ᠬᠠᠤᠯᠢ ᠠᠴᠠ ᠵᠥᠷᠢᠴᠡᠭᠰᠡᠳ ᠢ ᠴᠢᠩᠭ᠎ᠠ ᠰᠢᠢᠳᠭᠡᠵᠤ ᠢᠯᠡᠴᠢᠯᠡᠨ ᠮᠡᠳᠡᠭᠦᠯᠪᠡᠯ ᠱᠠᠩᠨᠠᠯ ᠲᠠᠢ ᠥᠪᠡᠷᠲᠡᠭᠡᠨ ᠵᠠᠰᠠᠬᠤ ᠣᠷᠣᠨ ᠠᠴᠠ ᠣᠯᠠᠨ ᠨᠡᠶᠢᠲᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠎ᠠ
ᠨᠡᠶᠢᠲᠡᠯᠡᠭᠰᠡᠨ ᠴᠠᠭ᠄
2023/11/29
  ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠨᠡᠶᠢᠲᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠬᠤ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠱᠠᠩᠨᠠᠬᠤ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠶᠡᠷᠦᠩᠬᠡᠶ ᠲᠦᠷᠢᠮ ᠢᠶᠠᠷ ᠬᠢᠨᠠᠯᠲᠠ ᠲᠠᠯᠪᠢᠵᠤ ᠱᠠᠩᠨᠠᠬᠤ ᠬᠦᠷᠢᠶ᠎ᠡ ᠬᠡᠪᠴᠢᠶ᠎ᠡ ᠳᠤ ᠴᠢᠩᠭ᠎ᠠ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠵᠢᠴᠢ ᠱᠠᠩᠨᠠᠬᠤ ᠪᠠᠷᠢᠮᠵᠢᠶ᠎ᠠ ᠶᠢᠨ ᠲᠠᠰ ᠳᠠᠷᠠᠭᠠᠯᠠᠯ ᠳᠤ ᠬᠢᠨᠠᠯᠲᠠ ᠲᠠᠯᠪᠢᠵᠤ ᠬᠠᠮᠢᠶᠠᠷᠬᠤ ᠳᠠᠭᠠᠯᠳᠤᠭᠤᠯᠤᠯ ᠲᠦᠷᠢᠮ ᠵᠢᠷᠭᠤᠭᠠᠨ ᠲᠠᠯ᠎ᠠ ᠠᠴᠠ 22 ᠵᠦᠢᠯ ᠤᠨ ᠪᠣᠳᠠᠲᠠᠶ ᠠᠭᠤᠯᠭ᠎ᠠ ᠶᠢ ᠲᠣᠳᠣᠷᠬᠠᠶᠢᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠬᠠᠮᠠᠭᠠᠯᠠᠪᠠ᠃  ᠬᠡᠪᠴᠢᠶ᠎ᠡ ᠶᠢ ᠨᠢ ᠲᠣᠳᠣᠷᠬᠠᠶ ᠪᠣᠯᠭᠠᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠢ ᠨᠡᠮᠡᠭᠳᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠣᠯᠤᠭᠰᠠᠨ ᠪᠠᠯᠠ ᠮᠥᠩᠭᠦ ᠶᠢ ᠥᠯᠥ ᠣᠯᠵᠤ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ ᠥᠬᠡᠶ ᠪᠥᠭᠡᠳ ᠬᠠᠷᠭᠤᠭᠤᠯᠤᠨ ᠳᠣᠲᠣᠯᠠᠭᠰᠠᠨ ᠨᠢ ᠦᠨᠡᠨ ᠪᠣᠳᠠᠲᠠᠶ ᠬᠠᠤᠯᠢ ᠠᠴᠠ ᠵᠥᠷᠢᠴᠡᠭᠰᠡᠨ ᠰᠦᠪᠡᠭᠴᠢ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠬᠠᠤᠯᠢ ᠠᠴᠠ ᠵᠥᠷᠢᠴᠡᠭᠰᠡᠨ ᠰᠦᠪᠡᠭᠴᠢ ᠶᠢ ᠢᠯᠡᠴᠢᠯᠡᠨ ᠮᠡᠳᠡᠭᠦᠯᠬᠦ ᠶᠢᠨ ᠪᠦᠳᠦᠮᠵᠢᠳᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠠᠴᠠ ᠵᠥᠷᠢᠴᠡᠭᠰᠡᠨ ᠰᠦᠪᠡᠭᠴᠢ ᠶᠢ ᠢᠯᠡᠴᠢᠯᠡᠨ ᠮᠡᠳᠡᠭᠦᠯᠬᠦ ᠶᠢ ᠦᠨᠡᠨ ᠬᠦ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠪᠦᠲᠦᠮᠵᠢᠲᠡᠶ ᠠᠷᠭ᠎ᠠ ᠵᠠᠮ ᠪᠣᠯᠭᠠᠵᠤ᠂ ᠢᠯᠡᠴᠢᠯᠡᠨ ᠮᠡᠳᠡᠭᠦᠯᠦᠭᠰᠡᠨ ᠱᠠᠩᠨᠠᠯ ᠤᠨ ᠪᠠᠯᠠ ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠡᠷᠡᠭᠯᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ︽ᠱᠠᠩᠨᠠᠬᠤ ᠠᠷᠭ᠎ᠠ︾ ᠶᠢᠨ ᠳᠣᠯᠣᠳᠤᠭᠠᠷ ᠵᠦᠢᠯ ᠳᠤ᠂ ᠱᠠᠩᠨᠠᠯ ᠤᠨ ᠪᠠᠯᠠ ᠮᠥᠩᠭᠦ ᠶᠢ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠠᠬᠠᠨ ᠣᠯᠵᠤ ᠮᠡᠳᠡᠭᠡᠳᠦᠶ ᠪᠠᠶᠢᠴᠠᠭᠠᠨ ᠰᠢᠢᠳᠪᠦᠷᠢᠯᠡᠭᠡᠳᠦᠢ ᠮᠥᠷᠲᠡᠭᠡᠨ ᠬᠢᠨᠠᠨ ᠪᠠᠶᠢᠴᠠᠭᠠᠭᠰᠠᠨ ᠤ ᠳᠠᠷᠠᠭ᠎ᠠ ᠦᠨᠡᠨ ᠪᠣᠳᠠᠲᠠᠶ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠳᠤ ᠴᠢᠭᠯᠡᠭᠦᠯᠦᠨ ᠲᠣᠳᠣᠷᠬᠠᠶᠢᠯᠠᠪᠠ᠃  ᠲᠥᠷᠥᠯ ᠬᠡᠯᠪᠡᠷᠢ ᠳᠤ ᠣᠷᠣᠯᠴᠠᠬᠤ ᠶᠢ ᠲᠣᠳᠣᠷᠬᠠᠶᠢᠯᠠᠵᠤ ᠭᠤᠤᠯᠳᠠᠯᠭ᠎ᠠ ᠶᠢ ᠳᠣᠪᠤᠶᠢᠯᠭᠠᠨ᠂ ᠲᠠᠷᠢᠶᠠᠨ ᠭᠠᠵᠠᠷ ᠳᠤᠤᠷ᠎ᠠ ᠨᠡᠭᠡᠭᠡᠨ ᠮᠠᠯᠲᠠᠬᠤ ᠵᠢᠴᠢ ᠬᠠᠤᠯᠢ ᠠᠴᠠ ᠵᠥᠷᠢᠴᠡᠭᠰᠡᠨ ᠬᠦᠨᠳᠦ ᠶᠡᠭᠡ ᠦᠢᠯᠡ ᠠᠵᠢᠯᠯᠠᠭ᠎ᠠ ᠶᠢᠨ ᠲᠣᠭᠤᠷᠢᠨ ᠳᠤ ᠱᠠᠩᠨᠠᠯ ᠤᠨ ᠮᠥᠩᠭᠦ ᠶᠢ ᠳᠡᠭᠡᠭᠰᠢᠯᠡᠭᠦᠯᠦᠨ᠎ᠡ᠃ ᠱᠠᠩᠨᠠᠯ ᠤᠨ ᠮᠥᠩᠭᠦ ᠶᠢᠨ ᠲᠠᠯ᠎ᠠ ᠪᠠᠷ᠂ ᠬᠠᠤᠯᠢ ᠠᠴᠠ ᠵᠥᠷᠢᠴᠡᠭᠰᠡᠨ ᠲᠥᠷᠥᠯ ᠵᠦᠢᠯ ᠢ ᠦᠨᠳᠦᠰᠦᠯᠡᠨ ᠲᠣᠭᠲᠠᠭᠠᠵᠤ᠂ ᠢᠯᠡᠴᠢᠯᠡᠨ ᠮᠡᠳᠡᠭᠦᠯᠦᠭᠰᠡᠨ ᠭᠠᠵᠠᠷ ᠰᠢᠷᠣᠶ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠳᠣᠲᠣᠯᠠᠭᠠᠳ ᠲᠠᠷᠢᠶᠠᠨ ᠭᠠᠵᠠᠷ ᠠᠴᠠ ᠪᠤᠰᠤᠳ ᠭᠠᠵᠠᠷ ᠤᠨ ᠲᠥᠷᠥᠯ ᠳᠤ ᠬᠤᠯᠪᠣᠭᠳᠠᠭᠰᠠᠨ ᠪᠠᠶᠢᠪᠠᠯ᠂ 2000 ᠲᠥᠭᠦᠷᠢᠭ ᠢᠶᠠᠷ ᠱᠠᠩᠨᠠᠨ᠎ᠠ︔ ᠲᠠᠷᠢᠶᠠᠨ ᠭᠠᠵᠠᠷ ᠲᠤ ᠬᠤᠯᠪᠣᠭᠳᠠᠭᠰᠠᠨ ᠠᠷᠠᠳ ᠤᠨ ᠵᠣᠭᠤᠰ ᠢᠶᠠᠷ 3000 ᠲᠥᠭᠦᠷᠢᠭ ᠱᠠᠩᠨᠠᠨ᠎ᠠ︔ ᠪᠠᠶᠢᠴᠠᠭᠠᠨ ᠳᠣᠲᠣᠯᠠᠭᠠᠳ ᠭᠠᠵᠠᠷ ᠰᠢᠷᠣᠶ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠣᠯᠠᠨ ᠵᠦᠢᠯ ᠤᠨ ᠭᠠᠵᠠᠷ ᠰᠢᠷᠣᠶ ᠶᠢᠨ ᠲᠥᠷᠥᠯ ᠳᠤ ᠬᠤᠯᠪᠣᠭᠳᠠᠭᠰᠠᠨ ᠪᠠᠶᠢᠪᠠᠯ᠂ ᠥᠨᠳᠥᠷ ᠪᠠᠶᠢᠯᠭᠠᠬᠤ ᠵᠠᠷᠴᠢᠮ ᠢᠶᠠᠷ ᠱᠠᠩᠨᠠᠯ ᠣᠯᠭᠤᠨ᠎ᠠ᠃ ᠢᠯᠡᠴᠢᠯᠡᠨ ᠮᠡᠳᠡᠭᠦᠯᠦᠭᠰᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠳᠣᠲᠣᠯᠠᠭᠠᠳ ᠵᠠᠳᠠᠭᠠᠶ ᠨᠡᠭᠡᠭᠡᠨ ᠮᠠᠯᠲᠠᠭᠰᠠᠨ ᠭᠡᠵᠦ ᠭᠡᠷᠡᠴᠢᠯᠡᠪᠡᠯ᠂ ᠠᠷᠠᠳ ᠤᠨ ᠵᠣᠭᠤᠰ 2000 ᠲᠥᠭᠦᠷᠢᠭ ᠱᠠᠩᠨᠠᠨ᠎ᠠ︔ ᠭᠠᠵᠠᠷ ᠳᠣᠣᠷ᠎ᠠ ᠠᠴᠠ ᠨᠡᠭᠡᠭᠡᠨ ᠮᠠᠯᠲᠠᠭᠰᠠᠨ ᠪᠠᠶᠢᠪᠠᠯ᠂ ᠠᠷᠠᠳ ᠤᠨ ᠵᠣᠭᠤᠰ ᠢᠶᠠᠷ 3000 ᠲᠥᠭᠦᠷᠢᠭ ᠱᠠᠩᠨᠠᠨ᠎ᠠ︔ ᠪᠠᠶᠢᠴᠠᠭᠠᠨ ᠲᠤᠳᠤᠯᠠᠭᠠᠳ ᠵᠠᠳᠠᠭᠠᠢ ᠮᠠᠯᠲᠠᠯᠲᠠ ᠪᠠᠶᠢᠬᠤ ᠮᠥᠷᠲᠡᠭᠡᠨ ᠪᠠᠰᠠ ᠭᠠᠵᠠᠷ ᠳᠣᠣᠷ᠎ᠠ ᠠᠴᠠ ᠮᠠᠯᠲᠠᠯᠲᠠ ᠬᠢᠭᠰᠡᠨ ᠪᠠᠶᠢᠪᠠᠯ᠂ ᠥᠨᠳᠥᠷ ᠪᠠᠶᠢᠯᠭᠠᠬᠤ ᠵᠠᠷᠴᠢᠮ ᠢᠶᠠᠷ ᠱᠠᠩᠨᠠᠨ ᠬᠥᠬᠢᠭᠦᠯᠦᠨ᠎ᠡ᠃ ᠬᠠᠤᠯᠢ ᠠᠴᠠ ᠵᠥᠷᠢᠴᠡᠭᠰᠡᠨ ᠬᠦᠨᠳᠦ ᠶᠡᠭᠡ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ᠂ ᠰᠢᠢᠳᠭᠡᠨ ᠲᠣᠷᠭᠠᠭᠰᠠᠨ ᠵᠣᠭᠤᠰ ᠤᠨ ᠲᠤᠭ᠎ᠠ ᠨᠢ ᠠᠷᠠᠳ ᠤᠨ ᠵᠣᠭᠤᠰ ᠢᠶᠠᠷ 500 ᠲᠦᠮᠡᠨ ᠲᠥᠭᠦᠷᠢᠭ ᠠᠴᠠ ᠬᠡᠲᠦᠷᠡᠭᠰᠡᠨ ᠪᠠᠶᠢᠪᠠᠯ᠂ ᠠᠰ ᠲᠤᠨᠢ ᠢᠯᠡᠴᠢᠯᠡᠨ ᠮᠡᠳᠡᠭᠦᠯᠦᠭᠰᠡᠨ ᠢ ᠨᠢ 3 ᠲᠦᠮᠡᠨ ᠲᠥᠭᠦᠷᠢᠭ ᠢᠶᠠᠷ ᠱᠠᠩᠨᠠᠨ᠎ᠠ᠃  ︽ᠡᠷᠲᠡ ᠢᠯᠡᠷᠡᠭᠦᠯᠵᠦ ᠬᠦᠴᠦᠯᠡᠨ ᠬᠤᠷᠢᠭᠯᠠᠬᠤ︾ ᠶᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠥᠭᠵᠢᠬᠦ ᠬᠠᠨᠳᠤᠰᠢ ᠶᠢ ᠡᠷᠡᠰ ᠬᠤᠷᠢᠭᠯᠠᠨ᠎ᠠ᠃ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠢᠳᠡᠪᠬᠢᠵᠢᠯ ᠢ ᠦᠨᠡᠨᠬᠦ ᠳᠡᠭᠡᠭᠰᠢᠯᠡᠭᠦᠯᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠠᠩᠬ᠎ᠠ ᠴᠤᠬᠤᠶᠢᠵᠤ ᠪᠠᠶᠢᠬᠤ ᠶᠢ ᠣᠯᠵᠤ ᠮᠡᠳᠡᠭᠡᠳ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠭᠰᠠᠨ ᠠᠴᠠ ᠪᠢᠰᠢ ᠬᠦᠨᠳᠦ ᠨᠣᠴᠢᠲᠠᠶ ᠬᠡᠷᠡᠭ ᠭᠠᠷᠭᠠᠭᠰᠠᠨ ᠦᠭᠡᠶ ︽ᠬᠡᠷᠡᠭ ᠪᠣᠯᠭᠠᠨ ᠳᠠᠩᠰᠠᠯᠠᠭᠰᠠᠨ ᠦᠭᠡᠶ︾ ᠪᠠᠷ ᠰᠢᠢᠳᠪᠦᠷᠢᠯᠡᠬᠦ ᠳᠤ ᠨᠡᠶᠢᠴᠡᠬᠦ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠴᠠᠭ ᠲᠤᠬᠠᠶ ᠳᠤᠨᠢ ᠣᠯᠵᠤ ᠮᠡᠳᠡᠬᠦ ᠶᠢᠨ ᠲᠤᠰᠠᠳᠠ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢᠶᠠᠷ ᠪᠠᠶᠢᠴᠠᠭᠠᠨ ᠬᠠᠷᠭᠤᠭᠤᠯᠤᠭᠠᠳ᠂ ᠵᠣᠭᠤᠰ ᠢᠶᠠᠷ ᠲᠣᠷᠭᠠᠬᠤ ᠵᠣᠭᠤᠰ ᠤᠨ ᠲᠤᠭ᠎ᠠ ᠳᠤ ᠬᠤᠯᠪᠣᠭᠳᠠᠬᠤ ᠦᠭᠡᠶ ᠪᠠᠶᠢᠭᠰᠠᠨ ᠴᠤ ᠨᠠᠭᠠᠳᠤ ᠵᠠᠬ᠎ᠠ ᠶᠢᠨ ᠱᠠᠩᠨᠠᠬᠤ ᠪᠠᠷᠢᠮᠵᠢᠶ᠎ᠠ ᠶᠣᠰᠣᠭᠠᠷ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠵᠦ ᠪᠣᠯᠤᠨ᠎ᠠ᠃  ᠱᠠᠩᠨᠠᠯ ᠤᠨ ᠮᠥᠩᠭᠦ ᠣᠯᠭᠤᠬᠤ ᠭᠤᠤᠯ ᠴᠣᠭᠴᠠ ᠶᠢ ᠠᠮᠢᠳᠤᠯᠢᠭ ᠢᠶᠠᠷ ᠬᠡᠷᠡᠭᠵᠢᠭᠦᠯᠵᠦ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ︽ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ︾᠃ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠭᠤᠤᠯ ᠴᠣᠭᠴᠠ ᠨᠢ ᠵᠠᠷᠴᠢᠮ ᠳᠡᠭᠡᠷ᠎ᠡ ᠪᠠᠨ ︽ᠬᠡᠨ ᠭᠤᠤᠯᠴᠢᠯᠠᠨ ᠬᠠᠮᠢᠶᠠᠷᠪᠠᠯ ᠲᠡᠷᠡ ᠬᠠᠰᠤᠨ᠎ᠠ ᠬᠦᠯᠢᠶᠡᠨ ᠠᠪᠤᠪᠠᠯ ᠲᠡᠷᠡ ᠪᠠᠶᠢᠴᠠᠭᠠᠨ ᠰᠢᠢᠳᠪᠦᠷᠢᠯᠡᠪᠡᠯ ᠲᠡᠷᠡ ᠱᠠᠩᠨᠠᠨ᠎ᠠ︾ ᠭᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠬᠤ ᠶᠢᠨ ᠬᠠᠮᠲᠤ᠂ ᠣᠳᠣᠬᠠᠨ ᠳᠤ ᠪᠦᠬᠦ ᠣᠷᠣᠨ ᠤ ᠦᠨᠳᠦᠰᠦᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠣᠯᠠᠩᠬᠢ ᠨᠢ ᠬᠠᠮᠢᠶ᠎ᠠ ᠪᠦᠬᠦᠢ ᠱᠠᠩᠨᠠᠬᠤ ᠠᠷᠭ᠎ᠠ ᠶᠢ ᠬᠠᠷᠠᠬᠠᠨ ᠲᠣᠭᠲᠠᠭᠠᠭᠠᠳᠤᠶ ᠣᠯᠠᠩᠬᠢ ᠨᠢ ᠢᠯᠡᠴᠢᠯᠡᠨ ᠮᠡᠳᠡᠭᠦᠯᠦᠭᠰᠡᠨ ᠱᠠᠩᠨᠠᠯ ᠤᠨ ᠪᠡᠯᠡ ᠮᠥᠩᠭᠦ ᠶᠢᠨ ᠲᠥᠰᠦᠪ ᠢ ᠲᠤᠰᠬᠠᠶ ᠪᠠᠶᠢᠭᠤᠯᠤᠭᠠᠳᠤᠶ ᠡᠳ᠋ ᠤᠨ ᠵᠠᠰᠠᠭ ᠤᠨ ᠪᠡᠯᠡ ᠮᠥᠩᠭᠦ ᠨᠡᠶᠢᠳᠡᠮ ᠳᠡᠭᠡᠨ ᠪᠠᠴᠢᠮ ᠪᠠᠶᠢᠬᠤ ᠵᠡᠷᠭᠡ ᠪᠠᠶᠢᠳᠠᠯ ᠢ ᠪᠤᠳᠤᠯᠬᠢᠯᠠᠵᠤ᠂ ︽ᠱᠠᠩᠨᠠᠬᠤ ᠠᠷᠭ᠎ᠠ︾ ᠶᠢᠨ ᠲᠠᠪᠤᠳᠤᠭᠠᠷ ᠵᠦᠢᠯ ᠳᠤ ︽ᠬᠡᠷᠪᠡ ᠬᠢᠨᠠᠨ ᠪᠠᠶᠢᠴᠠᠭᠠᠵᠤ ᠰᠢᠢᠳᠪᠦᠷᠢᠯᠡᠬᠦ ᠰᠠᠯᠠᠭ᠎ᠠ ᠮᠥᠴᠢᠷ ᠨᠢ ᠪᠤᠰᠤᠳ ᠰᠢᠯᠲᠠᠭᠠᠨ ᠠᠴᠠ ᠪᠣᠯᠵᠣ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠪᠠᠯᠠ ᠭᠠᠷᠭᠠᠵᠤ ᠱᠠᠩᠨᠠᠬᠤ ᠴᠢᠬᠤᠯᠠᠲᠠᠶ ᠪᠠᠶᠢᠪᠠᠯ᠂ ᠪᠢᠴᠢᠭ ᠢᠶᠠᠷ ᠭᠤᠶᠤᠴᠢᠯᠠᠯ ᠭᠠᠷᠭᠠᠬᠤ ᠬᠡᠷᠡᠭᠲᠡᠶ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠨᠢ ᠭᠤᠶᠤᠴᠢᠯᠠᠯ ᠢ ᠣᠯᠤᠭᠰᠠᠨ ᠤ ᠳᠠᠷᠠᠭ᠎ᠠ ᠪᠣᠳᠠᠲᠤ ᠪᠠᠶᠢᠳᠠᠯ ᠢᠶᠠᠨ ᠦᠨᠳᠦᠰᠦᠯᠡᠨ ᠱᠠᠩᠨᠠᠯ ᠤᠨ ᠮᠥᠩᠭᠦ ᠣᠯᠭᠤᠬᠤ ᠭᠤᠤᠯ ᠴᠣᠭᠴᠠ ᠶᠢ ᠲᠣᠭᠲᠠᠭᠠᠬᠤ ᠬᠡᠷᠡᠭᠲᠡᠶ︾ ᠭᠡᠵᠦ ᠲᠣᠳᠣᠷᠬᠠᠶ ᠲᠣᠭᠲᠠᠭᠠᠪᠠ᠂ ᠲᠤᠬᠠᠶᠢᠯᠠᠪᠠᠯ ᠲᠢᠩᠬᠢᠮ ᠲᠣᠰ ᠱᠠᠲᠤᠨ ᠤ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠢ ᠡᠯ᠎ᠡ ᠭᠠᠵᠠᠷ ᠤᠨ ᠭᠤᠶᠤᠴᠢᠯᠠᠯ ᠢ ᠦᠨᠳᠦᠰᠦᠯᠡᠨ ᠲᠢᠩᠬᠢᠮ ᠤᠨ ᠲᠣᠰ ᠱᠠᠲᠤᠨ ᠠᠴᠠ ᠣᠯᠭᠤᠵᠤ᠂ ᠱᠠᠩᠨᠠᠯ ᠤᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠶ᠃  ᠱᠠᠩᠨᠠᠯ ᠣᠯᠭᠤᠬᠤ ᠶᠠᠪᠤᠴᠠ ᠶᠢ ᠲᠣᠳᠣᠷᠬᠠᠶᠢᠯᠠᠵᠤ᠂ ᠢᠯᠡᠴᠢᠯᠡᠨ ᠮᠡᠳᠡᠭᠦᠯᠦᠭᠴᠢ ᠶᠢᠨ ᠱᠠᠩᠨᠠᠯ ᠤᠨ ᠮᠥᠩᠭᠦ ᠣᠯᠭᠤᠬᠤ ᠪᠥᠬᠦ ᠶᠠᠪᠤᠴᠠ ᠶᠢᠨ ᠲᠣᠳᠣᠷᠬᠠᠶ ᠪᠠᠶᠢᠬᠤ ᠶᠢ ᠦᠨᠡᠨᠬᠦ ᠪᠠᠲᠤᠯᠠᠨ᠎ᠠ᠃ ᠢᠯᠡᠴᠢᠯᠡᠨ ᠮᠡᠳᠡᠭᠦᠯᠦᠭᠴᠢ ᠱᠠᠩᠨᠠᠯ ᠠᠪᠬᠤ ᠮᠡᠳᠡᠭᠳᠡᠯ ᠢ ᠣᠯᠤᠭᠰᠠᠨ ᠤ ᠳᠠᠷᠠᠭ᠎ᠠ᠂ 60 ᠡᠳᠦᠷ ᠤᠨ ᠳᠣᠲᠣᠷ᠎ᠠ ᠬᠤᠪᠢ ᠬᠥᠮᠦᠨ ᠤ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠠᠪᠴᠤ ᠠᠵᠢᠯᠯᠠᠵᠤ ᠪᠠᠶᠢᠭ᠎ᠠ ᠨᠢᠭᠡᠴᠢ ᠵᠢᠴᠢ ᠲᠤᠰᠢᠶᠠᠯ ᠤᠨ ᠮᠡᠳᠡᠭᠡ ᠵᠠᠩᠭᠢ ᠪᠠᠨ ᠠᠪᠴᠤ ᠵᠢᠭᠠᠨ ᠲᠣᠭᠲᠠᠭᠠᠭᠰᠠᠨ ᠭᠠᠵᠠᠷ ᠲᠤ ᠣᠴᠢᠵᠤ ᠱᠠᠩᠨᠠᠯ ᠤᠨ ᠮᠥᠩᠭᠦ ᠠᠪᠬᠤ ᠬᠡᠷᠡᠭᠲᠡᠶ᠂ ᠪᠠᠰᠠ ᠲᠣᠰ ᠬᠥᠮᠦᠨ ᠤ ᠪᠠᠩᠬᠢ ᠶᠢᠨ ᠲᠠᠩᠰᠠᠨ ᠨᠣᠮᠧᠷ ᠢᠶᠠᠨ ᠲᠠᠩᠰᠠ ᠰᠢᠯᠵᠢᠭᠦᠯᠬᠦ ᠬᠡᠯᠪᠡᠷᠢ ᠪᠠᠷ ᠳᠠᠮᠵᠢᠭᠤᠯᠤᠨ ᠱᠠᠩᠨᠠᠯ ᠤᠨ ᠮᠥᠩᠭᠦ ᠠᠪᠴᠤ ᠪᠣᠯᠤᠨ᠎ᠠ︔ ᠢᠯᠡᠴᠢᠯᠡᠨ ᠮᠡᠳᠡᠭᠦᠯᠦᠭᠴᠢ ᠳᠤ ᠮᠡᠳᠡᠭᠳᠡᠬᠦ ᠶᠢᠨ ᠠᠷᠭ᠎ᠠ ᠦᠭᠡᠶ ᠪᠣᠯ ᠢᠯᠡᠴᠢᠯᠡᠨ ᠮᠡᠳᠡᠭᠦᠯᠦᠭᠰᠡᠨ ᠤ ᠱᠠᠩᠨᠠᠯ ᠤᠨ ᠮᠥᠩᠭᠦ ᠣᠯᠭᠤᠬᠤ ᠶᠢ ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠠᠯᠪᠠᠨ ᠰᠦᠯᠵᠢᠶᠡᠨ ᠳᠡᠭᠡᠷ᠎ᠡ ᠪᠠᠨ ᠠᠯᠪᠠᠨ ᠵᠠᠷ ᠭᠠᠷᠭᠠᠵᠤ ᠮᠡᠳᠡᠭᠳᠡᠬᠦ ᠬᠡᠷᠡᠭᠲᠡᠶ᠃ ᠬᠤᠭᠤᠴᠠᠭ᠎ᠠ ᠬᠡᠲᠦᠷᠡᠲᠡᠯ᠎ᠡ ᠱᠠᠩᠨᠠᠯ ᠤᠨ ᠮᠥᠩᠭᠦ ᠠᠪᠤᠭᠰᠠᠨ ᠦᠭᠡᠢ ᠪᠠᠶᠢᠪᠠᠯ᠂ ᠱᠠᠩᠨᠠᠯ ᠠᠪᠬᠤ ᠡᠷᠬᠡ ᠪᠠᠨ ᠬᠠᠶᠠᠭᠰᠠᠨ ᠢᠶᠠᠷ ᠦᠵᠡᠨ᠎ᠡ︔ ᠵᠦᠢ ᠵᠣᠬᠢᠰᠲᠠᠢ ᠰᠢᠯᠲᠠᠭᠠᠨ ᠢᠶᠠᠨ ᠲᠣᠳᠣᠷᠬᠠᠶᠢᠯᠠᠵᠤ ᠴᠢᠳᠠᠪᠠᠯ 30 ᠡᠳᠦᠷ ᠤᠷᠲᠤᠳᠬᠠᠵᠤ ᠱᠠᠩᠨᠠᠯ ᠤᠨ ᠮᠥᠩᠭᠦ ᠠᠪᠴᠤ ᠪᠣᠯᠤᠨ᠎ᠠ︔ ᠢᠯᠡᠴᠢᠯᠡᠨ ᠮᠡᠳᠡᠭᠦᠯᠦᠭᠴᠢ ᠰᠠᠨᠠᠭᠠᠴᠢᠯᠠᠭ᠎ᠠ ᠠᠴᠠ ᠪᠠᠨ ᠱᠠᠩᠨᠠᠯ ᠬᠥᠬᠢᠭᠦᠯᠦᠯ ᠢ ᠲᠡᠪᠴᠢᠬᠦ ᠪᠠᠷ ᠱᠠᠭᠠᠷᠳᠠᠭᠰᠠᠨ ᠪᠠᠶᠢᠪᠠᠯ᠂ ᠱᠠᠩᠨᠠᠬᠤ ᠵᠢᠷᠤᠮ ᠢ ᠵᠣᠭᠰᠣᠭᠠᠨ᠎ᠠ᠃ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠴᠢ ᠶᠢ ᠱᠠᠩᠨᠠᠬᠤ ᠬᠡᠷᠡᠭᠴᠡᠭᠡ ᠱᠠᠭᠠᠷᠳᠠᠯᠭ᠎ᠠ ᠲᠠᠢ ᠪᠣᠯ ᠢᠯᠡᠴᠢᠯᠡᠨ ᠮᠡᠳᠡᠭᠦᠯᠬᠦ ᠶᠢᠨ ᠬᠠᠮᠲᠤ ᠪᠡᠶ᠎ᠡ ᠶᠢᠨ ᠬᠢᠷᠢ ᠬᠡᠮ ᠢ ᠨᠢ ᠢᠯᠭᠠᠨ ᠲᠠᠨᠢᠵᠤ ᠳᠡᠶᠢᠯᠬᠦ ᠮᠡᠳᠡᠭᠡ ᠵᠠᠩᠭᠢ ᠶᠢ ᠪᠡᠶ᠎ᠡ ᠬᠡᠮ ᠤᠨ ᠣᠷᠣᠯᠠᠬᠤ ᠲᠡᠮᠳᠡᠭ ᠬᠠᠩᠭᠠᠬᠤ ᠶᠢᠨ ᠬᠠᠮᠲᠤ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠬᠤ ᠰᠠᠯᠠᠭ᠎ᠠ ᠮᠥᠴᠢᠷ ᠯᠦᠭᠡ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠭᠰᠡᠨ ᠦᠷ᠎ᠡ ᠳ᠋ᠦᠩ ᠪᠠ ᠱᠠᠩᠨᠠᠬᠤ ᠡᠷᠬᠡ ᠶᠢ ᠮᠡᠳᠡᠭᠳᠡᠬᠦ ᠠᠷᠭ᠎ᠠ ᠮᠠᠶ᠋ᠢᠭ ᠢ ᠪᠣᠯᠵᠣᠨ ᠲᠣᠭᠲᠠᠬᠤ ᠬᠡᠷᠡᠭᠲᠡᠶ᠃ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠴᠢ ᠱᠠᠩᠨᠠᠯ ᠲᠣᠰᠬᠤ ᠮᠡᠳᠡᠭᠳᠡᠯ ᠢ ᠣᠯᠤᠭᠰᠠᠨ ᠪᠥᠭᠡᠳ ᠱᠠᠩᠨᠠᠯ ᠠᠪᠬᠤ ᠪᠠᠷ ᠲᠣᠭᠲᠠᠭᠰᠠᠨ ᠪᠠᠶᠢᠪᠠᠯ᠂ ᠪᠡᠶ᠎ᠡ ᠶᠢᠨ ᠣᠷᠣᠯᠠᠯ ᠨᠣᠮᠧᠷ ᠵᠢᠴᠢ ᠬᠦᠴᠦᠨ ᠪᠥᠬᠦᠶ ᠪᠡᠶ᠎ᠡ ᠶᠢᠨ ᠦᠨᠡᠮᠯᠡᠯ ᠵᠡᠷᠭᠡ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠬᠠᠩᠭᠠᠵᠤ᠂ ᠪᠡᠶ᠎ᠡ ᠬᠡᠮ ᠢ ᠬᠢᠨᠠᠨ ᠬᠠᠷᠭᠤᠭᠤᠯᠬᠤ ᠳᠤ ᠲᠥᠬᠦᠮ ᠪᠣᠯᠭᠠᠬᠤ ᠬᠡᠷᠡᠭᠲᠡᠶ᠃  ᠣᠯᠠᠨ ᠲᠦᠮᠡᠨ ᠢ ᠱᠠᠩᠨᠠᠨ ᠬᠥᠬᠢᠭᠦᠯᠬᠦ ᠶᠢ ᠴᠢᠬᠤᠯᠠᠴᠢᠯᠠᠵᠤ᠂ ᠰᠠᠯᠠᠭ᠎ᠠ ᠮᠥᠴᠢᠷ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠣᠯᠠᠨ ᠲᠦᠮᠡᠨ ᠬᠢᠭᠡᠳ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ︽ᠱᠠᠩᠨᠠᠬᠤ ᠠᠷᠭ᠎ᠠ︾ ᠨᠢ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠱᠠᠩᠨᠠᠯ ᠲᠠᠢ ᠢᠯᠡᠴᠢᠯᠡᠨ ᠮᠡᠳᠡᠭᠦᠯᠬᠦ ᠶᠢ ᠳᠣᠭᠢᠷᠠᠭᠤᠯᠬᠤ ᠪᠠᠷ ᠳᠠᠮᠵᠢᠭᠤᠯᠤᠨ᠂ ᠨᠡᠶᠢᠭᠡᠮ ᠨᠡᠶᠢᠲᠡ ᠶᠢᠨ ᠬᠢᠨ ᠤ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠢᠳᠡᠪᠬᠢᠵᠢᠯ ᠢ ᠳᠡᠭᠡᠭᠰᠢᠯᠡᠭᠦᠯᠵᠦ᠂ ᠱᠠᠩᠨᠠᠬᠤ ᠬᠦᠷᠢᠶ᠎ᠡ ᠬᠡᠪᠴᠢᠶᠡᠨ ᠳᠤ ︽ᠪᠠᠶᠢᠭᠠᠯᠢ ᠶᠢᠨ ᠡᠬᠢ ᠪᠠᠶᠠᠯᠢᠭ ᠤᠨ ᠣᠨᠴᠠ ᠲᠣᠭᠲᠠᠭᠰᠠᠨ ᠡᠭᠦᠷᠭᠡ ᠬᠠᠷᠢᠭᠤᠴᠠᠯᠭ᠎ᠠ ᠲᠠᠢ ᠬᠥᠮᠦᠰ ᠵᠢᠴᠢ ᠲᠡᠭᠦᠨ ᠤ ᠣᠶᠢᠷ᠎ᠠ ᠲᠥᠷᠥᠯ ᠰᠠᠳᠤᠨ ᠪᠤᠶᠤ ᠰᠠᠨᠠᠭᠤᠯᠤᠭᠰᠠᠨ ᠬᠦᠮᠦᠨ︾ ᠶᠢ ᠱᠠᠩᠨᠠᠬᠤ ᠬᠦᠷᠢᠶ᠎ᠡ ᠬᠡᠪᠴᠢᠶᠡᠨ ᠳᠤ ᠣᠷᠣᠭᠤᠯᠬᠤ ᠥᠬᠡᠶ ᠭᠡᠵᠦ ᠲᠣᠳᠣᠷᠬᠠᠶᠢᠯᠠᠵᠤ᠂ ︽ᠣᠯᠠᠨ ᠲᠦᠮᠡᠨ ᠢᠯᠡᠴᠢᠯᠡᠨ ᠮᠡᠳᠡᠭᠦᠯᠬᠦ ᠳᠤ ᠠᠩᠬᠠᠷᠤᠯ ᠲᠠᠯᠪᠢᠵᠤ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠭᠴᠢ ᠣᠴᠢᠵᠤ ᠪᠠᠶᠢᠴᠠᠭᠠᠨ ᠰᠢᠢᠳᠪᠦᠷᠢᠡᠯᠬᠦ︾ ᠴᠣᠬᠢᠯᠲᠠ ᠥᠭᠬᠦ ᠨᠡᠶᠢᠯᠡᠮᠡᠯ ᠬᠦᠴᠦᠨ ᠢ ᠪᠣᠶ ᠪᠣᠯᠭᠠᠬᠤ ᠶᠢᠨ ᠲᠥᠯᠥᠭᠡ ᠶᠤᠮ᠃  ᠴᠠᠭ ᠲᠤᠬᠠᠶ ᠳᠤ ᠨᠢ ᠢᠯᠡ ᠨᠡᠶᠢᠲᠡᠯᠡᠵᠦ᠂ ᠣᠯᠠᠨ ᠨᠡᠶᠢᠲᠡ ᠶᠢᠨ ᠡᠷᠲᠡ ᠮᠡᠳᠡᠬᠦ ᠶᠢ ᠦᠨᠡᠨ ᠬᠦ ᠪᠠᠲᠤᠯᠠᠪᠠ᠃ ᠣᠳᠣᠬᠠᠨ ᠳᠤ᠂ ︽ᠱᠠᠩᠨᠠᠬᠤ ᠠᠷᠭ᠎ᠠ︾ ᠶᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠫᠣᠷᠲ᠋ᠧᠯ ᠰᠦᠯᠵᠢᠶᠡᠨ ᠳᠡᠭᠡᠷ᠎ᠡ ᠢᠯᠡ ᠪᠠᠷ ᠨᠡᠶᠢᠲᠡᠯᠡᠪᠡ᠃ ᠡᠭᠦᠨ ᠤ ᠬᠠᠮᠲᠤ᠂ ᠣᠯᠠᠨ ᠨᠡᠶᠢᠲᠡ ᠶᠢᠨ ︽ᠱᠠᠩᠨᠠᠬᠤ ᠠᠷᠭ᠎ᠠ︾ ᠶᠢ ᠪᠥᠬᠦ ᠲᠠᠯ᠎ᠠ ᠪᠠᠷ ᠣᠶᠢᠯᠠᠭᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠫᠣᠷᠲ᠋ᠧᠯ ᠰᠦᠯᠵᠢᠶᠡᠨ ᠥᠷᠲᠡᠭᠡ ᠳᠤ ︽ᠱᠠᠩᠨᠠᠬᠤ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠵᠡᠷᠭᠡᠪᠡᠷ ᠨᠡᠶᠢᠲᠡᠯᠡᠬᠦ ᠬᠡᠷᠡᠭᠲᠡᠶ᠃  ︽ᠱᠠᠩᠨᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠨᠢ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠣᠯᠠᠨ ᠲᠦᠮᠡᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠢᠳᠡᠪᠬᠢᠵᠢᠯ ᠢ ᠳᠡᠭᠡᠭᠰᠢᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠵᠤ᠂ ᠬᠠᠤᠯᠢ ᠠᠴᠠ ᠵᠥᠷᠢᠴᠡᠭᠰᠡᠨ ᠰᠦᠪᠡᠭᠴᠢ ᠶᠢ ᠢᠯᠡᠷᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠳᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠮᠬᠢ ᠵᠢᠷᠤᠮ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ