ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠠᠷᠪᠢᠯᠠᠬᠤ ᠦᠨᠡᠯᠡᠯᠲᠡ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2022/8/16
     ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠠᠷᠪᠢᠯᠠᠬᠤ ᠦᠨᠡᠯᠡᠯᠲᠡ ᠶᠢᠨ ᠠᠵᠢᠯ ᠢ ᠦᠨᠡᠨ ᠬᠦ ᠰᠠᠶᠢᠵᠢᠷᠠᠭᠤᠯᠬᠤ ᠪᠠ ᠰᠢᠯᠢᠳᠡᠭᠵᠢᠭᠦᠯᠬᠦ ᠶᠢᠨ ᠲᠤᠰᠠᠳᠠ᠂ ᠡᠳᠦᠭᠡ ᠨᠡᠶᠢᠭᠡᠮ ᠠᠴᠠ ᠲᠤᠰᠬᠠᠶ ᠮᠡᠷᠭᠡᠵᠢᠯᠲᠡᠨ ᠢ ᠢᠯᠡ ᠪᠠᠷ ᠡᠯᠰᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠠᠷᠪᠢᠯᠠᠬᠤ ᠦᠨᠡᠯᠡᠯᠲᠡ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ︵ᠠᠷᠤ ᠳᠤ ︽ᠲᠤᠰᠬᠠᠶ ᠮᠡᠷᠭᠡᠵᠢᠯᠲᠡᠨ ᠤ ᠬᠥᠮᠥᠷᠭᠡ︾ ᠭᠡᠵᠦ ᠲᠣᠪᠴᠢᠯᠠᠨ᠎ᠠ︶᠎ ᠶᠢ ᠪᠠᠶᠢᠭᠤᠯᠤᠨ᠎ᠠ᠃ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ᠂ ᠲᠤᠰᠬᠠᠶ ᠮᠡᠷᠭᠡᠵᠢᠯᠲᠡᠨ ᠤ ᠬᠥᠮᠦᠨ ᠤ ᠲᠤᠭ᠎ᠠ ᠶᠢᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠵᠠᠷᠴᠢᠮ ᠶᠣᠰᠣᠭᠠᠷ᠂ ᠲᠤᠰᠬᠠᠶ ᠮᠡᠷᠭᠡᠵᠢᠯᠲᠡᠨ ᠤ ᠰᠢᠯᠢᠳᠡᠭ ᠢ ᠨᠢ ᠰᠣᠩᠭᠤᠵᠤ᠂ ᠬᠥᠮᠥᠷᠭᠡ ᠳᠤ ᠣᠷᠣᠭᠤᠯᠬᠤ ᠲᠦᠷᠦᠭᠦᠤ ᠪᠦᠯᠦᠭ ᠤᠨ ᠲᠤᠰᠬᠠᠶ ᠮᠡᠷᠭᠡᠵᠢᠯᠲᠡᠨ ᠢ 50 ᠨᠡᠷᠡᠰ ᠠᠴᠠ ᠬᠡᠲᠦᠷᠡᠭᠦᠯᠵᠦ ᠪᠣᠯᠬᠤ ᠥᠬᠡᠶ᠃     ᠨᠢᠭᠡ᠂ ᠮᠡᠳᠡᠭᠦᠯᠬᠦ ᠨᠥᠬᠦᠴᠡᠯ     ︵ᠨᠢᠭᠡ︶ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠦᠯᠭ᠎ᠠ ᠶᠢ ᠬᠦᠷᠢᠶᠡᠯᠡᠵᠦ᠂ ᠵᠠᠷᠴᠢᠮ ᠢ ᠪᠠᠷᠢᠮᠲᠠᠯᠠᠨ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠰᠠᠶᠢᠨ ᠲᠤᠬᠠᠶᠢᠯᠠᠭᠰᠠᠨ ᠠᠵᠢᠯ ᠤᠨ ᠰᠠᠬᠢᠯᠭ᠎ᠠ᠂ ᠶᠣᠰᠣ ᠮᠣᠷᠠᠯ ᠤᠨ ᠪᠣᠯᠪᠠᠰᠤᠷᠠᠯ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ ᠬᠡᠷᠡᠭᠲᠡᠶ᠃     ︵ᠬᠤᠶᠠᠷ︶ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠬᠦᠷᠢᠶ᠎ᠡ ᠴᠠᠷᠠᠭ᠎ᠠ ᠶᠢᠨ ᠬᠠᠮᠢᠶ᠎ᠠ ᠪᠥᠬᠦᠶ ᠮᠡᠷᠭᠡᠵᠢᠯ ᠤᠨ ᠵᠢᠷᠤᠮᠵᠢᠯ᠂ ᠪᠠᠷᠢᠮᠵᠢᠶ᠎ᠠ᠂ ᠲᠣᠭᠲᠠᠭᠠᠯ ᠪᠠ ᠱᠠᠭᠠᠷᠳᠠᠯᠭ᠎ᠠ ᠶᠢ ᠴᠠᠭ ᠲᠤᠬᠠᠶ ᠳᠤ ᠨᠢ ᠣᠶᠢᠯᠠᠭᠠᠵᠤ᠂ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠶ᠂ ᠬᠢᠨᠠᠮᠠᠭᠠᠶ ᠬᠠᠷᠢᠭᠤᠴᠠᠬᠤ ᠣᠪᠣᠷ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃     ︵ᠭᠤᠷᠪᠠ︶ ᠭᠠᠵᠠᠷ ᠰᠢᠷᠣᠶ ᠶᠢ ᠬᠡᠷᠡᠭᠯᠡᠬᠦ ᠪᠠᠷᠢᠮᠵᠢᠶ᠎ᠠ᠂ ᠪᠥᠳᠥᠭᠡᠨ ᠪᠠᠶᠢᠭᠤᠯᠬᠤ ᠪᠠᠷᠢᠮᠵᠢᠶ᠎ᠠ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ᠂ ᠲᠥᠯᠥᠪᠵᠢᠭᠦᠯᠵᠦ ᠵᠢᠷᠤᠵᠤ ᠲᠥᠯᠥᠪᠯᠡᠬᠦ ᠵᠡᠷᠭᠡ ᠲᠤᠰᠬᠠᠶ ᠮᠡᠷᠭᠡᠵᠢᠯ ᠤᠨ ᠬᠦᠷᠢᠶᠡᠨ ᠳᠠᠬᠢ ᠲᠤᠬᠠᠶᠢᠯᠠᠭᠰᠠᠨ ᠠᠵᠢᠯ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠨ ᠮᠡᠳᠡᠬᠦ︔ ᠭᠠᠵᠠᠷ ᠰᠢᠷᠣᠶ ᠶᠢᠨ ᠬᠠᠮᠢᠶᠠᠷᠤᠯᠲᠠ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ᠂ ᠴᠠᠬᠢᠯᠭᠠᠨ ᠬᠦᠴᠦᠨ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ᠂ ᠬᠦᠳᠡᠷ ᠭᠠᠷᠭᠠᠬᠤ ᠰᠢᠯᠢᠬᠦ᠂ ᠰᠢᠨ᠎ᠡ ᠡᠨᠧᠷᠭᠢ᠂ ᠤᠰᠤᠨ ᠠᠰᠢᠭᠯᠠᠯᠲᠠ ᠤᠰᠤᠨ ᠤ ᠡᠬᠢ ᠪᠠᠶᠠᠯᠢᠭ ᠵᠡᠷᠭᠡ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠡᠷᠳᠡᠮ ᠰᠢᠨᠵᠢᠯᠡᠭᠡᠨ ᠤ ᠪᠦᠲᠦᠮᠵᠢ ᠭᠦᠨ᠂ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ᠂ ᠬᠠᠮᠢᠶ᠎ᠠ ᠪᠥᠬᠦᠶ ᠠᠵᠢᠯ ᠢ ᠨᠠᠭᠠᠳᠤ ᠵᠠᠬ᠎ᠠ ᠳᠤ ᠪᠠᠨ 5 ᠵᠢᠯ ᠠᠴᠠ ᠳᠡᠭᠡᠭᠰᠢ ᠬᠢᠵᠦ᠂ ᠵᠠᠷᠴᠢᠮ ᠳᠡᠭᠡᠷ᠎ᠡ ᠪᠠᠨ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠳᠡᠭᠡᠳᠦ ᠲᠠᠰ ᠵᠢᠴᠢ ᠲᠡᠭᠦᠨ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠲᠠᠢ ᠪᠤᠶᠤ ᠵᠣᠬᠢᠬᠤ ᠬᠢᠷᠢ ᠬᠡᠮᠵᠢᠶ᠎ᠡ ᠲᠠᠢ ᠪᠠᠶᠢᠬᠤ ᠬᠡᠷᠡᠭᠲᠡᠶ︔ ᠳᠡᠭᠡᠳᠦ ᠵᠡᠷᠭᠡ ᠶᠢᠨ ᠪᠠ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠶᠢ ᠪᠦᠷᠢᠳᠦᠭᠦᠯᠦᠭᠰᠡᠨ ᠥᠬᠡᠶ ᠪᠣᠯᠪᠠᠴᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠣᠯᠤᠭᠰᠠᠨ ᠪᠥᠭᠡᠳ 5 ᠵᠢᠯ ᠠᠴᠠ ᠳᠡᠭᠡᠭᠰᠢ ᠠᠵᠢᠯ ᠤᠨ ᠲᠤᠷᠰᠢᠯᠭ᠎ᠠ ᠲᠠᠢ ᠪᠠᠶᠢᠬᠤ ᠬᠡᠷᠡᠭᠲᠡᠶ᠃     ︵ᠳᠥᠷᠪᠡ︶ ᠲᠤᠰᠬᠠᠶ ᠮᠡᠷᠭᠡᠵᠢᠯᠲᠡᠨ ᠤ ᠨᠠᠰᠤ ᠶᠢ ᠡᠩ ᠤᠨ ᠪᠠᠶᠢᠳᠠᠯ ᠳᠤ ᠪᠦᠬᠦᠯᠢ 65 ᠨᠠᠰᠤ ᠠᠴᠠ ᠬᠡᠲᠦᠷᠡᠭᠦᠯᠬᠦ ᠥᠬᠡᠶ ︵ᠦᠨᠡᠬᠡᠷ ᠠᠵᠢᠯ ᠤᠨ ᠬᠡᠷᠡᠭᠴᠡᠭᠡ ᠠᠴᠠ ᠪᠣᠯᠵᠣ᠂ ᠬᠢᠷᠢ ᠬᠡᠮ ᠲᠠᠢ ᠲᠤᠰᠬᠠᠶ ᠮᠡᠷᠭᠡᠵᠢᠯᠲᠡᠨ ᠤ ᠪᠡᠶ᠎ᠡ ᠶᠢᠨ ᠪᠠᠶᠢᠳᠠᠯ ᠨᠡᠯᠢᠶᠡᠳ ᠰᠠᠶᠢᠨ ᠪᠠᠶᠢᠪᠠᠯ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ ᠪᠣᠯᠤᠨ᠎ᠠ︶᠂ ᠡᠷᠡᠭᠦᠯ ᠮᠡᠨᠳᠦ ᠶᠢᠨ ᠪᠠᠶᠢᠳᠠᠯ ᠢᠶᠠᠷ ᠰᠠᠶᠢᠨ ᠪᠠᠶᠢᠵᠤ᠂ ᠬᠤᠯᠪᠣᠭᠳᠠᠯ ᠪᠥᠬᠦᠶ ᠠᠵᠢᠯ ᠪᠤᠶᠤ ᠭᠠᠳᠠᠷ ᠠᠵᠢᠯ ᠤᠨ ᠠᠵᠢᠯᠯᠠᠭ᠎ᠠ ᠳᠤ ᠬᠡᠪ ᠤᠨ ᠪᠠᠶᠢᠳᠠᠯ ᠢᠶᠠᠷ ᠣᠷᠣᠯᠴᠠᠬᠤ ᠶᠢ ᠪᠠᠲᠤᠯᠠᠵᠤ ᠴᠢᠳᠠᠨ᠎ᠠ᠃     ︵ᠲᠠᠪᠤ︶ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ ᠰᠣᠩᠭᠤᠭᠳᠠᠵᠤ ᠪᠣᠯᠬᠤ ᠤᠢᠭᠡᠢ᠄     1. ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠪᠤᠶᠤ ᠢᠷᠭᠡᠨ ᠤ ᠬᠡᠷᠡᠭ ᠤᠨ ᠬᠢᠵᠠᠭᠠᠷᠲᠤ ᠠᠵᠢᠯᠯᠠᠭ᠎ᠠ ᠶᠢᠨ ᠴᠢᠳᠠᠪᠤᠷᠢ ᠲᠠᠢ ᠪᠠᠶᠢᠬᠤ︔     2. ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠵᠡᠷᠭᠡ ᠮᠠᠭᠤ ᠲᠡᠮᠳᠡᠭᠯᠡᠯ ᠲᠠᠢ︔     3. ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠢᠯᠭᠠᠷᠠᠭᠤᠯᠤᠨ ᠭᠠᠷᠭᠠᠭᠰᠠᠨ︔     4. ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃     ᠬᠤᠶᠠᠷ᠂ ᠮᠡᠳᠡᠭᠦᠯᠬᠦ ᠱᠠᠭᠠᠷᠳᠠᠯᠭ᠎ᠠ     ᠮᠡᠳᠡᠭᠦᠯᠬᠦ ᠨᠥᠬᠦᠴᠡᠯ ᠳᠤ ᠨᠡᠶᠢᠴᠡᠬᠦ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ᠪᠦᠬᠦᠨ ᠴᠥᠮ ᠭᠤᠶᠤᠴᠢᠯᠠᠯ ᠭᠠᠷᠭᠠᠵᠤ᠂ ᠱᠠᠭᠠᠷᠳᠠᠯᠭ᠎ᠠ ᠶᠣᠰᠣᠭᠠᠷ ᠳᠣᠤᠷᠠᠬᠢ ᠮᠠᠲ᠋ᠧᠷᠢᠶᠠᠯ ᠤᠳ ᠢ ᠮᠡᠳᠡᠭᠦᠯᠦᠨ ᠬᠦᠷᠭᠡᠵᠦ ᠪᠣᠯᠤᠨ᠎ᠠ᠃     ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠠᠷᠪᠢᠯᠠᠬᠤ ᠦᠨᠡᠯᠡᠯᠲᠡ ᠶᠢᠨ ᠲᠤᠰᠬᠠᠶ ᠮᠡᠷᠭᠡᠵᠢᠯᠲᠡᠨ ᠤ ᠵᠢᠱᠢᠭᠳᠡᠭᠴᠢ ᠶᠢᠨ ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ 1︶ ᠪᠤᠶᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠠᠷᠪᠢᠯᠠᠬᠤ ᠦᠨᠡᠯᠡᠯᠲᠡ ᠶᠢᠨ ᠲᠤᠰᠬᠠᠶ ᠮᠡᠷᠭᠡᠵᠢᠯᠲᠡᠨ ᠤ ᠵᠢᠱᠢᠭᠳᠡᠭᠴᠢ ᠶᠢᠨ ᠲᠠᠨᠢᠯᠴᠠᠭᠤᠯᠭ᠎ᠠ ᠶᠢᠨ ᠬᠦᠰᠦᠨᠦᠭᠲᠦ︾ ︵ᠳᠠᠭᠠᠯᠳᠤᠭᠤᠯᠤᠯ 2︶᠂ ᠴᠠᠭᠠᠰᠤᠨ ᠤᠤᠯ ᠮᠠᠲ᠋ᠧᠷᠢᠶᠠᠯ ᠪᠠ word ᠬᠡᠯᠪᠡᠷᠢ ᠶᠢᠨ ᠡᠯᠧᠺᠲᠷᠣᠨ ᠬᠡᠪᠯᠡᠯ᠂ ᠮᠡᠳᠡᠭᠡ ᠵᠠᠩᠭᠢ ᠶᠢ ᠪᠦᠷᠢᠨ ᠪᠦᠲᠦᠨ ᠲᠠᠭᠯᠠᠨ᠎ᠠ᠃     ︵ᠬᠤᠶᠠᠷ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠡᠭᠦᠰᠦᠭᠰᠡᠨ ᠦᠨᠡᠮᠯᠡᠯ᠂ ᠮᠡᠷᠭᠡᠵᠢᠯ ᠤᠨ ᠴᠣᠯᠠ ᠪᠤᠶᠤ ᠠᠵᠢᠯ ᠡᠷᠭᠢᠯᠡᠬᠦ ᠬᠢᠷᠢ ᠬᠡᠮ ᠵᠡᠷᠭᠡ ᠦᠨᠡᠮᠯᠡᠯ ᠤᠨ ᠬᠠᠭᠤᠯᠪᠤᠷᠢ ᠲᠣᠰ ᠪᠦᠷᠢ 1 ᠬᠤᠪᠢ᠂ ᠣᠶᠢᠷ᠎ᠠ ᠶᠢᠨ ᠲᠠᠪᠤᠨ ᠵᠢᠯ ᠤᠨ ᠳᠣᠲᠣᠷ᠎ᠠ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯ ᠤᠨ ᠠᠮᠵᠢᠯᠲᠠ ᠪᠦᠲᠦᠮᠵᠢ ᠶᠢᠨ ᠮᠠᠲ᠋ᠧᠷᠢᠶᠠᠯ 1 ᠬᠤᠪᠢ︔ 5 ᠵᠢᠯ ᠠᠴᠠ ᠳᠡᠭᠡᠭᠰᠢ ᠠᠵᠢᠯᠯᠠᠭᠰᠠᠨ ᠠᠵᠢᠯ ᠤᠨ ᠭᠡᠷᠡᠴᠢ ᠶᠢᠨ ᠤᠤᠯ ᠮᠠᠲ᠋ᠧᠷᠢᠶᠠᠯ ᠨᠢ 1 ᠬᠤᠪᠢ᠃     ᠮᠡᠳᠡᠭᠦᠯᠦᠭᠴᠢ ᠠᠴᠠ 2022 ᠣᠨ ᠤ 8 ᠳ᠋ᠤᠭᠠᠷ ᠰᠠᠷ᠎ᠠ ᠶᠢᠨ 22᠎ ᠤᠨ ᠡᠳᠦᠷ ᠠᠴᠠ ᠡᠮᠦᠨ᠎ᠡ ᠮᠡᠳᠡᠭᠦᠯᠦᠭᠰᠡᠨ ᠮᠠᠲ᠋ᠧᠷᠢᠶᠠᠯ ᠤᠨ ᠤᠤᠯ ᠮᠠᠲ᠋ᠧᠷᠢᠶᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠦᠷᠢᠶᠡᠯᠡᠩ ᠳᠤ ᠢᠯᠡᠭᠡᠵᠦ ᠂ ᠡᠯᠧᠺᠲᠷᠣᠨ ᠬᠡᠪᠯᠡᠯ ᠢᠶᠠᠷ ᠡᠯᠧᠺᠲᠷᠣᠨ ᠰᠢᠤᠳᠠᠨ ᠤ ᠬᠠᠶᠢᠷᠴᠠᠭ ᠲᠤ ᠢᠯᠡᠭᠡᠭᠡᠷᠡᠶ᠃     ᠬᠠᠷᠢᠯᠴᠠᠬᠤ ᠬᠥᠮᠦᠨ᠄ ᠠᠨ ᠨᠠ 15804765229     ᠢᠮᠧᠯ᠄ nmgsdbgs@163.com     ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠨ ᠵᠢᠶᠠᠨ ᠵᠡᠭᠦᠨ ᠵᠡᠭᠡᠯᠢ ᠶᠢᠨ 11 ᠳ᠋ᠦ᠋ᠭᠡᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠦᠷᠢᠶᠡᠯᠡᠩ     ᠰᠢᠦᠳᠠᠨ ᠳ᠋ᠤᠭᠠᠷ᠄ 010010     ᠳᠠᠭᠠᠯᠳᠤᠭᠤᠯᠤᠯ᠄        1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠵᠢᠱᠢᠭᠳᠡᠭᠴᠢ ᠶᠢ ᠭᠠᠵᠠᠷ ᠠᠷᠪᠢᠯᠠᠨ ᠦᠨᠡᠯᠡᠬᠦ ᠭᠤᠶᠤᠴᠢᠯᠠᠯ ᠤᠨ ᠬᠦᠰᠦᠨᠦᠭᠲᠦ        2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢ ᠠᠷᠪᠢᠯᠠᠨ ᠦᠨᠡᠯᠡᠬᠦ ᠲᠤᠰᠬᠠᠶ ᠮᠡᠷᠭᠡᠵᠢᠯᠲᠡᠨ ᠤ ᠵᠢᠱᠢᠭᠳᠡᠭᠴᠢ ᠶᠢ ᠲᠠᠨᠢᠯᠴᠠᠭᠤᠯᠬᠤ                     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ                          2022 ᠣᠨ ᠤ 8 ᠰᠠᠷ᠎ᠠ ᠶᠢᠨ 12᠎ ᠤᠨ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ