ᠥᠪᠥᠷ ᠮᠣᠩᠭᠤᠯ ᠤᠨ ᠲᠢᠩᠬᠢᠮ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠬᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/24
  ᠬᠡᠰᠡᠭ ᠬᠤᠭᠤᠴᠠᠭᠠᠨ ᠤ ᠲᠤᠷᠰᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠦᠷᠭᠦᠯᠵᠢᠯᠡᠨ ᠠᠬᠢᠭᠤᠯᠵᠤ ᠪᠣᠳᠠᠲᠤ ᠦᠷ᠎ᠡ ᠪᠦᠲᠦᠮᠵᠢ ᠭᠠᠷᠭᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠳᠤ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠬᠦᠴᠦᠲᠡᠶ ᠰᠤᠷᠲᠠᠯ ᠤᠨ ᠪᠠᠲᠤᠯᠠᠭ᠎ᠠ ᠬᠠᠩᠭᠠᠪᠠ᠃  ᠥᠪᠥᠷ ᠮᠣᠩᠭᠤᠯ ᠤᠨ ᠲᠢᠩᠬᠢᠮ ︽ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠳᠤ ︿ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠬᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ﹀ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠲᠤᠬᠠᠶ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠬᠡᠷ ᠢ ᠪᠠᠶᠢᠭᠤᠯᠵᠤ᠂ ᠡᠭᠦᠷᠭᠡ ᠶᠢ ᠨᠠᠷᠢᠯᠢᠬᠵᠢᠭᠤᠯᠤᠨ ᠬᠤᠪᠢᠶᠠᠷᠢᠯᠠᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠠᠵᠢᠯ ᠢ ᠠᠬᠢᠭᠤᠯᠬᠤ ᠬᠤᠷᠠᠯ ᠵᠢᠴᠢ ᠪᠠᠲᠤ ᠪᠠᠬᠢ ᠪᠠᠬᠢᠯᠡᠯᠲᠡ ᠶᠢᠨ ᠵᠢᠱᠢᠶᠡᠴᠢ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠤᠨ ᠸᠢᠳᠢᠣ᠋ ᠬᠤᠷᠠᠯ ᠢ ᠬᠤᠷᠠᠯᠳᠤᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠪᠣᠳᠠᠲᠠᠶ ᠲᠠᠢ ᠤᠶᠠᠯᠳᠤᠭᠤᠯᠤᠨ᠂ ᠵᠢᠱᠢᠶᠡᠴᠢ ᠨᠠᠮ ᠤᠨ ᠡᠭᠦᠷ ᠤᠨ ᠪᠠᠶᠢᠭᠤᠯᠤᠯᠲᠠ ᠬᠢᠭᠡᠳ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠠᠵᠢᠯ ᠤᠨ ᠣᠷᠭᠠᠨᠢᠭ ᠠᠭᠤᠰᠤᠯᠴᠠᠯ ᠢ ᠠᠬᠢᠭᠤᠯᠤᠨ᠎ᠠ᠃  ᠥᠪᠥᠷ ᠮᠣᠩᠭᠤᠯ ᠤᠨ ᠲᠢᠩᠬᠢᠮ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠠᠩᠬᠠᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠭᠢᠯᠡᠵᠦ᠂ ᠭᠠᠵᠠᠷ ᠬᠡᠷᠡᠭᠯᠡᠬᠦ᠂ ᠠᠭᠤᠷᠬᠠᠶ ᠬᠡᠷᠡᠭᠯᠡᠬᠦ ᠶᠢ ᠬᠢᠨᠠᠨ ᠵᠥᠪᠰᠢᠶᠡᠷᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠬᠡᠪ ᠴᠢᠨᠠᠷ ᠢᠶᠠᠷ ᠴᠢᠩᠭ᠎ᠠ ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠯᠡᠷᠡᠭᠦᠯᠦᠨ ᠪᠣᠶ ᠪᠣᠯᠭᠠᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠠᠳᠠᠯᠢᠳᠬᠠᠨ ᠰᠤᠷᠤᠯᠴᠠᠵᠤ ᠭᠦᠢᠴᠡᠨ ᠳᠠᠪᠠᠭ᠋ᠤ ᠠᠭᠤᠷ ᠠᠮᠢᠰᠬᠤᠯ ᠢ ᠪᠣᠶ ᠪᠣᠯᠭᠠᠵᠤ᠂ ︽ᠬᠤᠶᠠᠷ ᠰᠢᠯᠢᠳᠡᠭ︾ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ ᠣᠳᠣᠬᠠᠨ ᠳᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠴᠠᠭ ᠢ 12 ᠠᠵᠢᠯᠯᠠᠬᠤ ᠡᠳᠦᠷ ᠪᠠᠶᠢᠭᠰᠠᠨ ᠠᠴᠠ 10 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠠᠭᠤᠷᠬᠠᠶ ᠶᠢᠨ ᠦᠢᠯᠡᠰ ᠤᠨ ᠡᠷᠬᠡ ᠶᠢ ᠬᠢᠨᠠᠨ ᠵᠥᠪᠰᠢᠶᠡᠷᠡᠬᠦ ᠠᠵᠢᠯ ᠢ 13 ᠠᠵᠢᠯᠯᠠᠬᠤ ᠡᠳᠦᠷ ᠪᠠᠶᠢᠭᠰᠠᠨ ᠠᠴᠠ 8 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃  ᠥᠪᠥᠷ ᠮᠣᠩᠭᠤᠯ ᠤᠨ ᠲᠢᠩᠬᠢᠮ ᠵᠢᠯ ᠤᠨ ᠡᠴᠦᠰ ᠠᠴᠠ ᠡᠮᠦᠨᠡᠬᠢ ︽ᠪᠠᠷᠢᠮᠵᠢᠶᠠᠲᠤ ᠭᠠᠵᠠᠷ︾᠎ ᠤᠨ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ ᠰᠢᠯᠵᠢᠭᠦᠯᠦᠨ ᠥᠭᠬᠦ ᠳᠤᠮᠳᠠᠬᠢ ᠡᠵᠡᠯᠡᠬᠦ ᠬᠠᠷᠢᠴᠠᠯ ᠢ       30 %᠎ ᠳᠤ ᠬᠦᠷᠦᠭᠦᠯᠬᠦ ᠬᠠᠷᠠᠯᠲᠠ ᠲᠠᠢ ᠬᠠᠷᠢᠴᠠᠭᠤᠯᠵᠤ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ︽ᠪᠠᠷᠢᠮᠵᠢᠶᠠᠲᠤ ᠭᠠᠵᠠᠷ︾᠎ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠳᠥᠭᠦᠮ ᠳᠥᠲᠡ᠂ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠢ ᠨᠠᠩ ᠴᠢᠨᠠᠷ ᠰᠠᠶᠢᠲᠠᠶ᠂ ᠭᠠᠵᠠᠷ ᠰᠢᠷᠣᠶ ᠶᠢᠨ ᠠᠰᠢᠭᠯᠠᠯᠲᠠ ᠶᠢ ᠨᠠᠩ ᠥᠨᠳᠥᠷ ᠪᠦᠲᠦᠮᠵᠢᠲᠡᠶ ᠪᠣᠯᠭᠠᠨ᠎ᠠ᠃ ᠣᠳᠣᠬᠠᠨ ᠪᠣᠯᠲᠠᠯ᠎ᠠ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ︽ᠪᠠᠷᠢᠮᠵᠢᠶᠠᠲᠤ ᠭᠠᠵᠠᠷ︾᠎ ᠢ ᠨᠡᠶᠢᠲᠡ 220 ᠬᠡᠰᠡᠭ ᠰᠢᠯᠵᠢᠭᠦᠯᠦᠨ ᠥᠭᠴᠦ᠂ ᠶᠡᠷᠦᠩᠬᠡᠶ ᠲᠠᠯᠠᠪᠠᠶ ᠨᠢ 2158.96 ᠾᠧᠺᠲ᠋ᠠᠷ ᠪᠠᠶᠢᠵᠤ᠂ ᠭᠠᠵᠠᠷ ᠰᠢᠷᠣᠶ ᠶᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ 33.77 ᠳ᠋ᠦᠩᠰᠢᠭᠤᠷ ᠲᠥᠭᠦᠷᠢᠭ ᠲᠤ ᠬᠦᠷᠴᠦ᠂ ︽ᠪᠠᠷᠢᠮᠵᠢᠶᠠᠲᠤ    ᠭᠠᠵᠠᠷ︾᠎ ᠤᠨ ᠪᠥᠬᠦ ᠣᠷᠣᠨ ᠤ ᠡᠯ᠎ᠡ ᠲᠥᠷᠥᠯ ᠤᠨ ᠨᠡᠭᠡᠭᠡᠯᠲᠡ ᠶᠢᠨ ᠣᠷᠣᠨ ᠤ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ᠳᠣᠲᠣᠷ᠎ᠠ ᠡᠵᠡᠯᠡᠬᠦ ᠬᠠᠷᠢᠴᠠᠯ ᠨᠢ 60.94 %᠎ ᠳᠤ ᠬᠦᠷᠴᠡᠶ᠃  ᠥᠪᠥᠷ ᠮᠣᠩᠭᠤᠯ ᠤᠨ ᠲᠢᠩᠬᠢᠮ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ︽ᠭᠠᠵᠠᠷ ᠲᠤᠰᠢᠶᠠᠪᠠᠯ ᠳᠠᠷᠤᠶ ᠭᠡᠷᠡᠴᠢ ᠪᠠᠨ ᠲᠤᠰᠢᠶᠠᠬᠤ︾᠂ ︽ᠬᠡᠷ ᠲᠤᠰᠢᠶᠠᠪᠠᠯ ᠳᠠᠷᠤᠶ ᠭᠡᠷᠡᠴᠢ ᠪᠠᠨ ᠲᠤᠰᠢᠶᠠᠬᠤ︾ ᠭᠡᠬᠦ ᠥᠭᠡᠷᠡᠴᠢᠯᠡᠯᠲᠡ ᠶᠢ ᠬᠡᠷᠡᠭᠵᠢᠭᠦᠯᠵᠦ᠂ ᠭᠠᠵᠠᠷ ᠲᠤᠰᠢᠶᠠᠪᠠᠯ ᠭᠡᠷᠡᠴᠢ ᠪᠠᠨ ᠲᠤᠰᠢᠶᠠᠬᠤ᠂ ᠬᠡᠷ ᠲᠤᠰᠢᠶᠠᠬᠤ ᠳᠤ ᠭᠡᠷᠡᠴᠢ ᠪᠠᠨ ᠲᠤᠰᠢᠶᠠᠬᠤ ᠳᠤ ︽ᠴᠠᠭ ᠤᠨ ᠵᠥᠷᠢᠶ᠎ᠡ ᠥᠬᠡᠶ︾ ᠬᠠᠷᠠᠯᠲᠠ ᠶᠢ ᠪᠡᠶᠡᠯᠡᠭᠦᠯᠵᠦ᠂ ᠪᠥᠬᠦ ᠣᠷᠣᠨ ᠤ 64 ᠬᠤᠰᠢᠭᠤ ᠰᠢᠶᠠᠨ ᠤ 121 ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠤᠨ ᠲᠥᠷᠥᠯ ᠵᠦᠢᠯ ᠨᠢ ︽ᠬᠡᠷ ᠲᠤᠰᠢᠶᠠᠪᠠᠯ ᠳᠠᠷᠤᠶ ᠭᠡᠷᠡᠴᠢ ᠪᠠᠨ ᠲᠤᠰᠢᠶᠠᠬᠤ︾᠎ ᠶᠢ ᠪᠡᠶᠡᠯᠡᠭᠦᠯᠵᠦ᠂ ᠣᠷᠣᠰᠢᠨ ᠰᠠᠭᠤᠬᠤ ᠡᠷᠬᠡ ᠪᠠ ᠥᠮᠴᠢᠯᠡᠬᠦ ᠡᠷᠬᠡ ᠶᠢ ᠵᠡᠷᠭᠡ ᠪᠠᠷ ᠶᠠᠪᠤᠭᠳᠠᠭᠤᠯᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠭᠠᠷ ᠳᠠᠮᠵᠢᠭᠰᠠᠨ ᠣᠷᠣᠨ ᠰᠠᠭᠤᠴᠠ ᠶᠢ ︽ᠪᠠᠷᠢᠴᠠᠭ᠎ᠠ ᠲᠠᠢ ᠪᠠᠷ ᠡᠷᠦᠬᠡ ᠰᠢᠯᠵᠢᠭᠦᠯᠬᠦ︾ ᠥᠭᠡᠷᠡᠴᠢᠯᠡᠯᠲᠡ ᠶᠢ ᠰᠦᠪᠡᠭᠴᠢᠯᠡᠨ ᠠᠬᠢᠭᠤᠯᠵᠤ᠂ ᠪᠥᠬᠦ ᠣᠷᠣᠨ ᠤ 12 ᠠᠶᠢᠮᠠᠭ ᠬᠤᠲᠠ ᠶᠢᠨ 43 ᠬᠤᠰᠢᠭᠤ ᠰᠢᠶᠠᠨ ᠨᠡᠶᠢᠲᠡ 85 ᠪᠠᠩᠬᠢ ᠲᠠᠢ ᠭᠠᠷ ᠬᠤᠯᠪᠣᠯᠴᠠᠨ᠂ ᠭᠠᠷ ᠳᠠᠮᠵᠢᠭᠰᠠᠨ ᠣᠷᠣᠨ ᠰᠠᠭᠤᠴᠠ ᠶᠢ ︽ᠪᠠᠷᠢᠴᠠᠭ᠎ᠠ ᠲᠠᠢ ᠪᠠᠷ ᠡᠷᠦᠬᠡ ᠰᠢᠯᠵᠢᠭᠦᠯᠬᠦ︾᠎ ᠶᠢ ᠪᠡᠶᠡᠯᠡᠭᠦᠯᠪᠡ᠃ 
ᠢᠷᠡᠯᠲᠡ᠄ ᠳᠤᠮᠳᠠᠳᠤ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠤᠨ ᠰᠣᠨᠢᠨ