ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠶᠢᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ | ᠬᠠᠮᠤᠭ ᠤᠨ ᠪᠦᠷᠢᠨ ᠠᠮᠢ ᠠᠬᠤᠶ ᠶᠢᠨ ᠴᠢᠳᠠᠮᠵᠢᠳᠤ ᠣᠷᠣᠨ ᠪᠣᠯᠤᠨ᠎ᠠ᠃ ᠤᠢᠢᠷ᠎ᠠ ᠶᠢᠨ ᠵᠢᠯ ᠠᠴᠠ᠂ ᠥᠪᠥᠷ ᠮᠣᠩᠭᠤᠯ ︽ | ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠬᠥᠭᠦᠷᠭᠡᠨ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ | ᠪᠤᠳᠤᠯᠭ᠎ᠠ ᠶᠢᠨ ᠲᠣᠭᠲᠠᠯ ᠬᠦᠴᠦᠨ ᠢᠶᠠᠨ ᠢᠮᠠᠭᠲᠠ ᠪᠠᠲᠤᠯᠠᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ | ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠰᠠᠶᠢᠲᠤᠷ | ᠭᠦᠢᠴᠡᠳᠬᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠲᠤ ᠴᠣᠭᠴᠠᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠡᠢ᠃ | 2023 ᠣᠨ ᠤ 10 ᠳ᠋ᠤᠭᠠᠷ ᠰᠠᠷ᠎ᠠ ᠳᠤ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ ᠨᠡᠶᠢᠲᠡᠯᠡᠪᠡ᠂ | ᠡᠭᠦᠨ ᠳᠤ ︽ᠠᠭᠤᠷᠬᠠᠶ ᠶᠢᠨ ᠣᠷᠣᠨ ᠢ ᠵᠠᠰᠠᠵᠤ ᠰᠡᠷᠭᠦᠭᠡᠬᠦ ᠶᠢ ᠴᠢᠩᠭᠠᠳᠬᠠᠨ᠎ᠠ︾ ᠭᠡᠵᠦ ᠳᠤᠷᠠᠳᠴᠤ᠂ ᠥᠪᠥᠷ | ᠮᠣᠩᠭᠤᠯ ᠤᠨ ᠬᠤᠶᠢᠰᠢᠳᠠ ᠶᠢᠨ ᠦᠢᠯᠡᠳᠪᠦᠷᠢᠯᠡᠯ ᠠᠭᠤᠷᠬᠠᠶ ᠶᠢᠨ ᠠᠮᠢ ᠠᠬᠤᠶ ᠶᠢ ᠵᠠᠰᠠᠵᠤ ᠰᠡᠷᠭᠦᠭᠡᠬᠦ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ᠂ ᠠᠭᠤᠷᠬᠠᠶ ᠶᠢᠨ ᠣᠷᠣᠨ ᠤ ᠭᠠᠵᠠᠷ ᠰᠢᠷᠣᠶ ᠶᠢ ᠬᠡᠪᠴᠢᠶᠡᠵᠢᠭᠦᠯᠦᠨ ᠶᠡᠷᠦᠩᠬᠡᠶᠢᠯᠡᠨ | ᠵᠠᠰᠠᠬᠤ᠂ ᠬᠥᠷᠰᠢ ᠵᠡᠷᠭᠡᠯᠡᠳᠡᠭᠡ ᠠᠭᠤᠷᠬᠠᠶ ᠶᠢᠨ ᠠᠵᠤ ᠠᠬᠤᠶᠢᠯᠠᠯ ᠤᠨ ᠲᠥᠪᠯᠡᠷᠡᠨ ᠵᠠᠯᠭᠠᠯᠳᠤᠵᠤ ᠶᠡᠷᠦᠩᠬᠡᠶᠢᠯᠡᠨ ᠵᠠᠰᠠᠬᠤ᠂ | ᠲᠡᠦᠬᠡ ᠶᠢᠨ ᠦᠯᠡᠳᠡᠭᠳᠡᠯ ᠠᠭᠤᠷᠬᠠᠶ ᠶᠢᠨ ᠠᠮᠢ ᠠᠬᠤᠶ ᠶᠢ ᠵᠠᠰᠠᠵᠤ ᠰᠡᠷᠭᠦᠭᠡᠬᠦ ᠵᠡᠷᠭᠡ ᠳᠤ ᠲᠥᠷᠥ ᠶᠢᠨ ᠪᠣᠳᠣᠯᠭ᠎ᠠ ᠶᠢᠨ | ᠪᠠᠲᠤᠯᠠᠭ᠎ᠠ ᠪᠠ ᠳᠡᠮᠵᠢᠯᠭᠡ ᠬᠠᠩᠭᠠᠪᠠ᠃ | ᠲᠠᠶᠢᠯᠤᠮᠵᠢ — | ᠠᠭᠤᠷᠬᠠᠢ ᠶᠢᠨ ᠣᠷᠣᠨ ᠢ ᠵᠠᠰᠠᠵᠤ ᠰᠡᠷᠭᠦᠭᠡᠬᠦ ᠶᠢ ᠴᠢᠩᠭᠠᠳᠬᠠᠬᠤ ᠳᠤ ᠬᠡᠷᠬᠢᠨ ᠠᠵᠢᠯᠯᠠᠬᠤ ᠪᠤᠢ︖ | ︽ᠥᠪᠥᠷ ᠮᠣᠩᠭᠤᠯ ᠳᠤ ᠠᠪᠴᠤ ᠬᠡᠯᠡᠪᠡᠯ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ | ᠠᠷᠭ᠎ᠠ ᠵᠠᠮ ᠢ ᠰᠦᠪᠡᠭᠴᠢᠯᠡᠬᠦ ᠪᠣᠯ ᠴᠢᠨᠠᠷ ᠰᠠᠶᠢᠲᠠᠢ ᠬᠥᠭᠵᠢᠯᠲᠡ ᠶᠢᠨ ᠴᠠᠭ ᠦᠶ᠎ᠡ ᠶᠢᠨ ᠠᠰᠠᠭᠤᠯᠲᠠ ᠶᠢᠨ ᠬᠠᠭᠤᠳᠠᠰᠤ ᠶᠢ | ᠰᠠᠶᠢᠲᠤᠷ ᠬᠠᠷᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠃ ᠭᠠᠵᠠᠷ ᠣᠷᠣᠨ ᠤ ᠡᠬᠢ ᠪᠠᠶᠠᠯᠢᠭ ᠤᠨ | ᠣᠨᠴᠠᠯᠢᠭ᠂ ᠳᠠᠪᠠᠭᠤᠯᠢᠭ ᠪᠣᠯᠤᠨ ᠣᠨᠴᠠᠯᠢᠭ ᠲᠤ ᠰᠠᠭᠤᠷᠢᠯᠠᠵᠤ᠂ ᠴᠥᠬᠦᠷᠡᠰᠢ ᠦᠭᠡᠢ ᠪᠠᠷ ᠰᠠᠭᠤᠷᠢ ᠲᠠᠯᠪᠢᠵᠤ᠂ ᠠᠯᠤᠰ | ᠬᠡᠳᠤ ᠶᠢ ᠰᠦᠪᠡᠭᠴᠢᠯᠡᠵᠦ᠂ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ ᠡᠬᠢ ᠪᠠᠶᠠᠯᠢᠭ ᠤᠨ ᠬᠡᠯᠪᠡᠷᠢ ᠶᠢᠨ | ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ | ᠠᠭᠤᠷᠬᠠᠢ ᠶᠢᠨ ᠣᠷᠣᠨ ᠢ ᠵᠠᠰᠠᠵᠤ ᠰᠡᠷᠭᠦᠭᠡᠬᠦ ᠪᠣᠯ ᠲᠡᠭᠦᠨ ᠤ ᠳᠣᠲᠣᠷᠠᠬᠢ ᠴᠢᠬᠤᠯᠠ ᠭᠤᠭᠴᠤᠭ᠎ᠠ ᠪᠣᠯᠤᠨ᠎ᠠ︾ ᠭᠡᠵᠦ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠠᠮᠢ ᠠᠬᠤᠢ ᠶᠢ ᠰᠡᠷᠭᠦᠭᠡᠬᠦ ᠭᠠᠵᠠᠷ ᠤᠨ | ᠳᠠᠷᠤᠭ᠎ᠠ ᠸᠠᠩ ᠯᠢ ᠵᠢᠶᠦ᠋ᠨ ᠬᠡᠯᠡᠪᠡ᠃ | ᠠᠭᠤᠷᠬᠠᠢ ᠶᠢᠨ ᠣᠷᠣᠨ ᠢ ᠵᠠᠰᠠᠵᠤ ᠰᠡᠷᠭᠦᠭᠡᠬᠦ ᠶᠢ ᠴᠢᠩᠭᠠᠳᠬᠠᠵᠤ᠂ ᠤᠷᠢᠳᠠᠪᠠᠷ ᠲᠥᠯᠥᠪᠵᠢᠭᠦᠯᠦᠨ᠎ᠡ᠃ ᠥᠪᠥᠷ | ᠮᠣᠩᠭᠤᠯ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠠᠮᠢ | ᠠᠬᠤᠶ ᠶᠢ ᠵᠠᠰᠠᠨ ᠰᠡᠷᠭᠦᠭᠡᠬᠦ ᠰᠢᠨ᠎ᠡ ᠪᠠᠶᠢᠷᠢᠰᠢᠯ ᠢ ᠪᠠᠶᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠲᠥᠯᠥᠪᠵᠢᠭᠦᠯᠭᠡ ︵ | 2021 — 2035 ᠣᠨ︶︾ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠶᠢ ᠲᠦᠷᠭᠡᠳᠬᠡᠵᠦ᠂ ︽ᠨᠡᠶᠢᠭᠡᠮ ᠤᠨ | ᠬᠥᠷᠥᠩᠭᠡ ᠶᠢ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠣᠯᠴᠠᠭᠤᠯᠬᠤ ᠶᠢ ᠤᠯᠠᠮ ᠨᠢᠭᠡ ᠠᠯᠬᠤᠮ ᠰᠠᠶᠢᠲᠤᠷ | ᠬᠢᠬᠦ ᠲᠤᠬᠠᠶ ᠬᠡᠷᠡᠭᠵᠢᠭᠦᠯᠬᠦ ᠰᠠᠨᠠᠯ︾ ᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ︵2023—2025 ᠣᠨ︶︾ ᠳᠤ ᠠᠩᠬᠠᠷᠤᠯ ᠢᠶᠠᠨ ᠲᠥᠪᠯᠡᠷᠡᠭᠦᠯᠦᠨ | ᠬᠦᠴᠦ ᠪᠠᠨ ᠲᠥᠪᠯᠡᠷᠡᠭᠦᠯᠵᠦ᠂ ᠣᠷᠳᠣ ᠬᠤᠭᠤᠴᠠᠭᠠᠨ ᠤ ᠶᠡᠷᠦᠩᠬᠡᠶ ᠲᠥᠯᠥᠪᠵᠢᠭᠦᠯᠭᠡ ᠶᠢᠨ ᠶᠡᠷᠦᠩᠬᠡᠶ ᠬᠥᠲᠥᠯᠪᠦᠷᠢ ᠠᠴᠠ | ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠲᠤᠰᠬᠠᠶ ᠵᠦᠢᠯ ᠬᠦᠷᠲᠡᠯ᠎ᠡ᠂ ᠠᠮᠢ ᠠᠬᠤᠶ ᠶᠢ ᠵᠠᠰᠠᠨ ᠰᠡᠷᠭᠦᠭᠡᠬᠦ | ᠡᠭᠦᠷᠭᠡ ᠶᠢᠨ ᠪᠠᠶᠢᠷᠢᠰᠢᠭᠤᠯᠤᠯᠲᠠ ᠠᠴᠠ ᠣᠷᠣᠭᠤᠯᠤᠯᠲᠠ ᠶᠢᠨ ᠲᠣᠭᠲᠠᠴᠠ ᠶᠢᠨ ᠵᠠᠭᠪᠤᠷ ᠢ ᠰᠢᠯᠢᠳᠡᠭᠵᠢᠭᠦᠯᠬᠦ ᠬᠦᠷᠲᠡᠯ᠎ᠡ᠂ | ᠲᠥᠯᠥᠪᠵᠢᠭᠦᠯᠭᠡ ᠶᠢᠨ ᠲᠦᠷᠢᠮ ᠢᠶᠠᠷ ᠪᠣᠶ ᠪᠥᠬᠦᠶ ᠤᠯᠤᠰ ᠤᠨ ᠭᠠᠵᠠᠷ ᠰᠢᠷᠣᠶ ᠶᠢᠨ ᠣᠷᠣᠨ ᠵᠠᠢ ᠶᠢᠨ ᠠᠮᠢ ᠠᠬᠤᠢ ᠶᠢ | ᠰᠡᠷᠭᠦᠭᠡᠬᠦ ᠠᠵᠢᠯ ᠢ ᠶᠡᠷᠦᠩᠬᠡᠶᠢᠯᠡᠨ ᠵᠢᠯᠤᠭᠤᠳᠪᠠ᠃ | ︽ᠠᠭᠤᠷᠬᠠᠶ ᠶᠢᠨ ᠦᠢᠯᠡᠳᠪᠦᠷᠢᠯᠡᠭᠴᠢ ᠶᠢ ᠰᠢᠮᠳᠠᠭᠤᠯᠤᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ | ᠬᠠᠮᠠᠭᠠᠯᠠᠬᠤ ᠬᠢᠭᠡᠳ ᠰᠡᠷᠭᠦᠭᠡᠨ ᠵᠠᠰᠠᠬᠤ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠶᠢ ᠪᠥᠬᠦ ᠲᠠᠯ᠎ᠠ ᠪᠠᠷ | ᠭᠦᠢᠴᠡᠳᠭᠡᠯᠭᠡᠵᠤ᠂ ᠡᠬᠢ ᠪᠠᠶᠠᠯᠢᠭ ᠤᠨ ᠬᠡᠯᠪᠡᠷᠢ ᠶᠢᠨ ᠠᠵᠤ ᠠᠬᠤᠶᠢᠯᠠᠯ ᠤᠨ ᠠᠮᠢ ᠠᠬᠤᠶ ᠣᠷᠴᠢᠨ ᠲᠣᠭᠤᠷᠢᠨ ᠢ | ᠰᠡᠷᠭᠦᠭᠡᠨ ᠵᠠᠰᠠᠬᠤ ᠬᠠᠷᠢᠭᠤᠴᠠᠯᠭ᠎ᠠ ᠪᠠ ᠨᠡᠶᠢᠭᠡᠮ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠭᠤᠷᠪᠠᠳᠠᠬᠢ ᠡᠲᠡᠭᠡᠳ ᠠᠴᠠ | ᠵᠠᠰᠠᠬᠤ ᠵᠠᠭᠪᠤᠷ ᠢ ᠰᠦᠪᠡᠭᠴᠢᠯᠡᠨ ᠳᠡᠮᠵᠢᠬᠦ ᠬᠡᠷᠡᠭᠲᠡᠶ︔ ᠨᠥᠬᠦᠴᠡᠯ ᠪᠦᠷᠢᠯᠳᠦᠭᠦᠯᠦᠭᠰᠡᠨ ᠠᠭᠤᠷᠬᠠᠶ ᠶᠢᠨ ᠣᠷᠣᠨ ᠤ ᠭᠠᠵᠠᠷ | ᠰᠢᠷᠣᠶ ᠶᠢ ᠬᠡᠪᠴᠢᠶᠡᠵᠢᠭᠦᠯᠦᠨ ᠶᠡᠷᠦᠩᠬᠡᠶᠢᠯᠡᠨ ᠵᠠᠰᠠᠬᠤ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠬᠥᠷᠰᠢ ᠵᠡᠷᠭᠡᠯᠡᠳᠡᠭᠡ | ᠠᠭᠤᠷᠬᠠᠶ ᠶᠢᠨ ᠠᠵᠤ ᠠᠬᠤᠶᠢᠯᠠᠯ ᠤᠳ ᠲᠥᠪᠯᠡᠷᠡᠨ ᠵᠠᠯᠭᠠᠯᠳᠤᠵᠤ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠦᠨ᠎ᠡ︔ | ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠳᠤ ᠡᠳ᠋ ᠤᠨ ᠵᠠᠰᠠᠭ ᠤᠨ | ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢᠨ ᠬᠠᠮᠲᠤ ᠵᠦᠢ | ᠵᠣᠬᠢᠰᠲᠠᠶ ᠬᠠᠷᠢᠭᠤ ᠣᠯᠬᠤ ᠶᠢ ᠵᠣᠷᠢᠭᠵᠢᠭᠤᠯᠤᠨ ᠳᠡᠮᠵᠢᠵᠦ᠂ ᠠᠭᠤᠷᠬᠠᠶ ᠶᠢᠨ ᠣᠷᠣᠨ ᠢ ᠵᠠᠰᠠᠵᠤ ᠰᠡᠷᠭᠦᠭᠡᠬᠦ ᠬᠦᠴᠦᠷᠬᠡᠭ | ᠶᠡᠭᠡ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠰᠡᠳᠬᠦᠯ ᠤᠨ ᠬᠤᠷᠢᠶᠠᠨ ᠤ ᠳᠡᠳ᠋ ᠰᠤᠳᠤᠯᠤᠭᠴᠢ ᠮᠠᠤ ᠸᠧᠢ ᠬᠤᠸᠠ ᠬᠡᠯᠡᠪᠡ᠃ | ᠬᠥᠳᠡᠯᠬᠦ — | ᠰᠡᠷᠭᠦᠭᠡᠨ ᠵᠠᠰᠠᠬᠤ ᠠᠬᠢᠴᠠ ᠶᠢ ᠲᠦᠷᠭᠡᠳᠬᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠴᠢᠩᠭᠠᠳᠬᠠᠨ᠎ᠠ | ᠣᠳᠣᠬᠠᠨ ᠳᠤ᠂ ᠥᠪᠥᠷ ᠮᠣᠩᠭᠤᠯ ᠤᠨ ᠰᠢᠯᠢ ᠶᠢᠨ ᠭᠤᠣᠯ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ | ᠬᠢᠵᠠᠭᠠᠷᠲᠤ ᠺᠣᠮᠫᠠᠨᠢ ᠶᠢᠨ ᠬᠡᠰᠡᠭ ᠠᠭᠤᠯᠠ ᠶᠢᠨ ᠡᠮᠦᠨᠡᠬᠢ ᠵᠠᠳᠠᠭᠠᠢ ᠨᠡᠭᠦᠷᠡᠰᠦᠨ ᠠᠭᠤᠷᠬᠠᠢ ᠶᠢᠨ ᠡᠮᠦᠨ᠎ᠡ ᠲᠠᠯ᠎ᠠ ᠶᠢᠨ | ᠰᠢᠷᠣᠢ ᠶᠢᠨ ᠲᠠᠯᠠᠪᠠᠢ ᠮᠥᠩᠭᠦᠨ ᠴᠠᠭᠠᠨ ᠢᠶᠠᠷ ᠬᠤᠴᠢᠭᠳᠠᠵᠤ᠂ ᠨᠡᠯᠦᠭᠡᠷ ᠴᠠᠭᠠᠨ ᠬᠠᠷᠠᠭᠳᠠᠨ᠎ᠠ᠃ ︽ᠡᠨᠡ ᠵᠢᠯ ᠪᠢᠳᠡ | ᠭᠤᠤᠯᠳᠠᠭᠤ ᠡᠮᠦᠨ᠎ᠡ ᠲᠠᠯ᠎ᠠ ᠶᠢᠨ ᠰᠢᠷᠣᠶ ᠭᠠᠳᠠᠭᠰᠢᠯᠠᠭᠤᠯᠬᠤ ᠲᠠᠯᠠᠪᠠᠶ ᠳᠤ ᠰᠢᠷᠣᠶ ᠳᠠᠷᠤᠨ ᠬᠡᠯᠪᠡᠷᠢᠵᠢᠭᠦᠯᠦᠯᠵᠦ᠂ ᠭᠤᠤᠷᠰᠤ | ᠳᠠᠷᠤᠰᠢᠭᠤᠯᠬᠤ ᠮᠠᠶ᠋ᠢᠭ ᠤᠨ ᠵᠠᠰᠠᠯᠲᠠ ᠶᠢ ᠥᠷᠨᠢᠭᠦᠯᠵᠦ᠂ ᠵᠠᠳᠠᠭᠠᠶ ᠠᠭᠤᠷᠬᠠᠶ ᠮᠠᠯᠲᠠᠬᠤ ᠪᠠ ᠠᠮᠢ ᠠᠬᠤᠶ ᠶᠢᠨ | ᠬᠠᠮᠠᠭᠠᠯᠠᠯᠲᠠ ᠶᠢ ᠨᠢᠭᠡ ᠴᠣᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢ ᠵᠡᠷᠭᠡ ᠪᠠᠷ ᠶᠠᠪᠤᠭᠳᠠᠭᠤᠯᠪᠠ᠃ ᠺᠣᠮᠫᠠᠨᠢ ᠶᠢᠨ | ᠣᠷᠴᠢᠨ ᠠᠬᠤᠶ ᠶᠢᠨ ᠬᠠᠮᠠᠭᠠᠯᠠᠯᠲᠠ ᠶᠢᠨ ᠰᠠᠯᠠᠭᠠᠨ ᠤ ᠳᠠᠷᠤᠭ᠎ᠠ ᠸᠠᠩ ᠴᠢᠤᠸᠠᠨ ᠲᠠᠨᠢᠯᠴᠠᠭᠤᠯᠬᠤ ᠳᠠᠭᠠᠨ᠂ ᠣᠳᠣᠬᠠᠨ ᠳᠤ | ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 85 % ᠠᠴᠠ ᠳᠡᠭᠡᠭᠰᠢ ᠪᠣᠯᠵᠣ᠂ | ᠵᠠᠬ᠎ᠠ ᠬᠥᠲᠥᠯ ᠲᠣᠭᠲᠠᠭᠤᠨ ᠪᠠᠶᠢᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠰᠢᠯᠢ ᠶᠢᠨ ᠭᠤᠤᠯ ᠺᠣᠮᠫᠠᠨᠢ ᠶᠢᠨ ᠠᠭᠤᠷᠬᠠᠶ ᠶᠢᠨ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠢ ᠵᠠᠰᠠᠬᠤ ᠳᠤ ᠬᠡᠷᠡᠭᠯᠡᠭᠰᠡᠨ ᠪᠠᠯᠠ ᠮᠥᠩᠭᠦ 3.4 ᠳ᠋ᠦᠩᠰᠢᠭᠤᠷ ᠲᠥᠭᠦᠷᠢᠭ ᠲᠤ ᠬᠦᠷᠴᠦ᠂ 2639. | 11 ᠾᠧᠺᠲ᠋ᠠᠷ ᠲᠠᠯᠠᠪᠠᠶ ᠶᠢ ᠵᠠᠰᠠᠵᠤ᠂ ᠠᠮᠢ ᠠᠬᠤᠶ ᠣᠷᠴᠢᠨ ᠲᠣᠭᠤᠷᠢᠨ ᠦᠷᠭᠦᠯᠵᠢᠯᠡᠨ ᠰᠡᠷᠭᠦᠵᠦ᠂ ᠪᠣᠷᠣ ᠭᠥᠷᠥᠭᠡᠰᠦ᠂ | ᠦᠨᠡᠭᠡ ᠵᠡᠷᠭᠡ ᠬᠡᠭᠡᠷ᠎ᠡ ᠶᠢᠨ ᠠᠮᠢᠲᠠᠨ ᠤ ᠪᠠᠷ᠎ᠠ ᠰᠡᠭᠦᠳᠡᠷ ᠪᠠᠶᠢᠨ ᠳᠠᠬᠢᠨ ᠢᠯᠡᠷᠡᠵᠦ ᠪᠠᠶᠢᠨ᠎ᠠ᠃ | ᠲᠦᠩᠯᠢᠶᠣᠤ ᠬᠤᠲᠠ ᠳᠤ ᠪᠠᠶᠢᠷᠢᠯᠠᠵᠤ ᠪᠠᠶᠢᠭ᠎ᠠ ᠤᠯᠤᠰ ᠤᠨ ᠴᠠᠬᠢᠯᠭᠠᠨ ᠤ ᠪᠠᠯᠠ ᠣᠷᠣᠭᠤᠯᠤᠯᠲᠠ ᠶᠢᠨ ᠥᠪᠥᠷ | ᠮᠣᠩᠭᠤᠯ ᠤᠨ ᠬᠤᠣᠯᠢᠨ ᠭᠤᠤᠯ ᠤᠨ ᠵᠠᠳᠠᠭᠠᠶ ᠨᠡᠭᠦᠷᠡᠰᠦᠨ ᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠨᠢ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠠᠭᠤᠷᠬᠠᠶ ᠶᠢᠨ | ᠠᠮᠢ ᠠᠬᠤᠶ ᠶᠢ ᠵᠠᠰᠠᠨ ᠰᠡᠷᠭᠦᠭᠡᠬᠦ ᠮᠡᠷᠭᠡᠵᠢᠯ ᠢ ᠰᠢᠯᠢᠳᠡᠭᠵᠢᠭᠦᠯᠬᠦ᠂ ᠪᠣᠬᠢᠷᠲᠤᠯ ᠥᠬᠡᠶ ᠬᠥᠭᠵᠢᠭᠦᠯᠬᠦ ᠠᠯᠤᠰ ᠬᠡᠲᠦ ᠶᠢᠨ | ᠲᠥᠯᠥᠪᠵᠢᠭᠦᠯᠭᠡ ᠵᠡᠷᠭᠡ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠦᠨ ᠰᠢᠪᠲᠤᠯᠤᠯᠲᠠ ᠬᠢᠵᠦ᠂ ᠬᠠᠷᠢᠶ᠎ᠠ ᠵᠠᠳᠠᠭᠠᠶ | ᠨᠡᠭᠦᠷᠡᠰᠦᠨ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠶᠢ ᠨᠡᠶᠢᠲᠡ 7.5 ᠲᠦᠮᠡᠨ ᠮᠥ ᠪᠡᠶᠡᠯᠡᠭᠦᠯᠵᠦ᠂ 16.9 | ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠪᠠ᠃ | ︽ᠪᠢᠳᠡ ︿ᠨᠢᠭᠡ ᠵᠢᠯ ᠳᠤ ᠶᠡᠭᠡ ᠪᠠᠷ ᠬᠤᠪᠢᠷᠠᠯᠲᠠ ᠭᠠᠷᠭᠠᠵᠤ᠂ ᠭᠤᠷᠪᠠᠨ ᠵᠢᠯ ᠳᠤ ᠲᠦᠢᠯᠪᠤᠷᠢᠲᠠᠶ ᠴᠡᠭᠴᠡᠯᠡᠨ | ᠰᠠᠶᠢᠵᠢᠷᠠᠭᠤᠯᠬᠤ﹀ ᠠᠵᠢᠯ ᠤᠨ ᠬᠠᠷᠠᠯᠲᠠ ᠪᠠᠨ ᠤᠷᠢᠳᠴᠢᠯᠠᠨ ᠪᠡᠶᠡᠯᠡᠭᠦᠯᠪᠡ᠂ ᠡᠨᠡ ᠵᠢᠯ ᠵᠠᠰᠠᠨ ᠰᠡᠷᠭᠦᠭᠡᠬᠦ ᠠᠵᠢᠯ ᠤᠨ | ᠡᠷᠴᠢᠮ ᠢ ᠰᠤᠯᠠᠷᠠᠭᠤᠯᠬᠤ ᠥᠬᠡᠶ᠂ ᠪᠠᠷᠢᠮᠵᠢᠶ᠎ᠠ ᠶᠢ ᠪᠠᠭᠤᠷᠠᠭᠤᠯᠬᠤ ᠥᠬᠡᠶ ᠪᠠᠶᠢᠵᠤ᠂ ᠰᠢᠨ᠎ᠡ ᠪᠠᠷ ᠨᠡᠮᠡᠭᠳᠡᠬᠦ ᠠᠭᠤᠷᠬᠠᠶ ᠶᠢᠨ | ᠠᠮᠢ ᠠᠬᠤᠶ ᠶᠢᠨ ᠵᠠᠰᠠᠨ ᠰᠡᠷᠭᠦᠭᠡᠬᠦ ᠲᠠᠯᠠᠪᠠᠶ ᠶᠢ 1 ᠲᠦᠮᠡᠨ ᠮᠥ ᠰᠢᠬᠠᠮ ᠪᠡᠶᠡᠯᠡᠭᠦᠯᠬᠦ ᠪᠣᠯᠤᠨ᠎ᠠ︾ ᠺᠣᠮᠫᠠᠨᠢ ᠶᠢᠨ | ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠡᠯᠡᠵᠡᠢ᠃ ᠡᠳᠦᠭᠡ᠂ ᠤᠯᠤᠰ ᠤᠨ ᠴᠠᠬᠢᠯᠭᠠᠨ ᠬᠦᠴᠦᠨ ᠤ ᠪᠠᠯᠠ | ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠳᠤ ᠬᠠᠷᠢᠶᠠᠯᠠᠭᠳᠠᠬᠤ 5 ᠠᠭᠤᠷᠬᠠᠶ ᠴᠥᠮ ᠨᠡᠭᠦᠷᠡᠰᠦᠨ ᠲᠡᠯᠡᠶ ᠠᠴᠠ | ᠴᠡᠴᠡᠭ ᠤᠨ ᠲᠡᠯᠡᠶ ᠬᠦᠷᠲᠡᠯᠡᠬᠢ ᠡᠷᠪᠡᠬᠡᠶ ᠶᠢᠨ ᠬᠤᠪᠢᠷᠠᠯᠲᠠ ᠶᠢ ᠪᠡᠶᠡᠯᠡᠭᠦᠯᠪᠡ᠃ | ᠡᠳᠡᠭᠡᠷ ᠪᠣᠯ ᠴᠥᠮ ᠥᠪᠥᠷ ᠮᠣᠩᠭᠤᠯ ᠤᠨ ᠠᠭᠤᠷᠬᠠᠢ ᠶᠢᠨ ᠣᠷᠣᠨ ᠳᠤ ᠠᠮᠢ ᠠᠬᠤᠢ ᠶᠢ ︽ᠰᠡᠷᠭᠦᠭᠡᠬᠦ ᠮᠡᠷᠭᠡᠵᠢᠯ︾ | ᠢ ᠬᠡᠷᠡᠭᠵᠢᠭᠦᠯᠵᠦ᠂ ᠡᠬᠡ ᠭᠠᠵᠠᠷ ᠢ ᠲᠠᠬᠢᠨ ︽ᠨᠣᠭᠤᠭᠠᠷᠠᠭᠤᠯᠬᠤ︾ ᠠᠮᠢᠳᠤᠯᠢᠭ ᠦᠢᠯᠡᠳᠦᠯᠭᠡ ᠪᠣᠯᠤᠨ᠎ᠠ᠃ | ᠡᠨᠡ ᠵᠢᠯ ᠠᠴᠠ ᠨᠠᠭᠠᠰᠢ᠂ ᠥᠪᠥᠷ ᠮᠣᠩᠭᠤᠯ ᠭᠤᠤᠯᠳᠠᠯᠭ᠎ᠠ ᠲᠠᠢ ᠪᠣᠭᠤᠮᠲᠠ ᠰᠢᠪᠲᠤᠯᠬᠤ ᠶᠢ ᠪᠠᠷᠢᠮᠲᠠᠯᠠᠵᠤ᠂ | ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠭᠠᠵᠠᠷ ᠰᠢᠷᠣᠶ ᠶᠢᠨ | ᠡᠬᠢ ᠪᠠᠶᠠᠯᠢᠭ ᠢ ᠪᠦᠲᠦᠮᠵᠢᠲᠡᠶ ᠨᠡᠮᠡᠭᠳᠡᠭᠦᠯᠵᠦ᠂ ᠤᠷᠭᠤᠮᠠᠯ ᠤᠨ ᠪᠦᠷᠬᠦᠴᠡ ᠶᠢ ᠰᠡᠷᠭᠦᠭᠡᠨ᠂ ᠭᠠᠵᠠᠷ ᠤᠨ ᠭᠠᠮᠰᠢᠭ ᠤᠨ ᠬᠡᠮ | ᠰᠣᠭᠤᠭ ᠢ ᠠᠷᠢᠯᠭᠠᠵᠤ᠂ ᠣᠷᠣᠨ ᠪᠦᠰᠡ ᠶᠢᠨ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠣᠯᠤᠨ ᠲᠣᠭᠲᠠᠪᠤᠷᠢᠲᠤ | ᠴᠢᠨᠠᠷ ᠢ ᠨᠡᠮᠡᠭᠳᠡᠭᠦᠯᠪᠡ᠃ | ᠥᠪᠥᠷ ᠮᠣᠩᠭᠤᠯ ᠨᠢᠭᠡ ᠲᠠᠯ᠎ᠠ ᠪᠠᠷ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ | ᠠᠳᠬᠤᠵᠤ᠂ 2023 ᠣᠨ ᠤ ᠲᠦᠷᠦᠭᠦᠦ ᠭᠤᠷᠪᠠᠨ ᠤᠯᠠᠷᠢᠯ ᠳᠤ᠂ ᠵᠠᠰᠠᠭᠰᠠᠨ ᠲᠠᠯᠠᠪᠠᠶ ᠨᠢ ᠨᠡᠶᠢᠲᠡ 153 ᠲᠡᠭᠰᠢ | ᠳᠥᠷᠪᠡᠯᠵᠢᠨ ᠺᠢᠯᠣᠮᠧᠲᠷ ᠲᠤ ᠬᠦᠷᠴᠦ᠂ ᠵᠠᠷᠤᠯᠭ᠎ᠠ ᠶᠢᠨ ᠰᠠᠭᠤᠷᠢ ᠮᠥᠩᠭᠦ ᠶᠢᠨ ᠵᠣᠭᠤᠰ ᠤᠨ ᠲᠤᠭ᠎ᠠ ᠨᠢ 45 ᠳ᠋ᠦᠩᠰᠢᠭᠤᠷ | ᠲᠥᠭᠦᠷᠢᠭ ᠲᠤ ᠬᠦᠷᠴᠦ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠭᠠᠵᠠᠷ | ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠤᠨ ᠳ᠋ᠠᠶᠢᠲ᠋ᠠ ᠬᠥᠮᠥᠷᠭᠡ ᠶᠢ ᠠᠩᠬ᠎ᠠ ᠠᠯᠬᠤᠮ ᠪᠠᠶᠢᠭᠤᠯᠪᠠ᠃ ᠨᠢᠭᠡ | ᠲᠠᠯ᠎ᠠ ᠪᠠᠷ ᠲᠡᠦᠬᠡ ᠶᠢᠨ ᠦᠯᠡᠳᠡᠭᠳᠡᠯ ᠠᠭᠤᠷᠬᠠᠶ ᠶᠢᠨ ᠵᠠᠰᠠᠯᠲᠠ ᠶᠢ ᠠᠳᠬᠤᠵᠤ᠂ 2023 ᠣᠨ ᠠᠴᠠ ᠨᠠᠭᠠᠰᠢ᠂ | ᠲᠡᠦᠬᠡ ᠶᠢᠨ ᠦᠯᠡᠳᠡᠭᠳᠡᠯ ᠠᠭᠤᠷᠬᠠᠶ ᠶᠢᠨ ᠵᠠᠰᠠᠯᠲᠠ ᠶᠢ 46.13 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠵᠦ᠂ ᠣᠨ ᠤ | ᠵᠠᠰᠠᠯᠲᠠ ᠶᠢᠨ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ | ᠪᠠᠶᠠᠨᠨᠠᠭᠤᠷ ᠬᠤᠲᠠ ᠠᠭᠤᠷᠬᠠᠶ ᠶᠢᠨ ᠠᠮᠢ ᠠᠬᠤᠶ ᠶᠢ ᠵᠠᠰᠠᠵᠤ ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠬᠦ ᠪᠠᠷ | ᠳᠠᠮᠵᠢᠭᠤᠯᠤᠨ᠂ ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠵᠢᠴᠢ ᠡᠷᠬᠢᠨ ᠲᠣᠭᠤᠷᠢᠨ ᠤ ᠭᠠᠵᠠᠷ ᠣᠷᠣᠨ᠂ | ᠬᠠᠲᠤᠨ ᠭᠤᠤᠯ ᠤᠨ ᠰᠠᠪᠠ ᠭᠠᠵᠠᠷ ᠤᠨ ᠪᠣᠷᠣᠲᠣᠬᠤᠶ ᠶᠢᠨ ᠲᠠᠯ᠎ᠠ ᠭᠠᠵᠠᠷ ᠤᠨ ᠣᠷᠣᠨ ᠪᠦᠰᠡ ᠶᠢᠨ ᠲᠡᠦᠬᠡᠨ ᠠᠴᠠ | ᠦᠯᠡᠳᠡᠭᠳᠡᠵᠦ ᠢᠷᠡᠭᠰᠡᠨ ᠡᠵᠡᠭᠦᠶ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠠᠰᠠᠭᠤᠳᠠᠯ ᠢ ᠦᠨᠳᠦᠰᠦᠨ ᠳᠡᠭᠡᠨ | ᠪᠦᠲᠦᠮᠵᠢᠲᠡᠶ ᠵᠠᠰᠠᠵᠤ ᠰᠡᠷᠭᠦᠭᠡᠭᠰᠡᠨ ᠪᠠᠶᠢᠨ᠎ᠠ᠃ ᠬᠥᠬᠡᠬᠤᠲᠠ ᠤᠯᠤᠰ ᠤᠨ ᠲᠡᠦᠬᠡᠨ ᠠᠴᠠ ᠦᠯᠡᠳᠡᠭᠳᠡᠵᠦ ᠢᠷᠡᠭᠰᠡᠨ | ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠤᠨ ᠲᠤᠷᠰᠢᠯᠲᠠ ᠶᠢᠨ ᠬᠤᠲᠠ ᠪᠣᠯᠵᠣ᠂ ᠡᠨᠡ | ᠵᠢᠯ ᠲᠣᠰ ᠬᠤᠲᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠵᠠᠰᠠᠨ | ᠰᠡᠷᠭᠦᠭᠡᠬᠦ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠨᠢ ᠴᠦ ᠨᠢᠭᠡᠨᠲᠡ ᠠᠵᠢᠯ ᠡᠬᠢᠯᠡᠭᠦᠯᠦᠨ ᠪᠥᠲᠥᠭᠡᠨ | ᠪᠠᠶᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ 467 ᠬᠠᠶᠠᠭᠳᠠᠮᠠᠯ ᠠᠭᠤᠷᠬᠠᠶ ᠶᠢᠨ ᠵᠢᠷᠤᠭ ᠳᠦᠷᠰᠦ ᠶᠢ | ᠬᠠᠮᠤᠷᠤᠭᠰᠠᠨ ᠪᠠᠶᠢᠨ᠎ᠠ᠃ ᠬᠢᠩᠭᠠᠨ ᠠᠶᠢᠮᠠᠭ ᠵᠠᠰᠠᠯᠲᠠ ᠶᠢᠨ ᠲᠥᠰᠦᠯ ᠲᠣᠭᠲᠠᠭᠠᠵᠤ᠂ ᠴᠠᠭ ᠤᠨ ᠬᠦᠰᠦᠨᠦᠭᠲᠦ ᠪᠠ ᠵᠠᠮ | ᠱᠤᠭᠤᠮ ᠤᠨ ᠵᠢᠷᠤᠭ ᠢ ᠲᠣᠳᠣᠷᠬᠠᠶᠢᠯᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠵᠢᠷᠤᠭ | ᠲᠣᠯᠪᠤ ᠶᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ | ᠠᠭᠤᠷᠬᠠᠶ ᠶᠢᠨ ᠵᠢᠷᠤᠭ ᠲᠣᠯᠪᠤ ᠶᠢᠨ ᠮᠡᠳᠡᠭᠡ ᠵᠠᠩᠭᠢ ᠶᠢᠨ ᠵᠢᠷᠤᠭᠲᠤ ᠳᠡᠪᠲᠡᠷ ᠪᠠ ︽ᠨᠢᠭᠡ ᠨᠦᠬᠡᠨ ᠳᠤ ᠨᠢᠭᠡ ᠲᠠᠩᠰᠠ | ᠡᠪᠬᠡᠮᠡᠯ ᠲᠠᠢ ᠪᠠᠶᠢᠬᠤ︾ ᠶᠢ ᠪᠦᠷᠢᠯᠳᠦᠭᠦᠯᠵᠦ᠂ ᠣᠲᠣ ᠪᠣᠯᠲᠠᠯ᠎ᠠ ᠲᠥᠷᠥᠯ ᠵᠦᠢᠯ ᠢ ᠬᠡᠷᠡᠭᠵᠢᠭᠦᠯᠬᠦ᠂ ᠬᠡᠯᠪᠡᠷᠢ ᠶᠢ ᠨᠢ | ᠬᠤᠪᠢᠷᠠᠭᠤᠯᠤᠨ ᠠᠰᠢᠭᠯᠠᠬᠤ᠂ ᠠᠶᠠᠨᠳᠠᠭᠠᠨ ᠰᠡᠷᠭᠦᠭᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠠᠰᠠᠯᠲᠠ ᠶᠢᠨ | ᠲᠠᠯᠠᠪᠠᠶ ᠨᠢ 9.47 ᠲᠡᠭᠰᠢ ᠳᠥᠷᠪᠡᠯᠵᠢᠨ ᠺᠢᠯᠣᠮᠧᠲᠷ ᠪᠣᠯᠵᠠᠶ᠃ | ︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ︾ ᠶᠢ | ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠥᠬᠡᠶ ᠠᠮᠢ ᠠᠬᠤᠶ ᠶᠢᠨ | ᠬᠠᠯᠬᠠᠪᠴᠢ ᠶᠢ ᠪᠠᠶᠢᠭᠤᠯᠤᠨ᠎ᠠ᠃ ᠥᠪᠥᠷ ᠮᠣᠩᠭᠤᠯ ᠤᠯᠠᠭᠠᠨᠰᠤᠬᠠᠢ ᠶᠢᠨ ᠰᠠᠪᠠ ᠭᠠᠵᠠᠷ ᠪᠣᠯᠤᠨ ᠬᠤᠷᠴᠢᠨ ᠤ ᠲᠠᠯ᠎ᠠ | ᠨᠤᠲᠤᠭ ᠤᠨ ᠬᠤᠶᠠᠷ ︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ︾ ᠶᠢ | ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠶ᠃ ᠡᠨᠡ ᠵᠢᠯ᠂ | ᠤᠯᠠᠭᠠᠨᠰᠤᠬᠠᠢ ᠶᠢᠨ ᠰᠠᠪᠠ ᠭᠠᠵᠠᠷ ᠤᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ ᠤᠨ ᠬᠤᠪᠢᠶᠠᠷᠢ ᠲᠦᠷᠦᠯ | ᠵᠦᠢᠯ ︽ᠤᠯᠠᠭᠠᠨᠪᠤᠬ᠎ᠠ ᠶᠢᠨ ᠡᠯᠡᠰᠦ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ︾ ᠤᠯᠤᠰ ᠤᠨ ︽ᠠᠭᠤᠯᠠ ᠤᠰᠤᠨ ᠤ | ᠢᠨᠵᠧᠨᠧᠷᠢᠩ︾ ᠤᠨ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠪᠠᠷ ᠳᠡᠮᠵᠢᠨ᠂ ᠤᠯᠠᠭᠠᠨᠪᠤᠬ᠎ᠠ ᠶᠢᠨ ᠬᠦᠨᠳᠦ ᠨᠣᠴᠢᠲᠠᠶ ᠡᠯᠡᠰᠦᠷᠬᠡᠭᠵᠢᠭᠰᠡᠨ ᠡᠯᠡᠰᠦ ᠶᠢᠨ ᠡᠵᠡᠯᠡᠬᠦ ᠬᠠᠷᠢᠴᠠᠯ | 2017 ᠣᠨ ᠳᠤ 23.7 % ᠪᠠᠶᠢᠭᠰᠠᠨ ᠠᠴᠠ ᠪᠠᠨ ᠪᠠᠭᠤᠷᠠᠭᠠᠳ 21.8 % ᠪᠣᠯᠵᠣ᠂ ᠠᠮᠢ ᠠᠬᠤᠶ ᠶᠢᠨ ᠣᠷᠴᠢᠨ | ᠲᠣᠭᠤᠷᠢᠨ ᠢᠯᠡᠳᠲᠡ ᠰᠠᠶᠢᠵᠢᠷᠠᠪᠠ᠃ | ᠣᠳᠣᠬᠠᠨ ᠳᠤ᠂ ᠬᠠᠲᠤᠨ ᠭᠤᠤᠯ ᠤᠨ ᠭᠤᠤᠯᠳᠠᠯᠭ᠎ᠠ ᠲᠠᠢ ᠠᠮᠢ ᠠᠬᠤᠶ ᠶᠢᠨ ᠣᠷᠣᠨ ︵ᠣᠷᠳᠣᠰ ᠬᠤᠲᠠ︶ ᠪᠣᠯᠤᠨ | ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠬᠦ ᠪᠦᠰᠡ ᠬᠠᠲᠤᠨ ᠭᠤᠤᠯ ᠤᠨ ᠭᠤᠤᠯᠳᠠᠯᠭ᠎ᠠ ᠲᠠᠢ ᠠᠮᠢ ᠠᠬᠤᠶ ᠶᠢᠨ ᠣᠷᠣᠨ ︵ | ᠬᠥᠬᠡᠬᠤᠲᠠ︶ ᠤ ᠲᠡᠦᠬᠡᠨ ᠠᠴᠠ ᠦᠯᠡᠳᠡᠭᠳᠡᠵᠦ ᠢᠷᠡᠭᠰᠡᠨ ᠬᠤᠶᠠᠷ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ | ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠢ ᠴᠥᠮ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ | ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ᠂ ᠠᠷᠠᠳ ᠤᠨ ᠰᠡᠳᠬᠢᠯ ᠤᠨ ᠵᠢᠱᠢᠶ᠎ᠡ ᠦᠵᠡᠭᠦᠯᠬᠦ ᠢᠨᠵᠧᠨᠧᠷᠢᠩ᠂ | ᠠᠮᠤᠷ ᠲᠦᠪᠰᠢᠨ ᠤ ᠵᠢᠱᠢᠶ᠎ᠡ ᠦᠵᠡᠭᠦᠯᠬᠦ ᠢᠨᠵᠧᠨᠧᠷᠢᠩ ᠢ ᠬᠦᠴᠦᠯᠡᠨ ᠪᠠᠶᠢᠭᠤᠯᠵᠤ᠂ ᠨᠡᠶᠢᠭᠡᠮ ᠤᠨ ᠦᠷ᠎ᠡ ᠠᠰᠢᠭ᠂ ᠠᠵᠤ | ᠠᠬᠤᠶ ᠶᠢᠨ ᠦᠷ᠎ᠡ ᠠᠰᠢᠭ ᠪᠣᠯᠤᠨ ᠠᠮᠢ ᠠᠬᠤᠶ ᠶᠢᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠪᠡ᠃ | ᠬᠠᠷᠠᠯᠲᠠ — | ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢ ᠬᠠᠮᠠᠭᠠᠯᠠᠨ ᠰᠡᠷᠭᠦᠭᠡᠬᠦ ᠶᠢ ᠠᠬᠢᠭᠤᠯᠵᠤ᠂ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ | ︽ᠠᠮᠢ ᠠᠬᠤᠢ ᠶᠢ ᠰᠡᠷᠭᠦᠭᠡᠬᠦ ᠹᠷᠣᠨᠲ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠭᠤᠣᠯ | ᠵᠢᠭᠰᠠᠭᠠᠯ ᠤᠨ ᠭᠠᠵᠠᠷ ᠮᠥᠨ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠪᠣᠯ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠭᠤᠣᠯ ᠬᠦᠴᠦᠨ ᠮᠥᠨ᠃ ᠲᠠᠷᠠᠭᠠᠴᠢ ᠶᠢᠨ ᠠᠯᠬᠤᠮ ᠳᠤ᠂ ᠪᠢᠳᠡ ︿ᠬᠤᠶᠠᠷ ᠢ ᠨᠢᠭᠡᠳᠬᠡᠬᠦ﹀ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ︿ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠡᠯᠡᠰᠦ﹀ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ | ᠨᠢᠭᠡᠳᠦᠯᠲᠡᠶ ᠲᠥᠯᠥᠪᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠳᠤ ᠭᠤᠤᠯ ᠵᠢᠭᠰᠠᠭᠠᠯ ᠤᠨ ᠭᠠᠵᠠᠷ ᠢ ᠲᠣᠭᠲᠠᠪᠤᠷᠢᠵᠢᠭᠤᠯᠵᠤ᠂ ᠭᠤᠤᠯ ᠲᠡᠶᠢᠨ ᠤ | ᠲᠠᠯᠠᠪᠤᠷ ᠲᠤ ᠭᠠᠪᠢᠶ᠎ᠠ ᠪᠠᠶᠢᠭᠤᠯᠬᠤ ᠬᠡᠷᠡᠭᠲᠡᠶ︾ ᠭᠡᠵᠦ ᠸᠠᠩ ᠯᠢ ᠵᠢᠶᠦ᠋ᠨ ᠬᠡᠯᠡᠪᠡ᠃ | ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ︽ᠰᠠᠨᠠᠯ︾ ᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠲᠥᠯᠥᠪᠵᠢᠭᠦᠯᠭᠡ ︵2021—2035 ᠣᠨ︶︾ ᠶᠢ ᠵᠠᠰᠠᠨ | ᠨᠠᠶᠢᠷᠠᠭᠤᠯᠬᠤ ᠶᠢ ᠲᠦᠷᠭᠡᠳᠬᠡᠨ ᠠᠬᠢᠭᠤᠯᠵᠤ᠂ ︽ᠨᠡᠶᠢᠭᠡᠮ ᠤᠨ ᠬᠥᠷᠥᠩᠭᠡ ᠶᠢᠨ ᠠᠮᠢ ᠠᠬᠤᠶ ᠶᠢ ᠬᠠᠮᠠᠭᠠᠯᠠᠨ ᠰᠡᠷᠭᠦᠭᠡᠬᠦ | ᠠᠵᠢᠯ ᠳᠤ ᠣᠷᠣᠯᠴᠠᠬᠤ ᠲᠤᠬᠠᠶ ᠬᠡᠷᠡᠭᠵᠢᠭᠦᠯᠬᠦ ᠰᠠᠨᠠᠯ︾ ᠵᠡᠷᠭᠡ ᠬᠠᠮᠢᠶ᠎ᠠ ᠪᠥᠬᠦᠶ ᠠᠵᠢᠯ ᠤᠨ ᠲᠣᠬᠢᠷᠠᠭᠤᠯᠤᠯᠲᠠ ᠶᠢ | ᠨᠠᠷᠢᠯᠢᠭᠵᠢᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ | ᠣᠷᠣᠭᠤᠯᠤᠯᠲᠠ ᠪᠠᠨ ᠨᠡᠮᠡᠭᠳᠡᠭᠦᠯᠵᠦ᠂ ᠨᠢᠭᠡᠨᠲᠡ ᠪᠠᠶᠢᠭ᠎ᠠ ᠲᠥᠷᠥᠯ ᠵᠦᠢᠯ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠨ | ᠠᠬᠢᠭᠤᠯᠵᠤ᠂ ᠦᠢᠯᠡᠳᠪᠦᠷᠢᠯᠡᠯ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠦᠯᠡᠳᠡᠭᠳᠡᠯ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠡᠭᠦᠷᠭᠡ ᠶᠢ ᠪᠡᠶᠡᠯᠡᠭᠦᠯᠬᠦ ᠶᠢ ᠦᠨᠡᠨ | ᠬᠦ ᠪᠠᠲᠤᠯᠠᠨ᠎ᠠ᠃ | ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠠᠭᠤᠷᠬᠠᠶ ᠶᠢ ᠰᠡᠷᠭᠦᠭᠡᠬᠦ ᠲᠦᠷᠢᠮ ᠤᠨ | ᠪᠠᠷᠢᠮᠵᠢᠶ᠎ᠠ ᠶᠢ ᠲᠡᠭᠦᠯᠳᠡᠷᠵᠢᠭᠦᠯᠵᠦ᠂ ︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠮᠠᠩᠬ᠎ᠠ︾ ᠶᠢᠨ ᠵᠠᠰᠠᠯᠲᠠ ᠶᠢ ᠨᠢᠭᠡᠳᠦᠯᠲᠡᠶ ᠲᠥᠯᠥᠪᠯᠡᠨ᠂ ︽ᠨᠢᠭᠡ ᠣᠷᠣᠨ ᠬᠤᠶᠠᠷ ᠪᠦᠰᠡ︾ ᠶᠢᠨ | ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠪᠣᠯᠤᠨ ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ ᠤᠨ | ᠲᠣᠭᠤᠷᠢᠨ ᠳᠤ ᠲᠥᠷᠥᠯ ᠵᠦᠢᠯ ᠤᠨ ᠨᠥᠭᠡᠴᠡ ᠶᠢ ᠴᠢᠩᠭᠠᠳᠬᠠᠵᠤ᠂ ᠬᠠᠲᠤᠨ ᠭᠤᠤᠯ ᠤᠨ ᠰᠠᠪᠠ ᠭᠠᠵᠠᠷ᠂ ᠶᠡᠭᠡ ᠬᠢᠩᠭᠠᠨ | ᠳᠠᠪᠠᠭ᠎ᠠ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ | ᠪᠣᠯᠪᠠᠰᠤᠷᠠᠩᠭᠤᠶ ᠪᠣᠯᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠲᠠᠢ ᠤᠶᠠᠯᠳᠤᠭᠤᠯᠤᠨ ᠲᠥᠷᠥᠯ ᠵᠦᠢᠯ ᠤᠨ ᠨᠥᠭᠡᠴᠡ ᠶᠢ ᠴᠢᠩᠭᠠᠳᠬᠠᠵᠤ᠂ ᠤᠮᠠᠷᠠᠲᠤ ᠶᠢᠨ ᠡᠯᠡᠰᠦ ᠶᠢ | ᠰᠡᠷᠭᠡᠶᠢᠯᠡᠬᠦ ᠪᠦᠰᠡ᠂ ᠮᠤᠨᠢ ᠠᠭᠤᠯᠠ ᠨᠢᠷᠤᠭᠤ᠂ ᠠᠯᠠᠱᠠ ᠠᠭᠤᠯᠠ ᠶᠢᠨ ᠪᠠᠷᠠᠭᠤᠨ ᠬᠤᠷᠮᠣᠶ ᠵᠢᠴᠢ ᠡᠷᠬᠢᠨ ᠲᠣᠭᠤᠷᠢᠨ ᠤ | ᠭᠠᠵᠠᠷ ᠣᠷᠣᠨ᠂ ᠪᠡᠭᠡᠵᠢᠩ ᠲᠢᠶᠠᠨᠵᠢᠨ ᠾᠧᠪᠸᠢ ᠶᠢᠨ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ | ᠣᠷᠣᠨ ᠪᠦᠰᠡ ᠶᠢᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠪᠣᠯᠪᠠᠰᠤᠷᠠᠩᠭᠤᠶ ᠪᠣᠯᠬᠤ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠠᠭᠤᠷᠬᠠᠶ ᠶᠢᠨ ᠣᠷᠣᠨ ᠢ ᠵᠠᠰᠠᠵᠤ ᠰᠡᠷᠭᠦᠭᠡᠬᠦ ᠡᠷᠴᠢᠮ ᠢ ᠶᠡᠬᠡᠪᠡᠷ ᠳᠡᠭᠡᠭᠰᠢᠯᠡᠭᠦᠯᠦᠨ᠎ᠡ᠃ | ᠮᠠᠤ ᠸᠧᠶ ᠬᠤᠸᠠ ᠬᠡᠯᠡᠬᠦ ᠳᠡᠭᠡᠨ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠢ ︽ᠰᠢᠨ᠎ᠡ ᠪᠠᠷ ᠪᠠᠶᠢᠭᠤᠯᠬᠤ | ᠬᠡᠯᠪᠡᠷᠢ︾ ︽ᠦᠰᠦᠨ ᠪᠤᠶᠢᠵᠢᠬᠤ ᠬᠡᠯᠪᠡᠷᠢ︾ ︽ᠪᠣᠯᠪᠠᠰᠤᠷᠠᠩᠭᠤᠶ ᠬᠡᠯᠪᠡᠷᠢ︾ ᠵᠡᠷᠭᠡ ᠠᠳᠠᠯᠢ ᠪᠤᠰᠤ ᠲᠥᠷᠥᠯ ᠬᠡᠯᠪᠡᠷᠢ | ᠪᠣᠯᠭᠠᠨ ᠬᠤᠪᠢᠶᠠᠵᠤ᠂ ᠣᠷᠣᠨ ᠨᠤᠲᠤᠭ ᠤᠨ ᠵᠠᠰᠠᠯᠲᠠ ᠶᠢᠨ ᠵᠥᠷᠢᠶᠡᠲᠦ ᠠᠷᠭ᠎ᠠ ᠵᠠᠮ ᠢ ᠬᠠᠨᠳᠤᠯᠭᠠᠲᠤ ᠴᠢᠨᠠᠷᠲᠠᠶ ᠪᠠᠷ | ᠬᠡᠷᠡᠭᠵᠢᠭᠦᠯᠵᠦ ᠪᠣᠯᠤᠨ᠎ᠠ᠃ ᠵᠢᠱᠢᠶᠡᠯᠡᠪᠡᠯ ᠬᠥᠯᠥᠨ ᠪᠤᠶᠢᠷ ᠬᠤᠲᠠ᠂ ᠰᠢᠯᠢ ᠶᠢᠨ ᠭᠤᠤᠯ ᠠᠶᠢᠮᠠᠭ ᠵᠡᠷᠭᠡ ᠨᠤᠲᠤᠭ | ᠪᠡᠯᠴᠢᠭᠡᠷ ᠤᠨ ᠭᠠᠵᠠᠷ ᠣᠷᠣᠨ ᠳᠤ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠵᠠᠷᠴᠢᠮ ᠢ | ᠪᠠᠷᠢᠮᠲᠠᠯᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ︔ | ᠦᠬᠠᠶ᠂ ᠣᠷᠳᠣᠰ ᠤᠨ ᠮᠧᠩ ᠰᠢ ᠪᠣᠯᠤᠨ ᠴᠢ ᠫᠠᠨ ᠵᠢᠩ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ | ᠠᠯᠠᠱᠠᠨ ᠤᠰᠤᠲᠠᠶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠬᠦ ᠶᠢ ᠳᠡᠮᠵᠢᠵᠦ᠂ ᠡᠬᠢ ᠪᠠᠶᠠᠯᠢᠭ ᠢ ᠲᠥᠪᠯᠡᠷᠡᠭᠦᠯᠦᠨ ᠨᠡᠭᠡᠭᠡᠬᠦ᠂ ᠨᠢᠭᠡᠳᠦᠯᠲᠡᠶ ᠬᠠᠮᠢᠶᠠᠷᠬᠤ᠂ | ᠵᠠᠯᠭᠠᠯᠳᠤᠭᠤᠯᠤᠨ ᠵᠠᠰᠠᠬᠤ ᠶᠢ ᠪᠡᠶᠡᠯᠡᠭᠦᠯᠦᠨ᠎ᠡ᠃ | ᠠᠮᠢ ᠠᠬᠤᠶ ᠶᠢᠨ ᠳᠡᠪᠢᠰᠬᠡᠷ ᠥᠩᠭᠡ ᠶᠢ ᠵᠤᠵᠠᠭᠠᠳᠬᠠᠵᠤ᠂ ᠰᠦᠷᠯᠢᠭ ᠰᠠᠶᠢᠬᠠᠨ ᠵᠢᠷᠤᠭ ᠢ ᠵᠢᠷᠤᠭᠯᠠᠨ᠎ᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠨᠢᠭᠡ ᠣᠷᠣᠨ ᠬᠤᠶᠠᠷ ᠪᠦᠰᠡ ᠣᠯᠠᠨ ᠬᠤᠩᠭᠢᠯ ᠣᠯᠠᠨ ᠴᠡᠭ︾ ᠤᠨ | ᠶᠡᠷᠦᠩᠬᠡᠶ ᠠᠮᠢ ᠠᠬᠤᠶ ᠶᠢᠨ ᠰᠡᠷᠭᠦᠭᠡᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ︽ᠠᠭᠤᠯᠠ ᠤᠰᠤ ᠣᠶ ᠮᠣᠳᠣ | ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ︾ ᠶᠢᠨ ᠵᠠᠰᠠᠯᠲᠠ ᠶᠢᠨ ᠰᠢᠨ᠎ᠡ ᠵᠠᠭᠪᠤᠷ᠂ ᠰᠢᠨ᠎ᠡ | ᠠᠷᠭ᠎ᠠ ᠵᠠᠮ᠂ ᠰᠢᠨ᠎ᠡ ᠲᠣᠭᠲᠠᠴᠠ ᠶᠢ ᠬᠠᠶᠢᠨ ᠰᠦᠪᠡᠭᠴᠢᠯᠡᠵᠦ᠂ ᠠᠮᠢ ᠠᠬᠤᠶ ᠶᠢᠨ ᠴᠢᠳᠠᠮᠵᠢ ᠮᠠᠭᠤᠳᠠᠭᠰᠠᠨ᠂ ᠠᠮᠢ | ᠠᠬᠤᠶ ᠶᠢᠨ ᠰᠢᠰᠲ᠋ᠧᠮ ᠡᠪᠳᠡᠭᠳᠡᠭᠰᠡᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢ ᠬᠠᠮᠠᠭᠠᠯᠠᠨ ᠰᠡᠷᠭᠦᠭᠡᠵᠦ᠂ ᠠᠮᠢ | ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠨᠡᠮᠡᠭᠳᠡᠭᠦᠯᠦᠨ᠂ ᠥᠪᠥᠷ ᠮᠣᠩᠭᠤᠯ ᠴᠢᠨᠠᠭᠰᠢᠯᠠᠪᠠᠯ | ᠪᠥᠬᠦ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠪᠠ᠃ | |