ᠪᠤᠭᠤᠲᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠭᠡᠬᠦ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠳᠠᠬᠢᠨ ᠰᠢᠯᠢᠳᠡᠭᠵᠢᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/10/14
  ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠤᠨ ᠣᠯᠠᠨ ᠲᠦᠮᠡᠨ ᠲᠠᠢ ᠬᠠᠷᠢᠯᠴᠠᠬᠤ ᠬᠤᠯᠪᠣᠭᠠᠰᠤ ᠶᠢᠨ ᠦᠢᠯᠡᠳᠦᠯ ᠢ ᠪᠥᠬᠦ ᠲᠠᠯ᠎ᠠ ᠪᠠᠷ ᠪᠠᠳᠠᠷᠠᠭᠤᠯᠤᠨ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠪᠤᠭᠤᠲᠤ ᠬᠤᠲᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠨᠢ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠲᠣᠭᠠᠴᠢᠯᠠᠬᠤ᠂ ᠮᠡᠳᠡᠭᠡ ᠵᠠᠩᠭᠢᠵᠢᠯᠲᠠ ᠶᠢᠨ ᠵᠠᠭᠪᠤᠷ ᠢᠶᠠᠷ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠠᠵᠢᠯ ᠤᠨ ᠦᠷ᠎ᠡ ᠪᠦᠲᠦᠮᠵᠢ ᠪᠠ ᠠᠵᠢᠯ ᠶᠠᠪᠤᠳᠠᠯ ᠭᠦᠢᠴᠡᠳᠬᠡᠬᠦ ᠶᠢᠨ ᠪᠡᠶᠡᠴᠢᠯᠡᠨ ᠣᠶᠢᠯᠠᠭᠠᠬᠤ ᠲᠥᠷᠥᠭᠳᠡᠯ ᠢ ᠶᠡᠭᠡ ᠪᠠᠷ ᠳᠡᠭᠡᠭᠰᠢᠯᠡᠭᠦᠯᠬᠦ ᠶᠢ ᠠᠬᠢᠭᠤᠯᠪᠠ᠃  ︽ᠪᠠᠷᠢᠴᠠᠭ᠎ᠠ ᠠᠪᠴᠦ ᠡᠷᠦᠬᠡ ᠰᠢᠯᠵᠢᠭᠦᠯᠬᠦ︾ ᠵᠠᠬ᠎ᠠ ᠳᠡᠯᠭᠡᠭᠦᠷ ᠤᠨ ᠰᠠᠶᠢᠨ ᠣᠷᠴᠢᠯ ᠢ ᠠᠬᠢᠭᠤᠯᠪᠠ᠃ ᠲᠥᠷᠥ ᠶᠢᠨ ᠪᠣᠳᠣᠯᠭ᠎ᠠ ᠶᠢ ᠭᠦᠨᠵᠡᠭᠡᠶ ᠰᠤᠳᠤᠯᠵᠤ᠂ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠨ᠂ ᠴᠤᠪᠤᠷᠠᠯ ᠢ ᠳᠠᠬᠢᠨ ᠵᠣᠬᠢᠶᠠᠬᠤ ᠪᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ︾᠎ ᠪᠠᠷ ︽ᠦᠯᠡᠳᠡᠭᠡᠯ ᠬᠡᠷ ᠪᠠᠶᠢᠰᠢᠩ ᠤᠨ ᠰᠢᠯᠵᠢᠯᠲᠡ ᠶᠢᠨ ᠳᠡᠩᠰᠡᠯᠡᠯᠲᠡ ᠶᠢᠨ ᠪᠠᠷᠢᠴᠠᠭᠠᠯᠠᠬᠤ ᠡᠷᠬᠡ ᠶᠢ ᠪᠠᠶᠢᠭᠤᠯᠤᠨ ᠳᠡᠩᠰᠡᠯᠡᠨ ᠲᠡᠮᠳᠡᠭᠯᠡᠬᠦ ᠶᠢ ᠪᠡᠶᠡᠯᠡᠭᠦᠯᠵᠦ︾ ᠭᠦᠢᠴᠡᠳᠬᠡᠵᠦ᠂ ᠠᠷᠠᠯᠵᠢᠶᠠᠯᠠᠬᠤ ᠴᠠᠭ ᠢ ᠪᠣᠭᠤᠨᠢᠰᠬᠠᠨ᠂ ᠭᠠᠷ ᠳᠠᠮᠵᠢᠭᠰᠠᠨ ᠬᠡᠷ ᠪᠠᠶᠢᠰᠢᠩ ᠤᠨ ᠠᠷᠠᠯᠵᠢᠶ᠎ᠠ ᠶᠢ ᠠᠮᠢᠳᠤᠯᠢᠭ ᠪᠣᠯᠭᠠᠬᠤ ᠶᠢᠨ ᠬᠠᠮᠲᠤ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠶᠢᠨ ᠣᠷᠴᠢᠯ ᠢ ᠠᠬᠢᠭᠤᠯᠪᠠ᠃ ᠣᠲᠣ ᠪᠣᠯᠲᠠᠯ᠎ᠠ᠂ ︽ᠪᠠᠷᠢᠴᠠᠭ᠎ᠠ ᠠᠪᠴᠦ ᠡᠷᠦᠬᠡ ᠰᠢᠯᠵᠢᠭᠦᠯᠬᠦ︾ ᠬᠡᠯᠪᠡᠷᠢ ᠪᠠᠷ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳᠡᠩᠰᠡᠯᠡᠯᠲᠡ ᠬᠢᠵᠦ ᠪᠠᠶᠢᠨ᠎ᠠ᠃  ︽ᠠᠯᠪᠠᠨ ᠭᠡᠷᠡᠴᠢᠯᠡᠭᠡ ᠶᠢᠨ ᠪᠤᠰᠤ ᠥᠪ ᠵᠠᠯᠭᠠᠮᠵᠢᠯᠠᠬᠤ︾ ᠣᠯᠠᠨ ᠲᠦᠮᠡᠨ ᠤ ᠠᠵᠢᠯ ᠬᠡᠷᠡᠭ ᠡᠷᠬᠢᠯᠡᠬᠦ ᠥᠪᠡᠷ ᠤᠨ ᠥᠷᠲᠡᠭ ᠢ ᠪᠠᠭᠠᠰᠬᠠᠬᠤ ᠬᠡᠷᠡᠭᠲᠡᠢ᠃ ᠳᠠᠪᠰᠢᠩᠭᠤᠢ ᠲᠠᠢ ᠬᠠᠷᠢᠴᠠᠭᠤᠯᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠮᠡᠳᠡᠭᠳᠡᠬᠦ ᠠᠮᠠᠯᠠᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠥᠯᠥ ᠬᠥᠳᠡᠯᠬᠦ ᠬᠥᠷᠥᠩᠭᠡ ᠶᠢᠨ ᠠᠯᠪᠠᠨ ᠭᠡᠷᠡᠴᠢᠯᠡᠭᠡ ᠶᠢᠨ ᠪᠤᠰᠤ ᠵᠠᠯᠭᠠᠮᠵᠢᠯᠠᠬᠤ ᠭᠠᠷᠳᠠᠮ ᠢ ᠳᠥᠭᠦᠮᠴᠢᠯᠡᠵᠦ᠂ ᠨᠢᠭᠡᠳᠦᠭᠡᠷ ᠳᠡᠰ ᠳᠠᠷᠠᠭᠠᠯᠠᠯ ᠲᠠᠢ ᠵᠠᠯᠭᠠᠮᠵᠢᠯᠠᠭᠴᠢ ᠨᠢᠭᠡᠨᠲᠡ ᠬᠡᠯᠡᠯᠴᠡᠭᠡᠷ ᠲᠣᠭᠲᠠᠵᠤ᠂ ᠥᠮᠴᠢᠯᠡᠯ ᠤᠨ ᠡᠷᠬᠡ ᠨᠢ ᠲᠣᠳᠣᠷᠬᠠᠢ᠂ ᠮᠠᠷᠭᠤᠯᠳᠤᠭᠠᠨ ᠦᠭᠡᠢ ᠪᠠᠶᠢᠳᠠᠯ ᠳᠣᠣᠷ᠎ᠠ᠂ ᠵᠥᠪᠬᠡᠨ ᠨᠢᠭᠡᠳᠦᠭᠡᠷ ᠳᠡᠰ ᠳᠠᠷᠠᠭᠠᠯᠠᠯ ᠤᠨ ᠵᠠᠯᠭᠠᠮᠵᠢᠯᠠᠭᠴᠢ ᠲᠤᠬᠠᠢ ᠶᠢᠨ ᠲᠠᠯᠠᠪᠤᠷ ᠲᠤ ᠬᠦᠷᠴᠦ ᠭᠦᠢᠴᠡᠳᠬᠡᠬᠦ ᠴᠢᠬᠤᠯᠠᠲᠠᠢ᠂ ᠠᠮᠠᠯᠠᠯᠲᠠ ᠶᠢᠨ ᠮᠠᠲ᠋ᠧᠷᠢᠶᠠᠯ ᠨᠢ ᠦᠨᠡᠨ ᠪᠣᠳᠠᠲᠠᠢ ᠪᠥᠭᠡᠳ ᠬᠦᠴᠦᠨ ᠲᠠᠢ᠂ ᠵᠠᠷᠯᠠᠨ ᠨᠡᠶᠢᠲᠡᠯᠡᠬᠦ ᠳᠡᠰ ᠳᠠᠷᠠᠭᠠᠯᠠᠯ ᠢᠶᠠᠷ ᠳᠠᠮᠵᠢᠭᠤᠯᠤᠨ ᠳᠠᠩᠰᠠᠯᠠᠯᠲᠠ ᠬᠢᠵᠦ ᠪᠣᠯᠤᠨ᠎ᠠ᠃ ᠣᠳᠣᠬᠠᠨ ᠳᠤ᠂ ᠠᠯᠪᠠᠨ ᠭᠡᠷᠡᠴᠢᠯᠡᠭᠡ ᠶᠢᠨ ᠪᠤᠰᠤ ᠵᠠᠯᠭᠠᠮᠵᠢᠯᠠᠯ ᠤᠨ ᠲᠤᠬᠠᠶᠢᠯᠠᠭᠰᠠᠨ ᠠᠵᠢᠯ ᠢ ᠨᠢᠭᠡᠨᠲᠡ ᠵᠠᠭᠤ ᠭᠠᠷᠤᠢ ᠬᠤᠪᠢ ᠭᠦᠢᠴᠡᠳᠬᠡᠵᠦ᠂ ᠬᠡᠷᠡᠭ ᠡᠷᠬᠢᠯᠡᠬᠦ ᠣᠯᠠᠨ ᠲᠦᠮᠡᠨ ᠤ ᠠᠯᠪᠠᠨ ᠭᠡᠷᠡᠴᠢᠯᠡᠭᠡ ᠶᠢᠨ ᠵᠠᠷᠤᠳᠠᠯ ᠢ ᠪᠠᠷᠤᠭ 17 ᠲᠦᠮᠡᠨ ᠲᠥᠭᠦᠷᠢᠭ ᠠᠷᠪᠢᠯᠠᠪᠠ᠃  ︽ᠣᠶᠤᠨᠴᠢ ᠲᠦᠷᠭᠡᠨ ᠴᠤᠬᠤᠯᠠᠪᠤᠷᠢᠯᠠᠬᠤ︾ ᠳᠠᠩᠰᠠᠯᠠᠨ ᠲᠡᠮᠳᠡᠭᠯᠡᠵᠦ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠳᠠᠩᠰᠠᠯᠠᠬᠤ ᠶᠠᠪᠤᠴᠠ ᠶᠢᠨ ᠲᠣᠬᠢᠷᠠᠭᠤᠯᠤᠯᠲᠠ ᠵᠢᠴᠢ ᠳᠠᠩᠰᠠᠯᠠᠬᠤ ᠲᠦᠷᠢᠮ ᠤᠨ ᠦᠷ᠎ᠡ ᠪᠦᠲᠦᠮᠵᠢ ᠶᠢ ᠲᠣᠭᠲᠠᠭᠠᠬᠤ ᠪᠠᠷ ᠳᠠᠮᠵᠢᠭᠤᠯᠤᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠣᠶᠤᠨᠴᠢ ᠪᠠᠷ ᠬᠠᠪᠰᠤᠷᠤᠨ ᠬᠢᠨᠠᠨ ᠬᠠᠷᠭᠤᠭᠤᠯᠬᠤ ᠵᠠᠭᠪᠤᠷ ᠢ ᠪᠣᠶ ᠪᠣᠯᠭᠠᠵᠤ᠂ ᠪᠠᠷᠢᠴᠠᠭᠠᠯᠠᠬᠤ ᠳᠡᠩᠰᠡᠯᠡᠯᠲᠡ ᠪᠠ ᠪᠠᠷᠢᠴᠠᠭᠠᠯᠠᠵᠤ ᠬᠦᠴᠦᠨ ᠥᠬᠡᠶ ᠪᠣᠯᠭᠠᠬᠤ ᠳᠡᠩᠰᠡᠯᠡᠯᠲᠡ ᠶᠢ ︽ᠣᠶᠤᠨᠴᠢ ᠲᠦᠷᠭᠡᠨ ᠴᠤᠬᠤᠯᠠᠪᠤᠷᠢᠯᠠᠬᠤ︾᠎ ᠶᠢ ᠪᠡᠶᠡᠯᠡᠭᠦᠯᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ︽ᠴᠠᠭ ᠲᠤᠬᠠᠶ ᠳᠤᠨᠢ ᠭᠦᠢᠴᠡᠳᠭᠡᠵᠦ ᠪᠣᠯᠬᠤ᠂ ᠪᠠᠷᠢᠨ ᠭᠦᠢᠴᠡᠳᠬᠡᠵᠦ ᠪᠠᠷᠢᠨ ᠳᠠᠭᠤᠰᠬᠠᠬᠤ︾᠎ ᠶᠢ ᠪᠡᠶᠡᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠦᠷᠭᠦᠯᠵᠢᠯᠡᠨ ᠪᠠᠯᠠ ᠲᠣᠬᠢᠷᠠᠭᠤᠯᠬᠤ᠂ ᠡᠷᠦᠬᠡ ᠠᠮᠠ ᠣᠷᠣᠭᠤᠯᠬᠤ᠂ ᠰᠤᠷᠭᠠᠭᠤᠯᠢ ᠳᠤ ᠣᠷᠣᠬᠤ ᠵᠡᠷᠭᠡ ᠳᠤ ᠴᠠᠭ ᠢ ᠠᠷᠪᠢᠯᠠᠬᠤ ᠪᠠ ᠥᠪᠡᠷ ᠤᠨ ᠥᠷᠲᠡᠭ ᠢ ᠪᠠᠭᠤᠷᠠᠭᠤᠯᠪᠠ᠃ ᠣᠲᠣ ᠨᠢᠭᠡᠨᠲᠡ 11000 ᠭᠠᠷᠤᠶ ᠲᠤᠬᠠᠶᠢᠯᠠᠭᠰᠠᠨ ᠠᠵᠢᠯ ᠢ ᠰᠢᠢᠳᠪᠦᠷᠢᠯᠡᠨ ᠳᠠᠭᠤᠰᠬᠠᠵᠤ᠂ ᠡᠳᠦᠷ ᠪᠦᠷᠢ ᠳᠤᠮᠳᠠᠴᠢ ᠪᠠᠷ 170 ᠬᠤᠪᠢ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠬᠢᠵᠦ᠂ ᠡᠳᠦᠷ ᠤᠨ ᠪᠥᠬᠦ ᠲᠤᠬᠠᠶᠢᠯᠠᠭᠰᠠᠨ ᠠᠵᠢᠯ ᠤᠨ ᠬᠡᠮᠵᠢᠶᠡᠨ ᠤ 60%᠎ ᠶᠢ ᠡᠵᠡᠯᠡᠪᠡ᠃ 
ᠢᠷᠡᠯᠲᠡ᠄ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ