8 ᠳ᠋ᠤᠭᠠᠷ ᠰᠠᠷ᠎ᠠ ᠶᠢᠨ 31 ᠤ ᠡᠳᠦᠷ᠂ ︽ᠲᠡᠭᠷᠢ ᠭᠠᠵᠠᠷ ᠤᠨ ᠵᠢᠷᠤᠭ · ᠥᠪᠥᠷ ᠮᠣᠩᠭᠤᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︶ ᠤᠨ ᠰᠢᠯᠵᠢᠮᠡᠯ ᠲᠠᠪᠴᠠᠩ ᠢ ᠵᠢᠩᠬᠢᠨᠢ ᠪᠠᠷ | ᠠᠰᠢᠭᠯᠠᠯᠲᠠ ᠳᠤ ᠣᠷᠣᠭᠤᠯᠵᠤ᠂ ᠬᠡᠷᠡᠭᠯᠡᠭᠴᠢᠳ ᠲᠤ ᠣᠨᠣᠪᠴᠢᠲᠠᠶ᠂ ᠡᠷᠬᠡ ᠰᠦᠷ ᠲᠠᠢ᠂ ᠳᠥᠭᠦᠮ ᠳᠥᠲᠡ ᠰᠦᠯᠵᠢᠶᠡᠨ ᠳᠡᠭᠡᠷᠡᠬᠢ ᠭᠠᠵᠠᠷ ᠵᠦᠶ ᠶᠢᠨ | ᠮᠡᠳᠡᠭᠡ ᠵᠠᠩᠭᠢ ᠶᠢᠨ ᠶᠡᠷᠦᠩᠬᠡᠶᠢᠯᠡᠭᠰᠡᠨ ᠦᠢᠯᠡᠴᠢᠯᠡᠭᠡ ᠶᠢ ᠬᠠᠩᠭᠠᠬᠤ ᠶᠢᠨ ᠲᠥᠯᠥᠭᠡ ᠶᠤᠮ᠃ ᠣᠯᠠᠨ ᠨᠡᠶᠢᠲᠡ ᠪᠠᠷ ᠢᠶᠠᠨ ᠸᠢᠴᠠᠲ ᠠᠴᠠ ︽ᠲᠩᠷᠢ ᠭᠠᠵᠠᠷ ᠤᠨ | ᠵᠢᠷᠤᠭ᠂ ᠥᠪᠥᠷ ᠮᠣᠩᠭᠤᠯ︾ ᠭᠡᠵᠦ ᠡᠷᠢᠵᠦ᠂ ᠵᠢᠵᠢᠭ ᠫᠷᠣᠭ᠍ᠷᠠᠮ ᠢ ᠰᠣᠩᠭᠤᠪᠠᠯ ᠳᠠᠷᠤᠢ ᠬᠡᠷᠡᠭᠯᠡᠵᠦ ᠪᠣᠯᠤᠨ᠎ᠠ᠃ | | | | | | ︽ᠲᠡᠭᠷᠢ ᠭᠠᠵᠠᠷ ᠤᠨ ᠵᠢᠷᠤᠭ · ᠥᠪᠥᠷ ᠮᠣᠩᠭᠤᠯ︾ ᠰᠢᠯᠵᠢᠮᠡᠯ ᠲᠠᠪᠴᠠᠩ ᠳᠤ ᠠᠷᠠᠳ ᠲᠤ ᠲᠥᠬᠦᠮ ᠦᠵᠡᠭᠦᠯᠬᠦ ᠭᠠᠵᠠᠷ ᠤᠨ ᠵᠢᠷᠤᠭ᠂ ᠵᠢᠷᠤᠭ ᠤᠨ | ᠲᠡᠭᠦᠪᠦᠷᠢ ᠶᠢ ᠳᠡᠯᠭᠡᠨ ᠦᠵᠡᠭᠦᠯᠬᠦ᠂ ᠪᠠᠷᠢᠮᠵᠢᠶᠠᠲᠤ ᠭᠠᠵᠠᠷ ᠤᠨ ᠵᠢᠷᠤᠭ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠭᠠᠵᠠᠷ ᠵᠦᠶ ᠶᠢᠨ ᠮᠡᠳᠡᠯᠭᠡ᠂ | ᠬᠡᠪᠯᠡᠯ ᠤᠨ ᠰᠤᠷᠭᠠᠨ ᠬᠥᠮᠦᠵᠢᠯ᠂ ᠰᠠᠨᠠᠯ ᠤᠨ ᠬᠠᠷᠢᠭᠤ ᠲᠤᠰᠬᠠᠯ᠂ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ 8 ᠶᠡᠭᠡ ᠬᠡᠰᠡᠭ 70 ᠭᠠᠷᠤᠶ ᠵᠦᠢᠯ | ᠤᠨ ᠠᠭᠤᠯᠭ᠎ᠠ ᠶᠢ ᠪᠠᠭᠲᠠᠭᠠᠵᠤ᠂ ᠣᠯᠠᠨ ᠨᠡᠶᠢᠲᠡ ᠳᠤ ᠲᠤᠭ᠎ᠠ ᠪᠠᠷᠢᠮᠲᠠ ᠨᠢ ᠠᠮᠢᠳᠤ ᠴᠣᠪᠣᠭᠤᠯᠢᠭ᠂ ᠦᠢᠯᠡᠴᠢᠯᠡᠭᠡ ᠨᠢ ᠨᠢᠭᠡᠳᠦᠯᠲᠡᠶ᠂ ᠲᠤᠬᠠᠢ ᠶᠢᠨ | ᠭᠠᠵᠠᠷ ᠤᠨ ᠣᠨᠴᠠᠯᠢᠭ ᠨᠢ ᠲᠣᠪᠤᠶᠢᠮ᠎ᠠ᠂ ᠡᠬᠢ ᠪᠠᠶᠠᠯᠢᠭ ᠨᠢ ᠡᠯᠪᠡᠭ ᠳᠡᠯᠪᠡᠭ ︽ᠵᠢᠷᠤᠭ ᠢᠶᠠᠷ ᠠᠷᠠᠳ ᠲᠤ ᠠᠰᠢᠭ ᠬᠦᠷᠲᠡᠭᠡᠬᠦ︾ ᠦᠢᠯᠡᠴᠢᠯᠡᠭᠡᠨ ᠤ | ᠣᠶᠢᠯᠠᠭᠠᠯᠲᠠ ᠶᠢ ᠬᠠᠩᠭᠠᠪᠠ᠃ ᠰᠢᠯᠵᠢᠮᠡᠯ ᠲᠠᠪᠴᠠᠩ ᠢᠶᠠᠷ ᠳᠠᠮᠵᠢᠭᠤᠯᠤᠨ᠂ ᠪᠥᠬᠦ ᠣᠷᠣᠨ ᠤ ᠳᠠᠭᠠᠭᠤᠯᠢ ᠣᠳᠣᠨ ᠤ ᠳᠦᠷᠰᠦ ᠰᠢᠩᠭᠡᠭᠡᠯᠲᠡ᠂ ᠬᠤᠲᠠ ᠶᠢᠨ | ᠵᠠᠮ᠂ ᠤᠰᠤᠨ ᠰᠢᠰᠲ᠋ᠧᠮ᠂ ᠵᠦᠯᠭᠡ ᠭᠠᠵᠠᠷ᠂ ᠰᠠᠭᠤᠭᠠᠯᠢ ᠠᠷᠠᠳ ᠤᠨ ᠭᠠᠵᠠᠷ ᠵᠡᠷᠭᠡ ᠭᠠᠵᠠᠷ ᠵᠦᠶ ᠶᠢᠨ ᠮᠡᠳᠡᠭᠡ ᠵᠠᠩᠭᠢ ᠶᠢᠨ ᠡᠯᠧᠮᠧᠨ᠋ᠲ ᠢ ᠠᠮᠠᠷᠬᠠᠨ ᠢᠶᠠᠷ | ᠡᠷᠢᠵᠦ ᠪᠣᠯᠬᠤ ᠪᠠᠷ ᠪᠠᠷᠠᠬᠤ ᠥᠬᠡᠶ᠂ ᠪᠠᠰᠠ ᠨᠢᠭᠡ ᠯᠡ ᠵᠢᠷᠤᠭ ᠢᠶᠠᠷ ᠪᠣᠳᠠᠰ ᠤᠨ ᠪᠤᠰᠤ ᠰᠣᠶᠣᠯ ᠤᠨ ᠥᠪ ᠤᠨ ᠵᠠᠮ ᠱᠤᠭᠤᠮ᠂ ᠬᠤᠪᠢᠰᠬᠠᠯ ᠤᠨ | ᠵᠢᠭᠤᠯᠴᠢᠯᠠᠯ᠂ ᠦᠵᠡᠮᠵᠢᠲᠦ ᠣᠷᠣᠨ᠂ ︽ᠮᠣᠩᠭᠤᠯ︾ ᠥᠰᠥᠭ ᠤᠨ ᠲᠡᠮᠳᠡᠭ ᠲᠠᠢ ᠦᠢᠯᠡᠳᠬᠦᠨ᠂ ᠭᠠᠵᠠᠷ ᠰᠢᠨᠵᠢᠯᠡᠭᠡᠨ ᠤ ᠴᠡᠴᠡᠷᠯᠢᠭ᠂ ᠣᠶ ᠰᠢᠭᠤᠶ ᠶᠢᠨ | ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠡᠷᠢᠵᠦ᠂ ᠨᠢᠭᠡ ᠯᠡ ᠵᠠᠮᠴᠢᠯᠠᠭᠤᠷ ᠢᠶᠠᠷ ᠲᠣᠰᠣ ᠨᠡᠮᠡᠬᠦ ᠥᠷᠲᠡᠭᠡ᠂ ᠴᠠᠬᠢᠯᠭᠠᠨ ᠴᠡᠨᠡᠭᠯᠡᠬᠦ ᠱᠣᠩ᠂ | ᠪᠣᠭᠤᠮᠲᠠ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ ᠵᠡᠷᠭᠡ ᠭᠠᠵᠠᠷ ᠲᠤ ᠬᠦᠷᠴᠦ᠂ ᠪᠠᠰᠠ ᠣᠳᠣᠬᠠᠨ ᠤ ᠣᠯᠠᠨ ᠨᠡᠶᠢᠲᠡ ᠶᠢᠨ ᠠᠩᠬᠠᠷᠴᠤ | ᠪᠠᠶᠢᠭ᠎ᠠ ᠬᠥᠬᠡᠬᠤᠲᠠ ᠶᠢᠨ ᠰᠦᠯᠵᠢᠶᠡᠨ ᠣᠳᠤ ᠶᠢᠨ ᠬᠠᠯᠠᠭᠤᠷᠠᠯ ᠤᠨ ᠴᠡᠭ᠂ ᠬᠥᠬᠡᠬᠤᠲᠠ ᠶᠢᠨ ᠠᠮᠠᠷᠬᠠᠨ ᠤᠰᠤᠲᠤᠬᠤ ᠭᠠᠵᠠᠷ ᠵᠡᠷᠭᠡ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠠᠭᠤᠯᠭ᠎ᠠ ᠶᠢ ᠣᠨᠴᠠᠭᠠᠶᠢᠯᠠᠨ ᠳᠣᠭᠢᠷᠠᠭᠤᠯᠵᠤ᠂ ᠶᠠᠪᠤᠵᠤ ᠰᠠᠭᠤᠬᠤ᠂ ᠵᠤᠭᠠᠴᠠᠨ ᠨᠠᠭᠠᠳᠬᠤ ᠳᠤ ᠵᠠᠮ ᠱᠤᠭᠤᠮ ᠤᠨ | ᠵᠢᠯᠣᠭᠤᠳᠣᠯᠭ᠎ᠠ ᠬᠠᠩᠭᠠᠵᠤ᠂ ︽ᠨᠢᠭᠡ ᠥᠷᠲᠡᠭᠡᠨ ᠤ ᠮᠠᠶ᠋ᠢᠭ︾ ᠢᠶᠠᠷ ᠬᠡᠷᠡᠭᠯᠡᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠣᠯᠤᠨ᠎ᠠ᠃ | ᠲᠣᠰ ᠤᠳᠠᠭ᠎ᠠ ᠰᠦᠯᠵᠢᠶᠡᠨ ᠳᠤ ᠭᠠᠷᠭᠠᠭᠰᠠᠨ ᠰᠢᠯᠵᠢᠮᠡᠯ ᠲᠠᠪᠴᠠᠩ ᠨᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠠᠮᠢ ᠠᠬᠤᠶ ᠶᠢᠨ | ᠵᠢᠭᠤᠯᠴᠢᠯᠠᠯ ᠵᠡᠷᠭᠡ ᠬᠦᠷᠢᠶᠡᠨ ᠳᠤ ᠠᠷᠠᠳ ᠣᠯᠠᠨ ᠤ ᠠᠮᠢᠳᠤᠷᠠᠯ ᠳᠤ ᠠᠰᠢᠭ ᠬᠦᠷᠲᠡᠭᠡᠬᠦ ᠪᠠᠷ ᠪᠠᠷᠠᠬᠤ ᠥᠬᠡᠶ᠂ ᠪᠠᠰᠠ ︽ᠲᠡᠭᠷᠢ ᠭᠠᠵᠠᠷ ᠤᠨ ᠵᠢᠷᠤᠭ · ᠥᠪᠥᠷ | ᠮᠣᠩᠭᠤᠯ︾ ᠤᠨ ᠨᠢᠭᠡᠳᠦᠯᠲᠡᠶ ᠫᠤᠷᠲ᠋ᠧᠯ ᠰᠦᠯᠵᠢᠶ᠎ᠡ ᠲᠠᠢ ᠵᠡᠷᠭᠡ ᠪᠠᠷ ᠬᠤᠯᠪᠣᠯᠳᠤᠬᠤ ᠶᠢ ᠪᠡᠶᠡᠯᠡᠭᠦᠯᠦᠭᠰᠡᠨ ᠪᠥᠭᠡᠳ ᠤᠮᠠᠷᠠᠲᠤ ᠬᠢᠯᠢ ᠶᠢᠨ ᠡᠭᠦᠯᠡᠨ ᠵᠠᠶ ᠲᠠᠢ | ᠬᠠᠮᠲᠤ ᠪᠠᠷ ᠬᠦᠴᠦᠯᠡᠵᠦ᠂ ᠨᠡᠶᠢᠭᠡᠮ ᠤᠨ ᠬᠠᠮᠢᠶᠠᠷᠤᠯᠲᠠ ᠳᠤ ᠥᠨᠳᠥᠷ ᠪᠦᠲᠦᠮᠵᠢᠲᠡᠶ ᠴᠠᠭ ᠲᠤᠬᠠᠶ ᠳᠤ ᠨᠢ ᠰᠠᠭᠤᠷᠢᠯᠠᠬᠤ ᠴᠢᠨᠠᠷᠲᠠᠶ᠂ ᠲᠤᠯᠭᠠᠭᠤᠷᠢᠯᠠᠬᠤ | ᠴᠢᠨᠠᠷᠲᠠᠶ ᠦᠢᠯᠡᠴᠢᠯᠡᠭᠡ ᠬᠠᠩᠭᠠᠭᠰᠠᠨ ᠪᠠᠶᠢᠨ᠎ᠠ᠃ | ᠲᠣᠰ ᠰᠢᠯᠵᠢᠮᠡᠯ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠤᠭᠰᠠᠨ ᠨᠢ ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠮᠡᠳᠡᠭᠡ | ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠭᠴᠢᠳ ᠤᠨ ᠲᠠᠯ᠎ᠠ ᠪᠠᠷ ᠬᠢ ᠬᠦᠷᠦᠯᠴᠡᠬᠦ ᠥᠬᠡᠶ ᠲᠠᠯ᠎ᠠ ᠶᠢ ᠪᠦᠲᠦᠮᠵᠢᠲᠡᠶ | ᠨᠥᠬᠦᠪᠥᠷᠢᠯᠡᠪᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠦᠷᠭᠦᠯᠵᠢᠯᠡᠨ ᠳᠥᠭᠦᠮ | ᠳᠥᠲᠡ ᠦᠢᠯᠡᠴᠢᠯᠡᠭᠡ ᠪᠠᠷ ᠬᠠᠷᠠᠯᠲᠠ ᠤᠳᠤᠷᠢᠳᠤᠮᠵᠢ ᠪᠣᠯᠭᠠᠵᠤ᠂ ᠳᠦᠷᠰᠦ ᠰᠢᠩᠭᠡᠭᠡᠯᠲᠡ ᠶᠢᠨ ᠲᠤᠭ᠎ᠠ ᠪᠠᠷᠢᠮᠲᠠ ᠶᠢ ᠰᠢᠨᠡᠳᠬᠡᠨ ᠲᠡᠭᠦᠯᠳᠡᠷᠵᠢᠭᠦᠯᠬᠦ ᠶᠢ | ᠴᠢᠩᠭᠠᠳᠬᠠᠵᠤ᠂ ᠭᠠᠵᠠᠷ ᠵᠦᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠵᠤ᠂ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠪᠠ ᠨᠡᠶᠢᠭᠡᠮ ᠠᠵᠤ ᠠᠬᠤᠶ ᠶᠢᠨ ᠬᠥᠭᠵᠢᠯᠲᠡ ᠳᠤ ᠰᠠᠭᠤᠷᠢ ᠬᠡᠮᠵᠢᠨ ᠵᠢᠷᠤᠭᠯᠠᠯᠲᠠ ᠶᠢᠨ ᠦᠷ᠎ᠡ | ᠪᠦᠲᠦᠭᠡᠯ ᠤᠨ ᠲᠤᠯᠭᠠᠭᠤᠷᠢᠯᠠᠯ ᠪᠠ ᠭᠠᠵᠠᠷ ᠵᠦᠶ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠬᠠᠩᠭᠠᠨ᠎ᠠ᠃ | | | | | | ᠲᠡᠭᠷᠢ ᠭᠠᠵᠠᠷ ᠤᠨ ᠵᠢᠷᠤᠭ · ᠥᠪᠥᠷ ᠮᠣᠩᠭᠤᠯ ᠤᠨ ᠰᠢᠯᠵᠢᠮᠡᠯ ᠲᠠᠪᠴᠠᠩ ᠤᠨ ᠬᠡᠰᠡᠭ ᠴᠢᠳᠠᠮᠵᠢ ᠨᠢ ᠣᠭᠲᠤᠯᠠᠪᠤᠷᠢ ᠵᠢᠷᠤᠭ ᠠᠪᠴᠤ ᠪᠣᠯᠣᠨ᠎ᠠ | |