10 ᠳ᠋ᠤᠭᠠᠷ ᠰᠠᠷ᠎ᠠ ᠶᠢᠨ 18 ᠤ ᠡᠳᠦᠷ᠂ ᠡᠳ᠋ ᠤᠨ ᠵᠠᠰᠠᠭ ᠤᠨ ᠶᠠᠮᠤᠨ ᠤ ᠰᠦᠯᠵᠢᠶᠡᠨ ᠤ ᠥᠷᠲᠡᠭᠡ ᠠᠭᠤᠯᠠ ᠤᠰᠤᠨ ᠤ ᠢᠨᠵᠧᠨᠧᠷᠢᠩ ᠤᠨ ᠬᠤᠶᠠᠳᠤᠭᠠᠷ | ᠪᠦᠯᠦᠭ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠂ ᠪᠠᠶᠠᠨᠨᠠᠭᠤᠷ ᠬᠤᠲᠠ ᠶᠢᠨ ᠤᠯᠠᠭᠠᠨᠰᠤᠬᠠᠢ ᠶᠢᠨ ᠰᠠᠪᠠ ᠭᠠᠵᠠᠷ ᠤᠨ ᠠᠭᠤᠯᠠ ᠤᠰᠤ ᠣᠢ ᠲᠠᠷᠢᠶ᠎ᠠ | ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ — ᠤᠰᠤᠨ ᠤ ᠤᠷᠭᠤᠮᠠᠯ ᠢ ᠡᠬᠢ ᠪᠠᠶᠠᠯᠢᠭᠵᠢᠭᠤᠯᠤᠨ | ᠶᠡᠷᠦᠩᠬᠡᠶᠢᠯᠡᠨ ᠰᠢᠢᠳᠪᠦᠷᠢᠯᠡᠬᠦ ᠲᠥᠷᠥᠯ ᠵᠦᠢᠯ 18 ᠨᠡᠶᠢᠲᠡᠯᠢᠭ ᠬᠡᠷᠡᠭ ᠤᠨ ᠵᠢᠱᠢᠶ᠎ᠡ ᠳᠤ ᠵᠢᠭᠰᠠᠭᠠᠭᠳᠠᠪᠠ᠃ | ᠤᠰᠤᠨ ᠤ ᠤᠷᠭᠤᠮᠠᠯ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠰᠢᠢᠳᠪᠦᠷᠢᠯᠡᠬᠦ ᠢᠨᠵᠧᠨᠧᠷᠢᠩ ᠪᠣᠯ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ | ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ ᠪᠣᠯᠬᠤ ᠤᠯᠠᠭᠠᠨᠰᠤᠬᠠᠢ | ᠨᠠᠭᠤᠷ ᠤᠨ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠤᠨ ᠨᠢᠭᠡ ᠪᠣᠯᠤᠨ᠎ᠠ᠂ ᠶᠡᠷᠦᠩᠬᠡᠢ ᠪᠡᠯᠡ | ᠣᠷᠣᠭᠤᠯᠤᠯᠲᠠ ᠨᠢ 2.6 ᠳ᠋ᠦᠩᠰᠢᠭᠤᠷ ᠲᠥᠭᠦᠷᠢᠭ᠂ ᠬᠡᠷᠡᠭᠯᠡᠭᠰᠡᠨ ᠭᠠᠵᠠᠷ ᠨᠢ ᠪᠠᠷᠤᠭ 10 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠦᠷᠭᠦᠯᠵᠢᠯᠡᠨ | ᠲᠡᠭᠰᠢ ᠳᠠᠷᠤᠰᠢᠭᠤᠯᠤᠭᠰᠠᠨ ᠰᠢᠨ᠎ᠡ ᠶᠢ ᠡᠭᠦᠳᠦᠯᠲᠡ ᠶᠢᠨ ᠲᠤᠰᠬᠠᠢ ᠠᠰᠢᠭ ᠤᠨ ᠮᠡᠷᠭᠡᠵᠢᠯ ᠢ ᠬᠡᠷᠡᠭᠯᠡᠵᠦ᠂ ᠤᠯᠠᠭᠠᠨᠰᠤᠬᠠᠢ ᠨᠠᠭᠤᠷ ᠤᠨ ᠣᠷᠣᠨ ᠤ ᠡᠯᠪᠡᠭ ᠪᠠᠶᠠᠯᠢᠭ | ᠬᠤᠯᠤᠰᠤ ᠪᠠᠷ ᠲᠦᠭᠦᠬᠡᠢ ᠮᠠᠲ᠋ᠧᠷᠢᠶᠠᠯ ᠪᠣᠯᠭᠠᠵᠤ᠂ ᠭᠡᠷ ᠤᠨ ᠬᠡᠷᠡᠭᠰᠡᠯ ᠤᠨ ᠴᠢᠬᠤᠯᠠ ᠰᠠᠭᠤᠷᠢ ᠮᠠᠲ᠋ᠧᠷᠢᠶᠠᠯ — ᠪᠣᠬᠢᠷᠳᠤᠯ ᠦᠭᠡᠢ ᠠᠯᠳᠧᠾᠢᠳ᠋ ᠦᠭᠡᠢ ᠬᠤᠯᠤᠰᠤ | ᠬᠠᠷᠤᠭᠤᠯᠳᠠᠰᠤᠨ ᠬᠠᠪᠲᠠᠰᠤ ᠶᠢ ᠦᠢᠯᠡᠳᠪᠦᠷᠢᠯᠡᠵᠦ᠂ ᠵᠢᠯ ᠤᠨ ᠭᠠᠷᠤᠯᠲᠠ ᠨᠢ 15 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠴᠡᠢ᠃ | ᠲᠥᠷᠥᠯ ᠵᠦᠢᠯ ᠢ ᠪᠠᠷᠢᠮᠵᠢᠶ᠎ᠠ ᠳᠤ ᠬᠦᠷᠦᠭᠦᠯᠦᠨ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠪᠦᠷᠢ ᠤᠯᠠᠭᠠᠨᠰᠤᠬᠠᠢ ᠨᠠᠭᠤᠷ ᠤᠨ ᠬᠤᠯᠤᠰᠤ ᠶᠢ 8 ᠲᠦᠮᠡ | ᠭᠠᠷᠤᠶ ᠲᠣᠨ ᠵᠠᠷᠤᠵᠤ ᠬᠤᠷᠤᠭᠠᠬᠤ ᠪᠦᠭᠡᠳ ᠡᠷᠭᠢᠨ ᠲᠣᠭᠤᠷᠢᠨ ᠤ 500 ᠺᠢᠯᠤᠮᠧᠲᠷ ᠭᠠᠵᠠᠷ ᠲᠠᠬᠢ ᠬᠤᠯᠤᠰᠤ ᠶᠢ ᠴᠦ ᠪᠦᠬᠦᠨ ᠢ ᠵᠠᠷᠤᠵᠤ ᠬᠤᠷᠤᠭᠠᠨ᠂ | ᠤᠯᠠᠭᠠᠨᠰᠤᠬᠠᠢ ᠨᠠᠭᠤᠷ ᠤᠨ ᠣᠷᠣᠨ ᠪᠦᠰᠡ ᠶᠢᠨ ᠬᠤᠯᠤᠰᠤ ᠶᠢ ᠬᠤᠣᠷ ᠦᠭᠡᠢ ᠪᠣᠯᠭᠠᠨ ᠰᠢᠢᠳᠪᠦᠷᠢᠯᠡᠬᠦ᠂ ᠡᠬᠢ ᠪᠠᠶᠠᠯᠢᠭᠵᠢᠭᠤᠯᠤᠨ ᠠᠰᠢᠭᠯᠠᠬᠤ ᠶᠢ ᠤᠯᠠᠮ ᠨᠢᠭᠡ | ᠠᠯᠬᠤᠮ ᠪᠡᠶᠡᠯᠡᠭᠦᠯᠵᠦ᠂ ᠬᠤᠯᠤᠰᠤᠨ ᠤ ᠡᠰᠢ ᠰᠦᠷᠡᠯ ᠪᠠ ᠬᠤᠯᠤᠰᠤᠨ ᠤ ᠴᠡᠴᠡᠭ ᠢ ᠢᠯᠵᠠᠷᠠᠭᠤᠯᠤᠭᠰᠠᠨ ᠤ ᠳᠠᠷᠠᠭ᠎ᠠ ᠨᠠᠭᠤᠷ ᠤᠨ ᠣᠷᠣᠨ ᠳᠤ ᠪᠣᠶ ᠪᠣᠯᠤᠭᠰᠠᠨ | ᠪᠣᠬᠢᠷᠲᠤᠯ ᠢ ᠪᠦᠲᠦᠮᠵᠢᠲᠡᠶ ᠨᠠᠮᠳᠠᠭᠤᠯᠬᠤ ᠶᠢᠨ ᠬᠠᠮᠲᠤ ᠪᠠᠰᠠ ᠬᠤᠶᠠᠳᠤᠭᠠᠷ ᠵᠢᠯ ᠤᠨ ᠬᠤᠯᠤᠰᠤᠨ ᠤ ᠬᠡᠪ ᠤᠨ ᠥᠰᠥᠯᠲᠡ ᠶᠢ ᠪᠠᠲᠤᠯᠠᠵᠤ᠂ ᠲᠡᠭᠦᠨ ᠤ ︽ | ᠴᠡᠪᠡᠷᠵᠢᠭᠦᠯᠦᠭᠴᠢ︾᠂ ︽ᠬᠠᠯᠬᠠᠪᠴᠢ ᠬᠡᠷᠡᠮ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤᠨ ᠤ ᠤᠷᠭᠤᠮᠠᠯ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ | ᠰᠢᠢᠳᠪᠦᠷᠢᠯᠡᠬᠦ ᠳᠤᠮᠳᠠ ︽ᠠᠮᠢ ᠠᠬᠤᠢ ᠶᠢ ᠵᠠᠰᠠᠬᠤ + ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ︾ ᠵᠡᠷᠭᠡ ᠣᠯᠠᠨ ᠡᠰᠢᠲᠦ ᠬᠥᠭᠵᠢᠯᠲᠡ ᠶᠢᠨ | ᠵᠠᠭᠪᠤᠷ ᠢ ᠪᠦᠷᠢᠯᠳᠦᠭᠦᠯᠪᠡ᠃ | ᠲᠤᠰ ᠲᠦᠷᠦᠯ ᠵᠦᠢᠯ ᠨᠢ ᠨᠠᠭᠤᠷ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠵᠦ᠂ ᠤᠯᠠᠭᠠᠨᠰᠤᠬᠠᠢ ᠨᠠᠭᠤᠷ ᠤᠨ ᠣᠷᠣᠨ | ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠢᠳᠡᠪᠬᠢᠵᠢᠯ ᠢ ᠳᠡᠭᠡᠭᠰᠢᠯᠡᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠢ | ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠬᠤᠯᠤᠰᠤᠲᠤ ᠲᠠᠷᠢᠶᠠᠯᠠᠩ ᠪᠣᠯᠤᠨ ᠬᠤᠯᠤᠰᠤᠲᠤ ᠲᠠᠯᠠᠪᠠᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ | ᠣᠷᠣᠯᠭ᠎ᠠ ᠶᠢ ᠨᠡᠮᠡᠭᠳᠡᠭᠦᠯᠵᠦ᠂ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠰᠠᠶᠢᠨ | ᠣᠷᠴᠢᠯ ᠢ ᠪᠦᠷᠢᠯᠳᠦᠭᠦᠯᠬᠦ ᠶᠢ ᠪᠠᠲᠤᠯᠠᠬᠤ ᠳᠤ ᠠᠰᠢᠭᠲᠠᠢ ᠶᠤᠮ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠶᠢ | 3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠤᠬᠠᠶ ᠶᠢᠨ ᠭᠠᠵᠠᠷ ᠤᠨ ᠬᠤᠯᠤᠰᠤᠨ ᠪᠣᠷᠣᠯᠠᠭᠤᠯᠤᠯᠲᠠ ᠶᠢᠨ ᠣᠷᠣᠯᠭ᠎ᠠ ᠶᠢ 6000 ᠲᠦᠮᠡᠨ ᠲᠥᠭᠦᠷᠢᠭ ᠠᠴᠠ | ᠳᠡᠭᠡᠭᠰᠢ ᠨᠡᠮᠡᠭᠳᠡᠭᠦᠯᠪᠡ᠃ ᠡᠭᠦᠨ ᠠᠴᠠ ᠭᠠᠳᠠᠨ᠎ᠠ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ᠂ ᠪᠠᠯᠠ ᠣᠷᠣᠭᠤᠯᠤᠨ | ᠬᠠᠮᠲᠤᠷᠠᠯᠴᠠᠬᠤ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠠᠵᠢᠯᠯᠠᠭᠠᠨ ᠤ ᠵᠠᠭᠪᠤᠷ ᠢ ᠪᠣᠶ | ᠪᠣᠯᠭᠠᠵᠤ᠂ ᠨᠠᠭᠤᠷ ᠴᠥᠭᠦᠷᠥᠮ ᠨᠤᠭᠤ ᠭᠠᠵᠠᠷ ᠤᠨ ᠳᠣᠲᠣᠷᠠᠬᠢ ᠡᠬᠢ ᠰᠤᠷᠪᠤᠯᠵᠢ ᠶᠢ ᠪᠣᠬᠢᠷᠲᠤᠭᠤᠯᠵᠤ ᠠᠮᠢ ᠠᠬᠤᠶ ᠶᠢ ᠠᠵᠤ ᠦᠢᠯᠡᠰᠵᠢᠭᠦᠯᠦᠨ ᠵᠠᠰᠠᠬᠤ ᠴᠤ᠋ | ᠰᠢᠨ᠎ᠡ ᠠᠷᠭ᠎ᠠ ᠵᠠᠮ ᠢ ᠪᠣᠶ ᠪᠣᠯᠭᠠᠵᠤ᠂ ᠪᠠᠷᠠᠭᠤᠨ ᠣᠷᠣᠨ ᠤ ᠬᠥᠭᠵᠢᠭᠡᠳᠦᠶ ᠂ ᠠᠮᠢ ᠠᠬᠤᠶ ᠬᠡᠪᠡᠷᠡᠭ ᠭᠠᠵᠠᠷ ᠣᠷᠣᠨ ᠳᠤ ︽ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠨᠣᠯ ᠢ ᠦᠢᠯᠡᠳᠦᠯᠭᠡᠵᠢᠭᠦᠯᠵᠦ᠂ ︽ᠠᠭᠤᠯᠠ ᠤᠰᠤ ᠣᠶ ᠲᠠᠷᠢᠶ᠎ᠠ ᠨᠠᠭᠤᠷ ᠪᠡᠯᠴᠢᠭᠡᠷ ᠡᠯᠡᠰᠦ ᠪᠣᠯ ᠠᠮᠢ ᠨᠠᠰᠤᠨ ᠤ | ᠬᠠᠮᠲᠤ ᠶᠢᠨ ᠴᠣᠭᠴᠠ ᠮᠥᠨ︾ ᠭᠡᠬᠦ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠣᠬᠢᠷᠲᠤᠯ ᠥᠬᠡᠶ | ᠬᠥᠭᠵᠢᠯᠲᠡ ᠶᠢ ᠪᠡᠶᠡᠯᠡᠭᠦᠯᠬᠦ ᠳᠤ ᠲᠣᠯᠢᠯᠠᠵᠤ ᠪᠣᠯᠬᠤ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠪᠡ᠃ | |