ᠥᠪᠡᠷᠲᠡᠭᠡᠨ ᠵᠠᠰᠠᠬᠤ ᠣᠷᠣᠨ ᠤ ᠤᠯᠠᠭᠠᠨᠪᠤᠬ᠎ᠠ ᠶᠢᠨ ᠡᠯᠡᠰᠦᠨ ᠴᠦᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠨᠢ ᠤᠯᠤᠰ ᠤᠨ ᠠᠭᠤᠯᠠ ᠤᠰᠤᠨ ᠤ ᠢᠨᠵᠧᠨᠧᠷᠢᠩ ᠤᠨ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/10/16
  10 ᠳ᠋ᠤᠭᠠᠷ ᠰᠠᠷ᠎ᠠ ᠶᠢᠨ 10᠎ ᠤ ᠡᠳᠦᠷ ᠠᠴᠠ 11᠎ ᠤ ᠡᠳᠦᠷ ᠪᠣᠯᠲᠠᠯ᠎ᠠ᠂ ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠶ ᠣᠷᠴᠢᠨ ᠲᠣᠭᠤᠷᠢᠨ ᠤ ᠶᠠᠮᠤᠨ ᠪᠡᠭᠡᠵᠢᠩ ᠳᠤ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠪᠥᠬᠦ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠠᠵᠢᠯ ᠤᠨ ᠲᠤᠷᠰᠢᠯᠭ᠎ᠠ ᠪᠠᠨ ᠰᠣᠯᠢᠯᠴᠠᠨ᠂ ᠣᠳᠣᠬᠠᠨ ᠤ ᠰᠢᠨ᠎ᠡ ᠪᠠᠶᠢᠳᠠᠯ᠂ ᠰᠢᠨ᠎ᠡ ᠡᠭᠦᠷᠭᠡ ᠶᠢ ᠵᠠᠳᠠᠯᠵᠤ᠂ ᠲᠠᠷᠠᠭᠠᠴᠢ ᠶᠢᠨ ᠱᠠᠲᠤᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ ᠬᠥᠮᠦᠨ ᠲᠣᠮᠢᠯᠠᠨ ᠬᠤᠷᠠᠯ ᠳᠤ ᠣᠷᠣᠯᠴᠠᠭᠤᠯᠬᠤ ᠶᠢᠨ ᠬᠠᠮᠲᠤ ᠰᠠᠨᠠᠯ ᠢᠶᠠᠨ ᠰᠣᠯᠢᠯᠴᠠᠬᠤ ᠨᠡᠶᠢᠲᠡᠯᠢᠭ ᠶᠠᠷᠢᠶ᠎ᠠ ᠲᠠᠯᠪᠢᠪᠠ᠃  ᠬᠤᠷᠠᠯ ᠠᠴᠠ ᠵᠢᠭᠠᠵᠤ ᠭᠠᠷᠭᠠᠭᠰᠠᠨ ᠨᠢ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠶ ᠣᠷᠴᠢᠨ ᠲᠣᠭᠤᠷᠢᠨ ᠤ ᠶᠠᠮᠤᠨ ᠠᠭᠤᠯᠠ ᠤᠰᠤᠨ ᠤ ᠢᠨᠵᠧᠨᠧᠷᠢᠩ ᠤᠨ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠦ᠂ ᠭᠤᠷᠪᠠᠨ ᠪᠦᠯᠦᠭ ᠬᠤᠪᠢᠶᠠᠨ ᠳᠡᠮᠵᠢᠵᠦ 25 ᠲᠤᠷᠰᠢᠯᠲᠠ ᠶᠢᠨ ᠴᠡᠭ ᠤᠨ ᠲᠥᠷᠥᠯ ᠵᠦᠢᠯ ᠢ ᠬᠡᠷᠡᠭᠵᠢᠭᠦᠯᠪᠡ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠭᠤᠯᠠ ᠤᠰᠤᠨ ᠤ ᠢᠨᠵᠧᠨᠧᠷᠢᠩ ᠢ ᠬᠡᠷᠡᠭᠵᠢᠭᠦᠯᠬᠦ ᠶᠢ ᠦᠷᠭᠦᠯᠵᠢᠯᠡᠨ ᠳᠡᠮᠵᠢᠵᠦ᠂ ᠣᠳᠣᠬᠠᠨ ᠳᠤ ᠨᠢᠭᠡᠨᠲᠡ 27 ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠪᠡ᠃ ᠣᠲᠣ ᠪᠣᠯᠲᠠᠯ᠎ᠠ᠂ ᠭᠤᠷᠪᠠᠨ ᠰᠠᠯᠠᠭ᠎ᠠ ᠮᠥᠴᠢᠷ ᠨᠡᠶᠢᠲᠡ ᠵᠢᠷᠭᠤᠭᠠᠨ ᠪᠦᠯᠦᠭ 52 ᠠᠭᠤᠯᠠ ᠤᠰᠤᠨ ᠤ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠵᠦ᠂ ᠨᠡᠶᠢᠲᠡ 5000 ᠭᠠᠷᠤᠶ ᠲᠥᠷᠥᠯ ᠵᠦᠢᠯ ᠢ ᠥᠷᠨᠢᠭᠦᠯᠵᠦ᠂ 2600 ᠭᠠᠷᠤᠶ ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ ᠭᠡᠵᠡᠢ᠃
10.16-1.png
  ᠬᠤᠷᠠᠯ ᠠᠴᠠ ᠪᠠᠰᠠ ᠠᠭᠤᠯᠠ ᠤᠰᠤᠨ ᠤ ᠢᠨᠵᠧᠨᠧᠷᠢᠩ ᠤᠨ ᠠᠩᠬᠠᠳᠤᠭᠠᠷ ᠪᠦᠯᠦᠭ ᠤᠨ 15 ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠤᠯᠠᠭᠠᠨᠪᠤᠬ᠎ᠠ ᠶᠢᠨ ᠡᠯᠡᠰᠦ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠨᠢ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃  ᠪᠠᠶᠠᠨᠨᠠᠭᠤᠷ ᠬᠤᠲᠠ ᠶᠢᠨ ᠬᠢᠯᠢ ᠳᠣᠲᠣᠷᠠᠬᠢ ᠤᠯᠠᠭᠠᠨᠪᠤᠬ᠎ᠠ ᠶᠢᠨ ᠡᠯᠡᠰᠦ ᠪᠣᠯ ᠤᠯᠠᠭᠠᠨᠰᠤᠬᠠᠢ ᠶᠢᠨ ᠰᠠᠪᠠ ᠭᠠᠵᠠᠷ ᠤᠨ ᠳᠡᠭᠡᠳᠦ ᠤᠷᠤᠰᠬᠠᠯ ᠤᠨ ᠡᠬᠢ ᠰᠤᠷᠪᠤᠯᠵᠢ ᠪᠠᠶᠢᠵᠤ ᠂ ᠬᠠᠲᠤᠨ ᠭᠤᠣᠯ ᠤᠨ ᠰᠠᠪᠠ ᠭᠠᠵᠠᠷ ᠤᠨ ᠣᠷᠭᠠᠨᠢᠭ ᠪᠦᠷᠢᠯᠳᠦᠬᠦᠨ ᠬᠡᠰᠡᠭ ᠪᠣᠯᠬᠤ ᠪᠥᠭᠡᠳ ᠪᠠᠰᠠ ᠴᠤ ᠮᠠᠨ ᠤ ᠤᠯᠤᠰ ᠤᠨ ᠨᠠᠢᠮᠠᠨ ᠶᠡᠭᠡ ᠡᠯᠡᠰᠦᠨ ᠴᠥᠯ ᠤᠨ ᠨᠢᠭᠡ ᠪᠣᠯᠬᠤ ᠶᠤᠮ᠃ ᠤᠯᠠᠭᠠᠨᠪᠤᠬ᠎ᠠ ᠡᠯᠡᠰᠦ ᠶᠢ ᠰᠠᠶᠢᠲᠤᠷ ᠬᠠᠮᠠᠭᠠᠯᠠᠨ ᠵᠠᠰᠠᠬᠤ ᠨᠢ ᠤᠯᠤᠰ ᠤᠨ ᠠᠮᠢ ᠠᠬᠤᠢ ᠶᠢᠨ ᠬᠠᠯᠬᠠᠪᠴᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠪᠠᠷᠠᠭᠤᠨ ᠤ ᠡᠯᠡᠰᠦ ᠶᠢ ᠵᠡᠭᠦᠨᠰᠢ ᠰᠢᠯᠵᠢᠬᠦ ᠶᠢ ᠬᠤᠷᠢᠭᠯᠠᠬᠤ᠂ ᠬᠠᠳᠤᠨ ᠭᠤᠣᠯ ᠵᠢᠴᠢ ᠤᠮᠠᠷᠠᠲᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃  ᠤᠯᠠᠭᠠᠨᠪᠤᠬ᠎ᠠ ᠶᠢᠨ ᠡᠯᠡᠰᠦ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠪᠣᠯ ᠤᠯᠠᠭᠠᠨᠰᠤᠬᠠᠢ ᠶᠢᠨ ᠰᠠᠪᠠ ᠭᠠᠵᠠᠷ ᠤᠨ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ ᠤᠨ ᠲᠤᠯᠤᠭᠠᠨ ᠶᠡᠭᠡ ᠲᠦᠷᠦᠯ ᠤᠨ ᠢᠨᠵᠧᠨᠧᠷᠢᠩ ᠤᠨ ᠨᠢᠭᠡ ᠪᠣᠯᠤᠨ᠎ᠠ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠪᠣᠯᠤᠨ ᠠᠮᠢ ᠠᠬᠤᠢ ᠶᠢ ᠵᠠᠰᠠᠨ ᠰᠡᠷᠭᠦᠭᠡᠬᠦ ᠵᠢᠱᠢᠶ᠎ᠡ ᠦᠵᠡᠭᠦᠯᠬᠦ ᠢᠨᠵᠧᠨᠧᠷᠢᠩ ᠭᠡᠵᠦ ᠬᠤᠶᠠᠷ ᠬᠡᠰᠡᠭ ᠬᠤᠪᠢᠶᠠᠨ᠎ᠠ᠃ ᠲᠥᠷᠥᠯ ᠵᠦᠢᠯ ᠤᠨ ᠲᠣᠭᠤᠷᠢᠭ ᠨᠢ ᠭᠤᠤᠯᠳᠠᠭᠤ ᠤᠯᠠᠭᠠᠨᠪᠤᠬ᠎ᠠ ᠶᠢᠨ ᠡᠯᠡᠰᠦᠨ ᠴᠦᠯ ᠤᠨ ᠯᠢᠦ ᠭᠤᠸᠠᠢ ᠡᠯᠡᠰᠦᠨ ᠮᠠᠩᠬᠠᠨ ᠳᠤ ᠪᠠᠶᠢᠷᠢᠯᠠᠵᠤ᠂ ᠵᠡᠭᠦᠨ ᠡᠮᠦᠨᠡᠰᠢ ᠪᠠᠨ ᠬᠠᠲᠤᠨ ᠭᠤᠤᠯ ᠤᠨ ᠪᠠᠷᠠᠭᠤᠨ ᠡᠷᠭᠢ ᠲᠠᠢ ᠵᠠᠯᠭᠠᠯᠳᠤᠵᠤ᠂ ᠢᠨᠵᠧᠨᠧᠷᠢᠩ ᠤᠨ ᠵᠠᠰᠠᠯᠲᠠ ᠶᠢᠨ ᠶᠡᠷᠦᠩᠬᠡᠶ ᠲᠠᠯᠠᠪᠠᠶ ᠨᠢ 7 ᠲᠦᠮᠡᠨ ᠮᠥ ᠪᠠᠶᠢᠵᠤ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 6.43 ᠳ᠋ᠦᠩᠰᠢᠭᠤᠷ ᠲᠥᠭᠦᠷᠢᠭ ᠲᠤ ᠬᠦᠷᠴᠡᠶ᠃ ᠡᠭᠦᠨ ᠳᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ᠄ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠣᠶ ᠰᠢᠭᠤᠶ ᠶᠢᠨ ᠲᠠᠯᠠᠪᠠᠶ ᠶᠢᠨ ᠬᠢᠯᠢ ᠳᠣᠲᠣᠷ᠎ᠠ ᠲᠤᠳᠤᠷᠭᠠᠨ ᠰᠦᠷᠡᠯ ᠵᠡᠷᠭᠡ ᠡᠯᠡᠰᠦ ᠶᠢ ᠲᠣᠭᠲᠠᠪᠤᠷᠢᠵᠢᠭᠤᠯᠤᠨ ᠣᠶᠢᠵᠢᠭᠤᠯᠬᠤ ᠠᠵᠢᠯ ᠢ 4 ᠲᠦᠮᠡᠨ ᠮᠥ ᠬᠡᠷᠡᠭᠵᠢᠭᠦᠯᠵᠦ᠂ ᠵᠠᠭ ᠵᠠᠶᠢᠯᠠᠬᠤ ᠶᠢᠨ ᠬᠠᠮᠲᠤ ᠴᠠᠭᠠᠨ ᠭᠤᠶᠣᠣ 3.9 ᠲᠦᠮᠡᠨ ᠮᠥ᠂ ᠴᠡᠴᠡᠭᠲᠦ ᠰᠢᠳᠠᠮ ᠲᠠᠷᠢᠬᠤ ᠵᠡᠷᠭᠡ ᠪᠤᠰᠤᠳ ᠡᠯᠡᠰᠦᠨ ᠤ ᠲᠥᠷᠥᠯ ᠤᠨ ᠪᠣᠳᠠ ᠮᠣᠳᠣ ᠵᠢᠴᠢ ᠠᠳᠠᠯᠢ ᠪᠤᠰᠤ ᠲᠥᠷᠥᠯ ᠤᠨ ᠡᠯᠡᠰᠦᠨ ᠰᠠᠭᠠᠳ ᠢ 0.1 ᠲᠦᠮᠡᠨ ᠮᠥ ᠳᠡᠯᠭᠡᠨ ᠦᠵᠡᠭᠦᠯᠬᠦ ᠶᠢᠨ ᠬᠠᠮᠲᠤ ᠲᠥᠷᠥᠯ ᠵᠦᠢᠯ ᠤᠨ ᠣᠷᠣᠨ ᠤ ᠡᠷᠬᠢᠨ ᠲᠣᠭᠤᠷᠢᠨ ᠤ ᠤᠷᠭᠤᠮᠠᠯ ᠤᠨ ᠬᠤᠴᠢᠯᠭ᠎ᠠ ᠶᠢ ᠨᠦᠬᠦᠨ ᠳᠠᠷᠢᠵᠤ᠂ ᠢᠨᠵᠧᠨᠧᠷᠢᠩ ᠤᠨ ᠪᠠᠯᠠ ᠣᠷᠣᠭᠤᠯᠤᠯᠲᠠ ᠨᠢ 4.86 ᠳ᠋ᠦᠩᠰᠢᠭᠤᠷ ᠲᠥᠭᠦᠷᠢᠭ ᠪᠣᠯᠤᠨ᠎ᠠ᠃ ᠠᠮᠢ ᠠᠬᠤᠶ ᠶᠢᠨ ᠰᠡᠷᠭᠦᠭᠡᠯᠲᠡ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ᠄ ᠪᠠᠶᠠᠨᠭᠤᠤᠯ ᠪᠠᠯᠭᠠᠰᠤ᠂ ᠡᠯᠡᠰᠦ ᠶᠢ ᠰᠡᠷᠭᠡᠶᠢᠯᠡᠬᠦ ᠣᠶ ᠰᠢᠭᠤᠶ ᠶᠢᠨ ᠲᠠᠯᠠᠪᠠᠶ᠂ ᠱᠠᠵᠢᠨᠳᠤᠬᠤᠢ ᠰᠤᠮᠤ᠂ ᠡᠯᠡᠰᠦᠨ ᠣᠶ ᠶᠢᠨ ᠲᠥᠪ ᠵᠡᠷᠭᠡ ᠬᠢᠯᠢ ᠳᠣᠲᠣᠷᠠᠬᠢ ᠤᠤᠯ ᠤᠨ ᠪᠠᠶᠢᠭᠰᠠᠨ 3 ᠲᠦᠮᠡᠨ ᠮᠥ ᠵᠠᠭ ᠤᠨ ᠣᠶ ᠳᠤ ᠡᠯᠡᠰᠦ ᠶᠢ ᠵᠠᠰᠠᠵᠤ ᠪᠤᠶᠢᠵᠢᠭᠤᠯᠬᠤ᠂ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠬᠦ ᠶᠢᠨ ᠬᠠᠮᠲᠤ ᠴᠠᠭᠠᠨ ᠭᠤᠶᠣᠣ ᠳᠠᠷᠢᠵᠤ᠂ ᠢᠨᠵᠧᠨᠧᠷᠢᠩ ᠤᠨ ᠪᠠᠯᠠ ᠣᠷᠣᠭᠤᠯᠤᠯᠲᠠ 1.57 ᠳ᠋ᠦᠩᠰᠢᠭᠤᠷ ᠲᠥᠭᠦᠷᠢᠭ ᠲᠤ ᠬᠦᠷᠴᠡᠶ᠃
10.16-2.jpg
  ᠰᠡᠭᠦᠳᠡᠷ 1᠄ 2022 ᠣᠨ ᠤ 5 ᠳ᠋ᠤᠭᠠᠷ ᠰᠠᠷ᠎ᠠ ᠳᠤ ᠵᠠᠭ ᠴᠠᠭᠠᠨ ᠭᠤᠶᠣᠣ ᠲᠠᠷᠢᠪᠠ  ᠪᠠᠶᠠᠨᠨᠠᠭᠤᠷ ᠬᠤᠲᠠ ᠨᠢ ᠤᠯᠠᠭᠠᠨᠪᠤᠬ᠎ᠠ ᠶᠢᠨ ᠡᠯᠡᠰᠦ ᠶᠢ ᠶᠡᠷᠦᠩᠬᠡᠶᠢᠯᠡᠨ ᠵᠠᠰᠠᠬᠤ ᠶᠢ ᠶᠡᠭᠡ ᠬᠦᠴᠦᠨ ᠢᠶᠠᠷ ᠬᠡᠷᠡᠭᠵᠢᠭᠦᠯᠵᠦ᠂ ᠤᠯᠤᠰ ᠤᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠢ ᠲᠦᠷᠭᠡᠳᠬᠡᠨ ᠪᠠᠶᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠪᠠᠷ ᠥᠷᠨᠢᠭᠦᠯᠪᠡ᠃ 2020 ᠤᠨ ᠤ 10 ᠳ᠋ᠤᠭᠠᠷ ᠰᠠᠷ᠎ᠠ ᠳᠤ᠂ ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠳᠥᠷᠪᠡᠳᠦᠭᠡᠷ ᠪᠦᠯᠦᠭ ᠤᠨ ᠪᠦᠬᠦ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠲᠤ ᠣᠯᠭᠤᠵᠠᠢ᠃  ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠳᠡᠮᠵᠢᠨ᠂ ᠤᠯᠠᠭᠠᠨᠪᠤᠬ᠎ᠠ ᠶᠢᠨ ᠬᠦᠨᠳᠦ ᠨᠣᠴᠢᠲᠠᠶ ᠡᠯᠡᠰᠦᠷᠬᠡᠭᠵᠢᠭᠰᠡᠨ ᠡᠯᠡᠰᠦᠨ ᠴᠥᠯ ᠤᠨ ᠡᠵᠡᠯᠡᠬᠦ ᠬᠠᠷᠢᠴᠠᠯ ᠢ 2017 ᠣᠨ ᠤ 23.7% ᠪᠠᠶᠢᠭᠰᠠᠨ ᠠᠴᠠ 21.8% ᠪᠣᠯᠭᠠᠨ ᠪᠠᠭᠤᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠡᠭᠦᠨ ᠤ ᠬᠠᠮᠲᠤ᠂ ᠴᠠᠭᠠᠨ ᠭᠤᠶᠣᠣ ᠶᠢᠨ ᠲᠠᠷᠢᠯᠭ᠎ᠠ ᠬᠢᠬᠦ ᠶᠢ ᠳᠠᠭᠠᠯᠳᠤᠨ᠂ ᠡᠯᠡᠰᠦᠨ ᠤ ᠠᠵᠤ ᠦᠢᠯᠡᠰ ᠤᠨ ᠬᠥᠭᠵᠢᠯᠲᠡ ᠶᠢ ᠪᠤᠵᠠᠭᠠᠶᠢᠷᠠᠭᠤᠯᠤᠭᠰᠠᠨ ᠪᠥᠭᠡᠳ ᠠᠷᠠᠳ ᠣᠯᠠᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠶ ᠳᠠᠶᠢᠴᠢᠯᠠᠵᠤ᠂ ᠤᠯᠠᠭᠠᠨᠪᠤᠬ᠎ᠠ ᠶᠢᠨ ᠡᠯᠡᠰᠦᠷᠬᠡᠭ ᠣᠷᠣᠨ ᠠᠮᠢ ᠠᠬᠤᠶ ᠶᠢᠨ ᠵᠠᠰᠠᠯᠲᠠ ᠶᠢᠨ ᠠᠵᠤ ᠦᠶᠢᠯᠡᠰᠵᠢᠯᠲᠡ᠂ ᠠᠵᠤ ᠦᠢᠯᠡᠰ ᠤᠨ ᠬᠥᠭᠵᠢᠯᠲᠡ ᠶᠢᠨ ᠠᠮᠢ ᠠᠬᠤᠶᠢᠵᠢᠯᠲᠠ ᠶᠢᠨ ᠪᠦᠲᠦᠮᠵᠢᠲᠡᠶ ᠠᠷᠭ᠎ᠠ ᠵᠠᠮ ᠢ ᠬᠠᠶᠢᠨ ᠰᠦᠪᠡᠭᠴᠢᠯᠡᠵᠦ ᠭᠠᠷᠭᠠᠭᠰᠠᠨ ᠪᠠᠶᠢᠨ᠎ᠠ᠃
10.16-3.jpg
  ᠰᠡᠭᠦᠳᠡᠷ 2 ᠄ ᠤᠯᠠᠭᠠᠨᠪᠤᠬ᠎ᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠨᠢᠭᠡ᠂ ᠬᠤᠶᠠᠷ ᠭᠠᠵᠠᠷ ᠤᠨ ᠡᠯᠡᠰᠦᠨ ᠴᠦᠯ ᠢ ᠵᠠᠰᠠᠨ ᠴᠡᠭᠴᠡᠯᠡᠬᠦ ᠠᠴᠠ ᠡᠮᠦᠨ᠎ᠡ
10.16-4.jpg
  ᠰᠡᠭᠦᠳᠡᠷ 3 ᠄ ᠤᠯᠠᠭᠠᠨᠪᠤᠬ᠎ᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠨᠢᠭᠡ᠂ ᠬᠤᠶᠠᠷ ᠭᠠᠵᠠᠷ ᠤᠨ ᠡᠯᠡᠰᠦᠨ ᠬᠠᠯᠬᠠᠪᠴᠢ ᠭᠠᠷᠭᠠᠵᠤ ᠵᠠᠰᠠᠭᠰᠠᠨ ᠤ ᠳᠠᠷᠠᠭ᠎ᠠ  ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠴᠢᠩ ᠰᠡᠳᠬᠢᠯ ᠤᠨ ᠬᠦᠰᠡᠯ ᠡᠷᠡᠮᠡᠯᠵᠡᠯ ᠢ ᠦᠨᠡᠨ ᠬᠦ ᠮᠠᠨ ᠤ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠪᠠᠶᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ︽ᠪᠦᠬᠦᠯᠢ ᠴᠣᠭᠴᠠ ᠶᠢᠨ ᠲᠥᠯᠥᠪᠵᠢᠭᠦᠯᠭᠡ᠂ ᠶᠡᠷᠦᠩᠬᠡᠢ ᠵᠢᠷᠤᠭ ᠲᠥᠯᠥᠪᠯᠡᠭᠡ᠂ ᠬᠤᠭᠤᠴᠠᠭ᠎ᠠ ᠬᠤᠪᠢᠶᠠᠨ ᠪᠠᠶᠢᠷᠢᠯᠠᠭᠤᠯᠬᠤ᠂ ᠬᠡᠰᠡᠭ ᠬᠤᠪᠢᠶᠠᠨ ᠬᠡᠷᠡᠭᠵᠢᠭᠦᠯᠬᠦ︾ ᠰᠡᠳᠭᠢᠮᠵᠢ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠠᠨ ᠤ ᠣᠷᠣᠨ ᠤ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠨ ᠰᠡᠷᠭᠦᠭᠡᠬᠦ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ