2023 ᠣᠨ ᠤ ᠭᠤᠷᠪᠠᠳᠤᠭᠠᠷ ᠪᠦᠯᠦᠭ ᠪᠢᠣᠯᠣᠭᠢ ᠶᠢᠨ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2023/10/11
  ︽ᠪᠢᠣᠯᠣᠭᠢ ᠶᠢᠨ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 394 ᠳ᠋ᠦ᠋ᠭᠡᠷ ᠲᠣᠭᠠᠲᠤ︶᠂ ︽ᠪᠢᠣᠯᠣᠭᠢ ᠶᠢᠨ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ︵ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠵᠠᠷᠯᠢᠭ 8 ᠳ᠋ᠤᠭᠠᠷ ᠲᠣᠭᠠᠲᠤ︶᠎ ᠤᠨ ᠲᠣᠭᠲᠠᠭᠠᠯ ᠢ ᠦᠨᠳᠦᠰᠦᠯᠡᠨ᠂ ᠮᠠᠨ ᠤ ᠲᠢᠩᠬᠢᠮ ᠠᠴᠠ 2023 ᠣᠨ ᠤ ᠭᠤᠷᠪᠠᠳᠤᠭᠠᠷ ᠪᠦᠯᠦᠭ ᠪᠢᠣᠯᠣᠭᠢ ᠶᠢᠨ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠵᠦ ᠬᠢᠨᠠᠨ ᠪᠠᠶᠢᠴᠠᠭᠠᠬᠤ ᠠᠵᠢᠯ ᠢ     ᠥᠷᠨᠢᠭᠦᠯᠪᠡ᠃ ᠬᠢᠨᠠᠨ ᠪᠠᠶᠢᠴᠠᠭᠠᠭᠰᠠᠨ ᠢᠶᠠᠷ᠂ ᠪᠢᠣᠯᠣᠭᠢ ᠶᠢᠨ ᠭᠠᠮᠰᠢᠭ ᠢ ᠰᠡᠷᠭᠡᠶᠢᠯᠡᠨ ᠵᠠᠰᠠᠬᠤ 51 ᠨᠢᠭᠡᠴᠢ ᠶᠢᠨ ᠬᠢᠷᠢ ᠬᠡᠮ ᠤᠨ ᠭᠤᠶᠤᠴᠢᠯᠠᠯ ᠢ ᠬᠢᠨᠠᠨ ᠪᠠᠶᠢᠴᠠᠭᠠᠯᠲᠠ ᠪᠠᠷ ᠪᠠᠲᠤᠯᠠᠭᠳᠠᠬᠤ ᠶᠢᠨ ᠬᠠᠮᠲᠤ ᠣᠨᠳᠣᠣ ᠰᠠᠨᠠᠯ ᠦᠭᠡᠢ ᠲᠤᠯᠠ ᠵᠠᠷᠯᠠᠨ ᠨᠡᠶᠢᠲᠡᠯᠡᠪᠡ᠂ ᠣᠲᠣ ᠵᠠᠷᠯᠠᠨ ᠨᠡᠶᠢᠲᠡᠯᠡᠶ᠎ᠡ ︵ᠳᠠᠭᠠᠯᠳᠤᠭᠤᠯᠤᠯ 1᠎ ᠳᠤ ᠨᠠᠷᠢᠨ ᠦᠵᠡᠭᠡᠷᠡᠶ︶᠃  ︽ᠮᠥᠩᠬᠡ ᠰᠤᠪᠠᠭ︾᠎ ᠢᠶᠠᠷ ᠨᠡᠪᠲᠡᠷᠡᠵᠦ ᠡᠯᠧᠺᠲᠷᠣᠨ ᠦᠨᠡᠮᠯᠡᠯ ᠢ ᠤᠯᠤᠨ᠎ᠠ ︵ᠠᠵᠢᠯᠯᠠᠬᠤ ᠶᠠᠪᠤᠴᠠ ᠶᠢ ᠳᠠᠭᠠᠯᠳᠤᠭᠤᠯᠤᠯ 2᠎ ᠳᠤ ᠨᠠᠷᠢᠨ     ᠦᠵᠡᠭᠡᠷᠡᠢ︶᠃ ᠴᠠᠭᠠᠰᠤᠨ ᠦᠨᠡᠮᠯᠡᠯ ᠬᠡᠷᠡᠭᠰᠡᠬᠦ ᠨᠢᠭᠡᠴᠢ ᠵᠠᠷᠯᠠᠯ ᠲᠠᠷᠬᠠᠭᠠᠭᠰᠠᠨ15 ᠠᠵᠢᠯᠯᠠᠬᠤ ᠡᠳᠦᠷ ᠤᠨ ᠳᠣᠲᠣᠷ᠎ᠠ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠠᠰᠠᠷ ᠤᠨ 1 ᠳ᠋ᠦ᠋ᠭᠡᠷ ᠨᠣᠮᠧᠷᠲᠤ ᠴᠣᠩᠬᠤᠪᠴᠢᠨ ᠳᠤ ᠬᠦᠷᠴᠦ ᠪᠢᠣᠯᠣᠭᠢ ᠶᠢᠨ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠦᠨᠡᠮᠯᠡᠯ ᠤᠨ ᠪᠢᠴᠢᠭ ᠢ ᠠᠪᠤᠭᠠᠷᠠᠢ᠃ ᠦᠨᠡᠮᠯᠡᠯ ᠠᠪᠤᠭᠰᠠᠨ ᠨᠢᠭᠡᠴᠢ ᠤᠤᠯ ᠤᠨ ᠬᠢᠷᠢ ᠭᠡᠮ ᠤᠨ ᠦᠨᠡᠮᠯᠡᠯ ᠤᠨ ᠵᠢᠩᠬᠢᠨᠢ ᠳᠡᠪᠲᠡᠷ᠂ ᠬᠠᠭᠤᠯᠪᠤᠷᠢ ᠳᠡᠪᠲᠡᠷ ᠢᠶᠠᠨ ᠪᠤᠴᠠᠭᠠᠬᠤ ᠬᠡᠷᠡᠭᠲᠡᠶ᠃ ᠬᠠᠤᠯᠢ ᠪᠠᠷ ᠲᠣᠭᠳᠠᠭᠠᠭᠳᠠᠭᠰᠠᠨ ᠲᠥᠯᠥᠭᠡᠯᠡᠭᠴᠢ ᠨᠢ ᠲᠤᠰ ᠬᠥᠮᠦᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ ᠪᠠᠨ ᠠᠪᠴᠤ ᠶᠠᠪᠤᠬᠤ ᠬᠡᠷᠡᠭᠲᠡᠶ᠂ ᠬᠡᠷᠪᠡ ᠪᠤᠰᠤᠳ ᠬᠥᠮᠦᠨ ᠳᠤ ᠨᠠᠶᠢᠳᠠᠵᠤ ᠣᠷᠣᠯᠠᠨ ᠠᠪᠤᠭᠤᠯᠪᠠᠯ᠂ ᠣᠷᠣᠯᠠᠨ ᠠᠪᠤᠭᠴᠢ ᠨᠢ ᠲᠤᠰ ᠬᠥᠮᠦᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠪᠠᠭᠤᠯᠭᠠᠪᠤᠷᠢ᠂ ᠨᠢᠭᠡᠴᠢ ᠶᠢᠨ ᠢᠶᠠᠨ ᠲᠠᠨᠢᠯᠴᠠᠭᠤᠯᠭ᠎ᠠ ᠶᠢᠨ ᠪᠢᠴᠢᠭ ᠢᠶᠠᠨ ᠠᠪᠴᠤ ᠢᠷᠡᠬᠦ ᠬᠡᠷᠡᠭᠲᠡᠶ ︵ᠨᠠᠶᠢᠳᠠᠯᠭ᠎ᠠ ᠶᠢᠨ ᠪᠢᠴᠢᠭ︶᠃ ᠲᠤᠬᠠᠶ ᠶᠢᠨ ᠲᠠᠯᠠᠪᠤᠷ ᠲᠤ ᠬᠦᠷᠴᠦ ᠦᠨᠡᠮᠯᠡᠯ ᠠᠪᠴᠤ ᠳᠡᠶᠢᠯᠬᠦ ᠥᠬᠡᠶ ᠪᠣᠯ ᠤᠲᠠᠰᠤ ᠪᠠᠷ ᠬᠠᠷᠢᠯᠴᠠᠵᠤ ᠪᠠᠶᠢᠭᠠᠳ ᠦᠨᠡᠮᠯᠡᠯ ᠢ ᠰᠢᠤᠳᠠᠨ ᠢᠶᠠᠷ ᠢᠯᠡᠭᠡᠬᠦ ᠦᠢᠯᠡᠴᠢᠯᠡᠭᠡ ᠶᠢ ᠭᠦᠢᠴᠡᠳᠬᠡᠵᠦ ᠪᠣᠯᠤᠨ᠎ᠠ᠃ ᠬᠤᠭᠤᠴᠠᠭ᠎ᠠ ᠥᠩᠭᠡᠷᠡᠲᠡᠯ᠎ᠡ ᠦᠨᠡᠮᠯᠡᠯ ᠢᠶᠠᠨ ᠠᠪᠤᠭᠠᠳᠤᠶ ᠪᠣᠯ ᠥᠪᠡᠷᠳᠡᠭᠡᠨ ᠲᠠᠶᠠᠭᠳᠠᠭᠰᠠᠨ ᠢᠶᠠᠷ ᠦᠵᠡᠨ᠎ᠡ᠃  ᠳᠠᠭᠠᠯᠳᠤᠭᠤᠯᠤᠯ᠄ 1. 2023 ᠣᠨ ᠤ ᠭᠤᠷᠪᠠᠳᠤᠭᠠᠷ ᠪᠦᠯᠦᠭ ᠪᠢᠣᠯᠣᠭᠢ ᠶᠢᠨ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ  2. ᠮᠦᠩᠬᠡ ᠰᠤᠪᠠᠭ ᠡᠯᠧᠺᠲᠷᠣᠨ ᠦᠨᠡᠮᠯᠡᠯ ᠢ ᠪᠠᠭᠤᠯᠭᠠᠨ ᠠᠪᠬᠤ ᠠᠵᠢᠯᠯᠠᠭᠠᠨ ᠤ ᠶᠠᠪᠤᠴᠠ  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ  2023 ᠣᠨ ᠤ 10 ᠳ᠋ᠤᠭᠠᠷ ᠰᠠᠷ᠎ᠠ ᠶᠢᠨ 11᠎ ᠤ ᠡᠳᠦᠷ    ︵ᠬᠢᠷᠢ ᠬᠡᠮ ᠤᠨ ᠦᠨᠡᠮᠯᠡᠯ ᠢ ᠠᠪᠬᠤ ᠳᠤ ᠬᠠᠷᠢᠯᠴᠠᠬᠤ ᠬᠥᠮᠦᠨ ᠵᠢᠴᠢ ᠤᠲᠠᠰᠤ᠄ ᠯᠢ ᠵᠢᠶᠠᠨ ᠬᠤᠸᠠ᠂ 0471 — 5332334︶  ᠳᠠᠭᠠᠯᠳᠤᠭᠤᠯᠤᠯ ᠢ ᠪᠠᠭᠤᠯᠭᠠᠬᠤ᠄  2023 ᠣᠨ ᠤ ᠭᠤᠷᠪᠠᠳᠤᠭᠠᠷ ᠪᠦᠯᠦᠭ ᠪᠢᠣᠯᠣᠭᠢ ᠶᠢᠨ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠦᠷ᠎ᠡ ᠳ᠋ᠦᠩ .xlsx    ᠮᠥᠩᠬᠡ ᠰᠤᠪᠠᠭ ᠡᠯᠧᠺᠲᠷᠣᠨ ᠦᠨᠡᠮᠯᠡᠯ ᠢ ᠪᠠᠭᠤᠯᠭᠠᠨ ᠠᠪᠬᠤ ᠠᠵᠢᠯᠯᠠᠭᠠᠨ ᠤ ᠶᠠᠪᠤᠴᠠ .docx

 

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ