9 ᠳ᠋ᠦ᠋ᠭᠡᠷ ᠰᠠᠷ᠎ᠠ ᠶᠢᠨ 8 ᠤ ᠡᠳᠤᠷ᠂ ᠬᠠᠳᠤᠨ ᠭᠤᠤᠯ ᠤᠨ ᠭᠤᠤᠯᠳᠠᠯᠭ᠎ᠠ ᠲᠠᠢ ᠠᠮᠢ ᠠᠬᠤᠢ ᠶᠢᠨ ᠤᠷᠤᠨ ︵ᠤᠷᠳᠤᠰ ᠤᠨ ᠬᠡᠰᠡᠭ︶ ᠤ ᠲᠡᠤᠬᠡᠨ ᠠᠴᠠ | ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠭᠦ ᠵᠢᠱᠢᠶ᠎ᠡ ᠦᠵᠡᠭᠦᠯᠭᠦ ᠢᠨᠵᠧᠨᠧᠷᠢᠩ ᠤᠨ ᠲᠦᠷᠦᠯ ᠵᠦᠢᠯ ᠤᠨ ᠠᠵᠢᠯ | ᠡᠭᠢᠯᠡᠭᠦ ᠶᠤᠰᠤᠯᠠᠯ ᠲᠠᠯᠠᠳ ᠬᠤᠰᠢᠭᠤᠨ ᠤ ᠱᠠᠭᠵᠠᠮᠤᠨᠢ ᠪᠠᠯᠭᠠᠰᠤᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠲᠢᠶᠠᠨ ᠶᠧ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃ | | ᠲᠣᠰ ᠲᠥᠷᠥᠯ ᠵᠦᠢᠯ ᠨᠢ 6 ᠬᠤᠰᠢᠭᠤ ᠲᠣᠭᠤᠷᠢᠭ ᠤᠨ 30 ᠰᠢᠶᠠᠩ ᠪᠠᠯᠭᠠᠰᠤ ᠶᠢ ᠬᠠᠮᠤᠷᠴᠤ᠂ ᠵᠠᠰᠠᠭᠰᠠᠨ ᠶᠡᠷᠦᠩᠬᠡᠶ ᠲᠠᠯᠠᠪᠠᠶ ᠨᠢ 32.15 ᠲᠡᠭᠰᠢ | ᠳᠥᠷᠪᠡᠯᠵᠢᠨ ᠺᠢᠯᠤᠮᠧᠲᠷ᠂ ᠲᠥᠯᠥᠪᠯᠡᠭᠰᠡᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 5.97 ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ ᠲᠥᠪ ᠤᠨ | ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠨᠢ 3 ᠳ᠋ᠦᠩᠰᠢᠭᠤᠷ ᠲᠥᠭᠦᠷᠢᠭ᠂ ᠣᠷᠳᠣᠰ ᠬᠤᠲᠠ ᠶᠢᠨ ᠡᠳ᠋ ᠤᠨ ᠵᠠᠰᠠᠭ ᠤᠨ ᠢᠵᠢ | ᠪᠦᠷᠢᠯᠳᠦᠭᠦᠯᠦᠭᠰᠡᠨ ᠪᠡᠯᠡ ᠮᠥᠩᠭᠦ ᠨᠢ 2.67 ᠳ᠋ᠦᠩᠰᠢᠭᠤᠷ ᠲᠥᠭᠦᠷᠢᠭ᠂ 0.3 ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠬᠥᠷᠥᠩᠭᠡ ᠶᠢ ᠣᠷᠣᠭᠤᠯᠤᠨ | ᠠᠪᠴᠢᠷᠠᠪᠠ᠃ ᠨᠡᠶᠢᠲᠡ 14 ᠵᠦᠢᠯ ᠤᠨ ᠰᠠᠯᠠᠭ᠎ᠠ ᠲᠥᠷᠥᠯ ᠵᠦᠢᠯ᠂ 18 ᠪᠠᠷᠢᠮᠵᠢᠶᠠᠲᠤ ᠬᠡᠰᠡᠭ ᠬᠤᠪᠢᠶᠠᠵᠤ᠂ 461 ᠲᠡᠤᠬᠡᠨ ᠠᠴᠠ ᠦᠯᠡᠳᠡᠭᠳᠡᠵᠦ | ᠢᠷᠡᠭᠰᠡᠨ ᠬᠠᠶᠠᠭᠳᠠᠮᠠᠯ ᠠᠭᠤᠷᠬᠠᠶ ᠶᠢᠨ ᠵᠢᠷᠤᠭ ᠲᠣᠯᠪᠤ ᠂ 22.43 ᠲᠡᠭᠰᠢ ᠳᠥᠷᠪᠡᠯᠵᠢᠨ ᠺᠢᠯᠤᠮᠧᠲᠷ ᠬᠤᠯᠪᠣᠭᠳᠠᠵᠠᠢ᠃ ᠲᠣᠰ ᠲᠥᠷᠥᠯ ᠵᠦᠢᠯ ᠢ | ᠬᠡᠷᠡᠭᠵᠢᠭᠦᠯᠪᠡᠯ ᠣᠷᠳᠣᠰ ᠬᠤᠲᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ 2025 ᠣᠨ ᠠᠴᠠ ᠡᠮᠦᠨ᠎ᠡ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢ ᠵᠠᠰᠠᠬᠤ ︽ | ᠴᠡᠪᠡᠷᠯᠡᠨ ᠠᠷᠢᠯᠭᠠᠬᠤ︾ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ ᠪᠣᠯᠤᠨ᠎ᠠ᠃ | ᠲᠢᠶᠠᠨ ᠶᠧ ᠠᠵᠢᠯ ᠡᠬᠢᠯᠡᠬᠦ ᠶᠣᠰᠣᠯᠠᠯ ᠳᠡᠭᠡᠷ᠎ᠡ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠯᠴᠠᠬᠤ᠂ ᠵᠡᠭᠦᠨ ᠪᠠᠷᠠᠭᠤᠨ ᠲᠠᠯ᠎ᠠ ᠪᠠᠷ ᠢᠶᠠᠨ ᠬᠤᠯᠪᠣᠭᠠᠯᠠᠨ | ᠬᠥᠳᠡᠯᠦᠯᠴᠡᠬᠦ᠂ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ᠂ ᠨᠢᠭᠡᠳᠦᠯᠲᠡᠢ ᠲᠥᠯᠥᠪᠵᠢᠭᠦᠯᠦᠨ ᠨᠠᠶᠢᠳᠠᠪᠤᠷᠢᠵᠢᠭᠤᠯᠬᠤ︾ ᠠᠵᠢᠯ ᠤᠨ ᠪᠠᠶᠢᠷᠢᠰᠢᠯ ᠢ | ᠪᠠᠶᠢᠭᠤᠯᠵᠤ᠂ ᠲᠦᠷᠦᠯ ᠵᠦᠢᠯ ᠤᠨ ᠬᠡᠷᠡᠭᠵᠢᠭᠦᠯᠦᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠲᠦᠷᠦᠯ ᠵᠦᠢᠯ ᠤᠨ ᠣᠨ ᠤ ᠠᠮᠵᠢᠯᠲᠠ ᠪᠦᠲᠦᠮᠵᠢ ᠶᠢᠨ | ᠬᠠᠷᠠᠯᠲᠠ ᠡᠭᠦᠷᠭᠡ ᠪᠣᠯᠤᠨ ᠶᠡᠷᠦᠩᠬᠡᠢ ᠠᠮᠵᠢᠯᠲᠠ ᠪᠦᠲᠦᠮᠵᠢ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ | ᠬᠡᠷᠡᠭᠲᠡᠢ᠃ ᠬᠡᠷᠡᠭᠵᠢᠭᠦᠯᠬᠦ ᠭᠤᠭᠴᠤᠭ᠎ᠠ ᠳᠤ᠂ ᠲᠥᠷᠥᠯ ᠵᠦᠢᠯ ᠢ ᠮᠡᠷᠭᠡᠵᠢᠯ ᠤᠨ ᠵᠢᠱᠢᠶ᠎ᠡ ᠦᠵᠡᠭᠦᠯᠬᠦ ᠢᠨᠵᠧᠨᠧᠷᠢᠩ ᠪᠣᠯᠭᠠᠵᠤ᠂ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢᠨ ᠪᠣᠭᠤᠮᠲᠠ ᠪᠣᠯᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ︔ ᠬᠠᠮᠢᠶᠠᠷᠤᠯᠲᠠ ᠶᠢᠨ ᠵᠢᠱᠢᠶ᠎ᠡ | ᠦᠵᠡᠭᠦᠯᠬᠦ ᠢᠨᠵᠧᠨᠧᠷᠢᠩ ᠪᠣᠯᠭᠠᠵᠤ᠂ ᠬᠠᠮᠢᠶᠠᠷᠤᠯᠲᠠ ᠶᠢᠨ ᠶᠠᠪᠤᠴᠠ ᠪᠣᠯᠤᠨ ᠮᠡᠷᠭᠡᠵᠢᠯ ᠤᠨ ᠱᠠᠭᠠᠷᠳᠠᠯᠭ᠎ᠠ ᠶᠢ ᠨᠠᠷᠢᠯᠢᠬᠵᠢᠭᠤᠯᠵᠤ᠂ ᠲᠥᠷᠥᠯ ᠵᠦᠢᠯ ᠢ ᠥᠨᠳᠥᠷ | ᠪᠦᠲᠦᠮᠵᠢᠲᠡᠢ ᠬᠡᠷᠡᠭᠵᠢᠭᠦᠯᠬᠦ ᠶᠢ ᠤᠷᠳᠤ ᠬᠤᠭᠤᠴᠠᠭ᠎ᠠ ᠪᠠᠷ ᠠᠬᠢᠭᠤᠯᠬᠤ ᠬᠡᠷᠡᠭᠲᠡᠢ︔ ᠠᠷᠠᠳ ᠤᠨ ᠰᠡᠳᠬᠢᠯ ᠤᠨ ᠵᠢᠱᠢᠶ᠎ᠡ ᠦᠵᠡᠭᠦᠯᠬᠦ ᠢᠨᠵᠧᠨᠧᠷᠢᠩ ᠪᠣᠯᠭᠠᠵᠤ᠂ | ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠢ ᠦᠨᠡᠨ ᠬᠦ ᠢᠯᠡᠷᠡᠭᠦᠯᠬᠦ ᠬᠡᠷᠡᠭᠲᠡᠢ︔ ᠠᠮᠤᠷ | ᠲᠦᠪᠰᠢᠨ ᠤ ᠵᠢᠱᠢᠶ᠎ᠡ ᠦᠵᠡᠭᠦᠯᠬᠦ ᠢᠨᠵᠧᠨᠧᠷᠢᠩ ᠪᠣᠯᠭᠠᠨ ᠪᠠᠶᠢᠭᠤᠯᠵᠤ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ ᠭᠡᠵᠦ | ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠤᠯᠪᠣᠭᠳᠠᠯ ᠪᠥᠬᠦᠶ ᠭᠠᠵᠠᠷ ᠠᠯᠪᠠᠨ ᠬᠡᠷ᠂ ᠥᠪᠡᠷᠲᠡᠭᠡᠨ ᠵᠠᠰᠠᠬᠤ | ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ᠂ ᠣᠷᠳᠣᠰ ᠬᠤᠲᠠ ᠶᠢᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ | ᠰᠠᠯᠠᠭ᠎ᠠ ᠮᠥᠴᠢᠷ᠂ ᠳᠠᠯᠠᠳ ᠬᠤᠰᠢᠭᠤ᠂ ᠳ᠋ᠦᠩᠱᠧᠩ ᠲᠣᠭᠤᠷᠢᠭ ᠵᠡᠷᠭᠡ 6 ᠬᠤᠯᠪᠣᠭᠳᠠᠯ ᠪᠥᠬᠦᠶ ᠬᠤᠰᠢᠭᠤ ᠲᠣᠭᠤᠷᠢᠭ ᠤᠨ ᠵᠠᠰᠠᠭ ᠤᠨ ᠣᠷᠳᠣᠨ ᠵᠢᠴᠢ | ᠰᠠᠯᠠᠭ᠎ᠠ ᠮᠥᠴᠢᠷ ᠤᠨ ᠲᠥᠯᠥᠭᠡᠯᠡᠭᠴᠢ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ | |