ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ | ᠲᠤᠭᠤᠰᠢᠯᠠᠭᠤᠯᠵᠤ᠂ ᠭᠠᠵᠠᠷ ᠰᠢᠷᠣᠶ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠲᠥᠷᠥᠯ | ᠵᠦᠢᠯ ᠢ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠂ ᠭᠠᠵᠠᠷ ᠰᠢᠷᠣᠶ ᠶᠢᠨ ᠡᠬᠢ ᠪᠠᠶᠠᠯᠢᠭ ᠢ ᠠᠰᠢᠭᠯᠠᠬᠤ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 3 ᠤ ᠡᠳᠦᠷ᠂ ᠥᠪᠥᠷ ᠮᠣᠩᠭᠤᠯ ᠤᠨ ︽ᠭᠠᠵᠠᠷ ᠰᠢᠷᠣᠶ ᠶᠢᠨ ᠬᠡᠲᠦ ᠳᠡᠯᠭᠡᠭᠦᠷ︾ ᠢ ᠵᠢᠩᠬᠢᠨᠢ ᠪᠠᠷ | ᠰᠦᠯᠵᠢᠶᠡᠨ ᠳᠤ ᠭᠠᠷᠭᠠᠨ ᠲᠤᠷᠰᠢᠨ ᠠᠵᠢᠯᠯᠠᠭᠤᠯᠵᠤ᠂ ᠠᠵᠤ ᠠᠬᠤᠶᠢᠯᠠᠯ ᠪᠠ ᠨᠡᠶᠢᠭᠡᠮ ᠨᠡᠶᠢᠲᠡ ᠶᠢᠨ ︽ᠰᠦᠯᠵᠢᠶᠡᠨ ᠳᠡᠭᠡᠷ᠎ᠡ ᠠᠴᠠ ᠭᠠᠵᠠᠷ ᠰᠢᠷᠣᠶ | ᠦᠵᠡᠵᠦ᠂ ᠰᠦᠯᠵᠢᠶᠡᠨ ᠳᠡᠭᠡᠷ᠎ᠡ ᠠᠴᠠ ᠭᠠᠵᠠᠷ ᠰᠣᠩᠭᠤᠬᠤ︾ ᠶᠢ ᠪᠡᠶᠡᠯᠡᠭᠦᠯᠪᠡ᠃ | 8 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠥᠪᠡᠷᠲᠡᠭᠡᠨ ᠵᠠᠰᠠᠬᠤ | ᠣᠷᠣᠨ ᠤ ᠲᠣᠮᠣ ᠳ᠋ᠠᠶᠢᠲ᠋ᠠ ᠶᠢᠨ ᠲᠥᠪ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠭᠦᠢᠴᠡᠳ | ᠵᠣᠯᠭᠠᠭᠤᠯᠬᠤ ᠪᠠᠷ ᠳᠠᠮᠵᠢᠭᠤᠯᠤᠨ᠂ ᠥᠪᠥᠷ ᠮᠣᠩᠭᠤᠯ ᠤᠨ ︽ᠭᠠᠵᠠᠷ ᠰᠢᠷᠣᠶ ᠶᠢᠨ ᠬᠡᠲᠦ ᠳᠡᠯᠭᠡᠭᠦᠷ︾ ᠤᠨ ᠨᠡᠶᠢᠲᠡ ᠶᠢᠨ ᠬᠡᠪᠯᠡᠯ ︵https://zrzy. | nmg.gov.cn/tdcsopen/︶ ᠢ ᠵᠢᠩᠬᠢᠨᠢ ᠪᠠᠷ ᠠᠵᠢᠯᠯᠠᠭᠤᠯᠪᠠ᠃ ᠣᠯᠠᠨ ᠨᠡᠶᠢᠲᠡ ᠪᠠᠷ ᠢᠶᠠᠨ ᠢᠨᠲ᠋ᠧᠷ ᠰᠦᠯᠵᠢᠶᠡᠨ ᠳᠡᠭᠡᠷ᠎ᠡ ︽ᠭᠠᠵᠠᠷ ᠰᠢᠷᠣᠶ ᠶᠢᠨ | ᠬᠡᠲᠦ ᠳᠡᠯᠭᠡᠭᠦᠷ︾ ᠤᠨ ᠬᠠᠶ᠋ᠢᠭ ᠢ ᠣᠷᠣᠭᠤᠯᠵᠤ ᠰᠢᠭᠤᠳ ᠡᠷᠢᠵᠦ ᠪᠣᠯᠣᠨ᠎ᠠ᠂ ᠪᠠᠰᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠤᠨ ᠫᠣᠷᠲ᠋ᠧᠯ ᠰᠦᠯᠵᠢᠶᠡᠨ ᠤ ᠠᠷᠠᠳ ᠲᠤ ᠲᠥᠬᠦᠮ ᠦᠵᠡᠭᠦᠯᠬᠦ ᠬᠡᠷᠡᠭᠯᠡᠭᠡᠨ ᠤ ᠬᠡᠰᠡᠭ ᠢ ᠭᠦᠶᠦᠯᠭᠡᠨ ᠦᠵᠡᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ | ᠣᠶᠢᠯᠠᠭᠠᠵᠤ ᠪᠣᠯᠤᠨ᠎ᠠ᠃ | ᠣᠶᠢᠷ᠎ᠠ ᠶᠢᠨ ᠬᠤᠭᠤᠴᠠᠭᠠᠨ ᠳᠤ᠂ ︽ᠭᠠᠵᠠᠷ ᠰᠢᠷᠣᠶ ᠶᠢᠨ ᠬᠡᠲᠦ ᠳᠡᠯᠭᠡᠭᠦᠷ︾ ᠤᠨ ᠨᠢᠭᠡᠳᠦᠭᠡᠷ ᠳᠡᠰ ᠤᠨ ᠵᠠᠬ᠎ᠠ ᠳᠡᠯᠭᠡᠭᠦᠷ ᠲᠤ᠂ ᠬᠢᠩᠭᠠᠨ | ᠠᠶᠢᠮᠠᠭ ᠤᠨ 1 ᠠᠵᠤ ᠦᠢᠯᠡᠳᠪᠦᠷᠢ ᠶᠢᠨ ︽ᠪᠠᠷᠢᠮᠵᠢᠶᠠᠲᠤ ᠭᠠᠵᠠᠷ︾ ︵16.2 ᠮᠥ︶ ᠢ ᠠᠮᠵᠢᠯᠲᠠ ᠲᠠᠢ ᠠᠷᠠᠯᠵᠢᠶᠠᠯᠠᠭᠰᠠᠨ ᠤ ᠬᠠᠮᠲᠤ ᠤᠯᠤᠰ ᠤᠨ | ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠡᠷ᠎ᠡ ᠳᠤ ᠭᠠᠷ ᠤᠨ ᠥᠰᠥᠭ ᠵᠢᠷᠤᠪᠠ᠃ 4 | ᠬᠡᠰᠡᠭ ᠬᠤᠲᠠ ᠪᠠᠯᠭᠠᠰᠤᠨ ᠤ ᠬᠡᠷᠡᠭᠯᠡᠬᠦ ᠭᠠᠵᠠᠷ ︵132.97 ᠮᠥ︶ ᠲᠤ ᠭᠠᠵᠠᠷ ᠬᠡᠷᠡᠭᠯᠡᠬᠦ ᠰᠠᠨᠠᠭ᠎ᠠ ᠲᠠᠢ ᠬᠥᠮᠦᠰ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠥᠪ ᠤᠨ ᠲᠠᠪᠴᠠᠩ ᠳᠤ ᠫᠠᠶᠢᠰᠠ ᠡᠯᠭᠦᠵᠦ ᠪᠠᠶᠢᠨ᠎ᠠ᠃ 3 ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ︵472.77 ᠮᠥ︶ ᠲᠤ ᠭᠠᠵᠠᠷ | ᠬᠠᠩᠭᠠᠬᠤ ᠰᠠᠨᠠᠮᠵᠢ ᠲᠠᠢ ᠬᠥᠮᠦᠰ ᠣᠯᠠᠨ ᠪᠠᠶᠢᠵᠤ᠂ ᠭᠠᠵᠠᠷ ᠬᠠᠩᠭᠠᠬᠤ ᠭᠠᠷᠳᠠᠮ ᠢ ᠲᠦᠷ ᠭᠦᠢᠴᠡᠳᠭᠡᠭᠰᠡᠨ ᠥᠬᠡᠶ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠥᠪᠥᠷ ᠮᠣᠩᠭᠤᠯ ᠤᠨ ︽ᠭᠠᠵᠠᠷ | ᠰᠢᠷᠣᠶ ᠶᠢᠨ ᠬᠡᠲᠦ ᠳᠡᠯᠭᠡᠭᠦᠷ︾ ᠢ ᠪᠥᠬᠦ ᠣᠷᠣᠨ ᠳᠤ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠭᠠᠵᠠᠷ ᠰᠢᠷᠣᠶ ᠶᠢᠨ ᠬᠡᠲᠦ ᠳᠡᠯᠭᠡᠭᠦᠷ ᠤᠨ ᠪᠠᠷᠠᠭᠠᠨ ᠤ | ᠢᠷᠡᠯᠲᠡ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠦᠷᠭᠦᠯᠵᠢᠯᠡᠨ ᠵᠣᠯᠭᠠᠭᠤᠯᠵᠤ᠂ ᠬᠤᠯᠪᠣᠭᠳᠠᠬᠤ ᠰᠢᠰᠲ᠋ᠧᠮ ᠤᠨ | ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠨ᠂ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠵᠦ ᠬᠥᠭᠵᠢᠬᠦ ᠶᠢ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠪᠥᠬᠦ ᠬᠡᠪᠴᠢᠶᠡᠨ ᠳᠤ ᠳᠥᠭᠦᠮ ᠳᠥᠲᠡ ᠲᠦᠷᠭᠡᠨ ᠢᠶᠠᠷ ᠭᠠᠵᠠᠷ ᠬᠡᠷᠡᠭᠯᠡᠬᠦ ᠰᠣᠩᠭᠤᠯᠲᠠ ᠶᠢ ᠬᠠᠩᠭᠠᠵᠤ᠂ | ᠦᠯᠡᠳᠡᠭᠡᠯ ᠭᠠᠵᠠᠷ ᠰᠢᠷᠣᠶ ᠶᠢ ᠤᠯᠠᠮ ᠨᠢᠭᠡ ᠠᠯᠬᠤᠮ ᠠᠮᠢᠳᠤᠯᠢᠭ ᠪᠣᠯᠭᠠᠨ᠂ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠲᠡᠩᠴᠡᠭᠦᠷᠢᠰᠢᠭᠦᠯᠦᠨ᠂ ᠭᠠᠵᠠᠷ ᠰᠢᠷᠣᠶ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠲᠡᠭ ᠢ ᠬᠥᠭᠵᠢᠭᠡᠵᠦ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠂ ᠮᠠᠨ ᠤ ᠣᠷᠣᠨ ᠤ ᠭᠠᠵᠠᠷ ᠰᠢᠷᠣᠶ ᠶᠢᠨ ᠡᠬᠢ ᠪᠠᠶᠠᠯᠢᠭ ᠢ | ᠠᠰᠢᠭᠯᠠᠬᠤ ᠳᠤ ᠵᠠᠰᠠᠭ ᠠᠵᠤ ᠠᠬᠤᠶᠢᠯᠠᠯ ᠬᠠᠮᠲᠤ ᠪᠠᠷ ᠠᠰᠢᠭ ᠭᠥᠷᠳᠡᠬᠦ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | |