8 ᠳ᠋ᠤᠭᠠᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ | ᠠᠯᠪᠠᠨ ᠬᠡᠷ ︽ᠬᠤᠶᠠᠷ ᠶᠡᠭᠡ ᠶᠠᠪᠤᠳᠠᠯ ᠢᠶᠠᠷ ᠭᠤᠤᠯ ᠪᠣᠯᠭᠠᠨ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ︾ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ ︵21 | ᠳ᠋ᠦ᠋ᠭᠡᠷ ᠲᠠᠯᠠᠪᠠᠶ-ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠲᠤᠰᠬᠠᠶ ᠲᠠᠯᠠᠪᠤᠷ︶᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠲᠤᠤ ᠭᠤᠣᠯ ᠰᠡᠳᠦᠪ ᠢ ᠨᠡᠶᠢᠲᠡᠯᠡᠪᠡ᠃ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ | ᠨᠡᠭᠡᠭᠡᠨ ᠠᠰᠢᠭᠯᠠᠬᠤ ᠭᠠᠵᠠᠷ ᠤᠨ ᠳᠠᠷᠤᠭ᠎ᠠ ᠵᠢᠶᠠᠩ ᠹᠸᠢ ᠶᠤᠸᠠᠢ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ | ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠵᠧᠦ ᠫᠧᠩ ᠬᠠᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ | ᠠᠬᠤᠢ ᠶᠢ ᠰᠡᠷᠭᠦᠭᠡᠬᠦ ᠭᠠᠵᠠᠷ ᠤᠨ ᠳᠠᠷᠤᠭ᠎ᠠ ᠸᠠᠩ ᠯᠢ ᠵᠢᠶᠦ᠋ᠨ᠂ ᠭᠠᠵᠠᠷ ᠰᠢᠷᠣᠢ ᠶᠢᠨ ᠨᠥᠭᠡᠴᠡᠯᠡᠬᠦ ᠲᠥᠪ ᠤᠨ ᠳᠡᠳ᠋ | ᠡᠷᠬᠢᠯᠡᠭᠴᠢ ᠦ᠋ ᠰᠢᠶᠤᠤ ᠭᠤᠸᠠᠩ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃ | | | | | | ᠳᠣᠣᠷᠠᠬᠢ ᠪᠣᠯ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠪᠣᠳᠠᠲᠤ ᠲᠡᠮᠳᠡᠭᠯᠡᠯ ᠪᠣᠯᠤᠨ᠎ᠠ᠃ | ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠨ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠦᠭᠡ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ ᠸᠠᠩ ᠲᠤᠤ | ︵2023 ᠣᠨ ᠤ 8 ᠳ᠋ᠤᠭᠠᠷ ᠰᠠᠷ᠎ᠠ ᠶᠢᠨ 3 ᠤ ᠡᠳᠦᠷ︶ | ᠵᠠᠭᠤᠴᠢᠯᠠᠭᠤᠷ ᠤᠨ ᠰᠤᠷᠪᠤᠯᠵᠢᠯᠠᠭᠴᠢ ᠨᠠᠶᠢᠵᠠ ᠨᠠᠷ ᠡ᠄ | ᠲᠠ ᠣᠯᠠᠨ ᠳᠤ ᠪᠠᠨ ᠦᠳᠡ ᠶᠢᠨ ᠡᠮᠦᠨ᠎ᠡ ᠶᠢᠨ ᠮᠡᠨᠳᠦ ᠬᠦᠷᠭᠡᠶ᠎ᠡ︕ | ᠲᠠ ᠣᠯᠠᠨ ᠤ ᠥᠨᠥᠳᠦᠷ ᠤᠨ ᠬᠤᠷᠠᠯ ᠳᠤ ᠣᠷᠤᠯᠴᠠᠭᠰᠠᠨ ᠳᠤ ᠶᠡᠬᠡᠳᠡ ᠲᠠᠯᠠᠷᠬᠠᠵᠤ ᠪᠠᠶᠢᠨ᠎ᠠ᠃ ᠡᠩ | ᠲᠡᠷᠢᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠡᠮᠦᠨ᠎ᠡ ᠠᠴᠠ᠂ | ᠤᠯᠠᠨ ᠤ ᠤᠷᠳᠤ ᠬᠤᠭᠤᠴᠠᠭᠠᠨ ᠤ ᠲᠤᠷᠰᠢ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ | ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ | ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ | ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ︽ᠡᠬᠢ ᠪᠠᠶᠠᠯᠢᠭ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ | ᠰᠠᠬᠢᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠪᠣᠬᠢᠷᠲᠤᠯ ᠥᠬᠡᠶ | ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ᠂ ᠡᠬᠢ ᠪᠠᠶᠠᠯᠢᠭ ᠡᠳ᠋ ᠬᠥᠷᠥᠩᠭᠡ ᠶᠢᠨ ᠡᠷᠬᠡ ᠠᠰᠢᠭ ᠢ | ᠬᠠᠮᠠᠭᠠᠯᠠᠬᠤ︾ ᠠᠵᠢᠯ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ︽ᠬᠤᠶᠠᠷ ᠢ ᠨᠢᠭᠡᠳᠬᠡᠬᠦ︾ ᠭᠤᠤᠯ ᠡᠭᠦᠷᠭᠡ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠳᠤ ᠪᠠᠶᠢᠭᠠᠯᠢ ᠶᠢᠨ ᠡᠬᠢ ᠪᠠᠶᠠᠯᠢᠭ ᠤᠨ ᠬᠦᠴᠦᠨ ᠴᠢᠳᠠᠯ ᠢᠶᠠᠨ ᠡᠷᠭᠦᠪᠡ᠃ | ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠪᠣᠳᠠᠲᠤ ᠪᠠᠢᠳᠠᠯ ᠳᠤ | ᠰᠠᠭᠤᠷᠢᠯᠠᠵᠤ᠂ ᠪᠢ ᠭᠤᠣᠯᠳᠠᠭᠤ ᠵᠢᠷᠭᠤᠭᠠᠨ ᠲᠠᠯ᠎ᠠ ᠶᠢᠨ ᠪᠠᠶᠢᠳᠠᠯ ᠢ ᠲᠠᠨᠢᠯᠴᠠᠭᠤᠯᠤᠶ᠎ᠠ᠃ | ᠨᠢᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠰᠢᠰᠲ᠋ᠧᠮ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠬᠦᠴᠦᠯᠡᠨ ᠪᠠᠶᠢᠭᠤᠯᠤᠨ᠎ᠠ | ᠲᠠᠪᠤᠨ ᠶᠡᠭᠡ ᠡᠭᠦᠷᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠲᠦᠷᠭᠡᠳᠬᠡᠨ ᠪᠠᠶᠢᠭᠤᠯᠬᠤ ᠶᠢ ᠠᠬᠢᠭᠤᠯᠬᠤ ᠶᠢᠨ ᠲᠥᠯᠥᠭᠡ᠂ ᠪᠢᠳᠡ | ᠲᠦᠷᠦᠭᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠶ ᠶᠢᠨ ᠲᠥᠯᠥᠪᠵᠢᠭᠦᠯᠭᠡ ︵2021-2035 ᠣᠨ︶︾ ᠶᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ | ᠣᠷᠣᠨ ᠤ ᠦᠢᠯᠡᠳᠪᠦᠷᠢᠯᠡᠯ ᠤᠨ ᠬᠦᠴᠦᠨ ᠤ ᠲᠥᠪᠯᠡᠷᠡᠩᠭᠦᠶ ᠲᠠᠷᠬᠠᠯᠲᠠ ᠶᠢᠨ ᠣᠨᠴᠠᠯᠢᠭ ᠪᠠ ᠬᠤᠲᠠᠴᠢᠯᠠᠯᠲᠠ ᠶᠢᠨ | ᠬᠥᠭᠵᠢᠯᠲᠡ ᠶᠢᠨ ᠣᠷᠣᠨ ᠤ ᠭᠤᠤᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠱᠠᠭᠠᠷᠳᠠᠯᠭ᠎ᠠ ᠳᠤ | ᠵᠣᠬᠢᠴᠠᠭᠤᠯᠤᠨ᠂ ︽ᠭᠤᠤᠯ ᠬᠥᠲᠥᠯᠥᠨ ᠳᠠᠭᠠᠭᠤᠯᠤᠯᠲᠠ᠂ ᠭᠤᠤᠯ ᠳᠠᠶᠢᠴᠢᠯᠠᠯᠲᠠ᠂ ᠵᠠᠩᠭᠢᠯᠠᠭ᠎ᠠ ᠶᠢᠨ ᠴᠡᠭ ᠢᠶᠠᠷ | ᠲᠤᠯᠭᠠᠭᠤᠷᠢᠯᠠᠭᠤᠯᠬᠤ᠂ ᠣᠷᠣᠨ ᠬᠤᠪᠢᠶᠠᠨ ᠬᠥᠲᠥᠯᠦᠨ ᠵᠢᠯᠣᠭᠤᠳᠬᠤ᠂ ᠲᠥᠪᠯᠡᠷᠡᠭᠦᠯᠦᠨ ᠬᠥᠭᠵᠢᠭᠦᠯᠬᠦ︾ ᠰᠡᠳᠬᠢᠮᠵᠢ ᠶᠢᠨ | ᠶᠣᠰᠣᠭᠠᠷ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠨ᠎ᠡ᠃ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠳᠤ ︽ᠬᠢᠯᠢ ᠬᠢᠵᠠᠭᠠᠷ ᠢ ᠪᠠᠬᠢᠵᠢᠭᠦᠯᠵᠦ᠂ ᠪᠠᠬᠢᠯᠡᠯᠲᠡ ᠶᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ︾ | ᠶᠢ ᠳᠤᠷᠠᠳᠴᠤ᠂ ᠬᠢᠯᠢ ᠬᠢᠵᠠᠭᠠᠷ ᠢ ᠪᠠᠲᠤᠳᠬᠠᠨ ᠬᠢᠯᠢ ᠬᠢᠵᠠᠭᠠᠷ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ | ᠬᠢᠯᠢ ᠳᠠᠭᠠᠤ ᠭᠠᠵᠠᠷ ᠣᠷᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠪᠠ ᠴᠢᠬᠤᠯᠠ ᠶᠡᠭᠡ ᠰᠠᠭᠤᠷᠢ | ᠲᠥᠬᠦᠭᠡᠷᠦᠮᠵᠢ ᠳᠤ ᠬᠡᠷᠡᠭᠯᠡᠬᠦ ᠭᠠᠵᠠᠷ ᠤᠨ ᠪᠠᠲᠤᠯᠠᠭ᠎ᠠ ᠶᠢ ᠴᠢᠩᠭᠠᠳᠬᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠪᠠ | ᠭᠠᠳᠠᠭᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠭᠤᠤᠯᠳᠠᠯᠭ᠎ᠠ ᠲᠠᠢ | ᠬᠢᠯᠢ ᠶᠢᠨ ᠪᠣᠭᠤᠮᠲᠠ ᠶᠢᠨ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠬᠥᠲᠥᠯᠦᠨ | ᠵᠢᠯᠣᠭᠤᠳᠴᠤ᠂ ᠬᠤᠲᠠ ᠪᠠᠯᠭᠠᠰᠤ ᠶᠢᠨ ᠪᠣᠭᠤᠮᠲᠠ ᠶᠢᠨ ᠠᠭᠤᠰᠤᠯᠴᠠᠯ᠂ ᠬᠢᠯᠢ ᠠᠯᠤᠰᠯᠠᠭᠰᠠᠨ ᠠᠭᠤᠰᠤᠯᠴᠠᠯ ᠤᠨ ᠭᠦᠨᠵᠡᠭᠡᠶ | ᠬᠥᠭᠵᠢᠯᠲᠡ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠲᠡ ᠶᠢᠨ ᠴᠢᠳᠠᠮᠵᠢ ᠬᠢᠭᠡᠳ ᠠᠵᠤ | ᠦᠢᠯᠡᠰ ᠤᠨ ᠰᠢᠰᠲ᠋ᠧᠮᠵᠢ ᠶᠢᠨ ᠪᠠᠶᠢᠷᠢᠰᠢᠯ ᠳᠤ ᠦᠢᠯᠡᠴᠢᠯᠡᠬᠦ ᠪᠠᠷ ᠭᠤᠤᠯᠳᠠᠯᠭ᠎ᠠ ᠪᠣᠯᠭᠠᠵᠤ᠂ ᠪᠣᠭᠤᠮᠲᠠ ᠶᠢᠨ ᠳᠠᠪᠠᠭᠤᠯᠢᠭ ᠢ | ᠭᠦᠢᠴᠡᠳ ᠪᠠᠳᠠᠷᠠᠭᠤᠯᠤᠨ᠂ ᠪᠣᠭᠤᠮᠲᠠ ᠬᠢᠭᠡᠳ ᠬᠤᠲᠠ ᠪᠠᠯᠭᠠᠰᠤ ᠶᠢᠨ ᠬᠠᠷᠢᠯᠴᠠᠨ ᠨᠥᠬᠦᠪᠥᠷᠢᠯᠡᠬᠦ᠂ ᠠᠭᠤᠰᠤᠯᠴᠠᠨ | ᠬᠥᠭᠵᠢᠬᠦ ᠶᠢ ᠠᠬᠢᠭᠤᠯᠵᠤ᠂ ᠥᠨᠳᠥᠷ ᠪᠠᠷᠢᠮᠵᠢᠶᠠᠲᠤ ᠪᠣᠭᠤᠮᠲᠠ ᠶᠢᠨ ᠬᠤᠲᠠ ᠪᠠᠯᠭᠠᠰᠤ ᠶᠢ ᠪᠣᠶ ᠪᠣᠯᠭᠠᠵᠤ᠂ ᠨᠡᠭᠡᠭᠡᠯᠲᠡᠲᠦ | ᠬᠡᠯᠪᠡᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠤᠶᠠᠷ ᠲᠤ ᠥᠪᠡᠷᠲᠡᠭᠡᠨ ᠵᠠᠰᠠᠬᠤ | ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠨᠢ ᠭᠠᠵᠠᠷ ᠣᠷᠣᠨ ᠤ ᠣᠨᠴᠠᠯᠢᠭ ᠪᠣᠯᠤᠨ | ᠳᠠᠪᠠᠭᠤᠯᠢᠭ ᠲᠤ ᠪᠠᠨ ᠰᠠᠭᠤᠷᠢᠯᠠᠵᠤ᠂ ᠬᠢᠯᠢ ᠳᠠᠭᠠᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠷᠢᠰᠢᠯ ᠢ | ᠲᠡᠭᠦᠯᠳᠡᠷᠵᠢᠭᠦᠯᠦᠨ᠎ᠡ᠃ ᠮᠠᠨᠵᠤᠤᠷ᠂ ᠡᠷᠢᠶᠡᠨ ᠬᠤᠲᠠ᠂ ᠭᠠᠭᠴᠠᠮᠤᠳᠤ᠂ ᠴᠡᠭᠡ᠂ ᠵᠡᠭᠦᠨᠬᠠᠳᠠᠪᠴᠢ ᠵᠡᠷᠭᠡ ᠲᠠᠪᠤᠨ ᠶᠡᠭᠡ | ᠪᠣᠭᠤᠮᠲᠠ ᠶᠢᠨ ᠪᠦᠲᠦᠭᠡᠨ ᠪᠠᠶᠢᠭᠤᠯᠤᠯᠲᠠ ᠪᠠᠷ ᠭᠤᠤᠯ ᠪᠣᠯᠭᠠᠨ᠂ ᠪᠣᠭᠤᠮᠲᠠ ᠬᠢᠭᠡᠳ ᠡᠷᠭᠢᠨ ᠲᠣᠭᠤᠷᠢᠨ ᠤ ᠲᠥᠪ | ᠬᠤᠲᠠ ᠶᠢᠨ ᠭᠤᠯᠳᠤ ᠪᠠᠷ ᠦᠢᠯᠡᠴᠢᠯᠡᠬᠦ ᠰᠢᠰᠲ᠋ᠧᠮᠵᠢ ᠶᠢ ᠴᠢᠩᠭᠠᠳᠬᠠᠵᠤ᠂ ᠪᠣᠭᠤᠮᠲᠠ ᠬᠢᠭᠡᠳ ᠳᠣᠲᠣᠷ ᠭᠠᠵᠠᠷ ᠤᠨ ᠵᠠᠬ᠎ᠠ | ᠳᠡᠯᠭᠡᠭᠦᠷ ᠤᠨ ᠭᠤᠯᠳᠤ ᠴᠢᠭᠯᠡᠯ ᠢᠶᠠᠷ ᠬᠠᠷᠢᠯᠴᠠᠬᠤ ᠶᠢ ᠲᠡᠭᠦᠯᠳᠡᠷᠵᠢᠭᠦᠯᠦᠨ᠂ ᠠᠵᠤ ᠦᠢᠯᠡᠰ ᠤᠨ ᠰᠢᠩᠭᠡᠭᠡᠨ ᠠᠪᠬᠤ | ᠴᠢᠳᠠᠪᠤᠷᠢ ᠶᠢ ᠨᠡᠮᠡᠭᠳᠡᠭᠦᠯᠵᠦ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠳᠣᠲᠣᠷ ᠭᠠᠵᠠᠷ ᠤᠨ ᠡᠬᠢ ᠪᠠᠶᠠᠯᠢᠭ ᠤᠨ | ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠲᠠᠢ ᠤᠶᠠᠯᠳᠤᠭᠤᠯᠤᠨ᠂ ᠡᠷᠢᠶᠡᠨ ᠬᠤᠲᠠ — ᠤᠯᠠᠭᠠᠨᠴᠠᠪ ᠤᠨ | ᠪᠣᠭᠤᠮᠲᠠ ᠶᠢᠨ ᠡᠬᠡ ᠬᠠᠭᠤᠷᠠᠶ ᠶᠢᠨ ᠭᠠᠷᠠᠮ ᠤᠨ ᠬᠤᠯᠪᠣᠭᠠᠯᠠᠨ ᠬᠥᠳᠡᠯᠦᠯᠴᠡᠬᠦ ᠬᠡᠯᠪᠡᠷᠢ ᠶᠢᠨ ᠤᠯᠤᠰ ᠤᠨ ᠪᠠᠷᠠᠭᠠᠨ ᠤ | ᠭᠦᠢᠯᠭᠡᠭᠡᠨ ᠤ ᠬᠦᠢᠰᠦ ᠵᠡᠷᠭᠡ ᠶᠢᠨ ᠪᠥᠲᠥᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠥᠷᠭᠡᠨ ᠬᠡᠪᠴᠢᠶᠡᠨ ᠤ | ᠪᠣᠭᠤᠮᠲᠠ ᠶᠢᠨ ᠠᠵᠤ ᠠᠬᠤᠶ ᠶᠢ ᠶᠡᠭᠡ ᠪᠠᠷ ᠬᠥᠭᠵᠢᠭᠦᠯᠦᠨ᠂ ᠪᠣᠭᠤᠮᠲᠠ᠂ ᠨᠡᠪᠲᠡᠷᠡᠬᠦ ᠵᠠᠮ ᠪᠠ ᠡᠯ᠎ᠡ ᠲᠥᠷᠥᠯ ᠤᠨ | ᠨᠡᠭᠡᠭᠡᠯᠲᠡ ᠶᠢᠨ ᠠᠴᠢᠶᠠᠯᠠᠪᠤᠷᠢ ᠶᠢ ᠨᠢᠭᠡᠳᠦᠯᠲᠡᠶ ᠲᠥᠯᠥᠪᠯᠡᠵᠦ᠂ ᠬᠢᠯᠢ ᠳᠠᠭᠠᠤ ᠶᠢᠨ ᠠᠵᠤ ᠠᠬᠤᠶ ᠶᠢᠨ ︽ᠨᠡᠪᠲᠡᠷᠡᠬᠦ | ᠵᠠᠮ ᠤᠨ ᠠᠵᠤ ᠠᠬᠤᠶ︾ ᠠᠴᠠ ︽ᠨᠠᠶᠢᠳᠠᠪᠤᠷᠢᠵᠢᠭᠰᠠᠨ ᠠᠵᠤ ᠠᠬᠤᠶ︾ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠨ ᠠᠬᠢᠭᠤᠯᠵᠤ᠂ ᠪᠣᠭᠤᠮᠲᠠ ᠶᠢᠨ ᠳᠣᠲᠣᠷ᠎ᠠ ᠭᠠᠵᠠᠷ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠣᠷᠳᠣᠰ᠂ | ᠬᠥᠬᠡᠬᠤᠲᠠ᠂ ᠤᠯᠠᠭᠠᠨᠬᠠᠳᠠ᠂ ᠪᠤᠭᠤᠲᠤ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠣᠯᠤᠨ ᠪᠠᠶᠠᠨᠨᠠᠭᠤᠷ᠂ | ᠤᠯᠠᠭᠠᠨᠴᠠᠪ᠂ ᠲᠦᠩᠯᠢᠶᠣᠤ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ | ᠳᠡᠮᠵᠢᠵᠦ᠂ ᠳᠡᠭᠡᠳᠦ ᠲᠠᠰ ᠤᠨ ᠡᠳ᠋ᠰᠢᠭᠦᠯᠦᠨ ᠦᠢᠯᠡᠳᠬᠦ ᠦᠢᠯᠡᠰ ᠤᠨ ᠲᠥᠪᠯᠡᠷᠡᠬᠦ ᠶᠢ ᠲᠦᠯᠬᠢᠨ ᠠᠬᠢᠭᠤᠯᠵᠤ᠂ ᠳᠣᠲᠣᠷ᠎ᠠ | ᠭᠠᠵᠠᠷ ᠤᠨ ᠲᠤᠯᠭᠠᠭᠤᠷᠢᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠪᠣᠭᠤᠮᠲᠠ ᠪᠠᠷ ᠳᠠᠶᠢᠴᠢᠯᠠᠭᠰᠠᠨ᠂ ᠳᠣᠲᠣᠷ᠎ᠠ | ᠭᠠᠵᠠᠷ ᠠᠴᠠ ᠲᠤᠯᠭᠠᠭᠤᠷᠢᠯᠠᠭᠰᠠᠨ᠂ ᠬᠢᠯᠢ ᠳᠣᠲᠣᠷ᠎ᠠ ᠭᠠᠵᠠᠷ ᠬᠠᠷᠢᠯᠴᠠᠨ ᠬᠥᠳᠡᠯᠦᠯᠴᠡᠭᠰᠡᠨ ᠪᠠᠶᠢᠷᠢᠰᠢᠯ ᠤᠨ ᠪᠣᠶ ᠪᠣᠯᠬᠤ ᠶᠢ | ᠲᠦᠯᠬᠢᠨ ᠠᠬᠢᠭᠤᠯᠤᠨ᠎ᠠ᠃ ᠭᠤᠷᠪᠠ ᠳᠤ᠂ ︽ᠭᠤᠷᠪᠠᠨ ᠣᠷᠣᠨ ᠭᠤᠷᠪᠠᠨ ᠱᠤᠭᠤᠮ︾ ᠢ ᠬᠤᠪᠢᠶᠠᠷᠢᠯᠠᠨ ᠲᠣᠭᠲᠠᠭᠠᠬᠤ | ᠠᠵᠢᠯ ᠤᠨ ᠳᠤᠮᠳᠠ᠂ ᠪᠣᠭᠤᠮᠲᠠ ᠶᠢᠨ ᠰᠠᠭᠤᠷᠢ ᠲᠥᠬᠦᠭᠡᠷᠦᠮᠵᠢ᠂ ᠪᠣᠭᠤᠮᠲᠠ ᠶᠢᠨ ᠣᠨᠴᠠᠭᠠᠢ ᠬᠢᠨᠠᠨ ᠬᠠᠮᠢᠶᠠᠷᠤᠯᠲᠠ ᠶᠢᠨ | ᠣᠷᠣᠨ᠂ ᠬᠢᠯᠢ ᠠᠯᠤᠰᠯᠠᠭᠰᠠᠨ ᠬᠠᠮᠲᠤᠷᠠᠯᠴᠠᠭᠠᠨ ᠤ ᠣᠷᠣᠨ ᠤ ᠭᠠᠵᠠᠷ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ᠃ | ᠮᠠᠨᠵᠤᠤᠷ᠂ ᠡᠷᠢᠶᠡᠨ ᠬᠤᠲᠠ᠂ ᠭᠠᠭᠴᠠᠮᠤᠳᠤ᠂ ᠴᠡᠭᠡ ᠵᠡᠷᠭᠡ ᠤᠯᠤᠰ ᠤᠨ ᠴᠢᠬᠤᠯᠠ ᠬᠢᠯᠢ ᠶᠢᠨ ᠪᠣᠭᠤᠮᠲᠠ ᠶᠢᠨ ᠬᠤᠲᠠ | ᠪᠠᠯᠭᠠᠰᠤ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠣᠷᠣᠨ ᠵᠠᠶ ᠶᠢ ᠭᠤᠤᠯᠳᠠᠯᠭ᠎ᠠ ᠲᠠᠢ ᠪᠠᠲᠤᠯᠠᠨ᠎ᠠ᠃ ᠮᠠᠨᠵᠤᠤᠷ᠂ | ᠡᠷᠢᠶᠡᠨ ᠬᠤᠲᠠ ᠶᠢᠨ ᠶᠡᠷᠦᠩᠬᠡᠶᠢᠯᠡᠭᠰᠡᠨ ᠵᠠᠩᠭᠢᠯᠠᠭ᠎ᠠ ᠶᠢᠨ ᠪᠣᠭᠤᠮᠲᠠ ᠪᠣᠯᠤᠨ ᠭᠠᠭᠴᠠᠮᠤᠳᠤ᠂ ᠴᠡᠭᠡ ᠵᠡᠷᠭᠡ | ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠪᠣᠭᠤᠮᠲᠠ ᠶᠢᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠡᠩ ᠲᠡᠷᠢᠭᠦᠨ ᠳᠤ ᠲᠣᠬᠢᠷᠠᠭᠤᠯᠤᠨ᠎ᠠ᠃ ᠡᠷᠢᠶᠡᠨ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠶᠠᠮᠤᠨ ᠤ ᠵᠠᠭᠠᠭᠯᠠᠨ ᠲᠣᠭᠲᠠᠭᠠᠬᠤ ᠲᠦᠷᠢᠮ ᠪᠠ ᠵᠠᠭᠠᠭᠯᠠᠨ ᠲᠣᠭᠲᠠᠭᠠᠬᠤ ᠢᠯᠡᠳᠬᠡᠮᠵᠢ ᠶᠢᠨ ᠱᠠᠭᠠᠷᠳᠠᠯᠭ᠎ᠠ | ᠶᠣᠰᠣᠭᠠᠷ᠂ ᠳᠤᠮᠳᠠᠳᠤ ᠮᠣᠩᠭᠤᠯ ᠤᠨ ᠡᠷᠢᠶᠡᠨ ᠬᠤᠲᠠ-ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ | ᠣᠷᠣᠨ ᠤ ᠳᠤᠮᠳᠠᠳᠤ ᠤᠯᠤᠰ ᠤᠨ ᠲᠠᠯ᠎ᠠ ᠶᠢᠨ ᠣᠷᠣᠨ ᠪᠦᠰᠡ ᠶᠢᠨ 3 ᠲᠡᠭᠰᠢ ᠳᠥᠷᠪᠡᠯᠵᠢᠨ ᠺᠢᠯᠣᠮᠧᠲᠷ ᠢ ᠬᠤᠲᠠ | ᠪᠠᠯᠭᠠᠰᠤᠨ ᠤ ᠨᠡᠭᠡᠭᠡᠨ ᠬᠥᠭᠵᠢᠭᠦᠯᠬᠦ ᠬᠢᠯᠢ ᠳᠤ ᠬᠤᠪᠢᠶᠠᠷᠢᠯᠠᠨ ᠣᠷᠣᠭᠤᠯᠵᠤ᠂ ᠬᠠᠮᠲᠤᠷᠠᠯᠴᠠᠭᠠᠨ ᠤ ᠣᠷᠣᠨ ᠤ ᠲᠥᠷᠥᠯ | ᠵᠦᠢᠯ ᠤᠨ ᠨᠡᠭᠡᠭᠡᠨ ᠬᠥᠭᠵᠢᠭᠦᠯᠬᠦ ᠪᠥᠲᠥᠭᠡᠨ ᠪᠠᠶᠢᠭᠤᠯᠤᠯᠲᠠ ᠶᠢ ᠪᠦᠲᠦᠮᠵᠢᠲᠡᠶ ᠪᠠᠲᠤᠯᠠᠵᠤ᠂ ᠤᠮᠠᠷᠠᠰᠢ ᠨᠡᠭᠡᠭᠡᠯᠲᠡ ᠬᠢᠬᠦ | ᠪᠠᠬᠢᠯᠡᠯᠲᠡ ᠶᠢ ᠬᠦᠴᠦᠯᠡᠨ ᠪᠠᠶᠢᠭᠤᠯᠤᠨ᠎ᠠ᠃ | ᠬᠤᠶᠠᠷ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠦᠷᠭᠦᠯᠵᠢᠯᠡᠨ ᠠᠬᠢᠭᠤᠯᠵᠤ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠦᠨ᠎ᠡ | ᠡᠨᠡ ᠵᠢᠯ ᠤᠨ 6 ᠳ᠋ᠤᠭᠠᠷ ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠶᠡᠷᠦᠩᠬᠡᠶ ᠱᠦᠵᠢ ᠰᠢ ᠶᠢᠨ ᠫᠢᠩ | ᠪᠠᠶᠠᠨᠨᠠᠭᠤᠷ ᠬᠤᠲᠠ ᠳᠤ ᠰᠢᠨᠵᠢᠯᠡᠨ ᠪᠠᠶᠢᠴᠠᠭᠠᠵᠤ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ | ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ | ᠲᠠᠯᠪᠢᠪᠠ᠃ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ᠂ ︽ᠤᠮᠠᠷᠠᠲᠤ ᠶᠢᠨ | ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ | ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠨ᠎ᠡ᠃ ᠨᠢᠭᠡ ᠳᠤ᠂ ᠠᠮᠢ ᠠᠬᠤᠶ ᠶᠢ ᠰᠡᠷᠭᠦᠭᠡᠬᠦ ᠣᠷᠣᠨ ᠵᠠᠶ ᠶᠢᠨ ᠪᠠᠶᠢᠷᠢᠰᠢᠭᠤᠯᠤᠯ ᠤᠨ ᠪᠠᠶᠢᠯᠳᠤᠬᠤ | ᠪᠣᠳᠣᠯᠭ᠎ᠠ ᠶᠢᠨ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠰᠢᠰᠲ᠋ᠧᠮᠲᠦ ᠴᠢᠨᠠᠷ ᠢ ᠳᠣᠪᠤᠶᠢᠯᠭᠠᠨ᠂ ᠬᠠᠮᠢᠶ᠎ᠠ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠪᠠ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ ᠶᠢ ᠰᠠᠶᠢᠲᠤᠷ ᠬᠡᠷᠡᠭᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ︽ᠨᠢᠭᠡ ᠣᠷᠣᠨ ᠬᠤᠶᠠᠷ ᠪᠦᠰᠡ ᠣᠯᠠᠨ ᠬᠤᠩᠭᠢᠯ ᠣᠯᠠᠨ ᠭᠠᠵᠠᠷ︾ ᠤᠨ ᠠᠮᠢ ᠠᠬᠤᠶ ᠶᠢ ᠰᠡᠷᠭᠦᠭᠡᠬᠦ ᠶᠡᠷᠦᠩᠬᠡᠶ | ᠪᠠᠶᠢᠷᠢᠰᠢᠯ ᠢ ᠬᠦᠴᠦᠯᠡᠨ ᠪᠠᠶᠢᠭᠤᠯᠵᠤ᠂ ᠴᠢᠬᠤᠯᠠ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠠᠮᠢᠳᠤ ᠪᠣᠳᠠᠰ ᠤᠨ | ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠤᠰᠤ ᠬᠥᠷᠥᠰᠥ ᠶᠢ ᠬᠠᠮᠠᠭᠠᠯᠠᠬᠤ᠂ ᠰᠠᠯᠬᠢ ᠶᠢ ᠰᠡᠷᠭᠡᠶᠢᠯᠡᠵᠦ ᠡᠯᠡᠰᠦ ᠶᠢ | ᠲᠣᠭᠲᠠᠪᠤᠷᠢᠵᠢᠭᠤᠯᠬᠤ ᠵᠡᠷᠭᠡ ᠠᠮᠢ ᠠᠬᠤᠶ ᠶᠢᠨ ᠴᠢᠳᠠᠮᠵᠢ ᠪᠠᠷ ᠲᠦᠢᠯ ᠤᠨ ᠴᠢᠬᠤᠯᠠ ᠣᠷᠣᠨ ᠪᠦᠰᠡ ᠵᠢᠴᠢ ᠠᠮᠢ | ᠠᠬᠤᠶ ᠬᠡᠪᠡᠷᠡᠭ ᠤᠰᠤ ᠬᠥᠷᠥᠰᠥ ᠶᠢᠨ ᠢᠳᠡᠭᠳᠡᠯ᠂ ᠡᠯᠡᠰᠦᠷᠬᠡᠭ ᠭᠠᠵᠠᠷ ᠵᠡᠷᠭᠡ ᠣᠷᠣᠨ ᠪᠦᠰᠡ ᠶᠢ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠤᠪᠢᠶᠠᠷᠢᠯᠠᠨ ᠣᠷᠣᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠬᠡᠷᠡᠭᠯᠡᠭᠡ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠨᠠᠶᠢᠳᠠᠪᠤᠷᠢᠵᠢᠭᠤᠯᠤᠨ᠂ ᠴᠢᠬᠤᠯᠠ ᠪᠥᠬᠦᠶ ᠠᠮᠢ ᠠᠬᠤᠶ ᠶᠢᠨ | ᠣᠷᠣᠨ ᠵᠠᠶ ᠶᠢ ᠭᠦᠢᠴᠡᠳ ᠦᠯᠡᠳᠡᠭᠡᠨ᠎ᠡ᠃ ᠬᠤᠶᠠᠷ ᠲᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ | ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠢ ᠵᠠᠰᠠᠬᠤ ᠭᠤᠷᠪᠠᠨ ᠵᠢᠯ ᠤᠨ ᠲᠤᠰᠬᠠᠢ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠣᠷᠣᠨ | ᠨᠤᠲᠤᠭ ᠤᠨ ᠵᠠᠰᠠᠭ ᠤᠨ ᠣᠷᠳᠣᠨ ᠤ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠨ ᠤ | ᠵᠠᠰᠠᠯᠲᠠ ᠶᠢᠨ ᠡᠭᠦᠷᠭᠡ ᠬᠠᠷᠠᠯᠲᠠ ᠪᠠᠨ ᠴᠠᠭ ᠲᠤᠬᠠᠢ ᠳᠤ ᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠣᠳᠣᠬᠠᠨ ᠳᠤ᠂ | ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠵᠢᠷᠤᠭ ᠤᠨ ᠲᠣᠯᠪᠤ ᠶᠢ ᠬᠤᠪᠢᠷᠠᠭᠤᠯᠵᠤ ᠬᠠᠷᠭᠤᠭᠤᠯᠤᠨ | ᠪᠠᠶᠢᠴᠠᠭᠠᠬᠤ ᠶᠢ ᠨᠢᠭᠡᠨᠲᠡ ᠪᠡᠶᠡᠯᠡᠭᠦᠯᠦᠭᠰᠡᠨ ᠪᠥᠭᠡᠳ ᠵᠢᠷᠤᠭ ᠤᠨ ᠲᠣᠯᠪᠤ ᠶᠢᠨ ᠡᠬᠡ ᠲᠠᠩᠰᠠ ᠶᠢ ᠪᠠᠶᠢᠭᠤᠯᠵᠤ᠂ ᠪᠥᠬᠦ | ᠣᠷᠣᠨ ᠤ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠵᠠᠰᠠᠭᠠᠳᠤᠢ ᠵᠢᠷᠤᠭ ᠤᠨ ᠲᠣᠯᠪᠤ ᠶᠢᠨ ᠲᠤᠭ᠎ᠠ | ᠪᠠᠷᠢᠮᠲᠠ ᠶᠢᠨ ᠬᠥᠮᠥᠷᠭᠡ ᠶᠢᠨ ᠳᠣᠲᠣᠷ᠎ᠠ᠂ ᠵᠠᠰᠠᠵᠤ ᠰᠡᠷᠭᠦᠭᠡᠭᠰᠡᠨ ᠵᠢᠷᠤᠭ ᠲᠣᠯᠪᠤ ᠨᠢ 208᠂ ᠵᠠᠰᠠᠭᠰᠠᠨ ᠲᠠᠯᠠᠪᠠᠶ ᠨᠢ 19. | 45 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠡᠭᠦᠨ ᠳᠤ 2023 ᠣᠨ ᠳᠤ ᠵᠠᠰᠠᠭᠰᠠᠨ104᠂ ᠲᠠᠯᠠᠪᠠᠶ ᠨᠢ 15.74 | ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃ ᠡᠭᠦᠨ ᠤ ᠬᠠᠮᠲᠤ᠂ ᠲᠡᠦᠬᠡᠨ ᠠᠴᠠ ᠦᠯᠡᠳᠡᠭᠳᠡᠵᠦ ᠢᠷᠡᠭᠰᠡᠨ 18 | ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠢ ᠪᠠᠶᠢᠷᠢᠯᠠᠭᠤᠯᠤᠨ ᠲᠣᠬᠢᠷᠠᠭᠤᠯᠵᠤ᠂ ᠣᠨ ᠤ | ᠪᠡᠯᠡ ᠮᠥᠩᠭᠦ ᠶᠢ 1.02 ᠳ᠋ᠦᠩᠰᠢᠭᠤᠷ ᠲᠥᠭᠦᠷᠢᠭ ᠪᠠᠭᠤᠯᠭᠠᠭᠰᠠᠨ ᠪᠥᠭᠡᠳ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠳᠤ ᠣᠷᠣᠯᠴᠠᠬᠤ ᠶᠢ ᠢᠳᠡᠪᠬᠢᠲᠡᠢ ᠵᠣᠷᠢᠭᠵᠢᠭᠤᠯᠤᠨ ᠳᠡᠮᠵᠢᠪᠡ᠃ ᠭᠤᠷᠪᠠ ᠳᠤ᠂ ᠠᠭᠤᠯᠠ ᠤᠰᠤ | ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ | ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠤᠯᠠᠭᠠᠨᠰᠤᠬᠠᠢ ᠶᠢᠨ ᠰᠠᠪᠠ ᠭᠠᠵᠠᠷ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ ᠪᠣᠯᠤᠨ ᠬᠤᠷᠴᠢᠨ ᠤ ᠲᠠᠯ᠎ᠠ ᠨᠤᠲᠤᠭ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠤᠬᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠠᠳᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠲᠡᠦᠬᠡᠨ ᠠᠴᠠ ᠦᠯᠡᠳᠡᠭᠳᠡᠵᠦ | ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠵᠢᠱᠢᠶ᠎ᠡ ᠦᠵᠡᠭᠦᠯᠬᠦ ᠢᠨᠵᠧᠨᠧᠷᠢᠩ ᠪᠣᠯᠤᠨ | ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ- ᠬᠠᠳᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ | ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠵᠢᠱᠢᠶ᠎ᠡ | ᠦᠵᠡᠭᠦᠯᠬᠦ ᠢᠨᠵᠧᠨᠧᠷᠢᠩ ᠢ ᠢᠳᠡᠪᠬᠢᠲᠡᠢ ᠭᠤᠶᠤᠴᠢᠯᠠᠨ ᠮᠡᠳᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠠᠳᠤᠨ ᠭᠤᠣᠯ ᠤᠨ ᠮᠣᠷᠣᠶᠢᠯᠭᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠬᠤᠷᠴᠢᠨ᠂ ᠬᠤᠯᠠᠨ ᠰᠢᠷᠭ᠎ᠠ | ᠳᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠢ ᠪᠦᠬᠦ ᠲᠠᠯ᠎ᠠ ᠪᠠᠷ ᠰᠠᠶᠢᠲᠤᠷ ᠬᠢᠬᠦ ᠳᠤ | ᠪᠦᠬᠦ ᠲᠠᠯ᠎ᠠ ᠪᠠᠷ ᠬᠦᠴᠦ ᠨᠡᠮᠡᠷᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠬᠦᠯᠬᠦ ᠬᠡᠷᠡᠭᠲᠡᠢ᠃ | ᠭᠤᠷᠪᠠ᠂ ᠡᠨᠧᠷᠭᠢ ᠶᠢᠨ ᠡᠬᠢ ᠪᠠᠶᠠᠯᠢᠭ ᠢ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠤᠨ ᠴᠢᠬᠤᠯᠠ | ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ | ᠮᠠᠨ ᠤ ᠣᠷᠣᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠰᠢᠨ᠎ᠡ ᠨᠢᠭᠡᠨ ᠡᠭᠡᠯᠵᠢ ᠶᠢᠨ | ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ︽ | ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠲᠡ ᠶᠢᠨ ᠠᠰᠠᠷᠠᠮᠵᠢ ᠶᠢ ᠤᠷᠢᠳ ᠢᠶᠠᠷ ᠬᠡᠷᠡᠭᠵᠢᠭᠦᠯᠬᠦ᠂ ᠬᠤᠳᠠᠯᠳᠤᠭ᠎ᠠ ᠪᠠᠷ | ᠮᠥᠷᠳᠡᠨ ᠳᠠᠭᠠᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠲᠦᠷᠭᠡᠨ ᠰᠢᠪᠲᠤᠯᠬᠤ︾ ᠠᠵᠢᠯ ᠤᠨ | ᠵᠣᠬᠢᠴᠠᠮᠵᠢ ᠪᠠᠷ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ ᠢ ᠪᠥᠲᠥᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠨᠢᠭᠡ ᠳᠤ᠂ ᠵᠢᠯ ᠤᠨ ᠳᠣᠲᠣᠷ᠎ᠠ | ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠥᠩᠭᠦ ᠶᠢᠨ ᠲᠥᠷᠥᠯ | ᠵᠦᠢᠯ ᠢ 182 ᠲᠣᠬᠢᠷᠠᠭᠤᠯᠵᠤ᠂ 3.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠭᠦᠨ ᠳᠤ 1᠄ 2.5 | ᠲᠦᠮᠡᠨ ᠲᠥᠭᠦᠷᠢᠭ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠪᠠᠶᠢᠴᠠᠭᠠᠨ | ᠰᠤᠳᠤᠯᠤᠯᠲᠠ ᠶᠢᠨ ᠲᠥᠷᠥᠯ ᠵᠦᠢᠯ᠂ ᠪᠥᠬᠦ ᠣᠷᠣᠨ ᠤ ᠭᠤᠤᠯᠳᠠᠯᠭ᠎ᠠ ᠲᠠᠢ ᠪᠠᠶᠢᠴᠠᠭᠠᠯᠲᠠ ᠶᠢᠨ ᠣᠷᠣᠨ᠂ ᠬᠠᠶᠢᠨ | ᠪᠠᠶᠢᠴᠠᠭᠠᠬᠤ ᠣᠷᠣᠨ ᠵᠢᠴᠢ ᠠᠭᠤᠷᠬᠠᠶ ᠪᠣᠯᠬᠤ ᠳᠠᠯᠳᠠ ᠬᠦᠴᠦᠨ ᠤ ᠣᠷᠣᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠠᠭᠤᠷᠬᠠᠶ ᠶᠢᠨ ᠭᠠᠷᠤᠯᠲᠠ ᠶᠢᠨ ᠬᠠᠶᠢᠨ ᠪᠠᠶᠢᠴᠠᠭᠠᠯᠲᠠ ᠶᠢᠨ ᠲᠥᠷᠥᠯ ᠵᠦᠢᠯ᠂ ᠵᠢᠴᠢ ᠨᠡᠭᠦᠷᠡᠰᠦᠨ ᠳᠠᠪᠬᠤᠷᠭ᠎ᠠ ᠶᠢᠨ ᠬᠡᠢ᠂ | ᠭᠠᠵᠠᠷ ᠤᠨ ᠢᠯᠴᠢ ᠵᠡᠷᠭᠡ ᠴᠡᠪᠡᠷ ᠡᠨᠧᠷᠭᠢ ᠶᠢᠨ ᠲᠥᠷᠥᠯ ᠵᠦᠢᠯ᠂ ᠤᠰᠤᠨ ᠰᠢᠨᠵᠢᠯᠡᠭᠡᠨ ᠤ ᠲᠥᠷᠥᠯ ᠵᠦᠢᠯ ᠵᠡᠷᠭᠡ ᠶᠢ | ᠪᠠᠭᠲᠠᠭᠠᠵᠤ᠂ ᠡᠲᠡᠭᠡᠷ ᠲᠥᠷᠥᠯ ᠵᠦᠢᠯ ᠢ ᠡᠨᠡ ᠵᠢᠯ ᠤᠨ 5 ᠳ᠋ᠤᠭᠠᠷ ᠰᠠᠷ᠎ᠠ ᠳᠤ ᠨᠢᠭᠡᠨᠲᠡ ᠪᠦᠬᠦᠨ ᠢ ᠠᠵᠢᠯ ᠡᠬᠢᠯᠡᠭᠦᠯᠦᠨ | ᠬᠡᠷᠡᠭᠵᠢᠭᠦᠯᠪᠡ᠃ ᠡᠭᠦᠨ ᠤ ᠬᠠᠮᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠠᠭᠤᠷᠬᠠᠶ ᠡᠷᠢᠬᠦ ᠠᠵᠢᠯᠯᠠᠭ᠎ᠠ ᠶᠢᠨ ︿ᠠᠷᠪᠠᠨ ᠳᠥᠷᠪᠡᠳᠦᠭᠡᠷ | ᠲᠠᠪᠤᠨ ᠵᠢᠯ﹀ ᠤᠨ ᠬᠡᠷᠡᠭᠵᠢᠭᠦᠯᠬᠦ ᠲᠥᠰᠦᠯ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠵᠤ᠂ | ᠪᠠᠶ᠋ᠬᠠᠤᠪᠤᠭ᠎ᠠ ᠭᠠᠵᠠᠷ ᠣᠷᠣᠨ ᠤ ᠠᠭᠤᠷᠬᠠᠶ ᠡᠷᠢᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠪᠤᠭᠤᠲᠤ ᠶᠢᠨ ᠬᠤᠪᠣᠷ | ᠰᠢᠷᠣᠶ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠬᠤᠪᠣᠷ ᠰᠢᠷᠣᠶ ᠶᠢᠨ ᠬᠡᠷᠡᠭᠯᠡᠭᠡᠨ ᠤ ᠰᠠᠭᠤᠷᠢᠨ ᠭᠠᠵᠠᠷ ᠢ | ᠪᠥᠲᠥᠭᠡᠨ ᠪᠠᠶᠢᠭᠤᠯᠬᠤ ᠳᠤ ᠲᠤᠯᠭᠠᠭᠤᠷᠢᠯᠠᠯ ᠬᠠᠩᠭᠠᠪᠠ᠃ ᠬᠤᠶᠠᠷ ᠲᠤ᠂ ᠡᠨᠧᠷᠭᠢ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠨᠡᠭᠦᠷᠡᠰᠦᠨ ᠤ ᠡᠬᠢ ᠪᠠᠶᠠᠯᠢᠭ ᠢ ᠠᠷᠢᠭᠤᠨ ᠴᠡᠪᠡᠷ ᠥᠨᠳᠥᠷ | ᠪᠦᠲᠦᠮᠵᠢᠲᠡᠶ ᠪᠠᠷ ᠠᠰᠢᠭᠯᠠᠬᠤ ᠶᠢ ᠴᠢᠩᠭᠠᠳᠬᠠᠵᠤ᠂ ᠰᠢᠨ᠎ᠡ ᠵᠡᠭᠡᠯᠢ ᠶᠢᠨ ᠲᠠᠶᠢᠭ᠎ᠠ ᠰᠦᠮ᠎ᠡ ᠶᠢᠨ ᠠᠭᠤᠷᠬᠠᠢ ᠶᠢᠨ ᠣᠷᠣᠨ | ᠵᠡᠷᠭᠡ ᠨᠢᠭᠡ ᠪᠦᠯᠦᠭ ᠣᠳᠣᠬᠢᠴᠢᠯᠠᠭᠰᠠᠨ ᠲᠣᠮᠣ ᠬᠡᠯᠪᠡᠷᠢ ᠶᠢᠨ ᠨᠡᠭᠦᠷᠡᠰᠦᠨ ᠠᠭᠤᠷᠬᠠᠢ ᠶᠢᠨ ᠠᠭᠤᠷᠬᠠᠢ ᠶᠢᠨ ᠦᠢᠯᠡᠰ ᠤᠨ | ᠡᠷᠬᠡ ᠶᠢᠨ ᠭᠠᠷᠳᠠᠮ ᠢ ᠭᠦᠢᠴᠡᠳᠬᠡᠬᠦ ᠶᠢ ᠠᠬᠢᠭᠤᠯᠤᠨ᠎ᠠ᠃ ᠨᠡᠭᠦᠷᠡᠰᠦᠨ ᠤ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠨ | ᠬᠢᠮᠳᠠ ᠪᠠᠷ ᠬᠤᠳᠠᠯᠳᠤᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ ᠠᠭᠤᠷᠬᠠᠶ ᠶᠢᠨ ᠵᠦᠢᠯ ᠤᠨ ᠵᠥᠷᠢᠶᠡᠴᠢᠯᠡᠭᠰᠡᠨ | ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠯᠪᠡᠭ ᠲᠡᠮᠦᠷ᠂ ᠵᠡᠰ᠂ ᠠᠯᠲᠠ ᠵᠡᠷᠭᠡ ᠲᠡᠮᠦᠷᠯᠢᠭ | ᠵᠢᠴᠢ ᠴᠢᠨᠠᠷ ᠰᠠᠶᠢᠲᠠᠶ ᠲᠡᠮᠦᠷᠯᠢᠭ ᠤᠨ ᠪᠤᠰᠤ ᠠᠭᠤᠷᠬᠠᠶ ᠶᠢᠨ ᠭᠠᠷᠤᠯᠲᠠ ᠶᠢ ᠭᠤᠤᠯᠳᠠᠯᠭ᠎ᠠ ᠲᠠᠢ ᠨᠡᠭᠡᠭᠡᠨ ᠮᠠᠯᠲᠠᠵᠤ᠂ ᠠᠮᠢ | ᠠᠬᠤᠶ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠪᠠᠷ ᠨᠡᠯᠢᠶᠡᠳ ᠶᠡᠭᠡ ᠠᠭᠤᠷᠬᠠᠶ ᠶᠢᠨ ᠭᠠᠷᠤᠯᠲᠠ ᠶᠢ ᠨᠡᠭᠡᠭᠡᠨ | ᠮᠠᠯᠲᠠᠬᠤ ᠶᠢ ᠬᠤᠷᠢᠭᠯᠠᠨ᠎ᠠ᠃ ᠬᠤᠪᠣᠷ ᠰᠢᠷᠣᠶ ᠪᠠ ᠸᠣᠯᠹᠷᠠᠮ ᠤᠨ ᠠᠭᠤᠷᠬᠠᠶ ᠶᠢᠨ ᠶᠡᠷᠦᠩᠬᠡᠶ ᠬᠡᠮᠵᠢᠶ᠎ᠡ ᠶᠢ ᠲᠣᠬᠢᠷᠠᠭᠤᠯᠤᠨ | ᠡᠵᠡᠮᠳᠡᠵᠦ᠂ ᠤᠯᠤᠰ ᠠᠴᠠ ᠪᠠᠭᠤᠯᠭᠠᠭᠰᠠᠨ ᠨᠡᠭᠡᠭᠡᠨ ᠮᠠᠯᠲᠠᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠭᠡᠯ | ᠲᠤᠭ᠎ᠠ ᠶᠢᠨ ᠶᠣᠰᠣᠭᠠᠷ ᠦᠢᠯᠡᠳᠪᠦᠷᠢᠯᠡᠬᠦ ᠶᠢ ᠴᠢᠩᠭ᠎ᠠ ᠪᠠᠷᠢᠮᠲᠠᠯᠠᠨ᠎ᠠ᠃ ᠭᠤᠷᠪᠠ ᠳᠤ᠂ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠢ ᠠᠷᠪᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ ᠠᠬᠢᠭᠤᠯᠬᠤ ᠬᠡᠷᠡᠭᠲᠡᠶ᠃ | ᠣᠨ ᠤ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠶᠢ ᠢᠯᠡ ᠨᠡᠶᠢᠲᠡᠯᠡᠬᠦ | ᠮᠡᠳᠡᠭᠡ ᠵᠠᠩᠭᠢ ᠶᠢᠨ ︽ᠬᠤᠶᠠᠷ ᠢ ᠳᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠬᠤ ᠬᠠᠷᠢᠴᠠᠯ ᠢ | ᠳᠡᠭᠡᠭᠰᠢᠯᠡᠭᠦᠯᠵᠦ᠂ ᠠᠭᠤᠷᠬᠠᠶ ᠶᠢᠨ ᠠᠵᠤ ᠠᠬᠤᠶᠢᠯᠠᠯ ᠤᠨ ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ︽ | ᠭᠤᠷᠪᠠᠨ ᠨᠣᠷᠮ᠎ᠠ︾᠂ ᠬᠠᠳᠠᠭᠠᠯᠠᠭᠳᠠᠴᠠ ᠶᠢ ᠬᠥᠳᠡᠯᠭᠡᠨ ᠬᠡᠷᠡᠭᠯᠡᠭᠰᠡᠨ ᠪᠠᠶᠢᠳᠠᠯ ᠢ ᠰᠤᠭᠤᠴᠢᠨ ᠪᠠᠶᠢᠴᠠᠭᠠᠬᠤ ᠶᠢ | ᠴᠢᠩᠭᠠᠳᠬᠠᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠵᠤ᠂ ᠥᠪᠡᠷᠲᠡᠭᠡᠨ | ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ᠂ ᠪᠣᠬᠢᠷᠲᠤᠯ ᠥᠬᠡᠶ ᠠᠭᠤᠷᠬᠠᠶ ᠶᠢᠨ ︽ᠡᠷᠭᠢᠨ ᠬᠠᠷᠠᠬᠤ︾ ᠳᠤ ᠢᠯᠡᠷᠡᠭᠦᠯᠦᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠳᠥᠷᠪᠡ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ | ᠨᠢᠭᠡ ᠳᠤ᠂ ᠲᠠᠷᠢᠶᠠᠨ ᠭᠠᠵᠠᠷ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ | ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ | ᠭᠦᠢᠴᠡᠳ ᠲᠤᠭ᠎ᠠ ᠪᠠᠷ ᠬᠤᠪᠢᠶᠠᠷᠢᠯᠠᠨ ᠪᠠᠭᠤᠯᠭᠠᠵᠤ᠂ ᠱᠠᠲᠤ ᠱᠠᠲᠤ ᠪᠠᠷ ᠲᠠᠷᠢᠶᠠᠨ ᠭᠠᠵᠠᠷ ᠢ ᠬᠠᠮᠠᠭᠠᠯᠠᠬᠤ | ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠲᠠᠷᠢᠶᠠᠨ ᠭᠠᠵᠠᠷ ᠢ ᠬᠠᠮᠠᠭᠠᠯᠠᠬᠤ ᠳᠤ ᠨᠠᠮ ᠵᠠᠰᠠᠭ ᠤᠨ | ᠠᠳᠠᠯᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠴᠢᠩᠭ᠎ᠠ ᠬᠢᠨᠠᠨ ᠰᠢᠯᠭᠠᠵᠤ᠂ ᠴᠢᠬᠤᠯᠠ ᠶᠡᠭᠡ ᠠᠰᠠᠭᠤᠳᠠᠯ ᠢ ᠨᠢᠭᠡ ᠯᠡ | ᠪᠢᠯᠧᠲ ᠢᠶᠠᠷ ᠬᠦᠴᠦᠨ ᠦᠭᠡᠢ ᠪᠣᠯᠭᠠᠬᠤ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠬᠦ ᠬᠡᠷᠡᠭᠲᠡᠢ᠃ | ᠬᠤᠶᠠᠷ ᠲᠤ᠂ ᠲᠠᠷᠢᠶᠠᠨ ᠭᠠᠵᠠᠷ ᠤᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠳᠦᠷᠢᠮ ᠢ ᠴᠢᠩᠳᠠᠯᠠᠨ᠎ᠠ᠃ ᠲᠠᠷᠢᠶᠠᠨ ᠭᠠᠵᠠᠷ | ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ | ︽ᠬᠤᠶᠠᠷ ᠢ ᠲᠡᠩᠴᠡᠭᠦᠯᠵᠦ ᠨᠢᠭᠡ ᠶᠢ ᠦᠯᠦ ᠬᠦᠳᠡᠯᠭᠡᠯᠬᠡᠬᠦ︾ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠬᠠᠮᠢᠶᠠᠷᠤᠨ ᠡᠵᠡᠮᠳᠡᠵᠦ᠂ ᠲᠠᠷᠢᠶᠠᠨ ᠭᠠᠵᠠᠷ ᠢ | ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠠᠰᠢᠭᠯᠠᠬᠤ ᠶᠢ ᠪᠠᠲᠤᠯᠠᠬᠤ ᠬᠡᠷᠡᠭᠲᠡᠢ᠃ ᠡᠨᠡ ᠵᠢᠯ ᠠᠴᠠ ᠨᠠᠭᠠᠰᠢ᠂ ᠪᠥᠬᠦ | ᠣᠷᠣᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠭᠰᠡᠨ ᠲᠠᠷᠢᠶᠠᠨ ᠭᠠᠵᠠᠷ 1641.41 ᠾᠧᠺᠲ᠋ᠠᠷ᠂ ᠨᠥᠬᠦᠪᠥᠷᠢ ᠲᠠᠷᠢᠶᠠᠨ | ᠭᠠᠵᠠᠷ 1641.41 ᠾᠧᠺᠲ᠋ᠠᠷ ᠲᠤ ᠬᠦᠷᠴᠦ᠂ ᠴᠥᠮ ᠲᠠᠷᠢᠶᠠᠨ ᠭᠠᠵᠠᠷ ᠤᠨ ︽ᠡᠵᠡᠯᠡᠬᠦ ᠪᠠ ᠨᠥᠬᠦᠪᠥᠷᠢᠯᠡᠬᠦ ᠶᠢ | ᠲᠡᠩᠴᠡᠭᠦᠷᠢᠲᠡᠶ ᠪᠠᠶᠢᠯᠭᠠᠬᠤ︾ ᠶᠢ ᠨᠠᠶᠢᠳᠠᠪᠤᠷᠢᠵᠢᠭᠤᠯᠪᠠ᠃ ᠭᠤᠷᠪᠠ ᠳᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ | ᠶᠠᠰᠤ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠯᠠᠬᠤ ᠳᠤ ᠲᠣᠬᠢᠷᠠᠬᠤ ᠪᠡᠯᠡᠳᠬᠡᠯ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ᠲᠠᠯᠠᠪᠠᠢ ᠶᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠶ᠃ ᠬᠥᠯᠥᠨ ᠪᠤᠶᠢᠷ᠂ ᠬᠢᠩᠭᠠᠨ ᠠᠶᠢᠮᠠᠭ ᠵᠡᠷᠭᠡ ᠤᠰᠤᠨ ᠤ ᠡᠬᠢ | ᠪᠠᠶᠠᠯᠢᠭ ᠢᠶᠠᠷ ᠡᠯᠪᠡᠭ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠤᠰᠤᠨ ᠲᠠᠷᠢᠶ᠎ᠠ ᠶᠢ ᠪᠦᠲᠦᠭᠡᠨ ᠪᠠᠶᠢᠭᠤᠯᠬᠤ | ᠡᠷᠴᠢᠮ ᠢᠶᠠᠨ ᠨᠡᠮᠡᠭᠳᠡᠭᠦᠯᠵᠦ᠂ ᠪᠦᠬᠦ ᠣᠷᠣᠨ ᠳᠤ ᠤᠰᠤᠨ ᠲᠠᠷᠢᠶᠠᠨ ᠤ ᠭᠦᠢᠴᠡᠳᠭᠡᠯ ᠲᠤᠭ᠎ᠠ ᠶᠢ ᠨᠢᠭᠡᠨᠲᠡ 3 ᠲᠦᠮᠡ | ᠰᠢᠬᠠᠮ ᠮᠦ ᠪᠠᠶᠢᠭᠤᠯᠵᠤ ᠳᠠᠭᠤᠰᠬᠠᠪᠠ᠃ ᠲᠦᠷᠪᠡ ᠳᠤ᠂ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠨ᠎ᠠ᠃ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠷ᠎ᠠ ᠬᠥᠷᠥᠰᠥᠲᠦ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠬᠢᠨᠠᠨ | ᠪᠠᠶᠢᠴᠠᠭᠠᠬᠤ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠷ᠎ᠠ ᠬᠥᠷᠥᠰᠥᠲᠦ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠷ᠎ᠠ | ᠬᠥᠷᠥᠰᠥᠲᠦ ᠲᠠᠷᠢᠶᠠᠨ ᠭᠠᠵᠠᠷ ᠤᠨ ᠬᠥᠷᠥᠰᠥ ᠶᠢ ᠡᠵᠡᠯᠡᠨ ᠬᠡᠷᠡᠭᠯᠡᠬᠦ ᠪᠠ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ | ᠪᠠᠶᠢᠯᠭᠠᠬᠤ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠲᠠᠪᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠬᠢᠵᠦ᠂ | ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠤᠨ᠎ᠠ | ᠴᠢᠬᠤᠯᠠ ᠶᠡᠭᠡ ᠲᠦᠷᠦᠯ ᠵᠦᠢᠯ ᠤᠨ ᠭᠠᠵᠠᠷ ᠬᠡᠷᠡᠭᠯᠡᠬᠦ ᠪᠠᠲᠤᠯᠠᠭ᠎ᠠ ᠶᠢ ᠪᠦᠬᠦ ᠬᠦᠴᠦᠨ ᠢᠶᠠᠷ ᠰᠠᠶᠢᠲᠤᠷ ᠬᠢᠨ᠎ᠡ᠃ ︽ | ᠲᠥᠷᠥᠯ ᠵᠦᠢᠯ ᠨᠢ ᠲᠥᠯᠥᠪᠵᠢᠭᠦᠯᠭᠡ ᠪᠠᠨ ᠳᠠᠭᠠᠵᠤ᠂ ᠬᠦᠴᠦᠨ ᠵᠦᠢᠯ ᠨᠢ ᠲᠥᠷᠥᠯ ᠵᠦᠢᠯ ᠢᠶᠠᠨ ᠳᠠᠭᠠᠬᠤ︾ ᠶᠢ | ᠪᠠᠷᠢᠮᠲᠠᠯᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠨᠠᠷᠢᠯᠢᠭ | ᠬᠠᠭᠤᠳᠠᠰᠤ ᠳᠤ ᠵᠢᠭᠰᠠᠭᠠᠨ ᠣᠷᠣᠭᠤᠯᠤᠭᠰᠠᠨ ᠲᠥᠷᠥᠯ ᠵᠦᠢᠯ ᠤᠨ ᠬᠡᠷᠡᠭᠯᠡᠬᠦ ᠭᠠᠵᠠᠷ ᠢ ᠪᠠᠲᠤᠯᠠᠬᠤ ᠶᠣᠰᠣᠲᠠᠶ ᠶᠢ ᠨᠢ ᠴᠥᠮ | ᠪᠠᠲᠤᠯᠠᠬᠤ ᠬᠡᠷᠡᠭᠲᠡᠶ᠃ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ ᠮᠡᠳᠡᠭᠡ ᠵᠠᠩᠭᠢ ᠵᠡᠷᠭᠡ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ᠡᠭᠦᠨ ᠤ ᠬᠠᠮᠲᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ | ᠤᠷᠢᠳ ᠢᠶᠠᠷ ᠪᠠᠲᠤᠯᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠮᠣ ᠬᠡᠯᠪᠡᠷᠢ ᠶᠢᠨ ᠰᠠᠯᠬᠢᠨ ᠬᠦᠴᠦᠨ ᠤ | ᠴᠠᠬᠢᠯᠭᠠᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠡᠯᠡᠰᠦ ᠮᠠᠩᠬ᠎ᠠ᠂ ᠭᠤᠪᠢ ᠴᠦᠯᠯᠡᠷᠭᠡᠭ ᠵᠡᠷᠭᠡ | ᠠᠰᠢᠭᠯᠠᠭᠠᠳᠤᠶ ᠭᠠᠵᠠᠷ ᠢ ᠬᠡᠷᠡᠭᠯᠡᠬᠦ ᠶᠢ ᠵᠣᠷᠢᠭᠵᠢᠭᠤᠯᠵᠤ᠂ ᠲᠦᠷᠢᠶᠡᠰᠦᠯᠡᠭᠦᠯᠬᠦ ᠪᠤᠶᠤ ᠬᠤᠪᠢ ᠣᠷᠣᠭᠤᠯᠬᠤ ᠠᠷᠭ᠎ᠠ | ᠮᠠᠶ᠋ᠢᠭ ᠢᠶᠠᠷ ᠭᠠᠵᠠᠷ ᠬᠡᠷᠡᠭᠯᠡᠬᠦ ᠶᠢ ᠠᠬᠢᠭᠤᠯᠵᠤ᠂ ᠣᠷᠣᠨ ᠨᠤᠲᠤᠭ ᠪᠤᠶᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠣᠷᠳᠣ ᠬᠤᠭᠤᠴᠠᠭ᠎ᠠ ᠪᠠᠷ ᠦᠷᠭᠦᠯᠵᠢᠯᠡᠭᠦᠯᠵᠦ ᠪᠣᠯᠬᠤ ᠭᠠᠵᠠᠷ ᠰᠢᠷᠣᠶ ᠶᠢᠨ ᠠᠰᠢᠭ ᠣᠯᠵᠠᠪᠤᠷᠢ | ᠤᠯᠬᠤ ᠶᠢ ᠪᠠᠲᠤᠯᠠᠨ᠎ᠠ᠃ 2023 ᠣᠨ ᠳᠤ ᠪᠥᠬᠦ ᠣᠷᠣᠨ ᠳᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠨᠢ | 5000 ᠲᠦᠮᠡᠨ ᠲᠥᠭᠦᠷᠢᠭ ᠠᠴᠠ ᠳᠡᠭᠡᠭᠰᠢ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠨᠢ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠂ 1790 ᠭᠠᠵᠠᠷ | ᠬᠡᠷᠡᠭᠯᠡᠬᠦ ᠭᠠᠷᠳᠠᠮ ᠢ ᠭᠦᠢᠴᠡᠳᠭᠡᠬᠦ ᠲᠥᠷᠥᠯ ᠵᠦᠢᠯ ᠢ ᠭᠦᠢᠴᠡᠳᠭᠡᠬᠦ ᠳᠤ ᠬᠤᠯᠪᠣᠭᠳᠠᠵᠤ᠂ ᠣᠳᠣᠬᠠᠨ ᠳᠤ ᠨᠢᠭᠡᠨᠲᠡ | 1628 ᠵᠦᠢᠯᠡᠰ ᠢ ᠬᠦᠢᠴᠡᠳᠭᠡᠵᠦ ᠳᠠᠭᠤᠰᠬᠠᠨ᠂ 57 ᠶᠢ ᠶᠠᠭ ᠭᠦᠢᠴᠡᠳᠭᠡᠵᠦ᠂ ᠭᠦᠢᠴᠡᠳᠭᠡᠬᠦ ᠵᠠᠩᠭᠢᠯᠠᠭ᠎ᠠ ᠶᠢᠨ ᠴᠡᠭ | 105 ᠪᠣᠯᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 91% ᠳᠤ ᠬᠦᠷᠪᠡ᠃ | ᠵᠢᠷᠭᠤᠭ᠎ᠠ᠂ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠲᠠᠰᠤᠷᠠᠯᠲᠠ ᠤᠢᠭᠡᠢ ᠴᠢᠩᠭᠠᠷᠠᠭᠤᠯᠵᠤ᠂ | ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠲᠠᠶ ᠪᠥᠭᠡᠳ ᠳᠣᠷᠪᠢᠯᠢᠭ ᠢᠶᠠᠷ ᠠᠰᠢᠭᠯᠠᠬᠤ ᠶᠢ ᠦᠨᠡᠨ ᠬᠦ ᠠᠬᠢᠭᠤᠯᠬᠤ ᠬᠡᠷᠡᠭᠲᠡᠶ | ᠨᠢᠭᠡ ᠳᠤ᠂ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢ | ᠲᠦᠢᠯᠪᠤᠷᠢᠲᠠᠢ ᠵᠠᠰᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ︽ᠨᠢᠭᠡ ᠭᠠᠵᠠᠷ ᠲᠤ ᠨᠢᠭᠡ ᠠᠷᠭ᠎ᠠ ᠪᠣᠳᠣᠯᠭ᠎ᠠ ᠠᠪᠬᠤ︾ | ᠡᠬᠡ ᠲᠠᠩᠰᠠ ᠪᠠ ᠲᠥᠷᠥᠯ ᠬᠤᠪᠢᠶᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠳᠠᠯᠤᠨ | ᠰᠤᠳᠤᠯᠵᠤ ᠮᠠᠭᠠᠳᠯᠠᠬᠤ᠂ ᠮᠥᠷᠳᠡᠨ ᠬᠢᠨᠠᠨ ᠵᠢᠯᠣᠭᠤᠳᠬᠤ᠂ ᠵᠠᠷᠯᠠᠨ ᠪᠣᠯᠵᠣᠨ ᠶᠠᠷᠢᠯᠴᠠᠬᠤ ᠶᠢ ᠴᠢᠩᠭᠠᠳᠬᠠᠨ᠂ | ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠰᠢᠩᠭᠡᠭᠡᠨ | ᠰᠢᠢᠳᠪᠦᠷᠢᠯᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ 2023 ᠣᠨ ᠳᠤ ᠵᠦᠪᠰᠢᠶᠡᠷᠡᠭᠰᠡᠨ ᠪᠠᠶᠢᠲᠠᠯ᠎ᠠ ᠦᠯᠦ | ᠬᠠᠩᠭᠠᠭᠰᠠᠨ ᠭᠠᠵᠠᠷ ᠰᠢᠷᠣᠶ ᠶᠢ 13.54 ᠲᠦᠮᠡᠨ ᠮᠥ᠂ ᠰᠤᠯᠠ ᠪᠠᠶᠢᠭ᠎ᠠ ᠭᠠᠵᠠᠷ ᠰᠢᠷᠣᠶ ᠶᠢ 6.29 ᠲᠦᠮᠡᠨ ᠮᠥ ︵ | ᠥᠪᠡᠷ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠳᠠᠷᠤᠯᠲᠠ ᠨᠡᠮᠡᠭᠳᠡᠭᠦᠯᠵᠦ᠂ ᠰᠤᠯᠠ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠬᠦ | ᠡᠭᠦᠷᠭᠡ ᠶᠢᠨ ᠬᠡᠮᠵᠢᠶ᠎ᠡ ᠶᠢ 3.82 ᠲᠦᠮᠡᠨ ᠮᠥ ᠪᠠᠶᠢᠭᠰᠠᠨ ᠠᠴᠠ 6.29 ᠲᠦᠮᠡᠨ ᠮᠥ ᠪᠣᠯᠭᠠᠨ ᠳᠡᠭᠡᠭᠰᠢᠯᠡᠬᠦᠯᠵᠡᠢ︶᠃ | ᠣᠳᠣᠬᠠᠨ ᠪᠣᠯᠲᠠᠯ᠎ᠠ᠂ ᠪᠥᠬᠦ ᠣᠷᠣᠨ ᠤ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠭᠠᠵᠠᠷ ᠰᠢᠷᠣᠢ ᠶᠢ ᠨᠢᠭᠡᠨᠲᠡ 8. | 82 ᠲᠦᠮᠡᠨ ᠮᠦ ᠰᠢᠩᠭᠡᠭᠡᠵᠦ᠂ 2023 ᠣᠨ ᠤ ᠰᠢᠩᠭᠡᠭᠡᠬᠦ ᠡᠭᠦᠷᠭᠡ ︵13.54 ᠲᠦᠮᠡᠨ ᠮᠦ︶ ᠶᠢᠨ 65.15% ᠶᠢ | ᠪᠡᠶᠡᠯᠡᠭᠦᠯᠪᠡ᠃ ᠰᠤᠯᠠ ᠲᠠᠯᠪᠢᠵᠤ ᠪᠠᠶᠢᠭ᠎ᠠ ᠭᠠᠵᠠᠷ ᠰᠢᠷᠣᠶ ᠶᠢ ᠨᠢᠭᠡᠨᠲᠡ 4.81 ᠲᠦᠮᠡᠨ ᠮᠥ ᠰᠢᠢᠳᠪᠦᠷᠢᠯᠡᠵᠦ᠂ 2023 | ᠣᠨ ᠤ ᠰᠢᠢᠳᠪᠦᠷᠢᠯᠡᠬᠦ ᠡᠭᠦᠷᠭᠡ ︵6.29 ᠲᠦᠮᠡᠨ ᠮᠥ︶ ᠶᠢᠨ 76.41% ᠶᠢ ᠪᠡᠶᠡᠯᠡᠭᠦᠯᠵᠦ᠂ ᠬᠠᠭᠠᠰ | ᠬᠤᠭᠤᠴᠠᠭ᠎ᠠ ᠠᠴᠠ ᠬᠡᠲᠦᠷᠡᠭᠰᠡᠨ ᠡᠭᠦᠷᠭᠡ ᠶᠢᠨ ᠬᠠᠭᠠᠰ ᠠᠴᠠ ᠬᠡᠲᠦᠷᠡᠭᠰᠡᠨ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ | ᠬᠤᠶᠠᠷ ᠲᠤ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠦᠷᠦᠯ ᠵᠦᠢᠯ ᠤᠨ ᠬᠡᠷᠡᠭᠵᠢᠭᠦᠯᠦᠯᠲᠡ ᠶᠢ ᠢᠳᠡᠪᠬᠢᠲᠡᠢ | ᠠᠬᠢᠭᠤᠯᠬᠤ ᠬᠡᠷᠡᠭᠲᠡᠢ᠃ ︽ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠨᠡᠮᠡᠭᠳᠡᠯ | ᠬᠠᠰᠤᠭᠳᠠᠯ ᠢ ᠬᠤᠯᠪᠣᠭᠳᠠᠭᠤᠯᠬᠤ ᠶᠢ ᠵᠢᠷᠤᠮᠵᠢᠭᠤᠯᠤᠨ ᠬᠡᠷᠡᠭᠵᠢᠭᠦᠯᠬᠦ ᠵᠢᠴᠢ ᠲᠤᠷᠰᠢᠯᠭ᠎ᠠ ᠶᠢ ᠳᠡᠯᠭᠡᠷᠡᠭᠦᠯᠬᠦ ᠲᠤᠬᠠᠶ | ᠵᠢᠯᠣᠭᠤᠳᠬᠤ ᠰᠠᠨᠠᠯ︾ ᠢ ᠨᠡᠶᠢᠲᠡᠯᠡᠵᠦ᠂ ᠪᠦᠬᠦ ᠲᠣᠰᠬᠤᠨ ᠢᠶᠠᠷ ᠨᠢ ᠨᠡᠭᠦᠯᠭᠡᠬᠦ᠂ ᠣᠨᠳᠣᠤ ᠭᠠᠵᠠᠷ ᠲᠤ ᠨᠡᠭᠦᠯᠭᠡᠨ | ᠶᠠᠳᠠᠭᠤ ᠶᠢ ᠲᠡᠳᠬᠦᠬᠦ᠂ ᠬᠥᠳᠡᠭᠡ ᠲᠣᠰᠬᠤᠨ ᠤ ᠬᠠᠮᠲᠤ ᠶᠢᠨ ᠦᠢᠯᠡᠳᠪᠦᠷᠢ ᠠᠭᠤᠷᠬᠠᠶ ᠳᠤ ᠬᠡᠷᠡᠭᠯᠡᠬᠦ ᠭᠠᠵᠠᠷ ᠵᠡᠷᠭᠡ 3 | ᠵᠦᠢᠯ ᠤᠨ ᠵᠠᠭᠪᠤᠷ ᠢ ᠳᠡᠯᠭᠡᠷᠡᠭᠦᠯᠵᠦ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ | ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠳᠤ ᠥᠯᠢᠭᠡᠷ ᠳᠠᠭᠤᠷᠢᠶᠠᠯ ᠪᠣᠯᠬᠤ ᠠᠷᠭ᠎ᠠ ᠵᠠᠮ ᠢ ᠬᠠᠩᠭᠠᠨ᠎ᠠ᠃ | ᠭᠤᠷᠪᠠ ᠳᠤ᠂ ︽ᠣᠷᠣᠨ ᠪᠦᠰᠡ ᠶᠢᠨ ᠦᠨᠡᠯᠡᠯᠲᠡ ᠶᠢᠨ ᠪᠠᠷᠢᠮᠵᠢᠶᠠᠲᠤ ᠭᠠᠵᠠᠷ︾ ᠤᠨ ᠵᠠᠭᠪᠤᠷ ᠢ ᠦᠷᠭᠦᠯᠵᠢᠯᠡᠨ | ᠬᠡᠷᠡᠭᠵᠢᠭᠦᠯᠦᠨ᠎ᠡ᠃ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠭᠦᠢᠴᠡᠳ ᠰᠠᠶᠢᠲᠤᠷ ᠠᠰᠢᠭᠯᠠᠵᠤ᠂ | ᠠᠵᠤ ᠠᠬᠤᠶᠢᠯᠠᠯ ᠤᠨ ᠣᠷᠣᠭᠤᠯᠤᠯᠲᠠ ᠶᠢᠨ ᠥᠪᠡᠷ ᠤᠨ ᠥᠷᠲᠡᠭ ᠢ ᠦᠨᠡᠨ ᠬᠦ ᠪᠠᠭᠠᠰᠬᠠᠨ᠎ᠠ᠃ ᠡᠯ᠎ᠡ ᠲᠥᠷᠥᠯ ᠤᠨ | ᠨᠡᠭᠡᠭᠡᠯᠲᠡ ᠶᠢᠨ ᠣᠷᠣᠨ ᠳᠤ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ︽ᠪᠠᠷᠢᠮᠵᠢᠶᠠᠲᠤ | ᠭᠠᠵᠠᠷ︾ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠰᠢᠨ᠎ᠡ ᠪᠠᠷ ᠨᠡᠮᠡᠭᠳᠡᠭᠦᠯᠬᠦ ᠠᠵᠤ ᠦᠢᠯᠡᠳᠪᠦᠷᠢ ᠶᠢᠨ | ᠬᠡᠷᠡᠭᠯᠡᠬᠦ ᠭᠠᠵᠠᠷ ᠤᠨ ᠰᠢᠯᠵᠢᠭᠦᠯᠦᠨ ᠥᠭᠬᠦ ᠬᠠᠷᠢᠴᠠᠯ ᠢ 30% ᠲᠤ ᠬᠦᠷᠭᠡᠬᠦ ᠶᠢ ᠦᠨᠡᠨ ᠬᠦ ᠪᠠᠲᠤᠯᠠᠨ᠎ᠠ᠃ 7 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ︽ᠪᠠᠷᠢᠮᠵᠢᠶᠠᠲᠤ | ᠭᠠᠵᠠᠷ︾ ᠤᠨ ᠰᠢᠯᠵᠢᠭᠦᠯᠦᠨ ᠬᠤᠳᠠᠯᠳᠤᠬᠤ ᠶᠢ ᠨᠡᠶᠢᠲᠡ 121 ᠪᠡᠶᠡᠯᠡᠭᠦᠯᠵᠦ᠂ ᠶᠡᠷᠦᠩᠬᠡᠶ ᠲᠠᠯᠠᠪᠠᠶ ᠨᠢ 1316.66 | ᠾᠧᠺᠲ᠋ᠠᠷ ᠪᠠᠶᠢᠵᠤ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢᠨ ᠰᠢᠯᠵᠢᠭᠦᠯᠦᠨ ᠥᠭᠬᠦ | ᠳᠤᠮᠳᠠ 52.16% ᠶᠢ ᠡᠵᠡᠯᠡᠪᠡ᠃ ᠳᠥᠷᠪᠡ ᠳᠤ᠂ ︽ᠭᠠᠵᠠᠷ ᠰᠢᠷᠣᠶ ᠶᠢᠨ ᠬᠡᠲᠦ ᠳᠡᠯᠭᠡᠭᠦᠷ︾ ᠤᠨ ᠪᠥᠲᠥᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ︽ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ︾ | ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠭᠠᠵᠠᠷ ᠰᠢᠷᠣᠶ ᠶᠢᠨ ᠬᠡᠲᠦ ᠳᠡᠯᠭᠡᠭᠦᠷ ᠤᠨ ᠡᠭᠦᠯᠡᠨ ᠳᠡᠭᠡᠷᠡᠬᠢ | ᠭᠠᠵᠠᠷ ᠰᠣᠩᠭᠤᠬᠤ ᠲᠠᠪᠴᠠᠩ ᠢ ᠰᠤᠳᠤᠯᠤᠨ ᠨᠡᠭᠡᠭᠡᠵᠦ᠂ ᠠᠷᠠᠯᠵᠢᠶ᠎ᠠ ᠳᠤ ᠨᠡᠶᠢᠴᠡᠬᠦ ᠭᠠᠵᠠᠷ ᠰᠢᠷᠣᠶ ᠶᠢᠨ ᠡᠬᠢ ᠪᠠᠶᠠᠯᠢᠭ ᠤᠨ | ᠭᠠᠵᠠᠷ ᠢ ︽ᠳᠡᠯᠭᠡᠨ ᠦᠵᠡᠭᠦᠯᠬᠦ︾ ᠶᠢ ᠪᠡᠶᠡᠯᠡᠭᠦᠯᠵᠦ᠂ ᠠᠵᠤ ᠠᠬᠤᠶᠢᠯᠠᠯ PC ᠦᠵᠦᠭᠦᠷ ᠪᠠ ᠰᠢᠯᠵᠢᠮᠡᠯ ᠦᠵᠦᠭᠦᠷ ᠤᠨ | ᠭᠦᠶᠦᠯᠲᠡ ᠶᠢᠨ ᠲᠥᠷᠥᠯ ᠵᠦᠢᠯ ᠤᠨ ᠭᠠᠵᠠᠷ ᠰᠢᠷᠣᠶ ᠶᠢᠨ ᠲᠥᠯᠥᠪᠵᠢᠭᠦᠯᠭᠡ ᠶᠢᠨ ᠨᠥᠬᠦᠴᠡᠯ᠂ ᠭᠦᠢᠴᠡᠳᠭᠡᠯ ᠲᠤᠭ᠎ᠠ ᠶᠢᠨ | ᠬᠡᠪᠴᠢᠶ᠎ᠡ᠂ ᠵᠥᠪᠰᠢᠶᠡᠷᠡᠨ ᠣᠷᠣᠭᠤᠯᠬᠤ ᠨᠥᠬᠦᠴᠡᠯ᠂ ᠦᠨᠳᠦᠰᠦᠨ ᠮᠡᠳᠡᠭᠡ ᠵᠠᠩᠭᠢ ᠵᠡᠷᠭᠡ ᠠᠭᠤᠯᠭ᠎ᠠ ᠪᠠᠷ ᠳᠠᠮᠵᠢᠭᠤᠯᠤᠨ᠂ | ᠬᠡᠷ ᠠᠴᠠ ᠪᠠᠨ ᠭᠠᠷᠬᠤ ᠥᠬᠡᠶ ᠪᠠᠷ ᠭᠠᠵᠠᠷ ᠰᠢᠷᠣᠶ ᠶᠢᠨ ᠪᠥᠬᠦ ᠦᠵᠡᠮᠵᠢ ᠶᠢ ᠪᠠᠶᠢᠴᠠᠭᠠᠨ ᠦᠵᠡᠵᠦ᠂ ᠰᠦᠯᠵᠢᠶᠡᠨ ᠳᠡᠭᠡᠷ᠎ᠡ | ᠴᠠᠭ ᠲᠤᠬᠠᠶ ᠳᠤ ᠨᠢ ᠪᠠᠶᠢᠷᠢ ᠲᠣᠭᠲᠠᠭᠠᠯᠲᠠ ᠬᠢᠵᠦ᠂ ᠲᠥᠯᠥᠪᠵᠢᠭᠦᠯᠭᠡ ᠶᠢᠨ ᠪᠠᠶᠢᠳᠠᠯ᠂ ᠡᠷᠬᠢᠨ ᠲᠣᠭᠤᠷᠢᠨ ᠤ ᠭᠠᠵᠠᠷ ᠤᠨ | ᠦᠨ᠎ᠡ᠂ ᠵᠠᠮ ᠬᠠᠷᠢᠯᠴᠠᠭᠠᠨ ᠤ ᠣᠳᠣᠬᠢ ᠪᠠᠶᠢᠳᠠᠯ ᠵᠡᠷᠭᠡ ᠪᠠᠶᠢᠳᠠᠯ ᠢ ᠭᠦᠢᠴᠡᠳ ᠪᠠᠶᠢᠴᠠᠭᠠᠨ ᠦᠵᠡᠵᠦ ᠪᠣᠯᠤᠨ᠎ᠠ᠂ ᠠᠵᠤ | ᠠᠬᠤᠶᠢᠯᠠᠯ ᠤᠳ ᠭᠠᠵᠠᠷ ᠰᠢᠷᠣᠶ ᠶᠢ ᠰᠦᠯᠵᠢᠶ᠎ᠡ ᠪᠠᠷ ᠰᠣᠩᠭᠤᠵᠤ᠂ ︽ᠲᠥᠷᠥᠯ ᠵᠦᠢᠯ ᠳᠤ ᠭᠠᠵᠠᠷ ᠰᠣᠩᠭᠤᠬᠤ︾ ᠶᠢ | ᠪᠡᠶᠡᠯᠡᠭᠦᠯᠵᠦ᠂ ︽ᠲᠥᠷᠥᠯ ᠵᠦᠢᠯ ᠳᠤ ᠭᠠᠵᠠᠷ ᠰᠢᠷᠣᠶ ᠡᠷᠢᠵᠦ᠂ ᠭᠠᠵᠠᠷ ᠰᠢᠷᠣᠶ ᠶᠢ ᠨᠠᠷᠠᠨ ᠳᠤ ᠡᠭᠡᠭᠡᠬᠦ︾ ᠬᠦᠴᠢᠷ | ᠠᠰᠠᠭᠤᠳᠠᠯ ᠢ ᠰᠢᠢᠳᠪᠦᠷᠢᠯᠡᠬᠦ ᠳᠤ ᠬᠠᠮᠤᠭ ᠤᠨ ᠰᠠᠶᠢᠨ ᠲᠥᠰᠦᠯ ᠢ ᠬᠠᠩᠭᠠᠨ᠎ᠠ᠃ ᠣᠶᠢᠷ᠎ᠠ ᠳᠤ᠂ ᠭᠤᠤᠯ ᠰᠡᠳᠦᠪᠲᠦ | ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠬᠢᠩᠭᠠᠨ ᠠᠶᠢᠮᠠᠭ ᠢ ᠰᠣᠩᠭᠤᠨ ᠲᠤᠷᠰᠢᠯᠲᠠ ᠶᠢᠨ ᠴᠡᠭ ᠪᠣᠯᠭᠠᠵᠤ᠂ ᠪᠣᠯᠪᠠᠰᠤᠷᠠᠩᠭᠤᠶ ᠪᠣᠯᠤᠭᠰᠠᠨ ᠭᠠᠵᠠᠷ ᠤᠨ ︽ᠲᠠᠸᠠᠷ︾ | ᠢ ᠵᠢᠶᠠᠰᠠᠨ ᠳᠡᠭᠡᠷ᠎ᠡ ᠭᠠᠷᠭᠠᠬᠤ ᠠᠵᠢᠯ ᠢ ᠥᠷᠨᠢᠭᠦᠯᠵᠦ᠂ ᠣᠳᠣᠬᠠᠨ ᠳᠤ ᠨᠢᠭᠡᠨᠲᠡ ᠨᠢᠭᠡ ᠪᠦᠯᠦᠭ ︵48 ᠪᠦᠯᠦᠭ︶ | ᠭᠠᠵᠠᠷ ᠲᠤ ᠭᠠᠷᠭᠠᠵᠤ᠂ ᠠᠵᠤ ᠠᠬᠤᠶᠢᠯᠠᠯ ᠪᠠ ᠣᠯᠠᠨ ᠨᠡᠶᠢᠲᠡ ᠳᠤ ᠰᠦᠯᠵᠢᠶᠡᠨ ᠳᠡᠭᠡᠷ᠎ᠡ ᠬᠦᠷᠭᠡᠪᠡ᠃ ᠵᠠᠯᠭᠠᠭᠠᠳ᠂ | ᠪᠤᠰᠤᠳ ᠠᠶᠢᠮᠠᠭ ᠬᠤᠲᠠ ᠶᠢᠨ ᠪᠣᠯᠪᠠᠰᠤᠷᠠᠩᠭᠤᠶ ᠪᠣᠯᠤᠭᠰᠠᠨ ᠭᠠᠵᠠᠷ ᠤᠨ ᠵᠢᠶᠠᠰᠠᠨ ᠳᠡᠭᠡᠷ᠎ᠡ ᠭᠠᠷᠭᠠᠬᠤ ᠠᠵᠢᠯ ᠢ ᠵᠡᠷᠭᠡ ᠳᠤ | ᠨᠢ ᠳᠡᠯᠭᠡᠷᠡᠭᠦᠯᠵᠦ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠤᠨ᠂ | ᠲᠣᠰ ᠵᠢᠯ ᠤᠨ ᠥᠪᠥᠷ ᠮᠣᠩᠭᠤᠯ ᠤᠨ ᠭᠠᠵᠠᠷ ᠰᠢᠷᠣᠶ ᠶᠢᠨ ᠬᠡᠲᠦ ᠳᠡᠯᠭᠡᠭᠦᠷ ᠢ ᠪᠥᠬᠦ ᠣᠷᠣᠨ ᠤ ᠭᠠᠵᠠᠷ ᠰᠢᠷᠣᠶ ᠶᠢᠨ ᠡᠬᠢ | ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠦᠨᠡᠨ ᠬᠦ ᠪᠠᠲᠤᠯᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠥᠷᠲᠡᠭ ᠢ ᠪᠠᠳᠠᠷᠠᠭᠤᠯᠬᠤ ᠳᠤ ᠬᠦᠴᠦᠲᠡᠶ ᠦᠢᠯᠡᠳᠦᠯ ᠦᠵᠡᠭᠦᠯᠦᠨ᠎ᠡ᠃ | ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠡᠷᠡᠯᠬᠡᠭᠯᠡᠨ ᠤᠷᠤᠭᠰᠢᠯᠠᠨᠠᠮ᠃ ᠪᠥᠬᠦ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠰᠢᠰᠲ᠋ᠧᠮ ᠤᠨ ᠬᠢᠨ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠥᠴᠦᠬᠡᠨ ᠴᠦ ᠭᠤᠶᠢᠪᠢᠰᠢ ᠥᠬᠡᠶ | ᠪᠠᠷᠢᠮᠲᠠᠯᠠᠨ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ᠬᠤᠶᠠᠷ ᠶᠡᠭᠡ ᠶᠠᠪᠤᠳᠠᠯ ᠢᠶᠠᠷ ᠭᠤᠤᠯ ᠭᠠᠷᠳᠠᠴᠠ ᠪᠣᠯᠭᠠᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ | ᠮᠢᠨᠦ ᠲᠠᠨᠢᠯᠴᠠᠭᠤᠯᠭ᠎ᠠ ᠠᠳᠡ ᠬᠦᠷᠦᠭᠡᠳ ᠲᠡᠭᠦᠰᠦᠯ᠎ᠡ᠂ ᠲᠠ ᠪᠦᠬᠦᠨ ᠳᠤ ᠪᠠᠶᠠᠷᠯᠠᠯ᠎ᠠ︕ | ᠰᠤᠨᠢᠨ ᠮᠡᠳᠡᠭᠡ ᠨᠡᠶᠢᠳᠡᠯᠡᠬᠦ ᠬᠤᠷᠠᠯ ᠤᠨ ᠰᠤᠷᠪᠤᠯᠵᠢᠯᠠᠭᠴᠢ ᠶᠢᠨ ᠠᠰᠠᠭᠤᠯᠲᠠ | ᠠᠰᠠᠭᠤᠳᠠᠯ ᠨᠢᠭᠡ᠄ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ | ᠰᠢᠷᠤᠢ ᠶᠢ ᠲᠦᠢᠯᠪᠤᠷᠢᠲᠠᠢ ᠪᠠᠶᠢᠴᠠᠭᠠᠬᠤ ᠠᠵᠢᠯ ᠨᠢᠳᠤᠨᠤᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠪᠡ᠂ ᠪᠢᠳᠡ | ᠣᠶᠢᠯᠠᠭᠠᠬᠤ ᠰᠠᠨᠠᠭ᠎ᠠ ᠲᠠᠢ᠂ ᠣᠳᠣᠬᠠᠨ ᠳᠤ ᠡᠨᠡ ᠬᠦ ᠲᠦᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢᠨ ᠪᠦᠬᠦᠯᠢ | ᠴᠣᠭᠴᠠ ᠶᠢᠨ ᠠᠬᠢᠴᠠ ᠶᠢᠨ ᠪᠠᠶᠢᠳᠠᠯ ᠳᠤ ᠶᠠᠮᠠᠷ ᠦᠷ᠎ᠡ ᠪᠦᠲᠦᠮᠵᠢ ᠣᠯᠣᠭᠰᠠᠨ ᠪᠣᠢ︖ | ᠵᠢᠶᠠᠩ ᠹᠸᠢ ᠶᠤᠸᠠᠢ᠄ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢ | ᠲᠦᠢᠯᠪᠤᠷᠢᠲᠠᠢ ᠪᠠᠶᠢᠴᠠᠭᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠪᠢᠳᠡ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠶᠢ | ᠠᠪᠤᠭᠰᠠᠨ ᠪᠠᠶᠢᠨ᠎ᠠ᠃ ᠨᠢᠭᠡ ᠳᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ | ᠰᠢᠢᠳᠪᠦᠷᠢᠯᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ︽ᠨᠢᠭᠡ ᠭᠠᠵᠠᠷ ᠲᠤ ᠨᠢᠭᠡ ᠠᠷᠭ᠎ᠠ ᠪᠣᠳᠣᠯᠭ᠎ᠠ | ᠠᠪᠬᠤ︾ ᠡᠬᠡ ᠲᠠᠩᠰᠠ ᠪᠠ ᠠᠰᠠᠭᠤᠳᠠᠯ ᠢ ᠲᠥᠷᠥᠯ ᠬᠤᠪᠢᠶᠠᠨ ᠰᠢᠢᠳᠪᠦᠷᠢᠯᠡᠬᠦ ᠡᠬᠡ ᠲᠠᠩᠰᠠ ᠶᠢᠨ ᠬᠡᠪ ᠢ ᠲᠣᠭᠲᠠᠭᠠᠵᠤ᠂ | ᠡᠯ᠎ᠡ ᠭᠠᠵᠠᠷ ᠤᠨ ᠬᠢᠨ ᠪᠣᠳᠠᠲᠠᠶ ᠪᠠᠶᠢᠳᠠᠯ ᠢᠶᠠᠨ ᠦᠨᠳᠦᠰᠦᠯᠡᠨ ᠲᠠᠭᠯᠠᠨ ᠮᠡᠳᠡᠭᠦᠯᠵᠦ᠂ ᠭᠠᠵᠠᠷ ᠨᠢᠭᠡᠪᠦᠷᠢ ᠨᠢ ᠬᠠᠨᠳᠤᠯᠭᠠᠲᠤ | ᠴᠢᠨᠠᠷᠲᠠᠶ ᠰᠢᠩᠭᠡᠭᠡᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠦᠨᠡᠨ ᠬᠦ ᠪᠠᠲᠤᠯᠠᠪᠠ᠃ ᠡᠨᠡ ᠵᠢᠯ ︽ᠨᠢᠭᠡ ᠭᠠᠵᠠᠷ ᠲᠤ ᠨᠢᠭᠡ | ᠠᠷᠭ᠎ᠠ ᠪᠣᠳᠣᠯᠭ᠎ᠠ ᠠᠪᠬᠤ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠡᠯ᠎ᠡ ᠭᠠᠵᠠᠷ ᠤᠨ ᠬᠢᠨ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠦᠲᠦᠮᠵᠢᠲᠡᠶ ᠰᠢᠢᠳᠪᠦᠷᠢᠯᠡᠬᠦ ᠶᠢ ᠵᠢᠯᠣᠭᠤᠳᠪᠠ᠃ ᠬᠤᠶᠠᠷ ᠲᠤ᠂ ᠰᠠᠷ᠎ᠠ ᠪᠠᠷ | ᠲᠣᠬᠢᠷᠠᠭᠤᠯᠬᠤ ᠶᠢ ᠴᠢᠩᠭᠠᠳᠬᠠᠵᠤ᠂ ᠰᠢᠮᠳᠠᠭᠤᠯᠤᠨ ᠬᠠᠪᠰᠤᠷᠬᠤ ᠶᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ᠃ ᠡᠯ᠎ᠡ | ᠠᠶᠢᠮᠠᠭ ᠬᠤᠲᠠ ᠶᠢ ᠰᠢᠮᠳᠠᠭᠤᠯᠵᠤ ᠪᠠᠶᠢᠭᠠᠳ ᠰᠢᠩᠭᠡᠭᠡᠵᠦ ᠰᠢᠢᠳᠪᠦᠷᠢᠯᠡᠬᠦ ᠠᠬᠢᠴᠠ ᠶᠢ ᠦᠷᠭᠦᠯᠵᠢᠯᠡᠨ ᠠᠬᠢᠭᠤᠯᠤᠨ᠎ᠠ᠃ | ᠲᠤᠰᠬᠠᠶ ᠠᠩᠭᠢ ᠶᠢᠨ ᠠᠵᠢᠯᠲᠠᠨ ᠢ ᠵᠣᠬᠢᠶᠠᠨ ᠪᠠᠶᠢᠭᠤᠯᠵᠤ᠂ ᠠᠶᠢᠮᠠᠭ ᠬᠤᠲᠠ ᠳᠤ ᠭᠦᠨᠵᠡᠭᠡᠶᠢᠷᠡᠭᠦᠯᠦᠨ᠂ ᠲᠤᠰᠬᠠᠶ | ᠰᠡᠳᠦᠪᠲᠦ ᠶᠠᠷᠢᠯᠴᠠᠬᠤ ᠬᠤᠷᠠᠯ ᠢ ᠬᠤᠷᠠᠯᠳᠤᠭᠤᠯᠬᠤ ᠪᠠ ᠲᠤᠬᠠᠶ ᠶᠢᠨ ᠭᠠᠵᠠᠷ ᠲᠤ ᠨᠢ ᠬᠦᠷᠴᠦ ᠰᠤᠷᠪᠤᠯᠵᠢᠯᠠᠬᠤ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠲᠦᠢᠯᠪᠤᠷᠢᠲᠠᠢ ᠪᠠᠶᠢᠴᠠᠭᠠᠭᠰᠠᠨ ᠠᠬᠢᠴᠠ ᠶᠢᠨ ᠪᠠᠶᠢᠳᠠᠯ ᠵᠡᠷᠭᠡ ᠶᠢ ᠬᠢᠨᠠᠨ | ᠵᠢᠯᠣᠭᠤᠳᠴᠤ᠂ ᠲᠤᠬᠠᠶ ᠶᠢᠨ ᠲᠠᠯᠠᠪᠤᠷ ᠲᠤ ᠬᠦᠴᠢᠷ ᠲᠦᠪᠡᠭᠲᠡᠶ ᠠᠰᠠᠭᠤᠳᠠᠯ ᠳᠤ ᠬᠠᠷᠢᠭᠤᠯᠲᠠ ᠥᠭᠪᠡ᠃ ᠭᠤᠷᠪᠠ ᠳᠤ᠂ | ᠲᠦᠷᠢᠮ ᠲᠣᠭᠲᠠᠭᠠᠯ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ | ︽ᠲᠦᠢᠯᠪᠤᠷᠢᠲᠠᠢ ᠵᠠᠰᠠᠬᠤ ᠠᠵᠢᠯ ᠤᠨ ᠵᠦᠭᠯᠡᠭᠦᠷ︾ ᠢ ᠲᠣᠭᠲᠠᠭᠠᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ | ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢ ᠲᠦᠢᠯᠪᠤᠷᠢᠲᠠᠢ ᠪᠠᠶᠢᠴᠠᠭᠠᠬᠤ | ᠠᠵᠢᠯ ᠢ ᠨᠠᠩ ᠵᠢᠷᠤᠮᠵᠢᠭᠤᠨ ᠥᠷᠨᠢᠭᠦᠯᠪᠡ᠃ ᠡᠯ᠎ᠡ ᠭᠠᠵᠠᠷ ᠤᠨ ᠳᠡᠭᠡᠭᠰᠢ ᠮᠡᠳᠡᠭᠦᠯᠦᠭᠰᠡᠨ ᠬᠦᠴᠢᠷ ᠲᠦᠪᠡᠭᠲᠡᠶ | ᠠᠰᠠᠭᠤᠳᠠᠯ ᠳᠤ ᠨᠢᠭᠡᠳ ᠨᠢᠭᠡ ᠪᠠᠷ ᠵᠠᠳᠠᠯᠤᠯᠲᠠ ᠬᠢᠵᠦ᠂ ᠪᠣᠳᠠᠲᠠᠶ ᠠᠷᠭ᠎ᠠ ᠬᠡᠮᠵᠢᠶ᠎ᠡ ᠳᠤᠷᠠᠳᠪᠠ᠃ | 2022 ᠣᠨ ᠳᠤ ᠪᠢᠳᠡ ᠰᠢᠯᠢᠳᠡᠭ ᠦᠷ᠎ᠡ ᠪᠦᠲᠦᠮᠵᠢ ᠣᠯᠵᠤ᠂ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ | ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠨᠢ ᠴᠥᠮ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ | ᠪᠥᠬᠦ ᠣᠷᠣᠨ ᠤ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠭᠠᠵᠠᠷ ᠰᠢᠷᠣᠢ ᠶᠢᠨ ᠰᠢᠩᠭᠡᠭᠡᠯᠲᠡ ᠶᠢᠨ ᠲᠠᠯᠠᠪᠠᠢ 13. | 32 ᠲᠦᠮᠡᠨ ᠮᠦ᠂ ᠰᠤᠯᠠ ᠪᠠᠶᠢᠬᠤ ᠭᠠᠵᠠᠷ ᠰᠢᠷᠣᠢ ᠶᠢ ᠰᠢᠢᠳᠪᠦᠷᠢᠯᠡᠬᠦ ᠲᠠᠯᠠᠪᠠᠢ 7.76 ᠲᠦᠮᠡᠨ ᠮᠦ ᠪᠣᠯᠣᠨ᠎ᠠ᠃ | 2023 ᠣᠨ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ | ᠶᠡᠷᠦᠩᠬᠡᠢ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢᠨ ᠲᠥᠯᠥᠭᠡ᠂ ᠪᠢᠳᠡ 2023 ᠣᠨ ᠤ | ᠬᠠᠷᠠᠯᠲᠠ ᠶᠢᠨ ᠡᠭᠦᠷᠭᠡ ᠳᠤ ᠲᠠᠬᠢᠨ ᠲᠤᠬᠢᠷᠠᠭᠤᠯᠤᠯᠳᠠ ᠬᠢᠵᠦ᠂ ᠲᠣᠬᠢᠷᠠᠭᠤᠯᠤᠭᠰᠠᠨ ᠤ ᠳᠠᠷᠠᠭ᠎ᠠ ᠵᠥᠪᠰᠢᠶᠡᠷᠡᠭᠰᠡᠨ ᠪᠣᠯᠪᠠᠴᠤ | ᠬᠠᠩᠭᠠᠭᠰᠠᠨ ᠦᠭᠡᠢ ᠡᠭᠦᠷᠭᠡ ᠶᠢᠨ ᠬᠡᠮᠵᠢᠶ᠎ᠡ ᠶᠢ 13.54 ᠲᠦᠮᠡᠨ ᠮᠦ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ | 6.29 ᠲᠦᠮᠡᠨ ᠮᠦ ᠪᠣᠯᠭᠠᠪᠠ᠃ ᠣᠳᠤᠬᠠᠨ ᠪᠣᠯᠲᠠᠯ᠎ᠠ᠂ ᠵᠦᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ ᠨᠢᠭᠡᠨᠲᠡ 8. | 82 ᠲᠦᠮᠡᠨ ᠮᠥ ᠶᠢ ᠰᠢᠩᠭᠡᠭᠡᠵᠦ᠂ ᠰᠤᠯᠠ ᠳᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠨᠢᠭᠡᠨᠲᠡ 4.81 ᠲᠦᠮᠡᠨ ᠮᠥ ᠶᠢ | ᠰᠢᠢᠳᠪᠦᠷᠢᠯᠡᠵᠦ᠂ ᠴᠥᠮ ᠬᠠᠭᠠᠰ ᠢᠯᠡᠭᠦᠦ ᠶᠢ ᠪᠡᠶᠡᠯᠡᠭᠦᠯᠵᠦ᠂ ᠡᠭᠦᠷᠭᠡ ᠪᠠᠨ ᠬᠠᠭᠠᠰ ᠢᠶᠠᠷ ᠪᠡᠶᠡᠯᠡᠭᠦᠯᠪᠡ᠃ ᠲᠠᠷᠠᠭᠠᠴᠢ ᠶᠢᠨ | ᠠᠯᠬᠤᠮ ᠳᠤ᠂ ᠪᠢᠳᠡ ᠰᠢᠩᠭᠡᠭᠡᠵᠦ ᠰᠢᠢᠳᠪᠦᠷᠢᠯᠡᠬᠦ ᠠᠵᠢᠯ ᠢ ᠦᠷᠭᠦᠯᠵᠢᠯᠡᠨ ᠪᠥᠬᠦ ᠬᠦᠴᠦᠨ ᠢᠶᠠᠷ ᠢᠶᠠᠨ ᠠᠬᠢᠭᠤᠯᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ 67.94 ᠲᠦᠮᠡᠨ ᠮᠥ | ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠰᠢᠩᠭᠡᠭᠡᠵᠦ | ᠰᠢᠢᠳᠪᠦᠷᠢᠯᠡᠬᠦ ᠬᠠᠷᠠᠯᠲᠠ ᠶᠢᠨ ᠡᠭᠦᠷᠭᠡ ᠶᠢ ᠴᠠᠭ ᠲᠤᠬᠠᠶ ᠳᠤ ᠨᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ | ᠦᠨᠡᠨ ᠬᠦ ᠪᠠᠲᠤᠯᠠᠨ᠎ᠠ᠃ | ᠠᠰᠠᠭᠤᠳᠠᠯ ᠬᠤᠶᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠯᠲᠠ ᠶᠢᠨ ᠠᠵᠢᠯ ᠶᠠᠮᠠᠷ ᠶᠠᠮᠠᠷ ᠦᠷ᠎ᠡ ᠪᠦᠲᠦᠮᠵᠢ ᠣᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠠᠬᠢ ᠠᠬᠢᠴᠠ ᠶᠠᠮᠠᠷ ᠵᠡᠷᠭᠡ ᠪᠠᠶᠢᠬᠤ ᠪᠣᠶ︖ | ᠵᠧᠦ ᠫᠧᠩ ᠬᠠᠨ᠄ 2004 ᠣᠨ ᠳᠤ ᠥᠪᠥᠷ ᠮᠣᠩᠭᠤᠯ ᠪᠦᠬᠦ ᠤᠯᠤᠰ ᠲᠤ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠯᠲᠠ ᠶᠢᠨ ᠰᠠᠭᠤᠷᠢ ᠮᠦᠩᠬᠦ ᠶᠢ ᠡᠩ ᠲᠡᠷᠢᠭᠦᠨ ᠳᠤ ᠪᠠᠶᠢᠭᠤᠯᠤᠭᠰᠠᠨ ᠠᠴᠠ ᠨᠠᠭᠠᠰᠢ᠂ 2023 ᠣᠨ ᠪᠣᠯᠲᠠᠯ᠎ᠠ᠂ | ᠨᠡᠢᠲᠡ 147.71 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠯᠲᠠ ᠶᠢᠨ ᠰᠠᠭᠤᠷᠢ ᠮᠦᠩᠬᠦ ᠶᠢᠨ ᠲᠥᠷᠥᠯ ᠵᠦᠢᠯ ᠢ 2731 ᠬᠤᠪᠢ ᠥᠷᠨᠢᠭᠦᠯᠪᠡ᠃ ᠥᠪᠡᠷᠲᠡᠭᠡᠨ ᠵᠠᠰᠠᠬᠤ | ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠥᠩᠭᠦ ᠠᠯᠢ ᠣᠯᠠᠨ ᠴᠢᠬᠤᠯᠠ ᠶᠡᠭᠡ ᠦᠷ᠎ᠡ | ᠪᠦᠲᠦᠭᠡᠯ ᠤᠯᠪᠠ᠄ ᠨᠢᠭᠡ ᠳᠤ᠂ ᠥᠪᠥᠷ ᠮᠣᠩᠭᠤᠯ ᠤᠨ ᠨᠡᠭᠦᠷᠡᠰᠦᠨ ᠤ ᠡᠬᠢ ᠪᠠᠶᠠᠯᠢᠭ ᠤᠨ ᠪᠠᠶᠢᠳᠠᠯ ᠢ ᠦᠨᠳᠦᠰᠦᠨ ᠳᠤ ᠪᠠᠨ | ᠲᠣᠳᠣᠷᠬᠠᠢ ᠣᠶᠢᠯᠠᠭᠠᠵᠤ᠂ ᠨᠢᠭᠡᠨᠲᠡ ᠪᠠᠶᠢᠴᠠᠭᠠᠨ ᠳᠣᠲᠣᠯᠠᠭᠰᠠᠨ ᠨᠡᠭᠦᠷᠡᠰᠦᠨ ᠤ ᠡᠬᠢ ᠪᠠᠶᠠᠯᠢᠭ ᠤᠨ ᠬᠡᠮᠵᠢᠶ᠎ᠡ ᠲᠦᠮᠡᠨ | ᠳ᠋ᠦᠩᠰᠢᠭᠤᠷ ᠲᠣᠨ ᠤ ᠪᠣᠭᠤᠮᠲᠠ ᠶᠢ ᠳᠠᠪᠠᠵᠤ᠂ ᠪᠥᠬᠦ ᠤᠯᠤᠰ ᠤᠨ ᠲᠡᠷᠢᠭᠦᠨ ᠳᠤ ᠵᠢᠭᠰᠠᠭᠠᠭᠳᠠᠪᠠ᠃ ᠡᠭᠦᠨ ᠳᠤ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠥᠩᠭᠦ ᠶᠢᠨ ᠲᠥᠷᠥᠯ ᠵᠦᠢᠯ ᠳᠤ 6515 ᠳ᠋ᠦᠩᠰᠢᠭᠤᠷ ᠲᠣᠨ | ᠪᠠᠶᠢᠴᠠᠭᠠᠨ ᠲᠣᠳᠣᠯᠠᠵᠤ᠂ ᠪᠥᠬᠦ ᠣᠷᠣᠨ ᠤ ᠨᠡᠭᠦᠷᠡᠰᠦᠨ ᠤ ᠶᠡᠷᠦᠩᠬᠡᠶ ᠡᠬᠢ ᠪᠠᠶᠠᠯᠢᠭ ᠤᠨ ᠬᠡᠮᠵᠢᠶ᠎ᠡ ᠶᠢ ᠨᠡᠶᠢᠲᠡ 63. | 6% ᠶᠢ ᠡᠵᠡᠯᠡᠪᠡ᠃ ᠬᠤᠶᠠᠷ ᠲᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠬᠠᠶᠢᠨ | ᠪᠠᠶᠢᠴᠠᠭᠠᠯᠲᠠ ᠶᠢᠨ ᠦᠷ᠎ᠡ ᠪᠦᠲᠦᠭᠡᠯ ᠢᠯᠡᠷᠬᠡᠶ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠯᠲᠠ ᠶᠢᠨ ᠰᠠᠭᠤᠷᠢ ᠮᠥᠩᠭᠦ ᠳᠤ ᠲᠣᠮᠣ ᠬᠡᠯᠪᠡᠷᠢ ᠶᠢᠨ ᠠᠭᠤᠷᠬᠠᠶ ᠶᠢᠨ ᠭᠠᠷᠤᠯᠲᠠ ᠶᠢᠨ ᠭᠠᠵᠠᠷ 22᠂ ᠳᠤᠮᠳᠠ | ᠬᠡᠯᠪᠡᠷᠢ ᠶᠢᠨ ᠠᠭᠤᠷᠬᠠᠶ ᠶᠢᠨ ᠭᠠᠷᠤᠯᠲᠠ ᠶᠢᠨ ᠭᠠᠵᠠᠷ 26᠂ ᠪᠠᠭ᠎ᠠ ᠬᠡᠯᠪᠡᠷᠢ ᠶᠢᠨ ᠠᠭᠤᠷᠬᠠᠶ ᠶᠢᠨ ᠭᠠᠷᠤᠯᠲᠠ ᠶᠢᠨ ᠭᠠᠵᠠᠷ ᠢ | ᠨᠡᠶᠢᠲᠡ 54 ᠢᠯᠡᠷᠡᠭᠦᠯᠵᠦ᠂ ᠤᠯᠠᠮ ᠨᠢᠭᠡ ᠠᠯᠬᠤᠮ ᠠᠵᠢᠯᠯᠠᠵᠤ ᠪᠣᠯᠬᠤ ᠠᠭᠤᠷᠬᠠᠶ ᠶᠢᠨ ᠭᠠᠷᠤᠯᠲᠠ ᠶᠢᠨ ᠭᠠᠵᠠᠷ 240 | ᠭᠠᠷᠤᠶ ᠪᠠᠶᠢᠵᠤ᠂ ᠠᠭᠤᠷᠬᠠᠶ ᠡᠷᠢᠵᠦ ᠠᠮᠵᠢᠯᠲᠠ ᠣᠯᠤᠭᠰᠠᠨ ᠨᠣᠷᠮ᠎ᠠ 6.77% ᠳᠤ ᠬᠦᠷᠪᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠤᠨ ᠠᠬᠢᠴᠠ᠃ | 2021 ᠣᠨ ᠳᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠶᠢᠨ ᠰᠠᠭᠤᠷᠢ | ᠮᠥᠩᠭᠦ ᠳᠤ 213 ᠲᠥᠷᠥᠯ ᠵᠦᠢᠯ ᠢ ᠲᠣᠬᠢᠷᠠᠭᠤᠯᠵᠤ᠂ 3.21 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ | ᠂ ᠬᠠᠶᠢᠨ ᠰᠢᠨᠵᠢᠯᠡᠯᠲᠡ ᠶᠢᠨ ᠬᠡᠪ ᠤᠨ ᠪᠤᠰᠤ ᠪᠠᠶᠢᠳᠠᠯ ᠢ 33᠂ ᠠᠭᠤᠷᠬᠠᠢ ᠶᠢᠨ ᠪᠦᠲᠦᠬᠦ ᠬᠤᠯᠠ ᠦᠵᠡᠮᠵᠢ ᠶᠢᠨ ᠣᠷᠣᠨ | 9᠂ ᠠᠭᠤᠷᠬᠠᠶ ᠡᠷᠢᠬᠦ ᠫᠠᠢ ᠣᠷᠣᠨ ᠤ 26᠂ ᠠᠭᠤᠷᠬᠠᠶᠢᠵᠢᠯ ᠤᠨ ᠴᠡᠭ 24 ᠪᠠᠶᠢᠵᠤ᠂ 85 ᠵᠤᠷᠪᠤᠰ ᠠᠭᠤᠷᠬᠠᠢ ᠶᠢᠨ | ᠬᠦᠷᠢᠶ᠎ᠡ ᠶᠢᠨ ᠬᠦᠳᠡᠷ ᠢ ᠬᠠᠰᠢᠶᠠᠯᠠᠨ ᠭᠠᠷᠭᠠᠪᠠ᠃ 2022 ᠣᠨ ᠳᠤ᠂ ᠥᠪᠡᠷᠲᠡᠭᠡᠨ ᠵᠠᠰᠠᠬᠤ ᠣᠷᠣᠨ ᠤ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠥᠩᠭᠦ ᠳᠤ 196 ᠲᠦᠷᠦᠯ ᠵᠦᠢᠯ ᠢ ᠲᠣᠬᠢᠷᠠᠭᠤᠯᠵᠤ᠂ 3.63 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠭᠤᠷᠬᠠᠶᠢᠵᠢᠯ ᠤᠨ ᠢᠳᠡᠭᠳᠡᠯ ᠪᠠ ᠬᠤᠪᠢᠷᠠᠭᠤᠯᠤᠯᠲᠠ ᠶᠢᠨ ᠪᠦᠰᠡ | 47 ᠵᠤᠷᠪᠤᠰ᠂ ᠠᠭᠤᠷᠬᠠᠶᠢᠵᠢᠯ ᠤᠨ ᠢᠳᠡᠭᠳᠡᠯ ᠪᠠ ᠬᠤᠪᠢᠷᠠᠭᠤᠯᠤᠯᠲᠠ ᠶᠢᠨ ᠴᠡᠭ 2᠂ ᠠᠭᠤᠷᠬᠠᠢ ᠶᠢᠨ ᠫᠠᠢ ᠡᠷᠢᠬᠦ ᠭᠠᠵᠠᠷ | 3᠂ 1 ᠬᠡᠪ ᠤᠨ ᠪᠤᠰᠤ ᠪᠠᠶᠢᠳᠠᠯ ᠢ ᠢᠯᠡᠷᠡᠭᠦᠯᠪᠡ᠃ 2023 ᠣᠨ ᠳᠤ ᠥᠪᠡᠷᠲᠡᠭᠡᠨ ᠵᠠᠰᠠᠬᠤ ᠣᠷᠣᠨ ᠤ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠥᠩᠭᠦ ᠶᠢᠨ ᠲᠥᠷᠥᠯ ᠵᠦᠢᠯ ᠢ 182 ᠲᠣᠬᠢᠷᠠᠭᠤᠯᠵᠤ᠂ 3.5 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠪᠠ᠃ ᠡᠭᠦᠨ ᠳᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠠᠭᠤᠷᠬᠠᠶ ᠶᠢᠨ ᠭᠠᠷᠤᠯᠲᠠ ᠶᠢᠨ ᠪᠠᠶᠢᠴᠠᠭᠠᠨ ᠰᠤᠳᠤᠯᠤᠯᠲᠠ ᠶᠢᠨ ᠲᠥᠷᠥᠯ ᠵᠦᠢᠯ 40 ᠪᠣᠶ᠃ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠬᠠᠶᠢᠨ ᠪᠠᠶᠢᠴᠠᠭᠠᠯᠲᠠ ᠶᠢᠨ ᠲᠥᠷᠥᠯ ᠵᠦᠢᠯ 99 ᠪᠠᠶᠢᠨ᠎ᠠ᠃ ᠨᠡᠭᠦᠷᠡᠰᠦᠨ | ᠳᠠᠪᠬᠤᠷᠭ᠎ᠠ ᠶᠢᠨ ᠬᠡᠢ᠂ ᠭᠠᠵᠠᠷ ᠤᠨ ᠢᠯᠴᠢ ᠵᠡᠷᠭᠡ ᠴᠡᠪᠡᠷ ᠡᠨᠧᠷᠭᠢ ᠶᠢᠨ ᠲᠥᠷᠥᠯ ᠵᠦᠢᠯ 32 ᠪᠠᠶᠢᠨ᠎ᠠ᠃ ᠤᠰᠤᠨ | ᠰᠢᠨᠵᠢᠯᠡᠭᠡᠨ ᠤ ᠲᠥᠷᠥᠯ ᠵᠦᠢᠯ 11 ᠪᠠᠶᠢᠨ᠎ᠠ᠃ ᠡᠨᠡ ᠵᠢᠯ ᠪᠣᠯ ᠰᠢᠨ᠎ᠡ ᠨᠢᠭᠡ ᠡᠭᠡᠯᠵᠢ ᠶᠢᠨ ᠠᠭᠤᠷᠬᠠᠢ ᠶᠢ ᠡᠷᠢᠬᠦ | ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠬᠦ ᠡᠬᠢᠯᠡᠯᠲᠡ ᠶᠢᠨ ᠵᠢᠯ ᠪᠣᠯᠣᠨ᠎ᠠ᠂ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠥᠩᠭᠦ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ | ᠣᠶᠢᠯᠠᠭᠠᠭᠳᠠᠬᠤᠨ ᠢ ᠪᠠᠷᠢᠮᠲᠠᠯᠠᠨ᠂ ᠤᠯᠤᠰ ᠤᠨ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠳᠤ ᠬᠦᠴᠦᠲᠡᠢ | ᠪᠠᠲᠤᠯᠠᠭ᠎ᠠ ᠬᠠᠩᠭᠠᠬᠤ ᠪᠣᠯᠣᠨ᠎ᠠ᠃ | ᠠᠰᠠᠭᠤᠳᠠᠯ ᠭᠤᠷᠪᠠ᠄ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠳᠤ ᠶᠠᠮᠠᠷ ᠶᠠᠮᠠᠷ ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠣᠶ︖ | ᠸᠠᠩ ᠯᠢ ᠵᠢᠶᠦ᠋ᠨ᠄ ᠡᠨᠡ ᠵᠢᠯ ᠠᠴᠠ ᠨᠠᠭᠠᠰᠢ᠂ ᠪᠢᠳᠡ ᠠᠮᠢ ᠠᠬᠤᠶ ᠶᠢ ᠰᠡᠷᠭᠦᠭᠡᠬᠦ ᠠᠵᠢᠯ ᠢ ᠰᠠᠶᠢᠲᠤᠷ ᠬᠢᠬᠦ | ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠨᠢᠭᠡ ᠲᠣᠭᠤᠷᠢᠭ ᠬᠤᠶᠠᠷ ᠪᠦᠰᠡ ᠣᠯᠠᠨ ᠬᠤᠩᠭᠢᠯ ᠣᠯᠠᠨ ᠭᠠᠵᠠᠷ︾ | ᠤᠨ ᠠᠮᠢ ᠠᠬᠤᠶ ᠶᠢ ᠰᠡᠷᠭᠦᠭᠡᠬᠦ ᠶᠡᠷᠦᠩᠬᠡᠢ ᠪᠠᠶᠢᠷᠢᠰᠢᠯ ᠢ ᠬᠦᠴᠦᠯᠡᠨ ᠪᠠᠶᠢᠭᠤᠯᠵᠤ᠂ ᠠᠭᠤᠯᠠ ᠤᠰᠤ ᠣᠶ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠵᠠᠰᠠᠬᠤ ᠰᠢᠨ᠎ᠡ ᠵᠠᠭᠪᠤᠷ᠂ ᠰᠢᠨ᠎ᠡ ᠠᠷᠭ᠎ᠠ ᠵᠠᠮ᠂ ᠰᠢᠨ᠎ᠡ | ᠵᠤᠬᠢᠴᠠᠮᠵᠢ ᠶᠢ ᠬᠠᠶᠢᠨ ᠰᠦᠪᠡᠭᠴᠢᠯᠡᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ᠨᠢᠭᠡ ᠳᠤ᠂ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠨ᠎ᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ | ᠲᠥᠯᠥᠪᠵᠢᠭᠦᠯᠭᠡ ︵2021-2035 ᠣᠨ︶︾᠂ ︽ᠨᠡᠶᠢᠭᠡᠮ ᠤᠨ ᠬᠥᠷᠥᠩᠭᠡ ᠶᠢᠨ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠠᠵᠢᠯ ᠳᠤ ᠣᠷᠣᠯᠴᠠᠬᠤ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠠᠮᠢ ᠠᠬᠤᠶ ᠶᠢ | ᠰᠡᠷᠭᠦᠭᠡᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023-2025 ᠣᠨ︶︾ ᠶᠢ ᠨᠠᠶᠢᠷᠠᠭᠤᠯᠤᠨ | ᠵᠣᠬᠢᠶᠠᠵᠤ᠂ ᠣᠷᠳᠣ ᠬᠤᠭᠤᠴᠠᠭᠠᠨ ᠤ ᠶᠡᠷᠦᠩᠬᠡᠶ ᠲᠥᠯᠥᠪᠵᠢᠭᠦᠯᠭᠡ ᠶᠡᠷᠦᠩᠬᠡᠶ ᠬᠥᠲᠥᠯᠪᠦᠷᠢ ᠠᠴᠠ ᠣᠶᠢᠷ᠎ᠠ ᠶᠢᠨ | ᠬᠤᠭᠤᠴᠠᠭᠠᠨ ᠤ ᠭᠤᠤᠯᠳᠠᠯᠭ᠎ᠠ ᠲᠠᠢ ᠲᠤᠰᠬᠠᠶ ᠵᠦᠢᠯ ᠪᠣᠯᠲᠠᠯ᠎ᠠ᠂ ᠠᠮᠢ ᠠᠬᠤᠶ ᠶᠢ ᠰᠡᠷᠭᠦᠭᠡᠬᠦ ᠭᠤᠤᠯᠳᠠᠯᠭ᠎ᠠ ᠲᠠᠢ | ᠡᠭᠦᠷᠭᠡ ᠶᠢᠨ ᠪᠠᠶᠢᠷᠢᠰᠢᠭᠤᠯᠤᠯᠲᠠ ᠠᠴᠠ ᠣᠷᠣᠭᠤᠯᠤᠯᠲᠠ ᠶᠢᠨ ᠵᠣᠬᠢᠴᠠᠮᠵᠢ ᠶᠢᠨ ᠵᠠᠭᠪᠤᠷ ᠢ ᠰᠢᠯᠢᠳᠡᠭᠵᠢᠭᠦᠯᠬᠦ ᠬᠦᠷᠲᠡᠯ᠎ᠡ᠂ | ᠲᠥᠯᠥᠪᠵᠢᠭᠦᠯᠭᠡ ᠶᠢᠨ ᠲᠦᠷᠢᠮ ᠢᠶᠠᠷ ᠪᠣᠶ ᠪᠥᠬᠦᠶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ | ᠰᠡᠷᠭᠦᠭᠡᠬᠦ ᠠᠵᠢᠯ ᠢ ᠶᠡᠷᠦᠩᠬᠡᠶᠢᠯᠡᠨ ᠵᠢᠯᠤᠭᠤᠳᠪᠠ᠃ | ᠬᠤᠶᠠᠷ ᠲᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ︽ᠠᠭᠤᠯᠠ ᠤᠰᠤ ᠣᠶ ᠮᠣᠳᠣ | ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ︾ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠤᠯᠠᠭᠠᠨᠰᠤᠬᠠᠢ ᠶᠢᠨ ᠰᠠᠪᠠ ᠭᠠᠵᠠᠷ ᠪᠠ ᠬᠤᠷᠴᠢᠨ ᠤ ᠲᠠᠯ᠎ᠠ ᠨᠤᠲᠤᠭ ᠤᠨ ᠠᠭᠤᠯᠠ ᠤᠰᠤ ᠣᠶ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠵᠤ | ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠲᠤᠨ ᠭᠤᠤᠯ ᠤᠨ ᠭᠤᠤᠯᠳᠠᠯᠭ᠎ᠠ ᠲᠠᠢ ᠠᠮᠢ | ᠠᠬᠤᠶ ᠶᠢᠨ ᠣᠷᠣᠨ ︵ᠣᠷᠳᠣᠰ︶ ᠪᠣᠯᠤᠨ ᠤᠮᠠᠷᠠᠲᠤ ᠶᠢᠨ ᠡᠯᠡᠰᠦ ᠰᠡᠷᠭᠡᠶᠢᠯᠡᠬᠦ ᠪᠦᠰᠡ- ᠬᠠᠲᠤᠨ ᠭᠤᠤᠯ ᠤᠨ | ᠭᠤᠤᠯᠳᠠᠯᠭ᠎ᠠ ᠲᠠᠢ ᠠᠮᠢ ᠠᠬᠤᠶ ᠶᠢᠨ ᠣᠷᠣᠨ ︵ᠬᠥᠬᠡᠬᠤᠲᠠ︶ ᠬᠤᠶᠠᠷ ᠲᠡᠦᠬᠡ ᠶᠢᠨ ᠦᠯᠡᠳᠡᠭᠳᠡᠯ ᠬᠠᠶᠠᠭᠳᠠᠮᠠᠯ | ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠢ ᠮᠠᠨ ᠤ | ᠣᠷᠣᠨ ᠳᠤ ᠨᠠᠶᠢᠳᠠᠪᠤᠷᠢᠵᠢᠭᠤᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠨ᠎ᠠ᠃ | ᠭᠤᠷᠪᠠ ᠳᠤ᠂ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠶᠢ ᠪᠠᠷᠢᠮᠲᠠᠯᠠᠨ᠎ᠠ᠃ ᠠᠭᠤᠷᠬᠠᠶ ᠶᠢᠨ ᠦᠢᠯᠡᠰ ᠤᠨ ᠲᠣᠮᠣ | ᠣᠷᠣᠨ ᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ | ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ ᠦᠢᠯᠡᠳᠪᠦᠷᠢᠯᠡᠯ ᠤᠨ ᠠᠭᠤᠷᠬᠠᠢ ᠶᠢᠨ ᠲᠠᠯ᠎ᠠ ᠪᠠᠷ᠂ | ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠰᠠᠭᠤᠷᠢ ᠮᠥᠩᠭᠦ ᠶᠢ 113 ᠳ᠋ᠦᠩᠰᠢᠭᠤᠷ ᠲᠥᠭᠦᠷᠢᠭ ᠢᠶᠠᠷ | ᠪᠣᠳᠣᠨ ᠠᠪᠴᠤ᠂ 2022 ᠣᠨ ᠳᠤ ᠪᠥᠬᠦ ᠣᠷᠣᠨ ᠤ ᠰᠢᠨ᠎ᠡ ᠪᠠᠷ ᠨᠡᠮᠡᠭᠳᠡᠭᠰᠡᠨ ᠠᠭᠤᠷᠬᠠᠢ ᠶᠢᠨ ᠠᠮᠢ ᠠᠬᠤᠢ ᠶᠢ | ᠰᠡᠷᠭᠦᠭᠡᠬᠦ ᠭᠠᠵᠠᠷ ᠰᠢᠷᠣᠢ ᠶᠢᠨ ᠲᠠᠯᠠᠪᠠᠢ 296.35 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠵᠢᠯ ᠤᠨ ᠰᠢᠨ᠎ᠡ ᠪᠠᠷ | ᠨᠡᠮᠡᠭᠳᠡᠭᠰᠡᠨ ᠵᠠᠰᠠᠯᠲᠠ ᠶᠢᠨ ᠲᠠᠯᠠᠪᠠᠢ ᠨᠢ ᠣᠨ ᠤ ᠰᠢᠨ᠎ᠡ ᠪᠠᠷ ᠨᠡᠮᠡᠭᠳᠡᠭᠰᠡᠨ ᠠᠭᠤᠷᠬᠠᠢ ᠮᠠᠯᠳᠠᠬᠤ ᠳᠤ ᠡᠪᠳᠡᠭᠳᠡᠭᠰᠡᠨ ᠭᠠᠵᠠᠷ | ᠰᠢᠷᠣᠢ ᠶᠢᠨ ᠲᠠᠯᠠᠪᠠᠢ ᠠᠴᠠ ᠶᠡᠭᠡ ᠪᠣᠯᠵᠤ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠬᠥᠳᠡᠯᠦᠩᠭᠦᠢ ᠲᠡᠩᠴᠡᠭᠦᠷᠢ ᠶᠢ | ᠪᠡᠶᠡᠯᠡᠭᠦᠯᠪᠡ᠃ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢ ᠵᠠᠰᠠᠬᠤ ᠲᠠᠯ᠎ᠠ ᠪᠠᠷ᠂ ᠠᠷᠪᠠᠨ | ᠳᠥᠷᠪᠡᠳᠦᠭᠡᠷ ᠲᠠᠪᠤᠨ ᠵᠢᠯ ᠤᠨ ᠬᠠᠷᠠᠯᠲᠠ ᠶᠢᠨ ᠡᠭᠦᠷᠭᠡ ᠶᠢ ᠴᠢᠩᠭ᠎ᠠ ᠠᠩᠬᠠᠷᠴᠤ᠂ 2021 ᠣᠨ ᠠᠴᠠ ᠨᠠᠭᠠᠰᠢ 23 | ᠲᠥᠷᠥᠯ ᠵᠦᠢᠯ ᠢ ᠲᠣᠬᠢᠷᠠᠭᠤᠯᠵᠤ᠂ ᠲᠡᠤᠬᠡ ᠶᠢᠨ ᠵᠢᠷᠤᠭ ᠲᠣᠯᠪᠤ ᠶᠢᠨ ᠲᠠᠯᠠᠪᠠᠶ ᠶᠢ 21.37 ᠲᠡᠭᠰᠢ ᠳᠥᠷᠪᠡᠯᠵᠢᠨ | ᠺᠢᠯᠣᠮᠧᠲᠷ ᠵᠠᠰᠠᠪᠠ᠃ ᠡᠭᠦᠨ ᠤ ᠬᠠᠮᠲᠤ ᠠᠶᠢᠮᠠᠭ ᠬᠤᠲᠠ᠂ ᠬᠤᠰᠢᠭᠤ ᠰᠢᠶᠠᠨ ᠤ ᠡᠯ᠎ᠡ ᠱᠠᠲᠤᠨ ᠤ ᠵᠠᠰᠠᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠨ ᠠᠶᠢᠮᠠᠭ ᠬᠤᠲᠠ ᠨᠢ ᠴᠥᠮ | ᠠᠶᠢᠮᠠᠭ ᠬᠤᠲᠠ ᠶᠢᠨ ᠲᠣᠰ ᠱᠠᠲᠤᠨ ᠤ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ | ᠠᠵᠢᠯ ᠤᠨ ᠲᠥᠰᠦᠯ ᠢ ᠲᠣᠭᠲᠠᠭᠠᠵᠤ᠂ ᠬᠤᠰᠢᠭᠤ ᠰᠢᠶᠠᠨ ᠲᠣᠭᠤᠷᠢᠭ ᠲᠤ ᠬᠤᠪᠢᠶᠠᠷᠢᠯᠠᠨ ᠨᠠᠶᠢᠳᠠᠪᠤᠷᠢᠵᠢᠭᠤᠯᠪᠠ᠃ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠠᠷᠪᠠᠨ ᠳᠥᠷᠪᠡᠳᠦᠭᠡᠷ | ᠲᠠᠪᠤᠨ ᠵᠢᠯ ᠤᠨ ᠵᠠᠰᠠᠯᠲᠠ ᠶᠢᠨ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ | ᠠᠰᠠᠭᠤᠯᠲᠠ᠄ ︽ᠭᠠᠵᠠᠷ ᠰᠢᠷᠣᠶ ᠶᠢᠨ ᠬᠡᠲᠦ ᠳᠡᠯᠭᠡᠭᠦᠷ︾ ᠨᠢ ᠶᠠᠮᠠᠷ ᠶᠠᠮᠠᠷ ᠭᠠᠵᠠᠷ ᠰᠢᠷᠣᠶ ᠶᠢᠨ ᠮᠡᠳᠡᠭᠡ ᠵᠠᠩᠭᠢ ᠶᠢ | ᠢᠯᠡᠷᠡᠭᠦᠯᠦᠭᠰᠡᠨ ᠪᠣᠶ︖ ᠬᠡᠷᠬᠢᠨ ᠪᠡᠯᠡ ᠣᠷᠣᠭᠤᠯᠤᠯᠲᠠ ᠶᠢᠨ ᠰᠠᠨᠠᠮᠵᠢ ᠶᠢᠨ ᠠᠵᠤ ᠠᠬᠤᠶᠢᠯᠠᠯ ᠪᠤᠶᠤ ᠬᠤᠪᠢ ᠬᠥᠮᠦᠨ ᠳᠤ | ᠦᠢᠯᠡᠴᠢᠯᠡᠭᠡ ᠬᠠᠩᠭᠠᠬᠤ ᠪᠤᠢ︖ | ᠡᠦ ᠰᠢᠶᠣᠣ ᠭᠤᠸᠠᠩ᠄ ᠨᠢᠭᠡ ᠳᠤ ︽ᠭᠠᠵᠠᠷ ᠰᠢᠷᠣᠢ ᠶᠢᠨ ᠬᠡᠳᠦ ᠳᠡᠯᠭᠡᠭᠦᠷ︾ ᠤᠨ ᠮᠡᠳᠡᠭᠡ ᠵᠠᠩᠭᠢ ᠶᠢ ᠳᠡᠯᠭᠡᠨ | ᠦᠵᠡᠭᠦᠯᠬᠦ ᠲᠠᠯ᠎ᠠ ᠪᠠᠷ᠃ ︽ᠭᠠᠵᠠᠷ ᠰᠢᠷᠣᠶ ᠶᠢᠨ ᠬᠡᠲᠦ ᠳᠡᠯᠭᠡᠭᠦᠷ︾ ᠨᠢ ᠠᠶᠢᠮᠠᠭ ᠬᠤᠲᠠ᠂ ᠬᠤᠰᠢᠭᠤ ᠰᠢᠶᠠᠨ ᠤ ᠵᠠᠰᠠᠭ | ᠵᠠᠬᠢᠷᠭᠠᠨ ᠤ ᠣᠷᠣᠨ ᠢᠶᠠᠷ ᠨᠢᠭᠡᠴᠢ ᠪᠣᠯᠭᠠᠵᠤ᠂ ᠬᠠᠩᠭᠠᠵᠤ ᠪᠣᠯᠬᠤ ᠭᠠᠵᠠᠷ ᠢ ︽ᠪᠠᠷᠠᠭᠠᠨ ᠤ ᠲᠠᠯᠪᠢᠭᠤᠷ ᠲᠠᠬᠢ ᠲᠠᠸᠠᠷ︾ | ᠪᠣᠯᠭᠠᠵᠤ᠂ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠠᠵᠤ ᠠᠬᠤᠶᠢᠯᠠᠯ ᠪᠠ ᠬᠤᠪᠢ ᠬᠥᠮᠦᠨ ᠳᠤ ᠳᠡᠯᠭᠡᠨ ᠦᠵᠡᠭᠦᠯᠦᠨ᠎ᠡ᠃ | ᠪᠡᠯᠡ ᠣᠷᠣᠭᠤᠯᠬᠤ ᠰᠠᠨᠠᠮᠵᠢ ᠨᠢ ᠰᠠᠶ᠋ᠢ ᠺᠣᠮᠫᠢᠦ᠋ᠲ᠋ᠧᠷ ᠪᠤᠶᠤ ᠭᠠᠷ ᠤᠳᠠᠰᠤ ᠪᠠᠷ ᠰᠤᠷᠪᠤᠯᠵᠢᠯᠠᠬᠤ ᠪᠠᠷ ᠳᠠᠮᠵᠢᠭᠤᠯᠤᠨ᠂ | ᠪᠠᠷᠠᠭ᠎ᠠ ᠶᠢᠨ ᠲᠠᠯᠪᠢᠭᠤᠷ ᠲᠠᠬᠢ ᠪᠣᠢ ᠪᠦᠬᠦᠢ ᠭᠠᠵᠠᠷ ᠤᠨ ᠮᠡᠳᠡᠭᠡ ᠵᠠᠩᠭᠢ ᠶᠢ ᠬᠡᠵᠢᠶ᠎ᠡ ᠬᠠᠮᠢᠭ᠎ᠠ ᠴᠤ ᠭᠡᠰᠡᠨ ᠪᠠᠶᠢᠴᠠᠭᠠᠨ | ᠦᠵᠡᠵᠦ᠂ ᠬᠠᠩᠭᠠᠵᠤ ᠪᠣᠯᠬᠤ ᠭᠠᠵᠠᠷ ᠤᠨ ᠲᠥᠯᠥᠪᠵᠢᠭᠦᠯᠭᠡ ᠶᠢᠨ ᠬᠡᠷᠡᠭᠴᠡᠭᠡ᠂ ᠪᠠᠷᠢᠯᠭ᠎ᠠ ᠶᠢᠨ ᠥᠨᠳᠥᠷ ᠢ ᠬᠢᠵᠠᠭᠠᠷᠯᠠᠬᠤ᠂ | ᠪᠠᠷᠢᠯᠭ᠎ᠠ ᠶᠢᠨ ᠨᠢᠭᠲᠠᠴᠠ᠂ ᠡᠷᠭᠢᠨ ᠲᠣᠭᠤᠷᠢᠨ ᠤ ᠭᠠᠵᠠᠷ ᠤᠨ ᠬᠡᠷᠡᠭᠴᠡᠭᠡ ︵ᠨᠢᠭᠡᠨᠲᠡ ᠪᠠᠶᠢᠭᠤᠯᠤᠭᠰᠠᠨ᠂ | ᠲᠥᠯᠥᠪᠵᠢᠭᠦᠯᠦᠭᠰᠡᠨ ᠭᠠᠵᠠᠷ ᠰᠢᠷᠣᠶ︶᠂ ᠨᠢᠭᠡᠨᠲᠡ ᠬᠡᠰᠡᠭ ᠭᠠᠵᠠᠷ ᠤᠨ ᠠᠷᠠᠯᠵᠢᠶ᠎ᠠ ᠪᠦᠲᠦᠭᠰᠡᠨ ᠦᠨ᠎ᠡ᠂ ᠪᠠᠷᠢᠮᠵᠢᠶᠠᠲᠤ | ᠭᠠᠵᠠᠷ ᠤᠨ ᠦᠨ᠎ᠡ᠂ ᠯᠠᠪᠯᠠᠯᠲᠠ ᠶᠢᠨ ᠦᠨ᠎ᠡ ᠵᠡᠷᠭᠡ ᠮᠡᠳᠡᠭᠡ ᠵᠠᠩᠭᠢ ᠶᠢ ᠪᠠᠭᠲᠠᠭᠠᠨ᠎ᠠ᠃ ᠡᠭᠦᠨ ᠤ ᠬᠠᠮᠲᠤ᠂ ᠪᠠᠰᠠ ᠬᠡᠰᠡᠭ | ᠭᠠᠵᠠᠷ ᠵᠢᠴᠢ ᠡᠷᠬᠢᠨ ᠲᠣᠭᠤᠷᠢᠨ ᠤ ᠪᠥᠬᠦ ᠦᠵᠡᠮᠵᠢ ᠶᠢᠨ ᠵᠢᠷᠤᠭ ᠳᠦᠷᠰᠦ᠂ ᠣᠷᠣᠨ ᠪᠠᠶᠢᠷᠢ ᠶᠢᠨ ᠵᠢᠷᠤᠭ᠂ ᠭᠠᠵᠠᠷ ᠤᠨ | ᠪᠣᠳᠠᠲᠤ ᠦᠵᠡᠮᠵᠢ ᠵᠡᠷᠭᠡ ᠴᠢᠬᠤᠯᠠ ᠣᠷᠴᠢᠨ ᠲᠣᠭᠤᠷᠢᠨ ᠤ ᠨᠥᠬᠦᠴᠡᠯ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ | ᠪᠠᠶᠢᠴᠠᠭᠠᠨ ᠦᠵᠡᠵᠦ ᠪᠣᠯᠤᠨ᠎ᠠ᠃ ᠣᠳᠣᠬᠠᠨ ᠳᠤ᠂ ᠬᠡᠲᠦ ᠳᠡᠯᠭᠡᠭᠦᠷ ᠲᠤ ᠨᠢᠭᠡᠨᠲᠡ ᠬᠢᠩᠭᠠᠨ ᠠᠶᠢᠮᠠᠭ ᠤᠨ 48 ᠬᠡᠰᠡᠭ | ᠨᠡᠶᠢᠲᠡ 4000 ᠭᠠᠷᠤᠶ ᠮᠥ ᠠᠷᠠᠯᠵᠢᠶ᠎ᠠ ᠬᠦᠯᠢᠶᠡᠬᠦ ᠭᠠᠵᠠᠷ ᠰᠢᠷᠣᠶ ᠶᠢ ᠲᠠᠯᠪᠢᠵᠤ ᠪᠠᠶᠢᠨ᠎ᠠ᠃ | ᠬᠤᠶᠠᠷ ᠲᠤ᠂ ︽ᠭᠠᠵᠠᠷ ᠰᠢᠷᠣᠶ ᠶᠢᠨ ᠬᠡᠲᠦ ᠳᠡᠯᠭᠡᠭᠦᠷ︾ ᠤᠨ ᠦᠢᠯᠡᠴᠢᠯᠡᠭᠡ ᠬᠠᠩᠭᠠᠬᠤ ᠲᠠᠯ᠎ᠠ ᠪᠠᠷ᠃ ︽ᠭᠠᠵᠠᠷ | ᠰᠢᠷᠣᠶ ᠶᠢᠨ ᠬᠡᠲᠦ ᠳᠡᠯᠭᠡᠭᠦᠷ︾ ᠤᠨ ᠵᠢᠶᠠᠰᠠᠨ ᠳᠤ ᠪᠠᠶᠢᠭ᠎ᠠ ᠭᠠᠵᠠᠷ ᠨᠢ ᠴᠥᠮ ᠡᠷᠬᠡ ᠶᠢᠨ ᠬᠠᠷᠢᠶᠠᠯᠠᠯ ᠨᠢ ᠲᠣᠳᠣᠷᠬᠠᠶ᠂ | ᠨᠡᠭᠡᠭᠡᠨ ᠬᠥᠭᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ ︽ᠴᠡᠪᠡᠷ ᠭᠠᠵᠠᠷ︾ ᠪᠠᠶᠢᠵᠤ᠂ ᠭᠠᠵᠠᠷ ᠰᠢᠷᠣᠶ ᠬᠡᠷᠡᠭᠯᠡᠬᠦ ᠠᠵᠢᠯ ᠢ | ᠲᠦᠷᠭᠡᠨ ᠪᠡᠶᠡᠯᠡᠭᠦᠯᠵᠦ ᠴᠢᠳᠠᠬᠤ ᠨᠢ ᠠᠵᠤ ᠠᠬᠤᠶᠢᠯᠠᠯ ᠤᠨ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ | ᠬᠤᠳᠠᠯᠳᠤᠭ᠎ᠠ ᠡᠷᠭᠢᠯᠡᠬᠦ ᠣᠷᠴᠢᠨ ᠤ ᠨᠥᠬᠦᠴᠡᠯ ᠢ ᠰᠢᠯᠢᠳᠡᠭᠵᠢᠭᠦᠯᠬᠦ ᠶᠢ ᠦᠨᠡᠨ ᠬᠦ ᠠᠬᠢᠭᠤᠯᠬᠤ ᠳᠤ ᠠᠰᠢᠭᠲᠠᠶ ᠶᠤᠮ᠃ | ᠠᠵᠤ ᠠᠬᠤᠶᠢᠯᠠᠯ ᠪᠣᠯᠤᠨ ᠬᠤᠪᠢ ᠬᠥᠮᠦᠨ ᠳᠠᠩᠰᠠᠯᠠᠭᠤᠯᠬᠤ ᠶᠢᠨ ᠬᠠᠮᠲᠤ ᠳᠠᠩᠰᠠᠨ ᠳᠤ ᠲᠡᠮᠳᠡᠭᠯᠡᠭᠰᠡᠨ ᠪᠠᠶᠢᠳᠠᠯ ᠳᠣᠤᠷ᠎ᠠ᠂ | ᠤᠳᠠᠰᠤᠳᠠᠬᠤ ᠪᠤᠶᠤ ᠦᠭᠡ ᠦᠯᠡᠳᠡᠭᠡᠬᠦ ᠵᠡᠷᠭᠡ ᠠᠷᠭ᠎ᠠ ᠮᠠᠶ᠋ᠢᠭ ᠢ ᠰᠣᠩᠭᠤᠵᠤ ᠭᠠᠵᠠᠷ ᠰᠢᠷᠣᠶ ᠬᠠᠩᠭᠠᠬᠤ ᠰᠠᠯᠠᠭ᠎ᠠ | ᠮᠥᠴᠢᠷ ᠲᠠᠢ ᠰᠢᠭᠤᠳ ᠬᠠᠷᠢᠯᠴᠠᠵᠤ ᠪᠣᠯᠤᠨ᠎ᠠ᠂ ᠪᠠᠰᠠ ︽ᠪᠠᠷᠠᠭ᠎ᠠ ᠬᠤᠳᠠᠯᠳᠤᠨ ᠠᠪᠬᠤ ᠲᠡᠷᠭᠡᠨ ᠳᠤ ᠣᠷᠣᠬᠤ︾ ᠶᠢ | ᠰᠢᠭᠤᠳ ᠳᠠᠷᠤᠵᠤ ᠬᠤᠳᠠᠯᠳᠤᠨ ᠠᠪᠴᠤ ᠪᠣᠯᠤᠨ᠎ᠠ᠃ ᠡᠭᠦᠨ ᠠᠴᠠ ᠭᠠᠳᠠᠨ᠎ᠠ᠂ ︽ᠭᠠᠵᠠᠷ ᠰᠢᠷᠣᠶ ᠶᠢᠨ ᠬᠡᠲᠦ ᠳᠡᠯᠭᠡᠭᠦᠷ︾ | ᠤᠨ ︽ᠠᠷᠠᠯᠵᠢᠶᠠᠨ ᠤ ᠮᠡᠳᠡᠭᠡ ᠵᠠᠩᠭᠢ︾ ᠶᠢᠨ ᠪᠤᠯᠤᠩ ᠳᠤ ᠪᠠᠰᠠ ︽ᠠᠷᠠᠯᠵᠢᠶᠠᠨ ᠤ ᠠᠯᠪᠠᠨ ᠵᠠᠷ︾ ᠪᠠ ︽ᠠᠷᠠᠯᠵᠢᠶ᠎ᠠ | ᠪᠦᠲᠦᠭᠰᠡᠨ ᠠᠯᠪᠠᠨ ᠵᠠᠷ︾ ᠵᠡᠷᠭᠡ ᠠᠭᠤᠯᠭ᠎ᠠ ᠶᠢ ᠭᠠᠷᠭᠠᠵᠤ᠂ ᠠᠵᠤ ᠠᠬᠤᠶᠢᠯᠠᠯ ᠪᠠ ᠬᠤᠪᠢ ᠬᠥᠮᠦᠨ ᠢ ᠬᠠᠪᠰᠤᠷᠤᠨ | ᠭᠠᠵᠠᠷ ᠰᠢᠷᠣᠶ ᠶᠢᠨ ᠬᠡᠲᠦ ᠳᠡᠯᠭᠡᠭᠦᠷ ᠤᠨ ᠥᠩᠭᠡᠷᠡᠭᠰᠡᠨ ᠤ ᠠᠷᠠᠯᠵᠢᠶ᠎ᠠ ᠪᠠ ᠠᠷᠠᠯᠵᠢᠶ᠎ᠠ ᠪᠦᠲᠦᠭᠰᠡᠨ ᠪᠠᠶᠢᠳᠠᠯ ᠢ | ᠣᠶᠢᠯᠠᠭᠠᠭᠤᠯᠪᠠ᠃ ᠡᠭᠦᠨ ᠠᠴᠠ ᠭᠠᠳᠠᠨ᠎ᠠ᠂ ︽ᠭᠠᠵᠠᠷ ᠰᠢᠷᠣᠶ ᠶᠢᠨ ᠬᠡᠲᠦ ᠳᠡᠯᠭᠡᠭᠦᠷ︾ ᠤᠨ ᠪᠠᠷᠠᠭᠠᠨ ᠤ ᠲᠠᠯᠪᠢᠭᠤᠷ | ᠳᠡᠭᠡᠷ᠎ᠡ ᠪᠠᠰᠠ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ᠂ ᠨᠡᠮᠡᠵᠦ ᠬᠠᠰᠤᠬᠤ ᠶᠢ | ᠬᠤᠯᠪᠣᠭᠳᠠᠭᠤᠯᠤᠭᠰᠠᠨ ᠦᠯᠡᠳᠡᠪᠦᠷᠢ ᠭᠦᠢᠴᠡᠳᠬᠡᠯ ᠲᠤᠭ᠎ᠠ ᠶᠢ ᠨᠢᠭᠡᠳᠦᠯᠲᠡᠶ ᠲᠥᠯᠥᠪᠯᠡᠨ ᠠᠷᠠᠯᠵᠢᠶᠠᠯᠠᠬᠤ ᠮᠡᠳᠡᠭᠡ ᠵᠠᠩᠭᠢ | ᠵᠢᠴᠢ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠯᠠᠬᠤ ᠮᠡᠳᠡᠭᠡ ᠵᠠᠩᠭᠢ ᠵᠡᠷᠭᠡ ᠶᠢ | ᠳᠣᠭᠢᠷᠠᠭᠤᠯᠵᠤ᠂ ᠨᠡᠶᠢᠲᠡᠯᠡᠬᠦ ᠲᠠᠯ᠎ᠠ ᠪᠠ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠳᠤ ᠲᠦᠷᠭᠡᠨ᠂ ᠰᠢᠭᠤᠳ ᠪᠥᠭᠡᠳ ᠳᠥᠭᠦᠮ | ᠳᠥᠲᠡ ᠦᠢᠯᠡᠴᠢᠯᠡᠭᠡ ᠬᠠᠩᠭᠠᠪᠠ᠃ ᠣᠳᠣᠬᠠᠨ ᠳᠤ᠂ ᠤᠯᠠᠭᠠᠨᠴᠠᠪ ᠬᠤᠲᠠ ᠲᠦᠷᠦᠭᠦᠤ ᠪᠦᠯᠦᠭ ᠤᠨ ᠬᠤᠶᠠᠳᠤᠭᠠᠷ | ᠳᠡᠰ ᠤᠨ ᠵᠠᠬ᠎ᠠ ᠳᠡᠯᠭᠡᠭᠦᠷ ᠤᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠪᠠ ᠰᠢᠯᠵᠢᠭᠦᠯᠦᠨ ᠥᠭᠬᠦ ᠶᠢ ᠪᠡᠶᠡᠯᠡᠭᠦᠯᠪᠡ᠃ | ᠭᠤᠷᠪᠠ ᠳᠤ᠂ ︽ᠭᠠᠵᠠᠷ ᠰᠢᠷᠣᠶ ᠶᠢᠨ ᠬᠡᠲᠦ ᠳᠡᠯᠭᠡᠭᠦᠷ︾ ᠤᠨ ᠭᠠᠵᠠᠷ ᠰᠢᠷᠣᠶ ᠶᠢ ᠰᠣᠩᠭᠤᠨ ᠠᠵᠢᠯᠯᠠᠭᠤᠯᠬᠤ | ᠲᠠᠯ᠎ᠠ ᠪᠠᠷ᠃ ᠰᠢᠭᠤᠳ ᠦᠵᠡᠭᠦᠯᠬᠦ᠂ ᠰᠢᠭᠤᠳ ᠪᠠᠶᠢᠴᠠᠭᠠᠨ ᠯᠠᠪᠯᠠᠬᠤ᠂ ᠰᠢᠯᠢᠨ ᠰᠣᠩᠭᠤᠬᠤ ᠪᠠ ᠨᠡᠩᠵᠢᠨ ᠪᠠᠢᠴᠠᠭᠠᠬᠤ | ᠵᠡᠷᠭᠡ ᠭᠠᠵᠠᠷ ᠰᠣᠩᠭᠤᠬᠤ ᠴᠢᠳᠠᠮᠵᠢ ᠶᠢ ᠲᠣᠬᠢᠷᠠᠭᠤᠯᠤᠭᠰᠠᠨ ᠪᠠᠶᠢᠨ᠎ᠠ᠃ ︽ᠭᠠᠵᠠᠷ ᠰᠢᠷᠣᠶ ᠶᠢᠨ ᠬᠡᠲᠦ ᠳᠡᠯᠭᠡᠭᠦᠷ︾ ᠤᠨ | ᠠᠵᠤ ᠠᠬᠤᠶᠢᠯᠠᠯ ᠪᠠ ᠬᠤᠪᠢ ᠬᠥᠮᠦᠨ ᠢ ᠳᠡᠮᠵᠢᠵᠦ ᠪᠠᠶᠢᠭᠠᠳ ᠣᠷᠣᠨ ᠪᠦᠰᠡ᠂ ᠬᠡᠷᠡᠭᠴᠡᠭᠡ᠂ ᠲᠠᠯᠠᠪᠠᠶ ᠵᠡᠷᠭᠡ | ᠨᠥᠬᠦᠴᠡᠯ ᠤᠨ ᠬᠠᠩᠭᠠᠯᠭ᠎ᠠ ᠶᠢᠨ ᠭᠠᠵᠠᠷ ᠢ ᠰᠢᠭᠰᠢᠨ ᠰᠣᠩᠭᠤᠵᠤ ᠪᠠᠶᠢᠴᠠᠭᠠᠨ ᠯᠠᠪᠯᠠᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠬᠡᠷᠡᠭᠴᠡᠭᠡ ᠳᠤ ᠨᠡᠶᠢᠴᠡᠬᠦ ᠰᠠᠨᠠᠮᠵᠢ ᠶᠢᠨ ᠭᠠᠵᠠᠷ ᠢ ᠲᠦᠷᠭᠡᠬᠡᠨ ᠣᠨᠢᠰᠤᠯᠠᠬᠤ ᠳᠤ ᠲᠥᠬᠦᠮ ᠪᠣᠯᠭᠠᠪᠠ᠃ | ︽ᠭᠠᠵᠠᠷ ᠰᠢᠷᠣᠶ ᠶᠢᠨ ᠬᠡᠲᠦ ᠳᠡᠯᠭᠡᠭᠦᠷ︾ ᠨᠢ ᠭᠠᠵᠠᠷ ᠰᠢᠷᠣᠶ ᠶᠢᠨ ᠬᠠᠷᠢᠴᠠᠭᠤᠯᠬᠤ ᠴᠢᠳᠠᠮᠵᠢ ᠶᠢ ᠬᠠᠩᠭᠠᠵᠤ᠂ ᠣᠯᠠᠨ | ᠭᠠᠵᠠᠷ ᠤᠨ ᠦᠨᠳᠦᠰᠦᠨ ᠮᠡᠳᠡᠭᠡ ᠵᠠᠩᠭᠢ ᠶᠢ ᠠᠳᠠᠯᠢ ᠳᠡᠯᠭᠡᠴᠡ ᠪᠠᠷ ᠬᠠᠷᠢᠴᠠᠭᠤᠯᠵᠤ ᠪᠣᠯᠤᠨ᠎ᠠ᠂ ᠠᠳᠠᠯᠢ ᠪᠤᠰᠤ ᠭᠠᠵᠠᠷ ᠤᠨ | ᠰᠢᠯᠢᠳᠡᠭ ᠳᠤᠲᠠᠭᠳᠠᠯ ᠢ ᠳᠣᠪᠤᠶᠢᠯᠭᠠᠨ᠂ ᠰᠢᠭᠤᠳ ᠬᠠᠷᠢᠴᠠᠭᠤᠯᠤᠨ ᠵᠠᠳᠠᠯᠬᠤ ᠳᠤ ᠭᠠᠵᠠᠷ ᠰᠢᠷᠣᠶ ᠶᠢ ᠰᠣᠩᠭᠤᠬᠤ ᠳᠤ | ᠲᠥᠬᠦᠮ ᠪᠣᠯᠭᠠᠪᠠ᠃ ᠵᠢᠱᠢᠶᠡᠯᠡᠪᠡᠯ᠂ ᠬᠢᠩᠭᠠᠨ ᠠᠶᠢᠮᠠᠭ ᠤᠨ ᠤᠯᠠᠭᠠᠨᠬᠤᠲᠠ ᠳᠤ ᠶᠠᠮᠠᠷ ᠶᠠᠮᠠᠷ ᠬᠠᠩᠭᠠᠵᠤ ᠪᠣᠯᠬᠤ ᠭᠠᠵᠠᠷ | ᠪᠠᠶᠢᠬᠤ ᠶᠢ ᠪᠠᠶᠢᠴᠠᠭᠠᠨ ᠦᠵᠡᠵᠦ᠂ ᠭᠠᠵᠠᠷ ᠰᠢᠷᠣᠶ ᠶᠢᠨ ᠬᠡᠲᠦ ᠳᠡᠯᠭᠡᠭᠦᠷ ᠢ ᠨᠡᠭᠡᠭᠡᠵᠦ᠂ ︽ᠨᠢᠭᠡ ᠱᠠᠲᠤᠨ ᠤ ᠵᠠᠬ᠎ᠠ | ᠳᠡᠯᠭᠡᠭᠦᠷ︾ ᠤᠨ ᠬᠡᠰᠡᠭ ᠲᠤ ᠣᠷᠣᠵᠤ᠂ ᠰᠢᠭᠰᠢᠨ ᠰᠣᠩᠭᠤᠬᠤ ᠣᠷᠣᠨ ᠪᠦᠰᠡ ᠳᠤ ︽ᠬᠢᠩᠭᠠᠨ ᠠᠶᠢᠮᠠᠭ︾ ᠢ | ᠰᠣᠩᠭᠤᠬᠤ ᠶᠢᠨ ᠬᠠᠮᠲᠤ ᠬᠢᠩᠭᠠᠨ ᠠᠶᠢᠮᠠᠭ ᠤᠨ ᠬᠠᠷᠢᠶᠠᠨ ᠳᠠᠬᠢ ᠣᠷᠣᠨ ᠪᠦᠰᠡ ᠶᠢ ᠤᠯᠠᠮ ᠨᠢᠭᠡ ᠠᠯᠬᠤᠮ | ᠰᠣᠩᠭᠤᠬᠤ ᠶᠢᠨ ᠬᠠᠮᠲᠤ ᠬᠢᠩᠭᠠᠨ ᠠᠶᠢᠮᠠᠭ ᠤᠨ ᠤᠯᠠᠭᠠᠨᠬᠤᠲᠠ ᠶᠢᠨ ᠪᠣᠶ ᠪᠥᠬᠦᠶ ᠬᠠᠩᠭᠠᠵᠤ ᠪᠣᠯᠬᠤ ᠭᠠᠵᠠᠷ ᠢ ᠥᠪᠡᠷᠳᠡᠭᠡᠨ | ᠰᠢᠯᠢᠨ ᠰᠣᠩᠭᠤᠬᠤ ᠶᠢᠨ ᠬᠠᠮᠲᠤ ᠵᠢᠭᠰᠠᠭᠠᠭᠰᠠᠨ ᠶᠤᠮ᠃ ᠡᠭᠦᠨ ᠤ ᠬᠠᠮᠲᠤ᠂ ᠭᠠᠵᠠᠷ ᠬᠡᠷᠡᠭᠯᠡᠬᠦ ᠰᠢᠨᠵᠢ ᠴᠢᠨᠠᠷ᠂ ᠬᠡᠷᠡᠭᠯᠡᠬᠦ | ᠲᠠᠯᠠᠪᠠᠶ ᠵᠡᠷᠭᠡ ᠨᠥᠬᠦᠴᠡᠯ ᠢ ᠳᠠᠪᠬᠤᠴᠠᠭᠤᠯᠬᠤ ᠪᠠᠷ ᠳᠠᠮᠵᠢᠭᠤᠯᠤᠨ᠂ ᠭᠠᠵᠠᠷ ᠰᠢᠷᠣᠶ ᠶᠢ ᠤᠯᠠᠮ ᠨᠢᠭᠡ ᠠᠯᠬᠤᠮ ᠰᠢᠭᠰᠢᠨ | ᠰᠣᠩᠭᠤᠵᠤ᠂ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠭᠠᠵᠠᠷ ᠢ ᠨᠠᠷᠢᠯᠢᠭ ᠣᠨᠣᠪᠴᠢᠲᠠᠢ ᠪᠠᠷ ᠣᠯᠵᠤ ᠪᠣᠯᠤᠨ᠎ᠠ᠃ | ᠳᠠᠬᠢᠭᠠᠳ ᠬᠡᠰᠡᠭ ᠪᠦᠷᠢ ᠶᠢᠨ ᠣᠷᠣᠨ ᠪᠠᠶᠢᠷᠢ᠂ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ᠂ 360 ᠭᠷᠠᠳᠦ᠋ᠰ ᠤᠨ ᠪᠥᠬᠦ | ᠦᠵᠡᠮᠵᠢ ᠵᠡᠷᠭᠡ ᠨᠠᠷᠢᠨ ᠪᠠᠶᠢᠳᠠᠯ ᠢ ᠭᠦᠶᠦᠯᠭᠡᠨ ᠦᠵᠡᠬᠦ ᠪᠠᠷ ᠳᠠᠮᠵᠢᠭᠤᠯᠤᠨ᠂ ᠡᠷᠬᠢᠨ ᠲᠣᠭᠤᠷᠢᠨ ᠤ ᠢᠵᠢ ᠪᠥᠷᠢᠳᠦᠭᠰᠡᠨ | ᠣᠳᠣᠬᠢ ᠪᠠᠶᠢᠳᠠᠯ᠂ ᠲᠥᠯᠥᠪᠵᠢᠭᠦᠯᠭᠡ ᠶᠢᠨ ᠨᠠᠷᠢᠨ ᠪᠠᠶᠢᠳᠠᠯ ᠵᠡᠷᠭᠡ ᠨᠠᠷᠢᠯᠢᠭ ᠮᠡᠳᠡᠭᠡ ᠵᠠᠩᠭᠢ ᠶᠢ ᠣᠶᠢᠯᠠᠭᠠᠵᠤ᠂ ᠡᠭᠦᠨ ᠤ | ᠤᠯᠠᠮ ᠢᠶᠠᠷ ᠠᠵᠤ ᠠᠬᠤᠶᠢᠯᠠᠯ ᠪᠠ ᠬᠡᠷᠡᠭᠯᠡᠭᠴᠢᠳ ᠲᠤ ᠦᠢᠯᠡᠴᠢᠯᠡᠨ᠎ᠡ᠃ | ᠲᠠᠷᠠᠭᠠᠴᠢ ᠶᠢᠨ ᠠᠯᠬᠤᠮ ᠳᠤ᠂ ︽ᠭᠠᠵᠠᠷ ᠰᠢᠷᠣᠶ ᠶᠢᠨ ᠬᠡᠲᠦ ᠳᠡᠯᠭᠡᠭᠦᠷ︾ ᠨᠢ ︽ᠮᠥᠩᠬᠡ ᠰᠤᠪᠠᠭ︾ ᠢᠶᠠᠷ | ᠳᠠᠮᠵᠢᠭᠤᠯᠤᠨ ᠳᠠᠩᠰᠠᠯᠠᠭᠤᠯᠵᠤ᠂ ︽ᠰᠦᠯᠵᠢᠶᠡᠨ ᠠᠴᠠ ᠭᠠᠵᠠᠷ ᠦᠵᠡᠬᠦ︾᠂ ︽ᠰᠦᠯᠵᠢᠶᠡᠨᠡᠴᠠ ᠭᠠᠵᠠᠷ ᠰᠣᠩᠭᠤᠬᠤ︾ | ᠶᠢ ᠪᠡᠶᠡᠯᠡᠭᠦᠯᠵᠦ ᠪᠣᠯᠤᠨ᠎ᠠ᠃ ᠣᠳᠣᠬᠠᠨ ᠳᠤ᠂ ︽ᠭᠠᠵᠠᠷ ᠰᠢᠷᠣᠶ ᠶᠢᠨ ᠬᠡᠲᠦ ᠳᠡᠯᠭᠡᠭᠦᠷ︾ ᠤᠨ ᠪᠠᠷᠠᠭᠠᠨ ᠤ | ᠲᠠᠯᠪᠢᠭᠤᠷ ᠲᠤ ᠬᠢᠩᠭᠠᠨ ᠠᠶᠢᠮᠠᠭ ᠤᠨ ᠬᠡᠰᠡᠭ ᠭᠠᠵᠠᠷ ᠢ ᠳᠡᠯᠭᠡᠨ ᠦᠵᠡᠭᠦᠯᠦᠭᠰᠡᠨ ᠪᠣᠯᠪᠠᠴᠤ ︽ᠭᠠᠵᠠᠷ ᠰᠢᠷᠣᠶ ᠶᠢᠨ ᠬᠡᠲᠦ | ᠳᠡᠯᠭᠡᠭᠦᠷ︾ ᠤᠨ ᠪᠦᠬᠦᠯᠢ ᠴᠣᠭᠴᠠ ᠶᠢᠨ ᠪᠦᠲᠦᠴᠡ ᠨᠢ ᠪᠥᠬᠦ ᠣᠷᠣᠨ ᠤ 12 ᠠᠶᠢᠮᠠᠭ ᠬᠤᠲᠠ ᠶᠢᠨ 103 ᠬᠤᠰᠢᠭᠤ | ᠰᠢᠶᠠᠨ ᠲᠣᠭᠤᠷᠢᠭ ᠤᠨ ᠦᠢᠯᠡᠴᠢᠯᠡᠭᠡ ᠳᠤ ᠵᠢᠷᠤᠭ ᠲᠥᠯᠥᠪᠯᠡᠭᠡ ᠬᠢᠭᠰᠡᠨ ᠶᠤᠮ᠂ ᠵᠠᠯᠭᠠᠭᠠᠳ ᠪᠥᠬᠦ ᠣᠷᠣᠨ ᠳᠤ | ᠳᠡᠯᠭᠡᠷᠡᠭᠦᠯᠦᠨ᠎ᠡ᠂ ᠡᠯ᠎ᠡ ᠠᠶᠢᠮᠠᠭ ᠬᠤᠲᠠ ᠶᠢᠨ ᠬᠠᠩᠭᠠᠵᠤ ᠪᠣᠯᠬᠤ ᠪᠣᠯᠪᠠᠰᠤᠷᠠᠩᠭᠤᠶ ᠭᠠᠵᠠᠷ ᠢ ᠡᠮᠬᠢᠯᠡᠨ ᠪᠡᠯᠡᠳᠬᠡᠵᠦ᠂ ᠴᠠᠭ | ᠲᠤᠬᠠᠶ ᠳᠤ ᠨᠢ ᠵᠢᠶᠠᠰᠠᠨ ᠳᠡᠭᠡᠷ᠎ᠡ ᠭᠠᠷᠭᠠᠬᠤ ᠶᠢ ᠪᠡᠶᠡᠯᠡᠭᠦᠯᠬᠦ ᠶᠢᠨ ᠬᠠᠮᠲᠤ ᠦᠯᠡᠳᠡᠭᠡᠯ ᠭᠠᠵᠠᠷ ᠰᠢᠷᠣᠶ ᠶᠢᠨ ᠡᠬᠢ ᠪᠠᠶᠠᠯᠢᠭ ᠢ | ᠠᠮᠢᠳᠤᠯᠢᠭ ᠪᠣᠯᠭᠠᠬᠤ ᠶᠢ ᠦᠷᠭᠦᠯᠵᠢᠯᠡᠨ ᠰᠠᠶᠢᠲᠤᠷ ᠬᠢᠵᠦ᠂ ᠪᠠᠷᠠᠭᠠᠨ ᠤ ᠲᠠᠯᠪᠢᠭᠤᠷ ᠤᠨ ᠠᠭᠤᠯᠭ᠎ᠠ ᠶᠢ ᠲᠠᠰᠤᠷᠠᠯᠲᠠ ᠥᠬᠡᠶ | ᠪᠠᠶᠠᠯᠢᠭᠵᠢᠭᠤᠯᠤᠨ᠂ ᠭᠠᠵᠠᠷ ᠰᠢᠷᠣᠶ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠲᠡᠭ ᠢ ᠪᠦᠲᠦᠮᠵᠢᠲᠡᠶ ᠬᠥᠭᠵᠢᠭᠡᠵᠦ᠂ | ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠠᠬᠢᠭᠤᠯᠤᠨ᠎ᠠ᠃ | |