ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠳᠣᠷᠣᠭᠰᠢ ︽ | ᠮᠡᠳᠡᠭᠳᠡᠯ︾ ᠭᠡᠵᠦ ᠲᠣᠪᠴᠢᠯᠠᠨ᠎ᠠ︶ ᠢ ᠲᠤᠭᠤᠷᠪᠢᠪᠠ᠃ ᠡᠳᠦᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠵᠣᠷᠢᠯᠭ᠎ᠠ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠭᠤᠰᠢᠯᠠᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠤᠯᠢ ᠶᠢᠨ ᠬᠤᠷᠢᠳᠤᠭᠠᠷ | ᠵᠦᠢᠯ ᠢ ᠨᠠᠶᠢᠳᠠᠪᠤᠷᠢᠵᠢᠭᠤᠯᠤᠨ᠂ ᠨᠡᠭᠡᠭᠡᠨ ᠮᠠᠯᠲᠠᠬᠤ ᠶᠢ ᠬᠢᠵᠠᠭᠠᠷᠯᠠᠬᠤ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠰᠢᠲᠠᠮᠠᠬᠠᠶ ᠬᠡᠢ ᠶᠢᠨ ᠪᠤᠰᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠬᠤ ᠠᠵᠢᠯ ᠢ | ᠵᠢᠷᠤᠮᠵᠢᠭᠤᠯᠤᠨ᠂ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ | ᠵᠦᠢ ᠵᠣᠬᠢᠰᠲᠠᠶ ᠠᠰᠢᠭᠯᠠᠬᠤ ᠪᠠ ᠪᠣᠬᠢᠷᠲᠤᠯ ᠦᠭᠡᠶ ᠨᠡᠭᠡᠭᠡᠬᠦ ᠶᠢ ᠠᠬᠢᠭᠤᠯᠬᠤ ᠬᠡᠷᠡᠭᠲᠡᠶ᠃ | ᠬᠤᠶᠠᠷ᠂ ᠠᠬᠤᠢ ᠪᠠᠶᠢᠳᠠᠯ | ᠣᠶᠢᠷ᠎ᠠ ᠶᠢᠨ ᠵᠢᠯ ᠤᠳ ᠲᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠬᠦ ᠲᠦᠷᠢᠮ ᠤᠨ | ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠤᠷᠢᠳ ᠬᠤᠵᠢᠳ ᠠᠯᠢ ᠣᠯᠠᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠯᠠᠪᠳᠠᠭᠤᠨ ᠢᠶᠠᠷ ᠳᠥᠯᠭᠢᠨ ᠠᠬᠢᠭᠤᠯᠵᠤ᠂ ᠢᠳᠡᠪᠬᠢᠲᠡᠶ ᠦᠷ᠎ᠡ ᠪᠦᠲᠦᠮᠵᠢ | ᠤᠯᠪᠠ᠃ 2024 ᠣᠨ ᠤ 7 ᠳ᠋ᠤᠭᠠᠷ ᠰᠠᠷ᠎ᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ︽ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ︵ᠰᠢᠲᠠᠮᠠᠬᠠᠶ ᠬᠡᠶ ᠶᠢᠨ ᠪᠤᠰᠤ︶ ᠢ ᠨᠡᠭᠡᠭᠡᠨ ᠠᠰᠢᠭᠯᠠᠬᠤ ᠲᠥᠰᠦᠯ ᠢ ᠨᠠᠶᠢᠷᠠᠭᠤᠯᠤᠨ ᠵᠣᠬᠢᠶᠠᠬᠤ ᠵᠦᠭᠯᠡᠭᠦᠷ︾ ︵ᠪᠠᠶᠢᠭᠠᠯᠢ ᠶᠢᠨ ᠡᠬᠢ ᠪᠠᠶᠠᠯᠢᠭ | ᠠᠯᠪᠠᠨ ᠲᠠᠷᠬᠠᠭᠠᠭᠰᠠᠨ ﹇2024﹈ 33 ᠳ᠋ᠤᠭᠠᠷ ᠲᠣᠭᠠᠲᠤ᠂ ᠳᠣᠷᠣᠭᠰᠢ ︽ᠨᠠᠶᠢᠷᠠᠭᠤᠯᠤᠨ ᠵᠣᠬᠢᠶᠠᠬᠤ ᠵᠦᠭᠯᠡᠭᠦᠷ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠵᠤ᠂ ᠪᠥᠬᠦ ᠤᠯᠤᠰ ᠤᠨ ᠨᠡᠭᠡᠭᠡᠨ ᠠᠰᠢᠭᠯᠠᠬᠤ ᠲᠥᠰᠦᠯ ᠢ ᠨᠠᠶᠢᠷᠠᠭᠤᠯᠤᠨ ᠵᠣᠬᠢᠶᠠᠵᠤ᠂ ᠬᠢᠨᠠᠨ ᠪᠠᠶᠢᠴᠠᠭᠠᠬᠤ ᠳᠤ ᠰᠢᠨ᠎ᠡ ᠱᠠᠭᠠᠷᠳᠠᠯᠭ᠎ᠠ ᠳᠤᠷᠠᠳᠴᠤ᠂ | ᠬᠠᠮᠢᠶ᠎ᠠ ᠪᠥᠬᠦᠶ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠶ ᠬᠡᠶ ᠶᠢᠨ ᠠᠭᠤᠷᠬᠠᠶ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠬᠤ ᠶᠢᠨ ᠲᠥᠯᠥᠭᠡ᠂ ᠮᠠᠨ ᠤ ᠲᠢᠩᠬᠢᠮ ︽ᠮᠡᠳᠡᠭᠳᠡᠯ︾ ᠢ | ᠲᠤᠭᠤᠷᠪᠢᠪᠠ᠃ | ᠭᠤᠷᠪᠠ᠂ ᠦᠨᠳᠦᠰᠦᠯᠡᠯ | ᠭᠤᠤᠯ ᠪᠣᠯᠬᠤ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠪᠣᠯ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ︾᠂ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠳᠡᠩᠰᠡᠯᠡᠨ | ᠬᠠᠮᠢᠶᠠᠷᠬᠤ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 241 ᠳ᠋ᠦ᠋ᠭᠡᠷ ᠲᠣᠭᠠᠲᠤ︶᠂ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ | ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠶᠢ ᠳᠡᠩᠰᠡᠯᠡᠨ ᠬᠠᠮᠢᠶᠠᠷᠬᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠤ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠲᠣᠭᠲᠠᠭᠠᠯ ﹇2023﹈ 4 ᠳ᠋ᠦ᠋ᠭᠡᠷ ᠲᠣᠭᠠᠲᠤ︶᠂ ︽ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠦᠢᠯᠡᠰ ᠤᠳ ᠤᠨ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ︾ | ︵ᠪᠠᠶᠢᠭᠠᠯᠢ ᠶᠢᠨ ᠡᠬᠢ ᠪᠠᠶᠠᠯᠢᠭ ᠲᠣᠭᠲᠠᠭᠠᠯ ﹇2023﹈ 6 ᠳ᠋ᠤᠭᠠᠷ ᠲᠣᠭᠠᠲᠤ︶᠂ ︽ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠮᠢ ᠠᠬᠤᠶ ᠶᠢᠨ | ᠣᠷᠴᠢᠨ ᠲᠣᠭᠤᠷᠢᠨ ᠤ ᠶᠠᠮᠤᠨ ᠡᠳ᠋ ᠤᠨ ᠵᠠᠰᠠᠭ ᠤᠨ ᠶᠠᠮᠤᠨ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠵᠦᠪᠯᠡᠯ ᠤᠯᠤᠰ ᠤᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠲᠣᠭᠲᠠᠭᠠᠯ ﹇2024﹈ 1 ᠳ᠋ᠦ᠋ᠭᠡᠷ | ᠲᠣᠭᠠᠲᠤ︶᠃ | ᠳᠥᠷᠪᠡ᠂ ᠭᠤᠤᠯ ᠠᠭᠤᠯᠭ᠎ᠠ | ︽ᠮᠡᠳᠡᠭᠳᠡᠯ︾ ᠳᠤ ᠬᠢᠨᠠᠨ ᠪᠠᠶᠢᠴᠠᠭᠠᠬᠤ ᠡᠷᠬᠡ ᠮᠡᠳᠡᠯ᠂ ᠬᠢᠨᠠᠨ ᠪᠠᠶᠢᠴᠠᠭᠠᠬᠤ ᠬᠦᠷᠢᠶ᠎ᠡ ᠬᠡᠪᠴᠢᠶ᠎ᠡ᠂ ᠬᠢᠨᠠᠨ ᠪᠠᠶᠢᠴᠠᠭᠠᠬᠤ ᠴᠠᠭ ᠤᠨ ᠬᠢᠵᠠᠭᠠᠷ᠂ ᠬᠢᠨᠠᠨ | ᠪᠠᠶᠢᠴᠠᠭᠠᠬᠤ ᠱᠠᠭᠠᠷᠳᠠᠯᠭ᠎ᠠ᠂ ᠪᠤᠰᠤᠳ ᠱᠠᠭᠠᠷᠳᠠᠯᠭ᠎ᠠ ᠵᠡᠷᠭᠡ ᠲᠠᠪᠤᠨ ᠬᠡᠰᠡᠭ ᠠᠭᠤᠯᠭ᠎ᠠ ᠪᠠᠷ ᠪᠦᠷᠢᠯᠳᠦᠵᠡᠶ᠃ | ︵ᠨᠢᠭᠡ︶ ᠬᠢᠨᠠᠨ ᠪᠠᠶᠢᠴᠠᠭᠠᠬᠤ ᠡᠷᠬᠡ ᠶᠢᠨ ᠬᠡᠪᠴᠢᠶ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠰᠢᠯᠵᠢᠭᠦᠯᠦᠨ ᠬᠤᠳᠠᠯᠳᠤᠬᠤ ᠶᠢ | ᠳᠠᠩᠰᠠᠯᠠᠨ ᠲᠡᠮᠳᠡᠭᠯᠡᠬᠦ ᠡᠷᠬᠡ ᠮᠡᠳᠡᠯ ᠤᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠬᠤ ᠠᠵᠢᠯ ᠤᠨ ᠭᠤᠣᠯ | ᠴᠣᠭᠴᠠ ᠶᠢ ᠲᠣᠳᠣᠷᠬᠠᠶᠢᠯᠠᠪᠠ᠃ | ︵ᠬᠤᠶᠠᠷ︶ ᠬᠢᠨᠠᠨ ᠪᠠᠶᠢᠴᠠᠭᠠᠬᠤ ᠬᠦᠷᠢᠶ᠎ᠡ ᠬᠡᠪᠴᠢᠶ᠎ᠡ᠃ 4 ᠵᠦᠢᠯ ᠤᠨ ᠪᠠᠶᠢᠳᠠᠯ ᠨᠢ ︽ ᠨᠠᠶᠢᠷᠠᠭᠤᠯᠤᠨ ᠵᠣᠬᠢᠶᠠᠬᠤ ᠵᠦᠭᠯᠡᠭᠦᠷ︾ ᠤᠨ ᠱᠠᠭᠠᠷᠳᠠᠯᠭ᠎ᠠ | ᠶᠣᠰᠣᠭᠠᠷ ᠨᠡᠭᠡᠭᠡᠨ ᠠᠰᠢᠭᠯᠠᠬᠤ ᠲᠥᠰᠥᠯ ᠵᠤᠬᠢᠶᠠᠪᠠ᠃ | ︵ᠭᠤᠷᠪᠠ︶ ᠬᠢᠨᠠᠨ ᠪᠠᠶᠢᠴᠠᠭᠠᠬᠤ ᠴᠠᠭ ᠤᠨ ᠬᠢᠵᠠᠭᠠᠷ᠃ ᠬᠢᠨᠠᠨ ᠪᠠᠶᠢᠴᠠᠭᠠᠬᠤ ᠭᠤᠣᠯ ᠴᠣᠭᠴᠠ ᠶᠢᠨ ᠭᠤᠶᠤᠴᠢᠯᠠᠯ ᠢ ᠣᠯᠬᠤ ᠠᠴᠠ ᠬᠢᠨᠠᠨ | ᠪᠠᠶᠢᠴᠠᠭᠠᠬᠤ ᠶᠢ ᠪᠡᠶᠡᠯᠡᠭᠦᠯᠬᠦ᠂ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ᠂ ᠭᠤᠶᠤᠴᠢᠯᠠᠭᠴᠢ ᠶᠢᠨ ᠵᠠᠰᠠᠪᠤᠷᠢ ᠣᠷᠣᠭᠤᠯᠵᠤ ᠨᠦᠬᠦᠵᠦ | ᠮᠡᠳᠡᠭᠦᠯᠬᠦ ᠵᠡᠷᠭᠡ ᠵᠦᠢᠯᠡᠰ ᠤᠨ ᠪᠣᠳᠠᠲᠠᠶ ᠴᠠᠭ ᠤᠨ ᠬᠢᠵᠠᠭᠠᠷ ᠢ ᠲᠣᠳᠣᠷᠬᠠᠶᠢᠯᠠᠬᠤ ᠶᠢᠨ ᠬᠠᠮᠲᠤ ᠬᠢᠨᠠᠨ ᠪᠠᠶᠢᠴᠠᠭᠠᠭᠰᠠᠨ ᠰᠠᠨᠠᠯ ᠢ ᠢᠯᠡ ᠨᠡᠶᠢᠲᠡᠯᠡᠬᠦ᠂ ᠬᠠᠷᠢᠭᠤ | ᠲᠤᠰᠬᠠᠬᠤ᠂ ᠵᠠᠰᠠᠪᠤᠷᠢ ᠣᠷᠣᠭᠤᠯᠬᠤ ᠲᠥᠰᠦᠯ ᠵᠡᠷᠭᠡ ᠵᠦᠢᠯᠡᠰ ᠢ ᠨᠠᠷᠢᠯᠢᠬᠵᠢᠭᠤᠯᠬᠤ ᠱᠠᠭᠠᠷᠳᠠᠯᠭ᠎ᠠ ᠭᠠᠷᠭᠠᠪᠠ᠃ | ︵ᠲᠦᠷᠪᠡ︶ ᠬᠢᠨᠠᠨ ᠪᠠᠶᠢᠴᠠᠭᠠᠬᠤ ᠱᠠᠭᠠᠷᠳᠠᠯᠭ᠎ᠠ᠃ ᠭᠤᠶᠤᠴᠢᠯᠠᠭᠴᠢ ᠶᠢᠨ ᠬᠢᠨᠠᠨ ᠪᠠᠶᠢᠴᠠᠭᠠᠬᠤ ᠳᠤ ᠬᠡᠷᠡᠭᠰᠡᠬᠦ ᠮᠠᠲ᠋ᠧᠷᠢᠶᠠᠯ᠂ ᠨᠡᠭᠡᠭᠡᠨ ᠠᠰᠢᠭᠯᠠᠬᠤ | ᠲᠥᠰᠦᠯ ᠢ ᠬᠢᠨᠠᠨ ᠪᠠᠶᠢᠴᠠᠭᠠᠬᠤ ᠠᠭᠤᠯᠭ᠎ᠠ᠂ ᠬᠢᠨᠠᠨ ᠪᠠᠶᠢᠴᠠᠭᠠᠬᠤ ᠲᠤᠰᠬᠠᠢ ᠮᠡᠷᠭᠡᠵᠢᠯᠲᠡᠨ ᠤ ᠰᠣᠩᠭᠤᠨ ᠠᠪᠬᠤ ᠵᠠᠷᠴᠢᠮ ᠵᠡᠷᠭᠡ ᠪᠣᠳᠠᠲᠠᠢ ᠱᠠᠭᠠᠷᠳᠠᠯᠭ᠎ᠠ ᠶᠢ | ᠲᠣᠳᠣᠷᠬᠠᠶᠢᠯᠠᠪᠠ᠃ | ︵ᠲᠠᠪᠤ︶ ᠪᠤᠰᠤᠳ ᠱᠠᠭᠠᠷᠳᠠᠯᠭ᠎ᠠ᠃ ᠬᠢᠨᠠᠨ ᠪᠠᠶᠢᠴᠠᠭᠠᠬᠤ ᠨᠢᠭᠡᠴᠢ ᠶᠢ ᠬᠢᠨᠠᠨ ᠪᠠᠶᠢᠴᠠᠭᠠᠬᠤ ᠠᠵᠢᠯ ᠤᠨ ᠬᠠᠮᠢᠶ᠎ᠠ ᠪᠥᠬᠦᠶ ᠵᠦᠢᠯᠡᠰ ᠢ | ᠨᠠᠷᠢᠯᠢᠬᠵᠢᠭᠤᠯᠵᠤ᠂ ᠬᠠᠮᠢᠶ᠎ᠠ ᠪᠥᠬᠦᠶ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠠᠶᠢᠮᠠᠭ ᠬᠤᠲᠠ ᠳᠤ ᠵᠢᠯᠣᠭᠤᠳᠬᠤ ᠠᠵᠢᠯ | ᠥᠷᠨᠢᠭᠦᠯᠬᠦ ᠶᠢ ᠱᠠᠭᠠᠷᠳᠠᠪᠠ᠃ | |