ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ ᠣᠷᠳᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ | ᠬᠤᠪᠢᠶᠠᠷᠢ ᠲᠣᠪᠴᠢᠶ᠎ᠠ ︽ᠲᠥᠷᠥᠯ ᠵᠦᠢᠯ ᠨᠢ ᠲᠥᠯᠥᠪᠵᠢᠭᠦᠯᠭᠡ ᠪᠠᠨ ᠳᠠᠭᠠᠬᠤ︾᠂ ︽ᠡᠯᠧᠮᠧᠨ᠋ᠲ ᠨᠢ ᠲᠥᠷᠥᠯ ᠵᠦᠢᠯ ᠢᠶᠠᠨ ᠳᠠᠭᠠᠬᠤ︾ ᠶᠡᠷᠦᠩᠬᠡᠶ | ᠱᠠᠭᠠᠷᠳᠠᠯᠭ᠎ᠠ ᠶᠢ ᠪᠠᠷᠢᠮᠲᠠᠯᠠᠵᠤ᠂ ᠦᠢᠯᠡᠴᠢᠯᠡᠭᠡᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠵᠠᠷ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠶᠢ | ᠴᠢᠩᠭᠠᠳᠬᠠᠪᠠ᠃ ᠣᠳᠣᠬᠠᠨ ᠪᠣᠯᠲᠠᠯ᠎ᠠ᠂ ᠨᠢᠭᠡᠨᠲᠡ 11 ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠴᠣᠬᠤᠯᠠᠪᠤᠷᠢᠯᠠᠵᠤ᠂ ᠲᠠᠯᠠᠪᠠᠶ ᠨᠢ ᠨᠡᠶᠢᠲᠡ 31. | 5819 ᠾᠧᠺᠲ᠋ᠠᠷ ᠪᠣᠯᠤᠨ᠎ᠠ᠃ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠡᠯᠧᠮᠧᠨ᠋ᠲ ᠤᠨ ᠪᠠᠲᠤᠯᠠᠭ᠎ᠠ ᠶᠢ ᠤᠨᠢᠨ ᠳᠡᠭᠡᠷ᠎ᠡ ᠨᠢ ᠬᠦᠴᠦᠯᠡᠨ ᠰᠠᠶᠢᠲᠤᠷ ᠬᠢᠵᠦ᠂ | ᠤᠯᠠᠨ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠪᠡ᠃ | ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠷᠥᠯ ᠵᠦᠢᠯ ᠳᠤ ᠬᠡᠷᠡᠭᠯᠡᠬᠦ ᠭᠠᠵᠠᠷ ᠢ ᠲᠣᠳᠣᠷᠬᠠᠶ ᠣᠶᠢᠯᠠᠭᠠᠬᠤ ᠬᠡᠷᠡᠭᠲᠡᠢ᠃ ᠬᠦᠴᠦᠨ | ᠵᠦᠢᠯ ᠨᠢ ᠲᠥᠷᠥᠯ ᠵᠦᠢᠯ ᠢᠶᠠᠨ ᠳᠠᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠬᠡᠷᠡᠭᠯᠡᠬᠦ ᠭᠠᠵᠠᠷ ᠲᠤ ᠮᠡᠳᠡᠭᠦᠯᠦᠨ ᠵᠥᠪᠰᠢᠶᠡᠷᠡᠭᠦᠯᠬᠦ ᠡᠬᠡ | ᠲᠠᠩᠰᠠ ᠪᠠᠶᠢᠭᠤᠯᠵᠤ᠂ ︽ᠣᠷᠣᠯᠠᠨ ᠬᠠᠪᠰᠤᠷᠤᠨ ᠭᠦᠢᠴᠡᠳᠭᠡᠬᠦ︾ ᠦᠢᠯᠡᠴᠢᠯᠡᠭᠡᠨ ᠤ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠮᠡᠳᠡᠭᠦᠯᠦᠨ ᠵᠥᠪᠰᠢᠶᠡᠷᠡᠭᠦᠯᠬᠦ | ᠴᠠᠭ ᠤᠨ ᠳᠠᠷᠠᠭᠠᠯᠠᠯ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠲᠥᠯᠥᠪᠵᠢᠭᠦᠯᠭᠡ ᠶᠢᠨ ᠨᠤᠲᠠᠯᠠᠯᠲᠠ᠂ ᠲᠥᠷᠥᠯ ᠵᠦᠢᠯ ᠤᠨ ᠭᠠᠵᠠᠷ ᠰᠣᠩᠭᠤᠬᠤ᠂ ᠭᠦᠢᠴᠡᠳᠭᠡᠯ | ᠲᠤᠭ᠎ᠠ ᠶᠢ ᠳᠣᠭᠢᠷᠠᠭᠤᠯᠬᠤ᠂ ᠭᠠᠵᠠᠷ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠵᠡᠷᠭᠡ ᠲᠠᠯ᠎ᠠ ᠠᠴᠠ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠷᠢᠳᠴᠢᠯᠠᠨ | ᠣᠷᠣᠯᠴᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠬᠦᠰᠦᠨᠦᠭᠲᠦ ᠲᠠᠢ ᠬᠠᠷᠢᠴᠠᠭᠤᠯᠤᠨ᠂ ᠭᠠᠵᠠᠷ ᠬᠡᠷᠡᠭᠯᠡᠬᠦ ᠨᠢᠭᠡᠴᠢ ᠲᠠᠢ ᠰᠠᠨᠠᠭᠠᠴᠢᠯᠠᠭ᠎ᠠ ᠠᠴᠠ ᠪᠠᠨ | ᠵᠣᠯᠭᠠᠭᠤᠯᠵᠤ᠂ ︽ᠰᠠᠨᠠᠭᠠᠴᠢᠯᠠᠭᠠᠲᠤ ᠪᠤᠰᠤ ᠪᠠᠷ ᠬᠦᠯᠢᠶᠡᠬᠦ︾ ᠶᠢ ︽ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠪᠣᠯᠭᠠᠨ ᠬᠤᠪᠢᠷᠠᠭᠤᠯᠪᠠ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠡᠳᠡᠭᠡ ᠵᠠᠩᠭᠢ ᠶᠢᠨ ᠪᠠᠬᠢᠯᠡᠯᠲᠡ ᠶᠢ ᠠᠷᠢᠯᠭᠠᠬᠤ ᠬᠡᠷᠡᠭᠲᠡᠢ᠃ ᠴᠢᠬᠤᠯᠠ ᠶᠡᠭᠡ ᠲᠥᠷᠥᠯ | ᠵᠦᠢᠯ ᠢ ᠲᠤᠰᠬᠠᠶ ᠬᠥᠮᠦᠨ ᠢᠶᠠᠷ ᠠᠩᠬᠠᠷᠤᠭᠤᠯᠤᠨ ᠭᠦᠢᠴᠡᠳᠬᠡᠬᠦ ᠶᠢ ᠬᠡᠷᠡᠭᠵᠢᠭᠦᠯᠵᠦ᠂ ᠴᠢᠬᠤᠯᠠ ᠶᠡᠭᠡ ᠲᠥᠷᠥᠯ ᠵᠦᠢᠯ ᠢ ᠤᠷᠢᠳᠴᠢᠯᠠᠨ ᠣᠷᠣᠯᠴᠠᠵᠤ᠂ ᠤᠷᠢᠳᠠᠪᠠᠷ | ᠬᠢᠨᠠᠨ ᠪᠠᠶᠢᠴᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ︽ᠲᠦᠭᠵᠢᠷᠡᠯ︾ ᠢ ᠦᠢᠯᠡᠴᠢᠯᠡᠭᠡᠨ ᠤ ︽ᠲᠦᠪᠯᠡᠷᠡᠩᠭᠦᠢ ᠴᠡᠭ︾ ᠪᠣᠯᠭᠠᠵᠤ᠂ ᠠᠬᠢᠭᠤᠯᠬᠤ | ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠵᠤ᠂ ᠠᠬᠢᠴᠠ ᠶᠢ ᠮᠡᠳᠡᠭᠳᠡᠨ᠂ ᠪᠠᠶᠢᠳᠠᠯ ᠢ ᠡᠮᠬᠢᠯᠡᠵᠦ᠂ ᠲᠥᠷᠥᠯ ᠵᠦᠢᠯ ᠳᠤ ᠬᠡᠷᠡᠭᠯᠡᠬᠦ ᠭᠠᠵᠠᠷ ᠢ ᠡᠪᠬᠡᠮᠡᠯ ᠪᠠᠶᠢᠭᠤᠯᠤᠨ | ᠮᠡᠳᠡᠭᠦᠯᠦᠨ ᠵᠥᠪᠰᠢᠶᠡᠷᠡᠭᠦᠯᠬᠦ᠂ ᠡᠬᠡ ᠲᠠᠩᠰᠠ ᠶᠢᠨ ᠨᠠᠷᠢᠨ ᠲᠠᠩᠰᠠ ᠶᠢᠨ ᠬᠡᠯᠪᠡᠷᠢ ᠪᠠᠷ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠭᠠᠷᠳᠠᠮ ᠭᠦᠢᠴᠡᠳᠬᠡᠬᠦ ᠶᠢ | ᠢᠳᠡᠪᠬᠢᠲᠡᠶ ᠪᠠᠷ ᠠᠬᠢᠭᠤᠯᠪᠠ᠃ | ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠠᠳᠠᠯᠢ ᠪᠤᠰᠤ ᠰᠠᠯᠠᠭ᠎ᠠ | ᠲᠠᠰᠤᠭ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠲᠠᠲᠠᠵᠤ ᠬᠢᠨᠠᠨ ᠵᠥᠪᠰᠢᠶᠡᠷᠡᠬᠦ ᠲᠤᠰᠬᠠᠶ ᠠᠩᠭᠢ ᠶᠢ ᠬᠠᠮᠲᠤ ᠪᠠᠷ ᠵᠣᠬᠢᠶᠠᠨ ᠪᠠᠶᠢᠭᠤᠯᠵᠤ᠂ | ᠠᠳᠠᠯᠢ ᠪᠤᠰᠤ ᠬᠢᠨᠠᠨ ᠵᠥᠪᠰᠢᠶᠡᠷᠡᠬᠦ ᠭᠤᠭᠴᠤᠭ᠎ᠠ ᠶᠢᠨ ᠴᠤᠪᠤᠷᠠᠯ ᠢ ᠰᠢᠯᠢᠳᠡᠭᠵᠢᠭᠦᠯᠦᠨ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ︽ᠲᠠᠩᠰᠠ ᠡᠪᠬᠡᠮᠡᠯ | ᠪᠠᠶᠢᠭᠤᠯᠤᠨ ᠬᠢᠨᠠᠨ ᠪᠠᠶᠢᠴᠠᠭᠠᠬᠤ + ᠲᠥᠪᠯᠡᠷᠡᠭᠦᠯᠦᠨ ᠬᠢᠨᠠᠨ ᠵᠥᠪᠰᠢᠶᠡᠷᠡᠬᠦ︾ ᠵᠠᠭᠪᠤᠷ ᠢ ᠬᠡᠷᠡᠭᠯᠡᠵᠦ᠂ ᠬᠡᠷᠡᠭᠯᠡᠬᠦ ᠭᠠᠵᠠᠷ ᠤᠨ ︽ᠳᠤᠲᠠᠭᠤ ᠶᠢ ᠭᠥᠯᠢᠶᠡᠨ ᠠᠪᠴᠤ | ᠰᠢᠢᠳᠪᠦᠷᠢᠯᠡᠬᠦ︾᠂ ︽ᠨᠢᠭᠡ ᠲᠠᠯ᠎ᠠ ᠪᠠᠷ ᠳᠤᠭᠤᠶᠢᠯᠠᠩ ᠪᠠᠶᠢᠭᠤᠯᠵᠤ ᠨᠢᠭᠡ ᠲᠠᠯ᠎ᠠ ᠪᠠᠷ ᠬᠢᠨᠠᠬᠤ︾ ᠶᠢ ᠬᠡᠷᠡᠭᠵᠢᠭᠦᠯᠦᠨ᠂ ︽ᠲᠠᠩᠰᠠ ᠡᠪᠬᠡᠮᠡᠯ ᠪᠠᠶᠢᠭᠤᠯᠬᠤ + ᠬᠢᠨᠠᠨ | ᠪᠠᠶᠢᠴᠠᠭᠠᠬᠤ︾ ᠶᠢ ᠵᠡᠷᠭᠡᠪᠡᠷ ᠬᠤᠯᠪᠣᠭᠠᠯᠠᠨ ᠠᠬᠢᠭᠤᠯᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠ ᠶᠠᠰᠤ | ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃ | |