ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠄ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠪᠥᠭᠡᠮ ᠢᠶᠠᠷ ᠨᠡᠮᠡᠭᠳᠡᠭᠦᠯᠬᠦ ᠶᠢ ᠰᠤᠳᠤᠯᠤᠨ ᠠᠬᠢᠭᠤᠯᠤᠨ᠎ᠠ
ᠨᠡᠶᠢᠲᠡᠯᠡᠭᠰᠡᠨ ᠴᠠᠭ᠄
2024/1/18
  ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠣᠶᠢᠷ᠎ᠠ ᠳᠤ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ︽ᠠᠩᠬᠠᠨ ᠤ ᠰᠢᠯᠭᠠᠯᠲᠠ︾ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ︽ᠰᠢᠳᠦ ᠤᠷᠭᠤᠭᠤᠯᠬᠤ︾ ᠬᠠᠲᠠᠭᠤ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠶᠡᠭᠡ ᠪᠠᠷ ᠨᠡᠮᠡᠭᠳᠡᠭᠦᠯᠬᠦ ᠶᠢ ᠰᠤᠳᠤᠯᠤᠨ ᠠᠬᠢᠭᠤᠯᠬᠤ ᠬᠡᠷᠡᠭᠲᠡᠶ ᠭᠡᠵᠦ ᠢᠯᠡᠳᠬᠡᠪᠡ᠃  1 ᠳ᠋ᠦ᠋ᠭᠡᠷ ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ 2024 ᠣᠨ ᠤ ᠪᠥᠬᠦ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠵᠤ᠂ 2024 ᠣᠨ ᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠠ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠰᠢᠰᠲ᠋ᠧᠮ ᠲᠠᠢ ᠠᠬᠢᠭᠤᠯᠬᠤ᠂ ᠡᠭᠦᠷᠢᠳᠡ ᠦᠷᠭᠦᠯᠵᠢᠯᠡᠨ ᠠᠰᠢᠭᠯᠠᠬᠤ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠦᠨᠡᠨ ᠬᠦ ᠪᠠᠲᠤ ᠰᠠᠬᠢᠬᠤ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ︽ᠠᠩᠬ᠎ᠠ ᠰᠢᠯᠭᠠᠬᠤ︾ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ︽ᠰᠢᠳᠦ ᠤᠷᠭᠤᠭᠤᠯᠬᠤ︾ ᠬᠠᠲᠠᠭᠤ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠪᠥᠭᠡᠮ ᠢᠶᠠᠷ ᠨᠡᠮᠡᠭᠳᠡᠭᠦᠯᠬᠦ ᠶᠢ ᠰᠤᠳᠤᠯᠤᠨ ᠠᠬᠢᠭᠤᠯᠤᠨ᠎ᠠ᠃  ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠬᠤᠷᠢᠶᠠᠯᠲᠠ ᠨᠡᠮᠡᠭᠳᠡᠭᠦᠯᠬᠦ ᠳᠡᠭᠡᠷ᠎ᠡ ᠭᠠᠷᠤᠯᠲᠠ ᠨᠡᠮᠡᠭᠳᠡᠭᠦᠯᠬᠦ ᠡᠷᠴᠢᠮ ᠢᠶᠠᠨ ᠨᠡᠮᠡᠭᠳᠡᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠰᠢᠨ᠎ᠡ ᠨᠢᠭᠡᠨ ᠡᠭᠡᠯᠵᠢ ᠶᠢᠨ ᠠᠭᠤᠷᠬᠠᠶ ᠡᠷᠢᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠣᠬᠢᠷᠲᠤᠯ ᠦᠭᠡᠶ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠭᠠᠳᠠᠭᠠᠳᠤ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠬᠤᠷᠰᠢᠯᠴᠠᠭ᠎ᠠ ᠶᠢ ᠰᠢᠯᠢᠳᠡᠭᠵᠢᠭᠦᠯᠦᠨ᠎ᠡ ᠃  ᠳᠠᠯᠠᠢ ᠲᠠᠩᠭᠢᠰ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠳᠠᠯᠠᠢ ᠲᠠᠩᠭᠢᠰ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠳᠠᠯᠠᠢ ᠲᠠᠩᠭᠢᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠦᠢᠯ ᠤᠨ ᠶᠡᠭᠡ ᠰᠠᠭᠤᠷᠢ ᠲᠥᠬᠦᠭᠡᠷᠦᠮᠵᠢ ᠪᠠ ᠴᠢᠳᠠᠪᠤᠷᠢ ᠶᠢᠨ ᠪᠠᠶᠢᠭᠤᠯᠤᠯᠲᠠ ᠶᠢ ᠪᠣᠳᠠᠲᠠᠢ ᠶᠢ ᠡᠷᠬᠢᠮᠯᠡᠨ ᠠᠬᠢᠭᠤᠯᠵᠤ᠂ ᠭᠦᠨ ᠠᠯᠤᠰ ᠳᠠᠯᠠᠢ ᠶᠢᠨ ᠨᠡᠭᠡᠭᠡᠨ ᠬᠥᠭᠵᠢᠭᠦᠯᠦᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠳᠠᠯᠠᠢ ᠲᠠᠩᠭᠢᠰ ᠤᠨ ᠡᠷᠬᠡ ᠠᠰᠢᠭ ᠢ ᠬᠠᠮᠠᠭᠠᠯᠠᠨ᠎ᠠ᠃  ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠬᠦ ᠶᠢ ᠠᠬᠢᠭᠤᠯᠤᠨ᠎ᠠ᠃ ᠭᠤᠤᠯ ᠴᠣᠭᠴᠠ ᠶᠢᠨ ᠴᠢᠳᠠᠮᠵᠢᠲᠤ ᠣᠷᠣᠨ ᠤ ᠲᠦᠷᠢᠮ ᠪᠠ ︽ᠭᠤᠷᠪᠠᠨ ᠣᠷᠣᠨ ᠭᠤᠷᠪᠠᠨ ᠱᠤᠭᠤᠮ︾ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠲᠦᠷᠭᠡᠳᠬᠡᠨ᠂ ᠪᠥᠬᠦ ᠣᠷᠣᠨ ᠪᠦᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠤᠨ᠎ᠠ ᠃  ᠪᠠᠶᠢᠭᠠᠯᠢ ᠶᠢᠨ ᠡᠬᠢ ᠪᠠᠶᠠᠯᠢᠭ ᠤᠨ ᠡᠯᠧᠮᠧᠨ᠋ᠲ ᠤᠨ ᠬᠠᠩᠭᠠᠯᠭ᠎ᠠ ᠶᠢ ᠰᠢᠯᠢᠳᠡᠭᠵᠢᠭᠦᠯᠵᠦ᠂ ᠠᠵᠤ ᠠᠬᠤᠢ ᠶᠢᠨ ᠲᠠᠪᠰᠢᠯᠳᠠ ᠪᠠᠷ ᠲᠣᠭᠲᠠᠭᠤᠨ ᠢ ᠠᠬᠢᠭᠤᠯᠬᠤ ᠶᠢ ᠬᠦᠴᠦᠯᠡᠨ ᠲᠡᠮᠵᠢᠨ᠎ᠠ᠃ ᠵᠥᠷᠢᠶᠡᠴᠢᠯᠡᠭᠰᠡᠨ ᠡᠯᠧᠮᠧᠨ᠋ᠲ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠯᠧᠮᠧᠨ᠋ᠲ ᠢ ᠳᠣᠭᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠶᠡᠭᠡ ᠢᠨᠵᠧᠨᠧᠷᠢᠩ︾ ᠤᠨ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃  ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠠᠮᠢ ᠠᠬᠤᠶ ᠶᠢᠨ ᠰᠠᠭᠤᠷᠢ ᠶᠢ ᠪᠠᠬᠢᠵᠢᠭᠦᠯᠦᠨ᠎ᠡ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠬᠡᠷᠡᠭᠵᠢᠭᠦᠯᠵᠦ᠂ ᠪᠠᠶᠢᠭᠠᠯᠢ ᠶᠢᠨ ᠠᠮᠢ ᠠᠬᠤᠢ ᠶᠢᠨ ᠡᠬᠢ ᠪᠠᠶᠠᠯᠢᠭ ᠢ ᠬᠢᠨᠠᠨ ᠬᠡᠮᠵᠢᠵᠦ ᠦᠨᠡᠯᠡᠵᠦ ᠤᠷᠢᠳᠴᠢᠯᠠᠨ ᠰᠡᠷᠡᠮᠵᠢᠯᠡᠭᠦᠯᠬᠦ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠶᠢ   ᠴᠢᠩᠭᠠᠳᠬᠠᠵᠤ᠂ ᠪᠦᠬᠦ ᠪᠥᠮᠪᠥᠷᠴᠡᠭ ᠤᠨ ᠠᠮᠢ ᠠᠬᠤᠢ ᠶᠢᠨ ᠵᠠᠰᠠᠯᠲᠠ ᠳᠤ ᠭᠦᠨᠵᠡᠭᠡᠢ ᠣᠷᠣᠯᠴᠠᠨ᠎ᠠ᠃  ᠭᠠᠵᠠᠷ ᠵᠦᠶ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠠᠵᠢᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠪᠠ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠬᠡᠷᠡᠭᠳᠡᠢ᠃ ᠴᠠᠭ ᠪᠠ ᠣᠷᠣᠨ ᠵᠠᠶ ᠶᠢᠨ ᠮᠡᠳᠡᠭᠡ ᠵᠠᠩᠭᠢ ᠶᠢᠨ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠭᠠᠵᠠᠷ ᠵᠦᠶ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠲᠤᠭ᠎ᠠ ᠪᠠᠷᠢᠮᠲᠠ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠰᠠᠭᠤᠷᠢ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠦᠷᠢᠮ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢᠨ ᠳᠤᠲᠠᠭᠤᠳᠠᠯ ᠢ ᠨᠥᠬᠦᠪᠥᠷᠢᠯᠡᠵᠦ᠂ ᠭᠠᠵᠠᠷ ᠵᠦᠶ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃  ᠰᠠᠭᠤᠷᠢ ᠲᠤᠯᠭᠠᠭᠤᠷᠢᠯᠠᠯ ᠤᠨ ᠠᠵᠢᠯ ᠢ ᠪᠠᠬᠢᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠦᠲᠦᠯᠦᠨ ᠳᠠᠭᠠᠭᠤᠯᠬᠤ ᠪᠠ ᠲᠤᠯᠭᠠᠭᠤᠷᠢᠯᠠᠯ ᠢ ᠴᠢᠩᠭᠠᠳᠬᠠᠵᠤ᠂ ᠬᠠᠤᠯᠢ ᠪᠠᠷ ᠵᠠᠰᠠᠬᠤ ᠪᠠᠶᠢᠭᠠᠯᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠨᠢᠭᠡᠳᠦᠯᠲᠡᠢ ᠪᠠᠶᠢᠴᠠᠭᠠᠬᠤ ᠪᠠ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠰᠠᠶᠢᠲᠤᠷ ᠬᠢᠵᠦ᠂ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠶᠡᠭᠡ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ 
ᠢᠷᠡᠯᠲᠡ᠄ ᠳᠤᠮᠳᠠᠳᠤ ᠤᠯᠤᠰ ᠤᠨ ᠳᠠᠭᠤᠨ