ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠨᠡᠶᠢᠲᠡ ᠶᠢᠨ ᠪᠠᠶᠢᠭᠠᠯᠢ ᠶᠢᠨ ᠡᠬᠢ ᠪᠠᠶᠠᠯᠢᠭ ᠤᠨ | ᠬᠢᠨᠠᠯᠲᠠ ᠬᠠᠮᠢᠶᠠᠷᠤᠯᠲᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠬᠤ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠱᠠᠩᠨᠠᠬᠤ ᠠᠷᠭ᠎ᠠ︾ | ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠶᠡᠷᠦᠩᠬᠡᠶ ᠲᠦᠷᠢᠮ ᠢᠶᠠᠷ ᠬᠢᠨᠠᠯᠲᠠ ᠲᠠᠯᠪᠢᠵᠤ ᠱᠠᠩᠨᠠᠬᠤ ᠬᠦᠷᠢᠶ᠎ᠡ ᠬᠡᠪᠴᠢᠶ᠎ᠡ ᠳᠤ ᠴᠢᠩᠭ᠎ᠠ ᠬᠢᠨᠠᠯᠲᠠ | ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠵᠢᠴᠢ ᠱᠠᠩᠨᠠᠬᠤ ᠪᠠᠷᠢᠮᠵᠢᠶ᠎ᠠ ᠶᠢᠨ ᠲᠠᠰ ᠳᠠᠷᠠᠭᠠᠯᠠᠯ ᠳᠤ ᠬᠢᠨᠠᠯᠲᠠ ᠲᠠᠯᠪᠢᠵᠤ ᠬᠠᠮᠢᠶᠠᠷᠬᠤ ᠳᠠᠭᠠᠯᠳᠤᠭᠤᠯᠤᠯ | ᠲᠦᠷᠢᠮ ᠵᠢᠷᠭᠤᠭᠠᠨ ᠲᠠᠯ᠎ᠠ ᠠᠴᠠ 22 ᠵᠦᠢᠯ ᠤᠨ ᠪᠣᠳᠠᠲᠠᠶ ᠠᠭᠤᠯᠭ᠎ᠠ ᠶᠢ ᠲᠣᠳᠣᠷᠬᠠᠶᠢᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ | ᠵᠢᠷᠤᠮ ᠢ ᠤᠯᠠᠮ ᠨᠢᠭᠡ ᠠᠯᠬᠤᠮ ᠬᠠᠮᠠᠭᠠᠯᠠᠪᠠ᠃ | ᠬᠡᠪᠴᠢᠶ᠎ᠡ ᠶᠢ ᠨᠢ ᠲᠣᠳᠣᠷᠬᠠᠶ ᠪᠣᠯᠭᠠᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠢ ᠨᠡᠮᠡᠭᠳᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠤᠨ ᠣᠯᠤᠭᠰᠠᠨ ᠪᠠᠯᠠ ᠮᠥᠩᠭᠦ ᠶᠢ ᠥᠯᠥ ᠣᠯᠵᠤ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ ᠥᠬᠡᠶ ᠪᠥᠭᠡᠳ ᠬᠠᠷᠭᠤᠭᠤᠯᠤᠨ | ᠳᠣᠲᠣᠯᠠᠭᠰᠠᠨ ᠨᠢ ᠦᠨᠡᠨ ᠪᠣᠳᠠᠲᠠᠶ ᠬᠠᠤᠯᠢ ᠠᠴᠠ ᠵᠥᠷᠢᠴᠡᠭᠰᠡᠨ ᠰᠦᠪᠡᠭᠴᠢ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠬᠠᠤᠯᠢ ᠠᠴᠠ ᠵᠥᠷᠢᠴᠡᠭᠰᠡᠨ | ᠰᠦᠪᠡᠭᠴᠢ ᠶᠢ ᠢᠯᠡᠴᠢᠯᠡᠨ ᠮᠡᠳᠡᠭᠦᠯᠬᠦ ᠶᠢᠨ ᠪᠦᠳᠦᠮᠵᠢᠳᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠠᠴᠠ ᠵᠥᠷᠢᠴᠡᠭᠰᠡᠨ ᠰᠦᠪᠡᠭᠴᠢ ᠶᠢ | ᠢᠯᠡᠴᠢᠯᠡᠨ ᠮᠡᠳᠡᠭᠦᠯᠬᠦ ᠶᠢ ᠦᠨᠡᠨ ᠬᠦ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠴᠣᠬᠢᠯᠲᠠ ᠥᠭᠬᠦ ᠪᠦᠲᠦᠮᠵᠢᠲᠡᠶ ᠠᠷᠭ᠎ᠠ ᠵᠠᠮ ᠪᠣᠯᠭᠠᠵᠤ᠂ ᠢᠯᠡᠴᠢᠯᠡᠨ ᠮᠡᠳᠡᠭᠦᠯᠦᠭᠰᠡᠨ ᠱᠠᠩᠨᠠᠯ ᠤᠨ ᠪᠠᠯᠠ ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠶ | ᠵᠣᠬᠢᠰᠲᠠᠶ ᠬᠡᠷᠡᠭᠯᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ︽ᠱᠠᠩᠨᠠᠬᠤ ᠠᠷᠭ᠎ᠠ︾ ᠶᠢᠨ ᠳᠣᠯᠣᠳᠤᠭᠠᠷ ᠵᠦᠢᠯ ᠳᠤ᠂ ᠱᠠᠩᠨᠠᠯ ᠤᠨ ᠪᠠᠯᠠ ᠮᠥᠩᠭᠦ ᠶᠢ | ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠠᠬᠠᠨ ᠣᠯᠵᠤ ᠮᠡᠳᠡᠭᠡᠳᠦᠶ ᠪᠠᠶᠢᠴᠠᠭᠠᠨ ᠰᠢᠢᠳᠪᠦᠷᠢᠯᠡᠭᠡᠳᠦᠢ | ᠮᠥᠷᠲᠡᠭᠡᠨ ᠬᠢᠨᠠᠨ ᠪᠠᠶᠢᠴᠠᠭᠠᠭᠰᠠᠨ ᠤ ᠳᠠᠷᠠᠭ᠎ᠠ ᠦᠨᠡᠨ ᠪᠣᠳᠠᠲᠠᠶ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ | ᠵᠥᠷᠢᠴᠡᠭᠰᠡᠨ ᠠᠰᠠᠭᠤᠳᠠᠯ ᠤᠨ ᠰᠦᠪᠡᠭᠴᠢ ᠳᠤ ᠴᠢᠭᠯᠡᠭᠦᠯᠦᠨ ᠲᠣᠳᠣᠷᠬᠠᠶᠢᠯᠠᠪᠠ᠃ | ᠲᠥᠷᠥᠯ ᠬᠡᠯᠪᠡᠷᠢ ᠳᠤ ᠣᠷᠣᠯᠴᠠᠬᠤ ᠶᠢ ᠲᠣᠳᠣᠷᠬᠠᠶᠢᠯᠠᠵᠤ ᠭᠤᠤᠯᠳᠠᠯᠭ᠎ᠠ ᠶᠢ ᠳᠣᠪᠤᠶᠢᠯᠭᠠᠨ᠂ ᠲᠠᠷᠢᠶᠠᠨ ᠭᠠᠵᠠᠷ ᠳᠤᠤᠷ᠎ᠠ ᠨᠡᠭᠡᠭᠡᠨ ᠮᠠᠯᠲᠠᠬᠤ ᠵᠢᠴᠢ | ᠬᠠᠤᠯᠢ ᠠᠴᠠ ᠵᠥᠷᠢᠴᠡᠭᠰᠡᠨ ᠬᠦᠨᠳᠦ ᠶᠡᠭᠡ ᠦᠢᠯᠡ ᠠᠵᠢᠯᠯᠠᠭ᠎ᠠ ᠶᠢᠨ ᠲᠣᠭᠤᠷᠢᠨ ᠳᠤ ᠱᠠᠩᠨᠠᠯ ᠤᠨ ᠮᠥᠩᠭᠦ ᠶᠢ ᠳᠡᠭᠡᠭᠰᠢᠯᠡᠭᠦᠯᠦᠨ᠎ᠡ᠃ ᠱᠠᠩᠨᠠᠯ ᠤᠨ ᠮᠥᠩᠭᠦ ᠶᠢᠨ | ᠲᠠᠯ᠎ᠠ ᠪᠠᠷ᠂ ᠬᠠᠤᠯᠢ ᠠᠴᠠ ᠵᠥᠷᠢᠴᠡᠭᠰᠡᠨ ᠲᠥᠷᠥᠯ ᠵᠦᠢᠯ ᠢ ᠦᠨᠳᠦᠰᠦᠯᠡᠨ ᠲᠣᠭᠲᠠᠭᠠᠵᠤ᠂ ᠢᠯᠡᠴᠢᠯᠡᠨ ᠮᠡᠳᠡᠭᠦᠯᠦᠭᠰᠡᠨ ᠭᠠᠵᠠᠷ ᠰᠢᠷᠣᠶ ᠶᠢᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠳᠣᠲᠣᠯᠠᠭᠠᠳ ᠲᠠᠷᠢᠶᠠᠨ ᠭᠠᠵᠠᠷ ᠠᠴᠠ ᠪᠤᠰᠤᠳ ᠭᠠᠵᠠᠷ ᠤᠨ ᠲᠥᠷᠥᠯ ᠳᠤ ᠬᠤᠯᠪᠣᠭᠳᠠᠭᠰᠠᠨ ᠪᠠᠶᠢᠪᠠᠯ᠂ | 2000 ᠲᠥᠭᠦᠷᠢᠭ ᠢᠶᠠᠷ ᠱᠠᠩᠨᠠᠨ᠎ᠠ︔ ᠲᠠᠷᠢᠶᠠᠨ ᠭᠠᠵᠠᠷ ᠲᠤ ᠬᠤᠯᠪᠣᠭᠳᠠᠭᠰᠠᠨ ᠠᠷᠠᠳ ᠤᠨ ᠵᠣᠭᠤᠰ ᠢᠶᠠᠷ 3000 ᠲᠥᠭᠦᠷᠢᠭ ᠱᠠᠩᠨᠠᠨ᠎ᠠ︔ ᠪᠠᠶᠢᠴᠠᠭᠠᠨ | ᠳᠣᠲᠣᠯᠠᠭᠠᠳ ᠭᠠᠵᠠᠷ ᠰᠢᠷᠣᠶ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠣᠯᠠᠨ ᠵᠦᠢᠯ ᠤᠨ ᠭᠠᠵᠠᠷ ᠰᠢᠷᠣᠶ ᠶᠢᠨ ᠲᠥᠷᠥᠯ ᠳᠤ | ᠬᠤᠯᠪᠣᠭᠳᠠᠭᠰᠠᠨ ᠪᠠᠶᠢᠪᠠᠯ᠂ ᠥᠨᠳᠥᠷ ᠪᠠᠶᠢᠯᠭᠠᠬᠤ ᠵᠠᠷᠴᠢᠮ ᠢᠶᠠᠷ ᠱᠠᠩᠨᠠᠯ ᠣᠯᠭᠤᠨ᠎ᠠ᠃ ᠢᠯᠡᠴᠢᠯᠡᠨ ᠮᠡᠳᠡᠭᠦᠯᠦᠭᠰᠡᠨ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠳᠣᠲᠣᠯᠠᠭᠠᠳ ᠵᠠᠳᠠᠭᠠᠶ ᠨᠡᠭᠡᠭᠡᠨ ᠮᠠᠯᠲᠠᠭᠰᠠᠨ ᠭᠡᠵᠦ ᠭᠡᠷᠡᠴᠢᠯᠡᠪᠡᠯ᠂ | ᠠᠷᠠᠳ ᠤᠨ ᠵᠣᠭᠤᠰ 2000 ᠲᠥᠭᠦᠷᠢᠭ ᠱᠠᠩᠨᠠᠨ᠎ᠠ︔ ᠭᠠᠵᠠᠷ ᠳᠣᠣᠷ᠎ᠠ ᠠᠴᠠ ᠨᠡᠭᠡᠭᠡᠨ ᠮᠠᠯᠲᠠᠭᠰᠠᠨ ᠪᠠᠶᠢᠪᠠᠯ᠂ ᠠᠷᠠᠳ ᠤᠨ ᠵᠣᠭᠤᠰ ᠢᠶᠠᠷ 3000 | ᠲᠥᠭᠦᠷᠢᠭ ᠱᠠᠩᠨᠠᠨ᠎ᠠ︔ ᠪᠠᠶᠢᠴᠠᠭᠠᠨ ᠲᠤᠳᠤᠯᠠᠭᠠᠳ ᠵᠠᠳᠠᠭᠠᠢ ᠮᠠᠯᠲᠠᠯᠲᠠ ᠪᠠᠶᠢᠬᠤ ᠮᠥᠷᠲᠡᠭᠡᠨ ᠪᠠᠰᠠ ᠭᠠᠵᠠᠷ ᠳᠣᠣᠷ᠎ᠠ ᠠᠴᠠ ᠮᠠᠯᠲᠠᠯᠲᠠ ᠬᠢᠭᠰᠡᠨ ᠪᠠᠶᠢᠪᠠᠯ᠂ | ᠥᠨᠳᠥᠷ ᠪᠠᠶᠢᠯᠭᠠᠬᠤ ᠵᠠᠷᠴᠢᠮ ᠢᠶᠠᠷ ᠱᠠᠩᠨᠠᠨ ᠬᠥᠬᠢᠭᠦᠯᠦᠨ᠎ᠡ᠃ ᠬᠠᠤᠯᠢ ᠠᠴᠠ ᠵᠥᠷᠢᠴᠡᠭᠰᠡᠨ ᠬᠦᠨᠳᠦ ᠶᠡᠭᠡ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ᠂ | ᠰᠢᠢᠳᠭᠡᠨ ᠲᠣᠷᠭᠠᠭᠰᠠᠨ ᠵᠣᠭᠤᠰ ᠤᠨ ᠲᠤᠭ᠎ᠠ ᠨᠢ ᠠᠷᠠᠳ ᠤᠨ ᠵᠣᠭᠤᠰ ᠢᠶᠠᠷ 500 ᠲᠦᠮᠡᠨ ᠲᠥᠭᠦᠷᠢᠭ ᠠᠴᠠ ᠬᠡᠲᠦᠷᠡᠭᠰᠡᠨ ᠪᠠᠶᠢᠪᠠᠯ᠂ ᠠᠰ ᠲᠤᠨᠢ | ᠢᠯᠡᠴᠢᠯᠡᠨ ᠮᠡᠳᠡᠭᠦᠯᠦᠭᠰᠡᠨ ᠢ ᠨᠢ 3 ᠲᠦᠮᠡᠨ ᠲᠥᠭᠦᠷᠢᠭ ᠢᠶᠠᠷ ᠱᠠᠩᠨᠠᠨ᠎ᠠ᠃ | ︽ᠡᠷᠲᠡ ᠢᠯᠡᠷᠡᠭᠦᠯᠵᠦ ᠬᠦᠴᠦᠯᠡᠨ ᠬᠤᠷᠢᠭᠯᠠᠬᠤ︾ ᠶᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠥᠭᠵᠢᠬᠦ | ᠬᠠᠨᠳᠤᠰᠢ ᠶᠢ ᠡᠷᠡᠰ ᠬᠤᠷᠢᠭᠯᠠᠨ᠎ᠠ᠃ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠢᠳᠡᠪᠬᠢᠵᠢᠯ ᠢ ᠦᠨᠡᠨᠬᠦ ᠳᠡᠭᠡᠭᠰᠢᠯᠡᠭᠦᠯᠵᠦ᠂ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠠᠩᠬ᠎ᠠ ᠴᠤᠬᠤᠶᠢᠵᠤ ᠪᠠᠶᠢᠬᠤ ᠶᠢ ᠣᠯᠵᠤ ᠮᠡᠳᠡᠭᠡᠳ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠭᠰᠠᠨ ᠠᠴᠠ ᠪᠢᠰᠢ ᠬᠦᠨᠳᠦ ᠨᠣᠴᠢᠲᠠᠶ ᠬᠡᠷᠡᠭ ᠭᠠᠷᠭᠠᠭᠰᠠᠨ ᠦᠭᠡᠶ ︽ᠬᠡᠷᠡᠭ | ᠪᠣᠯᠭᠠᠨ ᠳᠠᠩᠰᠠᠯᠠᠭᠰᠠᠨ ᠦᠭᠡᠶ︾ ᠪᠠᠷ ᠰᠢᠢᠳᠪᠦᠷᠢᠯᠡᠬᠦ ᠳᠤ ᠨᠡᠶᠢᠴᠡᠬᠦ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠴᠠᠭ ᠲᠤᠬᠠᠶ ᠳᠤᠨᠢ ᠣᠯᠵᠤ ᠮᠡᠳᠡᠬᠦ ᠶᠢᠨ | ᠲᠤᠰᠠᠳᠠ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢᠶᠠᠷ ᠪᠠᠶᠢᠴᠠᠭᠠᠨ ᠬᠠᠷᠭᠤᠭᠤᠯᠤᠭᠠᠳ᠂ ᠵᠣᠭᠤᠰ ᠢᠶᠠᠷ ᠲᠣᠷᠭᠠᠬᠤ ᠵᠣᠭᠤᠰ ᠤᠨ ᠲᠤᠭ᠎ᠠ ᠳᠤ | ᠬᠤᠯᠪᠣᠭᠳᠠᠬᠤ ᠦᠭᠡᠶ ᠪᠠᠶᠢᠭᠰᠠᠨ ᠴᠤ ᠨᠠᠭᠠᠳᠤ ᠵᠠᠬ᠎ᠠ ᠶᠢᠨ ᠱᠠᠩᠨᠠᠬᠤ ᠪᠠᠷᠢᠮᠵᠢᠶ᠎ᠠ ᠶᠣᠰᠣᠭᠠᠷ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠵᠦ ᠪᠣᠯᠤᠨ᠎ᠠ᠃ | ᠱᠠᠩᠨᠠᠯ ᠤᠨ ᠮᠥᠩᠭᠦ ᠣᠯᠭᠤᠬᠤ ᠭᠤᠤᠯ ᠴᠣᠭᠴᠠ ᠶᠢ ᠠᠮᠢᠳᠤᠯᠢᠭ ᠢᠶᠠᠷ ᠬᠡᠷᠡᠭᠵᠢᠭᠦᠯᠵᠦ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ︽ | ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ︾᠃ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠭᠤᠤᠯ ᠴᠣᠭᠴᠠ ᠨᠢ ᠵᠠᠷᠴᠢᠮ ᠳᠡᠭᠡᠷ᠎ᠡ ᠪᠠᠨ ︽ᠬᠡᠨ ᠭᠤᠤᠯᠴᠢᠯᠠᠨ | ᠬᠠᠮᠢᠶᠠᠷᠪᠠᠯ ᠲᠡᠷᠡ ᠬᠠᠰᠤᠨ᠎ᠠ ᠬᠦᠯᠢᠶᠡᠨ ᠠᠪᠤᠪᠠᠯ ᠲᠡᠷᠡ ᠪᠠᠶᠢᠴᠠᠭᠠᠨ ᠰᠢᠢᠳᠪᠦᠷᠢᠯᠡᠪᠡᠯ ᠲᠡᠷᠡ ᠱᠠᠩᠨᠠᠨ᠎ᠠ︾ ᠭᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠬᠤ ᠶᠢᠨ | ᠬᠠᠮᠲᠤ᠂ ᠣᠳᠣᠬᠠᠨ ᠳᠤ ᠪᠦᠬᠦ ᠣᠷᠣᠨ ᠤ ᠦᠨᠳᠦᠰᠦᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠣᠯᠠᠩᠬᠢ ᠨᠢ ᠬᠠᠮᠢᠶ᠎ᠠ ᠪᠦᠬᠦᠢ | ᠱᠠᠩᠨᠠᠬᠤ ᠠᠷᠭ᠎ᠠ ᠶᠢ ᠬᠠᠷᠠᠬᠠᠨ ᠲᠣᠭᠲᠠᠭᠠᠭᠠᠳᠤᠶ ᠣᠯᠠᠩᠬᠢ ᠨᠢ ᠢᠯᠡᠴᠢᠯᠡᠨ ᠮᠡᠳᠡᠭᠦᠯᠦᠭᠰᠡᠨ ᠱᠠᠩᠨᠠᠯ ᠤᠨ ᠪᠡᠯᠡ ᠮᠥᠩᠭᠦ ᠶᠢᠨ ᠲᠥᠰᠦᠪ ᠢ ᠲᠤᠰᠬᠠᠶ | ᠪᠠᠶᠢᠭᠤᠯᠤᠭᠠᠳᠤᠶ ᠡᠳ᠋ ᠤᠨ ᠵᠠᠰᠠᠭ ᠤᠨ ᠪᠡᠯᠡ ᠮᠥᠩᠭᠦ ᠨᠡᠶᠢᠳᠡᠮ ᠳᠡᠭᠡᠨ ᠪᠠᠴᠢᠮ ᠪᠠᠶᠢᠬᠤ ᠵᠡᠷᠭᠡ ᠪᠠᠶᠢᠳᠠᠯ ᠢ ᠪᠤᠳᠤᠯᠬᠢᠯᠠᠵᠤ᠂ ︽ᠱᠠᠩᠨᠠᠬᠤ ᠠᠷᠭ᠎ᠠ︾ ᠶᠢᠨ | ᠲᠠᠪᠤᠳᠤᠭᠠᠷ ᠵᠦᠢᠯ ᠳᠤ ︽ᠬᠡᠷᠪᠡ ᠬᠢᠨᠠᠨ ᠪᠠᠶᠢᠴᠠᠭᠠᠵᠤ ᠰᠢᠢᠳᠪᠦᠷᠢᠯᠡᠬᠦ ᠰᠠᠯᠠᠭ᠎ᠠ ᠮᠥᠴᠢᠷ ᠨᠢ ᠪᠤᠰᠤᠳ ᠰᠢᠯᠲᠠᠭᠠᠨ ᠠᠴᠠ ᠪᠣᠯᠵᠣ᠂ ᠢᠯᠡᠴᠢᠯᠡᠨ | ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠪᠠᠯᠠ ᠭᠠᠷᠭᠠᠵᠤ ᠱᠠᠩᠨᠠᠬᠤ ᠴᠢᠬᠤᠯᠠᠲᠠᠶ ᠪᠠᠶᠢᠪᠠᠯ᠂ ᠪᠢᠴᠢᠭ ᠢᠶᠠᠷ ᠭᠤᠶᠤᠴᠢᠯᠠᠯ | ᠭᠠᠷᠭᠠᠬᠤ ᠬᠡᠷᠡᠭᠲᠡᠶ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠨᠢ ᠭᠤᠶᠤᠴᠢᠯᠠᠯ ᠢ ᠣᠯᠤᠭᠰᠠᠨ ᠤ ᠳᠠᠷᠠᠭ᠎ᠠ | ᠪᠣᠳᠠᠲᠤ ᠪᠠᠶᠢᠳᠠᠯ ᠢᠶᠠᠨ ᠦᠨᠳᠦᠰᠦᠯᠡᠨ ᠱᠠᠩᠨᠠᠯ ᠤᠨ ᠮᠥᠩᠭᠦ ᠣᠯᠭᠤᠬᠤ ᠭᠤᠤᠯ ᠴᠣᠭᠴᠠ ᠶᠢ ᠲᠣᠭᠲᠠᠭᠠᠬᠤ ᠬᠡᠷᠡᠭᠲᠡᠶ︾ ᠭᠡᠵᠦ ᠲᠣᠳᠣᠷᠬᠠᠶ ᠲᠣᠭᠲᠠᠭᠠᠪᠠ᠂ | ᠲᠤᠬᠠᠶᠢᠯᠠᠪᠠᠯ ᠲᠢᠩᠬᠢᠮ ᠲᠣᠰ ᠱᠠᠲᠤᠨ ᠤ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠢ ᠡᠯ᠎ᠡ ᠭᠠᠵᠠᠷ ᠤᠨ ᠭᠤᠶᠤᠴᠢᠯᠠᠯ ᠢ ᠦᠨᠳᠦᠰᠦᠯᠡᠨ ᠲᠢᠩᠬᠢᠮ ᠤᠨ | ᠲᠣᠰ ᠱᠠᠲᠤᠨ ᠠᠴᠠ ᠣᠯᠭᠤᠵᠤ᠂ ᠱᠠᠩᠨᠠᠯ ᠤᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠱᠠᠩᠨᠠᠯ ᠣᠯᠭᠤᠬᠤ ᠶᠠᠪᠤᠴᠠ ᠶᠢ ᠲᠣᠳᠣᠷᠬᠠᠶᠢᠯᠠᠵᠤ᠂ ᠢᠯᠡᠴᠢᠯᠡᠨ ᠮᠡᠳᠡᠭᠦᠯᠦᠭᠴᠢ ᠶᠢᠨ ᠱᠠᠩᠨᠠᠯ ᠤᠨ ᠮᠥᠩᠭᠦ ᠣᠯᠭᠤᠬᠤ ᠪᠥᠬᠦ ᠶᠠᠪᠤᠴᠠ ᠶᠢᠨ ᠲᠣᠳᠣᠷᠬᠠᠶ | ᠪᠠᠶᠢᠬᠤ ᠶᠢ ᠦᠨᠡᠨᠬᠦ ᠪᠠᠲᠤᠯᠠᠨ᠎ᠠ᠃ ᠢᠯᠡᠴᠢᠯᠡᠨ ᠮᠡᠳᠡᠭᠦᠯᠦᠭᠴᠢ ᠱᠠᠩᠨᠠᠯ ᠠᠪᠬᠤ ᠮᠡᠳᠡᠭᠳᠡᠯ ᠢ ᠣᠯᠤᠭᠰᠠᠨ ᠤ ᠳᠠᠷᠠᠭ᠎ᠠ᠂ 60 ᠡᠳᠦᠷ ᠤᠨ ᠳᠣᠲᠣᠷ᠎ᠠ ᠬᠤᠪᠢ | ᠬᠥᠮᠦᠨ ᠤ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠠᠪᠴᠤ ᠠᠵᠢᠯᠯᠠᠵᠤ ᠪᠠᠶᠢᠭ᠎ᠠ ᠨᠢᠭᠡᠴᠢ ᠵᠢᠴᠢ ᠲᠤᠰᠢᠶᠠᠯ ᠤᠨ ᠮᠡᠳᠡᠭᠡ ᠵᠠᠩᠭᠢ ᠪᠠᠨ ᠠᠪᠴᠤ ᠵᠢᠭᠠᠨ | ᠲᠣᠭᠲᠠᠭᠠᠭᠰᠠᠨ ᠭᠠᠵᠠᠷ ᠲᠤ ᠣᠴᠢᠵᠤ ᠱᠠᠩᠨᠠᠯ ᠤᠨ ᠮᠥᠩᠭᠦ ᠠᠪᠬᠤ ᠬᠡᠷᠡᠭᠲᠡᠶ᠂ ᠪᠠᠰᠠ ᠲᠣᠰ ᠬᠥᠮᠦᠨ ᠤ ᠪᠠᠩᠬᠢ ᠶᠢᠨ ᠲᠠᠩᠰᠠᠨ ᠨᠣᠮᠧᠷ ᠢᠶᠠᠨ ᠲᠠᠩᠰᠠ | ᠰᠢᠯᠵᠢᠭᠦᠯᠬᠦ ᠬᠡᠯᠪᠡᠷᠢ ᠪᠠᠷ ᠳᠠᠮᠵᠢᠭᠤᠯᠤᠨ ᠱᠠᠩᠨᠠᠯ ᠤᠨ ᠮᠥᠩᠭᠦ ᠠᠪᠴᠤ ᠪᠣᠯᠤᠨ᠎ᠠ︔ ᠢᠯᠡᠴᠢᠯᠡᠨ ᠮᠡᠳᠡᠭᠦᠯᠦᠭᠴᠢ ᠳᠤ ᠮᠡᠳᠡᠭᠳᠡᠬᠦ ᠶᠢᠨ ᠠᠷᠭ᠎ᠠ ᠦᠭᠡᠶ ᠪᠣᠯ | ᠢᠯᠡᠴᠢᠯᠡᠨ ᠮᠡᠳᠡᠭᠦᠯᠦᠭᠰᠡᠨ ᠤ ᠱᠠᠩᠨᠠᠯ ᠤᠨ ᠮᠥᠩᠭᠦ ᠣᠯᠭᠤᠬᠤ ᠶᠢ ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠠᠯᠪᠠᠨ ᠰᠦᠯᠵᠢᠶᠡᠨ ᠳᠡᠭᠡᠷ᠎ᠡ ᠪᠠᠨ ᠠᠯᠪᠠᠨ ᠵᠠᠷ | ᠭᠠᠷᠭᠠᠵᠤ ᠮᠡᠳᠡᠭᠳᠡᠬᠦ ᠬᠡᠷᠡᠭᠲᠡᠶ᠃ ᠬᠤᠭᠤᠴᠠᠭ᠎ᠠ ᠬᠡᠲᠦᠷᠡᠲᠡᠯ᠎ᠡ ᠱᠠᠩᠨᠠᠯ ᠤᠨ ᠮᠥᠩᠭᠦ ᠠᠪᠤᠭᠰᠠᠨ ᠦᠭᠡᠢ ᠪᠠᠶᠢᠪᠠᠯ᠂ ᠱᠠᠩᠨᠠᠯ ᠠᠪᠬᠤ ᠡᠷᠬᠡ ᠪᠠᠨ ᠬᠠᠶᠠᠭᠰᠠᠨ ᠢᠶᠠᠷ | ᠦᠵᠡᠨ᠎ᠡ︔ ᠵᠦᠢ ᠵᠣᠬᠢᠰᠲᠠᠢ ᠰᠢᠯᠲᠠᠭᠠᠨ ᠢᠶᠠᠨ ᠲᠣᠳᠣᠷᠬᠠᠶᠢᠯᠠᠵᠤ ᠴᠢᠳᠠᠪᠠᠯ 30 ᠡᠳᠦᠷ ᠤᠷᠲᠤᠳᠬᠠᠵᠤ ᠱᠠᠩᠨᠠᠯ ᠤᠨ ᠮᠥᠩᠭᠦ ᠠᠪᠴᠤ ᠪᠣᠯᠤᠨ᠎ᠠ︔ | ᠢᠯᠡᠴᠢᠯᠡᠨ ᠮᠡᠳᠡᠭᠦᠯᠦᠭᠴᠢ ᠰᠠᠨᠠᠭᠠᠴᠢᠯᠠᠭ᠎ᠠ ᠠᠴᠠ ᠪᠠᠨ ᠱᠠᠩᠨᠠᠯ ᠬᠥᠬᠢᠭᠦᠯᠦᠯ ᠢ ᠲᠡᠪᠴᠢᠬᠦ ᠪᠠᠷ ᠱᠠᠭᠠᠷᠳᠠᠭᠰᠠᠨ ᠪᠠᠶᠢᠪᠠᠯ᠂ ᠱᠠᠩᠨᠠᠬᠤ ᠵᠢᠷᠤᠮ ᠢ ᠵᠣᠭᠰᠣᠭᠠᠨ᠎ᠠ᠃ | ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠴᠢ ᠶᠢ ᠱᠠᠩᠨᠠᠬᠤ ᠬᠡᠷᠡᠭᠴᠡᠭᠡ ᠱᠠᠭᠠᠷᠳᠠᠯᠭ᠎ᠠ ᠲᠠᠢ ᠪᠣᠯ ᠢᠯᠡᠴᠢᠯᠡᠨ ᠮᠡᠳᠡᠭᠦᠯᠬᠦ ᠶᠢᠨ ᠬᠠᠮᠲᠤ ᠪᠡᠶ᠎ᠡ ᠶᠢᠨ ᠬᠢᠷᠢ | ᠬᠡᠮ ᠢ ᠨᠢ ᠢᠯᠭᠠᠨ ᠲᠠᠨᠢᠵᠤ ᠳᠡᠶᠢᠯᠬᠦ ᠮᠡᠳᠡᠭᠡ ᠵᠠᠩᠭᠢ ᠶᠢ ᠪᠡᠶ᠎ᠡ ᠬᠡᠮ ᠤᠨ ᠣᠷᠣᠯᠠᠬᠤ ᠲᠡᠮᠳᠡᠭ ᠬᠠᠩᠭᠠᠬᠤ ᠶᠢᠨ ᠬᠠᠮᠲᠤ ᠢᠯᠡᠴᠢᠯᠡᠨ ᠮᠡᠳᠡᠭᠦᠯᠦᠯᠲᠡ ᠶᠢ | ᠬᠦᠯᠢᠶᠡᠨ ᠠᠪᠬᠤ ᠰᠠᠯᠠᠭ᠎ᠠ ᠮᠥᠴᠢᠷ ᠯᠦᠭᠡ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠭᠰᠡᠨ ᠦᠷ᠎ᠡ ᠳ᠋ᠦᠩ ᠪᠠ ᠱᠠᠩᠨᠠᠬᠤ ᠡᠷᠬᠡ ᠶᠢ ᠮᠡᠳᠡᠭᠳᠡᠬᠦ ᠠᠷᠭ᠎ᠠ | ᠮᠠᠶ᠋ᠢᠭ ᠢ ᠪᠣᠯᠵᠣᠨ ᠲᠣᠭᠲᠠᠬᠤ ᠬᠡᠷᠡᠭᠲᠡᠶ᠃ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠴᠢ ᠱᠠᠩᠨᠠᠯ ᠲᠣᠰᠬᠤ ᠮᠡᠳᠡᠭᠳᠡᠯ ᠢ ᠣᠯᠤᠭᠰᠠᠨ ᠪᠥᠭᠡᠳ ᠱᠠᠩᠨᠠᠯ | ᠠᠪᠬᠤ ᠪᠠᠷ ᠲᠣᠭᠲᠠᠭᠰᠠᠨ ᠪᠠᠶᠢᠪᠠᠯ᠂ ᠪᠡᠶ᠎ᠡ ᠶᠢᠨ ᠣᠷᠣᠯᠠᠯ ᠨᠣᠮᠧᠷ ᠵᠢᠴᠢ ᠬᠦᠴᠦᠨ ᠪᠥᠬᠦᠶ ᠪᠡᠶ᠎ᠡ ᠶᠢᠨ ᠦᠨᠡᠮᠯᠡᠯ ᠵᠡᠷᠭᠡ ᠮᠡᠳᠡᠭᠡ ᠵᠠᠩᠭᠢ ᠶᠢ | ᠰᠠᠨᠠᠭᠠᠴᠢᠯᠠᠭ᠎ᠠ ᠠᠴᠠ ᠪᠠᠨ ᠬᠠᠩᠭᠠᠵᠤ᠂ ᠪᠡᠶ᠎ᠡ ᠬᠡᠮ ᠢ ᠬᠢᠨᠠᠨ ᠬᠠᠷᠭᠤᠭᠤᠯᠬᠤ ᠳᠤ ᠲᠥᠬᠦᠮ ᠪᠣᠯᠭᠠᠬᠤ ᠬᠡᠷᠡᠭᠲᠡᠶ᠃ | ᠣᠯᠠᠨ ᠲᠦᠮᠡᠨ ᠢ ᠱᠠᠩᠨᠠᠨ ᠬᠥᠬᠢᠭᠦᠯᠬᠦ ᠶᠢ ᠴᠢᠬᠤᠯᠠᠴᠢᠯᠠᠵᠤ᠂ ᠰᠠᠯᠠᠭ᠎ᠠ ᠮᠥᠴᠢᠷ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠣᠯᠠᠨ ᠲᠦᠮᠡᠨ | ᠬᠢᠭᠡᠳ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠨᠡᠶᠢᠯᠡᠮᠡᠯ | ᠬᠦᠴᠦᠨ ᠢ ᠪᠣᠶ ᠪᠣᠯᠭᠠᠨ᠎ᠠ᠃ ︽ᠱᠠᠩᠨᠠᠬᠤ ᠠᠷᠭ᠎ᠠ︾ ᠨᠢ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠱᠠᠩᠨᠠᠯ ᠲᠠᠢ ᠢᠯᠡᠴᠢᠯᠡᠨ ᠮᠡᠳᠡᠭᠦᠯᠬᠦ ᠶᠢ ᠳᠣᠭᠢᠷᠠᠭᠤᠯᠬᠤ ᠪᠠᠷ | ᠳᠠᠮᠵᠢᠭᠤᠯᠤᠨ᠂ ᠨᠡᠶᠢᠭᠡᠮ ᠨᠡᠶᠢᠲᠡ ᠶᠢᠨ ᠬᠢᠨ ᠤ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠢᠳᠡᠪᠬᠢᠵᠢᠯ ᠢ ᠳᠡᠭᠡᠭᠰᠢᠯᠡᠭᠦᠯᠵᠦ᠂ ᠱᠠᠩᠨᠠᠬᠤ ᠬᠦᠷᠢᠶ᠎ᠡ ᠬᠡᠪᠴᠢᠶᠡᠨ ᠳᠤ ︽ᠪᠠᠶᠢᠭᠠᠯᠢ ᠶᠢᠨ ᠡᠬᠢ | ᠪᠠᠶᠠᠯᠢᠭ ᠤᠨ ᠣᠨᠴᠠ ᠲᠣᠭᠲᠠᠭᠰᠠᠨ ᠡᠭᠦᠷᠭᠡ ᠬᠠᠷᠢᠭᠤᠴᠠᠯᠭ᠎ᠠ ᠲᠠᠢ ᠬᠥᠮᠦᠰ ᠵᠢᠴᠢ ᠲᠡᠭᠦᠨ ᠤ ᠣᠶᠢᠷ᠎ᠠ ᠲᠥᠷᠥᠯ ᠰᠠᠳᠤᠨ ᠪᠤᠶᠤ ᠰᠠᠨᠠᠭᠤᠯᠤᠭᠰᠠᠨ ᠬᠦᠮᠦᠨ︾ | ᠶᠢ ᠱᠠᠩᠨᠠᠬᠤ ᠬᠦᠷᠢᠶ᠎ᠡ ᠬᠡᠪᠴᠢᠶᠡᠨ ᠳᠤ ᠣᠷᠣᠭᠤᠯᠬᠤ ᠥᠬᠡᠶ ᠭᠡᠵᠦ ᠲᠣᠳᠣᠷᠬᠠᠶᠢᠯᠠᠵᠤ᠂ ︽ᠣᠯᠠᠨ ᠲᠦᠮᠡᠨ ᠢᠯᠡᠴᠢᠯᠡᠨ ᠮᠡᠳᠡᠭᠦᠯᠬᠦ ᠳᠤ ᠠᠩᠬᠠᠷᠤᠯ ᠲᠠᠯᠪᠢᠵᠤ | ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠭᠴᠢ ᠣᠴᠢᠵᠤ ᠪᠠᠶᠢᠴᠠᠭᠠᠨ ᠰᠢᠢᠳᠪᠦᠷᠢᠡᠯᠬᠦ︾ ᠴᠣᠬᠢᠯᠲᠠ ᠥᠭᠬᠦ ᠨᠡᠶᠢᠯᠡᠮᠡᠯ ᠬᠦᠴᠦᠨ ᠢ ᠪᠣᠶ | ᠪᠣᠯᠭᠠᠬᠤ ᠶᠢᠨ ᠲᠥᠯᠥᠭᠡ ᠶᠤᠮ᠃ | ᠴᠠᠭ ᠲᠤᠬᠠᠶ ᠳᠤ ᠨᠢ ᠢᠯᠡ ᠨᠡᠶᠢᠲᠡᠯᠡᠵᠦ᠂ ᠣᠯᠠᠨ ᠨᠡᠶᠢᠲᠡ ᠶᠢᠨ ᠡᠷᠲᠡ ᠮᠡᠳᠡᠬᠦ ᠶᠢ ᠦᠨᠡᠨ ᠬᠦ ᠪᠠᠲᠤᠯᠠᠪᠠ᠃ ᠣᠳᠣᠬᠠᠨ ᠳᠤ᠂ ︽ᠱᠠᠩᠨᠠᠬᠤ ᠠᠷᠭ᠎ᠠ︾ | ᠶᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠫᠣᠷᠲ᠋ᠧᠯ ᠰᠦᠯᠵᠢᠶᠡᠨ ᠳᠡᠭᠡᠷ᠎ᠡ ᠢᠯᠡ ᠪᠠᠷ ᠨᠡᠶᠢᠲᠡᠯᠡᠪᠡ᠃ | ᠡᠭᠦᠨ ᠤ ᠬᠠᠮᠲᠤ᠂ ᠣᠯᠠᠨ ᠨᠡᠶᠢᠲᠡ ᠶᠢᠨ ︽ᠱᠠᠩᠨᠠᠬᠤ ᠠᠷᠭ᠎ᠠ︾ ᠶᠢ ᠪᠥᠬᠦ ᠲᠠᠯ᠎ᠠ ᠪᠠᠷ ᠣᠶᠢᠯᠠᠭᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠤᠨ ᠫᠣᠷᠲ᠋ᠧᠯ ᠰᠦᠯᠵᠢᠶᠡᠨ ᠥᠷᠲᠡᠭᠡ ᠳᠤ ︽ᠱᠠᠩᠨᠠᠬᠤ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠵᠡᠷᠭᠡᠪᠡᠷ | ᠨᠡᠶᠢᠲᠡᠯᠡᠬᠦ ᠬᠡᠷᠡᠭᠲᠡᠶ᠃ | ︽ᠱᠠᠩᠨᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠨᠢ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠣᠯᠠᠨ ᠲᠦᠮᠡᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠢᠳᠡᠪᠬᠢᠵᠢᠯ ᠢ ᠳᠡᠭᠡᠭᠰᠢᠯᠡᠭᠦᠯᠬᠦ ᠳᠤ ᠬᠦᠴᠦᠲᠡᠶ | ᠪᠠᠲᠤᠯᠠᠭ᠎ᠠ ᠬᠠᠩᠭᠠᠵᠤ᠂ ᠬᠠᠤᠯᠢ ᠠᠴᠠ ᠵᠥᠷᠢᠴᠡᠭᠰᠡᠨ ᠰᠦᠪᠡᠭᠴᠢ ᠶᠢ ᠢᠯᠡᠷᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠭᠠᠵᠠᠷ ᠰᠢᠷᠣᠶ ᠶᠢᠨ | ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠳᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠮᠬᠢ ᠵᠢᠷᠤᠮ ᠢ | ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | |