ᠥᠪᠡᠷᠲᠡᠭᠡᠨ ᠵᠠᠰᠠᠬᠤ ᠣᠷᠣᠨ ᠤ 2021 ᠣᠨ ᠤ ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ᠂ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠤᠨ ᠲᠤᠭ᠎ᠠ ᠪᠠᠷᠢᠮᠲᠠ ᠶᠢ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠰᠦᠯᠵᠢᠶᠡᠨ ᠳᠤ ᠵᠢᠩᠬᠢᠨᠢ ᠪᠠᠷ ᠨᠡᠶᠢᠲᠡᠯᠡᠪᠡ
ᠨᠡᠶᠢᠲᠡᠯᠡᠭᠰᠡᠨ ᠴᠠᠭ᠄
2023/8/31
  ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠤᠨ ᠲᠤᠭ᠎ᠠ ᠪᠠᠷᠢᠮᠲᠠ ᠶᠢᠨ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ 8 ᠳ᠋ᠤᠭᠠᠷ ᠰᠠᠷ᠎ᠠ ᠶᠢᠨ 31᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠢᠩᠬᠢᠮ ᠤᠨ ᠰᠦᠯᠵᠢᠶᠡᠨ ᠳᠤ ᠥᠪᠡᠷᠲᠡᠭᠡᠨ ᠵᠠᠰᠠᠬᠤ ᠣᠷᠣᠨ ᠤ 2021 ᠣᠨ ᠤ ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ᠂ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠤᠨ ᠲᠤᠭ᠎ᠠ ᠪᠠᠷᠢᠮᠲᠠ ᠶᠢ ᠨᠡᠶᠢᠲᠡᠯᠡᠪᠡ᠃  ᠲᠤᠭ᠎ᠠ ᠪᠠᠷᠢᠮᠲᠠ ᠳᠤ ᠭᠤᠤᠯᠳᠠᠭᠤ ᠥᠪᠡᠷᠲᠡᠭᠡᠨ ᠵᠠᠰᠠᠬᠤ ᠣᠷᠣᠨ ᠤ 2021 ᠣᠨ ᠤ ᠭᠠᠵᠠᠷ ᠰᠢᠷᠣᠶ ᠶᠢᠨ ᠠᠰᠢᠭᠯᠠᠯᠲᠠ ᠶᠢᠨ ᠡᠯ᠎ᠡ ᠭᠠᠵᠠᠷ ᠤᠨ ᠲᠠᠯᠠᠪᠠᠶ᠂ ᠭᠠᠵᠠᠷ ᠰᠢᠷᠣᠶ ᠶᠢᠨ ᠲᠠᠷᠬᠠᠯᠲᠠ ᠶᠢᠨ ᠪᠠᠶᠢᠳᠠᠯ᠂ ᠪᠥᠬᠦ ᠣᠷᠣᠨ ᠵᠢᠴᠢ ᠡᠯ᠎ᠡ ᠠᠶᠢᠮᠠᠭ ᠬᠤᠲᠠ ᠶᠢᠨ ᠭᠠᠵᠠᠷ ᠰᠢᠷᠣᠶ ᠶᠢᠨ ᠠᠰᠢᠭᠯᠠᠯᠲᠠ ᠶᠢᠨ ᠬᠤᠪᠢᠷᠠᠯᠲᠠ ᠶᠢᠨ ᠪᠠᠶᠢᠳᠠᠯ ᠢ ᠲᠤᠰᠬᠠᠪᠠ᠃ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠪᠠ ᠬᠤᠪᠢᠷᠠᠯᠲᠠ ᠶᠢᠨ ᠪᠠᠶᠢᠳᠠᠯ ᠤᠨ ᠵᠠᠳᠠᠯᠤᠯᠲᠠ ᠶᠢ ᠪᠠᠭᠲᠠᠭᠠᠪᠠ᠃ ᠠᠶᠢᠮᠠᠭ ᠬᠤᠲᠠ ᠶᠢᠨ ᠭᠠᠵᠠᠷ ᠰᠢᠷᠣᠶ ᠶᠢᠨ ᠠᠰᠢᠭᠯᠠᠯᠲᠠ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠬᠤᠲᠠ ᠪᠠᠯᠭᠠᠰᠤ ᠲᠣᠰᠬᠤᠨ ᠤ ᠳᠣᠲᠣᠭᠠᠳᠤ ᠶᠢᠨ ᠣᠳᠣᠬᠢ ᠪᠠᠶᠢᠳᠠᠯ ᠤᠨ ᠬᠦᠰᠦᠨᠦᠭ᠂ ᠲᠠᠷᠢᠶᠠᠨ ᠭᠠᠵᠠᠷ ᠤᠨ ᠨᠠᠯᠠᠤᠴᠠ ᠶᠢᠨ ᠬᠡᠮᠵᠢᠶ᠎ᠡ᠂ ᠲᠠᠷᠢᠮᠠᠯ ᠤᠨ ᠲᠥᠷᠥᠯ ᠬᠡᠯᠪᠡᠷᠢ᠂ ᠲᠠᠷᠢᠶᠠᠨ ᠭᠠᠵᠠᠷ ᠤᠨ ᠨᠠᠷᠢᠯᠢᠭ ᠬᠦᠰᠦᠨᠦᠭ ᠢ ᠰᠠᠯᠭᠠᠨ ᠵᠢᠭᠰᠠᠭᠠᠵᠤ᠂ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠤᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠡᠷᠬᠡ ᠶᠢᠨ ᠬᠠᠷᠢᠶ᠎ᠠ ᠶᠢᠨ ᠴᠢᠨᠠᠷᠲᠠᠶ ᠪᠦᠷᠢᠳᠬᠡᠯ ᠤᠨ ᠬᠦᠰᠦᠨᠦᠭ ᠢ ᠨᠡᠮᠡᠵᠦ᠂ ᠬᠡᠰᠡᠭ ᠪᠦᠯᠦᠭ ᠢ ᠨᠠᠷᠢᠯᠢᠭᠵᠢᠭᠤᠯᠤᠭᠰᠠᠨ᠂ ᠬᠠᠶᠠᠭᠳᠠᠮᠠᠯ ᠪᠠ ᠬᠤᠭ ᠨᠣᠪᠰᠢ ᠶᠢ ᠪᠤᠯᠠᠬᠤ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ᠂ ᠰᠥᠭᠡᠭ ᠡᠪᠡᠰᠦᠲᠦ ᠭᠠᠵᠠᠷ᠂ ᠭᠠᠵᠠᠷ ᠤᠨ ᠲᠥᠷᠥᠯ ᠵᠢᠴᠢ ᠰᠢᠭᠤᠶᠢᠲᠤ ᠣᠷᠣᠨ ᠤ ᠬᠡᠪᠴᠢᠶᠡᠨ ᠳᠣᠲᠣᠷᠠᠬᠢ ᠲᠠᠷᠢᠮᠠᠯ ᠤᠨ ᠬᠦᠷᠢᠶᠡᠯᠡᠩ ᠤᠨ ᠬᠤᠷᠢᠶᠠᠩᠭᠤᠶᠢᠯᠠᠨ ᠪᠦᠷᠢᠳᠬᠡᠬᠦ ᠬᠦᠰᠦᠨᠦᠭ᠂ ᠬᠥᠮᠦᠨ ᠳᠤᠮᠳᠠᠴᠢ ᠶᠢᠨ ᠭᠠᠵᠠᠷ ᠰᠢᠷᠣᠶ ᠶᠢᠨ ᠬᠤᠷᠢᠶᠠᠩᠭᠤᠶ ᠬᠦᠰᠦᠨᠦᠭ ᠢ ᠲᠣᠬᠢᠷᠠᠭᠤᠯᠵᠤ ᠪᠣᠯᠤᠨ᠎ᠠ᠃  ᠰᠦᠯᠵᠢᠶᠡᠨ ᠬᠤᠯᠪᠤᠭᠠᠰᠤ᠄  https://zrzy.nmg.gov.cn/zfxxgkzl/fdzdgknr/sjfb/202308/t20230831_2370487.html 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ