠠᠰᠠᠬᠤ ᠳᠤ ᠪᠦᠬᠦ ᠲᠠᠯ᠎ᠠ ᠶᠢᠨ | ᠪᠠᠶᠢᠷᠢᠯᠠᠭᠤᠯᠤᠯᠲᠠ ᠪᠣᠯᠣᠨ ᠨᠢᠭᠡᠳᠦᠯᠲᠡᠢ ᠪᠠᠷ ᠲᠣᠬᠢᠷᠠᠭᠤᠯᠤᠯᠲᠠ ᠬᠢᠬᠦ ᠶᠢ ᠵᠢᠭᠠᠨ᠎ᠠ᠃ | | 3.2 | ᠨᠠᠷᠢᠯᠢᠭ ᠲᠥᠯᠥᠪᠵᠢᠭᠦᠯᠭᠡ detailed planning ᠪᠣᠳᠠᠲᠠᠢ ᠬᠡᠰᠡᠭ ᠭᠠᠵᠠᠷ ᠤᠨ ᠬᠡᠷᠡᠭᠴᠡᠭᠡ ᠪᠠ ᠳᠠᠭᠠᠭᠠᠴᠠ ᠳᠤ ᠵᠣᠷᠢᠭᠤᠯᠤᠨ ᠬᠢᠭᠰᠡᠨ | ᠬᠡᠷᠡᠭᠵᠢᠭᠦᠯᠦᠯᠲᠡ ᠶᠢᠨ ᠴᠢᠨᠠᠷᠲᠠᠢ ᠲᠣᠬᠢᠷᠠᠭᠤᠯᠤᠯᠲᠠ ᠶᠢ ᠵᠢᠭᠠᠬᠤ ᠪᠥᠭᠡᠳ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢ ᠨᠡᠭᠡᠭᠡᠨ ᠬᠠᠮᠠᠭᠠᠯᠠᠬᠤ᠂ | ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠬᠡᠷᠡᠭᠴᠡᠭᠡ ᠶᠢᠨ ᠬᠢᠨᠠᠯᠲᠠ ᠶᠢ ᠬᠡᠷᠡᠭᠵᠢᠭᠦᠯᠬᠦ᠂ ᠰᠠᠭᠤᠷᠢ ᠲᠥᠬᠦᠭᠡᠷᠦᠮᠵᠢ ᠪᠠ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠶᠠᠪᠤᠭᠳᠠᠭᠤᠯᠬᠤ᠂ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠵᠡᠷᠭᠡ ᠠᠵᠢᠯ ᠢ ᠥᠷᠨᠢᠭᠦᠯᠬᠦ ᠶᠢᠨ ᠬᠠᠤᠯᠢ ᠶᠣᠰᠣᠨ ᠤ | ᠦᠨᠳᠦᠰᠦᠯᠡᠯ ᠪᠣᠯᠣᠨ᠎ᠠ᠃ | | 3.3 | ᠣᠯᠠᠨ ᠢᠶᠠᠷ ᠢᠶᠠᠨ ᠣᠷᠣᠯᠴᠠᠬᠤ public participation ᠲᠣᠭᠲᠠᠭᠰᠠᠨ ᠨᠢᠭᠡᠨ ᠬᠡᠯᠪᠡᠷᠢ ᠪᠠ ᠠᠷᠭ᠎ᠠ ᠵᠠᠮ ᠢᠶᠠᠷ ᠳᠠᠮᠵᠢᠵᠤ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠦᠢᠯᠡ ᠠᠵᠢᠯᠯᠠᠭ᠎ᠠ ᠶᠢ ᠵᠢᠭᠠᠨ᠎ᠠ᠃ | | 4 ᠶᠡᠷᠦᠩᠬᠡᠢ ᠳᠦᠷᠢᠮ | 4.1 ᠲᠥᠯᠥᠪᠵᠢᠭᠦᠯᠭᠡ ᠶᠢᠨ ᠲᠣᠳᠣᠷᠬᠠᠶᠢᠯᠠᠯ | ᠭᠠᠴᠠᠭ᠎ᠠ ᠲᠤᠰᠬᠤᠨ ᠤ ᠲᠥᠯᠥᠪᠵᠢᠭᠦᠯᠭᠡ ᠪᠣᠯ ᠬᠠᠤᠯᠢ ᠶᠣᠰᠣᠨ ᠤ ᠲᠥᠯᠥᠪᠵᠢᠭᠦᠯᠭᠡ ᠪᠥᠭᠡᠳ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ | ᠲᠥᠯᠥᠪᠵᠢᠭᠦᠯᠭᠡ ᠶᠢᠨ ᠰᠢᠰᠲ᠋ᠧᠮ ᠳᠠᠬᠢ ᠬᠤᠲᠠ ᠪᠠᠯᠭᠠᠰᠤ ᠶᠢᠨ ᠨᠡᠭᠡᠭᠡᠨ ᠠᠰᠢᠭᠯᠠᠬᠤ ᠬᠡᠪᠴᠢᠶᠡᠨ ᠤ ᠭᠠᠳᠠᠨᠠᠬᠢ ᠰᠢᠶᠠᠩ ᠲᠣᠰᠬᠤᠨ ᠤ ᠨᠠᠷᠢᠯᠢᠭ | ᠲᠥᠯᠥᠪᠵᠢᠭᠦᠯᠭᠡ ᠪᠣᠯᠣᠨ᠎ᠠ᠃ ᠪᠠᠰᠠ ᠴᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢ ᠨᠡᠭᠡᠭᠡᠨ ᠬᠠᠮᠠᠭᠠᠯᠠᠬᠤ ᠠᠵᠢᠯᠯᠠᠭ᠎ᠠ᠂ ᠤᠯᠤᠰ ᠤᠨ ᠨᠤᠲᠤᠭ | ᠳᠡᠪᠢᠰᠭᠡᠷ ᠤᠨ ᠣᠷᠣᠨ ᠵᠠᠢ ᠶᠢᠨ ᠬᠡᠷᠡᠭᠴᠡᠭᠡ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ᠂ ᠰᠢᠶᠠᠩ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠲᠥᠯᠥᠪᠵᠢᠭᠦᠯᠭᠡ ᠶᠢᠨ ᠵᠥᠪᠰᠢᠶᠡᠷᠡᠯ ᠢ ᠬᠢᠨᠠᠨ ᠣᠯᠭᠤᠬᠤ᠂ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢ ᠶᠠᠪᠤᠭᠳᠠᠭᠤᠯᠬᠤ ᠵᠡᠷᠭᠡ | ᠠᠵᠢᠯ ᠢ ᠥᠷᠨᠢᠭᠦᠯᠬᠦ ᠶᠢᠨ ᠬᠠᠤᠯᠢ ᠶᠣᠰᠣᠨ ᠤ ᠦᠨᠳᠦᠰᠦᠯᠡᠯ ᠪᠣᠯᠣᠨ᠎ᠠ᠃ | | 4.2 ᠨᠠᠶᠢᠷᠠᠭᠤᠯᠤᠨ ᠵᠣᠬᠢᠶᠠᠬᠤ ᠭᠤᠣᠯ ᠴᠣᠭᠴᠠ | ᠭᠠᠴᠠᠭ᠎ᠠ ᠲᠤᠰᠬᠤᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠠᠵᠢᠯ ᠢ ᠬᠤᠰᠢᠭᠤ ᠰᠢᠶᠠᠨ ︵ᠬᠤᠲᠠ᠂ ᠲᠣᠭᠤᠷᠢᠭ︶ | ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠤᠳᠤᠷᠢᠳᠴᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠢ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢᠭᠡᠳᠦᠯᠲᠡᠢ ᠵᠣᠬᠢᠴᠠᠭᠤᠯᠤᠨ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ | ᠨᠠᠶᠢᠷᠠᠭᠤᠯᠤᠨ ᠵᠣᠬᠢᠶᠠᠬᠤ ᠪᠥᠭᠡᠳ ᠮᠠᠯᠴᠢᠨ ᠲᠠᠷᠢᠶᠠᠴᠢᠳ ᠪᠦᠬᠦ ᠶᠠᠪᠤᠴᠠ ᠳᠤ ᠣᠷᠣᠯᠴᠠᠨ᠎ᠠ᠃ | | 4.3 ᠲᠥᠯᠥᠪᠵᠢᠭᠦᠯᠭᠡ ᠶᠢᠨ ᠬᠤᠭᠤᠴᠠᠭ᠎ᠠ | ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠬᠤᠭᠤᠴᠠᠭ᠎ᠠ ᠨᠢ ᠰᠤᠮᠤ ᠰᠢᠶᠠᠩ ᠪᠠᠯᠭᠠᠰᠤ ᠶᠢᠨ ᠤᠯᠤᠰ ᠤᠨ ᠨᠤᠲᠤᠭ ᠳᠡᠪᠢᠰᠭᠡᠷ ᠤᠨ ᠣᠷᠣᠨ | ᠵᠠᠢ ᠶᠢᠨ ᠪᠦᠬᠦ ᠲᠠᠯ᠎ᠠ ᠶᠢᠨ ᠲᠥᠯᠥᠪᠵᠢᠭᠦᠯᠭᠡ ᠶᠢᠨ ᠬᠤᠭᠤᠴᠠᠭ᠎ᠠ ᠲᠠᠢ ᠠᠳᠠᠯᠢ ᠪᠠᠶᠢᠪᠠᠯ ᠵᠣᠬᠢᠨ᠎ᠠ᠃ | | 4.4 ᠲᠥᠯᠥᠪᠵᠢᠭᠦᠯᠭᠡ ᠶᠢᠨ ᠡᠭᠦᠷᠭᠡ | ᠳᠡᠭᠡᠳᠦ ᠪᠠᠶᠢᠷᠢ ᠶᠢᠨ ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠢᠭᠯᠡᠯ ᠢ ᠡᠵᠡᠮᠳᠡᠬᠦ ᠪᠠ ᠦᠨᠳᠦᠰᠦᠨ ᠱᠠᠭᠠᠷᠳᠠᠯᠭ᠎ᠠ ᠶᠢ | ᠴᠢᠩᠭ᠎ᠠ ᠪᠠᠷᠢᠮᠲᠠᠯᠠᠭᠰᠠᠨ ᠤᠷᠢᠳᠠᠯ ᠳᠣᠣᠷ᠎ᠠ᠂ ᠭᠠᠴᠠᠭ᠎ᠠ ᠲᠣᠰᠬᠤᠨ ᠤ ᠪᠣᠳᠠᠲᠠᠢ ᠰᠠᠭᠤᠷᠢ ᠪᠠ ᠬᠥᠭᠵᠢᠯᠲᠡ ᠶᠢᠨ ᠪᠠᠶᠢᠳᠠᠯ ᠠᠴᠠ ᠡᠭᠦᠰᠴᠦ᠂ ᠮᠠᠯᠴᠢᠨ | ᠲᠠᠷᠢᠶᠠᠴᠢᠳ ᠤᠨ ᠬᠦᠰᠡᠯ ᠱᠠᠭᠠᠷᠳᠠᠯᠭ᠎ᠠ ᠶᠢ ᠪᠦᠷᠢᠮᠦᠰᠦᠨ ᠬᠦᠨᠳᠦᠳᠬᠡᠭᠰᠡᠨ ᠰᠠᠭᠤᠷᠢᠨ ᠳᠡᠭᠡᠷ᠎ᠡ᠂ ᠭᠠᠴᠠᠭ᠎ᠠ ᠲᠣᠰᠬᠤᠨ ᠤ ᠣᠷᠣᠨ ᠵᠠᠢ ᠶᠢᠨ | ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢᠨ ᠲᠥᠰᠥᠯ ᠢ ᠲᠣᠭᠲᠠᠭᠠᠨ᠎ᠠ᠃ ᠭᠤᠣᠯᠳᠠᠭᠤ ᠳᠣᠣᠷᠠᠬᠢ ᠮᠡᠲᠦ᠄ | a) ᠭᠠᠴᠠᠭ᠎ᠠ ᠲᠣᠰᠬᠤᠨ ᠤ ᠬᠥᠭᠵᠢᠯᠲᠡ ᠶᠢᠨ ᠬᠠᠷᠠᠯᠲᠠ ᠶᠢ ᠪᠦᠬᠦ ᠲᠠᠯ᠎ᠠ ᠪᠠᠷ ᠲᠥᠯᠥᠪᠯᠡᠬᠦ | b) ᠠᠮᠢ ᠠᠬᠤᠢ ᠶᠢᠨ ᠬᠠᠮᠠᠭᠠᠯᠠᠯᠲᠠ ᠰᠠᠶᠢᠵᠢᠷᠠᠭᠤᠯᠤᠯᠲᠠ ᠶᠢ ᠪᠦᠬᠦ ᠲᠠᠯ᠎ᠠ ᠪᠠᠷ ᠲᠥᠯᠥᠪᠯᠡᠬᠦ | c) ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠲᠥᠯᠥᠪᠯᠡᠬᠦ | d) ᠲᠡᠦᠬᠡ ᠰᠣᠶᠣᠯ ᠢ ᠤᠯᠠᠮᠵᠢᠯᠠᠬᠤ ᠪᠠ ᠬᠠᠮᠠᠭᠠᠯᠠᠬᠤ ᠶᠢ ᠪᠦᠬᠦ ᠲᠠᠯ᠎ᠠ ᠪᠠᠷ ᠲᠥᠯᠥᠪᠯᠡᠬᠦ | e) ᠰᠠᠭᠤᠷᠢ ᠲᠥᠬᠦᠭᠡᠷᠦᠮᠵᠢ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠲᠥᠯᠥᠪᠯᠡᠬᠦ | f) ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠶᠢ ᠪᠦᠬᠦ ᠲᠠᠯ᠎ᠠ ᠪᠠᠷ ᠲᠥᠯᠥᠪᠯᠡᠬᠦ | g) ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠥᠯᠥᠪᠯᠡᠬᠦ | h) ᠭᠠᠴᠠᠭ᠎ᠠ ᠲᠣᠰᠬᠤᠨ ᠤ ᠠᠮᠤᠷ ᠲᠦᠪᠰᠢᠨ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠶᠢ ᠪᠦᠬᠦ ᠲᠠᠯ᠎ᠠ ᠪᠠᠷ ᠲᠥᠯᠥᠪᠯᠡᠬᠦ | | 4.5 ᠭᠠᠴᠠᠭ᠎ᠠ ᠲᠣᠰᠬᠤᠨ ᠤ ᠲᠥᠷᠥᠯ ᠵᠦᠢᠯ | ᠭᠠᠴᠠᠭ᠎ᠠ ᠲᠤᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠵᠦ ᠬᠠᠮᠢᠶᠠᠷᠬᠤ ᠱᠠᠭᠠᠷᠳᠠᠯᠭ᠎ᠠ ᠶᠢ ᠦᠨᠳᠦᠰᠦᠯᠡᠨ᠂ ᠭᠠᠴᠠᠭ᠎ᠠ | ᠲᠣᠰᠬᠤᠨ ᠤ ᠬᠥᠮᠥᠨ ᠠᠮᠠ ᠶᠢᠨ ᠬᠤᠪᠢᠷᠠᠯᠲᠠ᠂ ᠣᠷᠣᠨ ᠪᠠᠶᠢᠷᠢ ᠶᠢᠨ ᠨᠥᠬᠦᠴᠡᠯ ᠪᠠ ᠬᠥᠭᠵᠢᠯᠲᠡ ᠶᠢᠨ ᠬᠠᠨᠳᠤᠰᠢ ᠳᠤ ᠶᠡᠷᠦᠩᠬᠡᠢ ᠵᠠᠳᠠᠯᠤᠯᠲᠠ ᠬᠢᠵᠦ᠂ | ᠭᠠᠴᠠᠭ᠎ᠠ ᠲᠣᠰᠬᠤᠨ ᠢ ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ᠂ ᠬᠤᠲᠠ ᠲᠡᠭᠦᠷᠭᠡ ᠠᠭᠤᠰᠤᠯᠴᠠᠭᠰᠠᠨ ᠲᠥᠷᠥᠯ᠂ ᠣᠨᠴᠠᠯᠢᠭ ᠢ ᠨᠢ ᠬᠠᠮᠠᠭᠠᠯᠠᠬᠤ ᠲᠥᠷᠥᠯ | ᠂ ᠨᠡᠭᠦᠬᠦ ᠬᠠᠰᠤᠵᠤ ᠨᠡᠶᠢᠯᠡᠭᠦᠯᠬᠦ ᠲᠥᠷᠥᠯ ᠪᠣᠯᠣᠨ ᠪᠤᠰᠤᠳ ᠲᠥᠷᠥᠯ ᠳᠤ ᠬᠤᠪᠢᠶᠠᠨ᠎ᠠ᠃ ᠲᠤᠰ ᠮᠠᠲ᠋ᠧᠷᠢᠶᠠᠯ ᠳᠤ ᠲᠣᠭᠲᠠᠭᠠᠭᠰᠠᠨ ᠲᠥᠷᠥᠯ ᠠᠴᠠ ᠪᠤᠰᠤᠳ᠂ | ᠡᠯ᠎ᠡ ᠭᠠᠵᠠᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠳᠠᠯᠢ ᠪᠤᠰᠤ ᠭᠠᠴᠠᠭ᠎ᠠ ᠲᠣᠰᠬᠤᠨ ᠤ ᠲᠥᠷᠥᠯ ᠢ ᠨᠡᠮᠡᠨ ᠲᠣᠬᠢᠷᠠᠭᠤᠯᠵᠤ ᠪᠣᠯᠣᠨ᠎ᠠ᠃ | | 5 ᠲᠥᠯᠥᠪᠵᠢᠭᠦᠯᠭᠡ ᠶᠢᠨ ᠫᠷᠣᠭ᠍ᠷᠠᠮ | 5.1 ᠦᠨᠳᠦᠰᠦᠨ ᠦᠨᠡᠯᠡᠯᠲᠡ | 5.1.1 ᠲᠥᠯᠥᠪᠵᠢᠭᠦᠯᠭᠡ ᠶᠢᠨ ᠰᠠᠭᠤᠷᠢ ᠲᠤᠭ᠎ᠠ ᠪᠠ ᠡᠬᠡ ᠵᠢᠷᠤᠭ ᠢ ᠲᠣᠭᠲᠠᠭᠠᠬᠤ | ᠶᠡᠭᠡ ᠬᠠᠷᠢᠴᠠᠭᠠᠲᠤ ᠱᠤᠭᠤᠮ ᠢ ᠬᠡᠷᠡᠭᠯᠡᠭᠰᠡᠨ ᠰᠠᠭᠤᠷᠢ ᠲᠤᠭ᠎ᠠ ᠪᠠᠷᠢᠮᠲᠠ ᠪᠠᠷ ᠡᠬᠡ ᠵᠢᠷᠤᠭ ᠪᠣᠯᠭᠠᠵᠤ᠂ ᠬᠡᠷᠡᠭᠯᠡᠭᠡᠨ ᠤ ᠭᠠᠵᠠᠷ ᠤᠨ ᠪᠠᠶᠢᠷᠢᠯᠠᠭᠤᠯᠤᠯ ᠤᠨ | ᠨᠠᠷᠢᠯᠢᠭᠵᠢᠭᠤᠯᠤᠯᠲᠠ ᠶᠢ ᠪᠡᠶᠡᠯᠡᠭᠦᠯᠦᠨ᠎ᠡ᠃ ᠶᠡᠷᠦ ᠳᠤ ᠪᠠᠨ ᠳᠣᠣᠷᠠᠬᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | a) ᠲᠥᠯᠥᠪᠵᠢᠭᠦᠯᠭᠡ ᠶᠢᠨ ᠰᠠᠭᠤᠷᠢ ᠲᠤᠭ᠎ᠠ ᠪᠠᠷᠢᠮᠲᠠ ᠨᠢ ᠪᠦᠬᠦ ᠤᠯᠤᠰ ᠤᠨ ᠤᠯᠤᠰ ᠤᠨ ᠨᠤᠲᠤᠭ ᠳᠡᠪᠢᠰᠭᠡᠷ ᠤᠨ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢ ᠬᠡᠷᠡᠭᠯᠡᠬᠦ ᠪᠥᠭᠡᠳ ᠳᠡᠭᠡᠳᠦ ᠢᠯᠭᠠᠮᠵᠢᠲᠤ ᠠᠯᠤᠰ ᠰᠡᠷᠡᠯ ᠤᠨ ᠵᠢᠷᠤᠭ ᠳᠦᠷᠰᠦ ᠪᠠᠷ ᠦᠨᠳᠦᠰᠦᠯᠡᠯ ᠪᠣᠯᠭᠠᠨ᠂ ᠣᠳᠣᠬᠢ ᠮᠠᠯᠵᠢᠬᠤ ᠲᠠᠷᠢᠶᠠᠯᠠᠬᠤ | ᠣᠷᠣᠨ ᠤ ᠰᠠᠭᠤᠭᠠᠯᠢ ᠠᠷᠠᠳ ᠤᠨ ᠴᠡᠭ ᠤᠨ ᠳᠣᠲᠣᠭᠠᠳᠤ ᠪᠠᠶᠢᠳᠠᠯ ᠵᠢᠴᠢ ᠲᠡᠭᠦᠨ ᠤ ᠭᠠᠳᠠᠭᠠᠳᠤ ᠣᠷᠴᠢᠨ ᠳᠤ ᠨᠥᠬᠦᠪᠦᠷᠢ ᠵᠢᠷᠤᠭ ᠠᠪᠴᠤ᠂ ᠭᠠᠴᠠᠭ᠎ᠠ | ᠲᠣᠰᠬᠤᠨ ᠤ ᠬᠡᠪᠴᠢᠶᠡᠨ ᠳᠣᠲᠣᠷᠠᠬᠢ ᠡᠯ᠎ᠡ ᠲᠥᠷᠥᠯ ᠤᠨ ᠬᠡᠷᠡᠭᠯᠡᠭᠡᠨ ᠤ ᠭᠠᠵᠠᠷ ᠲᠤ ᠨᠠᠷᠢᠯᠢᠭᠵᠢᠭᠤᠯᠤᠭᠰᠠᠨ ᠮᠠᠭᠠᠳᠯᠠᠯᠲᠠ ᠬᠢᠵᠦ᠂ ᠣᠨᠣᠪᠴᠢᠲᠠᠢ ᠰᠠᠭᠤᠷᠢ | ᠲᠤᠭ᠎ᠠ ᠪᠠᠷᠢᠮᠲᠠ ᠶᠢ ᠣᠯᠣᠨ᠎ᠠ᠃ | b) ᠡᠬᠡ ᠵᠢᠷᠤᠭ ᠤᠨ ᠬᠠᠷᠢᠴᠠᠭᠠᠲᠤ ᠱᠤᠭᠤᠮ ᠨᠢ ᠶᠡᠷᠦ ᠳᠤ ᠪᠠᠨ 1᠄ 2000 ᠪᠠᠶᠢᠳᠠᠭ ᠪᠣᠯᠪᠠᠴᠤ ᠭᠠᠴᠠᠭ᠎ᠠ ᠲᠣᠰᠬᠤᠨ ᠤ ᠵᠠᠰᠠᠭ ᠵᠠᠬᠢᠷᠭᠠᠨ ᠤ | ᠬᠠᠷᠢᠶ᠎ᠠ ᠭᠠᠵᠠᠷ ᠤᠨ ᠲᠠᠯᠠᠪᠠᠢ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠡᠬᠡ ᠵᠢᠷᠤᠭ ᠤᠨ ᠬᠠᠷᠢᠴᠠᠭᠠᠲᠤ ᠱᠤᠭᠤᠮ ᠤᠨ ᠬᠠᠷᠢᠴᠠᠯ ᠢ ᠲᠣᠬᠢᠷᠠᠭᠤᠯᠵᠤ ᠪᠣᠯᠣᠨ᠎ᠠ | ᠃ | c) ᠦᠨᠡᠨ ᠠᠴᠠ ᠵᠥᠪ ᠢ ᠡᠷᠢᠬᠦ ᠵᠠᠷᠴᠢᠮ ᠢᠶᠠᠷ ᠭᠠᠵᠠᠷ ᠰᠢᠷᠣᠢ ᠶᠢᠨ ᠬᠡᠷᠡᠭᠴᠡᠭᠡ ᠶᠢ ᠲᠣᠭᠲᠠᠭᠠᠬᠤ ᠶᠢᠨ ᠳᠠᠭᠠᠤ᠂ ᠲᠥᠯᠥᠪᠵᠢᠭᠦᠯᠭᠡ ᠶᠢᠨ ᠰᠠᠭᠤᠷᠢ | ᠲᠣᠭᠠᠨ ᠤ ᠬᠤᠪᠢᠷᠠᠭᠤᠯᠤᠯᠲᠠ ᠳᠤ ᠨᠠᠷᠢᠯᠢᠭ ᠲᠠᠶᠢᠯᠪᠤᠷᠢ ᠬᠢᠨ᠎ᠡ᠃ | d) ᠭᠠᠴᠠᠭ᠎ᠠ ᠲᠤᠰᠬᠤᠨ ᠤ ᠲᠥᠯᠥᠪᠵᠢᠭᠦᠯᠭᠡ ᠳᠤ ᠬᠡᠷᠡᠭᠯᠡᠬᠦ ᠭᠠᠵᠠᠷ ᠤᠨ ᠲᠥᠷᠥᠯ ᠠᠩᠭᠢᠯᠠᠯ ᠨᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ | ᠨᠡᠶᠢᠲᠡᠯᠡᠭᠰᠡᠨ ︽ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠠᠶᠢᠴᠠᠭᠠᠯᠲᠠ᠂ ᠲᠥᠯᠥᠪᠵᠢᠭᠦᠯᠭᠡ᠂ ᠬᠡᠷᠡᠭᠴᠡᠭᠡᠨ ᠤ ᠵᠠᠬᠢᠷᠤᠨ ᠬᠠᠮᠢᠶᠠᠷᠤᠯᠲᠠ ᠲᠠᠢ | ᠬᠡᠷᠡᠭᠯᠡᠬᠦ ᠭᠠᠵᠠᠷ ᠪᠠ ᠬᠡᠷᠡᠭᠯᠡᠬᠦ ᠳᠠᠯᠠᠢ ᠲᠠᠩᠭᠢᠰ ᠤᠨ ᠲᠥᠷᠥᠯ ᠠᠩᠭᠢᠯᠠᠯ ᠤᠨ ᠬᠥᠲᠥᠯᠪᠦᠷᠢ︾ ᠲᠠᠢ ᠨᠢᠭᠡᠳᠦᠯᠲᠡᠢ ᠪᠠᠶᠢᠪᠠᠯ ᠵᠣᠬᠢᠨ᠎ᠠ᠃ | | 5.1.2 ᠣᠳᠣᠬᠢ ᠪᠠᠶᠢᠳᠠᠯ ᠤᠨ ᠪᠠᠶᠢᠴᠠᠭᠠᠯᠲᠠ | ᠭᠠᠴᠠᠭ᠎ᠠ ᠲᠤᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠱᠠᠭᠠᠷᠳᠠᠭᠳᠠᠬᠤ ᠦᠨᠳᠦᠰᠦᠨ ᠮᠠᠲ᠋ᠧᠷᠢᠶᠠᠯ ᠭᠡᠪᠡᠯ᠄ ᠪᠠᠶᠢᠭᠠᠯᠢ ᠶᠢᠨ ᠡᠬᠢ | ᠪᠠᠶᠠᠯᠢᠭ ᠤᠨ ᠪᠠᠶᠢᠳᠠᠯ᠂ ᠭᠠᠵᠠᠷ ᠰᠢᠨᠵᠢᠯᠡᠭᠡᠨ ᠤ ᠭᠠᠢ ᠭᠠᠮᠰᠢᠭ᠂ ᠬᠥᠮᠥᠨ ᠠᠮᠠ ᠪᠠ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠂ ᠡᠯ᠎ᠡ | ᠲᠥᠷᠥᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠭᠠᠴᠠᠭ᠎ᠠ ᠲᠣᠰᠬᠤᠨ ᠤ ᠬᠥᠭᠵᠢᠯᠲᠡ ᠶᠢᠨ ᠲᠡᠦᠬᠡᠲᠦ ᠶᠠᠪᠤᠴᠠ᠂ ᠰᠣᠶᠣᠯ ᠤᠨ | ᠠᠬᠤᠢ ᠪᠠᠶᠢᠳᠠᠯ ᠪᠠ ᠬᠥᠮᠥᠨ ᠨᠡᠶᠢᠭᠡᠮ ᠤᠨ ᠵᠠᠩ ᠠᠭᠠᠯᠢ ᠵᠡᠷᠭᠡ ᠮᠠᠲ᠋ᠧᠷᠢᠶᠠᠯ ᠢ ᠵᠢᠭᠠᠬᠤ ᠪᠥᠭᠡᠳ ᠪᠠᠰᠠ ᠴᠢᠬᠤᠯᠠᠲᠠᠢ ᠪᠣᠯ ᠨᠥᠬᠦᠪᠦᠷᠢ ᠪᠠᠶᠢᠴᠠᠭᠠᠯᠲᠠ | ᠥᠷᠨᠢᠭᠦᠯᠦᠨ ᠶᠠᠪᠤᠭᠳᠠᠭᠤᠯᠵᠤ ᠪᠣᠯᠣᠨ᠎ᠠ᠃ | | 5.1.3 ᠭᠠᠴᠠᠭ᠎ᠠ ᠲᠣᠰᠬᠤᠨ ᠤ ᠬᠥᠭᠵᠢᠯᠲᠡ ᠶᠢᠨ ᠣᠳᠣᠬᠢ ᠪᠠᠶᠢᠳᠠᠯ ᠤᠨ ᠵᠠᠳᠠᠯᠤᠯᠲᠠ | ᠡᠯ᠎ᠡ ᠲᠥᠷᠥᠯ ᠤᠨ ᠪᠠᠶᠢᠴᠠᠭᠠᠨ ᠰᠤᠳᠤᠯᠤᠯᠲᠠ ᠶᠢᠨ ᠠᠵᠢᠯ ᠲᠠᠢ ᠪᠠᠨ ᠤᠶᠠᠯᠳᠤᠭᠤᠯᠤᠨ᠂ ᠭᠠᠴᠠᠭ᠎ᠠ ᠲᠣᠰᠬᠤᠨ ᠤ ᠬᠡᠪᠴᠢᠶᠡᠨ ᠳᠠᠬᠢ ᠬᠥᠮᠥᠨ ᠠᠮᠠ᠂ | ᠠᠵᠤ ᠠᠬᠤᠢ ᠶᠢᠨ ᠬᠥᠭᠵᠢᠯᠲᠡ᠂ ᠡᠬᠢ ᠪᠠᠶᠠᠯᠢᠭ ᠤᠨ ᠨᠥᠬᠦᠴᠡᠯ᠂ ᠭᠠᠵᠠᠷ ᠰᠢᠷᠣᠢ ᠶᠢᠨ ᠠᠰᠢᠭᠯᠠᠯᠲᠠ ᠵᠡᠷᠭᠡ ᠲᠠᠯ᠎ᠠ ᠶᠢᠨ ᠦᠨᠳᠦᠰᠦᠨ ᠪᠠᠶᠢᠳᠠᠯ ᠳᠤ | ᠰᠢᠰᠲ᠋ᠧᠮ ᠲᠠᠢ ᠵᠠᠳᠠᠯᠤᠯᠲᠠ ᠬᠢᠵᠦ᠂ ᠭᠠᠴᠠᠭ᠎ᠠ ᠲᠣᠰᠬᠤᠨ ᠤ ᠣᠨᠴᠠᠯᠢᠭ ᠢ ᠳ᠋ᠦᠩᠨᠡᠵᠦ ᠬᠤᠷᠢᠶᠠᠩᠭᠤᠶᠢᠯᠠᠨ᠂ ᠡᠬᠢ ᠪᠠᠶᠠᠯᠢᠭ ᠤᠨ ᠠᠰᠢᠭᠯᠠᠯᠲᠠ ᠶᠢᠨ ᠪᠠᠶᠢᠳᠠᠯ᠂ | ᠮᠠᠯᠴᠢᠨ ᠲᠠᠷᠢᠶᠠᠴᠢᠳ ᠤᠨ ᠬᠡᠷᠡᠭᠴᠡᠭᠡ ᠱᠠᠭᠠᠷᠳᠠᠯᠭ᠎ᠠ᠂ ᠣᠳᠣ ᠶᠢᠨ ᠣᠷᠣᠰᠢᠵᠤ ᠪᠠᠶᠢᠭ᠎ᠠ ᠠᠰᠠᠭᠤᠳᠠᠯ ᠵᠡᠷᠭᠡ ᠭᠤᠣᠯᠯᠠᠬᠤ ᠲᠠᠯ᠎ᠠ ᠶᠢ ᠰᠤᠳᠤᠯᠵᠤ᠂ ᠭᠠᠴᠠᠭ᠎ᠠ | ᠲᠤᠰᠬᠤᠨ ᠤ ᠲᠥᠯᠥᠪᠵᠢᠭᠦᠯᠭᠡ ᠶᠢᠨ ᠬᠠᠷᠠᠯᠲᠠ ᠪᠠ ᠡᠭᠦᠷᠭᠡ ᠶᠢ ᠲᠣᠳᠣᠷᠬᠠᠢ ᠪᠣᠯᠭᠠᠨ᠎ᠠ᠃ | | 5.2 ᠲᠥᠯᠥᠪᠵᠢᠭᠦᠯᠭᠡ ᠶᠢᠨ ᠲᠥᠰᠥᠯ ᠢ ᠨᠠᠶᠢᠷᠠᠭᠤᠯᠤᠨ ᠵᠣᠬᠢᠶᠠᠬᠤ | ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠠᠶᠢᠷᠢᠯᠠᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠨᠥᠬᠦᠴᠡᠯ ᠢ | ᠰᠠᠶᠢᠵᠢᠷᠠᠭᠤᠯᠬᠤ ᠬᠠᠷᠠᠯᠲᠠ ᠶᠢᠨ ᠲᠣᠭᠤᠷᠢᠨ ᠳᠤ᠂ ᠬᠤᠪᠢᠶᠠᠷᠢ ᠲᠣᠭᠤᠷᠢᠭ ᠤᠨ ᠬᠥᠲᠥᠯᠥᠨ ᠵᠢᠯᠣᠭᠤᠳᠴᠤ ᠬᠠᠮᠢᠶᠠᠷᠤᠨ ᠡᠵᠡᠮᠳᠡᠬᠦ ᠲᠠᠢ ᠤᠶᠠᠯᠳᠤᠭᠤᠯᠤᠨ᠂ | ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠮᠠᠯᠵᠢᠬᠤ ᠲᠠᠷᠢᠶᠠᠯᠠᠬᠤ ᠳᠤ ᠬᠡᠷᠡᠭᠯᠡᠬᠦ ᠭᠠᠵᠠᠷ ᠪᠣᠯᠣᠨ ᠠᠮᠢ ᠠᠬᠤᠢ ᠳᠤ ᠬᠡᠷᠡᠭᠯᠡᠬᠦ | ᠭᠠᠵᠠᠷ ᠢ ᠪᠦᠬᠦ ᠲᠠᠯ᠎ᠠ ᠪᠠᠷ ᠲᠥᠯᠥᠪᠯᠡᠨ ᠲᠣᠬᠢᠷᠠᠭᠤᠯᠵᠤ᠂ ᠭᠠᠴᠠᠭ᠎ᠠ ᠲᠣᠰᠬᠤᠨ ᠤ ᠬᠡᠪᠴᠢᠶᠡᠨ ᠳᠠᠬᠢ ᠨᠡᠭᠡᠭᠡᠬᠦ ᠬᠠᠮᠠᠭᠠᠯᠠᠬᠤ ᠪᠦᠲᠦᠴᠡ ᠪᠠᠶᠢᠷᠢᠰᠢᠯ ᠢ | ᠲᠣᠳᠣᠷᠬᠠᠢ ᠪᠣᠯᠭᠠᠨ᠎ᠠ᠃ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠬ᠎ᠠ ᠬᠢᠵᠠᠭᠠᠷ ᠢ ᠵᠢᠷᠤᠵᠤ ᠲᠣᠭᠲᠠᠭᠠᠨ᠂ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠨᠠᠶᠢᠳᠠᠪᠤᠷᠢᠵᠢᠭᠤᠯᠵᠤ᠂ ᠡᠯ᠎ᠡ | ᠲᠥᠷᠥᠯ ᠤᠨ ᠣᠷᠣᠨ ᠵᠠᠢ ᠶᠢᠨ ᠬᠦᠷᠢᠶ᠎ᠡ ᠴᠠᠷ᠎ᠠ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠳᠣᠷᠬᠠᠢ ᠪᠣᠯᠭᠠᠨ᠂ ᠠᠭᠤᠯᠠ ᠤᠰᠤ ᠣᠢ ᠲᠠᠷᠢᠶ᠎ᠠ ᠨᠠᠭᠤᠷ | ᠲᠠᠯ᠎ᠠ ᠶᠢᠨ ᠶᠡᠷᠦᠩᠬᠡᠶᠢᠯᠡᠨ ᠵᠠᠰᠠᠬᠤ ᠪᠠ ᠰᠢᠰᠲ᠋ᠧᠮᠵᠢᠭᠦᠯᠦᠨ ᠰᠡᠷᠭᠦᠭᠡᠬᠦ ᠶᠢ ᠬᠡᠷᠡᠭᠵᠢᠭᠦᠯᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠎ᠡ᠃ | | 5.3 ᠲᠥᠯᠥᠪᠵᠢᠭᠦᠯᠭᠡ ᠶᠢᠨ ᠭᠡᠷᠡᠴᠢᠯᠡᠭᠡ ᠶᠢ ᠰᠣᠨᠣᠰᠬᠤ ᠪᠠ ᠨᠤᠲᠠᠯᠠᠯᠲᠠ | ᠰᠠᠭᠤᠳᠠᠯ ᠤᠨ ᠬᠤᠷᠠᠯ᠂ ᠭᠠᠴᠠᠭ᠎ᠠ ᠲᠣᠰᠬᠤᠨ ᠤ ᠠᠷᠠᠳ ᠤᠨ ᠶᠡᠭᠡ ᠬᠤᠷᠠᠯ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠵᠤ᠂ | ᠲᠥᠯᠥᠪᠵᠢᠭᠦᠯᠭᠡ ᠶᠢᠨ ᠦᠷ᠎ᠡ ᠪᠦᠲᠦᠭᠡᠯ ᠳᠤ ᠰᠠᠨᠠᠯ ᠬᠤᠷᠢᠶᠠᠬᠤ ᠪᠠ ᠭᠡᠷᠡᠴᠢᠯᠡᠭᠡ ᠶᠢ ᠰᠣᠨᠣᠰᠬᠤ ᠪᠥᠭᠡᠳ ᠲᠤᠰᠬᠠᠢ ᠮᠡᠷᠭᠡᠵᠢᠯᠲᠡᠨ ᠵᠠᠯᠠᠵᠤ ᠨᠤᠲᠠᠯᠠᠯᠲᠠ | ᠬᠢᠯᠭᠡᠨ᠎ᠡ᠃ | | 5.4 ᠲᠥᠯᠥᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠬᠦ | ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠦᠷ᠎ᠡ ᠪᠦᠲᠦᠭᠡᠯ ᠨᠢ ᠭᠠᠴᠠᠭ᠎ᠠ ᠲᠣᠰᠬᠤᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠠᠴᠠ | ᠳᠡᠭᠡᠭᠰᠢᠬᠢ ᠭᠡᠰᠢᠭᠦᠳ ᠡᠰᠡᠬᠦᠯ᠎ᠡ ᠭᠤᠷᠪᠠᠨ ᠤ ᠬᠤᠶᠠᠷ ᠠᠴᠠ ᠳᠡᠭᠡᠭᠰᠢᠬᠢ ᠭᠠᠴᠠᠭ᠎ᠠ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠵᠥᠪᠰᠢᠶᠡᠷᠡᠯ ᠢ | ᠣᠯᠣᠭᠰᠠᠨ ᠤ ᠳᠠᠷᠠᠭ᠎ᠠ᠂ ᠭᠠᠴᠠᠭ᠎ᠠ ᠲᠣᠰᠬᠤᠨ ᠤ ᠪᠠᠶᠢᠭ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠬᠢᠨᠠᠨ ᠪᠠᠶᠢᠴᠠᠭᠠᠯᠲᠠ ᠪᠠᠷ | ᠳᠠᠮᠵᠢᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠨ᠎ᠡ᠃ | 5.5 ᠲᠥᠯᠥᠪᠵᠢᠭᠦᠯᠭᠡ ᠶᠢᠨ ᠵᠠᠷᠯᠠᠯ | ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠦᠷ᠎ᠡ ᠪᠦᠲᠦᠭᠡᠯ ᠨᠢ ᠵᠥᠪᠰᠢᠶᠡᠷᠡᠭᠳᠡᠭᠰᠡᠨ ᠤ ᠳᠠᠷᠠᠭ᠎ᠠ᠂ ᠬᠠᠤᠯᠢ ᠶᠣᠰᠣᠭᠠᠷ ᠢᠯᠡ ᠪᠠᠷ ᠵᠠᠷᠯᠠᠪᠠᠯ | ᠵᠣᠬᠢᠨ᠎ᠠ᠃ | 6 ᠲᠥᠯᠥᠪᠵᠢᠭᠦᠯᠭᠡ ᠶᠢᠨ ᠨᠠᠶᠢᠷᠠᠭᠤᠯᠤᠨ ᠵᠣᠬᠢᠶᠠᠬᠤ ᠠᠭᠤᠯᠭ᠎ᠠ | 6.1 ᠲᠥᠷᠥᠯ ᠠᠩᠭᠢᠯᠠᠨ ᠵᠢᠯᠣᠭᠤᠳᠬᠤ | ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠠᠭᠤᠯᠭ᠎ᠠ ᠶᠢ ᠴᠢᠬᠤᠯᠠ ᠴᠢᠨᠠᠷ ᠪᠦᠬᠦᠢ ᠠᠭᠤᠯᠭ᠎ᠠ ᠪᠠ ᠥᠷᠭᠡᠳᠬᠡᠬᠦ ᠴᠢᠨᠠᠷ ᠪᠦᠬᠦᠢ ᠠᠭᠤᠯᠭ᠎ᠠ ᠭᠡᠵᠦ | ᠬᠤᠪᠢᠶᠠᠨ᠎ᠠ᠃ ᠴᠢᠬᠤᠯᠠ ᠴᠢᠨᠠᠷ ᠪᠦᠬᠦᠢ ᠠᠭᠤᠯᠭ᠎ᠠ ᠭᠡᠳᠡᠭ ᠨᠢ ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠪᠠᠭᠲᠠᠭᠠᠪᠠᠯ ᠵᠣᠬᠢᠬᠤ ᠠᠭᠤᠯᠭ᠎ᠠ ᠪᠠᠶᠢᠵᠤ᠂ | ᠥᠷᠭᠡᠳᠬᠡᠬᠦ ᠴᠢᠨᠠᠷ ᠪᠦᠬᠦᠢ ᠠᠭᠤᠯᠭ᠎ᠠ ᠭᠡᠳᠡᠭ ᠨᠢ ᠭᠠᠴᠠᠭ᠎ᠠ ᠲᠤᠰᠬᠤᠨ ᠤ ᠲᠥᠯᠥᠪᠵᠢᠭᠦᠯᠭᠡ ᠶᠢᠨ ᠪᠣᠳᠠᠲᠤ ᠬᠡᠷᠡᠭᠴᠡᠭᠡ ᠶᠢ ᠦᠨᠳᠦᠰᠦᠯᠡᠨ ᠰᠣᠩᠭᠤᠬᠤ | ᠠᠭᠤᠯᠭ᠎ᠠ ᠪᠣᠯᠣᠨ᠎ᠠ᠃ ᠲᠥᠯᠥᠪᠵᠢᠭᠦᠯᠭᠡ ᠶᠢᠨ ᠠᠭᠤᠯᠭ᠎ᠠ ᠨᠢ ᠲᠥᠯᠥᠪᠵᠢᠭᠦᠯᠭᠡ ᠶᠢᠨ ᠲᠣᠳᠣᠷᠬᠠᠶᠢᠯᠠᠯ ᠪᠠ ᠬᠠᠷᠠᠯᠲᠠ᠂ ᠭᠠᠴᠠᠭ᠎ᠠ ᠲᠣᠰᠬᠤᠨ ᠤ | ᠬᠡᠪᠴᠢᠶᠡᠨ ᠳᠠᠬᠢ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠠᠶᠢᠷᠢᠯᠠᠭᠤᠯᠤᠯᠲᠠ ᠪᠠ ᠬᠡᠷᠡᠭᠴᠡᠭᠡᠨ ᠤ ᠬᠢᠨᠠᠯᠲᠠ᠂ ᠲᠠᠷᠢᠶᠠᠨ ᠭᠠᠵᠠᠷ ᠪᠠ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ᠂ ᠵᠠᠮ ᠬᠠᠷᠢᠯᠴᠠᠭᠠᠨ ᠤ ᠲᠥᠯᠥᠪᠵᠢᠭᠦᠯᠭᠡ᠂ ᠣᠷᠣᠨ ᠰᠠᠭᠤᠴᠠ ᠶᠢᠨ | ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ᠂ | ᠨᠣᠭᠤᠭᠠᠨ ᠭᠠᠵᠠᠷ ᠪᠠ ᠦᠵᠡᠮᠵᠢ ᠶᠢᠨ ᠲᠥᠯᠥᠪᠵᠢᠭᠦᠯᠭᠡ᠂ ᠲᠡᠦᠬᠡ ᠰᠣᠶᠣᠯ ᠪᠠ ᠣᠨᠴᠠᠯᠢᠭᠲᠤ ᠳᠦᠷᠰᠦ ᠪᠠᠶᠢᠳᠠᠯ ᠤᠨ ᠬᠠᠮᠠᠭᠠᠯᠠᠯᠲᠠ᠂ ᠠᠮᠢ ᠠᠬᠤᠢ ᠶᠢᠨ | ᠬᠠᠮᠠᠭᠠᠯᠠᠯᠲᠠ ᠶᠢᠨ ᠰᠡᠷᠭᠦᠭᠡᠨ ᠵᠠᠰᠠᠯᠲᠠ᠂ ᠬᠥᠮᠥᠨ ᠠᠷᠠᠳ ᠤᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ ᠵᠡᠷᠭᠡ ᠬᠡᠳᠦᠨ ᠵᠦᠢᠯ ᠢ ᠪᠠᠭᠲᠠᠭᠠᠨ᠎ᠠ᠃ | ᠡᠭᠦᠨ ᠳᠤ᠄ | a) ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ ᠪᠠ ᠬᠤᠲᠠ ᠲᠡᠭᠦᠷᠭᠡ ᠠᠭᠤᠰᠤᠯᠴᠠᠭᠰᠠᠨ ᠲᠥᠷᠥᠯ ᠤᠨ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ | ᠳᠡᠭᠡᠷᠡᠬᠢ ᠪᠦᠬᠦ ᠵᠦᠢᠯ ᠨᠢ ᠴᠢᠬᠤᠯᠠ ᠴᠢᠨᠠᠷ ᠪᠦᠬᠦᠢ ᠠᠭᠤᠯᠭ᠎ᠠ ᠪᠣᠯᠣᠨ᠎ᠠ᠃ | b) ᠣᠨᠴᠠᠯᠢᠭ ᠢ ᠨᠢ ᠬᠠᠮᠠᠭᠠᠯᠠᠬᠤ ᠲᠥᠷᠥᠯ ᠤᠨ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ᠂ ᠨᠣᠭᠤᠭᠠᠨ ᠭᠠᠵᠠᠷ ᠪᠠ ᠦᠵᠡᠮᠵᠢ ᠶᠢᠨ ᠲᠥᠯᠥᠪᠵᠢᠭᠦᠯᠭᠡ ᠨᠢ ᠥᠷᠭᠡᠳᠬᠡᠬᠦ ᠴᠢᠨᠠᠷ ᠪᠦᠬᠦᠢ ᠠᠭᠤᠯᠭ᠎ᠠ ᠪᠠᠶᠢᠵᠤ᠂ ᠪᠤᠰᠤᠳ ᠨᠢ ᠪᠦᠷ | ᠴᠢᠬᠤᠯᠠ ᠴᠢᠨᠠᠷ ᠪᠦᠬᠦᠢ ᠠᠭᠤᠯᠭ᠎ᠠ ᠪᠣᠯᠣᠨ᠎ᠠ᠃ | c) ᠨᠡᠭᠦᠬᠦ ᠬᠠᠰᠤᠵᠤ ᠨᠡᠶᠢᠯᠡᠭᠦᠯᠬᠦ ᠲᠥᠷᠥᠯ ᠤᠨ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ᠂ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ᠂ | ᠨᠣᠭᠤᠭᠠᠨ ᠭᠠᠵᠠᠷ ᠪᠠ ᠦᠵᠡᠮᠵᠢ ᠶᠢᠨ ᠲᠥᠯᠥᠪᠵᠢᠭᠦᠯᠭᠡ ᠵᠡᠷᠭᠡ ᠨᠢ ᠥᠷᠭᠡᠳᠬᠡᠬᠦ ᠴᠢᠨᠠᠷ ᠪᠦᠬᠦᠢ ᠠᠭᠤᠯᠭ᠎ᠠ ᠪᠠᠶᠢᠵᠤ᠂ ᠪᠤᠰᠤᠳ ᠨᠢ ᠪᠦᠷ ᠴᠢᠬᠤᠯᠠ ᠴᠢᠨᠠᠷ | ᠪᠦᠬᠦᠢ ᠠᠭᠤᠯᠭ᠎ᠠ ᠪᠣᠯᠣᠨ᠎ᠠ᠃ | d) ᠪᠤᠰᠤᠳ ᠲᠥᠷᠥᠯ ᠤᠨ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠨᠣᠭᠤᠭᠠᠨ ᠭᠠᠵᠠᠷ ᠪᠠ ᠦᠵᠡᠮᠵᠢ ᠶᠢᠨ ᠲᠥᠯᠥᠪᠵᠢᠭᠦᠯᠭᠡ ᠨᠢ ᠥᠷᠭᠡᠳᠬᠡᠬᠦ | ᠴᠢᠨᠠᠷ ᠪᠦᠬᠦᠢ ᠠᠭᠤᠯᠭ᠎ᠠ ᠪᠠᠶᠢᠵᠤ᠂ ᠪᠤᠰᠤᠳ ᠨᠢ ᠪᠦᠷ ᠴᠢᠬᠤᠯᠠ ᠴᠢᠨᠠᠷ ᠪᠦᠬᠦᠢ ᠠᠭᠤᠯᠭ᠎ᠠ ᠪᠣᠯᠣᠨ᠎ᠠ᠃ | ᠬᠤᠲᠠ ᠪᠠᠯᠭᠠᠰᠤ ᠶᠢᠨ ᠨᠡᠭᠡᠭᠡᠯᠲᠡ ᠶᠢᠨ ᠵᠠᠬ᠎ᠠ ᠬᠢᠵᠠᠭᠠᠷ ᠲᠠᠢ ᠨᠡᠶᠢᠯᠡᠵᠦ ᠪᠠᠶᠢᠭ᠎ᠠ ᠭᠠᠴᠠᠭ᠎ᠠ ᠲᠣᠰᠬᠤᠨ ᠨᠢ ᠬᠤᠲᠠ ᠪᠠᠯᠭᠠᠰᠤ ᠶᠢᠨ ᠨᠡᠭᠡᠭᠡᠯᠲᠡ ᠶᠢᠨ ᠵᠠᠬ᠎ᠠ | ᠬᠢᠵᠠᠭᠠᠷ ᠳᠣᠲᠣᠷᠠᠬᠢ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠠᠢ ᠬᠠᠮᠲᠤ ᠨᠠᠷᠢᠯᠢᠭ ᠲᠥᠯᠥᠪᠵᠢᠭᠦᠯᠭᠡ ᠨᠠᠶᠢᠷᠠᠭᠤᠯᠤᠨ | ᠵᠣᠬᠢᠶᠠᠵᠤ ᠪᠣᠯᠣᠨ᠎ᠠ᠃ | | 6.2 ᠲᠥᠯᠥᠪᠵᠢᠭᠦᠯᠭᠡ ᠶᠢᠨ ᠬᠠᠷᠠᠯᠲᠠ ᠪᠠ ᠣᠷᠣᠨ ᠪᠠᠶᠢᠷᠢ ᠶᠢ ᠲᠣᠭᠲᠠᠭᠠᠬᠤ | ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠳᠤ | ᠲᠣᠭᠲᠠᠭᠠᠭᠰᠠᠨ ᠭᠠᠴᠠᠭ᠎ᠠ ᠲᠣᠰᠬᠤᠨ ᠤ ᠲᠥᠷᠥᠯ ᠢ ᠦᠨᠳᠦᠰᠦᠯᠡᠨ᠂ ᠭᠠᠴᠠᠭ᠎ᠠ ᠲᠣᠰᠬᠤᠨ ᠤ ᠭᠠᠵᠠᠷ ᠵᠦᠢ ᠶᠢᠨ ᠪᠠᠶᠢᠷᠢᠯᠠᠯ᠂ ᠭᠠᠵᠠᠷ ᠤᠨ ᠪᠠᠶᠢᠴᠠ ᠪᠠ | ᠭᠠᠳᠠᠷᠭᠤ᠂ ᠡᠬᠢ ᠪᠠᠶᠠᠯᠢᠭ ᠤᠨ ᠪᠦᠷᠢᠯᠳᠦᠴᠡ᠂ ᠲᠡᠦᠬᠡ ᠰᠣᠶᠣᠯ᠂ ᠠᠵᠤ ᠠᠬᠤᠢ ᠨᠡᠶᠢᠭᠡᠮ ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠤᠯᠠᠮᠵᠢᠯᠠᠯᠲᠤ | ᠳᠦᠷᠰᠦ ᠪᠠᠶᠢᠳᠠᠯ ᠵᠡᠷᠭᠡ ᠰᠢᠯᠲᠠᠭᠠᠨ ᠢ ᠪᠣᠳᠣᠯᠬᠢᠯᠠᠭᠰᠠᠨ ᠪᠠᠶᠢᠳᠠᠯ ᠳᠣᠣᠷ᠎ᠠ᠂ ᠲᠥᠯᠥᠪᠵᠢᠭᠦᠯᠭᠡ ᠶᠢᠨ ᠬᠠᠷᠠᠯᠲᠠ ᠪᠠᠨ ᠲᠣᠭᠲᠠᠭᠠᠬᠤ ᠶᠢᠨ ᠳᠠᠭᠠᠤ᠂ ᠭᠠᠴᠠᠭ᠎ᠠ | ᠲᠣᠰᠬᠤᠨ ᠤ ᠬᠥᠭᠵᠢᠯᠲᠡ ᠶᠢᠨ ᠣᠷᠣᠨ ᠪᠠᠶᠢᠷᠢ ᠶᠢ ᠪᠦᠬᠦ ᠲᠠᠯ᠎ᠠ ᠪᠠᠷ ᠲᠥᠯᠥᠪᠯᠡᠨ᠎ᠡ᠃ ᠲᠥᠯᠥᠪᠵᠢᠭᠦᠯᠭᠡ ᠶᠢᠨ ᠬᠠᠷᠠᠯᠲᠠ ᠨᠢ ᠪᠣᠳᠠᠲᠤ ᠲᠤᠭ᠎ᠠ ᠨᠤᠷᠮ᠎ᠠ ᠪᠠᠷ | ᠬᠡᠮᠵᠢᠶᠡᠵᠢᠭᠦᠯᠦᠭᠰᠡᠨ ᠪᠠᠶᠢᠪᠠᠯ ᠵᠣᠬᠢᠨ᠎ᠠ᠃ ᠭᠤᠣᠯᠳᠠᠭᠤ ᠲᠠᠷᠢᠶᠠᠨ ᠭᠠᠵᠠᠷ ᠤᠨ ᠪᠠᠶᠢᠬᠤ ᠬᠡᠮᠵᠢᠶ᠎ᠡ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠲᠠᠯᠠᠪᠠᠢ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠢ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠶᠡᠷᠦᠩᠬᠡᠢ ᠬᠡᠮᠵᠢᠶ᠎ᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠮᠵᠢᠶ᠎ᠡ᠂ ᠣᠯᠠᠨ ᠨᠡᠶᠢᠲᠡ ᠶᠢᠨ ᠬᠠᠮᠢᠶᠠᠷᠤᠯᠲᠠ ᠪᠠ ᠣᠯᠠᠨ | ᠨᠡᠶᠢᠲᠡ ᠶᠢᠨ ᠦᠢᠯᠡᠴᠢᠯᠡᠭᠡᠨ ᠳᠤ ᠬᠡᠷᠡᠭᠯᠡᠬᠦ ᠭᠠᠵᠠᠷ ᠤᠨ ᠬᠡᠮᠵᠢᠶ᠎ᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠳᠤ ᠬᠡᠷᠡᠭᠯᠡᠬᠦ ᠭᠠᠵᠠᠷ ᠤᠨ | ᠶᠡᠷᠦᠩᠬᠡᠢ ᠬᠡᠮᠵᠢᠶ᠎ᠡ᠂ ᠡᠷᠦᠬᠡ ᠳᠤ ᠲᠡᠭᠰᠢᠳᠬᠡᠭᠰᠡᠨ ᠣᠷᠣᠨ ᠰᠠᠭᠤᠴᠠ ᠶᠢᠨ ᠭᠠᠵᠠᠷ ᠤᠨ ᠬᠡᠮᠵᠢᠶ᠎ᠡ᠂ ᠬᠥᠮᠥᠨ ᠪᠦᠷᠢ ᠳᠤ ᠲᠡᠭᠰᠢᠳᠬᠡᠭᠰᠡᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠮᠵᠢᠶ᠎ᠡ ᠵᠡᠷᠭᠡ ᠶᠢ ᠪᠠᠭᠲᠠᠭᠠᠨ᠎ᠠ᠃ | | 6.3 ᠭᠠᠴᠠᠭ᠎ᠠ ᠲᠣᠰᠬᠤᠨ ᠤ ᠬᠡᠪᠴᠢᠶᠡᠨ ᠳᠠᠬᠢ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠠᠶᠢᠷᠢᠯᠠᠭᠤᠯᠤᠯᠲᠠ ᠪᠠ ᠬᠡᠷᠡᠭᠴᠡᠭᠡᠨ ᠤ ᠵᠠᠬᠢᠷᠤᠨ | ᠬᠠᠮᠢᠶᠠᠷᠤᠯᠲᠠ | 6.3.1 ᠡᠩ ᠤᠨ ᠲᠣᠭᠲᠠᠭᠠᠯ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠠ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠤᠯᠪᠣᠭᠳᠠᠬᠤ ᠲᠣᠬᠢᠷᠠᠭᠤᠯᠤᠯᠲᠠ | ᠨᠢ ᠤᠯᠤᠰ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠪᠠᠷᠢᠮᠲᠠᠯᠠᠵᠤ᠂ ᠲᠣᠬᠢᠷᠠᠭᠤᠯᠤᠭᠰᠠᠨ ᠦᠷ᠎ᠡ ᠳ᠋ᠦᠩ ᠢᠶᠠᠨ ᠬᠠᠤᠯᠢ ᠶᠣᠰᠣᠭᠠᠷ ᠭᠠᠴᠠᠭ᠎ᠠ ᠲᠣᠰᠬᠤᠨ ᠤ | ᠲᠥᠯᠥᠪᠵᠢᠭᠦᠯᠭᠡ ᠳᠤ ᠨᠠᠶᠢᠳᠠᠪᠤᠷᠢᠵᠢᠭᠤᠯᠤᠭᠰᠠᠨ ᠪᠠᠶᠢᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠨᠢ ᠬᠡᠲᠦᠷᠡᠬᠦ | ᠦᠭᠡᠢ ᠪᠥᠭᠡᠳ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠬᠦ ᠦᠭᠡᠢ ᠤᠷᠢᠳᠠᠯ ᠳᠣᠣᠷ᠎ᠠ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠶᠡᠷᠦᠩᠬᠡᠢ ᠬᠡᠮᠵᠢᠶᠡᠨ ᠤ ᠵᠣᠬᠢᠬᠤ ᠬᠠᠷᠢᠴᠠᠯ ᠪᠦᠬᠦᠢ ᠭᠠᠵᠠᠷ ᠢ ᠤᠷᠢᠳᠴᠢᠯᠠᠨ ᠦᠯᠡᠳᠡᠭᠡᠵᠦ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠠᠵᠤ ᠦᠢᠯᠡᠰ᠂ | ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠳᠤ ᠬᠡᠷᠡᠭᠯᠡᠨ᠎ᠡ᠃ ᠡᠶᠢᠮᠦᠷᠬᠦ ︽ᠬᠤᠭᠤᠰᠤᠨ︾ ᠣᠷᠣᠨ ᠵᠠᠢ ᠦᠯᠡᠳᠡᠭᠡᠬᠦ ᠪᠠᠷ ᠳᠠᠮᠵᠢᠵᠤ ᠭᠠᠴᠠᠭ᠎ᠠ | ᠲᠣᠰᠬᠤᠨ ᠤ ᠪᠦᠲᠦᠭᠡᠨ ᠪᠠᠶᠢᠭᠤᠯᠤᠯᠲᠠ ᠶᠢ ᠵᠦᠢ ᠵᠣᠬᠢᠰᠲᠠᠢ ᠪᠠᠷ ᠤᠳᠤᠷᠢᠳᠤᠨ ᠳᠠᠭᠠᠭᠤᠯᠵᠤ᠂ ᠬᠠᠷᠢᠴᠠᠩᠭᠤᠢ ᠡᠷᠴᠢᠮᠯᠢᠭ ᠥᠨᠳᠥᠷ ᠦᠷ᠎ᠡ ᠠᠰᠢᠭ ᠪᠦᠬᠦᠢ | ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠪᠣᠢ ᠪᠣᠯᠭᠠᠨ᠎ᠠ᠃ | | 6.3.2 ᠪᠦᠲᠦᠭᠡᠨ ᠪᠠᠶᠢᠭᠤᠯᠤᠯᠲᠠ ᠶᠢᠨ ᠣᠷᠣᠨ ᠵᠠᠢ ᠶᠢᠨ ᠪᠠᠶᠢᠷᠢᠯᠠᠭᠤᠯᠤᠯᠲᠠ | 6.3.2.1 ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠦᠬᠦ ᠲᠠᠯ᠎ᠠ ᠪᠠᠷ ᠲᠣᠬᠢᠷᠠᠭᠤᠯᠬᠤ | ᠮᠠᠯᠴᠢᠨ ᠲᠠᠷᠢᠶᠠᠴᠢᠳ ᠤᠨ ᠬᠦᠰᠡᠯ ᠱᠠᠭᠠᠷᠳᠠᠯᠭ᠎ᠠ ᠲᠠᠢ ᠤᠶᠠᠯᠳᠤᠭᠤᠯᠵᠤ᠂ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠰᠥᠪᠯᠡᠯ ᠢᠶᠠᠨ | ᠳᠤᠷᠠᠳᠤᠨ ᠭᠠᠷᠭᠠᠨ᠎ᠠ᠃ ᠭᠠᠴᠠᠭ᠎ᠠ ᠲᠣᠰᠬᠤᠨ ᠤ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠶᠢ | ᠲᠥᠯᠥᠪᠵᠢᠭᠦᠯᠬᠦ ᠳᠤ ᠶᠡᠷᠦᠳᠡᠭᠡᠨ ᠲᠥᠯᠥᠪᠵᠢᠭᠦᠯᠭᠡ ᠶᠢᠨ ᠰᠠᠭᠤᠷᠢ ᠬᠤᠭᠤᠴᠠᠭᠠᠨ ᠤ ᠬᠡᠮᠵᠢᠶ᠎ᠡ ᠠᠴᠠ ᠬᠡᠲᠦᠷᠡᠬᠦ ᠦᠭᠡᠢ ᠪᠠᠶᠢᠪᠠᠯ ᠵᠣᠬᠢᠨ᠎ᠠ᠃ ᠡᠯ᠎ᠡ | ᠲᠥᠷᠥᠯ ᠤᠨ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠨᠢ ᠦᠨᠡᠨᠬᠦ ᠰᠢᠨ᠎ᠡ ᠪᠠᠷ ᠨᠡᠮᠡᠭᠳᠡᠬᠦ ᠱᠠᠭᠠᠷᠳᠠᠯᠭ᠎ᠠ ᠲᠠᠢ ᠪᠣᠯ᠂ | ᠤᠷᠢᠳᠠᠪᠠᠷ ᠨᠥᠭᠡᠴᠡ ᠭᠠᠵᠠᠷ ᠠᠴᠠ ᠬᠡᠷᠡᠭᠯᠡᠬᠦ ᠪᠥᠭᠡᠳ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠭᠤᠴᠢᠨ ᠢ ᠨᠢ ᠨᠤᠷᠠᠭᠠᠬᠤ ᠪᠠ ᠰᠢᠨ᠎ᠡ ᠪᠠᠷ | ᠪᠠᠶᠢᠭᠤᠯᠬᠤ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠᠯ ᠵᠣᠬᠢᠨ᠎ᠠ᠃ | | 6.3.2.2 ᠭᠤᠣᠯ ᠪᠣᠯᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠵᠡᠯᠡᠬᠦ ᠬᠠᠷᠢᠴᠠᠯ | ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠭᠤᠣᠯ ᠪᠣᠯᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠳᠠᠬᠢ ᠬᠠᠷᠢᠴᠠᠯ ᠨᠢ ᠡᠵᠡᠯᠡᠬᠦ ᠬᠠᠷᠢᠴᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠪᠠᠯ ᠵᠣᠬᠢᠨ᠎ᠠ᠃ ᠡᠭᠦᠨ ᠳᠤ ᠣᠷᠣᠨ | ᠰᠠᠭᠤᠴᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠳᠠᠬᠢ ᠡᠵᠡᠯᠡᠬᠦ ᠬᠠᠷᠢᠴᠠᠯ ᠨᠢ 50~80 %᠂ ᠣᠯᠠᠨ ᠨᠡᠶᠢᠲᠡ ᠶᠢᠨ ᠬᠠᠮᠢᠶᠠᠷᠤᠯᠲᠠ ᠪᠠ ᠣᠯᠠᠨ | ᠨᠡᠶᠢᠲᠡ ᠶᠢᠨ ᠦᠢᠯᠡᠴᠢᠯᠡᠭᠡᠨ ᠳᠤ ᠬᠡᠷᠡᠭᠯᠡᠬᠦ ᠭᠠᠵᠠᠷ ᠤᠨ ᠡᠵᠡᠯᠡᠬᠦ ᠬᠠᠷᠢᠴᠠᠯ ᠨᠢ 5~20 %᠂ ᠵᠠᠮ ᠲᠡᠭᠡᠭᠡᠪᠦᠷᠢ ᠳᠤ ᠬᠡᠷᠡᠭᠯᠡᠬᠦ ᠭᠠᠵᠠᠷ ᠤᠨ ᠡᠵᠡᠯᠡᠬᠦ | ᠬᠠᠷᠢᠴᠠᠯ ᠨᠢ 5~15 %᠂ ᠨᠣᠭᠤᠭᠠᠨ ᠭᠠᠵᠠᠷ ᠪᠠ ᠨᠡᠭᠡᠭᠡᠯᠲᠡ ᠲᠠᠢ ᠣᠷᠣᠨ ᠵᠠᠢ ᠳᠤ ᠬᠡᠷᠡᠭᠯᠡᠬᠦ ᠭᠠᠵᠠᠷ ᠤᠨ ᠡᠵᠡᠯᠡᠬᠦ ᠬᠠᠷᠢᠴᠠᠯ ᠨᠢ 2~6 % | ᠪᠣᠯᠣᠨ᠎ᠠ᠃ | 6.3.3 ᠮᠠᠯ ᠲᠠᠷᠢᠶᠠᠯᠠᠩ ᠤᠨ ᠣᠷᠣᠨ ᠵᠠᠢ ᠶᠢᠨ ᠪᠠᠶᠢᠷᠢᠯᠠᠭᠤᠯᠤᠯᠲᠠ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ | ᠪᠦᠬᠦ ᠲᠠᠯ᠎ᠠ ᠪᠠᠷ ᠲᠣᠬᠢᠷᠠᠭᠤᠯᠤᠨ᠂ ᠭᠠᠴᠠᠭ᠎ᠠ ᠲᠣᠰᠬᠤᠨ ᠤ ᠮᠠᠯ ᠲᠠᠷᠢᠶᠠᠯᠠᠩ ᠤᠨ ᠬᠥᠭᠵᠢᠯᠲᠡ ᠶᠢᠨ ᠬᠡᠰᠡᠭ ᠭᠠᠵᠠᠷ ᠢ ᠰᠢᠨᠵᠢᠯᠡᠬᠦ ᠤᠬᠠᠭᠠᠨᠴᠢ ᠪᠠᠷ ᠵᠢᠷᠤᠵᠤ | ᠵᠠᠭᠠᠭᠯᠠᠬᠤ ᠬᠡᠷᠡᠭᠲᠡᠢ᠃ ᠳᠡᠭᠡᠳᠦ ᠪᠠᠶᠢᠷᠢ ᠶᠢᠨ ᠲᠥᠯᠥᠪᠵᠢᠭᠦᠯᠭᠡ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠵᠢᠷᠤᠵᠤ ᠵᠠᠭᠠᠭᠯᠠᠬᠤ ᠠᠵᠢᠯ ᠳᠤ | ᠲᠣᠭᠲᠠᠭᠠᠭᠰᠠᠨ ᠲᠠᠷᠢᠶᠠᠨ ᠭᠠᠵᠠᠷ ᠤᠨ ᠪᠠᠶᠢᠬᠤ ᠬᠡᠮᠵᠢᠶ᠎ᠡ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ᠂ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠤᠨ ᠨᠥᠭᠡᠴᠡᠯᠡᠬᠦ ᠡᠭᠦᠷᠭᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠭᠠᠵᠠᠷ᠂ ᠲᠠᠯᠠᠪᠠᠢ᠂ ᠴᠢᠨᠠᠷ ᠴᠢᠨᠰᠠᠭ᠎ᠠ ᠶᠢ | ᠲᠣᠳᠣᠷᠬᠠᠶᠢᠯᠠᠨ᠂ ᠳᠡᠭᠡᠳᠦ ᠪᠠᠶᠢᠷᠢ ᠶᠢᠨ ᠲᠥᠯᠥᠪᠵᠢᠭᠦᠯᠭᠡ ᠳᠤ ᠲᠣᠭᠲᠠᠭᠠᠭᠰᠠᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠠ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠨᠥᠭᠡᠴᠡ ᠭᠠᠵᠠᠷ ᠢ ᠥᠭᠡᠷᠡᠴᠢᠯᠡᠵᠦ ᠬᠤᠪᠢᠷᠠᠭᠤᠯᠬᠤ ᠪᠤᠶᠤ ᠡᠵᠡᠯᠡᠵᠦ ᠪᠣᠯᠬᠤ ᠦᠭᠡᠢ᠃ ᠬᠠᠰᠢᠶ᠎ᠠ ᠴᠡᠴᠡᠷᠯᠢᠭ᠂ ᠮᠣᠳᠣ | ᠲᠠᠢ ᠭᠠᠵᠠᠷ᠂ ᠡᠪᠡᠰᠦ ᠪᠡᠯᠴᠢᠭᠡᠷ᠂ ᠲᠥᠬᠦᠭᠡᠷᠦᠮᠵᠢ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠵᠡᠷᠭᠡ ᠪᠤᠰᠤᠳ ᠮᠠᠯ ᠲᠠᠷᠢᠶᠠᠯᠠᠩ ᠳᠤ ᠬᠡᠷᠡᠭᠯᠡᠬᠦ ᠭᠠᠵᠠᠷ ᠤᠨ | ᠪᠠᠶᠢᠷᠢᠯᠠᠭᠤᠯᠤᠯᠲᠠ ᠪᠠ ᠬᠡᠪᠴᠢᠶ᠎ᠡ ᠶᠢ ᠵᠦᠢ ᠵᠣᠬᠢᠰᠲᠠᠢ ᠪᠠᠷ ᠲᠣᠬᠢᠷᠠᠭᠤᠯᠬᠤ ᠬᠡᠷᠡᠭᠲᠡᠢ᠃ | | 6.3.4 ᠠᠮᠢ ᠠᠬᠤᠢ ᠶᠢᠨ ᠣᠷᠣᠨ ᠵᠠᠢ ᠶᠢᠨ ᠪᠠᠶᠢᠷᠢᠯᠠᠭᠤᠯᠤᠯᠲᠠ | ᠭᠠᠴᠠᠭ᠎ᠠ ᠲᠣᠰᠬᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠲᠠᠢ ᠤᠶᠠᠯᠳᠤᠭᠤᠯᠵᠤ᠂ ᠭᠠᠴᠠᠭ᠎ᠠ ᠲᠣᠰᠬᠤᠨ ᠤ ᠠᠮᠢ ᠠᠬᠤᠢ ᠶᠢᠨ | ᠣᠷᠣᠨ ᠵᠠᠢ ᠶᠢ ᠵᠦᠢ ᠵᠣᠬᠢᠰᠲᠠᠢ ᠪᠠᠷ ᠲᠣᠬᠢᠷᠠᠭᠤᠯᠬᠤ ᠬᠡᠷᠡᠭᠲᠡᠢ᠃ ᠤᠯᠤᠰ ᠠᠴᠠ ᠲᠣᠭᠲᠠᠭᠠᠭᠰᠠᠨ ᠠᠮᠢ ᠠᠬᠤᠢ ᠶᠢᠨ ᠪᠦᠲᠦᠭᠡᠭᠳᠡᠬᠦᠨ ᠪᠤᠶᠤ ᠠᠮᠢ ᠠᠬᠤᠢ ᠶᠢᠨ | ᠦᠢᠯᠡᠴᠢᠯᠡᠭᠡᠨ ᠬᠠᠩᠭᠠᠬᠤ ᠪᠠᠷ ᠭᠤᠣᠯ ᠴᠢᠳᠠᠪᠬᠢ ᠪᠠᠨ ᠪᠣᠯᠭᠠᠭᠰᠠᠨ ᠬᠡᠷᠡᠭᠯᠡᠬᠦ ᠭᠠᠵᠠᠷ ᠤᠨ ᠲᠥᠷᠥᠯ ᠢ ᠠᠮᠢ ᠠᠬᠤᠢ ᠶᠢᠨ ᠣᠷᠣᠨ ᠵᠠᠢ ᠳᠤ ᠣᠷᠣᠭᠤᠯᠪᠠᠯ | ᠵᠣᠬᠢᠨ᠎ᠠ᠃ ᠪᠤᠰᠤᠳ ᠠᠮᠢ ᠠᠬᠤᠢ ᠶᠢᠨ ᠴᠢᠳᠠᠪᠬᠢ ᠪᠦᠬᠦᠢ ᠮᠠᠯᠴᠢᠨ ᠲᠠᠷᠢᠶᠠᠴᠢᠳ ᠤᠨ ᠬᠠᠮᠠᠭᠠᠯᠠᠬᠤ ᠬᠦᠰᠡᠯ ᠱᠠᠭᠠᠷᠳᠠᠯᠭ᠎ᠠ ᠲᠠᠢ ᠭᠠᠵᠠᠷ ᠤᠨ ᠲᠥᠷᠥᠯ ᠢ ᠪᠠᠰᠠ | ᠠᠮᠢ ᠠᠬᠤᠢ ᠶᠢᠨ ᠣᠷᠣᠨ ᠵᠠᠢ ᠳᠤ ᠪᠠᠭᠲᠠᠭᠠᠨ ᠣᠷᠣᠭᠤᠯᠵᠤ ᠪᠣᠯᠣᠨ᠎ᠠ᠃ ᠠᠮᠢ ᠠᠬᠤᠢ ᠶᠢᠨ ᠣᠷᠣᠨ ᠵᠠᠢ ᠳᠤ ᠴᠢᠬᠤᠯᠠ ᠤᠰᠤᠨ ᠤ ᠡᠬᠢ ᠰᠤᠷᠪᠤᠯᠵᠢ ᠶᠢ | ᠬᠠᠳᠠᠭᠠᠯᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠤᠰᠤ ᠬᠥᠷᠥᠰᠥ ᠶᠢ ᠬᠠᠮᠠᠭᠠᠯᠠᠬᠤ᠂ ᠰᠠᠯᠬᠢ ᠶᠢ ᠰᠡᠷᠭᠡᠶᠢᠯᠡᠵᠦ ᠡᠯᠡᠰᠦ ᠶᠢ | ᠲᠣᠭᠲᠠᠪᠤᠷᠢᠵᠢᠭᠤᠯᠬᠤ ᠵᠡᠷᠭᠡ ᠴᠢᠳᠠᠪᠬᠢ ᠪᠦᠬᠦᠢ ᠣᠷᠣᠨ ᠭᠠᠵᠠᠷ ᠬᠢᠭᠡᠳ ᠬᠥᠷᠥᠰᠥ ᠰᠢᠷᠣᠢ ᠶᠢᠨ ᠢᠳᠡᠭᠳᠡᠯ᠂ ᠡᠯᠡᠰᠦᠷᠬᠡᠭᠵᠢᠯ᠂ ᠳᠠᠪᠤᠰᠤᠵᠢᠬᠤ ᠪᠤᠶᠤ | ᠬᠤᠵᠢᠷᠰᠢᠯ ᠪᠦᠬᠦᠢ ᠠᠮᠢ ᠠᠬᠤᠢ ᠶᠢᠨ ᠣᠷᠴᠢᠨ ᠲᠣᠭᠤᠷᠢᠨ ᠤ ᠡᠮᠵᠡᠭ ᠰᠤᠯᠠ ᠪᠣᠯᠣᠭᠰᠠᠨ ᠣᠷᠣᠨ ᠭᠠᠵᠠᠷ ᠤᠳ ᠤᠨ ᠬᠡᠷᠡᠭᠯᠡᠬᠦ ᠠᠷᠭ᠎ᠠ ᠬᠡᠯᠪᠡᠷᠢ ᠶᠢ ᠳᠤᠷ᠎ᠠ | ᠵᠣᠷᠢᠭ ᠢᠶᠠᠷ ᠥᠭᠡᠷᠡᠴᠢᠯᠡᠨ ᠬᠤᠪᠢᠷᠠᠭᠤᠯᠵᠤ ᠪᠣᠯᠬᠤ ᠦᠭᠡᠢ᠃ ᠪᠤᠰᠤᠳ ᠣᠷᠣᠨ ᠭᠠᠵᠠᠷ ᠤᠨ ᠨᠡᠭᠡᠭᠡᠨ ᠠᠰᠢᠭᠯᠠᠬᠤ ᠶᠢ ᠬᠢᠵᠠᠭᠠᠷᠯᠠᠪᠠᠯ ᠵᠣᠬᠢᠨ᠎ᠠ᠃ ᠭᠠᠴᠠᠭ᠎ᠠ | ᠲᠣᠰᠬᠤᠨ ᠤ ᠨᠠᠮᠤᠭ ᠭᠠᠵᠠᠷ᠂ ᠤᠰᠠᠳᠬᠤ ᠰᠢᠬᠠᠭᠰᠠᠨ ᠬᠤᠪᠣᠷ ᠴᠤᠬᠠᠭ ᠠᠮᠢᠲᠠᠨ ᠤᠷᠭᠤᠮᠠᠯ ᠪᠠ ᠡᠷᠲᠡᠨ ᠤ ᠮᠣᠳᠣ ᠶᠢ ᠬᠡᠷᠬᠢᠨ ᠬᠠᠮᠠᠭᠠᠯᠠᠬᠤ ᠲᠤᠬᠠᠢ | ᠱᠠᠭᠠᠷᠳᠠᠯᠭ᠎ᠠ ᠲᠣᠭᠲᠠᠭᠠᠯ ᠢ ᠳᠤᠷᠠᠳᠤᠨ ᠭᠠᠷᠭᠠᠨ᠎ᠠ᠃ | | 6.4 ᠵᠠᠮ ᠬᠠᠷᠢᠯᠴᠠᠭᠠᠨ ᠤ ᠲᠥᠯᠥᠪᠵᠢᠭᠦᠯᠭᠡ | 6.4.1 ᠭᠠᠳᠠᠭᠰᠢ ᠨᠡᠪᠲᠡᠷᠡᠬᠦ ᠵᠠᠮ ᠬᠠᠷᠢᠯᠴᠠᠭᠠᠨ ᠤ ᠲᠥᠯᠥᠪᠵᠢᠭᠦᠯᠭᠡ | ᠪᠣᠳᠠᠲᠤ ᠬᠡᠷᠡᠭᠴᠡᠭᠡ ᠪᠠᠨ ᠦᠨᠳᠦᠰᠦᠯᠡᠨ ᠥᠩᠭᠡᠷᠡᠵᠦ ᠪᠠᠶᠢᠭ᠎ᠠ ᠵᠠᠰᠠᠮᠠᠯ ᠵᠠᠮ᠂ ᠲᠡᠮᠦᠷ ᠵᠠᠮ ᠵᠡᠷᠭᠡ ᠲᠠᠢ ᠬᠤᠯᠪᠣᠯᠳᠤᠵᠤ ᠪᠠᠶᠢᠭ᠎ᠠ ᠵᠠᠮ ᠬᠢᠭᠡᠳ | ᠭᠠᠴᠠᠭ᠎ᠠ ᠲᠣᠰᠬᠤᠨ ᠤ ᠲᠥᠪᠯᠡᠷᠡᠨ ᠰᠠᠭᠤᠷᠢᠰᠢᠭ᠎ᠠ ᠴᠡᠭ ᠤᠳ ᠤᠨ ᠬᠤᠭᠤᠷᠣᠨᠳᠤᠬᠢ ᠵᠠᠮ ᠤᠳ ᠢ ᠵᠢᠭᠠᠨ ᠲᠣᠭᠲᠠᠭᠠᠵᠤ᠂ ᠡᠯ᠎ᠡ ᠲᠥᠷᠥᠯ ᠤᠨ ᠵᠠᠮ | ᠬᠠᠷᠢᠯᠴᠠᠭᠠᠨ ᠤ ᠳᠡᠰ᠂ ᠴᠢᠭᠯᠡᠯ ᠪᠠ ᠬᠡᠷᠡᠭᠯᠡᠬᠦ ᠭᠠᠵᠠᠷ ᠢ ᠲᠣᠳᠣᠷᠬᠠᠢ ᠲᠣᠬᠢᠷᠠᠭᠤᠯᠤᠨ᠎ᠠ᠃ | | 6.4.2 ᠳᠣᠲᠣᠭᠠᠳᠤ ᠶᠢᠨ ᠵᠠᠮ ᠬᠠᠷᠢᠯᠴᠠᠭᠠᠨ ᠤ ᠲᠥᠯᠥᠪᠵᠢᠭᠦᠯᠭᠡ | ᠳᠣᠲᠣᠭᠠᠳᠤ ᠶᠢᠨ ᠵᠠᠮ ᠬᠠᠷᠢᠯᠴᠠᠭ᠎ᠠ ᠭᠡᠳᠡᠭ ᠨᠢ ᠭᠠᠴᠠᠭ᠎ᠠ ᠲᠣᠰᠬᠤᠨ ᠤ ᠳᠣᠲᠣᠭᠠᠳᠤ ᠳᠤ ᠨᠡᠪᠲᠡᠷᠡᠵᠦ ᠪᠠᠶᠢᠭ᠎ᠠ ᠵᠠᠮ ᠶᠢ ᠵᠢᠭᠠᠵᠤ ᠪᠠᠶᠢᠨ᠎ᠠ᠃ ᠵᠠᠮ | ᠬᠠᠷᠢᠯᠴᠠᠭᠠᠨ ᠤ ᠣᠳᠣᠬᠢ ᠪᠠᠶᠢᠳᠠᠯ ᠪᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠵᠠᠮ ᠤᠨ ᠲᠥᠬᠦᠭᠡᠷᠦᠮᠵᠢ ᠶᠢ ᠵᠠᠰᠠᠨ | ᠪᠠᠶᠢᠭᠤᠯᠬᠤ ᠪᠠ ᠥᠭᠡᠷᠡᠴᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠭᠠᠴᠠᠭ᠎ᠠ ᠲᠣᠰᠬᠤᠨ ᠪᠣᠯᠭᠠᠨ ᠳᠤ ᠨᠡᠪᠲᠡᠷᠡᠬᠦ ᠶᠢ ᠪᠡᠶᠡᠯᠡᠭᠦᠯᠦᠨ᠎ᠡ᠃ ᠰᠢᠨ᠎ᠡ ᠪᠠᠷ | ᠵᠠᠰᠠᠭᠰᠠᠨ ᠵᠠᠮ ᠤᠨ ᠪᠠᠶᠢᠷᠢᠯᠠᠭᠤᠯᠤᠯᠲᠠ ᠪᠠ ᠬᠡᠷᠡᠭᠯᠡᠬᠦ ᠭᠠᠵᠠᠷ ᠤᠨ ᠲᠣᠬᠢᠷᠠᠭᠤᠯᠤᠯᠲᠠ ᠶᠢ ᠲᠣᠳᠣᠷᠬᠠᠢ ᠪᠠᠶᠢᠯᠭᠠᠪᠠᠯ ᠵᠣᠬᠢᠨ᠎ᠠ᠃ ᠵᠠᠮ ᠤᠨ ᠥᠷᠭᠡᠨ ᠤ | ᠬᠡᠮᠵᠢᠶ᠎ᠡ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠨᠡᠪᠲᠡᠷᠡᠬᠦ ᠳᠤ ᠳᠥᠭᠦᠮ ᠲᠣᠬᠢᠷᠠᠮᠵᠢᠲᠠᠢ ᠬᠡᠷᠡᠭᠯᠡᠬᠦ ᠵᠠᠷᠴᠢᠮ ᠢᠶᠠᠷ ᠲᠥᠯᠥᠪᠯᠡᠵᠦ᠂ ᠭᠠᠴᠠᠭ᠎ᠠ | ᠲᠣᠰᠬᠤᠨ ᠤ ᠪᠠᠶᠢᠳᠠᠯ ᠢ ᠦᠨᠳᠦᠰᠦᠯᠡᠨ᠂ ᠬᠡᠲᠦᠷᠬᠡᠢ ᠥᠷᠭᠡᠨ ᠪᠤᠶᠤ ᠬᠡᠲᠦᠷᠬᠡᠢ ᠨᠠᠷᠢᠨ ᠪᠠᠶᠢᠯᠭᠠᠬᠤ ᠦᠭᠡᠢ᠃ ᠲᠡᠷᠭᠡᠨ ᠵᠣᠭᠰᠣᠭᠠᠯ ᠤᠨ ᠬᠡᠷᠡᠭᠯᠡᠬᠦ ᠭᠠᠵᠠᠷ᠂ | ᠭᠠᠴᠠᠭ᠎ᠠ ᠲᠣᠰᠬᠤᠨ ᠤ ᠳᠣᠲᠣᠷ᠎ᠠ ᠪᠠᠶᠢᠭ᠎ᠠ ᠬᠤᠯᠠ ᠵᠠᠮ ᠤᠨ ᠮᠠᠰᠢᠨ ᠲᠡᠷᠭᠡᠨ ᠤ ᠥᠷᠲᠡᠭᠡ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠪᠠᠶᠢᠷᠢ ᠶᠢ ᠵᠦᠢ | ᠵᠣᠬᠢᠰᠲᠠᠢ ᠪᠠᠷ ᠰᠣᠩᠭᠤᠨ ᠲᠣᠬᠢᠷᠠᠭᠤᠯᠬᠤ ᠬᠡᠷᠡᠭᠲᠡᠢ᠃ | | 6.5 ᠣᠷᠣᠨ ᠰᠠᠭᠤᠴᠠ ᠶᠢᠨ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ | ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠳᠤ ᠡᠷᠬᠡᠪᠰᠢ ︽ᠨᠢᠭᠡ ᠡᠷᠦᠬᠡ ᠨᠢᠭᠡ ᠰᠠᠭᠤᠴᠠ︾ ᠶᠢᠨ | ᠲᠥᠷᠥ ᠶᠢᠨ ᠪᠣᠳᠣᠯᠭ᠎ᠠ ᠶᠢ ᠴᠢᠩᠭ᠎ᠠ ᠪᠠᠷ ᠬᠡᠷᠡᠭᠵᠢᠭᠦᠯᠵᠦ᠂ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠵᠦᠢ ᠵᠣᠬᠢᠰᠲᠠᠢ ᠪᠠᠷ ᠲᠣᠭᠲᠠᠭᠠᠬᠤ | ᠬᠡᠷᠡᠭᠲᠡᠢ᠃ ᠲᠤᠬᠠᠢ ᠶᠢᠨ ᠭᠠᠵᠠᠷ ᠤᠨ ᠪᠠᠷᠢᠯᠭ᠎ᠠ ᠶᠢᠨ ᠰᠣᠶᠣᠯ ᠤᠨ ᠣᠨᠴᠠᠯᠢᠭ ᠪᠠ ᠰᠠᠭᠤᠭᠠᠯᠢ ᠠᠷᠠᠳ ᠤᠨ ᠠᠮᠢᠳᠤᠷᠠᠯ ᠤᠨ ᠵᠠᠩᠰᠢᠯ ᠢ ᠪᠣᠳᠣᠯᠬᠢᠯᠠᠭᠰᠠᠨ | ᠰᠠᠭᠤᠷᠢᠨ ᠳᠡᠭᠡᠷ᠎ᠡ᠂ ᠪᠠᠷᠢᠯᠭ᠎ᠠ ᠶᠢᠨ ᠬᠡᠪ ᠨᠠᠮᠪᠠ᠂ ᠥᠩᠭᠡ ᠪᠣᠳᠤᠭ ᠲᠤ ᠪᠦᠲᠦᠭᠡᠨ ᠪᠠᠶᠢᠭᠤᠯᠤᠯᠲᠠ ᠶᠢᠨ ᠵᠢᠭᠠᠨ ᠵᠢᠯᠣᠭᠤᠳᠤᠯᠭ᠎ᠠ ᠥᠭᠴᠦ᠂ ᠪᠣᠬᠢᠷᠲᠤᠯ | ᠦᠭᠡᠢ᠂ ᠡᠨᠧᠷᠭᠢ ᠳᠤ ᠠᠷᠪᠢᠲᠠᠢ᠂ ᠲᠣᠬᠢᠷᠠᠮᠵᠢᠲᠠᠢ᠂ ᠠᠰᠢᠭᠯᠠᠮᠵᠢ ᠰᠠᠶᠢᠲᠠᠢ᠂ ᠦᠵᠡᠮᠦᠷᠢᠲᠡᠢ ᠬᠥᠳᠡᠭᠡ ᠲᠣᠰᠬᠤᠨ ᠤ ᠭᠡᠷ ᠪᠠᠶᠢᠰᠢᠩ ᠤᠨ ᠲᠥᠯᠥᠪᠯᠡᠭᠡᠨ ᠤ | ᠬᠡᠯᠪᠡᠷᠢ ᠶᠣᠰᠣᠭᠠᠷ ᠭᠠᠴᠠᠭ᠎ᠠ ᠲᠣᠰᠬᠤᠨ ᠤ ᠣᠷᠣᠨ ᠰᠠᠭᠤᠴᠠ ᠪᠠ ᠬᠦᠷᠢᠶ᠎ᠡ ᠬᠠᠰᠢᠶᠠᠨ ᠤ ᠲᠥᠯᠥᠪᠯᠡᠭᠡᠨ ᠤ ᠯᠠᠪᠯᠠᠯᠲᠠ ᠶᠢᠨ ᠴᠢᠨᠠᠷᠲᠠᠢ ᠲᠥᠰᠥᠯ ᠢ ᠳᠤᠷᠠᠳᠤᠨ | ᠭᠠᠷᠭᠠᠨ᠎ᠠ᠃ ᠠᠯᠳᠠᠷᠲᠤ ᠦᠵᠡᠮᠵᠢ ᠶᠢᠨ ᠣᠷᠣᠨ᠂ ᠲᠡᠦᠬᠡ ᠰᠣᠶᠣᠯ ᠤᠨ ᠨᠡᠷᠡᠲᠦ ᠲᠣᠰᠬᠤᠨ᠂ ᠤᠯᠠᠮᠵᠢᠯᠠᠯᠲᠤ ᠠᠶᠢᠯ ᠲᠣᠰᠬᠤᠨ ᠵᠡᠷᠭᠡ ᠬᠠᠮᠠᠭᠠᠯᠠᠬᠤ | ᠬᠡᠪᠴᠢᠶᠡᠨ ᠳᠤ ᠪᠠᠶᠢᠭ᠎ᠠ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠪᠠ ᠭᠡᠷ ᠪᠠᠶᠢᠰᠢᠩ ᠤᠨ ᠲᠥᠯᠥᠪᠯᠡᠭᠡ ᠨᠢ GB/T 50298 ᠶᠢᠨ | ᠲᠣᠭᠲᠠᠭᠠᠯ ᠳᠤ ᠨᠡᠶᠢᠴᠡᠪᠡᠯ ᠵᠣᠬᠢᠬᠤ ᠪᠥᠭᠡᠳ ᠣᠷᠣᠨ ᠰᠠᠭᠤᠴᠠ ᠶᠢᠨ ᠲᠠᠯᠠᠪᠠᠢ ᠶᠢᠨ ᠬᠢᠵᠠᠭᠠᠷᠯᠠᠯᠲᠠ ᠨᠢ ᠲᠤᠬᠠᠢ ᠶᠢᠨ ᠭᠠᠵᠠᠷ ᠤᠨ ᠲᠣᠭᠲᠠᠭᠠᠯ ᠤᠨ | ᠪᠠᠷᠢᠮᠵᠢᠶ᠎ᠠ ᠳᠤ ᠨᠡᠶᠢᠴᠡᠭᠰᠡᠨ ᠪᠠᠶᠢᠪᠠᠯ ᠵᠣᠬᠢᠨ᠎ᠠ᠃ | | 6.6 ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ | ᠭᠠᠴᠠᠭ᠎ᠠ ᠲᠣᠰᠬᠤᠨ ᠤ ᠪᠠᠶᠢᠭᠠᠯᠢ ᠶᠢᠨ ᠠᠮᠢ ᠠᠬᠤᠢ ᠶᠢᠨ ᠣᠷᠴᠢᠨ ᠲᠣᠭᠤᠷᠢᠨ᠂ ᠣᠨᠴᠠᠯᠢᠭᠲᠤ ᠡᠬᠢ ᠪᠠᠶᠠᠯᠢᠭ ᠤᠨ ᠭᠤᠣᠯ ᠡᠯᠧᠮᠧᠨ᠋ᠲ ᠬᠢᠭᠡᠳ | ᠬᠥᠭᠵᠢᠯᠲᠡ ᠶᠢᠨ ᠪᠣᠳᠠᠲᠤ ᠰᠠᠭᠤᠷᠢ ᠲᠠᠢ ᠤᠶᠠᠯᠳᠤᠭᠤᠯᠵᠤ᠂ ᠭᠠᠴᠠᠭ᠎ᠠ ᠲᠣᠰᠬᠤᠨ ᠤ ᠣᠷᠣᠨ ᠪᠠᠶᠢᠷᠢ ᠪᠠ ᠡᠬᠢ ᠪᠠᠶᠠᠯᠢᠭ ᠤᠨ ᠳᠠᠪᠠᠭᠤᠯᠢᠭ ᠲᠠᠯ᠎ᠠ ᠪᠠᠨ | ᠭᠦᠢᠴᠡᠳ ᠪᠠᠳᠠᠷᠠᠭᠤᠯᠤᠨ᠂ ᠭᠠᠴᠠᠭ᠎ᠠ ᠲᠣᠰᠬᠤᠨ ᠤ ᠬᠡᠪᠴᠢᠶᠡᠨ ᠳᠠᠬᠢ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠶᠢᠨ | ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠲᠥᠯᠥᠪᠵᠢᠭᠦᠯᠵᠦ᠂ ᠭᠠᠴᠠᠭ᠎ᠠ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠰᠡᠳᠬᠢᠮᠵᠢ ᠪᠠ ᠠᠷᠭ᠎ᠠ | ᠪᠣᠳᠣᠯᠭ᠎ᠠ ᠶᠢ ᠳᠤᠷᠠᠳᠤᠨ ᠭᠠᠷᠭᠠᠵᠤ᠂ ᠭᠠᠴᠠᠭ᠎ᠠ ᠲᠣᠰᠬᠤᠨ ᠤ ᠬᠥᠭᠵᠢᠯᠲᠡ ᠶᠢᠨ ᠭᠤᠣᠯᠯᠠᠬᠤ ᠠᠵᠤ ᠦᠢᠯᠡᠰ ᠢ ᠲᠣᠭᠲᠠᠭᠠᠬᠤ ᠬᠡᠷᠡᠭᠲᠡᠢ᠃ | | 6.7 ᠰᠠᠭᠤᠷᠢ ᠲᠥᠬᠦᠭᠡᠷᠦᠮᠵᠢ᠂ ᠨᠣᠭᠤᠭᠠᠷᠠᠭᠤᠯᠤᠯᠲᠠ ᠪᠠ ᠲᠡᠦᠬᠡ ᠰᠣᠶᠣᠯ ᠢ ᠬᠠᠮᠠᠭᠠᠯᠠᠬᠤ ᠲᠥᠯᠥᠪᠵᠢᠭᠦᠯᠭᠡ | ᠤᠰᠤ ᠬᠠᠩᠭᠠᠬᠤ᠂ ᠤᠰᠤ ᠵᠠᠯᠠᠬᠤ᠂ ᠴᠠᠬᠢᠯᠭᠠᠨ ᠬᠠᠩᠭᠠᠬᠤ᠂ ᠰᠢᠲᠠᠭᠠᠯᠭ᠎ᠠ ᠬᠡᠢ ᠪᠠ ᠢᠯᠴᠢ ᠬᠠᠩᠭᠠᠬᠤ᠂ ᠣᠷᠴᠢᠨ ᠲᠣᠭᠤᠷᠢᠨ ᠢ ᠬᠠᠮᠠᠭᠠᠯᠠᠬᠤ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ᠂ ᠨᠣᠭᠤᠭᠠᠷᠠᠭᠤᠯᠤᠯᠲᠠ ᠪᠠ ᠦᠵᠡᠮᠵᠢ ᠶᠢᠨ | ᠲᠥᠯᠥᠪᠵᠢᠭᠦᠯᠭᠡ᠂ ᠲᠡᠦᠬᠡ ᠰᠣᠶᠣᠯ ᠤᠨ ᠬᠠᠮᠠᠭᠠᠯᠠᠯᠲᠠ ᠪᠠ ᠣᠨᠴᠠᠯᠢᠭᠲᠤ ᠳᠦᠷᠰᠦ ᠪᠠᠶᠢᠳᠠᠯ ᠤᠨ ᠲᠥᠯᠥᠪᠵᠢᠭᠦᠯᠭᠡ ᠨᠢ GB/T 50445 ᠶᠢᠨ ᠬᠠᠮᠢᠶ᠎ᠠ | ᠪᠦᠬᠦᠢ ᠲᠣᠭᠲᠠᠭᠠᠯ ᠲᠠᠢ ᠨᠡᠶᠢᠴᠡᠭᠰᠡᠨ ᠪᠠᠶᠢᠪᠠᠯ ᠵᠣᠬᠢᠨ᠎ᠠ᠃ | | 6.8 ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠡᠩᠴᠡᠭᠦᠷᠢᠰᠢᠭᠦᠯᠬᠦ ᠶᠢ ᠠᠬᠢᠭᠤᠯᠬᠤ ᠬᠠᠷᠠᠯᠲᠠ ᠶᠢᠨ ᠶᠣᠰᠣᠭᠠᠷ᠂ ᠣᠷᠣᠨ | ᠪᠠᠶᠢᠷᠢ ᠶᠢᠨ ᠨᠥᠬᠦᠴᠡᠯ ᠪᠠ ᠬᠥᠭᠵᠢᠯᠲᠡ ᠶᠢᠨ ᠣᠷᠣᠨ ᠪᠠᠶᠢᠷᠢ ᠲᠠᠢ ᠤᠶᠠᠯᠳᠤᠭᠤᠯᠤᠨ᠂ ᠬᠥᠮᠥᠨ ᠠᠮᠠ ᠪᠠᠷ ᠰᠠᠭᠤᠷᠢ ᠪᠣᠯᠭᠠᠵᠤ᠂ ᠬᠠᠮᠢᠶ᠎ᠠ ᠪᠦᠬᠦᠢ ᠠᠵᠢᠯ | ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠬᠡᠷᠡᠭᠯᠡᠬᠦ ᠭᠠᠵᠠᠷ ᠢ | ᠵᠦᠢ ᠵᠣᠬᠢᠰᠲᠠᠢ ᠪᠠᠷ ᠲᠣᠬᠢᠷᠠᠭᠤᠯᠬᠤ ᠬᠡᠷᠡᠭᠲᠡᠢ᠃ ᠪᠣᠳᠠᠲᠠᠢ ᠪᠠᠷ ᠬᠡᠯᠡᠪᠡᠯ᠂ ᠵᠠᠰᠠᠭ ᠵᠠᠬᠢᠷᠭᠠᠨ ᠤ ᠬᠠᠮᠢᠶᠠᠷᠤᠯᠲᠠ ᠳᠤ ᠭᠠᠴᠠᠭ᠎ᠠ ᠲᠣᠰᠬᠤᠨ ᠤ ᠵᠥᠪᠯᠡᠯ᠂ | ᠰᠤᠷᠭᠠᠨ ᠬᠥᠮᠥᠵᠢᠯ ᠤᠨ ᠪᠠᠶᠢᠭᠤᠯᠤᠮᠵᠢ ᠳᠤ ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠭᠠᠵᠠᠷ᠂ ᠪᠠᠭ᠎ᠠ ᠰᠤᠷᠭᠠᠭᠤᠯᠢ ᠵᠡᠷᠭᠡ᠂ ᠰᠣᠶᠣᠯ ᠰᠢᠨᠵᠢᠯᠡᠭᠡ | ᠮᠡᠷᠭᠡᠵᠢᠯ ᠪᠠ ᠲᠠᠮᠢᠷ ᠲᠤ ᠰᠣᠶᠣᠯ ᠤᠨ ᠠᠵᠢᠯᠯᠠᠭᠠᠨ ᠤ ᠭᠡᠷ᠂ ᠲᠠᠮᠢᠷ ᠤᠨ ᠲᠠᠯᠠᠪᠠᠢ ᠣᠷᠳᠣᠨ᠂ ᠠᠭᠤᠳᠠᠮ ᠲᠠᠯᠠᠪᠠᠢ᠂ ᠨᠣᠮ ᠤᠨ ᠥᠷᠥᠭᠡ᠂ ᠲᠡᠦᠬᠡ ᠶᠢᠨ | ᠳᠤᠷᠠᠰᠬᠠᠯᠲᠤ ᠵᠦᠢᠯ᠂ ᠳᠤᠷᠠᠰᠬᠠᠯᠲᠤ ᠭᠠᠵᠠᠷ᠂ ᠪᠤᠰᠤᠳ ᠲᠥᠷᠥᠯ ᠤᠨ ᠲᠥᠬᠦᠭᠡᠷᠦᠮᠵᠢ ᠵᠡᠷᠭᠡ᠂ ᠡᠮᠴᠢᠯᠡᠭᠡ ᠡᠷᠡᠭᠦᠯᠵᠢᠯ ᠳᠤ ᠡᠷᠡᠭᠦᠯ ᠬᠠᠮᠠᠭᠠᠯᠠᠯ ᠤᠨ ᠥᠷᠥᠭᠡ | ᠂ ᠰᠤᠪᠢᠯᠠᠯᠲᠠ ᠶᠢᠨ ᠲᠥᠬᠦᠭᠡᠷᠦᠮᠵᠢ ᠵᠡᠷᠭᠡ᠂ ᠨᠡᠶᠢᠭᠡᠮ ᠤᠨ ᠪᠠᠲᠤᠯᠠᠭ᠎ᠠ ᠳᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠪᠠᠭᠲᠠᠭᠠᠨ᠎ᠠ᠃ | ᠡᠭᠦᠨ ᠳᠤ ᠭᠤᠣᠯ ᠭᠠᠴᠠᠭ᠎ᠠ ᠲᠣᠰᠬᠤᠨ ᠨᠢ ᠭᠠᠴᠠᠭ᠎ᠠ ᠲᠣᠰᠬᠤᠨ ᠤ ᠵᠥᠪᠯᠡᠯ᠂ ᠰᠣᠶᠣᠯ ᠤᠨ ᠠᠵᠢᠯᠯᠠᠭᠠᠨ ᠤ ᠭᠡᠷ᠂ ᠲᠠᠮᠢᠷ ᠤᠨ ᠲᠠᠯᠠᠪᠠᠢ ᠣᠷᠳᠣᠨ᠂ | ᠠᠭᠤᠳᠠᠮ ᠲᠠᠯᠠᠪᠠᠢ᠂ ᠨᠣᠮ ᠤᠨ ᠥᠷᠥᠭᠡ᠂ ᠡᠷᠡᠭᠦᠯ ᠬᠠᠮᠠᠭᠠᠯᠠᠯ ᠤᠨ ᠥᠷᠥᠭᠡ᠂ ᠨᠠᠰᠤᠵᠢᠯ ᠤᠨ ᠦᠢᠯᠡᠴᠢᠯᠡᠭᠡᠨ ᠤ ᠥᠷᠲᠡᠭᠡ ᠵᠡᠷᠭᠡ ᠶᠢ ᠡᠷᠬᠡᠪᠰᠢ ᠪᠠᠶᠢᠭᠤᠯᠵᠤ | ᠂ ᠪᠤᠰᠤᠳ ᠢ ᠨᠢ ᠨᠥᠬᠦᠴᠡᠯ ᠲᠠᠢ ᠪᠠᠶᠢᠳᠠᠯ ᠳᠣᠣᠷ᠎ᠠ ᠪᠠᠶᠢᠭᠤᠯᠵᠤ ᠪᠣᠯᠣᠨ᠎ᠠ᠃ ᠪᠤᠰᠤᠳ ᠭᠠᠴᠠᠭ᠎ᠠ ᠲᠣᠰᠬᠤᠨ ᠨᠢ ᠭᠠᠴᠠᠭ᠎ᠠ ᠲᠣᠰᠬᠤᠨ ᠤ ᠵᠥᠪᠯᠡᠯ᠂ | ᠲᠠᠮᠢᠷ ᠤᠨ ᠲᠠᠯᠠᠪᠠᠢ ᠣᠷᠳᠣᠨ᠂ ᠠᠭᠤᠳᠠᠮ ᠲᠠᠯᠠᠪᠠᠢ ᠶᠢ ᠡᠷᠬᠡᠪᠰᠢ ᠪᠠᠶᠢᠭᠤᠯᠵᠤ᠂ ᠪᠤᠰᠤᠳ ᠢ ᠨᠢ ᠨᠥᠬᠦᠴᠡᠯ ᠲᠠᠢ ᠪᠠᠶᠢᠳᠠᠯ ᠳᠣᠣᠷ᠎ᠠ ᠪᠠᠶᠢᠭᠤᠯᠵᠤ ᠪᠣᠯᠣᠨ᠎ᠠ᠃ | | 6.9 ᠤᠯᠤᠰ ᠤᠨ ᠨᠤᠲᠤᠭ ᠳᠡᠪᠢᠰᠭᠡᠷ ᠤᠨ ᠶᠡᠷᠦᠩᠬᠡᠶᠢᠯᠡᠭᠰᠡᠨ ᠵᠠᠰᠠᠯᠲᠠ ᠪᠠ ᠠᠮᠢ ᠠᠬᠤᠢ ᠶᠢᠨ ᠰᠡᠷᠭᠦᠭᠡᠨ ᠵᠠᠰᠠᠯᠲᠠ ᠶᠢᠨ ᠲᠥᠯᠥᠪᠵᠢᠭᠦᠯᠭᠡ | 6.9.1 ᠡᠩ ᠤᠨ ᠲᠣᠭᠲᠠᠭᠠᠯ | ᠲᠥᠯᠥᠪᠵᠢᠭᠦᠯᠭᠡ ᠶᠢᠨ ᠬᠠᠷᠠᠯᠲᠠ ᠪᠠ ᠡᠭᠦᠷᠭᠡ ᠶᠢ ᠦᠨᠳᠦᠰᠦᠯᠡᠨ᠂ ᠣᠷᠣᠨ ᠵᠠᠢ ᠶᠢᠨ ᠪᠠᠶᠢᠷᠢᠰᠢᠯ ᠤᠨ ᠲᠡᠩᠴᠡᠭᠦᠷᠢ ᠠᠯᠳᠠᠭᠰᠠᠨ᠂ ᠡᠬᠢ ᠪᠠᠶᠠᠯᠢᠭ ᠤᠨ | ᠠᠰᠢᠭᠯᠠᠮᠵᠢ ᠳᠣᠣᠷ᠎ᠠ ᠪᠣᠯᠣᠭᠰᠠᠨ᠂ ᠠᠮᠢ ᠠᠬᠤᠢ ᠶᠢᠨ ᠴᠢᠳᠠᠪᠬᠢ ᠳᠣᠷᠣᠶᠢᠲᠠᠭᠰᠠᠨ᠂ ᠠᠮᠢ ᠠᠬᠤᠢ ᠶᠢᠨ ᠰᠢᠰᠲ᠋ᠧᠮ ᠬᠤᠬᠢᠷᠠᠯ ᠳᠤ ᠤᠴᠠᠷᠠᠭᠰᠠᠨ ᠭᠤᠣᠯᠳᠠᠯᠭ᠎ᠠ | ᠲᠠᠢ ᠣᠷᠣᠨ ᠨᠤᠭᠤᠳ ᠢ ᠲᠣᠭᠲᠠᠭᠠᠨ᠎ᠠ᠃ ᠢᠨᠵᠧᠨᠧᠷᠢᠩ ᠤᠨ ᠲᠠᠷᠬᠠᠴᠠ ᠨᠢ ᠬᠠᠷᠢᠴᠠᠩᠭᠤᠢ ᠪᠠᠷ ᠲᠥᠪᠯᠡᠷᠡᠭᠰᠡᠨ᠂ ᠵᠠᠰᠠᠬᠤ ᠲᠥᠷᠥᠯ ᠨᠢ ᠬᠠᠷᠢᠴᠠᠩᠭᠤᠢ ᠪᠠᠷ | ᠶᠡᠷᠦᠩᠬᠡᠶᠢᠯᠡᠭᠰᠡᠨ᠂ ᠦᠨᠳᠦᠰᠦᠨ ᠨᠥᠬᠦᠴᠡᠯ ᠨᠢ ᠬᠠᠷᠢᠴᠠᠩᠭᠤᠢ ᠪᠠᠷ ᠵᠦᠭᠡᠷ᠂ ᠶᠡᠷᠦᠩᠬᠡᠶᠢᠯᠡᠭᠰᠡᠨ ᠦᠷ᠎ᠡ ᠠᠰᠢᠭ ᠨᠢ ᠬᠠᠷᠢᠴᠠᠩᠭᠤᠢ ᠪᠠᠷ ᠨᠡᠯᠢᠶᠡᠳ ᠥᠨᠳᠥᠷ | ᠪᠠᠶᠢᠬᠤ ᠵᠠᠷᠴᠢᠮ ᠶᠣᠰᠣᠭᠠᠷ᠂ ᠤᠯᠤᠰ ᠤᠨ ᠨᠤᠲᠤᠭ ᠳᠡᠪᠢᠰᠭᠡᠷ ᠤᠨ ᠶᠡᠷᠦᠩᠬᠡᠶᠢᠯᠡᠭᠰᠡᠨ ᠵᠠᠰᠠᠯᠲᠠ ᠪᠠ ᠠᠮᠢ ᠠᠬᠤᠢ ᠶᠢᠨ ᠰᠡᠷᠭᠦᠭᠡᠨ ᠵᠠᠰᠠᠯᠲᠠ ᠶᠢᠨ ᠴᠢᠬᠤᠯᠠ | ᠶᠡᠭᠡ ᠢᠨᠵᠧᠨᠧᠷᠢᠩ ᠤᠨ ᠲᠥᠷᠥᠯ ᠵᠦᠢᠯ ᠢ ᠲᠣᠭᠲᠠᠭᠠᠬᠤ ᠶᠢᠨ ᠳᠠᠭᠠᠤ᠂ ᠢᠨᠵᠧᠨᠧᠷᠢᠩ ᠤᠨ ᠲᠥᠷᠥᠯ ᠵᠦᠢᠯ ᠤᠨ ᠬᠠᠷᠠᠯᠲᠠ᠂ ᠪᠦᠲᠦᠭᠡᠨ ᠪᠠᠶᠢᠭᠤᠯᠤᠯᠲᠠ ᠶᠢᠨ | ᠠᠭᠤᠯᠭ᠎ᠠ᠂ ᠪᠡᠯᠡ ᠣᠷᠤᠭᠤᠯᠤᠯᠲᠠ ᠶᠢᠨ ᠪᠠᠷᠤᠭᠯᠠᠨ ᠪᠣᠳᠣᠯᠲᠠ᠂ ᠵᠢᠱᠢᠭᠰᠡᠨ ᠦᠷ᠎ᠡ ᠠᠰᠢᠭ ᠵᠡᠷᠭᠡ ᠳᠤ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ | ᠲᠣᠬᠢᠷᠠᠭᠤᠯᠤᠯᠲᠠ ᠬᠢᠨ᠎ᠡ᠃ | | 6.9.2 ᠲᠠᠷᠢᠶᠠᠯᠠᠩ ᠳᠤ ᠬᠡᠷᠡᠭᠯᠡᠬᠦ ᠭᠠᠵᠠᠷ ᠢ ᠲᠡᠭᠰᠢᠯᠡᠨ ᠵᠠᠰᠠᠬᠤ | ᠣᠳᠣ ᠪᠠᠶᠢᠭ᠎ᠠ ᠬᠡᠰᠡᠭ ᠪᠤᠰᠠᠭ ᠲᠠᠷᠢᠶᠠᠨ ᠭᠠᠵᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠲᠣᠭᠤᠷᠢᠨ ᠤ ᠣᠳᠣ ᠪᠠᠶᠢᠭ᠎ᠠ ᠲᠠᠷᠢᠶᠠᠯᠠᠩ ᠳᠤ | ᠬᠡᠷᠡᠭᠯᠡᠬᠦ ᠭᠠᠵᠠᠷ᠂ ᠭᠠᠵᠠᠷ ᠰᠢᠷᠣᠢ ᠶᠢ ᠨᠡᠭᠡᠭᠡᠨ ᠡᠮᠬᠢᠯᠡᠵᠦ ᠳᠠᠬᠢᠨ ᠬᠠᠭᠠᠯᠪᠤᠷᠢᠯᠠᠬᠤ ᠪᠠᠷ ᠳᠠᠮᠵᠢᠨ ᠪᠤᠢ ᠪᠣᠯᠵᠤ ᠪᠣᠯᠬᠤ ᠰᠢᠨ᠎ᠡ ᠪᠠᠷ ᠨᠡᠮᠡᠭᠳᠡᠭᠰᠡᠨ ᠲᠠᠷᠢᠶᠠᠨ | ᠭᠠᠵᠠᠷ ᠵᠡᠷᠭᠡ ᠭᠠᠵᠠᠷ ᠰᠢᠷᠣᠢ ᠶᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠡᠮᠬᠢᠯᠡᠨ ᠴᠡᠭᠴᠡᠯᠡᠬᠦ ᠬᠡᠪᠴᠢᠶᠡᠨ ᠣᠷᠣᠭᠤᠯᠵᠤ᠂ ᠴᠢᠬᠤᠯᠠ ᠶᠡᠭᠡ ᠢᠨᠵᠧᠨᠧᠷᠢᠩ ᠤᠨ | ᠲᠥᠷᠥᠯ ᠵᠦᠢᠯ ᠢ ᠲᠣᠬᠢᠷᠠᠭᠤᠯᠤᠨ᠂ ᠳᠡᠭᠡᠳᠦ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠶᠢᠨ ᠳᠠᠭᠠᠤ᠂ ᠲᠡᠭᠦᠨ ᠤ ᠴᠢᠨᠠᠷ | ᠴᠢᠨᠰᠠᠭ᠎ᠠ ᠶᠢ ᠬᠠᠮᠠᠭᠠᠯᠠᠬᠤ ᠪᠠ ᠳᠡᠭᠡᠭᠰᠢᠯᠡᠭᠦᠯᠬᠦ ᠠᠷᠭ᠎ᠠ ᠬᠡᠮᠵᠢᠶ᠎ᠡ ᠠᠪᠤᠨ᠎ᠠ᠃ | | 6.9.3 ᠭᠠᠴᠠᠭ᠎ᠠ ᠲᠣᠰᠬᠤᠨ ᠤ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠡᠭᠰᠢᠯᠡᠨ ᠵᠠᠰᠠᠬᠤ | TD/T 1011 ᠶᠢᠨ ᠲᠣᠭᠲᠠᠭᠠᠯ ᠶᠣᠰᠣᠭᠠᠷ᠂ ᠡᠯ᠎ᠡ ᠲᠥᠷᠥᠯ ᠤᠨ ᠬᠠᠭᠤᠴᠢᠷᠠᠭᠰᠠᠨ᠂ ᠰᠤᠯᠠ ᠣᠷᠬᠢᠭᠳᠠᠭᠰᠠᠨ᠂ ᠡᠮᠬᠢ ᠵᠠᠮᠪᠠᠷᠠᠭ᠎ᠠ ᠦᠭᠡᠢ᠂ | ᠦᠷ᠎ᠡ ᠠᠰᠢᠭ ᠢᠶᠠᠷ ᠳᠣᠣᠷ᠎ᠠ᠂ ᠣᠷᠬᠢᠵᠤ ᠬᠠᠶᠠᠭᠳᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠳ ᠲᠤ ᠪᠦᠲᠦᠭᠡᠨ ᠪᠠᠶᠢᠭᠤᠯᠤᠯᠲᠠ ᠶᠢᠨ ᠪᠤᠰᠤ | ᠬᠡᠷᠡᠭᠯᠡᠬᠦ ᠭᠠᠵᠠᠷ ᠤᠨ ᠲᠥᠯᠥᠪᠵᠢᠭᠦᠯᠭᠡ ᠬᠢᠵᠦ᠂ ᠵᠦᠢ ᠵᠣᠬᠢᠰᠲᠠᠢ ᠪᠠᠷ ᠬᠡᠷᠡᠭᠴᠡᠭᠡᠨ ᠤ ᠲᠥᠯᠥᠪᠵᠢᠭᠦᠯᠭᠡ ᠲᠣᠭᠲᠠᠭᠠᠨ᠂ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠲᠣᠭᠠᠨ ᠳᠤ ᠪᠠᠶᠢᠭᠰᠠᠨ ᠭᠠᠵᠠᠷ ᠰᠢᠷᠣᠢ ᠶᠢ ᠠᠮᠢᠯᠠᠭᠤᠯᠤᠨ ᠬᠡᠷᠡᠭᠯᠡᠵᠦ᠂ ᠡᠷᠴᠢᠮᠯᠢᠭ ᠢᠶᠠᠷ ᠬᠡᠪᠴᠢᠶᠡᠵᠢᠭᠦᠯᠦᠨ ᠠᠰᠢᠭᠯᠠᠨ᠎ᠠ᠃ | | 6.9.4 ᠭᠠᠴᠠᠭ᠎ᠠ ᠲᠣᠰᠬᠤᠨ ᠤ ᠬᠡᠪᠴᠢᠶᠡᠨ ᠳᠠᠬᠢ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠵᠠᠰᠠᠨ ᠰᠢᠨᠡᠳᠬᠡᠬᠦ | ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠰᠢᠢᠳᠪᠦᠷᠢᠯᠡᠬᠦ᠂ ᠠᠮᠢᠳᠤᠷᠠᠯ ᠤᠨ ᠪᠤᠵᠠᠷ ᠤᠰᠤ ᠶᠢ ᠵᠠᠰᠠᠬᠤ᠂ ᠵᠣᠷᠯᠣᠩ ᠤᠨ ᠬᠤᠪᠢᠰᠬᠠᠯ ᠪᠠ | ᠤᠰᠤᠨ ᠤ ᠣᠷᠴᠢᠨ ᠲᠣᠭᠤᠷᠢᠨ ᠢ ᠵᠠᠰᠠᠬᠤ ᠵᠡᠷᠭᠡ ᠲᠠᠯ᠎ᠠ ᠪᠠᠷ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠵᠠᠰᠠᠯᠲᠠ ᠶᠢ ᠲᠣᠬᠢᠷᠠᠭᠤᠯᠵᠤ᠂ | ᠠᠭᠠᠵᠢᠮ ᠢᠶᠠᠷ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | | 6.9.5 ᠠᠭᠤᠯᠠ ᠤᠰᠤ ᠣᠢ ᠲᠠᠷᠢᠶ᠎ᠠ ᠨᠠᠭᠤᠷ ᠲᠠᠯ᠎ᠠ ᠶᠢᠨ ᠠᠮᠢ ᠠᠬᠤᠢ ᠶᠢ ᠰᠡᠷᠭᠦᠭᠡᠨ ᠵᠠᠰᠠᠬᠤ | ᠬᠥᠷᠥᠰᠥ ᠰᠢᠷᠣᠢ ᠶᠢᠨ ᠢᠳᠡᠭᠳᠡᠯ᠂ ᠭᠠᠵᠠᠷ ᠰᠢᠷᠣᠢ ᠶᠢᠨ ᠡᠯᠡᠰᠦᠷᠬᠡᠭᠵᠢᠯ᠂ ᠭᠠᠵᠠᠷ ᠰᠢᠷᠣᠢ ᠶᠢᠨ ᠳᠠᠪᠤᠰᠤ ᠬᠤᠵᠢᠷᠰᠢᠯ᠂ ᠬᠥᠷᠥᠰᠥᠨ ᠤ ᠪᠣᠬᠢᠷᠲᠤᠯ᠂ | ᠭᠠᠵᠠᠷ ᠰᠢᠷᠣᠢ ᠶᠢᠨ ᠠᠮᠢ ᠠᠬᠤᠢ ᠶᠢᠨ ᠦᠢᠯᠡᠴᠢᠯᠡᠭᠡᠨ ᠤ ᠴᠢᠳᠠᠪᠬᠢ ᠶᠢᠨ ᠳᠣᠷᠣᠶᠢᠲᠠᠯ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠤᠬᠢᠷᠠᠯ | ᠬᠦᠨᠳᠦ ᠬᠡᠴᠡᠭᠦᠦ ᠣᠷᠣᠨ ᠬᠢᠭᠡᠳ ᠲᠡᠦᠬᠡᠨ ᠠᠴᠠ ᠦᠯᠡᠳᠡᠭᠳᠡᠵᠦ ᠢᠷᠡᠭᠰᠡᠨ ᠡᠪᠳᠡᠷᠡᠵᠦ ᠰᠦᠢᠳᠦᠭᠰᠡᠨ ᠭᠠᠵᠠᠷ ᠰᠢᠷᠣᠢ᠂ ᠡᠪᠳᠡᠷᠡᠵᠦ ᠰᠦᠢᠳᠦᠭᠰᠡᠨ ᠠᠭᠤᠯᠠ | ᠂ ᠠᠭᠤᠷᠬᠠᠢ ᠶᠢᠨ ᠬᠠᠶᠠᠭᠳᠠᠮᠠᠯ ᠭᠠᠵᠠᠷ ᠵᠡᠷᠭᠡ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠬᠢᠬᠦ ᠣᠷᠣᠨ ᠨᠤᠭᠤᠳ ᠢ ᠲᠣᠰᠪᠤᠷᠢ ᠠᠮᠢ | ᠠᠬᠤᠢ ᠶᠢᠨ ᠬᠠᠮᠠᠭᠠᠯᠠᠯᠲᠠ ᠪᠠ ᠰᠡᠷᠭᠦᠭᠡᠨ ᠵᠠᠰᠠᠯᠲᠠ ᠶᠢᠨ ᠴᠢᠭᠯᠡᠯ ᠪᠣᠯᠣᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠢᠨᠵᠧᠨᠧᠷᠢᠩ ᠤᠨ ᠲᠥᠷᠥᠯ ᠵᠦᠢᠯ ᠢ | ᠵᠦᠢ ᠵᠣᠬᠢᠰᠲᠠᠢ ᠪᠠᠷ ᠲᠣᠬᠢᠷᠠᠭᠤᠯᠤᠨ᠂ ᠠᠭᠤᠯᠠ ᠤᠰᠤ ᠣᠢ ᠲᠠᠷᠢᠶ᠎ᠠ ᠨᠠᠭᠤᠷ ᠲᠠᠯ᠎ᠠ ᠵᠡᠷᠭᠡ ᠡᠯ᠎ᠡ ᠠᠮᠢ ᠠᠬᠤᠢ ᠶᠢᠨ ᠭᠤᠣᠯ ᠡᠯᠧᠮᠧᠨ᠋ᠲ ᠢ ᠨᠢᠭᠡᠳᠦᠯᠲᠡᠢ ᠪᠠᠷ | ᠲᠥᠯᠥᠪᠯᠡᠵᠦ᠂ ᠠᠮᠢ ᠠᠬᠤᠢ ᠶᠢᠨ ᠰᠢᠰᠲ᠋ᠧᠮ ᠤᠨ ᠪᠦᠬᠦᠯᠢ ᠴᠣᠭᠴᠠ ᠶᠢᠨ ᠴᠢᠳᠠᠪᠬᠢ ᠶᠢ ᠳᠡᠭᠡᠭᠰᠢᠯᠡᠭᠦᠯᠦᠨ᠎ᠡ᠃ | | 6.10 ᠲᠥᠯᠥᠪᠵᠢᠭᠦᠯᠭᠡ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ | ᠲᠥᠯᠥᠪᠵᠢᠭᠦᠯᠭᠡ ᠶᠢᠨ ᠬᠠᠷᠠᠯᠲᠠ ᠪᠠ ᠭᠠᠴᠠᠭ᠎ᠠ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ | ᠪᠣᠯᠬᠤᠶᠢᠴᠠ ᠴᠢᠨᠠᠷ ᠪᠦᠬᠦᠢ ᠲᠥᠯᠥᠪᠵᠢᠭᠦᠯᠭᠡ ᠶᠢᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠲᠥᠯᠥᠪᠵᠢᠭᠦᠯᠭᠡ ᠶᠢᠨ ᠬᠡᠷᠡᠭᠵᠢᠭᠦᠯᠬᠦ ᠠᠷᠭ᠎ᠠ | ᠬᠡᠮᠵᠢᠶ᠎ᠡ ᠨᠢ ᠭᠤᠣᠯᠳᠠᠭᠤ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠤᠯᠤᠰ ᠤᠨ ᠨᠤᠲᠤᠭ ᠳᠡᠪᠢᠰᠭᠡᠷ ᠤᠨ | ᠶᠡᠷᠦᠩᠬᠡᠶᠢᠯᠡᠭᠰᠡᠨ ᠵᠠᠰᠠᠯᠲᠠ ᠪᠠ ᠠᠮᠢ ᠠᠬᠤᠢ ᠶᠢᠨ ᠰᠡᠷᠭᠦᠭᠡᠨ ᠵᠠᠰᠠᠯᠲᠠ ᠵᠡᠷᠭᠡ ᠳᠤ ᠴᠢᠭᠯᠡᠭᠦᠯᠦᠨ᠂ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠵᠣᠬᠢᠶᠠᠨ | ᠪᠠᠶᠢᠭᠤᠯᠤᠯᠲᠠ ᠶᠢᠨ ᠳᠦᠷᠢᠮ᠂ ᠪᠡᠯᠡ ᠮᠥᠩᠭᠦᠨ ᠤ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠵᠡᠷᠭᠡ ᠪᠣᠳᠠᠲᠠᠢ ᠱᠠᠭᠠᠷᠳᠠᠯᠭ᠎ᠠ ᠶᠢ ᠳᠤᠷᠠᠳᠤᠨ ᠭᠠᠷᠭᠠᠨ᠎ᠠ᠃ | | 6.11 ᠲᠥᠯᠥᠪᠵᠢᠭᠦᠯᠭᠡ ᠳᠤ ᠣᠯᠠᠨ ᠢᠶᠠᠷ ᠢᠶᠠᠨ ᠣᠷᠣᠯᠴᠠᠬᠤ | ᠭᠠᠴᠠᠭ᠎ᠠ ᠲᠤᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ᠂ ᠲᠥᠯᠥᠪᠵᠢᠭᠦᠯᠭᠡ ᠶᠢᠨ ᠬᠠᠷᠠᠯᠲᠠ᠂ ᠭᠤᠣᠯ ᠠᠭᠤᠯᠭ᠎ᠠ᠂ ᠲᠥᠰᠥᠯ ᠢ | ᠠᠳᠠᠯᠢᠳᠬᠠᠨ ᠰᠣᠩᠭᠤᠬᠤ ᠵᠡᠷᠭᠡ ᠲᠠᠯ᠎ᠠ ᠪᠠᠷ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠮᠠᠯᠴᠢᠨ ᠲᠠᠷᠢᠶᠠᠴᠢᠳ ᠤᠨ ᠰᠠᠨᠠᠯ ᠢ ᠥᠷᠭᠡᠨ ᠢᠶᠠᠷ ᠬᠤᠷᠢᠶᠠᠬᠤ ᠶᠢᠨ | ᠳᠠᠭᠠᠤ᠂ ᠴᠢᠳᠠᠬᠤ ᠶᠢᠨ ᠬᠢᠷᠢ ᠪᠠᠷ ᠵᠥᠪᠳᠡᠯᠴᠡᠵᠦ ᠰᠠᠨᠠᠯ ᠢᠶᠠᠨ ᠨᠢᠭᠡᠳᠬᠡᠨ᠂ ᠲᠥᠯᠥᠪᠵᠢᠭᠦᠯᠭᠡ ᠳᠤ ᠠᠷᠠᠳ ᠣᠯᠠᠨ ᠤ ᠬᠤᠪᠢ ᠪᠡᠶ᠎ᠡ ᠶᠢᠨ ᠠᠰᠢᠭ ᠲᠤᠰᠠ ᠶᠢ | ᠲᠤᠰᠬᠠᠭᠰᠠᠨ ᠪᠠᠶᠢᠬᠤ ᠬᠡᠷᠡᠭᠲᠡᠢ᠃ | | 7 ᠦᠷ᠎ᠡ ᠪᠦᠲᠦᠭᠡᠯ ᠤᠨ ᠱᠠᠭᠠᠷᠳᠠᠯᠭ᠎ᠠ | 7.1 ᠡᠩ ᠤᠨ ᠲᠣᠭᠲᠠᠭᠠᠯ | ᠲᠥᠯᠥᠪᠵᠢᠭᠦᠯᠭᠡ ᠶᠢᠨ ᠦᠷ᠎ᠡ ᠪᠦᠲᠦᠭᠡᠯ ᠨᠢ ᠶᠡᠷᠦ ᠳᠤ ᠪᠠᠨ ᠲᠥᠯᠥᠪᠵᠢᠭᠦᠯᠭᠡ ᠶᠢᠨ ᠲᠧᠺᠰᠲ᠂ ᠲᠥᠯᠥᠪᠵᠢᠭᠦᠯᠭᠡ ᠶᠢᠨ ᠲᠣᠳᠣᠷᠬᠠᠶᠢᠯᠠᠯᠲᠠ᠂ | ᠲᠥᠯᠥᠪᠵᠢᠭᠦᠯᠭᠡ ᠶᠢᠨ ᠬᠦᠰᠦᠨᠦᠭᠲᠦ᠂ ᠲᠥᠯᠥᠪᠵᠢᠭᠦᠯᠭᠡ ᠶᠢᠨ ᠵᠢᠷᠤᠭ᠂ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠪᠣᠯᠣᠨ ᠪᠤᠰᠤᠳ ᠮᠠᠲ᠋ᠧᠷᠢᠶᠠᠯ ᠤᠳ ᠢ | ᠪᠠᠭᠲᠠᠭᠠᠨ᠎ᠠ᠃ ᠨᠡᠭᠦᠬᠦ ᠬᠠᠰᠤᠵᠤ ᠨᠡᠶᠢᠯᠡᠭᠦᠯᠬᠦ ᠲᠥᠷᠥᠯ ᠤᠨ ᠭᠠᠴᠠᠭ᠎ᠠ ᠲᠣᠰᠬᠤᠨ ᠨᠢ ᠵᠥᠪᠬᠡᠨ ᠭᠠᠴᠠᠭ᠎ᠠ ᠲᠣᠰᠬᠤᠨ ᠤ ᠤᠯᠤᠰ ᠤᠨ ᠨᠤᠲᠤᠭ ᠳᠡᠪᠢᠰᠭᠡᠷ ᠤᠨ | ᠣᠷᠣᠨ ᠵᠠᠢ ᠶᠢᠨ ᠬᠡᠷᠡᠭᠴᠡᠭᠡᠨ ᠤ ᠵᠠᠬᠢᠷᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠪᠤᠶᠤ ᠡᠰᠡᠬᠦᠯ᠎ᠡ ᠲᠤᠰ ᠰᠤᠮᠤ ᠰᠢᠶᠠᠩ ᠪᠠᠯᠭᠠᠰᠤ ᠶᠢᠨ ᠬᠡᠪᠴᠢᠶᠡᠨ | ᠳᠣᠲᠣᠷᠠᠬᠢ ᠪᠤᠰᠤᠳ ᠲᠥᠷᠥᠯ ᠤᠨ ᠭᠠᠴᠠᠭ᠎ᠠ ᠲᠣᠰᠬᠤᠨ ᠲᠠᠢ ᠬᠠᠮᠲᠤ ᠳᠤ ᠪᠠᠨ ᠲᠥᠯᠥᠪᠵᠢᠭᠦᠯᠭᠡ ᠪᠠᠨ ᠨᠠᠶᠢᠷᠠᠭᠤᠯᠤᠨ ᠵᠣᠬᠢᠶᠠᠵᠤ ᠪᠣᠯᠣᠨ᠎ᠠ᠃ | ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ᠂ ᠬᠤᠲᠠ ᠲᠡᠭᠦᠷᠭᠡ ᠠᠭᠤᠰᠤᠯᠴᠠᠭᠰᠠᠨ ᠲᠥᠷᠥᠯ ᠤᠨ ᠭᠠᠴᠠᠭ᠎ᠠ ᠲᠣᠰᠬᠤᠨ ᠤ ᠲᠥᠯᠥᠪᠵᠢᠭᠦᠯᠭᠡ ᠨᠢ ᠡᠬᠢ | ᠪᠠᠶᠠᠯᠢᠭ ᠤᠨ ᠬᠠᠮᠠᠭᠠᠯᠠᠯᠲᠠ᠂ ᠠᠮᠢ ᠠᠬᠤᠢ ᠶᠢᠨ ᠰᠡᠷᠭᠦᠭᠡᠨ ᠵᠠᠰᠠᠯᠲᠠ᠂ ᠠᠵᠤ ᠠᠬᠤᠢ ᠶᠢᠨ ᠬᠥᠭᠵᠢᠯᠲᠡ᠂ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ | ᠂ ᠰᠠᠭᠤᠷᠢ ᠲᠥᠬᠦᠭᠡᠷᠦᠮᠵᠢ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠰᠣᠶᠣᠯ ᠤᠨ ᠤᠯᠠᠮᠵᠢᠯᠠᠯ | ᠵᠡᠷᠭᠡ ᠠᠭᠤᠯᠭ᠎ᠠ ᠶᠢ ᠬᠠᠮᠤᠷᠪᠠᠰᠤ ᠵᠣᠬᠢᠬᠤ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠨ ᠳᠠᠭᠠᠭᠤᠯᠤᠭᠰᠠᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ | ᠣᠨᠴᠠᠯᠢᠭ ᠢ ᠨᠢ ᠬᠠᠮᠠᠭᠠᠯᠠᠬᠤ ᠲᠥᠷᠥᠯ ᠤᠨ ᠭᠠᠴᠠᠭ᠎ᠠ ᠲᠣᠰᠬᠤᠨ ᠨᠢ ᠳᠡᠭᠡᠷᠡᠬᠢ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠣᠷᠣᠨ ᠵᠠᠢ ᠶᠢᠨ ᠶᠠᠰᠤ ᠴᠢᠨᠠᠷ ᠤᠨ | ᠲᠥᠯᠥᠪᠵᠢᠭᠦᠯᠭᠡ ᠪᠠ ᠲᠥᠯᠥᠪᠯᠡᠭᠡ ᠶᠢᠨ ᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠮᠠᠯᠵᠢᠬᠤ ᠣᠷᠣᠨ ᠤ ᠭᠠᠴᠠᠭ᠎ᠠ ᠲᠣᠰᠬᠤᠨ ᠨᠢ | ᠲᠥᠯᠥᠪᠵᠢᠭᠦᠯᠭᠡ ᠪᠠᠨ ᠨᠠᠶᠢᠷᠠᠭᠤᠯᠤᠨ ᠵᠣᠬᠢᠶᠠᠬᠤ ᠳᠤ ︽ᠬᠤᠶᠠᠷ ᠵᠢᠷᠤᠭ ᠬᠤᠶᠠᠷ ᠬᠦᠰᠦᠨᠦᠭ ᠨᠢᠭᠡ ᠳᠦᠷᠢᠮ︾ ᠤᠨ ᠦᠷ᠎ᠡ ᠪᠦᠲᠦᠭᠡᠯ ᠤᠨ ᠢᠯᠡᠳᠬᠡᠬᠦ | ᠬᠡᠯᠪᠡᠷᠢ ᠮᠠᠶ᠋ᠢᠭ ᠢ ᠰᠦᠪᠡᠭᠴᠢᠯᠡᠨ ᠬᠡᠷᠡᠭᠯᠡᠵᠦ᠂ ᠭᠠᠴᠠᠭ᠎ᠠ ᠲᠣᠰᠬᠤᠨ ᠤ ᠣᠳᠣᠬᠢ ᠪᠠᠶᠢᠳᠠᠯ ᠤᠨ ᠵᠢᠷᠤᠭ ᠪᠠ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ | ᠵᠢᠷᠤᠭ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠬᠠᠷᠠᠯᠲᠠ ᠶᠢᠨ ᠬᠦᠰᠦᠨᠦᠭ ᠪᠠ ᠭᠠᠴᠠᠭ᠎ᠠ ᠲᠣᠰᠬᠤᠨ ᠤ ᠤᠯᠤᠰ ᠤᠨ ᠨᠤᠲᠤᠭ ᠳᠡᠪᠢᠰᠭᠡᠷ ᠤᠨ | ᠣᠷᠣᠨ ᠵᠠᠢ ᠶᠢᠨ ᠪᠦᠲᠦᠴᠡ ᠶᠢ ᠲᠣᠬᠢᠷᠠᠭᠤᠯᠬᠤ ᠬᠦᠰᠦᠨᠦᠭ᠂ ᠭᠠᠴᠠᠭ᠎ᠠ ᠲᠣᠰᠬᠤᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠬᠡᠷᠡᠭᠴᠡᠭᠡᠨ ᠤ | ᠵᠠᠬᠢᠷᠤᠨ ᠬᠠᠮᠢᠶᠠᠷᠬᠤ ᠳᠦᠷᠢᠮ ᠵᠡᠷᠭᠡ ᠶᠢ ᠪᠠᠭᠲᠠᠭᠠᠨ᠎ᠠ᠃ | | 7.2 ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠲᠧᠺᠰᠲ | ᠲᠥᠯᠥᠪᠵᠢᠭᠦᠯᠭᠡ ᠶᠢᠨ ᠲᠧᠺᠰᠲ ᠨᠢ ᠳᠣᠣᠷᠠᠬᠢ ᠬᠡᠳᠦᠨ ᠭᠤᠣᠯ ᠠᠭᠤᠯᠭ᠎ᠠ ᠶᠢ ᠪᠠᠭᠲᠠᠭᠠᠪᠠᠯ ᠵᠣᠬᠢᠨ᠎ᠠ᠃ | a) ᠶᠡᠷᠦᠩᠬᠡᠢ ᠳᠦᠷᠢᠮ᠄ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠵᠢᠯᠣᠭᠤᠳᠬᠤ ᠦᠵᠡᠯ ᠰᠠᠨᠠᠭ᠎ᠠ᠂ ᠲᠥᠯᠥᠪᠵᠢᠭᠦᠯᠭᠡ ᠶᠢᠨ ᠵᠠᠷᠴᠢᠮ᠂ | ᠲᠥᠯᠥᠪᠵᠢᠭᠦᠯᠭᠡ ᠶᠢᠨ ᠡᠭᠦᠷᠭᠡ ᠪᠠ ᠲᠥᠯᠥᠪᠵᠢᠭᠦᠯᠭᠡ ᠶᠢᠨ ᠬᠤᠭᠤᠴᠠᠭ᠎ᠠ ᠵᠡᠷᠭᠡ ᠶᠢ ᠪᠠᠭᠲᠠᠭᠠᠨ᠎ᠠ᠃ | b) ᠭᠠᠴᠠᠭ᠎ᠠ ᠲᠣᠰᠬᠤᠨ ᠤ ᠲᠣᠶᠢᠮᠣ ᠪᠠᠶᠢᠳᠠᠯ᠄ ᠭᠠᠴᠠᠭ᠎ᠠ ᠲᠣᠰᠬᠤᠨ ᠤ ᠲᠡᠦᠬᠡ ᠶᠢᠨ ᠤᠯᠠᠷᠢᠯ ᠬᠤᠪᠢᠰᠤᠯ᠂ ᠪᠠᠶᠢᠭᠠᠯᠢ ᠭᠠᠵᠠᠷ ᠵᠦᠢ ᠶᠢᠨ ᠲᠣᠶᠢᠮᠣ | ᠪᠠᠶᠢᠳᠠᠯ᠂ ᠠᠵᠤ ᠠᠬᠤᠢ ᠨᠡᠶᠢᠭᠡᠮ ᠤᠨ ᠲᠣᠶᠢᠮᠣ ᠪᠠᠶᠢᠳᠠᠯ᠂ ᠣᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ ᠲᠥᠬᠦᠭᠡᠷᠦᠮᠵᠢ ᠶᠢᠨ ᠣᠳᠣᠬᠢ ᠪᠠᠶᠢᠳᠠᠯ᠂ | ᠤᠯᠤᠰ ᠤᠨ ᠨᠤᠲᠤᠭ ᠳᠡᠪᠢᠰᠭᠡᠷ ᠤᠨ ᠠᠰᠢᠭᠯᠠᠯᠲᠠ ᠶᠢᠨ ᠣᠳᠣᠬᠢ ᠪᠠᠶᠢᠳᠠᠯ ᠬᠢᠭᠡᠳ ᠭᠠᠴᠠᠭ᠎ᠠ ᠲᠣᠰᠬᠤᠨ ᠤ ᠭᠤᠣᠯ ᠪᠣᠯᠬᠤ ᠠᠰᠠᠭᠤᠳᠠᠯ ᠵᠡᠷᠭᠡ ᠶᠢ | ᠪᠠᠭᠲᠠᠭᠠᠨ᠎ᠠ᠃ | c) ᠲᠥᠯᠥᠪᠵᠢᠭᠦᠯᠭᠡ ᠶᠢᠨ ᠲᠣᠳᠣᠷᠬᠠᠶᠢᠯᠠᠯ ᠪᠠ ᠬᠠᠷᠠᠯᠲᠠ᠄ ᠲᠥᠯᠥᠪᠵᠢᠭᠦᠯᠭᠡ ᠶᠢᠨ ᠣᠷᠣᠨ ᠪᠠᠶᠢᠷᠢ ᠶᠢ ᠲᠣᠳᠣᠷᠬᠠᠶᠢᠯᠠᠨ ᠥᠭᠦᠯᠡᠵᠦ᠂ | ᠲᠥᠯᠥᠪᠵᠢᠭᠦᠯᠭᠡ ᠶᠢᠨ ᠬᠠᠷᠠᠯᠲᠠ ᠪᠠ ᠲᠣᠬᠢᠷᠠᠭᠤᠯᠤᠨ ᠡᠵᠡᠮᠳᠡᠬᠦ ᠲᠤᠭ᠎ᠠ ᠨᠤᠷᠮ᠎ᠠ ᠶᠢ ᠲᠣᠭᠲᠠᠭᠠᠨ᠎ᠠ᠃ | d) ᠭᠠᠴᠠᠭ᠎ᠠ ᠲᠣᠰᠬᠤᠨ ᠤ ᠬᠡᠪᠴᠢᠶᠡᠨ ᠳᠠᠬᠢ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠠᠶᠢᠷᠢᠯᠠᠭᠤᠯᠤᠯᠲᠠ ᠪᠠ ᠬᠡᠷᠡᠭᠴᠡᠭᠡᠨ ᠤ ᠵᠠᠬᠢᠷᠤᠨ | ᠬᠠᠮᠢᠶᠠᠷᠤᠯᠲᠠ᠄ ᠭᠠᠴᠠᠭ᠎ᠠ ᠲᠣᠰᠬᠤᠨ ᠤ ᠬᠡᠪᠴᠢᠶᠡᠨ ᠳᠠᠬᠢ ᠣᠷᠣᠨ ᠵᠠᠢ ᠶᠢᠨ ᠪᠠᠶᠢᠷᠢᠰᠢᠯ᠂ ᠪᠦᠲᠦᠭᠡᠨ ᠪᠠᠶᠢᠭᠤᠯᠤᠯᠲᠠ ᠶᠢᠨ ᠣᠷᠣᠨ ᠵᠠᠢ ᠶᠢᠨ | ᠪᠠᠶᠢᠷᠢᠯᠠᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠵᠠᠢ ᠶᠢᠨ ᠪᠠᠶᠢᠷᠢᠯᠠᠭᠤᠯᠤᠯᠲᠠ᠂ ᠠᠮᠢ ᠠᠬᠤᠢ ᠶᠢᠨ ᠣᠷᠣᠨ ᠵᠠᠢ ᠶᠢᠨ ᠪᠠᠶᠢᠷᠢᠯᠠᠭᠤᠯᠤᠯᠲᠠ ᠬᠢᠭᠡᠳ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠶᠢ ᠥᠭᠦᠯᠡᠨ ᠲᠣᠭᠠᠴᠢᠨ᠎ᠠ᠃ | e) ᠵᠠᠮ ᠬᠠᠷᠢᠯᠴᠠᠭᠠᠨ ᠤ ᠲᠥᠯᠥᠪᠵᠢᠭᠦᠯᠭᠡ᠄ ᠭᠠᠳᠠᠭᠰᠢ ᠨᠡᠪᠲᠡᠷᠡᠬᠦ ᠪᠠ ᠳᠣᠲᠣᠭᠠᠳᠤ ᠶᠢᠨ ᠵᠠᠮ ᠬᠠᠷᠢᠯᠴᠠᠭᠠᠨ ᠳᠤ ᠬᠡᠷᠡᠭᠯᠡᠬᠦ ᠭᠠᠵᠠᠷ ᠤᠨ ᠬᠡᠪᠴᠢᠶ᠎ᠡ | ᠪᠠ ᠪᠠᠶᠢᠷᠢᠯᠠᠭᠤᠯᠤᠯᠲᠠ ᠶᠢ ᠪᠠᠭᠲᠠᠭᠠᠨ᠎ᠠ᠃ | f) ᠣᠷᠣᠨ ᠰᠠᠭᠤᠴᠠ ᠶᠢᠨ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ᠄ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠵᠦᠢ | ᠵᠣᠬᠢᠰᠲᠠᠢ ᠪᠠᠷ ᠲᠣᠭᠲᠠᠭᠠᠵᠤ᠂ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ | g) ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠄ ᠭᠠᠴᠠᠭ᠎ᠠ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠪᠠ | ᠲᠣᠳᠣᠷᠬᠠᠶᠢᠯᠠᠯ ᠤᠨ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠪᠴᠢᠶ᠎ᠡ ᠪᠠ ᠪᠠᠶᠢᠷᠢᠯᠠᠭᠤᠯᠤᠯᠲᠠ ᠶᠢ ᠵᠦᠢ ᠵᠣᠬᠢᠰᠲᠠᠢ ᠪᠠᠷ ᠲᠣᠭᠲᠠᠭᠠᠨ᠎ᠠ᠃ | h) ᠰᠠᠭᠤᠷᠢ ᠲᠥᠬᠦᠭᠡᠷᠦᠮᠵᠢ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ᠄ ᠤᠰᠤ ᠬᠠᠩᠭᠠᠬᠤ | ᠵᠠᠯᠠᠬᠤ᠂ ᠴᠠᠬᠢᠯᠭᠠᠨ ᠬᠠᠩᠭᠠᠬᠤ᠂ ᠮᠡᠳᠡᠭᠡ ᠴᠢᠮᠡᠭᠡ ᠨᠡᠪᠲᠡᠷᠡᠬᠦ᠂ ᠰᠢᠲᠠᠭᠠᠯᠭ᠎ᠠ ᠬᠡᠢ᠂ ᠢᠯᠴᠢ ᠬᠠᠩᠭᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠪᠦᠲᠦᠭᠡᠨ ᠪᠠᠶᠢᠭᠤᠯᠬᠤ ᠠᠷᠭ᠎ᠠ | ᠬᠡᠯᠪᠡᠷᠢ ᠪᠠ ᠪᠣᠳᠠᠲᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠴᠡᠭ ᠪᠠᠶᠢᠷᠢᠯᠠᠭᠤᠯᠤᠯᠲᠠ ᠶᠢ ᠲᠣᠭᠲᠠᠭᠠᠬᠤ ᠪᠥᠭᠡᠳ ᠭᠠᠴᠠᠭ᠎ᠠ ᠲᠣᠰᠬᠤᠨ ᠤ | ᠵᠥᠪᠯᠡᠯ᠂ ᠬᠡᠦᠬᠡᠳ ᠤᠨ ᠴᠡᠴᠡᠷᠯᠢᠭ᠂ ᠰᠣᠶᠣᠯ ᠤᠨ ᠠᠵᠢᠯᠯᠠᠭᠠᠨ ᠤ ᠭᠡᠷ᠂ ᠠᠭᠤᠳᠠᠮ ᠲᠠᠯᠠᠪᠠᠢ᠂ ᠨᠣᠮ ᠤᠨ ᠥᠷᠥᠭᠡ᠂ ᠡᠷᠡᠭᠦᠯ ᠬᠠᠮᠠᠭᠠᠯᠠᠯ ᠤᠨ ᠥᠷᠥᠭᠡ | ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠴᠡᠭ ᠪᠠᠶᠢᠷᠢᠯᠠᠭᠤᠯᠤᠯᠲᠠ ᠶᠢ ᠲᠣᠭᠲᠠᠭᠠᠨ᠎ᠠ | ᠃ | i) ᠨᠣᠭᠤᠭᠠᠷᠠᠭᠤᠯᠤᠯᠲᠠ ᠪᠠ ᠦᠵᠡᠮᠵᠢ ᠶᠢᠨ ᠲᠥᠯᠥᠪᠵᠢᠭᠦᠯᠭᠡ | j) ᠲᠡᠦᠬᠡ ᠰᠣᠶᠣᠯ ᠤᠨ ᠬᠠᠮᠠᠭᠠᠯᠠᠯᠲᠠ ᠪᠠ ᠣᠨᠴᠠᠯᠢᠭᠲᠤ ᠳᠦᠷᠰᠦ ᠪᠠᠶᠢᠳᠠᠯ ᠤᠨ ᠲᠥᠯᠥᠪᠵᠢᠭᠦᠯᠭᠡ | k) ᠤᠯᠤᠰ ᠤᠨ ᠨᠤᠲᠤᠭ ᠳᠡᠪᠢᠰᠭᠡᠷ ᠢ ᠶᠡᠷᠦᠩᠬᠡᠶᠢᠯᠡᠨ ᠵᠠᠰᠠᠬᠤ ᠪᠠ ᠠᠮᠢ ᠠᠬᠤᠢ ᠶᠢ ᠰᠡᠷᠭᠦᠭᠡᠨ ᠵᠠᠰᠠᠬᠤ | l) ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠ ᠣᠯᠠᠨ ᠢᠶᠠᠷ ᠢᠶᠠᠨ ᠣᠷᠣᠯᠴᠠᠬᠤ ᠵᠡᠷᠭᠡ ᠪᠣᠯᠣᠨ᠎ᠠ᠃ | | 7.3 ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠲᠣᠳᠣᠷᠬᠠᠶᠢᠯᠠᠯᠲᠠ | ᠲᠥᠯᠥᠪᠵᠢᠭᠦᠯᠭᠡ ᠶᠢᠨ ᠲᠣᠳᠣᠷᠬᠠᠶᠢᠯᠠᠯᠲᠠ ᠨᠢ ᠳᠣᠣᠷᠠᠬᠢ ᠬᠡᠳᠦᠨ ᠭᠤᠣᠯ ᠠᠭᠤᠯᠭ᠎ᠠ ᠶᠢ ᠪᠠᠭᠲᠠᠭᠠᠪᠠᠯ ᠵᠣᠬᠢᠨ᠎ᠠ᠃ | a) ᠲᠥᠯᠥᠪᠵᠢᠭᠦᠯᠭᠡ ᠶᠢᠨ ᠨᠠᠶᠢᠷᠠᠭᠤᠯᠤᠨ ᠵᠣᠬᠢᠶᠠᠬᠤ ᠶᠠᠪᠤᠴᠠ ᠶᠢᠨ ᠲᠤᠬᠠᠢ | b) ᠲᠥᠯᠥᠪᠵᠢᠭᠦᠯᠭᠡ ᠶᠢᠨ ᠦᠨᠳᠦᠰᠦᠯᠡᠯ ᠪᠠ ᠰᠠᠭᠤᠷᠢ ᠲᠤᠭ᠎ᠠ ᠪᠠᠷᠢᠮᠲᠠ | c) ᠲᠥᠯᠥᠪᠵᠢᠭᠦᠯᠭᠡ ᠶᠢᠨ ᠭᠤᠣᠯ ᠠᠭᠤᠯᠭ᠎ᠠ ᠶᠢᠨ ᠲᠣᠳᠣᠷᠬᠠᠶᠢᠯᠠᠯᠲᠠ ᠶᠢᠨ ᠲᠤᠬᠠᠢ᠄ ᠲᠥᠯᠥᠪᠵᠢᠭᠦᠯᠭᠡ ᠶᠢᠨ ᠬᠠᠷᠠᠯᠲᠠ᠂ ᠤᠯᠤᠰ ᠤᠨ ᠨᠤᠲᠤᠭ | ᠳᠡᠪᠢᠰᠭᠡᠷ ᠤᠨ ᠣᠷᠣᠨ ᠵᠠᠢ ᠶᠢᠨ ᠪᠠᠶᠢᠷᠢᠯᠠᠭᠤᠯᠤᠯᠲᠠ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ᠂ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠣᠬᠢᠷᠠᠭᠤᠯᠤᠨ ᠡᠵᠡᠮᠳᠡᠬᠦ ᠪᠠ ᠲᠣᠬᠢᠷᠠᠭᠤᠯᠤᠯᠲᠠ᠂ ᠤᠯᠤᠰ ᠤᠨ ᠨᠤᠲᠤᠭ ᠳᠡᠪᠢᠰᠭᠡᠷ ᠤᠨ ᠶᠡᠷᠦᠩᠬᠡᠶᠢᠯᠡᠭᠰᠡᠨ ᠵᠠᠰᠠᠯᠲᠠ | ᠪᠠ ᠠᠮᠢ ᠠᠬᠤᠢ ᠶᠢᠨ ᠰᠡᠷᠭᠦᠭᠡᠨ ᠵᠠᠰᠠᠯᠲᠠ ᠵᠡᠷᠭᠡ ᠶᠢ ᠪᠠᠭᠲᠠᠭᠠᠨ᠎ᠠ᠃ | d) ᠲᠥᠯᠥᠪᠵᠢᠭᠦᠯᠭᠡ ᠶᠢ ᠬᠡᠷᠡᠭᠵᠢᠭᠦᠯᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ | e) ᠲᠥᠯᠥᠪᠵᠢᠭᠦᠯᠭᠡ ᠶᠢᠨ ᠵᠣᠬᠢᠴᠠᠭᠤᠯᠤᠭᠰᠠᠨ ᠨᠤᠲᠠᠯᠠᠯᠲᠠ ᠪᠠ ᠣᠯᠠᠨ ᠢᠶᠠᠷ ᠢᠶᠠᠨ ᠣᠷᠣᠯᠴᠠᠬᠤ ᠵᠡᠷᠭᠡ | | 7.4 ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠬᠦᠰᠦᠨᠦᠭᠲᠦ | ᠲᠥᠯᠥᠪᠵᠢᠭᠦᠯᠭᠡ ᠶᠢᠨ ᠬᠦᠰᠦᠨᠦᠭᠴᠢᠯᠡᠭᠰᠡᠨ ᠦᠷ᠎ᠡ ᠪᠦᠲᠦᠭᠡᠯ ᠨᠢ ᠳᠣᠣᠷᠠᠬᠢ ᠬᠡᠳᠦᠨ ᠵᠦᠢᠯ ᠢ ᠪᠠᠭᠲᠠᠭᠠᠪᠠᠯ ᠵᠣᠬᠢᠨ᠎ᠠ᠃ | a) ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠬᠠᠷᠠᠯᠲᠠ ᠶᠢᠨ ᠬᠦᠰᠦᠨᠦᠭ | b) ᠭᠠᠴᠠᠭ᠎ᠠ ᠲᠣᠰᠬᠤᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠦᠲᠦᠴᠡ ᠶᠢ ᠲᠣᠬᠢᠷᠠᠭᠤᠯᠬᠤ ᠬᠦᠰᠦᠨᠦᠭ | c) ᠭᠤᠷᠪᠠᠨ ᠣᠷᠣᠨ ᠵᠠᠢ ᠭᠤᠷᠪᠠᠨ ᠱᠤᠭᠤᠮ ᠤᠨ ᠲᠠᠯᠠᠪᠠᠢ ᠶᠢᠨ ᠪᠦᠷᠢᠳᠬᠡᠯ ᠬᠦᠰᠦᠨᠦᠭ | | 7.5 ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠵᠢᠷᠤᠭ | 7.5.1 ᠵᠢᠷᠤᠭ ᠤᠨ ᠱᠠᠭᠠᠷᠳᠠᠯᠭ᠎ᠠ | 1᠄ 2000 ᠶᠢᠨ ᠬᠠᠷᠢᠴᠠᠭᠠᠲᠤ ᠱᠤᠭᠤᠮ ᠢ ᠬᠡᠷᠡᠭᠯᠡᠬᠦ ᠪᠤᠶᠤ ᠨᠠᠷᠢᠯᠢᠭ ᠤᠨ ᠬᠡᠮᠵᠢᠶ᠎ᠡ ᠪᠠᠷ ᠨᠡᠩ ᠥᠨᠳᠥᠷ ᠲᠤᠭ᠎ᠠ ᠪᠠᠷᠢᠮᠲᠠ ᠶᠢ ᠠᠰᠢᠭᠯᠠᠨ | ᠵᠢᠷᠤᠬᠤ ᠳᠤ ᠪᠠᠨ 2000 ᠤᠯᠤᠰ ᠤᠨ ᠡᠬᠡ ᠭᠠᠵᠠᠷ ᠤᠨ ᠪᠠᠶᠢᠷᠢᠰᠢᠯ ᠤᠨ ᠰᠢᠰᠲ᠋ᠧᠮ ᠢ ᠨᠢᠭᠡᠳᠦᠯᠲᠡᠢ ᠪᠠᠷ ᠬᠡᠷᠡᠭᠯᠡᠨ᠂ ᠵᠢᠷᠤᠭ ᠤᠨ ᠦᠷ᠎ᠡ ᠪᠦᠲᠦᠭᠡᠯ ᠨᠢ ︽ | ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠵᠢᠷᠤᠭ ᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ︾ ᠳᠤ ᠨᠡᠶᠢᠴᠡᠭᠰᠡᠨ ᠪᠠᠶᠢᠪᠠᠯ ᠵᠣᠬᠢᠨ᠎ᠠ᠃ | ᠲᠥᠯᠥᠪᠵᠢᠭᠦᠯᠭᠡ ᠶᠢᠨ ᠵᠢᠷᠤᠭ ᠨᠢ ᠡᠷᠬᠡᠪᠰᠢ ᠪᠡᠯᠡᠳᠬᠡᠬᠦ ᠵᠢᠷᠤᠭ ᠪᠠ ᠰᠣᠩᠭᠤᠵᠤ ᠪᠣᠯᠬᠤ ᠵᠢᠷᠤᠭ ᠢ ᠪᠠᠭᠲᠠᠭᠠᠨ᠎ᠠ᠃ | | 7.5.2 ᠡᠷᠬᠡᠪᠰᠢ ᠪᠡᠯᠡᠳᠬᠡᠬᠦ ᠵᠢᠷᠤᠭ | ᠡᠷᠬᠡᠪᠰᠢ ᠪᠡᠯᠡᠳᠬᠡᠬᠦ ᠵᠢᠷᠤᠭ ᠨᠢ ᠳᠣᠣᠷᠠᠬᠢ ᠬᠡᠳᠦᠨ ᠵᠦᠢᠯ ᠢ ᠪᠠᠭᠲᠠᠭᠠᠪᠠᠯ ᠵᠣᠬᠢᠨ᠎ᠠ᠃ | a) ᠭᠠᠴᠠᠭ᠎ᠠ ᠲᠣᠰᠬᠤᠨ ᠤ ᠣᠳᠣᠬᠢ ᠪᠠᠶᠢᠳᠠᠯ ᠤᠨ ᠵᠢᠷᠤᠭ | b) ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠵᠢᠷᠤᠭ | c) ᠭᠠᠴᠠᠭ᠎ᠠ ᠲᠣᠰᠬᠤᠨ ᠤ ᠭᠤᠷᠪᠠᠨ ᠣᠷᠣᠨ ᠵᠠᠢ ᠭᠤᠷᠪᠠᠨ ᠱᠤᠭᠤᠮ ᠤᠨ ᠵᠢᠷᠤᠭ | d) ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠲᠠᠷᠬᠠᠯᠲᠠ ᠶᠢᠨ ᠵᠢᠷᠤᠭ | e) ᠤᠯᠤᠰ ᠤᠨ ᠨᠤᠲᠤᠭ ᠳᠡᠪᠢᠰᠭᠡᠷ ᠤᠨ ᠶᠡᠷᠦᠩᠬᠡᠶᠢᠯᠡᠭᠰᠡᠨ ᠵᠠᠰᠠᠯᠲᠠ ᠪᠠ ᠠᠮᠢ ᠠᠬᠤᠢ ᠶᠢᠨ ᠰᠡᠷᠭᠦᠭᠡᠨ ᠵᠠᠰᠠᠯᠲᠠ ᠶᠢᠨ ᠵᠢᠷᠤᠭ | f) ᠭᠠᠴᠠᠭ᠎ᠠ ᠲᠣᠰᠬᠤᠨ ᠤ ᠵᠠᠮ ᠬᠠᠷᠢᠯᠴᠠᠭᠠᠨ ᠤ ᠲᠥᠯᠥᠪᠵᠢᠭᠦᠯᠭᠡ ᠶᠢᠨ ᠵᠢᠷᠤᠭ | g) ᠭᠠᠴᠠᠭ᠎ᠠ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ ᠶᠢᠨ ᠵᠢᠷᠤᠭ | h) ᠭᠤᠣᠯ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠳᠣᠬᠢ ᠪᠠᠶᠢᠳᠠᠯ ᠤᠨ ᠵᠢᠷᠤᠭ | i) ᠭᠤᠣᠯ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠢᠷᠤᠭ | 7.5.3 ᠰᠣᠩᠭᠤᠵᠤ ᠪᠣᠯᠬᠤ ᠵᠢᠷᠤᠭ | ᠰᠣᠩᠭᠤᠵᠤ ᠪᠣᠯᠬᠤ ᠵᠢᠷᠤᠭ ᠨᠢ ᠳᠣᠣᠷᠠᠬᠢ ᠬᠡᠳᠦᠨ ᠵᠦᠢᠯ ᠢ ᠪᠠᠭᠲᠠᠭᠠᠪᠠᠯ ᠵᠣᠬᠢᠨ᠎ᠠ᠃ | a) ᠭᠠᠴᠠᠭ᠎ᠠ ᠲᠣᠰᠬᠤᠨ ᠤ ᠣᠷᠣᠨ ᠪᠠᠶᠢᠷᠢᠰᠢᠯ ᠤᠨ ᠵᠢᠷᠤᠭ | b) ᠭᠠᠴᠠᠭ᠎ᠠ ᠲᠣᠰᠬᠤᠨ ᠤ ᠣᠷᠣᠨ ᠵᠠᠢ ᠶᠢᠨ ᠶᠡᠷᠦᠩᠬᠡᠢ ᠪᠠᠶᠢᠷᠢᠯᠠᠭᠤᠯᠤᠯᠲᠠ ᠶᠢᠨ ᠵᠢᠷᠤᠭ | c) ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠣᠷᠣᠨ ᠵᠠᠢ ᠶᠢᠨ ᠪᠠᠶᠢᠷᠢᠯᠠᠭᠤᠯᠤᠯᠲᠠ ᠶᠢᠨ ᠵᠢᠷᠤᠭ | d) ᠭᠠᠴᠠᠭ᠎ᠠ ᠲᠣᠰᠬᠤᠨ ᠤ ᠮᠠᠯ ᠲᠠᠷᠢᠶᠠᠯᠠᠩ ᠤᠨ ᠣᠷᠣᠨ ᠵᠠᠢ ᠶᠢᠨ ᠪᠠᠶᠢᠷᠢᠯᠠᠭᠤᠯᠤᠯᠲᠠ ᠶᠢᠨ ᠵᠢᠷᠤᠭ | e) ᠭᠠᠴᠠᠭ᠎ᠠ ᠲᠣᠰᠬᠤᠨ ᠤ ᠠᠮᠢ ᠠᠬᠤᠢ ᠶᠢᠨ ᠣᠷᠣᠨ ᠵᠠᠢ ᠶᠢᠨ ᠪᠠᠶᠢᠷᠢᠯᠠᠭᠤᠯᠤᠯᠲᠠ ᠶᠢᠨ ᠵᠢᠷᠤᠭ | f) ᠭᠠᠴᠠᠭ᠎ᠠ ᠲᠣᠰᠬᠤᠨ ᠤ ᠵᠢᠭᠤᠯᠴᠢᠯᠠᠯ ᠤᠨ ᠪᠠᠶᠢᠷᠢᠯᠠᠭᠤᠯᠤᠯᠲᠠ ᠶᠢᠨ ᠵᠢᠷᠤᠭ | | 7.6 ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ | ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠪᠣᠯ ᠲᠥᠯᠥᠪᠵᠢᠭᠦᠯᠭᠡ ᠶᠢᠨ ᠦᠷ᠎ᠡ ᠪᠦᠲᠦᠭᠡᠯ ᠤᠨ ᠡᠯᠧᠺᠲᠷᠣᠨ ᠬᠡᠯᠪᠡᠷᠢ | ᠪᠣᠯᠣᠨ᠎ᠠ᠃ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠶᠢᠨ ᠪᠠᠷᠢᠮᠵᠢᠶ᠎ᠠ ᠳᠤ ᠨᠡᠶᠢᠴᠡᠬᠦ ᠰᠠᠷᠠᠯᠵᠢ ᠬᠡᠯᠪᠡᠷᠢ ᠶᠢᠨ ᠲᠤᠭ᠎ᠠ ᠪᠠᠷᠢᠮᠲᠠ ᠪᠠ | ᠸᠧᠺᠲ᠋ᠣᠷ ᠲᠤᠭ᠎ᠠ ᠪᠠᠷᠢᠮᠲᠠ᠂ ᠲᠥᠯᠥᠪᠵᠢᠭᠦᠯᠭᠡ ᠶᠢᠨ ᠪᠢᠴᠢᠭ ᠬᠠᠷ᠎ᠠ᠂ ᠲᠥᠯᠥᠪᠵᠢᠭᠦᠯᠭᠡ ᠶᠢᠨ ᠬᠦᠰᠦᠨᠦᠭ᠂ ᠤᠭ ᠲᠤᠭ᠎ᠠ ᠪᠠᠷᠢᠮᠲᠠ ᠵᠡᠷᠭᠡ ᠶᠢ ᠪᠠᠭᠲᠠᠭᠠᠨ᠎ᠠ᠃ | | | 7.7 ᠪᠤᠰᠤᠳ ᠮᠠᠲ᠋ᠧᠷᠢᠶᠠᠯ | ᠭᠤᠣᠯᠳᠠᠭᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠪᠤᠴᠠ ᠳᠤ ᠪᠣᠢ ᠪᠣᠯᠣᠭᠰᠠᠨ ᠠᠵᠢᠯ ᠤᠨ ᠬᠠᠷᠢᠭᠤ ᠮᠡᠳᠡᠭᠦᠯᠦᠯᠲᠡ᠂ ᠦᠨᠳᠦᠰᠦᠨ | ᠮᠠᠲ᠋ᠧᠷᠢᠶᠠᠯ᠂ ᠬᠤᠷᠠᠯ ᠤᠨ ᠲᠣᠪᠴᠢ ᠮᠡᠳᠡᠭᠡ᠂ ᠰᠠᠯᠠᠭ᠎ᠠ ᠮᠥᠴᠢᠷ ᠤᠨ ᠰᠠᠨᠠᠯ᠂ ᠨᠤᠲᠠᠯᠠᠯᠲᠠ ᠶᠢᠨ ᠰᠠᠨᠠᠯ᠂ ᠣᠯᠠᠨ ᠢᠶᠠᠷ ᠢᠶᠠᠨ ᠣᠷᠣᠯᠴᠠᠭᠰᠠᠨ ᠲᠡᠮᠳᠡᠭᠯᠡᠯ | ᠵᠡᠷᠭᠡ ᠶᠢ ᠪᠠᠭᠲᠠᠭᠠᠨ᠎ᠠ᠃ | | |