ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ | ᠬᠢᠵᠦ᠂ ᠭᠠᠵᠠᠷ ᠬᠡᠷᠡᠭᠯᠡᠬᠦ ᠬᠦᠴᠦᠨ ᠵᠦᠢᠯ ᠤᠨ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ᠂ ᠬᠢᠨᠠᠨ ᠪᠠᠶᠢᠴᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢᠨ ᠲᠥᠯᠥᠭᠡ᠂ 10 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | 2024 ᠣᠨ ᠤ ᠭᠤᠷᠪᠠᠳᠤᠭᠠᠷ ᠤᠯᠠᠷᠢᠯ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠣᠳᠠᠲᠤ ᠠᠵᠢᠯᠯᠠᠭᠠᠨ ᠤ ᠰᠣᠷᠢᠯᠲᠠ ᠬᠢᠵᠦ᠂ ᠬᠢᠨᠠᠨ ᠵᠥᠪᠰᠢᠶᠡᠷᠡᠬᠦ | ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠪᠡ᠃ | ᠲᠣᠰ ᠤᠳᠠᠭ᠎ᠠ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠳᠡᠭᠡᠨ ᠬᠡᠶᠢᠰᠪᠦᠷᠢ ᠳᠤᠭᠤᠶᠢᠯᠠᠩ ᠪᠠᠶᠢᠭᠤᠯᠬᠤ ᠠᠷᠭ᠎ᠠ ᠮᠠᠶ᠋ᠢᠭ ᠢ ᠠᠪᠴᠤ᠂ ᠡᠯ᠎ᠡ ᠠᠶᠢᠮᠠᠭ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠮᠲᠤ ᠳᠤᠨᠢ ᠬᠢᠵᠠᠭᠠᠷᠯᠠᠭᠰᠠᠨ ᠬᠤᠭᠤᠴᠠᠭᠠᠨ ᠳᠣᠲᠣᠷ᠎ᠠ ᠲᠤᠰᠠᠭᠠᠷ ᠭᠠᠵᠠᠷ ᠰᠣᠩᠭᠤᠬᠤ᠂ ᠬᠤᠲᠠ | ᠪᠠᠯᠭᠠᠰᠤᠨ ᠤ ᠪᠦᠯᠦᠭ ᠤᠳᠠᠭ᠎ᠠ ᠪᠠ ︽ᠬᠤᠪᠢᠷᠠᠭᠤᠯᠬᠤ ᠠᠴᠠ ᠪᠢᠰᠢ ᠲᠠᠲᠠᠪᠤᠷᠢᠯᠠᠬᠤ ᠦᠭᠡᠢ︾ ᠭᠤᠷᠪᠠᠨ ᠲᠥᠷᠥᠯ ᠤᠨ ᠴᠠᠬᠢᠯᠭᠠᠨ ᠮᠡᠳᠡᠭᠡ ᠳᠤ ᠬᠢᠨᠠᠨ | ᠪᠠᠶᠢᠴᠠᠭᠠᠯᠲᠠ ᠬᠢᠬᠦ ᠶᠢᠨ ᠬᠠᠮᠲᠤ ᠬᠢᠨᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ ᠥᠪᠡᠰᠦᠪᠡᠨ ᠨᠥᠬᠦᠪᠥᠷᠢᠯᠡᠵᠦ ᠵᠠᠯᠠᠷᠠᠭᠤᠯᠤᠨ᠎ᠠ᠃ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠤᠨ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠳᠤ ᠭᠠᠵᠠᠷ ᠠᠯᠪᠠᠨ ᠲᠠᠰᠤᠭ ᠤᠨ ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠢᠨᠠᠨ | ᠪᠠᠶᠢᠴᠠᠭᠠᠬᠤ ᠶᠢᠨ ᠬᠠᠮᠲᠤ ᠡᠯ᠎ᠡ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠨᠠᠨ ᠪᠠᠶᠢᠴᠠᠭᠠᠭᠰᠠᠨ ᠪᠠ ᠨᠥᠬᠦᠪᠥᠷᠢᠯᠡᠨ | ᠵᠠᠯᠠᠷᠠᠭᠤᠯᠤᠭᠰᠠᠨ ᠪᠠᠶᠢᠳᠠᠯ ᠳᠤ ᠬᠤᠪᠢ ᠲᠣᠭᠲᠠᠭᠠᠵᠤ᠂ ᠤᠷᠤᠯᠳᠤᠭᠠᠨ ᠤ ᠦᠷ᠎ᠡ ᠳ᠋ᠦᠩ ᠤᠨ ᠬᠠᠷᠢᠴᠠᠭᠤᠯᠵᠤ ᠪᠣᠯᠬᠤ ᠴᠢᠨᠠᠷ ᠪᠠ ᠲᠥᠪ ᠭᠤᠤᠯᠴᠢ ᠴᠢᠨᠠᠷ ᠢ | ᠪᠠᠲᠤᠯᠠᠬᠤ ᠶᠢᠨ ᠬᠠᠮᠲᠤ ᠤᠷᠤᠯᠳᠤᠭᠠᠨ ᠳᠠᠭᠤᠰᠤᠭᠰᠠᠨ ᠤ ᠳᠠᠷᠠᠭ᠎ᠠ ᠪᠢᠴᠢᠭ ᠤᠨ ᠬᠡᠯᠪᠡᠷᠢ ᠪᠠᠷ ᠦᠷ᠎ᠡ ᠳ᠋ᠦᠩ ᠢ ᠵᠠᠷᠯᠠᠨ ᠮᠡᠳᠡᠭᠳᠡᠪᠡ᠃ ᠲᠤᠰ ᠤᠳᠠᠭᠠᠨ ᠤ ᠶᠡᠭᠡ | ᠮᠦᠷᠦ᠋ᠢᠴᠡᠭᠡᠨ ᠤ ᠡᠮᠦᠨ᠎ᠡ ᠭᠤᠷᠪᠠ ᠳᠤ ᠵᠢᠭᠰᠠᠭᠠᠭᠳᠠᠭᠰᠠᠨ ᠨᠢ ᠬᠦᠬᠡᠬᠤᠳᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠳᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠤᠪᠴᠢᠶ᠎ᠠ ᠪᠤᠯᠤᠨ᠎ᠠ᠃ | |