ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠳᠤ ᠨᠠᠩ ᠰᠠᠶᠢᠲᠤᠷ ᠵᠣᠬᠢᠴᠠᠵᠤ᠂ ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠤᠨ | ᠬᠠᠮᠢᠶᠠᠷᠤᠯᠲᠠ ᠦᠢᠯᠡᠴᠢᠯᠡᠭᠡᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ᠬᠠᠮᠢᠶᠠᠷᠤᠯᠲᠠ ᠪᠠ ᠦᠢᠯᠡᠴᠢᠯᠡᠭᠡᠨ ᠤ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠵᠦ ᠰᠢᠪᠲᠤᠯᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ | ᠲᠤᠯᠭᠠᠭᠤᠷᠢᠯᠠᠨ᠂ ᠤᠯᠤᠰ ᠤᠨ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠤ ᠪᠠᠲᠤᠯᠠᠭ᠎ᠠ ᠪᠠ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠳᠤ ᠦᠢᠯᠡᠴᠢᠯᠡᠬᠦ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ︽ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠬᠠᠤᠯᠢ︾᠂ ︽ᠭᠠᠵᠠᠷ ᠰᠢᠨᠵᠢᠯᠡᠭᠡᠨ ᠤ ᠮᠠᠲ᠋ᠧᠷᠢᠶᠠᠯ ᠤᠨ ᠬᠠᠮᠢᠶᠠᠷᠤᠯᠲᠠ ᠶᠢᠨ ᠲᠦᠷᠢᠮ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ | ᠦᠨᠳᠦᠰᠦᠯᠡᠨ᠂ ︽ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠪᠠᠶᠢᠭᠠᠯᠢ ᠶᠢᠨ ᠡᠬᠢ ᠪᠠᠶᠠᠯᠢᠭ | ᠲᠣᠭᠲᠠᠭᠠᠯ ﹇2014﹈ ᠳ᠋ᠦ᠋ᠭᠡᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠤᠨ ᠲᠠᠷᠬᠠᠭᠠᠪᠠ᠃ ᠡᠯ᠎ᠡ | ᠲᠠᠯ᠎ᠠ ᠶᠢᠨ ᠬᠢᠨ ︽ᠠᠷᠭ᠎ᠠ︾ ᠶᠢᠨ ᠭᠤᠣᠯ ᠠᠭᠤᠯᠭ᠎ᠠ ᠶᠢ ᠨᠡᠩ ᠰᠠᠶᠢᠨ ᠣᠶᠢᠯᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠬᠠᠮᠢᠶ᠎ᠠ ᠪᠦᠬᠦᠢ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠪᠠ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠃ | ᠨᠢᠭᠡ᠂ ︽ᠠᠷᠭ᠎ᠠ︾ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠨᠥᠬᠦᠴᠡᠯ ᠪᠠᠶᠢᠳᠠᠯ ᠪᠠ ᠴᠢᠬᠤᠯᠠ ᠴᠢᠨᠠᠷ ᠨᠢ ᠶᠠᠭᠤ ᠪᠣᠶ︖ | ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠪᠣᠯ ᠭᠠᠵᠠᠷ ᠰᠢᠨᠵᠢᠯᠡᠭᠡᠨ ᠤ ᠠᠵᠢᠯ ᠤᠨ ᠳᠤᠮᠳᠠ ᠪᠤᠢ ᠪᠣᠯᠤᠭᠰᠠᠨ ᠴᠢᠯᠠᠭᠤᠯᠢᠭ ᠤᠨ ᠬᠦᠳᠡᠷ᠂ | ᠦᠯᠢᠭᠡᠷ ᠬᠡᠪ᠂ ᠭᠡᠷᠡᠯ ︵ᠨᠢᠮᠭᠡ︶ ᠢᠯᠲᠠᠰᠤ᠂ ᠦᠯᠢᠭᠡᠷ ︵ᠪᠤᠶᠤ ᠳᠠᠭᠠᠯᠲᠠ ᠵᠠᠭᠪᠤᠷ︶ ᠵᠡᠷᠭᠡ ᠪᠣᠳᠠᠲᠤ ᠪᠣᠳᠠᠰ ᠤᠨ ᠵᠠᠭᠪᠤᠷ ᠪᠠᠶᠢᠵᠤ᠂ ᠲᠦᠢᠯ ᠤᠨ | ᠴᠢᠬᠤᠯᠠ ᠨᠡᠭᠡᠭᠡᠨ ᠠᠰᠢᠭᠯᠠᠬᠤ ᠦᠨ᠎ᠡ ᠥᠷᠲᠡᠭ ᠲᠠᠢ ᠪᠠᠶᠢᠵᠤ᠂ ᠤᠯᠤᠰ ᠤᠨ ᠰᠠᠭᠤᠷᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨᠵᠢᠯᠡᠬᠦ | ᠤᠬᠠᠭᠠᠨ ᠮᠡᠷᠭᠡᠵᠢᠯ ᠤᠨ ᠡᠬᠢ ᠪᠠᠶᠠᠯᠢᠭ ᠪᠣᠯᠤᠨ᠎ᠠ᠃ ︽ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ︾ ᠶᠢᠨ ᠬᠤᠷᠢᠨ ᠳᠣᠯᠣᠳᠤᠭᠠᠷ | ᠵᠦᠢᠯ ᠳᠤ ︽ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠶᠢᠨ ᠪᠠᠶᠢᠴᠠᠭᠠᠯᠲᠠ ᠶᠢᠨ ᠴᠢᠯᠠᠭᠤᠯᠢᠭ ᠤᠨ ᠴᠦᠮ᠎ᠡ ᠂ ᠬᠡᠮᠵᠢᠨ ᠲᠤᠷᠰᠢᠬᠤ ᠦᠯᠢᠭᠡᠷ ᠬᠡᠪ | ᠪᠣᠯᠤᠨ ᠪᠤᠰᠤᠳ ᠪᠣᠳᠠᠲᠤ ᠪᠣᠳᠠᠰ ᠤᠨ ᠬᠡᠪ ᠵᠠᠭᠪᠤᠷ ᠤᠨ ᠮᠠᠲ᠋ᠧᠷᠢᠶᠠᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠠᠭᠠᠯᠠᠬᠤ ᠪᠠ ᠬᠠᠳᠠᠭᠠᠯᠠᠬᠤ | ᠬᠡᠷᠡᠭᠲᠡᠢ︾ ᠭᠡᠵᠦ ᠲᠣᠭᠲᠠᠭᠠᠵᠠᠢ᠃ ︽ᠭᠠᠵᠠᠷ ᠰᠢᠨᠵᠢᠯᠡᠭᠡᠨ ᠤ ᠮᠠᠲ᠋ᠧᠷᠢᠶᠠᠯ ᠤᠨ ᠬᠠᠮᠢᠶᠠᠷᠤᠯᠲᠠ ᠶᠢᠨ ᠲᠦᠷᠢᠮ︾ ᠳᠤ ︽ᠤᠯᠤᠰ ᠠᠴᠠ ᠦᠷ᠎ᠡ | ᠪᠦᠲᠦᠭᠡᠯ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ᠂ ᠪᠠᠯᠠᠷ ᠡᠷᠲᠡᠨ ᠤ ᠭᠠᠵᠠᠷ ᠰᠢᠨᠵᠢᠯᠡᠭᠡᠨ ᠤ ᠮᠠᠲ᠋ᠧᠷᠢᠶᠠᠯ ᠪᠠ ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ | ᠮᠠᠲ᠋ᠧᠷᠢᠶᠠᠯ ᠢ ᠨᠢᠭᠡᠳᠦᠯᠲᠡᠶ ᠬᠤᠷᠢᠶᠠᠩᠭᠤᠶᠢᠯᠠᠨ ᠬᠠᠮᠢᠶᠠᠷᠬᠤ ᠶᠢ ᠬᠡᠷᠡᠭᠵᠢᠭᠦᠯᠦᠨ᠎ᠡ︾ ᠭᠡᠵᠦ ᠲᠣᠳᠣᠷᠬᠠᠶ ᠲᠣᠭᠲᠠᠭᠠᠵᠠᠶ᠃ ᠪᠣᠳᠠᠲᠤ ᠪᠣᠳᠠᠰ ᠤᠨ ᠭᠠᠵᠠᠷ | ᠰᠢᠨᠵᠢᠯᠡᠭᠡᠨ ᠤ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠠᠰᠢᠭᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ | ᠲᠥᠯᠥᠭᠡ᠂ 2016 ᠣᠨ ᠳᠤ᠂ ᠤᠤᠯ ᠤᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ︽ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ | ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠭᠠᠵᠠᠷ ᠰᠢᠷᠣᠶ ᠡᠬᠢ ᠪᠠᠶᠠᠯᠢᠭ ᠲᠣᠭᠲᠠᠭᠠᠯ ﹇2016﹈ 11 ᠳ᠋ᠤᠭᠡᠷ ᠲᠣᠭᠠᠲᠤ᠂ ᠳᠣᠷᠣᠭᠰᠢ | 11 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠬᠦᠴᠦᠨ ᠲᠠᠢ ᠬᠤᠭᠤᠴᠠᠭ᠎ᠠ ᠨᠢ 8 ᠵᠢᠯ᠂ ᠬᠠᠮᠢᠶᠠᠷᠤᠯᠲᠠ | ᠦᠢᠯᠡᠴᠢᠯᠡᠭᠡᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠬᠠᠮᠢᠶᠠᠷᠤᠯᠲᠠ ᠶᠢᠨ ᠲᠦᠷᠢᠮ ᠢ ᠵᠠᠪᠰᠠᠷ ᠥᠬᠡᠶ ᠵᠣᠯᠭᠠᠭᠤᠯᠬᠤ ᠶᠢ | ᠦᠨᠡᠨ ᠬᠦ ᠪᠠᠲᠤᠯᠠᠵᠤ᠂ ᠵᠠᠰᠠᠪᠤᠷᠢ ᠣᠷᠣᠭᠤᠯᠬᠤ ᠶᠢᠨ ᠬᠠᠮᠲᠤ ᠳᠠᠬᠢᠨ ᠨᠡᠶᠢᠲᠡᠯᠡᠬᠦ ᠴᠢᠬᠤᠯᠠᠲᠠᠶ ᠪᠠᠶᠢᠨ᠎ᠠ᠃ | ᠰᠢᠨ᠎ᠡ ᠪᠠᠶᠢᠳᠠᠯ ᠳᠣᠣᠷ᠎ᠠ᠂ ᠤᠯᠤᠰ ᠠᠴᠠ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠨ᠎ᠠ᠃ 2022 ᠣᠨ ᠳᠤ᠂ ᠶᠡᠷᠦᠩᠬᠡᠢ ᠱᠦᠵᠢ ᠰᠢ ᠶᠢᠨ ᠫᠢᠩ ᠱᠠᠨᠳᠦ᠋ᠩ ᠮᠤᠵᠢ ᠶᠢᠨ ᠭᠠᠵᠠᠷ ᠰᠢᠨᠵᠢᠯᠡᠭᠡ ᠠᠭᠤᠷᠬᠠᠢ ᠶᠢᠨ ᠡᠬᠢ | ᠪᠠᠶᠠᠯᠢᠭ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠪᠣᠳᠠᠰ ᠤᠨ ᠰᠠᠭᠤᠷᠢ ᠮᠥᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ | ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠨᠢ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠪᠠ ᠤᠯᠤᠰ ᠤᠨ ᠠᠮᠤᠷ ᠲᠦᠪᠰᠢᠨ ᠲᠠᠢ ᠬᠤᠯᠪᠣᠭᠳᠠᠨ᠎ᠠ︾ | ᠭᠡᠵᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭ᠎ᠠ᠂ ᠡᠨᠧᠷᠭᠢ ᠶᠢᠨ ᠡᠬᠢ ᠪᠠᠶᠠᠯᠢᠭ᠂ ᠴᠢᠬᠤᠯᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠠᠮᠤᠷ ᠲᠦᠪᠰᠢᠨ ᠢ ᠪᠠᠲᠤᠯᠠᠬᠤ ᠬᠡᠷᠡᠭᠲᠡᠢ︾ ᠭᠡᠵᠦ ᠴᠢᠬᠤᠯᠠᠴᠢᠯᠠᠪᠠ᠃ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ | ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠰᠢᠲᠠᠮᠠᠬᠠᠢ ᠬᠡᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠡᠷᠴᠢᠮ ᠢᠶᠠᠨ ᠴᠢᠩᠭᠠᠷᠠᠭᠤᠯᠬᠤ︾ ᠬᠡᠷᠡᠭᠲᠡᠢ ᠭᠡᠵᠦ | ᠴᠢᠬᠤᠯᠠᠴᠢᠯᠠᠪᠠ᠃ ᠰᠢᠨ᠎ᠡ ᠪᠠᠶᠢᠳᠠᠯ ᠪᠠ ᠰᠢᠨ᠎ᠡ ᠱᠠᠭᠠᠷᠳᠠᠯᠭ᠎ᠠ ᠳᠤ ᠨᠠᠩ ᠰᠠᠶᠢᠲᠤᠷ ᠵᠣᠬᠢᠴᠠᠬᠤ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠤᠨ ᠣᠷᠳᠣᠨ ᠤ ᠬᠠᠳᠠᠭᠠᠯᠠᠬᠤ ᠪᠠᠶᠢᠭᠤᠯᠤᠮᠵᠢ ᠪᠠ | ᠡᠮᠬᠢᠳᠬᠡᠨ ᠲᠤᠰᠢᠶᠠᠬᠤ ᠠᠵᠢᠯᠲᠠᠨ ᠤ ᠬᠠᠮᠢᠶ᠎ᠠ ᠪᠦᠬᠦᠢ ᠠᠵᠢᠯ ᠥᠷᠨᠢᠭᠦᠯᠬᠦ ᠶᠢ ᠤᠯᠠᠮ ᠨᠢᠭᠡ ᠠᠯᠬᠤᠮ ᠵᠢᠷᠤᠮᠵᠢᠭᠤᠯᠤᠨ ᠵᠢᠯᠣᠭᠤᠳᠴᠤ᠂ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠪᠠ ᠳᠡᠯᠡᠬᠡᠶ ᠶᠢᠨ ᠪᠥᠮᠪᠥᠷᠴᠡᠭ ᠤᠨ ᠰᠢᠰᠲ᠋ᠧᠮ ᠤᠨ ᠰᠢᠨᠵᠢᠯᠡᠬᠦ ᠤᠬᠠᠭᠠᠨ ᠤ | ᠰᠤᠳᠤᠯᠭᠠᠨ ᠵᠡᠷᠭᠡ ᠳᠤ ᠨᠠᠩ ᠪᠠᠶᠠᠯᠢᠭ᠂ ᠳᠥᠭᠦᠮ ᠳᠥᠲᠡ᠂ ᠥᠨᠳᠥᠷ ᠪᠦᠲᠦᠮᠵᠢᠲᠡᠶ ᠪᠣᠳᠠᠲᠤ ᠪᠣᠳᠠᠰ ᠤᠨ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠵᠤ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ︽ᠠᠷᠭ᠎ᠠ︾ ᠶᠢ ᠵᠠᠰᠠᠪᠤᠷᠢ ᠣᠷᠣᠭᠤᠯᠬᠤ ᠶᠢᠨ ᠬᠠᠮᠲᠤ ᠨᠡᠶᠢᠲᠡᠯᠡᠪᠡ᠃ | ᠬᠤᠶᠠᠷ᠂ ︽ᠠᠷᠭ᠎ᠠ︾ ᠳᠤ ᠵᠠᠰᠠᠪᠤᠷᠢ ᠣᠷᠣᠭᠤᠯᠵᠤ ᠡᠵᠡᠮᠳᠡᠬᠦ ᠵᠠᠷᠴᠢᠮ ᠨᠢ ᠶᠠᠭᠤ ᠪᠤᠢ︖ | ︽ᠠᠷᠭ᠎ᠠ︾ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠤ ᠭᠤᠤᠯᠳᠠᠭᠤ ᠳᠣᠤᠷᠠᠬᠢ ᠵᠠᠷᠴᠢᠮ ᠢ ᠡᠵᠡᠮᠳᠡᠨ᠎ᠡ᠄ ᠨᠢᠭᠡ ᠳᠤ᠂ ᠵᠠᠯᠭᠠᠮᠵᠢᠯᠠᠬᠤ ᠪᠠ | ᠬᠥᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠶᠡᠷᠦᠩᠬᠡᠶ ᠳᠤ ᠨᠢ ᠪᠠᠲᠤᠯᠠᠵᠤ᠂ | 11 ᠳ᠋ᠤᠭᠡᠷ ᠲᠣᠭᠠᠲᠤ ᠪᠢᠴᠢᠭ ᠤᠨ ᠪᠠᠶᠢᠭᠤᠯᠤᠭᠰᠠᠨ ᠲᠥᠷᠥᠯ ᠬᠤᠪᠢᠶᠠᠨ ᠳᠡᠰ ᠬᠤᠪᠢᠶᠠᠨ ᠬᠠᠳᠠᠭᠠᠯᠠᠵᠤ ᠬᠠᠮᠢᠶᠠᠷᠬᠤ ᠦᠢᠯᠡᠴᠢᠯᠡᠭᠡᠨ ᠤ ᠲᠣᠭᠲᠠᠴᠠ ᠶᠢ | ᠦᠯᠡᠳᠡᠭᠡᠵᠦ᠂ ᠲᠥᠷᠥᠯ ᠬᠤᠪᠢᠶᠠᠨ ᠰᠢᠭᠰᠢᠨ ᠰᠣᠩᠭᠤᠬᠤ ᠠᠵᠢᠯ ᠤᠨ ᠶᠠᠪᠤᠴᠠ ᠶᠢ ᠵᠣᠬᠢᠰᠲᠠᠶ ᠲᠣᠬᠢᠷᠠᠭᠤᠯᠤᠨ ᠰᠢᠯᠢᠳᠡᠭᠵᠢᠭᠦᠯᠦᠨ᠎ᠡ᠃ ᠬᠤᠶᠠᠷ ᠲᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠵᠠᠷᠴᠢᠮ ᠢ ᠪᠠᠷᠢᠮᠳᠠᠯᠠᠨ᠎ᠠ᠃ ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠤᠨ ᠬᠠᠮᠢᠶᠠᠷᠤᠯᠲᠠ | ᠦᠢᠯᠡᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ ᠴᠢᠳᠠᠬᠤ ᠪᠠᠷ ᠬᠠᠷᠠᠯᠲᠠ ᠪᠣᠯᠭᠠᠵᠤ᠂ 11 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠢ | ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠲᠣᠳᠣᠷᠬᠠᠶ ᠵᠢᠷᠤᠮᠵᠢᠭᠤᠯᠵᠤ᠂ ᠪᠣᠳᠠᠲᠠᠶ ᠠᠷᠭ᠎ᠠ ᠬᠡᠮᠵᠢᠶ᠎ᠡ | ᠳᠤᠷᠠᠳᠪᠠ᠃ ᠭᠤᠷᠪᠠ ᠳᠤ᠂ ᠦᠢᠯᠡᠴᠢᠯᠡᠭᠡ ᠶᠢ ᠰᠢᠯᠢᠳᠡᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠴᠢᠯᠠᠭᠤᠯᠢᠭ ᠤᠨ ᠴᠦᠮ᠎ᠡ ᠶᠢᠨ ᠲᠣᠭᠠᠴᠢᠯᠠᠭᠰᠠᠨ | ᠦᠢᠯᠡᠴᠢᠯᠡᠭᠡᠨ ᠤ ᠮᠡᠳᠡᠭᠡ ᠵᠠᠩᠭᠢᠵᠢᠯᠲᠠ ᠵᠡᠷᠭᠡ ᠰᠢᠨ᠎ᠡ ᠮᠡᠷᠭᠡᠵᠢᠯ᠂ ᠰᠢᠨ᠎ᠡ ᠣᠶᠢᠯᠠᠭᠠᠭᠳᠠᠬᠤᠨ ᠤ ᠬᠡᠷᠡᠭᠯᠡᠯᠲᠡ ᠶᠢ ᠭᠤᠣᠯᠳᠠᠯᠭ᠎ᠠ ᠲᠠᠢ ᠴᠢᠩᠭᠠᠳᠬᠠᠵᠤ᠂ | ᠦᠢᠯᠡᠴᠢᠯᠡᠭᠡᠨ ᠤ ᠦᠢᠯᠡᠳᠬᠦᠨ ᠢ ᠨᠠᠶᠢᠷᠠᠭᠤᠯᠤᠨ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠦᠷᠪᠡ ᠳᠤ᠂ ᠬᠡᠷᠡᠭᠵᠢᠭᠦᠯᠵᠦ ᠪᠣᠯᠬᠤᠶᠢᠴᠠ ᠵᠠᠷᠴᠢᠮ ᠢ ᠪᠠᠷᠢᠮᠳᠠᠯᠠᠨ᠎ᠠ᠃ ᠮᠦᠽᠧᠶ ᠳᠤ | ᠬᠠᠳᠠᠭᠠᠯᠠᠬᠤ ᠪᠠᠶᠢᠭᠤᠯᠤᠮᠵᠢ ᠪᠠ ᠬᠤᠷᠢᠶᠠᠩᠭᠤᠶᠢᠯᠠᠨ ᠲᠤᠰᠢᠶᠠᠬᠤ ᠳᠤ ᠲᠤᠯᠭᠠᠮ᠎ᠠ ᠱᠠᠭᠠᠷᠳᠠᠭᠳᠠᠵᠤ ᠪᠠᠶᠢᠭ᠎ᠠ ᠮᠡᠷᠭᠡᠵᠢᠯ ᠤᠨ ᠴᠢᠨᠠᠷᠲᠠᠶ ᠳᠠᠭᠠᠯᠳᠤᠭᠤᠯᠤᠯ | ᠮᠠᠲ᠋ᠧᠷᠢᠶᠠᠯ ᠢ ᠨᠡᠮᠡᠭᠳᠡᠭᠦᠯᠵᠦ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠠᠷᠭ᠎ᠠ︾ ᠶᠢ ᠠᠵᠢᠯ ᠲᠥᠷᠥᠯ ᠤᠨ ᠵᠢᠯᠣᠭᠤᠳᠬᠤ ᠴᠢᠨᠠᠷ ᠪᠠ | ᠬᠡᠷᠡᠭᠵᠢᠭᠦᠯᠦᠭᠦᠰᠢᠲᠡᠶ ᠴᠢᠨᠠᠷ ᠲᠠᠢ ᠪᠣᠯᠭᠠᠬᠤ ᠬᠡᠷᠡᠭᠲᠡᠶ᠃ | ᠭᠤᠷᠪᠠ᠂ ︽ᠠᠷᠭ᠎ᠠ︾ ᠨᠢ ᠰᠢᠭᠰᠢᠨ ᠰᠣᠩᠭᠤᠬᠤ ᠶᠠᠪᠤᠴᠠ ᠳᠤ ᠶᠠᠮᠠᠷ ᠶᠠᠮᠠᠷ ᠰᠢᠯᠢᠳᠡᠭᠵᠢᠭᠦᠯᠦᠯᠲᠡ ᠬᠢᠭᠰᠡᠨ ᠪᠣᠶ︖ | ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠤᠨ ᠭᠠᠷᠴᠠᠭ ᠤᠨ ᠨᠠᠷᠢᠨ ᠬᠠᠭᠤᠳᠠᠰᠤ ᠶᠢ ᠮᠡᠳᠡᠭᠦᠯᠦᠨ ᠬᠦᠷᠭᠡᠬᠦ᠂ Ⅰ ᠲᠥᠷᠥᠯ ᠪᠠ Ⅱ | ᠲᠥᠷᠥᠯ ᠤᠨ ᠪᠣᠳᠠᠲᠤ ᠪᠣᠳᠠᠰ ᠢ ᠰᠢᠭᠰᠢᠨ ᠰᠣᠩᠭᠤᠬᠤ ᠲᠥᠷᠥᠯ ᠵᠡᠷᠭᠡ ᠠᠵᠢᠯ ᠤᠨ ᠭᠤᠭᠴᠤᠭ᠎ᠠ ᠪᠠ ᠴᠤᠪᠤᠷᠠᠯ ᠢ ᠳᠥᠭᠦᠮᠴᠢᠯᠡᠪᠡ᠃ ᠤᠤᠯ ᠤᠨ ᠮᠤᠵᠢ ᠶᠢᠨ | ᠱᠠᠲᠤᠨ ᠤ ᠣᠷᠳᠣᠨ ᠬᠠᠳᠠᠭᠠᠯᠠᠬᠤ ᠪᠠᠶᠢᠭᠤᠯᠤᠮᠵᠢ ᠶᠢ ᠤᠷᠢᠳᠠᠪᠠᠷ Ⅰ ᠲᠥᠷᠥᠯ᠂ Ⅱ ᠲᠥᠷᠥᠯ ᠤᠨ ᠶᠡᠷᠦᠩᠬᠡᠶ ᠨᠠᠷᠢᠨ ᠬᠠᠭᠤᠳᠠᠰᠤ ᠶᠢ ᠰᠢᠭᠰᠢᠨ ᠭᠠᠷᠭᠠᠵᠤ᠂ | ᠳᠠᠬᠢᠨ ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠤᠨ ᠲᠥᠪ ᠲᠠᠢ ᠵᠥᠪᠳᠡᠯᠴᠡᠵᠦ Ⅰ ᠲᠥᠷᠥᠯ ᠤᠨ ᠨᠠᠷᠢᠨ ᠬᠠᠭᠤᠳᠠᠰᠤ ᠶᠢ ᠲᠣᠭᠲᠠᠭᠠᠪᠠ᠄ | ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠤᠨ ᠲᠥᠪ ᠤᠨ ᠮᠤᠵᠢ ᠶᠢᠨ ᠱᠠᠲᠤᠨ ᠤ ᠮᠦᠽᠧᠶ ᠬᠠᠳᠠᠭᠠᠯᠠᠬᠤ ᠪᠠᠶᠢᠭᠤᠯᠤᠮᠵᠢ ᠲᠠᠢ ᠵᠥᠪᠳᠡᠯᠴᠡᠵᠦ | Ⅰ ᠲᠥᠷᠥᠯ ᠤᠨ ᠨᠠᠷᠢᠨ ᠬᠠᠭᠤᠳᠠᠰᠤ ᠶᠢ ᠰᠣᠩᠭᠤᠨ ᠲᠣᠭᠲᠠᠭᠠᠵᠤ᠂ ᠮᠤᠵᠢ ᠶᠢᠨ ᠱᠠᠲᠤᠨ ᠤ ᠮᠦᠽᠧᠶ ᠶᠢᠨ ᠬᠠᠳᠠᠭᠠᠯᠠᠬᠤ ᠪᠠᠶᠢᠭᠤᠯᠤᠮᠵᠢ ᠨᠢ ᠡᠭᠦᠨ ᠤ | ᠰᠠᠭᠤᠷᠢᠨ ᠳᠡᠭᠡᠷ᠎ᠡ Ⅱ ᠲᠥᠷᠥᠯ ᠤᠨ ᠨᠠᠷᠢᠨ ᠬᠠᠭᠤᠳᠠᠰᠤ ᠶᠢ ᠰᠣᠩᠭᠤᠨ ᠲᠣᠭᠲᠠᠭᠠᠨ᠎ᠠ᠃ ᠡᠭᠦᠨ ᠤ ᠬᠠᠮᠲᠤ ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ | ᠮᠠᠲ᠋ᠧᠷᠢᠶᠠᠯ ᠢ ᠲᠠᠷᠬᠠᠭᠠᠵᠤ ᠵᠠᠮ ᠬᠠᠷᠢᠯᠴᠠᠭᠠᠨ ᠤ ᠮᠡᠳᠡᠭᠳᠡᠯ ᠤᠨ ᠪᠢᠴᠢᠭ ᠢ ᠲᠤᠰᠢᠶᠠᠬᠤ ᠴᠠᠭ ᠤᠨ ᠬᠢᠵᠠᠭᠠᠷ ᠢ 30 ᠠᠵᠢᠯᠯᠠᠬᠤ ᠡᠳᠦᠷ ᠪᠠᠶᠢᠭᠰᠠᠨ ᠠᠴᠠ ᠨᠢ | 25 ᠠᠵᠢᠯᠯᠠᠬᠤ ᠡᠳᠦᠷ ᠪᠣᠯᠭᠠᠨ ᠪᠠᠭᠠᠰᠬᠠᠪᠠ᠃ | ᠳᠥᠷᠪᠡ᠂ ︽ᠠᠷᠭ᠎ᠠ︾ ᠨᠢ ᠲᠣᠭᠠᠴᠢᠯᠠᠭᠰᠠᠨ ᠪᠠ ᠮᠡᠳᠡᠭᠡ ᠵᠠᠩᠭᠢᠵᠢᠯᠲᠠ ᠳᠤ ᠶᠠᠮᠠᠷ ᠶᠠᠮᠠᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠣᠶ︖ | ᠨᠢᠭᠡ ᠳᠤ᠂ ᠨᠣᠮ ᠤᠨ ᠰᠠᠩ ᠤᠨ ᠬᠠᠳᠠᠭᠠᠯᠠᠵᠤ ᠪᠠᠶᠢᠭ᠎ᠠ ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠢ ᠲᠣᠭᠠᠵᠢᠭᠤᠯᠬᠤ ᠠᠵᠢᠯ | ᠥᠷᠨᠢᠭᠦᠯᠬᠦ︾ ᠪᠠ ︽ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠤᠨ ᠬᠠᠮᠢᠶᠠᠷᠤᠯᠲᠠ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠢ | ᠪᠠᠶᠢᠭᠤᠯᠬᠤ ᠪᠠ ᠬᠠᠮᠠᠭᠠᠯᠠᠬᠤ ᠱᠠᠭᠠᠷᠳᠠᠯᠭ᠎ᠠ︔ ᠬᠤᠶᠠᠷ ᠲᠤ᠂ ᠭᠠᠵᠠᠷ ᠰᠢᠨᠵᠢᠯᠡᠭᠡᠨ ᠤ ᠮᠠᠲ᠋ᠧᠷᠢᠶᠠᠯ ᠢ ᠲᠣᠭᠠᠵᠢᠭᠤᠯᠬᠤ ᠠᠵᠢᠯ ᠤᠨ ᠱᠠᠭᠠᠷᠳᠠᠯᠭ᠎ᠠ ᠶᠢ | ᠰᠢᠨ᠎ᠡ ᠪᠠᠷ ᠨᠡᠮᠡᠭᠳᠡᠭᠦᠯᠵᠦ᠂ ᠬᠠᠳᠠᠭᠠᠯᠠᠵᠤ ᠪᠠᠶᠢᠭ᠎ᠠ ᠪᠠᠶᠢᠭᠤᠯᠤᠮᠵᠢ ᠪᠣᠯᠤᠨ ᠨᠠᠶᠢᠳᠠᠯᠭ᠎ᠠ ᠪᠠᠷ ᠪᠠᠶᠢᠭ᠎ᠠ ᠨᠢᠭᠡᠴᠢ ᠶᠢ ᠬᠥᠮᠥᠷᠭᠡ ᠳᠤ ᠣᠷᠣᠭᠤᠯᠬᠤ ᠠᠴᠠ ᠡᠮᠦᠨ᠎ᠡ | ᠰᠢᠨ᠎ᠡ ᠪᠠᠷ ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠢ ᠴᠤᠭᠯᠠᠭᠤᠯᠬᠤ ᠲᠣᠭᠠᠴᠢᠯᠠᠯᠲᠠ ᠶᠢ ᠪᠡᠶᠡᠯᠡᠭᠦᠯᠬᠦ ᠶᠢ ᠱᠠᠭᠠᠷᠳᠠᠬᠤ ᠶᠢᠨ ᠬᠠᠮᠲᠤ | ᠮᠦᠽᠧᠢ ᠳᠤ ᠬᠠᠳᠠᠭᠠᠯᠠᠵᠤ ᠪᠠᠶᠢᠭ᠎ᠠ ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠢ ᠲᠣᠭᠠᠴᠢᠯᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ︔ | ᠭᠤᠷᠪᠠ ᠳᠤ᠂ ᠪᠦᠬᠦ ᠤᠯᠤᠰ ᠤᠨ ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠤᠨ ᠭᠠᠷᠴᠠᠭ ᠤᠨ ᠳ᠋ᠠᠶᠢᠲ᠋ᠠ ᠬᠥᠮᠥᠷᠭᠡ᠂ ᠴᠢᠬᠤᠯᠠ ᠭᠠᠵᠠᠷ | ᠰᠢᠨᠵᠢᠯᠡᠭᠡᠨ ᠤ ᠥᠷᠥᠮᠳᠡᠬᠦ ᠳ᠋ᠠᠶᠢᠲ᠋ᠠ ᠬᠥᠮᠥᠷᠭᠡ᠂ ᠪᠦᠬᠦ ᠤᠯᠤᠰ ᠤᠨ Ⅰ ᠲᠦᠷᠦᠯ ᠪᠠ Ⅱ ᠲᠦᠷᠦᠯ ᠤᠨ ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ | ᠮᠠᠲ᠋ᠧᠷᠢᠶᠠᠯ ᠤᠨ ᠲᠣᠭᠠᠴᠢᠯᠠᠭᠰᠠᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠩᠭᠢᠯᠠᠭ᠎ᠠ ᠶᠢᠨ ᠴᠡᠭ ᠬᠤᠪᠢᠶᠠᠨ ᠪᠦᠳᠦᠭᠡᠨ ᠪᠠᠶᠢᠭᠤᠯᠬᠤ᠂ | ᠲᠤᠭ᠎ᠠ ᠪᠠᠷᠢᠮᠲᠠ ᠶᠢᠨ ᠬᠥᠮᠥᠷᠭᠡ ᠶᠢ ᠰᠢᠨᠡᠳᠬᠡᠨ ᠬᠠᠮᠠᠭᠠᠯᠠᠬᠤ ᠵᠡᠷᠭᠡ ᠳᠤ ᠱᠠᠭᠠᠷᠳᠠᠯᠭ᠎ᠠ ᠳᠤᠷᠠᠳᠪᠠ᠃ | ᠲᠠᠪᠤ᠂ ︽ᠠᠷᠭ᠎ᠠ︾ ᠨᠢ ᠮᠠᠲ᠋ᠧᠷᠢᠶᠠᠯ ᠤᠨ ᠦᠢᠯᠡᠴᠢᠯᠡᠭᠡ ᠳᠤ ᠶᠠᠮᠠᠷ ᠶᠠᠮᠠᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠣᠶ︖ | ᠨᠢᠭᠡ ᠳᠤ᠂ ᠨᠣᠮ ᠤᠨ ᠰᠠᠩ ᠬᠠᠳᠠᠭᠠᠯᠠᠬᠤ ᠪᠠᠶᠢᠭᠤᠯᠤᠮᠵᠢ ᠨᠢ ᠭᠠᠷᠴᠠᠭ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠵᠤ᠂ ᠪᠣᠳᠠᠲᠤ | ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠢ ᠲᠣᠭᠠᠴᠢᠯᠠᠬᠤ᠂ ᠮᠡᠳᠡᠭᠡ ᠵᠠᠩᠭᠢᠵᠢᠭᠤᠯᠬᠤ ᠳᠤ ᠲᠦᠰᠢᠭᠯᠡᠨ ᠨᠠᠩ ᠳᠥᠭᠦᠮ ᠳᠥᠲᠡ᠂ ᠥᠨᠳᠥᠷ | ᠪᠦᠲᠦᠮᠵᠢᠲᠡᠶ ᠦᠢᠯᠡᠴᠢᠯᠡᠭᠡ ᠬᠠᠩᠭᠠᠬᠤ ᠶᠢ ᠱᠠᠭᠠᠷᠳᠠᠪᠠ︔ ᠬᠤᠶᠠᠷ ᠲᠤ᠂ ᠬᠠᠳᠠᠭᠠᠯᠠᠬᠤ ᠪᠠᠶᠢᠭᠤᠯᠤᠮᠵᠢ ᠪᠠ ᠨᠠᠶᠢᠳᠠᠯᠭ᠎ᠠ ᠬᠦᠯᠢᠶᠡᠭᠰᠡᠨ ᠨᠢᠭᠡᠴᠢ ᠶᠢ | ᠲᠥᠪᠯᠡᠷᠡᠭᠦᠯᠦᠨ ᠰᠤᠳᠤᠯᠬᠤ ᠪᠠ ᠦᠢᠯᠡᠴᠢᠯᠡᠬᠦ ᠦᠢᠯᠡᠳᠬᠦᠨ ᠢ ᠨᠡᠭᠡᠭᠡᠨ ᠬᠥᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠬᠠᠮᠲᠤ ᠪᠠᠷ ᠡᠳ᠋ᠯᠡᠬᠦ | ᠬᠡᠷᠡᠭᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ︔ ᠭᠤᠷᠪᠠ ᠳᠤ᠂ ᠨᠣᠮ ᠤᠨ ᠰᠠᠩ ᠤᠨ ᠬᠠᠳᠠᠭᠠᠯᠠᠬᠤ ᠪᠠᠶᠢᠭᠤᠯᠤᠮᠵᠢ ᠪᠠ | ᠨᠠᠶᠢᠳᠠᠯᠭ᠎ᠠ ᠬᠦᠯᠢᠶᠡᠭᠰᠡᠨ ᠨᠢᠭᠡᠴᠢ ᠶᠢ ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠤᠨ ᠥᠯᠢᠭᠡᠷ ᠠᠪᠬᠤ ᠪᠠ ᠬᠡᠮᠵᠢᠨ ᠲᠤᠷᠰᠢᠵᠤ ᠵᠠᠳᠠᠯᠤᠯᠲᠠ | ᠬᠢᠭᠰᠡᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠯᠡᠳᠡᠭᠰᠡᠨ ᠥᠯᠢᠭᠡᠷ ᠡᠳ᠋ ᠵᠢᠴᠢ ᠪᠦᠷᠢᠨ ᠪᠦᠲᠦᠨ ᠬᠡᠮᠵᠢᠨ ᠲᠤᠷᠰᠢᠭᠰᠠᠨ ᠲᠤᠭ᠎ᠠ | ᠪᠠᠷᠢᠮᠲᠠ ᠶᠢ ᠡᠭᠡᠭᠦᠯᠦᠨ ᠬᠤᠷᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | ᠵᠢᠷᠭᠤᠭ᠎ᠠ᠂ ︽ᠠᠷᠭ᠎ᠠ︾ ᠳᠤ ᠶᠠᠮᠠᠷ ᠶᠠᠮᠠᠷ ᠮᠡᠷᠭᠡᠵᠢᠯ ᠤᠨ ᠴᠢᠨᠠᠷᠲᠠᠶ ᠳᠠᠭᠠᠯᠳᠤᠭᠤᠯᠤᠯ ᠰᠢᠨ᠎ᠡ ᠪᠠᠷ ᠨᠡᠮᠡᠭᠰᠡᠨ ᠪᠣᠶ︖ | ︽ᠠᠷᠭ᠎ᠠ︾ ᠳᠤ ᠨᠢᠭᠡᠨᠲᠡ ᠬᠡᠷᠡᠭᠯᠡᠭᠳᠡᠭᠰᠡᠨ ᠪᠠ ᠨᠡᠯᠢᠶᠡᠳ ᠪᠣᠯᠪᠠᠰᠤᠷᠠᠩᠭᠤᠶ ᠪᠣᠯᠤᠭᠰᠠᠨ ︽ᠴᠢᠯᠠᠭᠤᠯᠢᠭ ᠤᠨ ᠴᠦᠮ᠎ᠡ ᠶᠢᠨ ᠲᠤᠬᠠᠶ ᠶᠢᠨ ᠲᠠᠯᠠᠪᠤᠷ ᠤᠨ | ᠬᠠᠮᠢᠶᠠᠷᠤᠯᠲᠠ ᠶᠢᠨ ᠠᠵᠢᠯ ᠤᠨ ᠵᠦᠭᠯᠡᠭᠦᠷ︾᠂ ︽ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠢ ᠭᠥᠯᠢᠶᠡᠨ ᠠᠪᠴᠤ ᠰᠢᠯᠭᠠᠨ ᠠᠪᠬᠤ | ᠱᠠᠭᠠᠷᠳᠠᠯᠭ᠎ᠠ︾ ᠪᠠ ︽ᠪᠣᠳᠠᠲᠤ ᠪᠣᠳᠠᠰ ᠤᠨ ᠭᠠᠵᠠᠷ ᠰᠢᠨᠵᠢᠯᠡᠭᠡᠨ ᠤ ᠮᠠᠲ᠋ᠧᠷᠢᠶᠠᠯ ᠢ ᠨᠠᠶᠢᠳᠠᠵᠤ ᠬᠠᠳᠠᠭᠠᠯᠠᠵᠤ ᠬᠠᠮᠢᠶᠠᠷᠬᠤ ᠭᠠᠷᠴᠠᠭ ᠤᠨ ᠨᠠᠷᠢᠨ ᠬᠠᠭᠤᠳᠠᠰᠤ︾ | ᠵᠡᠷᠭᠡ 3 ᠳᠠᠭᠠᠯᠳᠤᠭᠤᠯᠤᠯ ᠢ ᠨᠡᠮᠡᠵᠦ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠬᠤᠶᠢᠰᠢᠳᠠ ᠬᠠᠮᠢᠶ᠎ᠠ ᠪᠥᠬᠦᠶ | ᠮᠡᠷᠭᠡᠵᠢᠯ ᠤᠨ ᠱᠠᠭᠠᠷᠳᠠᠯᠭ᠎ᠠ ᠶᠢ ᠠᠬᠢᠭᠤᠯᠵᠤ ᠠᠵᠢᠯ ᠲᠥᠷᠥᠯ ᠤᠨ ᠪᠠᠷᠢᠮᠵᠢᠶ᠎ᠠ ᠶᠢ ᠪᠦᠷᠢᠯᠳᠦᠭᠦᠯᠦᠨ᠎ᠡ᠃ | ᠳᠣᠯᠤᠭ᠎ᠠ᠂ ︽ᠠᠷᠭ᠎ᠠ︾ ᠶᠢ ᠨᠡᠶᠢᠲᠡᠯᠡᠭᠰᠡᠨ ᠤ ᠳᠠᠷᠠᠭ᠎ᠠ ᠶᠠᠮᠠᠷ ᠠᠵᠢᠯ ᠤᠨ ᠲᠥᠯᠥᠪᠯᠡᠭᠡ ᠲᠠᠢ ᠪᠤᠢ︖ | ᠬᠤᠯᠪᠣᠭᠳᠠᠯ ᠪᠦᠬᠦᠢ ᠨᠢᠭᠡᠴᠢ ᠶᠢ ᠵᠣᠬᠢᠶᠠᠨ ᠪᠠᠶᠢᠭᠤᠯᠤᠨ ᠣᠯᠠᠨ ᠠᠷᠭ᠎ᠠ ᠵᠠᠮ᠂ ᠣᠯᠠᠨ ᠠᠷᠭ᠎ᠠ ᠮᠠᠶ᠋ᠢᠭ ᠢᠶᠠᠷ ︽ᠠᠷᠭ᠎ᠠ︾ ᠶᠢ ᠤᠬᠠᠭᠤᠯᠤᠨ | ᠲᠤᠭᠤᠰᠢᠯᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠭᠠᠵᠠᠷ ᠰᠢᠨᠵᠢᠯᠡᠭᠡᠨ ᠤ ᠮᠠᠲ᠋ᠧᠷᠢᠶᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠦᠢᠯᠡᠴᠢᠯᠡᠭᠡᠨ ᠤ ᠰᠢᠰᠲ᠋ᠧᠮ ᠢ ᠴᠠᠭ ᠲᠤᠬᠠᠶ ᠳᠤᠨᠢ ᠲᠣᠬᠢᠷᠠᠭᠤᠯᠤᠨ ᠲᠡᠭᠦᠯᠳᠡᠷᠵᠢᠭᠦᠯᠵᠦ᠂ ᠡᠯ᠎ᠡ ᠮᠤᠵᠢ ︵ᠣᠷᠣᠨ᠂ ᠬᠤᠲᠠ︶ ᠶᠢᠨ ᠪᠠᠶᠢᠭᠠᠯᠢ ᠶᠢᠨ ᠡᠬᠢ | ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ︽ᠠᠷᠭ᠎ᠠ︾ ᠶᠢ ᠬᠡᠷᠡᠭᠵᠢᠭᠦᠯᠬᠦ ᠶᠢ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠨ᠎ᠠ᠃ | |